— 2021 ᠣᠨ ᠤ 3 ᠰᠠᠷ᠎ᠠ ᠶᠢᠨ 9 ᠤ ᠡᠳᠦᠷ ᠵᠡᠭᠦᠨᠭᠠᠷ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷ᠎ᠠ | ᠬᠤᠰᠢᠭᠤᠨ ᠤ ᠤᠷᠤᠯᠠᠬᠴᠢ ᠳᠠᠷᠤᠭ᠎ᠠ ᠰᠤᠷᠭᠠᠯᠳᠤ | ᠲᠥᠯᠦᠭᠡᠯᠡᠭᠴᠢᠳ ᠡ ᠄ | ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ ᠂ ᠬᠢᠨᠠᠨ | ᠵᠥᠪᠯᠡᠬᠦ ᠪᠣᠯᠪᠠᠤ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ | ᠳᠤᠷᠠᠳᠬᠤ ᠪᠣᠯᠪᠠᠤ ᠃ | ᠨᠢᠭᠡ ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ | 2020 ᠣᠨ ᠪᠣᠯ ᠵᠡᠭᠦᠨᠭᠠᠷ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ᠂ ᠲᠦᠢᠯ ᠤᠨ ᠬᠢᠯᠪᠠᠷ ᠪᠤᠰᠤ ᠮᠦᠷᠳᠡᠭᠡᠨ | ᠲᠦᠢᠯ ᠤᠨ ᠶᠡᠭᠡ ᠥᠷᠢᠰᠥᠯᠳᠦᠭᠡᠨ ᠲᠠᠢ ᠨᠢᠭᠡ ᠵᠢᠯ ᠪᠣᠯᠤᠨ᠎ᠠ᠂ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠪᠣᠯᠤᠨ ᠣᠯᠠᠨ | ᠳᠠᠪᠬᠤᠷ ᠵᠥᠷᠢᠴᠡᠯ᠂ ᠠᠰᠠᠭᠤᠳᠠᠯ ᠰᠣᠯᠪᠢᠴᠠᠭᠰᠠᠨ ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ ᠂ ᠢᠯᠠᠩᠭᠤᠶ᠎ᠠ ᠰᠢᠨ᠎ᠡ ᠳᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠳᠤ ᠪᠢᠳᠡ ᠲᠥᠪ ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ | ᠤᠨ ᠬᠤᠷᠢᠶ᠎ᠠ ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠣᠤᠷ᠎ᠠ ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ | ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ ᠂ ︽ ᠵᠢᠷᠭᠤᠭ᠎ᠠ ᠶᠢ ᠲᠣᠭᠲᠠᠪᠤᠷᠢᠵᠢᠭᠤᠯᠬᠤ ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠬᠰᠠᠨ ᠢᠶᠠᠷ᠂ ᠪᠥᠬᠦ ᠬᠤᠰᠢᠭᠤᠨ ᠤ ᠠᠵᠤ ᠠᠬᠤᠶ ᠰᠡᠷᠬᠦᠨ ᠰᠠᠶᠢᠵᠢᠷᠠᠵᠤ ᠂ ᠨᠡᠶᠢᠭᠡᠮ ᠤᠨ ᠶᠡᠭᠡ ᠲᠠᠯ᠎ᠠ | ᠡᠶ᠎ᠡ ᠵᠣᠬᠢᠴᠠᠯ ᠲᠠᠢ ᠲᠣᠭᠲᠠᠭᠤᠨ ᠪᠤᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 751.9 ᠳ᠋ᠦᠩᠰᠢᠭᠤᠷ ᠲᠥᠭᠦᠷᠢᠭ ᠪᠡᠶᠡᠯᠡᠭᠦᠯᠵᠦ | ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠤᠯᠭ᠎ᠠ ᠶᠢ 82.7ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠲᠣᠭᠲᠠᠮᠠᠯ ᠬᠥᠷᠦᠩᠭᠡ ᠶᠢᠨ ᠪᠡᠯᠡ | ᠣᠷᠣᠭᠤᠯᠤᠯᠲᠠ 4.2% ᠢᠶᠠᠷ ᠨᠡᠮᠡᠭᠳᠡᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠤᠯᠭ᠎ᠠ ᠲᠤᠰ ᠲᠤᠰ | 0.5% ᠪᠠ 5.7% ᠪᠠᠷ ᠨᠡᠮᠡᠭᠳᠡᠪᠡ ᠃ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠣᠯᠠᠨ ᠤ ᠰᠡᠳᠬᠢᠯ ᠢ ᠨᠢᠭᠡᠳᠬᠡᠨ ᠬᠦᠴᠦ ᠪᠠᠨ ᠬᠠᠮᠲᠤᠳᠬᠠᠬᠤ ᠳᠤᠮᠳᠠ ᠠᠮᠵᠢᠯᠳᠠ | ᠤᠯᠪᠠ ᠃ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ ᠂ ᠬᠠᠮᠤᠭ ᠤᠨ | ᠳᠦᠷᠦᠬᠦᠨ ᠳᠤ 422 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠂ 1.4 ᠲᠦᠮᠡᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠵᠣᠬᠢᠶᠠᠨ ᠪᠠᠶᠢᠭᠤᠯᠤᠨ ᠳᠠᠶᠢᠴᠢᠯᠠᠵᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠡᠵᠡᠮᠳᠡᠬᠦ ᠳᠤᠬᠳᠠᠯᠴᠠᠭ᠎ᠠ ᠶᠢ ᠪᠠᠶᠢᠭᠤᠯᠵᠤ ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ | ᠶᠢᠨ ᠲᠡᠶᠢᠨ ᠢ ᠰᠠᠶᠢᠲᠤᠷ ᠬᠢᠪᠠ᠃ 《ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠭᠡᠶᠢᠯᠡᠬᠦ ᠂ ᠨᠠᠷᠢᠯᠢᠭ ᠣᠨᠣᠴᠠᠲᠠᠶ ᠪᠠᠷ ᠤᠷᠢᠳᠴᠢᠯᠠᠨ | ᠰᠡᠷᠡᠮᠵᠢᠯᠡᠭᠦᠯᠬᠦ》 ᠠᠷᠭ᠎ᠠ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ 3 ᠪᠦᠯᠦᠭ ᠤᠳᠠᠭ᠎ᠠ ᠶᠢᠨ 17 ᠡᠮᠨᠡᠯᠭᠡ ᠶᠢᠨ ᠠᠵᠢᠯᠳᠠᠨ ᠤᠷᠢᠳ ᠬᠤᠵᠢᠳ | ᠬᠤᠪᠧᠶ ᠮᠤᠵᠢ ᠶᠢ ᠲᠤᠰᠠᠯᠠᠵᠤ ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠂ ᠵᠠᠬ᠎ᠠ ᠳᠡᠯᠭᠡᠭᠦᠷ ᠢᠶᠠᠨ ᠰᠡᠷᠭᠦᠭᠡᠵᠦ ᠰᠤᠷᠤᠯᠭ᠎ᠠ ᠪᠠᠨ | ᠰᠡᠷᠭᠦᠭᠡᠬᠦ ᠪᠠ ᠭᠤᠣᠯᠳᠠᠯᠭ᠎ᠠ ᠲᠠᠢ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠠᠵᠢᠯ ᠢ ᠡᠮᠬᠢ ᠳᠢᠭᠯᠢᠮ ᠲᠠᠢ ᠪᠠᠷ ᠥᠷᠨᠢᠭᠦᠯᠵᠦ ᠂ ᠰᠡᠵᠢᠭᠯᠡᠯᠲᠡᠶ ᠪᠠ | ᠣᠨᠣᠰᠢᠯᠠᠭᠰᠠᠨ ᠡᠪᠡᠳᠴᠢᠨ ᠤ ᠵᠢᠱᠢᠶ᠎ᠡ ᠢᠮᠠᠭᠲᠠ ᠪᠠᠶᠢᠬᠤ ᠦᠭᠡᠢ ᠪᠠᠶᠢᠳᠠᠯ ᠲᠠᠢ ᠪᠠᠶᠢᠯᠭᠠᠪᠠ ᠃ | (ᠬᠤᠶᠠᠷ)ᠠᠵᠤ ᠠᠬᠤᠶ ᠶᠢᠨ ᠡᠷᠬᠢᠯᠳᠡ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠳᠤᠮᠳᠠ ᠲᠣᠭᠲᠠᠭᠤᠨ ᠢᠶᠠᠷ ᠳᠡᠭᠡᠭᠰᠢᠯᠡᠪᠡ ᠃ ᠳᠡᠭᠡᠳᠦ | ᠱᠠᠲᠤᠨ ᠤ ᠠᠵᠤ ᠠᠬᠤᠢᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠰᠢᠨ᠎ᠡ ᠪᠠᠷ 10 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠷᠡᠬᠦᠯᠵᠤ ᠰᠦᠢᠳᠬᠡᠯ ᠢ ᠪᠠᠭᠤᠷᠠᠭᠤᠯᠵᠦ ᠂ 4 | ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠰᠤᠶᠢᠳᠭᠡᠯ ᠢ ᠬᠠᠰᠤᠵᠤ ᠬᠡᠯᠲᠦᠷᠢᠭᠦᠯᠦᠨ᠂ ᠠᠵᠤ ᠠᠬᠤᠢᠢᠯᠠᠯ ᠤᠨ ᠴᠠᠬᠢᠯᠭᠠᠨ ᠬᠡᠷᠡᠭᠯᠡᠬᠦ | ᠥᠪᠡᠷ ᠤᠨ ᠦᠷᠳᠡᠭ ᠢ 2.34 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠲᠥᠪᠯᠡᠷᠡᠭᠦᠯᠦᠨ ᠬᠢᠨᠠᠨ ᠵᠥᠪᠰᠢᠶᠡᠷᠡᠬᠦ ᠂ ᠳᠤᠲᠠᠭᠤ ᠶᠢ ᠪᠠᠭᠲᠠᠭᠠᠵᠤ ᠬᠢᠨᠠᠨ | ᠵᠥᠪᠰᠢᠶᠡᠷᠡᠬᠦ ᠵᠡᠷᠭᠡ ᠬᠠᠮᠵᠢᠯᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 35 ᠭᠤᠤᠯᠳᠠᠯᠭ᠎ᠠ ᠲᠠᠢ ᠲᠥᠷᠥᠯ | ᠵᠦᠶᠯ ᠢ ᠡᠬᠢᠯᠡᠭᠦᠯᠦᠨ ᠰᠡᠷᠭᠦᠭᠡᠵᠦ ᠂ 115.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ ᠃ ᠭᠤᠤᠯᠳᠠᠯᠭ᠎ᠠ ᠲᠠᠢ ᠠᠵᠤ | ᠠᠬᠤᠢᠢᠯᠠᠯ ᠤᠨ ᠪᠠᠯᠠ ᠴᠤᠬᠯᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠵᠦᠶᠯ ᠤᠨ ᠬᠥᠮᠥᠷᠭᠡ ᠶᠢ ᠪᠠᠶᠢᠭᠤᠯᠵᠤ ᠂ ᠪᠠᠯᠠ ᠴᠤᠬᠯᠠᠭᠤᠯᠬᠤ ᠬᠤᠪᠢ | ᠶᠢᠨ ᠬᠡᠷᠡᠭ ᠮᠡᠳᠡᠭᠴᠢᠳ ᠤᠨ ᠬᠤᠷᠠᠯ ᠢ 29 ᠲᠠᠯᠠᠪᠤᠷ ᠤᠳᠠᠭ᠎ᠠ ᠥᠷᠨᠢᠭᠦᠯᠵᠦ ᠂ 15.8 ᠳ᠋ᠦᠩᠰᠢᠭᠤᠷ ᠲᠥᠭᠦᠷᠢᠭ ᠤᠨ ᠪᠠᠯᠠ ᠴᠤᠬᠯᠠᠭᠤᠯᠬᠤ ᠶᠠᠪᠤᠳᠠᠯ ᠢ | ᠠᠬᠢᠭᠤᠯᠤᠨ ᠂ ᠳᠤᠮᠳᠠ ᠪᠠᠭ᠎ᠠ ᠠᠵᠤ ᠠᠬᠤᠶᠢᠯᠠᠯ ᠤᠨ ᠪᠠᠯᠠ ᠴᠤᠬᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠂ ᠴᠠᠯᠢᠩ ᠢ | ᠪᠠᠲᠤᠯᠠᠵᠤ ᠂ ᠡᠷᠬᠢᠯᠳᠡ ᠶᠢ ᠪᠠᠲᠤᠯᠠᠵᠤ ᠂ ᠭᠤᠷᠪᠠᠨ ᠵᠦᠢᠯ ᠤᠨ ᠠᠯᠪᠠᠨ ᠤ ᠵᠠᠷᠤᠳᠠᠯ ᠤᠨ ᠵᠠᠷᠤᠯᠭ᠎ᠠ ᠶᠢ 4.2% ᠢᠶᠠᠷ ᠪᠠᠭᠠᠰᠬᠠᠪᠠ ᠃ | ︵ᠭᠤᠷᠪᠠ︶ ᠠᠵᠤ ᠦᠶᠯᠡᠰ ᠤᠨ ᠬᠥᠭᠵᠢᠯᠲᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠳᠤᠮᠳᠠ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ | ᠨᠡᠮᠡᠭᠳᠡᠭᠦᠯᠪᠠ ᠃ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠠᠮᠤᠷ ᠲᠦᠪᠰᠢᠨ ᠪᠥᠭᠡᠳ ᠲᠣᠭᠲᠠᠭᠤᠨ ᠪᠠᠶᠢᠵᠤ ᠂ ᠪᠦᠬᠦ ᠵᠢᠯ ᠳᠤ 2.6 ᠳ᠋ᠦᠩᠰᠢᠭᠤᠷ ᠲᠣᠨ | ᠨᠡᠭᠦᠷᠡᠰᠦ ᠪᠣᠷᠣᠯᠠᠭᠤᠯᠵᠤ ᠂ 3150 ᠲᠦᠮᠡᠨ ᠲᠣᠨ ᠨᠡᠬᠦᠷᠡᠰᠤ ᠶᠢ ᠲᠤᠬᠠᠶ ᠶᠢᠨ ᠭᠠᠵᠠᠷ ᠲᠤᠨᠢ ᠬᠤᠪᠢᠷᠠᠭᠤᠯᠤᠨ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠶᠢᠨ ᠦᠢᠯᠡᠳᠬᠦᠨ ᠤ ᠦᠷᠳᠡᠭ 10.3% ᠪᠠᠷ ᠨᠡᠮᠡᠭᠳᠡᠪᠡ ᠃ ᠢᠦᠶ ᠬᠤᠸᠠ ᠶᠢᠨ 4 ᠲᠦᠮᠡᠨ ᠲᠣᠨ ᠤ ᠨᠡᠶᠢᠯᠡᠮᠡᠯ ᠮᠦᠸᠧ ᠯᠠᠢ ᠱᠢ ᠪᠢᠴᠢᠯ ᠲᠠᠯᠠᠰᠲᠤ | ᠪᠥᠮᠪᠦᠭᠡ ᠂ ᡁᠢ ᠰᠢᠨ ᠤ 30 ᠲᠦᠮᠡᠨ ᠲᠣᠨ ᠤ ᠪᠢᠳᠡᠬᠦᠦ ᠨᠠᠭᠠᠯᠳᠠ ᠵᠡᠷᠭᠡ 10 ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ ᠂ ᠬᠤᠢ ᠨᠧᠩ ᠴᠠᠩ ᠲᠠᠨ ᠤ ᠴᠠᠬᠢᠯᠭᠠᠨ ᠦᠢᠯᠡᠳᠪᠦᠷᠢ ᠶᠢᠨ ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ ᠂ ᠴᠠᠬᠢᠯᠭᠠᠨ ᠬᠦᠴᠤᠨ᠂ | ᠸᠠᠭᠠᠷ ᠱᠠᠭᠠᠵᠠᠩ᠂ ᠲᠣᠨᠣᠭᠯᠠᠯ ᠦᠢᠯᠡᠳᠬᠦ ᠵᠡᠷᠭᠡ ᠨᠡᠭᠦᠷᠡᠰᠦᠨ ᠤ ᠪᠤᠰᠤ ᠠᠵᠤ ᠦᠢᠯᠡᠰ ᠤᠨ ᠤᠶᠢᠯᠡᠳᠬᠦᠨ ᠤ ᠶᠡᠷᠦᠩᠭᠡᠢ ᠦᠷᠳᠡᠭ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ 27.1% ᠶᠢ ᠡᠵᠡᠯᠡᠪᠡ ᠃ ᠵᠡᠭᠦᠨᠭᠠᠷ ᠠᠵᠤ ᠠᠬᠤᠢ ᠶᠢᠨ ᠨᠡᠭᠡᠭᠡᠯᠳᠠ | ᠶᠢᠨ ᠤᠷᠦᠠ ᠤᠯᠤᠰ ᠤᠨ ᠳᠡᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠥᠪᠰᠢᠶᠡᠷᠡᠯ ᠢ ᠤᠯᠪᠠ ᠃ ᠲᠠᠷᠢᠶᠠᠯᠠᠩ | ᠮᠠᠯ ᠠᠵᠤ ᠠᠬᠤᠶ ᠶᠢᠨ ᠦᠶᠯᠡᠳᠪᠦᠷᠢᠯᠡᠯ ᠲᠣᠭᠲᠠᠭᠤᠨ ᠤ ᠳᠤᠮᠳᠠ ᠤᠷᠤᠭᠰᠢᠯᠠᠵᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 12.6 ᠳ᠋ᠦᠩᠰᠢᠭᠤᠷ | ᠲᠥᠭᠦᠷᠢᠭ ᠲᠤ ᠬᠦᠷᠴᠦ ᠂ 2.8% ᠪᠠᠷ ᠨᠡᠮᠡᠭᠳᠡᠪᠡ ᠃ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ | ᠰᠠᠶᠢᠨ ᠪᠠᠶᠢᠵᠤ᠂ ᠪᠠᠷᠠᠭᠠᠨ ᠤ ᠭᠦᠶᠯᠭᠡᠭᠡ ᠲᠡᠭᠡᠭᠡᠪᠦᠷᠢ ᠂ ᠮᠥᠩᠭᠦᠨ ᠭᠦᠶᠯᠭᠡᠭᠡ ᠠᠷᠠᠯᠵᠢᠶ᠎ᠠ ᠬᠤᠳᠠᠯᠳᠤᠭ᠎ᠠ ᠂ ᠰᠣᠶᠣᠯ ᠵᠤᠭᠠᠴᠠᠯ ᠵᠡᠷᠭᠡ ᠭᠤᠷᠪᠠᠳᠤᠭᠠᠷ ᠠᠵᠤ | ᠦᠢᠯᠡᠰ 242.6 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ ᠂ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ | ᠦᠶᠯᠡᠰ ᠤᠨ ᠡᠵᠡᠩᠨᠡᠯᠲᠡ ᠶᠢᠨ ᠣᠷᠤᠯᠭ᠎ᠠ 46 ᠳ᠋ᠦᠩᠰᠢᠭᠤᠷ ᠲᠥᠭᠦᠷᠢᠭ ᠢ ᠳᠠᠪᠠᠪᠠ ᠃ | (ᠲᠦᠷᠪᠡ)ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠪᠦᠬᠦ ᠬᠦᠴᠦᠨ ᠢᠶᠠᠷ ᠢᠶᠠᠨ ᠰᠢᠪᠳᠤᠯᠬᠤ ᠶᠠᠪᠤᠴᠠ ᠳᠤ ᠰᠢᠢᠳᠪᠤᠷᠢᠯᠡᠭᠴᠢ | ᠴᠢᠨᠠᠷ ᠲᠠᠢ ᠠᠮᠵᠢᠯᠲᠠ ᠤᠯᠪᠠ ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ | ᠪᠡᠶᠡᠯᠡᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ︽ ᠭᠤᠷᠪᠠᠨ ᠡᠬᠡ ᠲᠠᠩᠰᠠ︾ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠶᠢ | ᠲᠡᠳᠬᠦᠬᠦ ᠡᠳ᠋ ᠬᠥᠷᠥᠩᠭᠡ ᠶᠢ ᠨᠡᠶᠢᠲᠡ 3.59 ᠳ᠋ᠦᠩᠰᠢᠭᠤᠷ ᠲᠥᠭᠦᠷᠢᠭ ᠪᠣᠶ ᠪᠣᠯᠭᠠᠪᠠ ᠃ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ | ᠠᠷᠢᠯᠭᠠᠵᠤ ᠂ ᠣᠷᠤᠨ ᠨᠤᠲᠤᠭ ᠤᠨ ᠵᠠᠰᠠᠭ ᠤᠨ ᠣᠷᠳᠤᠨ ᠤ 5.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠨᠡᠮᠡᠭᠳᠡᠭᠦᠯᠵᠤ ᠂ | ᠬᠢᠵᠢᠭ ᠲᠠᠢ ᠳᠡᠮᠡᠴᠡᠬᠦ ᠤᠯᠤᠰ ᠤᠨ ᠣᠨᠴᠠ ᠠᠯᠪᠠᠨ ᠵᠢᠭᠡᠯᠡᠯᠭᠡ ᠶᠢ 2 ᠳ᠋ᠦᠩᠰᠢᠭᠤᠷ ᠲᠥᠭᠦᠷᠢᠭ ᠴᠢᠷᠮᠠᠶᠢᠨ ᠣᠯᠵᠤ ᠂ ᠭᠤᠷᠪᠠᠨ ᠵᠢᠯ ᠳᠠᠷᠠᠭᠠᠯᠠᠨ ᠵᠠᠰᠠᠭ ᠤᠨ | ᠣᠷᠳᠣᠨ ᠤ ᠲᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠳᠤ | ᠥᠷᠢᠲᠦᠭᠰᠡᠨ ᠦᠷᠢ ᠦᠭᠴᠡᠭᠡ᠂ ᠳᠤᠮᠳᠠ ᠪᠠᠭ᠎ᠠ ᠠᠵᠤ ᠠᠬᠤᠶᠢᠯᠠᠯ ᠳᠤ ᠦᠷᠢᠳᠦᠭᠰᠡᠨ ᠵᠥᠷᠢᠯᠳᠦᠭᠡᠨ ᠦᠬᠡᠢ ᠲᠠᠩᠰᠠᠨ ᠤ ᠵᠣᠭᠤᠰ ᠢ ᠪᠦᠬᠦᠨ ᠢ ᠳᠦᠯᠦᠵᠤ | ᠳᠠᠭᠤᠰᠬᠠᠪᠠ ᠃ ᠬᠥᠬᠡᠮᠳᠦᠭ ᠲᠩᠷᠢ ᠂ ᠴᠡᠩᠭᠡᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠂ ︽ ᠲᠠᠷᠠᠬᠠᠢ | ᠪᠤᠲᠠᠷᠬᠠᠢ ᠳᠤᠷᠠᠪᠠᠷ ᠪᠣᠬᠢᠷᠲᠤᠯ ᠲᠠᠢ ︾ ᠠᠵᠤ ᠠᠬᠤᠢᠢᠯᠠᠯ ᠢ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠠᠭᠠᠷ ᠰᠠᠶᠢᠵᠢᠷᠠᠬᠰᠠᠨ ᠨᠤᠷᠮ᠎ᠠ | 90.4% ᠳᠤ ᠬᠦᠷᠪᠡ ︔ ᠯᠦᠩ ᠸᠠᠩ ᠭᠸᠤ ᠶᠢᠨ ᠤᠰᠤᠨ ᠤ ᠣᠷᠴᠢᠨ ᠲᠣᠭᠤᠷᠢᠨ ᠢ ᠵᠠᠰᠠᠬᠤ ᠪᠠᠷᠢᠯᠭ᠎ᠠ ᠶᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ ᠂ ᠤᠯᠤᠰ ᠠᠴᠠ ᠡᠵᠡᠮᠳᠡᠬᠦ 5 ᠣᠭᠲᠣᠯᠤᠭᠠᠰᠤ ᠶᠢᠨ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ | ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠪᠡ ︔ ᠠᠵᠤ ᠠᠬᠤᠢᠢᠯᠠᠯ ᠤᠨ ᠬᠡᠷᠡᠭᠯᠡᠬᠦ ᠭᠠᠵᠠᠷ ᠰᠢᠷᠣᠶ ᠶᠢᠨ ᠪᠣᠬᠢᠷᠲᠤᠯ ᠤᠨ ᠪᠠᠶᠢᠳᠠᠯ ᠢ ᠨᠠᠷᠢᠨ | ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ | ᠲᠣᠭᠲᠠᠭᠤᠨ ᠪᠠᠶᠢᠯᠭᠠᠪᠠ︔ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠱᠠᠳᠤᠴᠢ ᠴᠢᠨᠠᠷᠲᠠᠶ ᠬᠠᠷᠠᠯᠲᠠ ᠡᠭᠦᠷᠭᠡ ᠪᠠᠨ | ᠤᠷᠤᠭᠰᠢᠲᠠᠶ ᠪᠡᠶᠡᠯᠡᠭᠦᠯᠪᠡ ᠃ | ︵ᠲᠠᠪᠤ︶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠣᠭᠤᠮᠢ ᠶᠢᠨ ᠠᠰᠠᠭᠤᠳᠠᠯ ᠢ ᠰᠢᠢᠳᠪᠤᠷᠢᠯᠡᠬᠦ ᠳᠤᠮᠳᠠ ᠲᠠᠰᠤᠷᠠᠯᠲᠠ ᠥᠬᠡᠶ ᠪᠠᠳᠠᠷᠠᠭᠤᠯᠪᠠ ᠃ ︽ | ᠳᠠᠯᠪᠢᠬᠤ ᠬᠠᠮᠢᠶᠠᠷᠬᠤ ᠦᠶᠯᠡᠴᠢᠯᠡᠬᠦ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ | ᠤᠨ ᠬᠤᠯᠪᠤᠭᠠᠳᠤ ᠬᠤᠷᠠᠯ ᠤᠨ ᠲᠦᠷᠢᠮ ᠢ ᠳᠤᠬᠳᠠᠭᠠᠨ ᠂ ︽ ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ ︾᠂ ︽ ᠤᠷᠢᠳᠠᠪᠠᠷ ᠭᠡᠷᠡᠴᠢ | ᠣᠯᠭᠤᠵᠤ ᠳᠠᠷᠠᠭ᠎ᠠ ᠨᠢ ᠦᠨᠡᠮᠯᠡᠯ ᠣᠯᠭᠤᠬᠤ ︾᠂ ︽ ᠪᠥᠬᠦ ᠶᠠᠪᠤᠴᠠ ᠶᠢ ᠡᠯᠧᠺᠲᠷᠤᠨᠴᠢᠯᠠᠬᠤ ︾ ᠠᠬᠢᠴᠠ ᠶᠢ ᠲᠠᠰᠤᠷᠠᠯᠲᠠ ᠥᠬᠡᠶ ᠠᠬᠢᠭᠤᠯᠵᠤ ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 99.8% ᠳᠤ ᠬᠦᠷᠭᠡᠵᠤ ᠂ | 590 ᠵᠦᠶᠯ ᠳᠤ ︽ᠨᠢᠭᠡ ᠯᠡ ᠤᠳᠠᠭ᠎ᠠ ᠳᠡᠭᠡᠷ᠎ᠡ ᠭᠦᠶᠴᠡᠳᠬᠡᠬᠦ ︾ ᠶᠢ ᠪᠡᠶᠡᠯᠡᠭᠦᠯᠵᠦ ᠂ ᠠᠵᠤ ᠠᠬᠤᠢᠢᠯᠠᠯ ᠡᠷᠭᠢᠯᠡᠬᠦ ᠴᠠᠭ ᠢ 1 ᠠᠵᠢᠯᠯᠠᠬᠤ ᠡᠳᠦᠷ | ᠪᠣᠯᠭᠠᠨ ᠪᠣᠭᠤᠨᠢᠰᠬᠠᠵᠤ ᠂ ᠪᠥᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ 5284 ᠨᠡᠮᠡᠭᠳᠡᠭᠦᠯᠪᠡ ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠯᠠ ᠮᠥᠩᠭᠦ ᠶᠢ 8671 ᠲᠦᠮᠡᠨ ᠲᠥᠭᠦᠷᠢᠭ ᠣᠷᠣᠭᠤᠯᠵᠤ ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢᠳᠤ ᠠᠵᠤ ᠠᠬᠤᠢᠢᠯᠠᠯ | ᠢ 6᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠢᠢᠯᠠᠯ ᠤᠨ ᠰᠤᠳᠤᠯᠤᠨ ᠨᠡᠭᠡᠭᠡᠬᠦ ᠲᠥᠪ ᠢ 2 ᠰᠢᠨ᠎ᠠ ᠪᠠᠷ ᠨᠡᠮᠡᠭᠳᠡᠬᠦᠯᠤᠨ ᠂ 7 ᠠᠵᠤ | ᠠᠬᠤᠢᠢᠯᠠᠯ ᠤᠯᠤᠰ ᠤᠨ ᠳᠡᠭᠡᠳᠦ ᠰᠢᠨ᠎ᠠ ᠮᠡᠷᠭᠡᠵᠢᠯ ᠤᠨ ᠠᠵᠤ ᠠᠬᠤᠢᠢᠯᠠᠯ ᠤᠨ ᠮᠠᠭᠠᠳᠯᠠᠨ ᠲᠣᠭᠲᠠᠭᠠᠯᠲᠠ ᠪᠠᠷ ᠳᠡᠮᠵᠢᠵᠤ ᠂ 127 ᠵᠦᠶᠯ ᠤᠨ ᠲᠤᠰᠬᠠᠶ | ᠠᠰᠢᠭ ᠤᠨ ᠡᠷᠬᠡ ᠶᠢ ᠰᠢᠨ᠎ᠡ ᠪᠠᠷ ᠣᠯᠭᠤᠪᠠ ᠃ ᠮᠠ ᠳ᠋ᠢ ᠯᠢᠶᠠᠩ ᠤᠨ ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | 5G+ ᠣᠶᠤᠨᠴᠢ ᠮᠠᠯᠲᠠᠯᠲᠠ ᠶᠢ ᠪᠡᠶᠡᠯᠡᠭᠦᠯᠦᠭᠰᠡᠨ ᠨᠡᠭᠦᠷᠡᠰᠦᠨ ᠠᠭᠤᠷᠬᠠᠢ ᠪᠤᠯᠵᠤ ᠂ ᠵᠢᠤ ᠲᠠᠢ ᠡᠨᠧᠷᠭᠢ ᠶᠢᠨ ᠰᠤᠷᠪᠤᠯᠵᠢ ᠶᠢᠨ ᠪᠦᠯᠦᠭᠯᠡᠯ ᠨᠢ ᠴᠢᠩᠬᠤᠸᠠ | ᠶᠡᠭᠡ ᠰᠤᠷᠭᠠᠭᠤᠯᠢ ᠲᠠᠢ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ ᠂ ᠠᠵᠤ ᠠᠬᠤᠢᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠳᠦᠪ ᠤᠨ ᠲᠦᠷᠦᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ ᠃ | (ᠵᠢᠷᠭᠤᠭ᠎ᠠ) ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠴᠡᠭ ᠢᠶᠠᠷ ᠨᠡᠶᠢᠳᠡᠮ ᠢ ᠠᠬᠢᠭᠤᠯᠬᠤ ᠳᠤᠮᠳᠠ ᠡᠮᠬᠢ ᠳᠢᠭᠯᠢᠮ ᠲᠠᠢ ᠪᠠᠷ | ᠠᠬᠢᠪᠠ ᠃ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠥᠭᠵᠢᠯᠲᠡ ᠶᠢ ᠶᠡᠬᠡᠪᠡᠷ ᠠᠬᠢᠭᠤᠯᠵᠤ ᠂ 3 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠂ 1 ᠲᠦᠮᠡᠨ ᠮᠥ ᠬᠤᠵᠢᠷᠯᠢᠬ ᠭᠠᠵᠠᠷ ᠢ ᠥᠭᠡᠷᠡᠴᠢᠯᠡᠨ ᠂ ᠠᠮᠤ ᠪᠤᠳᠠᠭᠠᠨ ᠤ ᠤᠨᠠᠯᠲᠠ ᠶᠢ 4.5 ᠳ᠋ᠦᠩᠰᠢᠭᠤᠷ | ᠵᠢᠩ ᠳᠤ ᠬᠦᠷᠭᠡᠵᠦ ᠂ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ ᠃ ᠳᠠᠪᠠᠭᠤᠯᠢᠭ ᠤᠨᠴᠠᠯᠢᠭᠳᠤ ᠠᠵᠤ ᠦᠶᠯᠡᠰ ᠢ ᠶᠡᠬᠡᠪᠡᠷ ᠬᠥᠭᠵᠢᠭᠦᠯᠵᠦ ᠂ ᠵᠡᠭᠦᠨᠭᠠᠷ | ᠬᠤᠰᠢᠭᠤᠨ ᠤ ᠰᠡᠷᠭᠡ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠪᠠ ᠡᠯᠳᠡᠪ ᠠᠮᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠢ | ᠪᠠᠶᠢᠭᠤᠯᠤᠨ ᠪᠦᠲᠦᠭᠡᠵᠦ ᠂ ᠮᠧᠩ ᠲᠧ ᠬᠠᠶ ᠬᠤᠩ ᠬᠦᠸᠧ ᠵᠢᠮᠢᠰ ᠤᠨ ᠠᠷᠢᠬᠢᠨ ᠤ ᠰᠢᠷᠢᠰ ᠦᠶᠯᠡᠳᠬᠦᠨ ᠨᠢ ᠤᠯᠤᠰ ᠤᠨ ᠣᠷᠭᠠᠨᠢᠭ | ᠪᠦᠳᠤᠭᠡᠭᠳᠡᠬᠦᠨ ᠤ ᠭᠡᠷᠡᠴᠢᠯᠡᠯᠳᠡ ᠶᠢ ᠤᠯᠵᠤ ᠂ ᠭᠤᠤ ᠶᠤᠸᠠᠨ ᠭᠦᠢᠯᠡᠰᠦᠨ ᠴᠥᠮ᠎ᠡ ᠶᠢᠨ ᠤᠮᠳᠠᠭᠠᠨ ᠤ ᠺᠣᠮᠫᠠᠨᠢ ᠨᠢ ᠲᠠᠷᠢᠶᠠᠯᠠᠩ ᠤᠨ ᠠᠵᠤ | ᠦᠢᠢᠯᠡᠰᠵᠢᠯᠳᠡ ᠶᠢᠨ ᠤᠯᠤᠰ ᠤᠨ ᠭᠤᠤᠯᠳᠠᠯᠭ᠎ᠠ ᠲᠠᠢ ᠳᠠᠭᠠᠭᠤᠯᠤᠬᠴᠢ ᠠᠵᠤ ᠠᠬᠤᠢᠢᠯᠠᠯ ᠪᠠᠷ ᠰᠣᠩᠭᠤᠭᠳᠠᠪᠠ ᠃ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ ᠶᠢ ᠶᠡᠬᠡᠪᠡᠷ ᠪᠤᠶᠢᠵᠢᠭᠤᠯᠵᠤ ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠢᠯᠡᠰᠵᠢᠯᠲᠡ ᠶᠢᠨ ᠠᠰᠢᠭ | ᠲᠤᠰᠠ ᠶᠢᠨ ᠬᠤᠯᠪᠣᠯᠳᠤᠯ ᠤᠨ ᠨᠣᠷᠮ᠎ᠠ ᠶᠢ 65% ᠠᠴᠠ ᠳᠡᠭᠡᠭᠰᠢ ᠬᠦᠷᠭᠡᠪᠡ᠃ ᠳᠤᠮᠳᠠᠳᠤ ᠤᠯᠤᠰ ᠤᠨ ᠵᠦᠩ ᠬᠤᠸᠠ ᠪᠦᠯᠦᠭᠯᠡᠯ ᠢ ᠣᠷᠣᠭᠤᠯᠤᠨ | ᠠᠪᠴᠢᠷᠠᠵᠤ ᠂ ᠪᠦᠬᠦ ᠶᠠᠪᠤᠴᠠ ᠳᠤ ᠳᠤᠰᠬᠠᠶᠢᠵᠢᠭᠤᠯᠤᠨ ᠨᠠᠶᠢᠳᠠᠨ ᠬᠠᠮᠢᠶᠠᠷᠤᠭᠤᠯᠵᠤ ᠵᠦᠢ ᠵᠣᠬᠢᠰᠲᠠᠢ ᠬᠡᠪᠴᠢᠶᠡᠲᠦ ᠡᠵᠡᠩᠨᠡᠯᠳᠡ ᠶᠢ ᠠᠬᠢᠭᠤᠯᠵᠤ ᠂ ᠤᠬᠢ | ᠰᠠᠶᠢᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠤᠯᠪᠠ ᠃ ᠬᠥᠳᠡᠭᠡ ᠲᠣᠰᠬᠤᠨ ᠤ ᠬᠦᠮᠤᠨ ᠠᠷᠠᠳ ᠤᠨ ᠣᠷᠣᠰᠢᠨ | ᠠᠮᠢᠳᠤᠷᠠᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ ᠂ ᠱᠠᠬᠳᠠᠷ ᠪᠠᠯᠭᠠᠰᠤ ᠂ ᠱᠢ ᠡᠯ ᠯᠢᠶᠠᠨ ᠴᠧᠩ ᠰᠢᠶᠠᠩ ᠂ ᠰᠢᠩ ᠱᠧᠩ ᠳ᠋ᠢᠶᠠᠨ | ᠲᠣᠰᠬᠤᠨ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠠᠷ ᠦᠨᠡᠯᠡᠭᠳᠡᠪᠡ ᠃ | ︵ᠳᠣᠯᠤᠭ᠎ᠠ︶ ᠬᠤᠲᠠ ᠪᠠᠯᠭᠠᠰᠤ ᠶᠢᠨ ᠳᠦᠷᠬᠦ ᠪᠠᠶᠢᠳᠠᠯ ᠢ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠳᠤᠮᠳᠠ ᠲᠠᠰᠤᠷᠠᠯᠲᠠ | ᠥᠬᠡᠶ ᠰᠠᠶᠢᠵᠢᠷᠠᠭᠤᠯᠪᠠ ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠤᠸᠠᠢ ᠵᠢᠶᠠ ᠸᠠᠨ | ᠤ ᠬᠤᠶᠢᠲᠤ ᠠᠭᠤᠯᠠ ᠶᠢᠨ ᠬᠤᠶᠢᠲᠤ ᠬᠡᠰᠡᠭ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠶᠢ ᠡᠬᠢᠯᠡᠭᠦᠯᠵᠦ ᠂ ᠰᠢᠤᠸᠠᠢ ᠵᠢᠶᠠ ᠸᠠᠨ ᠠᠴᠠ ᠳ᠋ᠠ ᠯᠤ᠋ ᠬᠦᠷᠬᠦ | ᠲᠦᠷᠭᠡᠨ ᠨᠡᠪᠲᠡᠷᠡᠬᠦ ᠵᠠᠮ ᠢ ᠦᠷᠭᠡᠳᠭᠡᠨ ᠥᠭᠡᠷᠡᠴᠢᠯᠡᠬᠦ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠦᠬᠦᠨ ᠢ ᠳᠠᠭᠤᠰᠬᠠᠵᠤ ᠂ ᠳᠡᠭᠡᠳᠦ | ᠱᠠᠲᠤᠨ ᠠᠴᠠ ᠪᠠᠭᠤᠯᠭᠠᠭᠰᠠᠨ ᠬᠠᠭᠤᠴᠢᠨ ᠬᠤᠳᠠ ᠶᠢᠨ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠵᠦ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠂ ᠬᠤᠲᠠ ᠶᠢᠨ ᠶᠠᠪᠤᠳᠠᠯ ᠤᠨ ᠵᠠᠮ ᠤᠨ ᠬᠤᠭᠤᠯᠠᠶ ᠲᠣᠤᠷ ᠢ ᠥᠭᠡᠷᠡᠴᠢᠯᠡᠬᠦ | ᠪᠠ ᠪᠠᠶᠢᠭᠠᠯᠢ ᠶᠢᠨ ᠰᠢᠲᠠᠮᠠᠬᠠᠶ ᠬᠡᠶ ᠶᠢ ᠡᠷᠦᠬᠡ ᠳᠤ ᠣᠷᠣᠭᠤᠯᠬᠤ ᠪᠠᠷᠢᠯᠭ᠎ᠠ ᠶᠢ ᠡᠮᠬᠢ ᠳᠢᠭᠯᠢᠮ ᠲᠠᠢ ᠪᠠᠷ ᠠᠬᠢᠭᠤᠯᠵᠤ ᠂ ᠨᠣᠭᠤᠭᠠᠷᠠᠭᠤᠯᠤᠭᠰᠠᠨ | ᠭᠠᠵᠠᠷ ᠤᠨ ᠲᠠᠯᠠᠪᠠᠶ ᠶᠢ 27.7 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ ᠃ ᠤᠶᠤᠨᠴᠢ ᠵᠡᠭᠦᠨᠭᠠᠷ ᠤᠨ ᠪᠠᠶᠢᠭᠤᠯᠤᠯᠲᠠ ᠶᠢ | ᠲᠣᠭᠲᠠᠭᠤᠨ ᠢᠶᠠᠷ ᠠᠬᠢᠭᠤᠯᠵᠤ ᠂ ᠬᠤᠲᠠ ᠶᠢᠨ ᠣᠯᠠᠨ ᠨᠡᠶᠢᠲᠡ ᠶᠢᠨ ᠦᠶᠯᠡᠴᠢᠯᠡᠭᠡ ᠪᠠ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠪᠠᠷ ᠵᠠᠯᠭᠠᠭ᠎ᠠ ᠪᠠᠷ ᠦᠨᠡᠯᠡᠭᠳᠡᠵᠡᠢ ᠃ ᠰᠠᠭᠤᠷᠢ ᠲᠥᠬᠦᠭᠡᠷᠦᠮᠵᠢ ᠶᠢᠨ | ᠳᠤᠤᠷᠵᠢᠯᠳᠠ ᠶᠢᠨ ᠳᠤᠬᠳᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠳ᠋ᠠ ᠯᠤ᠋ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ᠂ ᠴᠢᠩ | ᠴᠦᠨ ᠲᠠ ᠨᠡᠭᠦᠷᠡᠰᠦᠨ ᠠᠭᠤᠷᠬᠠᠶ ᠶᠢᠨ ᠳᠡᠮᠤᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ ᠂ ᠵᠡᠭᠦᠨᠭᠠᠷ | ᠠᠴᠠ ᠱᠦᠸᠧᠵᠸᠤ ᠬᠦᠷᠬᠦ ᠴᠠᠬᠢᠯᠭᠠᠨᠵᠢᠭᠤᠯᠤᠭᠰᠠᠨ ᠳᠡᠮᠤᠷ ᠵᠠᠮ ᠤᠨ 110 ᠺᠢᠯᠤᠸᠤᠯᠲ ᠤᠨ ᠴᠠᠬᠢᠯᠭᠠᠨ ᠬᠠᠩᠭᠠᠬᠤ ᠪᠠᠷᠢᠯᠭ᠎ᠠ ᠶᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠵᠤ ᠂ ᠮᠧᠩ ᠰᠢ ᠠᠴᠠ ᠱᠠᠨ ᠰᠢ ᠶᠢᠨ ᠳᠤᠮᠳᠠ ᠬᠡᠰᠡᠭ ᠬᠦᠷᠬᠦ ᠣᠨᠴᠠ ᠥᠨᠳᠥᠷ ᠬᠦᠴᠤᠳᠡᠯᠳᠤ ᠴᠠᠬᠢᠯᠭᠠᠨ ᠱᠤᠭᠤᠮ ᠤᠨ | ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠵᠡᠭᠦᠨᠭᠠᠷ ᠤᠨ ᠬᠡᠰᠡᠭ ᠤᠨᠠᠵᠢᠯ ᠢ ᠤᠷᠤᠭᠰᠢᠲᠠᠶ ᠳᠠᠭᠤᠰᠬᠠᠪᠠ ᠃ | ︵ᠨᠠᠶᠮᠠ︶ ᠣᠷᠴᠢᠨ ᠲᠣᠭᠤᠷᠢᠨ ᠤ ᠶᠠᠰᠤ ᠴᠢᠨᠠᠷ ᠢ ᠦᠨᠳᠤᠰᠤᠨ ᠠᠴᠠ ᠨᠢ ᠪᠠ ᠦᠩᠭᠡᠨ ᠳᠠᠯ᠎ᠠ ᠶᠢ ᠬᠠᠮᠲᠤᠳᠠ ᠵᠠᠰᠠᠬᠤ ᠳᠤᠮᠳᠠ ᠲᠠᠰᠤᠷᠠᠯᠲᠠ ᠥᠬᠡᠶ | ᠳᠡᠭᠡᠭᠰᠢᠯᠡᠭᠦᠯᠪᠠ᠃ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ | ᠲᠥᠯᠥᠪᠯᠡᠨ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠵᠦ ᠂ ᠬᠠᠲᠤᠨ ᠭᠤᠤᠯ ᠤᠨ ᠪᠠᠷᠠᠭᠤᠨ ᠡᠷᠭᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠵᠠᠰᠠᠯᠲᠠ ᠶᠢᠨ ᠲᠥᠷᠥᠯ ᠵᠦᠶᠯ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ ᠂ 7.6 | ᠲᠦᠮᠡᠨ ᠮᠥ ᠣᠶ ᠰᠢᠭᠤᠶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠂ 22.2 ᠲᠦᠮᠡᠨ ᠮᠥ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠳᠠ᠂ 3 | ᠲᠦᠮᠡᠨ ᠮᠥ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠪᠡ ᠃ ᠪᠠᠷᠠᠭᠤᠨ ᠬᠠᠳᠠᠢ ᠲᠣᠰᠬᠤᠨ ᠨᠢ ᠤᠯᠤᠰ ᠤᠨ ᠤᠢ | ᠰᠢᠭᠤᠢ ᠶᠢᠨ ᠳᠤᠰᠬᠤᠨ ᠢᠶᠠᠷ ᠦᠨᠡᠯᠡᠭᠳᠡᠪᠡ ᠃ ᠭᠤᠣᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠰᠠᠪᠠ | ᠭᠠᠵᠠᠷ ᠤᠨ ᠣᠷᠴᠢᠨ ᠠᠬᠤᠶ ᠶᠢ ᠢᠯᠡᠳᠲᠡ ᠰᠠᠶᠢᠵᠢᠷᠠᠭᠤᠯᠪᠠ ᠃ ᠠᠭᠤᠷᠬᠠᠶ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠢ ᠵᠠᠰᠠᠬᠤ ᠶᠢ | ᠴᠢᠩᠭᠠᠳᠬᠠᠵᠤ ᠂ ᠠᠭᠤᠷᠬᠠᠶ ᠶᠢᠨ ᠤᠷᠤᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠦᠩᠬᠦ ᠠᠴᠠ 29.3 | ᠳ᠋ᠦᠩᠰᠢᠭᠤᠷ ᠲᠥᠭᠦᠷᠢᠭ ᠪᠤᠳᠤᠵᠤ ᠭᠠᠷᠭᠠᠨ ᠠᠪᠴᠤ ᠂ 1.7 ᠲᠦᠮᠡᠨ ᠮᠥ ᠠᠭᠤᠷᠬᠠᠶ ᠶᠢᠨ ᠣᠷᠣᠨ ᠢ ᠰᠡᠷᠭᠦᠭᠡᠨ ᠬᠠᠭᠠᠯᠪᠤᠷᠢᠯᠠᠵᠤ | ᠨᠣᠭᠤᠭᠠᠷᠠᠭᠤᠯᠬᠤ ᠶᠢ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠲᠠᠰ ᠤᠨ 24 ᠪᠣᠬᠢᠷᠲᠤᠯ ᠥᠬᠡᠶ ᠠᠭᠤᠷᠬᠠᠶ ᠶᠢ ᠪᠠᠶᠢᠭᠤᠯᠵᠤ ᠳᠠᠭᠤᠰᠬᠠᠪᠠ ᠃ | | (ᠶᠢᠰᠦ)ᠠᠷᠠᠳ ᠲᠦᠮᠡᠨ ᠤ ᠪᠤᠶᠠᠨ ᠵᠢᠷᠭᠠᠯ ᠢ ᠨᠡᠶᠢᠳᠡᠮ ᠬᠠᠷᠠᠭᠠᠯᠵᠠᠯ ᠦᠵᠡᠭᠦᠯᠵᠦ ᠬᠠᠮᠲᠤ ᠪᠠᠷ ᠡᠳ᠋ᠯᠡᠬᠦ ᠳᠤᠮᠳᠠ ᠦᠷᠭᠦᠯᠵᠢᠯᠡᠨ ᠨᠡᠮᠡᠭᠳᠡᠭᠦᠯᠪᠡ ᠃ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ ᠂ 384 ᠪᠠᠭᠰᠢ ᠂ 260 ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠠᠪᠴᠢᠷᠠᠵᠤ ᠂ ᠬᠤᠲᠠ ᠪᠠᠯᠭᠠᠰᠤᠨ ᠤ 4002 ᠬᠥᠮᠦᠨ ᠳᠤ ᠰᠢᠨ᠎ᠡ ᠪᠠᠷ | ᠠᠵᠢᠯ ᠤᠯᠭᠤᠨ ᠂ 5165 ᠲᠦᠮᠡᠨ ᠲᠥᠭᠦᠷᠢᠭ ᠤᠨ ᠦᠶᠯᠡᠰ ᠪᠦᠳᠤᠭᠡᠬᠦ ᠳᠠᠭᠠᠭᠠᠯᠳᠠᠳᠤ ᠵᠢᠭᠡᠯᠡᠯᠭᠡ ᠲᠠᠯᠪᠢᠵᠤ ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠬᠰᠠᠳ ᠤᠨ ᠨᠣᠷᠮ᠎ᠠ ᠶᠢ 2.4% ᠳᠤᠳᠤᠷ᠎ᠠ ᠬᠢᠵᠠᠭᠠᠷᠯᠠᠪᠠ ᠃ ᠡᠯ᠎ᠡ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ | ᠪᠡᠯᠡ ᠮᠥᠩᠭᠦ ᠶᠢ 1.1 ᠳ᠋ᠦᠩᠰᠢᠭᠤᠷ ᠲᠥᠭᠦᠷᠢᠭ ᠲᠠᠷᠬᠠᠭᠠᠵᠤ ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ | ᠲᠤᠰ 17% ᠪᠠ 8.9% ᠪᠠᠷ ᠳᠡᠭᠡᠭᠰᠢᠯᠡᠭᠦᠯᠪᠡ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢᠳ ᠪᠢᠯᠧᠲ ᠦᠭᠴᠤ | ᠪᠠᠳᠤᠯᠠᠬᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ ᠂ ᠤᠯᠠᠭᠠᠨ ᠬᠥᠭᠦᠷᠭᠡ ᠶᠢᠨ ᠲᠥᠷᠥᠯ ᠵᠦᠶᠯ ᠢ ᠪᠥᠬᠦ ᠲᠠᠯ᠎ᠠ ᠪᠠᠷ ᠡᠬᠢᠯᠡᠭᠦᠯᠦᠨ ᠂ ᠵᠡᠬᠦᠠᠭᠠᠷ ᠤᠨ ᠭᠤᠷᠪᠠᠳᠤᠭᠠᠷ ᠳᠤᠮᠳᠠᠳᠤ | ᠰᠤᠷᠭᠠᠭᠤᠯᠢ ᠶᠢᠨ ᠭᠠᠵᠠᠷ ᠳᠣᠤᠷᠠᠬᠢ ᠨᠡᠪᠲᠡᠷᠡᠬᠦ ᠵᠠᠮ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ ᠂ ᠠᠵᠢᠯᠲᠠᠨ ᠠᠵᠢᠯᠴᠢᠨ ᠤ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭᠠᠨ ᠤ ᠲᠥᠪ ᠢ ᠠᠰᠢᠭᠯᠠᠯᠲᠠ ᠳᠤ ᠣᠷᠣᠭᠤᠯᠤᠨ ᠂ 12769 ᠢᠵᠢ ᠬᠡᠷ ᠪᠠᠶᠢᠰᠢᠩ ᠳᠤ ᠦᠯᠦ ᠬᠥᠳᠡᠯᠬᠦ | ᠬᠥᠷᠦᠩᠭᠡ ᠶᠢᠨ ᠳᠡᠩᠰᠡᠯᠡᠯᠲᠡ ᠬᠢᠵᠦ ᠂ 40 ᠰᠠᠤᠷᠢ ᠴᠡᠪᠡᠷ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ | ᠣᠷᠣᠭᠤᠯᠪᠠ ᠃ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠂ ᠰᠣᠶᠣᠯ ᠵᠡᠷᠭᠡ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠬᠢᠷᠢ ᠲᠦᠪᠰᠢᠨ | ᠲᠠᠰᠤᠷᠠᠯᠲᠠ ᠥᠬᠡᠶ ᠳᠡᠭᠡᠭᠰᠢᠯᠡᠵᠦ ᠂ ᠰᠢᠤᠸᠠᠢ ᠵᠢᠶᠠ ᠸᠠᠨ ᠤ ᠨᠢᠭᠡᠳᠤᠭᠡᠷ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳ᠋ᠠ ᠯᠤ᠋ ᠳᠠᠬᠢ | ᠲᠤᠷᠰᠢᠯᠲᠠ ᠶᠢᠨ ᠰᠤᠷᠭᠠᠭᠤᠯᠢ ᠂ ᠬᠡᠦᠬᠡᠳ ᠤᠨ ᠴᠡᠴᠡᠷᠯᠢᠭ ᠫᠠᠶᠢᠰᠠ ᠡᠯᠭᠦᠨ ᠪᠠᠶᠢᠭᠤᠯᠤᠭᠳᠠᠵᠤ ᠂ ︽ᠬᠤᠤᠰ ᠬᠡᠯᠡᠨ ᠤ ᠰᠤᠷᠭᠠᠨ ᠬᠥᠮᠦᠵᠢᠯ ᠤᠨ | ᠥᠭᠡᠷᠡᠴᠢᠯᠡᠯᠲᠡ︾ ᠶᠢ ᠤᠷᠤᠭᠰᠢᠲᠠᠶ ᠶᠠᠪᠤᠭᠳᠠᠭᠤᠯᠪᠠ ︔ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠂ ᠠᠷᠠᠳ ᠤᠨ ᠡᠮᠨᠡᠯᠭᠡ ᠶᠢᠨ ᠬᠤᠷᠢᠶ᠎ᠠ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢ ᠳᠠᠭᠤᠰᠬᠠᠵᠤ ᠂ P C R ᠴᠢᠩᠬᠡᠯᠢᠭᠳᠦ ᠲᠤᠷᠰᠢᠯᠲᠠ ᠶᠢᠨ ᠲᠠᠰᠤᠭ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠠ 4 ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠳᠤ ᠴᠦᠮ ᠪᠦᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠳᠦᠬᠦᠯᠪᠡ᠃ ᠮᠠᠩᠬᠠᠨ ᠠᠶᠠᠯᠭᠤ ᠶᠢᠨ ᠣᠲᠣ | ᠦᠶ᠎ᠡ ᠶᠢᠨ ᠵᠦᠴᠦᠭᠡ ︽ ᠠᠭᠤᠯᠠ ᠶᠢᠨ ᠴᠠᠭᠠᠨ᠎ᠠ ︾ ᠨᠢ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠳᠠᠶᠢᠯᠠᠯᠳᠤᠭᠠᠨ ᠤ ᠰᠡᠳᠦᠪᠲᠦ ᠲᠠᠶᠢᠰᠠᠨ ᠤ ᠤᠷᠠᠯᠢᠭ ᠤᠨ ᠰᠢᠯᠢᠳᠡᠭ ᠵᠦᠴᠦᠭᠡ ᠳᠤ ᠰᠣᠩᠭᠤᠭᠳᠠᠨ ᠣᠷᠣᠵᠤ ᠂ ᠳᠠᠭᠤᠤ ᠬᠥᠭᠵᠢᠮᠲᠦ ᠵᠦᠴᠦᠭᠡ ︽ | ᠰᠡᠳᠬᠢᠯ ᠤᠨ ᠠᠷᠭᠠᠮᠵᠢᠶ᠎ᠠ ︾ ᠨᠢ ᠥᠪᠡᠷᠲᠡᠭᠡᠨ ᠵᠠᠰᠠᠬᠤ ᠣᠷᠣᠨ ᠤ ᠦᠵᠡᠭᠦᠯᠭᠡ ᠶᠢᠨ ᠲᠣᠭᠯᠠᠯᠲᠠ ᠳᠤ ᠣᠷᠣᠯᠴᠠᠵᠤ 8 ᠲᠣᠮᠣ ᠱᠠᠩᠨᠠᠯ ᠢ | ᠬᠦᠷᠳᠡᠪᠡ ᠃ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ ᠂ ᠠᠮᠤᠭᠤᠯᠠᠩ ᠵᠡᠭᠦᠨᠭᠠᠷ ᠤᠨ ᠪᠠᠶᠢᠭᠤᠯᠤᠯᠲᠠ ᠶᠢᠨ ᠬᠢᠷᠢ ᠲᠦᠪᠰᠢᠨ | ᠰᠢᠨ᠎ᠡ ᠳᠡᠭᠡᠭᠰᠢᠯᠡᠯᠲᠡ ᠲᠠᠢ ᠪᠣᠯᠪᠠ ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠶᠢᠨ 《ᠬᠤᠶᠠᠷ ᠪᠠᠭᠤᠷᠠᠯᠳᠠ》 ᠶᠢ | ᠪᠡᠶᠡᠯᠡᠭᠦᠯᠪᠡ ᠃ 《ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠶᠳᠪᠦᠷᠢᠯᠡᠬᠦ ᠣᠨ》 ᠤ ᠲᠤᠰᠬᠠᠶ ᠠᠵᠢᠯᠯᠠᠭ᠎ᠠ ᠶᠢ ᠯᠠᠪᠳᠠᠭᠤᠨ ᠢᠶᠠᠷ | ᠠᠬᠢᠭᠤᠯᠵᠤ ᠂ ᠳᠡᠭᠡᠳᠦ ᠱᠠᠲᠤᠨ ᠠᠴᠠ ᠲᠤᠰᠢᠶᠠᠨ ᠰᠢᠶᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠨᠠᠶᠢᠳᠠ 30 | ᠰᠢᠶᠳᠪᠦᠷᠢᠯᠡᠪᠡ ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠶ | ᠪᠡᠶᠡᠯᠡᠬᠦᠯᠪᠡ᠃ ᠡᠭᠦᠨ ᠤ ᠬᠠᠮᠲᠤ ᠂ ᠦᠨᠳᠦᠰᠦᠲᠡᠨ ᠱᠠᠰᠢᠨ ᠰᠤᠷᠲᠠᠬᠤᠨ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠲᠡᠦᠬᠡ | ᠣᠢᠢᠯᠠᠯᠭ᠎ᠠ ᠳᠠᠩᠰᠠ ᠡᠪᠭᠡᠮᠡᠯ ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠨᠠᠰᠤᠲᠠᠶᠢᠴᠤᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠡᠮᠡᠭᠳᠡᠶᠢᠴᠤᠳ ᠤᠨ ᠬᠤᠯᠪᠤᠭ᠎ᠠ ᠂ ᠤᠯᠠᠭᠠᠨ ᠵᠠᠭᠠᠯᠮᠠᠶᠢᠳᠠᠨ ᠂ ᠵᠡᠮᠳᠡᠭᠴᠦᠳ ᠵᠡᠷᠭᠡ ᠠᠵᠢᠯ | ᠦᠶᠯᠡᠰ ᠴᠥᠮ ᠰᠢᠨ᠎ᠡ ᠦᠷ᠎ᠡ ᠪᠦᠲᠦᠮᠵᠢ ᠤᠯᠪᠠ ᠃ | ᠲᠥᠯᠦᠭᠡᠯᠡᠭᠴᠢᠳ ᠡ︕ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠵᠢᠯ | ᠪᠣᠯᠤᠨ᠎ᠠ ᠃ ᠬᠤᠰᠢᠭᠤ ᠳᠠᠶᠠᠭᠠᠷ ᠢᠶᠠᠨ ᠲᠠᠪᠤᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ ᠂ ᠮᠠᠰᠢ ᠣᠯᠠᠨ ᠠᠶᠤᠯ ᠲᠦᠭᠰᠢᠭᠦᠷᠢ ᠪᠠ ᠬᠡᠮ | ᠰᠣᠭᠤᠭ ᠢ ᠠᠷᠢᠯᠭᠠᠵᠤ ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠢ ᠰᠢᠶᠳᠪᠦᠷᠢᠯᠡᠨ ᠂ ᠬᠠᠲᠠᠭᠤ ᠴᠢᠩᠭ᠎ᠠ ᠥᠷᠢᠰᠥᠯᠳᠦᠭᠡᠨ ᠪᠠ ᠰᠢᠯᠭᠠᠯᠲᠠ ᠶᠢ | ᠳᠠᠭᠠᠭᠠᠵᠤ ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠶ ᠳᠠᠭᠤᠰᠬᠠᠵᠤ ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠬᠦᠯᠬᠦ ᠰᠢᠢᠳᠪᠤᠷᠢᠯᠡᠭᠴᠢ ᠴᠢᠨᠠᠷᠳᠠᠢ ᠠᠮᠵᠢᠯᠲᠠ ᠣᠯᠵᠤ ᠂ ᠣᠳᠣᠬᠢᠴᠢᠯᠠᠬᠰᠠᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ | ᠴᠢᠬᠤᠯᠠ ᠰᠠᠭᠤᠷᠢ ᠶᠢ ᠲᠠᠯᠪᠢᠭᠰᠠᠨ ᠪᠠᠶᠢᠨ᠎ᠠ ᠃ | ᠥᠩᠭᠡᠷᠡᠭᠰᠡᠨ ᠲᠠᠪᠤᠨ ᠵᠢᠯ ᠳᠤ ᠂ ᠪᠢᠳᠡ ᠢᠮᠠᠬᠳᠠ ᠲᠣᠭᠲᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ | ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠠ ᠃ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠭᠡᠢ ᠥᠷᠲᠡᠭ ᠵᠢᠯ ᠳᠤᠮᠳᠠᠴᠢ 1.5% | ᠪᠠᠷ ᠨᠡᠮᠡᠭᠳᠡᠵᠦ᠂ ᠬᠤᠰᠢᠭᠤ ᠰᠢᠶᠠᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠨᠢ ᠦᠷᠭᠦᠯᠵᠢᠯᠡᠨ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠂ | ᠵᠡᠭᠦᠨᠭᠠᠷ ᠠᠵᠤ ᠠᠬᠤᠶ ᠶᠢᠨ ᠨᠡᠭᠡᠭᠡᠯᠳᠠ ᠶᠢᠨ ᠤᠷᠦᠠ ᠂ ᠳ᠋ᠠ ᠯᠤ᠋ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠨᠢ ︽ᠳᠤᠮᠳᠠᠳᠤ | ᠤᠯᠤᠰ ᠤᠨ ᠨᠡᠭᠡᠭᠡᠯᠳᠠ ᠶᠢᠨ ᠤᠷᠦᠠ ᠤ ᠬᠢᠨᠠᠨ ᠬᠠᠷᠭᠤᠭᠤᠯᠤᠭᠰᠠᠨ ᠠᠯᠪᠠᠨ ᠵᠠᠷᠯᠠᠯ ᠤᠨ ᠭᠠᠷᠴᠠᠭ ︵ 2018 ᠣᠨ ᠤ ᠬᠡᠪᠯᠡᠯ ︶ ︾ ᠲᠤ | ᠤᠷᠤᠵᠠᠢ ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠦᠷᠭᠦᠯᠵᠢᠯᠡᠨ ᠰᠢᠯᠢᠳᠡᠭᠵᠢᠵᠦ ᠂ ᠭᠠᠶᠢᠯᠢ ᠶᠢ ᠬᠥᠩᠭᠡᠷᠡᠬᠦᠯᠵᠤ ᠰᠦᠢᠳᠬᠡᠯ ᠢ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠶᠡᠬᠡᠪᠡᠷ | ᠳᠡᠭᠡᠭᠰᠢᠯᠡᠭᠦᠯᠵᠦ ᠂ ᠠᠵᠤ ᠠᠬᠤᠢᠢᠯᠠᠯ ᠤᠨ ᠬᠥᠭᠵᠢᠯᠲᠡ ᠶᠢᠨ ᠳᠠᠯᠳᠠ ᠬᠦᠴᠦᠨ ᠪᠠ ᠬᠥᠳᠡᠯᠭᠡᠬᠦ ᠴᠢᠳᠠᠪᠤᠷᠢ ᠶᠢ ᠤᠯᠠᠮ ᠴᠢᠨᠠᠭᠰᠢᠳᠠ ᠪᠠᠳᠠᠷᠠᠭᠤᠯᠤᠨ ᠂ | ᠵᠠᠬ᠎ᠠ ᠳᠡᠯᠭᠡᠭᠦᠷ ᠤᠨ ᠭᠤᠣᠯ ᠴᠣᠭᠴᠠ ᠵᠢᠯ ᠳᠤᠮᠳᠠᠴᠢ ᠪᠠᠷ 20.8% ᠪᠠᠷ ᠨᠡᠮᠡᠭᠳᠡᠵᠦ ᠂ ᠰᠢᠨ ᠱᠦᠸᠧ ᠲᠡᠮᠤᠷ ᠵᠠᠮ ᠤᠨ ᠺᠣᠮᠫᠠᠨᠢ ᠶᠢ ᠳᠠᠩᠰᠠᠯᠠᠭᠤᠯᠵᠤ | ᠪᠠᠶᠢᠭᠤᠯᠪᠠ ᠃ ᠪᠥᠬᠦ ᠤᠯᠤᠰ ᠤᠨ ᠠᠩᠬᠠᠳᠠᠭᠴᠢ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠬᠤᠰᠢᠭᠤ ᠰᠢᠶᠠᠨ ︵ ᠬᠤᠲᠠ ︶ ᠪᠣᠯᠪᠠ ᠃ | ᠥᠩᠭᠡᠷᠡᠭᠰᠡᠨ ᠲᠠᠪᠤᠨ ᠵᠢᠯ ᠳᠤ ᠂ ᠪᠢᠳᠡ ᠢᠮᠠᠭᠲᠠ ᠪᠣᠬᠢᠷᠲᠤᠯ ᠦᠭᠡᠢ ᠬᠥᠭᠵᠢᠯᠲᠡ ᠶᠢᠨ ᠵᠠᠮ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠦᠷ᠎ᠡ ᠪᠦᠲᠦᠮᠵᠢ ᠢᠯᠡᠳᠲᠡ ᠪᠣᠯᠪᠠ ᠃ ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢ | ᠡᠷᠡᠰ ᠳᠤᠭᠤᠰᠢᠯᠠᠭᠤᠯᠤᠨ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠢ ᠨᠡᠶᠢᠲᠡ 204 ᠬᠡᠷᠡᠭᠵᠢᠭᠦᠯᠵᠦ ᠂ | 1092.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 192 | ᠲᠦᠮᠡᠨ ᠺᠢᠯᠣᠸᠠᠲ ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠦᠶᠯᠡᠳᠪᠦᠷᠢᠯᠡᠬᠦ ᠴᠢᠳᠠᠪᠤᠷᠢ ᠶᠢ 280 ᠲᠦᠮᠡᠨ ᠲᠣᠨ ᠰᠢᠨ᠎ᠡ ᠪᠠᠷ | ᠨᠡᠮᠡᠭᠳᠡᠭᠦᠯᠪᠡ ᠃ ᠤᠯᠠᠮᠵᠢᠯᠠᠯᠲᠤ ᠠᠵᠤ ᠦᠶᠯᠡᠰ ᠢ ᠰᠠᠶᠢᠵᠢᠷᠠᠭᠤᠯᠤᠨ ᠲᠠᠰ ᠳᠡᠪᠰᠢᠭᠦᠯᠵᠦ ᠂ 46 ᠪᠣᠬᠢᠷᠲᠤᠯ ᠥᠬᠡᠶ ᠠᠭᠤᠷᠬᠠᠶ ᠂ 2 ᠤᠶᠤᠨᠴᠢ | ᠠᠭᠤᠷᠬᠠᠶ ᠶᠢ ᠪᠠᠶᠢᠭᠤᠯᠪᠡ ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ ᠂ ᠵᠡᠭᠦᠨᠭᠠᠷ ᠠᠴᠠ | ᠱᠦᠸᠧᠵᠸᠤ ᠬᠦᠷᠬᠦ ᠲᠡᠮᠦᠷ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠵᠦ ᠂ ᠲᠡᠮᠦᠷ ᠵᠠᠮ ᠤᠨ ᠤᠷᠳᠤ ᠶᠢ 225 ᠺᠢᠯᠣᠮᠧᠲᠷ ᠰᠢᠨ᠎ᠡ ᠪᠠᠷ | ᠨᠡᠮᠡᠭᠳᠡᠭᠦᠯᠪᠡ︔ ᠬᠠᠲᠤᠨ ᠭᠤᠤᠯ ᠤᠨ ᠶᠡᠭᠡ ᠬᠠᠪᠴᠢᠯ ᠂ ᠵᠡᠭᠦᠨᠭᠠᠷ ᠵᠣᠣ ᠶᠢᠨ ᠵᠤᠭᠠᠴᠠᠯ ᠤᠨ ᠦᠵᠡᠮᠵᠢ ᠶᠢᠨ ᠣᠷᠣᠨ ᠢ ᠠᠰᠢᠭᠯᠠᠯᠲᠠ ᠳᠤ | ᠣᠷᠣᠭᠤᠯᠵᠤ ᠂ ᠵᠤᠭᠠᠴᠠᠯ ᠤᠨ ᠬᠥᠮᠦᠨ ᠤ ᠲᠤᠭ᠎ᠠ 500 ᠲᠦᠮᠡᠨ ᠬᠥᠮᠦᠨ ᠤᠳᠠᠭ᠎ᠠ ᠠᠴᠠ ᠳᠠᠪᠠᠵᠤ ᠂ ᠵᠤᠭᠠᠴᠠᠯ ᠤᠨ ᠪᠦᠬᠦ ᠣᠷᠤᠯᠭ᠎ᠠ 100 | ᠳ᠋ᠦᠩᠰᠢᠭᠤᠷ ᠲᠥᠭᠦᠷᠢᠭ ᠢ ᠳᠠᠪᠠᠪᠠ ᠃ ᠠᠮᠢ ᠠᠬᠤᠶ ᠣᠷᠴᠢᠨ ᠳᠤᠭᠤᠷᠢᠨ ᠢ ᠦᠷᠭᠦᠯᠵᠢᠯᠡᠨ ᠰᠠᠶᠢᠵᠢᠷᠠᠭᠤᠯᠵᠤ ᠂ ᠡᠯ᠎ᠡ ᠲᠥᠷᠥᠯ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢ 176.4 ᠲᠦᠮᠡᠨ ᠮᠥ ᠬᠡᠷᠡᠭᠵᠢᠭᠦᠯᠵᠦ ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠂ ᠣᠶ | ᠰᠢᠭᠤᠶ ᠶᠢᠨ ᠪᠦᠷᠬᠦᠴᠡ ᠲᠣᠰ ᠲᠣᠰ 73.4% ᠂ 33.5% ᠳᠤ ᠬᠥᠷᠪᠡ ᠃ | ᠥᠩᠭᠡᠷᠡᠭᠰᠡᠨ ᠲᠠᠪᠤᠨ ᠵᠢᠯ ᠳᠤ ᠂ ᠪᠢᠳᠡ ᠢᠮᠠᠬᠳᠠ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠴᠢᠬᠤᠯᠠᠴᠢᠯᠠᠬᠤ ᠬᠥᠭᠵᠢᠯᠲᠡ ᠶᠢᠨ ᠵᠠᠭᠪᠤᠷ ᠢ | ᠪᠠᠷᠢᠮᠲᠠᠯᠠᠵᠤ ᠂ ᠬᠤᠳᠠ ᠬᠥᠳᠡᠭᠡ ᠶᠢᠨ ᠳᠦᠷᠬᠦ ᠪᠠᠶᠢᠳᠠᠯ ᠲᠣᠭᠲᠠᠭᠤᠨ ᠢᠶᠠᠷ ᠳᠡᠭᠡᠭᠰᠢᠯᠡᠪᠡ ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ ᠂ 5203 ᠡᠷᠦᠬᠡ ᠶᠢᠨ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠵᠤ ᠂ 4976 ᠡᠷᠦᠬᠡ ᠶᠢᠨ | ᠳᠥᠭᠦᠮ ᠪᠦᠳᠤᠴᠡᠳᠤ ᠣᠷᠣᠨ ᠰᠠᠭᠤᠴᠠ ᠶᠢ ᠥᠭᠡᠷᠡᠴᠢᠯᠡᠨ ᠵᠠᠰᠠᠵᠤ ᠂ ᠵᠡᠬᠦᠠᠭᠠᠷ ᠤᠨ ᠡᠨᠧᠷᠭᠢ ᠶᠢᠨ ᠺᠣᠮᠫᠠᠨᠢ ᠶᠢᠨ ᠠᠵᠢᠯᠲᠠᠨ ᠤ ᠠᠮᠢᠳᠤᠷᠠᠯ ᠤᠨ | ᠲᠣᠭᠤᠷᠢᠭ ᠤᠨ ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ ︾ ᠶᠢᠨ ᠰᠡᠯᠪᠢᠨ ᠵᠠᠰᠠᠵᠤ ᠥᠭᠡᠷᠡᠴᠢᠯᠡᠬᠦ ᠪᠠᠷᠢᠯᠭ᠎ᠠ ᠶᠢ ᠪᠦᠬᠦᠨ ᠢ ᠳᠠᠭᠤᠰᠬᠠᠵᠤ ᠂ | ᠬᠤᠲᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠰᠠᠶᠢᠵᠢᠷᠠᠭᠤᠯᠪᠠ ᠃ ᠪᠥᠬᠦ ᠤᠯᠤᠰ ᠤᠨ | ᠪᠣᠯᠪᠠᠰᠤᠨ ᠬᠤᠰᠢᠭᠤ ᠰᠢᠶᠠᠨ ᠤ ᠬᠤᠲᠠ ᠂ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ ᠂ ᠴᠡᠴᠡᠷᠯᠢᠭᠵᠢᠭᠦᠯᠦᠯᠳᠡ ᠶᠢᠨ ᠬᠤᠰᠢᠭᠤ | ᠰᠢᠶᠠᠨ ᠤ ᠬᠤᠲᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ ᠬᠤᠰᠢᠭᠤ ᠰᠢᠶᠠᠨ ᠤ | ᠬᠤᠲᠠ ᠶᠢ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠪᠥᠬᠦ ᠤᠯᠤᠰ ᠤᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠶᠠᠰᠤ ᠴᠢᠨᠠᠷ ᠤᠨ ᠵᠠᠭᠤᠨ ᠬᠦᠴᠦᠷᠬᠡᠭ ᠬᠤᠰᠢᠭᠤ ᠰᠢᠶᠠᠨ ᠪᠣᠯᠪᠠ ᠃ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ ᠂ 《ᠵᠢᠮᠢᠰ ᠢᠳᠡᠰᠢᠨ ᠨᠣᠭᠤᠭ᠎ᠠ ᠡᠯᠳᠡᠪ ᠠᠮᠤ ᠳᠠᠷᠢᠬᠤ ᠰᠡᠷᠭᠡ ᠪᠤᠶᠢᠵᠢᠭᠤᠯᠬᠤ 》 ᠲᠦᠷᠪᠡᠨ ᠶᠡᠭᠡ | ᠤᠨᠴᠠᠯᠢᠭᠳᠤ ᠠᠵᠤ ᠦᠢᠯᠡᠰ ᠢ ᠠᠮᠵᠢᠯᠲᠠ ᠲᠠᠢ ᠪᠠᠷ ᠪᠤᠶᠢᠵᠢᠭᠤᠯᠤᠨ ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠣᠷᠣᠨ ᠢ 4. | 2 ᠲᠦᠮᠡᠨ ᠮᠤ᠋ ᠪᠠᠶᠢᠭᠤᠯᠵᠦ ᠂ 1730 ᠲᠠᠷᠢᠶᠠᠴᠢᠨ ᠤ ᠲᠤᠰᠬᠠᠶ ᠬᠤᠷᠰᠢᠶᠠᠵᠢᠯ ᠢ ᠪᠠᠶᠢᠭᠤᠯᠤᠨ ᠂ ᠬᠥᠳᠡᠭᠡ ᠲᠣᠰᠬᠤᠨ ᠤ ᠬᠤᠭ ᠨᠣᠪᠰᠢ ᠪᠣᠬᠢᠷ ᠤᠰᠤ | ᠰᠢᠶᠳᠪᠦᠷᠢᠯᠡᠬᠦ 45 ᠲᠥᠷᠥᠯ ᠵᠦᠢᠯ ᠢ ᠢᠵᠢ ᠪᠦᠷᠢᠳᠦᠭᠦᠯᠦᠨ ᠪᠥᠳᠥᠭᠡᠨ ᠪᠠᠶᠢᠭᠤᠯᠵᠤ ᠂ 1.5 ᠲᠦᠮᠡᠨ ᠡᠷᠥᠭᠡ ᠶᠢᠨ ᠵᠣᠷᠯᠣᠩ ᠢ ᠥᠭᠡᠷᠡᠴᠢᠯᠡᠬᠦ ᠶᠢ | ᠪᠡᠶᠡᠯᠡᠭᠦᠯᠵᠦ ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠳᠦᠷᠬᠦ ᠪᠠᠶᠢᠳᠠᠯ ᠢ ᠮᠡᠳᠡᠭᠳᠡᠬᠦ᠋ᠢᠴᠡ ᠰᠠᠶᠢᠵᠢᠷᠠᠭᠤᠯᠪᠠ ᠃ ᠨᠢᠭᠡ ᠪᠦᠯᠦᠭ ᠤᠰᠤ ᠂ | ᠴᠠᠬᠢᠯᠭᠠᠨ ᠂ ᠵᠠᠮ ᠂ ᠮᠡᠳᠡᠭᠡ ᠵᠠᠩᠭᠢ ᠶᠢᠨ ᠲᠥᠷᠥᠯ ᠵᠦᠶᠯ ᠢ ᠬᠡᠷᠡᠭᠵᠢᠭᠦᠯᠵᠦ ᠂ 4G ᠶᠢᠨ ᠰᠦᠯᠵᠢᠶ᠎ᠡ ᠶᠢ ᠬᠤᠲᠠ ᠬᠥᠳᠡᠭᠡ ᠳᠤ ᠪᠦᠬᠦᠨ ᠢ | ᠪᠦᠷᠬᠦᠭᠦᠯᠵᠦ ᠂ 5G ᠶᠢᠨ ᠰᠦᠯᠵᠢᠶ᠎ᠡ ᠶᠢ ᠭᠤᠤᠯᠳᠠᠯᠭᠠᠳᠤ ᠬᠤᠲᠠ ᠶᠢᠨ ᠲᠣᠭᠤᠷᠢᠭ ᠲᠤ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠭᠡᠳ ᠂ ᠪᠥᠬᠦ | ᠤᠯᠤᠰ ᠤᠨ ︽ ᠳᠥᠷᠪᠡᠨ ᠰᠠᠶᠢᠨ ᠬᠥᠳᠡᠭᠡ ᠲᠣᠰᠬᠤᠨ ᠤ ᠵᠠᠮ ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ ᠃ | ᠥᠩᠭᠡᠷᠡᠭᠰᠡᠨ ᠲᠠᠪᠤᠨ ᠵᠢᠯ ᠳᠤ ᠂ ᠪᠢᠳᠡᠢᠮᠠᠭᠲᠠ ᠪᠤᠳᠡᠳᠡᠢ ᠠᠵᠢᠯ ᠬᠢᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ | ᠪᠠᠷᠢᠮᠲᠠᠯᠠᠵᠤ ᠂ ᠠᠷᠠᠳ ᠲᠦᠮᠡᠨ ᠤ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠪᠠ ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠵᠠᠷᠤᠯᠭ᠎ᠠ ᠶᠢ ᠨᠡᠶᠢᠳᠡ 224.2 ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠬᠡ ᠶᠢᠨ | ᠬᠥᠮᠦᠨ ᠳᠤᠮᠳᠠᠴᠢ ᠴᠡᠪᠡᠷ ᠣᠷᠣᠯᠭ᠎ᠠ 18655.6 ᠲᠥᠭᠦᠷᠢᠭ ᠲᠤ ᠬᠦᠷᠴᠦ ᠂ ᠵᠢᠯ ᠳᠤᠮᠳᠠᠴᠢ 23.3% ᠪᠠᠷ ᠨᠡᠮᠡᠭᠳᠡᠪᠡ ᠃ ᠠᠵᠢᠯ | ᠣᠯᠭᠤᠯᠲᠠ ᠶᠢᠨ ᠪᠠᠲᠤᠯᠠᠭ᠎ᠠ ᠶᠢ ᠨᠡᠩ ᠭᠦᠢᠴᠡᠳ ᠪᠣᠯᠭᠠᠵᠤ ᠂ ᠬᠤᠳᠠ ᠪᠠᠯᠭᠠᠰᠤᠨ ᠳᠤ ᠨᠡᠶᠢᠳᠡ 2.4 ᠲᠦᠮᠡᠨ ᠬᠥᠮᠦᠨ ᠳᠤ ᠰᠢᠨ᠎ᠡ ᠪᠠᠷ ᠠᠵᠢᠯ | ᠣᠯᠭᠤᠪᠠ ᠃ ᠡᠮ ᠡᠮᠨᠡᠯᠭᠡ ᠡᠷᠡᠭᠦᠯ ᠬᠠᠮᠠᠭᠠᠯᠠᠯ ᠂ ᠰᠤᠷᠭᠠᠨ ᠬᠥᠮᠦᠵᠢᠯ ᠰᠣᠶᠣᠯ ᠵᠡᠷᠭᠡ ᠡᠯ᠎ᠡ ᠵᠦᠢᠯ ᠤᠨ ᠨᠡᠶᠢᠭᠡᠮ ᠤᠨ ᠦᠢᠯᠡᠰ ᠴᠥᠮ ᠲᠦᠷᠭᠡᠨ | ᠬᠥᠭᠵᠢᠵᠦ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢ ᠲᠦᠷᠤ ᠶᠢᠨ ᠶᠠᠪᠤᠳᠠᠯ ᠤᠨ | ᠬᠤᠷᠢᠶ᠎ᠠ ᠨᠡᠶᠢᠲᠡᠯᠡᠨ ᠰᠠᠶᠢᠰᠢᠶᠠᠨ ᠬᠦᠬᠢᠬᠦᠯᠪᠡ ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠨᠡᠩ ᠲᠡᠭᠦᠯᠳᠡᠷᠵᠢᠵᠦ ᠂ ᠪᠦᠬᠦ ᠤᠯᠤᠰ ᠤᠨ ︽ | ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠲᠡᠷᠢᠭᠦᠨ ᠤ ᠬᠤᠰᠢᠭᠤ ᠪᠠᠷ ᠦᠨᠡᠯᠡᠭᠳᠡᠵᠦ ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ︾ ᠪᠠᠷ ᠵᠠᠯᠭᠠᠪᠠᠷ ᠦᠨᠡᠯᠡᠭᠳᠡᠭᠰᠡᠨ ᠪᠠᠶᠢᠨ᠎ᠠ ᠃ | ᠡᠭᠦᠨ ᠤ ᠬᠠᠮᠳᠤ ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ ᠂ ᠢᠮᠠᠭᠲᠠ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ ᠂ ︽ᠳᠥᠷᠪᠡᠨ ᠢᠲᠡᠭᠡᠯ︾ ᠢ ᠪᠠᠲᠤᠳᠬᠠᠨ ᠂ ︽ᠬᠤᠶᠠᠷ ᠢ | ᠬᠠᠮᠠᠭᠠᠯᠠᠬᠤ︾ ᠶᠢ ᠦᠶᠯᠡᠳᠦᠯᠭᠡᠵᠢᠭᠦᠯᠤᠨ ᠂ ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠴᠢᠩᠭᠠᠳᠬᠠᠨ ᠂ | ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠳᠦᠷᠤᠯ ᠤᠨ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠷ᠎ᠠ ᠪᠦᠳᠤᠮᠵᠢ ᠤᠯᠬᠤ ᠶᠢ ᠠᠬᠢᠭᠤᠯᠵᠤ ᠂ ᠪᠥᠬᠦ ᠬᠤᠰᠢᠭᠤᠨ ᠤ ᠡᠯ᠎ᠡ ᠳᠦᠷᠤᠯ ᠤᠨ | ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠪᠠ ᠃ | ᠲᠥᠯᠦᠭᠡᠯᠡᠭᠴᠢᠳ ᠡ︕ ᠠᠮᠵᠢᠯᠲᠠ ᠪᠦᠲᠦᠮᠵᠢ ᠨᠢ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠭᠡᠵᠤ᠂ ᠬᠦᠴᠤ ᠬᠠᠮᠵᠢᠯᠴᠠᠨ ᠪᠤᠭᠤᠮᠳᠠ | ᠰᠢᠪᠳᠤᠯᠵᠤ ᠬᠦᠭᠵᠢᠬᠦᠯᠦᠭᠰᠡᠨ ᠠᠴᠠ ᠰᠠᠯᠵᠤ ᠴᠢᠳᠠᠬᠤ ᠦᠭᠡᠢ ᠶᠤᠮ ᠃ ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠦᠲᠦᠮᠵᠢ ᠶᠢ ᠪᠤᠯ ᠬᠢᠯᠪᠠᠷ ᠪᠤᠰᠤ ᠪᠠᠷ | ᠣᠯᠤᠭᠰᠠᠨ ᠶᠤᠮ ᠂ ᠳᠡᠭᠡᠳᠦ ᠱᠠᠲᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ | ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ ᠬᠢᠨᠠᠯᠲᠠ ᠲᠠᠯᠪᠢᠵᠤ ᠳᠡᠮᠵᠢᠨ ᠣᠷᠣᠯᠴᠠᠭᠰᠠᠨ ᠤ ᠦᠷ᠎ᠡ ᠳ᠋ᠦᠩ ᠮᠥᠨ ᠂ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠦᠴᠦᠨ ᠴᠢᠳᠠᠯ ᠢᠶᠠᠨ ᠬᠠᠮᠲᠤᠳᠬᠠᠨ ᠪᠤᠭᠤᠮᠳᠠ ᠰᠢᠪᠳᠤᠯᠵᠤ ᠂ | ᠡᠷᠡᠮᠡᠭᠡᠶᠢᠯᠡᠨ ᠲᠡᠮᠡᠴᠡᠭᠰᠡᠨ ᠤ ᠦᠷ᠎ᠡ ᠳ᠋ᠦᠩ ᠮᠥᠨ ᠃ ᠠᠳᠡ ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠨ | ᠵᠡᠭᠦᠨᠭᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠤ ᠢᠷᠡᠭᠰᠡᠨ ᠪᠦᠬᠦ ᠨᠥᠬᠦᠳ ᠂ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ ︕ | ᠠᠮᠵᠢᠯᠲᠠ ᠪᠠᠨ ᠭᠦᠢᠴᠡᠳ ᠨᠤᠲᠠᠯᠠᠬᠤ ᠶᠢᠨ ᠳᠠᠭᠠᠤ ᠳᠤ ᠂ ᠪᠢᠳᠠ ᠪᠠᠰᠠ ᠬᠤᠰᠢᠭᠤᠨ ᠤ ᠬᠥᠭᠵᠢᠯᠲᠡ ᠶᠢᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠪᠠᠳᠠᠷᠠᠵᠤ ᠪᠠᠶᠢᠭ᠎ᠠ ᠴᠦ ᠤᠷᠲᠤ ᠬᠤᠭᠤᠴᠠᠭᠠᠨ ᠳᠤ ᠬᠤᠷᠠᠮᠳᠤᠭᠰᠠᠨ ᠬᠦᠠ ᠲᠡᠪᠬᠤᠷᠭ᠎ᠠ ᠶᠢᠨ ᠵᠥᠷᠢᠴᠡᠯ ᠪᠠ | ᠠᠰᠠᠭᠤᠳᠠᠯ ᠢ ᠬᠠᠷᠠᠬᠠᠨ ᠲᠦᠢᠯᠪᠤᠷᠢᠲᠠᠶ ᠰᠢᠶᠳᠪᠦᠷᠢᠯᠡᠭᠳᠡᠵᠤ ᠴᠢᠳᠠᠭᠠᠳᠤᠢ ᠪᠠᠶᠢᠬᠰᠠᠭᠠᠷ᠂ ᠣᠳᠣᠬᠠᠨ ᠤ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠠᠵᠤ | ᠠᠬᠤᠶ ᠶᠢᠨ ᠤᠷᠤᠭᠤᠳᠠᠯ ᠤᠨ ᠳᠠᠪᠬᠤᠷ ᠳᠠᠪᠬᠤᠷ ᠨᠥᠯᠥᠭᠡ ᠠᠴᠠ ᠪᠤᠯᠵᠤ ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠪᠠᠰᠠ ᠪᠠᠲᠤ ᠪᠠᠬᠢ ᠪᠤᠯᠵᠤ | ᠴᠢᠳᠠᠭᠠᠳᠤᠢ ᠪᠠᠶᠢᠬᠤ ︔ ᠤᠯᠤᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠤᠨ ᠭᠠᠳᠠᠬᠰᠢᠯᠠᠭᠤᠯᠤᠯᠳᠠ ᠶᠢ ᠣᠷᠭᠢᠯ ᠭᠡᠮᠵᠢᠭᠳᠡᠯ ᠳᠤ ᠬᠦᠷᠭᠡᠬᠦ ᠂ | ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ ᠂ ᠮᠠᠨ ᠤ ᠬᠤᠰᠢᠭᠤ ᠪᠠᠰᠠ | ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠬᠢᠭᠡᠳ ᠠᠵᠤ ᠠᠬᠤᠢ ᠶᠢᠨ ᠬᠥᠭᠵᠢᠯᠲᠡ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠬᠦ | ᠴᠢᠬᠤᠯᠠ ᠶᠡᠭᠡ ᠰᠢᠯᠭᠠᠯᠲᠠ ᠳᠤ ᠲᠤᠯᠭᠠᠷᠠᠵᠤ ᠪᠤᠢ ︔ ᠲᠡᠷᠢᠭᠦᠨ ᠤ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠠ ᠶᠢ ᠡᠬᠦᠳᠬᠦ ᠴᠢᠳᠠᠪᠤᠷᠢ ᠪᠠᠰᠠ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠠᠶᠢᠵᠤ ᠂ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠳᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠥᠨᠳᠥᠷ ᠪᠢᠰᠢ ᠪᠠᠶᠢᠨ᠎ᠠ᠃ ᠪᠠᠰᠠ | ᠠᠮᠢ ᠠᠬᠤᠢ ᠣᠷᠴᠢᠨ ᠲᠣᠭᠤᠷᠢᠨ ᠤ ᠲᠠᠯ᠎ᠠ ᠪᠠᠷ ᠦᠷᠢᠳᠦᠭᠰᠡᠨ ᠦᠷᠢ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠲᠠᠯ᠎ᠠ ᠪᠠᠷ ᠬᠢ ᠳᠤᠲᠠᠭᠤᠳᠠᠯ | ᠵᠡᠷᠭᠡ ᠠᠰᠠᠭᠤᠳᠠᠯ ᠨᠢ ᠴᠥᠮ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠂ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠬᠤ ᠦᠭᠡᠢ ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠭ᠎ᠠ ᠶᠢ ᠰᠡᠷᠭᠡᠭ ᠢᠶᠠᠷ ᠤᠯᠵᠤ ᠳᠠᠨᠢᠯ᠎ᠠ ᠃ | ᠡᠳᠡᠭᠡᠷ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠶᠳᠪᠦᠷᠢᠯᠡᠬᠦ ᠪᠣᠯᠤᠨ᠎ᠠ ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠶᠢᠨ ᠬᠠᠷᠠᠯᠲᠠ ᠪᠠ ᠭᠤᠣᠯ | ᠡᠭᠦᠷᠭᠡ | ᠬᠤᠰᠢᠭᠤᠨ ᠤ ᠨᠠᠮ ᠤᠨ ᠬᠤᠷᠢᠶᠠᠨ ᠤ 《 ᠵᠡᠭᠦᠨᠭᠠᠷ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠲᠤᠬᠠᠶ ᠰᠠᠨᠠᠭᠤᠯᠭ᠎ᠠ 》 ᠶᠢ ᠦᠨᠳᠦᠰᠦᠯᠡᠨ ᠂ ᠪᠢᠳᠡ | 《ᠵᠡᠭᠦᠨᠭᠠᠷ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠦᠳᠤᠯᠪᠤᠷᠢ ᠬᠢᠭᠡᠳ 2035 ᠣᠨ ᠤ ᠠᠯᠤᠰ ᠭᠡᠳᠤ ᠶᠢᠨ ᠬᠠᠷᠠᠯᠲᠠ (ᠲᠥᠰᠦᠯ)》 ᠶᠢ ᠨᠠᠶᠢᠷᠠᠭᠤᠯᠤᠨ ᠵᠣᠬᠢᠶᠠᠵᠤ᠂ ᠠᠵᠤ | ᠠᠬᠤᠶ ᠶᠢᠨ ᠬᠡᠯᠪᠡᠷᠢ ᠶᠢᠨ ᠬᠤᠪᠢᠷᠠᠭᠤᠯᠤᠯᠲᠠ ᠂ ᠲᠠᠷᠢᠶᠠᠯᠠᠩ ᠬᠥᠳᠡᠭᠡ ᠲᠣᠰᠬᠤᠨ ᠂ ᠰᠢᠨ᠎ᠡ ᠶᠢ ᠡᠭᠦᠳᠬᠦ ᠬᠥᠭᠵᠢᠯᠲᠡ ᠂ ᠤᠯᠠᠨ ᠨᠡᠶᠢᠲᠡ ᠶᠢᠨ | ᠦᠢᠯᠡᠴᠢᠯᠡᠭᠡ ᠂ ᠠᠮᠢ ᠠᠬᠤᠶ ᠶᠢᠨ ᠪᠣᠯᠪᠠᠰᠤᠨ ᠂ ᠥᠭᠡᠷᠡᠴᠢᠯᠡᠯᠲᠡ ᠨᠡᠭᠡᠭᠡᠯᠳᠡ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠂ ᠨᠡᠶᠢᠭᠡᠮ ᠤᠨ | ᠵᠠᠰᠠᠯᠲᠠ ᠵᠡᠷᠭᠡ ᠨᠠᠢᠮᠠᠨ ᠲᠠᠯ᠎ᠠ ᠠᠴᠠ ᠤᠴᠢᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠲᠣᠳᠣᠷᠬᠠᠢᠢᠯᠠᠵᠤ ᠂ ᠠᠯᠢ ᠤᠯᠠᠨ ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠠᠳ ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠦᠨ ᠬᠢᠨᠠᠨ ᠵᠦᠪᠯᠡᠬᠦᠯᠪᠡ ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠬᠤᠭᠤᠴᠠᠭ᠎ᠠ ᠮᠥᠨ ᠂ ᠪᠢᠳᠡ 《 ᠬᠤᠶᠠᠷ ᠬᠠᠯᠬᠠᠪᠴᠢ 》 ᠂ 《 | ᠬᠤᠶᠠᠷ ᠰᠠᠭᠤᠷᠢᠨ 》 ᠪᠣᠯᠤᠨ 《 ᠨᠢᠭᠡ ᠬᠦᠬᠦᠷᠭᠡᠨ ᠪᠠᠬᠢᠯᠡᠯᠲᠡ 》 ᠳᠤ ᠪᠠᠲᠤ ᠰᠠᠭᠤᠷᠢᠯᠠᠵᠤ ᠂ ᠪᠠᠶᠢᠳᠠᠯ ᠢ ᠵᠠᠳᠠᠯᠵᠤ ᠲᠣᠳᠣᠷᠬᠠᠶ ᠲᠠᠨᠢᠭᠰᠠᠨ ᠰᠠᠭᠤᠷᠢᠨ | ᠳᠡᠭᠡᠷ᠎ᠡ ᠂ ᠰᠢᠨ᠎ᠡ ᠴᠠᠭ ᠦᠶ᠎ᠡ ᠶᠢᠨ ᠬᠥᠭᠵᠢᠯᠲᠡᠳᠦ ᠠᠭᠤᠯᠤᠭᠳᠠᠵᠤ ᠪᠠᠶᠢᠭ᠎ᠠ ᠠᠵᠠ ᠲᠣᠬᠢᠶᠠᠯ ᠪᠠ ᠠᠰᠢᠭᠲᠠᠶ ᠬᠦᠴᠦᠨ ᠵᠦᠢᠯ ᠢ ᠡᠮᠬᠢᠯᠡᠨ ᠡᠵᠡᠮᠰᠢᠵᠦ ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠤᠨ ᠭᠠᠳᠠᠬᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠭᠡᠬᠦ ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ ᠂ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠳᠤ ᠲᠦᠰᠢᠭᠯᠡᠵᠤ ᠪᠠᠶᠢᠬᠰᠠᠨ ᠢ | ᠰᠢᠪᠲᠤᠯᠵᠤ ᠂ ᠪᠣᠬᠢᠷᠲᠤᠯ ᠦᠭᠡᠢ ᠠᠵᠤ ᠠᠬᠤᠢ ᠪᠣᠯᠤᠨ ᠡᠷᠬᠢᠯᠳᠡᠳᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ ᠂ ᠠᠮᠢ ᠠᠬᠤᠢ ᠶᠢ ᠤᠷᠢᠳ ᠢᠶᠠᠷ | ᠪᠤᠳᠤᠯᠬᠢᠯᠠᠨ ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠲᠤᠷ | ᠵᠠᠮᠨᠠᠵᠤ ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ | ᠵᠡᠭᠦᠨᠭᠠᠷ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠃ | ᠬᠤᠶᠢᠰᠢᠳᠠ ᠶᠢᠨ ᠲᠠᠪᠤᠨ ᠵᠢᠯ ᠳᠤ ᠂ ᠵᠠᠰᠠᠭ ᠤᠨ ᠣᠷᠳᠣᠨ ᠤ ᠠᠵᠢᠯ ᠨᠢ ᠭᠤᠣᠯᠳᠠᠯᠭ᠎ᠠ ᠲᠠᠢ ᠳᠣᠣᠷᠠᠬᠢ ᠲᠠᠪᠤᠨ ᠲᠠᠯ᠎ᠠ ᠶᠢ ᠰᠠᠶᠢᠲᠤᠷ | ᠡᠵᠡᠮᠳᠡᠨ᠎ᠡ ᠃ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠵᠡᠭᠦᠨᠭᠠᠷ ᠢ ᠪᠦᠳᠤᠭᠡᠨ ᠪᠠᠶᠢᠭᠤᠯᠤᠨ᠎ᠠ ᠃ | ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠬᠦᠴᠦᠯᠡᠨ ᠰᠢᠯᠢᠳᠡᠭᠵᠢᠭᠦᠯᠵᠦ ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠ ᠨᠠᠷᠢᠯᠢᠭ ᠣᠨᠣᠴᠠᠶᠢᠨ ᠬᠡᠮᠵᠢᠶ᠎ᠡ | ᠶᠢ ᠦᠨᠡᠨ ᠬᠦ ᠳᠡᠭᠡᠭᠰᠢᠯᠡᠭᠦᠯᠵᠦ ᠂ ᠥᠷᠢᠰᠥᠯᠳᠦᠭᠡᠨ ᠤ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠦᠪᠤᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠡᠯ᠎ᠡ ᠠᠵᠢᠯ ᠲᠥᠷᠥᠯ ᠂ ᠡᠯ᠎ᠡ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠰᠢᠨᠵᠢᠯᠡᠬᠦ | ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠤᠨ ᠤᠯᠠᠷᠢᠭᠤᠯᠬᠤ ᠶᠢ ᠴᠢᠩᠭᠠᠷᠠᠭᠤᠯᠤᠨ ᠂ ᠬᠥᠭᠵᠢᠯᠲᠡ ᠶᠢᠨ | ᠬᠦᠴᠦᠨ ᠵᠦᠶᠯ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠪᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠠᠰᠢ ᠬᠤᠪᠢᠷᠠᠭᠤᠯᠬᠤ ᠶᠢ | ᠠᠬᠢᠭᠤᠯᠤᠨ᠎ᠠ ᠃ ᠤᠯᠤᠰ ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠪᠠᠶᠢᠷᠢᠰᠢᠯ ᠳᠤ ᠭᠦᠨᠵᠡᠭᠡᠶ | ᠠᠭᠤᠰᠤᠯᠴᠠᠵᠤ ᠂ ᠨᠠᠩ ᠥᠨᠳᠥᠷ ᠬᠢᠷᠢ ᠲᠦᠪᠰᠢᠨ ᠪᠥᠬᠦᠶ ᠭᠠᠳᠠᠬᠰᠢ ᠨᠡᠭᠡᠭᠡᠯᠳᠡ ᠬᠢᠬᠦ ᠶᠢ ᠪᠡᠶᠡᠯᠡᠭᠦᠯᠦᠨ᠎ᠡ ᠃ ᠬᠦᠷᠢᠶᠡᠯᠡᠩ ᠲᠣᠭᠤᠷᠢᠭ ᠤᠨ ᠡᠷᠬᠢᠯᠳᠡᠳᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠂ ᠨᠡᠭᠦᠷᠡᠰᠦ | ᠴᠠᠬᠢᠯᠭᠠᠨ ᠬᠥᠩᠭᠡᠨ ᠴᠠᠭᠠᠨ ᠂ ᠣᠷᠭᠠᠨᠢᠭ ᠪᠤᠰᠤ ᠲᠡᠮᠦᠷᠯᠢᠭ ᠪᠤᠰᠤ ᠪᠤᠯᠪᠠᠰᠤᠷᠠᠭᠤᠯᠬᠤ ᠂ ᠸᠠᠭᠠᠷ ᠱᠠᠭᠠᠵᠠᠩ ᠵᠡᠷᠭᠡ ᠶᠡᠷᠦᠩᠬᠡᠶᠢᠯᠡᠨ ᠠᠰᠢᠭᠯᠠᠬᠤ ᠠᠵᠤ ᠦᠶᠯᠡᠰ | ᠢ ᠳᠡᠭᠡᠳᠦ ᠦᠵᠦᠭᠦᠷᠵᠢᠭᠦᠯᠬᠦ ᠂ ᠣᠯᠠᠨ ᠡᠰᠢᠵᠢᠬᠦᠯᠦᠨ ᠬᠥᠭᠵᠢᠭᠦᠯᠬᠦ ᠶᠢ ᠳᠡᠮᠵᠢᠵᠦ ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ ᠃ | ᠠᠮᠢ ᠠᠬᠤᠶ ᠶᠢ ᠤᠷᠢᠳ ᠢᠶᠠᠷ ᠪᠤᠳᠤᠯᠬᠢᠯᠠᠨ ᠬᠥᠭᠵᠢᠭᠦᠯᠬᠦ ᠶᠢ ᠪᠠᠷᠢᠮᠲᠠᠯᠠᠵᠤ ᠂ ᠪᠣᠬᠢᠷᠲᠤᠯ ᠥᠬᠡᠶ ᠵᠡᠭᠦᠨᠭᠠᠷ ᠢ ᠪᠥᠲᠥᠭᠡᠨ ᠪᠠᠶᠢᠭᠤᠯᠤᠨ᠎ᠠ ᠃ ᠰᠢ | ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠵᠤ ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠂ ᠪᠥᠬᠦ ᠬᠤᠰᠢᠭᠤᠨ ᠤ ᠠᠮᠢ | ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠤᠨ᠎ᠠ ᠃ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠶ ᠣᠷᠴᠢᠨ | ᠲᠣᠭᠤᠷᠢᠨ ᠤ ᠳᠠᠭᠠᠭᠠᠬᠤ ᠴᠢᠳᠠᠪᠤᠷᠢ ᠶᠢ ᠨᠢᠭᠡᠳᠦᠯᠲᠡᠶ ᠲᠥᠯᠥᠪᠯᠡᠨ ᠂ ᠨᠡᠭᠦᠷᠡᠰᠦ ᠶᠢ ᠤᠶᠤᠨᠵᠢᠭᠤᠯᠬᠤ ᠂ ᠪᠣᠬᠢᠷᠲᠤᠯ ᠥᠬᠡᠶ ᠪᠣᠯᠭᠠᠬᠤ ᠂ | ᠡᠷᠴᠢᠮᠵᠢᠭᠦᠯᠦᠨ ᠨᠡᠭᠡᠭᠡᠨ ᠮᠠᠯᠲᠠᠬᠤ ᠶᠢ ᠶᠡᠬᠡᠪᠡᠷ ᠠᠬᠢᠭᠤᠯᠵᠤ ᠂ ᠵᠠᠭᠠᠭ ᠱᠤᠭᠤᠮ ᠤᠨ ᠳᠣᠲᠣᠷᠠᠬᠢ ᠪᠣᠶ ᠪᠥᠬᠦᠶ ᠨᠡᠭᠦᠷᠡᠰᠦᠨ ᠠᠭᠤᠷᠬᠠᠶ ᠶᠢ ᠪᠦᠬᠦᠨ ᠢ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶᠡᠨ ᠳᠤ ᠬᠦᠷᠭᠡᠬᠦ ᠶᠢ ᠦᠨᠡᠨᠬᠦ ᠪᠠᠲᠤᠯᠠᠨ᠎ᠠ ᠃ ᠠᠭᠤᠷᠬᠠᠶ ᠶᠢᠨ ᠤᠷᠤᠨ ᠤ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠠᠭᠤᠷᠢ ᠮᠥᠩᠭᠦ ᠶᠢ ᠭᠦᠶᠴᠡᠳ ᠬᠤᠷᠢᠶᠠᠨ ᠰᠠᠶᠢᠲᠤᠷ ᠬᠠᠮᠢᠶᠠᠷᠴᠤ ᠠᠮᠢᠳᠤᠯᠢᠭ ᠢᠶᠠᠷ | ᠬᠡᠷᠡᠭᠯᠡᠵᠦ ᠂ ᠠᠭᠤᠷᠬᠠᠶ ᠶᠢᠨ ᠣᠷᠣᠨ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ | ᠰᠠᠶᠢᠵᠢᠷᠠᠬᠤ ᠶᠢ ᠠᠬᠢᠭᠤᠯᠤᠨ᠎ᠠ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠪᠣᠯᠤᠨ ᠴᠢᠨᠠᠷ ᠰᠠᠶᠢᠲᠠᠢ | ᠬᠥᠭᠵᠢᠯᠲᠡ ᠶᠢ ᠪᠦᠬᠦ ᠲᠡᠯ᠎ᠠ ᠪᠠᠷ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠂ ᠰᠡᠯᠡᠭᠦᠴᠡᠯ ᠵᠤᠭᠠᠴᠠᠯ ᠵᠢᠴᠢ ᠠᠵᠤ | ᠦᠢᠯᠡᠳᠪᠦᠷᠢ ᠶᠢᠨ ᠵᠤᠭᠠᠴᠠᠯ ᠢ ᠴᠤᠬᠴᠠᠵᠢᠭᠤᠯᠤᠬᠰᠠᠨ ᠠᠵᠤ ᠦᠢᠯᠡᠰ ᠤᠨ ᠵᠠᠭᠪᠤᠷ ᠢ ᠲᠦᠷᠭᠡᠨ ᠪᠠᠶᠢᠭᠤᠯᠵᠤ ᠂ ᠬᠠᠳᠤᠨ ᠭᠤᠣᠯ ᠤᠨ ᠳᠡᠭᠡᠳᠦ ᠳᠤᠮᠳᠠᠳᠤ | ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠷᠢᠳᠠᠪᠠᠷ ᠭᠡᠷᠡᠭᠵᠢᠬᠦᠯᠬᠦ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ ᠪᠠᠶᠢᠭᠤᠯᠤᠨ᠎ᠠ ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ ᠂ ᠴᠢᠨᠠᠷᠯᠢᠭ ᠵᠡᠭᠦᠨᠭᠠᠷ ᠢ ᠪᠥᠲᠥᠭᠡᠨ ᠪᠠᠶᠢᠭᠤᠯᠤᠨ᠎ᠠ᠃ ᠰᠢᠨ᠎ᠡ ᠮᠠᠶ᠋ᠢᠭ | ᠤᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠪᠠ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠢᠭᠡᠳᠦᠯᠲᠡᠶ | ᠲᠥᠯᠥᠪᠯᠡᠨ ᠰᠠᠶᠢᠲᠤᠷ ᠬᠡᠷᠡᠭᠵᠢᠭᠦᠯᠦᠨ᠎ᠡ ᠃ ᠭᠤᠤᠯᠳᠠᠯᠭᠠᠳᠤ ᠬᠤᠲᠠ ᠶᠢᠨ ᠲᠣᠭᠤᠷᠢᠭ ᠤᠨ ᠲᠥᠯᠥᠪᠵᠢᠭᠦᠯᠭᠡ ᠂ ᠪᠥᠲᠥᠭᠡᠨ ᠪᠠᠶᠢᠭᠤᠯᠤᠯᠲᠠ ᠂ | ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ ᠪᠥᠬᠦ ᠤᠯᠤᠰ ᠤᠨ ᠪᠣᠯᠪᠠᠰᠤᠨ ᠬᠤᠰᠢᠭᠤ ᠰᠢᠶᠠᠨ ᠤ ᠬᠤᠲᠠ ᠂ ᠡᠷᠡᠭᠦᠯ | ᠬᠠᠮᠠᠭᠠᠯᠠᠯ ᠤᠨ ᠬᠤᠰᠢᠭᠤ ᠰᠢᠶᠠᠨ ᠤ ᠬᠤᠲᠠ ᠂ ᠴᠡᠴᠡᠷᠯᠢᠭᠵᠢᠬᠦᠯᠦᠯᠳᠡ ᠶᠢᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠦᠨ᠎ᠡ ᠃ ︽ᠰᠢᠤᠸᠠᠢ ᠵᠢᠶᠠ ᠸᠠᠨ ᠳ᠋ᠠ ᠯᠤ᠋ ︾ ᠶᠢ ᠴᠤᠭᠴᠠᠵᠢᠭᠤᠯᠬᠤ ᠠᠬᠢᠴᠠ ᠶᠢ ᠲᠦᠷᠭᠡᠳᠬᠡᠨ | ᠠᠬᠢᠭᠤᠯᠵᠤ ᠂ ︽ᠰᠢᠤᠸᠠᠢ ᠵᠢᠶᠠ ᠸᠠᠨ ᠳ᠋ᠠ ᠯᠤ᠋ ︾ ᠶᠢᠨ ᠬᠤᠲᠠ ᠶᠢᠨ ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠬᠤᠲᠠ ᠶᠢᠨ ᠴᠠᠭᠠᠷᠢᠭ | ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ ᠃ ᠬᠤᠳᠠ ᠪᠠᠯᠭᠠᠰᠤᠨ ᠤ ᠤᠯᠠᠨ ᠨᠡᠶᠢᠲᠡ ᠶᠢᠨ ᠦᠢᠯᠡᠴᠢᠯᠡᠭᠡ ᠂ ᠨᠡᠶᠢᠭᠡᠮ ᠤᠨ ᠦᠢᠯᠡᠰ ᠢ | ᠠᠯᠬᠤᠮ ᠠᠯᠬᠤᠮ ᠢᠶᠠᠷ ᠬᠥᠳᠡᠭᠡ ᠲᠣᠰᠬᠤᠨ ᠲᠡᠰᠢ ᠥᠷᠭᠡᠳᠬᠡᠵᠦ ᠂ ᠬᠤᠳᠠ ᠬᠥᠳᠡᠭᠡ ᠶᠢᠨ ᠠᠵᠢᠯ ᠣᠯᠭᠤᠯᠲᠠ ᠂ ᠰᠤᠷᠭᠠᠨ ᠬᠥᠮᠦᠵᠢᠯ ᠂ ᠡᠮ | ᠡᠮᠨᠡᠯᠭᠡ ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠨ ᠬᠥᠭᠵᠢᠭᠦᠯᠦᠨ᠎ᠡ ᠃ | ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ | ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠂ ᠪᠣᠬᠢᠷᠲᠤᠯ ᠥᠬᠡᠶ ᠲᠠᠷᠢᠶᠠᠯᠠᠩ ᠂ ᠨᠠᠷᠠᠲᠤ ᠲᠡᠮᠳᠡᠭᠲᠦ ᠲᠠᠷᠢᠶᠠᠯᠠᠩ ᠂ ᠶᠠᠰᠤ ᠴᠢᠨᠠᠷ ᠤᠨ | ᠲᠠᠷᠢᠶᠠᠯᠠᠩ ᠢ ᠶᠡᠬᠡᠪᠡᠷ ᠬᠥᠭᠵᠢᠭᠦᠯᠵᠦ ᠂ ᠤᠯᠤᠰ ᠤᠨ ᠳᠡᠰ ᠤᠨ ᠬᠥᠳᠡᠭᠡ ᠲᠣᠰᠬᠤᠨ ᠤ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ | ᠦᠵᠡᠭᠦᠯᠬᠦ ᠬᠦᠷᠢᠶᠡᠯᠡᠩ ᠢ ᠪᠠᠶᠢᠭᠤᠯᠵᠦ ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ | ᠰᠠᠭᠤᠷᠢᠨ ᠭᠠᠵᠠᠷ ᠢ ᠪᠠᠶᠢᠭᠤᠯᠤᠨ᠎ᠠ ᠃ | ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠪᠠᠷ ᠬᠠᠷᠠᠯᠲᠠ ᠪᠤᠯᠭᠠᠬᠤ ᠶᠢ ᠪᠠᠷᠢᠮᠲᠠᠯᠠᠵᠤ ᠂ ᠵᠣᠯ ᠵᠢᠷᠭᠠᠯᠲᠤ ᠵᠡᠭᠦᠨᠭᠠᠷ ᠢ ᠪᠦᠳᠦᠭᠡᠨ ᠪᠠᠶᠢᠭᠤᠯᠤᠨ᠎ᠠ ᠃ | ᠠᠵᠢᠯ ᠣᠯᠭᠤᠯᠲᠠ ᠶᠢᠨ ᠶᠠᠰᠤ ᠴᠢᠨᠠᠷ ᠪᠠ ᠰᠠᠭᠤᠭᠠᠯᠢ ᠠᠷᠠᠳ ᠤᠨ ᠣᠷᠤᠯᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ ᠂ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠵᠦ ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ ᠃ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ ᠂ ᠬᠠᠲᠤᠨ ᠭᠤᠤᠯ ᠤᠨ ᠰᠣᠶᠣᠯ ᠤᠨ | ᠤᠯᠠᠮᠵᠢᠯᠠᠯ ᠤᠨ ᠬᠠᠮᠠᠭᠠᠯᠠᠯᠲᠠ ᠶᠢᠨ ᠣᠷᠣᠨ ᠢ ᠪᠠᠶᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠳᠤᠤᠷᠵᠢᠭᠤᠯᠤᠬᠰᠠᠨ ᠪᠦᠳᠤᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠳᠤᠬᠳᠠᠯᠴᠠᠭ᠎ᠠ ᠶᠢ ᠪᠥᠷᠢᠨᠰᠢᠬᠦᠯᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠤᠯᠠᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ | ᠡᠳ᠋ᠯᠡᠭᠦᠯᠬᠦ ᠪᠠᠷ ᠴᠢᠷᠮᠠᠶᠢᠵᠤ ᠂ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠬᠡᠪ ᠵᠠᠭᠪᠤᠷ ᠤᠨ ᠣᠷᠣᠨ ᠢ ᠴᠣᠭᠴᠠᠯᠠᠨ ᠪᠠᠶᠢᠭᠤᠯᠤᠨ᠎ᠠ ᠃ | ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠪᠠᠷᠢᠮᠲᠠᠯᠠᠵᠤ᠂ ᠠᠮᠤᠭᠤᠯᠠᠩ ᠵᠡᠭᠦᠨᠭᠠᠷ ᠢ ᠪᠥᠲᠥᠭᠡᠨ ᠪᠠᠶᠢᠭᠤᠯᠤᠨ᠎ᠠ᠃ ᠬᠠᠤᠯᠢ ᠶᠣᠰᠣᠭᠠᠷ | ᠬᠤᠰᠢᠭᠤ ᠶᠢ ᠵᠠᠰᠠᠬᠤ᠂ ᠬᠠᠤᠯᠢ ᠶᠣᠰᠣᠭᠠᠷ ᠲᠦᠷᠦ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ ᠂ ᠬᠠᠤᠯᠢᠵᠢᠯ ᠵᠠᠰᠠᠭ ᠤᠨ ᠤᠷᠳᠤᠨ᠂ | ᠬᠠᠤᠯᠢᠵᠢᠯ ᠨᠡᠶᠢᠭᠡᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ ᠪᠦᠲᠦᠮᠵᠢ ᠪᠠ ᠤᠯᠠᠨ ᠨᠡᠶᠢᠳᠡ ᠶᠢᠨ | ᠢᠲᠡᠭᠡᠭᠦᠯᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠪᠠ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠦᠨᠡᠨ ᠬᠦ ᠴᠢᠩᠭᠠᠳᠬᠠᠵᠤ ᠂ ᠠᠷᠠᠳ ᠲᠦᠮᠡᠨ ᠤ ᠠᠮᠤᠷ | ᠲᠠᠶᠢᠪᠤᠩ ᠠᠵᠤ ᠲᠦᠷᠦᠭᠦ ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ ᠃ ᠨᠡᠶᠢᠭᠡᠮ ᠤᠨ | ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠡᠬᠢ ᠡᠭᠦᠰᠦᠯ ᠠᠴᠠ ᠨᠢ | ᠵᠠᠰᠠᠬᠤ ᠂ ᠰᠢᠰᠲ᠋ᠧᠮ ᠲᠠᠢ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ | ᠲᠠᠰᠤᠷᠠᠯᠲᠠ ᠦᠭᠡᠢ ᠠᠬᠢᠭᠤᠯᠵᠤ ᠂ ᠨᠡᠶᠢᠭᠡᠮ ᠤᠨ ᠵᠠᠰᠠᠯᠲᠠᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ ᠃ | ᠲᠥᠯᠦᠭᠡᠯᠡᠭᠴᠢᠳ ᠡ︕ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠷᠡᠮᠡᠭᠡᠶᠢᠯᠡᠨ ᠤᠷᠤᠭᠰᠢᠯᠠᠵᠤ ᠂ | ᠰᠢᠨ᠎ᠡ ᠠᠶᠠᠨ ᠵᠠᠮ ᠢ ᠡᠬᠢᠯᠡᠬᠦᠯᠬᠦ ᠳᠤ ᠂ ᠥᠨᠥᠳᠦᠷ ᠤᠨ ᠵᠡᠭᠦᠨᠭᠠᠷᠴᠤᠳ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠯ᠎ᠠ ᠃ ᠬᠤᠰᠢᠭᠤᠨ ᠤ | ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠣᠤᠷ᠎ᠠ ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠬᠦᠯᠤᠨ ᠰᠢᠨᠲᠠᠷᠠᠰᠢ ᠥᠬᠡᠶ ᠴᠢᠷᠮᠠᠶᠢᠯᠭ᠎ᠠ ᠭᠠᠷᠭᠠᠬᠤ ᠪᠠᠷ ᠳᠡᠮᠵᠢᠨ ᠂ ᠡᠨᠡ ᠬᠦ ᠠᠤᠭ᠎ᠠ ᠲᠥᠰᠦᠪ ᠢ ᠯᠠᠪᠲᠠᠶ ᠪᠣᠳᠠᠲᠤ ᠠᠬᠤᠶ ᠪᠣᠯᠭᠠᠨ | ᠬᠤᠪᠢᠷᠠᠭᠤᠯᠵᠤ ᠂ ᠵᠡᠭᠦᠨᠭᠠᠷ ᠤᠨ ᠢᠷᠡᠭᠡᠳᠦᠶ ᠯᠠᠪᠲᠠᠶ ᠨᠠᠩ ᠰᠠᠶᠢᠨ ᠰᠠᠶᠢᠬᠠᠨ ᠪᠣᠯᠬᠤ ᠳᠤ ᠪᠢᠳᠡ ᠪᠠᠲᠤ ᠢᠳᠡᠭᠡᠯ ᠲᠠᠢ ᠪᠠᠶᠢᠨ᠎ᠠ ︕ | ᠭᠤᠷᠪᠠ ᠂ 2021 ᠣᠨ ᠤ ᠠᠵᠢᠯ ᠤᠨ ᠲᠤᠬᠢᠷᠠᠭᠤᠯᠤᠯᠳᠠ | 2021 ᠣᠨ ᠪᠣᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ ᠂ ︽ ᠠᠷᠪᠠᠨ ᠳᠥᠷᠪᠡᠳᠦᠭᠡᠷ | ᠲᠠᠪᠤᠨ ᠵᠢᠯ ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ ᠂ ᠮᠥᠨ ᠴᠦ ᠮᠠᠨ ᠤ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠲᠦᠷᠭᠡᠳᠬᠡᠬᠦ ᠵᠠᠩᠭᠢᠯᠠᠭ᠎ᠠ ᠶᠢᠨ ᠨᠢᠭᠡ ᠵᠢᠯ ᠮᠥᠨ ᠪᠤᠯᠬᠤᠷ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ | ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠦᠪᠦᠷ ᠮᠤᠩᠭᠤᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ | ᠡᠯ᠎ᠡ ᠱᠠᠲᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠂ ᠲᠣᠭᠲᠠᠭᠤᠨ ᠤ ᠳᠤᠮᠳᠠ ᠤᠷᠤᠬᠰᠢᠯᠠᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ ᠂ ᠰᠢᠨ᠎ᠡ ᠬᠥᠭᠵᠢᠯᠲᠡ ᠶᠢᠨ ᠣᠢᠢᠯᠠᠭᠠᠭᠳᠠᠬᠤᠨ ᠢ | ᠳᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ | ᠪᠣᠯᠭᠠᠵᠤ ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ ᠂ ᠰᠢᠰᠲ᠋ᠧᠮᠲᠦ ᠦᠵᠡᠯᠲᠡ ᠶᠢ | ᠪᠠᠷᠢᠮᠲᠠᠯᠠᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠂ 《ᠵᠢᠷᠭᠤᠭ᠎ᠠ ᠶᠢ ᠲᠣᠭᠲᠠᠪᠤᠷᠢᠵᠢᠭᠤᠯᠬᠤ》 ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ 《ᠵᠢᠷᠭᠤᠭ᠎ᠠ ᠶᠢ ᠪᠠᠲᠤᠯᠠᠬᠤ》 | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠠᠵᠤ ᠠᠬᠤᠶ ᠶᠢᠨ ᠡᠷᠬᠢᠯᠳᠡ ᠶᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ | ᠴᠢᠷᠮᠠᠶᠢᠨ ᠪᠠᠲᠤᠯᠠᠵᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠵᠤ ᠂ ᠦᠨᠳᠤᠷ ᠬᠢᠷᠢ ᠳᠦᠪᠰᠢᠨ ᠪᠦᠬᠦᠢ ᠭᠠᠳᠠᠬᠰᠢ ᠨᠡᠭᠡᠭᠡᠯᠳᠡ ᠬᠢᠬᠦ ᠬᠢᠷᠢ ᠲᠦᠪᠰᠢᠨ ᠢ | ᠥᠷᠭᠡᠳᠬᠡᠵᠦ ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ ᠂ ᠰᠢᠯᠢᠳᠡᠭ | ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ ᠃ | ᠡᠨᠡ ᠵᠢᠯ ᠤᠨ ᠭᠤᠣᠯ ᠪᠣᠯᠬᠤ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 6% | ᠣᠷᠴᠢᠮ ᠢᠶᠠᠷ ᠨᠡᠮᠡᠭᠳᠡᠭᠦᠯᠵᠦ ᠂ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢ 5% ᠣᠷᠴᠢᠮ ᠢᠶᠠᠷ ᠨᠡᠮᠡᠭᠳᠡᠭᠦᠯᠵᠦ ᠂ ᠨᠡᠶᠢᠭᠡᠮ ᠤᠨ | ᠬᠡᠷᠡᠭᠯᠡᠭᠡᠨ ᠤ ᠪᠣᠳᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠶ ᠲᠤᠭ᠎ᠠ ᠶᠢ 6% ᠣᠷᠴᠢᠮ ᠢᠶᠠᠷ ᠨᠡᠮᠡᠭᠳᠡᠭᠦᠯᠵᠦ ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠤᠯᠭ᠎ᠠ ᠶᠢ ᠲᠤᠰ ᠲᠤᠰ 3% ᠣᠷᠴᠢᠮ ᠪᠠ 5% ᠣᠷᠴᠢᠮ ᠢᠶᠠᠷ ᠨᠡᠮᠡᠭᠳᠡᠭᠦᠯᠵᠦ ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠳᠡᠭ ᠤᠨ ᠨᠢᠭᠡᠴᠢ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠵᠤ ᠂ ᠭᠤᠣᠯ ᠪᠣᠯᠬᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠂ ᠪᠢᠳᠡ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ | ᠠᠳᠬᠤᠨ᠎ᠠ ᠃ | (ᠨᠢᠭᠡ) ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ ᠂ ᠤᠳᠤ ᠦᠶ᠎ᠡ ᠶᠢᠨ ᠠᠵᠤ | ᠠᠬᠤᠢ ᠶᠢᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ | ᠠᠵᠤ ᠠᠬᠤᠢᠢᠯᠠᠯ ᠤᠨ ᠡᠷᠡᠭᠦᠯ ᠲᠣᠭᠲᠠᠭᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠠᠵᠤ ᠠᠬᠤᠢᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠂ ᠬᠦᠴᠢᠷᠳᠡᠯ ᠢ ᠰᠢᠶᠳᠪᠦᠷᠢᠯᠡᠨ ᠠᠵᠤ ᠠᠬᠤᠢᠢᠯᠠᠯ ᠳᠤ ᠠᠰᠢᠭ ᠬᠦᠷᠲᠡᠭᠡᠬᠦ ᠂ ᠭᠠᠶᠢᠯᠢ ᠰᠦᠢᠳᠬᠡᠯ ᠢ | ᠬᠠᠰᠤᠵᠤ ᠬᠡᠯᠲᠦᠷᠢᠭᠦᠯᠬᠦ ᠂ ᠬᠡᠷᠡᠭᠯᠡᠭᠡ ᠪᠠᠷ ᠤᠷᠮᠠᠰᠢᠭᠤᠯᠬᠤ ᠵᠡᠷᠭᠡ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ ᠂ ᠠᠷᠭ᠎ᠠ ᠪᠤᠳᠤᠯᠭ᠎ᠠ ᠶᠢ ᠤᠨᠤᠴᠠᠳᠠᠢ ᠭᠡᠷᠡᠭᠵᠢᠬᠦᠯᠤᠨ ᠭᠤᠤᠯ ᠴᠣᠭᠴᠠ ᠶᠢ ᠲᠣᠭᠲᠠᠭᠤᠨ | ᠪᠠᠶᠢᠯᠭᠠᠵᠤ ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠭᠡᠪᠴᠢᠯᠡᠨ ᠬᠥᠭᠵᠢᠬᠦ ᠶᠢ ᠠᠬᠢᠭᠤᠯᠤᠨ᠎ᠠ ᠃ ᠮᠥᠩᠭᠦᠨ ᠭᠦᠶᠯᠭᠡᠭᠡᠨ ᠤ | ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ ᠂ ᠮᠥᠩᠭᠦᠨ ᠭᠦᠶᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠶᠯᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠦᠨ ᠂ ᠠᠵᠤ ᠠᠬᠤᠢᠢᠯᠠᠯ ᠤᠨ ᠪᠠᠯᠠ ᠴᠤᠬᠯᠠᠭᠤᠯᠬᠤ ᠶᠢ ᠨᠠᠩ ᠲᠥᠬᠦᠮ ᠂ ᠥᠪᠡᠷ ᠤᠨ ᠥᠷᠲᠡᠭ ᠢ ᠨᠠᠩ ᠳᠣᠤᠷ᠎ᠠ | ᠪᠣᠯᠭᠠᠵᠤ ᠂ ᠠᠵᠤ ᠠᠬᠤᠢᠢᠯᠠᠯ ᠤᠨ ᠪᠠᠯᠠ ᠣᠷᠣᠭᠤᠯᠤᠯᠲᠠ ᠶᠢᠨ ᠢᠲᠡᠭᠡᠯ ᠵᠣᠷᠢᠭ ᠪᠠ ᠠᠮᠢᠵᠢᠷᠠᠯ ᠤᠨ ᠬᠦᠴᠦᠨ ᠢ ᠬᠥᠭᠵᠢᠭᠡᠵᠦ ᠂ ᠠᠷᠠᠳ ᠤᠨ | ᠳᠤᠮᠳᠠᠬᠢ ᠪᠠᠯᠠ ᠣᠷᠣᠭᠤᠯᠤᠯᠲᠠ ᠶᠢ 6% ᠠᠴᠠ ᠳᠠᠪᠠᠭᠤᠯᠤᠨ᠎ᠠ᠃ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠶᠢᠨ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ ᠂ ᠬᠦᠷᠢᠶᠡᠯᠡᠩ ᠲᠣᠭᠤᠷᠢᠭ ᠤᠨ ᠴᠠᠬᠢᠯᠭᠠᠨ ᠲᠦᠭᠡᠭᠡᠨ ᠬᠤᠳᠠᠯᠳᠤᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ ᠂ | ᠠᠵᠤ ᠠᠬᠤᠢᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ ᠃ ᠵᠢᠦ ᠲᠠᠢ ᠡᠨᠧᠷᠭᠢ ᠶᠢᠨ ᠺᠣᠮᠫᠠᠨᠢ ᠶᠢᠨ ᠡᠨᠡ ᠵᠢᠯ ᠤᠨ | ᠳᠣᠲᠣᠷ᠎ᠠ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠶ ᠠᠬᠢᠭᠤᠯᠤᠨ᠎ᠠ᠃ | ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠷᠭᠡᠪᠴᠢᠯᠡᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ | ᠳᠠᠪᠬᠤᠷ ᠢᠰᠤᠯ ᠤᠨ ᠭᠠᠳᠠᠬᠰᠢᠯᠠᠭᠤᠯᠤᠯᠳᠠ ᠶᠢ ᠣᠷᠭᠢᠯ ᠭᠡᠮᠵᠢᠭᠳᠡᠯ ᠳᠤ ᠬᠦᠷᠭᠡᠬᠦ ᠂ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠬᠠᠷᠠᠯᠲᠠ ᠶᠢᠨ | ᠲᠣᠭᠤᠷᠢᠨ ᠳᠤ ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ ᠡᠵᠡᠮᠳᠡᠨ ᠂ ᠡᠨᠧᠷᠭᠢ ᠶᠢᠨ ᠠᠵᠤ ᠦᠶᠯᠡᠰ ᠤᠨ ᠣᠶᠤᠨᠴᠢᠯᠠᠭᠰᠠᠨ ᠪᠠ ᠪᠣᠬᠢᠷᠲᠤᠯ | ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠬᠦ ᠶᠢ ᠠᠬᠢᠭᠤᠯᠤᠨ᠎ᠠ ᠃ ᠨᠡᠭᠦᠷᠡᠰᠦᠨ ᠤ ᠠᠮᠤᠷ ᠲᠦᠪᠰᠢᠨ ᠪᠣᠬᠢᠷᠲᠤᠯ | ᠦᠭᠡᠢ ᠪᠠᠷ ᠨᠡᠭᠡᠭᠡᠨ ᠮᠠᠯᠲᠠᠬᠤ ᠶᠢ ᠪᠦᠬᠦ ᠲᠠᠯ᠎ᠠ ᠪᠠᠷ ᠠᠬᠢᠭᠤᠯᠵᠤ ᠂ ᠴᠢᠨᠠᠷ ᠰᠠᠶᠢᠲᠠᠶ ᠦᠢᠯᠡᠳᠪᠦᠷᠢᠯᠡᠬᠦ ᠴᠢᠳᠠᠪᠤᠷᠢ ᠶᠢ ᠡᠮᠬᠢ ᠳᠢᠭᠯᠢᠮ ᠲᠠᠢ ᠪᠠᠷ | ᠪᠠᠳᠠᠷᠠᠭᠤᠯᠤᠨ ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠨ᠎ᠠ ᠃ ᠪᠥᠬᠦ ᠵᠢᠯ ᠳᠤ ᠨᠡᠭᠦᠷᠡᠰᠦᠨ ᠤ ᠦᠶᠯᠡᠳᠪᠦᠷᠢᠯᠡᠯ ᠪᠣᠷᠣᠯᠠᠭᠤᠯᠭ᠎ᠠ ᠶᠢᠨ | ᠬᠡᠮᠵᠢᠶ᠎ᠡ ᠶᠢ 2.6 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠵᠤ ᠂ ᠴᠢᠩ ᠴᠦᠨ ᠲᠠ ᠂ ᠺᠠᠶ ᠳ᠋ᠠ ᠵᠡᠷᠭᠡ 24 ᠨᠡᠭᠦᠷᠡᠰᠦᠨ ᠠᠭᠤᠷᠬᠠᠶ ᠶᠢ | ᠪᠣᠬᠢᠷᠲᠤᠯ ᠥᠬᠡᠶ ᠠᠭᠤᠷᠬᠠᠶ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ ᠂ ᠰᠤᠸᠠᠨ ᠼᠢ ᠭᠸᠤ ᠂ ᠲᠠᠩ ᠵᠢᠶᠠ ᠬᠤᠶ ᠂ ᠬᠤᠩ ᠱᠤ᠋ ᠯᠢᠶᠠᠩ ᠵᠡᠷᠭᠡ | 3 ᠨᠡᠭᠦᠷᠡᠰᠦᠨ ᠠᠭᠤᠷᠬᠠᠶ ᠶᠢ ᠤᠶᠤᠨᠴᠢ ᠠᠭᠤᠷᠬᠠᠶ ᠪᠣᠯᠭᠠᠨ ᠪᠥᠲᠥᠭᠡᠨ ᠪᠠᠶᠢᠭᠤᠯᠵᠤ ᠂ ︽ 5G+ ᠤᠶᠤᠨᠴᠢ ᠠᠭᠤᠷᠬᠠᠶ ︾ ᠶᠢᠨ ᠬᠡᠷᠡᠭᠯᠡᠭᠡᠨ ᠤ | ᠵᠠᠭᠪᠤᠷ ᠢ ᠳᠡᠯᠭᠡᠷᠡᠭᠦᠯᠦᠨ᠎ᠡ ᠃ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠶᠢ ᠦᠷᠭᠦᠯᠵᠢᠯᠡᠨ ᠠᠬᠢᠭᠤᠯᠵᠤ ᠂ ᠢ ᠲᠠᠢ ᠶᠢᠨ | ᠨᠡᠭᠦᠷᠡᠰᠦ ᠪᠠᠷ ᠲᠣᠰᠣ ᠦᠶᠯᠡᠳᠬᠦ ᠂ ᠵᠢᠤ ᠲᠠᠢ ᠶᠢᠨ ᠨᠡᠭᠦᠷᠡᠰᠦ ᠪᠠᠷ ᠡᠲ᠋ᠢᠯ ᠬᠤᠶᠠᠷᠴᠢ ᠠᠯᠺᠣᠣᠯ ᠦᠶᠯᠡᠳᠬᠦ ᠪᠠ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠢᠮᠢ ᠶᠢᠨ ᠠᠵᠤ ᠤᠶᠢᠯᠡᠳᠪᠤᠷᠢ ᠶᠢᠨ ᠨᠡᠭᠦᠷᠡᠰᠦ ᠪᠠᠷ ᠠᠯᠺᠧᠨ ᠦᠶᠯᠡᠳᠬᠦ ᠵᠡᠷᠭᠡ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠶᠯᠡᠳᠪᠦᠷᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠲᠣᠭᠲᠠᠮᠠᠯ ᠬᠦᠴᠦᠨ ᠲᠠᠢ | ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠢ ᠴᠤᠭᠴᠠᠵᠢᠭᠤᠯᠬᠤ ᠵᠡᠷᠭᠡ ᠲᠥᠷᠥᠯ ᠵᠦᠶᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠪᠠᠷ | ᠴᠢᠷᠮᠠᠶᠢᠵᠤ ᠂ ᠨᠡᠭᠦᠷᠡᠰᠦᠨ ᠤ ᠡᠬᠢ ᠪᠠᠶᠠᠯᠢᠭ ᠢ ᠤᠯᠠᠷᠢᠭᠤᠯᠤᠨ ᠬᠤᠪᠢᠷᠠᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ ᠂ | ᠴᠠᠬᠢᠯᠭᠠᠨ ᠢᠷᠡᠯᠳᠡ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠢᠵᠢ ᠪᠦᠷᠢᠳᠦᠬᠦᠯᠬᠦ ᠶᠢᠨ ᠬᠠᠮᠳᠤ 260 ᠲᠦᠮᠡᠨ | ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠣᠨᠴᠠ ᠥᠨᠳᠥᠷ ᠬᠦᠴᠤᠳᠡᠯᠳᠤ ᠴᠠᠬᠢᠯᠭᠠᠨ ᠢ ᠭᠠᠳᠠᠭᠰᠢ ᠬᠦᠷᠭᠡᠬᠦ ᠰᠠᠭᠤᠷᠢᠨ ᠭᠠᠵᠠᠷ ᠤᠨ | ᠲᠥᠯᠥᠪᠵᠢᠭᠦᠯᠭᠡ ᠶᠢ ᠵᠥᠪᠰᠢᠶᠡᠷᠡᠭᠦᠯᠤᠨ ᠂ ᠤᠯᠠᠨ ᠵᠦᠢᠯ ᠤᠨ ᠡᠨᠧᠷᠭᠢ ᠶᠢᠨ ᠰᠤᠷᠪᠤᠯᠵᠢ ᠶᠢ ᠬᠠᠮᠵᠢᠯᠴᠠᠭᠤᠯᠤᠨ ᠬᠠᠷᠢᠯᠴᠠᠨ ᠨᠥᠬᠦᠪᠥᠷᠢᠯᠡᠬᠦ ᠂ | ᠡᠷᠴᠢᠮᠯᠢᠭ ᠪᠥᠭᠡᠳ ᠥᠨᠳᠥᠷ ᠪᠦᠲᠦᠮᠵᠢᠲᠡᠶ ᠪᠠᠷ ᠬᠥᠭᠵᠢᠭᠦᠯᠬᠦ ᠶᠢ ᠠᠬᠢᠭᠤᠯᠤᠨ᠎ᠠ ᠃ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ᠎ᠠ᠃ ᠰᠢᠨ᠎ᠡ ᠠᠵᠤ ᠦᠢᠯᠡᠰ ᠢ ᠶᠡᠬᠡᠪᠡᠷ ᠬᠥᠭᠵᠢᠭᠦᠯᠦᠨ᠂ | ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠵᠤ᠂ ᠭᠤᠤᠯᠢᠩ ᠰᠢᠷᠤᠢ ᠶᠢᠨ ᠠᠵᠤ ᠤᠶᠢᠯᠡᠰ ᠤᠨ ᠬᠡᠪᠴᠢᠶᠡᠵᠢᠭᠦᠯᠦᠭᠰᠡᠨ ᠪᠠ ᠦᠵᠦᠬᠦᠷᠰᠢᠬᠦᠯᠦᠭᠰᠡᠨ | ᠦᠢᠯᠡᠳᠪᠦᠷᠢᠯᠡᠯ ᠢ ᠠᠬᠢᠭᠤᠯᠵᠤ᠂ ᠴᠢᠨᠠᠷ ᠰᠠᠶᠢᠲᠠᠶ ᠲᠦᠭᠦᠬᠡᠶ ᠮᠠᠲ᠋ᠧᠷᠢᠶᠠᠯ ᠤᠨ ᠦᠢᠯᠡᠳᠪᠦᠷᠢᠯᠡᠯ ᠤᠨᠰᠠᠭᠤᠷᠢᠨ ᠭᠠᠵᠠᠷ ᠢ ᠪᠦᠳᠤᠭᠡᠨ ᠪᠠᠶᠢᠭᠤᠯᠤᠨ᠎ᠠ᠃ ᠸᠠᠭᠠᠷ | ᠱᠠᠭᠠᠵᠠᠩ ᠤᠨ ᠤᠨᠴᠠᠯᠢᠭᠳᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠳᠦᠷᠭᠡᠳᠭᠡᠨ᠂ ᠳᠡᠭᠡᠳᠦ ᠮᠡᠷᠭᠡᠵᠢᠯ ᠤᠨ ᠸᠠᠭᠠᠷ ᠱᠠᠭᠠᠵᠠᠩ ᠢᠶᠠᠷ | ᠤᠳᠤᠷᠢᠳᠤᠮᠵᠢ ᠪᠣᠯᠭᠠᠭᠰᠠᠨ ᠣᠯᠠᠨ ᠡᠰᠢᠵᠢᠬᠦᠯᠦᠭᠰᠡᠨ ᠸᠠᠭᠠᠷ ᠱᠠᠭᠠᠵᠠᠩ ᠤᠨ ᠠᠵᠤ ᠦᠢᠯᠡᠰ ᠤᠨ ᠬᠡᠯᠬᠢᠶ᠎ᠡ ᠶᠢ ᠴᠢᠷᠮᠠᠶᠢᠨ ᠪᠦᠷᠢᠯᠳᠦᠭᠦᠯᠵᠦ ᠂ ᠳᠡᠭᠡᠳᠦ | ᠲᠠᠰ ᠤᠨ ᠣᠨᠴᠠ ᠲᠥᠷᠥᠯ ᠤᠨ ᠰᠢᠯ ᠂ ᠭᠠᠯ ᠳᠤ ᠳᠡᠰᠪᠤᠷᠢᠳᠡᠢ ᠮᠠᠲ᠋ᠧᠷᠢᠶᠠᠯ ᠂ ᠪᠠᠯ ᠴᠢᠯᠠᠭᠤᠨ ᠠᠯᠺᠧᠨ ᠂ ᠴᠠᠬᠢᠭᠤᠷ ᠢᠶᠠᠷ ᠰᠠᠭᠤᠷᠢ ᠪᠣᠯᠭᠠᠭᠰᠠᠨ | ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠪᠤᠶᠢᠵᠢᠭᠤᠯᠤᠨ ᠬᠥᠭᠵᠢᠭᠦᠯᠵᠦ ᠂ ᠶᠢᠩ ᠰᠢᠨ ᠰᠢᠯ ᠂ ᠰᠢᠩ ᠶᠠᠩ ᠳᠡᠭᠡᠳᠦ ᠰᠢᠨ᠎ᠡ | ᠮᠡᠷᠭᠡᠵᠢᠯ ᠤᠨ ᠴᠠᠬᠢᠭᠤᠷ ᠢᠶᠠᠷ ᠰᠠᠭᠤᠷᠢ ᠪᠣᠯᠭᠠᠭᠰᠠᠨ ᠮᠠᠲ᠋ᠧᠷᠢᠶᠠᠯ ᠂ ᠱᠠᠩᠬᠠᠶ ᠶᠢᠨ ᠶᠢᠩ ᠲᠠᠢ ᠨᠡᠶᠢᠯᠡᠮᠡᠯ ᠮᠠᠲ᠋ᠧᠷᠢᠶᠠᠯ ᠤᠨ ᠠᠵᠤ ᠦᠶᠯᠡᠰ ᠤᠨ | ᠬᠦᠷᠢᠶᠡᠯᠡᠩ ᠵᠡᠷᠭᠡ ᠲᠥᠷᠥᠯ ᠵᠦᠶᠯ ᠢ ᠨᠤᠳᠤᠬᠰᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠵᠦ ᠂ ᠳᠢᠶᠧ ᠴᠧᠨ ᠤ ᠳᠤᠨᠤᠬᠯᠠᠯ ᠦᠶᠯᠡᠳᠬᠦ | ᠲᠥᠷᠥᠯ ᠵᠦᠶᠯ ᠢ ᠪᠠᠶᠢᠭᠤᠯᠵᠦ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ | ᠪᠣᠯᠤᠭᠰᠠᠨ ᠠᠵᠤ ᠦᠶᠯᠡᠰ ᠤᠨ ᠰᠦᠷᠦᠭᠵᠢᠯ ᠢ ᠪᠣᠶ ᠪᠣᠯᠭᠠᠨ᠎ᠠ ᠃ ᠨᠡᠬᠦᠷᠡᠰᠦᠠ ᠴᠢᠯᠠᠭᠤᠨ ᠤ ᠶᠡᠷᠦᠩᠬᠡᠶᠢᠯᠡᠨ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠨ ᠂ ᠨᠡᠬᠦᠷᠡᠰᠦᠠ ᠴᠢᠯᠡᠭᠤ ᠵᠡᠷᠭᠡ ᠨᠡᠭᠦᠷᠡᠰᠦᠨ ᠤ ᠲᠠᠭᠠᠯᠳᠠ ᠡᠬᠢ ᠪᠠᠶᠠᠯᠢᠭ ᠯᠤᠭ᠎ᠠ ᠤᠯᠠᠨ ᠠᠷᠭ᠎ᠠ ᠮᠠᠶ᠋ᠢᠭ ᠂ | ᠤᠯᠠᠨ ᠠᠷᠭ᠎ᠠ ᠵᠠᠮ ᠢᠶᠠᠷ ᠶᠡᠷᠦᠩᠬᠡᠶᠢᠯᠡᠨ ᠠᠰᠢᠭᠯᠠᠬᠤ ᠶᠢ ᠰᠦᠪᠡᠭᠴᠢᠯᠡᠵᠦ ᠂ ᠨᠤᠨᠲᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ ᠬᠥᠡᠭᠭᠡᠨ ᠴᠠᠭᠠᠨ ᠢ | ᠭᠠᠷᠭᠠᠨ ᠠᠪᠬᠤ ᠵᠢᠴᠢ ᠲᠤᠤᠷᠠᠳᠤ ᠭᠡᠯᠬᠢᠶᠠᠨ ᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ ᠃ 5G᠂ ᠳᠠᠷᠬᠠᠯᠳᠠ ᠶᠢᠨ ᠭᠡᠯᠪᠡᠷᠢ | ᠲᠠᠢ ᠡᠯᠧᠺᠲᠷᠤᠨ ᠪᠤᠳᠤᠯᠭ᠎ᠠ ᠶᠢᠨ ᠮᠠᠰᠢᠨ ᠢ ᠬᠤᠯᠪᠤᠬᠤ ᠂ ᠠᠵᠤ ᠦᠢᠯᠡᠳᠪᠦᠷᠢ ᠶᠢᠨ ᠢᠡᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠳᠤᠭᠠᠴᠢᠯᠠᠬᠰᠠᠨ ᠠᠵᠤ ᠠᠬᠤᠶ ᠪᠠ ᠪᠣᠳᠠᠲᠤ | ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷᠵᠢᠯ ᠤᠨ ᠭᠢᠷᠢ ᠲᠦᠪᠰᠢᠨ ᠢ ᠲᠡᠭᠡᠭᠰᠢᠯᠡᠭᠦᠯᠦᠨ᠎ᠠ᠃ ᠲᠡᠮᠦᠷ ᠵᠠᠮ ᠤᠨ ᠲᠥᠪᠯᠡᠷᠡᠭᠦᠯᠦᠨ | ᠲᠠᠷᠬᠠᠭᠠᠵᠤ ᠲᠡᠭᠡᠭᠡᠪᠦᠷᠢᠯᠡᠬᠦ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠤᠸᠠᠨ ᠱᠦᠢ ᠶᠢᠨ ᠨᠡᠭᠦᠷᠡᠰᠦ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ | ᠬᠦᠷᠭᠡᠬᠦ ᠲᠥᠪ ᠪᠠ ᠳ᠋ᠠ ᠶᠤᠸᠠᠨ ᠳ᠋ᠦᠡᠭ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠢᠩ ᠸᠠᠩ ᠳ᠋ᠠ | ᠂ ᠴᠢᠶᠠᠨ ᠲᠦᠩ ᠵᠡᠷᠭᠡ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠪᠠ ᠢᠵᠢ ᠪᠥᠷᠢᠳᠦᠭᠰᠡᠨ ᠲᠡᠮᠦᠷ ᠵᠠᠮ ᠤᠨ ᠲᠤᠰᠬᠠᠶ ᠱᠤᠭᠤᠮ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠭᠤᠸᠠᠨ ᠽᠢ ᠭᠸᠥ ᠶᠢᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠂ ᠰᠧ ᠳ᠋ᠤᠤ ᠯᠢᠦ ᠶᠢᠨ ᠲᠥᠪᠯᠡᠷᠡᠭᠦᠯᠦᠨ ᠲᠡᠭᠡᠭᠡᠪᠦᠷᠢᠯᠡᠬᠦ | ᠥᠷᠲᠡᠭᠡ ᠶᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ︽ᠵᠠᠰᠠᠮᠠᠯ ᠵᠠᠮ ᠤᠨ | ᠲᠡᠭᠡᠭᠡᠪᠤᠷᠢ ᠶᠢ ᠲᠡᠮᠦᠷ ᠵᠠᠮ ᠳᠤ ᠰᠢᠯᠵᠢᠭᠦᠯᠭᠦ︾ ᠠᠯᠬᠤᠴᠠ ᠶᠢ ᠲᠦᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠵᠥᠭᠡᠯᠡᠨ | ᠬᠠᠲᠠᠭᠤ ᠲᠣᠨᠤᠭ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠭᠦ ᠶᠢ ᠲᠦᠷᠭᠡᠳᠬᠡᠨ᠂ ᠵᠢᠯ ᠤᠨ ᠳᠣᠲᠣᠷ᠎ᠠ ᠡᠨᠧᠷᠭᠢ ᠶᠢᠨ ᠲᠠᠸᠠᠷ ᠢ ᠰᠦᠯᠵᠢᠶᠡᠨ ᠲᠡᠭᠡᠷ᠎ᠠ ᠰᠤᠯᠢᠯᠴᠠᠬᠤ ᠶᠢ | ᠪᠡᠶᠡᠯᠡᠭᠦᠯᠦᠨ᠎ᠠ᠃ ᠡᠷᠡᠭᠦᠯ ᠢᠶᠠᠷ ᠪᠡᠶ᠎ᠡ ᠰᠤᠪᠢᠯᠠᠬᠤ᠂ ᠨᠠᠰᠤᠲᠠᠨ ᠢ ᠠᠰᠠᠷᠠᠵᠤ ᠨᠢᠯᠬᠠᠰ ᠢ ᠪᠤᠶᠢᠵᠢᠭᠤᠯᠬᠤ᠂ ᠭᠡᠷ ᠤᠨ ᠶᠠᠪᠤᠳᠠᠯ ᠠᠳᠠᠯ ᠠᠬᠤᠶ ᠵᠡᠷᠭᠡ ᠠᠮᠢᠳᠤᠷᠠᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠵᠦ᠂ ᠬᠡᠷᠡᠭᠯᠡᠭᠡ ᠶᠢ ᠳᠡᠰ ᠳᠡᠪᠰᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠲᠠᠪᠴᠠᠩ ᠤᠨ ᠠᠵᠤ ᠠᠬᠤᠶ᠂ ᠬᠠᠮᠲᠤ ᠪᠠᠷ ᠡᠳ᠋ᠯᠡᠬᠦ ᠠᠵᠤ ᠠᠬᠤᠶ᠂ ᠰᠥᠨᠢ ᠶᠢᠨ ᠠᠵᠤ ᠠᠬᠤᠶ ᠵᠡᠷᠭᠡ ᠰᠢᠨ᠎ᠡ ᠭᠡᠪ ᠵᠠᠭᠪᠤᠷ ᠢ ᠬᠥᠭᠵᠢᠭᠦᠯᠬᠦ ᠶᠢ | ᠵᠤᠷᠢᠬᠵᠢᠭᠤᠯᠤᠨ᠎ᠠ᠃ ᠵᠤᠭᠠᠴᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ | ᠵᠤᠭᠠᠴᠠᠯ ᠤᠨ ᠦᠵᠡᠮᠵᠢ ᠶᠢᠨ ᠣᠷᠣᠨ ᠤ ᠴᠢᠨᠠᠷᠵᠢᠯ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠬᠠᠲᠤᠨ ᠭᠤᠤᠯ ᠤᠨ ᠶᠡᠭᠡ ᠬᠠᠪᠴᠢᠯ ᠢᠶᠠᠷ | ᠭᠤᠤᠯ ᠪᠣᠯᠭᠠᠭᠰᠠᠨ ᠬᠠᠲᠤᠨ ᠭᠤᠤᠯ ᠤᠨ ᠵᠤᠭᠠᠴᠠᠯ ᠤᠨ ᠦᠵᠠᠮᠵᠢ ᠶᠢᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠤᠯᠤᠰ ᠤᠨ 5A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠪᠥᠬᠦ ᠵᠢᠯ ᠤᠨ ᠵᠤᠭᠠᠴᠠᠬᠰᠠᠳ ᠢ ᠭᠥᠯᠢᠶᠡᠨ ᠠᠪᠬᠤ ᠬᠡᠮᠵᠢᠶ᠎ᠡ᠂ | ᠵᠤᠭᠠᠴᠠᠯ ᠤᠨ ᠣᠷᠤᠯᠭ᠎ᠠ ᠶᠢ ᠲᠣᠰ ᠲᠣᠰ 30% ᠠᠴᠠ ᠳᠡᠭᠡᠭᠰᠢ ᠨᠡᠮᠡᠭᠳᠡᠭᠦᠯᠦᠨ᠎ᠠ᠃ | ︵ᠬᠤᠶᠠᠷ︶ ᠠᠮᠢ ᠠᠬᠤᠶ ᠶᠢ ᠤᠷᠢᠳ ᠢᠶᠠᠷ ᠪᠤᠳᠤᠯᠭᠢᠯᠠᠬᠤ ᠤᠳᠤᠷᠢᠳᠤᠮᠵᠢ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ | ᠠᠬᠢᠭᠤᠯᠤᠨ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠲᠥᠪ ᠤᠨ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠭᠦᠭᠡᠮᠳᠦᠭ ᠲᠩᠷᠢ᠂ ᠴᠡᠩᠭᠡᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠲᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠠᠭᠤᠷᠬᠠᠶ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠠᠭᠤᠷᠬᠠᠶ ᠶᠢᠨ ᠣᠷᠣᠨ ᠤ ᠣᠯᠠᠨ ᠨᠡᠶᠢᠲᠡ ᠶᠢᠨ ᠣᠷᠣᠨ ᠪᠦᠰᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠨᠢᠭᠡ ᠪᠦᠯᠦᠭ | ᠲᠥᠷᠥᠯ ᠵᠤᠶᠢᠯ ᠢ ᠨᠢᠭᠡᠳᠦᠯᠲᠡᠶ ᠲᠦᠯᠦᠪᠵᠢᠭᠦᠯᠦᠨ ᠰᠦᠪᠡᠭᠴᠢᠯᠡᠵᠦ᠂ ᠵᠢᠯ ᠤᠨ ᠳᠣᠲᠣᠷ᠎ᠠ 1000 ᠾᠧᠺᠲ᠋ᠠᠷ ᠠᠴᠠ ᠳᠡᠭᠡᠭᠰᠢ ᠭᠠᠵᠠᠷ ᠢ ᠰᠡᠷᠭᠦᠭᠡᠨ | ᠬᠠᠭᠠᠯᠪᠤᠷᠢᠯᠠᠵᠤ ᠨᠣᠭᠤᠭᠠᠷᠠᠭᠤᠯᠬᠤ ᠶᠢ ᠪᠡᠶᠡᠯᠡᠭᠦᠯᠦᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠠᠵᠤ | ᠦᠢᠯᠡᠳᠪᠤᠷᠢ ᠶᠢᠨ ᠪᠣᠬᠢᠷᠲᠤᠯ ᠤᠨ ᠡᠬᠢ ᠶᠢ ᠭᠦᠨᠵᠡᠭᠡᠶ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ | ᠲᠠᠷᠠᠬᠠᠶ ᠪᠤᠲᠠᠷᠬᠠᠶ ᠪᠠᠷ ᠨᠡᠭᠦᠷᠡᠰᠦ ᠰᠢᠲᠠᠭᠠᠬᠤ ᠶᠢ ᠵᠠᠰᠠᠬᠤ ᠠᠵᠢᠯ ᠢ ᠠᠯᠬᠤᠮ ᠠᠯᠬᠤᠮ ᠢᠶᠠᠷ ᠥᠷᠨᠢᠭᠦᠯᠵᠦ᠂ ᠢ ᠲᠠᠢ ᠨᠡᠭᠦᠷᠡᠰᠦ ᠪᠠᠷ ᠲᠣᠰᠣ ᠦᠢᠯᠡᠳᠪᠤᠷᠢᠯᠡᠭᠦ | ᠵᠡᠷᠭᠡ 3 ᠠᠵᠤ ᠠᠬᠤᠶᠢᠯᠠᠯ ᠤᠨ ᠬᠡᠲᠦ ᠲᠤᠤᠷ᠎ᠠ ᠭᠠᠳᠠᠬᠰᠢᠯᠠᠭᠤᠯᠬᠤ ᠶᠢ ᠦᠭᠡᠷᠡᠴᠢᠯᠡᠭᠦ ᠡᠭᠦᠷᠭᠡ ᠶᠢ ᠪᠡᠶᠡᠯᠡᠭᠦᠯᠦᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠯᠦᠩ ᠸᠠᠩ ᠭᠸᠤ ᠶᠢᠨ ᠰᠠᠪᠠ ᠭᠠᠵᠠᠷ ᠤᠨ ᠲᠠᠬᠠᠷᠠ ᠭᠤᠤᠯ ᠤᠨ ᠵᠠᠮ ᠢ ᠵᠠᠰᠠᠬᠤ ᠶᠢ ᠲᠦᠷᠭᠡᠳᠬᠡᠨ᠂ ᠠᠵᠤ | ᠦᠢᠯᠡᠳᠪᠤᠷᠢ ᠶᠢᠨ ᠬᠦᠷᠢᠶᠡᠯᠡᠩ ᠲᠣᠭᠤᠷᠢᠭ ᠪᠠ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠤᠷᠢᠯᠡᠭᠦ ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠵᠢᠴᠢ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠩᠭᠠᠳᠬᠠᠵᠤ᠂ ᠢ ᠭᠤᠤ ᠨᠡᠭᠦᠷᠡᠰᠦ ᠬᠢᠮᠢ ᠶᠢᠨ ᠠᠵᠤ ᠦᠢᠯᠡᠳᠪᠤᠷᠢ᠂ ᠲᠢᠶᠠᠨ ᠷᠦᠨ ᠬᠢᠮᠢ ᠶᠢᠨ ᠪᠣᠷᠲᠣᠭᠤᠷ | ᠵᠡᠷᠭᠡ 4 ᠥᠨᠳᠥᠷ ᠳᠠᠪᠤᠰᠤᠲᠤ ᠤᠰᠤ ᠶᠢ ᠵᠠᠰᠠᠬᠤ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠠᠶᠤᠯ ᠲᠠᠢ ᠬᠠᠶᠠᠭᠳᠠᠮᠠᠯ ᠪᠣᠳᠠᠰ ᠢ ᠦᠢᠯᠡᠳᠪᠤᠷᠢᠯᠡᠭᠦ ᠠᠵᠤ ᠠᠬᠤᠶᠢᠯᠠᠯ ᠤᠨ ᠭᠠᠳᠠᠬᠰᠢᠯᠠᠭᠤᠯᠬᠤ ᠶᠢ ᠬᠢᠨᠠᠨ | ᠬᠠᠮᠢᠶᠠᠷᠬᠤ ᠭᠦᠴᠦᠯᠠᠴᠠ ᠪᠠᠨ ᠨᠡᠮᠡᠭᠳᠡᠭᠦᠯᠵᠤ᠂ ᠠᠵᠤ ᠦᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠦᠷᠢᠮᠵᠢᠭᠦᠯᠦᠨ ᠰᠢᠢᠳᠪᠤᠷᠢᠯᠡᠭᠦ ᠪᠠ | ᠶᠡᠷᠦᠩᠬᠡᠶᠢᠯᠡᠨ ᠠᠰᠢᠭᠯᠠᠬᠤ ᠶᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠵᠠᠳᠠᠷᠠᠵᠤ ᠪᠣᠯᠬᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠠᠷᠠᠳ ᠲᠤ ᠠᠰᠢᠭ ᠬᠦᠷᠲᠡᠭᠡᠬᠦ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠭᠦᠨᠵᠡᠭᠡᠶ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ | ᠂ ᠬᠡᠷᠡᠭᠵᠢᠭᠦᠯᠬᠦ ᠲᠥᠰᠦᠯ ᠪᠠ ᠡᠭᠦᠷᠭᠡ ᠶᠢᠨ ᠨᠠᠷᠢᠨ ᠲᠠᠩᠰᠠ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ᠃ ᠬᠠᠳᠤᠨ ᠭᠤᠣᠯ ᠤᠨ ᠡᠷᠭᠢ ᠲᠠᠭᠠᠤ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠢ ᠡᠮᠬᠢ ᠲᠢᠭᠯᠢᠮ ᠲᠠᠢ ᠪᠠᠷ ᠤᠬᠤᠷᠢᠨ ᠭᠠᠷᠭᠠᠵᠤ᠂ ᠬᠠᠳᠤᠨ ᠭᠤᠣᠯ ᠤᠨ ᠪᠠᠷᠠᠭᠤᠨ ᠡᠷᠭᠢ ᠶᠢᠨ ᠭᠠᠵᠠᠷ ᠰᠢᠨᠵᠢᠯᠡᠭᠡᠨ ᠤ ᠣᠷᠴᠢᠨ | ᠲᠤᠭᠤᠷᠢᠨ ᠢ ᠵᠠᠰᠠᠬᠤ ᠲᠦᠷᠦᠯ ᠵᠦᠢᠯ ᠢ ᠲᠦᠷᠭᠡᠨ ᠠᠬᠢᠭᠤᠯᠵᠤ᠂ ᠡᠷᠭᠢ ᠲᠠᠭᠠᠤ ᠠᠮᠢ ᠠᠬᠤᠶ ᠶᠢᠨ ᠴᠢᠳᠡᠪᠭᠢ ᠶᠢ ᠬᠦᠴᠦᠯᠡᠨ ᠳᠡᠭᠡᠭᠰᠢᠯᠡᠭᠦᠯᠦᠨ᠎ᠡ᠃ ᠠᠭᠤᠯᠠ | ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠨᠤᠳᠤᠭ ᠪᠡᠯᠴᠢᠭᠡᠷ ᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠶᠡᠭᠡ ᠬᠡᠪᠴᠢᠶᠡᠨ ᠤ | ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠢ ᠠᠬᠤᠶ ᠶᠢ ᠰᠡᠷᠭᠦᠭᠡᠬᠦ᠂ ᠬᠥᠷᠥᠰᠥ ᠰᠢᠷᠣᠶ ᠶᠢ ᠬᠠᠮᠠᠭᠠᠯᠠᠬᠤ | ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠵᠡᠷᠭᠡ ᠨᠢᠭᠡ ᠪᠦᠯᠦᠭ ᠠᠮᠢ ᠠᠬᠤᠶ ᠶᠢᠨ ᠭᠤᠤᠯᠳᠠᠯᠭ᠎ᠠ ᠲᠠᠢ ᠪᠠᠷᠢᠯᠭ᠎ᠠ | ᠶᠢ ᠭᠦᠨᠵᠡᠭᠡᠶ ᠬᠡᠷᠡᠭᠵᠢᠭᠦᠯᠦᠨ᠂ 7.2 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ 10.5 ᠲᠦᠮᠡᠨ ᠮᠥ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 4.5 ᠲᠦᠮᠡᠨ ᠮᠥ ᠬᠥᠷᠥᠰᠥ ᠰᠢᠷᠣᠶ ᠶᠢᠨ ᠢᠳᠡᠭᠳᠡᠯ ᠢ ᠵᠠᠰᠠᠨ᠎ᠠ᠃ ᠭᠦ᠋ ᠱᠠᠨ | ᠴᠤᠸᠠᠨ ᠤ ᠶᠠᠩ ᠱᠢ ᠲᠠ ᠶᠢᠨ ᠬᠡᠰᠡᠭ᠂ ᠬᠤᠸᠠᠩ ᠹᠦ᠋ ᠴᠤᠸᠠᠨ ᠤ ᠱᠠᠬᠳᠠᠷ ᠠᠴᠠ ᠥᠪᠥᠷ ᠮᠣᠩᠭᠤᠯ ᠱᠠᠨᠰᠢ ᠶᠢᠨ ᠵᠠᠭᠠᠭ ᠬᠦᠷᠬᠦ ᠭᠤᠣᠯ ᠤᠨ ᠵᠠᠮ ᠢ ᠵᠠᠰᠠᠬᠤ | ᠪᠠᠷᠢᠯᠭ᠎ᠠ ᠶᠢ ᠲᠦᠷᠭᠡᠳᠬᠡᠨ ᠬᠡᠷᠡᠭᠵᠢᠭᠦᠯᠦᠨ᠎ᠡ᠃ ᠬᠠᠲᠤᠨ ᠭᠤᠣᠯ ᠤᠨ ᠡᠷᠭᠢ ᠲᠠᠭᠠᠤ ᠳᠠᠯᠠᠩ ᠬᠠᠰᠢᠯᠭ᠎ᠠ ᠪᠠ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠲᠤᠨ ᠭᠤᠣᠯ ᠤᠨ ᠡᠷᠭᠢ ᠲᠠᠭᠠᠤ ᠵᠢᠴᠢ ᠲᠡᠭᠦᠨ ᠤ ᠰᠠᠯᠪᠤᠷᠢ ᠤᠷᠤᠰᠬᠠᠯ ᠤᠨ ᠰᠠᠪᠠ ᠭᠠᠵᠠᠷ ᠤᠨ ᠬᠥᠷᠥᠰᠥ | ᠰᠢᠷᠣᠶ ᠶᠢ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠡᠨᠧᠷᠭᠢ ᠶᠢᠨ ᠬᠤᠷᠤᠬᠳᠠᠯ ᠤᠨ ︽ᠬᠤᠤᠰ ᠡᠵᠡᠮᠳᠠᠯ︾ | ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠡᠨᠧᠷᠭᠢ ᠶᠢᠨ ᠬᠤᠷᠣᠭᠳᠠᠯ ᠶᠡᠬᠡᠲᠡᠶ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠳᠠᠪᠬᠤᠷᠳᠠᠭᠤᠯᠤᠨ | ᠪᠥᠳᠥᠭᠡᠨ ᠪᠠᠶᠢᠭᠤᠯᠬᠤ ᠶᠢ ᠡᠷᠡᠰ ᠬᠤᠷᠢᠭᠯᠠᠵᠤ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠳᠬᠡᠨ ᠰᠢᠭᠰᠢᠭᠳᠡᠭᠦᠯᠵᠦ᠂ ᠰᠢᠨ᠎ᠡ ᠪᠠᠷ ᠪᠠᠶᠢᠭᠤᠯᠬᠤ | ᠲᠥᠷᠥᠯ ᠵᠦᠢᠯ ᠤᠨ ᠨᠢᠭᠡᠴᠢ ᠪᠦᠲᠦᠭᠡᠭᠳᠡᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠵᠦ᠂ ᠳᠡᠭᠡᠳᠦ | ᠱᠠᠲᠤᠨ ᠠᠴᠠ ᠪᠠᠭᠤᠯᠭᠠᠭᠰᠠᠨ ᠡᠨᠧᠷᠭᠢ ᠶᠢᠨ ᠬᠤᠷᠤᠬᠳᠠᠯ ᠤᠨ ᠭᠦᠢᠴᠡᠳᠬᠡᠯ ᠲᠤᠭ᠎ᠠ ᠶᠢᠨ ᠡᠭᠦᠷᠭᠡ ᠶᠢ ᠰᠠᠶᠢᠳᠤᠷ ᠪᠡᠶᠡᠯᠡᠭᠦᠯᠤᠨ᠎ᠠ᠃ ᠭᠤᠤᠯᠳᠠᠯᠭ᠎ᠠ ᠲᠠᠢ ᠠᠵᠢᠯ | ᠲᠥᠷᠥᠯ ᠤᠨ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠣᠷᠭᠢᠯ ᠭᠡᠮᠵᠢᠭᠳᠡᠯ ᠳᠤ ᠬᠦᠷᠭᠡᠬᠦ ᠠᠷᠭ᠎ᠠ ᠵᠠᠮ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ᠂ ᠣᠯᠠᠨ ᠨᠡᠶᠢᠲᠡ ᠶᠢᠨ ᠪᠠᠶᠢᠭᠤᠯᠤᠮᠵᠢ ᠵᠡᠷᠭᠡ ᠬᠦᠷᠢᠶ᠎ᠡ ᠴᠠᠷᠠᠭ᠎ᠠ ᠶᠢᠨ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠦᠨ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠪᠣᠬᠢᠷᠲᠤᠯ ᠥᠬᠡᠶ ᠨᠡᠮᠡᠭᠳᠡᠯ ᠢ | ᠠᠬᠢᠭᠤᠯᠤᠨ᠎ᠠ᠃ ᠦᠨ᠎ᠡ ᠬᠠᠩᠰᠢ ᠪᠠᠷ ᠠᠵᠤ ᠠᠬᠤᠶ ᠶᠢ ᠲᠣᠬᠢᠷᠠᠭᠤᠯᠬᠤ ᠡᠭᠦᠷᠭᠡ ᠴᠢᠳᠠᠪᠤᠷᠢ ᠶᠢ ᠡᠷᠴᠢᠮᠵᠢᠭᠦᠯᠵᠤ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ | ᠲᠦᠷᠦᠯ ᠤᠨ ᠬᠠᠷᠠᠭᠠᠯᠵᠠᠯᠳᠤ ᠴᠠᠬᠢᠯᠭᠠᠨ ᠤ ᠦᠨ᠎ᠡ ᠶᠢ ᠬᠦᠴᠦᠨ ᠦᠭᠡᠢ ᠪᠣᠯᠭᠠᠵᠤ᠂ ᠵᠥᠷᠢᠶᠡᠲᠦ ᠴᠠᠬᠢᠯᠭᠠᠨ ᠤ ᠦᠨ᠎ᠡ ᠪᠠ ᠱᠠᠲᠤᠯᠢᠭ ᠴᠠᠬᠢᠯᠭᠠᠨ ᠤ ᠦᠨ᠎ᠡ ᠶᠢᠨ | ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠠᠬᠢᠭᠤᠯᠵᠤ᠂ ᠲᠠᠬᠢᠨ ᠡᠭᠦᠰᠴᠦ ᠪᠣᠯᠬᠤ ᠴᠡᠪᠡᠷ ᠡᠨᠧᠷᠭᠢ ᠶᠢᠨ ᠰᠤᠷᠪᠤᠯᠵᠢ ᠪᠠᠷ ᠢᠯᠴᠢ ᠬᠠᠩᠭᠠᠬᠤ ᠶᠢ ᠳᠡᠯᠭᠡᠷᠡᠭᠦᠯᠦᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠠᠷᠢᠭᠤᠨ ᠴᠡᠪᠡᠷ ᠦᠢᠯᠡᠳᠪᠦᠷᠢᠯᠡᠯ ᠪᠠ ᠡᠷᠭᠢᠯᠳᠠᠳᠤ | ᠥᠭᠡᠷᠡᠴᠢᠯᠡᠯᠲᠡ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠬᠢ ᠡᠲᠡᠭᠡᠳ ᠵᠠᠰᠠᠬᠤ ᠶᠢ ᠲᠡᠮᠵᠢᠨ᠎ᠡ᠃ ︽ | ᠪᠣᠬᠢᠷᠲᠤᠯ ᠥᠬᠡᠶ ᠡᠭᠦᠳᠦᠨ ᠪᠠᠶᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠥᠬᠡᠶ ᠪᠠᠶᠢᠭᠤᠯᠭ᠎ᠠ ᠶᠢ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ | ᠪᠠᠷᠢᠯᠭ᠎ᠠ ᠶᠢ ᠬᠥᠭᠵᠢᠭᠦᠯᠦᠨ᠂ ᠰᠢᠨ᠎ᠡ ᠡᠨᠧᠷᠭᠢ ᠶᠢᠨ ᠰᠤᠷᠪᠤᠯᠵᠢ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠯᠭᠡᠷᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ | ᠪᠠ ᠡᠬᠢ ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠤᠨ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠳᠤ | ᠠᠮᠢᠳᠤᠷᠠᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠪᠣᠶ ᠪᠣᠯᠭᠠᠵᠤ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠳᠤ ᠤᠢᠢᠯᠠᠭᠠᠬᠳᠠᠬᠤᠨ ᠢ ᠬᠥᠮᠦᠰ ᠤᠨ | ᠰᠡᠳᠬᠢᠯ ᠳᠤ ᠨᠠᠩ ᠭᠦᠨ ᠬᠠᠳᠠᠩᠰᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠪᠦᠲᠦᠮᠵᠢᠲᠡᠶ ᠪᠠᠷ ᠨᠡᠮᠡᠭᠳᠡᠭᠦᠯᠦᠨ᠎ᠡ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠲᠦᠷᠭᠡᠳᠭᠡᠨ᠎ᠠ᠃ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠤᠨ ᠲᠣᠭᠲᠠᠴᠠ ᠪᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠤᠷᠮᠠᠰᠢᠭᠤᠯᠬᠤ | ᠲᠤᠬᠳᠠᠴᠠ ᠶᠢ ᠲᠦᠷᠭᠡᠳᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠡᠯᠡ ᠮᠥᠩᠭᠦ ᠶᠢ 1.