ᠪᠦᠭᠦ ᠬᠤᠰᠢᠭᠤᠨ ᠤ ᠭᠡᠪᠴᠢᠶᠠᠨ ᠳᠤ ︽ᠲᠡᠭᠳᠡᠭᠦᠷ ᠳ᠋ᠸᠡᠭᠯᠦ︾ ᠨᠤᠴᠤᠭᠠᠵᠤ ᠲᠡᠭᠳᠡᠭᠡᠭᠦ ᠶᠢ ᠬᠤᠷᠢᠬᠯᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ  ᠵᠠᠷᠯᠠᠯ
ᠨᠡᠶᠢᠲᠡᠯᠡᠭᠰᠡᠨ ᠴᠠᠭ᠄
2021/3/5
      ︽ᠲᠡᠭᠳᠡᠭᠦᠷ ᠳ᠋ᠸᠡᠭᠯᠦ︾ ᠨᠢ ᠦᠨᠳᠦᠷ ᠤᠬᠳᠠᠷᠭᠤᠢ ᠳᠤ ᠲᠡᠭᠳᠡᠭᠡᠭᠦ ᠭᠠᠯᠳᠤ ᠪᠤᠳᠠᠰ ᠲᠤ ᠪᠠᠭᠳᠠᠵᠤ᠂ ᠭᠠᠳᠠᠨ᠎ᠠ ᠲᠦᠯᠦ ᠶᠢᠨ ᠲᠤᠯᠠᠭᠠᠨ ᠤ ᠭᠡᠮᠵᠢᠶ᠎ᠠ ᠨᠢ 300℃ ᠲᠤ ᠭᠦᠷᠴᠦ᠂ ᠲᠡᠭᠳᠡᠭᠡᠭᠰᠡᠨ ᠤ ᠲᠠᠷᠠᠭ᠎ᠠ ᠤᠬᠳᠠᠷᠭᠤᠢ ᠳᠤ ᠲᠡᠭᠳᠡᠭᠦ ᠴᠠᠭ ᠤᠷᠳᠤ ᠪᠠᠶᠢᠵᠤ᠂ ᠭᠢᠴᠢᠶᠠᠮᠵᠢ ᠦᠭᠡᠢ ᠪᠤᠯ ᠭᠠᠯ ᠤᠨ ᠠᠶᠤᠯ ᠡᠭᠦᠰᠭᠡᠭᠦ ᠪᠤᠯᠤᠯᠴᠠᠭ᠎ᠠ ᠲᠠᠢ ᠮᠦᠷᠳᠡᠭᠡᠨ ᠨᠢᠰᠭᠦ ᠪᠠᠭᠠᠵᠢ᠂ ᠦᠨᠳᠦᠷ ᠭᠦᠴᠦᠳᠠᠯᠳᠤ ᠴᠠᠭᠢᠯᠭᠠᠨ ᠬᠠᠨᠭ᠍ᠭᠠᠯᠭ᠎ᠠ ᠶᠢᠨ ᠲᠤᠨᠤᠭ ᠲᠦᠭᠦᠭᠡᠷᠤᠮᠵᠢ᠂ ᠴᠢᠮᠡᠭᠡ ᠨᠡᠪᠳᠡᠷᠡᠭᠦᠯᠭᠡ ᠶᠢᠨ ᠲᠤᠨᠤᠭ ᠲᠦᠭᠦᠭᠡᠷᠤᠮᠵᠢ ᠵᠢᠴᠢ ᠡᠯ᠎ᠠ ᠲᠦᠷᠦᠯ ᠤᠨ ᠪᠠᠷᠢᠯᠭ᠎ᠠ ᠶᠢᠨ ᠪᠤᠳᠠᠰ ᠤᠨ ᠠᠮᠤᠷ ᠲᠦᠪᠰᠢᠨ ᠳᠤ ᠰᠦᠷᠳᠡᠭᠦᠯᠤᠯ ᠪᠤᠯᠵᠤ᠂ ᠠᠯᠢ ᠤᠯᠠᠨ ᠠᠮᠤᠷ ᠲᠦᠪᠰᠢᠨ ᠤ ᠲᠠᠯᠳᠠ ᠭᠡᠮ ᠤᠷᠤᠰᠢᠵᠤ ᠪᠠᠶᠢᠳᠠᠭ᠃ ᠤᠯᠠᠨ ᠨᠠᠶᠢᠳᠠ ᠶᠢᠨ ᠠᠮᠤᠷ ᠲᠦᠪᠰᠢᠨ ᠪᠠ ᠠᠷᠠᠳ ᠲᠦᠮᠠᠨ ᠤ ᠠᠮᠢ ᠨᠠᠰᠤ ᠡᠳ᠋ ᠭᠦᠷᠦᠩᠭᠡ ᠶᠢᠨ ᠠᠮᠤᠷ ᠲᠦᠪᠰᠢᠨ ᠢ ᠪᠠᠳᠤᠯᠠᠵᠤ᠂ ᠭᠠᠯ ᠤᠨ ᠠᠶᠤᠯ ᠵᠡᠷᠭᠡ ᠠᠮᠤᠷ ᠲᠦᠪᠰᠢᠨ ᠤ ᠠᠳᠡᠯ ᠭᠡᠷᠡᠭ ᠡᠭᠦᠰᠭᠦ ᠶᠢ ᠰᠡᠷᠭᠡᠶᠢᠯᠡᠭᠦ ᠶᠢᠨ ᠲᠤᠰᠠᠳᠠ᠂ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠯ ᠤᠨᠳᠠᠷᠠᠭᠠᠬᠤ ᠬᠠᠤᠯᠢ︾᠂ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠲᠤᠷᠭᠠᠭᠤᠯᠢ  ᠶᠢᠨ ᠬᠠᠤᠯᠢ︾᠂ ︽ᠨᠤᠳᠤᠭ ᠪᠡᠯᠴᠢᠭᠡᠷ ᠤᠨ ᠭᠠᠯ ᠲᠦᠢᠮᠠᠷ ᠢ ᠰᠡᠷᠭᠡᠶᠢᠯᠡᠭᠦ ᠲᠦᠷᠢᠮ︾ ᠵᠡᠷᠭᠡ ᠬᠤᠯᠪᠤᠬᠳᠠᠯ ᠪᠦᠭᠦᠢ ᠬᠠᠤᠯᠢ ᠴᠠᠭᠠᠵᠠ ᠬᠠᠤᠯᠢ ᠲᠤᠬᠳᠠᠭᠠᠯ ᠢ ᠦᠨᠳᠦᠰᠦᠯᠠᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠪᠦᠭᠦ ᠬᠤᠰᠢᠭᠤᠨ ᠤ ᠭᠡᠪᠴᠢᠶᠠᠨ ᠳᠤ ︽ᠲᠡᠭᠳᠡᠭᠦᠷ ᠳ᠋ᠸᠡᠭᠯᠦ︾ ᠨᠤᠴᠤᠭᠠᠵᠤ ᠲᠡᠭᠳᠡᠭᠡᠭᠦ  ᠶᠢ ᠬᠤᠷᠢᠬᠯᠠᠬᠤ ᠪᠠᠷ ᠲᠤᠬᠳᠠᠪᠠ᠂ ᠤᠳᠤ ᠬᠤᠯᠪᠤᠬᠳᠠᠯ ᠪᠦᠭᠦᠢ ᠤᠴᠢᠷ ᠶᠠᠪᠤᠳᠠᠯ ᠢ ᠲᠤᠤᠷᠡᠭᠢ ᠮᠡᠳᠤ ᠵᠠᠷᠯᠠᠨ ᠮᠡᠳᠡᠭᠳᠡᠶ᠎ᠠ᠃      ᠨᠢᠭᠡ᠂ ᠲᠤᠰ ᠵᠠᠷᠯᠠᠯ ᠳᠤ ᠭᠡᠯᠡᠵᠤ ᠪᠠᠶᠢᠭ᠎ᠠ ︽ᠲᠡᠭᠳᠡᠭᠦᠷ ᠳ᠋ᠸᠡᠭᠯᠤ︾ ᠭᠡᠳᠡᠭ ᠨᠢ ᠬᠠᠳᠠᠭᠤ ᠪᠠᠶᠠᠳᠤ ᠰᠫᠢᠷᠲ ᠪᠤᠶᠤ ᠪᠤᠰᠤᠳ ᠰᠢᠳᠠᠮᠠᠬᠠᠢ ᠪᠤᠳᠠᠰ ᠢᠶᠠᠷ ᠰᠢᠳᠠᠮᠠᠬᠠᠢ ᠮᠠᠲ᠋ᠧᠷᠢᠶᠠᠯ ᠪᠤᠯᠭᠠᠵᠤ᠂ ᠦᠢᠯᠡᠳᠦᠨ ᠭᠢᠭᠰᠡᠨ ᠮᠠᠲ᠋ᠧᠷᠢᠶᠠᠯ ᠨᠢ ᠠᠮᠠᠷᠬᠠᠨ ᠨᠤᠴᠤᠬᠤ ᠪᠤᠳᠠᠰ ᠪᠠᠶᠢᠵᠤ᠂ ᠭᠦᠢᠳᠠᠨ ᠬᠠᠯᠠᠭᠤᠨ ᠠᠭᠠᠷ ᠤᠨ ᠤᠷᠤᠰᠬᠠᠯ ᠰᠤᠯᠢᠭ ᠤᠷᠤᠰᠬᠠᠯ ᠢ ᠠᠰᠢᠬᠯᠠᠨ ᠭᠦᠳᠡᠯᠭᠡᠭᠦ ᠭᠦᠴᠦᠨ ᠢ ᠪᠤᠢ ᠪᠤᠯᠭᠠᠵᠤ ᠦᠨᠳᠦᠷ ᠲᠤ ᠲᠡᠭᠳᠡᠭᠡᠭᠦ ᠪᠤᠳᠠᠰ ᠢ ᠵᠢᠭᠠᠵᠤ ᠪᠤᠢ᠃      ᠬᠤᠶᠠᠷ᠂ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠭᠦᠮᠦᠨ ᠤᠯᠤᠰ ᠤᠨ ᠲᠤᠬᠳᠠᠭᠠᠯ ᠢ ᠵᠦᠷᠢᠴᠠᠨ ᠲᠤᠰ ᠬᠤᠰᠢᠭᠤᠨ ᠤ ᠭᠡᠪᠴᠢᠶᠠᠨ ᠳᠤ ︽ᠲᠡᠭᠳᠡᠭᠦᠷ ᠳ᠋ᠸᠡᠭᠯᠤ︾ ᠨᠤᠴᠤᠭᠠᠨ ᠲᠡᠭᠳᠡᠭᠡᠭᠦ ᠶᠢ ᠬᠤᠷᠢᠬᠯᠠᠵᠤ᠂ ᠲᠤᠰ ᠬᠤᠰᠢᠭᠤᠨ ᠤ ᠭᠡᠪᠴᠢᠶᠠᠨ ᠳᠤ ︽ᠲᠡᠭᠳᠡᠭᠦᠷ ᠳ᠋ᠸᠡᠭᠯᠤ︾ ᠨᠤᠴᠤᠭᠠᠨ ᠲᠡᠭᠳᠡᠭᠡᠭᠰᠡᠨ ᠠᠴᠠ ᠪᠤᠯᠵᠤ ᠠᠮᠤᠷ ᠲᠦᠪᠰᠢᠨ ᠤ ᠠᠳᠡᠯ ᠭᠡᠷᠡᠭ ᠭᠠᠷᠭᠠᠬᠰᠠᠨ ᠪᠤᠯ ᠬᠠᠤᠯᠢ ᠶᠤᠰᠤᠭᠠᠷ ᠬᠠᠮᠢᠶ᠎ᠠ ᠪᠦᠭᠦᠢ ᠭᠦᠮᠦᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠭᠡᠮᠵᠢᠯᠠᠨ᠎ᠠ︔ ᠶᠠᠯ᠎ᠠ ᠭᠢᠭᠰᠡᠨ ᠪᠤᠯ᠂ ᠬᠠᠤᠯᠢ ᠶᠤᠰᠤᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠠᠨ᠎ᠠ᠃      ᠭᠤᠷᠪᠠ᠂ ᠦᠷᠭᠡᠨ ᠤᠯᠠᠨ ᠲᠦᠮᠠᠨ ᠤᠯᠠᠨ ᠨᠠᠶᠢᠳᠠ ᠶᠢᠨ ᠠᠮᠤᠷ ᠲᠦᠪᠰᠢᠨ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠵᠤ᠂ ︽ᠲᠡᠭᠳᠡᠭᠦᠷ ᠳ᠋ᠸᠡᠭᠯᠦ︾ ᠶᠢ ᠡᠷᠡᠰ ᠲᠠᠰᠤ ᠨᠤᠴᠤᠭᠠᠨ ᠲᠡᠭᠳᠡᠭᠡᠵᠤ ᠪᠤᠯᠬᠤ ᠦᠭᠡᠢ᠃ ᠤᠯᠤᠰ ᠤᠨ ᠲᠤᠬᠳᠠᠭᠠᠯ ᠠᠴᠠ ᠵᠦᠷᠢᠴᠠᠨ ︽ᠲᠡᠭᠳᠡᠭᠦᠷ ᠳ᠋ᠸᠡᠭᠯᠦ︾ ᠨᠤᠴᠤᠭᠠᠵᠤ ᠲᠡᠭᠳᠡᠭᠡᠭᠰᠡᠨ ᠪᠠᠶᠢᠳᠠᠯ ᠢ ᠤᠯᠵᠤ ᠮᠡᠳᠡᠪᠡᠯ᠂ ᠢᠯᠠᠴᠢᠯᠠᠨ ᠮᠡᠳᠡᠭᠦᠯᠭᠦ ᠤᠳᠠᠰᠤ 12119 ᠳᠤ ᠴᠠᠭ ᠲᠠᠷᠤᠢ ᠳᠤᠨᠢ ᠤᠳᠠᠰᠤᠳᠠᠨ ᠢᠯᠡᠴᠢᠯᠡᠨ ᠮᠡᠳᠡᠭᠦᠯᠭᠦ ᠭᠡᠷᠡᠭᠳᠡᠢ᠃                                                                                            ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ                                               2021 ᠤᠨ ᠤ 2 ᠰᠠᠷ᠎ᠠ ᠶᠢᠨ 22 ᠤᠨ ᠡᠳᠦᠷ
ᠢᠷᠡᠯᠲᠡ᠄ ᠵᠡᠭᠦᠨᠭᠠᠷ ᠬᠤᠰᠢᠭᠤᠨ ᠤ ᠨᠠᠶᠢᠳᠠᠯᠠᠯ