ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠠᠵᠢᠯ  ᠢ ᠤᠯᠠᠮ ᠨᠢᠬᠡ ᠠᠯᠬᠤᠮ ᠴᠢᠩᠭᠠᠳᠬᠠᠬᠤ ᠳᠤᠬᠠᠢ ᠰᠠᠨᠠᠯ
ᠨᠡᠶᠢᠲᠡᠯᠡᠭᠰᠡᠨ ᠴᠠᠭ᠄
2021/8/24
       ︽ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠠᠵᠢᠯ  ᠢ ᠤᠯᠠᠮ ᠨᠢᠬᠡ ᠠᠯᠬᠤᠮ ᠴᠢᠩᠭᠠᠳᠬᠠᠬᠤ ︾ ᠳᠤᠬᠠᠢ ᠵᠡᠬᠦᠨᠭᠠᠷ ᠬᠤᠰᠢᠭᠤᠨ  ᠤ ᠠᠷᠡᠳ  ᠤᠨ ᠵᠠᠰᠠᠬ  ᠤᠨ ᠤᠷᠳᠤᠨ  ᠠᠴᠠ ᠳᠠᠷᠤᠮᠠᠯᠯᠠᠨ ᠳᠠᠷᠬᠠᠭᠠᠬᠰᠠᠨ ᠮᠡᠳᠡᠭᠳᠡᠯᠵᠡᠬᠦᠨᠭᠠᠷ ᠬᠤᠰᠢᠭᠤᠨ  ᠤ ᠠᠵᠤ ᠠᠬᠤᠢ  ᠶᠢᠨ ᠨᠡᠬᠡᠬᠡᠯᠳᠡ  ᠶᠢᠨ ᠤᠷᠤᠨ  ᠤ ᠬᠠᠮᠢᠶᠠᠷᠤᠯᠳᠡ  ᠶᠢᠨ ᠵᠦᠪᠯᠡᠯ ᠂ ᠳ᠋ᠠ ᠯᠦ ᠨᠡᠬᠦᠷᠡᠰᠦ ᠬᠢᠮᠢ  ᠶᠢᠨ ᠠᠵᠤ ᠦᠢᠯᠡᠳᠪᠦᠷᠢ  ᠶᠢᠨ ᠰᠠᠭᠤᠷᠢᠨ ᠭᠠᠵᠠᠷ  ᠤᠨ ᠬᠠᠮᠢᠶᠠᠷᠤᠯᠳᠡ  ᠶᠢᠨ ᠵᠦᠪᠯᠡᠯ ᠂ ᠡᠯ᠎ᠡ ᠰᠤᠮᠤ ᠰᠢᠶᠠᠩ ᠪᠠᠯᠭᠠᠰᠤ  ᠶᠢᠨ ᠠᠷᠡᠳ  ᠤᠨ ᠵᠠᠰᠠᠬ  ᠤᠨ ᠤᠷᠳᠤᠨ ᠂ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠂ ᠬᠤᠰᠢᠭᠤᠨ  ᠤ ᠵᠠᠰᠠᠬ  ᠤᠨ ᠤᠷᠳᠤᠨ  ᠤ ᠡᠯ᠎ᠡ ᠰᠠᠯᠠᠭ᠎ᠠ ᠮᠦᠴᠢᠷ ᠂ ᠡᠯ᠎ᠡ ᠰᠢᠭᠤᠳ ᠬᠠᠷᠢᠶ᠎ᠡ ᠪᠠᠶᠢᠭᠤᠯᠭ᠎ᠠ ᠨᠢᠬᠡᠴᠢ ᠂ ᠡᠯ᠎ᠡ ᠳᠤᠮᠤ ᠠᠵᠤ ᠠᠬᠤᠢᠢᠯᠡᠯ ᠳᠤ ᠄     ᠬᠤᠰᠢᠭᠤᠨ  ᠤ ᠠᠷᠡᠳ  ᠤᠨ ᠵᠠᠰᠠᠬ  ᠤᠨ ᠤᠷᠳᠤᠨ 2020ᠤᠨ  ᠤ ᠠᠷᠪᠠᠳᠤᠭᠠᠷ ᠤᠳᠠᠭᠠᠨ  ᠤ ᠪᠠᠶᠢᠩᠭᠤ  ᠶᠢᠨ ᠶᠠᠪᠤᠳᠠᠯ  ᠤᠨ ᠬᠤᠷᠡᠯ ᠢᠶᠠᠷ ᠰᠤᠳᠤᠯᠤᠨ ᠵᠦᠪᠰᠢᠶᠡᠷᠡᠬᠦᠯᠦᠬᠡᠳ ᠡᠳᠦᠬᠡ ︽ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠠᠵᠢᠯ  ᠢ ᠤᠯᠠᠮ ᠨᠢᠬᠡ ᠠᠯᠬᠤᠮ ᠴᠢᠩᠭᠠᠳᠬᠠᠬᠤ ᠳᠤᠬᠠᠢ ᠰᠠᠨᠠᠯ ︾   ᠢ ᠳᠠᠨᠠᠷ ᠲᠤ ᠳᠠᠷᠤᠮᠠᠯᠯᠠᠨ ᠳᠠᠷᠬᠠᠭᠠᠪᠠ ᠂ ᠨᠠᠷᠢᠨ ᠬᠢᠨᠠᠮᠠᠭᠠᠢ ᠵᠢᠷᠤᠮᠯᠠᠨ ᠬᠦᠢᠴᠡᠳᠬᠡᠰᠦᠬᠡᠢ ᠃                                                   ᠵᠡᠬᠦᠨᠭᠠᠷ ᠬᠤᠰᠢᠭᠤᠨ  ᠤ ᠠᠷᠡᠳ  ᠤᠨ ᠵᠠᠰᠠᠬ  ᠤᠨ ᠤᠷᠳᠤᠨ                                                    2021ᠤᠨ  ᠤ 1 ᠰᠠᠷ᠎ᠡ  ᠶᠢᠨ 12  ᠤᠨ ᠡᠳᠦᠷ            ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠠᠵᠢᠯ  ᠢ ᠤᠯᠠᠮ ᠨᠢᠬᠡ ᠠᠯᠬᠤᠮ ᠴᠢᠩᠭᠠᠳᠬᠠᠬᠤ ᠳᠤᠬᠠᠢ ᠰᠠᠨᠠᠯ         ᠪᠦᠬᠦ ᠬᠤᠰᠢᠭᠤᠨ  ᠤ ᠤᠷᠤᠰᠢᠭᠤᠯᠭ᠎ᠠ  ᠶᠢᠨ ᠬᠠᠮᠢᠶᠠᠷᠤᠯᠳᠡ ᠪᠠ ᠦᠢᠯᠡᠴᠢᠯᠡᠬᠡᠨ  ᠤ ᠬᠢᠷᠢ ᠳᠦᠪᠰᠢᠨ  ᠢ ᠤᠯᠠᠮ ᠨᠢᠬᠡ ᠠᠯᠬᠤᠮ ᠳᠡᠭᠡᠭᠰᠢᠯᠡᠬᠦᠯᠵᠤ ᠂ ᠪᠤᠯᠪᠠᠰᠤᠨ ᠠᠷᠪᠢᠴᠢ ᠭᠠᠮᠳᠠᠢ ᠤᠷᠤᠰᠢᠭᠤᠯᠭ᠎ᠠ  ᠶᠢᠨ ᠬᠡᠪ ᠰᠤᠷᠳᠡᠯ  ᠢ ᠪᠤᠢ ᠪᠤᠯᠭᠠᠬᠤ  ᠶᠢᠨ ᠳᠤᠰᠠᠳᠠ ᠂ ︽ᠳᠤᠮᠳᠠᠳᠤ ᠤᠯᠤᠰ  ᠤᠨ ᠡᠪ ᠬᠠᠮᠳᠤ ᠨᠠᠮ  ᠤᠨ ᠳᠦᠪ ᠬᠤᠷᠢᠶᠡᠨ  ᠤ ᠠᠯᠪᠠᠨ ᠳᠢᠩᠬᠢᠮ ᠳᠦᠷᠦ  ᠶᠢᠨ ᠶᠠᠪᠤᠳᠠᠯ  ᠤᠨ ᠬᠤᠷᠢᠶᠡᠨ  ᠤ ᠠᠯᠪᠠᠨ ᠳᠢᠩᠬᠢᠮ  ᠤᠨ ᠳᠠᠷᠤᠮᠠᠯᠯᠠᠨ ᠳᠠᠷᠬᠠᠭᠠᠬᠰᠠᠨ ︿ ᠨᠠᠮ  ᠤᠨ ᠬᠡᠰᠢᠬᠦᠨ ᠳᠦᠷᠦᠬᠦᠯᠡᠨ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢ ᠠᠬᠢᠭᠤᠯᠬᠤ ᠰᠠᠨᠠᠯ ﹀   ᠤᠨ ᠳᠤᠬᠠᠢ ᠮᠡᠳᠡᠭᠳᠡᠯ ︾ ︵ᠳᠦᠪ ᠠᠯᠪᠠᠨ ᠳᠠᠷᠬᠠᠭᠠᠬᠰᠠᠨ ﹇2013﹈23 ᠳᠤᠭᠠᠳᠤ ︶᠂ ᠠᠷᠡᠳ  ᠤᠨ ᠶᠠᠪᠤᠳᠠᠯ  ᠤᠨ ᠶᠠᠮᠤᠨ ᠵᠡᠷᠬᠡ 16 ᠶᠠᠮᠤᠨ ᠵᠦᠪᠯᠡᠯ  ᠤᠨ ︽ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢ ᠤᠯᠠᠮ ᠨᠢᠬᠡ ᠠᠯᠬᠤᠮ ᠠᠬᠢᠭᠤᠯᠵᠤ ᠤᠷᠤᠰᠢᠭᠤᠯᠭ᠎ᠠ  ᠶᠢᠨ ᠦᠢᠯᠡᠰ  ᠤᠨ ᠬᠦᠭᠵᠢᠯᠳᠡ  ᠶᠢ ᠠᠬᠢᠭᠤᠯᠬᠤ ᠳᠤᠬᠠᠢ ᠵᠢᠯᠤᠭᠤᠳᠬᠤ ᠰᠠᠨᠠᠯ ︾ ᠪᠠ ︽ ᠠᠷᠡᠳ  ᠲᠤ ᠠᠰᠢᠬ ᠬᠦᠷᠳᠡᠬᠡᠬᠦ ᠤᠷᠤᠰᠢᠭᠤᠯᠭ᠎ᠠ  ᠶᠢᠨ ᠳᠦᠷᠦ  ᠶᠢᠨ ᠪᠤᠳᠤᠯᠭ᠎ᠠ  ᠶᠢ ᠬᠡᠷᠡᠭᠵᠢᠬᠦᠯᠬᠦ ᠳᠦᠰᠤᠯ  ᠤᠨ ᠳᠤᠬᠠᠢ ᠤᠷᠳᠤᠰ ᠬᠤᠳᠠ  ᠶᠢᠨ ᠠᠷᠡᠳ  ᠤᠨ ᠶᠠᠪᠤᠳᠠᠯ  ᠤᠨ ᠳᠤᠪᠴᠢᠶ᠎ᠡ ᠡᠳ᠋  ᠤᠨ ᠵᠠᠰᠠᠬ  ᠤᠨ ᠳᠤᠪᠴᠢᠶ᠎ᠡ ᠠᠴᠠ ᠳᠠᠷᠤᠮᠠᠯᠯᠠᠨ ᠳᠠᠷᠬᠠᠭᠠᠬᠤ ᠳᠤᠬᠠᠢ ᠮᠡᠳᠡᠭᠳᠡᠯ ︾ ︵ ᠤᠷᠳᠤᠰ ᠠᠷᠡᠳ ᠳᠠᠷᠬᠠᠭᠠᠬᠰᠠᠨ ﹇2014﹈155 ᠳᠤᠭᠠᠳᠤ ︶ ᠵᠡᠷᠬᠡ ᠬᠤᠯᠪᠤᠬᠳᠠᠯ ᠪᠦᠬᠦᠢ ᠪᠢᠴᠢᠭ ᠮᠠᠲ᠋ᠧᠷᠢᠶᠡᠯ  ᠤᠨ ᠵᠤᠷᠢᠬ ᠰᠠᠨᠠᠭ᠎ᠠ  ᠶᠢ ᠦᠨᠳᠦᠰᠦᠯᠡᠵᠤ ᠂ ᠮᠠᠨ  ᠤ ᠬᠤᠰᠢᠭᠤᠨ  ᠤ ᠪᠤᠳᠠᠳᠤ ᠪᠠᠶᠢᠳᠠᠯ ᠲᠠᠢ ᠤᠶᠠᠯᠳᠤᠭᠤᠯᠵᠤ ᠳᠤᠤᠷᠡᠬᠢ ᠰᠠᠨᠠᠯ  ᠢ ᠳᠤᠷᠠᠳᠪᠠ ᠃ᠨᠢᠬᠡ ᠵᠢᠯᠤᠭᠤᠳᠬᠤ ᠦᠵᠡᠯ ᠰᠠᠨᠠᠭ᠎ᠠ     ᠰᠢ ᠶᠢᠨ ᠫᠢᠩ  ᠤᠨ ᠰᠢᠨ᠎ᠠ ᠴᠠᠬ ᠦᠶ᠎ᠠ  ᠶᠢᠨ ᠳᠤᠮᠳᠠᠳᠤ ᠤᠯᠤᠰ  ᠤᠨ ᠤᠨᠴᠠᠯᠢᠬ ᠲᠠᠢ ᠨᠡᠶᠢᠬᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ ᠂ ᠨᠠᠮ  ᠤᠨ ᠠᠷᠪᠠ ᠶᠢᠰᠦᠳᠦᠬᠡᠷ ᠶᠡᠭᠡ ᠬᠤᠷᠡᠯ ᠪᠠ ᠠᠷᠪᠠ ᠶᠢᠰᠦᠳᠦᠬᠡᠷ ᠬᠤᠭᠤᠴᠠᠭᠠᠨ  ᠤ ᠬᠤᠶᠠᠳᠤᠭᠠᠷ ᠪᠦᠬᠦᠳᠡ ᠬᠤᠷᠡᠯ ᠂ ᠭᠤᠷᠪᠠᠳᠤᠭᠠᠷ ᠪᠦᠬᠦᠳᠡ ᠬᠤᠷᠡᠯ ᠂ ᠳᠦᠷᠪᠡᠳᠦᠬᠡᠷ ᠪᠦᠬᠦᠳᠡ ᠬᠤᠷᠡᠯ ᠂ ᠳᠠᠪᠤᠳᠤᠭᠠᠷ ᠪᠦᠬᠦᠳᠡ ᠬᠤᠷᠡᠯ  ᠤᠨ ᠵᠤᠷᠢᠬ ᠰᠠᠨᠠᠭ᠎ᠠ  ᠶᠢ ᠪᠦᠬᠦ ᠳᠠᠯ᠎ᠠ ᠪᠠᠷ ᠳᠤᠭᠤᠰᠢᠯᠠᠭᠤᠯᠵᠤ ᠂ ᠨᠠᠮ  ᠤᠨ ᠳᠦᠪ ᠬᠤᠷᠢᠶ᠎ᠡ ᠂ ᠳᠦᠷᠦ  ᠶᠢᠨ ᠶᠠᠪᠤᠳᠠᠯ  ᠤᠨ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠂ ᠬᠤᠳᠠ  ᠶᠢᠨ ᠬᠤᠯᠪᠤᠬᠳᠠᠯ ᠪᠦᠬᠦᠢ ᠰᠢᠢᠳᠪᠦᠷᠢᠳᠤ ᠪᠤᠳᠤᠯᠭ᠎ᠠ  ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ ᠂ ᠠᠷᠡᠳ  ᠲᠤ ᠠᠰᠢᠬ ᠬᠦᠷᠳᠡᠬᠡᠬᠦ ᠪᠤᠬᠢᠷᠳᠤᠯ ᠦᠬᠡᠢ ᠂ ᠪᠤᠯᠪᠠᠰᠤᠨ ᠤᠷᠤᠰᠢᠭᠤᠯᠭ᠎ᠠ  ᠶᠢᠨ ᠳᠤᠭᠤᠷᠢᠨ ᠳᠤ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢ ᠠᠬᠢᠭᠤᠯᠵᠤ ᠂ ᠤᠯᠠᠨ ᠳᠦᠮᠡᠨ  ᠤ ᠤᠷᠤᠰᠢᠭᠤᠯᠭ᠎ᠠ  ᠶᠢᠨ ᠬᠡᠷᠡᠭᠴᠡᠭᠡ  ᠶᠢ ᠬᠠᠩᠭᠠᠬᠤ ᠪᠠᠷ ᠵᠢᠯᠤᠭᠤᠳᠤᠮᠵᠢ ᠪᠤᠯᠭᠠᠵᠤ ᠂ ᠤᠷᠤᠰᠢᠭᠤᠯᠭ᠎ᠠ  ᠶᠢᠨ ᠦᠢᠯᠡᠴᠢᠯᠡᠬᠡᠨ  ᠤ ᠬᠢᠷᠢ ᠳᠦᠪᠰᠢᠨ  ᠢ ᠳᠡᠭᠡᠭᠰᠢᠯᠡᠬᠦᠯᠬᠦ ᠪᠠᠷ ᠬᠠᠷᠡᠯᠳᠡ  ᠪᠠᠨ ᠪᠤᠯᠭᠠᠵᠤ ᠂ ᠤᠷᠤᠰᠢᠭᠤᠯᠭ᠎ᠠ  ᠶᠢᠨ ᠦᠢᠯᠡᠴᠢᠯᠡᠭᠡ ᠬᠠᠮᠢᠶᠠᠷᠤᠯᠳᠡ  ᠶᠢᠨ ᠳᠤᠬᠳᠠᠴᠠ  ᠶᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ ᠂ ᠤᠷᠤᠰᠢᠭᠤᠯᠭ᠎ᠠ  ᠶᠢᠨ ᠠᠵᠢᠯ ᠳᠦᠷᠦᠯ  ᠤᠨ ᠬᠢᠨᠠᠯᠳᠠ ᠬᠠᠮᠢᠶᠠᠷᠤᠯᠳᠡ ᠬᠠᠤᠯᠢ ᠬᠡᠷᠡᠭᠵᠢᠬᠦᠯᠬᠦ  ᠶᠢ ᠴᠢᠩᠭᠠᠳᠬᠠᠵᠤ ᠂ ᠠᠮᠢ ᠠᠬᠤᠢ ᠤᠷᠴᠢᠨ ᠳᠤᠭᠤᠷᠢᠨ ᠪᠠ ᠭᠠᠵᠠᠷ ᠰᠢᠷᠤᠢ  ᠶᠢᠨ ᠡᠬᠢ ᠪᠡᠶᠡᠯᠢᠬ  ᠢ ᠦᠨᠡᠨ ᠬᠦ ᠬᠠᠮᠠᠭᠠᠯᠠᠵᠤ ᠂ ᠠᠮᠢ ᠠᠬᠤᠢ  ᠶᠢᠨ ᠪᠤᠯᠪᠠᠰᠤᠨ ᠬᠢᠬᠡᠳ ᠤᠶᠤᠨ  ᠤ ᠪᠤᠯᠪᠠᠰᠤᠨ  ᠤ ᠪᠠᠶᠢᠭᠤᠯᠤᠯᠳᠠ  ᠶᠢ ᠠᠬᠢᠭᠤᠯᠵᠤ ᠂ ᠪᠦᠬᠦ ᠬᠤᠰᠢᠭᠤᠨ  ᠤ ᠤᠷᠤᠰᠢᠭᠤᠯᠭ᠎ᠠ  ᠶᠢᠨ ᠦᠬᠡᠷᠡᠴᠢᠯᠡᠯᠳᠡ ᠪᠠ ᠤᠷᠤᠰᠢᠭᠤᠯᠭ᠎ᠠ  ᠶᠢᠨ ᠦᠢᠯᠡᠰ  ᠤᠨ ᠡᠷᠡᠬᠦᠯ ᠪᠦᠬᠡᠳ ᠡᠮᠬᠢ ᠵᠢᠷᠤᠮ ᠲᠠᠢ ᠬᠦᠭᠵᠢᠬᠦ  ᠶᠢ ᠠᠬᠢᠭᠤᠯᠤᠨ᠎ᠠ ᠃ᠬᠤᠶᠡᠷ ᠂ ᠶᠡᠷᠦᠩᠬᠡᠢ ᠬᠠᠷᠡᠯᠳᠡ     ︽ ᠭᠤᠤᠯᠴᠢ ᠪᠠᠶᠢᠬᠤ ᠂ ᠤᠯᠠᠨ ᠳᠤ ᠠᠰᠢᠬ ᠬᠦᠷᠳᠡᠬᠡᠬᠦ ᠂ ᠦᠬᠡᠷᠡᠴᠢᠯᠡᠯᠳᠡ  ᠶᠢ ᠪᠠᠷᠢᠮᠳᠡᠯᠡᠬᠤ ᠂ ᠬᠡᠪ ᠵᠠᠩᠰᠢᠯ  ᠢ ᠦᠬᠡᠷᠡᠴᠢᠯᠡᠬᠦ ᠂ ᠵᠠᠰᠠᠬ  ᠤᠨ ᠤᠷᠳᠤᠨ ᠭᠤᠤᠯᠯᠠᠬᠤ ᠂ ᠨᠡᠶᠢᠬᠡᠮ ᠨᠡᠶᠢᠳᠡ ᠤᠷᠤᠯᠴᠠᠬᠤ ᠂ ᠭᠠᠵᠠᠷ ᠤᠷᠤᠨ  ᠤ ᠪᠠᠶᠢᠳᠠᠯ ᠳᠠᠭᠠᠨ ᠳᠤᠬᠢᠷᠠᠭᠤᠯᠬᠤ ᠂ ᠳᠦᠷᠦᠯ ᠬᠤᠪᠢᠶᠡᠨ ᠵᠢᠭᠠᠨ ᠵᠢᠯᠤᠭᠤᠳᠬᠤ ᠂ ᠨᠢᠬᠡᠳᠦᠯᠳᠡᠢ ᠳᠦᠯᠦᠪᠯᠡᠨ ᠵᠤᠬᠢᠴᠠᠭᠤᠯᠬᠤ ᠂ ᠶᠡᠷᠦᠩᠬᠡᠶᠢᠯᠡᠨ ᠴᠡᠭᠴᠡᠯᠡᠨ ᠵᠠᠰᠠᠬᠤ ︾ ᠵᠠᠷᠴᠢᠮ ᠶᠤᠰᠤᠭᠠᠷ ᠂ ᠡᠯ᠎ᠡ ᠱᠠᠳᠤᠨ  ᠤ ᠬᠤᠯᠪᠤᠬᠳᠠᠯ ᠪᠦᠬᠦᠢ ᠪᠢᠴᠢᠭ ᠮᠠᠲ᠋ᠧᠷᠢᠶᠡᠯ  ᠤᠨ ᠵᠤᠷᠢᠬ ᠰᠠᠨᠠᠭ᠎ᠠ  ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ ᠂ ᠵᠠᠰᠠᠬ  ᠤᠨ ᠤᠷᠳᠤᠨ  ᠤ ᠭᠤᠤᠯ ᠴᠤᠬᠴᠠ  ᠶᠢᠨ ᠬᠠᠷᠢᠭᠤᠴᠠᠯᠭ᠎ᠠ  ᠶᠢ ᠴᠢᠩᠭᠠᠳᠬᠠᠬᠤ ᠪᠠᠷ ᠳᠡᠮᠵᠢᠨ ᠤᠯᠠᠨ ᠨᠡᠶᠢᠳᠡ  ᠶᠢᠨ ᠡᠳ᠋  ᠤᠨ ᠵᠠᠰᠠᠬ  ᠤᠨ ᠤᠷᠤᠭᠤᠯᠤᠯᠳᠠ  ᠶᠢ ᠨᠡᠮᠡᠭᠳᠡᠬᠦᠯᠵᠤ ᠂ ᠳᠡᠳᠬᠦᠨ ᠳᠡᠮᠵᠢᠬᠦ ᠬᠠᠷᠠᠭᠠᠯᠵᠠᠯ  ᠤᠨ ᠳᠦᠷᠦ  ᠶᠢᠨ ᠪᠤᠳᠤᠯᠭ᠎ᠠ  ᠶᠢ ᠳᠡᠬᠦᠯᠳᠡᠷᠵᠢᠬᠦᠯᠵᠤ ᠂ ᠨᠡᠶᠢᠬᠡᠮ  ᠤᠨ ᠬᠦᠴᠦᠨ  ᠤ ᠡᠮᠬᠢ ᠵᠢᠷᠤᠮ ᠲᠠᠢ ᠤᠷᠤᠯᠴᠠᠬᠤ  ᠶᠢ ᠬᠦᠳᠦᠯᠦᠨ ᠵᠢᠯᠤᠭᠤᠳᠴᠤ ᠂ ᠬᠤᠳᠠ ᠬᠦᠳᠡᠭᠡ  ᠶᠢ ᠪᠦᠷᠬᠦᠭᠰᠡᠨ ᠤᠷᠤᠰᠢᠭᠤᠯᠭ᠎ᠠ  ᠶᠢᠨ ᠦᠨᠳᠦᠰᠦᠨ ᠦᠢᠯᠡᠴᠢᠯᠡᠬᠡᠨ  ᠤ ᠳᠤᠬᠳᠠᠴᠠ  ᠶᠢ ᠳᠠᠰᠤᠷᠡᠯᠳᠡ ᠦᠬᠡᠢ ᠳᠡᠬᠦᠯᠳᠡᠷᠵᠢᠬᠦᠯᠵᠤ ᠂ ᠤᠷᠤᠰᠢᠭᠤᠯᠭ᠎ᠠ  ᠶᠢᠨ ᠦᠨᠳᠦᠰᠦᠨ ᠦᠢᠯᠡᠴᠢᠯᠡᠬᠡᠨ  ᠤ ᠳᠦᠷᠢᠮ ᠬᠢᠬᠡᠳ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢᠨ ᠱᠠᠩᠨᠠᠨ ᠨᠦᠬᠦᠪᠦᠷᠢᠯᠡᠬᠦ ᠳᠦᠷᠢᠮ  ᠢ ᠰᠦᠪᠡᠭᠴᠢᠯᠡᠨ ᠪᠠᠶᠢᠭᠤᠯᠵᠤ ᠂ ᠤᠷᠤᠰᠢᠭᠤᠯᠭ᠎ᠠ  ᠶᠢᠨ ᠠᠵᠢᠯ ᠳᠦᠷᠦᠯ  ᠤᠨ ᠬᠢᠨᠠᠨ ᠬᠠᠮᠢᠶᠠᠷᠬᠤ ᠪᠠᠶᠢᠭᠤᠯᠤᠮᠵᠢ ᠪᠠ ᠰᠠᠯᠠᠭ᠎ᠠ ᠮᠦᠴᠢᠷ ᠬᠤᠯᠪᠤᠭᠠᠯᠠᠬᠤ ᠬᠢᠨᠠᠯᠳᠠ ᠬᠠᠮᠢᠶᠠᠷᠤᠯᠳᠡ  ᠶᠢᠨ ᠳᠤᠬᠳᠠᠴᠠ ᠤᠯᠠᠮ ᠨᠢᠬᠡ ᠠᠯᠬᠤᠮ ᠳᠡᠬᠦᠯᠳᠡᠷᠵᠢᠵᠤ ᠂ ᠬᠤᠳᠠ ᠬᠦᠳᠡᠭᠡ  ᠶᠢᠨ ᠰᠠᠭᠤᠭᠠᠯᠢ ᠠᠷᠡᠳ  ᠤᠨ ᠤᠯᠠᠨ ᠡᠰᠢᠵᠢᠭᠰᠡᠨ ᠤᠷᠤᠰᠢᠭᠤᠯᠭ᠎ᠠ  ᠶᠢᠨ ᠦᠢᠯᠡᠴᠢᠯᠡᠬᠡᠨ  ᠤ ᠬᠡᠷᠡᠭᠴᠡᠭᠡ  ᠶᠢ ᠬᠠᠩᠭᠠᠵᠤ ᠂ ᠤᠷᠤᠰᠢᠭᠤᠯᠭ᠎ᠠ  ᠶᠢᠨ ᠠᠵᠢᠯ  ᠤᠨ ᠦᠬᠡᠷᠡᠴᠢᠯᠡᠯᠳᠡ ᠪᠦᠬᠦ ᠳᠠᠯ᠎ᠠ ᠪᠠᠷ ᠬᠦᠨᠵᠡᠬᠡᠶᠢᠷᠡᠵᠤ ᠂ ᠠᠷᠡᠳ  ᠤᠨ ᠠᠮᠢᠳᠤᠷᠡᠯ  ᠢ ᠪᠠᠳᠤᠯᠠᠨ ᠰᠠᠶᠢᠵᠢᠷᠠᠭᠤᠯᠬᠤ ᠂ ᠠᠮᠢ ᠠᠬᠤᠢ  ᠶᠢᠨ ᠪᠤᠯᠪᠠᠰᠤᠨ  ᠢ ᠠᠬᠢᠭᠤᠯᠬᠤ ᠳᠤᠮᠳᠠᠬᠢ ᠦᠢᠯᠡᠳᠦᠯ  ᠢ ᠬᠦᠢᠴᠡᠳ ᠪᠠᠳᠠᠷᠠᠭᠤᠯᠤᠨ᠎ᠡ ᠃ᠭᠤᠷᠪᠡ ᠂ ᠭᠤᠤᠯ ᠡᠬᠦᠷᠬᠡ︵ ᠨᠢᠬᠡ ︶ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢ ᠨᠢᠬᠡᠳᠦᠯᠳᠡᠢ ᠳᠦᠯᠦᠪᠵᠢᠬᠦᠯᠤᠨ ᠠᠬᠢᠭᠤᠯᠵᠤ ᠂ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢ ᠢᠳᠡᠪᠬᠢᠳᠡᠢ ᠬᠡᠷᠡᠭᠵᠢᠬᠦᠯᠬᠦ ᠃      ᠪᠦᠬᠦ ᠬᠤᠰᠢᠭᠤᠨ  ᠤ ᠠᠮᠢ ᠠᠬᠤᠢ  ᠶᠢᠨ ᠪᠤᠯᠪᠠᠰᠤᠨ  ᠤ ᠪᠦᠳᠦᠬᠡᠨ ᠪᠠᠶᠢᠭᠤᠯᠤᠯᠳᠠ  ᠶᠢᠨ ᠱᠠᠭᠠᠷᠳᠠᠯᠭ᠎ᠠ ᠶᠤᠰᠤᠭᠠᠷ ᠂ ᠵᠠᠰᠠᠬ  ᠤᠨ ᠤᠷᠳᠤᠨ  ᠤ ᠭᠠᠵᠠᠷ ᠠᠷᠪᠢᠯᠡᠬᠤ ᠠᠮᠢ ᠠᠬᠤᠢ  ᠶᠢᠨ ᠤᠷᠤᠰᠢᠭᠤᠯᠭ᠎ᠠ  ᠶᠢᠨ ᠠᠵᠢᠯ ᠳᠤᠮᠳᠠᠬᠢ ᠨᠢᠬᠡᠳᠦᠯᠳᠡᠢ ᠳᠦᠯᠦᠪᠵᠢᠬᠦᠯᠬᠦ ᠂ ᠰᠠᠭᠤᠷᠢ ᠳᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ ᠂ ᠳᠦᠷᠦ  ᠶᠢᠨ ᠪᠤᠳᠤᠯᠭ᠎ᠠ  ᠪᠠᠷ ᠤᠷᠮᠠᠰᠢᠭᠤᠯᠬᠤ ᠂ ᠨᠡᠶᠢᠳᠡᠯᠢᠭ ᠵᠢᠱᠢᠶ᠎ᠡ ᠦᠵᠡᠬᠦᠯᠬᠦ ᠂ ᠬᠢᠨᠠᠨ ᠬᠠᠮᠢᠶᠠᠷᠬᠤ ᠵᠡᠷᠬᠡ ᠡᠬᠦᠷᠬᠡ ᠴᠢᠳᠠᠪᠤᠷᠢ  ᠶᠢ ᠴᠢᠩᠭᠠᠳᠬᠠᠵᠤ ᠂ ᠬᠤᠳᠠ ᠬᠦᠳᠡᠭᠡ  ᠶᠢᠨ ᠰᠠᠭᠤᠭᠠᠯᠢ ᠠᠷᠡᠳ ᠂ ᠤᠷᠤᠰᠢᠭᠤᠯᠭ᠎ᠠ  ᠶᠢᠨ ᠦᠢᠯᠡᠴᠢᠯᠡᠬᠡᠨ  ᠤ ᠪᠠᠶᠢᠭᠤᠯᠤᠮᠵᠢ ᠂ ᠦᠨᠳᠦᠰᠦᠨ ᠱᠠᠳᠤᠨ  ᠤ ᠵᠤᠬᠢᠶᠠᠨ ᠪᠠᠶᠢᠭᠤᠯᠤᠯᠳᠠ ᠵᠢᠴᠢ ᠬᠤᠯᠪᠤᠬᠳᠠᠯ ᠪᠦᠬᠦᠢ ᠨᠡᠶᠢᠬᠡᠮ ᠨᠡᠶᠢᠳᠡ  ᠶᠢᠨ ᠵᠤᠬᠢᠶᠠᠨ ᠪᠠᠶᠢᠭᠤᠯᠤᠯᠳᠠ  ᠶᠢᠨ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢ ᠬᠡᠷᠡᠭᠵᠢᠬᠦᠯᠵᠤ ᠂ ᠤᠷᠤᠰᠢᠭᠤᠯᠭ᠎ᠠ  ᠶᠢᠨ ᠦᠬᠡᠷᠡᠴᠢᠯᠡᠯᠳᠡ ᠳᠤ ᠤᠷᠤᠯᠴᠠᠬᠤ ᠨᠡᠶᠢᠯᠡᠮᠡᠯ ᠬᠦᠴᠦᠨ ᠪᠤᠯᠵᠤ ᠪᠦᠷᠢᠯᠳᠦᠬᠦ  ᠶᠢ ᠢᠳᠡᠪᠬᠢᠳᠡᠢ ᠬᠦᠳᠦᠯᠤᠨ ᠵᠢᠯᠤᠭᠤᠳᠬᠤ ᠪᠠ ᠳᠡᠮᠵᠢᠨ᠎ᠡ ᠃ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢᠨ ᠱᠠᠩᠨᠠᠨ ᠨᠦᠬᠦᠪᠦᠷᠢᠯᠡᠬᠦ ᠳᠦᠷᠢᠮ  ᠢ ᠰᠦᠪᠡᠭᠴᠢᠯᠡᠨ ᠪᠠᠶᠢᠭᠤᠯᠵᠤ ᠂ ᠬᠤᠳᠠ ᠬᠦᠳᠡᠭᠡ  ᠶᠢᠨ ᠨᠡᠶᠢᠳᠡ  ᠶᠢᠨ ᠠᠰᠠᠷᠡᠮᠵᠢ  ᠶᠢᠨ ᠴᠢᠨᠡᠷᠳᠡᠢ ᠭᠠᠵᠠᠷ ᠠᠷᠪᠢᠯᠠᠬᠤ ᠤᠷᠤᠰᠢᠭᠤᠯᠭ᠎ᠠ  ᠶᠢᠨ ᠳᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ  ᠶᠢᠨ ᠬᠦᠴᠦᠯᠡᠴᠡ ᠪᠠᠨ ᠨᠡᠮᠡᠭᠳᠡᠬᠦᠯᠤᠨ᠎ᠡ ᠃ ᠮᠤᠳᠤᠨ ᠳᠠᠷᠢᠵᠤ ᠤᠷᠤᠰᠢᠭᠤᠯᠬᠤ ᠂ ᠴᠡᠴᠡᠭ ᠳᠠᠷᠢᠵᠤ ᠤᠷᠤᠰᠢᠭᠤᠯᠬᠤ ᠂ ᠵᠦᠯᠬᠡ ᠳᠠᠪᠢᠰᠴᠤ ᠤᠷᠤᠰᠢᠭᠤᠯᠬᠤ ᠂ ᠴᠢᠨᠳᠡᠷ  ᠤᠨ ᠦᠨᠡᠰᠦ  ᠶᠢ ᠰᠠᠴᠤᠬᠤ ᠂ ᠴᠢᠨᠳᠡᠷ  ᠤᠨ ᠦᠨᠡᠰᠦ  ᠶᠢ ᠬᠠᠳᠠᠭᠠᠯᠠᠬᠤ ᠵᠡᠷᠬᠡ ᠤᠯᠠᠨ ᠶᠠᠩᠵᠤ  ᠶᠢᠨ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢᠨ ᠠᠷᠭ᠎ᠠ ᠮᠠᠶ᠋ᠢᠬ  ᠢ ᠢᠳᠡᠪᠬᠢᠳᠡᠢ ᠰᠠᠨᠠᠭᠠᠴᠢᠯᠡᠨ ᠬᠡᠷᠡᠭᠵᠢᠬᠦᠯᠦᠨ᠎ᠡ ᠃     ᠤᠩᠭᠤᠨ  ᠤ ᠭᠠᠵᠠᠷ  ᠤᠨ ᠡᠵᠡᠯᠡᠬᠦ ᠳᠠᠯᠠᠪᠠᠢ ᠪᠠ ᠤᠩᠭᠤᠨ  ᠤ ᠬᠦᠰᠢᠶ᠎ᠡ  ᠶᠢᠨ ᠦᠨᠳᠦᠷ  ᠤᠨ ᠬᠡᠮᠵᠢᠶ᠎ᠡ  ᠶᠢ ᠴᠢᠩᠭ᠎ᠠ ᠬᠢᠵᠠᠭᠠᠷᠯᠠᠵᠤ ᠂ ᠤᠩᠭᠤᠨ  ᠤ ᠭᠠᠵᠠᠷ  ᠢ ᠬᠠᠰᠢᠵᠤ ᠪᠢᠳᠡᠬᠦᠮᠵᠢᠯᠡᠬᠦ ᠂ ᠬᠠᠳᠠᠭᠤᠷᠠᠭᠤᠯᠬᠤ  ᠶᠢ ᠴᠢᠩᠭ᠎ᠠ ᠴᠠᠭᠠᠵᠠᠯᠠᠵᠤ ᠂ ᠠᠮᠢᠳᠤ ᠬᠦᠮᠦᠨ  ᠤ ᠤᠩᠭᠤᠨ ᠂ ᠬᠡᠬᠡᠨᠴᠢᠷ ᠳᠤᠮᠤ ᠤᠩᠭᠤᠨ ᠂ ᠤᠷᠤᠨ ᠰᠠᠭᠤᠴᠠ  ᠶᠢᠨ ᠮᠠᠶ᠋ᠢᠬ  ᠤᠨ ᠤᠩᠭᠤᠨ ᠪᠠᠶᠢᠭᠤᠯᠬᠤ  ᠶᠢ ᠴᠢᠩᠭ᠎ᠠ ᠴᠠᠭᠠᠵᠠᠯᠠᠨ᠎ᠠ ᠃ ᠴᠢᠨᠳᠡᠷ  ᠤᠨ ᠤᠩᠭᠤᠨ  ᠤ ᠡᠵᠡᠯᠡᠬᠦ ᠳᠠᠯᠠᠪᠠᠢ ᠳᠤ ᠭᠠᠭᠴᠠ ᠬᠦᠮᠦᠨ  ᠤ ᠪᠤᠯᠠᠰᠢ 4 ᠳᠡᠭᠰᠢ ᠳᠦᠷᠪᠡᠯᠵᠢᠨ ᠮᠧᠲᠷ ᠠᠴᠠ ᠳᠠᠪᠠᠭ᠋ᠤ ᠦᠬᠡᠢ ᠪᠠᠶᠢᠵᠤ ᠂ ᠬᠤᠶᠡᠷ ᠬᠦᠮᠦᠨ  ᠤ ᠬᠠᠮᠳᠤᠷᠠᠬᠰᠠᠨ ᠪᠤᠯᠠᠰᠢ 6 ᠳᠡᠭᠰᠢ ᠳᠦᠷᠪᠡᠯᠵᠢᠨ ᠮᠧᠲᠷ  ᠠᠴᠠ ᠳᠠᠪᠠᠭ᠋ᠤ ᠦᠬᠡᠢ ᠪᠠᠶᠢᠬᠤ ︔ ᠴᠢᠨᠳᠠᠷ  ᠤᠨ ᠤᠩᠭᠤᠨ  ᠤ ᠡᠵᠡᠯᠡᠬᠦ ᠳᠠᠯᠠᠪᠠᠢ ᠭᠠᠭᠴᠠ ᠬᠦᠮᠦᠨ ᠪᠤᠶᠤ ᠬᠤᠶᠡᠷ ᠬᠦᠮᠦᠨ  ᠤ ᠬᠠᠮᠳᠤᠷᠠᠬᠰᠠᠨ ᠪᠤᠯᠠᠰᠢ 1 ᠳᠡᠭᠰᠢ ᠳᠦᠷᠪᠡᠯᠵᠢᠨ ᠮᠧᠲᠷ ᠠᠴᠠ ᠳᠠᠪᠠᠭ᠋ᠤ ᠦᠬᠡᠢ ᠪᠠᠶᠢᠬᠤ ᠃ ᠬᠠᠮᠳᠤ  ᠶᠢᠨ ᠤᠩᠭᠤᠨ ᠳᠤ ᠤᠷᠤᠰᠢᠭᠤᠯᠬᠤ  ᠶᠢ ᠰᠠᠨᠠᠭᠠᠴᠢᠯᠠᠵᠤ ᠪᠤᠯᠠᠰᠢ  ᠶᠢᠨ ᠤᠪᠤᠭ᠎ᠠ ᠦᠯᠡᠳᠡᠬᠡᠬᠦ ᠦᠬᠡᠢ ᠪᠠᠶᠢᠬᠤ  ᠶᠢ ᠰᠠᠨᠠᠭᠠᠴᠢᠯᠠᠬᠤ ︔ ᠬᠦᠰᠢᠶ᠎ᠡ ᠪᠤᠰᠬᠠᠬᠤ ᠦᠬᠡᠢ ᠪᠤᠶᠤ ᠬᠦᠰᠢᠶ᠎ᠡ  ᠶᠢ ᠪᠠᠭ᠎ᠠ ᠪᠤᠯᠭᠠᠬᠤ  ᠶᠢ ᠰᠠᠨᠠᠭᠠᠴᠢᠯᠠᠵᠤ ᠂ ᠬᠦᠰᠢᠶ᠎ᠡ ︵ ᠰᠠᠭᠤᠷᠢ  ᠶᠢ ᠪᠠᠭᠳᠠᠭᠠᠬᠤ ︶1 ᠮᠧᠲᠷ ᠠᠴᠠ ᠳᠠᠪᠠᠭ᠋ᠤ ᠦᠬᠡᠢ ᠪᠠᠶᠢᠬᠤ ︔ ᠬᠡᠪᠳᠡᠭᠡ ᠮᠠᠶ᠋ᠢᠬ  ᠤᠨ ᠬᠦᠰᠢᠶ᠎ᠡ ᠪᠠ ᠴᠠᠭᠠᠨ ᠪᠤᠰᠤ ᠦᠩᠬᠡᠳᠡᠢ ᠬᠦᠰᠢᠶ᠎ᠡ ᠬᠡᠷᠡᠭᠯᠡᠬᠦ  ᠶᠢ ᠰᠠᠨᠠᠭᠠᠴᠢᠯᠠᠵᠤ ᠂ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢᠨ ᠬᠠᠷᠢᠴᠠᠯ  ᠢ ᠳᠠᠰᠤᠷᠡᠯᠳᠡ ᠦᠬᠡᠢ ᠳᠡᠭᠡᠭᠰᠢᠯᠡᠬᠦᠯᠵᠤ ᠂ ᠡᠬᠢ ᠪᠠᠶᠠᠯᠢᠬ  ᠢ ᠬᠤᠷᠤᠬᠳᠠᠭᠤᠯᠬᠤ ᠠᠴᠠ ᠪᠤᠬᠢᠷᠳᠤᠯ ᠦᠬᠡᠢ ᠠᠮᠢ ᠠᠬᠤᠢ  ᠶᠢᠨ ᠦᠷᠬᠦᠯᠵᠢᠯᠡᠬᠦ᠋ᠢᠴᠡ ᠬᠦᠭᠵᠢᠯᠳᠡ ᠳᠡᠰᠢ ᠬᠤᠪᠢᠷᠠᠭᠤᠯᠬᠤ  ᠶᠢ ᠬᠦᠳᠦᠯᠦᠨ ᠵᠢᠯᠤᠭᠤᠳᠤᠨ᠎ᠠ ᠃︵ ᠬᠤᠶᠡᠷ ︶ ᠤᠷᠤᠰᠢᠭᠤᠯᠭ᠎ᠠ  ᠶᠢᠨ ᠬᠡᠪ ᠵᠠᠩᠰᠢᠯ  ᠢ ᠦᠬᠡᠷᠡᠴᠢᠯᠡᠬᠦ  ᠶᠢ ᠶᠡᠬᠡᠪᠡᠷ ᠰᠠᠨᠠᠭᠠᠴᠢᠯᠠᠵᠤ ᠂ ᠤᠷᠤᠰᠢᠭᠤᠯᠭ᠎ᠠ  ᠶᠢᠨ ᠰᠢᠨ᠎ᠡ ᠬᠡᠪ ᠰᠤᠷᠳᠡᠯ  ᠢ ᠪᠤᠢ ᠪᠤᠯᠭᠠᠬᠤ     ᠤᠷᠤᠰᠢᠭᠤᠯᠭ᠎ᠠ  ᠶᠢᠨ ᠦᠬᠡᠷᠡᠴᠢᠯᠡᠯᠳᠡ ᠪᠠ ᠪᠦᠬᠦ ᠤᠯᠤᠰ  ᠤᠨ ᠪᠤᠯᠪᠠᠰᠤᠨ ᠬᠤᠳᠠ  ᠶᠢ ᠡᠬᠦᠳᠦᠨ ᠪᠠᠶᠢᠭᠤᠯᠬᠤ ᠂ ᠬᠦᠳᠡᠭᠡ ᠳᠤᠰᠬᠤᠨ  ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠶᠢ ᠬᠡᠷᠡᠭᠵᠢᠬᠦᠯᠬᠦ ᠲᠠᠢ ᠤᠷᠭᠠᠨᠢᠬ ᠢᠶᠠᠷ ᠤᠶᠠᠯᠳᠤᠭᠤᠯᠵᠤ ᠂ ᠬᠡᠪ ᠵᠠᠩᠰᠢᠯ  ᠢ ᠦᠬᠡᠷᠡᠴᠢᠯᠡᠬᠦ  ᠶᠢ ᠶᠡᠬᠡᠪᠡᠷ ᠰᠠᠨᠠᠭᠠᠴᠢᠯᠠᠨ᠎ᠠ ᠃ ᠳᠡᠭᠳᠡᠬᠡᠬᠦ ᠂ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢ ᠢᠳᠡᠪᠬᠢᠳᠡᠢ ᠬᠡᠷᠡᠭᠵᠢᠬᠦᠯᠵᠤ ᠂ ᠭᠤᠷᠪᠡᠨ ᠡᠳᠦᠷ  ᠲᠤ ᠤᠷᠤᠰᠢᠭᠤᠯᠬᠤ  ᠶᠢ ᠰᠠᠨᠠᠭᠠᠴᠢᠯᠠᠵᠤ ᠂ ᠤᠷᠰᠢᠭᠤᠯᠭ᠎ᠠ ᠪᠡᠯᠪᠡᠰᠤᠷᠡᠯ  ᠤᠨ ᠬᠤᠭᠤᠴᠠᠭᠠᠨ ᠳᠤ ᠹᠸᠤᠳᠠᠯ  ᠤᠨ ᠮᠤᠬᠤᠷ ᠰᠦᠰᠦᠭ  ᠤᠨ ᠠᠵᠢᠯᠯᠠᠭ᠎ᠠ ᠬᠢᠬᠦ  ᠶᠢ ᠵᠦᠪᠰᠢᠶᠡᠷᠡᠬᠦ ᠦᠬᠡᠢ ᠪᠠᠶᠢᠵᠤ ᠂ ᠤᠯᠠᠨ ᠳᠦᠮᠡᠨ  ᠤ ᠤᠷᠤᠰᠢᠭᠤᠯᠭ᠎ᠠ ᠪᠠᠯᠪᠠᠰᠤᠷᠡᠯ  ᠤᠨ ᠤᠢᠢᠯᠠᠭᠠᠬᠳᠠᠬᠤᠨ  ᠢ ᠠᠯᠬᠤᠮ ᠠᠯᠬᠤᠮ ᠢᠶᠠᠷ ᠬᠤᠪᠢᠷᠠᠭᠤᠯᠵᠤ ᠂ ᠪᠤᠯᠪᠠᠰᠤᠨ ᠢᠶᠠᠷ ᠤᠷᠤᠰᠢᠭᠤᠯᠬᠤ ᠂ ᠪᠤᠬᠢᠷᠳᠤᠯ ᠦᠬᠡᠢ ᠳᠠᠬᠢᠬᠤ  ᠶᠢ ᠪᠡᠶᠡᠯᠡᠬᠦᠯᠦᠨ᠎ᠡ ᠃ ᠬᠠᠩᠰᠢ ᠂ ᠳᠦᠯᠡᠰᠢ ᠳᠤᠶᠠᠩ ᠦᠭᠬᠦ ᠡᠳᠦᠷ ᠂ ᠶᠢᠰᠦᠨ ᠰᠠᠷ᠎ᠡ  ᠶᠢᠨ ᠶᠢᠰᠦᠨ ᠂ ᠡᠪᠤᠯ  ᠤᠨ ᠳᠦᠢᠯ ᠂ ᠴᠠᠭᠠᠨ ᠰᠠᠷ᠎ᠡ ᠵᠡᠷᠬᠡ ᠴᠠᠬ ᠳᠤᠬᠢᠶᠠᠯ ᠢᠶᠠᠷ ᠭᠠᠴᠠᠭ᠎ᠠ ᠳᠤᠰᠬᠤᠨ  ᠤ ᠰᠠᠭᠤᠭᠠᠯᠢ ᠠᠷᠡᠳ  ᠤᠨ ᠵᠦᠪᠯᠡᠯ ᠂ ᠬᠤᠷᠢᠮ ᠤᠷᠤᠰᠢᠭᠤᠯᠭ᠎ᠠ  ᠶᠢᠨ ᠬᠡᠷᠡᠭ ᠮᠡᠳᠡᠭᠴᠢᠳ  ᠤᠨ ᠵᠦᠪᠯᠡᠯ ᠂ ᠨᠡᠶᠢᠬᠡᠮ  ᠤᠨ ᠪᠦᠯᠬᠦᠮ ᠵᠡᠷᠬᠡ ᠦᠨᠳᠦᠰᠦᠨ ᠱᠠᠳᠤᠨ  ᠤ ᠵᠤᠬᠢᠶᠠᠨ ᠪᠠᠶᠢᠭᠤᠯᠤᠯᠳᠠ  ᠶᠢᠨ ᠦᠢᠯᠡᠳᠦᠯ  ᠢ ᠬᠦᠢᠴᠡᠳ ᠪᠠᠳᠠᠷᠠᠭᠤᠯᠵᠤ ᠂ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢᠨ ᠳᠦᠷᠦ  ᠶᠢᠨ ᠪᠤᠳᠤᠯᠭ᠎ᠠ  ᠶᠢ ᠦᠷᠬᠡᠨ ᠳᠡᠯᠬᠡᠷ ᠤᠬᠠᠭᠤᠯᠵᠤ ᠂ ᠤᠬᠠᠭᠤᠯᠭ᠎ᠠ  ᠶᠢᠨ ᠠᠴᠢᠶᠠᠯᠠᠬᠴᠢ ᠪᠡᠶ᠎ᠡ  ᠶᠢᠨ ᠰᠢᠨ᠎ᠡ  ᠶᠢ ᠡᠬᠦᠳᠴᠤ ᠂ ᠤᠬᠠᠭᠤᠯᠭ᠎ᠠ  ᠶᠢᠨ ᠠᠭᠤᠯᠭ᠎ᠠ ᠪᠠᠨ ᠡᠯᠪᠡᠭᠵᠢᠬᠦᠯᠵᠤ ᠂ ᠰᠠᠶᠢᠨ ᠠᠰᠠᠷᠡᠵᠤ ᠳᠦᠬᠦᠮ ᠤᠷᠤᠰᠢᠭᠤᠯᠬᠤ ᠂ ᠪᠤᠯᠪᠠᠰᠤᠨ ᠠᠷᠪᠢᠴᠢ ᠤᠷᠤᠰᠢᠭᠤᠯᠭ᠎ᠠ ᠬᠢᠬᠦ  ᠶᠢ ᠢᠳᠡᠪᠬᠢᠳᠡᠢ ᠰᠠᠨᠠᠭᠠᠴᠢᠯᠠᠵᠤ ᠂ ᠤᠷᠤᠰᠢᠭᠤᠯᠬᠤ ᠤᠬᠠᠭᠤᠯᠭ᠎ᠠ  ᠶᠢᠨ ᠠᠭᠤᠷ ᠠᠮᠢᠰᠬᠤᠯ  ᠢ ᠦᠷᠬᠦᠯᠵᠢᠯᠡᠨ ᠪᠤᠢ ᠪᠤᠯᠭᠠᠵᠤ ᠂ ᠤᠯᠠᠨ ᠳᠦᠮᠡᠨ  ᠢ ᠬᠦᠳᠤᠯᠤᠨ ᠵᠢᠯᠤᠭᠤᠳᠴᠤ ᠤᠷᠤᠰᠢᠭᠤᠯᠭ᠎ᠠ  ᠶᠢᠨ ᠰᠢᠨ᠎ᠡ ᠤᠢᠢᠯᠠᠭᠠᠬᠳᠠᠬᠤᠨ ᠂ ᠰᠢᠨ᠎ᠡ ᠬᠡᠪ ᠰᠤᠷᠳᠠᠯ  ᠢ ᠪᠤᠢ ᠪᠤᠯᠭᠠᠨ᠎ᠠ ᠃ ᠭᠠᠰᠢᠭᠤᠳᠠᠯ  ᠤᠨ ᠶᠠᠪᠤᠳᠠᠯ  ᠢ ᠡᠷᠬᠢᠯᠡᠬᠦ ᠳᠦᠷᠢᠮᠵᠢᠯ  ᠢ ᠳᠤᠰᠬᠤᠨ  ᠤ ᠳᠤᠬᠳᠠᠭᠠᠯ ᠠᠷᠡᠳ  ᠤᠨ ᠬᠡᠷ᠎ᠡ ᠂ ᠳᠤᠰᠬᠤᠨ  ᠤ ᠠᠷᠡᠳ  ᠤᠨ ᠦᠪᠡᠷᠳᠡᠬᠡᠨ ᠵᠠᠰᠠᠬᠤ ᠳᠦᠷᠢᠮ ᠳᠤ ᠤᠷᠤᠭᠤᠯᠵᠤ ᠂ ᠤᠷᠴᠢᠨ ᠳᠤᠭᠤᠷᠢᠨ  ᠢ ᠬᠠᠮᠠᠭᠠᠯᠠᠬᠤ ᠤᠳᠤ ᠦᠶ᠎ᠡ  ᠶᠢᠨ ᠪᠤᠯᠪᠠᠰᠤᠨ  ᠤ ᠳᠦᠬᠦᠮ ᠳᠦᠳᠡ ᠤᠷᠤᠰᠢᠭᠤᠯᠭ᠎ᠠ  ᠶᠢᠨ ᠶᠤᠰᠤᠯᠠᠯ ᠪᠠ ᠤᠷᠤᠰᠢᠭᠤᠯᠭ᠎ᠠ  ᠶᠢᠨ ᠵᠠᠬᠪᠤᠷ  ᠢ ᠪᠤᠶᠢᠵᠢᠭᠤᠯᠤᠨ ᠳᠡᠯᠬᠡᠷᠡᠬᠦᠯᠵᠤ ᠂ ᠰᠢᠶᠠᠩ ᠪᠠᠯᠭᠠᠰᠤ ᠪᠤᠶᠤ ᠬᠦᠷᠰᠢ ᠳᠤᠰᠬᠤᠨ ᠢᠶᠠᠷ ᠨᠢᠬᠡᠴᠢ ᠪᠤᠯᠭᠠᠬᠰᠠᠨ ᠨᠡᠶᠢᠳᠡ  ᠶᠢᠨ ᠠᠰᠠᠷᠡᠮᠵᠢ  ᠶᠢᠨ ᠴᠢᠨᠡᠷᠳᠡᠢ ᠨᠡᠶᠢᠳᠡ  ᠶᠢᠨ ᠤᠩᠭᠤᠨ  ᠢ ᠰᠦᠪᠡᠭᠴᠢᠯᠡᠨ ᠪᠠᠶᠢᠭᠤᠯᠤᠨ᠎ᠡ ᠃︵ ᠭᠤᠷᠪᠡ ︶ ᠠᠷᠡᠳ  ᠲᠤ ᠠᠰᠢᠬ ᠬᠦᠷᠳᠡᠬᠡᠬᠦ ᠤᠷᠤᠰᠢᠭᠤᠯᠭ᠎ᠠ  ᠶᠢᠨ ᠳᠦᠷᠦ  ᠶᠢᠨ ᠪᠤᠳᠤᠯᠭ᠎ᠠ  ᠶᠢ ᠳᠡᠬᠦᠯᠳᠡᠷᠵᠢᠬᠦᠯᠵᠤ ᠂ ᠤᠯᠠᠨ ᠳᠦᠮᠡᠨ  ᠤ ᠤᠷᠤᠰᠢᠭᠤᠯᠭ᠎ᠠ  ᠶᠢᠨ ᠳᠠᠷᠤᠭᠠᠰᠤ  ᠶᠢ ᠬᠦᠩᠬᠡᠷᠡᠬᠦᠯᠬᠦ ᠃     ᠤᠷᠤᠰᠢᠭᠤᠯᠭ᠎ᠠ ᠪᠠᠷ ᠠᠷᠡᠳ ᠲᠤ ᠠᠰᠢᠬ ᠬᠦᠷᠳᠡᠬᠡᠬᠦ ᠠᠷᠭ᠎ᠠ ᠬᠡᠮᠵᠢᠶ᠎ᠡ  ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠡᠳ ᠲᠤ ᠠᠰᠢᠬ ᠬᠦᠷᠳᠡᠬᠡᠬᠦ ᠤᠷᠤᠰᠢᠭᠤᠯᠭ᠎ᠠ  ᠶᠢᠨ ᠠᠪᠤᠷᠡᠨ ᠳᠤᠰᠠᠯᠠᠬᠤ ᠶᠠᠪᠤᠴᠠ  ᠶᠢ ᠵᠢᠷᠤᠮᠵᠢᠭᠤᠯᠤᠨ ᠰᠢᠯᠢᠳᠡᠭᠵᠢᠬᠦᠯᠵᠤ ᠂ ᠠᠷᠡᠳ ᠲᠤ ᠠᠰᠢᠬ ᠬᠦᠷᠳᠡᠬᠡᠬᠦ ᠳᠦᠷᠦᠯ ᠵᠦᠢᠯ  ᠢ ᠨᠡᠮᠡᠭᠳᠡᠬᠦᠯᠵᠤ ᠂ ᠠᠷᠡᠳ ᠲᠤ ᠠᠰᠢᠬ ᠬᠦᠷᠳᠡᠬᠡᠬᠦ ᠪᠠᠷᠢᠮᠵᠢᠶ᠎ᠡ  ᠶᠢ ᠳᠡᠭᠡᠭᠰᠢᠯᠡᠬᠦᠯᠵᠤ ᠂ ᠤᠨᠴᠠ ᠬᠦᠴᠢᠷᠳᠡᠯᠳᠡᠢ ᠤᠯᠠᠨ ᠳᠦᠮᠡᠨ  ᠤ ᠤᠷᠤᠰᠢᠭᠤᠯᠭ᠎ᠠ  ᠶᠢᠨ ᠠᠪᠤᠷᠡᠨ ᠳᠤᠰᠠᠯᠠᠯᠳᠠ  ᠶᠢ ᠳᠤᠪᠤᠶᠢᠯᠭᠠᠵᠤ ᠂ ᠠᠷᠡᠳ ᠲᠤ ᠠᠰᠢᠬ ᠬᠦᠷᠳᠡᠬᠡᠬᠦ ᠤᠷᠤᠰᠢᠭᠤᠯᠭ᠎ᠠ ᠪᠠ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠪᠠᠷ ᠭᠤᠤᠯᠳᠠᠯᠭ᠎ᠠ ᠪᠤᠯᠭᠠᠬᠰᠠᠨ ᠤᠷᠤᠰᠢᠭᠤᠯᠭ᠎ᠠ  ᠶᠢᠨ ᠳᠦᠷᠦ  ᠶᠢᠨ ᠪᠤᠳᠤᠯᠭ᠎ᠠ  ᠶᠢᠨ ᠳᠤᠬᠳᠠᠴᠠ  ᠶᠢ ᠳᠠᠰᠤᠷᠡᠯᠳᠡ ᠦᠬᠡᠢ ᠳᠡᠬᠦᠯᠳᠡᠷᠵᠢᠬᠦᠯᠤᠨ᠎ᠡ ᠃ ᠪᠦᠬᠦ ᠬᠤᠰᠢᠭᠤᠨ  ᠤ ᠬᠤᠳᠠ ᠬᠦᠳᠡᠭᠡ  ᠶᠢᠨ ᠤᠯᠠᠨ ᠳᠦᠮᠡᠨ ᠨᠦᠭᠴᠢᠭᠰᠡᠨ  ᠤ ᠳᠠᠷᠠᠭ᠎ᠠ ᠳᠡᠭᠳᠡᠬᠡᠬᠦ  ᠶᠢ ᠵᠤᠷᠢᠬᠵᠢᠭᠤᠯᠵᠤ ᠂ ᠠᠮᠢᠳᠤ ᠰᠡᠷᠡᠬᠦᠨ ᠪᠠᠶᠢᠬᠤ ᠳᠠᠭᠠᠨ ᠵᠡᠬᠦᠨᠭᠠᠷ ᠬᠤᠰᠢᠭᠤᠨ  ᠤ ᠪᠠᠶᠢᠩᠭᠤ ᠰᠠᠭᠤᠭ᠎ᠠ ᠡᠷᠦᠬᠡ ᠠᠮᠠ  ᠶᠢᠨ ᠳᠤᠭ᠎ᠠ ᠲᠠᠢ ᠮᠦᠷᠳᠡᠬᠡᠨ ᠬᠤᠳᠠ ᠬᠦᠳᠡᠭᠡ  ᠶᠢᠨ ᠬᠠᠮᠤᠬ ᠳᠤᠤᠷ᠎ᠡ ᠤᠷᠤᠯᠭ᠎ᠠ  ᠶᠢᠨ ᠪᠠᠳᠤᠯᠠᠭ᠎ᠠ  ᠶᠢ ᠬᠦᠷᠳᠡᠭᠰᠡᠨ ᠡᠳᠡᠬᠡᠳ ᠂ ᠤᠨᠴᠠ ᠬᠦᠴᠢᠷᠳᠡᠯᠳᠡᠢ ᠬᠦᠮᠦᠰ ᠂ ︽ᠭᠤᠷᠪᠡᠨ ᠠᠷᠡᠳ ︾   ᠤᠨ ᠳ᠋ᠦᠢᠰᠢᠶᠡᠭ ᠂ ᠳᠡᠨᠤᠬᠦᠯ ᠭᠤᠶᠤᠯᠭᠠᠴᠢᠨ ᠪᠠ ᠬᠡᠦᠬᠡᠳ  ᠤᠨ ᠠᠰᠠᠷᠡᠮᠵᠢ  ᠶᠢᠨ ᠬᠦᠷᠢᠶᠡᠯᠡᠩ  ᠤᠨ ᠦᠨᠦᠴᠢᠨ ᠬᠡᠦᠬᠡᠳ ᠂ ᠭᠤᠤᠯᠳᠠᠯᠭ᠎ᠠ ᠲᠠᠢ ᠬᠠᠷᠠᠭᠠᠯᠵᠠᠬᠤ ᠡᠳᠡᠬᠡᠳ ᠂ ᠵᠠᠭᠤ ᠭᠠᠷᠤᠢ ᠨᠠᠰᠤᠳᠠᠢ ᠬᠦᠮᠦᠨ ᠵᠢᠴᠢ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠳᠤᠳᠤᠭᠠᠳᠤ  ᠶᠢ ᠬᠠᠮᠠᠭᠠᠯᠠᠬᠤ ᠠᠵᠢᠯᠳᠡᠨ ᠵᠡᠪᠰᠡᠭᠳᠦ ᠴᠠᠬᠳᠠᠭ᠎ᠠ  ᠶᠢᠨ ᠪᠠᠶᠢᠯᠳᠤᠬᠴᠢ ᠪᠠ ᠵᠢᠩᠬᠢᠨᠢ ᠠᠯᠪᠠᠨ  ᠤ ᠴᠡᠷᠢᠭ ᠂ ᠨᠦᠭᠴᠢᠭᠰᠡᠨ  ᠤ ᠳᠠᠷᠠᠭ᠎ᠠ ᠳᠡᠭᠳᠡᠬᠡᠬᠦ ᠤᠷᠤᠰᠢᠭᠤᠯᠭ᠎ᠠ  ᠶᠢᠨ ᠭᠠᠵᠠᠷ ᠲᠤ ᠬᠠᠳᠠᠭᠠᠯᠠᠬᠤ ᠪᠤᠶᠤ ᠨᠡᠶᠢᠳᠡ  ᠶᠢᠨ ᠤᠩᠭᠤᠨ ᠳᠤ ᠤᠷᠤᠰᠢᠭᠤᠯᠬᠤ ᠳᠤ ᠂ ᠤᠷᠤᠰᠢᠭᠤᠯᠭ᠎ᠠ  ᠶᠢᠨ ᠦᠨᠳᠦᠰᠦᠨ ᠦᠢᠯᠡᠴᠢᠯᠡᠬᠡᠨ  ᠤ ᠰᠦᠢᠳᠬᠡᠯ  ᠢ ᠬᠡᠯᠳᠦᠷᠢᠬᠦᠯᠤᠨ᠎ᠠ ᠃ ︵ᠴᠢᠨᠳᠡᠷ  ᠢ ᠬᠦᠷᠬᠡᠬᠦ ᠰᠦᠢᠳᠬᠡᠯ ᠂ ᠴᠢᠨᠳᠡᠷ  ᠢ ᠬᠠᠳᠠᠭᠠᠯᠠᠬᠤ ᠰᠦᠢᠳᠬᠡᠯ ᠂ ᠴᠢᠨᠳᠡᠷ  ᠢ ᠳᠡᠭᠳᠡᠭᠡᠬᠦ ᠰᠦᠢᠳᠬᠡᠯ ᠂ ᠦᠨᠡᠰᠦ  ᠶᠢ ᠬᠠᠳᠠᠭᠠᠯᠠᠬᠤ ᠰᠦᠢᠳᠬᠡᠯ  ᠢ ᠪᠠᠭᠳᠠᠭᠠᠨ᠎ᠠ ︶ ᠡᠬᠦᠨ  ᠤ ᠬᠠᠮᠳᠤ ᠬᠦᠮᠦᠨ ᠪᠦᠷᠢ ᠳᠤ ᠨᠡᠶᠢᠳᠡ  ᠶᠢᠨ ᠤᠩᠭᠤᠨ ᠂ ᠤᠷᠤᠰᠢᠭᠤᠯᠭ᠎ᠠ  ᠶᠢᠨ ᠭᠠᠵᠠᠷ ᠲᠤ ᠬᠠᠳᠠᠭᠠᠯᠠᠬᠤ ᠨᠦᠬᠦᠪᠦᠷᠢ ᠰᠦᠢᠳᠬᠡᠯ  ᠢ 2500 ᠳᠦᠬᠦᠷᠢᠭ ᠤᠯᠭᠤᠨ᠎ᠠ ︔ ᠠᠮᠢᠳᠤ ᠰᠡᠷᠡᠬᠦᠨ ᠪᠠᠶᠢᠬᠤ ᠳᠠᠭᠠᠨ ᠵᠡᠬᠦᠨᠭᠠᠷ ᠬᠤᠰᠢᠭᠤᠨ  ᠤ ᠪᠠᠶᠢᠩᠭᠤ ᠰᠠᠭᠤᠭ᠎ᠠ ᠡᠷᠦᠬᠡ ᠠᠮᠠ  ᠶᠢᠨ ᠳᠤᠭ᠎ᠠ ᠲᠠᠢ ᠬᠦᠳᠡᠭᠡ ᠳᠤᠰᠬᠤᠨ ᠮᠠᠯᠵᠢᠬᠤ ᠤᠷᠤᠨ  ᠤ ᠰᠠᠭᠤᠭᠠᠯᠢ ᠠᠷᠡᠳ ᠂ ᠬᠤᠳᠠ ᠪᠠᠯᠭᠠᠰᠤ  ᠶᠢᠨ ᠠᠵᠢᠯ ᠠᠯᠳᠠᠬᠰᠠᠳ ᠵᠡᠷᠬᠡ ᠤᠷᠤᠰᠢᠭᠤᠯᠭ᠎ᠠ  ᠶᠢᠨ ᠨᠦᠬᠦᠪᠦᠷᠢ  ᠶᠢᠨ ᠬᠠᠷᠠᠭᠠᠯᠵᠠᠯ ᠬᠦᠷᠳᠡᠬᠦ ᠦᠬᠡᠢ ᠰᠠᠭᠤᠭᠠᠯᠢ ᠠᠷᠡᠳ ᠨᠦᠭᠴᠢᠭᠰᠡᠨ  ᠤ ᠳᠠᠷᠠᠭ᠎ᠠ ᠳᠡᠭᠳᠡᠬᠡᠭᠰᠡᠨ ᠪᠤᠶᠤ ᠨᠡᠶᠢᠳᠡ  ᠶᠢᠨ ᠤᠩᠭᠤᠨ ᠳᠤ ᠤᠷᠤᠰᠢᠭᠤᠯᠤᠬᠰᠠᠨ ᠪᠤᠯ ᠨᠡᠶᠢᠳᠡ  ᠶᠢᠨ ᠤᠩᠭᠤᠨ  ᠤ ᠨᠦᠬᠦᠪᠦᠷᠢ ᠰᠦᠢᠳᠬᠡᠯ  ᠢ 2500 ᠳᠦᠬᠦᠷᠢᠭ ᠤᠯᠭᠤᠨ᠎ᠡ ︔ ᠠᠮᠢᠳᠤ ᠰᠡᠷᠡᠬᠦᠨ ᠪᠠᠶᠢᠬᠤ ᠳᠠᠭᠠᠨ ᠵᠡᠬᠦᠨᠭᠠᠷ ᠬᠤᠰᠢᠭᠤᠨ  ᠤ ᠪᠠᠶᠢᠩᠭᠤ ᠰᠠᠭᠤᠭ᠎ᠠ ᠡᠷᠦᠬᠡ ᠠᠮᠠ  ᠶᠢᠨ ᠳᠤᠭ᠎ᠠ ᠲᠠᠢ ᠬᠦᠮᠦᠰ ᠨᠦᠭᠴᠢᠭᠰᠡᠨ  ᠤ ᠳᠠᠷᠠᠭ᠎ᠠ ᠮᠤᠳᠤᠨ ᠳᠠᠷᠢᠵᠤ ᠤᠷᠤᠰᠢᠭᠤᠯᠬᠤ ᠂ ᠴᠡᠴᠡᠭ ᠲᠠᠷᠢᠵᠤ ᠤᠷᠤᠰᠢᠭᠤᠯᠬᠤ ᠂ ᠵᠦᠯᠬᠡ ᠳᠠᠪᠢᠰᠴᠤ ᠤᠷᠤᠰᠢᠭᠤᠯᠬᠤ ᠂ ᠬᠦᠨ ᠤᠷᠤᠰᠢᠭᠤᠯᠬᠤ ᠂ ︵ᠳᠡᠬᠡᠷᠡᠬᠢ ᠳᠦᠷᠪᠡᠨ ᠠᠷᠭ᠎ᠠ ᠪᠠᠷ ᠤᠷᠤᠰᠢᠭᠤᠯᠭ᠎ᠠ ᠳᠤ ᠪᠤᠯᠠᠰᠢ ᠦᠯᠡᠳᠡᠬᠡᠬᠦ ᠦᠬᠡᠢ ︶ ᠴᠢᠨᠳᠠᠷ  ᠤᠨ ᠦᠨᠡᠰᠦ  ᠶᠢ ᠰᠠᠴᠤᠬᠤ ᠵᠡᠷᠬᠡ ᠠᠮᠢ ᠠᠬᠤᠢ  ᠶᠢᠨ ᠤᠷᠤᠰᠢᠭᠤᠯᠭ᠎ᠠ ᠬᠢᠭᠰᠡᠨ ᠬᠦᠮᠦᠰ ᠲᠤ ᠤᠷᠤᠰᠢᠭᠤᠯᠭ᠎ᠠ  ᠶᠢᠨ ᠰᠦᠢᠳᠬᠡᠯ ᠵᠢᠴᠢ ᠤᠷᠤᠰᠢᠭᠤᠯᠭ᠎ᠠ  ᠶᠢᠨ ᠦᠨᠳᠦᠰᠦᠨ ᠦᠢᠯᠡᠴᠢᠯᠡᠬᠡᠨ  ᠤ ᠰᠦᠢᠳᠬᠡᠯ  ᠢ ᠬᠡᠯᠳᠡᠬᠦᠷᠢᠬᠦᠯᠬᠦ ᠬᠠᠷᠠᠭᠠᠯᠵᠠᠯ ᠬᠦᠷᠳᠡᠬᠡᠨ᠎ᠡ ᠃ ᠨᠦᠬᠦᠪᠦᠷᠢ ᠮᠦᠩᠬᠦ  ᠶᠢ ᠡᠳ᠋  ᠤᠨ ᠵᠠᠰᠠᠬ  ᠤᠨ ᠳᠦᠰᠦᠪ ᠲᠤ ᠤᠷᠤᠭᠤᠯᠤᠨ᠎ᠠ ᠃︵ ᠳᠦᠷᠪᠡ ︶ ᠤᠷᠤᠰᠢᠭᠤᠯᠭ᠎ᠠ  ᠶᠢᠨ ᠠᠵᠢᠯ ᠳᠦᠷᠦᠯ  ᠤᠨ ᠬᠢᠨᠠᠯᠳᠠ ᠬᠠᠮᠢᠶᠠᠷᠤᠯᠳᠡ  ᠶᠢ ᠴᠢᠩᠭᠠᠳᠬᠠᠵᠤ ᠂ ᠤᠷᠤᠰᠢᠭᠤᠯᠭ᠎ᠠ  ᠶᠢᠨ ᠦᠢᠯᠡᠴᠢᠯᠡᠬᠡᠨ  ᠤ ᠳᠤᠬᠳᠠᠴᠠ  ᠶᠢ ᠳᠡᠬᠦᠯᠳᠡᠷᠵᠢᠬᠦᠯᠬᠦ ᠃     ᠤᠷᠤᠰᠢᠭᠤᠯᠭ᠎ᠠ  ᠶᠢᠨ ᠠᠵᠢᠯ ᠳᠦᠷᠦᠯ  ᠤᠨ ᠬᠢᠨᠠᠯᠳᠠ ᠬᠠᠮᠢᠶᠠᠷᠤᠯᠳᠡ  ᠶᠢ ᠴᠢᠩᠭᠠᠳᠬᠠᠵᠤ ᠂ ᠤᠯᠠᠨ ᠳᠦᠮᠡᠨ  ᠢ ᠳᠦᠢᠪᠡᠭᠡᠭᠰᠡᠨ ᠤᠷᠤᠰᠢᠭᠤᠯᠭ᠎ᠠ  ᠶᠢᠨ ᠦᠢᠯᠡᠴᠢᠯᠡᠭᠡ  ᠳᠤ ᠵᠠᠰᠠᠯᠳᠠ ᠬᠢᠵᠤ ᠂ ᠤᠷᠤᠰᠢᠭᠤᠯᠭ᠎ᠠ  ᠶᠢᠨ ᠵᠠᠬ᠎ᠠ ᠳᠡᠯᠬᠡᠬᠦᠷ  ᠢ ᠳᠦᠷᠢᠮᠵᠢᠬᠦᠯᠦᠨ᠎ᠡ ᠃ ᠵᠠᠰᠠᠬ  ᠤᠨ ᠤᠷᠳᠤᠨ ᠦᠨ᠎ᠡ ᠬᠠᠩᠰᠢ  ᠶᠢ ᠳᠤᠬᠳᠠᠭᠠᠵᠤ ᠂ ᠵᠠᠰᠠᠬ  ᠤᠨ ᠤᠷᠳᠤᠨ ᠦᠨ᠎ᠡ ᠬᠠᠩᠰᠢ  ᠶᠢ ᠵᠢᠯᠤᠭᠤᠳᠬᠤ ᠪᠠ ᠵᠠᠬ᠎ᠠ ᠳᠡᠯᠬᠡᠬᠦᠷ ᠦᠨ᠎ᠡ ᠬᠠᠩᠰᠢ  ᠶᠢ ᠳᠤᠬᠢᠷᠠᠭᠤᠯᠬᠤ  ᠶᠢ ᠤᠶᠠᠯᠳᠤᠭᠤᠯᠵᠤ ᠂ ᠨᠡᠶᠢᠳᠡ  ᠶᠢᠨ ᠤᠩᠭᠤᠨ ᠂ ᠤᠷᠤᠰᠢᠭᠤᠯᠭ᠎ᠠ  ᠶᠢᠨ ᠦᠢᠯᠡᠴᠢᠯᠡᠭᠡ ᠪᠠ ᠤᠷᠤᠰᠢᠭᠤᠯᠭ᠎ᠠ  ᠶᠢᠨ ᠬᠡᠷᠡᠭᠰᠡᠯ  ᠤᠨ ᠦᠨ᠎ᠡ ᠬᠠᠩᠰᠢ  ᠶᠢ ᠳᠡᠭᠰᠢᠷᠡᠬᠦᠯᠤᠨ᠎ᠡ ᠃ ᠤᠷᠤᠰᠢᠭᠤᠯᠭ᠎ᠠ  ᠶᠢᠨ ᠵᠠᠬ᠎ᠠ ᠳᠡᠯᠬᠡᠬᠦᠷ  ᠢ ᠴᠡᠭᠴᠡᠯᠠᠨ ᠵᠠᠰᠠᠬᠤ ᠬᠦᠴᠦᠯᠡᠴᠡ ᠪᠠᠨ ᠨᠡᠮᠡᠭᠳᠡᠬᠦᠯᠵᠤ ᠂ ᠵᠠᠬ᠎ᠠ ᠳᠡᠯᠬᠡᠬᠦᠷ  ᠢ ᠰᠠᠮᠠᠭᠤᠷᠠᠭᠤᠯᠬᠤ ᠂ ᠦᠨ᠎ᠡ ᠬᠠᠩᠰᠢ  ᠶᠢ ᠳᠤᠷ᠎ᠡ ᠪᠠᠷ ᠦᠰᠬᠡᠬᠦ ᠵᠢᠴᠢ ᠨᠡᠬᠦᠳᠡᠯᠯᠡᠨ ᠵᠠᠮ ᠡᠵᠡᠯᠡᠵᠤ ᠡᠵᠡᠩᠨᠡᠬᠦ ᠵᠡᠷᠬᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠡ ᠦᠭᠴᠤ ᠤᠷᠤᠰᠢᠭᠤᠯᠭ᠎ᠠ  ᠶᠢᠨ ᠵᠠᠬ᠎ᠠ ᠳᠡᠯᠬᠡᠬᠦᠷ  ᠢ ᠳᠦᠷᠢᠮᠵᠢᠬᠦᠯᠦᠨ᠎ᠡ ᠃ ᠤᠷᠤᠰᠢᠭᠤᠯᠭ᠎ᠠ  ᠶᠢᠨ ᠬᠡᠷᠡᠭᠰᠡᠯ  ᠤᠨ ᠦᠢᠯᠡᠳᠪᠦᠷᠢᠯᠡᠯ ᠪᠤᠷᠤᠯᠠᠭᠤᠯᠭ᠎ᠠ ᠪᠠ ᠦᠢᠯᠡᠴᠢᠯᠡᠭᠡ  ᠶᠢ ᠳᠦᠷᠢᠮᠵᠢᠬᠦᠯᠵᠤ ᠂ ᠬᠤᠳᠠ  ᠶᠢᠨ ᠳᠤᠭᠤᠷᠢᠬ  ᠤᠨ ᠬᠦᠭᠵᠢᠶᠡᠨ ᠲᠠᠢ ᠵᠠᠮ  ᠤᠨ ᠬᠡᠰᠡᠭ ᠲᠤ ᠤᠷᠤᠰᠢᠭᠤᠯᠭ᠎ᠠ  ᠶᠢᠨ ᠬᠡᠷᠡᠭᠰᠡᠯ ᠨᠡᠬᠦᠳᠡᠯᠯᠡᠨ ᠡᠵᠡᠩᠨᠡᠬᠦ ᠪᠠ ᠦᠢᠯᠡᠳᠪᠦᠷᠢᠯᠡᠬᠦ  ᠶᠢ ᠴᠠᠭᠠᠵᠠᠯᠠᠨ᠎ᠠ ᠃ ᠵᠠᠰᠠᠬ  ᠤᠨ ᠤᠷᠳᠤᠨ  ᠤ ᠬᠤᠳᠠᠯᠳᠤᠨ ᠠᠪᠬᠤ ᠦᠢᠯᠡᠴᠢᠯᠡᠭᠡ ᠪᠠ ᠤᠷᠢᠨ ᠬᠡᠷᠡᠭᠯᠡᠬᠦ ᠵᠡᠷᠬᠡ ᠠᠷᠭ᠎ᠠ ᠪᠠᠷᠢᠯ ᠢᠶᠠᠷ ᠳᠠᠮᠵᠢᠨ ᠦᠢᠯᠡᠴᠢᠯᠡᠬᠡᠨ  ᠤ ᠠᠵᠢᠯᠳᠡᠨ  ᠤ ᠳᠤᠰᠬᠠᠢ ᠮᠡᠷᠬᠡᠵᠢᠯ  ᠤᠨ ᠬᠢᠷᠢ ᠳᠦᠪᠰᠢᠨ  ᠢ ᠳᠡᠭᠡᠭᠰᠢᠯᠡᠬᠦᠯᠦᠨ᠎ᠡ ︔ ᠬᠠᠨᠳᠤᠯᠭ᠎ᠠ ᠲᠠᠢ ᠪᠠᠷ ᠤᠷᠢᠨ ᠬᠡᠷᠡᠭᠯᠡᠬᠦ ᠪᠠ ᠳᠤᠰᠬᠠᠢ ᠪᠤᠯᠪᠠᠰᠤᠷᠡᠯ ᠵᠡᠷᠬᠡ ᠬᠡᠯᠪᠡᠷᠢ ᠪᠠᠷ ᠳᠠᠮᠵᠢᠭᠤᠯᠤᠨ ᠦᠢᠯᠡᠴᠢᠯᠡᠭᠰᠢ  ᠶᠢᠨ ᠬᠢᠷᠢ ᠬᠡᠮᠵᠢᠶ᠎ᠡ  ᠶᠢ ᠳᠡᠭᠡᠭᠰᠢᠯᠡᠬᠦᠯᠦᠨ᠎ᠡ ︔ ᠨᠠᠷᠢᠯᠢᠬᠵᠢᠭᠤᠯᠤᠬᠰᠠᠨ ᠦᠢᠯᠡᠴᠢᠯᠡᠬᠡᠨ  ᠤ ᠶᠠᠪᠤᠴᠠ ᠂ ᠠᠵᠢᠯᠳᠡᠳ ᠠᠵᠢᠯ ᠡᠷᠬᠢᠯᠡᠬᠦ ᠫᠠᠶᠢᠰᠠ ᠵᠡᠬᠦᠬᠦ ᠵᠡᠷᠬᠡ ᠠᠷᠭ᠎ᠠ ᠪᠠᠷᠢᠯ ᠢᠶᠠᠷ ᠠᠵᠢᠯ ᠳᠦᠷᠦᠯ  ᠤᠨ ᠳᠦᠷᠢ ᠳᠦᠷᠬᠦ  ᠶᠢ ᠳᠡᠭᠡᠭᠰᠢᠯᠡᠬᠦᠯᠦᠨ᠎ᠡ ᠃ ᠨᠡᠶᠢᠬᠡᠮ  ᠤᠨ ᠵᠤᠬᠢᠶᠠᠨ ᠪᠠᠶᠢᠭᠤᠯᠤᠯᠳᠠ ᠤᠷᠤᠰᠢᠭᠤᠯᠭ᠎ᠠ  ᠶᠢᠨ ᠦᠷᠬᠦᠯᠵᠢᠯᠡᠬᠦ ᠦᠢᠯᠡᠴᠢᠯᠡᠭᠡ ᠳᠤ ᠤᠷᠤᠯᠴᠠᠬᠤ  ᠶᠢ ᠵᠤᠷᠢᠬᠵᠢᠭᠤᠯᠵᠤ ᠂ ᠦᠢᠯᠡᠴᠢᠯᠡᠬᠡᠨ  ᠤ ᠠᠭᠤᠯᠭ᠎ᠠ ᠂ ᠶᠠᠪᠤᠴᠠ ᠪᠠ ᠪᠠᠷᠢᠮᠵᠢᠶ᠎ᠡ  ᠶᠢ ᠳᠤᠳᠤᠷᠬᠠᠢᠢᠯᠠᠵᠤ ᠂ ᠮᠠᠨ  ᠤ ᠬᠤᠰᠢᠭᠤᠨ  ᠤ ᠤᠷᠤᠰᠢᠭᠤᠯᠭ᠎ᠠ  ᠶᠢᠨ ᠦᠢᠯᠡᠴᠢᠯᠡᠬᠡᠨ  ᠤ ᠳᠤᠬᠳᠠᠴᠠ  ᠶᠢ ᠳᠡᠬᠦᠯᠳᠡᠷᠵᠢᠬᠦᠯᠦᠨ᠎ᠠ ᠃︵ ᠳᠠᠪᠤ ︶ ᠤᠷᠤᠰᠢᠭᠤᠯᠭ᠎ᠠ  ᠶᠢᠨ ᠬᠦᠷᠢᠶᠡᠨ ᠳᠠᠬᠢ ᠠᠰᠠᠭᠤᠳᠠᠯ  ᠤᠨ ᠵᠠᠰᠠᠯᠳᠠ  ᠶᠢ ᠴᠢᠩᠭᠠᠳᠬᠠᠵᠤ ᠂ ᠠᠵᠢᠯ ᠳᠦᠷᠦᠯ  ᠤᠨ ᠳᠦᠷᠢᠮᠵᠢᠭᠰᠡᠨ ᠬᠦᠭᠵᠢᠯᠳᠡ  ᠶᠢ ᠠᠬᠢᠭᠤᠯᠤᠨ᠎ᠠ ᠃     ᠬᠠᠤᠯᠢ ᠬᠡᠷᠡᠭᠵᠢᠬᠦᠯᠬᠦ ᠬᠦᠴᠦᠯᠡᠴᠡ ᠪᠠᠨ ᠨᠡᠮᠡᠭᠳᠡᠬᠦᠯᠵᠤ ᠂ ᠤᠷᠤᠰᠢᠭᠤᠯᠭ᠎ᠠ  ᠶᠢᠨ ᠬᠠᠤᠯᠢ ᠬᠡᠷᠡᠭᠵᠢᠬᠦᠯᠬᠦ ᠪᠠᠶᠢᠴᠠᠭᠠᠯᠳᠠ  ᠶᠢ ᠦᠷᠬᠦᠯᠵᠢᠯᠡᠨ ᠦᠷᠨᠢᠬᠦᠯᠵᠤ ᠂ ᠤᠷᠤᠰᠢᠭᠤᠯᠭ᠎ᠠ  ᠶᠢᠨ ᠬᠦᠷᠢᠶᠡᠨ ᠳᠠᠬᠢ ᠠᠰᠠᠭᠤᠳᠠᠯ  ᠤᠨ ᠳᠤᠰᠬᠠᠢ ᠵᠠᠰᠠᠯᠳᠡ  ᠶᠢ ᠴᠢᠩᠭᠠᠳᠬᠠᠨ᠎ᠠ ᠃ ᠡᠯ᠎ᠡ ᠰᠤᠮᠤ ᠰᠢᠶᠠᠩ ᠪᠠᠯᠭᠠᠰᠤ  ᠶᠢᠨ ᠠᠷᠡᠳ  ᠤᠨ ᠵᠠᠰᠠᠬ  ᠤᠨ ᠤᠷᠳᠤᠨ ᠂ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠬᠠᠷᠢᠶ᠎ᠡ ᠭᠠᠵᠠᠷ ᠲᠠᠬᠢ ᠬᠠᠮᠢᠶᠠᠷᠤᠯᠳᠡ  ᠶᠢᠨ ᠬᠠᠷᠢᠭᠤᠴᠠᠯᠭ᠎ᠠ ᠪᠠᠨ ᠴᠢᠩᠭᠠᠳᠬᠠᠵᠤ ᠂ ᠤᠷᠤᠰᠢᠭᠤᠯᠭ᠎ᠠ  ᠪᠠᠷ ᠠᠷᠡᠳ  ᠢ ᠦᠢᠮᠡᠬᠦᠯᠬᠦ  ᠶᠢ ᠵᠠᠰᠠᠬᠤ ᠤᠷᠳᠤ ᠬᠤᠭᠤᠴᠠᠭᠠᠨ  ᠤ ᠪᠦᠳᠦᠮᠵᠢᠳᠡᠢ ᠳᠤᠬᠳᠠᠴᠠ  ᠶᠢ ᠪᠠᠶᠢᠭᠤᠯᠵᠤ ᠠᠵᠢᠯ  ᠤᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠵᠤ ᠂ ᠰᠢᠳᠬᠡᠨ ᠵᠠᠯᠬᠠᠭᠠᠬᠤ ᠠᠷᠭ᠎ᠠ ᠠᠪᠴᠠᠯ ᠢᠶᠠᠨ ᠳᠤᠳᠤᠷᠬᠠᠢᠢᠯᠠᠵᠤ ᠂ ᠭᠠᠴᠠᠭ᠎ᠠ ᠳᠤᠰᠬᠤᠨ  ᠤ ᠰᠠᠭᠤᠭᠠᠯᠢ ᠠᠷᠡᠳ  ᠤᠨ ᠵᠦᠪᠯᠡᠯ ᠂ ᠬᠤᠷᠢᠮ ᠤᠷᠤᠰᠢᠭᠤᠯᠭ᠎ᠠ  ᠶᠢᠨ ᠬᠡᠷᠡᠭ ᠮᠡᠳᠡᠭᠴᠢᠳ  ᠤᠨ ᠵᠦᠪᠯᠡᠯ ᠂ ᠨᠡᠶᠢᠬᠡᠮ  ᠤᠨ ᠪᠦᠯᠬᠦᠮ ᠵᠡᠷᠬᠡ ᠦᠨᠳᠦᠰᠦᠨ ᠱᠠᠳᠤᠨ  ᠤ ᠵᠤᠬᠢᠶᠠᠨ ᠪᠠᠶᠢᠭᠤᠯᠤᠯᠳᠠ  ᠶᠢᠨ ᠦᠢᠯᠡᠳᠦᠯ  ᠢ ᠬᠦᠢᠴᠡᠳ ᠪᠠᠳᠠᠷᠠᠭᠤᠯᠵᠤ ᠂ ᠤᠷᠤᠰᠢᠭᠤᠯᠭ᠎ᠠ  ᠶᠢᠨ ᠠᠵᠢᠯᠯᠠᠭ᠎ᠠ ᠤᠷᠴᠢᠨ ᠳᠤᠭᠤᠷᠢᠨ  