ᠤᠯᠤᠰ ᠤᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 7 | ᠡᠳᠦᠷ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ | ᠬᠦᠲᠡᠯᠭᠡᠭᠡᠡ ᠤ ᠵᠥᠪᠯᠡᠯ ᠤᠨ ᠲᠡᠷᠢᠭᠦᠯᠡᠭᠴᠢ ᠪᠠᠾᠧ ᠲᠠᠢ | ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠪᠠᡁᠧ ᠶᠢᠨ ᠳᠡᠯᠡᠭᠡᠢ ᠶᠢᠨ ᠣᠯᠢᠮᠫᠢᠺ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ | ᠲᠡᠷᠢᠭᠦᠯᠡᠭᠴᠢ ᠶᠢᠨ ᠲᠤᠰᠢᠶᠠᠯ ᠢ ᠵᠠᠯᠭᠠᠨ | ᠡᠭᠦᠷᠭᠡᠯᠡᠭᠰᠡᠨ ᠳᠤ ᠪᠠᠶᠠᠷ ᠬᠦᠷᠭᠡᠵᠦ᠂ ᠪᠠᡁᠧ ᠶᠢᠨ | ᠤᠳᠤᠷᠢᠳᠤᠯᠭ᠎ᠠ ᠳᠣᠣᠷ᠎ᠠ ᠳᠡᠯᠡᠭᠡᠢ ᠶᠢᠨ ᠣᠯᠢᠮᠫᠢᠺ ᠤᠨ | ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠡᠯ᠎ᠡ | ᠲᠠᠯ᠎ᠠ ᠶᠢᠨ ᠬᠦᠴᠦᠨ ᠲᠠᠢ ᠪᠦᠯᠬᠦᠮᠳᠡᠨ᠂ ᠣᠯᠢᠮᠫᠢᠺ ᠤᠨ | ᠬᠥᠳᠡᠯᠭᠡᠭᠡᠨ ᠤ ᠥᠷᠨᠢᠩᠭᠦᠢ ᠬᠥᠭᠵᠢᠯᠲᠡ ᠶᠢ ᠠᠬᠢᠭᠤᠯᠬᠤ | ᠪᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠡᠬᠦᠰᠦᠭᠰᠡᠨ ᠠᠴᠠ ᠨᠠᠭᠠᠰᠢ᠂ ᠳᠡᠯᠡᠭᠡᠢ ᠶᠢᠨ | ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ | ᠵᠥᠪᠯᠡᠯ ᠴᠥᠭᠡᠨ ᠪᠤᠰᠤ ᠠᠵᠢᠯ ᠬᠢᠵᠦ᠂ ᠪᠦᠬᠦ | ᠲᠡᠯᠡᠭᠡᠢ ᠪᠠᠷ ᠢᠶᠠᠨ ᠪᠦᠯᠬᠦᠮᠳᠡᠨ ᠬᠢᠵᠢᠭ ᠲᠠᠢ | ᠲᠡᠮᠡᠴᠡᠬᠦ ᠳᠤ ᠢᠳᠡᠪᠬᠢ ᠬᠦᠴᠦᠨ ᠬᠠᠩᠭᠠᠪᠠ᠃ ᠬᠢᠵᠢᠭ ᠤᠨ | ᠪᠠᠶᠢᠳᠠᠯ ᠨᠢ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ | ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ | ᠶᠡᠭᠡ ᠪᠠᠷ ᠨᠦᠯᠦᠭᠡᠯᠡᠵᠡᠢ᠃ ᠳᠤᠮᠳᠠᠳᠤ ᠤᠯᠤᠰ ᠳᠤᠷᠠᠲᠠᠶ᠎ᠠ | ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ | ᠬᠦᠲᠡᠯᠭᠡᠭᠡᠡ ᠤ ᠵᠥᠪᠯᠡᠯ ᠲᠠᠢ ᠦᠷᠭᠦᠯᠵᠢᠯᠡᠨ ᠬᠠᠮᠵᠢᠯᠴᠠᠵᠤ᠂ | ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠢ | ᠡᠷᠭᠢᠯᠡᠬᠦ ᠶᠢ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ | ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ | ᠬᠦᠲᠡᠯᠭᠡᠭᠡᠡ ᠤ ᠵᠥᠪᠯᠡᠯ ᠯᠦᠭᠡ ᠸᠠᠺᠼᠢᠨ ᠤ | ᠬᠠᠮᠲᠤᠷᠠᠯᠴᠠᠭ᠎ᠠ ᠶᠢ ᠴᠢᠩᠭᠠᠳᠬᠠᠵᠤ᠂ ᠲᠠᠮᠢᠷᠴᠢᠳ ᠤᠨ ᠠᠮᠤᠷ | ᠲᠦᠪᠰᠢᠨ ᠢᠶᠠᠷ ᠤᠷᠤᠯᠳᠤᠭᠠᠨ ᠳᠤ ᠣᠷᠣᠯᠴᠠᠬᠤ ᠶᠢ | ᠬᠠᠮᠠᠭᠠᠯᠠᠬᠤ ᠪᠦᠲᠦᠮᠵᠢᠲᠡᠢ ᠬᠠᠯᠬᠠᠪᠴᠢ ᠶᠢ ᠬᠠᠮᠲᠤ ᠪᠠᠷ | ᠴᠤᠭᠴᠠᠯᠠᠨ᠎ᠠ ᠭᠡᠵᠦ ᠢᠯᠡᠳᠭᠡᠪᠡ᠃ | ᠰᠢ ᠶᠢᠨ ᠫᠢᠩ᠂ ᠳᠤᠮᠳᠠᠳᠤ ᠤᠯᠤᠰ ᠲᠣᠭᠲᠠᠭᠰᠠᠨ | ᠬᠤᠭᠤᠴᠠᠭᠠᠨ ᠳᠤ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠡᠷᠬᠢᠯᠡᠬᠦ ᠬᠠᠷᠠᠯᠲᠠ ᠶᠢᠨ ᠲᠣᠭᠤᠷᠢᠨ ᠳᠤ | ᠡᠯ᠎ᠡ ᠵᠦᠢᠯ ᠤᠨ ᠪᠡᠯᠡᠳᠬᠡᠯ ᠠᠵᠢᠯ ᠢᠶᠠᠨ ᠯᠠᠪᠳᠠᠭᠤᠨ ᠢᠶᠠᠷ | ᠠᠬᠢᠭᠤᠯᠵᠤ ᠪᠠᠶᠢᠨ᠎ᠠ᠃ ᠣᠳᠣᠬᠠᠨ ᠳᠤ ᠪᠤᠢ ᠪᠦᠬᠦᠢ | ᠤᠷᠤᠯᠳᠤᠭᠠᠨ ᠤ ᠲᠠᠯᠠᠪᠤᠷ ᠣᠷᠳᠣᠨ ᠢ ᠪᠦᠬᠦᠨ ᠢ ᠪᠠᠶᠢᠭᠤᠯᠵᠤ | ᠳᠠᠭᠤᠰᠬᠠᠨ᠂ ᠤᠷᠤᠯᠳᠤᠭᠠᠨ ᠢ ᠵᠤᠬᠢᠶᠠᠨ ᠪᠠᠶᠢᠭᠤᠯᠬᠤ ᠪᠠ | ᠲᠠᠯᠠᠪᠤᠷ ᠣᠷᠳᠣᠨ ᠤ ᠠᠵᠢᠯᠯᠠᠭ᠎ᠠ ᠶᠢ ᠡᠮᠬᠢ ᠵᠢᠷᠤᠮ ᠲᠠᠢ | ᠥᠷᠨᠢᠭᠦᠯᠵᠦ᠂ ᠤᠷᠤᠯᠳᠤᠭᠠᠨ ᠤ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠲᠦᠷᠭᠡᠠ ᠠᠬᠢᠭᠤᠯᠵᠤ᠂ ᠤᠬᠠᠭᠤᠯᠤᠨ | ᠳᠡᠯᠭᠡᠷᠡᠭᠦᠯᠬᠦ ᠪᠠ ᠰᠣᠶᠣᠯ ᠤᠨ ᠠᠵᠢᠯᠯᠠᠭ᠎ᠠ ᠶᠢ ᠡᠮᠬᠢ | ᠵᠢᠷᠤᠮ ᠲᠠᠢ ᠠᠬᠢᠭᠤᠯᠵᠦ ᠪᠠᠶᠢᠨ᠎ᠠ᠃ ᠳᠤᠮᠳᠠᠳᠤ ᠤᠯᠤᠰ ᠴᠠᠰᠤᠨ | ᠳᠡᠭᠡᠷᠡᠬᠢ ᠲᠥᠷᠥᠯ ᠵᠦᠢᠯ᠂ ᠮᠥᠰᠥᠨ ᠳᠡᠭᠡᠷᠡᠬᠢ ᠲᠥᠷᠥᠯ | ᠵᠦᠢᠯ ᠤᠨ ᠰᠤᠷᠢᠯᠳᠠ ᠶᠢᠨ ᠠᠵᠢᠯᠯᠠᠭ᠎ᠠ ᠥᠷᠨᠢᠭᠦᠯᠵᠦ᠂ | ᠤᠷᠤᠯᠳᠤᠭᠠᠨ ᠡᠷᠭᠢᠯᠡᠬᠦ ᠳᠤ ᠬᠤᠯᠪᠣᠭᠳᠠᠬᠤ | ᠵᠠᠩᠭᠢᠯᠠᠭ᠎ᠠ ᠶᠢᠨ ᠬᠦᠴᠦᠨ ᠵᠦᠢᠯ ᠳᠤ ᠪᠦᠲᠦᠮᠵᠢᠲᠡᠶ ᠰᠢᠯᠭᠠᠨ | ᠪᠠᠶᠢᠴᠠᠭᠠᠯᠲᠠ ᠬᠢᠪᠠ᠃ ᠳᠤᠮᠳᠠᠳᠤ ᠤᠯᠤᠰ ᠳᠣᠣᠷ᠎ᠠ ᠬᠠᠭᠠᠰ | ᠵᠢᠯ ᠤᠨ ᠡᠯ᠎ᠡ ᠵᠦᠢᠯ ᠤᠨ ᠲᠤᠷᠰᠢᠯᠲᠠ ᠶᠢᠨ ᠤᠷᠤᠯᠳᠤᠭᠠᠨ ᠢ | ᠰᠠᠶᠢᠲᠤᠷ ᠵᠣᠬᠢᠶᠠᠨ ᠪᠠᠶᠢᠭᠤᠯᠵᠤ᠂ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠳᠤ ᠨᠡᠩ ᠪᠠᠲᠤ ᠪᠠᠬᠢ ᠰᠠᠭᠤᠷᠢ | ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠪᠣᠯ ᠪᠦᠬᠦ ᠳᠡᠯᠡᠬᠡᠢ ᠶᠢᠨ ᠡᠯ᠎ᠡ ᠤᠯᠤᠰ ᠤᠨ | ᠦᠪᠡᠳᠡᠭᠰᠢ ᠶᠡᠭᠡ ᠴᠤᠭᠯᠠᠭᠠᠨ ᠮᠥᠨ᠂ ᠪᠦᠬᠦ ᠲᠡᠯᠡᠭᠡᠢ ᠶᠢᠨ | ᠲᠠᠮᠢᠷᠴᠢᠳ ᠤᠨ ᠡᠷᠬᠡ ᠲᠡᠭᠰᠢ ᠪᠠᠷ ᠦᠷᠢᠰᠦᠯᠳᠦᠬᠦ ᠲᠠᠪᠴᠠᠩ | ᠮᠥᠨ᠃ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ | ᠬᠦᠲᠡᠯᠭᠡᠭᠡᠡ ᠤ ᠵᠥᠪᠯᠡᠯ ᠤᠨ ᠬᠢᠨ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠳᠤ ᠢᠳᠡᠪᠬᠢᠲᠡᠢ | ᠳᠡᠮᠵᠢᠯᠭᠡ ᠪᠠ ᠵᠢᠯᠤᠭᠤᠳᠤᠯᠭ᠎ᠠ ᠬᠠᠩᠭᠠᠭᠰᠠᠨ ᠳᠤ | ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ | ᠬᠤᠭᠤᠴᠠᠭᠠᠨ ᠳᠤ ᠠᠮᠵᠢᠯᠲᠠ ᠲᠠᠢ ᠶᠠᠪᠤᠭᠳᠠᠭᠤᠯᠬᠤ ᠳᠤ | ᠢᠲᠡᠭᠡᠯ ᠳᠦᠭᠦᠷᠡᠩ ᠪᠠᠶᠢᠨ᠎ᠠ᠂ ᠳᠤᠷᠠᠲᠠᠶ᠎ᠠ ᠳᠡᠯᠡᠭᠡᠢ ᠶᠢᠨ | ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ | ᠵᠥᠪᠯᠡᠯ ᠪᠣᠯᠤᠨ ᠳᠡᠯᠡᠬᠡᠢ ᠨᠡᠶᠢᠭᠡᠮ ᠤᠨ ᠬᠢᠨ ᠲᠠᠢ | ᠬᠠᠮᠲᠤ ᠪᠠᠷ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠳᠥᠭᠦᠮ ᠳᠥᠲᠡ᠂ ᠠᠮᠤᠷ ᠲᠦᠪᠰᠢᠨ᠂ ᠭᠤᠶᠢᠳᠠ | ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ | ᠪᠣᠯᠭᠠᠬᠤ ᠶᠢ ᠪᠠᠲᠤᠯᠠᠨ᠎ᠠ ᠭᠡᠵᠦ ᠴᠢᠬᠤᠯᠠᠴᠢᠯᠠᠪᠠ᠃ | ᠪᠠᡁᠧ᠂ ᠳᠤᠮᠳᠠᠳᠤ ᠤᠯᠤᠰ ᠤᠨ ᠡᠯ᠎ᠡ ᠬᠦᠷᠢᠶᠡᠨ ᠤ ᠬᠥᠭᠵᠢᠯᠲᠡ | ᠪᠠᠭ᠋ᠠᠳᠤᠭᠤᠰᠢᠳᠠᠢ ᠠᠮᠵᠢᠯᠲᠠ ᠣᠯᠤᠭᠰᠠᠨ ᠳᠤ ᠪᠠᠶᠠᠷ | ᠬᠦᠷᠭᠡᠵᠦ ᠪᠠᠶᠢᠨ᠎ᠠ᠂ ᠢᠯᠠᠩᠭᠤᠶ᠎ᠠ ᠳᠤᠮᠳᠠᠳᠤ ᠤᠯᠤᠰ ᠡᠩ | ᠲᠡᠷᠢᠭᠦᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠵᠦ᠂ ᠡᠩ ᠲᠡᠷᠢᠭᠦᠨ ᠳᠤ ᠠᠵᠤ ᠠᠬᠤᠢ ᠶᠢᠨ | ᠨᠡᠮᠡᠭᠳᠡᠯ ᠢᠶᠠᠨ ᠰᠡᠷᠭᠦᠭᠡᠵᠦ᠂ ᠪᠦᠬᠦ ᠲᠡᠯᠡᠭᠡᠢ ᠶᠢᠨ | ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠣᠯᠤᠨ ᠠᠵᠤ | ᠠᠬᠤᠢ ᠶᠢᠨ ᠰᠡᠷᠭᠦᠯᠲᠡ ᠳᠤ ᠴᠢᠬᠤᠯᠠ ᠬᠦᠳᠦᠯᠦᠨ ᠳᠠᠭᠠᠭᠤᠯᠬᠤ | ᠦᠢᠯᠡᠳᠦᠯ ᠦᠵᠡᠭᠦᠯᠵᠡᠢ᠃ ᠳᠡᠯᠡᠭᠡᠢ ᠶᠢᠨ ᠣᠯᠢᠮᠫᠢᠺ ᠤᠨ | ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠤᠨ ᠬᠢᠨ | ᠳᠤᠮᠳᠠᠳᠤ ᠤᠯᠤᠰ ᠯᠤᠭ᠎ᠠ ᠶᠢᠨ ᠰᠠᠶᠢᠨ ᠰᠠᠶᠢᠬᠠᠨ | ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ | ᠸᠠᠺᠼᠢᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠣᠳᠣᠬᠠᠨ ᠳᠤ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ | ᠴᠢᠬᠤᠯᠠ ᠱᠠᠲᠤᠨ ᠳᠤ ᠤᠷᠤᠭᠠᠳ ᠪᠠᠶᠢᠨ᠎ᠠ᠃ ᠳᠡᠯᠡᠭᠡᠢ ᠶᠢᠨ | ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ | ᠵᠥᠪᠯᠡᠯ ︽ᠣᠯᠢᠮᠫᠢᠺ ᠤᠨ ᠦᠨᠳᠦᠰᠦᠨ ᠲᠦᠷᠢᠮ︾ ᠢ ᠪᠠᠲᠤ | ᠰᠠᠬᠢᠨ᠂ ᠣᠯᠢᠮᠫᠢᠺ ᠤᠨ ᠬᠥᠳᠡᠯᠭᠡᠭᠡᠨ ᠢ ᠤᠯᠤᠰ | ᠲᠥᠷᠥᠴᠢᠯᠡᠬᠦ ᠶᠢ ᠡᠰᠡᠷᠭᠦᠴᠡᠵᠦ᠂ ᠳᠤᠷᠠᠲᠠᠶ᠎ᠠ | ᠳᠤᠮᠳᠠᠳᠤ ᠶᠢᠨ ᠲᠠᠯ᠎ᠠ ᠲᠠᠢ ᠦᠷᠭᠦᠯᠵᠢᠯᠡᠨ ᠨᠢᠭᠲᠠ | ᠬᠠᠮᠲᠤᠷᠠᠯᠴᠠᠵᠤ᠂ ᠳᠤᠮᠳᠠᠳᠤ ᠤᠯᠤᠰ ᠤᠨ ᠲᠣᠭᠲᠠᠭᠰᠠᠨ | ᠬᠤᠭᠤᠴᠠᠭᠠᠨ ᠳᠠᠭᠠᠨ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠶᠢ ᠪᠥᠬᠦ | ᠬᠦᠴᠦᠨ ᠢᠶᠠᠷ ᠳᠡᠮᠵᠢᠨ᠎ᠡ᠃ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠨᠢ ᠳᠡᠯᠡᠬᠡᠶ ᠳ᠋ᠠᠬᠢᠨ ᠳᠤ | ᠬᠢᠵᠢᠭ ᠲᠠᠢ ᠲᠡᠮᠡᠴᠡᠬᠦ ᠥᠯᠢᠭᠡᠷ ᠳᠠᠭᠤᠷᠢᠶᠠᠯ ᠤᠨ ᠬᠦᠴᠦᠨ ᠢ | ᠢᠯᠡᠷᠡᠭᠦᠯᠵᠦ᠂ ᠳᠡᠯᠡᠬᠡᠶ ᠶᠢᠨ ᠮᠥᠰᠥ ᠴᠠᠰᠤᠨ ᠤ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ | ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠨ᠎ᠠ | ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠭᠡᠵᠠᠢ᠃ | | |