ᠱᠢ ᠡᠯ ᠯᠢᠶᠠᠨ ᠴᠧᠩ ᠰᠢᠶᠠᠩ᠄ ᠤᠮᠠᠷᠠᠲᠤ ᠬᠡᠰᠡᠭ ᠤᠨ ᠬᠠᠳᠤᠨ ᠭᠤᠤᠯ ᠳᠠᠭᠠᠤ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠤᠨ᠎ᠠ | ᠱᠢ ᠡᠯ ᠯᠢᠶᠠᠨ ᠴᠧᠩ ᠰᠢᠶᠠᠩ ᠤᠨ ᠨᠠᠮ ᠤᠨ ᠬᠤᠷᠢᠶᠠᠨ ᠤ ᠱᠦᠵᠢ ᠹᠦ᠋ ᠰᠢᠶᠦ᠋ᠩ ᠢ ᠶᠢ ᠰᠤᠷᠪᠤᠯᠵᠢᠯᠠᠬᠰᠠᠨ ᠨᠢ |  ᠱᠢ ᠡᠯ ᠯᠢᠶᠠᠨ ᠴᠧᠩ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ | ᠲᠥᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠦᠳᠡᠭᠡ ᠳᠤᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠂ ᠪᠣᠬᠢᠷᠲᠤᠯ | ᠦᠭᠡᠶ ᠲᠠᠷᠢᠶᠠᠯᠠᠩ ᠂ ᠨᠡᠷᠡᠲᠦ ᠲᠡᠮᠳᠡᠭᠲᠦ ᠲᠠᠷᠢᠶᠠᠯᠠᠩ ᠂ ᠴᠢᠨᠠᠷ ᠰᠠᠶᠢᠳᠠᠢ ᠲᠠᠷᠢᠶᠠᠯᠠᠩ ᠢ ᠶᠡᠬᠡᠪᠡᠷ ᠬᠥᠭᠵᠢᠭᠦᠯᠵᠦ ᠂ ᠲᠠᠪᠤᠨ ᠵᠢᠯ ᠤᠨ ᠬᠤᠭᠤᠴᠠᠭ᠎ᠠ | ᠶᠢ ᠭᠡᠷᠡᠭᠰᠡᠨ ᠂ ᠱᠢ ᠡᠯ ᠯᠢᠶᠠᠨ ᠴᠧᠩ ᠰᠢᠶᠠᠩ ᠢ ᠪᠥᠬᠦ ᠬᠦᠴᠦᠨ ᠢᠶᠠᠷ ᠢᠶᠠᠨ ᠤᠯᠤᠰ ᠤᠨ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠤᠷᠢᠳᠠᠪᠠᠷ ᠬᠡᠷᠡᠭᠵᠢᠭᠦᠯᠬᠦ ᠵᠢᠱᠢᠶ᠎ᠡ ᠦᠵᠡᠭᠦᠯᠬᠦ ᠰᠢᠶᠠᠩ ᠪᠠᠯᠭᠠᠰᠤ ᠂ ᠦᠪᠦᠷ ᠮᠤᠩᠭᠤᠯ ᠤᠨ ᠭᠦᠵᠡᠯᠵᠡᠭᠡᠨ᠎ᠡ ᠠᠮᠳᠠᠳᠤ ᠭᠡᠮᠭᠡ ᠶᠢᠨ | ᠨᠤᠳᠤᠭ ᠂ ᠬᠦᠬᠡᠬᠤᠳᠠ ᠪᠤᠭᠤᠲᠤ ᠤᠷᠳᠤᠰ ᠤᠨ ᠬᠦᠳᠡᠭᠡ ᠳᠤᠰᠬᠤᠨ ᠤ ᠰᠣᠶᠣᠯ ᠵᠤᠭᠠᠴᠠᠯ ᠤᠨ ᠴᠢᠬᠤᠯᠠ ᠵᠤᠷᠢᠯᠳᠠᠳᠤ ᠤᠷᠤᠨ ᠂ ᠵᠡᠭᠦᠨᠭᠠᠷ ᠬᠤᠰᠢᠭᠤᠨ | ᠤ ᠬᠤᠶᠢᠲᠤ ᠬᠡᠰᠡᠭ ᠤᠨ ᠬᠠᠳᠤᠨ ᠭᠤᠣᠯ ᠳᠠᠭᠠᠤ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠪᠣᠯᠭᠠᠨ ᠪᠥᠳᠥᠭᠡᠨ ᠪᠠᠶᠢᠭᠤᠯᠤᠨ᠎ᠠ ᠃ | ᠨᠢᠭᠡ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠢ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠨ᠎ᠠ ᠃ ᠱᠢ ᠡᠯ ᠯᠢᠶᠠᠨ ᠴᠧᠩ ᠰᠢᠶᠠᠩ ᠤᠨ ᠤᠯᠤᠰ ᠤᠨ ᠳᠡᠰ ᠤᠨ ᠬᠥᠳᠡᠭᠡ ᠲᠣᠰᠬᠤᠨ ᠤ ᠠᠵᠤ | ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠬᠤ ᠡᠨᠡ ᠬᠦ ᠭᠤᠤᠯ ᠰᠢᠵᠢᠮ ᠤᠨ | ᠲᠣᠭᠤᠷᠢᠨ ᠳᠤ ᠂ ᠪᠥᠬᠦ ᠰᠢᠶᠠᠩ ᠤᠨ ᠠᠵᠤ ᠦᠶᠯᠡᠰ ᠤᠨ ᠪᠠᠶᠢᠷᠢᠰᠢᠭᠤᠯᠤᠯᠲᠠ ᠶᠢ ᠳᠠᠬᠢᠨ ᠰᠢᠯᠢᠳᠡᠭᠵᠢᠭᠦᠯᠦᠨ᠎ᠡ ᠃ ︽ᠳᠤᠮᠳᠠᠳᠤ ᠤᠯᠤᠰ ᠤᠨ | ᠬᠢᠮᠢ ᠶᠢᠨ ᠪᠤᠷᠳᠤᠭᠤᠷ ᠤᠨ ᠲᠠᠷᠢᠶᠠᠯᠠᠩ ᠤᠨ MAP ︾ ᠶᠢᠨ ᠲᠥᠷᠥᠯ ᠵᠦᠶᠯ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ ᠂ ︽ ᠬᠠᠲᠤᠨ ᠭᠤᠤᠯ ᠤᠨ ᠲᠠᠷᠢᠶᠠᠯᠠᠩ ᠤᠨ ᠲᠠᠯᠠᠪᠠᠶ ︾ ᠶᠢ ᠵᠣᠬᠢᠶᠠᠨ ᠪᠠᠶᠢᠭᠤᠯᠵᠤ ᠠᠵᠢᠯᠯᠠᠭᠤᠯᠬᠤ ᠠᠯᠬᠤᠴᠠ ᠪᠠᠨ | ᠲᠦᠷᠭᠡᠳᠬᠡᠨ ᠂ ᠪᠥᠬᠦ ᠰᠢᠶᠠᠩ ᠤᠨ ᠳᠤᠬᠢᠷᠠᠮᠵᠢᠳᠠᠢ ᠭᠡᠪᠴᠢᠶᠡᠵᠢᠬᠦᠯᠦᠭᠰᠡᠨ ᠤᠯᠠᠮᠵᠢᠯᠠᠯᠲᠤ ᠠᠮᠤ ᠪᠤᠳᠠᠭᠠᠨ ᠤ ᠲᠠᠷᠢᠮᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠯᠤᠭᠳᠠᠴᠠ ᠪᠠ ᠨᠠᠶᠢᠳᠠᠨ ᠬᠠᠮᠢᠶᠠᠷᠤᠭᠤᠯᠬᠤ ᠦᠶᠯᠡᠴᠢᠯᠡᠭᠡᠨ ᠤ ᠬᠢᠷᠢ ᠳᠦᠪᠰᠢᠨ ᠢ ᠠᠬᠢᠭᠤᠯᠤᠨ᠎ᠠ ᠃ ᠣᠳᠣ ᠦᠶ᠎ᠡ ᠶᠢᠨ | ᠳᠦᠬᠦᠭᠡᠷᠤᠮᠵᠢᠳᠤ ᠲᠠᠷᠢᠶᠠᠯᠠᠩ ᠢᠶᠠᠷ ᠵᠢᠯᠣᠭᠤᠳᠤᠮᠵᠢ ᠪᠣᠯᠭᠠᠵᠤ ᠂ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠠᠷ ᠣᠳᠣ ᠦᠶ᠎ᠡ ᠶᠢᠨ | ᠲᠥᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠬᠦᠭᠵᠢᠬᠦᠯᠤᠨ᠂ ᠱᠢ ᠡᠯ ᠯᠢᠶᠠᠨ ᠴᠧᠩ ᠰᠢᠶᠠᠩ ᠤᠨ ᠳᠦᠬᠦᠭᠡᠷᠤᠮᠵᠢᠳᠤ | ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠢᠳᠡᠰᠢᠨ ᠨᠣᠭᠤᠭ᠎ᠠ ᠶᠢᠨ ᠴᠢᠬᠢ | ᠪᠤᠶᠢᠵᠢᠭᠤᠯᠬᠤ ᠂ ᠬᠥᠮᠥᠷᠭᠡᠯᠡᠬᠦ ᠂ ᠪᠣᠷᠣᠯᠠᠭᠤᠯᠬᠤ ᠬᠡᠯᠬᠢᠶ᠎ᠡ ᠶᠢᠨ ᠳᠤᠲᠠᠭᠤᠳᠠᠯ ᠢ ᠨᠥᠬᠦᠪᠥᠷᠢᠯᠡᠵᠦ ᠂ ᠳᠦᠬᠦᠭᠡᠷᠤᠮᠵᠢᠳᠤ ᠲᠠᠷᠢᠶᠠᠯᠠᠩ ᠤᠨ | ᠲᠥᠬᠦᠭᠡᠷᠦᠮᠵᠢ ᠦᠢᠯᠡᠳᠬᠦ ᠂ ᠵᠢᠱᠢᠶ᠎ᠡ ᠦᠵᠡᠭᠦᠯᠦᠨ ᠲᠠᠷᠢᠬᠤ ᠂ ᠮᠡᠷᠭᠡᠵᠢᠯ ᠢ ᠰᠤᠳᠤᠯᠤᠨ ᠨᠡᠭᠡᠭᠡᠬᠦ ᠂ ᠳᠡᠰᠵᠢᠬᠦᠯᠦᠭᠰᠡᠨ ᠪᠣᠷᠣᠯᠠᠭᠤᠯᠭ᠎ᠠ ᠶᠢᠨ ᠠᠷᠭ᠎ᠠ | ᠵᠠᠮ ᠢ ᠨᠢᠭᠡ ᠴᠤᠭᠴᠠᠵᠢᠭᠤᠯᠤᠭᠰᠠᠨ ᠲᠤᠮᠤ ᠬᠡᠯᠪᠡᠷᠢ ᠶᠢᠨ ᠲᠠᠷᠢᠶᠠᠯᠠᠩ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠵᠤ ᠂ ᠲᠠᠪᠤᠨ ᠵᠢᠯ ᠤᠨ ᠳᠣᠲᠣᠷ᠎ᠠ | ᠳᠦᠬᠦᠭᠡᠷᠤᠮᠵᠢᠳᠤ ᠲᠠᠷᠢᠶᠠᠯᠠᠩ ᠤᠨ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 1 ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ ᠂ ᠤᠯᠠᠨ ᠲᠦᠮᠡᠨ ᠢ | ᠲᠠᠶᠢᠴᠢᠯᠠᠨ ᠡᠷᠤᠭᠡ ᠪᠤᠯᠭᠠᠨ ᠤ ᠣᠷᠣᠯᠭ᠎ᠠ ᠶᠢ ᠳᠤᠮᠳᠠᠴᠢ ᠪᠠᠷ 2000 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ ᠃ | ᠬᠤᠶᠠᠷ ᠲᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ ᠃ ᠨᠢᠭᠡᠳᠦᠭᠡᠷ ᠠᠵᠤ | ᠦᠶᠯᠡᠰ ᠢᠶᠠᠷ ᠰᠠᠭᠤᠷᠢ ᠪᠣᠯᠭᠠᠬᠤ ᠂ ᠣᠷᠣᠯᠭ᠎ᠠ ᠪᠠᠨ ᠨᠡᠮᠡᠭᠳᠡᠭᠦᠯᠬᠦ ᠳᠤ ᠭᠤᠷᠪᠠᠳᠤᠭᠠᠷ ᠠᠵᠤ ᠦᠶᠯᠡᠰ ᠲᠤ ᠲᠦᠰᠢᠭᠯᠡᠬᠦ ᠬᠥᠭᠵᠢᠯᠲᠡ ᠶᠢᠨ | ᠰᠡᠳᠬᠢᠮᠵᠢ ᠪᠠᠷ ᠭᠤᠤᠯᠯᠠᠭᠤᠯᠤᠨ ᠂ ᠪᠥᠬᠦ ᠰᠢᠶᠠᠩ ᠤᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠤᠨ᠎ᠠ ᠃ ᠣᠷᠣᠨ | ᠪᠦᠰᠡ ᠶᠢᠨ ᠢᠳᠡᠰᠢᠨ ᠨᠣᠭᠤᠭ᠎ᠠ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭᠲᠦ ᠶᠢ ᠡᠬᠦᠳᠴᠤ ᠂ ᠱᠢ ᠡᠯ ᠯᠢᠶᠠᠨ ᠴᠧᠩ ᠤᠨ ᠡᠯᠧᠺᠲᠷᠣᠨ | ᠬᠤᠳᠠᠯᠳᠤᠭᠠᠨ ᠤ ᠦᠶᠯᠡᠴᠢᠯᠡᠭᠡᠨ ᠤ ᠲᠥᠪ ᠢ ᠪᠠᠶᠢᠭᠤᠯᠵᠤ ᠂ ︽ ᠦᠶᠯᠡᠳᠬᠦᠨ+ ᠦᠶᠯᠡᠴᠢᠯᠡᠭᠡ ︾ ᠶᠢ ᠲᠠᠷᠢᠶᠠᠯᠠᠩ ᠮᠠᠯ ᠠᠵᠤ ᠠᠬᠤᠶ ᠶᠢᠨ | ᠦᠶᠯᠡᠳᠪᠦᠷᠢᠯᠡᠯ ᠪᠣᠷᠣᠯᠠᠭᠤᠯᠭ᠎ᠠ ᠶᠢᠨ ᠡᠯ᠎ᠡ ᠭᠤᠭᠴᠤᠭ᠎ᠠ ᠳᠤ ᠠᠭᠤᠰᠬᠠᠨ ᠂ ᠨᠠᠷᠠᠲᠤ ᠲᠡᠮᠳᠡᠭᠲᠦ ᠶᠢᠨ ᠠᠯᠳᠠᠷᠰᠢᠯ ᠥᠨᠳᠥᠷ ᠪᠢᠰᠢ ᠂ | ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠪᠠ ᠲᠣᠤᠷ ᠰᠦᠯᠵᠢᠶ᠎ᠡ ᠪᠦᠷᠢᠨ ᠪᠤᠰᠤ ᠂ ᠮᠡᠳᠡᠭᠡ ᠵᠠᠩᠭᠢ ᠰᠢᠯᠤᠭᠤᠨ ᠪᠤᠰᠤ ᠵᠡᠷᠭᠡ ᠲᠣᠪᠤᠶᠢᠮ᠎ᠠ ᠠᠰᠠᠭᠤᠳᠠᠯ ᠢ | ᠭᠤᠤᠯᠳᠠᠯᠭ᠎ᠠ ᠲᠠᠢ ᠰᠢᠶᠳᠪᠦᠷᠢᠯᠡᠵᠦ ᠂ ᠲᠠᠷᠢᠶᠠᠴᠢᠨ ᠡᠷᠦᠬᠡ ᠶᠢ ᠦᠨᠡᠨᠬᠦ ᠬᠠᠪᠰᠤᠷᠴᠤ ᠪᠠᠶᠢᠭᠠᠳ ᠲᠣᠮᠣ ᠵᠠᠬ᠎ᠠ ᠳᠡᠯᠭᠡᠭᠦᠷ ᠲᠠᠢ ᠵᠤᠯᠭᠠᠭᠤᠯᠤᠨ᠎ᠠ ᠃ | ᠬᠠᠲᠤᠨ ᠭᠤᠤᠯ ᠡᠯᠡᠰᠦᠨ ᠴᠥᠯ ᠤᠨ ᠵᠤᠭᠠᠴᠠᠯ ᠤᠨ ᠦᠵᠡᠮᠵᠢᠲᠦ ᠣᠷᠣᠨ ᠤ ᠪᠥᠳᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠡᠮᠵᠢᠵᠤ ᠂ | ᠾᠧᠢ ᠭᠧ ᠯᠤᠤ ᠸᠠᠨ ᠲᠣᠰᠬᠤᠨ ᠂ ᠡᠦ ᠵᠢᠶᠠ ᠶᠣᠣ ᠲᠣᠰᠬᠤᠨ ᠂ ᠰᠢᠩ ᠱᠧᠩ ᠳ᠋ᠢᠶᠠᠨ ᠲᠣᠰᠬᠤᠨ ᠵᠡᠷᠭᠡ ᠶᠢᠨ ᠬᠦᠳᠡᠭᠡ ᠳᠤᠰᠬᠤᠨ ᠤ ᠵᠣᠭᠠᠴᠠᠯ ᠢ | ᠬᠥᠭᠵᠢᠭᠦᠯᠬᠦ ᠶᠢ ᠭᠤᠣᠯᠳᠠᠯᠭ᠎ᠠ ᠲᠠᠢ ᠲᠡᠮᠵᠢᠵᠤ ᠂ ᠬᠠᠳᠤᠨ ᠭᠤᠣᠯ ᠂ ᠡᠯᠡᠰᠦᠨ ᠴᠥᠯ ᠂ ᠤᠳᠤ ᠦᠶ᠎ᠡ ᠶᠢᠨ ᠲᠠᠷᠢᠶᠠᠯᠠᠩ ᠂ ᠰᠡᠯᠡᠭᠦᠴᠡᠨ | ᠵᠤᠭᠠᠴᠠᠬᠤ ᠂ ᠵᠠᠩ ᠥᠢᠯᠨ ᠶᠢ ᠣᠢᠢᠯᠠᠭᠠᠬᠤ ᠶᠢ ᠨᠢᠭᠡ ᠴᠤᠭᠴᠠᠵᠢᠭᠤᠯᠤᠭᠰᠠᠨ ᠠᠮᠢ ᠠᠬᠤᠶ ᠶᠢᠨ ᠲᠠᠷᠢᠶᠠᠯᠠᠩ ᠬᠢᠭᠡᠳ ᠬᠦᠳᠡᠭᠡ ᠳᠤᠰᠬᠤᠨ ᠤ ᠵᠤᠭᠠᠴᠠᠯ | ᠤᠨ ᠶᠡᠷᠦᠩᠬᠡᠶᠢᠯᠡᠭᠰᠡᠨ ᠴᠣᠭᠴᠠ ᠶᠢ ᠠᠯᠬᠤᠮ ᠠᠯᠬᠤᠮ ᠢᠶᠠᠷ ᠪᠠᠶᠢᠭᠤᠯᠵᠤ ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠨ᠎ᠠ ᠃ | ᠭᠤᠷᠪᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠡ ᠦᠭᠡᠢ | ᠴᠢᠩᠭᠠᠳᠬᠠᠨ᠎ᠠ ᠃ ᠬᠠᠲᠤᠨ ᠭᠤᠤᠯ ᠤᠨ ᠬᠠᠮᠠᠭᠠᠯᠠᠯᠲᠠ ᠶᠢᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠬᠠᠲᠤᠨ ᠭᠤᠤᠯ ᠤᠨ ᠳᠠᠩ ᠤᠨ ᠣᠷᠣᠨ ᠳᠤ ᠥᠨᠳᠦᠷ ᠡᠰᠢᠳᠤ ᠲᠠᠷᠢᠮᠠᠯ ᠲᠠᠷᠢᠬᠤ ᠶᠢ ᠬᠢᠵᠠᠭᠠᠷᠯᠠᠬᠤ ᠬᠠᠮᠢᠶᠠᠷᠤᠯᠲᠠ ᠶᠢ | ᠴᠢᠩᠭᠠᠳᠬᠠᠨ ᠂ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠤᠤᠯ ᠤᠨ ᠣᠷᠣᠨ ᠪᠠ ᠳᠠᠩ ᠤᠨ ᠣᠢᠢᠷ᠎ᠠ ᠬᠠᠪᠢ ᠶᠢᠨ | ᠣᠷᠣᠨ ᠳᠤ ᠲᠠᠷᠢᠶᠠᠨ ᠡᠮ ᠂ ᠬᠢᠮᠢ ᠶᠢᠨ ᠪᠣᠷᠲᠣᠭᠤᠷ ᠵᠡᠷᠭᠡ ᠣᠯᠠᠨ ᠡᠬᠢᠲᠦ ᠪᠣᠬᠢᠷᠲᠤᠯ ᠢ ᠠᠮᠠᠷᠬᠠᠨ ᠪᠣᠶ ᠪᠣᠯᠭᠠᠬᠤ ᠬᠢᠮᠢ ᠶᠢᠨ ᠦᠢᠯᠡᠳᠬᠦᠨ | ᠬᠡᠷᠡᠭᠯᠡᠬᠦ ᠶᠢ ᠴᠢᠩᠭ᠎ᠠ ᠴᠠᠭᠠᠵᠠᠯᠠᠬᠤ ᠶᠢ ᠪᠡᠶᠡᠯᠡᠭᠦᠯᠦᠨ᠎ᠡ ᠃ ᠭᠤᠤᠯ ᠤᠨ ᠳᠠᠷᠤᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ ᠂ ᠭᠤᠤᠯ | ᠪᠣᠯᠬᠤ ᠭᠤᠤᠯ ᠮᠥᠷᠡᠨ ᠤ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠲᠤᠯᠠᠵᠤ ᠂ ᠲᠥᠪᠯᠡᠷᠡᠬᠦᠯᠦᠭᠰᠡᠨ | ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠢ ᠪᠦᠬᠦᠨ ᠢ ᠪᠠᠷᠢᠮᠵᠢᠶᠠᠨ ᠳᠤ ᠬᠦᠷᠭᠡᠨ᠎ᠠ᠃ | | ᠶᠡᠷᠦᠩᠬᠡᠶᠢᠯᠡᠪᠡᠯ ᠂ ᠱᠢ ᠡᠯ ᠯᠢᠶᠠᠨ ᠴᠧᠩ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠤᠰᠢᠭᠤᠨ ᠤ ᠨᠠᠮ ᠤᠨ ᠲᠥᠯᠦᠭᠡᠯᠡᠭᠴᠢᠳ | ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠩ ᠶᠡᠭᠡ ᠬᠠᠷᠢᠭᠤᠴᠠᠯᠭ᠎ᠠ ᠲᠠᠢ ᠪᠠᠷ ᠰᠢᠨ᠎ᠡ | ᠡᠭᠦᠷᠭᠡ ᠶᠢ ᠡᠭᠦᠷᠭᠡᠯᠡᠨ ᠂ ᠨᠠᠩ ᠲᠡᠭᠦᠯᠳᠡᠷ ᠡᠷᠴᠢ ᠵᠣᠷᠢᠭ ᠢᠶᠠᠷ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠵᠤ ᠂ ᠱᠢ ᠡᠯ ᠯᠢᠶᠠᠨ ᠴᠧᠩ ᠰᠢᠶᠠᠩ | ᠤᠨ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠦᠶᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠃ |