ᠣᠳᠣᠬᠠᠨ ᠳᠤ ᠂ ᠮᠠᠨ ᠤ ᠬᠤᠰᠢᠭᠤ ᠨᠢᠭᠡᠨᠲᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠲᠠᠢ ᠬᠤᠭᠤᠴᠠᠭᠠᠨ ᠳᠤ ᠤᠷᠤᠭᠰᠠᠨ | ᠪᠠᠶᠢᠨ᠎ᠠ ᠃ ᠪᠦᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠤᠷᠢᠬᠯᠠᠵᠤ ᠂ ᠠᠷᠠᠳ ᠣᠯᠠᠨ ᠤ ᠠᠮᠢ ᠨᠠᠰᠤ ᠪᠠ ᠡᠳ᠋ | ᠬᠥᠷᠦᠩᠭᠡ ᠤᠨ ᠠᠮᠤᠷ ᠲᠦᠪᠰᠢᠨ ᠪᠣᠯᠤᠨ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ | ᠦᠨᠡᠨᠬᠦ ᠰᠠᠶᠢᠲᠤᠷ ᠬᠠᠮᠠᠭᠠᠯᠠᠬᠤ ᠶᠢᠨ ᠳᠤᠰᠠᠳᠠ ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ ︾᠂ | ︽ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠨᠤᠳᠤᠬ ᠪᠡᠯᠴᠢᠬᠡᠷ ᠤᠨ ᠬᠠᠤᠯᠢ ︾᠂ ︽ ᠣᠶ ᠰᠢᠭᠤᠶ ᠶᠢᠨ ᠭᠠᠯ ᠢ ᠰᠡᠷᠭᠡᠶᠢᠯᠡᠬᠦ | ᠲᠦᠷᠢᠮ ︾᠂ ︽ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠦᠷᠢᠮ ︾ | ︵ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠡᠨ ᠤ ᠠᠯᠪᠠᠨ ᠵᠡᠷ ᠤᠨ 25 ᠳ᠋ᠤᠭᠠᠷ ᠲᠣᠭᠠᠲᠤ ︶ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠬᠡᠪᠴᠢᠶᠡᠨ ᠳᠤ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢ | ᠬᠡᠷᠡᠭᠵᠢᠭᠦᠯᠬᠦ ᠪᠠᠷ ᠲᠣᠭᠲᠠᠪᠠ ᠂ ᠵᠠᠷᠯᠢᠭ ᠨᠢ ᠳᠣᠤᠷᠠᠬᠢ ᠮᠡᠲᠦ ᠃ | ᠨᠢᠭᠡ ᠂ ᠭᠠᠯ ᠢ ᠰᠡᠷᠬᠡᠶᠢᠯᠡᠬᠦ ᠴᠢᠩᠭ᠎ᠠ ᠰᠡᠷᠭᠡᠶᠢᠯᠡᠯᠳᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠄ 2021 ᠤᠨ ᠤ 3 ᠰᠠᠷ᠎ᠠ ᠶᠢᠨ 15 ᠤ | ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ ᠃ | ᠬᠤᠶᠠᠷ ᠂ ᠭᠠᠯ ᠢ ᠰᠡᠷᠬᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠤᠷᠤᠨ ᠄ ᠤᠯᠤᠰ ᠤᠨ ᠥᠮᠴᠢᠯᠡᠯᠲᠦ ᠂ ᠬᠠᠮᠲᠤ ᠂ | ᠬᠤᠪᠢ ᠶᠢᠨ ( ᠬᠠᠳᠤᠯᠠᠩ ᠪᠡᠯᠴᠢᠭᠡᠷ ) ᠤᠢ ᠰᠢᠭᠤᠢ ᠶᠢᠨ ᠲᠠᠯᠠᠪᠠᠶ ᠂ ᠨᠡᠷᠡᠲᠤ ᠦᠵᠡᠮᠵᠢᠳᠤ ᠵᠤᠭᠠᠴᠠᠯ ᠤᠨ ᠣᠷᠤᠨ ᠂ ᠣᠶ ᠰᠢᠭᠤᠶ ᠶᠢᠨ | ᠭᠤᠣᠯᠳᠠᠯᠭ᠎ᠠ ᠲᠠᠢ ᠢᠨᠵᠧᠨᠧᠷᠢᠩ ᠤᠨ ᠣᠷᠤᠨ ᠂ ᠨᠤᠲᠤᠭ ᠪᠡᠯᠴᠢᠭᠡᠷ ᠠᠮᠢ ᠠᠬᠤᠶ ᠶᠢᠨ ᠬᠠᠮᠠᠭᠠᠯᠠᠯᠲᠠ ᠶᠢᠨ ᠣᠷᠤᠨ ᠂ ᠣᠷᠤᠨ ᠨᠤᠲᠤᠭ ᠤᠨ ᠠᠮᠢ | ᠠᠬᠤᠶ ᠶᠢᠨ ᠢᠨᠵᠧᠨᠧᠷᠢᠩ ᠤᠨ ᠣᠷᠤᠨ ᠂ ᠲᠠᠷᠢᠮᠠᠯ ᠰᠢᠯᠮᠦᠦᠰᠦᠲᠦ ᠣᠶ ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠪᠦᠰᠡ ᠂ ᠣᠶ | ᠰᠢᠭᠤᠶ ᠶᠢᠨ ᠴᠡᠴᠡᠷᠯᠢᠭ ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ | ᠪᠦᠰᠡ ᠂ ᠠᠮᠢ ᠠᠬᠤᠶ ᠶᠢᠨ ᠲᠥᠪᠯᠡᠷᠡᠩᠭᠦᠶ ᠰᠡᠷᠭᠦᠯᠲᠡ ᠶᠢᠨ ᠣᠷᠤᠨ ᠪᠣᠯᠤᠨ ᠬᠠᠷᠢᠶ᠎ᠡ ᠳᠤᠭᠤᠷᠢᠬ ᠲᠠᠬᠢ ᠪᠤᠶ ᠪᠦᠬᠦᠢ ᠣᠶ ᠰᠢᠭᠤᠶ ᠨᠤᠲᠤᠭ | ᠪᠡᠯᠴᠢᠭᠡᠷ ᠤᠨ ᠣᠷᠤᠨ ᠵᠢᠴᠢ ᠬᠡᠭᠡᠷ᠎ᠡ ᠭᠠᠳᠠᠭ᠎ᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠣᠷᠤᠨ ᠪᠦᠰᠡ ᠃ | ᠭᠤᠷᠪᠠ ᠂ ᠬᠡᠭᠡᠷ᠎ᠡ ᠭᠠᠳᠠᠭ᠎ᠠ ᠲᠣᠭᠲᠠᠭᠠᠯ ᠢ ᠵᠥᠷᠢᠴᠡᠨ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ ᠃ ᠭᠠᠯ ᠤᠨ ᠲᠥᠷᠥᠯ ᠪᠠ ᠨᠣᠴᠣᠮᠠᠲᠠᠭᠠᠶ ᠂ | ᠳᠡᠯᠪᠡᠷᠡᠮᠡᠲᠡᠭᠡᠶ ᠪᠣᠳᠠᠰ ᠢ ᠠᠪᠴᠤ ᠴᠢᠩᠭ᠎ᠠ ᠰᠡᠷᠭᠡᠶᠢᠯᠡᠯᠲᠡ ᠶᠢᠨ ᠣᠷᠤᠨ ᠳᠤ ᠣᠷᠣᠬᠤ ᠶᠢ ᠴᠢᠩᠭ᠎ᠠ ᠴᠠᠭᠠᠵᠠᠯᠠᠨ᠎ᠠ ︔ ᠠᠲᠠᠷ ᠰᠢᠲᠠᠭᠠᠬᠤ ᠂ ᠦᠨᠡᠰᠦ | ᠰᠢᠲᠠᠭᠠᠨ ᠪᠣᠷᠳᠣᠭᠤᠷ ᠴᠤᠭᠯᠠᠭᠤᠯᠬᠤ ᠂ ᠵᠥᠭᠡᠢ ᠶᠢᠨ ᠡᠬᠦᠷ ᠢ ᠰᠢᠲᠠᠭᠠᠬᠤ ᠂ ᠡᠰᠢ ᠰᠦᠷᠡᠯ ᠰᠢᠲᠠᠭᠠᠬᠤ ᠂ ᠬᠤᠭ ᠨᠣᠪᠰᠢ ᠰᠢᠲᠠᠭᠠᠬᠤ ᠂ | ᠠᠭᠤᠯᠠ ᠶᠢ ᠰᠢᠳᠠᠭᠠᠵᠤ ᠣᠢᠢᠵᠢᠭᠤᠯᠬᠤ ᠂ ᠬᠠᠭᠰᠠᠭᠠᠵᠤ ᠡᠳ᠋ᠰᠢᠭᠦᠯᠬᠦ ᠵᠡᠷᠭᠡ ᠬᠡᠭᠡᠷ᠎ᠡ ᠭᠠᠳᠠᠭ᠎ᠠ ᠭᠠᠯ ᠬᠡᠷᠡᠭᠯᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ ︔ | ᠪᠤᠯᠠᠰᠢᠨ ᠳᠤ ᠴᠠᠭᠠᠰᠤ ᠰᠢᠲᠠᠭᠠᠬᠤ ᠂ ᠬᠦᠵᠢ ᠵᠤᠯᠠ ᠠᠰᠠᠭᠠᠬᠤ ᠪᠠ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠨ᠎ᠠ ︔ ᠬᠡᠭᠡᠷ᠎ᠡ ᠭᠠᠳᠠᠭ᠎ᠠ ᠲᠠᠮᠠᠬᠢ | ᠲᠠᠲᠠᠬᠤ ᠂ ᠭᠠᠯ ᠨᠣᠴᠣᠭᠠᠵᠤ ᠳᠤᠯᠠᠭᠠᠯᠠᠬᠤ ᠂ ᠭᠠᠯ ᠢᠶᠠᠷ ᠨᠠᠭᠠᠳᠬᠤ ᠂ ᠭᠠᠯ ᠪᠠᠮᠪᠠᠷ ᠨᠣᠴᠣᠭᠠᠬᠤ ᠂ ᠳᠡᠭᠳᠡᠬᠦᠷ ᠳᠡᠭᠳᠡᠭᠡᠭᠢ ᠂ ᠬᠡᠭᠡᠷ᠎ᠡ ᠬᠤᠭᠤᠯᠠᠯᠠᠬᠤ ᠪᠠ | ᠲᠦᠳᠡᠭ ᠭᠠᠯ ᠤᠨ ᠠᠵᠢᠯᠯᠠᠭ᠎ᠠ ᠡᠷᠬᠢᠯᠡᠬᠦ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠶ ᠬᠡᠭᠡᠷ᠎ᠡ ᠭᠠᠳᠠᠭ᠎ᠠ ᠭᠠᠯ ᠬᠡᠷᠡᠭᠯᠡᠬᠦ ᠵᠢᠴᠢ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠬᠢᠯᠪᠠᠷᠬᠠᠨ ᠡᠭᠦᠰᠬᠦ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ ᠃ | ᠲᠥᠷᠪᠡ ᠂ ᠭᠠᠯ ᠢ ᠰᠡᠷᠬᠡᠶᠢᠯᠡᠬᠦ ᠵᠠᠬᠢᠷᠤᠨ ᠬᠠᠮᠢᠶᠠᠷᠬᠤ ᠣᠷᠤᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠡᠭ ᠂ | ᠵᠤᠭᠠᠴᠠᠯ ᠤᠨ ᠣᠷᠤᠨ ( ᠦᠵᠡᠮᠵᠢ ᠶᠢᠨ ᠴᠡᠭ ) ᠵᠢᠴᠢ ᠵᠠᠰᠠᠮᠠᠯ ᠵᠠᠮ ᠂ ᠴᠠᠬᠢᠯᠭᠠᠨ ᠬᠦᠴᠦᠨ ᠂ ᠴᠢᠯᠠᠭᠤᠨ ᠲᠣᠰᠣ ᠂ ᠪᠠᠶᠢᠭᠠᠯᠢ ᠶᠢᠨ ᠰᠢᠲᠠᠮᠠᠬᠠᠶ | ᠬᠡᠢ ᠂ ᠨᠡᠭᠦᠷᠡᠰᠦ ᠵᠡᠷᠭᠡ ᠠᠵᠤ ᠠᠬᠤᠢᠢᠯᠠᠯ ᠪᠠ ᠠᠵᠢᠯ ᠦᠢᠯᠡᠰ ᠤᠨ ᠪᠠᠶᠢᠭᠤᠯᠭ᠎ᠠ ᠨᠢᠬᠡᠴᠢ ᠡᠷᠬᠡᠪᠰᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠠᠶᠤᠯ ᠤᠨ ᠨᠢᠭᠤᠬᠳᠠᠮᠠᠯ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ ᠂ ᠭᠠᠯ ᠤᠨᠲᠠᠷᠠᠭᠠᠬᠤ ᠮᠠᠰᠢᠨ ᠳᠦᠬᠦᠬᠡᠷᠦᠮᠵᠢ ᠶᠢ ᠭᠦᠢᠴᠡᠳ | ᠲᠣᠬᠢᠷᠠᠭᠤᠯᠵᠤ ᠂ ᠪᠣᠯᠪᠠᠰᠤᠷᠠᠯ ᠬᠦᠷᠲᠡᠭᠰᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠲᠣᠬᠢᠷᠠᠭᠤᠯᠬᠤ ᠬᠡᠷᠡᠭᠲᠡᠶ ᠃《ᠣᠶ ᠰᠢᠭᠤᠶ ᠶᠢᠨ ᠭᠠᠯ ᠢ | ᠰᠡᠷᠭᠡᠶᠢᠯᠡᠬᠦ ᠳᠦᠷᠢᠮ》( ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 541 ᠳ᠋ᠦ᠋ᠭᠡᠷ | ᠲᠣᠭᠠᠲᠤ ) 《ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ》( ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 542 ᠳ᠋ᠤᠭᠠᠷ ᠲᠣᠭᠠᠲᠤ ) ᠪᠣᠯᠤᠨ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ》 ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠬᠡᠢ ᠵᠦᠢᠯ ᠢ ᠪᠦᠬᠦᠨ ᠢ ᠴᠡᠭᠴᠡᠯᠡᠨ | ᠰᠠᠶᠢᠵᠢᠷᠠᠭᠤᠯᠤᠨ᠎ᠠ ᠃ ᠡᠯ᠎ᠡ ᠰᠤᠮᠤ ᠰᠢᠶᠠᠩ ᠪᠠᠯᠭᠠᠰᠤ ᠭᠤᠳᠤᠮᠵᠢ ᠶᠢᠨ ᠬᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ | ᠬᠤᠯᠪᠤᠭᠠᠯᠠᠨ ᠵᠠᠰᠠᠮᠠᠯ ᠵᠠᠮ ᠤᠨ ᠬᠤᠶᠠᠷ ᠲᠠᠯ᠎ᠠ ᠳᠤ ᠬᠤᠷᠠᠮᠳᠤᠭᠰᠠᠨ ᠨᠡᠭᠦᠷᠡᠰᠦᠨ ᠤ ᠰᠢᠭᠠᠷᠤ ᠂ ᠬᠡᠬᠡᠷ᠎ᠡ ᠶᠢᠨ ᠡᠪᠡᠰᠦ ᠵᠡᠷᠭᠡ ᠰᠢᠲᠠᠮᠠᠬᠠᠶ ᠪᠣᠳᠠᠰ ᠢ | ᠲᠦᠢᠯᠪᠤᠷᠢᠲᠠᠶ ᠴᠡᠪᠡᠷᠯᠡᠵᠦ ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ | ᠲᠣᠪᠴᠢᠶ᠎ᠠ ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠭᠤᠤᠷᠰᠤ ᠰᠢᠲᠠᠭᠠᠬᠤ ᠂ ᠡᠰᠢ | ᠰᠦᠷᠡᠯ ᠰᠢᠲᠠᠭᠠᠬᠤ ᠂ ᠲᠠᠷᠢᠶᠠᠨ ᠭᠠᠵᠠᠷ(ᠳᠠᠯᠠᠩ) ᠰᠢᠲᠠᠭᠠᠬᠤ ᠂ ᠴᠤᠬᠤᠢ ᠰᠢᠲᠠᠭᠠᠬᠤ ᠵᠡᠷᠭᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ | ᠴᠢᠩᠭᠠᠷᠠᠭᠤᠯᠤᠨ᠎ᠠ ᠃ | ᠲᠠᠪᠤ ᠂ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠂ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ ᠂ ᠲᠦᠷᠢᠶᠡᠰᠦᠨ ᠮᠠᠰᠢᠨ ᠲᠡᠷᠭᠡ ᠂ ᠰᠢᠦᠳᠠᠨ ᠂ ᠪᠠᠷᠠᠭᠠᠨ ᠤ ᠭᠦᠢᠯᠭᠡᠭᠡ ᠂ | ᠲᠦᠷᠭᠡᠨ ᠭᠤᠪᠢᠭᠤᠯᠤᠯᠭ᠎ᠠ ᠂ ᠨᠡᠭᠦᠷᠡᠰᠦᠨ ᠤ ᠠᠵᠢᠯ ᠲᠥᠷᠥᠯ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠭ᠎ᠠ ᠨᠢᠬᠡᠴᠢ ᠨᠠᠭᠠᠰᠢ ᠴᠠᠭᠠᠰᠢ ᠥᠩᠭᠡᠷᠡᠬᠦ | ᠪᠤᠶᠤ ᠬᠠᠮᠢᠶᠠᠷᠴᠤ ᠪᠠᠶᠢᠭ᠎ᠠ ᠲᠡᠷᠭᠡ ᠮᠠᠰᠢᠨ ᠳᠤ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠣᠯᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ ᠂ ᠲᠠᠮᠠᠬᠢᠨ ᠡᠰᠢ ᠂ ᠭᠠᠯ ᠨᠡᠭᠦᠷᠡᠰᠦ ᠵᠡᠷᠭᠡ ᠶᠢ ᠬᠠᠶᠠᠬᠤ ᠪᠤᠶᠤ ᠴᠢᠳᠬᠤᠬᠤ ᠶᠢ ᠴᠢᠩᠭ᠎ᠠ ᠴᠠᠭᠠᠵᠠᠯᠠᠵᠤ ᠂ | ᠳᠠᠭᠠᠭᠠᠴᠠ ᠬᠡᠲᠦᠷᠡᠬᠦ ᠂ ᠰᠤᠯᠠ ᠪᠣᠭᠤᠳᠠᠯᠯᠠᠬᠰᠠᠨ ᠠᠴᠠ ᠪᠣᠯᠵᠤ ᠨᠡᠭᠦᠷᠡᠰᠦᠨ ᠰᠢᠭᠠᠷᠤ ᠪᠠᠨ ᠠᠭᠤᠷᠬᠠᠶ ᠶᠢᠨ ᠣᠷᠤᠨ ᠠᠴᠠ ᠭᠠᠳᠠᠨᠠᠬᠢ ᠣᠷᠤᠨ ᠵᠢᠴᠢ | ᠵᠠᠮ ᠤᠨ ᠬᠤᠶᠠᠷ ᠲᠠᠯ᠎ᠠ ᠳᠤ ᠠᠰᠬᠠᠬᠤ ᠶᠢ ᠴᠢᠩᠭ᠎ᠠ ᠴᠠᠭᠠᠵᠠᠯᠠᠨ᠎ᠠ ᠃ ᠲᠡᠷᠭᠡᠨ ᠵᠢᠯᠣᠭᠤᠴᠢ ᠂ ᠲᠡᠷᠭᠡ ᠳᠠᠭᠠᠬᠰᠠᠨ ᠬᠠᠮᠢᠶᠠᠷᠤᠭᠴᠢ ᠪᠣᠯ ᠭᠠᠯ ᠢ | ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ ᠃ | ᠵᠢᠷᠭᠤᠭ᠎ᠠ ᠂ ᠠᠭᠤᠯᠠᠨ ᠳᠤ ᠤᠷᠭᠤᠮᠠᠯ ᠲᠡᠭᠦᠬᠦ ᠂ ᠠᠩ ᠠᠩᠨᠠᠬᠤ ᠂ ᠳᠡᠯᠪᠡᠴᠢᠬᠦ ᠪᠠ ᠪᠠᠷᠢᠯᠭ᠎ᠠ ᠪᠠᠷᠢᠬᠤ ᠶᠢ ᠴᠢᠩᠭ᠎ᠠ ᠴᠠᠭᠠᠵᠠᠯᠠᠨ᠎ᠠ ᠂ ᠤᠨᠴᠠᠭᠠᠶ | ᠪᠠᠶᠢᠳᠠᠯ ᠠᠴᠠ ᠪᠣᠯᠵᠣ ᠦᠨᠡᠨ ᠬᠦ ᠳᠡᠭᠡᠷᠡᠬᠢ ᠠᠵᠢᠯᠯᠠᠭ᠎ᠠ ᠶᠢ ᠬᠢᠬᠦ ᠴᠢᠬᠤᠯᠠᠲᠠᠶ ᠪᠣᠯ ᠡᠷᠬᠡᠪᠰᠢ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠯᠪᠤᠬᠳᠠᠯ ᠪᠥᠬᠦᠶ ᠡᠭᠦᠷᠭᠡ ᠴᠢᠳᠠᠪᠬᠢ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠵᠦ ᠂ | ᠬᠠᠤᠯᠢ ᠶᠣᠰᠤᠨ ᠤ ᠭᠠᠷᠳᠠᠮ ᠢ ᠭᠦᠶᠴᠡᠳᠬᠡᠬᠦ ᠶᠢᠨ ᠬᠠᠮᠲᠤ ᠪᠦᠲᠦᠮᠵᠢᠲᠡᠶ ᠬᠠᠮᠠᠭᠠᠯᠠᠬᠤ ᠠᠷᠭ᠎ᠠ ᠬᠡᠮᠵᠢᠶ᠎ᠡ ᠠᠪᠴᠤ ᠂ ᠭᠠᠯ ᠤᠨᠲᠠᠷᠠᠭᠠᠬᠤ ᠪᠡᠯᠡᠳᠬᠡᠯ | ᠠᠵᠢᠯ ᠢ ᠰᠠᠶᠢᠲᠤᠷ ᠬᠢᠭᠰᠡᠨ ᠤ ᠳᠠᠷᠠᠭ᠎ᠠ ᠰᠠᠶ᠋ᠢ ᠬᠡᠷᠡᠭᠵᠢᠭᠦᠯᠤᠨ᠎ᠠ ᠃ | ᠳᠣᠯᠤᠭ᠎ᠠ ᠂ ᠭᠠᠯ ᠤᠨᠲᠠᠷᠠᠭᠠᠬᠤ ᠡᠯ᠎ᠡ ᠠᠵᠢᠯ ᠤᠨ ᠡᠩᠨᠡᠭᠡ ᠴᠠᠭ ᠢᠮᠠᠭᠲᠠ ᠳᠠᠶᠢᠨ ᠤ ᠪᠡᠯᠡᠳᠬᠡᠯ ᠤᠨ ᠪᠠᠶᠢᠳᠠᠯ ᠢᠶᠠᠨ ᠪᠠᠲᠤᠯᠠᠵᠤ ᠂ ᠲᠦᠢᠮᠡᠷ | ᠭᠠᠷᠪᠠᠯ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ᠂《ᠡᠷᠲᠡ ᠤᠨᠲᠠᠷᠠᠭᠠᠬᠤ ᠂ ᠪᠠᠭ᠎ᠠ ᠳᠡᠭᠡᠷ᠎ᠡ ᠨᠢ | ᠤᠨᠲᠠᠷᠠᠭᠠᠬᠤ ᠂ ᠳᠦᠢᠯᠪᠤᠷᠢᠳᠡᠢ ᠤᠨᠳᠠᠷᠠᠭᠠᠬᠤ》 ᠶᠢ ᠪᠡᠶᠡᠯᠡᠭᠦᠯᠵᠦ ᠂ ᠬᠦᠮᠦᠨ ᠬᠠᠷ᠎ᠡ ᠦᠬᠦᠵᠦ ᠰᠢᠷᠬᠠᠲᠤᠬᠰᠠᠨ ᠠᠳᠡᠯ ᠭᠠᠷᠬᠤ ᠶᠢ ᠡᠷᠡᠰ | ᠬᠤᠷᠢᠭᠯᠠᠨ᠎ᠠ ᠃ | ᠨᠠᠶᠮᠠ ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠶᠴᠡᠳᠬᠡᠬᠦ ᠥᠬᠡᠶ ᠂ ᠭᠠᠯ ᠢ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠥᠬᠡᠶ ᠂ | ᠳᠦᠢᠮᠠᠷ ᠭᠠᠮᠰᠢᠭ ᠤᠨ ᠨᠢᠭᠤᠬᠳᠠᠮᠠᠯ ᠬᠡᠮ ᠢ ᠠᠷᠢᠯᠭᠠᠬᠤ ᠥᠬᠡᠶ ᠂ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ | ᠣᠷᠤᠨ ᠳᠤ ᠳᠤᠷ᠎ᠠ ᠪᠠᠷ ᠣᠷᠣᠵᠤ ᠭᠠᠯ ᠬᠡᠷᠡᠭᠯᠡᠬᠦ ᠂ ᠤᠰᠤᠯ ᠠᠳᠡᠯ ᠠᠴᠠ ᠪᠣᠯᠤᠭᠰᠠᠨ ᠪᠤᠶᠤ ᠵᠤᠷᠢᠭᠤᠳᠠ ᠪᠠᠷ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠡᠭᠦᠰᠭᠡᠭᠰᠡᠨ ᠪᠣᠯ ᠂《ᠣᠶ ᠰᠢᠭᠤᠶ ᠶᠢᠨ ᠭᠠᠯ ᠢ ᠰᠡᠷᠭᠡᠶᠢᠯᠡᠬᠦ ᠲᠦᠷᠢᠮ》᠂ 《ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠲᠦᠷᠢᠮ 》 ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠵᠤ ᠂ ᠤᠴᠢᠷ ᠶᠠᠪᠤᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ | ᠪᠠᠶᠢᠭᠤᠯᠭ᠎ᠠ ᠨᠢᠭᠡᠴᠢ ᠪᠦᠷᠢ ᠶᠢ 2000 ᠲᠥᠭᠦᠷᠢᠭ ᠠᠴᠠ 10 ᠲᠦᠮᠡᠨ ᠲᠥᠭᠦᠷᠢᠭ ᠲᠣᠷᠭᠠᠵᠤ ᠂ ᠬᠤᠪᠢ ᠬᠥᠮᠦᠨ ᠢ 200 ᠲᠥᠭᠦᠷᠢᠭ ᠠᠴᠠ | 5000 ᠲᠥᠭᠦᠷᠢᠭ ᠲᠣᠷᠭᠠᠨ᠎ᠠ ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ ᠣᠶ | ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠡᠭᠡᠷ᠎ᠡ ᠭᠠᠳᠠᠭ᠎ᠠ ᠲᠣᠭᠲᠠᠭᠠᠯ ᠢ ᠵᠥᠷᠢᠴᠡᠨ ᠭᠠᠯ ᠬᠡᠷᠡᠭᠯᠡᠬᠦ ᠳᠤ ᠴᠣᠬᠢᠯᠲᠠ ᠥᠭᠬᠦ | ᠡᠷᠴᠢᠮ ᠢᠶᠠᠨ ᠴᠢᠩᠭᠠᠳᠬᠠᠵᠤ ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠶᠢᠨ | ᠬᠠᠮᠲᠤ ᠴᠠᠭ ᠲᠤᠬᠠᠶ ᠳᠤᠨᠢ ᠬᠡᠷᠡᠭ ᠢ ᠳᠠᠭᠤᠰᠬᠠᠬᠤ ᠬᠡᠷᠡᠭᠲᠡᠶ ᠃ | ᠶᠢᠰᠦ ᠂ ᠬᠤᠰᠢᠭᠤᠨ ᠳᠣᠲᠣᠷᠠᠬᠢ ᠡᠳ᠋ ᠤᠨ ᠵᠠᠰᠠᠭ ᠠᠴᠠ ᠴᠡᠯᠢᠩ ᠮᠦᠩᠬᠦ ᠤᠯᠭᠤᠵᠤ ᠪᠠᠶᠢᠭ᠎ᠠ ᠬᠥᠮᠦᠰ ᠭᠠᠯ ᠢ ᠰᠡᠷᠭᠡᠶᠢᠯᠡᠬᠦ ᠴᠢᠩᠭ᠎ᠠ | ᠰᠡᠷᠭᠡᠶᠢᠯᠡᠯᠲᠡ ᠶᠢᠨ ᠬᠤᠭᠤᠴᠠᠭᠠᠨ ᠳᠤ ᠂ ᠬᠡᠷᠪᠡ ᠬᠢᠨᠠᠨ ᠵᠥᠪᠰᠢᠶᠡᠷᠡᠭᠦᠯᠦᠭᠰᠡᠨ ᠥᠬᠡᠶ ᠪᠠᠷ ᠢᠯᠡ ᠭᠠᠯ ᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ | ᠪᠥᠭᠡᠳ ᠭᠠᠯ ᠤᠨ ᠪᠠᠶᠢᠳᠠᠯ ᠢ ᠡᠭᠦᠰᠭᠡᠪᠠᠯ ᠂ ᠰᠠᠬᠢᠯᠭ᠎ᠠ ᠪᠠᠲᠤ ᠶᠣᠰᠣᠭᠠᠷ ᠬᠦᠨᠳᠦ ᠲᠣᠷᠭᠠᠬᠤ ᠶᠢᠨ ᠬᠠᠮᠲᠤ ᠬᠠᠤᠯᠢ ᠶᠣᠰᠣᠭᠠᠷ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠬᠡᠮᠵᠢᠯᠡᠨ᠎ᠡ ᠃ ᠡᠷᠡᠭᠦᠦ ᠰᠢᠳᠬᠡᠯ ᠢᠶᠠᠷ ᠰᠢᠳᠬᠡᠭᠳᠡᠭᠰᠡᠨ (ᠰᠢᠲᠠᠭᠳᠠᠭᠰᠠᠨ ᠣᠢᠢᠲᠤ ᠭᠠᠵᠠᠷ ᠤᠨ ᠲᠠᠯᠠᠪᠠᠢ ᠨᠢ ᠬᠤᠶᠠᠷ ᠾᠧᠺᠲ᠋ᠠᠷ ᠠᠴᠠ | ᠳᠡᠭᠡᠭᠰᠢ ᠂ ᠡᠰᠡᠬᠦᠯ᠎ᠡ ᠰᠢᠲᠠᠭᠳᠠᠭᠰᠠᠨ ᠰᠡᠶᠢᠷᠡᠭ ᠣᠢᠢᠲᠤ ᠭᠠᠵᠠᠷ ᠂ ᠪᠣᠳᠠ ᠮᠣᠳᠤᠨ ᠤ ᠣᠢᠢᠲᠤ ᠭᠠᠵᠠᠷ ᠂ ᠤᠷᠭᠤᠵᠤ ᠬᠦᠢᠴᠡᠬᠡᠳᠦᠢ ᠤᠢᠢᠳᠤ ᠭᠠᠵᠠᠷ ᠂ | ᠰᠤᠶᠤᠭ᠎ᠠ ᠮᠣᠳᠤᠨ ᠤ ᠬᠦᠷᠢᠶᠡᠯᠡᠩ ᠭᠠᠵᠠᠷ ᠨᠢ ᠳᠥᠷᠪᠡᠨ ᠾᠧᠺᠲ᠋ᠠᠷ ᠠᠴᠠ ᠳᠡᠭᠡᠭᠰᠢ ᠪᠠᠶᠢᠬᠤ ︔ ᠨᠤᠲᠤᠭ ᠪᠡᠯᠴᠢᠭᠡᠷ ᠤᠨ ᠳᠦᠢᠮᠠᠷ ᠤᠨ ᠭᠠᠮᠰᠢᠬ ᠠᠴᠠ | ᠪᠤᠯᠵᠤ 1 ᠠᠴᠠ ᠳᠡᠭᠡᠭᠰᠢ ᠬᠥᠮᠦᠨ ᠦᠬᠦᠭᠰᠡᠨ ᠪᠤᠶᠤ 3 ᠠᠴᠠ ᠳᠡᠭᠡᠭᠰᠢ ᠬᠥᠮᠦᠨ ᠬᠦᠨᠳᠦ ᠰᠢᠷᠬᠠᠲᠤᠭᠰᠠᠨ ᠪᠠ ᠠᠵᠤ ᠠᠬᠤᠶ ᠶᠢᠨ ᠰᠢᠭᠤᠳ ᠬᠤᠬᠢᠷᠠᠯ | ᠨᠢ 50 ᠲᠦᠮᠡᠨ ᠲᠥᠭᠦᠷᠢᠭ ᠢ ᠳᠠᠪᠠᠭᠰᠨ)ᠪᠣᠯ 《ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ 》᠂ | 《ᠠᠯᠪᠠᠲᠠᠨ ᠤ ᠬᠠᠤᠯᠢ 》 ᠶᠢ ᠦᠨᠳᠦᠰᠦᠯᠡᠵᠤ《ᠨᠠᠮ ᠠᠴᠠ ᠬᠦᠬᠡᠬᠡᠬᠦ ᠠᠯᠪᠠᠨ ᠳᠤᠰᠢᠶᠡᠯ ᠠᠴᠠ ᠨᠢ ᠬᠦᠬᠡᠬᠡᠬᠦ 》ᠰᠢᠳᠬᠡᠯ ᠥᠭᠬᠦᠨ᠎ᠡ ᠃ ᠠᠯᠪᠠᠨ | ᠲᠤᠰᠢᠶᠠᠯ ᠤᠨ ᠪᠤᠰᠤ ᠠᠵᠢᠯᠳᠠᠨ ᠭᠠᠯ ᠠᠯᠳᠠᠬᠰᠠᠨ ᠪᠣᠯ ᠬᠠᠤᠯᠢ ᠶᠣᠰᠣᠭᠠᠷ ᠵᠣᠬᠢᠬᠤ ᠬᠠᠷᠢᠭᠤᠴᠠᠯᠭ᠎ᠠ ᠶᠢ ᠬᠦᠨᠳᠦ ᠪᠠᠷ ᠨᠡᠬᠡᠮᠵᠢᠯᠡᠨ᠎ᠡ ᠃ ᠶᠠᠯ᠎ᠠ ᠪᠤᠯᠵᠤ | ᠪᠦᠷᠢᠯᠳᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠶᠢ ᠨᠢ ᠬᠦᠨᠳᠦ ᠪᠠᠷ ᠨᠡᠬᠡᠮᠵᠢᠯᠡᠬᠦ ᠬᠡᠷᠡᠭᠲᠡᠢ ᠃ | ᠠᠷᠪᠠ ᠂ ᠪᠠᠶᠢᠴᠠᠭᠠᠬᠤ ᠪᠠᠷ ᠳᠠᠮᠵᠢᠭᠠᠳ ᠬᠠᠷᠢᠶ᠎ᠠ ᠳᠤᠭᠤᠷᠢᠬ ᠲᠤ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠦᠭᠡᠶ ᠂ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠨᠢ ᠴᠢᠩᠭ᠎ᠠ ᠪᠤᠰᠤ ᠂ ᠭᠠᠯ ᠤᠨ ᠠᠶᠤᠯ ᠤᠨ ᠨᠢᠭᠤᠬᠳᠠᠮᠠᠯ | ᠭᠡᠮ ᠢ ᠴᠡᠭᠴᠡᠯᠡᠨ ᠰᠠᠶᠢᠵᠢᠷᠠᠭᠤᠯᠤᠭᠰᠠᠨ ᠦᠭᠡᠶ ᠂ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠶ ᠂ ᠵᠣᠬᠢᠶᠠᠨ ᠪᠠᠶᠢᠭᠤᠯᠤᠨ | ᠭᠠᠯ ᠤᠨᠲᠠᠷᠠᠭᠠᠬᠰᠠᠨ ᠨᠢ ᠬᠦᠴᠦᠨ ᠦᠭᠡᠶ ᠂ ᠬᠢᠨᠠᠯᠳᠠ ᠪᠠᠶᠢᠴᠠᠭᠠᠯᠲᠠ ᠶᠢ ᠪᠣᠳᠠᠲᠠᠶᠢᠵᠢᠭᠤᠯᠤᠭᠰᠠᠨ ᠦᠭᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ | ᠣᠯᠵᠤ ᠮᠡᠳᠡᠪᠡᠯ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠨᠡᠬᠡᠮᠵᠢᠯᠡᠬᠦ ᠠᠷᠭ᠎ᠠ》( ᠥᠪᠥᠷ ᠵᠠᠰᠠᠭ ᠲᠠᠷᠬᠠᠭᠠᠭᠰᠠᠨ ﹇2015﹈66 ᠳ᠋ᠤᠭᠠᠷ ᠲᠣᠭᠠᠲᠤ) ᠵᠡᠷᠭᠡ ᠲᠣᠭᠲᠠᠭᠠᠯ ᠶᠣᠰᠣᠭᠠᠷ ᠂ ᠡᠯ᠎ᠡ | ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠠ ᠃ | ᠠᠷᠪᠠᠨ ᠨᠢᠭᠡ ᠂ ᠶᠠᠮᠠᠷᠪᠠ ᠪᠠᠶᠢᠭᠤᠯᠭ᠎ᠠ ᠨᠢᠬᠡᠴᠢ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠣᠯᠵᠤ ᠮᠡᠳᠡᠪᠡᠯ | ᠴᠥᠮ ᠴᠠᠭ ᠲᠤᠬᠠᠶ ᠳᠤᠨᠢ ᠬᠤᠰᠢᠭᠤᠨ ᠤ ᠭᠠᠯ ᠢ ᠰᠡᠷᠭᠡᠶᠢᠯᠡᠬᠦ ( ᠤᠨᠲᠠᠷᠠᠭᠠᠬᠤ ) ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠤᠨ᠎ᠠ ᠃ ( | ᠲᠦᠭᠰᠢᠭᠦᠷᠢ ᠮᠡᠳᠡᠭᠦᠯᠬᠦ ᠤᠲᠠᠰᠤ ᠄ 12119 )᠃ ᠶᠠᠮᠠᠷᠪᠠ ᠪᠠᠶᠢᠭᠤᠯᠭ᠎ᠠ ᠨᠢᠬᠡᠴᠢ ᠪᠠ ᠬᠤᠪᠢ ᠬᠥᠮᠦᠨ ᠲᠥᠯᠥᠪᠦᠷᠢ ᠥᠬᠡᠶ ᠪᠠᠷ ᠲᠦᠭᠰᠢᠭᠦᠷᠢ | ᠮᠡᠳᠡᠭᠦᠯᠬᠦ ᠳᠤ ᠲᠥᠬᠦᠮ ᠦᠵᠡᠭᠦᠯᠵᠦ ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠤᠳᠠᠯ ᠢᠶᠠᠷ ᠮᠡᠳᠡᠭᠦᠯᠬᠦ ᠂ | ᠳᠤᠷ᠎ᠠ ᠪᠠᠷ ᠢᠶᠠᠨ ᠮᠡᠳᠡᠭᠦᠯᠬᠦ ᠂ ᠳᠠᠷᠤᠭᠠᠳ ᠮᠡᠳᠡᠭᠦᠯᠬᠦ ᠥᠬᠡᠶ ᠪᠠᠶᠢᠬᠤ ᠶᠢ ᠴᠠᠭᠠᠵᠠᠯᠠᠨ᠎ᠠ ᠃ | | ᠵᠡᠭᠦᠨᠭᠠᠷ ᠬᠤᠰᠢᠭᠤᠨ ᠤ ᠠᠷᠡᠳ ᠤᠨ ᠵᠠᠰᠠᠭ ᠤᠨ ᠤᠷᠳᠣᠠ ᠤ ᠬᠤᠰᠢᠭᠤ ᠳᠠᠷᠤᠭ᠎ᠠ | 2021 ᠤᠨ ᠤ 3 ᠳ᠋ᠤᠭᠠᠷ ᠰᠠᠷ᠎ᠠ ᠶᠢᠨ 15 ᠤ ᠡᠳᠦᠷ | |