ᠰᠢᠨ᠎ᠡ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠵᠤ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠬᠰᠢᠯᠠᠶ᠎ᠠ— ᠳᠤᠮᠳᠠᠳᠤ ᠤᠯᠤᠰ ᠤᠨ ᠡᠪ ᠬᠠᠮᠳᠤ ᠨᠠᠮ ᠤᠨ ᠵᠡᠬᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠳᠦᠯᠦᠭᠡᠯᠡᠭᠴᠢᠳ ᠤᠨ ᠶᠡᠭᠡ ᠬᠤᠷᠡᠯ ᠤᠨ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠢᠷᠢᠰ ᠳᠤᠰᠬᠠᠢ ᠰᠤᠷᠪᠤᠯᠵᠢ᠊
ᠨᠡᠶᠢᠲᠡᠯᠡᠭᠰᠡᠨ ᠴᠠᠭ᠄
2021/8/20
ᠯᠠᠨ ᠲᠢᠶᠡᠨ ᠵᠡᠬᠡᠯᠢ ᠭᠤᠳᠤᠮᠵᠢ᠄ ᠵᠤᠯ ᠵᠢᠷᠭᠠᠯᠳᠤ ᠴᠢᠨᠡᠷ ᠳᠡᠰ ᠪᠦᠬᠦᠢ ᠵᠡᠬᠡᠯᠢ ᠭᠤᠳᠤᠮᠵᠢ ᠶᠢ ᠪᠦᠳᠦᠬᠡᠨ ᠪᠠᠶᠢᠭᠤᠯᠤᠨ᠎ᠠᠯᠠᠨ ᠲᠢᠶᠡᠨ ᠵᠡᠬᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠡᠨ ᠤ ᠱᠦᠵᠢ ᠬᠠᠨ ᠶᠠᠨ ᠢ  ᠰᠤᠷᠪᠤᠯᠵᠢᠯᠠᠬᠰᠠᠨ ᠨᠢ
韩燕(蓝天).jpg
     ᠰᠦ᠋ ᠱᠦᠵᠢ ᠶᠢᠨ ᠬᠢᠭᠰᠡᠨ ︽ᠨᠠᠮ ᠤᠨ ᠳᠦᠯᠦᠭᠡᠯᠡᠭᠴᠢᠳ ᠤᠨ ᠬᠤᠷᠡᠯ ᠤᠨ ᠮᠡᠳᠡᠬᠦᠯᠦᠯᠳᠠ︾ ᠨᠢ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠮᠵᠡᠭ᠂ ᠬᠦᠴᠢᠷ᠂ ᠳᠦᠭᠵᠢᠷᠡᠯ ᠤᠨ ᠴᠡᠭ ᠢ ᠠᠳᠬᠤᠵᠤ᠂ ᠬᠤᠶᠢᠰᠢᠳᠡ ᠶᠢᠨ ᠳᠠᠪᠤᠨ ᠵᠢᠯ ᠤᠨ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠡᠷ ᠰᠠᠶᠢᠳᠡᠢ ᠬᠦᠭᠵᠢᠯᠳᠡ ᠳᠤ ᠴᠢᠭᠯᠡᠯ ᠢ ᠵᠢᠭᠠᠵᠤ᠂ ᠵᠢᠷᠤᠮᠯᠠᠯ ᠬᠠᠨᠭ᠍ᠭᠠᠪᠠ᠃ ᠳᠠᠷᠠᠭᠠᠴᠢ ᠶᠢᠨ ᠠᠯᠬᠤᠮ ᠳᠤ᠂ ᠯᠠᠨ ᠲᠢᠶᠡᠨ ᠵᠡᠬᠡᠯᠢ ᠭᠤᠳᠤᠮᠵᠢ ᠨᠢ ᠳᠤᠰ ᠤᠳᠠᠭᠠᠨ ᠤ ᠬᠤᠷᠡᠯ ᠤᠨ ᠵᠤᠷᠢᠬ ᠰᠠᠨᠠᠭ᠎ᠠ ᠶᠢ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠤᠷᠡᠬᠢ ᠬᠡᠳᠦᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠡ᠃
蓝天1.jpg 蓝天2.jpg  
      ᠨᠢᠬᠡ ᠳᠤ ᠵᠤᠯ ᠵᠢᠷᠭᠠᠯᠳᠤ ᠴᠢᠨᠡᠷ ᠳᠡᠰ ᠪᠦᠬᠦᠢ ᠯᠠᠨ ᠲᠢᠶᠡᠨ ᠨᠡᠶᠢᠬᠡᠮ ᠳᠤᠭᠤᠷᠢᠬ ᠢ ᠪᠦᠳᠦᠬᠡᠨ ᠪᠠᠶᠢᠭᠤᠯᠤᠨ᠎ᠡ᠃ ᠰᠤ᠋ ᠱᠦᠵᠢ ᠶᠢᠨ ᠮᠡᠳᠡᠬᠦᠯᠦᠯᠳᠠ ᠳᠡᠭᠡᠨ ᠪᠠᠷᠠᠭᠤᠨ ᠬᠡᠰᠡᠭ ᠤᠨ ᠭᠠᠵᠠᠷ ᠤᠷᠤᠨ ᠤ ᠳᠡᠷᠢᠬᠦᠨ ᠤ ᠤᠳᠤᠬᠢᠴᠢᠯᠠᠬᠰᠠᠨ ᠴᠢᠨᠡᠷ ᠳᠡᠰ  ᠪᠦᠬᠦᠢ ᠬᠤᠳᠠ ᠶᠢ ᠪᠠᠶᠢᠭᠤᠯᠬᠤ ᠬᠠᠷᠠᠯᠳᠠ ᠶᠢ ᠳᠤᠷᠠᠳᠴᠠᠢ᠂ ᠯᠠᠨ ᠲᠢᠶᠡᠨ ᠵᠡᠬᠡᠯᠢ ᠭᠤᠳᠤᠮᠵᠢ ᠨᠢ ᠬᠠᠭᠤᠴᠢᠨ ᠰᠠᠭᠤᠭᠠᠯᠢ ᠳᠤᠭᠤᠷᠢᠬ ᠢ ᠦᠬᠡᠷᠡᠴᠢᠯᠡᠨ ᠵᠠᠰᠠᠬᠤ᠂ ᠵᠡᠬᠦᠨᠭᠠᠷ ᠡᠨᠧᠷᠬᠢ ᠶᠢᠨ ︽ᠭᠤᠷᠪᠠᠨ ᠬᠠᠨᠭ᠍ᠭᠠᠯᠭ᠎ᠠ ᠨᠢᠬᠡ ᠳᠤᠬᠠᠢᠢᠯᠠᠬᠰᠠᠨ︾ ᠢ ᠰᠢᠯᠵᠢᠬᠦᠯᠦᠨ ᠳᠤᠰᠢᠶᠡᠬᠤ ᠪᠠ ᠪᠦᠬᠦ ᠤᠯᠤᠰ ᠤᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠶᠢ ᠪᠠᠳᠤᠳᠬᠠᠨ ᠬᠦᠨᠵᠡᠬᠡᠶᠢᠷᠡᠬᠦᠯᠬᠦ ᠠᠵᠠ ᠳᠤᠬᠢᠶᠡᠯ ᠲᠠᠢ ᠤᠶᠠᠯᠳᠤᠭᠤᠯᠵᠤ᠂ ᠪᠠᠢ ᠶᠦᠨ᠂ ᠶᠠᠩ ᠭᠤᠸᠠᠩ᠂ ᠳᠠᠮᠤᠷ ᠵᠠᠮ ᠤᠨ ᠬᠤᠶᠢᠨᠠᠬᠢ ᠭᠤᠷᠪᠠᠨ ᠭᠤᠤᠯᠳᠠᠯᠭᠠᠳᠤ ᠨᠡᠶᠢᠬᠡᠮ ᠳᠤᠭᠤᠷᠢᠬ ᠲᠤ  ᠤᠭᠤᠳᠠᠳᠤ   ᠬᠡᠯᠪᠡᠷᠢ ᠶᠢᠨ ᠠᠭᠤᠳᠠᠮ ᠲᠠᠯᠠᠪᠡᠢ᠂ ᠵᠡᠬᠡᠯᠢ ᠶᠢᠨ ᠭᠤᠤᠯ ᠳᠠᠬᠢ ᠴᠡᠴᠡᠷᠯᠢᠭ᠂ ᠵᠢᠵᠢᠭ ᠵᠦᠯᠬᠡᠳᠤ ᠭᠠᠵᠠᠷ᠂ ᠰᠤᠶᠤᠯ ᠳᠠᠮᠢᠷ ᠤᠨ ᠠᠵᠢᠯᠯᠠᠭ᠎ᠠ ᠶᠢᠨ ᠳᠦᠪ ᠵᠡᠷᠬᠡ ᠰᠡᠯᠡᠬᠦᠴᠡᠯ ᠵᠤᠭ᠎ᠠ ᠴᠡᠩᠬᠡᠯ ᠤᠨ ᠳᠠᠯᠠᠪᠤᠷ ᠢ ᠪᠠᠶᠢᠭᠤᠯᠬᠤ ᠶᠢᠨ ᠬᠠᠮᠳᠤ ︽ᠨᠠᠰᠤᠳᠠᠨ ᠢ ᠠᠰᠠᠷᠡᠵᠤ ᠨᠢᠯᠬᠠᠰ ᠢ ᠬᠠᠷᠠᠭᠠᠯᠵᠠᠬᠤ︾ ᠳᠠᠯᠠᠪᠤᠷ ᠤᠷᠳᠤᠨ ᠢ ᠢᠵᠢ ᠪᠦᠷᠢᠳᠦᠬᠦᠯᠦᠨ ᠪᠠᠶᠢᠭᠤᠯᠵᠤ ᠂ ᠰᠠᠭᠤᠭᠠᠯᠢ ᠠᠷᠡᠳ ᠤᠨ ᠬᠦᠷᠳᠡᠬᠡᠮᠵᠢ ᠶᠢᠨ ᠳᠦᠷᠦᠭᠳᠡᠯ ᠪᠠ ᠵᠤᠯ ᠵᠢᠷᠭᠠᠯ ᠤᠨ ᠳᠦᠷᠦᠭᠳᠡᠯ ᠢ ᠤᠯᠠᠮ ᠨᠢᠬᠡ ᠠᠯᠬᠤᠮ ᠳᠡᠭᠡᠭᠰᠢᠯᠡᠬᠦᠯᠦᠨ᠎ᠡ᠃ ᠵᠡᠬᠡᠯᠢ ᠳᠤᠭᠤᠷᠢᠬ ᠤᠨ ᠳᠦᠷᠢᠮ᠂ ᠵᠢᠵᠢᠭ ᠠᠳᠠᠯ ᠠᠬᠤᠢ ᠶᠢ ᠰᠦᠪᠡᠭᠴᠢᠯᠡᠨ ᠬᠡᠷᠡᠭᠵᠢᠬᠦᠯᠵᠤ᠂ ᠮᠠᠰᠢᠨᠳᠦ ᠳᠡᠷᠬᠡᠨ ᠤ ᠡᠬᠦᠳᠡᠨ ᠰᠢᠰᠲ᠋ᠧᠮ ᠢ ᠤᠬᠰᠠᠷᠠᠵᠤ᠂ ᠨᠡᠬᠡᠬᠡᠯᠳᠡᠳᠤ ᠮᠠᠶ᠋ᠢᠬ ᠤᠨ ᠰᠠᠭᠤᠭᠠᠯᠢ ᠳᠤᠭᠤᠷᠢᠬ ᠲᠤ ᠨᠠᠷᠢᠯᠢᠬᠵᠢᠭᠤᠯᠤᠬᠰᠠᠨ ᠬᠠᠮᠢᠶᠠᠷᠤᠯᠳᠡ ᠶᠢ ᠬᠡᠷᠡᠭᠵᠢᠬᠦᠯᠵᠤ᠂ ᠰᠠᠭᠤᠭᠠᠯᠢ ᠳᠤᠭᠤᠷᠢᠬ ᠤᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠪᠠ ᠤᠯᠠᠨ ᠨᠡᠶᠢᠳᠡ ᠶᠢᠨ ᠡᠮᠬᠢ ᠳᠢᠭᠯᠢᠮ ᠤᠨ ᠵᠠᠰᠠᠯᠳᠡ ᠶᠢᠨ ᠳᠦᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ︔ ᠭᠤᠸᠠᠨ ᠳ᠋ᠢ ᠲᠠ᠂ ᠵᠢᠶᠠ ᠵᠢᠶᠠ ᠸᠠᠨ᠂ ᠵᠠᠩ ᠵᠢᠶᠠ ᠲᠠ ᠵᠡᠷᠬᠡ ᠬᠤᠳᠠ ᠬᠦᠳᠡᠭᠡ ᠶᠢᠨ 3 ᠠᠭᠤᠯᠵᠠᠷ ᠤᠨ ᠬᠡᠰᠡᠭ ᠲᠠᠬᠢ ᠨᠡᠶᠢᠬᠡᠮ ᠳᠤᠭᠤᠷᠢᠬ ᠲᠤ ᠳᠤᠯᠠᠭᠠᠯᠠᠮᠵᠢ᠂ ᠳᠦᠬᠡᠬᠡᠯ ᠤᠰᠤ ᠪᠠ ᠪᠤᠬᠢᠷ ᠤᠰᠤ ᠶᠢ ᠬᠤᠳᠠ ᠶᠢᠨ ᠶᠠᠪᠤᠳᠠᠯ ᠤᠨ ᠬᠤᠭᠤᠯᠠᠢ ᠶᠢᠨ ᠲᠤᠤᠷᠵᠢᠯ ᠵᠠᠯᠭᠠᠬᠤ ᠶᠢ ᠠᠬᠢᠭᠤᠯᠵᠤ᠂ ᠬᠠᠭᠤᠴᠢᠨ ᠳᠤᠭᠤᠷᠢᠬ ᠤᠨ ᠰᠠᠭᠤᠭᠠᠯᠢ ᠠᠷᠡᠳ ᠤᠨ ᠠᠮᠢᠳᠤᠷᠡᠯ ᠤᠨ ᠴᠢᠨᠡᠷ ᠴᠢᠨᠰᠠᠭ᠎ᠠ ᠪᠠ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠢ ᠰᠠᠶᠢᠵᠢᠷᠠᠭᠤᠯᠤᠨ᠎ᠡ᠃
蓝天3.jpg    
      ᠬᠤᠶᠡᠷ ᠲᠤ ᠠᠳᠠᠢ ᠭᠤᠤᠯ ᠢ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠠᠭᠤᠷᠢᠶᠡᠯ ᠦᠵᠡᠬᠦᠯᠬᠦ ᠳᠤᠰᠬᠤᠨ ᠪᠤᠯᠭᠠᠨ ᠴᠤᠬᠴᠠᠯᠠᠨ᠎ᠠ᠃ ᠮᠡᠳᠡᠬᠦᠯᠦᠯᠳᠠ ᠳᠤ ᠪᠦᠬᠦ ᠤᠷᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠬᠤᠰᠢᠭᠤᠴᠢ ᠪᠤᠯᠭᠠᠨ ᠪᠦᠳᠦᠬᠡᠨ ᠪᠠᠶᠢᠭᠤᠯᠬᠤ ᠪᠠᠷ ᠲᠤᠷᠠᠳᠤᠨ ᠭᠠᠷᠭᠠᠪᠠ ᠂ ᠯᠠᠨ ᠲᠢᠶᠡᠨ ᠵᠡᠬᠡᠯᠢ ᠭᠤᠳᠤᠮᠵᠢ ᠨᠢ ᠠᠳᠠᠢ ᠭᠤᠤᠯ ᠳᠤᠰᠬᠤᠨ ᠤ ᠤᠷᠤᠨ ᠪᠠᠶᠢᠷᠢ ᠶᠢᠨ ᠳᠠᠪᠠᠭᠤᠯᠢᠬ ᠢ ᠬᠦᠢᠴᠡᠳ ᠪᠠᠳᠠᠷᠠᠭᠤᠯᠵᠤ᠂ ᠭᠠᠵᠡᠷ ᠰᠢᠷᠤᠢ ᠶᠢ ᠪᠠᠭ᠎ᠠ ᠬᠡᠰᠡᠭ ᠢᠶᠠᠷ ᠳᠠᠭᠠᠭᠠᠴᠢᠯᠠᠨ ᠲᠦᠷᠢᠶᠡᠰᠦᠯᠡᠬᠦ᠂ ᠤᠢ ᠰᠢᠭᠤᠢ  ᠳᠠᠬᠢ ᠰᠢᠷᠠᠯᠠᠭ᠎ᠠ ᠱᠤᠷᠤᠯᠠᠭ᠎ᠠ᠂ ᠳᠠᠷᠢᠶᠠᠴᠢᠨ ᠠᠶᠢᠯ ᠤᠨ ᠪᠠᠶᠠᠰᠤᠯ ᠪᠠ ᠵᠢᠮᠢᠰ ᠨᠤᠭᠤᠭ᠎ᠠ ᠳᠡᠬᠦᠬᠦ ᠵᠡᠷᠬᠡ ᠬᠤᠳᠠ ᠶᠢᠨ ᠳᠡᠬᠦᠷᠬᠡ ᠶᠢᠨ ᠳᠠᠪᠠᠭᠤᠯᠢᠬ ᠠᠵᠤ ᠦᠢᠯᠡᠰ ᠢ ᠨᠠᠷᠢᠯᠢᠬᠵᠢᠭᠤᠯᠤᠨ ᠬᠦᠴᠦᠷᠭᠡᠭᠵᠢᠬᠦᠯᠬᠦ ᠶᠢᠨ ᠬᠠᠮᠳᠤ ᠭᠠᠵᠠᠷ ᠰᠢᠷᠤᠢ ᠶᠢᠨ ᠡᠬᠢ ᠪᠠᠶᠠᠯᠢᠬ ᠢ ᠠᠮᠢᠳᠤᠯᠢᠭᠵᠢᠭᠤᠯᠵᠦ᠂ ᠬᠠᠮᠳᠤ ᠶᠢᠨ ᠰᠡᠯᠡᠬᠦᠴᠡᠯ ᠵᠤᠭ᠎ᠠ ᠴᠡᠩᠬᠡᠯ᠂ ᠪᠡᠶᠡᠴᠢᠯᠡᠨ ᠤᠢᠢᠯᠠᠭᠠᠵᠤ ᠳᠤᠭᠤᠷᠢᠨ ᠦᠵᠡᠬᠦ᠂ ᠬᠦᠳᠡᠯᠮᠤᠷᠢ ᠦᠢᠯᠡᠳᠦᠯᠬᠡ᠂ ᠬᠡᠬᠡᠷ᠎ᠡ ᠪᠠᠭᠤᠳᠠᠯᠯᠠᠬᠤ ᠦᠵᠡᠰᠬᠦᠯᠡᠩ ᠵᠡᠷᠬᠡ ᠶᠢ ᠨᠢᠬᠡ ᠴᠤᠬᠴᠠᠵᠢᠭᠤᠯᠤᠬᠰᠠᠨ ᠳᠠᠷᠢᠶᠠᠯᠠᠩ ᠤᠨ ᠶᠡᠷᠦᠩᠬᠡᠶᠢᠯᠡᠭᠰᠡᠨ ᠴᠤᠬᠴᠠ ᠶᠢ ᠶᠡᠭᠡ ᠪᠠᠷ ᠬᠦᠭᠵᠢᠬᠦᠯᠵᠤ᠂ ᠳᠤᠰᠬᠤᠨ ᠤ ᠬᠠᠮᠳᠤ ᠶᠢᠨ ᠠᠵᠤ ᠠᠬᠤᠢ ᠶᠢ ᠳᠠᠰᠤᠷᠠᠯᠳᠠ ᠦᠬᠡᠢ ᠬᠦᠭᠵᠢᠬᠦᠯᠦᠨ ᠪᠤᠵᠠᠭᠠᠢᠢᠷᠠᠭᠤᠯᠵᠤ᠂ ᠳᠤᠰᠬᠤᠨ ᠤ ᠠᠷᠡᠳ ᠤᠨ ᠦᠷᠬᠦᠯᠵᠢᠯᠡᠨ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠵᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠯᠠᠨ ᠲᠢᠶᠡᠨ ᠵᠡᠬᠡᠯᠢ ᠭᠤᠳᠤᠮᠵᠢ ᠶᠢᠨ ᠦᠯᠢᠬᠡᠷ ᠬᠡᠪ ᠢ ᠬᠦᠴᠦᠯᠡᠨ ᠴᠤᠬᠴᠠᠯᠠᠨ᠎ᠠ᠃
蓝天4.jpg     ᠭᠤᠷᠪᠡ ᠳᠤ ᠦᠨᠳᠦᠰᠦᠨ ᠱᠠᠳᠤᠨ ᠤ ᠵᠠᠰᠠᠯᠳᠠ ᠶᠢᠨ ᠴᠢᠳᠠᠪᠤᠷᠢ ᠪᠠ ᠵᠠᠰᠠᠯᠳᠠ ᠶᠢᠨ ᠳᠦᠪᠰᠢᠨ ᠤ ᠤᠳᠤᠬᠢᠴᠢᠯᠡᠯᠳᠡ  ᠶᠢ ᠳᠡᠭᠡᠭᠰᠢᠯᠡᠬᠦᠯᠦᠨ᠎ᠡ᠃
ᠮᠡᠳᠡᠬᠦᠯᠦᠯᠳᠠ ᠳᠤ ᠦᠨᠳᠦᠰᠦᠨ ᠱᠠᠳᠤᠨ ᠤ ᠵᠠᠰᠠᠯᠳᠡ ᠶᠢᠨ ᠴᠢᠳᠠᠪᠤᠷᠢ ᠶᠢ ᠳᠡᠭᠡᠭᠰᠢᠯᠡᠬᠦᠯᠬᠦ ᠶᠢ ᠳᠤᠷᠠᠳᠴᠠᠢ᠂ ᠯᠠᠨ ᠲᠢᠶᠡᠨ ᠵᠡᠬᠡᠯᠢ ᠭᠤᠳᠤᠮᠵᠢ ᠨᠢ ᠨᠠᠮ ᠤᠨ ᠪᠠᠶᠢᠭᠤᠯᠤᠯᠳᠠ ᠶᠢᠨ ᠵᠢᠯᠤᠭᠤᠳᠤᠮᠵᠢ ᠶᠢᠨ ᠦᠢᠯᠡᠳᠦᠯ ᠢ ᠪᠦᠳᠦᠮᠵᠢᠳᠠᠢ ᠪᠠᠳᠠᠷᠠᠭᠤᠯᠵᠤ᠂ ︽ᠨᠢᠬᠡ ᠨᠡᠶᠢᠬᠡᠮ ᠳᠤᠭᠤᠷᠢᠬ ᠨᠢᠬᠡ ᠨᠡᠷ᠎ᠠ ᠳᠡᠮᠳᠡᠭ︾ ᠪᠤᠯᠬᠤ ᠪᠠᠷ ᠭᠠᠷᠳᠡᠴᠠ ᠪᠤᠯᠭᠠᠵᠤ᠂ ︽ᠠᠵᠢᠯ ᠠᠴᠠ ᠪᠠᠨ ᠠᠮᠠᠷᠠᠬᠰᠠᠨ ᠨᠠᠮ ᠤᠨ ᠬᠡᠰᠢᠬᠦᠨ ᠤ ᠤᠯᠤᠰ ᠳᠦᠷᠦ ᠶᠢᠨ ᠠᠮᠢᠳᠤᠷᠡᠯ ᠤᠨ ᠤᠷᠳᠤᠨ︾᠂ ︽ᠶᠢᠨ ᠵᠢᠢ ᠤᠯᠠᠭᠠᠨ ᠤᠭᠤᠵᠢ︾ ᠨᠠᠮ ᠤᠨ ᠬᠡᠰᠢᠬᠦᠨ ᠤ ᠰᠠᠶᠢᠨ ᠳᠤᠷ᠎ᠡ ᠶᠢᠨ ᠦᠢᠯᠡᠴᠢᠯᠡᠭᠡ᠂ ︽ᠨᠠᠰᠤᠳᠠᠶᠢᠴᠤᠳ ᠲᠤ ᠦᠢᠯᠡᠴᠢᠯᠡᠬᠦ‍ ᠨᠢᠬᠡ  ᠦᠷᠳᠡᠬᠡᠵᠢᠭᠰᠡᠨ ᠬᠡᠯᠪᠡᠷᠢ ᠶᠢᠨ ᠠᠮᠢᠳᠤᠷᠡᠯ ᠤᠨ ᠳᠤᠭᠤᠷᠢᠬ︾᠂ ︽ᠨᠠᠰᠤᠨ ᠳᠤ ᠦᠯᠦ ᠬᠦᠷᠦᠭᠰᠡᠳ ᠤᠨ ᠨᠢᠬᠡ ᠦᠷᠳᠡᠬᠡᠵᠢᠭᠰᠡᠨ  ᠬᠡᠯᠪᠡᠷᠢ ᠶᠢᠨ  ᠨᠠᠶᠢᠳᠠᠨ ᠠᠰᠠᠷᠠᠬᠤ ᠳᠤᠭᠤᠷᠢᠬ︾ ᠵᠡᠷᠬᠡ ᠨᠠᠮ ᠤᠨ ᠪᠠᠶᠢᠭᠤᠯᠤᠯᠳᠠ ᠶᠢᠨ ᠤᠨᠴᠠᠯᠢᠬᠳᠤ ᠬᠢᠯᠡᠰ ᠴᠡᠭ ᠢ ᠪᠤᠶᠢᠵᠢᠭᠤᠯᠤᠨ ᠴᠤᠬᠴᠠᠯᠠᠨ᠎ᠠ᠃ ᠨᠡᠶᠢᠬᠡᠮ ᠳᠤᠭᠤᠷᠢᠬ ᠤᠨ ︽ᠪᠢᠴᠢᠯ ᠰᠠᠭᠤᠷᠢ ᠮᠦᠡᠭᠬᠦ︾ ᠶᠢ ᠰᠦᠪᠡᠭᠴᠢᠯᠡᠨ ᠪᠠᠶᠢᠭᠤᠯᠵᠤ᠂ ᠬᠠᠮᠳᠤᠪᠡᠷ ᠪᠠᠶᠢᠭᠤᠯᠤᠬᠰᠠᠨ ᠨᠢᠬᠡᠴᠢ᠂ ᠰᠠᠭᠤᠭ᠎ᠠ ᠬᠤᠳᠠᠯᠳᠤᠭᠠᠨ ᠤ ᠳᠡᠯᠬᠡᠬᠦᠷ᠂ ᠪᠤᠯᠪᠠᠰᠤᠨ ᠤ ᠬᠤᠰᠢᠭᠤᠴᠢ ᠵᠡᠷᠬᠡ ᠶᠢ ᠳᠠᠶᠢᠴᠢᠯᠡᠨ ︽ᠬᠠᠨᠳᠤᠯᠭᠠᠳᠤ ᠤᠷᠤᠭᠤᠯᠤᠯᠳᠠ︾ ᠶᠢᠨ ᠬᠡᠯᠪᠡᠷᠢ ᠪᠠᠷ ︽ᠬᠠᠮᠳᠤ ᠪᠠᠷ ᠪᠠᠶᠢᠭᠤᠯᠬᠤ ᠦᠢᠯᠡᠳᠦᠯᠬᠡ ᠶᠢᠨ ᠮᠦᠡᠭᠬᠦ︾ ᠴᠤᠬᠯᠠᠭᠤᠯᠵᠤ᠂ ᠡᠯ᠎ᠡ ᠳᠠᠯ᠎ᠠ ᠶᠢᠨ ᠬᠦᠴᠦᠨ ᠤ ᠨᠡᠶᠢᠬᠡᠮ ᠳᠤᠭᠤᠷᠢᠬ ᠤᠨ ᠵᠠᠰᠠᠯᠳᠠ ᠳᠤ ᠤᠷᠤᠯᠴᠠᠬᠤ ᠢᠳᠡᠪᠬᠢᠵᠢᠯ ᠢ ᠳᠠᠶᠢᠴᠢᠯᠡᠵᠤ᠂ ᠬᠠᠷᠢᠶ᠎ᠡ ᠳᠤᠭᠤᠷᠢᠬ ᠤᠨ ᠰᠠᠭᠤᠭᠠᠯᠢ ᠠᠷᠡᠳ ᠲᠤ ᠪᠤᠳᠠᠳᠤ ᠶᠠᠪᠤᠳᠠᠯ ᠬᠢᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︽ᠵᠡᠬᠡᠯᠢ ᠭᠤᠳᠤᠮᠵᠢ ᠳᠤ ᠲᠤᠤᠭᠠᠷᠪᠠᠯ ᠰᠠᠯᠠᠭ᠎ᠠ ᠮᠦᠴᠢᠷ ᠨᠡᠷ᠎ᠡ ᠮᠡᠳᠡᠬᠦᠯᠬᠦ︾ ᠠᠵᠢᠯ ᠤᠨ ᠳᠤᠬᠳᠠᠴᠠ ᠶᠢ ᠬᠡᠷᠡᠭᠵᠢᠬᠦᠯᠵᠤ᠂ ᠵᠡᠬᠡᠯᠢ ᠭᠤᠳᠤᠮᠵᠢ ᠠᠴᠠ ᠡᠷᠬᠡ ᠤᠯᠭᠤᠨ ᠬᠠᠮᠢᠶᠠᠷᠤᠭᠤᠯᠬᠤ᠂ ᠡᠬᠢ ᠪᠠᠶᠠᠯᠢᠬ ᠬᠦᠷᠦᠯᠴᠡᠬᠦ ᠦᠬᠡᠢ ᠠᠰᠠᠭᠤᠳᠠᠯ ᠢ ᠲᠠᠬᠯᠠᠵᠦ᠂ ᠳᠤᠰᠬᠤᠨ ᠤ ᠠᠷᠡᠳ ︵ᠰᠠᠭᠤᠭᠠᠯᠢ ᠠᠷᠡᠳ︶ ᠤᠨ ᠤᠴᠢᠷ ᠶᠠᠪᠤᠳᠠᠯ ᠢ ᠵᠦᠪᠯᠡᠬᠦ ᠲᠠᠰᠤᠭ᠂ ᠠᠷᠡᠳ ᠤᠨ ᠠᠮᠢᠳᠤᠷᠠᠯ ᠳᠤ ᠬᠤᠯᠪᠤᠬᠳᠠᠬᠰᠠᠨ ᠵᠦᠢᠯᠡᠰ ᠢ ᠶᠠᠷᠢᠯᠴᠠᠬᠤ ᠬᠦᠷᠢᠶᠡᠯᠡᠩ᠂ ᠡᠶᠡᠯᠳᠡᠭ ᠬᠦᠷᠰᠢ ᠶᠢᠨ ᠴᠡᠭ ᠵᠡᠷᠬᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠰᠠᠭᠤᠭᠠᠯᠢ ᠠᠷᠡᠳ ᠤᠨ ᠬᠦᠷᠳᠡᠬᠡᠮᠵᠢ ᠶᠢᠨ ᠳᠦᠷᠦᠭᠳᠡᠯ ᠢ ᠨᠡᠩ ᠬᠦᠢᠴᠡᠳ᠂ ᠵᠤᠯ ᠵᠢᠷᠭᠠᠯ ᠤᠨ ᠳᠦᠷᠦᠭᠳᠡᠯ ᠢ ᠨᠡᠩ  ᠦᠷᠬᠦᠯᠵᠢᠯᠡᠬᠦᠶᠢᠴᠠ ᠪᠤᠯᠭᠠᠵᠤ᠂ ᠠᠮᠤᠷ ᠲᠦᠪᠰᠢᠨ ᠤ ᠳᠦᠷᠦᠭᠳᠡᠯ ᠢ ᠤᠯᠠᠮ ᠪᠠᠳᠤᠯᠠᠭ᠎ᠠ ᠲᠠᠢ ᠪᠤᠯᠭᠠᠨ᠎ᠠ᠃ 
ᠢᠷᠡᠯᠲᠡ᠄ ᠦᠨᠦᠳᠦᠷ ᠤᠨ ᠵᠡᠬᠦᠨᠭᠠᠷ