ᠰᠢᠨ᠎ᠡ ᠡᠭᠦᠷᠭᠡ ᠬᠠᠷᠢᠭᠤᠴᠠᠯᠭ᠎ᠠ  ᠶᠢ ᠡᠭᠦᠷᠭᠡᠯᠡᠵᠦ ᠰᠢᠨ᠎ᠡ ᠠᠶᠠᠨ  ᠳᠠᠭᠠᠨ  ᠡᠷᠡᠮᠡᠭᠡᠶᠢᠯᠡᠨ ᠤᠷᠤᠭᠰᠢᠯᠠᠶ᠎ᠠ — ᠲᠤᠮᠳᠠᠳᠤ ᠤᠯᠤᠰ ᠤᠨ ᠡᠪ ᠬᠠᠮᠳᠤ ᠨᠠᠮ ᠤᠨ ᠵᠡᠭᠦᠨᠭᠠᠷ ᠬᠤᠰᠢᠭᠤᠨ  ᠤ ᠠᠷᠪᠠᠨ ᠵᠢᠷᠭᠤᠳᠤᠭᠠᠷ ᠤᠳᠠᠭ᠎ᠠ  ᠶᠢᠨ ᠲᠥᠯᠦᠭᠡᠯᠡᠭᠴᠢᠳ ᠤᠨ ᠶᠡᠭᠡ ᠬᠤᠷᠠᠯ  ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠬᠠᠢ ᠰᠢᠷᠢᠰ ᠲᠤᠰᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/8/20
ᠰᠢᠤᠸᠠᠢ ᠵᠢᠶᠠ ᠸᠠᠨ ᠪᠠᠯᠭᠠᠰᠤ ᠄ ᠳᠠᠪᠠᠭᠤᠯᠢᠭ ᠲᠠᠭᠠᠨ ᠰᠠᠭᠤᠷᠢᠯᠠᠨ ᠪᠦᠬᠦ ᠪᠠᠯᠭᠠᠰᠤᠨ  ᠤ ᠠᠵᠤ ᠠᠬᠤᠢ  ᠶᠢᠨ ᠴᠢᠨᠠᠷ ᠰᠠᠶᠢᠲᠠᠢ ᠬᠥᠭᠵᠢᠯᠲᠡ  ᠶᠢ  ᠠᠬᠢᠭᠤᠯᠤᠨ᠎ᠠᠰᠢᠤᠸᠠᠢ ᠵᠢᠶᠠ ᠸᠠᠨ ᠪᠠᠯᠭᠠᠰᠤᠨ  ᠤ ᠨᠠᠮ  ᠤᠨ ᠬᠤᠷᠢᠶᠠᠨ  ᠤ ᠱᠦᠵᠢ ᠳ᠋ᠦ᠋ ᠭᠦᠸᠧ ᠬᠤᠸᠠ ᠶᠢ ᠰᠤᠷᠪᠤᠯᠵᠢᠯᠠᠬᠰᠠᠨ ᠨᠢ 
 杜国华(薛家湾镇).jpg  
   《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠪᠠᠷᠠᠯᠠᠵᠤ᠂ ᠰᠢᠨ᠎ᠡ ᠠᠶᠠᠨ ᠢᠶᠠᠨ ᠡᠬᠢᠯᠡᠭᠦᠯᠬᠦ ᠳᠤ ᠂ ᠨᠡᠶᠢᠭᠡᠮ ᠵᠢᠷᠤᠮ  ᠤᠨ ᠣᠳᠣᠬᠢᠴᠢᠯᠠᠭᠰᠠᠨ ᠤᠯᠤᠰ  ᠤᠨ ᠰᠢᠨ᠎ᠡ ᠠᠶᠠᠨ  ᠢ ᠪᠦᠬᠦ ᠲᠠᠯ᠎ᠠ  ᠪᠠᠷ ᠡᠬᠢᠯᠡᠭᠦᠯᠬᠦ ᠡᠬᠢᠯᠡᠯᠲᠡ  ᠶᠢᠨ ᠴᠡᠭ ᠳᠡᠭᠡᠷ᠎ᠡ᠂ ᠰᠢᠤᠸᠠᠢ ᠵᠢᠶᠠ ᠸᠠᠨ ᠪᠠᠯᠭᠠᠰᠤ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ  ᠪᠠᠷ ᠵᠢᠯᠤᠭᠤᠳᠤᠯᠭ᠎ᠠ ᠪᠣᠯᠭᠠᠵᠤ᠂ ᠪᠦᠬᠦ  ᠪᠠᠯᠭᠠᠰᠤᠨ ᠤ ᠡᠬᠢ ᠪᠠᠶᠠᠯᠢᠭ᠂ ᠭᠠᠵᠠᠷ ᠣᠷᠣᠨ᠂ ᠠᠵᠤ ᠦᠢᠯᠡᠰ  ᠤᠨ ᠳᠠᠪᠠᠭᠤᠯᠢᠭ  ᠲᠠᠭᠠᠨ ᠰᠠᠭᠤᠷᠢᠯᠠᠵᠤ᠂ ᠰᠢᠨ᠎ᠡ ᠬᠡᠯᠪᠡᠷᠢ  ᠶᠢᠨ ᠠᠵᠤ  ᠦᠢᠯᠡᠳᠪᠦᠷᠢᠵᠢᠯᠲᠡ ᠂ ᠮᠠᠯ ᠠᠵᠤ ᠠᠬᠤᠢ ᠲᠠᠷᠢᠶᠠᠯᠠᠩ  ᠤᠨ ᠣᠳᠣᠬᠢᠴᠢᠯᠠᠯᠲᠠ ᠪᠣᠯᠤᠨ ᠤᠨᠴᠠᠯᠢᠬᠳᠤ ᠬᠤᠳᠠ ᠪᠠᠯᠭᠠᠰᠤᠵᠢᠯᠳᠠ  ᠶᠢᠨ ᠪᠦᠳᠦᠭᠡᠨ ᠪᠠᠶᠢᠭᠤᠯᠤᠯᠲᠠ  ᠶᠢ ᠲᠦᠷᠭᠡᠨ ᠠᠬᠢᠭᠤᠯᠵᠤ ᠂ ᠪᠦᠬᠦ ᠪᠠᠯᠭᠠᠰᠤ  ᠶᠢᠨ ᠠᠵᠤ ᠠᠬᠤᠢ ᠨᠡᠶᠢᠭᠡᠮ  ᠤᠨ ᠬᠥᠭᠵᠢᠯᠲᠡ  ᠶᠢᠨ ᠲᠠᠬᠢᠨ ᠰᠢᠨ᠎ᠡ ᠳᠡᠭᠲᠡᠷ  ᠲᠤ ᠭᠠᠷᠬᠤ  ᠶᠢ ᠠᠬᠢᠭᠤᠯᠬᠤ ᠪᠣᠯᠤᠨ᠎ᠠ ᠃
薛家湾1.jpg    ᠨᠢᠭᠡ  ᠳᠤ ᠬᠡᠯᠪᠡᠷᠢ  ᠪᠠᠨ ᠬᠤᠪᠢᠷᠠᠭᠤᠯᠤᠨ ᠲᠡᠰ ᠳᠡᠪᠰᠢᠬᠦ  ᠶᠢ ᠲᠦᠷᠭᠡᠳᠬᠡᠵᠦ ᠂ ᠠᠵᠤ ᠠᠬᠤᠶ  ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ
ᠬᠥᠭᠵᠢᠯᠲᠡ ᠶᠢ ᠠᠬᠢᠭᠤᠯᠤᠨ᠎ᠠ᠃  ᠪᠠᠢ ᠯᠢ ᠴᠠᠩ ᠴᠤᠸᠠᠨ ᠤ ᠬᠦᠳᠡᠭᠡ ᠳᠤᠰᠬᠤᠨ ᠤ ᠰᠣᠶᠣᠯ  ᠵᠤᠭᠠᠴᠠᠯ  ᠤᠨ ᠬᠦᠭᠵᠢᠯᠳᠡ ᠶᠢ ᠦᠷᠭᠦᠯᠵᠢᠯᠡᠨ ᠠᠬᠢᠭᠤᠯᠵᠤ᠂ ᠤᠳᠤ ᠦᠶ᠎ᠡ  ᠶᠢᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ  ᠪᠠᠷ ᠬᠥᠭᠵᠢᠭᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠠᠵᠠᠷ ᠰᠢᠷᠣᠶ   ᠶᠢᠨ ᠭᠡᠪᠴᠢᠶᠡᠵᠢᠭᠰᠡᠨ ᠂ ᠡᠷᠴᠢᠮᠵᠢᠭᠦᠯᠦᠭᠰᠡᠨ ᠦᠢᠯᠡᠳᠪᠦᠷᠢᠯᠡᠯ ᠡᠵᠡᠩᠨᠡᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢ ᠪᠡᠶᠡᠯᠡᠭᠦᠯᠦᠨ᠎ᠡ ᠃ ᠨᠡᠭᠦᠷᠡᠰᠦ ᠮᠠᠯᠲᠠᠭᠰᠠᠨ ᠠᠴᠠ ᠪᠤᠯᠵᠤ ᠳᠣᠭᠤᠭᠰᠢ ᠰᠠᠭᠤᠭᠰᠠᠨ ᠣᠷᠣᠨ ᠂ ᠲᠠᠬᠢᠨ ᠬᠠᠭᠠᠯᠪᠤᠷᠢᠯᠠᠭᠰᠠᠨ ᠣᠷᠣᠨ  ᠢ ᠢᠳᠡᠪᠬᠢᠲᠡᠶ  ᠪᠠᠷ ᠠᠰᠢᠭᠯᠠᠨ ᠭᠡᠷᠡᠯ ᠸᠣᠯᠲ ᠵᠡᠷᠭᠡ ᠰᠢᠨ᠎ᠡ ᠡᠨᠧᠷᠭᠢ  ᠶᠢᠨ ᠰᠤᠷᠪᠤᠯᠵᠢ  ᠶᠢᠨ ᠠᠵᠤ ᠦᠢᠯᠡᠰ  ᠢ ᠬᠥᠭᠵᠢᠭᠦᠯᠵᠦ ᠂ ᠨᠡᠭᠦᠷᠡᠰᠦᠨ  ᠤ ᠪᠠᠷᠠᠭᠠᠨ  ᠤ ᠭᠦᠢᠯᠭᠡᠭᠡᠨ  ᠤ ᠦᠢᠯᠡᠰ  ᠢ ᠭᠤᠣᠯᠳᠠᠯᠭ᠎ᠠ  ᠲᠠᠢ  ᠪᠠᠷ ᠬᠥᠭᠵᠢᠭᠦᠯᠤᠨ ᠂ ᠪᠦᠬᠦ ᠪᠠᠯᠭᠠᠰᠤᠨ  ᠤ ᠴᠢᠨᠠᠷ ᠰᠠᠶᠢᠲᠠᠶ ᠬᠥᠭᠵᠢᠯᠲᠡ  ᠶᠢ ᠠᠬᠢᠭᠤᠯᠤᠨ᠎ᠠ ᠃     ᠬᠤᠶᠠᠷ ᠲᠤ ᠠᠷᠠᠳ  ᠤᠨ ᠠᠮᠢᠳᠤᠷᠠᠯ  ᠳᠤ ᠨᠡᠶᠢᠳᠡᠮ ᠠᠰᠢᠭ ᠬᠦᠷᠲᠡᠭᠡᠬᠦ  ᠶᠢ ᠪᠠᠷᠢᠮᠲᠠᠯᠠᠵᠤ ᠂ ᠨᠡᠶᠢᠭᠡᠮ  ᠤᠨ ᠦᠢᠯᠡᠰ  ᠤᠨ ᠵᠣᠬᠢᠴᠠᠩᠭᠤᠶ ᠬᠥᠭᠵᠢᠯᠲᠡ  ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠪᠠ ᠰᠠᠭᠤᠭᠠᠯᠢ ᠠᠷᠠᠳ  ᠤᠨ ᠣᠷᠤᠯᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠂ ᠠᠷᠠᠳ  ᠤᠨ ᠠᠮᠢᠳᠤᠷᠠᠯ  ᠤᠨ ᠪᠣᠳᠠᠲᠤ ᠶᠠᠪᠤᠳᠠᠯ  ᠢ ᠰᠠᠶᠢᠲᠤᠷ ᠬᠢᠵᠦ ᠂ ᠨᠡᠶᠢᠭᠡᠮ  ᠤᠨ ᠪᠠᠲᠤᠯᠠᠭ᠎ᠠ  ᠶᠢᠨ ᠡᠯ᠎ᠡ ᠵᠦᠢᠯ  ᠤᠨ ᠲᠦᠷᠦ  ᠶᠢᠨ ᠪᠤᠳᠤᠯᠭ᠎ᠠ  ᠶᠢ ᠰᠠᠶᠢᠲᠤᠷ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ 《ᠲᠦᠷᠪᠡ ᠶᠢ ᠬᠠᠶᠠᠬᠤ ᠦᠭᠡᠢ》ᠪᠠᠶᠢᠬᠤ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠤᠨ ᠂ ᠪᠠᠶᠢᠩᠭᠤᠵᠢᠭᠤᠯᠤᠭᠰᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ  ᠶᠢ ᠲᠡᠭᠦᠯᠳᠡᠷᠵᠢᠭᠦᠯᠵᠦ ᠂ ᠶᠠᠳᠠᠭᠤ  ᠶᠢ ᠲᠡᠳᠬᠦᠬᠦ ᠡᠳ᠋ ᠬᠦᠷᠦᠩᠭᠡ  ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ  ᠶᠢᠨ ᠬᠢᠷᠢ ᠲᠦᠪᠰᠢᠨ  ᠢ ᠳᠡᠭᠡᠭᠰᠢᠯᠡᠭᠦᠯᠤᠨ ᠂ ᠶᠠᠳᠠᠭᠤ  ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠦᠷ᠎ᠡ ᠪᠦᠲᠦᠭᠡᠯ  ᠢ ᠦᠷᠭᠦᠯᠵᠢᠯᠡᠨ ᠪᠠᠬᠢᠵᠢᠭᠦᠯᠦᠨ᠎ᠡ᠃
薛家湾2.jpg    ᠭᠤᠷᠪᠠ ᠳᠤ ᠬᠤᠳᠠ ᠬᠥᠳᠡᠭᠡ  ᠶᠢ ᠨᠢᠭᠡᠳᠦᠯᠲᠡᠢ ᠲᠥᠯᠥᠪᠵᠢᠭᠦᠯᠬᠦ  ᠶᠢ ᠴᠢᠩᠭᠠᠳᠬᠠᠵᠤ ᠂  ᠬᠦᠳᠡᠭᠡ ᠳᠤᠰᠬᠤᠨ  ᠢ ᠬᠥᠭᠵᠢᠭᠦᠯᠦᠨ ᠮᠠᠨᠳᠤᠭᠤᠯᠬᠤ
ᠪᠠᠶᠢᠯᠳᠤᠬᠤ ᠪᠤᠳᠤᠯᠭ᠎ᠠ  ᠶᠢ ᠪᠦᠬᠦ ᠲᠠᠯ᠎ᠠ  ᠪᠠᠷ ᠠᠬᠢᠭᠤᠯᠤᠨ᠎ᠠ ᠃ ᠬᠥᠳᠡᠭᠡ ᠲᠣᠰᠬᠤᠨ  ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠴᠢᠩᠭᠠᠳᠬᠠᠵᠤ ᠂ ᠬᠥᠳᠡᠭᠡ ᠲᠣᠰᠬᠤᠨ  ᠤ ᠪᠣᠬᠢᠷ ᠤᠰᠤ  ᠶᠢ  ᠠᠷᠢᠭᠤᠳᠬᠠᠬᠤ ᠲᠥᠬᠦᠭᠡᠷᠦᠮᠵᠢ  ᠶᠢᠨ ᠪᠦᠳᠦᠭᠡᠨ ᠪᠠᠶᠢᠭᠤᠯᠤᠯᠲᠠ  ᠶᠢᠨ  ᠳᠦᠷᠤᠯ ᠵᠤᠶᠢᠯ  ᠢ ᠡᠮᠬᠢ ᠵᠢᠷᠤᠮ  ᠲᠠᠢ  ᠪᠠᠷ ᠥᠷᠨᠢᠭᠦᠯᠵᠦ᠂ ᠬᠥᠳᠡᠭᠡ ᠲᠣᠰᠬᠤᠨ ᠤ ᠬᠦᠮᠤᠨ ᠠᠷᠠᠳ ᠤᠨ ᠣᠷᠣᠰᠢᠨ  ᠠᠮᠢᠳᠤᠷᠠᠬᠤ ᠣᠷᠴᠢᠨ ᠨᠥᠬᠦᠴᠡᠯ  ᠢ ᠴᠡᠭᠴᠡᠯᠡᠨ ᠵᠠᠰᠠᠬᠤ ᠠᠵᠢᠯ  ᠢ ᠪᠠᠶᠢᠩᠭᠤᠵᠢᠭᠤᠯᠤᠨ᠎ᠠ ᠃ ᠲᠠᠷᠢᠶᠠᠯᠠᠩ  ᠤᠨ ᠤᠯᠠᠨ ᠵᠦᠢᠯ  ᠤᠨ ᠴᠢᠳᠠᠮᠵᠢ ᠪᠠ  ᠬᠦᠳᠡᠭᠡ ᠳᠤᠰᠬᠤᠨ ᠤ ᠤᠯᠠᠨ ᠳᠠᠪᠬᠤᠴᠠᠬᠰᠠᠨ ᠦᠷᠳᠡᠭ  ᠢ ᠭᠦᠨᠵᠡᠭᠡᠶ ᠠᠭᠤᠳᠠᠯᠯᠠᠵᠤ ᠂ ᠲᠠᠷᠢᠶᠠᠯᠠᠩ ᠬᠢᠭᠡᠳ ᠠᠷᠠᠯᠵᠢᠶ᠎ᠠ ᠬᠤᠳᠠᠯᠳᠤᠭ᠎ᠠ ᠂ ᠰᠣᠶᠣᠯ  ᠵᠤᠭᠠᠴᠠᠯ ᠂ ᠡᠯᠧᠺᠲᠷᠣᠨ ᠬᠤᠳᠠᠯᠳᠤᠭ᠎ᠠ ᠵᠡᠷᠭᠡ ᠤᠳᠤ ᠦᠶ᠎ᠡ  ᠶᠢᠨ ᠠᠵᠤ ᠦᠢᠯᠡᠰ  ᠤᠨ ᠡᠯᠧᠮᠧᠨ᠋ᠲ  ᠤᠨ ᠭᠦᠨᠵᠡᠭᠡᠶ ᠠᠭᠤᠰᠤᠯᠴᠠᠯ  ᠢ  ᠠᠬᠢᠭᠤᠯᠵᠤ ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ  ᠶᠢᠨ  ᠪᠠᠶᠢᠳᠠᠯ  ᠢ ᠪᠤᠶᠢᠵᠢᠭᠤᠯᠤᠨ ᠂ ᠦᠵᠡᠰᠬᠦᠯᠡᠩᠲᠦ ᠰᠠᠶᠢᠬᠠᠨ  ᠬᠦᠳᠡᠭᠡ ᠳᠤᠰᠬᠤᠨ ᠤ ᠪᠦᠳᠦᠭᠡᠨ ᠪᠠᠶᠢᠭᠤᠯᠤᠯᠲᠠ ᠬᠢᠭᠡᠳ ᠲᠣᠰᠬᠤᠨ  ᠤ ᠱᠠᠲᠤᠨ  ᠤ ᠠᠵᠤ ᠦᠢᠯᠡᠰ  ᠤᠨ ᠬᠥᠭᠵᠢᠯᠲᠡ  ᠶᠢ ᠠᠳᠠᠯᠢ ᠳᠠᠪᠲᠠᠮᠵᠢ  ᠪᠠᠷ  ᠳᠤᠪᠤᠶᠢᠯᠭᠠᠨ ᠂ ᠬᠠᠷᠢᠯᠴᠠᠨ ᠬᠠᠪᠰᠤᠷᠤᠯᠴᠠᠬᠤ  ᠶᠢ ᠠᠬᠢᠭᠤᠯᠤᠨ᠎ᠠ ᠃
薛家湾3.jpg   
     ᠲᠦᠷᠪᠡ  ᠳᠤ ᠠᠮᠢ ᠠᠬᠤᠶ  ᠶᠢᠨ ᠪᠦᠳᠦᠭᠡᠨ ᠪᠠᠶᠢᠭᠤᠯᠤᠯᠲᠠ  ᠶᠢ ᠴᠢᠩᠭᠠᠳᠬᠠᠵᠤ ᠂ ᠪᠦᠬᠦ ᠨᠡᠶᠢᠭᠡᠮ  ᠤᠨ ᠦᠷᠭᠦᠯᠵᠢᠯᠡᠭᠰᠡᠨ ᠬᠥᠭᠵᠢᠯᠲᠡ ᠶᠢ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠪᠠ ᠬᠠᠲᠤᠨ ᠭᠤᠤᠯ  ᠤᠨ ᠪᠠᠷᠠᠭᠤᠨ ᠡᠷᠭᠢ  ᠶᠢᠨ ᠭᠠᠵᠠᠷ ᠰᠢᠨᠵᠢᠯᠡᠭᠡᠨ  ᠤ ᠣᠷᠴᠢᠨ ᠲᠣᠭᠤᠷᠢᠨ  ᠢ ᠵᠠᠰᠠᠬᠤ ᠲᠥᠷᠥᠯ ᠵᠦᠶᠯ  ᠢ ᠪᠥᠲᠥᠭᠡᠨ ᠪᠠᠶᠢᠭᠤᠯᠬᠤ  ᠪᠠᠷ ᠪᠠᠳᠤ ᠲᠦᠰᠢᠭ ᠪᠣᠯᠭᠠᠵᠤ ᠂ ᠮᠠᠨ  