ᠵᠡᠬᠦᠠᠭᠠᠷ ᠵᠠᠰᠠᠭ ᠳᠠᠷᠬᠠᠭᠠᠬᠰᠠᠨ 〔2021〕 3 ᠲᠣᠭᠠᠲᠤ | ︽ ᠵᠡᠭᠦᠨᠭᠠᠷ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠦᠬᠦ ᠲᠠᠯ᠎ᠠ ᠪᠠᠷ ᠠᠬᠢᠭᠤᠯᠬᠤ ᠶᠢ | ᠬᠡᠷᠡᠭᠵᠢᠭᠦᠯᠬᠦ ᠲᠥᠰᠦᠯ ︾ ᠢ ᠳᠠᠷᠤᠮᠠᠯᠯᠠᠨ ᠲᠠᠷᠬᠠᠭᠠᠬᠤ ᠲᠤᠬᠠᠶ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠵᠡᠭᠦᠨᠭᠠᠷ ᠠᠵᠤ ᠠᠬᠤᠶ ᠶᠢᠨ ᠨᠡᠭᠡᠭᠡᠯᠳᠠ ᠶᠢᠨ ᠤᠷᠦᠠ ᠤ ᠬᠠᠮᠢᠶᠠᠷᠤᠯᠲᠠ ᠶᠢᠨ ᠵᠦᠪᠯᠡᠯ ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ | ᠰᠠᠭᠤᠷᠢᠨ ᠭᠠᠵᠠᠷᠤᠨ ᠬᠠᠮᠢᠶᠠᠷᠤᠯᠲᠠ ᠶᠢᠨ ᠵᠦᠪᠯᠡᠯ ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠵᠡᠭᠡᠯᠢ | ᠭᠤᠳᠦᠮᠵᠢ ᠶᠢᠨ ᠭᠡᠷᠡᠭ ᠡᠷᠬᠢᠯᠡᠬᠦ ᠭᠠᠵᠡᠷ ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠂ ᠡᠯ᠎ᠡ ᠰᠢᠭᠤᠳ ᠬᠠᠷᠢᠶ᠎ᠠ ᠨᠢᠭᠡᠴᠢ ᠂ | ᠡᠯ᠎ᠡ ᠲᠣᠮᠣ ᠠᠵᠤ ᠠᠬᠤᠢᠢᠯᠠᠯ ᠳᠤ ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ | ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ ᠂ ᠡᠳᠦᠭᠡ ︽ ᠵᠡᠭᠦᠨᠭᠠᠷ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠠᠭᠠᠳᠬᠠᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ ᠂ ᠪᠤᠳᠠᠳᠤ | ᠪᠠᠶᠢᠳᠠᠯ ᠲᠠᠢ ᠪᠠᠨ ᠤᠶᠠᠯᠳᠤᠭᠤᠯᠤᠨ ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 1 ᠰᠠᠷ᠎ᠠ ᠶᠢᠨ 12 | | ᠵᠡᠭᠦᠨᠭᠠᠷ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠠᠭᠠᠳᠬᠠᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ | | ︽ ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠠ ᠴᠠᠷᠠᠭᠠᠨ ᠳᠠᠬᠢ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ︾ ︵ ᠲᠥᠪ ᠲᠠᠷᠬᠠᠭᠠᠭᠰᠠᠨ ﹇ 2016 ﹈ 32 | ᠲᠣᠭᠠᠲᠤ ︶ ᠪᠣᠯᠤᠨ ︽ ︿ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠬᠦ ᠠᠷᠭ᠎ᠠ ﹀ ᠶᠢ ᠳᠠᠷᠤᠮᠠᠯᠯᠠᠨ | ᠲᠠᠷᠬᠠᠭᠠᠬᠤ ᠲᠤᠬᠠᠶ ᠤᠯᠤᠰ ᠤᠨ ᠠᠮᠤᠷ ᠳᠦᠪᠰᠢᠨ ᠢ ᠬᠢᠨᠠᠨ ᠬᠠᠮᠢᠶᠠᠷᠬᠤ ᠶᠡᠷᠦᠩᠬᠡᠶ ᠲᠣᠪᠴᠢᠶ᠎ᠠ ᠳᠠᠭᠠᠳᠬᠠᠯ ᠤᠨ ᠬᠢᠨᠠᠨ ᠬᠠᠮᠢᠶᠠᠷᠬᠤ ᠵᠥᠪᠯᠡᠯ ᠡᠳ᠋ ᠤᠨ | ᠵᠠᠰᠠᠭ ᠤᠨ ᠶᠠᠮᠤᠨ ᠤ ᠮᠡᠳᠡᠭᠳᠡᠯ ︾ ︵ ᠠᠶᠤᠯ ᠦᠭᠡᠢ ᠬᠢᠨᠠᠨ ᠶᠡᠷᠦᠩᠬᠡᠶ ᠠᠯᠪᠠᠨ ﹇ 2017 ﹈ 140 ᠲᠣᠭᠠᠲᠤ ︶ ᠤᠨ ᠬᠤᠯᠪᠤᠬᠳᠠᠯ ᠪᠥᠬᠦᠶ | ᠲᠣᠭᠲᠠᠭᠠᠯ ᠢ ᠦᠨᠳᠦᠰᠦᠯᠡᠨ ᠂ ᠮᠠᠨ ᠤ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠠ ᠴᠠᠷᠠᠭᠠᠨ ᠳᠠᠬᠢ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ ᠶᠡᠷᠦᠩᠬᠡᠶ ᠪᠠᠶᠢᠷᠢᠯᠠᠭᠤᠯᠤᠯᠲᠠ ᠲᠠᠢ ᠤᠶᠠᠯᠳᠤᠭᠤᠯᠵᠤ ᠪᠠᠶᠢᠭᠠᠳ ᠂ ᠮᠠᠨ ᠤ ᠬᠤᠰᠢᠭᠤᠨ ᠤ ᠠᠶᠤᠯ ᠦᠭᠡᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ ᠃ | ᠨᠢᠭᠡ ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ 《 ᠠᠮᠤᠷ ᠲᠦᠪᠰᠢᠨ ᠢ ᠲᠡᠷᠢᠭᠦᠨ ᠳᠤ ᠲᠠᠯᠪᠢᠵᠤ ᠂ ᠤᠷᠢᠳᠴᠢᠯᠠᠨ ᠰᠡᠷᠭᠡᠶᠢᠯᠡᠬᠦ ᠪᠠᠷ ᠭᠤᠣᠯ | ᠪᠣᠯᠭᠠᠨ ᠂ ᠶᠡᠷᠦᠩᠬᠡᠶᠢᠯᠡᠨ ᠵᠠᠰᠠᠬᠤ 》 ᠴᠢᠭᠯᠡᠯᠲᠡ ᠶᠢ ᠵᠢᠷᠤᠮᠯᠠᠨ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠳᠤᠭᠤᠰᠢᠯᠠᠭᠤᠯᠵᠤ ᠂ ᠬᠦᠭᠵᠢᠬᠦᠯᠬᠦ ᠳᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠵᠤ ᠶᠠᠭᠠᠬᠢᠬᠰᠠᠨ ᠴᠦ ᠪᠣᠯᠬᠤ | ᠦᠭᠡᠶ ᠭᠡᠬᠦ ᠡᠨᠡᠬᠦ ᠳᠠᠪᠠᠵᠤ ᠪᠣᠯᠤᠰᠢ ᠦᠭᠡᠶ ᠤᠯᠠᠭᠠᠨ ᠱᠤᠭᠤᠮ ᠢ ᠪᠠᠲᠤ ᠰᠠᠬᠢᠵᠤ ᠂ ᠭᠤᠷᠪᠠᠳᠠᠬᠢ ᠡᠲᠡᠭᠡᠳ ᠤᠨ ᠳᠠᠭᠠᠳᠬᠠᠯ ᠤᠨ ᠪᠠᠶᠢᠭᠤᠯᠤᠮᠵᠢ ᠶᠢ | ᠣᠷᠣᠭᠤᠯᠤᠨ ᠠᠪᠴᠢᠷᠠᠬᠤ ᠪᠠᠷ ᠳᠠᠮᠵᠢᠭᠤᠯᠤᠨ ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠠᠷᠭ᠎ᠠ ᠬᠡᠮᠵᠢᠶ᠎ᠡ ᠶᠢ ᠠᠪᠴᠤ ᠂ ᠠᠶᠤᠯ ᠦᠭᠡᠢ | ᠦᠢᠯᠡᠳᠪᠦᠷᠢᠯᠡᠯ ᠪᠣᠯᠤᠨ ᠳᠠᠭᠠᠳᠬᠠᠯ ᠤᠨ ᠤᠬᠢ ᠰᠠᠶᠢᠨ ᠤᠶᠢᠯᠡᠳᠤᠯᠴᠡᠯ ᠢ ᠪᠡᠶᠡᠯᠡᠬᠦᠯᠤᠨ ᠂ ᠲᠦᠭᠰᠢᠭᠦᠷᠢ ᠶᠢᠨ ᠳᠤᠰᠬᠠᠶᠢᠵᠢᠬᠰᠠᠨ ᠬᠠᠮᠢᠶᠠᠷᠤᠯᠲᠠ ᠪᠣᠯᠤᠨ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠣᠷᠭᠠᠨᠢᠭ ᠢᠶᠠᠷ ᠤᠶᠠᠯᠳᠤᠭᠤᠯᠵᠤ ᠂ ᠡᠯ᠎ᠡ ᠲᠥᠷᠥᠯ ᠤᠨ ᠭᠡᠷᠡᠭ ᠠᠳᠡᠯ ᠤᠨ ᠳᠠᠯᠳᠠ ᠬᠡᠮ ᠢ ᠦᠨᠡᠨᠬᠦ | ᠪᠦᠲᠦᠮᠵᠢᠲᠡᠶ ᠠᠷᠢᠯᠭᠠᠵᠤ ᠂ ᠠᠶᠤᠯ ᠦᠭᠡᠢ ᠦᠢᠯᠡᠳᠪᠦᠷᠢᠯᠡᠯ ᠤᠨ ᠭᠡᠷᠡᠭ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ ᠂ ᠦᠶᠯᠡᠳᠪᠦᠷᠢᠯᠡᠯ | ᠡᠵᠡᠩᠨᠡᠯᠲᠡ ᠶᠢᠨ ᠨᠢᠭᠡᠴᠢ ᠪᠣᠯᠤᠨ ᠡᠷᠬᠢᠯᠡᠵᠤ ᠪᠠᠶᠢᠭ᠎ᠠ ᠬᠦᠮᠤᠰ ᠤᠨ ᠬᠠᠤᠯᠢ ᠶᠤᠰᠤᠨ ᠤ ᠡᠷᠭᠡ ᠠᠰᠢᠭ ᠢ ᠪᠠᠲᠤᠯᠠᠨ ᠂ ᠪᠥᠬᠦ ᠬᠤᠰᠢᠭᠤᠨ ᠤ ᠠᠶᠤᠯ | ᠦᠭᠡᠢ ᠦᠢᠯᠡᠳᠪᠦᠷᠢᠯᠡᠯ ᠤᠨ ᠪᠠᠶᠢᠳᠠᠯ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠭᠡᠷᠡᠭᠳᠡᠢ ᠃ | ︵ᠬᠤᠶᠠᠷ︶ ᠦᠨᠳᠦᠰᠦᠨ ᠵᠠᠷᠴᠢᠮ | 1. ᠵᠠᠰᠠᠭ ᠤᠨ ᠣᠷᠳᠣᠨ ᠠᠴᠠ ᠠᠬᠢᠭᠤᠯᠵᠤ ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠨ᠎ᠠ ᠃ ᠵᠠᠰᠠᠭ ᠤᠨ ᠣᠷᠳᠣᠨ ᠤ ᠨᠡᠶᠢᠲᠡ ᠶᠢᠨ | ᠢᠲᠡᠭᠡᠮᠵᠢ ᠶᠢᠨ ᠬᠦᠴᠦᠨ ᠢᠶᠠᠷ ᠲᠤᠯᠭᠠᠭᠤᠷᠢᠯᠠᠯ ᠪᠣᠯᠭᠠᠵᠤ ᠂ ᠪᠥᠬᠦ ᠬᠦᠷᠢᠶ᠎ᠠ ᠴᠠᠷᠠᠭᠠᠨ ᠳᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠠᠭᠠᠳᠬᠠᠯ ᠢ ᠬᠡᠷᠡᠭᠵᠢᠭᠦᠯᠬᠦ ᠶᠢ ᠬᠥᠲᠥᠯᠦᠨ ᠵᠢᠯᠣᠭᠤᠳᠬᠤ ᠪᠠ ᠠᠬᠢᠭᠤᠯᠵᠤ ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠳᠠᠭᠠᠳᠬᠠᠯ ᠤᠨ | ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠡᠭᠦᠷᠭᠡᠯᠡᠬᠦ ᠥᠬᠡᠶ ᠂ ᠣᠷᠣᠯᠠᠨ ᠭᠦᠶᠴᠡᠳᠬᠡᠬᠦ ᠥᠬᠡᠶ ᠃ ᠳᠠᠭᠠᠳᠬᠠᠯ ᠤᠨ | ᠪᠠᠶᠢᠭᠤᠯᠤᠮᠵᠢ ︽ᠳᠠᠭᠠᠳᠬᠠᠯ ᠤᠨ ᠬᠠᠤᠯᠢ︾ ᠵᠢᠴᠢ ᠬᠤᠯᠪᠣᠭᠳᠠᠯ ᠪᠦᠬᠦᠢ ᠲᠦᠷᠦ ᠶᠢᠨ ᠪᠤᠲᠤᠯᠭ᠎ᠠ ᠶᠢᠨ ᠲᠣᠭᠲᠠᠭᠠᠯ ᠢ ᠦᠨᠳᠦᠰᠦᠯᠡᠵᠦ ᠂ ᠠᠵᠢᠯ | ᠲᠦᠷᠦᠯ ᠤᠨ ᠬᠡᠷᠡᠭᠴᠡᠭᠡ ᠳᠤ ᠲᠤᠬᠢᠷᠠᠭᠰᠠᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠦᠢᠯᠡᠳᠬᠦᠨ ᠢ ᠰᠡᠳᠤᠵᠤ | ᠲᠥᠯᠥᠪᠯᠡᠨ ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠢᠳᠡᠪᠬᠢᠲᠡᠢ ᠯᠠᠪᠳᠠᠭᠤᠨ ᠢᠶᠠᠷ ᠥᠷᠨᠢᠭᠦᠯᠤᠨ᠎ᠠ ᠃ | 2. ᠰᠡᠷᠭᠡᠶᠢᠯᠡᠬᠦ ᠪᠠ ᠨᠥᠬᠦᠪᠥᠷᠢᠯᠡᠬᠦ ᠶᠢ ᠤᠶᠠᠯᠳᠤᠭᠤᠯᠵᠤ ᠂ ᠴᠢᠳᠠᠮᠵᠢ ᠶᠢ ᠳᠡᠭᠡᠭᠰᠢᠯᠡᠭᠦᠯᠦᠨ᠎ᠡ ᠃ ᠳᠠᠭᠠᠳᠬᠠᠯ ᠤᠨ ᠪᠠᠶᠢᠭᠤᠯᠤᠮᠵᠢ ᠬᠢᠭᠡᠳ | ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠡᠷᠡᠭ ᠠᠳᠡᠯ ᠢ ᠰᠡᠷᠭᠡᠶᠢᠯᠡᠬᠦ ᠬᠠᠮᠳᠤᠷᠠᠯᠴᠠᠬᠤ ᠲᠣᠭᠲᠠᠴᠠ ᠶᠢ ᠪᠠᠶᠢᠭᠤᠯᠵᠤ ᠂ ᠠᠶᠤᠯ ᠦᠭᠡᠢ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠯᠬᠢᠶ᠎ᠡ ᠶᠢ ᠲᠡᠭᠦᠯᠳᠡᠷᠵᠢᠭᠦᠯᠦᠨ ᠂ ᠭᠡᠷᠡᠭ ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠂ | ᠲᠦᠭᠰᠢᠭᠦᠷᠢ ᠶᠢ ᠦᠨᠡᠯᠡᠨ ᠵᠢᠱᠢᠬᠦ ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠬᠢᠬᠦ ᠵᠡᠷᠭᠡ ᠲᠠᠯ᠎ᠠ ᠶᠢᠨ ᠪᠡᠯᠡ ᠣᠷᠣᠭᠤᠯᠤᠯᠲᠠ ᠶᠢ | ᠴᠢᠩᠭᠠᠳᠬᠠᠵᠤ ᠂ ᠭᠡᠷᠡᠭ ᠠᠳᠡᠯ ᠢ ᠰᠡᠷᠭᠡᠶᠢᠯᠡᠬᠦ ᠪᠠ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ ᠂ ᠠᠶᠤᠯ ᠥᠭᠡᠢ ᠤᠶᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠭᠡᠷᠡᠭ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠴᠢᠳᠠᠮᠵᠢ ᠶᠢ ᠲᠤᠪᠤᠶᠢᠯᠭᠠᠨ᠎ᠠ ᠃ ᠠᠶᠤᠯ ᠦᠭᠡᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠤᠶᠢᠯᠡᠳᠪᠤᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠳᠠᠬᠢ ᠠᠵᠤ ᠠᠬᠤᠶ ᠶᠢᠨ ᠨᠥᠬᠦᠪᠥᠷᠢ ᠥᠭᠬᠦ | ᠴᠢᠳᠠᠮᠵᠢ ᠶᠢ ᠭᠦᠢᠴᠡᠳ ᠪᠠᠳᠠᠷᠠᠭᠤᠯᠵᠤ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠳᠠᠯ ᠤᠨ ᠨᠤᠷᠮ᠎ᠠ ᠪᠣᠯᠤᠨ | ᠳᠠᠭᠠᠳᠬᠠᠯ ᠤᠨ ᠪᠠᠲᠤᠯᠠᠭ᠎ᠠ ᠶᠢᠨ ᠬᠢᠷᠢ ᠳᠦᠪᠰᠢᠨ ᠢ ᠵᠦᠢ ᠵᠣᠬᠢᠰᠲᠠᠶ ᠲᠣᠭᠲᠠᠭᠠᠨ᠎ᠠ ᠂ ᠭᠡᠬᠦ ᠳᠡᠭᠡᠨ ᠠᠵᠤ ᠠᠬᠤᠢᠢᠯᠠᠯ ᠤᠨ ᠳᠠᠷᠤᠭᠠᠰᠤ ᠶᠢ ᠦᠩᠭᠡᠷᠡᠤ | ᠨᠡᠮᠡᠭᠳᠡᠭᠦᠯᠬᠦ ᠦᠭᠡᠢ ᠶᠢᠨ ᠳᠤᠰᠠᠳᠠ ᠂ ᠲᠦᠷᠭᠡᠨ ᠲᠥᠯᠥᠬᠦ ᠪᠠ ᠤᠷᠢᠳᠠᠪᠠᠷ ᠣᠷᠣᠯᠠᠨ ᠥᠭᠬᠦ ᠲᠣᠭᠲᠠᠴᠠ ᠶᠢ ᠪᠠᠶᠢᠭᠤᠯᠵᠤ ᠂ ᠲᠥᠯᠥᠬᠦ ᠴᠢᠳᠠᠪᠤᠷᠢ ᠶᠢ | ᠳᠡᠭᠡᠭᠰᠢᠯᠡᠭᠦᠯᠦᠨ᠎ᠡ ᠃ | 3. ᠬᠤᠰᠢᠭᠤᠨ ᠤ ᠱᠠᠲᠤ ᠨᠢᠭᠡᠳᠦᠯᠲᠡᠶ ᠲᠥᠯᠥᠪᠯᠡᠵᠦ ᠂ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ ᠃ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠪᠦᠬᠦ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠬᠢᠬᠦ ᠶᠢ ᠴᠢᠩᠭᠠᠳᠬᠠᠨ ᠂ ᠪᠥᠬᠦ ᠬᠤᠰᠢᠭᠤ ᠪᠠᠷ ᠢᠶᠠᠨ | ᠨᠢᠭᠡᠳᠦᠯᠲᠡᠶ ᠲᠥᠯᠥᠪᠵᠢᠭᠦᠯᠵᠦ ᠂ ᠬᠤᠰᠢᠭᠤ ᠱᠠᠳᠤ ᠪᠠᠷ ᠢᠶᠠᠨ ᠨᠢᠭᠡᠳᠤᠯᠳᠡᠢ ᠳᠠᠭᠠᠳᠬᠠᠯ ᠳᠤ ᠤᠷᠤᠭᠤᠯᠬᠤ ᠶᠢ ᠭᠡᠷᠡᠭᠵᠢᠬᠦᠯᠤᠨ ᠂ ᠳᠠᠭᠠᠳᠬᠠᠯ ᠤᠨ | ᠪᠠᠶᠢᠭᠤᠯᠤᠮᠵᠢ ᠶᠢ ᠨᠢᠭᠡᠳᠬᠡᠨ ᠂ ᠳᠠᠭᠠᠳᠬᠠᠯ ᠤᠨ ᠦᠢᠯᠡᠳᠬᠦᠨ ᠢ ᠨᠢᠭᠡᠳᠤᠯᠳᠡᠢ ᠪᠤᠯᠭᠠᠵᠤ ᠂ ᠦᠢᠯᠡᠴᠢᠯᠡᠭᠡ ᠬᠠᠮᠢᠶᠠᠷᠤᠯᠲᠠ ᠶᠢ ᠨᠢᠭᠡᠳᠬᠡᠨ ᠂ ᠪᠥᠬᠦ | ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠢᠷᠢ ᠳᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ ᠃ | 4. ᠵᠠᠷᠤᠳᠠᠯ ᠤᠨ ᠨᠤᠷᠮ᠎ᠠ ᠶᠢ ᠬᠦᠳᠡᠯᠦᠩᠬᠦᠢ ᠪᠠᠶᠢᠯᠭᠠᠨ ᠂ ᠤᠷᠮᠠᠰᠢᠭᠤᠯᠵᠤ ᠬᠢᠵᠠᠭᠠᠷᠯᠠᠨ᠎ᠠ ᠃ ᠠᠳᠠᠯᠢ ᠪᠤᠰᠤ ᠠᠵᠢᠯ ᠲᠥᠷᠥᠯ ᠬᠤᠭᠤᠷᠣᠨᠳᠣ ᠪᠠᠨ | ᠦᠶᠯᠡᠳᠬᠦᠨ ᠤ ᠣᠨᠴᠠᠯᠢᠭ ᠰᠢᠨᠵᠢ ᠪᠠ ᠲᠦᠭᠰᠢᠭᠦᠷᠢ ᠶᠢᠨ ᠬᠢᠷᠢ ᠬᠡᠮᠵᠢᠶ᠎ᠡ ᠶᠢ ᠦᠨᠳᠦᠰᠦᠯᠡᠨ ᠂ ᠳᠠᠭᠠᠳᠬᠠᠯ ᠤᠨ ᠵᠠᠷᠤᠳᠠᠯ ᠤᠨ ᠵᠥᠷᠢᠶᠡᠲᠦ ᠨᠤᠷᠮ᠎ᠠ | ᠶᠢ ᠭᠡᠷᠡᠭᠵᠢᠬᠦᠯᠤᠨ᠎ᠠ︔ ᠠᠳᠠᠯᠢ ᠨᠢᠭᠡᠨ ᠠᠵᠢᠯ ᠲᠥᠷᠥᠯ ᠨᠢ ᠦᠶᠯᠡᠳᠪᠦᠷᠢᠯᠡᠯ ᠤᠨ ᠠᠷᠭ᠎ᠠ ᠮᠠᠶ᠋ᠢᠭ ᠂ ᠠᠵᠤ ᠠᠬᠤᠢᠢᠯᠠᠯ ᠤᠨ ᠲᠥᠷᠥᠯ ᠬᠡᠯᠪᠡᠷᠢ ᠂ | ᠦᠶᠯᠡᠳᠪᠦᠷᠢᠯᠡᠯ ᠤᠨ ᠬᠡᠪᠴᠢᠶ᠎ᠡ ᠵᠡᠷᠭᠡ ᠲᠦᠭᠰᠢᠭᠦᠷᠢ ᠶᠢᠨ ᠲᠠᠰ ᠢᠯᠭᠠᠯ ᠢ ᠦᠨᠳᠦᠰᠦᠯᠡᠵᠦ ᠂ ᠲᠠᠰ ᠬᠤᠪᠢᠶᠠᠭᠰᠠᠨ ᠵᠠᠷᠤᠳᠠᠯ ᠤᠨ ᠨᠤᠷᠮ᠎ᠠ ᠶᠢ | ᠬᠡᠷᠡᠭᠵᠢᠭᠦᠯᠦᠨ᠎ᠡ ︔ ᠠᠳᠠᠯᠢ ᠨᠢᠭᠡᠨ ᠠᠵᠤ ᠠᠬᠤᠢᠢᠯᠠᠯ ᠠᠶᠤᠯ ᠦᠭᠡᠢ ᠶᠢᠨ ᠬᠠᠮᠢᠶᠠᠷᠤᠯᠲᠠ ᠂ ᠭᠡᠷᠡᠭ ᠠᠳᠡᠯ ᠵᠡᠷᠭᠡ ᠪᠠᠶᠢᠳᠠᠯ ᠢ ᠦᠨᠳᠦᠰᠦᠯᠡᠨ ᠂ | ᠬᠥᠳᠡᠯᠦᠩᠭᠦᠶ ᠵᠠᠷᠤᠳᠠᠯ ᠤᠨ ᠨᠤᠷᠮ᠎ᠠ ᠶᠢ ᠬᠡᠷᠡᠭᠵᠢᠭᠦᠯᠦᠨ᠎ᠡ ᠃ | ᠬᠤᠶᠠᠷ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠬᠦ ᠠᠵᠢᠯ ᠢ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ | ᠵᠦᠪᠯᠡᠯ ᠤᠨ ᠠᠯᠪᠡᠠ ᠭᠡᠷ ᠲᠦᠷᠦᠭᠦᠯᠡᠨ ᠬᠢᠵᠦ ᠂ ᠠᠯᠪᠡᠠ ᠭᠡᠷ ᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ | ᠲᠣᠬᠢᠷᠠᠭᠤᠯᠤᠨ᠎ᠠ ᠃ ᠬᠤᠰᠢᠭᠤᠨ ᠤ ᠠᠶᠤᠯ ᠦᠭᠡᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢ ᠪᠥᠬᠦ ᠬᠤᠰᠢᠭᠤᠨ ᠤ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠂ ᠶᠡᠷᠦᠩᠬᠡᠶᠢᠯᠡᠨ | ᠲᠣᠬᠢᠷᠠᠭᠤᠯᠬᠤ ᠂ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠵᠤ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠬᠤᠯᠪᠤᠬᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠰᠤᠳᠤᠯᠤᠨ ᠰᠢᠶᠳᠪᠦᠷᠢᠯᠡᠨ᠎ᠡ ᠃ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠨᠦᠭᠦᠳ ᠲᠤᠰ ᠠᠵᠢᠯ ᠲᠦᠷᠦᠯ | ︵ ᠬᠦᠷᠢᠶ᠎ᠡ ᠴᠠᠷᠠᠭ᠎ᠠ ︶ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠬᠦ ᠠᠵᠢᠯ ᠢ ᠪᠣᠳᠠᠲᠠᠢ | ᠬᠠᠷᠢᠭᠤᠴᠠᠨ᠎ᠠ ᠃ | ᠭᠤᠷᠪᠠ ᠂ ᠬᠡᠷᠡᠭᠵᠢᠭᠦᠯᠬᠦ ᠠᠷᠭ᠎ᠠ ᠮᠠᠶ᠋ᠢᠭ | ︵ᠨᠢᠭᠡ ︶ ᠬᠡᠷᠡᠭᠵᠢᠭᠦᠯᠬᠦ ᠬᠦᠷᠢᠶ᠎ᠠ ᠬᠡᠪᠴᠢᠶ᠎ᠡ | 1. ᠠᠵᠤ ᠠᠬᠤᠢᠢᠯᠠᠯ ᠤᠨ ᠬᠦᠷᠢᠶ᠎ᠡ ᠬᠡᠪᠴᠢᠶ᠎ᠡ ᠃ ᠪᠦᠬᠦ ᠬᠤᠰᠢᠭᠤᠨ ᠤ ᠬᠡᠪᠴᠢᠶᠡᠨ ᠳᠤ ᠦᠢᠯᠡᠳᠪᠦᠷᠢᠯᠡᠯ ᠡᠵᠡᠩᠨᠡᠯᠲᠡ ᠡᠷᠬᠢᠯᠡᠵᠤ ᠪᠠᠶᠢᠭ᠎ᠠ | ᠠᠭᠤᠷᠬᠠᠶ ᠶᠢᠨ ᠠᠵᠤ ᠠᠬᠤᠢᠢᠯᠠᠯ ᠂ ᠠᠶᠤᠯᠲᠠᠶ ᠬᠢᠮᠢ ᠶᠢᠨ ᠪᠣᠳᠠᠰ ᠢ ᠦᠢᠯᠡᠳᠪᠦᠷᠢᠯᠡᠵᠤ ᠂ ᠬᠠᠳᠠᠭᠠᠯᠠᠨ ᠂ ᠡᠵᠡᠩᠨᠡᠳᠡᠭ ᠠᠵᠤ ᠠᠬᠤᠢᠢᠯᠠᠯ ᠵᠢᠴᠢ | ᠠᠶᠤᠯᠲᠠᠶ ᠬᠢᠮᠢ ᠶᠢᠨ ᠪᠣᠳᠠᠰ ᠢ ᠠᠶᠤᠯ ᠦᠭᠡᠶ ᠬᠡᠷᠡᠭᠯᠡᠬᠦ ᠠᠵᠤ ᠠᠬᠤᠢᠢᠯᠠᠯ ᠂ ᠬᠤᠸᠠᠷ ᠫᠤᠤᠵᠢᠩ ᠡᠵᠡᠩᠨᠡᠳᠡᠭ ᠠᠵᠤ ᠠᠬᠤᠢᠢᠯᠠᠯ ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠤ ᠠᠬᠤᠢᠢᠯᠠᠯ ᠂ ᠪᠠᠷᠢᠯᠭ᠎ᠠ ᠶᠢᠨ ᠠᠵᠤ ᠠᠬᠤᠢᠢᠯᠠᠯ ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠤᠶᠢᠯᠡᠳᠪᠤᠷᠢᠯᠡᠵᠤ ᠂ ᠡᠵᠡᠩᠨᠡᠳᠡᠭ | ᠠᠵᠤ ᠠᠬᠤᠢᠢᠯᠠᠯ ᠂ ᠲᠡᠮᠦᠷᠯᠢᠭ ᠪᠤᠯᠪᠠᠰᠤᠷᠠᠭᠤᠯᠬᠤ ᠠᠵᠤ ᠠᠬᠤᠢᠢᠯᠠᠯ ᠂ ᠵᠢᠭᠠᠰᠤᠨ ᠤ ᠦᠢᠯᠡᠳᠪᠦᠷᠢᠯᠡᠯ ᠤᠨ ᠠᠵᠤ ᠠᠬᠤᠢᠢᠯᠠᠯ ᠂ ᠮᠠᠰᠢᠨ ᠮᠧᠬᠠᠨᠢᠭ | ᠦᠢᠯᠡᠳᠬᠦ ᠠᠵᠤ ᠠᠬᠤᠢᠢᠯᠠᠯ ᠵᠢᠴᠢ ᠭᠡᠷᠡᠭ ᠠᠳᠡᠯ ᠭᠠᠷᠤᠭᠰᠠᠨ ᠤ ᠲᠠᠷᠠᠭ᠎ᠠ ᠨᠡᠶᠢᠭᠡᠮ ᠤᠨ ᠤᠯᠠᠨ ᠨᠡᠶᠢᠳᠡ ᠳᠤ ᠬᠦᠨᠳᠦ ᠨᠣᠴᠢᠲᠠᠶ ᠬᠤᠣᠷ ᠬᠥᠨᠥᠭᠡᠯ | ᠤᠴᠠᠷᠠᠭᠤᠯᠵᠤ ᠮᠡᠳᠡᠬᠦ ᠪᠤᠰᠤᠳ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ | ᠳᠤ ᠤᠷᠤᠯᠴᠠᠬᠤ ᠬᠡᠷᠡᠭᠲᠡᠶ ᠃ | ᠣᠨᠴᠠ ᠳᠤᠨᠤᠬᠯᠠᠯ ᠂ ᠴᠠᠬᠢᠯᠭᠠᠨ ᠬᠦᠴᠦᠨ ᠂ ᠥᠨᠳᠥᠷ ᠳᠡᠭᠡᠷ᠎ᠠ ᠠᠵᠢᠯᠯᠠᠳᠠᠭ ᠠᠵᠢᠯ ᠳᠦᠷᠤᠯ ᠂ ᠬᠢᠵᠠᠭᠠᠷ ᠲᠠᠢ ᠣᠷᠣᠨ ᠵᠠᠶ ᠳᠤ ᠠᠵᠢᠯᠯᠠᠳᠠᠭ | ᠠᠵᠢᠯ ᠳᠦᠷᠤᠯ ᠂ ᠰᠢᠪᠲᠦᠷ ︵ ᠾᠯᠣᠷ ︶ ᠲᠠᠢ ᠬᠤᠯᠪᠣᠭᠳᠠᠬᠤ ᠠᠵᠤ ᠠᠬᠤᠢᠢᠯᠠᠯ ᠂ ᠰᠢᠲᠠᠮᠠᠬᠠᠶ ᠬᠡᠶ ᠶᠢᠨ ᠬᠠᠩᠭᠠᠯᠭ᠎ᠠ ᠂ ᠰᠢᠩᠭᠡᠨᠵᠢᠮᠡᠯ ᠴᠢᠯᠠᠭᠤᠨ | ᠳᠤᠰᠤ ᠬᠡᠶ ᠶᠢᠨ ᠰᠠᠪᠠ ᠭᠡᠷᠡᠭᠯᠡᠳᠡᠭ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠂ ᠨᠣᠴᠣᠮᠠᠲᠠᠭᠠᠶ ᠳᠡᠯᠪᠡᠷᠡᠮᠡᠲᠡᠭᠡᠶ ᠨᠤᠨᠲᠠᠭ ᠳᠤᠭᠤᠰᠤ ᠲᠠᠢ | ᠠᠵᠤ ᠠᠬᠤᠢᠢᠯᠠᠯ ᠵᠡᠷᠭᠡ ᠠᠵᠢᠯ ᠲᠥᠷᠥᠯ ᠤᠨ ᠠᠵᠤ ᠠᠬᠤᠢᠢᠯᠠᠯ ︔ ᠨᠡᠬᠡᠮᠡᠯ ᠂ ᠢᠳᠡᠭᠡᠨ ᠪᠣᠯᠪᠠᠰᠤᠷᠠᠭᠤᠯᠳᠠᠭ ᠠᠵᠢᠯ ᠳᠦᠷᠤᠯ ᠂ ᠢᠳᠡᠭᠡᠨ ᠤᠮᠳᠠᠭᠠᠨ ᠤ | ᠦᠶᠯᠡᠴᠢᠯᠡᠭᠡ ᠵᠡᠷᠭᠡ ᠬᠥᠳᠡᠯᠮᠦᠷᠢ ᠨᠢᠭᠲᠠᠷᠠᠭᠰᠠᠨ ᠮᠠᠶ᠋ᠢᠭ ᠤᠨ ᠠᠵᠤ ᠠᠬᠤᠢᠢᠯᠠᠯ ︔ ᠬᠤᠳᠠᠯᠳᠤᠭᠠᠨ ᠤ ᠲᠠᠯᠠᠪᠤᠷ ᠂ ᠺᠢᠨᠣ᠋ ᠶᠢᠨ ᠣᠷᠳᠣᠨ ᠪᠣᠯᠤᠨ | ᠰᠦᠯᠵᠢᠶᠡᠨ ᠤ ᠪᠠᠭᠠᠷ ᠂ ᠵᠣᠴᠢᠳ ᠤᠨ ᠪᠠᠭᠤᠳᠠᠯ ᠵᠡᠷᠭᠡ ᠪᠤᠰᠤᠳ ᠠᠵᠢᠯ ᠲᠥᠷᠥᠯ ᠤᠨ ᠠᠵᠤ ᠠᠬᠤᠢᠢᠯᠠᠯ ᠤᠳ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠯᠴᠠᠬᠤ ᠶᠢ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠶ ᠃ | ᠠᠶᠤᠯ ᠶᠡᠬᠡᠲᠡᠶ ᠳᠤᠭᠤᠰᠤ ᠳᠤᠷᠳᠠᠭ ᠳᠡᠭᠳᠡᠭᠡᠳᠡᠭ ᠠᠵᠢᠯ᠂ ᠬᠤᠣᠷ ᠶᠡᠬᠡᠲᠡᠶ ᠠᠵᠢᠯ ᠪᠤᠶᠤ ᠠᠵᠢᠯ ᠤᠨ ᠨᠥᠯᠥᠭᠡᠨ ᠤ ᠬᠦᠨᠳᠦ ᠨᠣᠴᠢᠲᠠᠶ ᠡᠪᠡᠳᠴᠢᠨ | ᠡᠬᠦᠰᠭᠡᠳᠡᠭ ᠪᠤᠰᠤᠳ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠵᠢᠯ ᠤᠨ ᠨᠦᠯᠦᠭᠡᠨ ᠤ ᠡᠪᠡᠳᠴᠢᠨ ᠤ ᠳᠠᠭᠠᠳᠬᠠᠯ ᠳᠤ ᠤᠷᠤᠯᠴᠠᠬᠤ ᠬᠤᠯᠪᠣᠭᠳᠠᠯ | ᠪᠥᠬᠦᠢ ᠳᠠᠭᠠᠳᠬᠠᠯ ᠢ ᠨᠡᠮᠡᠵᠦ ᠪᠣᠯᠤᠨ᠎ᠠ ᠃ | 2. ᠤᠷᠤᠯᠴᠠᠬᠤ ᠬᠥᠮᠦᠨ ᠤ ᠬᠦᠷᠢᠶ᠎ᠠ ᠬᠡᠪᠴᠢᠶ᠎ᠡ ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠯᠴᠠᠬᠰᠠᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠠᠵᠢᠯ ᠡᠷᠬᠢᠯᠡᠵᠤ ᠪᠠᠶᠢᠭ᠎ᠠ ᠪᠦᠬᠦ ᠬᠦᠮᠤᠰ ᠢ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠬᠦᠷᠢᠶ᠎ᠠ ᠭᠡᠪᠴᠢᠶᠡᠨ (ᠬᠥᠳᠡᠯᠮᠦᠷᠢ ᠦᠢᠯᠡᠴᠢᠯᠡᠭᠡ ᠠᠴᠠ ᠲᠣᠮᠢᠯᠠᠬᠰᠠᠨ ᠬᠥᠮᠦᠰ ᠪᠠᠭᠲᠠᠨ᠎ᠠ) ᠳᠤ | ᠣᠷᠣᠭᠤᠯᠬᠤ ᠬᠡᠷᠡᠭᠲᠡᠶ ᠃ | ︵ᠬᠤᠶᠠᠷ︶ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠠᠭᠤᠯᠭ᠎ᠠ | 1. ᠦᠨᠳᠦᠰᠦᠨ ᠬᠠᠷᠢᠭᠤᠴᠠᠯᠭ᠎ᠠ ᠶᠢᠨ ᠬᠦᠷᠢᠶ᠎ᠠ ᠬᠡᠪᠴᠢᠶ᠎ᠡ ᠃ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠠᠴᠠ ᠪᠣᠯᠤᠭᠰᠠᠨ ᠳᠠᠭᠠᠳᠬᠠᠯ | ᠳᠤ ᠤᠷᠤᠯᠴᠠᠬᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠵᠢᠯᠯᠠᠵᠤ ᠪᠠᠶᠢᠭ᠎ᠠ ᠬᠥᠮᠦᠰ ᠤᠨ ᠳᠤᠳᠤᠷ᠎ᠠ ᠠᠴᠠ ᠦᠬᠦᠭᠰᠡᠨ᠂ ᠰᠢᠷᠬᠠᠲᠤᠵᠤ ᠵᠡᠮᠳᠡᠭ | ᠪᠣᠯᠤᠭᠰᠠᠨ ᠵᠡᠷᠭᠡ︔ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠠᠴᠠ ᠪᠣᠯᠤᠭᠰᠠᠨ ᠭᠤᠷᠪᠠᠳᠠᠬᠢ ᠡᠲᠡᠭᠡᠳ ᠤᠨ ᠦᠬᠦᠯ ᠂ ᠭᠡᠮᠲᠦᠯ | ᠵᠡᠮᠳᠡᠭᠷᠡᠯ ᠤᠨ ᠬᠠᠷᠢᠭᠤᠴᠠᠯᠭ᠎ᠠ ᠵᠢᠴᠢ ᠰᠢᠭᠤᠳ ᠡᠳ᠋ ᠬᠥᠷᠦᠩᠭᠡ ᠶᠢᠨ ᠬᠤᠬᠢᠷᠠᠯ︔ ᠭᠡᠷᠡᠭ ᠠᠳᠡᠯ ᠢ ᠰᠢᠶᠳᠪᠦᠷᠢᠯᠡᠬᠦ ᠵᠠᠷᠤᠳᠠᠯ ᠪᠠ ᠲᠦᠷᠭᠡᠨ ᠠᠪᠤᠷᠠᠬᠤ ᠂ | ᠠᠪᠤᠷᠠᠨ ᠲᠤᠰᠠᠯᠠᠬᠤ ᠵᠠᠷᠤᠳᠠᠯ ᠵᠡᠷᠭᠡ ᠶᠢ ᠪᠠᠭᠲᠠᠭᠠᠨ᠎ᠠ ᠃ ᠪᠣᠳᠠᠲᠠᠶ ᠪᠠᠷ ᠳᠣᠣᠷᠠᠬᠢ ᠬᠦᠷᠢᠶ᠎ᠡ ᠬᠡᠪᠴᠢᠶ᠎ᠡ ᠶᠢ ᠪᠠᠭᠲᠠᠭᠠᠨ᠎ᠠ ᠄ | ︵1︶ ᠳᠠᠭᠠᠳᠬᠠᠯ ᠤᠨ ᠬᠤᠭᠤᠴᠠᠭᠠᠨ ᠳᠤ ᠂ ᠳᠠᠭᠠᠳᠬᠠᠯ ᠳᠤ ᠤᠷᠤᠯᠴᠠᠬᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ | ᠳᠠᠭᠠᠳᠬᠠᠯ ᠤᠨ ᠬᠠᠭᠤᠳᠠᠰᠤ ᠳᠤ ᠲᠣᠳᠣᠷᠬᠠᠶ ᠲᠡᠮᠳᠡᠭᠯᠡᠭᠰᠡᠨ ᠲᠠᠯᠠᠪᠤᠷ ᠭᠠᠵᠠᠷ ᠲᠤ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠭᠠᠷᠴᠤ ᠂ | ᠠᠵᠢᠯᠯᠠᠵᠤ ᠪᠠᠶᠢᠭ᠎ᠠ ᠬᠥᠮᠦᠰ ᠢ ᠦᠬᠦᠭᠦᠯᠵᠦ ᠰᠢᠷᠬᠠᠲᠤᠭᠤᠯᠤᠭᠰᠠᠨ ᠪᠠᠶᠢᠪᠠᠯ ᠂ ᠳᠠᠭᠠᠳᠬᠠᠯ ᠳᠤ ᠤᠷᠤᠯᠴᠠᠬᠰᠠᠨ ᠨᠢᠭᠡᠴᠢ ᠶᠢᠨ ᠡᠭᠦᠷᠭᠡᠯᠡᠬᠦ ᠶᠣᠰᠣᠲᠠᠶ ᠠᠵᠤ | ᠠᠬᠤᠶ ᠶᠢᠨ ᠲᠥᠯᠥᠪᠦᠷᠢ ᠶᠢᠨ ᠬᠠᠷᠢᠭᠤᠴᠠᠯᠭ᠎ᠠ ᠃ | ︵2︶ ᠳᠠᠭᠠᠳᠬᠠᠯ ᠤᠨ ᠬᠤᠭᠤᠴᠠᠭᠠᠨ ᠳᠤ ᠂ ᠳᠠᠭᠠᠳᠬᠠᠯ ᠳᠤ ᠤᠷᠤᠯᠴᠠᠬᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠠᠭᠠᠳᠬᠠᠯ ᠤᠨ | ᠬᠠᠭᠤᠳᠠᠰᠤ ᠳᠤ ᠲᠣᠳᠣᠷᠬᠠᠶ ᠲᠡᠮᠳᠡᠭᠯᠡᠭᠰᠡᠨ ᠲᠠᠯᠠᠪᠤᠷ ᠭᠠᠵᠠᠷ ᠲᠤ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠭᠠᠷᠴᠤ ᠂ ᠭᠤᠷᠪᠠᠳᠠᠬᠢ | ᠡᠲᠡᠭᠡᠳ ᠤᠨ ᠬᠥᠮᠦᠨ ᠢ ᠦᠬᠦᠭᠦᠯᠵᠦ ᠰᠢᠷᠬᠠᠲᠤᠭᠤᠯᠤᠭᠰᠠᠨ ᠪᠠ ᠡᠳ᠋ ᠬᠥᠷᠦᠩᠭᠡ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ ᠂ ᠳᠠᠭᠠᠳᠬᠠᠯ ᠳᠤ | ᠤᠷᠤᠯᠴᠠᠬᠰᠠᠨ ᠨᠢᠭᠡᠴᠢ ᠶᠢᠨ ᠡᠭᠦᠷᠭᠡᠯᠡᠬᠦ ᠶᠣᠰᠣᠲᠠᠶ ᠠᠵᠤ ᠠᠬᠤᠶ ᠶᠢᠨ ᠲᠥᠯᠥᠪᠦᠷᠢ ᠶᠢᠨ ᠬᠠᠷᠢᠭᠤᠴᠠᠯᠭ᠎ᠠ ᠃ ( | ︵ 3︶ ᠳᠠᠭᠠᠳᠬᠠᠯ ᠤᠨ ᠬᠤᠭᠤᠴᠠᠭᠠᠨ ᠳᠤ ᠂ ᠳᠠᠭᠠᠳᠬᠠᠯ ᠳᠤ ᠤᠷᠤᠯᠴᠠᠬᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠠᠭᠠᠳᠬᠠᠯ ᠤᠨ | ᠬᠠᠭᠤᠳᠠᠰᠤ ᠳᠤ ᠲᠣᠳᠣᠷᠬᠠᠶ ᠲᠡᠮᠳᠡᠭᠯᠡᠭᠰᠡᠨ ᠲᠠᠯᠠᠪᠤᠷ ᠭᠠᠵᠠᠷ ᠲᠤ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠭᠠᠷᠴᠤ ᠂ ᠠᠵᠢᠯᠯᠠᠵᠤ | ᠪᠠᠶᠢᠭ᠎ᠠ ᠬᠥᠮᠦᠰ ᠪᠤᠶᠤ ᠭᠤᠷᠪᠠᠳᠠᠬᠢ ᠡᠲᠡᠭᠡᠳ ᠰᠠᠨᠠᠭᠠᠨ ᠳᠤ ᠥᠭᠡᠢ ᠠᠳᠡᠭᠰᠡᠨ ᠪᠣᠯ ᠳᠠᠭᠠᠳᠬᠠᠯ ᠳᠤ ᠤᠷᠤᠯᠴᠠᠬᠰᠠᠨ ᠨᠢᠭᠡᠴᠢ ᠶᠢᠨ ᠡᠭᠦᠷᠭᠡᠯᠡᠬᠦ | ᠴᠢᠬᠤᠯᠠᠳᠠᠢ ᠪᠠᠴᠢᠮ ᠠᠪᠤᠷᠠᠬᠤ ᠠᠷᠭ᠎ᠠ ᠬᠡᠮᠵᠢᠶ᠎ᠡ ᠠᠪᠬᠤ ᠠᠴᠠ ᠪᠣᠯᠣᠭᠠᠳ ᠵᠠᠷᠤᠴᠠᠭᠤᠯᠤᠭᠰᠠᠨ ᠴᠢᠬᠤᠯᠠ ᠪᠥᠬᠦᠢ ᠵᠦᠢ ᠵᠣᠬᠢᠰᠲᠠᠶ ᠠᠪᠤᠷᠠᠨ ᠲᠤᠰᠠᠯᠠᠬᠤ | ᠵᠠᠷᠤᠳᠠᠯ ᠃ | ︵4︶ ᠳᠠᠭᠠᠳᠬᠠᠯ ᠤᠨ ᠭᠡᠷᠡᠭ ᠠᠳᠡᠯ ᠭᠠᠷᠤᠭᠰᠠᠨ ᠤ ᠲᠠᠷᠠᠭ᠎ᠠ ᠂ ᠳᠠᠭᠠᠳᠬᠠᠯ ᠳᠤ ᠤᠷᠤᠯᠴᠠᠬᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ | ᠳᠠᠭᠠᠳᠬᠠᠯ ᠤᠨ ᠭᠡᠷᠡᠭ ᠠᠳᠡᠯ ᠠᠴᠠ ᠪᠤᠯᠵᠤ ᠬᠥᠨᠳᠡᠯᠡᠨ ᠠᠴᠠ ᠲᠠᠰᠤᠯᠤᠭᠤᠯᠬᠤ ᠪᠤᠶᠤ ᠵᠠᠭᠠᠯᠳᠤᠬᠤ ᠪᠠᠷ ᠳᠤᠷᠠᠳᠤᠭᠳᠠᠭᠰᠠᠨ ᠪᠠᠶᠢᠪᠠᠯ ᠂ ᠳᠠᠭᠠᠳᠬᠠᠯ ᠳᠤ | ᠤᠷᠤᠯᠴᠠᠬᠰᠠᠨ ᠨᠢᠭᠡᠴᠢ ᠶᠢᠨ ᠥᠭᠬᠦ ᠶᠣᠰᠣᠲᠠᠶ ᠬᠥᠨᠳᠡᠯᠡᠨ ᠠᠴᠠ ᠲᠠᠰᠤᠯᠤᠭᠤᠯᠬᠤ ᠪᠤᠶᠤ ᠵᠠᠷᠭᠤᠯᠳᠤᠬᠤ ᠵᠠᠷᠤᠳᠠᠯ ᠵᠢᠴᠢ ᠳᠠᠭᠠᠳᠬᠠᠯ ᠤᠨ ᠺᠣᠮᠫᠠᠨᠢ ᠶᠢᠨ | ᠪᠢᠴᠢᠭ ᠤᠨ ᠵᠥᠪᠰᠢᠶᠡᠷᠡᠯ ᠢᠶᠠᠷ ᠤᠷᠢᠳᠠᠪᠠᠷ ᠥᠭᠬᠦ ᠴᠢᠬᠤᠯᠠᠲᠠᠶ ᠪᠥᠭᠡᠳ ᠵᠦᠢ ᠵᠣᠬᠢᠰᠲᠠᠶ ᠬᠠᠤᠯᠢ ᠴᠠᠭᠠᠵᠠ ᠵᠢᠨᠪᠤᠰᠤᠳ ᠦᠢᠯᠡᠴᠢᠯᠡᠭᠡᠨ ᠤ ᠵᠠᠷᠤᠳᠠᠯ ᠃ | | ︵5︶ ᠳᠠᠭᠠᠳᠬᠠᠯ ᠤᠨ ᠭᠡᠷᠡᠭ ᠠᠳᠡᠯ ᠠᠴᠠ ᠪᠤᠯᠵᠤ ᠠᠵᠢᠯᠯᠠᠵᠤ ᠪᠠᠶᠢᠭ᠎ᠠ ᠬᠥᠮᠦᠰ ᠵᠢᠴᠢ ᠭᠤᠷᠪᠠᠳᠠᠬᠢ ᠡᠲᠡᠭᠡᠳ ᠦᠬᠦᠭᠰᠡᠨ ᠪᠠᠶᠢᠪᠠᠯ ᠂ ᠠᠵᠢᠯᠯᠠᠵᠤ | ᠪᠠᠶᠢᠭ᠎ᠠ ᠬᠥᠮᠦᠰ ᠵᠢᠴᠢ ᠭᠤᠷᠪᠠᠳᠠᠬᠢ ᠡᠲᠡᠭᠡᠳ ᠤᠨ ᠲᠦᠷᠦᠯ ᠰᠠᠳᠤᠨ ᠤ ᠣᠷᠣᠰᠢᠭᠤᠯᠭ᠎ᠠ ᠶᠢᠨ ᠶᠠᠪᠤᠳᠠᠯ ᠢ ᠰᠢᠶᠳᠪᠦᠷᠢᠯᠡᠬᠦ ᠳᠤ ᠵᠠᠷᠤᠴᠠᠭᠤᠯᠤᠭᠰᠠᠨ | ᠵᠠᠮ ᠬᠠᠷᠢᠯᠴᠠᠭᠠᠨ ᠤ ᠵᠠᠷᠤᠳᠠᠯ ᠂ ᠬᠤᠨᠤᠭ ᠤᠨ ᠵᠠᠷᠤᠳᠠᠯ ᠪᠠ ᠠᠵᠢᠯ ᠰᠠᠭᠠᠲᠠᠭᠰᠠᠨ ᠵᠠᠷᠤᠳᠠᠯ ᠤᠨ ᠬᠤᠬᠢᠷᠠᠯ ᠵᠡᠷᠭᠡ ᠵᠦᠢ ᠵᠣᠬᠢᠰᠲᠠᠶ ᠪᠤᠰᠤᠳ ᠵᠠᠷᠤᠳᠠᠯ | ᠵᠢᠴᠢ ᠭᠤᠷᠪᠠᠳᠠᠬᠢ ᠡᠲᠡᠭᠡᠳ ᠤᠨ ᠪᠡᠶ᠎ᠡ ᠮᠠᠬᠠᠪᠣᠳ ᠢ ᠭᠡᠮᠲᠦᠭᠡᠭᠰᠡᠨ ᠬᠡᠷᠡᠭ ᠤᠨ ᠰᠢᠭᠦᠬᠦ ᠬᠤᠷᠢᠶ᠎ᠠ ᠠᠴᠠ ᠰᠢᠭᠦᠨ ᠲᠠᠰᠤᠯᠬᠤ ᠳᠤ ᠵᠠᠷᠤᠴᠠᠭᠤᠯᠬᠤ | ᠴᠢᠬᠤᠯᠠᠲᠠᠶ ᠤᠶᠤᠨ ᠰᠠᠨᠠᠭᠠᠨ ᠤ ᠲᠣᠬᠤᠨᠢᠭᠤᠯᠤᠯ ᠤᠨ ᠮᠥᠩᠭᠦ ᠵᠡᠷᠭᠡ ᠃ | ︵6︶ ᠳᠠᠭᠠᠳᠬᠠᠯ ᠤᠨ ᠬᠤᠭᠤᠴᠠᠭᠠᠨ ᠳᠤ ᠂ ᠳᠠᠭᠠᠳᠬᠠᠯ ᠳᠤ ᠤᠷᠤᠯᠴᠠᠬᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠳᠠᠭᠠᠳᠬᠠᠯ ᠤᠨ | ᠬᠠᠭᠤᠳᠠᠰᠤ ᠳᠤ ᠲᠣᠳᠣᠷᠬᠠᠶ ᠲᠡᠮᠳᠡᠭᠯᠡᠭᠰᠡᠨ ᠲᠠᠯᠠᠪᠤᠷ ᠭᠠᠵᠠᠷ ᠲᠤ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠭᠠᠷᠴᠤ᠂ ᠠᠵᠢᠯᠯᠠᠵᠤ ᠪᠠᠶᠢᠭ᠎ᠠ | ᠬᠥᠮᠦᠰ ᠢ ᠦᠬᠦᠭᠦᠯᠵᠦ ᠰᠢᠷᠬᠠᠲᠤᠭᠤᠯᠤᠭᠰᠠᠨ ᠪᠣᠯ ᠳᠠᠭᠠᠳᠬᠠᠯ ᠳᠤ ᠤᠷᠤᠯᠴᠠᠬᠰᠠᠨ ᠨᠢᠭᠡᠴᠢ ᠶᠢᠨ ᠡᠭᠦᠷᠭᠡᠯᠡᠬᠦ ᠶᠤᠰᠤᠳᠠᠢ ᠡᠮ ᠡᠮᠨᠡᠯᠭᠡ ᠶᠢᠨ ᠵᠠᠷᠤᠳᠠᠯ ᠃ | | ᠳᠠᠭᠠᠳᠬᠠᠯ ᠤᠨ ᠪᠠᠶᠢᠭᠤᠯᠤᠮᠵᠢ ᠶᠢᠨ ᠬᠠᠩᠭᠠᠭᠰᠠᠨ ᠳᠠᠭᠠᠳᠬᠠᠯ ᠤᠨ ᠦᠢᠯᠡᠳᠬᠦᠨ ᠤ ᠬᠠᠷᠢᠭᠤᠴᠠᠯᠭ᠎ᠠ ᠶᠢᠨ ᠬᠡᠪᠴᠢᠶ᠎ᠡ ᠨᠢ ᠲᠤᠰ ᠬᠡᠷᠡᠭᠵᠢᠭᠦᠯᠬᠦ ᠲᠥᠰᠦᠯ | ᠳᠤ ᠲᠣᠭᠲᠠᠭᠠᠭᠰᠠᠨ ᠦᠨᠳᠦᠰᠦᠨ ᠬᠠᠷᠢᠭᠤᠴᠠᠯᠭ᠎ᠠ ᠶᠢᠨ ᠬᠡᠪᠴᠢᠶ᠎ᠡ ᠠᠴᠠ ᠪᠠᠭ᠎ᠠ ᠪᠠᠶᠢᠵᠤ ᠪᠣᠯᠬᠤ ᠥᠭᠡᠢ ᠃ ᠠᠶᠤᠯ ᠦᠭᠡᠢ ᠦᠢᠯᠡᠳᠪᠦᠷᠢᠯᠡᠯ ᠯᠤᠭ᠎ᠠ | ᠬᠤᠯᠪᠣᠭᠳᠠᠬᠤ ᠪᠤᠰᠤᠳ ᠳᠠᠭᠠᠳᠬᠠᠯ ᠤᠨ ᠲᠥᠷᠥᠯ ᠵᠦᠢᠯ ᠢ ᠬᠡᠷᠡᠭᠵᠢᠭᠦᠯᠬᠦ ᠳᠤ ᠂ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠡᠭᠦᠨ ᠢ ᠨᠡᠮᠡᠬᠦ ᠪᠤᠶᠤ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠪᠣᠯᠭᠠᠨ ᠲᠣᠬᠢᠷᠠᠭᠤᠯᠵᠤ ᠂ ᠭᠡᠷᠡᠭ ᠠᠳᠡᠯ ᠢ ᠰᠡᠷᠭᠡᠶᠢᠯᠡᠬᠦ ᠴᠢᠳᠠᠮᠵᠢ ᠶᠢ ᠨᠢ | ᠨᠡᠮᠡᠭᠳᠡᠭᠦᠯᠬᠦ ᠬᠡᠷᠡᠭᠲᠡᠶ ᠃ | 2. ᠳᠠᠭᠠᠳᠬᠠᠯ ᠤᠨ ᠬᠤᠭᠤᠴᠠᠭ᠎ᠠ ᠶᠢᠨ ᠬᠢᠵᠠᠭᠠᠷᠯᠠᠯ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠤᠨ | ᠬᠤᠭᠤᠴᠠᠭ᠎ᠠ ᠨᠢ ᠨᠠᠭᠠᠳᠤ ᠵᠠᠬ᠎ᠠ ᠳᠠᠭᠠᠨ ᠨᠢᠭᠡ ᠵᠢᠯ ᠪᠣᠯᠤᠨ᠎ᠠ ᠂ ᠣᠨᠴᠠᠭᠠᠢ ᠪᠠᠶᠢᠳᠠᠯ ᠲᠠᠢ ᠪᠣᠯ ᠦᠢᠯᠡᠳᠪᠦᠷᠢᠯᠡᠯ ᠡᠵᠡᠩᠨᠡᠯᠲᠡ ᠶᠢᠨ ᠦᠶᠡᠯᠡᠯ ᠤᠨ | ᠬᠤᠭᠤᠴᠠᠭ᠎ᠠ ᠶᠢ ᠦᠨᠳᠦᠰᠦᠯᠡᠨ ᠲᠣᠭᠲᠠᠭᠠᠵᠤ ᠪᠣᠯᠤᠨ᠎ᠠ ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠳᠠᠭᠠᠳᠬᠠᠯ ᠤᠨ ᠭᠡᠷ᠎ᠡ ᠶᠢᠨ ᠬᠤᠭᠤᠴᠠᠭ᠎ᠠ | ᠳᠦᠭᠦᠷᠬᠦ ᠠᠴᠠ ᠡᠮᠦᠨ᠎ᠡ ᠦᠷᠭᠦᠯᠵᠢᠯᠡᠨ ᠳᠠᠭᠠᠳᠬᠠᠯ ᠳᠤ ᠤᠷᠤᠯᠴᠠᠬᠤ ᠭᠠᠷ ᠭᠦᠢᠴᠡᠳᠬᠡᠯ ᠢ ᠴᠠᠭ ᠲᠤᠬᠠᠶ ᠳᠤᠨᠢ ᠬᠢᠬᠦ ᠬᠡᠷᠡᠭᠲᠡᠶ ᠃ | 3. ᠬᠠᠷᠢᠭᠤᠴᠠᠯᠭ᠎ᠠ ᠶᠢᠨ ᠬᠢᠵᠠᠭᠠᠷᠯᠠᠯ ᠃ ᠮᠠᠨ ᠤ ᠬᠤᠰᠢᠭᠤᠨ ᠤ ᠠᠵᠤ ᠠᠬᠤᠶ ᠶᠢᠨ ᠪᠠᠶᠢᠳᠠᠯ ᠪᠣᠯᠤᠨ ᠡᠯ᠎ᠡ ᠠᠵᠢᠯ ᠲᠥᠷᠥᠯ ᠤᠨ | ᠣᠨᠴᠠᠯᠢᠭ ᠢ ᠦᠨᠳᠦᠰᠦᠯᠡᠵᠦ ᠂ ᠳᠠᠭᠠᠳᠬᠠᠯ ᠳᠤ ᠤᠷᠤᠯᠴᠠᠬᠤ ᠠᠵᠤ ᠠᠬᠤᠢᠢᠯᠠᠯ ᠨᠢ ᠲᠤᠰ ᠬᠤᠰᠢᠭᠤᠨ ᠤ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠳᠡᠭᠡᠷ᠎ᠡ ᠨᠢᠭᠡ ᠵᠢᠯ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠤᠯᠭ᠎ᠠ ᠶᠢᠨ ᠬᠤᠪᠢᠷᠠᠯᠲᠠ ᠲᠠᠢ ᠤᠶᠠᠯᠳᠤᠭᠤᠯᠤᠨ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠳᠠᠭᠠᠳᠬᠠᠯ ᠳᠤ ᠤᠷᠤᠯᠴᠠᠬᠤ ᠬᠢᠵᠠᠭᠠᠷ ᠲᠤᠭ᠎ᠠ ᠶᠢ ᠰᠣᠩᠭᠤᠨ᠎ᠠ᠂ ᠣᠳᠣᠬᠠᠨ ᠤ ᠠᠵᠤ ᠠᠬᠤᠢᠢᠯᠠᠯ ᠤᠨ ᠳᠠᠭᠠᠳᠬᠠᠯ ᠳᠤ | ᠤᠷᠤᠯᠴᠠᠵᠤ ᠪᠠᠶᠢᠭ᠎ᠠ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠤᠳᠠᠭ᠎ᠠ ᠪᠦᠷᠢ ᠶᠢᠨ ᠭᠡᠷᠡᠭ ᠠᠳᠡᠯ ᠳᠤ ᠦᠬᠦᠭᠰᠡᠨ | ᠬᠦᠮᠤᠨ ᠂ ᠵᠡᠮᠳᠡᠭ ᠪᠣᠯᠤᠭᠰᠠᠨ ᠤ ᠲᠥᠯᠥᠪᠦᠷᠢ ᠶᠢᠨ ᠳᠠᠭᠠᠳᠬᠠᠯ ᠤᠨ ᠬᠢᠵᠠᠭᠠᠷ ᠲᠤᠭ᠎ᠠ ᠶᠢ 60 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠵᠤ ᠪᠤᠯᠬᠤ | ᠦᠭᠡᠢ ᠃ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠡᠷᠡᠭᠴᠡᠭᠡ ᠶᠣᠰᠣᠭᠠᠷ ᠨᠠᠩ ᠥᠨᠳᠥᠷ ᠳᠤᠭᠠᠨ ᠤ ᠳᠠᠭᠠᠳᠬᠠᠯ ᠤᠨ ᠮᠥᠩᠭᠦ ᠠᠪᠴᠤ ᠳᠠᠭᠠᠳᠬᠠᠯ | ᠳᠤ ᠤᠷᠤᠯᠴᠠᠬᠤ ᠶᠢ ᠵᠣᠷᠢᠭᠵᠢᠭᠤᠯᠤᠨ᠎ᠠ ᠃ ᠳᠠᠭᠠᠭᠠᠴᠢᠯᠠᠭᠰᠠᠨ ᠂ ᠳᠠᠭᠠᠭᠠᠨ ᠠᠪᠤᠬᠰᠠᠨ ᠂ ᠲᠦᠷᠢᠶᠡᠰᠦᠯᠡᠭᠰᠡᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠢ ᠲᠤᠰ ᠨᠢᠭᠡᠴᠢ ᠶᠢᠨ ᠢᠶᠠᠨ ᠨᠡᠷ᠎ᠡ ᠪᠠᠷ ᠳᠠᠭᠠᠳᠬᠠᠯ ᠳᠤ ᠤᠷᠤᠯᠴᠠᠬᠤ ᠬᠡᠷᠡᠭᠲᠡᠶ ᠃ | 4. ᠮᠡᠷᠭᠡᠵᠢᠯ ᠤᠨ ᠦᠢᠯᠡᠴᠢᠯᠡᠭᠡᠨ ᠤ ᠱᠠᠭᠠᠷᠳᠠᠯᠭ᠎ᠠ᠃ 《 ᠠᠶᠤᠯ ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠭᠡᠷᠡᠭ ᠠᠳᠡᠯ | ᠢ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠵᠢᠷᠤᠮᠵᠢᠯ》 ᠤᠨ ᠱᠠᠭᠠᠷᠳᠠᠯᠭ᠎ᠠ ᠶᠢ ᠦᠨᠳᠦᠰᠦᠯᠡᠨ ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠪᠠᠯ ᠂ ᠳᠠᠭᠠᠳᠬᠠᠯ ᠤᠨ ᠪᠠᠶᠢᠭᠤᠯᠤᠮᠵᠢ ᠨᠢ ᠲᠤᠰᠬᠠᠶ ᠳᠦᠷᠤᠯ ᠤᠨ | ᠵᠠᠷᠤᠳᠠᠯ ᠢ ᠭᠠᠷᠭᠠᠨ ᠠᠪᠴᠤ ᠂ ᠳᠠᠭᠠᠳᠬᠠᠯ ᠳᠤ ᠤᠷᠤᠯᠴᠠᠬᠰᠠᠨ ᠨᠢᠭᠡᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠡᠷᠡᠭ ᠠᠳᠡᠯ ᠢ ᠰᠡᠷᠭᠡᠶᠢᠯᠡᠬᠦ | ᠮᠡᠷᠭᠡᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠳᠠᠭᠠᠳᠬᠠᠯ ᠳᠤ ᠤᠷᠤᠯᠴᠠᠬᠰᠠᠨ ᠨᠢᠭᠡᠴᠢ ᠶᠢ ᠬᠠᠮᠵᠢᠨ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠥᠷᠨᠢᠭᠦᠯᠬᠦ ᠬᠡᠷᠡᠭᠲᠡᠶ ᠂ ᠡᠭᠦᠨ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠪᠣᠯᠪᠠᠴᠤ ᠬᠢᠵᠠᠭᠠᠷᠯᠠᠬᠤ | ᠥᠭᠡᠢ ᠄ | ︵1︶ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠄ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ | ᠤᠨ ᠮᠠᠲ᠋ᠧᠷᠢᠶᠠᠯ ᠢ ᠪᠢᠴᠢᠵᠤ ᠲᠠᠷᠬᠠᠭᠠᠵᠤ ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠡᠷᠬᠢᠯᠡᠨ ᠶᠠᠪᠤᠬᠳᠠᠭᠤᠯᠵᠤ ᠂ ᠠᠶᠤᠯ ᠦᠭᠡᠢ ᠦᠢᠯᠡᠳᠪᠦᠷᠢᠯᠡᠯ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠶᠤᠯ ᠥᠭᠡᠢ ᠶᠢᠨ ᠮᠡᠷᠭᠡᠵᠢᠯ ᠤᠨ ᠮᠡᠳᠡᠯᠭᠡ ᠶᠢ ᠤᠬᠠᠭᠤᠯᠵᠤ ᠂ ᠳᠠᠭᠠᠳᠬᠠᠯ ᠳᠤ ᠤᠷᠤᠯᠴᠠᠬᠰᠠᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠢᠯᠣᠭᠤᠳᠤᠨ ᠬᠠᠪᠰᠤᠷᠴᠤ ᠪᠠᠶᠢᠭᠠᠳ ᠬᠤᠯᠪᠣᠭᠳᠠᠯ ᠪᠥᠬᠦᠢ ᠬᠥᠮᠦᠰ ᠲᠤ ᠬᠠᠤᠯᠢ ᠴᠠᠭᠠᠵᠠ ᠬᠠᠤᠯᠢ | ᠲᠣᠭᠲᠠᠭᠠᠯ ᠲᠥᠷᠢᠮ ᠳᠤ ᠱᠠᠭᠠᠷᠳᠠᠭᠰᠠᠨ ᠴᠠᠭ ᠬᠤᠭᠤᠴᠠᠭ᠎ᠠ ᠂ ᠠᠭᠤᠯᠭ᠎ᠠ ᠶᠢᠨ ᠶᠣᠰᠣᠭᠠᠷ ᠠᠶᠤᠯ ᠥᠭᠡᠢ ᠶᠢᠨ ᠪᠣᠯᠪᠠᠰᠤᠷᠠᠯ ᠬᠢᠯᠭᠡᠵᠦ ᠂ ᠬᠠᠮᠢᠶᠠᠷᠤᠭᠴᠢ | ᠪᠣᠯᠤᠨ ᠠᠵᠢᠯᠯᠠᠭᠰᠠᠳ ᠤᠨ ᠠᠮᠤᠷ ᠳᠦᠪᠰᠢᠨ ᠤ ᠦᠵᠡᠯ ᠤᠬᠠᠮᠰᠠᠷ ᠪᠣᠯᠤᠨ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠃ | ︵2︶ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ ᠂ ᠦᠨᠡᠯᠡᠨ ᠵᠢᠱᠢᠬᠦ ᠪᠠ ᠠᠮᠤᠷ ᠲᠦᠪᠰᠢᠨ ᠤ ᠦᠨᠡᠯᠡᠯᠲᠡ ᠬᠢᠬᠦ ᠄ ᠠᠮᠤᠷ | ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠳᠤᠬᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠲᠦᠭᠰᠢᠭᠦᠷᠢ ᠶᠢ | ᠢᠯᠭᠠᠨ ᠲᠠᠨᠢᠵᠤ ᠦᠨᠡᠯᠡᠨ ᠵᠢᠱᠢᠬᠦ ᠪᠠ ᠠᠮᠤᠷ ᠲᠦᠪᠰᠢᠨ ᠤ ᠦᠨᠡᠯᠡᠯᠲᠡ ᠬᠢᠬᠦ ᠶᠢ ᠥᠷᠨᠢᠭᠦᠯᠦᠨ ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢᠨ ᠰᠠᠨᠠᠭᠤᠯᠭ᠎ᠠ ᠳᠤᠷᠠᠳᠴᠤ ᠂ ᠠᠮᠤᠷ ᠲᠦᠪᠰᠢᠨ ᠤ ᠲᠦᠭᠰᠢᠭᠦᠷᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠂ ᠲᠦᠭᠰᠢᠭᠦᠷᠢ ᠶᠢ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠵᠡᠷᠭᠡ ᠪᠣᠯᠤᠨ᠎ᠠ ᠃ ︵3︶ ᠠᠶᠤᠯ ᠦᠭᠡᠢ ᠤᠶᠢᠯᠡᠳᠪᠤᠷᠢᠯᠡᠯ ᠤᠨ ᠪᠡᠷᠢᠮᠵᠢᠶᠡᠵᠢᠭᠤᠯᠤᠬᠰᠠᠨ ᠪᠦᠳᠤᠬᠡᠨ | ᠪᠠᠶᠢᠭᠤᠯᠤᠯᠲᠠ ᠄ ᠠᠶᠤᠯ ᠦᠭᠡᠢ ᠦᠢᠯᠡᠳᠪᠦᠷᠢᠯᠡᠯ ᠤᠨ ᠪᠡᠷᠢᠮᠵᠢᠶᠡᠵᠢᠭᠤᠯᠤᠬᠰᠠᠨ ᠪᠦᠳᠤᠬᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ | ᠵᠣᠬᠢᠶᠠᠵᠤ ᠂ ᠠᠮᠤᠷ ᠲᠦᠪᠰᠢᠨ ᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠦᠷᠢᠮ ᠢ ᠲᠣᠭᠲᠠᠭᠠᠨ ᠵᠠᠰᠠᠪᠤᠷᠢ ᠤᠷᠤᠭᠤᠯᠵᠤ ᠂ ᠠᠶᠤᠯ ᠦᠭᠡᠢ | ᠦᠢᠯᠡᠳᠪᠦᠷᠢᠯᠡᠯ ᠤᠨ ᠪᠡᠷᠢᠮᠵᠢᠶᠡᠵᠢᠭᠤᠯᠤᠬᠰᠠᠨ ᠳᠤᠬᠳᠠᠯᠴᠠᠭ᠎ᠠ ᠶᠢ ᠪᠠᠶᠢᠭᠤᠯᠤᠨ ᠬᠡᠷᠡᠭᠵᠢᠭᠦᠯᠵᠦ ᠂ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠬᠰᠠᠨ | ᠥᠪᠡᠷ ᠤᠨ ᠦᠨᠡᠯᠡᠯᠲᠡ ᠶᠢ ᠥᠷᠨᠢᠭᠦᠯᠬᠦ ᠵᠢᠴᠢ ᠭᠠᠳᠠᠨ᠎ᠠ ᠠᠴᠠ ᠬᠢᠨᠠᠨ ᠲᠣᠭᠲᠠᠭᠠᠬᠤ ᠶᠢ ᠭᠤᠶᠤᠴᠢᠯᠠᠬᠤ ᠵᠡᠷᠭᠡ ᠠᠵᠢᠯ ᠤᠳ ᠢ ᠥᠷᠨᠢᠭᠦᠯᠦᠨ᠎ᠡ ᠃ | ︵4︶ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠤᠨ ᠲᠡᠯᠳᠠ ᠭᠡᠮ ᠢ ᠵᠢᠭᠰᠠᠭᠠᠨ ᠪᠠᠶᠢᠴᠠᠭᠠᠬᠤ ᠄ ᠲᠡᠯᠳᠠ ᠭᠡᠮ ᠢ ᠵᠢᠭᠰᠠᠭᠠᠨ | ᠪᠠᠶᠢᠴᠠᠭᠠᠵᠤ ᠵᠠᠰᠠᠬᠤ ᠳᠤᠬᠳᠠᠯᠴᠠᠭ᠎ᠠ ᠵᠢᠴᠢ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠲᠡᠯᠳᠠ ᠭᠡᠮ ᠢ | ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠲᠡᠯᠳᠠ ᠭᠡᠮ ᠢ ᠵᠠᠰᠠᠬᠤ ᠠᠷᠭ᠎ᠠ ᠬᠡᠮᠵᠢᠶ᠎ᠡ ᠪᠠ ᠲᠥᠰᠦᠯ ᠵᠡᠷᠭᠡ ᠶᠢ ᠳᠤᠷᠠᠳᠤᠨ | ᠭᠠᠷᠭᠠᠨ᠎ᠠ ᠃ | ︵5︶ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ | ᠵᠣᠬᠢᠶᠠᠬᠤ ᠪᠠ ᠰᠣᠷᠢᠯᠲᠠ ᠬᠢᠬᠦ ᠄ ᠦᠢᠯᠡᠳᠪᠦᠷᠢᠯᠡᠯ ᠤᠨ ᠠᠮᠤᠷ ᠳᠦᠪᠰᠢᠨ ᠤ ᠭᠡᠷᠡᠭ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠨᠠᠶᠢᠷᠠᠭᠤᠯᠤᠨ ᠵᠣᠬᠢᠶᠠᠵᠤ ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠯᠣᠭᠤᠳᠬᠤ ᠲᠠᠪᠴᠠᠩ ᠢ ᠪᠠᠶᠢᠭᠤᠯᠵᠤ ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠣᠭᠯᠠᠯ ᠪᠠ ᠡᠳ᠋ ᠪᠣᠳᠠᠰ ᠢ ᠲᠣᠬᠢᠷᠠᠭᠤᠯᠵᠤ ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠪᠡᠯᠡᠳᠬᠡᠯ ᠲᠥᠰᠦᠯ ᠤᠨ ᠰᠣᠷᠢᠯᠲᠠ ᠵᠢᠴᠢ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠶᠢ ᠵᠣᠬᠢᠶᠠᠨ ᠪᠠᠶᠢᠭᠤᠯᠤᠨ᠎ᠠ ᠃ | ︵6︶ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠄ ᠬᠤᠯᠪᠤᠬᠳᠠᠯ ᠪᠥᠬᠦᠢ ᠠᠶᠤᠯ ᠦᠭᠡᠢ | ᠦᠢᠯᠡᠳᠪᠦᠷᠢᠯᠡᠯ ᠤᠨ ᠮᠡᠷᠭᠡᠵᠢᠯ ᠤᠨ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠠᠶᠤᠯ ᠦᠭᠡᠢ ᠦᠢᠯᠡᠳᠪᠦᠷᠢᠯᠡᠯ | ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠵᠤ ᠂ ᠭᠠᠳᠠᠭᠠᠳᠤ ᠶᠢᠨ ᠲᠡᠷᠢᠭᠦᠨ ᠤ ᠠᠶᠤᠯ ᠥᠭᠡᠢ ᠶᠢᠨ ᠮᠡᠷᠭᠡᠵᠢᠯ ᠲᠤᠨᠤᠭ | ᠲᠥᠬᠦᠭᠡᠷᠦᠮᠵᠢ ᠵᠡᠷᠭᠡ ᠶᠢ ᠣᠷᠣᠭᠤᠯᠵᠤ ᠢᠷᠡᠨ᠎ᠡ ᠃ | 5. ᠪᠤᠰᠤᠳ ᠱᠠᠭᠠᠷᠳᠠᠯᠭ᠎ᠠ | ︵1︶ ᠳᠠᠭᠠᠳᠬᠠᠯ ᠤᠨ ᠪᠠᠶᠢᠭᠤᠯᠤᠮᠵᠢ ᠨᠢᠭᠡᠳᠦᠯᠲᠡᠶ ᠳᠠᠭᠠᠳᠬᠠᠯ ᠤᠨ ᠬᠠᠭᠤᠳᠠᠰᠤ ᠦᠨᠡᠮᠯᠡᠯ ᠪᠠ ᠤᠬᠠᠭᠤᠯᠭ᠎ᠠ ᠶᠢᠨ ᠮᠠᠲ᠋ᠧᠷᠢᠶᠠᠯ ᠵᠣᠬᠢᠶᠠᠵᠤ ᠂ | ᠳᠠᠭᠠᠳᠬᠠᠯ ᠳᠤ ᠤᠷᠤᠯᠴᠠᠬᠴᠢ ᠳᠤ ᠳᠠᠭᠠᠳᠬᠠᠯ ᠳᠤ ᠤᠷᠤᠯᠴᠠᠬᠤ ᠦᠶ᠎ᠡ ᠶᠢᠨ ᠬᠠᠩᠭᠠᠬᠤ ᠴᠢᠬᠤᠯᠠᠲᠠᠶ ᠮᠠᠲ᠋ᠧᠷᠢᠶᠠᠯ᠂ ᠦᠢᠯᠡᠴᠢᠯᠡᠭᠡᠨ ᠤ ᠠᠮᠠᠯᠠᠯᠲᠠ ᠵᠢᠴᠢ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠵᠡᠷᠭᠡ ᠶᠢ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ ᠃ | ︵2︶ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠳᠠᠯ ᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠬᠠᠤᠯᠢ ᠶᠣᠰᠣᠭᠠᠷ ᠭᠠᠷᠭᠠᠨ ᠠᠪᠤᠭᠰᠠᠨ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠤᠨ ᠳᠣᠲᠣᠷ᠎ᠠ ᠠᠴᠠ ᠭᠠᠷᠭᠠᠵᠤ ᠪᠣᠯᠤᠨ᠎ᠠ ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠠᠴᠠ ᠠᠵᠢᠯᠯᠠᠵᠤ ᠪᠠᠶᠢᠭ᠎ᠠ ᠬᠤᠪᠢ ᠬᠥᠮᠦᠨ ᠢᠶᠠᠷ ᠨᠢ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠬᠠᠮᠢᠶ᠎ᠠ ᠪᠥᠬᠦᠢ ᠳᠠᠭᠠᠳᠬᠠᠯ ᠤᠨ ᠵᠠᠷᠤᠳᠠᠯ ᠢ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠥᠭᠡᠢ᠃ ᠳᠠᠭᠠᠳᠬᠠᠯ ᠳᠤ ᠤᠷᠤᠯᠴᠠᠬᠰᠠᠨ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠤ ᠠᠬᠤᠶ ᠶᠢᠨ ᠲᠥᠯᠥᠪᠦᠷᠢ ᠤᠯᠬᠤ ᠨᠢ ᠴᠥᠮ ᠳᠠᠭᠠᠳᠬᠠᠬᠳᠠᠬᠴᠢ ᠪᠠ ᠠᠵᠢᠯᠯᠠᠬᠰᠠᠳ ᠤᠨ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠥᠯᠥᠪᠦᠷᠢ ᠠᠪᠬᠤ ᠪᠠᠷ ᠬᠠᠤᠯᠢ ᠶᠣᠰᠣᠭᠠᠷ ᠭᠤᠶᠤᠴᠢᠯᠠᠬᠤ ᠡᠷᠬᠡ ᠶᠢ ᠨᠥᠯᠥᠭᠡᠯᠡᠵᠤ ᠪᠤᠯᠬᠤ ᠥᠬᠡᠶ᠃ | ᠳᠠᠭᠠᠳᠬᠠᠯ ᠤᠨ ᠪᠠᠶᠢᠭᠤᠯᠤᠮᠵᠢ ᠨᠢ ᠳᠠᠭᠠᠳᠬᠠᠬᠳᠠᠬᠴᠢ ᠪᠣᠯᠤᠨ ᠠᠵᠢᠯᠯᠠᠭᠰᠠᠳ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠬᠢᠬᠦ ᠪᠠᠷ | ᠳᠠᠮᠵᠢᠭᠠᠳ ᠣᠯᠤᠭᠰᠠᠨ ᠦᠭᠦᠭᠰᠡᠨ ᠪᠠ ᠵᠡᠮᠳᠡᠭ ᠪᠤᠯᠤᠬᠰᠠᠨ ᠲᠥᠯᠥᠪᠦᠷᠢ ᠶᠢᠨ ᠵᠣᠭᠤᠰ ᠤᠨ ᠲᠤᠭ᠎ᠠ ᠶᠢ ᠬᠠᠰᠤᠵᠤ ᠪᠣᠯᠬᠤ ᠦᠭᠡᠢ ᠃ | ︵ᠭᠤᠷᠪᠠ ︶ ᠠᠵᠢᠯ ᠤᠨ ᠠᠷᠭ᠎ᠠ ᠬᠡᠮᠵᠢᠶ᠎ᠡ | 1. ᠳᠠᠭᠠᠳᠬᠠᠯ ᠤᠨ ᠪᠠᠶᠢᠭᠤᠯᠤᠮᠵᠢ ᠶᠢ ᠲᠣᠭᠲᠠᠭᠠᠨ᠎ᠠ ᠃ ︽ ᠵᠠᠰᠠᠭ ᠤᠨ ᠣᠷᠳᠣᠨ ᠠᠴᠠ ᠨᠢᠭᠡᠳᠦᠯᠲᠡᠶ ᠬᠠᠮᠢᠶᠠᠷᠴᠤ ᠂ ᠲᠥᠯᠥᠪᠦᠷᠢ ᠶᠢᠨ | ᠲᠦᠭᠰᠢᠭᠦᠷᠢ ᠶᠢ ᠪᠠᠭᠠᠰᠬᠠᠬᠤ ︾ ᠵᠠᠷᠴᠢᠮ ᠶᠣᠰᠣᠭᠠᠷ ᠂ ᠮᠠᠨ ᠤ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ | ᠤᠨ ᠠᠵᠢᠯ ᠢ ᠭᠡᠷᠡᠭᠵᠢᠬᠦᠯᠬᠦ ᠳᠡᠭᠡᠨ ᠨᠢᠭᠡᠳᠦᠯᠲᠡᠶ ᠬᠠᠮᠲᠤ ᠶᠢᠨ ᠳᠠᠭᠠᠳᠬᠠᠯ ᠤᠨᠴᠣᠭᠴᠠ ᠶᠢᠨ ᠵᠠᠭᠪᠤᠷ ᠢᠶᠠᠷ ᠶᠠᠪᠤᠭᠳᠠᠭᠤᠯᠵᠤ ᠂ ᠬᠠᠮᠲᠤ ᠶᠢᠨ | ᠳᠠᠭᠠᠳᠬᠠᠯ ᠳᠤ ᠣᠷᠣᠯᠴᠠᠭᠰᠠᠨ ᠳᠠᠭᠠᠳᠬᠠᠯ ᠤᠨ ᠪᠠᠶᠢᠭᠤᠯᠤᠮᠵᠢ ᠠᠴᠠ ᠳᠠᠭᠠᠳᠬᠠᠬᠳᠠᠬᠴᠢ ᠠᠵᠤ ᠠᠬᠤᠢᠢᠯᠠᠯ ᠳᠤ ᠬᠤᠯᠪᠤᠭᠳᠠᠭᠤᠯᠤᠭᠰᠠᠨ ᠬᠠᠷᠢᠭᠤᠴᠠᠯᠭ᠎ᠠ | ᠡᠭᠦᠷᠭᠡᠯᠡᠨ᠎ᠡ ᠃ ᠨᠡᠶᠢᠭᠡᠮ ᠤᠨ ᠳᠠᠭᠠᠭᠠᠴᠢᠯᠠᠯᠲᠠ ᠵᠠᠷᠯᠠᠬᠤ ᠶᠠᠪᠤᠴᠠ ᠶᠢᠨ ᠶᠣᠰᠣᠭᠠᠷ ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠂ ᠬᠠᠮᠲᠤ ᠶᠢᠨ ᠳᠠᠭᠠᠳᠬᠠᠯ ᠤᠨ ᠴᠣᠭᠴᠠ ᠶᠢᠨ ᠳᠠᠭᠠᠭᠠᠴᠢᠯᠠᠬᠤ ᠪᠠᠶᠢᠭᠤᠯᠤᠮᠵᠢ ᠶᠢ ᠲᠣᠭᠲᠠᠭᠠᠨ᠎ᠠ ᠃ ᠳᠠᠭᠠᠳᠬᠠᠯ ᠤᠨ ᠬᠠᠮᠲᠤ ᠶᠢᠨ | ᠳᠠᠭᠠᠳᠬᠠᠯ ᠤᠨ ᠴᠣᠭᠴᠠ ᠶᠢᠨ ᠦᠢᠯᠡᠴᠢᠯᠡᠭᠡᠨ ᠤ ᠦᠶᠡᠯᠡᠯ ᠤᠨ ᠬᠦᠴᠦᠨ ᠲᠠᠢ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠂ ᠬᠠᠣᠯᠢ ᠪᠠᠷ ᠳᠣᠭᠲᠠᠭᠠᠭᠰᠠᠨ | ᠳᠡᠰ ᠳᠠᠷᠠᠭᠠᠯᠠᠯ ᠢᠶᠠᠷ ᠳᠠᠭᠠᠳᠬᠠᠯ ᠤᠨ ᠪᠠᠶᠢᠭᠤᠯᠤᠮᠵᠢ ᠶᠢ ᠰᠢᠨ᠎ᠡ ᠪᠠᠷ ᠰᠢᠯᠢᠨ ᠰᠣᠩᠭᠤᠵᠤ ᠲᠣᠭᠲᠠᠭᠠᠨ᠎ᠠ ᠃ | 2. ᠣᠯᠠᠨ ᠨᠡᠶᠢᠲᠡ ᠶᠢᠨ ᠦᠶᠯᠡᠴᠢᠯᠡᠭᠡᠨ ᠤ ᠳᠤᠬᠳᠠᠯᠴᠠᠭ᠎ᠠ ᠶᠢ ᠪᠠᠶᠢᠭᠤᠯᠤᠨ᠎ᠠ ᠃ ᠠᠶᠤᠯ ᠦᠭᠡᠢ ᠦᠢᠯᠡᠳᠪᠦᠷᠢᠯᠡᠯ ᠳᠠᠬᠢ ᠳᠠᠭᠠᠳᠬᠠᠯ ᠤᠨ | ᠦᠢᠯᠡᠳᠦᠯ ᠢ ᠪᠠᠳᠠᠷᠠᠭᠤᠯᠬᠤ ᠶᠢᠨ ᠲᠥᠯᠥᠭᠡ ᠂ ᠳᠠᠭᠠᠳᠬᠠᠯ ᠤᠨ ᠪᠠᠶᠢᠭᠤᠯᠤᠮᠵᠢ ᠶᠢᠨ ᠬᠢᠨ ᠣᠷᠣᠨ ᠪᠦᠰᠡ ᠶᠢᠨ ᠴᠢᠨᠠᠷᠲᠠᠶ ᠠᠶᠤᠯ ᠦᠭᠡᠢ | ᠦᠢᠯᠡᠳᠪᠦᠷᠢᠯᠡᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ ᠪᠠᠶᠢᠭᠤᠯᠵᠤ ᠂ ᠲᠤᠰᠬᠠᠶ ᠠᠵᠢᠯ ᠳᠦᠷᠤᠯ ᠤᠨ ᠰᠠᠯᠠᠭ᠎ᠠ ᠮᠥᠴᠢᠷ | ᠪᠣᠯᠤᠨ ᠠᠵᠢᠯᠳᠠᠨ ᠤ ᠠᠶᠤᠯ ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠬᠠᠷᠢᠭᠤᠴᠠᠯᠭ᠎ᠠ ᠶᠢ ᠲᠣᠳᠣᠷᠬᠠᠢᠢᠯᠠᠨ ᠂ ᠭᠡᠷᠡᠭ | ᠠᠳᠡᠯ ᠢ ᠰᠡᠷᠭᠡᠶᠢᠯᠡᠨ ᠡᠵᠡᠮᠳᠡᠬᠦ ᠂ ᠭᠡᠷᠡᠭ ᠠᠳᠡᠯ ᠢ ᠰᠢᠶᠳᠪᠦᠷᠢᠯᠡᠬᠦ ᠪᠠ ᠬᠠᠷᠢᠭᠤᠴᠠᠯᠭ᠎ᠠ ᠶᠢ ᠬᠢᠨᠠᠨ ᠲᠣᠭᠲᠠᠭᠠᠬᠤ ᠳᠤ ᠤᠯᠠᠨ ᠡᠳᠡᠭᠡᠳ ᠢᠶᠠᠷ ᠢᠶᠠᠨ | ᠤᠷᠤᠯᠴᠠᠬᠰᠠᠨ ᠲᠣᠭᠲᠠᠴᠠ ᠶᠢ ᠪᠠᠶᠢᠭᠤᠯᠤᠨ ᠂ ᠳᠠᠭᠠᠳᠬᠠᠯ ᠳᠤ ᠤᠷᠤᠯᠴᠠᠬᠤ ᠭᠠᠷᠳᠠᠮ ᠢ ᠳᠥᠭᠦᠮᠴᠢᠯᠡᠨ ᠂ ᠲᠦᠷᠭᠡᠨ ᠥᠭᠬᠦ ᠂ ᠤᠷᠢᠳᠴᠢᠯᠠᠨ ᠥᠭᠬᠦ | ᠴᠢᠳᠠᠮᠵᠢ ᠶᠢ ᠪᠡᠶᠡᠯᠡᠭᠦᠯᠦᠨ ᠂ ᠲᠥᠯᠥᠪᠦᠷᠢ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠵᠤ ᠂ | ᠳᠠᠭᠠᠳᠬᠠᠬᠳᠠᠬᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ ᠃ | 3. ᠭᠡᠷᠡᠭ ᠠᠳᠡᠯ ᠢ ᠤᠷᠢᠳᠴᠢᠯᠠᠨ ᠰᠡᠷᠭᠡᠶᠢᠯᠡᠬᠦ ᠦᠶᠯᠡᠴᠢᠯᠡᠭᠡᠨ ᠤ ᠡᠵᠡᠩᠨᠡᠯᠲᠡ ᠶᠢᠨ ᠲᠥᠪ ᠢ ᠪᠠᠶᠢᠭᠤᠯᠤᠨ᠎ᠠ ᠃ ᠳᠠᠭᠠᠳᠬᠠᠯ ᠤᠨ | ᠪᠠᠶᠢᠭᠤᠯᠤᠮᠵᠢ ᠂ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠪᠠᠷ ᠪᠦᠷᠢᠯᠳᠦᠭᠰᠡᠨ ᠭᠡᠷᠡᠭ ᠠᠳᠡᠯ ᠢ | ᠰᠡᠷᠭᠡᠶᠢᠯᠡᠬᠦ ᠦᠢᠯᠡᠴᠢᠯᠡᠭᠡᠨ ᠤ ᠡᠵᠡᠩᠨᠡᠯᠲᠡ ᠶᠢᠨ ᠲᠥᠪ ᠢ ᠪᠠᠶᠢᠭᠤᠯᠵᠤ ᠂ ᠡᠵᠡᠩᠨᠡᠯᠲᠡ ᠶᠢᠨ ᠲᠥᠪ ᠠᠴᠠ ᠲᠤᠰᠬᠠᠶ ᠮᠡᠷᠭᠡᠵᠢᠯᠲᠡᠨ ᠂ ᠭᠤᠷᠪᠠᠳᠠᠬᠢ | ᠡᠲᠡᠭᠡᠳ ᠤᠨ ᠦᠶᠯᠡᠴᠢᠯᠡᠭᠡᠨ ᠤ ᠪᠠᠶᠢᠭᠤᠯᠤᠮᠵᠢ ᠶᠢ ᠨᠢᠭᠡᠳᠦᠯᠲᠡᠶ ᠲᠥᠯᠥᠪᠯᠡᠨ ᠬᠠᠷᠢᠭᠤᠴᠠᠵᠤ ᠂ ᠭᠡᠷᠡᠭ ᠠᠳᠡᠯ ᠢ ᠤᠷᠢᠳᠴᠢᠯᠠᠨ ᠰᠡᠷᠭᠡᠶᠢᠯᠡᠬᠦ | ᠦᠶᠯᠡᠴᠢᠯᠡᠭᠡᠨ ᠤ ᠠᠵᠢᠯ ᠢ ᠬᠠᠩᠭᠠᠵᠤ ᠂ ᠳᠠᠭᠠᠳᠬᠠᠯ ᠤᠨ ᠦᠶᠯᠡᠳᠬᠦᠨ ᠢ ᠨᠡᠭᠡᠭᠡᠨ ᠬᠥᠭᠵᠢᠭᠦᠯᠵᠦ ᠂ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ ᠂ ᠭᠡᠷᠡᠭ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠳᠤ ᠡᠳᠦᠷ ᠲᠤᠲᠤᠮ ᠤᠨ | ᠬᠠᠮᠢᠶᠠᠷᠤᠯᠲᠠ ᠬᠢᠵᠦ ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠤᠭ᠎ᠠ ᠪᠠᠷᠢᠮᠲᠠ ᠵᠡᠷᠭᠡ ᠶᠢ ᠪᠦᠷᠢᠳᠬᠡᠨ ᠵᠠᠳᠠᠯᠬᠤ ᠶᠢᠨ | ᠬᠠᠮᠲᠤ ᠂ ᠳᠠᠭᠠᠳᠬᠠᠯ ᠳᠤ ᠤᠷᠤᠯᠴᠠᠬᠴᠢ ᠶᠢ ᠬᠠᠪᠰᠤᠷᠤᠨ ᠲᠥᠯᠥᠪᠦᠷᠢ ᠥᠭᠭᠦᠨ᠎ᠡ ᠃ ᠳᠠᠭᠠᠳᠬᠠᠯ ᠤᠨ ᠪᠠᠶᠢᠭᠤᠯᠤᠮᠵᠢ ᠨᠢ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠤᠨ ᠭᠡᠷᠡᠭ ᠠᠳᠡᠯ ᠢ ᠤᠷᠢᠳᠴᠢᠯᠠᠨ ᠰᠡᠷᠭᠡᠶᠢᠯᠡᠬᠦ ᠦᠶᠯᠡᠴᠢᠯᠡᠭᠡᠨ ᠤ ᠲᠤᠰᠬᠠᠶ ᠵᠦᠶᠯ ᠤᠨ ᠵᠠᠷᠤᠳᠠᠯ ᠭᠠᠷᠭᠠᠵᠤ ᠂ | ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠂ ᠲᠤᠰᠬᠠᠶ ᠵᠣᠭᠤᠰ ᠢ ᠲᠤᠰᠬᠠᠶ ᠵᠦᠶᠯ ᠳᠤ ᠬᠡᠷᠡᠭᠯᠡᠬᠦ ᠶᠢ ᠬᠡᠷᠡᠭᠵᠢᠭᠦᠯᠦᠨ ᠂ ᠨᠡᠭᠦᠯᠭᠡᠨ ᠬᠡᠷᠡᠭᠯᠡᠬᠦ ᠂ ᠰᠢᠬᠠᠨ | ᠡᠵᠡᠯᠡᠬᠦ ᠂ ᠰᠢᠯᠵᠢᠭᠦᠯᠦᠨ ᠬᠠᠳᠠᠭᠠᠯᠠᠵᠤ ᠪᠣᠯᠬᠤ ᠥᠬᠡᠶ ᠂ ᠬᠤᠰᠢᠭᠤᠨ ᠤ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠂ ᠨᠡᠭᠡᠭᠡᠯᠳᠠ ᠶᠢᠨ ᠤᠷᠦᠠ ᠪᠠ | ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠭᠡᠷᠡᠭ ᠠᠳᠡᠯ ᠢ ᠤᠷᠢᠳᠴᠢᠯᠠᠨ ᠰᠡᠷᠭᠡᠶᠢᠯᠡᠬᠦ ᠲᠤᠰᠬᠠᠶ ᠪᠠᠯᠠ ᠮᠥᠩᠭᠦ ᠶᠢᠨ | ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠵᠤ ᠵᠢᠭᠠᠨ ᠵᠢᠯᠣᠭᠤᠳᠤᠨ᠎ᠠ ᠃ ᠳᠠᠭᠠᠳᠬᠠᠯ ᠤᠨ ᠪᠠᠶᠢᠭᠤᠯᠤᠮᠵᠢ ᠨᠢ ᠵᠢᠯ ᠪᠦᠷᠢ ᠳᠠᠭᠠᠳᠬᠠᠯ ᠤᠨ | ᠪᠠᠶᠢᠭᠤᠯᠤᠮᠵᠢ ᠳᠤ ᠠᠶᠤᠯ ᠥᠭᠡᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠭᠡᠷᠡᠭ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠵᠦᠢᠯ ᠤᠨ ᠵᠠᠷᠤᠳᠠᠯ ᠢ | ᠬᠡᠷᠡᠭᠯᠡᠭᠰᠡᠨ ᠪᠠᠶᠢᠳᠠᠯ ᠢᠶᠠᠨ ᠢᠯᠡ ᠪᠣᠯᠭᠠᠬᠤ ᠬᠡᠷᠡᠭᠲᠡᠶ ᠃ | 4. ᠮᠡᠷᠭᠡᠵᠢᠯ ᠤᠨ ᠦᠶᠯᠡᠴᠢᠯᠡᠭᠡᠨ ᠤ ᠡᠩᠨᠡᠭᠡ ᠶᠢ ᠲᠡᠭᠦᠯᠳᠡᠷᠵᠢᠭᠦᠯᠦᠨ᠎ᠡ ᠃ ᠠᠶᠤᠯ ᠥᠭᠡᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠭᠡᠷᠡᠭ | ᠠᠳᠡᠯ ᠢ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠲᠤᠰᠬᠠᠶ ᠮᠡᠷᠭᠡᠵᠢᠯ ᠤᠨ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ ᠂ ᠳᠠᠭᠠᠳᠬᠠᠯ ᠤᠨ | ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠵᠢᠴᠢ ᠲᠡᠭᠦᠨ ᠠᠴᠠ ᠳᠡᠭᠡᠭᠰᠢᠬᠢ ᠡᠯ᠎ᠡ ᠠᠵᠢᠯ ᠲᠥᠷᠥᠯ ᠤᠨ ᠠᠮᠤᠷ ᠳᠦᠪᠰᠢᠨ ᠤ ᠮᠡᠷᠭᠡᠵᠢᠯᠲᠡᠨ ᠤ | ᠬᠥᠮᠥᠷᠭᠡ ᠶᠢᠨ ᠪᠦᠷᠢᠯᠳᠦᠬᠦᠨ ᠢ ᠠᠶᠤᠯ ᠥᠭᠡᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠮᠡᠷᠭᠡᠵᠢᠯ ᠤᠨ ᠦᠢᠯᠡᠴᠢᠯᠡᠭᠡᠨ ᠤ ᠲᠤᠰᠬᠠᠶ ᠮᠡᠷᠭᠡᠵᠢᠯᠲᠡᠨ ᠤ | ᠬᠥᠮᠥᠷᠭᠡ ᠳᠤ ᠣᠷᠣᠭᠤᠯᠬᠤ ᠶᠢᠨ ᠬᠠᠮᠲᠤ ᠭᠤᠷᠪᠠᠳᠠᠬᠢ ᠡᠲᠡᠭᠡᠳ ᠤᠨ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠠᠶᠤᠯ ᠦᠭᠡᠢ ᠦᠢᠯᠡᠳᠪᠦᠷᠢᠯᠡᠯ ᠤᠨ | ᠲᠤᠰᠬᠠᠶ ᠦᠢᠯᠡᠴᠢᠯᠡᠭᠡᠨ ᠤ ᠬᠤᠷᠰᠢᠯᠴᠠᠭ᠎ᠠ ᠥᠷᠨᠢᠭᠦᠯᠵᠦ ᠪᠣᠯᠤᠨ᠎ᠠ ᠃ | 5. ᠮᠡᠳᠡᠭᠡ ᠵᠠᠩᠭᠢ ᠶᠢᠨ ᠮᠡᠷᠭᠡᠵᠢᠯ ᠤᠨ ᠳᠡᠮᠵᠢᠯᠭᠡ ᠶᠢ ᠴᠢᠩᠭᠠᠷᠠᠭᠤᠯᠤᠨ᠎ᠠ ᠃ ᠳᠠᠭᠠᠳᠬᠠᠯ ᠤᠨ ᠪᠠᠶᠢᠭᠤᠯᠤᠮᠵᠢ ᠶᠢᠨ ᠬᠢᠨ ᠢᠡᠲ᠋ᠧᠷᠨᠧᠲ ᠰᠦᠯᠵᠢᠶ᠎ᠡ | ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ ᠂ ᠭᠡᠷᠡᠭ ᠠᠳᠡᠯ ᠢ ᠤᠷᠢᠳᠴᠢᠯᠠᠨ ᠰᠡᠷᠭᠡᠶᠢᠯᠡᠬᠦ ᠂ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠪᠥᠬᠦ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ ᠂ ᠳᠠᠭᠠᠳᠬᠠᠯ ᠳᠤ ᠣᠷᠣᠬᠤ ᠂ ᠲᠤᠰᠬᠠᠶ ᠪᠠᠯᠠ ᠮᠥᠩᠭᠦ ᠶᠢ ᠬᠡᠷᠡᠭᠯᠡᠬᠦ ᠂ ᠲᠥᠯᠥᠪᠦᠷᠢ ᠥᠭᠬᠦ ᠂ | ᠭᠡᠷᠡᠭ ᠠᠳᠡᠯ ᠢ ᠤᠷᠢᠳᠴᠢᠯᠠᠨ ᠰᠡᠷᠭᠡᠶᠢᠯᠡᠬᠦ ᠦᠶᠯᠡᠴᠢᠯᠡᠭᠡ ᠶᠢ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠠᠵᠢᠯᠯᠠᠭᠤᠯᠬᠤ ᠪᠠ ᠬᠥᠳᠡᠯᠦᠩᠭᠦᠶ ᠬᠢᠨᠠᠨ | ᠬᠡᠮᠵᠢᠬᠦ ᠶᠢ ᠪᠡᠶᠡᠯᠡᠭᠦᠯᠤᠨ᠎ᠠ᠂ ᠭᠤᠷᠪᠠᠳᠠᠬᠢ ᠡᠲᠡᠭᠡᠳ ᠤᠨ ᠪᠤᠰᠤᠳ ᠪᠠᠶᠢᠭᠤᠯᠤᠮᠵᠢ ᠨᠢ ᠨᠢᠭᠡᠨᠲᠡ ᠥᠪᠡᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠲᠠᠪᠴᠠᠩ ᠲᠠᠢ ᠪᠣᠯᠤᠭᠰᠠᠨ ᠪᠣᠯᠬᠤᠷ ᠥᠪᠡᠷ ᠤᠨ ᠲᠠᠪᠴᠠᠩ ᠢᠶᠠᠨ ᠬᠡᠷᠡᠭᠯᠡᠵᠦ ᠪᠣᠯᠤᠨ᠎ᠠ ᠂ ᠭᠡᠪᠡᠴᠦ ᠪᠥᠬᠦ ᠬᠤᠰᠢᠭᠤᠨ ᠤ ᠠᠶᠤᠯ | ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠠᠪᠴᠠᠩ ᠤᠨ ᠲᠤᠭ᠎ᠠ ᠪᠠᠷᠢᠮᠲᠠ ᠶᠢᠨ ᠵᠠᠯᠭᠠᠭᠠᠰᠤ ᠶᠢᠨ ᠱᠠᠭᠠᠷᠳᠠᠯᠭ᠎ᠠ ᠶᠣᠰᠣᠭᠠᠷ | ᠪᠥᠬᠦ ᠲᠤᠭ᠎ᠠ ᠪᠠᠷᠢᠮᠲᠠ ᠶᠢ ᠵᠠᠯᠭᠠᠵᠤ ᠣᠷᠣᠭᠤᠯᠬᠤ ᠬᠡᠷᠡᠭᠲᠡᠶ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠬᠦ | ᠠᠵᠢᠯ ᠤᠨ ᠶᠠᠪᠤᠴᠠ ᠳᠤ ᠂ ᠳᠠᠭᠠᠳᠬᠠᠯ ᠳᠤ ᠣᠷᠣᠯᠴᠠᠭᠰᠠᠨ ᠪᠤᠢ ᠪᠥᠬᠦᠢ ᠮᠡᠳᠡᠭᠡ ᠵᠠᠩᠭᠢ ᠪᠣᠯᠤᠨ ᠦᠢᠯᠡᠴᠢᠯᠡᠭᠡᠨ ᠤ ᠮᠡᠳᠡᠭᠡ ᠵᠠᠩᠭᠢ ᠶᠢ ᠠᠶᠤᠯ | ᠥᠭᠡᠢ ᠶᠢᠨ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠠᠪᠴᠠᠩ ᠳᠤ ᠪᠢᠴᠢᠵᠦ ᠣᠷᠣᠭᠤᠯᠬᠤ ᠬᠡᠷᠡᠭᠲᠡᠶ ᠃ ᠡᠭᠦᠨ ᠤ ᠬᠠᠮᠲᠤ ᠂ | ᠮᠠᠨ ᠤ ᠬᠤᠰᠢᠭᠤᠨ ᠤ ᠠᠶᠤᠯ ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠠᠪᠴᠠᠩ ᠤᠨ ᠬᠠᠮᠢᠶ᠎ᠠ ᠪᠥᠬᠦᠶ ᠲᠤᠭ᠎ᠠ | ᠪᠠᠷᠢᠮᠲᠠ ᠶᠢ ᠴᠥᠮ ᠵᠡᠭᠦᠨᠭᠠᠷ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠳᠤ | ᠬᠦᠷᠭᠡᠵᠦ ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢᠨ ᠬᠠᠮᠲᠤ ᠂ ᠬᠡᠷᠡᠭᠵᠢᠭᠦᠯᠬᠦ ᠠᠵᠢᠯ ᠤᠨ ᠪᠠᠶᠢᠳᠠᠯ ᠶᠣᠰᠣᠭᠠᠷ ᠠᠶᠤᠯ | ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠠᠪᠴᠠᠩ ᠤᠨ ᠬᠠᠮᠢᠶ᠎ᠠ ᠪᠥᠬᠦᠶ ᠴᠢᠳᠠᠮᠵᠢ ᠶᠢ ᠴᠠᠭ ᠲᠤᠬᠠᠶ ᠳᠤᠨᠢ ᠰᠢᠨᠡᠳᠬᠡᠨ | ᠲᠡᠭᠦᠯᠳᠡᠷᠵᠢᠭᠦᠯᠬᠦ ᠬᠡᠷᠡᠭᠲᠡᠶ ᠃ | ᠳᠥᠷᠪᠡ ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ | ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠠ ᠴᠠᠷᠠᠭᠠᠨ ᠳᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ | ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶ᠎ᠠ ᠠᠴᠠ ᠠᠶᠤᠯ ᠦᠭᠡᠢ ᠦᠢᠯᠡᠳᠪᠦᠷᠢᠯᠡᠯ ᠤᠨ ᠠᠯᠤᠰ ᠬᠡᠳᠤ ᠶᠢᠨ | ᠥᠭᠡᠷᠡᠴᠢᠯᠡᠯᠲᠡ ᠬᠥᠭᠵᠢᠯᠲᠡ ᠳᠤ ᠬᠠᠨᠳᠤᠭᠤᠯᠤᠭᠰᠠᠨ ᠦᠵᠦ ᠲᠥᠯᠥᠪᠯᠡᠭᠡ ᠪᠣᠯᠤᠨ᠎ᠠ ᠃ ᠡᠯ᠎ᠡ ᠬᠤᠯᠪᠤᠬᠳᠠᠯ ᠪᠥᠬᠦᠢ ᠨᠢᠭᠡᠴᠢ ᠶᠢᠨ ᠬᠢᠨ ᠬᠠᠮᠲᠤ ᠶᠢᠨ | ᠲᠠᠨᠢᠯᠲᠠ ᠲᠠᠢ ᠪᠣᠯᠵᠥ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠠᠬᠢᠭᠤᠯᠬᠤ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠠᠬᠢᠭᠤᠯᠬᠤ ᠪᠦᠲᠦᠮᠵᠢᠲᠡᠶ ᠠᠷᠭ᠎ᠠ ᠵᠠᠮ | ᠪᠣᠯᠤᠨ ᠪᠣᠳᠠᠲᠠᠶ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢᠨ ᠬᠠᠮᠲᠤ ᠲᠠᠰᠤᠷᠠᠯᠳᠠ ᠥᠭᠡᠢ ᠲᠡᠭᠦᠯᠳᠡᠷᠵᠢᠭᠦᠯᠵᠦ ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ ᠂ ᠬᠠᠷᠢᠭᠤᠴᠠᠯᠭ᠎ᠠ ᠲᠠᠢ ᠤᠳᠤᠷᠢᠳᠤᠯᠭ᠎ᠠ ᠪᠣᠯᠤᠨ ᠪᠣᠳᠠᠲᠠᠶ ᠬᠠᠷᠢᠭᠤᠴᠠᠯᠭᠠᠲᠠᠨ ᠢ | ᠲᠣᠳᠣᠷᠬᠠᠢᠢᠯᠠᠵᠤ ᠂ ᠠᠵᠢᠯ ᠤᠨ ᠲᠣᠭᠲᠠᠴᠠ ᠶᠢ ᠪᠥᠷᠢᠨᠰᠢᠬᠦᠯᠬᠦ ᠬᠡᠷᠡᠭᠲᠡᠶ ᠃ | ︵ᠬᠤᠶᠠᠷ ︶ ᠨᠠᠶᠢᠷᠠᠭᠤᠯᠤᠨ ᠵᠣᠬᠢᠶᠠᠬᠤ ᠠᠵᠢᠯ ᠤᠨ ᠲᠥᠰᠦᠯ | ᠬᠤᠶᠠᠷ ᠬᠦᠷᠢᠶᠡᠯᠡᠩ ᠲᠣᠭᠤᠷᠢᠭ ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠠᠵᠢᠯ ᠲᠥᠷᠥᠯ ︵ ᠬᠦᠷᠢᠶ᠎ᠡ | ᠴᠠᠷᠠᠭ᠎ᠠ ︶ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠂ ᠠᠵᠤ ᠠᠬᠤᠢᠢᠯᠠᠯ ᠤᠨ ᠪᠠᠶᠢᠳᠠᠯ ᠢ ᠡᠮᠬᠢᠯᠡᠨ ᠲᠣᠳᠣᠷᠬᠠᠢᠢᠯᠠᠵᠤ ᠂ ᠪᠣᠳᠠᠲᠠᠶ | ᠬᠡᠷᠡᠭᠵᠢᠭᠦᠯᠬᠦ ᠲᠥᠰᠦᠯ ᠲᠣᠭᠲᠠᠭᠠᠨ ᠂ ᠳᠠᠭᠠᠳᠬᠠᠯ ᠳᠤ ᠣᠷᠣᠯᠴᠠᠬᠤ ᠶᠣᠰᠣᠲᠠᠶ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠲᠣᠭᠲᠠᠭᠠᠵᠤ ᠂ ᠡᠬᠡ | ᠲᠠᠩᠰᠠ ᠪᠠᠶᠢᠭᠤᠯᠤᠨ ᠂ ᠬᠡᠷᠡᠭᠵᠢᠭᠦᠯᠬᠦ ᠠᠵᠢᠯ ᠤᠨ ᠴᠠᠭ ᠤᠨ ᠬᠢᠵᠠᠭᠠᠷᠯᠠᠯ ᠢ ᠲᠣᠳᠣᠷᠬᠠᠢᠢᠯᠠᠬᠤ ᠶᠢᠨ ᠬᠠᠮᠲᠤ ᠂ ᠬᠤᠰᠢᠭᠤᠨ ᠤ ᠠᠶᠤᠯ ᠦᠭᠡᠢ | ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃ ᠡᠭᠦᠨ ᠤ ᠬᠠᠮᠲᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠪᠤᠴᠠ ᠳᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ | ᠣᠷᠣᠯᠴᠠᠭᠰᠠᠨ ᠪᠠᠶᠢᠳᠠᠯ ᠳᠤ ᠬᠠᠤᠯᠢ ᠶᠣᠰᠣᠭᠠᠷ ᠪᠠᠶᠢᠴᠠᠭᠠᠯᠲᠠ ᠬᠢᠵᠦ ᠂ ᠠᠶᠤᠯ ᠥᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ | ᠬᠡᠷᠡᠭᠵᠢᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠃ | ︵ᠭᠤᠷᠪᠠ︶ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠨ᠎ᠠ | ᠬᠤᠶᠠᠷ ᠬᠦᠷᠢᠶᠡᠯᠡᠩ ᠲᠣᠭᠤᠷᠢᠭ ᠂ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯ ᠦᠭᠡᠢ ᠤᠶᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠤᠬᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠨ ᠂ | ᠲᠧᠯᠸᠢᠰ ᠂ ᠰᠦᠯᠵᠢᠶ᠎ᠡ ᠂ ᠸᠢᠴᠠᠲ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠶᠴᠡᠳ ᠠᠰᠢᠭᠯᠠᠨ ᠂ ᠠᠶᠤᠯ ᠦᠭᠡᠢ ᠤᠶᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠥᠲᠥᠯᠦᠨ ᠵᠢᠯᠣᠭᠤᠳᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠃ | ᠳᠠᠭᠠᠳᠬᠠᠯ ᠤᠨ ᠪᠠᠶᠢᠭᠤᠯᠤᠮᠵᠢ ᠨᠢ ᠠᠶᠤᠯ ᠥᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠬᠠᠢᠢᠯᠠᠭᠰᠠᠨ ᠠᠵᠢᠯ ᠤᠨ ᠮᠡᠳᠡᠯᠭᠡ ᠶᠢᠨ | ᠪᠣᠯᠪᠠᠰᠤᠷᠠᠯ ᠂ ᠰᠤᠳᠤᠯᠵᠤ ᠶᠠᠷᠢᠯᠴᠠᠬᠤ ᠂ ᠠᠮᠵᠢᠯᠲᠠ ᠤᠯᠤᠬᠰᠠᠨ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠬᠦ ᠂ ᠤᠬᠠᠭᠤᠯᠭ᠎ᠠ ᠶᠢᠨ ᠭᠠᠷ ᠳᠡᠪᠲᠡᠷ | ᠲᠠᠷᠬᠠᠭᠠᠬᠤ ᠂ 《ᠠᠶᠤᠯ ᠥᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠬᠤᠨᠳᠠᠭᠠᠳᠤ》 ᠨᠡᠶᠢᠳᠡ ᠶᠢᠨ ᠠᠰᠠᠷᠠᠮᠵᠢ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠂ ᠠᠶᠤᠯ ᠥᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠮᠡᠳᠡᠯᠭᠡ ᠶᠢᠨ ᠤᠷᠤᠯᠳᠤᠭᠠᠨ ᠢ | ᠵᠣᠬᠢᠶᠠᠨ ᠪᠠᠶᠢᠭᠤᠯᠬᠤ ᠵᠡᠷᠭᠡ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠵᠦ ᠂ ᠠᠶᠤᠯ | ᠥᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠪᠤᠢ ᠪᠣᠯᠭᠠᠵᠤ ᠂ ᠠᠵᠤ ᠠᠬᠤᠢᠢᠯᠠᠯ | ᠤᠨ ᠠᠶᠤᠯ ᠥᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠠᠯ᠎ᠠ ᠪᠠᠷ ᠬᠢ ᠮᠡᠳᠡᠴᠡ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠶ ᠃ ᠬᠥᠮᠦᠰ ᠢ ᠵᠣᠬᠢᠶᠠᠨ ᠪᠠᠶᠢᠭᠤᠯᠤᠨ ᠡᠬᠦᠳᠡᠨ ᠳᠤᠨᠢ ᠬᠦᠷᠴᠦ ᠤᠬᠠᠭᠤᠯᠬᠤ ᠦᠶᠯᠡᠴᠢᠯᠡᠭᠡ ᠶᠢ ᠥᠷᠨᠢᠭᠦᠯᠵᠦ ᠂ ᠠᠵᠤ ᠠᠬᠤᠢᠢᠯᠠᠯ ᠳᠤ ᠠᠶᠤᠯ | ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠂ ᠠᠵᠤ ᠠᠬᠤᠢᠢᠯᠠᠯ ᠤᠨ | ᠠᠮᠤᠷ ᠲᠦᠪᠰᠢᠨ ᠢᠶᠠᠷ ᠬᠥᠭᠵᠢᠬᠦ ᠳᠤ ᠦᠵᠡᠭᠦᠯᠬᠦ ᠴᠢᠬᠤᠯᠠ ᠦᠶᠯᠡᠳᠦᠯ ᠢ ᠭᠦᠶᠴᠡᠳ ᠲᠠᠨᠢᠭᠤᠯᠵᠤ᠂ ᠠᠵᠤ ᠠᠬᠤᠢᠢᠯᠠᠯ ᠤᠨ ᠮᠡᠳᠡᠷᠡᠬᠦᠢ ᠰᠡᠳᠬᠢᠯᠭᠡ ᠶᠢ | ᠨᠡᠮᠡᠭᠳᠡᠭᠦᠯᠦᠨ᠂ ᠠᠵᠤ ᠠᠬᠤᠢᠢᠯᠠᠯ ᠤᠨ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠃ | ︵ᠳᠥᠷᠪᠡ︶ ᠵᠣᠬᠢᠴᠠᠭᠤᠯᠤᠨ ᠨᠡᠪᠲᠡᠷᠡᠯᠴᠡᠬᠦ ᠶᠢ ᠴᠢᠩᠭᠠᠷᠠᠭᠤᠯᠤᠨ᠎ᠠ | ᠡᠯ᠎ᠡ ᠬᠤᠯᠪᠤᠬᠳᠠᠯ ᠪᠥᠬᠦᠶ ᠨᠢᠭᠡᠴᠢ ᠨᠢ ᠵᠣᠬᠢᠴᠠᠯᠳᠤᠨ ᠨᠡᠪᠲᠡᠷᠡᠯᠴᠡᠬᠦ ᠪᠠᠨ ᠴᠢᠩᠭᠠᠳᠬᠠᠵᠤ ᠂ ᠨᠢᠭᠲᠠ ᠬᠠᠮᠵᠢᠯᠴᠠᠨ ᠂ ᠠᠵᠢᠯ ᠤᠨ ᠬᠠᠮᠳᠤᠷᠠᠯ | ᠬᠦᠴᠦᠨ ᠢ ᠪᠣᠶ ᠪᠣᠯᠭᠠᠬᠤ ᠬᠡᠷᠡᠭᠲᠡᠶ ᠃ ᠳᠠᠭᠠᠳᠬᠠᠯ ᠤᠨ ᠪᠠᠶᠢᠭᠤᠯᠤᠮᠵᠢ ᠨᠢ ᠳᠠᠭᠠᠳᠬᠠᠯ ᠳᠤ ᠤᠷᠤᠯᠴᠠᠬᠰᠠᠨ ᠠᠵᠤ ᠠᠬᠤᠢᠢᠯᠠᠯ ᠤᠨ ᠲᠠᠯᠳᠠ ᠭᠡᠮ ᠢ | ᠵᠢᠭᠰᠠᠭᠠᠨ ᠪᠠᠶᠢᠴᠠᠭᠠᠵᠤ ᠵᠠᠰᠠᠬᠤ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠦᠢᠯᠡᠴᠢᠯᠡᠭᠡᠨ ᠤ ᠬᠠᠮᠢᠶ᠎ᠠ ᠪᠥᠬᠦᠢ ᠮᠡᠳᠡᠭᠡ ᠵᠠᠩᠭᠢ ᠶᠢ ᠬᠤᠯᠪᠣᠭᠳᠠᠯ ᠪᠥᠬᠦᠢ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠩᠭᠠᠬᠤ ᠬᠡᠷᠡᠭᠲᠡᠶ ᠃ ᠳᠠᠭᠠᠳᠬᠠᠯ ᠳᠤ ᠤᠷᠤᠯᠴᠠᠬᠰᠠᠨ ᠠᠵᠤ ᠠᠬᠤᠢᠢᠯᠠᠯ ᠤᠳ | ᠬᠦᠨᠳᠦ ᠶᠡᠭᠡ ᠲᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠭᠡᠢ ᠪᠣᠯ ᠬᠤᠯᠪᠣᠭᠳᠠᠯ ᠪᠥᠬᠦᠢ ᠬᠢᠨᠠᠨ ᠬᠠᠮᠢᠶᠠᠷᠬᠤ | ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠱᠠᠯᠠᠪᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃ ᠠᠶᠤᠯ | ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠭᠡᠷᠡᠭ ᠠᠳᠡᠯ ᠭᠠᠷᠤᠭᠰᠠᠨ ᠤ ᠲᠠᠷᠠᠭ᠎ᠠ ᠂ ᠳᠠᠭᠠᠳᠬᠠᠯ ᠳᠤ ᠤᠷᠤᠯᠴᠠᠬᠰᠠᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠂ ᠡᠮᠴᠢᠯᠡᠭᠡᠨ ᠤ ᠪᠠᠶᠢᠭᠤᠯᠤᠮᠵᠢ ᠨᠤᠭᠤᠳ ᠰᠠᠭᠠᠳ ᠥᠭᠡᠢ ᠨᠡᠪᠲᠡᠷᠡᠬᠦ ᠵᠠᠮ ᠨᠡᠭᠡᠭᠡᠵᠦ ᠂ ᠳᠠᠭᠠᠳᠬᠠᠯ ᠤᠨ ᠺᠣᠮᠫᠠᠨᠢ ᠶᠢᠨ | ᠬᠠᠷᠢᠭᠤᠴᠠᠯᠭ᠎ᠠ ᠶᠢ ᠲᠣᠭᠲᠠᠭᠠᠬᠤ ᠂ ᠬᠤᠬᠢᠷᠠᠯ ᠢ ᠲᠣᠭᠲᠠᠭᠠᠬᠤ ᠳᠤ ᠬᠡᠷᠡᠭᠰᠡᠬᠦ ᠮᠠᠲ᠋ᠧᠷᠢᠶᠠᠯ ᠪᠣᠯᠤᠨ ᠮᠡᠳᠡᠭᠡ ᠵᠠᠩᠭᠢ ᠶᠢ ᠬᠠᠩᠭᠠᠬᠤ ᠬᠡᠷᠡᠭᠲᠡᠶ ᠃ | ︵ᠲᠠᠪᠤ ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ | ᠬᠤᠰᠢᠭᠤᠨ ᠤ ᠠᠶᠤᠯ ᠦᠭᠡᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠠᠭᠠᠳᠬᠠᠯ ᠤᠨ ᠠᠵᠢᠯ ᠢ ᠨᠡᠭᠡᠭᠡᠯᠳᠠ ᠶᠢᠨ ᠤᠷᠦᠠ ᠪᠠ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢᠨ ᠲᠦᠷᠢᠮ ᠤᠨ ᠬᠠᠷᠠᠯᠲᠠᠲᠤ ᠬᠢᠨᠠᠨ ᠰᠢᠯᠭᠠᠯᠲᠠ ᠶᠢᠨ ᠠᠭᠤᠯᠭ᠎ᠠ ᠳᠤ ᠣᠷᠣᠭᠤᠯᠬᠤ ᠶᠢᠨ ᠬᠠᠮᠲᠤ ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠭᠡᠷᠡᠭᠵᠢᠬᠦᠯᠬᠦ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠯᠡᠬᠦ | ᠬᠡᠷᠡᠭᠲᠡᠶ ᠃ ᠬᠢᠨᠠᠨ ᠰᠢᠯᠭᠠᠵᠤ ᠦᠨᠡᠯᠡᠬᠦ ᠬᠠᠮᠢᠶᠠᠷᠤᠯᠲᠠ ᠶᠢᠨ ᠲᠥᠷᠢᠮ ᠢ ᠲᠣᠭᠲᠠᠭᠠᠨ ᠂ ᠳᠠᠭᠠᠳᠬᠠᠯ ᠤᠨ ᠪᠠᠶᠢᠭᠤᠯᠤᠮᠵᠢ ᠶᠢᠨ ᠠᠵᠢᠯᠯᠠᠭᠠᠨ ᠤ | ᠪᠠᠶᠢᠳᠠᠯ ᠂ ᠦᠢᠯᠡᠴᠢᠯᠡᠭᠡᠨ ᠤ ᠴᠢᠨᠠᠷᠵᠢᠯ ᠪᠣᠯᠤᠨ ᠭᠡᠷ᠎ᠡ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠰᠢᠯᠭᠠᠵᠤ ᠂ ᠳᠠᠭᠠᠳᠬᠠᠯ ᠤᠨ | ᠪᠠᠶᠢᠭᠤᠯᠤᠮᠵᠢ ᠶᠢᠨ ᠦᠨᠡᠨᠴᠢ ᠢᠲᠡᠭᠡᠮᠵᠢ ᠶᠢᠨ ᠳᠠᠩᠰᠠ ᠶᠢ ᠪᠠᠶᠢᠭᠤᠯᠬᠤ ᠬᠡᠷᠡᠭᠲᠡᠶ ᠃ ᠱᠠᠭᠠᠷᠳᠠᠯᠭ᠎ᠠ ᠶᠣᠰᠣᠭᠠᠷ ᠦᠢᠯᠡᠴᠢᠯᠡᠭᠡ ᠬᠠᠩᠭᠠᠭᠰᠠᠨ ᠥᠭᠡᠢ ᠶᠢ | ᠣᠯᠵᠤ ᠮᠡᠳᠡᠪᠡᠯ ᠂ ᠲᠦᠭᠰᠢᠭᠦᠷᠢ ᠶᠢᠨ ᠰᠠᠨᠠᠭᠤᠯᠤᠮᠵᠢ ᠶᠢᠨ ᠪᠢᠴᠢᠭ ᠢ ᠴᠠᠭ ᠲᠤᠬᠠᠶ ᠳᠤᠨᠢ ᠭᠠᠷᠭᠠᠨ ᠥᠭᠴᠦ ᠂ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠤᠨ ᠵᠠᠬ᠎ᠠ ᠳᠡᠯᠭᠡᠭᠦᠷ ᠤᠨ ᠡᠵᠡᠩᠨᠡᠯᠳᠡ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠤᠨ ᠂ ᠭᠤᠷᠪᠠ ᠤᠳᠠᠭ᠎ᠠ | ᠦᠢᠯᠡᠴᠢᠯᠡᠭᠰᠡᠨ ᠥᠭᠡᠢ ᠮᠥᠷᠲᠡᠭᠡᠨ ᠴᠡᠭᠴᠡᠯᠡᠨ ᠰᠠᠶᠢᠵᠢᠷᠠᠭᠤᠯᠤᠭᠰᠠᠨ ᠥᠭᠡᠢ ᠶᠢ ᠨᠢ ᠬᠠᠷ᠎ᠠ ᠳᠠᠩᠰᠠ ᠳᠤ ᠵᠢᠭᠰᠠᠭᠠᠨ ᠣᠷᠣᠭᠤᠯᠵᠤ ᠂ ᠴᠢᠬᠤᠯᠠᠳᠠᠢ ᠦᠶ᠎ᠡ | ᠳᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠵᠤ ᠳᠠᠭᠠᠳᠬᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠪᠠᠶᠢᠳᠠᠯ ᠳᠤ ᠬᠢᠨᠠᠨ ᠰᠢᠯᠭᠠᠯᠲᠠ ᠬᠢᠯᠭᠡᠬᠦ | ᠬᠡᠷᠡᠭᠲᠡᠶ ᠃ ᠬᠢᠨᠠᠯᠲᠠ ᠲᠠᠯᠪᠢᠵᠤ ᠬᠢᠨᠠᠨ ᠰᠢᠯᠭᠠᠭᠰᠠᠨ ᠦᠷ᠎ᠡ ᠳ᠋ᠦᠩ ᠢ ᠳᠠᠭᠠᠳᠬᠠᠯ ᠤᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠ ᠮᠠᠨ ᠤ | ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠬᠦ ᠠᠵᠢᠯ ᠠᠴᠠ ᠭᠠᠷᠬᠤ ᠭᠤᠣᠯ ᠦᠨᠳᠦᠰᠦᠯᠡᠯ ᠪᠣᠯᠭᠠᠬᠤ | ᠬᠡᠷᠡᠭᠲᠡᠶ ᠃ ᠳᠠᠭᠠᠳᠬᠠᠯ ᠤᠨ ᠪᠠᠶᠢᠭᠤᠯᠤᠮᠵᠢ ᠨᠢ ᠦᠢᠯᠡᠴᠢᠯᠡᠭᠡᠨ ᠤ ᠬᠡᠷᠡᠭᠵᠢᠭᠦᠯᠬᠦ ᠨᠠᠷᠢᠨ ᠲᠥᠷᠢᠮ ᠢ ᠨᠡᠶᠢᠲᠡᠯᠡᠵᠦ ᠂ ᠠᠵᠢᠯ ᠤᠨ ᠭᠠᠷ ᠳᠡᠪᠲᠡᠷ ᠭᠠᠷᠭᠠᠨ ᠂ | ᠳᠠᠭᠠᠳᠬᠠᠯ ᠤᠨ ᠦᠢᠯᠡᠴᠢᠯᠡᠭᠡᠨ ᠤ ᠵᠢᠷᠤᠮᠵᠢᠯ ᠪᠣᠯᠤᠨ ᠬᠢᠨᠠᠯᠲᠠ ᠲᠠᠯᠪᠢᠵᠤ ᠦᠨᠡᠯᠡᠨ ᠶᠠᠷᠢᠯᠴᠠᠵᠤ ᠬᠢᠨᠠᠨ ᠰᠢᠯᠭᠠᠬᠤ ᠠᠷᠭ᠎ᠠ ᠶᠢ ᠲᠣᠳᠣᠷᠬᠠᠢᠢᠯᠠᠵᠤ ᠂ | ᠭᠤᠷᠪᠠᠳᠠᠬᠢ ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠷᠭᠡᠵᠢᠯ ᠤᠨ ᠦᠢᠯᠡᠴᠢᠯᠡᠭᠡᠨ ᠤ ᠠᠵᠢᠯ ᠳᠤ ᠬᠢᠨᠠᠯᠲᠠ ᠲᠠᠯᠪᠢᠬᠤ ᠬᠡᠷᠡᠭᠲᠡᠶ᠃ | ᠳᠠᠭᠠᠳᠬᠠᠯ ᠤᠨ ᠪᠠᠶᠢᠭᠤᠯᠤᠮᠵᠢ ᠨᠢ ᠬᠠᠷᠢᠶ᠎ᠠ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠠᠵᠢᠯ | ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠬᠤᠯᠪᠤᠬᠳᠠᠯ ᠪᠥᠬᠦᠶ ᠨᠢᠭᠡᠴᠢ ᠳᠤ ᠣᠨ ᠤ ᠦᠨᠡᠯᠡᠨ ᠵᠢᠱᠢᠭᠰᠡᠨ ᠮᠡᠳᠡᠭᠦᠯᠦᠯᠲᠡ ᠪᠠᠨ | ᠳᠡᠭᠡᠭᠰᠢ ᠮᠡᠳᠡᠭᠦᠯᠵᠦ ᠂ ᠨᠡᠶᠢᠭᠡᠮ ᠳᠤ ᠣᠨ ᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠨᠡᠶᠢᠲᠡᠯᠡᠵᠦ ᠂ ᠬᠤᠰᠢᠭᠤᠨ ᠤ ᠠᠶᠤᠯ ᠦᠭᠡᠢ | ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢ ᠳᠣᠭᠢᠷᠠᠭᠤᠯᠤᠨ ᠨᠠᠶᠢᠳᠠᠪᠤᠷᠢᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ ᠂ | ᠠᠶᠤᠯ ᠦᠭᠡᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠥᠷᠨᠢᠭᠦᠯᠦᠭᠰᠡᠨ ᠪᠠᠶᠢᠳᠠᠯ ᠂ ᠳᠠᠭᠠᠳᠬᠠᠯ ᠤᠨ ᠪᠠᠶᠢᠭᠤᠯᠤᠮᠵᠢ ᠶᠢᠨ | ᠦᠶᠯᠡᠴᠢᠯᠡᠭᠡᠨ ᠤ ᠪᠠᠶᠢᠳᠠᠯ ᠢᠶᠠᠨ ᠴᠠᠭ ᠲᠤᠨᠢ ᠳᠣᠭᠢᠷᠠᠭᠤᠯᠤᠨ ᠨᠡᠶᠢᠳᠡᠯᠡᠵᠤ ᠂ ᠵᠠᠰᠠᠭ ᠤᠨ ᠣᠷᠳᠣᠨ ᠤ ᠬᠤᠯᠪᠤᠬᠳᠠᠯ ᠪᠥᠬᠦᠶ ᠰᠠᠯᠠᠭ᠎ᠠ ᠮᠥᠴᠢᠷ | ᠪᠣᠯᠤᠨ ᠨᠡᠶᠢᠭᠡᠮ ᠤᠨ ᠬᠢᠨᠠᠯᠲᠠ ᠶᠢ ᠬᠦᠯᠢᠶᠡᠨ᠎ᠡ ᠃ |