︽ ᠵᠡᠭᠦᠨᠭᠠᠷ ᠬᠤᠰᠢᠭᠤᠨ ᠤ ᠣᠢᠢᠲᠤ ᠭᠠᠵᠠᠷ ᠨᠤᠲᠤᠭ ᠪᠡᠯᠴᠢᠭᠡᠷ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠠᠷᠭ᠎ᠠ | (ᠲᠤᠷᠰᠢᠨ ᠬᠡᠷᠡᠭᠵᠢᠭᠦᠯᠬᠦ)》 ᠶᠢ ᠳᠠᠷᠤᠮᠠᠯᠯᠠᠨ ᠳᠠᠷᠬᠠᠭᠠᠬᠤ ᠲᠤᠬᠠᠶ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | | ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠳᠤ ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ ᠂ ᠡᠳᠦᠭᠡ ︽ ᠵᠡᠭᠦᠨᠭᠠᠷ ᠬᠤᠰᠢᠭᠤᠨ ᠤ ᠣᠢᠢᠲᠤ | ᠭᠠᠵᠠᠷ ᠨᠤᠲᠤᠭ ᠪᠡᠯᠴᠢᠭᠡᠷ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠠᠷᠭ᠎ᠠ ︵ ᠲᠤᠷᠰᠢᠨ ᠬᠡᠷᠡᠭᠵᠢᠭᠦᠯᠬᠦ ︶ ︾ ᠶᠢ | ᠲᠠᠨᠠᠷ ᠲᠤ ᠳᠠᠷᠤᠮᠠᠯᠯᠠᠨ ᠳᠠᠷᠬᠠᠭᠠᠯ᠎ᠠ ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 1 ᠰᠠᠷ᠎ᠠ ᠶᠢᠨ 6 ᠤ ᠡᠳᠤᠷ | | ᠵᠡᠭᠦᠨᠭᠠᠷ ᠬᠤᠰᠢᠭᠤᠨ ᠤ ᠣᠢᠢᠲᠤ ᠭᠠᠵᠠᠷ ᠨᠤᠲᠤᠭ ᠪᠡᠯᠴᠢᠭᠡᠷ ᠪᠠᠶᠢᠭᠠᠯᠢ ᠶᠢᠨ ᠬᠠᠮᠠᠭᠠᠯᠠᠯᠲᠠ | ᠶᠢᠨ ᠤᠷᠤᠨ ᠤ ᠬᠠᠮᠢᠶᠠᠷᠤᠯᠲᠠ ᠶᠢᠨ ᠠᠷᠭ᠎ᠠ (ᠲᠤᠷᠰᠢᠨ ᠬᠡᠷᠡᠭᠵᠢᠭᠦᠯᠬᠦ) | | | | ᠨᠢᠭᠡᠳᠦᠭᠡᠷ ᠪᠦᠯᠦᠭ ᠵᠡᠷᠦᠩᠬᠡᠶ ᠲᠦᠷᠢᠮ | ᠨᠢᠭᠡᠳᠦᠭᠡᠷ ᠵᠦᠢᠯ ᠣᠢᠢᠲᠤ ᠭᠠᠵᠠᠷ᠂ ᠨᠤᠲᠤᠭ ᠪᠡᠯᠴᠢᠭᠡᠷ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢ | ᠴᠢᠩᠭᠠᠳᠬᠠᠵᠤ ᠂ ᠡᠬᠢ ᠪᠠᠶᠠᠯᠢᠭ ᠢ ᠵᠣᠬᠢᠰᠲᠠᠢ ᠠᠰᠢᠬᠯᠠᠨ ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ ᠂ ᠠᠵᠤ ᠠᠬᠤᠶ | ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠳᠤᠰᠠᠳᠠ ᠂ 《 ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ 》 ᠂ 《 ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ 》 ᠂ 《 | ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ 》 ᠂ 《 ᠪᠦᠭᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠠᠤᠯᠢ ᠂ 》 ᠂ 《 ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ 》 ᠂ 《 ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠣᠶ ᠰᠢᠭᠤᠶ ᠶᠢᠨ | ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ 》 ᠂ 《 ᠭᠠᠵᠠᠷ ᠰᠢᠨᠵᠢᠯᠡᠭᠡᠨ ᠤ ᠦᠯᠡᠳᠡᠭᠳᠡᠯ ᠤᠨ ᠬᠠᠮᠠᠭᠠᠯᠠᠯᠳᠠ ᠬᠠᠮᠢᠶᠠᠷᠤᠯᠲᠠ ᠶᠢᠨ ᠲᠣᠭᠲᠠᠭᠠᠯ 》 | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠂ ᠲᠣᠰ | ᠠᠷᠭ᠎ᠠ ᠶᠢ ᠲᠣᠭᠲᠠᠭᠠᠪᠠ ᠃ | ᠬᠤᠶᠠᠳᠤᠭᠠᠷ ᠵᠦᠶᠯ ᠵᠡᠭᠦᠨᠭᠠᠷ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠣᠢᠢᠲᠤ ᠭᠠᠵᠠᠷ ᠂ ᠨᠤᠲᠤᠭ ᠪᠡᠯᠴᠢᠭᠡᠷ ᠂ | ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠲᠥᠯᠥᠪᠵᠢᠭᠦᠯᠬᠦ ᠂ ᠬᠠᠮᠠᠭᠠᠯᠠᠬᠤ ᠂ ᠬᠠᠮᠢᠶᠠᠷᠬᠤ ᠪᠠ ᠠᠰᠢᠭᠯᠠᠬᠤ ᠠᠵᠢᠯᠯᠠᠭ᠎ᠠ ᠬᠢᠵᠦ ᠪᠠᠶᠢᠭ᠎ᠠ ᠠᠷᠠᠳ | ᠢᠷᠭᠡᠨ ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠪᠦᠬᠦᠨ ᠲᠣᠰ ᠠᠷᠭ᠎ᠠ ᠶᠢ ᠵᠢᠷᠤᠮᠯᠠᠬᠤ ᠬᠡᠷᠡᠭᠲᠡᠶ ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠣᠢᠢᠲᠤ ᠭᠠᠵᠠᠷ ᠭᠡᠳᠡᠭ ᠨᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠲᠥᠯᠥᠪᠵᠢᠭᠦᠯᠦᠨ ᠲᠣᠭᠲᠠᠭᠠᠭᠰᠠᠨ ᠤᠢ ᠰᠢᠭᠤᠶ ᠶᠢ ᠬᠥᠭᠵᠢᠭᠦᠯᠬᠦ ᠳᠤ ᠬᠡᠷᠡᠭᠯᠡᠬᠦ ᠭᠠᠵᠠᠷ ᠰᠢᠷᠣᠶ ᠶᠢ ᠵᠢᠭᠠᠵᠤ ᠪᠤᠢ ᠂ ᠡᠭᠦᠨ ᠳᠤ | ᠰᠠᠬᠤᠯᠢᠭ ᠤᠨ ᠭᠡᠮᠵᠢᠶ᠎ᠠ ᠨᠢ 0.2 ᠠᠴᠠ ᠳᠡᠭᠡᠭᠰᠢᠬᠢ ᠲᠤᠷᠤᠭ ᠮᠣᠳᠣᠨ ᠤ ᠣᠢᠢᠲᠤ ᠭᠠᠵᠠᠷ ᠵᠢᠴᠢ ᠬᠤᠯᠤᠰᠤᠨ ᠤ ᠣᠢᠢᠲᠤ ᠭᠠᠵᠠᠷ ᠂ ᠪᠤᠳᠠᠯᠢᠭ ᠮᠣᠳᠣᠨ ᠤ | ᠣᠢᠢᠲᠤ ᠭᠠᠵᠠᠷ ᠂ ᠰᠡᠶᠢᠷᠡᠭ ᠣᠢᠢᠲᠤ ᠭᠠᠵᠠᠷ ᠂ ᠣᠭᠲᠣᠯᠵᠤ ᠪᠠᠭᠤᠯᠭᠠᠬᠰᠠᠨ ᠭᠠᠵᠠᠷ ᠂ ᠴᠤᠷᠮᠠᠳᠠᠭᠰᠠᠨ ᠭᠠᠵᠠᠷ ᠂ ᠪᠤᠶᠢᠵᠢᠭᠠᠳᠤᠶ ᠣᠢᠢᠵᠢᠭᠤᠯᠤᠭᠰᠠᠨ | ᠭᠠᠵᠠᠷ ᠂ ᠵᠤᠯᠵᠠᠭ᠎ᠠ ᠮᠣᠳᠣᠨ ᠤ ᠬᠦᠷᠢᠶᠡᠯᠡᠩ ᠵᠡᠷᠭᠡ ᠪᠠᠭᠲᠠᠨ᠎ᠠ ᠃ | ᠲᠣᠰ ᠠᠷᠭ᠎ᠠ ᠳᠤ ᠬᠡᠯᠡᠵᠦ ᠪᠠᠶᠢᠭ᠎ᠠ ᠨᠤᠲᠤᠭ ᠪᠡᠯᠴᠢᠭᠡᠷ ᠭᠡᠳᠡᠭ ᠨᠢ ᠪᠠᠶᠢᠭᠠᠯᠢᠯᠢᠭ ᠨᠤᠲᠤᠭ ᠪᠡᠯᠴᠢᠭᠡᠷ ᠪᠠ ᠲᠠᠷᠢᠮᠠᠯ ᠪᠡᠯᠴᠢᠭᠡᠷ ᠢ ᠵᠢᠭᠠᠵᠤ ᠪᠣᠶ ᠃ | ᠪᠠᠶᠢᠭᠠᠯᠢᠯᠢᠭ ᠨᠤᠲᠤᠭ ᠪᠡᠯᠴᠢᠭᠡᠷ ᠲᠤ ᠡᠪᠡᠰᠦᠲᠦ ᠭᠠᠵᠠᠷ ᠂ ᠡᠪᠡᠰᠦᠲᠦ ᠠᠭᠤᠯᠠ ᠪᠠ ᠡᠪᠡᠰᠦᠲᠦ ᠬᠥᠲᠥᠯ ᠪᠠᠭᠲᠠᠨ᠎ᠠ ᠂ ᠲᠠᠷᠢᠮᠠᠯ ᠪᠡᠯᠴᠢᠭᠡᠷ ᠲᠤ | ᠰᠠᠶᠢᠵᠢᠷᠠᠭᠤᠯᠤᠭᠰᠠᠨ ᠪᠡᠯᠴᠢᠭᠡᠷ ᠪᠠ ᠲᠠᠷᠢᠶᠠᠯᠠᠬᠤ ᠶᠢ ᠵᠣᠭᠰᠣᠭᠠᠵᠤ ᠰᠡᠷᠬᠦᠭᠡᠭᠰᠡᠨ ᠡᠪᠡᠰᠦᠲᠦ ᠭᠠᠵᠠᠷ ᠢ ᠪᠠᠭᠲᠠᠭᠠᠨ᠎ᠠ ᠂ ᠬᠤᠲᠠ ᠪᠠᠯᠭᠠᠰᠤᠨ ᠤ ᠡᠪᠡᠰᠦᠲᠦ | ᠭᠠᠵᠠᠷ ᠢ ᠪᠠᠭᠲᠠᠭᠠᠬᠤ ᠦᠭᠡᠢ ᠃ | ᠲᠣᠰ ᠠᠷᠭ᠎ᠠ ᠳᠤ ᠬᠡᠯᠡᠵᠦ ᠪᠠᠶᠢᠭ᠎ᠠ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠭᠡᠳᠡᠭ ᠲᠤ ᠮᠠᠨ ᠤ ᠬᠤᠰᠢᠭᠤᠨ ᠤ ᠬᠢᠵᠠᠭᠠᠷ ᠳᠣᠲᠣᠷᠠᠬᠢ | ᠡᠷᠲᠡᠨ ᠤ ᠬᠥᠬᠦᠲᠡᠨ ᠠᠮᠢᠲᠠᠨ ᠤ ᠲᠥᠷᠥᠯ ᠤᠨ ᠴᠢᠯᠠᠭᠤᠵᠢᠮᠠᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠂ ᠣᠶ ᠰᠢᠭᠤᠶ ᠶᠢᠨ | ᠴᠡᠴᠡᠷᠯᠢᠭ ᠂ ᠯᠢᠶᠠᠨ ᠬᠤᠸᠠ ᠴᠠᠨ ᠭᠠᠵᠠᠷ ᠰᠢᠨᠵᠢᠯᠡᠭᠡᠨ ᠤ ᠴᠡᠴᠡᠷᠯᠢᠭ ᠪᠠᠭᠲᠠᠨ᠎ᠠ ᠃ | ᠳᠥᠷᠪᠡᠳᠦᠭᠡᠷ ᠵᠦᠢᠯ ᠤᠶᠢᠳᠤ ᠭᠠᠵᠠᠷ ᠢ ᠴᠢᠩᠭ᠎ᠠ ᠬᠠᠮᠠᠭᠠᠯᠠᠬᠤ ᠪᠠ ᠵᠣᠬᠢᠰᠲᠠᠢ ᠠᠰᠢᠬᠯᠠᠬᠤ ᠵᠠᠷᠴᠢᠮ ᠢ ᠪᠠᠷᠢᠮᠲᠠᠯᠠᠨ ᠂ ᠤᠶᠢᠳᠤ ᠭᠠᠵᠠᠷ ᠤᠨ | ᠬᠡᠷᠡᠭᠯᠡᠯᠲᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ ᠂ ᠤᠶᠢᠳᠤ ᠭᠠᠵᠠᠷ ᠢ ᠤᠶᠢᠳᠤ ᠪᠤᠰᠤ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ | ᠬᠢᠵᠠᠭᠠᠷᠯᠠᠵᠤ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ | ᠬᠠᠮᠢᠶᠠᠷᠤᠯᠲᠠ ᠶᠢ ᠴᠢᠩᠭᠠᠳᠬᠠᠨ ᠂ ᠤᠶᠢᠳᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠠᠭᠠᠯᠠᠯᠲᠠ | ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠳᠤ ᠣᠷᠣᠭᠤᠯᠤᠨ᠎ᠠ ᠃ | ᠲᠠᠪᠤᠳᠤᠭᠠᠷ ᠵᠦᠶᠯ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠣᠶ ᠰᠢᠭᠤᠶ ᠡᠪᠡᠰᠦᠲᠦ ᠭᠠᠵᠠᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠲᠥᠯᠥᠪᠵᠢᠭᠦᠯᠬᠦ ᠂ ᠪᠥᠲᠥᠭᠡᠨ ᠪᠠᠶᠢᠭᠤᠯᠬᠤ ᠂ ᠬᠠᠮᠠᠭᠠᠯᠠᠬᠤ ᠂ | ᠠᠰᠢᠭᠯᠠᠬᠤ ᠂ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ ᠂ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ ᠪᠤᠯ ᠄ | ︵ᠨᠢᠭᠡ︶ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠬᠢᠨᠠᠯᠳᠠ ᠳᠠᠯᠪᠢᠨ ᠪᠠᠶᠢᠴᠠᠭᠠᠵᠤ ᠬᠠᠮᠢᠶᠠᠷᠬᠤ | ᠠᠵᠢᠯ ᠢ ᠬᠢᠨ᠎ᠠ︔ | ︵ᠬᠤᠶᠠᠷ︶ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠪᠥᠳᠥᠭᠡᠨ ᠪᠠᠶᠢᠭᠤᠯᠤᠯᠲᠠ ᠬᠠᠮᠠᠭᠠᠯᠠᠯᠲᠠ | ᠠᠰᠢᠭᠯᠠᠯᠲᠠ ᠶᠢᠨ ᠲᠥᠯᠥᠪᠵᠢᠭᠦᠯᠭᠡ ᠪᠠ ᠤᠨ ᠤ ᠲᠥᠯᠦᠪᠯᠡᠭᠡ ᠶᠢ ᠨᠠᠶᠢᠷᠠᠭᠤᠯᠤᠨ ᠵᠣᠬᠢᠶᠠᠨ᠎ᠠ︔ | ︵ᠭᠤᠷᠪᠠ ︶ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠠᠭᠠᠯᠠᠯᠲᠠ ᠬᠠᠮᠢᠶᠠᠷᠤᠯᠲᠠ ᠶᠢᠨ | ᠬᠠᠤᠯᠢ ᠴᠠᠭᠠᠵᠠ ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ ᠃ | ᠵᠢᠷᠭᠤᠳᠤᠭᠠᠷ ᠵᠦᠶᠯ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠪᠣᠯ ᠲᠣᠰ ᠵᠠᠰᠠᠭ ᠵᠠᠬᠢᠷᠭᠠᠨ ᠤ ᠣᠷᠣᠨ ᠤ ᠣᠢᠢᠲᠤ ᠭᠠᠵᠠᠷ ᠨᠤᠲᠤᠭ | ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠭᠤᠤᠯ ᠴᠣᠭᠴᠠ ᠪᠣᠯᠤᠨ᠎ᠠ ᠂ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ ᠪᠤᠯ ᠄ | ︵ ᠨᠢᠭᠡ ︶ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠤ ᠡᠬᠢ ᠪᠠᠶᠠᠯᠢᠭ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠬᠠᠮᠢᠶᠠᠷᠤᠯᠲᠠ ᠬᠢᠬᠦ ᠠᠵᠢᠯ ᠢ ᠬᠠᠷᠢᠭᠤᠴᠠᠨ᠎ᠠ ︔ | ︵ᠬᠤᠶᠠᠷ ︶ ᠲᠣᠰ ᠵᠠᠰᠠᠭ ᠵᠠᠬᠢᠷᠭᠠᠨ ᠤ ᠣᠷᠣᠨ ᠤ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠢᠢᠲᠤ | ᠭᠠᠵᠠᠷ ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ ᠲᠠᠲᠠᠪᠤᠷᠢᠯᠠᠬᠤ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ ᠂ ᠣᠢᠢᠲᠤ ᠭᠠᠵᠠᠷ ᠂ ᠨᠤᠲᠤᠭ | ᠪᠡᠯᠴᠢᠭᠡᠷ ᠢ ᠬᠠᠤᠯᠢ ᠶᠣᠰᠣᠭᠠᠷ ᠬᠡᠷᠡᠭᠯᠡᠬᠦ ᠶᠢ ᠦᠨᠡᠨᠬᠦ ᠪᠠᠲᠤᠯᠠᠨ᠎ᠠ ︔ | ︵ᠭᠤᠷᠪᠠ ︶ ᠲᠣᠰ ᠵᠠᠰᠠᠭ ᠵᠠᠬᠢᠷᠭᠠᠨ ᠤ ᠣᠷᠣᠨ ᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠲᠣᠰ ᠵᠠᠰᠠᠭ | ᠵᠠᠬᠢᠷᠭᠠᠨ ᠤ ᠣᠷᠣᠨ ᠤ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠡᠪᠳᠡᠭᠰᠡᠨ ᠦᠶᠯᠡ | ᠠᠵᠢᠯᠯᠠᠭ᠎ᠠ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ ︔ | ︵ᠳᠥᠷᠪᠡ ︶ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠ ᠬᠤᠯᠪᠤᠬᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠢ ᠬᠠᠮᠵᠢᠨ ᠣᠢᠢᠲᠤ ᠭᠠᠵᠠᠷ ᠂ ᠨᠤᠲᠤᠭ ᠪᠡᠯᠴᠢᠭᠡᠷ ᠪᠠ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠬᠠᠤᠯᠢ ᠪᠤᠰᠤ ᠪᠠᠷ ᠡᠵᠡᠯᠡᠭᠰᠡᠨ ᠂ | ᠡᠪᠳᠡᠭᠰᠡᠨ ᠪᠠ ᠬᠠᠤᠯᠢ ᠶᠢ ᠵᠥᠷᠢᠴᠡᠨ ᠬᠡᠷᠡᠭᠯᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠨ᠎ᠡ ᠃ | ᠳᠣᠯᠣᠳᠤᠭᠠᠷ ᠵᠦᠶᠯ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠢᠢᠲᠤ ᠭᠠᠵᠠᠷ ᠂ ᠨᠤᠲᠤᠭ ᠪᠡᠯᠴᠢᠭᠡᠷ ᠤᠨ ᠬᠠᠮᠠᠭᠠᠯᠠᠯᠲᠠ | ᠪᠠ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠬᠤᠯᠪᠣᠭᠳᠠᠯ ᠪᠥᠬᠦᠶ ᠪᠠᠶᠢᠭᠤᠯᠭ᠎ᠠ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠬᠦ ᠬᠡᠷᠡᠭᠲᠡᠶ ᠃ | ᠬᠤᠶᠠᠳᠤᠭᠠᠷ ᠪᠦᠯᠦᠭ ᠣᠢᠢᠲᠤ ᠭᠠᠵᠠᠷ ᠨᠤᠲᠤᠭ ᠪᠡᠯᠴᠢᠭᠡᠷ ᠢ ᠬᠠᠮᠠᠭᠠᠯᠠᠬᠤ ᠪᠠ ᠠᠰᠢᠭᠯᠠᠬᠤ | ᠨᠠᠢᠮᠠᠳᠤᠭᠠᠷ ᠵᠦᠢᠯ ᠣᠢᠢᠲᠤ ᠭᠠᠵᠠᠷ ᠂ ᠨᠤᠲᠤᠭ ᠪᠡᠯᠴᠢᠭᠡᠷ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢ ᠬᠠᠤᠯᠢ ᠶᠣᠰᠣᠭᠠᠷ ᠣᠯᠤᠭᠰᠠᠨ ᠠᠷᠠᠳ | ᠢᠷᠭᠡᠨ ᠂ ᠬᠠᠤᠯᠢ ᠶᠢᠨ ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠣᠢᠢᠲᠤ ᠭᠠᠵᠠᠷ ᠂ ᠨᠤᠲᠤᠭ ᠪᠡᠯᠴᠢᠭᠡᠷ ᠤᠨ ᠡᠬᠢ ᠪᠠᠶᠠᠯᠢᠭ ᠢ | ᠬᠠᠮᠠᠭᠠᠯᠠᠬᠤ ᠪᠠ ᠵᠣᠬᠢᠰᠲᠠᠢ ᠠᠰᠢᠬᠯᠠᠵᠤ ᠂ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠬᠠᠮᠠᠭᠠᠯᠠᠵᠤ ᠂ ᠣᠢᠢᠲᠤ ᠭᠠᠵᠠᠷ ᠂ ᠨᠤᠲᠤᠭ | ᠪᠡᠯᠴᠢᠭᠡᠷ ᠤᠨ ᠭᠠᠵᠠᠷ ᠤᠨ ᠰᠢᠮ᠎ᠡ ᠮᠠᠭᠤᠳᠠᠬᠤ ᠪᠠ ᠬᠥᠷᠥᠰᠥ ᠰᠢᠷᠣᠶ ᠢᠳᠡᠭᠳᠡᠬᠦ ᠶᠢ ᠰᠡᠷᠭᠡᠶᠢᠯᠡᠬᠦ ᠬᠡᠷᠡᠭᠲᠡᠶ ᠂ ᠣᠢᠢᠲᠤ ᠭᠠᠵᠠᠷ ᠂ ᠨᠤᠲᠤᠭ | ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠤᠢᠭᠡᠢ ᠃ | ᠶᠢᠰᠦᠳᠦᠭᠡᠷ ᠵᠦᠢᠯ ᠤᠶᠢᠳᠤ ᠭᠠᠵᠠᠷ ᠲᠤ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ ᠃ ᠡᠯ᠎ᠡ ᠲᠥᠷᠥᠯ ᠤᠨ ᠣᠢᠢᠲᠤ ᠭᠠᠵᠠᠷ ᠤᠨ | ᠬᠠᠮᠠᠭᠠᠯᠠᠯᠲᠠ ᠶᠢ ᠥᠨᠳᠥᠷ ᠠᠴᠠ ᠳᠣᠤᠷ᠎ᠠ ᠲᠠᠰ ᠬᠦᠷᠲᠡᠯ᠎ᠡ ᠳᠡᠰ ᠳᠠᠷᠠᠭᠠᠯᠠᠨ ᠬᠤᠪᠢᠶᠠᠨ᠎ᠠ ᠄ ᠭᠠᠵᠠᠷ ᠰᠢᠷᠣᠶ ᠶᠢᠨ ᠲᠥᠷᠥᠯ ᠢᠶᠠᠷ ᠨᠢ ᠲᠤᠷᠤᠭ | ᠮᠣᠳᠣᠨ ᠤ ᠣᠢᠢᠲᠤ ᠭᠠᠵᠠᠷ ᠵᠢᠴᠢ ᠬᠤᠯᠤᠰᠤᠨ ᠤ ᠣᠢᠢᠲᠤ ᠭᠠᠵᠠᠷ ᠂ ᠪᠤᠳᠠᠯᠢᠭ ᠮᠣᠳᠣᠨ ᠤ ᠣᠢᠢᠲᠤ ᠭᠠᠵᠠᠷ ᠂ ᠰᠡᠶᠢᠷᠡᠭ ᠣᠢᠢᠲᠤ ᠭᠠᠵᠠᠷ ᠂ ᠮᠣᠳᠣ | ᠣᠭᠲᠣᠯᠵᠤ ᠪᠠᠭᠤᠯᠭᠠᠬᠰᠠᠨ ᠭᠠᠵᠠᠷ ᠂ ᠴᠤᠷᠮᠠᠳᠠᠭᠰᠠᠨ ᠭᠠᠵᠠᠷ ᠂ ᠪᠤᠶᠢᠵᠢᠭᠠᠳᠤᠶ ᠣᠢᠢᠵᠢᠭᠤᠯᠤᠭᠰᠠᠨ ᠭᠠᠵᠠᠷ ᠂ ᠵᠤᠯᠵᠠᠭ᠎ᠠ ᠮᠣᠳᠣᠨ ᠤ ᠬᠦᠷᠢᠶᠡᠯᠡᠩ ᠤᠨ | ᠭᠠᠵᠠᠷ ᠭᠡᠬᠦ ᠮᠡᠳᠤ ᠪᠠᠷ ᠬᠤᠪᠢᠶᠠᠨ᠎ᠠ ︔ ᠬᠡᠷᠡᠭᠴᠡᠭᠡ ᠪᠠᠷ ᠨᠢ ᠬᠠᠯᠬᠠᠪᠴᠢ ᠣᠢᠢᠲᠤ ᠭᠠᠵᠠᠷ ᠂ ᠣᠨᠴᠠ ᠬᠡᠷᠡᠭᠴᠡᠭᠡᠨ ᠤ ᠣᠢᠢᠲᠤ ᠭᠠᠵᠠᠷ ᠂ | ᠬᠡᠷᠡᠭᠰᠡᠯ ᠤᠨ ᠮᠣᠳᠣᠨ ᠤ ᠣᠢᠢᠲᠤ ᠭᠠᠵᠠᠷ ᠂ ᠠᠵᠤ ᠠᠬᠤᠶ ᠶᠢᠨ ᠣᠢᠢᠲᠤ ᠭᠠᠵᠠᠷ ᠪᠠ ᠡᠨᠧᠷᠭᠢ ᠶᠢᠨ ᠰᠤᠷᠪᠤᠯᠵᠢ ᠶᠢᠨ ᠣᠢᠢᠲᠤ ᠭᠠᠵᠠᠷ ᠭᠡᠵᠦ | ᠬᠤᠪᠢᠶᠠᠵᠤ ᠪᠣᠯᠤᠨ᠎ᠠ︔ ᠤᠢ ᠰᠢᠭᠤᠶ ᠶᠢᠨ ᠳᠦᠷᠦᠯ ᠵᠦᠢᠯ ᠢᠶᠠᠷ ᠨᠢ ᠨᠡᠶᠢᠲᠡ ᠶᠢᠨ ᠠᠰᠠᠷᠠᠮᠵᠢ ᠶᠢᠨ ᠤᠶᠢᠳᠤ ᠭᠠᠵᠠᠷ ᠂ ᠲᠠᠸᠠᠷ ᠤᠨ ᠤᠶᠢᠳᠤ ᠭᠠᠵᠠᠷ | ᠭᠡᠵᠤ ᠬᠤᠪᠢᠶᠠᠨ᠎ᠠ︔ ᠡᠬᠦᠨᠳᠤ ᠨᠡᠶᠢᠲᠡ ᠶᠢᠨ ᠠᠰᠠᠷᠠᠮᠵᠢ ᠶᠢᠨ ᠤᠶᠢᠳᠤ ᠭᠠᠵᠠᠷ ᠢ ᠨᠡᠶᠢᠲᠡ ᠶᠢᠨ ᠠᠰᠠᠷᠠᠮᠵᠢ ᠶᠢᠨ ᠤᠢ ᠶᠢᠨ ᠲᠡᠰ ᠳᠠᠷᠠᠭᠠᠯᠠᠯ ᠢᠶᠠᠷ | ᠤᠯᠤᠰ ᠤᠨ ᠳᠡᠰ ᠤᠨ ᠨᠢᠭᠡᠳᠦᠭᠡᠷ ᠳᠡᠰ ᠤᠨ ᠨᠡᠶᠢᠲᠡ ᠶᠢᠨ ᠠᠰᠠᠷᠠᠮᠵᠢ ᠶᠢᠨ ᠤᠶᠢᠳᠤ ᠭᠠᠵᠠᠷ ᠂ ᠤᠯᠤᠰ ᠤᠨ ᠳᠡᠰ ᠤᠨ ᠬᠤᠶᠠᠳᠤᠭᠠᠷ ᠳᠡᠰ ᠤᠨ | ᠨᠡᠶᠢᠲᠡ ᠶᠢᠨ ᠠᠰᠠᠷᠠᠮᠵᠢ ᠶᠢᠨ ᠤᠶᠢᠳᠤ ᠭᠠᠵᠠᠷ᠂ ᠤᠷᠤᠨ ᠨᠤᠳᠤᠭ ᠤᠨ ᠨᠡᠶᠢᠳᠡ ᠶᠢᠨ ᠠᠰᠠᠷᠠᠮᠵᠢ ᠶᠢᠨ ᠤᠶᠢᠳᠤ ᠭᠠᠵᠠᠷ ᠭᠡᠵᠤ ᠬᠤᠪᠢᠶᠠᠨ᠎ᠠ︔ ᠤᠢ ᠮᠤᠳᠤᠨ | ᠤ ᠡᠭᠦᠰᠦᠯ ᠢᠶᠠᠷ ᠨᠢ ᠪᠠᠶᠢᠭᠠᠯᠢᠯᠢᠭ ᠣᠢᠢᠲᠤ ᠭᠠᠵᠠᠷ ᠂ ᠲᠠᠷᠢᠮᠠᠯ ᠣᠢᠢᠲᠤ ᠭᠠᠵᠠᠷ ᠭᠡᠵᠦ ᠬᠤᠪᠢᠶᠠᠨ᠎ᠠ ᠃ | ᠠᠷᠪᠠᠳᠤᠭᠠᠷ ᠵᠦᠢᠯ ᠠᠭᠤᠷᠬᠠᠶ ᠶᠢᠨ ᠪᠤᠯᠠᠭᠳᠠᠴᠠ ᠶᠢ ᠬᠠᠶᠢᠨ ᠰᠢᠨᠵᠢᠯᠡᠬᠦ ᠂ ᠨᠡᠭᠡᠭᠡᠨ ᠮᠠᠯᠲᠠᠬᠤ ᠵᠢᠴᠢ ᠪᠤᠰᠤᠳ ᠡᠯ᠎ᠡ ᠲᠦᠷᠦᠯ ᠤᠨ ᠪᠠᠷᠢᠯᠭ᠎ᠠ ᠶᠢᠨ | ᠪᠦᠳᠦᠭᠡᠠ ᠪᠠᠶᠢᠭᠤᠯᠤᠯᠲᠠ ᠬᠢᠬᠦ ᠳᠤ ᠣᠢᠢᠲᠤ ᠭᠠᠵᠠᠷ ᠂ ᠨᠤᠲᠤᠭ ᠪᠡᠯᠴᠢᠭᠡᠷ ᠢ ᠡᠵᠡᠯᠡᠬᠦ ᠤᠢᠭᠡᠢ ᠪᠤᠶᠤ ᠪᠠᠭ᠎ᠠ ᠡᠵᠡᠯᠡᠬᠦ ᠬᠡᠷᠡᠭᠲᠡᠶ︔ ᠣᠢᠢᠲᠤ ᠭᠠᠵᠠᠷ ᠂ | ᠨᠤᠲᠤᠭ ᠪᠡᠯᠴᠢᠭᠡᠷ ᠢ ᠦᠨᠡᠨᠬᠦ ᠡᠵᠡᠯᠡᠨ ᠬᠡᠷᠡᠭᠯᠡᠬᠦ ᠴᠢᠬᠤᠯᠠᠲᠠᠶ ᠪᠠᠶᠢᠪᠠᠯ ᠂ ᠬᠤᠰᠢᠭᠤᠨ ᠤ ᠱᠠᠲᠤᠨ ᠠᠴᠠ ᠳᠡᠭᠡᠭᠰᠢᠬᠢ ᠣᠶ ᠰᠢᠭᠤᠶ ᠪᠠ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠂ ᠬᠢᠨᠠᠨ ᠵᠥᠪᠰᠢᠶᠡᠷᠡᠭᠦᠯᠬᠦ ᠭᠠᠷᠳᠠᠮ ᠢ ᠬᠠᠤᠯᠢ ᠶᠣᠰᠣᠭᠠᠷ ᠭᠦᠶᠴᠡᠳᠬᠡᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠤᠢ ᠰᠢᠭᠤᠶ ᠶᠢ ᠡᠪᠳᠡᠨ ᠠᠳᠡᠷ ᠬᠠᠭᠠᠯᠪᠤᠷᠢᠯᠠᠬᠤ ᠂ ᠴᠢᠯᠠᠭᠤ ᠭᠠᠷᠭᠠᠬᠤ ᠂ ᠬᠠᠶᠢᠷ ᠴᠢᠯᠠᠭᠤ ᠮᠠᠯᠲᠠᠬᠤ ᠂ ᠰᠢᠷᠣᠶ ᠮᠠᠯᠲᠠᠬᠤ | ᠵᠢᠴᠢ ᠤᠢ ᠮᠣᠳᠣ ᠂ ᠤᠶᠢᠳᠤ ᠭᠠᠵᠠᠷ ᠢ ᠡᠪᠳᠡᠬᠦ ᠪᠤᠰᠤᠳ ᠠᠵᠢᠯᠯᠠᠭ᠎ᠠ ᠶᠢ ᠴᠠᠭᠠᠵᠠᠯᠠᠨ᠎ᠠ︔ ᠣᠢᠢᠲᠤ ᠭᠠᠵᠠᠷ ᠲᠤ ᠬᠦᠨᠳᠦ ᠲᠡᠮᠦᠷᠯᠢᠭ ᠪᠤᠶᠤ ᠪᠤᠰᠤᠳ | ᠬᠤᠣᠷ ᠬᠥᠨᠥᠭᠡᠯ ᠲᠠᠢ ᠪᠣᠳᠠᠰ ᠤᠨ ᠠᠭᠤᠯᠤᠭᠳᠠᠴᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠣᠬᠢᠷ ᠤᠰᠤ ᠂ ᠪᠤᠵᠠᠷ ᠰᠢᠪᠠᠷ ᠵᠢᠴᠢ ᠣᠢᠢᠲᠤ ᠭᠠᠵᠠᠷ ᠢ | ᠪᠣᠬᠢᠷᠲᠤᠭᠤᠯᠵᠤ ᠮᠡᠳᠡᠬᠦ ᠲᠤᠨᠤᠮᠠᠯ ᠰᠢᠪᠠᠷ ᠂ ᠦᠯᠡᠳᠡᠭᠳᠡᠯ ᠬᠦᠳᠡᠷ ᠂ ᠬᠦᠳᠡᠷ ᠤᠨ ᠰᠢᠭᠠᠷᠤ ᠵᠡᠷᠭᠡ ᠶᠢ ᠭᠠᠳᠠᠭᠰᠢᠯᠠᠭᠤᠯᠬᠤ ᠶᠢ ᠴᠠᠭᠠᠵᠠᠯᠠᠨ᠎ᠠ︔ | ᠵᠤᠯᠵᠠᠭ᠎ᠠ ᠮᠣᠳᠣᠨ ᠤ ᠭᠠᠵᠠᠷ ᠲᠤ ᠲᠦᠯᠡᠭᠡ ᠴᠠᠪᠴᠢᠬᠤ ᠂ ᠵᠤᠯᠵᠠᠭ᠎ᠠ ᠮᠣᠳᠣ ᠶᠢ ᠰᠦᠢᠳᠬᠡᠬᠦ ᠂ ᠮᠠᠯ ᠬᠠᠷᠢᠭᠤᠯᠬᠤ ᠶᠢ ᠴᠠᠭᠠᠵᠠᠯᠠᠨ᠎ᠠ︔ ᠤᠢ | ᠰᠢᠭᠤᠶ ᠶᠢᠨ ᠬᠠᠮᠠᠭᠠᠯᠠᠯᠲᠠ ᠶᠢᠨ ᠲᠡᠮᠳᠡᠭ ᠢ ᠳᠤᠷ᠎ᠠ ᠪᠠᠷ ᠢᠶᠠᠨ ᠰᠢᠯᠵᠢᠭᠦᠯᠬᠦ ᠪᠤᠶᠤ ᠡᠪᠳᠡᠬᠦ ᠶᠢ ᠴᠠᠭᠠᠵᠠᠯᠠᠨ᠎ᠠ ᠃ | ᠠᠷᠪᠠᠨ ᠬᠤᠶᠠᠳᠤᠭᠠᠷ ᠵᠦᠢᠯ ᠡᠯ᠎ᠡ ᠲᠦᠷᠦᠯ ᠤᠨ ᠪᠦᠳᠦᠭᠡᠠ ᠪᠠᠶᠢᠭᠤᠯᠤᠯᠲᠠ ᠶᠢᠨ ᠳᠦᠷᠤᠯ ᠵᠤᠶᠢᠯ ᠳᠤ ᠣᠢᠢᠲᠤ ᠭᠠᠵᠠᠷ ᠂ ᠨᠤᠲᠤᠭ ᠪᠡᠯᠴᠢᠭᠡᠷ ᠢ | ᠡᠵᠡᠯᠡᠨ ᠬᠡᠷᠡᠭᠯᠡᠬᠦ ᠳᠡᠭᠡᠨ ᠵᠥᠪᠰᠢᠶᠡᠷᠡᠭᠦᠯᠦᠭᠰᠡᠨ ᠭᠠᠵᠠᠷ ᠡᠵᠡᠯᠡᠬᠦ ᠬᠡᠪᠴᠢᠶ᠎ᠡ ᠪᠠ ᠬᠦᠷᠢᠶ᠎ᠡ ᠬᠡᠪᠴᠢᠶᠡᠨ ᠤ ᠳᠤᠳᠤᠷ᠎ᠠ ᠬᠢᠵᠠᠭᠠᠷᠯᠠᠨ᠎ᠠ ᠃ | ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶᠯ ᠨᠢ ᠣᠢᠢᠲᠤ ᠭᠠᠵᠠᠷ ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠳᠡᠭᠡᠨ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠳᠤ ᠨᠡᠶᠢᠴᠡᠭᠦᠯᠵᠦ ᠂ ᠲᠥᠯᠥᠪᠵᠢᠭᠦᠯᠭᠡ ᠶᠢᠨ ᠭᠠᠵᠠᠷ ᠰᠣᠩᠭᠤᠬᠤ ᠰᠠᠨᠠᠯ ᠤᠨ ᠪᠢᠴᠢᠭ ᠪᠤᠶᠤ ᠲᠥᠯᠥᠪᠵᠢᠭᠦᠯᠭᠡ ᠶᠢᠨ ᠨᠥᠬᠦᠴᠡᠯ ᠤᠨ | ᠰᠠᠨᠠᠯ ᠤᠨ ᠪᠢᠴᠢᠭ ᠢ ᠬᠠᠩᠭᠠᠬᠤ ᠬᠡᠷᠡᠭᠲᠡᠶ ᠃ | ᠠᠷᠪᠠᠨ ᠭᠤᠷᠪᠠᠳᠤᠭᠠᠷ ᠵᠦᠢᠯ ᠡᠯ᠎ᠡ ᠲᠦᠷᠦᠯ ᠤᠨ ᠪᠦᠳᠦᠭᠡᠨ ᠪᠠᠶᠢᠭᠤᠯᠤᠯᠲᠠ ᠶᠢᠨ ᠳᠦᠷᠤᠯ ᠵᠤᠶᠢᠯ ᠳᠤ ᠪᠠᠶᠢᠭᠠᠯᠢ ᠶᠢᠨ ᠬᠠᠮᠠᠭᠠᠯᠠᠯᠲᠠ ᠶᠢᠨ | ᠤᠷᠤᠨ ᠢ ᠡᠵᠡᠯᠡᠨ ᠬᠡᠷᠡᠭᠯᠡᠵᠦ ᠪᠣᠯᠬᠤ ᠦᠭᠡᠢ ᠃ ᠦᠨᠡᠬᠡᠷ ᠡᠵᠡᠯᠡᠨ ᠬᠡᠷᠡᠭᠯᠡᠬᠦ ᠴᠢᠬᠤᠯᠠᠲᠠᠶ ᠪᠤᠯᠪᠠᠯ ᠂ ᠲᠣᠭᠲᠠᠭᠠᠯ ᠶᠣᠰᠣᠭᠠᠷ ᠤᠷᠢᠳᠠᠪᠠᠷ ᠬᠤᠯᠪᠣᠭᠳᠠᠯ ᠪᠦᠬᠦᠢ | ᠭᠤᠤᠯᠯᠠᠨ ᠬᠠᠮᠢᠶᠠᠷᠬᠤ ᠪᠠᠶᠢᠭᠤᠯᠤᠮᠵᠢ ᠪᠠ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠶ ᠃ | ᠠᠷᠪᠠᠨ ᠳᠥᠷᠪᠡᠳᠦᠭᠡᠷ ᠵᠦᠢᠯ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠨᠢ ᠨᠤᠲᠤᠭ ᠪᠡᠯᠴᠢᠭᠡᠷ ᠢ ᠵᠣᠬᠢᠰᠲᠠᠢ ᠠᠰᠢᠬᠯᠠᠵᠤ ᠂ ᠨᠤᠲᠤᠭ | ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠨᠢ ᠲᠡᠵᠢᠭᠡᠯ ᠡᠪᠡᠰᠦ ᠪᠣᠷᠳᠤᠭ᠎ᠠ ᠲᠡᠷᠢᠵᠦ ᠨᠥᠭᠡᠴᠡᠯᠡᠵᠦ ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ | ᠬᠡᠮᠵᠢᠶ᠎ᠡ ᠪᠠᠨ ᠨᠡᠮᠡᠭᠳᠡᠭᠦᠯᠬᠦ ᠬᠡᠷᠡᠭᠲᠡᠶ ᠃ | ᠠᠷᠪᠠᠨ ᠲᠠᠪᠤᠳᠤᠭᠠᠷ ᠵᠦᠢᠯ ᠪᠦᠳᠦᠭᠡᠠ ᠪᠠᠶᠢᠭᠤᠯᠤᠯᠲᠠ ᠳᠤ ᠬᠠᠮᠲᠤ ᠶᠢᠨ ᠥᠮᠴᠢᠯᠡᠯ ᠤᠨ ᠤᠶᠢᠳᠤ ᠭᠠᠵᠠᠷ ᠂ ᠨᠤᠲᠤᠭ ᠪᠡᠯᠴᠢᠭᠡᠷ ᠢ | ᠲᠠᠲᠠᠪᠤᠷᠢᠯᠠᠨ ᠬᠡᠷᠡᠭᠯᠡᠬᠦ ᠳᠤ ᠬᠦᠷᠪᠡᠯ ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠨᠥᠬᠦᠪᠥᠷᠢ ᠥᠭᠬᠦ ᠬᠡᠷᠡᠭᠲᠡᠶ | ︔ ᠪᠦᠳᠦᠭᠡᠠ ᠪᠠᠶᠢᠭᠤᠯᠤᠯᠲᠠ ᠳᠤ ᠤᠯᠤᠰ ᠤᠨ ᠥᠮᠴᠢᠯᠡᠯ ᠤᠨ ᠤᠶᠢᠳᠤ ᠭᠠᠵᠠᠷ ᠂ ᠨᠤᠲᠤᠭ ᠪᠡᠯᠴᠢᠭᠡᠷ ᠢ ᠬᠡᠷᠡᠭᠯᠡᠭᠰᠡᠨ ᠪᠠᠶᠢᠪᠠᠯ ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠳᠠᠭᠠᠭᠠᠴᠢᠯᠠᠨ ᠡᠵᠡᠩᠨᠡᠭᠴᠢ ᠳᠤ ᠨᠥᠬᠦᠪᠥᠷᠢ ᠥᠭᠬᠦ ᠬᠡᠷᠡᠭᠲᠡᠶ ᠃ | ᠪᠥᠲᠥᠭᠡᠨ ᠪᠠᠶᠢᠭᠤᠯᠤᠯᠲᠠ ᠳᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠲᠠᠲᠠᠪᠤᠷᠢᠯᠠᠬᠤ ᠂ ᠲᠠᠲᠠᠪᠤᠷᠢᠯᠠᠨ ᠬᠡᠷᠡᠭᠯᠡᠬᠦ ᠪᠤᠶᠤ | ᠬᠡᠷᠡᠭᠯᠡᠬᠦ ᠳᠤ ᠭᠦᠷᠪᠡᠯ ᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠠᠷᠤᠳᠠᠯ ᠲᠤᠰᠢᠶᠠᠬᠤ ᠬᠡᠷᠡᠭᠲᠡᠶ ᠃ ᠣᠶ | ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠰᠦᠶᠳᠬᠡᠯ ᠤᠨ ᠲᠤᠰᠬᠠᠶ ᠵᠣᠭᠤᠰ ᠢ ᠲᠤᠰᠬᠠᠶ ᠵᠦᠶᠯ ᠳᠤ ᠬᠡᠷᠡᠭᠯᠡᠵᠦ ᠂ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠬᠤᠯᠪᠤᠬᠳᠠᠯ ᠪᠥᠬᠦᠶ ᠲᠣᠭᠲᠠᠭᠠᠯ ᠶᠣᠰᠣᠭᠠᠷ ᠣᠶ ᠰᠢᠭᠤᠶ ᠨᠤᠲᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠳᠤ ᠬᠡᠷᠡᠭᠯᠡᠵᠦ ᠂ ᠶᠠᠮᠠᠷᠪᠠ ᠨᠢᠭᠡᠴᠢ ᠪᠠ ᠬᠤᠪᠢ ᠬᠥᠮᠦᠨ ᠦᠯᠡᠳᠡᠭᠡᠨ ᠠᠪᠴᠤ ᠂ ᠨᠡᠭᠦᠯᠭᠡᠨ | ᠬᠡᠷᠡᠭᠯᠡᠵᠦ ᠪᠣᠯᠬᠤ ᠥᠬᠡᠶ ᠃ | ᠠᠷᠪᠠᠨ ᠵᠢᠷᠭᠤᠳᠤᠭᠠᠷ ᠵᠦᠶᠯ ᠣᠢᠢᠲᠤ ᠭᠠᠵᠠᠷ ᠂ ᠨᠤᠲᠤᠭ ᠪᠡᠯᠴᠢᠭᠡᠷ ᠢ ᠲᠦᠷ ᠬᠡᠷᠡᠭᠯᠡᠬᠦ ᠴᠢᠬᠤᠯᠠᠳᠠᠢ ᠪᠣᠯ ᠬᠤᠰᠢᠭᠤᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ ︔ ᠤᠶᠢᠳᠤ | ᠭᠠᠵᠠᠷ ᠂ ᠨᠤᠲᠤᠭ ᠪᠡᠯᠴᠢᠭᠡᠷ ᠢ ᠲᠦᠷ ᠡᠵᠡᠯᠡᠨ ᠬᠡᠷᠡᠭᠯᠡᠬᠦ ᠬᠤᠭᠤᠴᠠᠭ᠎ᠠ ᠶᠢ ᠳᠡᠭᠡᠳᠦ ᠱᠠᠲᠤᠨ ᠤ ᠲᠤᠬᠠᠢᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠲᠣᠭᠲᠠᠭᠠᠯ ᠶᠣᠰᠣᠭᠠᠷ ᠭᠦᠢᠴᠡᠳᠬᠡᠨ᠎ᠡ ᠂ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠲᠦᠷᠡᠭᠦᠯᠵᠦ ᠪᠣᠯᠬᠤ ᠤᠢᠭᠡᠢ ᠪᠥᠭᠡᠳ ᠲᠦᠷ ᠬᠡᠷᠡᠭᠯᠡᠬᠦ ᠤᠶᠢᠳᠤ | ᠭᠠᠵᠠᠷ ᠂ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ ᠴᠢᠨᠠᠷᠲᠠᠶ ᠪᠠᠷᠢᠯᠭ᠎ᠠ ᠪᠠᠷᠢᠵᠤ ᠪᠣᠯᠬᠤ ᠤᠢᠭᠡᠢ︔ ᠡᠵᠡᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠪᠡᠯ | ᠭᠠᠵᠠᠷ ᠬᠡᠷᠡᠭᠯᠡᠭᠰᠡᠨ ᠨᠢᠭᠡᠴᠢ ᠡᠷᠬᠡᠪᠰᠢ ᠤᠢ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ ᠂ ᠨᠤᠲᠤᠭ ᠪᠡᠯᠴᠢᠭᠡᠷ ᠤᠨ ᠤᠷᠭᠤᠮᠠᠯ ᠤᠨ | ᠪᠦᠷᠬᠦᠴᠡ ᠶᠢ ᠰᠡᠷᠭᠦᠭᠡᠬᠦ ᠬᠡᠷᠡᠭᠲᠡᠶ ᠃ | ᠠᠷᠪᠠᠨ ᠳᠣᠯᠣᠳᠤᠭᠠᠷ ᠵᠦᠢᠯ ᠣᠢᠢᠲᠤ ᠭᠠᠵᠠᠷ ᠂ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠠᠭᠠᠵᠠᠯᠠᠨ᠎ᠠ ᠂ ᠳᠠᠴᠢᠷᠰᠢᠵᠤ ᠂ ᠬᠠᠭᠠᠰ | ᠳᠠᠴᠢᠷᠳᠠᠬᠰᠠᠨ ᠪᠠ ᠬᠦᠨᠳᠦ ᠨᠣᠴᠢᠲᠠᠶ ᠮᠠᠭᠤᠳᠠᠭᠰᠠᠨ ᠂ ᠡᠯᠡᠰᠦᠵᠢᠭᠰᠡᠨ ᠂ ᠬᠤᠵᠢᠷᠰᠢᠭᠰᠠᠨ ᠂ ᠬᠠᠶᠢᠷᠬᠠᠬᠵᠢᠬᠰᠠᠨ ᠂ ᠬᠥᠷᠥᠰᠥ ᠰᠢᠷᠣᠶ ᠢᠳᠡᠭᠳᠡᠭᠰᠡᠨ | ᠣᠢᠢᠲᠤ ᠭᠠᠵᠠᠷ ᠂ ᠨᠤᠲᠤᠭ ᠪᠡᠯᠴᠢᠭᠡᠷ ᠵᠢᠴᠢ ᠠᠮᠢ ᠠᠬᠤᠶ ᠬᠡᠪᠡᠷᠡᠭ ᠣᠷᠣᠨ ᠤ ᠣᠢᠢᠲᠤ ᠭᠠᠵᠠᠷ ᠂ ᠨᠤᠲᠤᠭ ᠪᠡᠯᠴᠢᠭᠡᠷ ᠳᠡᠭᠡᠷ᠎ᠡ ᠤᠷᠭᠤᠮᠠᠯ ᠢ ᠮᠠᠯᠲᠠᠬᠤ ᠪᠠ | ᠤᠢ ᠰᠢᠭᠤᠶ ᠡᠪᠡᠰᠦ ᠤᠷᠭᠤᠮᠠᠯ ᠤᠨ ᠪᠦᠷᠬᠦᠴᠡ ᠶᠢ ᠡᠪᠳᠡᠬᠦ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ ᠃ | ᠠᠷᠪᠠᠨ ᠨᠠᠢᠮᠠᠳᠤᠭᠠᠷ ᠵᠦᠢᠯ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠮᠤᠳᠤ ᠣᠭᠲᠣᠯᠬᠤ ᠂ ᠮᠠᠯ ᠬᠠᠷᠢᠭᠤᠯᠬᠤ ᠂ ᠠᠩ ᠠᠩᠨᠠᠬᠤ ᠂ | ᠠᠩᠨᠠᠵᠤ ᠱᠦᠭᠦᠬᠦ ᠂ ᠡᠮ ᠮᠠᠯᠲᠠᠬᠤ ᠂ ᠠᠳᠡᠷ ᠬᠠᠭᠠᠯᠪᠤᠷᠢᠯᠠᠬᠤ ᠂ ᠴᠤᠷᠮᠠᠳᠠᠬᠤ ᠂ ᠠᠭᠤᠷᠬᠠᠶ ᠨᠡᠭᠡᠭᠡᠬᠦ ᠂ ᠴᠢᠯᠠᠭᠤ ᠭᠠᠷᠭᠠᠬᠤ ᠂ ᠬᠠᠶᠢᠷᠬᠠᠭ ᠮᠠᠯᠲᠠᠬᠤ | ᠵᠡᠷᠭᠡ ᠠᠵᠢᠯᠯᠠᠭ᠎ᠠ ᠬᠢᠬᠦ ᠶᠢ ᠴᠠᠭᠠᠵᠠᠯᠠᠨ᠎ᠠ ᠃ | ᠠᠷᠪᠠ ᠶᠢᠰᠦᠳᠦᠭᠡᠷ ᠵᠦᠶᠯ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠂ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠬᠢᠨ ᠬᠠᠮᠢᠶᠠᠷᠴᠤ ᠬᠠᠮᠠᠭᠠᠯᠠᠬᠤ ᠵᠣᠬᠢᠶᠠᠨ ᠪᠠᠶᠢᠭᠤᠯᠤᠯᠲᠠ ᠪᠠᠶᠢᠭᠤᠯᠵᠤ ᠂ ᠬᠠᠮᠢᠶᠠᠷᠴᠤ ᠬᠠᠮᠠᠭᠠᠯᠠᠬᠤ ᠲᠦᠷᠢᠮ ᠳᠤᠬᠳᠠᠭᠠᠨ ᠂ | ᠬᠠᠷᠢᠭᠤᠴᠠᠯᠭ᠎ᠠ ᠶᠢᠨ ᠤᠷᠤᠨ ᠢ ᠬᠤᠪᠢᠶᠠᠷᠢᠯᠠᠨ ᠲᠣᠭᠲᠠᠭᠠᠵᠤ ᠂ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠣᠢ ᠬᠠᠮᠠᠭᠠᠯᠠᠭᠴᠢ ᠂ ᠡᠪᠡᠰᠦ | ᠪᠡᠯᠴᠢᠭᠡᠷ ᠤᠨ ᠬᠠᠮᠢᠶᠠᠷᠤᠭᠴᠢ ᠳᠣᠭᠢᠷᠠᠭᠤᠯᠤᠨ ᠂ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠲᠣᠭᠤᠷᠢᠨ | ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠃ | ᠤᠷᠢᠨ ᠬᠡᠷᠡᠭᠯᠡᠭᠰᠡᠨ ᠣᠢ ᠬᠠᠮᠠᠭᠠᠯᠠᠭᠴᠢ ᠂ ᠡᠪᠡᠰᠦ ᠪᠡᠯᠴᠢᠭᠡᠷ ᠤᠨ ᠬᠠᠮᠢᠶᠠᠷᠤᠭᠴᠢ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ ᠣᠢᠢᠲᠤ ᠭᠠᠵᠠᠷ ᠂ | ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠲᠣᠭᠤᠷᠢᠨ ᠬᠠᠮᠠᠭᠠᠯᠠᠵᠤ ᠂ ᠭᠠᠯ ᠤᠨ ᠪᠠᠶᠢᠳᠠᠯ ᠂ ᠣᠶ ᠮᠤᠳᠤ ᠡᠪᠡᠰᠦᠨ ᠳᠤ | ᠬᠥᠨᠥᠭᠡᠯ ᠲᠠᠢ ᠠᠮᠢᠳᠤ ᠪᠣᠳᠠᠰ ᠵᠢᠴᠢ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠪᠳᠡᠭᠰᠡᠨ ᠦᠶᠯᠡ | ᠠᠵᠢᠯᠯᠠᠭ᠎ᠠ ᠶᠢ ᠢᠯᠡᠷᠡᠬᠦᠯᠪᠡᠯ ᠴᠠᠭ ᠲᠤᠬᠠᠶ ᠳᠤᠨᠢ ᠰᠢᠶᠳᠪᠦᠷᠢᠯᠡᠬᠦ ᠶᠢᠨ ᠬᠠᠮᠲᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ ᠃ | ᠭᠤᠷᠪᠠᠳᠤᠭᠠᠷ ᠪᠦᠯᠦᠭ ᠣᠢᠢᠲᠤ ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠪᠠ ᠲᠠᠲᠠᠪᠤᠷᠢᠯᠠᠬᠤ | ᠬᠤᠷᠢᠳᠤᠭᠠᠷ ᠵᠦᠢᠯ ᠡᠯ᠎ᠡ ᠲᠦᠷᠦᠯ ᠤᠨ ᠪᠦᠳᠦᠭᠡᠠ ᠪᠠᠶᠢᠭᠤᠯᠤᠯᠲᠠ ᠶᠢᠨ ᠳᠦᠷᠤᠯ ᠵᠤᠶᠢᠯ ᠳᠤ ᠣᠢᠢᠲᠤ ᠭᠠᠵᠠᠷ ᠂ ᠨᠤᠲᠤᠭ ᠪᠡᠯᠴᠢᠭᠡᠷ ᠢ ᠡᠵᠡᠯᠡᠨ | ᠬᠡᠷᠡᠭᠯᠡᠵᠦ ᠲᠠᠲᠠᠪᠤᠷᠢᠯᠠᠬᠤ ᠳᠤ ᠳᠣᠣᠷᠠᠬᠢ ᠨᠥᠬᠦᠴᠡᠯ ᠤᠳ ᠢ ᠬᠠᠩᠭᠠᠬᠤ ᠬᠡᠷᠡᠭᠲᠡᠶ ᠄ | ︵ᠨᠢᠭᠡ︶ ᠳᠦᠷᠤᠯ ᠵᠤᠶᠢᠯ ᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠪᠠᠶᠢᠬᠤ︔ | ︵ᠬᠤᠶᠠᠷ︶ ᠤᠯᠤᠰ ᠤᠨ ᠠᠵᠤ ᠦᠢᠯᠡᠰ ᠤᠨ ᠭᠠᠷᠴᠠᠭ ᠪᠠ ᠭᠠᠵᠠᠷ ᠰᠢᠷᠤᠢ ᠬᠠᠩᠭᠠᠬᠤ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠪᠠᠶᠢᠬᠤ︔ | ︵ᠭᠤᠷᠪᠠ︶ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠂ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠶᠢᠨ | ᠲᠥᠯᠥᠪᠵᠢᠭᠦᠯᠭᠡ ᠂ ᠣᠢᠢᠲᠤ ᠭᠠᠵᠠᠷ ᠪᠠ ᠨᠤᠲᠤᠭ ᠪᠡᠯᠴᠢᠭᠡᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠶ | ᠲᠥᠯᠥᠪᠵᠢᠭᠦᠯᠭᠡ ᠳᠤ ᠨᠡᠶᠢᠴᠡᠭᠦᠯᠦᠭᠰᠡᠨ ᠪᠠᠶᠢᠬᠤ︔ | ︵ᠲᠦᠷᠪᠡ︶ ᠤᠯᠤᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | ︵ᠲᠠᠪᠤ︶ ᠤᠶᠢᠳᠤ ᠭᠠᠵᠠᠷ ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠭᠠᠵᠠᠷ ᠂ ᠲᠠᠯᠠᠪᠠᠢ ᠪᠠ ᠲᠦᠷᠦᠯ ᠵᠦᠢᠯ ᠨᠢ ᠵᠦᠢ ᠵᠣᠬᠢᠰᠲᠠᠶ ᠪᠥᠭᠡᠳ | ᠴᠢᠬᠤᠯᠠ ᠴᠢᠨᠠᠷ ᠲᠠᠢ ᠪᠠᠶᠢᠬᠤ ᠃ | ᠬᠤᠷᠢᠨ ᠨᠢᠭᠡᠳᠦᠭᠡᠷ ᠵᠦᠶᠯ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠡᠷᠬᠡᠪᠰᠢ ᠣᠢᠢᠲᠤ ᠭᠠᠵᠠᠷ ᠂ ᠨᠤᠲᠤᠭ | ᠪᠡᠯᠴᠢᠭᠡᠷ ᠢ ᠡᠵᠡᠯᠡᠨ ᠬᠡᠷᠡᠭᠯᠡᠬᠦ ᠂ ᠬᠡᠷᠡᠭᠯᠡᠬᠦ ᠂ ᠲᠠᠲᠠᠪᠤᠷᠢᠯᠠᠬᠤ ᠪᠤᠶᠤ ᠣᠢᠢᠲᠤ ᠭᠠᠵᠠᠷ ᠂ ᠨᠤᠲᠤᠭ ᠪᠡᠯᠴᠢᠭᠡᠷ ᠢ ᠲᠦᠷ ᠡᠵᠡᠯᠡᠨ ᠬᠡᠷᠡᠭᠯᠡᠬᠦ ᠳᠤ | ᠭᠦᠷᠪᠡᠯ ᠂ ᠭᠠᠵᠠᠷ ᠬᠡᠷᠡᠭᠯᠡᠬᠦ ᠨᠢᠭᠡᠴᠢ ᠨᠢ ᠬᠤᠰᠢᠭᠤᠨ ᠤ ᠱᠠᠲᠤᠨ ᠠᠴᠠ ᠳᠡᠭᠡᠭᠰᠢᠬᠢ ᠣᠢᠢᠲᠤ ᠭᠠᠵᠠᠷ ᠂ ᠨᠤᠲᠤᠭ ᠪᠡᠯᠴᠢᠭᠡᠷ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ︵ ᠬᠢᠨᠠᠨ ᠵᠥᠪᠰᠢᠶᠡᠷᠡᠬᠦ ᠠᠯᠪᠠᠨ ᠬᠡᠷ ︶ ᠲᠤ ᠭᠤᠶᠤᠴᠢᠯᠠᠬᠤ ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ | ᠲᠤᠰᠢᠶᠠᠬᠤ ᠬᠡᠷᠡᠭᠲᠡᠶ ᠃ ᠬᠤᠰᠢᠭᠤᠨ ᠤ ᠣᠢᠢᠲᠤ ᠭᠠᠵᠠᠷ ᠂ ᠨᠤᠲᠤᠭ ᠪᠡᠯᠴᠢᠭᠡᠷ ᠤᠨ ᠰᠠᠯᠠᠭ᠎ᠠ ᠮᠥᠴᠢᠷ ︵ ᠬᠢᠨᠠᠨ ᠵᠥᠪᠰᠢᠶᠡᠷᠡᠬᠦ ᠠᠯᠪᠠᠨ ᠬᠡᠷ ︶ ᠨᠢ | ᠬᠢᠨᠠᠨ ᠬᠠᠷᠭᠤᠭᠤᠯᠬᠤ ᠪᠠᠷ ᠳᠡᠮᠵᠢᠨ ᠣᠢᠢᠲᠤ ᠭᠠᠵᠠᠷ ᠂ ᠨᠤᠲᠤᠭ ᠪᠡᠯᠴᠢᠭᠡᠷ ᠢ ᠬᠡᠷᠡᠭᠯᠡᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ ᠂ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠴᠠᠭ ᠤᠨ ᠬᠢᠵᠠᠭᠠᠷᠯᠠᠯ ᠤᠨ ᠱᠠᠭᠠᠷᠳᠠᠯᠭ᠎ᠠ ᠶᠣᠰᠣᠭᠠᠷ ᠭᠦᠶᠴᠡᠳᠬᠡᠨ᠎ᠡ ᠃ | ᠬᠤᠷᠢᠨ ᠬᠤᠶᠠᠳᠤᠭᠠᠷ ᠵᠦᠢᠯ ᠡᠯ᠎ᠡ ᠲᠥᠷᠥᠯ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠡᠵᠡᠯᠡᠨ ᠬᠡᠷᠡᠭᠯᠡᠭᠰᠡᠨ ᠪᠤᠶᠤ ᠲᠠᠲᠠᠪᠤᠷᠢᠯᠠᠨ | ᠬᠡᠷᠡᠭᠯᠡᠭᠰᠡᠨ ᠬᠠᠯᠬᠠᠪᠴᠢ ᠤᠢ ᠶᠢᠨ ᠭᠠᠵᠠᠷ ᠪᠤᠶᠤ ᠣᠨᠴᠠ ᠬᠡᠷᠡᠭᠯᠡᠭᠡᠨ ᠤ ᠤᠢ ᠶᠢᠨ ᠤᠶᠢᠳᠤ ᠭᠠᠵᠠᠷ ᠤᠨ ᠲᠠᠯᠠᠪᠠᠢ ᠨᠢ 10 ᠾᠧᠺᠲ᠋ᠠᠷ ᠠᠴᠠ ᠳᠡᠭᠡᠭᠰᠢ ᠂ | ᠬᠡᠷᠡᠭᠰᠡᠯ ᠤᠨ ᠮᠣᠳᠣᠨ ᠤ ᠤᠢ ᠂ ᠠᠵᠤ ᠠᠬᠤᠶ ᠶᠢᠨ ᠤᠢ ᠂ ᠳᠦᠯᠡᠰᠢᠨ ᠤᠢ ᠶᠢᠨ ᠤᠶᠢᠳᠤ ᠭᠠᠵᠠᠷ ᠬᠢᠭᠡᠳ ᠣᠭᠲᠣᠯᠤᠭᠰᠠᠨ ᠭᠠᠵᠠᠷ ᠤᠨ ᠲᠠᠯᠠᠪᠠᠢ ᠨᠢ | 35 ᠾᠧᠺᠲ᠋ᠠᠷ ᠠᠴᠠ ᠳᠡᠭᠡᠭᠰᠢ ᠂ ᠪᠤᠰᠤᠳ ᠤᠢ ᠮᠣᠳᠣᠨ ᠤ ᠭᠠᠵᠠᠷ ᠤᠨ ᠲᠠᠯᠠᠪᠠᠢ ᠨᠢ 70 ᠾᠧᠺᠲ᠋ᠠᠷ ᠠᠴᠠ ᠳᠡᠭᠡᠭᠰᠢ ᠪᠠᠶᠢᠪᠠᠯ ᠂ ᠲᠦᠷᠤ ᠶᠢᠨ | ᠶᠠᠪᠤᠳᠠᠯ ᠤᠨ ᠬᠤᠷᠢᠶ᠎ᠠ ᠶᠢᠨ ᠤᠢ ᠰᠢᠭᠤᠶ ᠨᠤᠳᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ | ᠵᠦᠪᠰᠢᠶᠡᠷᠡᠬᠦᠯᠤᠨ᠎ᠠ︔ ᠡᠵᠡᠯᠡᠨ ᠬᠡᠷᠡᠭᠯᠡᠭᠰᠡᠨ ᠪᠤᠶᠤ ᠲᠠᠲᠠᠪᠤᠷᠢᠯᠠᠨ ᠬᠡᠷᠡᠭᠯᠡᠭᠰᠡᠨ ᠤᠢ ᠮᠣᠳᠣᠨ ᠤ ᠭᠠᠵᠠᠷ ᠤᠨ ᠲᠠᠯᠠᠪᠠᠢ ᠨᠢ ᠳᠡᠭᠡᠷ᠎ᠡ ᠳᠤᠷᠠᠳᠤᠭᠰᠠᠨ | ᠲᠣᠭᠲᠠᠭᠰᠠᠨ ᠲᠤᠭ᠎ᠠ ᠭᠡᠮᠵᠢᠶᠠᠨ ᠤ ᠬᠢ ᠠᠴᠠ ᠳᠣᠣᠷ᠎ᠠ ᠪᠠᠶᠢᠪᠠᠯ ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠣᠯᠤᠨ ᠨᠤᠲᠤᠭ ᠪᠡᠯᠴᠢᠭᠡᠷ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠵᠦᠪᠰᠢᠶᠡᠷᠡᠬᠦᠯᠤᠨ᠎ᠠ ᠃ | ᠬᠤᠷᠢᠨ ᠭᠤᠷᠪᠠᠳᠤᠭᠠᠷ ᠵᠦᠢᠯ 《 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠶᠢᠳᠤ ᠭᠠᠵᠠᠷ ᠢ ᠲᠦᠷ ᠡᠵᠡᠯᠡᠨ ᠬᠡᠷᠡᠭᠯᠡᠬᠦ ᠶᠢ ᠬᠢᠨᠠᠨ | ᠵᠥᠪᠰᠢᠶᠡᠷᠡᠬᠦ ᠡᠷᠬᠡ ᠮᠡᠳᠡᠯ ᠢ ᠤᠯᠠᠮ ᠨᠢᠭᠡ ᠠᠯᠬᠤᠮ ᠳᠣᠷᠣᠭᠰᠢ ᠪᠠᠭᠤᠯᠭᠠᠬᠤ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠶ | ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ 》( ᠥᠪᠥᠷ ᠤᠢ ᠨᠤᠳᠤᠭ ᠡᠬᠢ ᠲᠠᠷᠬᠠᠭᠠᠭᠰᠠᠨ 〔2019〕 138 ᠲᠣᠭᠠᠲᠤ ) ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠂ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠠᠯᠬᠠᠪᠴᠢ | ᠣᠶ ᠶᠢᠨ ᠭᠠᠵᠠᠷ ᠪᠤᠶᠤ ᠣᠨᠴᠠ ᠬᠡᠷᠡᠭᠴᠡᠭᠡᠨ ᠤ ᠣᠶ ᠶᠢᠨ ᠭᠠᠵᠠᠷ ᠢ ᠲᠦᠷ ᠴᠠᠭ ᠡᠵᠡᠯᠡᠨ ᠬᠡᠷᠡᠭᠯᠡᠭᠰᠡᠨ ᠂ ᠪᠤᠰᠤᠳ ᠣᠶ ᠰᠢᠭᠤᠶ ᠶᠢᠨ ᠭᠠᠵᠠᠷ ᠤᠨ | ᠲᠠᠯᠠᠪᠠᠶ ᠨᠢ 10 ᠾᠧᠺᠲ᠋ᠠᠷ ︵ 10 ᠾᠧᠺᠲ᠋ᠠᠷ ᠪᠠᠭᠲᠠᠨ᠎ᠠ ︶ ᠠᠴᠠ ᠳᠡᠭᠡᠭᠰᠢ ᠵᠢᠴᠢ ᠠᠶᠢᠮᠠᠭ ᠬᠤᠲᠠ ᠶᠢᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ | ᠣᠶ ᠰᠢᠭᠤᠶ ᠶᠢᠨ ᠡᠵᠡᠩᠨᠡᠯᠲᠡ ᠶᠢᠨ ᠨᠢᠭᠡᠴᠢ ᠶᠢᠨ ᠡᠵᠡᠩᠨᠡᠯᠲᠡ ᠶᠢᠨ ᠬᠡᠪᠴᠢᠶᠡᠨ ᠳᠠᠬᠢ ᠤᠢ ᠰᠢᠭᠤᠢ ᠶᠢᠨ ᠭᠠᠵᠠᠷ ᠢ ᠲᠦᠷ ᠴᠠᠭ ᠡᠵᠡᠯᠡᠨ | ᠬᠡᠷᠡᠭᠯᠡᠭᠰᠡᠨ ᠪᠠᠶᠢᠪᠠᠯ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠬᠦᠯᠤᠨᠠ ︔ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠲᠦᠷ | ᠴᠠᠭ ᠬᠠᠯᠬᠠᠪᠴᠢ ᠣᠶ ᠶᠢᠨ ᠭᠠᠵᠠᠷ ᠪᠤᠶᠤ ᠣᠨᠴᠠ ᠬᠡᠷᠡᠭᠴᠡᠭᠡᠨ ᠤ ᠣᠶ ᠶᠢᠨ ᠭᠠᠵᠠᠷ ᠢ ᠡᠵᠡᠯᠡᠨ ᠬᠡᠷᠡᠭᠯᠡᠭᠰᠡᠨ ᠠᠴᠠ ᠭᠠᠳᠠᠨ᠎ᠠ ᠪᠤᠰᠤᠳ ᠣᠶ | ᠰᠢᠭᠤᠶ ᠶᠢᠨ ᠭᠠᠵᠠᠷ ᠤᠨ ᠲᠠᠯᠠᠪᠠᠶ ᠨᠢ 10 ᠾᠧᠺᠲ᠋ᠠᠷ ᠠᠴᠠ ᠳᠣᠷᠣᠭᠰᠢ ᠪᠠᠶᠢᠪᠠᠯ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠦᠪᠰᠢᠶᠡᠷᠡᠬᠦᠯᠤᠨ᠎ᠠ ᠃ | ᠬᠤᠷᠢᠨ ᠳᠥᠷᠪᠡᠳᠦᠭᠡᠷ ᠵᠦᠢᠯ ᠤᠯᠤᠰ ᠤᠨ ᠥᠮᠴᠢᠯᠡᠯᠳᠤ ᠤᠢ ᠰᠢᠭᠤᠶ ᠶᠢᠨ ᠡᠵᠡᠩᠨᠡᠯᠲᠡ ᠶᠢᠨ ᠨᠢᠭᠡᠴᠢ ᠨᠦᠭᠦᠳ ᠡᠵᠡᠩᠨᠡᠵᠦ ᠪᠠᠶᠢᠭ᠎ᠠ ᠬᠡᠪᠴᠢᠶᠡᠨ | ᠳᠣᠲᠣᠷ᠎ᠠ ᠪᠠᠨ ᠤᠢ ᠰᠢᠭᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠳᠦᠬᠦᠭᠡᠷᠤᠮᠵᠢ ᠶᠢ ᠪᠠᠶᠢᠭᠤᠯᠬᠤ ᠳᠤ ᠤᠶᠢᠳᠤ | ᠭᠠᠵᠠᠷ ᠢ ᠡᠵᠡᠯᠡᠨ ᠬᠡᠷᠡᠭᠯᠡᠬᠦ ᠴᠢᠬᠤᠯᠠᠳᠠᠢ ᠪᠣᠯ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠪᠠᠷ ᠵᠥᠪᠰᠢᠶᠡᠷᠡᠭᠦᠯᠬᠦ | ᠬᠡᠷᠡᠭᠲᠡᠶ ᠃ | ᠤᠢ ᠰᠢᠭᠤᠶ ᠶᠢᠨ ᠡᠵᠡᠩᠨᠡᠯᠲᠡ ᠶᠢᠨ ᠨᠢᠭᠡᠴᠢ ᠡᠵᠡᠩᠨᠡᠯᠲᠡ ᠶᠢᠨ ᠬᠡᠪᠴᠢᠶᠡᠨ ᠳᠣᠲᠣᠷ᠎ᠠ ᠪᠠᠨ ᠪᠤᠰᠤᠳ ᠪᠠᠷᠢᠯᠭ᠎ᠠ ᠶᠢᠨ ᠲᠥᠬᠦᠭᠡᠷᠦᠮᠵᠢ | ᠪᠠᠷᠢᠬᠤ ᠳᠠᠭᠠᠨ ᠤᠶᠢᠳᠤ ᠭᠠᠵᠠᠷ ᠢ ᠤᠢ ᠰᠢᠭᠤᠶ ᠶᠢᠨ ᠪᠤᠰᠤ ᠬᠡᠷᠡᠭᠯᠡᠭᠡᠨ ᠤ ᠭᠠᠵᠠᠷ ᠪᠣᠯᠭᠠᠨ ᠬᠤᠪᠢᠷᠠᠭᠤᠯᠬᠤ ᠴᠢᠬᠤᠯᠠᠲᠠᠶ ᠪᠠᠶᠢᠪᠠᠯ ᠂ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠬᠠᠤᠯᠢ ᠶᠣᠰᠣᠭᠠᠷ ᠬᠢᠬᠦ ᠬᠡᠷᠡᠭᠲᠡᠶ ᠃ | ᠬᠤᠷᠢᠨ ᠲᠠᠪᠤᠳᠤᠭᠠᠷ ᠵᠦᠢᠯ ᠬᠥᠳᠡᠭᠡ ᠲᠣᠰᠬᠤᠨ ᠤ ᠰᠠᠭᠤᠭᠠᠯᠢ ᠠᠷᠠᠳ ᠲᠣᠭᠲᠠᠭᠰᠠᠨ ᠪᠠᠷᠢᠮᠵᠢᠶ᠎ᠠ ᠶᠣᠰᠣᠭᠠᠷ ᠲᠣᠰ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠤ ᠥᠪᠡᠷ ᠢᠶᠠᠨ ᠬᠡᠷᠡᠭᠯᠡᠬᠦ ᠣᠷᠣᠨ ᠰᠠᠭᠤᠴᠠ ᠪᠠᠶᠢᠭᠤᠯᠬᠤ ᠳᠤ ᠣᠢᠢᠲᠤ ᠭᠠᠵᠠᠷ ᠢ ᠡᠵᠡᠯᠡᠨ ᠬᠡᠷᠡᠭᠯᠡᠬᠦ | ᠴᠢᠬᠤᠯᠠᠳᠠᠢ ᠪᠣᠯ ᠂ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠭᠠᠵᠠᠷ ᠬᠡᠷᠡᠭᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠭᠠᠵᠠᠷ | ᠰᠢᠷᠣᠶ ᠶᠢ ᠨᠠᠶᠢᠳᠠᠪᠤᠷᠢᠵᠢᠭᠤᠯᠤᠨ ᠂ ᠣᠨ ᠵᠢᠯ ᠢᠶᠠᠷ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠭᠤᠶᠤᠴᠢᠯᠠᠯ ᠭᠠᠷᠭᠠᠵᠤ ᠂ ᠬᠤᠰᠢᠭᠤ ᠂ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠳᠤᠭ | ᠪᠡᠯᠴᠢᠭᠡᠷ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠨᠢᠭᠡᠳ ᠨᠢᠭᠡ ᠪᠠᠷ ᠬᠢᠨᠠᠨ ᠪᠠᠶᠢᠴᠠᠭᠠᠵᠤ ᠬᠤᠷᠢᠶᠠᠩᠭᠤᠢᠢᠯᠠᠨ ᠳ᠋ᠦᠩᠨᠡᠭᠡᠳ ᠦᠪᠡᠷᠳᠡᠭᠡᠨ | ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠬᠢᠨᠠᠨ ᠵᠦᠪᠰᠢᠶᠡᠷᠡᠬᠦᠯᠤᠨ᠎ᠠ ᠃ | ᠬᠤᠷᠢᠨ ᠵᠢᠷᠭᠤᠳᠤᠭᠠᠷ ᠵᠦᠢᠯ ᠵᠥᠪᠰᠢᠶᠡᠷᠡᠯ ᠢᠶᠠᠷ ᠤᠶᠢᠳᠤ ᠭᠠᠵᠠᠷ ᠢ ᠡᠵᠡᠯᠡᠨ ᠬᠡᠷᠡᠭᠯᠡᠭᠰᠡᠨ ᠂ ᠲᠠᠲᠠᠪᠤᠷᠢᠯᠠᠨ ᠬᠡᠷᠡᠭᠯᠡᠭᠰᠡᠨ ᠪᠤᠶᠤ ᠰᠢᠭᠤᠢᠢᠲᠤ | ᠭᠠᠵᠠᠷ ᠢ ᠲᠦᠷ ᠡᠵᠡᠯᠡᠨ ᠬᠡᠷᠡᠭᠯᠡᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠣᠯᠤᠨ ᠬᠤᠪᠢ ᠬᠥᠮᠦᠨ ᠂ ᠤᠢ ᠰᠢᠭᠤᠶ ᠨᠤᠳᠤᠭ | ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠤᠢ ᠰᠢᠭᠤᠶ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠰᠦᠢᠳᠬᠡᠯ ᠢ ᠬᠠᠤᠯᠢ ᠶᠣᠰᠣᠭᠠᠷ | ᠲᠤᠰᠢᠶᠠᠬᠤ ᠶᠢᠨ ᠬᠠᠮᠲᠤ ᠤᠯᠤᠰ ᠤᠨ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠤᠢ ᠮᠣᠳᠣᠨ ᠤ ᠭᠠᠵᠠᠷ ᠡᠵᠡᠯᠡᠨ ᠬᠡᠷᠡᠭᠯᠡᠭᠳᠡᠭᠰᠡᠨ ᠂ ᠲᠠᠲᠠᠪᠤᠷᠢᠯᠠᠭᠳᠠᠭᠰᠠᠨ | ᠤᠢ ᠮᠣᠳᠣᠨ ᠤ ᠡᠷᠬᠡᠲᠦ ᠬᠥᠮᠦᠨ ᠳᠤ ᠤᠢ ᠮᠣᠳᠣᠨ ᠤ ᠭᠠᠵᠠᠷ ᠤᠨ ᠨᠥᠬᠦᠪᠥᠷᠢ ᠰᠦᠢᠳᠬᠡᠯ ᠂ ᠤᠢ ᠮᠣᠳᠣᠨ ᠤ ᠨᠥᠬᠦᠪᠥᠷᠢ ᠰᠦᠢᠳᠬᠡᠯ ᠂ | ᠲᠥᠪᠬᠢᠨᠡᠭᠦᠯᠬᠦ ᠨᠥᠬᠦᠪᠥᠷᠢ ᠰᠦᠢᠳᠬᠡᠯ (ᠲᠥᠷ ᠴᠠᠭ ᠡᠵᠡᠯᠡᠨ ᠬᠡᠷᠡᠭᠯᠡᠭᠰᠡᠨ ᠤᠢ ᠮᠣᠳᠣᠨ ᠤ ᠭᠠᠵᠠᠷ ᠢ ᠲᠥᠪᠬᠢᠨᠡᠭᠦᠯᠬᠦ ᠨᠥᠬᠦᠪᠥᠷᠢ ᠰᠦᠢᠳᠬᠡᠯ ᠪᠠᠶᠢᠬᠤ ᠥᠭᠡᠢ) | ᠥᠭᠴᠦ ᠂ ᠨᠥᠬᠦᠪᠥᠷᠢ ᠥᠭᠬᠦ ᠪᠠᠷᠢᠮᠵᠢᠶ᠎ᠠ ᠶᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ | ᠬᠡᠷᠡᠭᠲᠡᠶ ᠃ ᠤᠢ ᠰᠢᠭᠤᠶ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠠᠷᠤᠳᠠᠯ ᠬᠤᠷᠢᠶᠠᠬᠤ ᠪᠠᠷᠢᠮᠵᠢᠶ᠎ᠠ ᠶᠢ 《ᠤᠢ ᠰᠢᠭᠤᠶ ᠶᠢᠨ ᠤᠷᠭᠤᠮᠠᠯ ᠤᠨ | ᠪᠦᠷᠬᠦᠴᠡ ᠶᠢ ᠰᠡᠷᠭᠦᠭᠡᠬᠦ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ ᠳᠤ ᠲᠤᠬᠢᠷᠠᠭᠤᠯᠤᠯᠳᠠ ᠬᠢᠵᠤ ᠤᠢ ᠰᠢᠭᠤᠶ ᠶᠢᠨ ᠭᠠᠵᠠᠷ ᠢ ᠠᠷᠪᠢᠯᠠᠨ ᠠᠰᠢᠭᠯᠠᠬᠤ ᠶᠢ | ᠬᠥᠲᠥᠯᠥᠨ ᠵᠢᠯᠣᠭᠤᠳᠬᠤ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠢ ᠰᠢᠭᠤᠶ ᠶᠢᠨ ᠲᠢᠩᠬᠢᠮ ᠤᠨ | ᠮᠡᠳᠡᠭᠳᠡᠯ》 ︵ᠥᠪᠥᠷ ᠡᠳ᠋ ᠭᠠᠶᠢᠯᠢ ᠶᠢᠨ ᠪᠤᠰᠤ 〔2016〕 