ᠰᠢᠨ᠎ᠡ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠵᠤ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠬᠰᠢᠯᠠᠶ᠎ᠠ— ᠳᠤᠮᠳᠠᠳᠤ ᠤᠯᠤᠰ ᠤᠨ ᠡᠪ ᠬᠠᠮᠳᠤ ᠨᠠᠮ ᠤᠨ ᠵᠡᠬᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠳᠦᠯᠦᠭᠡᠯᠡᠭᠴᠢᠳ ᠤᠨ ᠬᠤᠷᠡᠯ ᠤᠨ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠢᠷᠢᠰ ᠳᠤᠰᠬᠠᠢ ᠰᠤᠷᠪᠤᠯᠵᠢ᠊
ᠨᠡᠶᠢᠲᠡᠯᠡᠭᠰᠡᠨ ᠴᠠᠭ᠄
2021/8/20
ᠸᠧᠢ ᠵᠢᠶᠠ ᠮᠤᠤ ᠪᠠᠯᠭᠠᠰᠤ᠄ ᠠᠵᠢᠯᠯᠠᠵᠤ ᠠᠮᠢᠳᠤᠷᠠᠬᠤ ᠳᠤ ᠳᠤᠬᠢᠷᠠᠮᠵᠢᠳᠡᠢ ᠤᠨᠴᠠᠯᠢᠬᠳᠤ ᠪᠠᠯᠭᠠᠰᠤ ᠶᠢ ᠴᠤᠬᠴᠠᠯᠠᠨ᠎ᠠᠸᠧᠢ ᠵᠢᠶᠠ ᠮᠤᠤ ᠪᠠᠯᠭᠠᠰᠤ ᠶᠢᠨ ᠨᠠᠮ ᠤᠨ ᠬᠤᠷᠢᠶᠡᠨ ᠤ ᠱᠦᠵᠢ ᠶᠠᠩ ᠪᠤᠤ ᠶᠢ ᠰᠤᠷᠪᠤᠯᠵᠢᠯᠠᠬᠰᠠᠨ ᠨᠢ
杨宝(魏家峁).jpg
      ᠸᠧᠢ ᠵᠢᠶᠠ ᠮᠤᠤ ᠪᠠᠯᠭᠠᠰᠤ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠡᠷ ᠰᠠᠶᠢᠳᠡᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠤ᠂ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠳᠦᠯᠦᠭᠡᠯᠡᠭᠴᠢᠳ ᠤᠨ ᠬᠤᠷᠡᠯ ᠤᠨ ᠡᠯ᠎ᠡ ᠳᠦᠷᠦᠯ ᠤᠨ ᠬᠠᠷᠠᠯᠳᠠ ᠡᠬᠦᠷᠬᠡ ᠶᠢ ᠢᠮᠠᠬᠳᠠ ᠰᠠᠶᠢᠳᠤᠷ ᠨᠠᠶᠢᠳᠠᠪᠤᠷᠢᠵᠢᠭᠤᠯᠵᠤ᠂ ᠸᠧᠢ ᠵᠢᠶᠠ ᠮᠤᠤ ᠪᠠᠯᠭᠠᠰᠤ ᠶᠢ ᠡᠨᠧᠷᠬᠢ ᠳᠦᠪᠯᠡᠷᠡᠭᠰᠡᠨ᠂ ᠳᠠᠷᠢᠶᠠᠯᠠᠩ ᠵᠤᠭᠠᠴᠠᠯ ᠠᠭᠤᠰᠤᠯᠴᠠᠬᠰᠠᠨ᠂ ᠠᠮᠢ ᠠᠬᠤᠢ ᠶᠢᠨ ᠤᠷᠤᠰᠢᠨ ᠰᠠᠭᠤᠷᠢᠰᠢᠬᠤ ᠳᠤ ᠳᠤᠬᠢᠷᠠᠮᠵᠢᠳᠡᠢ ᠠᠷᠡᠳ ᠳᠦᠮᠡᠨ ᠵᠤᠯ ᠵᠢᠷᠭᠠᠯᠳᠡᠢ ᠤᠨᠴᠠᠯᠢᠬᠳᠤ ᠵᠢᠵᠢᠭ ᠪᠠᠯᠭᠠᠰᠤ ᠪᠤᠯᠭᠠᠨ ᠴᠤᠬᠴᠠᠯᠠᠨ᠎ᠠ᠃
魏家峁1.jpg     ᠨᠢᠬᠡ ᠳᠤ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠬᠦᠴᠦᠯᠡᠵᠤ᠂ ᠡᠨᠧᠷᠬᠢ ᠳᠦᠪᠯᠡᠷᠡᠭᠰᠡᠨ ᠪᠠᠯᠭᠠᠰᠤ ᠶᠢ ᠴᠤᠬᠴᠠᠯᠠᠨ᠎ᠠ᠃ ᠠᠵᠤ
ᠦᠢᠯᠡᠳᠪᠦᠷᠢ ᠶᠢᠨ ᠬᠦᠴᠦᠷᠭᠡᠭ ᠪᠠᠯᠭᠠᠰᠤ ᠪᠠᠷ ᠬᠠᠷᠠᠯᠳᠠ ᠪᠤᠯᠭᠠᠵᠤ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠪᠦᠬᠦ ᠬᠦᠴᠦᠨ ᠢᠶᠠᠷ ᠦᠢᠯᠡᠴᠢᠯᠡᠬᠦ ᠶᠢ ᠪᠠᠳᠤᠯᠠᠨ᠎ᠠ᠃ ᠤᠯᠤᠰ ᠤᠨ ᠴᠠᠬᠢᠯᠭᠠᠨ ᠬᠦᠴᠦᠨ ᠤ ᠵᠢᠶᠠᠨ ᠲᠸᠦ ᠶᠢᠨ ᠴᠠᠩ ᠲᠠᠨ ᠴᠠᠬᠢᠯᠭᠠᠨ ᠦᠢᠯᠡᠳᠪᠦᠷᠢ ᠶᠢᠨ 2 × 660 ᠰᠠᠶ᠎ᠠ ᠸᠠᠲ ᠤᠨ ᠮᠠᠰᠢᠨ ᠴᠤᠬᠴᠠᠯᠠᠪᠤᠷᠢ ᠶᠢᠨ ᠪᠠᠷᠢᠯᠭ᠎ᠠ᠂ ᠬᠤᠸᠠ ᠰᠢᠶᠡ ᠶᠢᠨ ᠵᠦ ᠵᠢᠶᠠ ᠫᠢᠡᠭ ᠴᠠᠬᠢᠯᠭᠠᠨ ᠦᠢᠯᠡᠳᠪᠦᠷᠢ ᠵᠢᠴᠢ ᠢᠵᠢ ᠪᠦᠷᠢᠳᠦᠬᠦᠯᠦᠭᠰᠡᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠳᠦᠷᠬᠡᠳᠬᠡᠵᠤ᠂ ᠬᠤᠢ ᠨᠸᠡᠭ ᠴᠠᠩ ᠲᠠᠨ᠂ ᠵᠢᠩ ᠲᠠᠢ ᠶᠢᠨ ᠰᠤᠸᠠᠨ ᠼᠢ ᠭᠸᠦ ᠴᠠᠬᠢᠯᠭᠠᠨ ᠦᠢᠯᠡᠳᠪᠦᠷᠢ ᠶᠢᠨ ᠤᠨᠴᠠ ᠦᠨᠳᠦᠷ ᠬᠦᠴᠦᠳᠡᠯᠳᠤ ᠱᠤᠭᠤᠮ ᠤᠷᠤᠭᠤᠯᠬᠤ ᠵᠡᠷᠬᠡ ᠳᠦᠷᠦᠯ ᠵᠦᠢᠯ ᠤᠨ ᠳᠠᠳᠠᠪᠤᠷᠢᠯᠡᠨ ᠨᠡᠬᠦᠯᠬᠡᠬᠦ ᠠᠵᠢᠯ ᠢ ᠬᠠᠮᠵᠢᠯᠴᠠᠨ ᠰᠠᠶᠢᠳᠤᠷ ᠬᠢᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠳᠦᠪᠯᠡᠷᠡᠭᠰᠡᠨ ᠬᠦᠭᠵᠢᠯᠳᠡ ᠶᠢ ᠠᠬᠢᠭᠤᠯᠤᠨ᠎ᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠤ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠳᠠᠰᠤᠷᠡᠯᠳᠡ ᠦᠬᠡᠢ ᠰᠢᠯᠢᠳᠡᠭᠵᠢᠬᠦᠯᠵᠤ᠂ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠬᠦᠯᠵᠤ᠂ ᠤᠷᠤᠨ ᠨᠤᠳᠤᠭ ᠲᠤ ᠰᠠᠭᠤᠭ᠎ᠠ ᠠᠵᠤ ᠠᠬᠤᠢᠢᠯᠡᠯ ᠤᠨ ᠨᠡᠩ ᠰᠠᠶᠢᠨ ᠬᠦᠭᠵᠢᠯᠳᠡ ᠶᠢ ᠠᠬᠢᠭᠤᠯᠤᠨ᠎ᠡ᠃     ᠬᠤᠶᠡᠷ ᠲᠤ᠂ ᠠᠵᠤ ᠦᠢᠯᠡᠰ ᠢ ᠬᠦᠴᠦᠯᠡᠨ ᠬᠦᠭᠵᠢᠬᠦᠯᠵᠦ᠂ ᠳᠠᠷᠢᠶᠠᠯᠠᠩ ᠵᠤᠭᠠᠴᠠᠯ ᠠᠭᠤᠰᠤᠯᠴᠠᠬᠰᠠᠨ ᠪᠠᠯᠭᠠᠰᠤ ᠶᠢ ᠴᠤᠬᠴᠠᠯᠠᠨ᠎ᠠ᠃ ᠬᠦᠳᠡᠭᠡ ᠳᠤᠰᠬᠤᠨ ᠢ ᠬᠦᠭᠵᠢᠬᠦᠯᠦᠨ ᠮᠨᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠬᠦ ᠪᠠᠷ ᠠᠵᠠ ᠳᠤᠬᠢᠶᠠᠯ ᠪᠤᠯᠭᠠᠵᠤ᠂ ︽ᠠᠵᠤ ᠦᠢᠯᠡᠰ ᠢ ᠠᠳᠬᠤᠬᠤ ᠨᠢ ᠳᠠᠷᠤᠢ ᠬᠦᠭᠵᠢᠯᠳᠡ ᠶᠢ ᠠᠳᠬᠤᠬᠤ ᠶᠠᠪᠤᠳᠠᠯ ᠪᠤᠯᠤᠨ᠎ᠠ︾ ᠬᠡᠬᠦ ᠤᠢᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠵᠤ᠂ ᠬᠠᠨᠳᠤᠰᠢ ᠳᠤᠨᠢ ᠳᠤᠬᠢᠷᠠᠭᠤᠯᠤᠨ ᠬᠦᠳᠦᠯᠦᠨ ᠳᠠᠭᠠᠭᠤᠯᠵᠤ᠂ ᠭᠠᠵᠠᠷ ᠤᠷᠤᠨ ᠤ ᠪᠤᠳᠠᠳᠠᠢ ᠳᠤᠨᠢ ᠳᠤᠬᠢᠷᠠᠭᠤᠯᠤᠨ ᠨᠦᠯᠦᠬᠡᠯᠡᠬᠦ ᠬᠡᠪᠴᠢᠶ᠎ᠡ ᠪᠠᠷ ᠦᠷᠬᠡᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠵᠤ ᠠᠬᠤᠢ ᠶᠢᠨ ᠦᠷ᠎ᠡ ᠠᠰᠢᠬ ᠢᠶᠠᠷ ᠰᠠᠶᠢᠨ ᠨᠢᠬᠡ ᠪᠦᠯᠦᠭ ᠠᠵᠤ ᠦᠢᠯᠡᠰ ᠤᠨ ᠳᠦᠷᠦᠯ ᠵᠦᠢᠯ ᠢ ᠬᠡᠷᠡᠭᠵᠢᠬᠦᠯᠤᠨ᠎ᠡ᠃ ᠬᠦᠳᠡᠭᠡ ᠳᠤᠰᠬᠤᠨ ᠤ ᠤᠨᠴᠠᠯᠢᠬᠳᠤ ᠵᠤᠭᠠᠴᠠᠯ ᠤᠨ ᠱᠤᠭᠤᠮ ᠢ ᠪᠠᠶᠢᠭᠤᠯᠵᠤ᠂ ︽ᠵᠤᠭᠠᠴᠠᠯ ᠢᠶᠠᠷ ᠳᠠᠷᠢᠶᠠᠯᠠᠩ ᠢ ᠠᠬᠢᠭᠤᠯᠬᠤ︾᠂ ︽ᠳᠠᠷᠢᠶᠠᠯᠠᠩ ᠢᠶᠠᠷ ᠵᠤᠭᠠᠴᠠᠯ ᠢ ᠬᠦᠭᠵᠢᠬᠦᠯᠬᠦ︾ ᠵᠡᠷᠬᠡ ᠪᠤᠬᠢᠷᠳᠤᠯ ᠦᠬᠡᠢ᠂ ᠠᠮᠢ ᠠᠬᠤᠢ ᠪᠠᠷ ᠨᠡᠷ᠎ᠠ ᠳᠡᠮᠳᠡᠭ ᠪᠤᠯᠭᠠᠬᠰᠠᠨ ᠳᠠᠷᠢᠶᠠᠯᠠᠩ ᠵᠤᠭᠠᠴᠠᠯ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠨᠡᠬᠦᠷᠡᠰᠦᠨ ᠠᠭᠤᠷᠬᠠᠢ ᠶᠢᠨ ᠳᠠᠬᠢᠨ ᠬᠠᠭᠠᠯᠪᠤᠷᠢᠯᠠᠬᠰᠠᠨ ᠤᠷᠤᠨ᠂ ᠨᠡᠬᠦᠷᠡᠰᠤ ᠮᠠᠯᠳᠠᠬᠰᠠᠨ ᠠᠴᠠ ᠪᠤᠯᠵᠦ ᠲᠤᠷᠤᠬᠰᠢ ᠰᠠᠭᠤᠬᠰᠠᠠ ᠤᠷᠤᠨ ᠳᠤ ᠳᠠᠷᠢᠵᠤ ᠳᠡᠵᠢᠬᠡᠨ ᠦᠷᠡᠵᠢᠬᠦᠯᠬᠦ ᠦᠢᠯᠡᠰ ᠢ ᠬᠦᠭᠵᠢᠬᠦᠯᠬᠦ ᠶᠢ ᠠᠬᠢᠭᠤᠯᠵᠤ᠂ ᠸᠧᠢ ᠵᠢᠶᠠ ᠮᠤᠤ ᠶᠢᠨ ᠠᠭᠤᠯᠠᠷᠬᠠᠬ ᠤᠷᠤᠨ ᠤ ᠡᠯᠳᠡᠪ ᠠᠮᠤ᠂ ᠠᠯᠠᠰᠢᠨ ᠦᠬᠡᠷ᠂ ᠰᠡᠷᠬᠡ ᠵᠡᠷᠬᠡ ᠪᠤᠬᠢᠷᠳᠤᠯ ᠦᠬᠡᠢ ᠨᠡᠷ᠎ᠠ ᠳᠡᠮᠳᠡᠭ ᠢ ᠴᠤᠬᠴᠠᠯᠠᠨ᠎ᠠ᠃
魏家峁2.jpg      ᠭᠤᠷᠪᠡ ᠳᠤ᠂ ᠠᠮᠢ ᠠᠬᠤᠢ ᠶᠢ ᠬᠦᠴᠦᠯᠡᠨ ᠬᠠᠮᠠᠭᠠᠯᠠᠵᠦ᠂ ᠠᠮᠢ ᠠᠬᠤᠢ ᠶᠢᠨ ᠤᠷᠤᠰᠢᠨ ᠰᠠᠭᠤᠷᠢᠰᠢᠬᠤ ᠳᠤ ᠳᠤᠬᠢᠷᠠᠮᠵᠢᠳᠡᠢ ᠪᠠᠯᠭᠠᠰᠤ ᠶᠢ ᠴᠤᠬᠴᠠᠯᠠᠨ᠎ᠠ᠃
ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠪᠠ ᠬᠦᠳᠡᠭᠡ ᠳᠤᠰᠬᠤᠨ ᠤ ᠬᠦᠮᠦᠨ ᠠᠷᠡᠳ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠪᠠᠷ ᠭᠠᠷᠳᠡᠴᠡ ᠪᠤᠯᠭᠠᠵᠤ᠂ ᠡᠬᠢ ᠪᠡᠶᠡᠯᠢᠬ ᠢ ᠨᠡᠬᠡᠬᠡᠨ ᠠᠰᠢᠬᠯᠠᠬᠤ ᠪᠠ ᠠᠮᠢ ᠠᠬᠤᠢ ᠶᠢᠨ ᠳᠠᠭᠠᠭᠠᠬᠤ ᠴᠢᠳᠠᠪᠤᠷᠢ ᠶᠢ ᠨᠢᠬᠡᠳᠦᠯᠳᠡᠢ ᠳᠦᠯᠦᠪᠵᠢᠬᠦᠯᠵᠤ᠂ ᠠᠭᠤᠷᠬᠠᠢ ᠶᠢᠨ ᠤᠷᠤᠨ ᠵᠢᠴᠢ ᠤᠢᠢᠷ᠎ᠡ ᠬᠠᠪᠢ ᠶᠢᠨ ᠤᠷᠴᠢᠨ ᠳᠤᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠷᠢᠶᠡᠨ ᠳᠠᠬᠢ ᠠᠭᠤᠷᠬᠠᠢ ᠶᠢ ᠪᠦᠬᠦᠨ ᠢ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠦᠳᠦᠬᠡᠨ ᠪᠠᠶᠢᠭᠤᠯᠤᠯᠳᠠ ᠶᠢᠨ ᠪᠠᠷᠢᠮᠵᠢᠶᠡᠨ ᠳᠤ ᠬᠦᠷᠬᠡᠨ᠎ᠡ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠪᠠ ᠴᠢᠨᠡᠷ ᠰᠠᠶᠢᠳᠡᠢ ᠬᠦᠭᠵᠢᠯᠳᠡ ᠶᠢ ᠪᠦᠬᠦ ᠳᠠᠯ᠎ᠠ ᠪᠠᠷ ᠠᠬᠢᠭᠤᠯᠵᠤ᠂ ᠭᠤᠤᠯ ᠤᠨ ᠳᠠᠷᠤᠭ᠎ᠠ ᠶᠢᠨ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠬᠠᠳᠤᠨ ᠭᠤᠤᠯ ᠢ ᠬᠠᠮᠠᠭᠠᠯᠠᠬᠤ ᠠᠵᠢᠯᠯᠠᠭ᠎ᠠ ᠶᠢ ᠪᠦᠬᠦ ᠳᠠᠯ᠎ᠠ ᠪᠠᠷ ᠬᠡᠷᠡᠭᠵᠢᠬᠦᠯᠤᠨ᠎ᠡ ᠃ ᠬᠦᠮᠦᠨ ᠠᠷᠡᠳ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠦᠷ᠎ᠠ ᠠᠰᠢᠬ ᠢ ᠬᠦᠨᠵᠡᠬᠡᠶᠢᠷᠡᠬᠦᠯᠤᠨ ᠬᠡᠰᠡᠭ ᠤᠷᠤᠨ ᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠳᠤᠤᠷᠵᠢᠭᠤᠯᠤᠬᠰᠠᠨ ᠬᠠᠮᠢᠶᠠᠷᠤᠯᠳᠡ ᠶᠢ ᠰᠢᠯᠢᠳᠡᠭᠵᠢᠬᠦᠯᠵᠤ᠂ ᠳᠤᠰᠬᠤᠨ ᠤ ᠠᠷᠡᠳ ᠤᠨ ᠦᠪᠡᠷᠳᠡᠬᠡᠨ ᠵᠠᠰᠠᠬᠤ ᠶᠤᠰᠤ ᠰᠤᠷᠳᠠᠬᠤᠨ ᠢᠶᠠᠷ ᠵᠠᠰᠠᠬᠤ ᠬᠠᠤᠯᠢ ᠪᠠᠷ ᠵᠠᠰᠠᠬᠤ ᠪᠦᠬᠦ ᠳᠠᠯ᠎ᠠ ᠶᠢᠨ ᠪᠦᠷᠢᠨ ᠬᠦᠢᠴᠡᠳ ᠳᠤᠬᠳᠠᠴᠠ ᠶᠢ ᠪᠦᠷᠢᠯᠳᠦᠬᠦᠯᠵᠤ᠂ ᠦᠵᠡᠰᠬᠦᠯᠡᠩᠳᠦ ᠰᠠᠶᠢᠬᠠᠨ ᠬᠢᠬᠡᠳ ᠬᠦᠭᠵᠢᠯᠳᠡ ᠶᠢᠨ ᠬᠤᠤᠰ ᠠᠰᠢᠬ ᠬᠦᠷᠳᠡᠬᠦ ᠶᠢ ᠪᠡᠶᠡᠯᠡᠬᠦᠯᠦᠨ᠎ᠡ᠃     ᠳᠦᠷᠪᠡ ᠳᠤ᠂ ᠬᠠᠤᠯᠢ ᠪᠠᠷ ᠵᠠᠰᠠᠬᠤ ᠪᠠᠶᠢᠭᠤᠯᠤᠯᠳᠠ ᠶᠢ ᠡᠷᠴᠢᠮᠵᠢᠬᠦᠯᠵᠦ᠂ ᠠᠮᠤᠭᠤᠯᠠᠩ ᠡᠶ᠎ᠡ ᠵᠤᠬᠢᠴᠠᠩᠭᠤᠢ ᠪᠠᠯᠭᠠᠰᠤ ᠶᠢ ᠴᠤᠬᠴᠠᠯᠠᠨ᠎ᠠ᠃ ᠠᠮᠤᠭᠤᠯᠠᠩ ᠸᠧᠢ ᠵᠢᠶᠠ ᠮᠤᠤ ᠶᠢᠨ ᠪᠠᠶᠢᠭᠤᠯᠤᠯᠳᠠ ᠪᠠᠷ ᠵᠤᠬᠰᠤᠴᠠ ᠪᠤᠯᠭᠠᠵᠤ᠂ ᠬᠠᠤᠯᠢ ᠪᠠᠷ ᠵᠠᠰᠠᠬᠤ ᠨᠡᠶᠢᠬᠡᠮ ᠤᠨ ᠪᠠᠶᠢᠭᠤᠯᠤᠯᠳᠠ ᠶᠢ ᠬᠦᠨᠵᠡᠬᠡᠶᠢᠷᠡᠬᠦᠯᠵᠤ᠂ ᠨᠡᠶᠢᠬᠡᠮ ᠤᠨ ᠵᠠᠰᠠᠯᠳᠠ ᠶᠢᠨ ᠵᠠᠬᠪᠤᠷ ᠤᠨ ᠰᠢᠨ᠎ᠡ ᠶᠢ ᠡᠬᠦᠳᠴᠤ᠂ ᠤᠯᠠᠨ ᠳᠦᠮᠡᠨ ᠤ ᠠᠮᠤᠷ ᠳᠦᠪᠰᠢᠨ ᠤ ᠳᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠤᠨ᠎ᠠ᠃ ᠵᠠᠬᠢᠳᠠᠯ ᠰᠤᠷᠪᠤᠯᠵᠢᠯᠠᠯ ᠳᠤᠬᠳᠠᠭᠤᠨ ᠢ ᠬᠠᠮᠠᠭᠠᠯᠠᠬᠤ ᠶᠢ ᠴᠢᠩᠭᠠᠳᠬᠠᠵᠤ᠂ ᠵᠠᠬᠢᠳᠡᠯ ᠰᠤᠷᠪᠤᠯᠵᠢᠯᠠᠯ ᠤᠨ ᠠᠷᠭ᠎ᠠ ᠵᠠᠮ ᠢ ᠰᠢᠯᠤᠭᠤᠳᠬᠠᠵᠤ᠂ ︽ᠳᠤᠰᠬᠤᠨ ᠤ ᠠᠷᠡᠳ ᠤᠨ ᠤᠴᠢᠷ ᠶᠠᠪᠤᠳᠠᠯ ᠢ ᠵᠦᠪᠯᠡᠬᠦ ᠲᠠᠰᠤᠭ︾ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠵᠦᠷᠢᠴᠡᠯ ᠵᠢᠭᠤᠷᠭᠠᠨ ᠢ ᠨᠢᠬᠡ ᠤᠳᠠᠭ᠎ᠠ ᠳᠡᠬᠡᠷ᠎ᠡ ᠰᠢᠢᠳᠪᠦᠷᠢᠯᠡᠬᠦ ᠨᠤᠷᠮ᠎ᠡ ᠶᠢ ᠳᠡᠭᠡᠭᠰᠢᠯᠡᠬᠦᠯᠦᠨ᠎ᠡ᠃ ᠳᠠᠬᠢᠨ ᠳᠠᠪᠳᠠᠬᠰᠠᠨ ᠵᠠᠬᠢᠳᠠᠯ ᠰᠤᠷᠪᠤᠯᠵᠢᠯᠠᠯ ᠢ ᠳᠦᠪᠯᠡᠷᠡᠬᠦᠯᠦᠨ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠬᠳᠠᠮᠠᠯ ᠬᠡᠷᠡᠭ ᠢ ᠰᠢᠢᠳᠪᠦᠷᠢᠯᠡᠬᠦ ᠳᠤᠰᠬᠠᠢ ᠳᠦᠷᠦᠯ ᠤᠨ ᠠᠵᠢᠯ ᠤᠨ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠳᠠᠯ᠎ᠠ ᠪᠠᠷ ᠦᠷᠨᠢᠬᠦᠯᠤᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠪᠠᠶᠢᠡᠭᠭᠤᠵᠢᠭᠤᠯᠤᠨ᠂ ᠳᠤᠬᠳᠠᠵᠢᠭᠤᠯᠤᠨ ᠦᠷᠨᠢᠬᠦᠯᠦᠨ᠎ᠠ᠃ ᠤᠯᠤᠰ ᠤᠨ ᠨᠢᠬᠡᠳᠦᠯᠳᠡᠢ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠵᠢᠭᠠᠨ ᠰᠤᠷᠭᠠᠯᠳᠠ ᠪᠠ ᠤᠯᠤᠰ ᠤᠨ ᠨᠢᠬᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠡᠯ ᠢ ᠬᠡᠷᠡᠭᠯᠡᠬᠦ ᠠᠵᠢᠯ ᠢ ᠡᠷᠡᠰ ᠭᠤᠶᠢᠪᠢᠰᠢ ᠦᠬᠡᠢ ᠰᠠᠶᠢᠳᠤᠷ ᠬᠢᠵᠤ᠂ ᠠᠶᠤᠯ ᠦᠬᠡᠢ ᠦᠢᠯᠡᠳᠪᠦᠷᠢᠯᠡᠯ ᠤᠨ ᠬᠠᠷᠢᠶᠡᠳᠦ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠬᠡᠷᠡᠭ ᠡ᠊ᠨᠳᠡᠯ ᠡᠬᠦᠰᠬᠦ ᠶᠢ ᠡᠷᠡᠰ ᠰᠡᠷᠬᠡᠶᠢᠯᠡᠨ ᠬᠤᠷᠢᠬᠯᠠᠨ᠎ᠠ᠃
魏家峁3.jpg    
      ᠳᠠᠪᠤ ᠳᠤ᠂ ᠠᠷᠡᠳ ᠤᠨ ᠠᠮᠢᠳᠤᠷᠡᠯ ᠤᠨ ᠪᠠᠳᠤᠯᠠᠭ᠎ᠠ ᠶᠢ ᠡᠷᠴᠢᠮᠵᠢᠬᠦᠯᠵᠦ᠂ ᠠᠷᠡᠳ ᠳᠦᠮᠡᠨ ᠤ ᠵᠤᠯ ᠵᠢᠷᠭᠠᠯᠳᠤ ᠪᠠᠯᠭᠠᠰᠤ ᠶᠢ ᠴᠤᠬᠴᠠᠯᠠᠨ᠎ᠠ᠃ ᠠᠷᠡᠳ ᠤᠨ ᠠᠮᠢᠳᠤᠷᠡᠯ ᠤᠨ ᠠᠵᠠ ᠵᠢᠷᠭᠠᠯ ᠳᠤ ᠪᠦᠬᠦ ᠬᠦᠴᠦᠨ ᠢᠶᠠᠷ ᠦᠢᠯᠡᠴᠢᠯᠡᠨ ᠪᠠᠳᠤᠯᠠᠭ᠎ᠠ ᠬᠠᠨᠭ᠍ᠭᠠᠬᠤ ᠪᠠᠷ ᠵᠤᠷᠢᠯᠳᠡ ᠪᠤᠯᠭᠠᠵᠤ᠂ ᠰᠤᠶᠤᠯ᠂ ᠰᠤᠷᠭᠠᠨ ᠬᠦᠮᠦᠵᠢᠯ᠂ ᠡᠮ ᠡᠮᠨᠡᠯᠬᠡ ᠵᠡᠷᠬᠡ ᠡᠯ᠎ᠡ ᠳᠦᠷᠦᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠵᠤ᠂ ᠤᠯᠠᠨ ᠳᠡᠰ ᠳᠠᠪᠬᠤᠷᠭ᠎ᠠ ᠶᠢᠨ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠤᠨ ᠳᠡᠬᠦᠯᠳᠡᠷᠵᠢᠬᠦᠯᠦᠨ᠎ᠡ᠃ ᠤᠯᠠᠨ ᠨᠡᠶᠢᠳᠡ ᠶᠢᠨ ᠦᠢᠯᠡᠴᠢᠯᠡᠭᠡ ᠬᠠᠨᠭ᠍ᠭᠠᠯᠭ᠎ᠠ ᠶᠢ ᠰᠢᠯᠢᠳᠡᠭᠵᠢᠬᠦᠯᠵᠤ᠂ ᠠᠷᠡᠳ ᠤᠨ ᠠᠮᠢᠳᠤᠷᠡᠯ ᠤᠨ ᠪᠤᠳᠠᠳᠤ ᠶᠠᠪᠤᠳᠠᠯ ᠤᠨ ᠳᠦᠷᠦᠯ ᠵᠦᠢᠯ ᠢ ᠪᠤᠳᠠᠳᠠᠢ ᠬᠢᠵᠤ᠂ ᠠᠷᠡᠳ ᠤᠨ ᠠᠮᠢᠳᠤᠷᠡᠯ ᠤᠨ ᠬᠦᠷᠢᠶᠡᠨ ᠳᠠᠬᠢ ᠳᠤᠳᠠᠭᠤᠳᠠᠯ ᠢ ᠪᠦᠬᠦ ᠳᠠᠯ᠎ᠠ ᠪᠠᠷ ᠨᠦᠬᠦᠪᠦᠷᠢᠯᠡᠨ᠎ᠡ᠃ ᠪᠠᠯᠭᠠᠰᠤᠨ ᠳᠤᠳᠤᠷᠡᠬᠢ ᠳᠤᠮᠤ ᠬᠡᠯᠪᠡᠷᠢ ᠶᠢᠨ ᠠᠵᠤ ᠠᠬᠤᠢᠢᠯᠡᠯ ᠤᠨ ᠠᠵᠢᠯᠳᠡᠨ ᠬᠡᠷᠡᠭᠰᠡᠬᠦ ᠬᠡᠷᠡᠭᠴᠡᠭᠡ ᠶᠢ ᠤᠨᠤᠪᠴᠢᠳᠡᠢ ᠪᠠᠷ ᠵᠤᠯᠭᠠᠭᠤᠯᠵᠤ᠂ ᠨᠡᠩ ᠤᠯᠠᠨ᠂ ᠨᠡᠩ ᠴᠢᠨᠡᠷ ᠳᠡᠰ ᠪᠦᠬᠦᠢ ᠠᠵᠢᠯ ᠤᠨ ᠪᠠᠶᠢᠷᠢ ᠬᠠᠨᠭ᠍ᠭᠠᠨ᠎ᠠ᠃ ᠰᠤᠶᠤᠯ ᠤᠨ ᠬᠦᠴᠦᠷᠭᠡᠭ ᠪᠠᠯᠭᠠᠰᠤ ᠶᠢᠨ ᠪᠠᠶᠢᠭᠤᠯᠤᠯᠳᠠ ᠶᠢ ᠠᠬᠢᠭᠤᠯᠤᠨ᠂ ᠭᠤᠤᠯ ᠬᠦᠭ ᠠᠶᠠᠰ ᠢ ᠴᠢᠪᠬᠠᠳᠠᠵᠦ᠂ ᠵᠦᠪ ᠡᠨᠧᠷᠬᠢ ᠶᠢ ᠨᠢᠬᠳᠠᠷᠠᠭᠤᠯᠤᠨ᠎ᠠ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠤᠬᠳᠤ ᠰᠤᠯᠠᠷᠠᠭᠤᠯᠤᠯ ᠦᠬᠡᠢ ᠰᠠᠶᠢᠳᠤᠷ ᠠᠳᠬᠤᠵᠤ᠂ ︽ᠳᠦᠷᠪᠡᠨ ᠡᠷᠳᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠰᠡᠷᠬᠡᠶᠢᠯᠡᠨ ᠡᠵᠡᠮᠳᠡᠬᠦ ᠰᠡᠷᠬᠡᠶᠢᠯᠡᠯᠳᠡ ᠶᠢᠨ ᠱᠤᠭᠤᠮ ᠢ ᠪᠠᠬᠢᠵᠢᠬᠦᠯᠵᠦ᠂ ᠠᠷᠡᠳ ᠳᠦᠮᠡᠨ ᠤ ᠠᠮᠢ ᠨᠠᠰᠤ ᠪᠠ ᠡᠳ᠋ ᠬᠦᠷᠦᠩᠬᠡ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ 
ᠢᠷᠡᠯᠲᠡ᠄ ᠦᠨᠤᠳᠤᠷ ᠤᠨ ᠵᠡᠭᠦᠡᠭᠠᠷ