ᠤ ᠪᠠᠯᠭᠠᠰᠤᠨ  ᠤ ᠠᠮᠢ ᠠᠬᠤᠶ  ᠶᠢᠨ ᠪᠥᠲᠥᠭᠡᠨ ᠪᠠᠶᠢᠭᠤᠯᠤᠯᠲᠠ  ᠶᠢᠨ ᠠᠯᠬᠤᠴᠠ  ᠶᠢ ᠪᠦᠬᠦᠯᠢ ᠴᠣᠭᠴᠠ  ᠪᠠᠷ  ᠨᠢ ᠠᠬᠢᠭᠤᠯᠤᠨ᠎ᠠ ᠃ ᠨᠡᠭᠦᠷᠡᠰᠦ ᠨᠡᠭᠡᠭᠡᠨ ᠮᠠᠯᠲᠠᠵᠤ ᠳᠠᠬᠢᠨ ᠬᠠᠭᠠᠯᠪᠤᠷᠢᠯᠠᠭᠰᠠᠨ ︵ ᠴᠥᠮᠥᠷᠡᠭᠰᠡᠨ ︶ ᠣᠷᠣᠨ  ᠢ ᠵᠠᠰᠠᠬᠤ  ᠶᠢ ᠪᠥᠬᠦ ᠬᠦᠴᠦᠨ  ᠢᠶᠠᠷ  ᠢᠶᠠᠨ ᠠᠬᠢᠭᠤᠯᠵᠤ ᠂ ᠠᠭᠤᠷᠬᠠᠶ  ᠶᠢᠨ ᠣᠷᠣᠨ  ᠤ ᠠᠮᠢ ᠠᠬᠤᠶ  ᠶᠢ ᠰᠡᠷᠭᠦᠭᠡᠨ ᠵᠠᠰᠠᠬᠤ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ  ᠶᠢ ᠲᠦᠷᠭᠡᠳᠬᠡᠨ ᠂ ᠠᠭᠤᠷᠬᠠᠶ  ᠶᠢᠨ ᠣᠷᠣᠨ  ᠤ ᠠᠮᠢ ᠠᠬᠤᠶ  ᠶᠢᠨ ᠣᠷᠴᠢᠨ ᠲᠣᠭᠤᠷᠢᠨ  ᠢ ᠦᠨᠳᠦᠰᠦᠨ  ᠠᠴᠠ ᠨᠢ ᠰᠠᠶᠢᠵᠢᠷᠠᠭᠤᠯᠬᠤ  ᠶᠢ ᠠᠬᠢᠭᠤᠯᠤᠨ᠎ᠠ ᠃
薛家湾4.jpg
     ᠲᠠᠪᠤ  ᠳᠤ ᠦᠢᠯᠡᠴᠢᠯᠡᠭᠡᠨ  ᠤ ᠬᠠᠮᠢᠶᠠᠷᠤᠯᠲᠠ  ᠶᠢ ᠰᠢᠯᠢᠳᠡᠭᠵᠢᠭᠦᠯᠵᠦ ᠂ ᠨᠡᠶᠢᠭᠡᠮ  ᠤᠨ  ᠪᠦᠬᠦ ᠲᠠᠯ᠎ᠠ  ᠶᠢᠨ ᠠᠮᠤᠷ ᠲᠦᠪᠰᠢᠨ ᠲᠣᠭᠲᠠᠭᠤᠨ ᠪᠠᠶᠢᠬᠤ  ᠶᠢ ᠦᠨᠡᠨ ᠬᠦ ᠪᠠᠲᠤᠯᠠᠨ᠎ᠠ ᠃ ᠲᠣᠰᠬᠤᠨ  ᠤ ᠠᠷᠠᠳ  ᠤᠨ ᠤᠴᠢᠷ ᠶᠠᠪᠤᠳᠠᠯ  ᠢ  ᠵᠦᠪᠳᠡᠯᠴᠡᠬᠦ ᠲᠣᠭᠲᠠᠴᠠ  ᠶᠢᠨ ᠦᠢᠯᠡᠳᠦᠯ  ᠢ ᠭᠦᠢᠴᠡᠳ ᠪᠠᠳᠠᠷᠠᠭᠤᠯᠵᠤ ᠂ ᠨᠠᠮ  ᠤᠨ ᠪᠠᠶᠢᠭᠤᠯᠤᠯᠲᠠ  ᠪᠠᠷ ᠦᠨᠳᠦᠰᠦᠨ ᠱᠠᠲᠤᠨ  ᠤ ᠵᠠᠰᠠᠯᠲᠠ  ᠶᠢ ᠬᠦᠳᠦᠯᠦᠨ ᠳᠠᠭᠠᠭᠤᠯᠵᠤ ᠲᠣᠣᠷᠵᠢᠭᠤᠯᠤᠭᠰᠠᠨ ᠬᠠᠮᠢᠶᠠᠷᠤᠯᠲᠠ  ᠶᠢᠨ ᠰᠢᠨ᠎ᠡ ᠵᠠᠭᠪᠤᠷ  ᠢ ᠢᠳᠡᠪᠬᠢᠲᠡᠢ ᠰᠦᠪᠡᠭᠴᠢᠯᠡᠵᠦ ᠂ ᠨᠠᠮ  ᠤᠨ ᠵᠣᠬᠢᠶᠠᠨ  ᠪᠠᠶᠢᠭᠤᠯᠤᠯᠳᠠ ᠠᠴᠠ ᠤᠳᠤᠷᠢᠳᠤᠭᠰᠠᠨ ᠥᠪᠡᠷᠲᠡᠭᠡᠨ ᠵᠠᠰᠠᠬᠤ ᠂ ᠬᠠᠤᠯᠢ  ᠪᠠᠷ ᠵᠠᠰᠠᠬᠤ ᠂ ᠶᠣᠰᠣ ᠰᠤᠷᠲᠠᠬᠤᠨ  ᠢᠶᠠᠷ ᠵᠠᠰᠠᠬᠤ  ᠶᠢ ᠤᠶᠠᠯᠳᠤᠭᠤᠯᠤᠭᠰᠠᠨ ᠦᠨᠳᠦᠰᠦᠨ ᠱᠠᠲᠤᠨ  ᠤ ᠵᠠᠰᠠᠯᠲᠠ  ᠶᠢᠨ ᠰᠢᠰᠲ᠋ᠧᠮ  ᠢ ᠪᠠᠶᠢᠭᠤᠯᠤᠨ ᠪᠦᠷᠢᠨᠰᠢᠬᠦᠯᠵᠦ ᠂ ᠲᠣᠰᠬᠤᠨ  ᠤ ᠠᠷᠠᠳ  ᠤᠨ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠂ ᠬᠠᠤᠯᠢ ᠶᠣᠰᠣᠭᠠᠷ ᠬᠡᠷᠡᠭ ᠶᠠᠪᠤᠳᠠᠯ ᠢ ᠰᠢᠢᠳᠪᠦᠷᠢᠯᠡᠬᠦ ᠂ ᠠᠰᠠᠭᠤᠳᠠᠯ  ᠢ ᠰᠢᠢᠳᠪᠦᠷᠢᠯᠡᠬᠦ  ᠳᠤ ᠬᠠᠤᠯᠢ  ᠶᠢ ᠬᠡᠷᠡᠭᠯᠡᠬᠦ ᠂ ᠵᠥᠷᠢᠴᠡᠯ  ᠢ ᠰᠢᠢᠳᠪᠦᠷᠢᠯᠡᠬᠦ  ᠳᠤ ᠬᠠᠤᠯᠢ  ᠳᠤ ᠲᠦᠰᠢᠭᠯᠡᠬᠦ  ᠶᠢ ᠢᠳᠡᠪᠬᠢᠲᠡᠢ ᠬᠦᠳᠦᠯᠦᠨ ᠳᠠᠭᠠᠭᠤᠯᠵᠤ ᠂ ᠬᠠᠤᠯᠢ  ᠪᠠᠷ ᠵᠠᠰᠠᠬᠤ ᠰᠡᠳᠬᠢᠬᠦᠢ  ᠶᠢ ᠲᠠᠰᠤᠷᠠᠯᠲᠠ ᠦᠭᠡᠢ ᠬᠥᠮᠦᠵᠢᠭᠦᠯᠵᠦ ᠂ ᠬᠠᠤᠯᠢ  ᠪᠠᠷ ᠵᠠᠰᠠᠬᠤ ᠬᠡᠪ ᠪᠣᠯᠪᠠᠰᠤᠷᠠᠯ  ᠢ ᠳᠡᠭᠡᠭᠰᠢᠯᠡᠭᠦᠯᠤᠨ᠎ᠠ ᠃
ᠢᠷᠡᠯᠲᠡ᠄ ᠦᠨᠤᠳᠤᠷ ᠤᠨ ᠵᠡᠬᠦᠠᠭᠠᠷ