375 ᠲᠣᠭᠠᠲᠤ) ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ ᠃ | ᠬᠤᠷᠢᠨ ᠳᠣᠯᠣᠳᠤᠭᠠᠷ ᠵᠦᠶᠯ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠲᠠᠷᠢᠶᠠᠯᠠᠬᠤ ᠶᠢ ᠵᠣᠭᠰᠣᠭᠠᠵᠤ ᠣᠶ | ᠰᠢᠭᠤᠶ ᠶᠢ ᠰᠡᠷᠭᠦᠭᠡᠬᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ ᠂ ᠤᠤᠯ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ | ᠭᠠᠵᠠᠷ ᠤᠨ ᠨᠥᠬᠦᠪᠥᠷᠢ ᠪᠠ ᠰᠤᠶᠤᠭ᠎ᠠ ᠴᠢᠬᠢ ᠶᠢᠨ ᠰᠦᠶᠳᠬᠡᠯ ᠤᠨ ᠪᠠᠷᠢᠮᠵᠢᠶ᠎ᠠ ᠶᠣᠰᠣᠭᠠᠷ ᠣᠨᠳᠣᠤ ᠭᠠᠵᠠᠷ ᠲᠤ ᠣᠢᠢᠵᠢᠭᠤᠯᠬᠤ ᠰᠦᠶᠳᠬᠡᠯ | ᠲᠤᠰᠢᠶᠠᠵᠤ ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠵᠤ ᠪᠠᠶᠢᠭᠠᠳ ᠣᠨᠳᠣᠤ ᠭᠠᠵᠠᠷ ᠲᠤ | ᠣᠢᠢᠵᠢᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠥᠬᠦᠶ ᠨᠥᠬᠦᠪᠥᠷᠢ ᠶᠢ ᠰᠢᠨ᠎ᠡ ᠪᠠᠷ ᠣᠢᠢᠵᠢᠭᠤᠯᠤᠭᠰᠠᠨ ᠲᠠᠷᠢᠶᠠᠴᠢᠨ ᠡᠷᠦᠬᠡ ᠳᠤ | ᠣᠯᠭᠤᠨ᠎ᠠ ᠃ | ᠬᠤᠷᠢᠨ ᠨᠠᠢᠮᠠᠳᠤᠭᠠᠷ ᠵᠦᠢᠯ ᠵᠥᠪᠰᠢᠶᠡᠷᠡᠯ ᠢᠶᠠᠷ ᠤᠶᠢᠳᠤ ᠭᠠᠵᠠᠷ ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠠᠷᠠᠳ ᠢᠷᠭᠡᠨ ᠂ ᠬᠠᠤᠯᠢ ᠶᠢᠨ | ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠤᠶᠢᠳᠤ ᠭᠠᠵᠠᠷ ᠂ ᠨᠤᠲᠤᠭ ᠪᠡᠯᠴᠢᠭᠡᠷ ᠢ ᠲᠣᠭᠲᠠᠭᠠᠭᠰᠠᠨ ᠬᠡᠷᠡᠭᠴᠡᠭᠡ ᠂ ᠭᠠᠵᠠᠷ ᠂ ᠲᠡᠯᠡᠪᠡᠢ | ᠪᠠ ᠬᠦᠷᠢᠶ᠎ᠡ ᠬᠡᠪᠴᠢᠶ᠎ᠡ ᠶᠣᠰᠣᠭᠠᠷ ᠬᠡᠷᠡᠭᠯᠡᠬᠦ ᠬᠡᠷᠡᠭᠲᠡᠶ ᠃ | ᠬᠤᠷᠢ ᠶᠢᠰᠦᠳᠦᠭᠡᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠲᠠᠯ᠎ᠠ ᠪᠠᠷ ᠳᠣᠣᠷ᠎ᠠ ᠵᠢᠭᠰᠠᠭᠠᠭᠰᠠᠨ ᠨᠥᠬᠦᠴᠡᠯ ᠤᠳ ᠲᠤ ᠨᠡᠶᠢᠴᠡᠭᠰᠡᠨ | ᠪᠠᠶᠢᠬᠤ ᠬᠡᠷᠡᠭᠲᠡᠶ ᠄ | ︵ᠨᠢᠭᠡ︶ ᠤᠯᠤᠰ ᠤᠨ ᠠᠵᠤ ᠦᠢᠯᠡᠰ ᠤᠨ ᠲᠥᠷᠦ ᠶᠢᠨ ᠪᠣᠳᠤᠯᠭ᠎ᠠ ᠲᠠᠢ ᠨᠡᠶᠢᠴᠡᠵᠤ ᠂ ᠤᠯᠤᠰ ᠠᠴᠠ ᠲᠣᠳᠣᠷᠬᠠᠶ ᠵᠠᠷᠯᠢᠭ ᠢᠶᠠᠷ | ᠴᠠᠭᠠᠵᠠᠯᠠᠭᠰᠠᠨ ᠳᠦᠷᠤᠯ ᠵᠤᠶᠢᠯ ᠳᠤ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠵᠦ ᠪᠣᠯᠬᠤ ᠤᠢᠭᠡᠢ︔ | ︵ᠬᠤᠶᠠᠷ︶ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ | ᠠᠰᠢᠭᠯᠠᠯᠲᠠ ᠶᠢᠨ ᠲᠥᠯᠥᠪᠵᠢᠭᠦᠯᠭᠡ ᠳᠤ ᠨᠡᠶᠢᠴᠡᠵᠦ ᠂ ᠲᠣᠳᠣᠷᠬᠠᠶ ᠬᠡᠷᠡᠭᠯᠡᠬᠦ ᠲᠠᠯᠠᠪᠠᠢ ᠪᠤᠶᠤ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠲᠠᠢ ᠪᠠᠶᠢᠬᠤ︔ | ︵ᠭᠤᠷᠪᠠ ︶ ᠰᠠᠭᠤᠭ᠎ᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠂ ᠮᠠᠯ ᠠᠵᠤ ᠠᠬᠤᠶ ᠶᠢᠨ ᠦᠶᠯᠡᠳᠪᠦᠷᠢᠯᠡᠯ ᠪᠠ ᠮᠠᠯᠴᠢᠨ | ᠲᠠᠷᠢᠶᠠᠴᠢᠨ ᠤ ᠠᠮᠢᠳᠤᠷᠠᠯ ᠳᠤ ᠴᠢᠬᠤᠯᠠ ᠶᠡᠭᠡ ᠠᠰᠢᠭ ᠥᠬᠡᠶ ᠨᠥᠯᠥᠭᠡ ᠦᠵᠡᠭᠦᠯᠬᠦ ᠥᠬᠡᠶ ᠪᠠᠶᠢᠬᠤ ︔ | ︵ᠲᠦᠷᠪᠡ︶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠳᠡᠭᠡᠨ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠶᠢᠨ | ᠵᠥᠪᠰᠢᠶᠡᠷᠡᠯ ᠢ ᠤᠯᠬᠤ ᠬᠡᠷᠡᠭᠲᠡᠶ︔ ᠨᠢᠭᠡᠨᠲᠡ ᠳᠠᠭᠠᠭᠠᠴᠢᠯᠠᠨ ᠡᠵᠡᠩᠨᠡᠭᠰᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠤ ᠬᠡᠷᠡᠭᠯᠡᠭᠰᠡᠨ ᠪᠠᠶᠢᠪᠠᠯ ᠂ ᠪᠠᠰᠠ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠲᠠᠢ ᠨᠥᠬᠦᠪᠥᠷᠢ ᠥᠭᠬᠦ ᠬᠡᠯᠡᠯᠴᠡᠭᠡᠷ ᠲᠣᠭᠲᠠᠭᠠᠬᠤ ᠬᠡᠷᠡᠭᠲᠡᠶ︔ | ︵ᠲᠠᠪᠤ︶ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠳᠤ ᠬᠦᠷᠪᠡᠯ ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ | ᠰᠡᠷᠭᠦᠭᠡᠬᠦ ᠲᠥᠰᠦᠯ ᠲᠠᠢ ᠪᠠᠶᠢᠬᠤ ᠬᠡᠷᠡᠭᠲᠡᠶ︔ | ︵ᠵᠢᠷᠭᠤᠭ᠎ᠠ ︶ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠂ ᠦᠨᠡᠨ ᠪᠣᠳᠠᠲᠠᠶ ᠪᠠᠶᠢᠬᠤ︔ | ︵ᠲᠤᠯᠤᠭ᠎ᠠ︶ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ ᠃ | ᠭᠤᠴᠢᠳᠤᠭᠠᠷ ᠵᠦᠢᠯ ᠠᠭᠤᠷᠬᠠᠶ ᠶᠢᠨ ᠪᠤᠯᠠᠭᠳᠠᠴᠠ ᠶᠢ ᠨᠡᠭᠡᠭᠡᠨ ᠮᠠᠯᠲᠠᠬᠤ ᠪᠠ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠳᠤ ᠨᠤᠲᠤᠭ | ᠪᠡᠯᠴᠢᠭᠡᠷ ᠢ ᠦᠨᠡᠨᠬᠦ ᠲᠠᠲᠠᠪᠤᠷᠢᠯᠠᠬᠤ ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠᠳᠠᠢ ᠪᠠᠶᠢᠪᠠᠯ ᠂ ᠳᠣᠣᠷ᠎ᠠ ᠵᠢᠭᠰᠠᠭᠠᠭᠰᠠᠨ ᠲᠣᠭᠲᠠᠭᠠᠯ ᠤᠨ | ᠡᠷᠬᠡ ᠶᠢᠨ ᠬᠢᠵᠠᠭᠠᠷᠯᠠᠯ ᠶᠣᠰᠣᠭᠠᠷ ᠭᠦᠢᠴᠡᠳᠬᠡᠨ᠎ᠡ ᠄ | ︵ᠨᠢᠭᠡ︶ ᠳᠠᠯᠠᠨ ᠾᠧᠺᠲ᠋ᠠᠷ ᠠᠴᠠ ᠬᠡᠲᠦᠷᠡᠭᠰᠡᠨ ᠨᠤᠲᠤᠭ ᠪᠡᠯᠴᠢᠭᠡᠷ ᠢ ᠲᠠᠲᠠᠪᠤᠷᠢᠯᠠᠵᠤ ᠂ ᠲᠠᠲᠠᠪᠤᠷᠢᠯᠠᠨ ᠬᠡᠷᠡᠭᠯᠡᠵᠦ ᠂ ᠬᠡᠷᠡᠭᠯᠡᠭᠰᠡᠨ ᠪᠠᠶᠢᠪᠠᠯ ᠂ | ᠤᠯᠤᠰ ᠤᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠷ ᠬᠢᠨᠠᠨ ᠬᠠᠷᠭᠤᠭᠤᠯᠵᠤ ᠵᠦᠪᠰᠢᠶᠡᠷᠡᠬᠦᠯᠤᠨ᠎ᠠ︔ | ︵ᠬᠤᠶᠠᠷ︶ ᠳᠠᠯᠠᠨ ᠡᠾᠧᠺᠲ᠋ᠡᠷ ᠵᠢᠴᠢ ᠳᠠᠯᠠᠨ ᠡᠾᠧᠺᠲ᠋ᠡᠷ ᠠᠴᠠ ᠳᠤᠷᠤᠬᠰᠢ ᠨᠤᠲᠤᠭ ᠪᠡᠯᠴᠢᠭᠡᠷ ᠢ ᠲᠠᠲᠠᠪᠤᠷᠢᠯᠠᠨ ᠬᠤᠷᠢᠶᠠᠬᠤ ᠂ ᠲᠠᠲᠠᠪᠤᠷᠢᠯᠠᠨ | ᠬᠡᠷᠡᠭᠯᠡᠬᠦ ᠂ ᠬᠡᠷᠡᠭᠯᠡᠬᠦ ᠳᠤ ᠬᠦᠷᠪᠡᠯ ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠷ ᠬᠢᠨᠠᠨ | ᠬᠠᠷᠭᠤᠭᠤᠯᠵᠤ ᠵᠦᠪᠰᠢᠶᠡᠷᠡᠬᠦᠯᠤᠨ᠎ᠠ ᠃ | ᠭᠤᠴᠢᠨ ᠨᠢᠭᠡᠳᠦᠭᠡᠷ ᠵᠦᠶᠯ ᠰᠢᠷᠣᠶ ᠮᠠᠯᠲᠠᠬᠤ ᠂ ᠬᠠᠶᠢᠷᠬᠠᠭ ᠮᠠᠯᠲᠠᠬᠤ ᠂ ᠴᠢᠯᠠᠭᠤ ᠭᠠᠷᠭᠠᠬᠤ ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠮᠠᠯᠲᠠᠬᠤ ᠠᠴᠠ ᠪᠤᠰᠤᠳ ᠲᠥᠷᠥᠯ ᠵᠦᠶᠯ ᠳᠤ ᠂ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠨᠢ 30 ᠮᠥ ᠬᠥᠷᠬᠦ ᠥᠬᠡᠶ | ᠪᠠᠶᠢᠪᠠᠯ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠬᠦᠯᠤᠨᠠ ︔ ᠲᠥᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠨᠢ 30 ᠮᠥ ᠠᠴᠠ ᠳᠡᠭᠡᠭᠰᠢ 500 | ᠮᠥ ᠳᠤ ᠬᠥᠷᠬᠦ ᠥᠬᠡᠶ ᠪᠠᠶᠢᠪᠠᠯ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠬᠦᠯᠤᠨᠠ ︔ 500 ᠮᠤ᠋ ᠠᠴᠠ ᠳᠡᠭᠡᠭᠰᠢ ᠨᠤᠲᠤᠭ ᠪᠡᠯᠴᠢᠭᠡᠷ ᠢ ᠲᠥᠷ ᠴᠠᠭ | ᠡᠵᠡᠯᠡᠨ ᠬᠡᠷᠡᠭᠯᠡᠪᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠎ᠡ ᠃ | ᠭᠤᠴᠢᠨ ᠬᠤᠶᠠᠳᠤᠭᠠᠷ ᠵᠦᠢᠯ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠶ ᠶᠢᠨ ᠦᠢᠯᠡᠳᠪᠦᠷᠢᠯᠡᠯ ᠳᠤ | ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠭᠤᠯᠬᠤ ᠳᠤ ᠨᠤᠲᠤᠭ ᠪᠡᠯᠴᠢᠭᠡᠷ ᠬᠡᠷᠡᠭᠯᠡᠬᠦ ᠴᠢᠬᠤᠯᠠᠳᠠᠢ ᠪᠣᠯ ᠬᠤᠯᠪᠣᠭᠳᠠᠯ ᠪᠦᠬᠦᠢ ᠬᠠᠤᠯᠢ | ᠴᠠᠭᠠᠵᠠ ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ 10 ᠮᠤ᠋ ᠠᠴᠠ ᠳᠣᠷᠣᠭᠰᠢ ᠨᠤᠲᠤᠭ ᠪᠡᠯᠴᠢᠭᠡᠷ ᠢ ᠬᠡᠷᠡᠭᠯᠡᠬᠦ | ᠴᠢᠬᠤᠯᠠᠳᠠᠢ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ᠎ᠡ︔ 10 ᠮᠥ ᠠᠴᠠ ᠳᠡᠭᠡᠭᠰᠢ 100 | ᠮᠥ ᠠᠴᠠ ᠳᠣᠷᠣᠭᠰᠢ ᠪᠠᠶᠢᠪᠠᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠦᠪᠰᠢᠶᠡᠷᠡᠬᠦᠯᠤᠨ᠎ᠠ ︔ 100 ᠮᠤ᠋ ᠠᠴᠠ ᠳᠡᠭᠡᠭᠰᠢ ᠪᠠᠶᠢᠪᠠᠯ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠨ᠎ᠡ ᠃ | ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠶ ᠶᠢᠨ ᠦᠢᠯᠡᠳᠪᠦᠷᠢᠯᠡᠯ ᠳᠤ ᠰᠢᠭᠤᠳ | ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠭᠡᠳᠡᠭ ᠨᠢ ᠄ | ︵ᠨᠢᠭᠡ︶ ᠡᠪᠡᠰᠦᠨ ᠦᠷ᠎ᠡ ᠪᠠ ᠲᠡᠵᠢᠭᠡᠯ ᠡᠪᠡᠰᠦ ᠪᠣᠷᠳᠤᠭ᠎ᠠ ᠶᠢ ᠦᠢᠯᠡᠳᠪᠦᠷᠢᠯᠡᠬᠦ ᠂ ᠬᠠᠳᠠᠭᠠᠯᠠᠬᠤ ᠲᠥᠬᠦᠭᠡᠷᠦᠮᠵᠢ︔ | ︵ᠬᠤᠶᠠᠷ︶ ᠮᠠᠯ ᠤᠨ ᠬᠠᠰᠢᠶ᠎ᠠ ᠰᠠᠷᠠᠪᠴᠢ ᠂ ᠬᠡᠭᠡᠯᠲᠦᠭᠦᠯᠬᠦ ᠭᠠᠵᠠᠷ ᠂ ᠨᠣᠣᠰᠣ ᠬᠠᠶᠢᠴᠢᠯᠠᠬᠤ ᠭᠠᠵᠠᠷ ᠂ ᠡᠮᠲᠦ ᠤᠬᠢᠶᠠᠯᠭ᠎ᠠ ᠶᠢᠨ ᠭᠠᠵᠠᠷ ᠂ | ᠬᠥᠮᠦᠨ ᠮᠠᠯ ᠤᠨ ᠤᠤᠭᠤᠬᠤ ᠤᠰᠤᠨ ᠤ ᠲᠥᠬᠦᠭᠡᠷᠦᠮᠵᠢ︔ | ︵ᠭᠤᠷᠪᠠ︶ ᠰᠢᠨᠵᠢᠯᠡᠬᠦ ᠤᠬᠠᠭᠠᠨ ᠤ ᠰᠤᠳᠤᠯᠭᠠᠨ ᠂ ᠲᠤᠷᠰᠢᠯᠲᠠ ᠂ ᠦᠯᠢᠭᠡᠷ ᠵᠢᠱᠢᠶ᠎ᠡ ᠦᠵᠡᠭᠦᠯᠬᠦ ᠰᠠᠭᠤᠷᠢᠨ ᠭᠠᠵᠠᠷ︔ | ︵ᠲᠦᠷᠪᠡ︶ ᠨᠤᠲᠤᠭ ᠪᠡᠯᠴᠢᠭᠡᠷ ᠤᠨ ᠳᠤᠶᠢᠮᠠᠷ ᠢ ᠰᠡᠷᠭᠡᠶᠢᠯᠡᠬᠦ ᠪᠠ ᠤᠰᠤᠯᠠᠯᠲᠠ ᠶᠢᠨ ᠲᠥᠬᠦᠭᠡᠷᠦᠮᠵᠢ ᠃ | ᠳᠥᠷᠪᠡᠳᠦᠭᠡᠷ ᠪᠦᠯᠦᠭ ᠬᠢᠨᠠᠯᠳᠠ ᠬᠠᠮᠢᠶᠠᠷᠤᠯᠳᠠ | ᠭᠤᠴᠢᠨ ᠭᠤᠷᠪᠠᠳᠤᠭᠠᠷ ᠵᠦᠶᠯ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠠᠤᠯᠢ ᠶᠣᠰᠣᠭᠠᠷ ᠬᠠᠷᠢᠶᠠᠲᠤ ᠣᠷᠣᠨ ᠤ | ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠠᠭᠠᠯᠠᠯᠲᠠ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ | ᠪᠠᠶᠢᠴᠠᠭᠠᠯᠲᠠ ᠥᠷᠨᠢᠭᠦᠯᠵᠦ ᠂ ᠣᠢᠢᠲᠤ ᠭᠠᠵᠠᠷ ᠂ ᠨᠤᠲᠤᠭ ᠪᠡᠯᠴᠢᠭᠡᠷ ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠡᠪᠳᠡᠬᠦ ᠪᠠ ᠬᠠᠤᠯᠢ ᠠᠴᠠ | ᠵᠥᠷᠢᠴᠡᠨ ᠬᠡᠷᠡᠭᠯᠡᠬᠦ ᠠᠵᠢᠯᠯᠠᠭ᠎ᠠ ᠶᠢ ᠬᠤᠷᠢᠭᠯᠠᠬᠤ ᠬᠡᠷᠡᠭᠲᠡᠶ ᠃ | ᠭᠤᠴᠢᠨ ᠳᠥᠷᠪᠡᠳᠦᠭᠡᠷ ᠵᠦᠶᠯ ︽ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ ︾ ᠂ ︽ ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ ︾ ᠂ ︽ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ ︾ ᠂ ︽ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠣᠶ ᠰᠢᠭᠤᠶ ᠶᠢᠨ | ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ ︾ ᠂ ︽ ᠭᠠᠵᠠᠷ ᠰᠢᠨᠵᠢᠯᠡᠭᠡᠨ ᠤ ᠦᠯᠡᠳᠡᠭᠳᠡᠯ ᠤᠨ ᠬᠠᠮᠠᠭᠠᠯᠠᠯᠳᠠ ᠬᠠᠮᠢᠶᠠᠷᠤᠯᠲᠠ ᠶᠢᠨ ᠲᠣᠭᠲᠠᠭᠠᠯ ︾ | ᠤᠨ ᠬᠤᠯᠪᠤᠬᠳᠠᠯ ᠪᠥᠬᠦᠶ ᠲᠣᠭᠲᠠᠭᠠᠯ ᠢ ᠵᠥᠷᠢᠴᠡᠭᠰᠡᠳ ᠢ ᠬᠤᠰᠢᠭᠤᠨ ᠤ ᠬᠤᠯᠪᠤᠬᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠳᠬᠡᠨ᠎ᠡ ︔ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠲᠤᠰᠢᠶᠠᠵᠤ ᠰᠢᠶᠳᠪᠦᠷᠢᠯᠡᠭᠦᠯᠬᠦ ᠬᠡᠷᠡᠭᠲᠡᠶ ᠃ | ᠭᠤᠴᠢᠨ ᠲᠠᠪᠤᠳᠤᠭᠠᠷ ᠵᠦᠢᠯ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ ᠂ | ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ | ᠭᠤᠴᠢᠨ ᠵᠢᠷᠭᠤᠳᠤᠭᠠᠷ ᠵᠦᠢᠯ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠳᠣᠲᠣᠷᠠᠬᠢ ᠤᠢ ᠰᠢᠭᠤᠶ ᠡᠪᠡᠰᠦᠲᠦ ᠭᠠᠵᠠᠷ ᠂ | ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠡᠪᠳᠡᠭᠳᠡᠭᠰᠡᠨ ᠪᠣᠯ ᠬᠤᠯᠪᠤᠬᠳᠠᠯ ᠪᠥᠬᠦᠢ ᠬᠠᠷᠢᠶ᠎ᠠ ᠲᠣᠭᠤᠷᠢᠭ ᠨᠢ ᠬᠠᠮᠢᠶᠠᠷᠤᠯᠲᠠ ᠶᠢᠨ | ᠬᠠᠷᠢᠭᠤᠴᠠᠯᠭ᠎ᠠ ᠲᠠᠢ ᠃ ᠦᠶᠯᠡ ᠪᠠᠶᠢᠳᠠᠯ ᠤᠨ ᠬᠦᠨᠳᠦ ᠬᠥᠩᠭᠡᠨ ᠢ ᠦᠨᠳᠦᠰᠦᠯᠡᠨ ᠂ ᠲᠣᠭᠲᠠᠭᠠᠯ ᠶᠣᠰᠣᠭᠠᠷ ᠬᠤᠯᠪᠤᠬᠳᠠᠯ ᠪᠥᠬᠦᠶ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ ᠃ | ᠲᠠᠪᠤᠳᠤᠭᠠᠷ ᠪᠦᠯᠦᠭ ᠳᠠᠭᠠᠯᠳᠤᠭᠤᠯᠤᠬᠰᠠᠨ ᠲᠦᠷᠢᠮ | ᠭᠤᠴᠢᠨ ᠳᠣᠯᠣᠳᠤᠭᠠᠷ ᠵᠦᠶᠯ ᠲᠣᠰ ᠠᠷᠭ᠎ᠠ ᠶᠢ ᠵᠡᠭᠦᠨᠭᠠᠷ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ ᠃ | ᠭᠤᠴᠢᠨ ᠨᠠᠢᠮᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ |