| 《 ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠨᠢᠭᠡ ᠲᠠᠯ᠎ᠠ ᠨᠢ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠠᠢ | ᠬᠤᠯᠪᠣᠯᠳᠤᠵᠤ ᠂ ᠨᠥᠭᠦᠭᠡ ᠲᠠᠯ᠎ᠠ ᠨᠢ ᠦᠨᠳᠦᠰᠦᠨ ᠱᠠᠲᠤᠨ ᠤ ᠠᠷᠠᠳ ᠤᠯᠠᠨ ᠲᠠᠢ ᠬᠤᠯᠪᠣᠯᠳᠤᠵᠤ ᠪᠠᠶᠢᠳᠠᠭ ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯ ᠶᠠᠭ ᠯᠠ ᠡᠨᠡ ᠬᠤᠶᠠᠷ ᠤᠨ ᠬᠤᠭᠤᠷᠣᠨᠳᠣᠬᠢ ︿ ᠰᠢᠭᠤᠳ ᠨᠡᠪᠲᠡᠷᠡᠬᠦ ᠲᠡᠷᠭᠡ ﹀ ᠪᠠ ︿ᠰᠡᠳᠬᠢᠯ ᠢᠶᠠᠨ ᠬᠤᠯᠪᠤᠬᠤ ᠬᠥᠭᠦᠷᠭᠡ ﹀ ᠰᠢᠭ | ᠪᠠᠶᠢᠳᠠᠭ ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠢ ᠮᠠᠰᠢ ᠢᠷᠠᠭᠤ ᠠᠯᠳᠠᠷ ᠲᠠᠢ ᠰᠠᠨᠠᠭᠳᠠᠵᠤ ᠪᠠᠶᠢᠬᠤ ᠪᠥᠭᠡᠳ | ᠬᠦᠨᠳᠦ ᠬᠠᠷᠢᠭᠤᠴᠠᠯᠭ᠎ᠠ ᠲᠠᠢ ᠪᠠᠶᠢᠭ᠎ᠠ ᠪᠠᠨ ᠭᠦᠨ ᠣᠢᠢᠯᠠᠭᠠᠵᠤ ᠪᠠᠶᠢᠨ᠎ᠠ᠂ ᠡᠬᠦᠨ ᠳᠤ ᠭᠠᠭᠴᠠ ᠬᠦ ᠰᠡᠳᠬᠢᠯ ᠰᠢᠭᠤᠳᠤᠨ ᠠᠵᠢᠯᠯᠠᠵᠤ ᠂ ᠠᠷᠠᠳ ᠤᠯᠠᠨ ᠤ | ᠰᠡᠳᠬᠢᠯ ᠤᠨ ᠦᠭᠡ ᠶᠢ ᠰᠣᠨᠣᠰᠪᠠᠯ ᠰᠠᠶ᠋ᠢ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠣᠢᠢᠯᠠᠭᠠᠵᠤ ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠴᠢᠳᠠᠨ᠎ᠠ》 ᠭᠡᠮᠡᠨ ᠤᠯᠤᠰ ᠲᠥᠷᠥ ᠶᠢᠨ ᠵᠥᠪᠯᠡᠯᠭᠡᠨ ᠤ | ᠵᠡᠭᠦᠨᠭᠠᠷ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠤᠨ ᠬᠤᠭᠤᠴᠠᠭᠠᠨ ᠳᠤ ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ | ᠳᠠᠷᠤᠭ᠎ᠠ ᠨᠢᠦ ᠬᠠᠶ ᠯᠢᠶᠠᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠬᠢᠵᠤ ᠶᠠᠷᠢᠨ᠎ᠠ᠃ | ᠥᠩᠭᠡᠷᠡᠭᠰᠡᠨ ᠨᠢᠭᠡ ᠵᠢᠯ ᠤᠨ ᠲᠤᠷᠰᠢ ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠤᠯᠳᠠᠭᠤ ᠪᠥᠬᠦ | ᠬᠤᠰᠢᠭᠤᠨ ᠤ ᠢᠳᠡᠭᠡᠨ᠂ ᠡᠮ ᠤᠨ ᠵᠦᠶᠯ᠂ ᠣᠨᠴᠠ ᠳᠤᠨᠤᠬᠯᠠᠯ ᠂ ᠠᠵᠤ ᠦᠶᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠦᠷᠢᠳᠬᠡᠨ ᠳᠠᠩᠰᠠᠯᠠᠬᠤ ᠪᠠ ᠠᠵᠤ ᠠᠬᠤᠢᠢᠯᠠᠯ ᠤᠨ | ᠢᠲᠡᠭᠡᠮᠵᠢ ᠶᠢᠨ ᠳᠤᠬᠳᠠᠯᠴᠠᠭ᠎ᠠ ᠶᠢᠨ ᠪᠠᠶᠢᠭᠤᠯᠤᠯᠲᠠ ᠪᠠᠶᠢᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠭᠵᠢᠯᠲᠡ ᠪᠠ ᠬᠠᠮᠠᠭᠠᠯᠠᠯᠲᠠ ᠂ | ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠂ ᠮᠡᠳᠡᠯᠭᠡ ᠶᠢᠨ ᠥᠮᠴᠢᠯᠡᠯ ᠤᠨ ᠡᠷᠬᠡ ᠪᠠ ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ | ᠳᠠᠸᠠᠷ ᠦᠶᠯᠡᠳᠦᠨ ᠪᠣᠷᠣᠯᠠᠭᠤᠯᠬᠤ ᠳᠤ ᠴᠣᠬᠢᠯᠲᠠ ᠥᠭᠬᠦ ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠵᠠᠬ᠎ᠠ ᠳᠡᠯᠭᠡᠭᠦᠷ ᠤᠨ ᠡᠮᠬᠢ | ᠳᠢᠭᠯᠢᠮ ᠤᠨ ᠬᠢᠨᠠᠯᠲᠠ ᠬᠠᠮᠢᠶᠠᠷᠤᠯᠲᠠ ᠵᠢᠴᠢ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠂ ᠪᠡᠷᠢᠮᠵᠢᠶᠡᠵᠢᠭᠤᠯᠬᠤ ᠬᠠᠮᠢᠶᠠᠷᠤᠯᠲᠠ ᠂ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠬᠠᠮᠢᠶᠠᠷᠤᠯᠲᠠ ᠂ ᠬᠡᠮᠵᠢᠯᠲᠡ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠮᠢᠶᠠᠷᠤᠯᠲᠠ ᠵᠡᠷᠭᠡ ᠡᠭᠦᠷᠭᠡ | ᠬᠠᠷᠢᠭᠤᠴᠠᠯᠭ᠎ᠠ ᠶᠢ ᠭᠦᠶᠴᠡᠳᠬᠡᠪᠡ ᠃ ᠣᠳᠣᠬᠠᠨ ᠳᠤ ᠂ ᠪᠥᠬᠦ ᠬᠤᠰᠢᠭᠤᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ | 36462 ᠪᠠᠶᠢᠵᠤ ᠂ ᠡᠭᠦᠨ ᠳᠤ ︽ ᠳᠥᠷᠪᠡᠨ ᠶᠡᠭᠡ ᠠᠮᠤᠷ ᠲᠦᠪᠰᠢᠨ ︾ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠭᠤᠤᠯ ᠴᠣᠭᠴᠠ ᠭᠡᠪᠡᠯ ᠄ | ᠢᠳᠡᠭᠡᠨ ᠦᠶᠯᠡᠳᠪᠦᠷᠢᠯᠡᠵᠦ ᠡᠵᠡᠩᠨᠡᠬᠦ ᠠᠵᠤ ᠠᠬᠤᠢᠢᠯᠠᠯ 6822᠂ ᠡᠮ ᠤᠨ ᠵᠦᠶᠯ ᠵᠢᠴᠢ ᠡᠮ ᠡᠮᠨᠡᠯᠭᠡ ᠶᠢᠨ ᠪᠠᠭᠠᠵᠢ ᠭᠡᠷᠡᠭᠰᠡᠯ ᠡᠵᠡᠩᠨᠡᠬᠦ ᠠᠵᠤ | ᠠᠬᠤᠢᠢᠯᠠᠯ 368᠂ ᠣᠨᠴᠠ ᠳᠤᠨᠤᠬᠯᠠᠯ ᠬᠡᠷᠡᠭᠯᠡᠬᠦ ᠵᠢᠴᠢ ᠰᠡᠯᠪᠢᠨ ᠵᠠᠰᠠᠵᠤ ᠦᠶᠯᠡᠳᠪᠦᠷᠢᠯᠡᠬᠦ ᠨᠢᠭᠡᠴᠢ 546᠂ ᠠᠵᠤ ᠦᠶᠯᠡᠳᠪᠦᠷᠢ ᠶᠢᠨ | ᠪᠦᠲᠦᠭᠡᠭᠳᠡᠬᠦᠨ ᠤ ᠦᠶᠯᠡᠳᠪᠦᠷᠢᠯᠡᠯ ᠤᠨ ᠦᠨᠡᠮᠯᠡᠯ ᠣᠯᠤᠭᠰᠠᠨ ᠠᠵᠤ ᠠᠬᠤᠢᠢᠯᠠᠯ 37 ᠪᠠᠶᠢᠨ᠎ᠠ ᠃ 2020 ᠣᠨ ᠳᠤ ᠡᠩ ᠤᠨ ᠵᠢᠷᠤᠮᠵᠢᠯ ᠤᠨ | ᠬᠡᠷᠡᠭ ᠢ ᠨᠡᠶᠢᠲᠡ 455 ᠰᠢᠶᠳᠪᠦᠷᠢᠯᠡᠵᠦ ᠂ ᠲᠣᠷᠭᠠᠵᠤ ᠬᠤᠷᠢᠶᠠᠨ ᠠᠪᠤᠭᠰᠠᠨ ᠵᠣᠭᠤᠰ ᠢ 213.1 ᠲᠦᠮᠡᠨ ᠲᠥᠭᠦᠷᠢᠭ ᠬᠥᠮᠥᠷᠭᠡᠯᠡᠪᠡ ᠃ | ᠣᠳᠣᠬᠠᠨ ᠳᠤ ᠂ ᠬᠤᠰᠢᠭᠤᠨ ᠤ ᠢᠳᠡᠭᠡᠨ ᠪᠠ ᠡᠮ ᠤᠨ ᠵᠦᠶᠯ ᠤᠨ ᠰᠢᠯᠭᠠᠨ ᠪᠠᠶᠢᠴᠠᠭᠠᠬᠤ ᠲᠥᠪ ᠲᠤ 60 ᠰᠠᠭᠤᠷᠢ ︵ ᠢᠵᠢ ︶ ᠰᠢᠯᠭᠠᠨ | ᠪᠠᠶᠢᠴᠠᠭᠠᠬᠤ ᠲᠥᠬᠦᠭᠡᠷᠦᠮᠵᠢ ᠲᠠᠢ ᠪᠠᠶᠢᠵᠤ ᠂ 90% ᠶᠢᠨ ᠲᠥᠬᠦᠭᠡᠷᠦᠮᠵᠢ ᠶᠢ 2009 ᠣᠨ ᠳᠤ ᠬᠤᠳᠠᠯᠳᠤᠨ ᠠᠪᠴᠤ ᠂ ᠵᠥᠪᠬᠡᠨ ᠢᠳᠡᠭᠡᠨ ᠤ | ᠵᠦᠶᠯ ᠤᠨ 33 ᠳᠦᠷᠤᠯ ᠤᠨ ᠪᠣᠯᠵᠣᠯᠲᠤ ᠲᠤᠭ᠎ᠠ ᠶᠢᠨ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠵᠦ ᠪᠤᠯᠤᠨ᠎ᠠ ᠃ ᠡᠭᠦᠨ ᠠᠴᠠ ᠭᠠᠳᠠᠨ᠎ᠠ ᠂ | ᠪᠠᠶᠢᠴᠠᠭᠠᠨ ᠰᠢᠯᠭᠠᠬᠤ ᠲᠥᠪ ᠲᠤ ᠣᠳᠣᠬᠠᠨ ᠳᠤ 6 ᠠᠵᠢᠯᠲᠠᠨ ᠪᠠᠶᠢᠵᠤ ᠂ ᠵᠥᠪᠬᠡᠨ 2 ᠬᠥᠮᠦᠨ ᠨᠢ ᠵᠢᠩᠬᠢᠨᠢ ᠺᠠᠳ᠋ᠷ ᠪᠠᠶᠢᠵᠤ ᠂ ᠲᠤᠰᠬᠠᠶ | ᠮᠡᠷᠭᠡᠵᠢᠯ ᠤᠨ ᠠᠵᠢᠯᠲᠠᠨ ᠬᠦᠨᠳᠦ ᠨᠣᠴᠢᠲᠠᠶ ᠳᠤᠲᠠᠭᠳᠠᠵᠤ ᠪᠠᠶᠢᠨ᠎ᠠ ᠃ ᠤᠳᠤᠬᠠᠨ ᠤ ᠡᠳᠡᠭᠡᠷ ᠪᠠᠶᠢᠳᠠᠯ ᠳᠤ ᠴᠢᠭᠯᠡᠭᠦᠯᠦᠨ ᠂ ᠨᠢᠦ ᠬᠠᠢ ᠯᠢᠶᠠᠩ ᠰᠠᠨᠠᠯ | ᠳᠤᠷᠠᠳᠤᠯᠭ᠎ᠠ ᠳᠤᠷᠠᠳᠴᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠪᠠ ᠃ | 《 ᠡᠨᠡ ᠵᠢᠯ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ ᠂ ᠰᠢᠯᠭᠠᠨ ᠪᠠᠶᠢᠴᠠᠭᠠᠵᠤ ᠪᠠᠶᠢᠴᠠᠭᠠᠨ ᠭᠡᠮᠵᠢᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ | ᠪᠠᠶᠢᠨ᠎ᠠ ᠂ ᠤᠯᠤᠰ ᠤᠨ ᠪᠠᠷᠢᠮᠵᠢᠶᠠᠳᠤ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢᠨ ᠵᠢᠷᠤᠮᠵᠢᠯ ᠶᠣᠰᠣᠭᠠᠷ ᠂ ᠲᠥᠯᠥᠪᠯᠡᠭᠡ ᠲᠠᠢ ᠪᠠᠷ | ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ ᠳᠣᠭᠢᠷᠠᠭᠤᠯᠵᠤ ᠂ ᠲᠤᠰᠬᠠᠶ ᠮᠡᠷᠭᠡᠵᠢᠯ ᠤᠨ ᠮᠡᠷᠭᠡᠵᠢᠯ ᠤᠨ ᠴᠢᠳᠠᠪᠤᠷᠢᠲᠠᠨ ᠢ ᠤᠷᠢᠨ | ᠬᠡᠷᠡᠭᠯᠡᠵᠦ ᠂ ᠲᠦᠷᠢᠮ ᠤᠨ ᠳᠤᠬᠳᠠᠯᠴᠠᠭ᠎ᠠ ᠶᠢ ᠲᠡᠭᠦᠯᠳᠡᠷᠵᠢᠭᠦᠯᠦᠨ ᠂ ᠢᠳᠡᠭᠡᠨ ᠤ ᠪᠠ ᠡᠮ ᠤᠨ ᠵᠦᠶᠯ ᠂ ᠦᠢᠯᠡᠳᠬᠦᠨ ᠤ ᠶᠠᠰᠤ ᠴᠢᠨᠠᠷ ᠤᠨ | ᠬᠡᠮᠵᠢᠯᠲᠡ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠳᠤ ᠭᠦᠶᠴᠡᠳ ᠪᠦᠲᠦᠮᠵᠢᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ ᠂ ᠮᠠᠨ ᠤ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠵᠡᠭᠦᠨᠭᠠᠷ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠤᠬᠢᠴᠠᠭᠤᠯᠤᠨ ᠨᠠᠩ ᠰᠠᠶᠢᠳᠤᠷ ᠬᠠᠩᠭᠠᠪᠠᠯ ᠵᠤᠬᠢᠨ᠎ᠠ ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠬᠢᠬᠦ ᠬᠠᠤᠯᠢ ᠬᠡᠷᠡᠭᠵᠢᠭᠦᠯᠦᠯᠳᠡ ᠶᠢ | ᠪᠠᠶᠢᠴᠠᠭᠠᠬᠤ ᠂ 〈ᠬᠤᠶᠠᠷ ᠲᠥᠯᠦᠭᠡᠯᠡᠭᠴᠢ ᠨᠢᠭᠡ ᠭᠡᠰᠢᠭᠦᠨ〉 ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠂ ᠠᠵᠢᠯ ᠲᠥᠷᠦᠯ ᠤᠨ ᠨᠡᠶᠢᠭᠡᠮᠯᠢᠭ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠨᠡᠶᠢᠭᠡᠮ ᠨᠡᠶᠢᠳᠡ ᠪᠠᠷ ᠢᠶᠠᠨ ᠣᠷᠣᠯᠴᠠᠬᠤ ᠶᠢ | ᠠᠬᠢᠭᠤᠯᠤᠨ ᠂ ᠬᠠᠮᠲᠤ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠪᠡᠯ ᠵᠤᠬᠢᠨ᠎ᠠ ᠃ ᠰᠢᠭᠦᠬᠦ ᠬᠤᠷᠢᠶ᠎ᠠ ᠂ ᠳᠣᠲᠣᠭᠠᠳᠤ ᠶᠢ ᠬᠠᠮᠠᠭᠠᠯᠠᠬᠤ ᠵᠡᠷᠭᠡ | ᠬᠠᠤᠯᠢ ᠴᠠᠭᠠᠵᠠ ᠶᠢᠨ ᠰᠠᠯᠠᠭ᠎ᠠ ᠮᠥᠴᠢᠷ ᠯᠦᠭᠡ ᠬᠠᠮᠳᠤᠷᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠦᠪᠯᠡᠯ ᠪᠠᠶᠢᠭᠤᠯᠬᠤ ᠶᠢ ᠢᠳᠡᠪᠬᠢᠲᠡᠶ ᠪᠠᠷ | ᠰᠦᠪᠡᠭᠴᠢᠯᠡᠵᠦ ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠬᠠᠨᠳᠤᠯᠭᠠᠲᠤ ᠴᠢᠨᠠᠷ ᠪᠠ ᠲᠤᠰᠬᠠᠶ ᠮᠡᠷᠭᠡᠵᠢᠯ ᠤᠨ ᠴᠢᠨᠠᠷ ᠢ | ᠳᠡᠭᠡᠭᠰᠢᠯᠡᠭᠦᠯᠦᠨ ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠡᠶᠢᠭᠡᠮ ᠤᠨ ᠬᠠᠮᠲᠤ ᠶᠢᠨ ᠵᠠᠰᠠᠯᠲᠠ ᠳᠤ ᠰᠠᠭᠤᠷᠢ ᠶᠢ ᠪᠠᠲᠤᠳᠬᠠᠵᠤ ᠂ | ᠨᠡᠷᠡᠳᠤ ᠲᠡᠮᠳᠡᠭ ᠢᠯᠡᠷᠭᠡᠢ ᠂ ᠴᠢᠨᠠᠷ ᠰᠠᠶᠢᠲᠠᠶ ᠂ ᠦᠨᠡᠨᠴᠢ ᠢᠲᠡᠭᠡᠮᠵᠢᠲᠡᠶ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠪᠠᠯ ᠵᠤᠬᠢᠨ᠎ᠠ︔ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠣᠷᠣᠨ ᠲᠤᠭ᠎ᠠ ᠶᠢ ᠵᠣᠬᠢᠰᠲᠠᠶ ᠨᠡᠮᠡᠭᠳᠡᠭᠦᠯᠵᠦ ᠂ ᠠᠯᠪᠠᠲᠠᠨ ᠤ ᠲᠤᠰᠢᠶᠠᠯ | ᠪᠣᠯᠤᠨ ᠲᠤᠰᠢᠶᠠᠯ ᠤᠨ ᠵᠡᠷᠭᠡ ᠳᠡᠰ ᠢ ᠵᠡᠷᠭᠡᠪᠡᠷ ᠬᠡᠷᠡᠭᠵᠢᠭᠦᠯᠬᠦ ᠂ ᠲᠤᠰᠬᠠᠢ ᠮᠡᠷᠭᠡᠵᠢᠯ ᠤᠨ ᠮᠡᠷᠭᠡᠵᠢᠯ ᠤᠨ ᠠᠵᠢᠯᠲᠠᠨ ᠢ ᠰᠢᠯᠭᠠᠷᠠᠭᠤᠯᠵᠤ ᠤᠷᠢᠨ ᠭᠡᠷᠡᠭᠯᠡᠬᠦ | ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠨᠢᠭᠡ ᠪᠦᠯᠦᠭ ᠰᠢᠨ᠎ᠡ ᠮᠡᠳᠡᠯᠭᠡ ᠲᠠᠢ ᠂ ᠲᠤᠰᠬᠠᠢ ᠮᠡᠷᠭᠡᠵᠢᠯ ᠢᠶᠠᠷ ᠴᠢᠩᠭ᠎ᠠ ᠂ ᠡᠷᠴᠢ ᠵᠣᠷᠢᠭ | ᠲᠡᠭᠦᠯᠳᠡᠷ ᠵᠠᠯᠠᠭᠤ ᠺᠠᠳ᠋ᠷ ᠢ ᠬᠢᠨᠠᠨ ᠬᠠᠮᠢᠶᠠᠷᠬᠤ ᠨᠢᠭᠡᠳᠦᠭᠡᠷ ᠹᠷᠣᠨᠲ ᠲᠤ ᠤᠷᠢᠨ ᠬᠡᠷᠡᠭᠯᠡᠬᠦ ᠶᠢ ᠲᠦᠷᠭᠡᠳᠬᠡᠵᠦ ᠂ ᠦᠨᠳᠦᠰᠦᠨ ᠱᠠᠲᠤᠨ ᠤ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠬᠠᠤᠯᠢ ᠬᠡᠷᠡᠭᠵᠢᠭᠦᠯᠬᠦ ᠡᠩᠨᠡᠭᠡ ᠶᠢ ᠪᠤᠵᠠᠭᠠᠢᠢᠷᠠᠭᠤᠯᠤᠨ ᠂ ᠲᠤᠬᠠᠢᠢᠯᠠᠭᠰᠠᠨ | ᠠᠵᠢᠯ ᠳᠠᠭᠠᠨ ᠴᠠᠭᠠᠷᠠᠭᠰᠠᠨ ᠂ ᠲᠤᠰᠬᠠᠢ ᠮᠡᠷᠭᠡᠵᠢᠯ ᠳᠡᠭᠡᠨ ᠲᠤᠬᠢᠷᠠᠭᠰᠠᠨ ᠂ ᠴᠢᠳᠠᠪᠤᠷᠢ ᠲᠠᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠪᠠᠶᠢᠨ᠎ᠠ ︾ ᠭᠡᠵᠦ ᠨᠢᠦ ᠬᠠᠢ ᠯᠢᠶᠠᠩ ᠶᠠᠷᠢᠨ᠎ᠠ᠃ |