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ | ᠠᠵᠤ ᠠᠬᠤᠶᠢᠯᠠᠯ ᠤᠨ ᠭᠤᠣᠯᠳᠠᠯᠭ᠎ᠠ ᠲᠠᠢ ᠠᠵᠤ ᠦᠢᠯᠡᠰ ᠪᠠ ᠵᠠᠩᠭᠢᠯᠠᠭ᠎ᠠ ᠶᠢᠨ ᠬᠦᠷᠢᠶᠡᠨ ᠳᠤ ᠮᠡᠷᠭᠡᠵᠢᠯ ᠤᠨ ᠰᠢᠪᠳᠤᠯᠤᠯᠳᠠ ᠥᠷᠨᠢᠭᠦᠯᠬᠦ ᠶᠢ ᠳᠡᠮᠵᠢᠨ᠎ᠠ᠃ | ᠬᠤᠯᠪᠤᠬᠳᠠᠯ ᠪᠥᠬᠦᠶ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠠᠵᠤ ᠠᠬᠤᠶᠢᠯᠠᠯ ᠯᠤᠭ᠎ᠠ ᠶᠢᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠶᠢ ᠡᠭᠦᠳᠬᠦ ᠡᠬᠢ ᠪᠠᠶᠠᠯᠢᠭ᠂ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠤᠶᠢᠯ᠂ ᠴᠢᠳᠠᠪᠤᠷᠢᠲᠠᠨ ᠮᠡᠷᠭᠡᠵᠢᠯ ᠬᠢᠭᠡᠳ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ | ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠎ᠠ᠃ ︽ᠨᠢᠭᠡ ᠬᠦᠷᠢᠶᠡᠯᠡᠩ ᠬᠤᠶᠠᠷ ᠭᠠᠵᠠᠷ︾ ᠢ ᠬᠠᠮᠲᠤ ᠪᠠᠷ ᠪᠠᠶᠢᠭᠤᠯᠤᠨ ᠬᠥᠭᠵᠢᠭᠦᠯᠬᠦ ᠶᠢ | ᠭᠦᠨᠵᠡᠭᠡᠶᠢᠷᠡᠭᠦᠯᠵᠦ᠂ ᠦᠪᠦᠷ ᠮᠤᠩᠭᠤᠯ ᠤᠨ ᠲᠡᠷᠢᠭᠦᠨ ᠤ ᠸᠠᠭᠠᠷ ᠱᠠᠭᠠᠵᠠᠩ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠮᠡᠷᠭᠡᠵᠢᠯ ᠤᠨ ᠰᠢᠪᠳᠤᠯᠤᠯᠳᠠ ᠶᠢ | ᠥᠷᠨᠢᠭᠦᠯᠬᠦ ᠶᠢ ᠲᠡᠮᠵᠢᠵᠤ᠂ ᠣᠷᠭᠠᠨᠢᠭ ᠪᠤᠰᠤ ᠲᠡᠮᠦᠷᠯᠢᠭ ᠪᠤᠰᠤ ᠮᠠᠲ᠋ᠧᠷᠢᠶᠠᠯ ᠤᠨ ᠠᠵᠤ ᠦᠢᠯᠡᠰ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠬᠥᠬᠡᠬᠤᠲᠠ ᠪᠤᠭᠤᠲᠤ ᠤᠷᠳᠤᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠣᠷᠣᠨ ᠤ ᠪᠥᠳᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠳᠡᠭᠡᠳᠦ ᠰᠢᠨ᠎ᠠ ᠮᠡᠷᠭᠡᠵᠢᠯ ᠤᠨ ᠠᠵᠤ ᠠᠬᠤᠶᠢᠯᠠᠯ ᠢ ᠰᠢᠨ᠎ᠠ ᠪᠠᠷ 3 ᠨᠠᠮᠠᠨ᠎ᠠ᠃ | ᠵᠢᠤ ᠲᠠᠢ ᠶᠢᠨ ᠦᠨᠦᠷᠲᠦ ᠨᠡᠭᠦᠷᠦᠭᠴᠢ ᠵᠡᠷᠭᠡ ᠵᠠᠪᠰᠠᠷ ᠤᠨ ᠲᠤᠷᠰᠢᠯᠲᠠ ᠶᠢᠨ ᠲᠥᠷᠥᠯ ᠵᠤᠶᠢᠯ ᠢ ᠶᠡᠬᠡᠪᠡᠷ ᠠᠬᠢᠭᠤᠯᠵᠤ᠂ ᠨᠡᠭᠦᠷᠡᠰᠦᠨ ᠤ ᠭᠠᠵᠠᠷ ᠲᠤᠤᠷᠡᠭᠢ | ᠬᠡᠶᠢᠵᠢᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠦᠷ᠎ᠡ ᠪᠦᠲᠦᠭᠡᠯ ᠢ ᠰᠢᠯᠵᠢᠭᠦᠯᠦᠨ | ᠬᠤᠪᠢᠷᠠᠭᠤᠯᠬᠤ ᠶᠢ ᠲᠦᠷᠭᠡᠳᠬᠡᠨ᠎ᠡ᠃ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠦᠨ | ᠬᠡᠷᠡᠭᠯᠡᠬᠦ ᠭᠦᠴᠦᠯᠠᠴᠠ ᠪᠠᠨ ᠨᠡᠮᠡᠭᠳᠡᠭᠦᠯᠵᠤ᠂ ᠨᠠᠩ ᠣᠯᠠᠨ ᠳᠡᠭᠡᠳᠦ ᠲᠠᠰ ᠤᠨ ᠴᠢᠳᠠᠪᠤᠷᠢᠲᠠᠨ ᠢ ᠵᠡᠭᠦᠨᠭᠠᠷ ᠲᠤ ᠤᠷᠢᠨ ᠠᠪᠴᠢᠷᠠᠵᠤ ᠠᠳᠠᠯ ᠦᠢᠯᠡᠰ ᠪᠤᠰᠬᠠᠵᠤ | ᠰᠢᠨ᠎ᠡ ᠶᠢ ᠡᠭᠦᠳᠦᠭᠦᠯᠦᠨᠠ᠃ | ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠦᠨᠡᠨ ᠬᠦ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠲᠡ ᠶᠢ ᠶᠡᠬᠡᠪᠡᠷ | ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠤᠰᠤᠯ ᠢ ᠪᠠᠭᠲᠠᠭᠠᠬᠤ ᠲᠣᠭᠲᠠᠴᠠ ᠶᠢ ᠪᠠᠶᠢᠭᠤᠯᠤᠨ᠂ ᠨᠡᠶᠢᠭᠡᠮ ᠤᠨ ᠢᠲᠡᠭᠡᠮᠵᠢ ᠶᠢᠨ | ᠲᠤᠬᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠮᠡᠳᠡᠭᠳᠡᠵᠤ ᠠᠮᠠᠯᠳᠠᠬᠤ ᠲᠦᠷᠢᠮ ᠤᠨ ᠬᠢᠨᠠᠨ ᠵᠦᠪᠰᠢᠶᠡᠷᠡᠭᠦ᠂ ᠲᠤᠳᠠᠭᠤ ᠶᠢ ᠪᠠᠭᠳᠠᠭᠠᠵᠤ ᠬᠢᠨᠠᠨ | ᠵᠥᠪᠰᠢᠶᠡᠷᠡᠬᠦ ᠶᠢ ᠰᠠᠶᠢᠲᠤᠷ ᠬᠡᠷᠡᠭᠵᠢᠭᠦᠯᠦᠨ᠂ ᠬᠡᠯᠪᠡᠷᠢ ᠶᠢ ᠨᠢ ᠥᠭᠡᠷᠡᠲᠡᠭᠦᠯᠦᠨ ᠬᠢᠨᠠᠨ ᠵᠥᠪᠰᠢᠶᠡᠷᠡᠬᠦ ᠶᠢ ᠴᠢᠩᠭ᠎ᠠ ᠦᠭᠡᠶᠢᠰᠭᠡᠨ᠎ᠠ᠃ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠨᠡᠶᠢᠳᠡᠮ ᠪᠦᠷᠭᠦᠭᠦᠯᠭᠦ ᠶᠢ ᠠᠬᠢᠭᠤᠯᠤᠨ᠎ᠠ᠃ ᠰᠢᠨ᠎ᠡ ᠪᠠᠷ ᠪᠠᠶᠢᠭᠤᠯᠤᠬᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ | ᠡᠬᠢᠯᠡᠨ ᠠᠵᠢᠯᠯᠠᠭᠤᠯᠵᠤ᠂ ᠦᠯᠦ ᠬᠥᠳᠡᠯᠬᠦ ᠬᠥᠷᠦᠩᠭᠡ ᠶᠢ ᠳᠡᠩᠰᠡᠯᠡᠨ ᠲᠡᠮᠳᠡᠭᠯᠡᠬᠦ᠂ ᠠᠷᠠᠯᠵᠢᠶᠠᠯᠠᠬᠤ᠂ ᠭᠠᠶᠢᠯᠢ ᠲᠤᠰᠢᠶᠠᠬᠤ ᠵᠡᠷᠭᠡ 80% ᠠᠴᠠ ᠳᠡᠭᠡᠭᠰᠢᠬᠢ | ᠤᠴᠢᠷ ᠶᠠᠪᠤᠳᠠᠯ ᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠭᠦ᠂ ᠲᠥᠪᠯᠡᠷᠡᠭᠦᠯᠦᠨ ᠦᠢᠯᠡᠴᠢᠯᠡᠭᠦ︾ ᠶᠢ ᠪᠡᠶᠡᠯᠡᠭᠦᠯᠵᠦ᠂ ᠴᠠᠬᠢᠯᠭᠠᠨ ᠬᠡᠷᠡᠭᠯᠡᠬᠦ᠂ | ᠤᠰᠤ ᠬᠡᠷᠡᠭᠯᠡᠬᠦ᠂ ᠬᠡᠶ ᠬᠡᠷᠡᠭᠯᠡᠬᠦ ᠶᠢ ᠮᠡᠳᠡᠭᠦᠯᠭᠦ ᠵᠢᠴᠢ ᠦᠯᠦ ᠬᠥᠳᠡᠯᠬᠦ ᠬᠥᠷᠦᠩᠭᠡ ᠶᠢ ᠳᠡᠩᠰᠡᠯᠡᠨ ᠲᠡᠮᠳᠡᠭᠯᠡᠬᠦ ᠶᠢ ᠭᠦᠢᠴᠡᠳᠭᠡᠭᠦ ᠴᠠᠭ ᠢ ᠶᠡᠭᠡ ᠪᠠᠷ ᠪᠠᠭᠠᠰᠬᠠᠨ᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠭᠡᠭᠦ ᠴᠡᠭ ᠤᠨ ᠪᠡᠷᠢᠮᠵᠢᠶᠡᠵᠢᠬᠰᠠᠨ | ᠪᠥᠲᠥᠭᠡᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ ᠤᠷᠴᠢᠨ ᠠᠬᠤᠢ ᠶᠢ | ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠦᠢᠯᠡᠴᠢᠯᠡᠭᠡ ᠶᠢ ᠴᠢᠩᠭᠠᠳᠬᠠᠬᠤ᠂ ᠣᠷᠴᠢᠨ ᠠᠬᠤᠢ ᠶᠢ ᠰᠢᠯᠢᠳᠡᠭᠵᠢᠭᠦᠯᠬᠦ᠂ ᠲᠣᠭᠲᠠᠴᠠ ᠶᠢ ᠪᠠᠶᠢᠭᠤᠯᠬᠤ ᠲᠠᠯ᠎ᠠ ᠪᠠᠷ ᠬᠦᠴᠦ ᠲᠠᠯᠪᠢᠵᠤ᠂ | ᠴᠢᠨᠠᠷ ᠰᠠᠶᠢᠲᠠᠶ ᠬᠤᠳᠠᠯᠳᠤᠭ᠎ᠠ ᠡᠷᠭᠢᠯᠡᠭᠦ ᠤᠷᠴᠢᠨ ᠠᠬᠤᠢ ᠶᠢ ᠴᠢᠷᠮᠠᠶᠢᠨ ᠪᠣᠶ ᠪᠣᠯᠭᠠᠨ᠎ᠠ᠃ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠎ᠠ᠃ ᠠᠵᠢᠯ ᠦᠢᠯᠡᠰ ᠤᠨ ᠨᠢᠭᠡᠴᠢ ᠪᠣᠯᠤᠨ ᠬᠤᠰᠢᠭᠤᠨ ᠤ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠢᠯᠠᠯ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠪᠣᠯᠤᠨ ᠡᠳ᠋ ᠤᠨ ᠵᠠᠰᠠᠭ ᠭᠠᠶᠢᠯᠢ᠂ ᠠᠮᠢ ᠠᠬᠤᠢ ᠶᠢᠨ ᠪᠣᠯᠪᠠᠰᠤᠨ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠳ᠋ᠠ ᠯᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠤᠨ ᠪᠦᠳᠦᠮᠵᠢ ᠶᠢᠨ ᠥᠭᠡᠷᠡᠴᠢᠯᠡᠯᠲᠡ ᠶᠢ ᠲᠤᠷᠰᠢᠨ ᠳᠡᠯᠭᠡᠷᠡᠭᠦᠯᠦᠨ᠎ᠡ᠃ | ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠤᠯᠠᠨ ᠲᠦᠮᠡᠨ ᠳᠤ ᠥᠭᠡᠷᠡᠴᠢᠯᠡᠯᠲᠡ ᠶᠢᠨ ᠨᠠᠩ ᠤᠯᠠᠨ | ᠠᠰᠢᠭ ᠭᠦᠷᠳᠡᠭᠡᠭᠦ ᠪᠠᠷ ᠴᠢᠷᠮᠠᠶᠢᠨ᠎ᠠ᠃ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ | ᠠᠳᠬᠤᠵᠤ᠂ ᠣᠷᠣᠨ ᠪᠦᠰᠡ ᠶᠢᠨ ᠨᠡᠭᠡᠭᠡᠯᠲᠡ ᠶᠢᠨ ᠬᠠᠮᠲᠤᠷᠠᠯᠴᠠᠭ᠎ᠠ ᠳᠤ ᠭᠦᠨᠵᠡᠭᠡᠶ ᠣᠷᠣᠯᠴᠠᠵᠤ᠂ ᠬᠠᠲᠤᠨ ᠭᠤᠤᠯ ᠤᠨ ᠲᠤᠬᠤᠢ ᠶᠢᠨ ᠬᠤᠲᠠ ᠶᠢᠨ ᠲᠣᠭᠤᠷᠢᠭ᠂ | ᠭᠦᠭᠡᠬᠤᠳᠠ ᠪᠤᠭᠤᠳᠤ ᠤᠷᠳᠤᠰ ᠲᠡᠮᠡᠭᠡᠳᠤ ᠶᠢᠨ ᠬᠤᠳᠠ ᠶᠢᠨ ᠰᠦᠷᠦᠭᠵᠢᠯ ᠤᠨ ᠪᠦᠳᠦᠭᠡᠨ ᠪᠠᠶᠢᠭᠤᠯᠤᠯᠳᠠ ᠪᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ | ᠵᠤᠭᠢᠴᠠᠩᠭᠤᠢ ᠭᠦᠭᠵᠢᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠵᠡᠭᠦᠨᠭᠠᠷ ᠲᠤᠬᠳᠠᠬᠤ ᠶᠢᠨ ᠴᠡᠪᠡᠷ ᠡᠨᠧᠷᠭᠢ︾ ᠠᠵᠤ ᠦᠢᠯᠡᠳᠪᠤᠷᠢ ᠶᠢᠨ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠵᠤᠭᠢᠴᠠᠩᠭᠤᠢ ᠬᠥᠭᠵᠢᠯᠳᠠ ᠶᠢ ᠶᠡᠬᠡᠪᠡᠷ ᠠᠬᠢᠭᠤᠯᠵᠤ᠂ ᠣᠷᠣᠨ ᠪᠦᠰᠡ ᠠᠯᠤᠰᠯᠠᠭᠰᠠᠨ ᠬᠦᠴᠦᠨ ᠵᠤᠶᠢᠯ ᠢ | ᠡᠮᠬᠢᠯᠡᠨ ᠨᠡᠶᠢᠯᠡᠭᠦᠯᠬᠦ᠂ ᠠᠵᠤ ᠦᠢᠯᠡᠰ ᠤᠨ ᠬᠠᠮᠵᠢᠯᠴᠠᠭ᠎ᠠ᠂ ᠲᠥᠷᠥᠯ ᠵᠤᠶᠢᠯ ᠤᠨ ᠬᠠᠮᠲᠤᠷᠠᠯᠴᠠᠭ᠎ᠠ᠂ ᠠᠮᠢ ᠠᠬᠤᠶ ᠶᠢᠨ ᠵᠠᠰᠠᠯᠲᠠ᠂ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠵᠡᠷᠭᠡ ᠲᠠᠯ᠎ᠠ ᠪᠠᠷ ᠨᠢᠭᠡ ᠪᠦᠯᠦᠭ ᠦᠷ᠎ᠡ ᠪᠦᠲᠦᠭᠡᠯ ᠤᠯᠬᠤ ᠪᠠᠷ ᠴᠢᠷᠮᠠᠶᠢᠵᠤ᠂ ᠵᠡᠭᠦᠨᠭᠠᠷ ᠤᠨ ᠣᠷᠣᠨ ᠪᠦᠰᠡ ᠶᠢᠨ ᠥᠷᠢᠰᠦᠯᠳᠦᠬᠦ | ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠲᠦᠷᠪᠡ︶ ᠡᠬᠢ ᠪᠠᠶᠠᠯᠢᠭ ᠤᠨ ᠭᠦᠴᠦᠨ ᠵᠦᠢᠯ ᠤᠨ ᠴᠤᠭᠯᠠᠷᠠᠯ ᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠤᠨ ᠰᠢᠨ᠎ᠡ ᠬᠥᠳᠡᠯᠭᠡᠭᠴᠢ ᠡᠨᠧᠷᠭᠢ ᠶᠢ | ᠬᠦᠴᠦᠯᠡᠨ ᠪᠤᠶᠢᠵᠢᠭᠤᠯᠤᠨ᠎ᠠ | ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠦᠵᠦᠭᠦᠷᠵᠢᠭᠰᠡᠨ᠂ | ᠣᠨᠴᠠᠯᠢᠬᠵᠢᠭᠰᠠᠨ᠂ ᠨᠠᠷᠠᠲᠤ ᠲᠥᠷᠥᠯ ᠲᠡᠮᠳᠡᠭᠵᠢᠭᠰᠡᠨ ᠬᠥᠭᠵᠢᠯᠲᠡ ᠶᠢ ᠡᠷᠡᠰ ᠭᠤᠶᠢᠪᠢᠰᠢ ᠥᠬᠡᠶ ᠪᠠᠷ ᠠᠬᠢᠭᠤᠯᠵᠤ᠂ ᠴᠢᠬᠤᠯᠠ ᠶᠡᠭᠡ ᠲᠥᠷᠥᠯ ᠵᠤᠶᠢᠯ ᠢ | ᠬᠦᠷᠢᠶᠡᠯᠡᠩ ᠲᠣᠭᠤᠷᠢᠭ ᠲᠠᠶᠢᠰᠢ ᠲᠥᠪᠯᠡᠷᠡᠭᠦᠯᠬᠦ᠂ ᠡᠬᠢ ᠪᠠᠶᠠᠯᠢᠭ ᠤᠨ ᠬᠦᠴᠦᠨ ᠵᠤᠶᠢᠯ ᠢ ᠬᠦᠷᠢᠶᠡᠯᠡᠩ ᠲᠣᠭᠤᠷᠢᠭ ᠲᠠᠶᠢᠰᠢ ᠲᠥᠪᠯᠡᠷᠡᠭᠦᠯᠬᠦ᠂ ᠲᠥᠷᠥ ᠶᠢᠨ | ᠪᠣᠳᠣᠯᠭ᠎ᠠ ᠶᠢᠨ ᠪᠠᠯᠠ ᠮᠥᠩᠭᠦ ᠶᠢ ᠬᠦᠷᠢᠶᠡᠯᠡᠩ ᠲᠣᠭᠤᠷᠢᠭ ᠲᠠᠶᠢᠰᠢ ᠬᠡᠯᠪᠠᠶᠢᠯᠭᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠲᠥᠯᠥᠪᠵᠢᠭᠦᠯᠭᠡ ᠶᠢᠨ ᠪᠠᠶᠢᠷᠢᠰᠢᠯ ᠪᠠ ᠴᠢᠳᠡᠪᠭᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠣᠷᠣᠨ ᠵᠠᠢ ᠶᠢ ᠨᠡᠶᠢᠳᠬᠡᠬᠦ᠂ | ᠡᠬᠢ ᠪᠠᠶᠠᠯᠢᠭ ᠢ ᠨᠡᠶᠢᠳᠬᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠨᠡᠶᠢᠳᠬᠡᠬᠦ ᠶᠢ ᠴᠢᠩᠭᠠᠳᠬᠠᠵᠤ᠂ ᠠᠵᠤ ᠦᠢᠯᠡᠰ ᠢ ᠲᠥᠪᠯᠡᠷᠡᠭᠦᠯᠦᠨ ᠲᠤᠷᠪᠢᠯᠢᠬᠵᠢᠭᠤᠯᠤᠨ | ᠬᠥᠭᠵᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠪᠡᠯᠡ ᠣᠷᠤᠭᠤᠯᠤᠯᠲᠠ ᠶᠢᠨ ᠰᠢᠯᠢᠳᠡᠭ ᠰᠠᠶᠢᠨ ᠣᠷᠴᠢᠨ ᠠᠬᠤᠢ ᠶᠢ ᠪᠤᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠤᠬᠳᠠᠴᠠ | ᠶᠢ ᠤᠯᠠᠮ ᠨᠢᠭᠡ ᠠᠯᠬᠤᠮ ᠰᠢᠯᠤᠭᠤᠳᠬᠠᠵᠤ᠂ ᠠᠷᠠᠯᠵᠢᠶᠠᠴᠢᠨ ᠤᠷᠢᠵᠤ ᠪᠠᠯᠠ ᠲᠠᠳᠠᠬᠤ᠂ ᠪᠠᠯᠠ ᠣᠷᠣᠭᠤᠯᠤᠨ ᠦᠢᠯᠡᠴᠢᠯᠡᠭᠦ ᠵᠡᠷᠭᠡ ᠡᠭᠦᠷᠭᠡ ᠴᠢᠳᠠᠪᠤᠷᠢ ᠶᠢ | ᠴᠢᠩᠭᠠᠳᠬᠠᠨ᠂ ᠠᠵᠤ ᠠᠬᠤᠶᠢᠯᠠᠯ ᠳᠤ ᠦᠢᠯᠡᠴᠢᠯᠡᠭᠦ ᠴᠢᠳᠠᠪᠤᠷᠢ ᠶᠢ ᠨᠡᠮᠡᠭᠳᠡᠭᠦᠯᠦᠨ᠎ᠡ᠃ ᠤᠶᠤᠨᠴᠢ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢᠨ | ᠠᠯᠬᠤᠴᠠ ᠶᠢ ᠥᠨᠳᠥᠷ ᠦᠷ᠎ᠡ ᠪᠦᠲᠦᠮᠵᠢᠲᠡᠶ ᠠᠬᠢᠭᠤᠯᠵᠤ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠳᠠ ᠶᠢᠨ ᠤᠷᠦᠠ ᠢ ᠥᠪᠡᠷᠲᠡᠭᠡᠨ ᠵᠠᠰᠠᠬᠤ ᠣᠷᠣᠨ ᠤ | ᠲᠡᠰ ᠤᠨ ᠳᠡᠭᠡᠳᠦ ᠰᠢᠨ᠎ᠠ ᠮᠡᠷᠭᠡᠵᠢᠯ ᠤᠨ ᠤᠨᠴᠠᠯᠢᠭᠳᠤ ᠠᠵᠤ ᠦᠢᠯᠡᠰᠵᠢᠯᠳᠠ ᠶᠢᠨ ᠰᠠᠭᠤᠷᠢᠨ ᠭᠠᠵᠠᠷ ᠪᠤᠯᠭᠠᠨ ᠪᠥᠳᠥᠭᠡᠨ ᠪᠠᠶᠢᠭᠤᠯᠬᠤ᠂ ᠳ᠋ᠠ ᠯᠦ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠭᠡᠳᠤ ᠰᠢᠨ᠎ᠠ ᠬᠦᠷᠢᠶᠡᠯᠡᠩ ᠲᠣᠭᠤᠷᠢᠭ ᠪᠤᠯᠭᠠᠨ ᠪᠥᠳᠥᠭᠡᠨ | ᠪᠠᠶᠢᠭᠤᠯᠬᠤ ᠶᠢ ᠲᠡᠮᠵᠢᠵᠤ᠂ ᠬᠦᠷᠢᠶᠡᠯᠡᠩ ᠲᠣᠭᠤᠷᠢᠭ ᠤᠨ ᠲᠠᠭᠠᠭᠠᠴᠠ ᠶᠢᠨ ᠴᠢᠳᠠᠪᠤᠷᠢ ᠪᠣᠯᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠲᠠᠰᠤᠷᠠᠯᠳᠠ ᠥᠭᠡᠢ | ᠳᠡᠭᠡᠭᠰᠢᠯᠡᠭᠦᠯᠦᠨ᠎ᠡ᠃ | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠭᠡᠯᠪᠠᠷᠢ ᠪᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠲᠠᠢ ᠨᠢᠭᠲᠠ | ᠤᠶᠠᠯᠳᠤᠭᠤᠯᠤᠨ᠂ ᠴᠢᠭᠯᠡᠯ ᠢ ᠣᠨᠣᠪᠴᠢᠲᠠᠶ ᠡᠵᠡᠮᠳᠡᠵᠦ᠂ ᠲᠦᠷᠦᠯ ᠵᠦᠢᠯ ᠢ ᠣᠨᠣᠪᠴᠢᠲᠠᠶ ᠰᠣᠩᠭᠤᠵᠤ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠭᠦᠳᠡᠭᠡ | ᠠᠵᠤ ᠠᠬᠤᠢ ᠬᠥᠳᠡᠭᠡ ᠲᠣᠰᠬᠤᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ 500 | ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠤᠶᠢᠯ ᠢ 143 ᠬᠡᠷᠡᠭᠵᠢᠭᠦᠯᠵᠦ᠂ 110 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠶᠢ ᠪᠡᠶᠡᠯᠡᠭᠦᠯᠤᠨ᠎ᠠ᠃ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠤᠶᠢᠯ ᠢ ᠲᠥᠪᠯᠡᠷᠡᠭᠦᠯᠦᠨ | ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠶᠢ ᠦᠷᠭᠦᠯᠵᠢᠯᠡᠨ ᠬᠡᠷᠡᠭᠵᠢᠭᠦᠯᠵᠦ᠂ ᠬᠤᠰᠢᠭᠤᠨ ᠤ ᠱᠠᠲᠤᠨ ᠤ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ | ᠤᠯᠠᠮ ᠨᠢᠭᠡ ᠠᠯᠬᠤᠮ ᠪᠠᠭᠠᠰᠬᠠᠨ᠂ ᠡᠯ᠎ᠡ ᠲᠥᠷᠥᠯ ᠤᠨ ᠬᠦᠴᠦᠨ ᠵᠤᠶᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠣᠷᠤᠨ ᠨᠤᠲᠤᠭ ᠤᠨ ᠵᠠᠰᠠᠭ ᠤᠨ ᠣᠷᠳᠤᠨ ᠤ | ᠲᠤᠰᠬᠠᠶ ᠲᠦᠷᠦᠯ ᠤᠨ ᠵᠢᠭᠡᠯᠡᠯᠭᠡ᠂ ᠡᠩ ᠤᠨ ᠵᠢᠭᠡᠯᠡᠯᠭᠡ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠤᠯᠤᠰ ᠤᠨ ᠡᠯ᠎ᠡ ᠲᠥᠷᠥᠯ ᠤᠨ | ᠪᠡᠯᠡ ᠮᠥᠩᠭᠦ ᠶᠢ ᠢᠳᠡᠪᠬᠢᠯᠡᠨ ᠣᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ ᠲᠥᠷᠥᠯ ᠵᠤᠶᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ | ᠪᠠᠯᠠ ᠲᠠᠳᠠᠬᠤ ᠭᠦᠴᠦᠯᠠᠴᠠ ᠪᠠᠨ ᠨᠡᠮᠡᠭᠳᠡᠭᠦᠯᠵᠤ᠂ ᠨᠢᠭᠡ ᠪᠦᠯᠦᠭ ᠪᠠᠯᠠ ᠣᠷᠣᠭᠤᠯᠤᠯᠲᠠ ᠶᠢᠨ ᠭᠦᠴᠦᠯᠠᠴᠠ ᠪᠠᠷ ᠶᠡᠭᠡ᠂ ᠳᠠᠶᠢᠴᠢᠯᠠᠬᠤ ᠬᠦᠴᠦᠨ ᠢᠶᠠᠷ ᠴᠢᠩᠭ᠎ᠠ᠂ | ᠨᠡᠮᠡᠯᠲᠡ ᠥᠷᠲᠡᠭ ᠢᠶᠠᠷ ᠥᠨᠳᠥᠷ ᠭᠡᠯᠭᠢᠶ᠎ᠠ ᠶᠢ ᠤᠷᠳᠤᠳᠬᠠᠵᠤ ᠭᠡᠯᠭᠢᠶ᠎ᠠ ᠶᠢ ᠨᠦᠭᠦᠪᠤᠷᠢᠯᠡᠭᠦ ᠲᠥᠷᠥᠯ ᠵᠤᠶᠢᠯ ᠢ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ | 5 ᠠᠴᠠ ᠳᠡᠭᠡᠭᠰᠢ ᠭᠤᠤᠯᠳᠠᠯᠭ᠎ᠠ ᠲᠠᠢ ᠲᠥᠷᠥᠯ ᠵᠤᠶᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢᠨ ᠲᠤᠭ᠎ᠠ ᠶᠢ | 100 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ | ᠬᠡᠷᠡᠭᠯᠡᠭᠡ ᠶᠢᠨ ᠴᠢᠨᠠᠷᠵᠢᠯ ᠢ ᠳᠡᠭᠡᠭᠰᠢᠯᠡᠭᠦᠯᠵᠦ ᠲᠡᠰ ᠳᠡᠪᠰᠢᠬᠦᠯᠭᠦ ᠶᠢ ᠠᠬᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ | ᠬᠡᠷᠡᠭᠯᠡᠭᠡ ᠶᠢ ᠪᠤᠶᠢᠵᠢᠭᠤᠯᠤᠨ᠂ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠡᠷᠡᠭᠯᠡᠭᠡ ᠶᠢᠨ ᠰᠠᠭᠤᠷᠢᠴᠢ ᠴᠢᠨᠠᠷᠲᠠᠶ ᠦᠢᠯᠡᠳᠦᠯ ᠢ ᠲᠡᠭᠡᠭᠰᠢᠯᠡᠭᠦᠯᠤᠨ᠎ᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠨ ᠨᠡᠶᠢᠲᠡ ᠶᠢᠨ ᠬᠡᠷᠡᠭᠯᠡᠭᠡ ᠶᠢ ᠵᠦᠢ | ᠵᠣᠬᠢᠰᠲᠠᠶ ᠪᠠᠷ ᠨᠡᠮᠡᠭᠳᠡᠭᠦᠯᠦᠨ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠳᠠᠨ ᠤ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠢᠡᠲ᠋ᠧᠷ ᠰᠦᠯᠵᠢᠶᠡᠨ ᠤ ᠰᠤᠷᠭᠠᠨ ᠬᠥᠮᠦᠵᠢᠯ᠂ ᠡᠷᠡᠭᠦᠯ ᠮᠡᠨᠳᠤ ᠡᠮ ᠡᠮᠨᠡᠯᠭᠡ᠂ ᠰᠣᠶᠣᠯ ᠵᠤᠭᠠᠴᠠᠯ ᠰᠡᠯᠡᠭᠦᠴᠡᠯ ᠵᠡᠷᠭᠡ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠬᠥᠭᠵᠢᠭᠦᠯᠵᠦ᠂ ᠤᠶᠤᠨᠴᠢ ᠭᠡᠳᠤ ᠳᠡᠯᠭᠡᠭᠦᠷ᠂ ᠤᠶᠤᠨᠴᠢ ᠳᠡᠯᠭᠡᠭᠦᠷ᠂ ᠤᠶᠤᠨᠴᠢ ᠬᠤᠭᠤᠯᠠᠨ ᠭᠡᠷ | ᠵᠡᠷᠭᠡ ᠵᠢᠵᠢᠭᠯᠡᠨ ᠬᠤᠳᠠᠯᠳᠤᠬᠤ ᠰᠢᠨ᠎ᠡ ᠭᠡᠪ ᠵᠠᠭᠪᠤᠷ ᠢ ᠰᠦᠪᠡᠭᠴᠢᠯᠡᠨ ᠬᠥᠭᠵᠢᠭᠦᠯᠦᠨ᠎ᠡ᠃ ᠬᠤᠲᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠨ | ᠥᠷᠭᠡᠳᠬᠡᠵᠦ᠂ ︽ᠰᠢᠤᠸᠠᠢ ᠵᠢᠶᠠ ᠸᠠᠨ ᠳ᠋ᠡ ᠯᠦ︾ ᠶᠢ ᠨᠢᠭᠡ ᠴᠤᠭᠴᠠᠵᠢᠭᠤᠯᠤᠭᠰᠠᠨ ᠬᠤᠲᠠ ᠶᠢᠨ ᠬᠤᠳᠠᠯᠳᠤᠭᠠᠨ ᠤ ᠲᠣᠭᠤᠷᠢᠭ ᠢ ᠲᠦᠷᠭᠡᠳᠬᠡᠨ ᠪᠠᠶᠢᠭᠤᠯᠵᠤ᠂ | ᠰᠢᠤᠸᠠᠢ ᠵᠢᠶᠠ ᠸᠠᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠡᠬᠢᠯᠡᠨ ᠪᠠᠶᠢᠭᠤᠯᠵᠤ᠂ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠡᠭᠡᠭᠡᠪᠦᠷᠢᠯᠡᠬᠦ ᠲᠤᠬᠳᠠᠯᠴᠠᠭ᠎ᠠ ᠶᠢ | ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠪᠠ ᠠᠵᠤ ᠦᠢᠯᠡᠳᠪᠤᠷᠢ ᠶᠢᠨ | ᠪᠦᠲᠦᠭᠡᠭᠳᠡᠬᠦᠨ ᠢ ᠬᠥᠳᠡᠭᠡ ᠪᠠᠭᠤᠯᠭᠠᠬᠤ ᠬᠤᠤᠰ ᠴᠢᠭᠯᠡᠯᠲᠦ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠲᠠᠪᠤ︶ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ | ᠵᠠᠢ ᠶᠢ ᠲᠠᠰᠤᠷᠠᠯᠲᠠ ᠦᠭᠡᠢ ᠥᠷᠭᠡᠳᠬᠡᠨ᠎ᠡ | ᠭᠦᠳᠡᠭᠡ ᠲᠤᠰᠬᠤᠨ ᠢ ᠭᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ | ᠡᠳ᠋ ᠤᠨ ᠵᠠᠰᠠᠭ ᠤᠨ ᠣᠷᠣᠭᠤᠯᠤᠯᠲᠠ ᠶᠢᠨ ᠭᠦᠴᠦᠯᠠᠴᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠭᠦᠳᠡᠭᠡ ᠲᠤᠰᠬᠤᠨ ᠢ ᠭᠦᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷᠵᠢᠯ ᠦᠷ᠎ᠡ ᠠᠰᠢᠭ ᠪᠠ ᠥᠷᠢᠰᠦᠯᠳᠦᠬᠦ | ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠵᠢᠯᠣᠭᠤᠳᠬᠤ ᠪᠠᠯᠠ ᠮᠥᠩᠭᠦ ᠶᠢ 5 ᠳ᠋ᠦᠩᠰᠢᠭᠤᠷ ᠲᠥᠭᠦᠷᠢᠭ | ᠲᠤᠭᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠤᠷᠢᠯᠠᠯ ᠤᠨ ᠭᠡᠪᠴᠢᠶᠠᠵᠢᠭ᠍ᠰᠡᠨ᠂ ᠪᠠᠷᠢᠮᠵᠢᠶᠠᠵᠢᠬᠰᠠᠨ᠂ ᠲᠤᠷᠪᠢᠯᠢᠬᠵᠢᠬᠰᠠᠨ ᠭᠦᠭᠵᠢᠯᠳᠠ ᠶᠢ | ᠠᠬᠢᠭᠤᠯᠵᠤ᠂ 80 ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠤᠯᠭ᠎ᠠ ᠶᠢ 10 ᠲᠦᠮᠡᠨ ᠲᠥᠭᠦᠷᠢᠭ ᠠᠴᠠ ᠲᠠᠪᠠᠭᠤᠯᠬᠤ ᠶᠢ ᠲᠠᠶᠢᠴᠢᠯᠠᠨ᠎ᠠ᠃ ᠥᠪᠡᠷᠲᠡᠭᠡᠨ | ᠵᠠᠰᠠᠬᠤ ᠣᠷᠣᠨ ᠤ ᠦᠷ᠎ᠡ ᠭᠦᠷᠦᠩᠭᠡ ᠶᠢᠨ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠢᠳᠡᠰᠢᠨ ᠨᠣᠭᠤᠭ᠎ᠠ᠂ ᠣᠶ ᠵᠢᠮᠢᠰ᠂ ᠡᠯᠳᠡᠪ ᠠᠮᠤ ᠵᠡᠷᠭᠡ ᠣᠷᠣᠨ ᠨᠤᠲᠤᠭ ᠤᠨ ᠦᠷ᠎ᠡ ᠶᠢᠨ ᠦᠢᠯᠡᠰ ᠢ ᠲᠦᠷᠭᠡᠳᠬᠡᠨ ᠪᠤᠶᠢᠵᠢᠭᠤᠯᠬᠤ ᠪᠠ ᠳᠡᠭᠡᠭᠰᠢᠯᠡᠭᠦᠯᠦᠨ᠎ᠡ᠃ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ︽ᠵᠢᠮᠢᠰ ᠢᠳᠡᠰᠢᠨ ᠨᠣᠭᠤᠭ᠎ᠠ ᠡᠯᠳᠡᠪ ᠠᠮᠤ ᠲᠠᠷᠢᠬᠤ ᠠᠯᠠᠰᠢᠨ ᠦᠬᠡᠷ ᠰᠡᠷᠭᠡ ᠪᠤᠶᠢᠵᠢᠭᠤᠯᠬᠤ︾ | ᠤᠨᠴᠠᠯᠢᠬᠳᠤ ᠠᠵᠤ ᠦᠢᠯᠡᠰ ᠢ ᠠᠬᠢᠭᠤᠯᠵᠤ᠂ ᠬᠠᠲᠤᠨ ᠭᠤᠤᠯ ᠤᠨ ᠢᠦᠶ ᠭᠤᠸᠠᠩ ᠲᠤᠲᠤᠷᠭ᠎ᠠ ᠶᠢᠨ ᠲᠠᠷᠢᠶᠠᠨ ᠤ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ᠂ | ᠬᠠᠲᠤᠨ ᠭᠤᠤᠯ ᠤᠨ ᠬᠤᠷᠰᠢᠬᠰᠡᠨ ᠲᠠᠷᠢᠶᠠᠯᠠᠩ ᠤᠨ ᠲᠠᠯᠠᠪᠠᠢ᠂ ᠡᠯᠳᠡᠪ ᠠᠮᠤ ᠲᠠᠷᠢᠬᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠤᠶᠢᠯ ᠢ ᠲᠦᠷᠭᠡᠳᠬᠡᠨ | ᠬᠡᠷᠡᠭᠵᠢᠭᠦᠯᠵᠦ᠂ ᠠᠵᠤ ᠦᠢᠯᠡᠰ ᠯᠦᠭᠡ ᠢᠵᠢ ᠪᠥᠷᠢᠳᠦᠭᠰᠡᠨ ᠭᠦᠯᠳᠡᠭᠦᠦ ᠪᠠᠷ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠲᠦᠭᠦᠭᠡᠷᠤᠮᠵᠢ ᠶᠢ | ᠪᠠᠶᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠠᠬᠢᠭᠤᠯᠵᠤ᠂ ᠪᠦᠲᠦᠭᠡᠭᠳᠡᠬᠦᠨ ᠤ ᠨᠡᠷ᠎ᠠ ᠮᠡᠳᠡᠴᠠ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢ ᠴᠢᠨᠠᠷ | ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠭᠢᠭᠤᠯᠤᠨ᠎ᠠ᠃ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ | ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠭᠦᠳᠡᠭᠡ ᠲᠤᠰᠬᠤᠨ ᠤ ᠪᠥᠳᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠭᠦᠳᠡᠭᠡ ᠲᠤᠰᠬᠤᠨ ᠢ ᠭᠦᠭᠵᠢᠭᠦᠯᠭᠦ ᠵᠢᠴᠢ ᠭᠦᠳᠡᠭᠡ ᠲᠤᠰᠬᠤᠨ ᠢ ᠪᠥᠳᠥᠭᠡᠨ ᠪᠠᠶᠢᠭᠤᠯᠬᠤ ᠠᠵᠢᠯᠯᠠᠭ᠎ᠠ ᠶᠢᠨ ᠲᠤᠰᠬᠠᠶ | ᠲᠦᠷᠦᠯ ᠤᠨ ᠪᠡᠯᠡ ᠮᠥᠩᠭᠦ ᠶᠢ 1.28 ᠳ᠋ᠥᠡᠭᠰᠢᠭᠤᠷ ᠲᠥᠭᠦᠷᠢᠭ ᠲᠤᠭᠢᠷᠠᠭᠤᠯᠵᠤ᠂ 9 ᠭᠠᠵᠠᠷ ᠲᠤ ᠬᠤᠭ ᠨᠣᠪᠰᠢ ᠰᠢᠢᠳᠪᠤᠷᠢᠯᠡᠭᠦ ᠲᠦᠭᠦᠭᠡᠷᠤᠮᠵᠢ᠂ 3 ᠭᠠᠵᠠᠷ | ᠲᠤ ᠪᠣᠬᠢᠷ ᠤᠰᠤ ᠰᠢᠢᠳᠪᠤᠷᠢᠯᠡᠭᠦ ᠲᠦᠭᠦᠭᠡᠷᠤᠮᠵᠢ ᠶᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠡᠷᠥᠭᠡ ᠶᠢᠨ ᠵᠣᠷᠯᠣᠩ ᠢ ᠥᠭᠡᠷᠡᠴᠢᠯᠡᠬᠦ ᠪᠠᠷᠢᠯᠭ᠎ᠠ ᠶᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ 95% ᠠᠴᠠ ᠳᠡᠭᠡᠭᠰᠢᠬᠢ ᠬᠥᠮᠦᠨ ᠠᠮᠠ ᠲᠥᠪᠯᠡᠷᠡᠭᠰᠡᠨ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ | ᠪᠣᠯᠤᠨ ᠪᠣᠬᠢᠷ ᠤᠰᠤ ᠶᠢ ᠪᠦᠲᠦᠮᠵᠢᠲᠡᠶ ᠵᠠᠰᠠᠵᠤ᠂ ᠵᠢᠯ ᠤᠨ ᠳᠣᠲᠣᠷ᠎ᠠ ᠬᠤᠳᠠ ᠶᠢᠨ ᠱᠠᠲᠤᠨ ᠠᠴᠠ ᠳᠡᠭᠡᠭᠰᠢᠬᠢ ᠭᠦᠳᠡᠭᠡ ᠲᠤᠰᠬᠤᠨ ᠢ ᠭᠦᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 5 ᠡᠭᠦᠳᠦᠨ ᠪᠠᠶᠢᠭᠤᠯᠤᠨ᠎ᠠ᠃ ᠭᠦᠳᠡᠭᠡ ᠲᠤᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠠᠷᠭ᠎ᠠ ᠵᠠᠮ ᠢᠶᠠᠷ ᠭᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ ᠦᠢᠯᠡᠰ ᠪᠤᠰᠬᠠᠬᠤ | ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ | ᠰᠢᠨ᠎ᠡ ᠭᠡᠯᠪᠠᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠰᠢᠤᠸᠠᠢ ᠵᠢᠶᠠ ᠸᠠᠨ ᠳ᠋ᠡ ᠯᠥ︾ ᠶᠢ ᠨᠢᠭᠡ | ᠴᠤᠭᠴᠠᠵᠢᠭᠤᠯᠤᠨ ᠬᠥᠭᠵᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠰᠢᠤᠸᠠᠢ ᠵᠢᠶᠠ ᠸᠠᠨ ᠳ᠋ᠠ ᠯᠦ ᠶᠢᠨ ᠲᠦᠷᠭᠡᠨ ᠨᠡᠪᠲᠡᠷᠡᠬᠦ ᠵᠠᠮ ᠢ ᠳᠡᠭᠡᠭᠰᠢᠯᠡᠭᠦᠯᠦᠨ | ᠥᠭᠡᠷᠡᠴᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠵᠦ᠂ ᠳ᠋ᠠ ᠯᠦ ᠶᠢᠨ ᠬᠤᠲᠠ ᠶᠢᠨ ᠶᠠᠪᠤᠳᠠᠯ ᠤᠨ | ᠲᠣᠭᠤᠷᠢᠭ ᠤᠨ ᠦᠢᠯᠡᠴᠢᠯᠡᠭᠡᠨ ᠤ ᠴᠢᠳᠡᠪᠭᠢ ᠶᠢ ᠲᠡᠭᠦᠯᠳᠡᠷᠵᠢᠭᠦᠯᠦᠨ᠎ᠡ᠃ ᠰᠢᠤᠸᠠᠢ ᠵᠢᠶᠠ ᠸᠠᠨ ᠤ ᠬᠤᠶᠢᠲᠤ ᠠᠭᠤᠯᠠ ᠶᠢᠨ ᠬᠤᠶᠢᠲᠤ ᠬᠡᠰᠡᠭ ᠤᠨ ᠵᠠᠯᠭᠠᠯᠳᠤᠭᠰᠠᠨ | ᠣᠷᠣᠨ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠲᠤᠮᠤ ᠬᠤᠳᠠ ᠶᠢᠨ ᠪᠣᠷᠣ ᠲᠥᠯᠥᠪ ᠢ ᠲᠠᠰᠤᠷᠠᠯᠳᠠ ᠦᠭᠡᠢ ᠪᠤᠢ | ᠪᠣᠯᠭᠠᠵᠤ᠂ ᠭᠤᠤᠯᠳᠠᠯᠭᠠᠳᠤ ᠬᠤᠳᠠ ᠶᠢᠨ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠪᠠᠶᠢᠩᠭᠤᠵᠢᠭᠤᠯᠤᠨ ᠠᠬᠢᠭᠤᠯᠵᠤ᠂ ᠰᠢᠤᠸᠠᠢ ᠵᠢᠶᠠ ᠸᠠᠨ᠂ ᠱᠠᠬᠳᠠᠷ᠂ ᠳ᠋ᠠ ᠯᠦ ᠶᠢᠨ ᠬᠤᠳᠠ ᠶᠢᠨ ᠲᠣᠭᠤᠷᠢᠭ ᠤᠨ ᠵᠡᠭᠡᠯᠢ ᠶᠢᠨ | ᠦᠵᠡᠮᠵᠢ ᠶᠢ ᠴᠡᠭᠴᠡᠯᠡᠨ ᠵᠠᠰᠠᠬᠤ ᠪᠠ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ | ᠵᠠᠰᠠᠯᠲᠠ ᠶᠢ ᠶᠡᠬᠡᠪᠡᠷ ᠥᠷᠨᠢᠭᠦᠯᠵᠦ᠂ ᠬᠤᠲᠠ ᠪᠠᠯᠭᠠᠰᠤ ᠶᠢᠨ ᠬᠠᠭᠤᠴᠢᠨ ᠲᠣᠭᠤᠷᠢᠭ ᠢ ᠲᠡᠰᠵᠢᠭᠦᠯᠦᠨ ᠥᠭᠡᠷᠡᠴᠢᠯᠡᠬᠦ ᠪᠠᠷᠢᠯᠭ᠎ᠠ ᠶᠢ ᠪᠦᠯᠦᠭ ᠬᠤᠪᠢᠶᠠᠨ ᠲᠥᠷᠥᠯ | ᠬᠤᠪᠢᠶᠠᠨ ᠬᠡᠷᠡᠭᠵᠢᠭᠦᠯᠵᠦ᠂ ᠬᠠᠭᠤᠴᠢᠨ ᠲᠣᠭᠤᠷᠢᠭ ᠤᠨ ᠣᠷᠣᠨ ᠰᠠᠭᠤᠴᠠ ᠶᠢᠨ ᠠᠰᠠᠷ ᠲᠤ ᠴᠠᠬᠢᠯᠭᠠᠨ ᠱᠠᠲᠤ ᠨᠡᠮᠡᠵᠦ ᠤᠬᠰᠠᠷᠠᠭᠤᠯᠬᠤ ᠲᠥᠷᠥᠯ ᠵᠤᠶᠢᠯ ᠢ | ᠲᠤᠷᠰᠢᠨ ᠠᠬᠢᠭᠤᠯᠵᠤ᠂ ᠯᠠᠨ ᠲᠢᠶᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠠᠵᠢᠯᠯᠠᠭᠠᠨ ᠤ ᠭᠠᠵᠠᠷ᠂ ᠨᠠᠰᠤᠲᠠᠶᠢᠴᠤᠳ ᠤᠨ ᠠᠵᠢᠯᠯᠠᠭᠠᠨ ᠤ ᠲᠥᠪ | ᠵᠡᠷᠭᠡ ᠲᠥᠷᠥᠯ ᠵᠤᠶᠢᠯ ᠢ ᠡᠬᠢᠯᠡᠨ ᠪᠥᠲᠥᠭᠡᠨ ᠪᠠᠶᠢᠭᠤᠯᠵᠤ᠂ ᠰᠢᠤᠸᠠᠢ ᠵᠢᠶᠠ ᠸᠠᠨ ᠪᠠᠯᠭᠠᠰᠤ ᠶᠢᠨ ᠤᠰᠤ ᠬᠠᠩᠭᠠᠵᠤ ᠳᠣᠭᠢᠷᠠᠭᠤᠯᠬᠤ ᠶᠢ ᠰᠢᠯᠢᠳᠡᠭᠵᠢᠭᠦᠯᠬᠦ ᠪᠠᠷᠢᠯᠭ᠎ᠠ | ᠶᠢ ᠬᠡᠷᠡᠭᠵᠢᠭᠦᠯᠦᠨ᠂ ᠪᠠᠶᠢᠭᠠᠯᠢ ᠶᠢᠨ ᠰᠢᠲᠠᠮᠠᠬᠠᠶ ᠬᠡᠶ ᠶᠢ 10000 ᠡᠷᠦᠬᠡ ᠳᠤ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠦᠢᠯᠡᠴᠢᠯᠡᠭᠡ ᠪᠠ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠠᠷᠢᠶ᠎ᠠ ᠲᠤᠭᠤᠷᠢᠭ ᠲᠠᠬᠢ ᠭᠤᠤᠯᠳᠠᠯᠭ᠎ᠠ ᠲᠠᠢ ᠣᠷᠣᠨ | ᠪᠦᠰᠡ᠂ ᠭᠤᠤᠯᠳᠠᠯᠭ᠎ᠠ ᠲᠠᠢ ᠵᠠᠮ ᠤᠨ ᠬᠡᠰᠡᠭ ᠪᠠ ᠴᠢᠬᠤᠯᠠ ᠵᠠᠩᠭᠢᠯᠠᠭ᠎ᠠ ᠶᠢᠨ ᠴᠡᠭ ᠤᠨ ᠨᠣᠭᠤᠭᠠᠷᠠᠭᠤᠯᠤᠯᠳᠠ ᠶᠢ ᠬᠡᠷᠡᠭᠵᠢᠭᠦᠯᠵᠦ᠂ ᠨᠣᠭᠤᠭᠠᠷᠠᠭᠤᠯᠤᠭᠰᠠᠨ | ᠭᠠᠵᠠᠷ ᠤᠨ ᠲᠠᠯᠠᠪᠠᠶ ᠶᠢ 42 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠ ᠲᠡᠰᠵᠢᠭᠦᠯᠦᠨ ᠦᠭᠡᠷᠡᠴᠢᠯᠠᠨ᠎ᠠ᠃ ᠭᠡᠷ ᠭᠠᠵᠠᠷ | ᠬᠥᠷᠦᠩᠭᠡ ᠶᠢᠨ ᠬᠦᠷᠢᠶᠡᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠥᠮᠴᠢᠯᠡᠯ ᠤᠨ ᠡᠷᠬᠡ ᠶᠢ ᠭᠦᠢᠴᠡᠳᠬᠡᠬᠦ ᠶᠢ ᠠᠬᠢᠭᠤᠯᠤᠨ᠎ᠠ᠃ ᠱᠠᠬᠳᠠᠷ ᠤᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠤᠨ ᠲᠦᠷᠦᠯ | ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠱᠠᠬᠳᠠᠷ ᠤᠨ ᠬᠤᠲᠠ ᠶᠢᠨ ᠶᠠᠪᠤᠳᠠᠯ ᠤᠨ ᠲᠣᠭᠤᠷᠢᠭ ᠤᠨ ᠴᠢᠳᠠᠪᠬᠢ ᠶᠢ ᠥᠭᠡᠷᠡᠴᠢᠯᠡᠨ ᠲᠡᠰᠵᠢᠭᠦᠯᠭᠦ ᠶᠢ ᠠᠬᠢᠭᠤᠯᠤᠨ᠎ᠠ᠃ | ᠰᠤᠮᠤ ᠰᠢᠶᠠᠩ ᠪᠠᠯᠭᠠᠰᠤᠨ ᠤ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠨᠴᠠᠯᠢᠭ ᠢᠶᠠᠷ ᠢᠯᠡ ᠲᠣᠳᠣ᠂ ᠤᠷᠴᠢᠨ ᠲᠤᠭᠤᠷᠢᠨ ᠭᠤᠶᠢᠳᠠ | ᠰᠠᠶᠢᠬᠠᠨ᠂ ᠪᠦᠷᠢᠨ ᠲᠦᠭᠦᠷ ᠴᠢᠳᠠᠪᠭᠢ ᠲᠠᠢ ᠴᠢᠨᠠᠷ ᠰᠠᠶᠢᠳᠠᠢ ᠨᠢᠭᠡ ᠪᠦᠯᠦᠭ ᠬᠤᠲᠠ ᠪᠠᠯᠭᠠᠰᠤ ᠶᠢ ᠪᠠᠶᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠲᠠᠰᠤᠷᠠᠯᠳᠠ ᠥᠭᠡᠢ ᠲᠡᠭᠦᠯᠳᠡᠷᠵᠢᠭᠦᠯᠦᠨ᠎ᠡ᠃ ᠴᠢᠳᠠᠯ ᠤᠨ ᠢᠶᠠᠨ ᠬᠢᠷᠢ ᠪᠠᠷ ᠬᠢᠬᠦ᠂ | ᠬᠥᠭᠵᠢᠯᠲᠡ ᠳᠤ ᠵᠣᠬᠢᠴᠠᠬᠤ᠂ ᠵᠣᠬᠢᠰᠲᠠᠶ ᠪᠠᠷ ᠡᠮᠤᠨ᠎ᠠ ᠡᠩᠨᠡᠭᠡ ᠳᠤ ᠤᠷᠤᠬᠤ ᠵᠠᠷᠴᠢᠮ ᠶᠣᠰᠣᠭᠠᠷ᠂ ᠤᠰᠤ᠂ ᠴᠠᠬᠢᠯᠭᠠᠨ᠂ ᠵᠠᠮ᠂ ᠴᠢᠮᠡᠭᠡ ᠨᠡᠪᠳᠡᠷᠡᠯᠭᠡ ᠵᠡᠷᠭᠡ | ᠰᠠᠭᠤᠷᠢ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠤᠳᠠ ᠶᠢᠨ ᠶᠠᠪᠤᠳᠠᠯ ᠤᠨ ᠲᠣᠭᠤᠷᠢᠭ ᠤᠨ ᠵᠠᠮ ᠬᠤᠭᠤᠯᠠᠶ ᠶᠢᠨ | ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠬᠤᠳᠠ ᠶᠢᠨ ᠶᠠᠪᠤᠳᠠᠯ ᠤᠨ ᠵᠠᠮ ᠢ 8 ᠺᠢᠯᠣᠮᠧᠲᠷ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ | ᠲᠣᠰᠬᠤᠨ ᠤ ᠵᠠᠰᠠᠮᠠᠯ ᠵᠠᠮ ᠢ ᠰᠠᠶᠢᠲᠤᠷ ᠬᠠᠮᠢᠶᠠᠷᠴᠤ ᠰᠠᠶᠢᠲᠤᠷ ᠬᠠᠮᠠᠭᠠᠯᠠᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ ᠪᠠ ᠴᠠᠬᠢᠯᠭᠠᠨ ᠲᠡᠷᠭᠡ᠂ | ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠷᠭᠡ ᠵᠣᠭᠰᠣᠭᠠᠬᠤ ᠪᠠᠶᠢᠷᠢ ᠶᠢ 600 ᠰᠢᠨ᠎ᠡ ᠪᠠᠷ ᠨᠡᠮᠡᠭᠳᠡᠭᠦᠯᠭᠦ ᠪᠠ | ᠨᠥᠬᠦᠵᠦ ᠬᠤᠪᠢᠶᠠᠷᠢᠯᠠᠨ᠎ᠠ᠃ ᠭᠤᠣᠯᠯᠠᠭᠴᠢ ᠴᠠᠬᠢᠯᠭᠠᠨ ᠲᠣᠣᠷ ᠪᠠ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠲᠡᠰ ᠳᠡᠪᠰᠢᠬᠦᠯᠭᠦ ᠥᠭᠡᠷᠡᠴᠢᠯᠡᠯᠲᠡ ᠶᠢ | ᠲᠦᠷᠭᠡᠳᠬᠡᠵᠦ᠂ ᠬᠠᠶ ᠽᠢ ᠲᠠ ᠶᠢᠨ 220 ᠺᠢᠯᠣᠸᠠᠲ ᠤᠨ ᠴᠠᠬᠢᠯᠭᠠᠨ ᠲᠠᠮᠵᠢᠭᠤᠯᠬᠤ ᠬᠦᠴᠦᠳᠡᠯ ᠥᠭᠡᠷᠡᠴᠢᠯᠡᠬᠦ ᠪᠠᠷᠢᠯᠭ᠎ᠠ ᠵᠡᠷᠭᠡ ᠲᠦᠷᠦᠯ ᠵᠤᠶᠢᠯ ᠢ | ᠦᠷᠭᠦᠯᠵᠢᠯᠡᠨ ᠠᠬᠢᠭᠤᠯᠵᠤ᠂ ᠰᠢᠤᠸᠠᠢ ᠵᠢᠶᠠ ᠸᠠᠨ ᠤ ᠭᠤᠣᠯᠳᠠᠯᠭᠠᠳᠤ ᠬᠤᠳᠠ ᠶᠢᠨ ᠲᠣᠭᠤᠷᠢᠭ ᠤᠨ ᠴᠠᠬᠢᠯᠭᠠᠨ ᠭᠦᠴᠦᠳᠠᠯ ᠦᠭᠡᠷᠡᠴᠢᠯᠡᠭᠦ ᠪᠠᠷᠢᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠴᠠᠬᠢᠯᠭᠠᠨ ᠬᠠᠩᠭᠠᠬᠤ ᠱᠤᠭᠤᠮ ᠢ 600 ᠺᠢᠯᠣᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ᠎ᠡ᠃ ᠤᠰᠤᠨ ᠠᠰᠢᠭᠯᠠᠯᠲᠠ ᠶᠢᠨ | ᠲᠦᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠤᠰᠤᠨ ᠤ ᠰᠤᠷᠪᠤᠯᠵᠢ ᠶᠢᠨ ᠪᠠᠷᠢᠯᠭ᠎ᠠ ᠪᠠ ᠨᠦᠯᠦᠮᠡᠯ ᠭᠠᠵᠠᠷ ᠤᠨ | ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ ᠶᠢᠨ ᠠᠵᠢᠯ ᠢ ᠬᠡᠷᠡᠭᠵᠢᠭᠦᠯᠵᠦ᠂ ᠸᠠᠨ ᠵᠢᠶᠠ ᠵᠠᠶ ᠶᠢᠨ ᠬᠠᠲᠤᠨ ᠭᠤᠤᠯ ᠤᠨ ᠤᠰᠤ ᠶᠢ ᠲᠠᠲᠠᠵᠤ ᠬᠠᠩᠭᠠᠬᠤ | ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ ᠰᠢᠨ᠎ᠡ ᠦᠨᠳᠦᠰᠦᠨ ᠪᠦᠲᠦᠭᠡᠨ | ᠪᠠᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠡᠶ ᠪᠠᠷ ᠲᠥᠯᠥᠪᠵᠢᠭᠦᠯᠦᠨ ᠠᠬᠢᠭᠤᠯᠵᠤ᠂ ᠨᠠᠷᠠᠰᠤᠨ ᠠᠴᠠ ᠯᠦᠡᠭ ᠺᠸᠦ ᠭᠦᠷᠭᠦ ᠦᠨᠳᠦᠷ ᠬᠤᠷᠳᠤᠴᠠᠳᠤ ᠵᠠᠰᠠᠮᠠᠯ | ᠵᠠᠮ ᠢ ᠡᠬᠢᠯᠡᠨ ᠪᠥᠳᠥᠭᠡᠨ ᠪᠠᠶᠢᠭᠤᠯᠵᠤ᠂ ᠲᠣᠭᠠᠴᠢᠯᠠᠭᠰᠠᠨ ᠵᠡᠭᠦᠨᠭᠠᠷ ᠤᠨ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠰᠢᠤᠸᠠᠢ ᠵᠢᠶᠠ ᠸᠠᠨ ᠤ | ᠬᠤᠳᠠ ᠶᠢᠨ ᠶᠠᠪᠤᠳᠠᠯ ᠤᠨ ᠲᠤᠭᠤᠷᠢᠭ ᠤᠨ ᠤᠶᠤᠨᠴᠢ ᠵᠠᠮ ᠬᠠᠷᠢᠯᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ 5G ᠶᠢᠨ ᠰᠠᠭᠤᠷᠢ ᠥᠷᠳᠡᠭᠡ ᠶᠢ 300 ᠠᠴᠠ | ᠳᠡᠭᠡᠭᠰᠢ ᠰᠢᠨ᠎ᠡ ᠪᠠᠷ ᠪᠠᠶᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠦᠨᠡᠨ ᠭᠦ ᠪᠠᠳᠤᠯᠠᠨ ᠰᠠᠶᠢᠵᠢᠷᠠᠭᠤᠯᠵᠤ᠂ ᠴᠢᠨᠠᠷ ᠰᠠᠶᠢᠳᠠᠢ ᠭᠦᠭᠵᠢᠯᠳᠠ ᠶᠢᠨ ᠬᠠᠮᠳᠤᠪᠠᠷ ᠡᠳ᠋ᠯᠡᠭᠦ ᠭᠢᠷᠢ ᠲᠦᠪᠰᠢᠨ | ᠢ ᠦᠷᠭᠦᠯᠵᠢᠯᠠᠨ ᠲᠡᠭᠡᠭᠰᠢᠯᠡᠭᠦᠯᠦᠨ᠎ᠠ | ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ | ᠤᠶᠤᠳᠠᠨ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ᠂ ᠨᠤᠲᠤᠭ ᠲᠠᠭᠠᠨ ᠪᠤᠴᠠᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠴᠤᠬᠴᠠ | ᠶᠢᠨ ᠠᠵᠢᠯ ᠣᠯᠭᠤᠯᠳᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠤᠷᠢᠯᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 3.5% ᠶᠢᠨ ᠳᠣᠲᠣᠷ᠎ᠠ ᠬᠢᠵᠠᠭᠠᠷᠯᠠᠨ᠎ᠠ᠃ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠣᠯᠠᠨ ᠠᠷᠭ᠎ᠠ ᠵᠠᠮ ᠢᠶᠠᠷ | ᠠᠮᠢᠳᠤᠯᠢᠭ ᠢᠶᠠᠷ ᠠᠵᠢᠯ ᠤᠯᠬᠤ ᠶᠢ ᠵᠤᠷᠢᠬᠵᠢᠭᠤᠯᠤᠨ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠤᠷᠢᠯᠠᠵᠤ᠂ ︽ᠨᠢᠭᠡ | ᠴᠦ ᠠᠵᠢᠯ ᠣᠯᠤᠭᠰᠠᠨ ᠥᠬᠡᠶ︾ ᠬᠡᠷ ᠪᠦᠯᠢ ᠶᠢ ᠬᠥᠳᠡᠯᠦᠩᠭᠦᠶ ᠪᠠᠷ ᠦᠭᠡᠶᠢᠰᠭᠡᠭᠦ ᠶᠢ ᠦᠨᠡᠨ ᠬᠦ ᠪᠠᠲᠤᠯᠠᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ᠂ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠬᠥᠮᠦᠰ ᠢ ᠬᠠᠪᠰᠤᠷᠤᠨ ᠲᠡᠳᠬᠦᠵᠦ ᠠᠪᠤᠷᠠᠨ | ᠲᠤᠰᠠᠯᠠᠬᠤ ᠭᠦᠴᠦᠯᠠᠴᠠ ᠪᠠᠨ ᠨᠡᠮᠡᠭᠳᠡᠭᠦᠯᠵᠤ᠂ ᠬᠦᠴᠢᠷᠳᠡᠯ ᠲᠠᠢ ᠤᠯᠠᠨ ᠲᠦᠮᠡᠨ ᠤ ᠠᠮᠢᠳᠤᠷᠠᠯ ᠦᠨᠳᠦᠰᠦᠨ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ | ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠡᠯ᠎ᠠ ᠲᠦᠷᠦᠯ ᠤᠨ ᠨᠡᠶᠢᠭᠡᠮ ᠤᠨ ᠨᠠᠰᠤᠳᠠᠨ ᠤ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠭᠦᠭᠵᠢᠭᠦᠯᠦᠨ ᠪᠤᠵᠠᠭᠠᠢᠢᠷᠠᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠦᠷ᠎ᠡ ᠪᠦᠲᠦᠮᠵᠢ ᠶᠢ ᠲᠡᠭᠡᠭᠰᠢᠯᠡᠭᠦᠯᠤᠨ᠎ᠠ᠃ ᠥᠷᠢ | ᠰᠢᠷᠢ ᠶᠢ ᠴᠡᠭᠴᠡᠯᠡᠵᠤ ᠵᠠᠷᠤᠯᠭ᠎ᠠ ᠶᠢ ᠪᠠᠲᠤᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠥᠯᠥᠰᠥᠨ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ | ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠱᠢ ᠵᠢᠢ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠠᠵᠢᠯ ᠢ ᠡᠬᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠂ | ᠭᠡᠤᠭᠡᠳ ᠤᠨ ᠴᠡᠴᠡᠷᠯᠢᠭ ᠢ 25 ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠬᠤᠰᠢᠭᠤᠨ ᠤ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭ᠎ᠠ ᠵᠡᠷᠭᠡ 8 ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ ᠲᠤᠬᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠨᠡᠶᠢᠰᠯᠡᠯ ᠤᠨ | ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠬᠥᠮᠦᠵᠢᠭᠦᠯᠬᠦ | ᠭᠦᠴᠦᠯᠠᠴᠠ ᠪᠠᠨ ᠦᠷᠭᠦᠯᠵᠢᠯᠡᠨ ᠨᠡᠮᠡᠭᠳᠡᠭᠦᠯᠵᠤ᠂ ︽ᠠᠷᠪᠠ ᠵᠠᠭᠤ ᠮᠢᠩᠭ᠎ᠠ︾ ᠶᠢᠨ ᠢᠨᠵᠧᠨᠧᠷᠢᠩ ᠪᠠ ᠨᠠᠷᠠᠲᠤ ᠰᠢᠯᠢᠳᠡᠭ ᠰᠤᠷᠭᠠᠭᠤᠯᠢ ᠴᠡᠴᠡᠷᠯᠢᠭ ᠤᠨ ᠳᠠᠷᠤᠭ᠎ᠠ᠂ | ᠨᠠᠷᠠᠲᠤ ᠰᠢᠯᠢᠳᠡᠭ ᠪᠠᠭᠰᠢ ᠶᠢᠨ ︽ᠵᠢᠷᠭᠤᠭᠠᠨ ᠨᠢᠭᠡ ᠶᠢᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ | ᠠᠵᠢᠯ ᠢ ᠲᠠᠰᠤᠷᠠᠯᠲᠠ ᠥᠬᠡᠶ ᠴᠢᠩᠭᠠᠳᠬᠠᠨ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ | ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ ᠪᠠ ᠪᠠᠭᠰᠢ ᠨᠠᠷ ᠢ ᠠᠵᠢᠯ ᠤᠨ ᠪᠠᠶᠢᠷᠢ ᠪᠠᠨ ᠡᠭᠡᠯᠵᠢᠯᠡᠭᠦᠯᠦᠨ | ᠰᠣᠯᠢᠯᠴᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢ ᠬᠠᠯᠠᠮᠵᠢᠯᠠᠬᠤ ᠲᠦᠷᠦᠯ ᠵᠦᠢᠯ ᠢ ᠭᠡᠷᠡᠭᠵᠢᠭᠦᠯᠦᠨ᠎ᠠ᠃ | ᠡᠷᠡᠭᠦᠯ ᠡᠩᠭᠡ ᠵᠡᠭᠦᠨᠭᠠᠷ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳ᠋ᠠ ᠯᠦ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠤᠭᠤᠷᠢᠭ | ᠵᠢᠴᠢ ᠬᠠᠷᠢᠶᠠᠲᠤ ᠪᠠᠷᠢᠯᠭ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ 6 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | ᠭᠤᠣᠯᠳᠠᠯᠭᠠᠳᠤ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠴᠢᠳᠠᠪᠤᠷᠢ ᠶᠢ ᠳᠡᠭᠡᠭᠰᠢᠯᠡᠭᠦᠯᠬᠦ ᠪᠠᠷᠢᠯᠭ᠎ᠠ ᠶᠢ ᠪᠡᠶᠡᠯᠡᠭᠦᠯᠵᠦ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠩ ᠪᠠᠯᠭᠠᠰᠤ ᠶᠢ 1᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠰᠢᠶᠠᠩ ᠪᠠᠯᠭᠠᠰᠤ ᠶᠢ 2 ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠳᠠᠬᠢᠨ ᠬᠢᠨᠠᠬᠤ ᠪᠠ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠬᠥᠬᠡ ᠲᠡᠰ ᠢ ᠭᠢᠨᠠᠨ ᠦᠨᠡᠯᠡᠭᠦ ᠠᠵᠢᠯ ᠢ ᠤᠷᠤᠭᠰᠢᠲᠠᠶ ᠥᠩᠭᠡᠷᠡᠭᠡᠵᠦ᠂ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤᠨ ᠤ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠤᠯᠠᠭᠠᠨᠮᠥ᠋ᠴᠢᠷ ᠤᠨ ᠪᠡᠷᠢᠮᠵᠢᠶᠡᠵᠢᠬᠰᠠᠨ | ᠪᠠᠶᠢᠭᠤᠯᠤᠯᠲᠠ ᠶᠢ ᠲᠦᠷᠭᠡᠳᠬᠡᠵᠦ᠂ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠢ ᠰᠠᠶᠢᠲᠤᠷ ᠡᠷᠭᠢᠯᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠰᠢᠨ᠎ᠡ ᠪᠠᠷ ᠡᠭᠦᠳᠦᠨ ᠬᠡᠷᠡᠭᠵᠢᠭᠦᠯᠦᠨ᠎ᠡ᠃ ᠰᠢᠤᠸᠠᠢ ᠵᠢᠶᠠ ᠸᠠᠨ ᠤ ᠶᠡᠷᠦᠩᠬᠡᠶᠢᠯᠡᠭᠰᠡᠨ ᠰᠣᠶᠣᠯ ᠤᠨ ᠠᠵᠢᠯᠯᠠᠭ᠎ᠠ ᠶᠢᠨ ᠲᠥᠪ ᠢ ᠠᠰᠢᠬᠯᠠᠯᠳᠠ ᠳᠤ | ᠤᠷᠤᠭᠤᠯᠵᠤ᠂ ᠰᠢᠶᠠᠩ ᠲᠤᠰᠬᠤᠨ ᠬᠤᠶᠠᠷ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠢ ᠲᠡᠭᠦᠯᠳᠡᠷᠵᠢᠭᠦᠯᠵᠦ᠂ ︽ᠪᠢᠴᠢᠭ ᠤᠨ | ᠰᠤᠷᠪᠤᠯᠵᠢᠲᠤ ᠵᠡᠭᠦᠨᠭᠠᠷ︾ ᠤᠨ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ 1000 ᠢᠵᠢ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠲᠦᠷᠦᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠲᠠᠸᠠᠷ ᠤᠨ ᠬᠡᠷ ᠪᠠᠶᠢᠰᠢᠩ ᠤᠨ ᠲᠠᠯᠠᠪᠠᠶ ᠶᠢ 50 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠣᠯᠠᠨ ᠵᠤᠶᠢᠯ ᠤᠨ ᠠᠷᠭ᠎ᠠ ᠪᠣᠳᠣᠯᠭ᠎ᠠ ᠶᠢ ᠵᠡᠷᠭᠡ ᠪᠠᠷ ᠬᠡᠷᠡᠭᠵᠢᠭᠦᠯᠵᠦ ᠭᠡᠷ ᠭᠠᠵᠠᠷ ᠬᠥᠷᠦᠩᠭᠡ ᠬᠤᠲᠠ ᠶᠢᠨ | ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠬᠠᠮᠠᠭᠠᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ | ᠦᠭᠡᠢ ᠰᠠᠶᠢᠲᠤᠷ ᠠᠳᠬᠤᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ | ᠴᠢᠩᠭ᠎ᠠ ᠪᠤᠳᠠᠳᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠲᠤ ᠪᠠᠬᠢ ᠪᠠᠶᠢᠭᠤᠯᠵᠤ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠳᠤ ᠴᠢᠩᠭ᠎ᠠ ᠬᠠᠮᠠᠭᠠᠯᠠᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠵᠢᠯ ᠤᠨ ᠳᠣᠲᠣᠷ᠎ᠠ ᠵᠠᠰᠠᠭ ᠤᠨ | ᠣᠷᠳᠣᠨ ᠤ ᠲᠠᠯᠳᠠ ᠥᠷᠢ ᠥᠭᠴᠡᠭᠡ ᠶᠢ 9.4 ᠳ᠋ᠦᠩᠰᠢᠭᠤᠷ ᠲᠥᠭᠦᠷᠢᠭ ᠢᠯᠭᠠᠷᠠᠭᠤᠯᠤᠨ᠎ᠠ᠃ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠨᠠᠮᠳᠠᠭᠤᠯᠬᠤ | ᠲᠤᠬᠳᠠᠴᠠ ᠶᠢ ᠦᠨᠳᠦᠷ ᠪᠦᠳᠦᠮᠵᠢᠳᠠᠢ ᠪᠠᠷ ᠠᠵᠢᠯᠯᠠᠭᠤᠯᠬᠤ ᠶᠢ ᠠᠭᠢᠭᠤᠯᠵᠤ᠂ ᠨᠡᠶᠢᠭᠡᠮ ᠤᠨ ᠵᠠᠰᠠᠯᠲᠠ ᠶᠢᠨ ᠣᠶᠤᠨᠴᠢ ᠲᠠᠪᠴᠠᠩ ᠤᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠠᠪᠬᠤᠷᠳᠠᠭᠰᠠᠨ ᠵᠠᠬᠢᠳᠠᠯ | ᠰᠤᠷᠪᠤᠯᠵᠢᠯᠠᠯ ᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠤᠷᠢᠯᠡᠭᠦ ᠲᠤᠰᠬᠠᠶ ᠠᠵᠢᠯ ᠤᠨ ᠭᠤᠷᠪᠠᠨ ᠵᠢᠯ ᠤᠨ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠵᠥᠷᠢᠴᠡᠯ ᠤᠨ ᠠᠰᠠᠭᠤᠳᠠᠯ ᠢ ᠦᠨᠡᠨ ᠬᠦ | ᠰᠠᠶᠢᠲᠤᠷ ᠰᠢᠢᠳᠪᠤᠷᠢᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠲᠣᠭᠲᠠᠴᠠᠵᠢᠭᠤᠯᠤᠨ᠂ ᠪᠠᠶᠢᠩᠭᠤᠵᠢᠭᠤᠯᠤᠨ ᠥᠷᠨᠢᠭᠦᠯᠵᠦ᠂ | ᠠᠮᠤᠭᠤᠯᠠᠩ ᠵᠡᠭᠦᠨᠭᠠᠷ᠂ ᠬᠠᠤᠯᠢᠵᠢᠯ ᠵᠡᠭᠦᠨᠭᠠᠷ ᠤᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠪᠠᠷ ᠭᠤᠣᠯ ᠱᠤᠭᠤᠮ ᠪᠣᠯᠭᠠᠵᠤ᠂ ᠦᠨᠳᠦᠰᠦᠳᠠᠨ ᠤ ᠪᠦᠯᠭᠦᠮᠳᠠᠯ ᠲᠠᠪᠰᠢᠯᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠪᠠ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠯᠡᠬᠦ ᠠᠵᠢᠯ ᠢ ᠡᠷᠡᠰ ᠰᠢᠭᠤᠷᠬᠠᠢ ᠰᠠᠶᠢᠲᠤᠷ ᠬᠢᠨ᠎ᠠ᠃ ᠠᠶᠤᠯ ᠦᠭᠡᠢ ᠦᠢᠯᠡᠳᠪᠦᠷᠢᠯᠡᠯ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠢᠳᠡᠭᠡᠨ ᠡᠮ ᠤᠨ ᠵᠤᠶᠢᠯ ᠤᠨ ᠠᠮᠤᠷ ᠲᠦᠪᠰᠢᠨ ᠵᠡᠷᠭᠡ ᠠᠵᠢᠯ ᠢ ᠬᠦᠴᠦ | ᠲᠠᠯᠪᠢᠨ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ | ︵ᠲᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠠᠷᠠᠳ ᠲᠦᠮᠡᠨ ᠤ ᠰᠡᠳᠭᠢᠯ ᠳᠤ ᠬᠠᠨᠤᠮᠵᠢᠳᠠᠢ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠡᠷᠡᠰ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ᠂ ᠡᠯ᠎ᠡ ᠲᠠᠯ᠎ᠠ᠂ ᠡᠯ᠎ᠡ | ᠭᠤᠭᠴᠤᠭ᠎ᠠ ᠳᠤ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠰᠢᠨ᠎ᠡ ᠬᠥᠭᠵᠢᠯᠲᠡ ᠶᠢᠨ ᠤᠨᠤᠯᠵᠢᠭᠤᠨ ᠢ ᠲᠤᠭᠤᠰᠢᠯᠠᠭᠤᠯᠬᠤ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ | ᠪᠦᠲᠦᠮᠵᠢ ᠳᠡᠭᠡᠷ᠎ᠡ ᠦᠨᠡᠨ ᠬᠦ ᠢᠯᠡᠷᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ | ᠲᠦᠷᠦᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ᠂ ᠵᠠᠰᠠᠭ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠠᠤᠯᠢᠵᠢᠯ ᠵᠠᠰᠠᠭ ᠤᠨ ᠤᠷᠳᠤᠨ ᠤ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠦᠨ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠬᠠᠤᠯᠢ ᠪᠠᠷ ᠵᠠᠰᠠᠬᠤ ᠰᠡᠳᠬᠢᠬᠦᠶ | ᠪᠠ ᠲᠦᠷᠢᠮ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠪᠠ ᠲᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠠᠤᠯᠢ | ᠶᠣᠰᠣᠭᠠᠷ ᠰᠢᠢᠳᠪᠤᠷᠢᠳᠤ ᠪᠤᠳᠤᠯᠭ᠎ᠠ ᠲᠣᠭᠲᠠᠭᠠᠬᠤ ᠵᠠᠰᠠᠭ ᠤᠨ ᠣᠷᠳᠣᠨ ᠤ ᠵᠠᠰᠠᠯᠲᠠ ᠶᠢᠨ ᠲᠤᠬᠳᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠯᠲᠠ ᠲᠠᠯᠪᠢᠬᠤ | ᠰᠠᠨᠠᠯ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠭᠦᠴᠦᠯᠡᠴᠠ ᠪᠠᠨ ᠴᠢᠨᠠᠬᠰᠢᠳᠠ ᠨᠡᠮᠡᠭᠳᠡᠭᠦᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ ᠭᠦᠢᠴᠡᠳᠭᠡᠭᠦ ᠠᠵᠢᠯ ᠢ ᠴᠢᠨᠠᠷᠯᠢᠭ ᠰᠠᠶᠢᠨ | ᠪᠡᠶᠡᠯᠡᠭᠦᠯᠦᠨ᠎ᠠ᠃ | ᠵᠠᠰᠠᠯᠳᠠ ᠶᠢᠨ ᠴᠢᠳᠡᠪᠭᠢ ᠶᠢ ᠪᠦᠭᠦ ᠲᠠᠯ᠎ᠠ ᠪᠠᠷ ᠲᠡᠭᠡᠭᠰᠢᠯᠡᠭᠦᠯᠦᠨ᠎ᠠ᠃ ᠵᠠᠰᠠᠭ ᠵᠠᠬᠢᠷᠭᠠᠨ ᠤ ᠴᠢᠳᠡᠪᠭᠢ ᠶᠢ ᠡᠷᠴᠢᠮᠵᠢᠭᠦᠯᠵᠤ᠂ ᠦᠵᠡᠯ ᠰᠠᠨᠠᠭ᠎ᠠ ᠪᠠᠨ ᠤᠯᠠᠮ | ᠨᠢᠭᠡ ᠠᠯᠬᠤᠮ ᠴᠢᠯᠥᠭᠡᠯᠡᠨ᠂ ᠦᠵᠡᠯᠲᠡ ᠪᠠᠨ ᠰᠢᠨᠡᠳᠬᠡᠵᠦ᠂ ᠨᠡᠭᠡᠭᠡᠯᠳᠡ ᠲᠠᠢ ᠪᠠᠷ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠦᠢᠯᠡᠳᠦᠯᠭᠡ ᠶᠢᠨ ᠴᠢᠳᠠᠪᠤᠷᠢ ᠪᠠᠨ ᠲᠠᠰᠤᠷᠠᠯᠲᠠ ᠥᠬᠡᠶ ᠲᠡᠭᠡᠭᠰᠢᠯᠡᠭᠦᠯᠤᠨ᠎ᠠ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠡᠷᠴᠢᠮᠵᠢᠭᠦᠯᠵᠤ᠂ ᠬᠤᠷᠴᠠ ᠰᠡᠷᠭᠡᠭ ᠢᠶᠠᠷ ᠠᠰᠠᠭᠤᠳᠠᠯ ᠢ ᠢᠯᠡᠷᠡᠭᠦᠯᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠠᠰᠠᠭᠤᠳᠠᠯ ᠢ ᠤᠬᠠᠮᠰᠠᠷ ᠠᠴᠠ | ᠪᠠᠨ ᠰᠢᠢᠳᠪᠤᠷᠢᠯᠡᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠪᠠ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠠ᠃ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠵᠥᠪ ᠴᠢᠭᠯᠡᠯ ᠢᠶᠠᠷ ᠤᠷᠮᠠᠰᠢᠭᠤᠯᠬᠤ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠯᠵᠠᠭᠤ ᠬᠤᠶᠢᠷᠭᠤ ᠰᠤᠯᠠ ᠵᠠᠳᠠᠭᠠᠢ᠂ ᠠᠵᠢᠯ | ᠬᠢᠬᠦ ᠦᠭᠡᠢ᠂ ᠳᠤᠷ᠎ᠠ ᠪᠠᠷ ᠢᠶᠠᠨ ᠬᠢᠬᠦ ᠵᠡᠷᠭᠡ ᠦᠵᠡᠭᠳᠡᠯ ᠢ ᠡᠷᠡᠰ ᠴᠡᠭᠴᠡᠯᠡᠨ ᠵᠠᠰᠠᠵᠤ᠂ ᠺᠠᠳ᠋ᠷᠴᠤᠳ ᠤᠨ ᠡᠭᠦᠷᠭᠡᠯᠡᠵᠦ ᠳᠡᠶᠢᠯᠬᠦ᠂ ᠵᠣᠷᠢᠭᠲᠠᠢ ᠪᠠᠷ ᠡᠭᠦᠷᠭᠡᠯᠡᠵᠦ | ᠳᠡᠶᠢᠯᠬᠦ᠂ ᠠᠵᠢᠯ ᠬᠢᠬᠦ ᠶᠢ ᠪᠤᠳᠤᠬᠤ᠂ ᠪᠦᠳᠦᠮᠵᠢ ᠭᠠᠷᠭᠠᠬᠤ ᠶᠢ ᠤᠷᠮᠠᠰᠢᠭᠤᠯᠤᠨ ᠵᠤᠷᠢᠬᠵᠢᠭᠤᠯᠤᠨ᠎ᠠ᠃ | ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠵᠤ ᠪᠣᠳᠠᠲᠠᠶ ᠠᠳᠬᠤᠨ᠎ᠠ᠃ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠶᠢ ᠡᠷᠴᠢᠮᠵᠢᠭᠦᠯᠦᠨ᠂ ᠨᠢᠭᠡᠳᠦᠭᠡᠷ ᠱᠠᠲᠤᠨ ᠤ ᠲᠥᠰᠦᠪ ᠤᠨ ᠨᠢᠭᠡᠴᠢ ᠶᠢᠨ ᠬᠢᠨᠠᠨ ᠪᠤᠳᠤᠯᠲᠠ ᠶᠢ ᠪᠦᠷᠭᠦᠭᠦᠯᠭᠦ ᠶᠢ ᠠᠬᠢᠭᠤᠯᠵᠤ᠂ ᠵᠠᠰᠠᠭ ᠤᠨ ᠣᠷᠳᠣᠨ ᠤ | ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ᠪᠠᠷᠢᠯᠭ᠎ᠠ ᠳᠠᠭᠤᠰᠤᠭᠰᠠᠨ ᠲᠥᠰᠦᠪ ᠤᠨ ᠭᠦᠢᠴᠡᠳᠭᠡᠯ ᠤᠨ ᠬᠢᠨᠠᠨ ᠪᠤᠳᠤᠬᠤ ᠲᠦᠷᠢᠮ ᠢ ᠭᠡᠷᠡᠭᠵᠢᠭᠦᠯᠦᠨ᠎ᠠ᠃ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠢ ᠵᠥᠷᠢᠴᠡᠵᠦ ᠬᠠᠤᠯᠢ ᠶᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠬᠠᠩᠭᠠᠨ | ᠪᠣᠷᠣᠯᠠᠭᠤᠯᠭ᠎ᠠ᠂ ᠤᠢ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ | ᠥᠷᠨᠢᠭᠦᠯᠦᠨ᠎ᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡ᠊ᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ | ᠨᠡᠩ ᠤᠯᠠᠨ ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠲᠥᠪᠯᠡᠷᠡᠭᠦᠯᠦᠨ᠎ᠡ᠃ | ᠲᠦᠯᠦᠭᠡᠯᠡᠭᠴᠢᠳ ᠡ︕ ᠰᠢᠨ᠎ᠡ ᠴᠠᠭ ᠦᠶ᠎ᠡ ᠶᠢᠨ ᠠᠶᠠᠯᠠᠯ ᠢᠶᠠᠨ ᠡᠬᠢᠯᠡᠭᠦᠯᠵᠦ᠂ ᠰᠢᠨ᠎ᠡ ᠠᠶᠠᠨ ᠳᠠᠭᠠᠨ ᠴᠢᠷᠮᠠᠶᠢᠨ ᠲᠡᠮᠡᠴᠡᠵᠡᠭᠡᠶ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠳᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠦᠯᠬᠦᠮᠳᠡᠨ ᠲᠡᠮᠡᠴᠡᠵᠦ᠂ ᠬᠦᠴᠢᠷ ᠢ ᠲᠤᠭᠤᠯᠤᠨ ᠪᠡᠷᠭᠡ ᠶᠢ ᠳᠠᠪᠠᠵᠤ᠂ ᠡᠯ᠎ᠡ ᠲᠦᠷᠦᠯ ᠤᠨ ᠠᠵᠢᠯ ᠢ ᠡᠷᠴᠢᠮᠲᠡᠢ ᠡᠮᠬᠢ | ᠵᠢᠷᠤᠮ ᠲᠠᠢ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠣᠯᠬᠤ ᠶᠢ | ᠪᠠᠲᠤᠯᠠᠵᠤ᠂ ᠵᠡᠭᠦᠨᠭᠠᠷ ᠤᠨ ᠣᠳᠣᠬᠢᠴᠢᠯᠠᠯᠲᠠ ᠶᠢᠨ ᠪᠦᠳᠤᠬᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ | ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠶ᠎ᠠ︕ | | ᠨᠡᠷᠡᠰ ᠤᠨ ᠲᠠᠶᠢᠯᠪᠤᠷᠢ | ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠪᠤᠷᠢᠵᠢᠭᠤᠯᠬᠤ ᠶᠢ ᠵᠢᠭᠠᠵᠤ ᠪᠤᠢ᠃ | ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠪᠠᠲᠤᠯᠠᠵᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠠᠵᠢᠯᠯᠠᠭᠠᠨ ᠶᠢ ᠪᠠᠳᠤᠯᠠᠬᠤ ᠶᠢ ᠵᠢᠭᠠᠵᠤ ᠪᠤᠢ᠃ | ᠳᠥᠷᠪᠡᠨ ᠡᠷᠲᠡ ᠶᠢᠨ ᠱᠠᠭᠠᠷᠳᠠᠯᠭ᠎ᠠ᠄ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠶᠢ ᠵᠢᠭᠠᠵᠤ ᠪᠤᠢ᠃ | ᠳᠥᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ︽ᠭᠤᠷᠪᠠᠨ ᠡᠬᠡ ᠲᠠᠩᠰᠠ︾᠄ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠵᠡᠩᠨᠡᠯᠲᠡ ᠶᠢᠨ ᠲᠥᠷᠥᠯ᠂ ᠡᠷᠦᠬᠡ ᠳᠤ | ᠬᠦᠷᠭᠡᠬᠦ ᠲᠥᠷᠥᠯ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠬᠡ ᠲᠠᠩᠰᠠ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ᠄ ᠤᠯᠤᠰ ᠠᠴᠠ ᠦᠪᠦᠷ ᠮᠤᠩᠭᠤᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ | ᠶᠢ ᠡᠭᠦᠳᠭᠦ ᠠᠵᠢᠯ ᠢ ᠪᠦᠬᠦ ᠲᠠᠯ᠎ᠠ ᠪᠠᠷ ᠳᠡᠮᠵᠢᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠣᠷᠤᠨ ᠨᠤᠲᠤᠭ ᠤᠨ ᠵᠠᠰᠠᠭ ᠤᠨ ᠣᠷᠳᠤᠨ ᠤ ᠰᠢᠨ᠎ᠡ ᠶᠢ ᠡᠭᠦᠳᠬᠦ ᠶᠢ | ᠠᠭᠢᠭᠤᠯᠬᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠢᠳᠡᠪᠬᠢᠵᠢᠯ ᠢ ᠭᠦᠢᠴᠡᠳ ᠳᠠᠶᠢᠴᠢᠯᠠᠬᠤ ᠪᠠᠷ | ᠭᠠᠷᠳᠠᠴᠠ ᠪᠣᠯᠭᠠᠵᠤ᠂ ᠠᠵᠤ ᠦᠢᠯᠡᠰ ᠤᠨ ᠬᠡᠯᠬᠢᠶ᠎ᠡ ᠪᠠᠷ ᠰᠢᠨ᠎ᠡ ᠶᠢ ᠡᠭᠦᠳᠬᠦ ᠬᠡᠯᠬᠢᠶ᠎ᠡ ᠶᠢ ᠲᠤᠭᠢᠷᠠᠭᠤᠯᠬᠤ ᠲᠤᠭᠤᠷᠢᠨ ᠳᠤ᠂ ᠰᠢᠨ᠎ᠡ ᠶᠢ ᠡᠭᠦᠳᠬᠦ ᠬᠡᠯᠬᠢᠶ᠎ᠡ ᠪᠠᠷ | ᠠᠵᠤ ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠬᠤ ᠲᠤᠭᠤᠷᠢᠨ ᠳᠤ᠂ ᠠᠵᠤ ᠦᠢᠯᠡᠰ ᠤᠨ ︽ᠲᠦᠷᠪᠡᠨ ᠤᠯᠠᠨ ᠲᠦᠷᠪᠡᠨ ᠴᠥᠭᠡᠨ︾ ᠪᠠᠶᠢᠬᠤ ᠠᠰᠠᠭᠤᠳᠠᠯ ᠢ | ᠬᠦᠴᠦᠯᠡᠨ ᠰᠢᠢᠳᠪᠤᠷᠢᠯᠠᠵᠤ᠂ ︽ᠲᠠᠪᠤᠨ ᠶᠡᠭᠡ ᠬᠦᠷᠢᠶ᠎ᠡ ᠴᠠᠷᠠᠭ᠎ᠠ︾ ᠶᠢᠨ ᠬᠤᠰᠢᠭᠤᠷᠠᠯ ᠮᠡᠷᠭᠡᠵᠢᠯ ᠤᠨ ᠰᠢᠪᠳᠤᠯᠤᠯᠳᠠ ᠶᠢ ᠥᠷᠨᠢᠭᠦᠯᠦᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠲᠠᠭᠠᠯᠳᠠ ᠭᠡᠰᠡᠭ ᠲᠡᠶᠢᠰᠢ ᠤᠷᠲᠤᠳᠬᠠᠬᠤ᠂ | ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠡᠰ ᠲᠡᠶᠢᠰᠢ ᠳᠡᠭᠡᠭᠰᠢᠯᠡᠭᠦᠯᠬᠦ ᠶᠢ ᠠᠬᠢᠭᠤᠯᠵᠤ᠂ ᠥᠪᠡᠷᠮᠢᠴᠡ ᠣᠨᠴᠠᠯᠢᠭ ᠲᠠᠢ᠂ ᠳᠠᠪᠠᠭᠤᠯᠢᠭ ᠪᠦᠬᠦᠢ ᠣᠷᠣᠨ | ᠪᠦᠰᠡ ᠶᠢᠨ ᠰᠢᠨ᠎ᠡ ᠶᠢ ᠡᠭᠦᠳᠬᠦ ᠲᠤᠬᠳᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ | ᠨᠡᠭᠦᠷᠡᠰᠦᠲᠥ᠋ᠷᠥᠭᠴᠢ ᠵᠢᠨᠲ᠋ᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠤᠷᠭᠢᠯ ᠭᠡᠮᠵᠢᠭᠳᠡᠯ ᠳᠤ ᠭᠦᠷᠭᠡᠭᠦ᠂ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ᠄ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠤᠷᠭᠢᠯ ᠭᠡᠮᠵᠢᠭᠳᠡᠯ ᠳᠤ ᠭᠦᠷᠭᠡᠭᠦ ᠪᠣᠯ ᠮᠠᠨ ᠤ ᠤᠯᠤᠰ 2030 ᠣᠨ ᠠᠴᠠ ᠡᠮᠦᠨ᠎ᠡ᠂ | ᠨᠡᠭᠦᠷᠡᠰᠦᠲᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠲᠠᠬᠢᠨ ᠨᠡᠮᠡᠭᠳᠡᠭᠦᠯᠬᠦ ᠦᠭᠡᠢ ᠪᠠᠶᠢᠵᠤ᠂ ᠤᠷᠬᠢᠯ ᠬᠡᠮᠵᠢᠭᠳᠡᠯ ᠳᠤ ᠬᠦᠷᠦᠭᠰᠡᠨ ᠤ ᠲᠠᠷᠠᠭ᠎ᠠ | ᠠᠭᠠᠵᠢᠮ ᠢᠶᠠᠷ ᠪᠠᠭᠠᠰᠬᠠᠨ᠎ᠠ︔ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯ ᠮᠠᠨ ᠤ ᠤᠯᠤᠰ 2060 ᠤᠨ ᠠᠴᠠ ᠡᠮᠦᠨ᠎ᠡ᠂ ᠭᠠᠳᠠᠭᠰᠢᠯᠠᠭᠤᠯᠵᠤ ᠪᠠᠶᠢᠭ᠎ᠠ | ᠨᠡᠭᠦᠷᠡᠰᠦᠲᠦ᠋ᠷᠦᠭᠴᠢ ᠶᠢᠨ ᠳᠠᠪᠬᠤᠷ ᠢᠰᠦᠯ ᠳᠤ ᠴᠢᠭᠯᠡᠭᠦᠯᠦᠨ᠂ ᠮᠣᠳᠣ ᠳᠠᠷᠢᠵᠤ ᠣᠶᠢᠵᠢᠭᠤᠯᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠵᠡᠷᠭᠡ ᠡᠯ᠎ᠡ ᠵᠤᠶᠢᠯ ᠤᠨ ᠠᠷᠭ᠎ᠠ ᠬᠡᠯᠪᠡᠷᠢ ᠪᠠᠷ ᠪᠦᠬᠦᠨ ᠢ ᠦᠭᠡᠶᠢᠰᠭᠡᠭᠦ ᠪᠠᠷ ᠴᠢᠷᠮᠠᠶᠢᠵᠤ ᠪᠠᠶᠢᠭ᠎ᠠ ᠶᠠᠪᠤᠳᠠᠯ ᠪᠣᠯᠤᠨ᠎ᠠ᠃ | ᠡᠨᠧᠷᠭᠢ ᠶᠢᠨ ᠬᠤᠷᠤᠬᠳᠠᠯ ᠤᠨ ᠬᠤᠤᠰ ᠡᠵᠡᠮᠳᠡᠯ᠄ ᠡᠨᠧᠷᠭᠢ ᠶᠢᠨ ᠬᠤᠷᠤᠬᠳᠠᠯ ᠤᠨ ᠬᠦᠴᠦᠯᠡᠴᠡ ᠪᠠ ᠡᠨᠧᠷᠭᠢ ᠶᠢᠨ ᠬᠤᠷᠤᠬᠳᠠᠯ ᠤᠨ ᠶᠡᠷᠦᠩᠭᠡᠢ ᠭᠡᠮᠵᠢᠶ᠎ᠠ ᠶᠢ | ᠡᠵᠡᠮᠳᠡᠭᠦ ᠶᠢ ᠵᠢᠭᠠᠵᠤ ᠪᠤᠢ᠃ | ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠭᠦᠭᠦᠷᠭᠡᠨ ᠪᠠᠬᠢᠯᠡᠯᠲᠡ᠄ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ︔ ᠤᠯᠤᠰ ᠤᠨ ᠴᠢᠬᠤᠯᠠ | ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ︔ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠠᠶᠢᠭᠤᠯᠤᠨ᠎ᠠ᠃ | | ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ᠄ ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠢ ᠴᠥᠮ ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠬᠠᠮᠢᠶᠠᠷᠤᠯᠲᠠ ᠭᠢᠵᠤ᠂ | ᠢᠯᠠᠩᠭᠤᠶ᠎ᠠ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠯᠪᠠᠳᠠᠯᠭ᠎ᠠ ᠪᠠᠷ | ᠰᠢᠯᠵᠢᠭᠦᠯᠵᠤ᠂ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠤᠨ ᠥᠩᠭᠡᠷᠡᠭᠰᠡᠨ ᠤ ᠨᠢᠭᠡᠨ ᠰᠤᠷᠭᠠᠭᠤᠯᠢ ᠶᠢᠨ ︽ᠰᠤᠷᠭᠠᠭᠤᠯᠢ ᠶᠢᠨ ᠬᠥᠮᠦᠨ︾ ᠪᠠᠶᠢᠭᠰᠠᠨ ᠠᠴᠠ ᠨᠢ | ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠰᠢᠰᠲ᠋ᠧᠮ ᠤᠨ ᠬᠥᠮᠦᠨ︾ ᠪᠣᠯᠭᠠᠨ ᠬᠤᠪᠢᠷᠠᠭᠤᠯᠤᠨ᠎ᠠ᠃ | ︽ᠠᠷᠪᠠ ᠵᠠᠭᠤ ᠮᠢᠩᠭ᠎ᠠ︾ ᠶᠢᠨ ᠢᠨᠵᠧᠨᠧᠷᠢᠩ᠄ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠠᠨ᠂ ᠠᠷᠪᠠᠨ ᠥᠪᠡᠷᠲᠡᠭᠡᠨ | ᠵᠠᠰᠠᠬᠤ ᠣᠷᠣᠨ ᠤ ᠳᠡᠰ᠂ ᠵᠠᠭᠤᠨ ᠬᠤᠲᠠ ᠶᠢᠨ ᠳᠡᠰ᠂ ᠮᠢᠩᠭᠠᠨ ᠬᠤᠰᠢᠭᠤᠨ ᠤ ᠳᠡᠰ ᠤᠨ ᠭᠢᠴᠢᠶᠠᠯ ᠲᠦᠷᠦᠯ ᠤᠨ ᠳᠠᠭᠠᠭᠤᠯᠤᠭᠴᠢ ᠪᠤᠶᠤ ᠵᠢᠭᠠᠨ ᠰᠤᠷᠭᠠᠬᠤ | ᠴᠢᠳᠠᠪᠤᠷᠢᠲᠠᠨ ᠢ ᠲᠥᠯᠥᠪᠯᠡᠭᠡ ᠲᠠᠢ ᠪᠠᠷ ᠬᠥᠮᠦᠵᠢᠭᠦᠯᠵᠦ᠂ ᠡᠯ᠎ᠡ ᠰᠤᠷᠤᠯᠭ᠎ᠠ ᠶᠢᠨ ᠱᠠᠲᠤᠨ ᠤ ᠡᠯ᠎ᠡ ᠬᠢᠴᠢᠶᠡᠯ ᠲᠥᠷᠥᠯ ᠤᠨ ᠬᠥᠮᠦᠵᠢᠭᠦᠯᠬᠦ ᠡᠲᠡᠭᠡᠳ ᠢ ᠲᠣᠭᠲᠠᠭᠠᠵᠤ | ᠂ ᠲᠠᠪᠴᠠᠩ ᠪᠠᠶᠢᠭᠤᠯᠤᠨ ᠲᠥᠯᠥᠪᠯᠡᠭᠡ ᠲᠠᠢ ᠪᠠᠷ ᠭᠠᠳᠠᠭᠰᠢ ᠭᠠᠷᠴᠤ ᠪᠣᠯᠪᠠᠰᠤᠷᠠᠯ ᠬᠦᠷᠲᠡᠭᠡᠵᠤ᠂ ᠲᠥᠯᠥᠪᠯᠡᠭᠡ ᠲᠠᠢ ᠪᠠᠷ ᠪᠥᠬᠦ ᠬᠤᠰᠢᠭᠤ ᠪᠤᠶᠤ ᠬᠡᠰᠡᠭ | ᠲᠣᠭᠤᠷᠢᠭ ᠤᠨ ᠢᠯᠡ ᠬᠢᠴᠢᠶᠡᠯ ᠵᠢᠱᠢᠶ᠎ᠡ ᠦᠵᠡᠭᠦᠯᠬᠦ ᠬᠢᠴᠢᠶᠡᠯ ᠢ ᠲᠣᠬᠢᠷᠠᠭᠤᠯᠵᠤ᠂ ᠲᠥᠯᠥᠪᠯᠡᠭᠡ ᠲᠠᠢ ᠪᠠᠷ ᠵᠢᠭᠠᠬᠤ ᠮᠠᠲ᠋ᠧᠷᠢᠶᠠᠯ ᠢ ᠵᠠᠳᠠᠯᠤᠨ ᠲᠠᠶᠢᠯᠪᠤᠷᠢᠯᠠᠵᠤ᠂ | ᠰᠢᠯᠢᠳᠡᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠪᠠᠶᠢᠭᠤᠯᠵᠤ᠂ ᠡᠲᠡᠭᠡᠷ ᠪᠠᠭᠰᠢ ᠨᠠᠷ ᠢ ᠵᠢᠭᠠᠬᠤ ᠦᠢᠯᠡᠳᠦᠯᠭᠡ ᠲᠤᠮᠳᠠ ᠬᠠᠲᠠᠭᠤᠵᠢᠨ ᠪᠤᠶᠢᠵᠢᠭᠤᠯᠬᠤ ᠶᠢᠨ | ᠬᠠᠮᠳᠤ ᠡᠯ᠎ᠡ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠳᠠᠭᠠᠭᠤᠯᠤᠭᠴᠢ ᠪᠣᠯᠭᠠᠨ᠎ᠠ᠃ | ᠰᠤᠷᠭᠠᠭᠤᠯᠢ ᠴᠡᠴᠡᠷᠯᠢᠭ ᠤᠨ ᠨᠡᠷᠡᠳᠦ ᠰᠢᠯᠢᠳᠡᠭ ᠵᠠᠭᠢᠷᠤᠯ ᠪᠠ ᠨᠡᠷᠡᠳᠦ ᠰᠢᠯᠢᠳᠡᠭ ᠪᠠᠭᠰᠢ ᠶᠢᠨ ︽ᠵᠢᠷᠭᠤᠭᠠᠨ ᠨᠢᠭᠡ ᠶᠢᠨ ᠢᠨᠵᠧᠨᠧᠷᠢᠩ︾᠄ ᠰᠤᠷᠭᠠᠭᠤᠯᠢ | ᠴᠡᠴᠡᠷᠯᠢᠭ ᠤᠨ ᠨᠡᠷᠡᠳᠦ ᠰᠢᠯᠢᠳᠡᠭ ᠵᠠᠭᠢᠷᠤᠯ ᠤᠨ ︽ᠵᠢᠷᠭᠤᠭᠠᠨ ᠨᠢᠭᠡ ᠶᠢᠨ ᠢᠨᠵᠧᠨᠧᠷᠢᠩ︾ ᠪᠣᠯ ᠨᠢᠭᠡ ᠰᠠᠭᠤᠷᠢ ᠤᠨᠴᠠᠯᠢᠭᠳᠤ ᠰᠤᠷᠭᠠᠭᠤᠯᠢ ᠶᠢ ᠪᠠᠶᠢᠭᠤᠯᠵᠤ᠂ | ᠨᠢᠭᠡ ᠢᠵᠢ ᠰᠤᠷᠭᠠᠭᠤᠯᠢ ᠡᠷᠬᠢᠯᠡᠬᠦ ᠤᠨᠤᠯᠵᠢᠭᠤᠨ ᠢ ᠪᠦᠷᠢᠯᠳᠦᠭᠦᠯᠵᠦ᠂ ᠨᠢᠭᠡ ᠤᠳᠠᠭ᠎ᠠ ᠰᠤᠷᠭᠠᠭᠤᠯᠢ ᠴᠡᠴᠡᠷᠯᠢᠭ ᠤᠨ ᠵᠠᠭᠢᠷᠤᠯ ᠤᠨ ᠶᠠᠷᠢᠶᠠᠨ ᠤ ᠲᠠᠪᠴᠠᠩ ᠢ | ᠡᠷᠬᠢᠯᠡᠵᠦ᠂ ᠨᠢᠭᠡ ᠬᠤᠪᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠵᠦ᠂ ᠨᠢᠭᠡ ᠪᠦᠯᠦᠭ ᠲᠤᠰᠬᠠᠢ ᠮᠡᠷᠭᠡᠵᠢᠯᠲᠡᠨ ᠡᠷᠳᠡᠮᠲᠡᠨ ᠢ ᠣᠷᠣᠭᠤᠯᠤᠨ ᠠᠪᠴᠢᠷᠠᠵᠤ᠂ | ᠰᠤᠷᠭᠠᠭᠤᠯᠢ ᠴᠡᠴᠡᠷᠯᠢᠭ ᠤᠨ ᠨᠢᠭᠡ ᠪᠦᠯᠦᠭ ᠪᠡᠯᠡᠳᠭᠡᠯ ᠵᠠᠭᠢᠷᠤᠯ ᠢ ᠬᠥᠮᠦᠵᠢᠭᠦᠯᠦᠨ᠎ᠡ︔ ᠨᠠᠷᠠᠲᠤ ᠰᠢᠯᠢᠳᠡᠭ ᠪᠠᠭᠰᠢ ᠶᠢᠨ ︽ᠵᠢᠷᠭᠤᠭᠠᠨ ᠨᠢᠭᠡ ᠢᠨᠵᠧᠨᠧᠷᠢᠩ︾ | ᠪᠣᠯ ᠨᠢᠭᠡ ᠪᠠᠭᠰᠢ ᠳᠤ ᠨᠢᠭᠡ ᠲᠠᠰᠤᠭ᠂ ᠨᠢᠭᠡ ᠪᠠᠭᠰᠢ ᠳᠤ ᠨᠢᠭᠡ ᠬᠢᠴᠢᠶᠡᠯ᠂ ᠨᠢᠭᠡ ᠪᠠᠭᠰᠢ ᠳᠤ ᠨᠢᠭᠡ ᠰᠡᠳᠦᠪ᠂ ᠨᠢᠭᠡ ᠪᠠᠭᠰᠢ ᠳᠤ ᠨᠢᠭᠡ ᠲᠠᠶᠢᠯᠤᠮᠵᠢ᠂ ᠨᠢᠭᠡ | ᠪᠠᠭᠰᠢ ᠳᠤ ᠨᠢᠭᠡ ᠥᠭᠦᠯᠡᠯ᠂ ᠨᠢᠭᠡ ᠪᠠᠭᠰᠢ ᠳᠤ ᠨᠢᠭᠡ ᠱᠠᠪᠢ ᠲᠤᠭᠢᠷᠠᠭᠤᠯᠤᠨ᠎ᠠ᠃ | |