ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ | ᠪᠠᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ | ᠪᠠᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ ᠰᠠᠢᠲᠤᠷ | ᠬᠡᠷᠡᠭᠵᠢᠭᠦᠯᠬᠦ ᠲᠤᠬᠠᠶ ᠪᠠᠢᠷᠢᠯᠠᠭᠤᠯᠵᠤ ᠡᠳ᠋ ᠤᠨ | ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ | ᠠᠰᠢᠭ ᠬᠦᠷᠲᠡᠭᠡᠬᠦ ᠦᠶ᠋ᠯᠡᠳᠦᠯ ᠢ ᠨᠠᠩ ᠰᠠᠢᠲᠤᠷ | ᠪᠠᠳᠠᠷᠠᠭᠤᠯᠪᠠ | ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ | ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ | ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠢᠳ | ᠯᠢ ᠺᠧ ᠴᠢᠶᠠᠩ 4 ᠳ᠋ᠦ᠋ᠭᠡᠷ ᠰᠠᠷ᠎ᠠ ᠶᠢᠨ 21 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠡᠳ᠋ ᠤᠨ ᠵᠠᠰᠠᠭ ᠤᠨ ᠪᠠᠯᠠ | ᠮᠥᠩᠭᠦ ᠶᠢ ᠰᠢᠭᠤᠳ ᠬᠦᠷᠭᠡᠬᠦ ᠪᠠᠢᠩᠭᠤᠵᠢᠭᠰᠠᠨ ᠲᠣᠭᠲᠠᠴᠠ ᠶᠢ | ᠤᠯᠠᠮ ᠨᠢᠭᠡ ᠠᠯᠬᠤᠮ ᠰᠠᠢᠲᠤᠷ ᠬᠡᠷᠡᠭᠵᠢᠭᠦᠯᠵᠦ᠂ ᠡᠳ᠋ ᠤᠨ | ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ | ᠠᠰᠢᠭ ᠬᠦᠷᠲᠡᠭᠡᠬᠦ ᠦᠶ᠋ᠯᠡᠳᠦᠯ ᠢ ᠨᠠᠩ ᠰᠠᠢᠲᠤᠷ | ᠪᠠᠳᠠᠷᠠᠭᠤᠯᠬᠤ ᠲᠤᠬᠠᠶ ᠪᠠᠢᠷᠢᠯᠠᠭᠤᠯᠪᠠ ︽ᠪᠥᠬᠦᠳᠡ | ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ | ︵ᠵᠠᠰᠠᠪᠤᠷᠢ ᠣᠷᠣᠭᠤᠯᠬᠤ ᠲᠥᠰᠦᠯ︶︾ ᠪᠠᠲᠤᠯᠠᠵᠠᠢ᠃ | ᠬᠤᠷᠠᠯ ᠳᠤ ᠵᠢᠭᠠᠨ ᠭᠠᠷᠭᠠᠬᠤ ᠳᠤ ᠪᠠᠨ᠂ ᠡᠳ᠋ ᠤᠨ | ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ | ᠬᠡᠷᠡᠭᠵᠢᠭᠦᠯᠬᠦ ᠪᠣᠯ ᠬᠤᠷᠸ᠎ᠠ ᠡᠵᠡᠮᠰᠢᠯ | ᠲᠤᠬᠢᠷᠠᠭᠤᠯᠭ᠎ᠠ ᠶᠢᠨ ᠰᠢᠨ᠎ᠡ ᠶᠢ ᠡᠭᠦᠳᠬᠦ ᠴᠢᠬᠤᠯᠠ ᠶᠡᠭᠡ | ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠢᠷᠢᠯᠠᠭᠤᠯᠤᠯᠲᠠ ᠶᠣᠰᠣᠭᠠᠷ᠂ | ᠨᠢᠳᠤᠨᠤᠨ ᠲᠥᠪ ᠤᠨ ᠡᠳ᠋ ᠤᠨ ᠵᠠᠰᠠᠭ ᠰᠢᠭᠤᠳ ᠬᠦᠷᠭᠡᠬᠦ ᠪᠠᠯᠠ | ᠮᠥᠩᠭᠦ 1.7 ᠲᠦᠮᠡᠨ ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ | ᠰᠢᠶᠠᠨ ᠤ ᠦᠨᠳᠦᠰᠦᠨ ᠱᠠᠲᠤᠨ ᠤ ᠭᠠᠢᠯᠢ ᠶᠢ ᠬᠥᠩᠭᠡᠯᠡᠵᠦ | ᠰᠦᠶ᠋ᠳᠬᠡᠯ ᠢ ᠪᠠᠭᠤᠷᠠᠭᠤᠯᠬᠤ ᠳᠤ ︽ᠳᠠᠭᠠᠷᠠᠭᠰᠠᠨ | ᠬᠥᠮᠦᠨ ᠳᠤ ᠳᠠᠬᠤ ᠬᠦᠷᠭᠡᠬᠦ︾ ᠦᠶ᠋ᠯᠡᠳᠦᠯ ᠪᠠᠳᠠᠷᠠᠭᠤᠯᠵᠤ᠂ | ᠠᠵᠤ ᠠᠬᠤᠶ ᠶᠢᠨ ᠦᠨᠳᠦᠰᠦᠨ ᠪᠠᠢᠳᠠᠯ ᠢ | ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ | ᠬᠠᠩᠭᠠᠭᠰᠠᠨ ᠪᠠᠢᠨ᠎ᠠ᠃ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠰᠢᠭᠤᠳ | ᠬᠦᠷᠭᠡᠬᠦ ᠲᠣᠭᠲᠠᠴᠠ ᠶᠢ ᠪᠠᠢᠩᠭᠤᠵᠢᠭᠤᠯᠬᠤ ᠨᠢ ᠨᠢᠳᠤᠨᠤᠨ ᠤ | ᠰᠢᠭᠤᠳ ᠬᠦᠷᠭᠡᠬᠦ ᠪᠡᠯᠡ ᠮᠥᠩᠭᠦ ᠶᠢ ᠪᠦᠬᠦᠨ ᠢ ᠨᠡᠮᠡᠭᠳᠡᠯ | ᠪᠡᠯᠡ ᠮᠥᠩᠭᠦ ᠪᠣᠯᠭᠠᠭᠰᠠᠨ ᠲᠠᠢ ᠠᠳᠠᠯᠢ ᠦᠭᠡᠢ᠂ ᠡᠨᠡ ᠵᠢᠯ | ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭᠠᠨ᠎ᠠ᠂ ᠪᠡᠯᠡ | ᠮᠥᠩᠭᠦ ᠶᠢᠨ ᠬᠤᠪᠢᠶᠠᠷᠢᠯᠠᠯᠲᠠ ᠶᠢᠨ ᠠᠰᠢᠭ ᠲᠤᠰᠠ ᠶᠢᠨ | ᠪᠠᠢᠷᠢᠰᠢᠯ ᠢ ᠥᠭᠡᠷᠡᠴᠢᠯᠡᠨ ᠲᠣᠬᠢᠷᠠᠭᠤᠯᠬᠤ ᠪᠠᠷ | ᠳᠠᠮᠵᠢᠭᠤᠯᠤᠨ᠂ ᠲᠥᠪ ᠤᠨ ᠡᠳ᠋ ᠤᠨ ᠵᠠᠰᠠᠭ ᠤᠨ ᠠᠷᠠᠳ ᠤᠨ | ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ ᠪᠡᠯᠡ | ᠮᠥᠩᠭᠦ ᠶᠢ ᠪᠦᠬᠦᠨ ᠢ ᠨᠢ ᠰᠢᠭᠤᠳ ᠬᠦᠷᠭᠡᠬᠦ ᠬᠡᠪᠴᠢᠶᠡᠨ ᠳᠤ | ᠣᠷᠣᠭᠤᠯᠵᠤ᠂ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢ 2. | 8 ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ | ᠣᠳᠣᠬᠠᠨ ᠳᠤ ᠲᠥᠪ ᠤᠨ ᠡᠳ᠋ ᠤᠨ ᠵᠠᠰᠠᠭ ᠠᠴᠠ ᠰᠢᠭᠤᠳ | ᠪᠠᠭᠤᠯᠭᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ | ᠲᠥᠭᠦᠷᠢᠭ ᠪᠠᠢᠵᠤ᠂ ᠡᠭᠦᠨ ᠳᠤ 2.2 ᠲᠦᠮᠡᠨ ᠳ᠋ᠦᠩᠰᠢᠭᠤᠷ ᠭᠠᠷᠤᠢ | ᠲᠥᠭᠦᠷᠢᠭ ᠢ ᠨᠢᠭᠡᠨᠲᠡ ᠪᠠᠯᠠ ᠮᠥᠩᠭᠦ ᠬᠡᠷᠡᠭᠯᠡᠬᠦ | ᠨᠢᠭᠡᠴᠢ ᠳᠤ ᠪᠠᠭᠤᠯᠭᠠᠭᠰᠠᠨ ᠪᠠᠢᠨ᠎ᠠ᠃ ᠲᠠᠷᠠᠭᠠᠴᠢ ᠶᠢᠨ | ᠠᠯᠬᠤᠮ ᠳᠤ᠂ ᠨᠢᠭᠡ ᠳᠤ᠂ ᠰᠢᠭᠤᠳ ᠬᠦᠷᠭᠡᠬᠦ ᠪᠠᠯᠠ ᠮᠥᠩᠭᠦ ᠶᠢᠨ | ᠬᠡᠷᠡᠭᠯᠡᠯᠲᠡ ᠶᠢᠨ ᠭᠤᠤᠯᠳᠠᠯᠭ᠎ᠠ ᠶᠢ ᠳᠣᠪᠤᠢᠯᠭᠠᠨᠠ᠃ ᠠᠵᠤ | ᠠᠬᠤᠶ ᠶᠢ ᠲᠣᠭᠲᠠᠭᠤᠨ ᠪᠠᠢᠯᠭᠠᠬᠤ ᠶᠢᠨ ᠳᠠᠭᠠᠤ | ᠪᠠᠬᠢᠵᠢᠭᠦᠯᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ | ᠰᠢᠭᠤᠳ ᠬᠦᠷᠭᠡᠬᠦ ᠪᠠᠯᠠ ᠮᠥᠩᠭᠦ ᠶᠢ ᠬᠡᠰᠡᠭ ᠱᠠᠲᠤ ᠦᠶᠡᠴᠢ | ᠴᠢᠨᠠᠷᠲᠠᠶ ᠲᠥᠷᠥ ᠶᠢᠨ ᠪᠣᠳᠣᠯᠭ᠎ᠠ ᠶᠢᠨ ︽ᠪᠠᠭᠤᠷᠠᠯᠲᠠ︾ ᠶᠢᠨ | ᠨᠥᠯᠥᠭᠡ ᠶᠢ ᠠᠷᠢᠯᠭᠠᠬᠤ ᠴᠢᠬᠤᠯᠠ ᠠᠷᠭ᠎ᠠ ᠪᠠᠷᠢᠯ ᠤᠨ | ᠨᠢᠭᠡ ᠨᠢ ᠪᠣᠯᠭᠠᠵᠤ᠂ ᠲᠠᠭᠦᠨ ᠢ ᠭᠤᠤᠯᠳᠠᠭᠤ ᠠᠵᠢᠯ | ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠪᠠᠲᠤᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠵᠦ᠂ | ᠪᠠᠯᠠ ᠮᠥᠩᠭᠦ ᠶᠢ ᠣᠯᠠᠨ ᠲᠦᠮᠡᠨ ᠤ ᠬᠦᠰᠡᠯ ᠡᠷᠡᠮᠡᠯᠵᠡᠯ᠂ ᠠᠵᠤ | ᠠᠬᠤᠶᠢᠯᠠᠯ ᠤᠨ ᠬᠦᠰᠡᠵᠦ ᠪᠠᠢᠭ᠎ᠠ ᠴᠢᠭᠯᠡᠯ ᠪᠠ ᠬᠦᠷᠢᠶ᠎ᠡ | ᠵᠢᠴᠢ ᠦᠨᠳᠦᠰᠦᠨ ᠱᠠᠲᠤᠨ ᠤ ᠴᠠᠯᠢᠩ ᠢ ᠪᠠᠲᠤᠯᠠᠬᠤ ᠪᠠ | ᠡᠷᠭᠢᠯᠲᠡ ᠶᠢ ᠪᠠᠲᠤᠯᠠᠬᠤ ᠳᠤ ᠬᠡᠷᠡᠭᠯᠡᠨ᠂ ᠨᠠᠩ ᠣᠯᠠᠨ | ᠡᠳ᠋ ᠤᠨ ᠬᠦᠴᠦᠨ ᠢ ᠲᠥᠪᠯᠡᠷᠡᠭᠦᠯᠦᠨ ᠠᠯᠪᠠᠨ ᠵᠢᠷᠤᠮ ᠤᠨ | ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ | ᠰᠠᠭᠤᠴᠠ ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ | ᠣᠷᠣᠭᠤᠯᠤᠯᠲᠠ ᠶᠢ ᠨᠡᠮᠡᠭᠳᠡᠭᠦᠯᠵᠦ ᠂ ᠲᠠᠷᠢᠶᠠᠯᠠᠩ ᠤᠰᠤᠨ | ᠠᠰᠢᠭᠯᠠᠯᠲᠠ ᠶᠢᠨ ᠪᠥᠲᠥᠭᠡᠨ ᠪᠠᠢᠭᠤᠯᠤᠯᠲᠠ ᠶᠢ ᠳᠡᠮᠵᠢᠨ᠎ᠡ᠃ | ᠬᠤᠶᠠᠷ ᠲᠤ᠂ ᠣᠷᠣᠨ ᠨᠤᠲᠤᠭ ᠢ ᠰᠢᠪᠠᠳᠠᠵᠤ ᠪᠠᠢᠭᠠᠳ | ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠶᠢ ᠪᠠᠭᠤᠯᠭᠠᠬᠤ | ᠪᠠ ᠬᠡᠷᠡᠭᠯᠡᠬᠦ ᠠᠵᠢᠯ ᠢ ᠰᠠᠢᠲᠤᠷ ᠬᠢᠯᠭᠡᠵᠦ᠂ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ | ᠨᠠᠢᠳᠠᠪᠤᠷᠢᠵᠢᠭᠤᠯᠤᠨ ᠪᠣᠲᠠᠲᠠᠢᠵᠢᠭᠤᠯᠬᠤ ᠶᠢ ᠪᠠᠲᠤᠯᠠᠨ᠎ᠠ᠃ | ᠣᠷᠣᠨ ᠨᠤᠲᠤᠭ ᠢ ᠵᠢᠯᠣᠭᠤᠳᠴᠤ ᠪᠠᠢᠭᠠᠳ ᠲᠥᠪ ᠤᠨ ᠰᠢᠭᠤᠳ | ᠬᠦᠷᠭᠡᠬᠦ ᠪᠡᠯᠡ ᠮᠥᠩᠭᠦ ᠶᠢᠨ ᠰᠠᠭᠤᠷᠢᠨ ᠳᠡᠭᠡᠷ᠎ᠡ᠂ | ᠲᠤᠬᠠᠶ ᠶᠢᠨ ᠭᠠᠵᠠᠷ ᠣᠷᠣᠨ ᠤ ᠪᠠᠢᠳᠠᠯ ᠳᠤ ᠲᠣᠬᠢᠷᠠᠭᠤᠯᠤᠨ | ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ | ᠰᠢᠭᠤᠳ ᠬᠦᠷᠬᠦ ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ | ᠱᠠᠲᠤᠨ ᠤ ᠵᠠᠰᠠᠭ ᠤᠨ ᠣᠷᠳᠣᠨ ᠦᠷᠭᠦᠯᠵᠢᠯᠡᠨ ︽ᠵᠠᠮ ᠤᠨ | ᠨᠠᠮᠰᠠᠷᠠᠢ ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ | ᠡᠭᠦᠷᠦᠭᠰᠡᠨ ᠨᠣᠶᠠᠨ︾ ᠪᠣᠯᠵᠤ ᠪᠣᠯᠬᠤ ᠦᠭᠡᠢ᠂ ᠨᠠᠩ ᠣᠯᠠᠨ ᠡᠳ᠋ | ᠤᠨ ᠬᠦᠴᠦᠨ ᠢᠶᠠᠨ ᠳᠣᠷᠣᠭᠰᠢ ᠪᠠᠭᠤᠯᠭᠠᠵᠤ᠂ ᠦᠨᠳᠦᠰᠦᠨ | ᠱᠠᠲᠤᠨ ᠤ ᠲᠥᠷᠥ ᠶᠢᠨ ᠪᠣᠳᠣᠯᠭ᠎ᠠ ᠶᠢ | ᠨᠠᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢ | ᠴᠢᠩᠭᠠᠷᠠᠭᠤᠯᠬᠤ ᠬᠡᠷᠡᠭᠲᠡᠶ᠃ ᠭᠤᠷᠪᠠ ᠳᠤ᠂ ᠰᠢᠭᠤᠳ ᠬᠦᠷᠭᠡᠬᠦ | ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ | ᠴᠢᠩᠳᠠᠯᠠᠨ᠎ᠠ᠃ ᠡᠳ᠋ ᠤᠨ ᠵᠠᠰᠠᠭ᠂ ᠬᠢᠨᠠᠨ ᠪᠤᠳᠤᠯᠲᠠ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠬᠢᠨᠠᠯᠲᠠ ᠪᠠᠨ | ᠴᠢᠩᠭᠠᠳᠬᠠᠵᠤ᠂ ᠣᠷᠣᠨ ᠨᠤᠲᠤᠭ ᠤᠨ ᠪᠠᠯᠠ ᠮᠥᠩᠭᠦ | ᠬᠤᠪᠢᠶᠠᠷᠢᠯᠠᠭᠰᠠᠨ᠂ ᠰᠠᠯᠭᠠᠨ ᠥᠭᠭᠦᠭᠰᠡᠨ ᠪᠠ ᠬᠡᠷᠡᠭᠯᠡᠭᠰᠡᠨ | ᠪᠠᠢᠳᠠᠯ ᠢ ᠬᠥᠳᠡᠯᠦᠩᠭᠦᠶ ᠪᠠᠷ ᠮᠥᠷᠳᠡᠵᠦ᠂ ᠣᠷᠣᠰᠢᠵᠤ | ᠪᠠᠢᠭ᠎ᠠ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ | ᠵᠠᠯᠠᠷᠠᠭᠤᠯᠵᠤ᠂ ᠬᠠᠮᠢᠶ᠎ᠠ ᠪᠥᠬᠦᠶ ᠣᠷᠣᠨ ᠨᠤᠲᠤᠭ ᠵᠢᠴᠢ | ᠬᠠᠷᠢᠭᠤᠴᠠᠯᠭᠠᠲᠠᠳ ᠲᠠᠢ ᠪᠠᠢᠳᠠᠯ ᠢ ᠨᠢ ᠦᠵᠡᠵᠦ | ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ ᠬᠤᠳᠠᠯ ᠢᠶᠠᠷ | ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ | ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠶ᠋ᠯᠡ | ᠠᠵᠢᠯᠯᠠᠭ᠎ᠠ ᠨᠤᠭᠤᠳ ᠢ ᠨᠢᠭᠡ ᠶᠢ ᠣᠯᠵᠤ ᠮᠡᠳᠡᠪᠡᠯ ᠨᠢᠭᠡ ᠶᠢ | ᠲᠦᠢᠯᠪᠤᠷᠢᠲᠠᠶ ᠪᠠᠢᠴᠠᠭᠠᠵᠤ᠂ ᠴᠢᠩᠭ᠎ᠠ ᠬᠠᠷᠢᠭᠤᠴᠠᠯᠭ᠎ᠠ | ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠰᠢᠭᠤᠳ ᠪᠠᠯᠠ | ᠮᠥᠩᠭᠦ ᠶᠢ ᠣᠨᠢᠨ ᠳᠡᠭᠡᠷ᠎ᠡ ᠨᠢ ᠬᠡᠷᠡᠭᠯᠡᠬᠦ ᠶᠢ ᠦᠨᠡᠨ ᠬᠦ | ᠪᠠᠲᠤᠯᠠᠵᠤ᠂ ᠠᠵᠤ ᠠᠬᠤᠶᠢᠯᠠᠯ ᠪᠠ ᠠᠷᠠᠳ ᠲᠤ ᠠᠰᠢᠭ | ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠨᠠᠩ ᠰᠠᠢᠨ | ᠪᠠᠳᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠤ ︽ᠪᠥᠬᠦᠳᠡ ᠨᠠᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ | ᠲᠥᠰᠦᠯ︶︾ ᠢ ᠪᠠᠲᠤᠯᠠᠪᠠ᠃ ᠲᠥᠰᠦᠯ ᠳᠤ ᠲᠠᠷᠢᠶᠠᠨ ᠭᠠᠵᠠᠷ | ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ | ᠭᠠᠵᠠᠷ ᠢᠯᠠᠩᠭᠤᠶ᠎ᠠ ᠲᠠᠷᠢᠶᠠᠨ ᠭᠠᠵᠠᠷ ᠢ ᠪᠥᠲᠥᠭᠡᠨ | ᠪᠠᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ᠂ | ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ | ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠤᠯᠠᠮ ᠨᠢᠭᠡ ᠠᠯᠬᠤᠮ ᠲᠣᠳᠣᠷᠬᠠᠶ | ᠬᠢᠵᠠᠭᠠᠷᠯᠠᠵᠤ᠂ ᠲᠠᠷᠢᠶᠠᠨ ᠭᠠᠵᠠᠷ ᠤᠨ ︽ᠡᠵᠡᠯᠡᠬᠦ | ᠨᠥᠬᠦᠪᠥᠷᠢᠯᠡᠬᠦ ᠶᠢ ᠲᠡᠩᠴᠡᠭᠦᠷᠢᠲᠡᠶ ᠪᠠᠢᠯᠭᠠᠬᠤ︾ | ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ ᠨᠢ ᠭᠠᠵᠠᠷ | ᠰᠢᠷᠣᠶ ᠲᠠᠲᠠᠪᠤᠷᠢᠯᠠᠬᠤ ᠳᠡᠰ ᠳᠠᠷᠠᠭᠠᠯᠠᠯ ᠢ | ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ | ᠤᠷᠢᠳᠴᠢᠯᠠᠨ ᠵᠠᠷᠯᠠᠬᠤ ᠳᠦᠷᠢᠮ ᠢ ᠲᠣᠭᠲᠠᠭᠠᠵᠤ᠂ | ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ | ᠬᠤᠯᠪᠣᠭᠳᠠᠯ ᠪᠦᠬᠦᠢ ᠵᠠᠷᠤᠳᠠᠯ ᠢ ᠭᠦᠢᠴᠡᠳ ᠲᠤᠭ᠎ᠠ ᠪᠠᠷ | ᠪᠣᠳᠠᠲᠠᠢᠵᠢᠭᠤᠯᠤᠭᠰᠠᠨ ᠦᠭᠡᠶ ᠪᠣᠯ ᠭᠠᠵᠠᠷ ᠰᠢᠷᠣᠶ | ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ ᠦᠭᠡᠶ ᠭᠡᠵᠦ | ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ | ᠲᠠᠷᠢᠶᠠᠴᠢᠳ ᠤᠨ ᠪᠠᠢᠳᠠᠯ ᠢ ᠮᠡᠳᠡᠬᠦ ᠡᠷᠬᠡ᠂ ᠣᠷᠣᠯᠴᠠᠬᠤ | ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ | ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ ᠣᠷᠣᠨ | ᠰᠠᠭᠤᠴᠠ ᠶᠢᠨ ᠭᠠᠵᠠᠷ ᠤᠨ ᠬᠡᠷᠡᠭᠴᠡᠭᠡ ᠶᠢ ᠪᠠᠲᠤᠯᠠᠵᠤ᠂ | ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ | ᠣᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠠᠰᠢᠭ ᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ | ᠪᠠᠰᠠ ᠭᠠᠵᠠᠷ ᠰᠢᠷᠣᠶ ᠶᠢ ᠰᠢᠪᠠᠳᠠᠨ ᠪᠠᠢᠴᠠᠭᠠᠬᠤ ᠲᠦᠷᠢᠮ ᠢ | ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠢᠴᠠᠭᠠᠬᠤ | ᠠᠷᠭ᠎ᠠ ᠬᠡᠮᠵᠢᠶ᠎ᠡ ᠶᠢ ᠴᠢᠩᠭᠠᠳᠬᠠᠨ᠂ ᠬᠥᠳᠡᠯᠦᠩᠭᠦᠶ | ᠲᠣᠭᠤᠷᠢᠨ ᠪᠠᠢᠴᠠᠭᠠᠬᠤ ᠵᠡᠷᠭᠡ ᠲᠣᠭᠲᠠᠴᠠ ᠶᠢ | ᠪᠠᠢᠭᠤᠯᠬᠤ ᠶᠢᠨ ᠵᠡᠷᠭᠡᠴᠡᠭᠡ ᠲᠠᠷᠢᠶᠠᠨ ᠭᠠᠵᠠᠷ ᠢ ᠡᠪᠳᠡᠬᠦ᠂ | ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠬᠦ᠂ ᠭᠠᠵᠠᠷ | ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ | ᠭᠦᠶ᠋ᠴᠡᠳᠬᠡᠬᠦ ᠶᠢ ᠲᠡᠪᠴᠢᠬᠦ ᠵᠡᠷᠭᠡ ᠬᠠᠤᠯᠢ ᠶᠢ | ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠰᠢᠢᠳᠭᠡᠬᠦ | ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ ︽ᠠᠮᠤ | ᠪᠤᠳᠠᠭᠠᠨ ᠤ ᠪᠤᠰᠤ ᠪᠣᠯᠭᠠᠬᠤ︾ ᠶᠢ ᠰᠢᠢᠳᠭᠡᠬᠦ ᠲᠤᠬᠠᠶ | ᠲᠣᠭᠲᠠᠭᠠᠯ ᠨᠡᠮᠡᠭᠰᠡᠨ ᠪᠠᠢᠨ᠎ᠠ | |