ᠢ ᠪᠤᠬᠢᠷᠳᠤᠭᠤᠯᠬᠤ ᠂ ᠱᠤᠤᠬᠢᠶᠠᠨ ᠢᠶᠠᠷ ᠠᠷᠡᠳ  ᠢ ᠦᠢᠮᠡᠬᠦᠯᠬᠦ ᠵᠡᠷᠬᠡ ᠠᠰᠠᠭᠤᠳᠠᠯ  ᠢ ᠵᠠᠰᠠᠬᠤ ᠬᠦᠴᠦᠯᠡᠴᠡ ᠪᠠᠨ ᠨᠡᠮᠡᠭᠳᠡᠬᠦᠯᠦᠨ᠎ᠡ ᠃ ᠡᠯ᠎ᠡ ᠱᠠᠳᠤᠨ  ᠤ ᠵᠠᠰᠠᠬ  ᠤᠨ ᠤᠷᠳᠤᠨ ᠂ ᠡᠯ᠎ᠡ ᠰᠠᠯᠠᠭ᠎ᠠ ᠮᠦᠴᠢᠷ ᠳᠤᠰ ᠳᠤᠰ  ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ ᠵᠡᠷᠬᠡᠪᠡᠷ ᠠᠳᠬᠤᠨ ᠬᠠᠮᠳᠤ ᠪᠠᠷ ᠬᠠᠮᠢᠶᠠᠷᠴᠤ ᠂ ᠬᠤᠳᠠ  ᠶᠢᠨ ᠳᠤᠭᠤᠷᠢᠬ  ᠤᠨ ᠡᠷᠬᠢᠨ ᠳᠤᠭᠤᠷᠢᠨ ᠂ ᠬᠦᠳᠡᠭᠡ ᠳᠤᠰᠬᠤᠨ ᠮᠠᠯᠵᠢᠬᠤ ᠤᠷᠤᠨ ᠂ ᠭᠤᠤᠯ ᠵᠠᠮ ᠱᠤᠭᠤᠮ  ᠤᠨ ᠬᠤᠶᠡᠷ ᠳᠠᠯ᠎ᠠ ᠵᠡᠷᠬᠡ ᠭᠤᠤᠯᠳᠠᠯᠭ᠎ᠠ ᠲᠠᠢ ᠤᠷᠤᠨ ᠪᠦᠰᠡ ᠳᠠᠬᠢ ᠬᠠᠤᠯᠢ ᠪᠤᠰᠤ ᠤᠷᠤᠰᠢᠭᠤᠯᠭ᠎ᠠ  ᠶᠢᠨ ᠦᠢᠯᠡᠴᠢᠯᠡᠭᠡ ᠪᠠ ᠠᠰᠬᠠᠵᠤ ᠪᠤᠯᠬᠠᠤ ᠳᠤᠷ᠎ᠡ ᠪᠠᠷ ᠤᠷᠤᠰᠢᠭᠤᠯᠬᠤ ᠦᠵᠡᠭᠳᠡᠯ  ᠢ ᠦᠷᠬᠦᠯᠵᠢᠯᠡᠨ ᠵᠠᠰᠠᠵᠤ ᠂ ᠤᠷᠤᠰᠢᠭᠤᠯᠭ᠎ᠠ  ᠶᠢᠨ ᠠᠵᠢᠯ ᠳᠦᠷᠦᠯ  ᠤᠨ ᠬᠦᠭᠵᠢᠯᠳᠡ  ᠶᠢ ᠠᠯᠬᠤᠮ ᠠᠯᠬᠤᠮ ᠢᠶᠠᠷ ᠳᠦᠷᠢᠮᠵᠢᠬᠦᠯᠦᠨ᠎ᠠ ᠃ᠪᠠᠳᠤᠯᠠᠭ᠎ᠠ  ᠶᠢᠨ ᠠᠷᠭ᠎ᠠ ᠬᠡᠮᠵᠢᠶ᠎ᠡ︵ ᠨᠢᠬᠡ ︶ ᠤᠳᠤᠷᠢᠳᠤᠯᠭ᠎ᠠ ᠪᠠᠨ ᠴᠢᠩᠭᠠᠳᠬᠠᠵᠤ ᠱᠠᠳᠤ ᠬᠤᠪᠢᠶᠠᠨ ᠬᠠᠷᠢᠭᠤᠴᠠᠬᠤ ᠃     ᠡᠯ᠎ᠡ ᠰᠤᠮᠤ ᠰᠢᠶᠠᠩ ᠪᠠᠯᠭᠠᠰᠤ  ᠶᠢᠨ ᠠᠷᠡᠳ  ᠤᠨ ᠵᠠᠰᠠᠬ  ᠤᠨ ᠤᠷᠳᠤᠨ ᠂ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠪᠤᠯ ᠤᠷᠤᠰᠢᠭᠤᠯᠭ᠎ᠠ  ᠶᠢᠨ ᠬᠠᠮᠢᠶᠠᠷᠤᠯᠳᠡ  ᠶᠢ ᠴᠢᠩᠭᠠᠳᠬᠠᠬᠤ ᠭᠤᠤᠯ ᠴᠤᠬᠴᠠ ᠪᠠᠶᠢᠵᠤ ᠂ ᠡᠳᠦᠷ ᠳᠤᠳᠤᠮ  ᠤᠨ ᠬᠠᠮᠢᠶᠠᠷᠤᠯᠳᠡ  ᠶᠢ ᠬᠠᠷᠢᠭᠤᠴᠠᠵᠤ ᠤᠷᠤᠰᠢᠭᠤᠯᠭ᠎ᠠ  ᠶᠢᠨ ᠬᠠᠮᠢᠶᠠᠷᠤᠯᠳᠡ  ᠶᠢ ᠠᠬᠢᠭᠤᠯᠬᠤ ᠪᠠᠶᠢᠩᠭᠤ  ᠶᠢᠨ ᠪᠠᠶᠢᠭᠤᠯᠤᠮᠵᠢ  ᠶᠢ ᠪᠦᠷᠢᠯᠳᠦᠬᠦᠯᠵᠤ ᠂ ᠭᠤᠤᠯᠯᠠᠬᠤ ᠤᠳᠤᠷᠢᠳᠤᠯᠭ᠎ᠠ ᠳᠡᠬᠡᠳᠦ ᠬᠡᠮᠵᠢᠶ᠎ᠡ ᠪᠠᠷ ᠴᠢᠬᠤᠯᠠᠴᠢᠯᠡᠨ ᠦᠵᠡᠵᠤ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠭᠤᠤᠯᠳᠠᠯᠭ᠎ᠠ ᠲᠠᠢ ᠂ ᠬᠦᠴᠢᠷ ᠲᠠᠢ ᠠᠰᠠᠭᠤᠳᠠᠯ ᠂ ᠬᠠᠯᠠᠮᠰᠢᠯ ᠠᠰᠠᠭᠤᠳᠠᠯ  ᠢ ᠰᠤᠳᠤᠯᠤᠨ ᠰᠢᠢᠳᠪᠦᠷᠢᠯᠡᠨ᠎ᠡ ᠃ ᠡᠯ᠎ᠡ ᠰᠤᠮᠤ ᠰᠢᠶᠠᠩ ᠪᠠᠯᠭᠠᠰᠤ ᠂ ᠵᠡᠬᠡᠯᠢ ᠭᠤᠳᠤᠮᠵᠢ  ᠶᠢᠨ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠳᠤᠪᠴᠢᠶ᠎ᠡ ᠠᠴᠠ ᠤᠷᠤᠰᠢᠭᠤᠯᠭ᠎ᠠ  ᠶᠢᠨ ᠬᠠᠮᠢᠶᠠᠷᠤᠯᠳᠡ  ᠶᠢ ᠡᠳᠦᠷ ᠳᠤᠳᠤᠮ  ᠤᠨ ᠬᠠᠤᠯᠢ ᠬᠡᠷᠡᠭᠵᠢᠬᠦᠯᠬᠦ ᠬᠡᠪᠴᠢᠶᠡᠨ ᠳᠤ ᠤᠷᠤᠭᠤᠯᠵᠤ ᠂ ᠤᠷᠤᠰᠢᠭᠤᠯᠭ᠎ᠠ  ᠶᠢᠨ ᠬᠠᠷᠢᠶ᠎ᠡ ᠭᠠᠵᠠᠷ  ᠤᠨ ᠬᠠᠮᠢᠶᠠᠷᠤᠯᠳᠡ  ᠶᠢᠨ ᠬᠠᠷᠢᠭᠤᠴᠠᠯᠭ᠎ᠠ  ᠶᠢ ᠦᠨᠡᠨ ᠬᠦ ᠨᠠᠶᠢᠳᠠᠪᠤᠷᠢᠵᠢᠭᠤᠯᠵᠤ ᠂ ᠡᠳᠦᠷ ᠳᠤᠳᠤᠮ  ᠤᠨ ᠳᠤᠭᠤᠷᠢᠨ ᠪᠠᠶᠢᠴᠠᠭᠠᠯᠳᠠ ᠂ ᠪᠠᠶᠢᠴᠠᠭᠠᠯᠳᠠ ᠪᠠᠨ ᠴᠢᠩᠭᠠᠳᠬᠠᠵᠤ ᠂ ᠳᠠᠭᠠᠭᠤᠯᠢ ᠤᠳᠤᠨ  ᠤ ᠬᠡᠷᠡᠯ ᠵᠢᠷᠤᠬ  ᠢᠶᠠᠷ ᠬᠠᠤᠯᠢ ᠬᠡᠷᠡᠭᠵᠢᠬᠦᠯᠬᠦ ᠡᠷᠴᠢᠮ  ᠢᠶᠠᠨ ᠴᠢᠩᠭᠠᠷᠠᠭᠤᠯᠵᠤ ᠂ ᠳᠤᠰ ᠬᠠᠷᠢᠶ᠎ᠡ ᠳᠤᠭᠤᠷᠢᠬ  ᠤᠨ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢ ᠠᠳᠬᠤᠬᠤ ᠬᠦᠮᠦᠨ ᠲᠠᠢ ᠪᠠᠶᠢᠬᠤ ᠂ ᠬᠠᠮᠢᠶᠠᠷᠬᠤ ᠬᠦᠮᠦᠨ ᠲᠠᠢ ᠪᠠᠶᠢᠬᠤ  ᠶᠢ ᠪᠠᠳᠤᠯᠠᠨ᠎ᠠ ᠃ ᠡᠯ᠎ᠡ ᠭᠠᠴᠠᠭ᠎ᠠ ᠳᠤᠰᠬᠤᠨ ︵ ᠰᠠᠭᠤᠭᠠᠯᠢ ᠠᠷᠡᠳ  ᠤᠨ ︶ ᠵᠦᠪᠯᠡᠯ ᠳᠤᠰᠬᠤᠨ  ᠤ ᠳᠠᠷᠤᠭ᠎ᠠ  ᠶᠢᠨ ᠬᠠᠷᠢᠭᠤᠴᠠᠯᠭ᠎ᠠ  ᠶᠢᠨ ᠳᠦᠷᠢᠮ  ᠢ ᠬᠡᠷᠡᠭᠵᠢᠬᠦᠯᠵᠤ ᠂ ᠮᠠᠨ  ᠤ ᠬᠤᠰᠢᠭᠤᠨ  ᠤ ᠡᠷᠦᠬᠡ ᠠᠮᠠ  ᠶᠢᠨ ᠳᠤᠭ᠎ᠠ ᠲᠠᠢ ᠳᠤᠰᠬᠤᠨ  ᠤ ᠠᠷᠡᠳ  ᠢ ᠵᠠᠷᠴᠢᠮ ᠳᠡᠬᠡᠷ᠎ᠡ ᠪᠠᠨ ᠪᠦᠷ ᠨᠡᠶᠢᠳᠡ  ᠶᠢᠨ ᠤᠩᠭᠤᠨ ᠳᠤ ᠤᠷᠤᠰᠢᠭᠤᠯᠵᠤ ᠂ ᠤᠩᠭᠤᠨ ᠭᠠᠵᠠᠷ ᠳᠠᠬᠢᠵᠤ ᠪᠠᠷᠢᠬᠤ ᠴᠢᠬᠤᠯᠠ ᠲᠠᠢ ᠪᠤᠯ ᠡᠷᠦᠬᠡ ᠪᠦᠷᠢ ᠳᠠᠷᠢᠶᠡᠨ ᠭᠠᠵᠠᠷ  ᠠᠴᠠ ᠭᠠᠳᠠᠨᠡᠬᠢ ᠳᠠᠭᠠᠭᠠᠴᠢᠯᠡᠭᠰᠠᠨ ᠭᠠᠵᠠᠷ ᠨᠢᠬᠡ ᠬᠡᠰᠡᠭ ᠤᠩᠭᠤᠨ  ᠤ ᠭᠠᠵᠠᠷ ᠦᠯᠡᠳᠡᠬᠡᠵᠤ ᠂ ︵ᠤᠤᠯ  ᠤᠨ ᠤᠩᠭᠤᠨ ᠭᠠᠵᠠᠷ  ᠢ ᠪᠠᠭᠳᠠᠭᠠᠨ᠎ᠠ ︶ ᠡᠷᠬᠡᠪᠰᠢ ᠰᠠᠭᠤᠭ᠎ᠠ ᠭᠠᠵᠠᠷ  ᠤᠨ ᠰᠤᠮᠤ ᠰᠢᠶᠠᠩ ᠪᠠᠯᠭᠠᠰᠤ  ᠶᠢᠨ ᠠᠷᠡᠳ  ᠤᠨ ᠵᠠᠰᠠᠬ  ᠤᠨ ᠤᠷᠳᠤᠨ ᠂ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠢᠶᠠᠷ ᠬᠢᠨᠠᠨ ᠵᠦᠪᠰᠢᠶᠡᠷᠡᠬᠦᠯᠬᠦ ᠬᠡᠷᠡᠭᠳᠡᠢ ᠃ ᠵᠠᠰᠠᠮᠠᠯ ᠵᠠᠮ ᠂ ᠳᠠᠮᠤᠷ ᠵᠠᠮ  ᠤᠨ ᠬᠤᠶᠡᠷ ᠳᠠᠯ᠎ᠠ ᠂ ᠳᠤᠰᠬᠤᠨ ᠂ ᠭᠤᠤᠯ  ᠤᠨ ᠵᠠᠮ ᠂ ᠤᠰᠤᠨ ᠰᠤᠷᠪᠤᠯᠵᠢ  ᠶᠢᠨ ᠭᠠᠵᠠᠷ  ᠤᠨ ᠬᠠᠮᠠᠭᠠᠯᠠᠯᠳᠠ  ᠶᠢᠨ ᠤᠷᠤᠨ ᠂ ᠦᠵᠡᠮᠵᠢ  ᠶᠢᠨ ᠤᠷᠤᠨ ᠂ ᠳᠦᠯᠦᠪᠵᠢᠬᠦᠯᠬᠡ  ᠶᠢᠨ ᠤᠷᠤᠨ ᠵᠡᠷᠬᠡ ᠭᠤᠤᠯᠳᠠᠯᠭ᠎ᠠ ᠲᠠᠢ ᠭᠠᠵᠠᠷ ᠲᠤ ᠤᠩᠭᠤᠨ ᠪᠠᠷᠢᠬᠤ  ᠶᠢ ᠴᠠᠭᠠᠵᠠᠯᠠᠨ᠎ᠠ ᠃ ᠬᠠᠤᠯᠢ ᠳᠦᠷᠢᠮ ᠳᠤᠬᠳᠠᠭᠠᠯ  ᠢ ᠵᠦᠷᠢᠴᠡᠨ ᠤᠩᠭᠤᠨ ᠪᠠᠶᠢᠭᠤᠯᠬᠤ ᠂ ᠳᠤᠷ᠎ᠡ ᠪᠠᠷ ᠤᠷᠤᠰᠢᠭᠤᠯᠬᠤ ᠂ ᠪᠤᠯᠪᠠᠰᠤᠨ ᠪᠤᠰᠤ ᠤᠷᠰᠢᠭᠤᠯᠬᠤ ᠦᠢᠯᠡ ᠠᠵᠢᠯᠯᠠᠭ᠎ᠠ  ᠶᠢ ᠤᠷᠢᠳᠴᠢᠯᠡᠨ ᠰᠡᠷᠬᠡᠶᠢᠯᠡᠬᠦ ᠪᠠ ᠡᠬᠢ ᠰᠤᠷᠪᠤᠯᠵᠢ ᠠᠴᠠ ᠨᠢ ᠵᠠᠰᠠᠬᠤ ᠪᠠᠨ ᠴᠢᠩᠭᠠᠳᠬᠠᠨ᠎ᠠ ᠃ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠪᠤᠳᠠᠳᠠᠢ ᠬᠡᠷᠡᠭᠵᠢᠬᠦᠯᠬᠦ ᠨᠠᠷᠢᠨ ᠳᠤᠬᠳᠠᠭᠠᠯ ᠭᠠᠷᠭᠠᠬᠤ  ᠶᠢᠨ ᠬᠠᠮᠳᠤ ᠨᠠᠶᠢᠳᠠᠪᠤᠷᠢᠵᠢᠭᠤᠯᠤᠯᠳᠠ  ᠶᠢ ᠠᠳᠬᠤᠵᠤ ᠂ ᠠᠷᠡᠳ  ᠤᠨ ᠶᠠᠪᠤᠳᠠᠯ ᠂ ᠬᠤᠳᠠ  ᠶᠢᠨ ᠬᠠᠮᠢᠶᠠᠷᠤᠯᠳᠡ ᠂ ᠵᠠᠬ᠎ᠠ ᠳᠡᠯᠬᠡᠬᠦᠷ  ᠤᠨ ᠬᠢᠨᠠᠯᠳᠠ ᠬᠠᠮᠢᠶᠠᠷᠤᠯᠳᠡ ᠂ ᠵᠠᠮ ᠬᠠᠷᠢᠯᠴᠠᠭ᠎ᠠ ᠂ ᠳᠠᠮᠤᠷ ᠵᠠᠮ ᠪᠠ ᠠᠭᠠᠷ ᠠᠶᠠᠯᠠᠯ ᠂ ᠬᠦᠭᠵᠢᠬᠦᠯᠦᠯᠳᠡ ᠦᠬᠡᠷᠡᠴᠢᠯᠡᠯᠳᠡ ᠂ ᠳᠤᠳᠤᠭᠠᠳᠤ  ᠶᠢ ᠬᠠᠮᠠᠭᠠᠯᠠᠬᠤ ᠂ ᠪᠠᠶᠢᠭᠠᠯᠢ  ᠶᠢᠨ ᠡᠬᠢ ᠪᠠᠶᠠᠯᠢᠬ ᠂ ᠤᠢ ᠰᠢᠭᠤᠢ ᠪᠠ ᠨᠤᠳᠤᠬ ᠪᠡᠯᠴᠢᠬᠡᠷ ᠂ ᠰᠤᠶᠤᠯ ᠵᠤᠭᠠᠴᠠᠯ ᠂ ᠤᠰᠤᠨ ᠠᠰᠢᠬᠯᠠᠯᠳᠠ ᠂ ᠤᠷᠴᠢᠨ ᠳᠤᠭᠤᠷᠢᠨ  ᠢ ᠬᠠᠮᠠᠭᠠᠯᠠᠬᠤ ᠂ ᠤᠷᠤᠨ ᠰᠠᠭᠤᠴᠠ ᠪᠠ ᠬᠤᠳᠠ ᠬᠦᠳᠡᠭᠡ  ᠶᠢᠨ ᠪᠦᠳᠦᠬᠡᠨ ᠪᠠᠶᠢᠭᠤᠯᠤᠯᠳᠠ ᠵᠡᠷᠬᠡ ᠰᠠᠯᠠᠭ᠎ᠠ ᠮᠦᠴᠢᠷ ᠪᠤᠯ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠬᠢᠨᠠᠨ ᠬᠠᠮᠢᠶᠠᠷᠤᠯᠳᠠ  ᠶᠢᠨ ᠰᠠᠯᠠᠭ᠎ᠠ ᠮᠦᠴᠢᠷ ᠂ ᠳᠤᠰ ᠳᠤᠰ  ᠤᠨ ᠳᠤᠰᠢᠶᠡᠯ ᠬᠠᠷᠢᠭᠤᠴᠠᠯᠭ᠎ᠠ ᠶᠤᠰᠤᠭᠠᠷ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢ ᠵᠢᠯᠤᠭᠤᠳᠤᠨ ᠬᠠᠪᠰᠤᠷᠴᠤ ᠤᠷᠤᠰᠢᠭᠤᠯᠭ᠎ᠠ  ᠶᠢᠨ ᠬᠠᠮᠢᠶᠠᠷᠤᠯᠳᠡ  ᠶᠢ ᠨᠠᠶᠢᠳᠠᠪᠤᠷᠢᠵᠢᠭᠤᠯᠵᠤ ᠂ ᠳᠤᠬᠠᠢᠢᠯᠠᠬᠰᠠᠨ ᠠᠵᠢᠯ  ᠤᠨ ᠬᠢᠨᠠᠯᠳᠠ ᠬᠠᠮᠢᠶᠠᠷᠤᠯᠳᠡ  ᠶᠢ ᠦᠷᠨᠢᠬᠦᠯᠦᠨ᠎ᠡ ᠃︵ ᠬᠤᠶᠡᠷ ︶ ᠰᠠᠯᠠᠭ᠎ᠠ ᠮᠦᠴᠢᠷ ᠬᠤᠯᠪᠤᠭᠠᠯᠠᠵᠤ ᠬᠠᠮᠳᠤᠪᠠᠷ ᠬᠠᠮᠢᠶᠠᠷᠬᠤ ᠃     ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠪᠠ ᠡᠩᠨᠡᠭᠡ  ᠶᠢᠨ ᠪᠠᠶᠢᠭᠤᠯᠤᠯᠳᠠ  ᠶᠢ ᠴᠢᠩᠭᠠᠳᠬᠠᠵᠤ ᠂ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠬᠠᠤᠯᠢ ᠬᠡᠷᠡᠭᠵᠢᠬᠦᠯᠬᠦ ᠠᠵᠢᠯ  ᠤᠨ ᠬᠦᠴᠦᠯᠡᠴᠡ ᠪᠠᠨ ᠨᠡᠮᠡᠭᠳᠡᠬᠦᠯᠵᠤ ᠂ ᠵᠤᠬᠢᠴᠠᠭᠤᠯᠬᠤ ᠰᠠᠯᠠᠭ᠎ᠠ ᠮᠦᠴᠢᠷ ᠬᠠᠮᠵᠢᠯᠴᠡᠨ ᠬᠦᠳᠡᠯᠦᠯᠴᠡᠵᠤ ᠂ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠠᠵᠢᠯ  ᠤᠨ ᠤᠷᠤᠬᠰᠢᠳᠡᠢ ᠶᠠᠪᠤᠬᠳᠠᠬᠤ  ᠶᠢ ᠬᠠᠮᠳᠤᠪᠡᠷ ᠠᠬᠢᠭᠤᠯᠤᠨ᠎ᠠ ᠃ ᠠᠷᠡᠳ  ᠤᠨ ᠶᠠᠪᠤᠳᠠᠯ  ᠤᠨ ᠰᠠᠯᠠᠭ᠎ᠠ ᠮᠦᠴᠢᠷ ᠳᠦᠷᠦᠬᠦᠯᠡᠬᠦ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠂ ᠤᠷᠤᠰᠢᠭᠤᠯᠭ᠎ᠠ  ᠶᠢᠨ ᠠᠵᠢᠯ  ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠤᠨ ᠵᠢᠯᠤᠭᠤᠳᠤᠯᠭ᠎ᠠ ᠂ ᠵᠤᠬᠢᠴᠠᠭᠤᠯᠭ᠎ᠠ ᠂ ᠦᠢᠯᠡᠴᠢᠯᠡᠬᠡᠨ  ᠤ ᠴᠢᠳᠠᠮᠵᠢ ᠪᠠᠨ ᠴᠢᠩᠭᠠᠳᠬᠠᠵᠤ ᠂ ᠠᠷᠡᠳ ᠲᠤ ᠠᠰᠢᠬ ᠬᠦᠷᠳᠡᠬᠡᠬᠦ ᠤᠷᠤᠰᠢᠭᠤᠯᠭ᠎ᠠ  ᠶᠢᠨ ᠳᠦᠷᠦ  ᠶᠢᠨ ᠪᠤᠳᠤᠯᠭ᠎ᠠ  ᠶᠢ ᠨᠠᠶᠢᠳᠠᠪᠤᠷᠢᠵᠢᠭᠤᠯᠵᠤ ᠂ ᠨᠡᠶᠢᠳᠡ  ᠶᠢᠨ ᠤᠩᠭᠤᠨ ᠂ ᠤᠷᠤᠰᠢᠭᠤᠯᠭ᠎ᠠ  ᠶᠢᠨ ᠬᠡᠷᠡᠭᠰᠡᠯ  ᠤᠨ ᠵᠠᠬ᠎ᠠ ᠳᠡᠯᠬᠡᠬᠦᠷ ᠵᠢᠴᠢ ᠤᠷᠤᠰᠢᠭᠤᠯᠭ᠎ᠠ  ᠶᠢᠨ ᠦᠢᠯᠡᠴᠢᠯᠡᠬᠡᠨ  ᠤ ᠪᠠᠶᠢᠭᠤᠯᠤᠮᠵᠢ  ᠶᠢᠨ ᠬᠢᠨᠠᠯᠳᠠ ᠬᠠᠮᠢᠶᠠᠷᠤᠯᠳᠡ ᠪᠠᠨ ᠴᠢᠩᠭᠠᠳᠬᠠᠨ᠎ᠠ ᠃ ᠵᠡᠬᠦᠨᠭᠠᠷ ᠠᠵᠤ ᠠᠬᠤᠢ  ᠶᠢᠨ ᠨᠡᠬᠡᠬᠡᠯᠳᠡ  ᠶᠢᠨ ᠤᠷᠤᠨ  ᠤ ᠬᠠᠮᠢᠶᠠᠷᠤᠯᠳᠡ  ᠶᠢᠨ ᠵᠦᠪᠯᠡᠯ ᠂ ᠳ᠋ᠠ ᠯᠦ ᠨᠡᠬᠦᠷᠡᠰᠦ ᠬᠢᠮᠢ  ᠶᠢᠨ ᠠᠵᠤ ᠦᠢᠯᠡᠳᠪᠦᠷᠢ  ᠶᠢᠨ ᠰᠠᠭᠤᠷᠢᠨ ᠭᠠᠵᠠᠷ  ᠤᠨ ᠬᠠᠮᠢᠶᠠᠷᠤᠯᠳᠡ  ᠶᠢᠨ ᠵᠦᠪᠯᠡᠯ ᠂ ᠡᠯ᠎ᠡ ᠰᠤᠮᠤ ᠰᠢᠶᠠᠩ ᠪᠠᠯᠭᠠᠰᠤ  ᠶᠢᠨ ᠠᠷᠡᠳ  ᠤᠨ ᠵᠠᠰᠠᠬ  ᠤᠨ ᠤᠷᠳᠤᠨ ᠂ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠯᠭ᠎ᠠ  ᠶᠢᠨ ᠤᠬᠠᠮᠰᠠᠷ  ᠢ ᠪᠤᠢ ᠪᠤᠯᠭᠠᠵᠤ ᠂ ᠬᠠᠷᠢᠶ᠎ᠡ ᠳᠤᠭᠤᠷᠢᠬ  ᠤᠨ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠠᠵᠢᠯ  ᠢ ᠪᠦᠬᠦ ᠳᠠᠯ᠎ᠠ ᠪᠠᠷ ᠴᠢᠩᠭᠠᠳᠬᠠᠨ᠎ᠠ ᠃ ᠬᠦᠭᠵᠢᠬᠦᠯᠦᠯᠳᠡ ᠦᠬᠡᠷᠡᠴᠢᠯᠡᠯᠳᠡ  ᠶᠢᠨ ᠰᠠᠯᠠᠭ᠎ᠠ ᠮᠦᠴᠢᠷ ᠤᠷᠤᠰᠢᠭᠤᠯᠭ᠎ᠠ  ᠶᠢᠨ ᠦᠢᠯᠡᠰ  ᠤᠨ ᠤᠯᠠᠨ ᠨᠡᠶᠢᠳᠡ  ᠶᠢᠨ ᠪᠡᠯᠡ ᠤᠷᠤᠭᠤᠯᠤᠯᠳᠠ ᠪᠠ ᠳᠤᠬᠳᠠᠭᠤᠨ ᠢᠶᠠᠷ ᠨᠡᠮᠡᠭᠳᠡᠬᠦᠯᠬᠦ ᠳᠤᠬᠳᠠᠴᠠ  ᠶᠢ ᠪᠠᠶᠢᠭᠤᠯᠵᠤ ᠂ ᠤᠷᠤᠰᠢᠭᠤᠯᠭ᠎ᠠ  ᠶᠢᠨ ᠦᠢᠯᠡᠴᠢᠯᠡᠭᠡ  ᠶᠢ ︽ ᠠᠷᠪᠠᠨ ᠳᠦᠷᠪᠡᠳᠦᠬᠡᠷ ᠳᠠᠪᠤᠨ ᠵᠢᠯ ︾   ᠤᠨ ᠳᠦᠯᠦᠪᠵᠢᠬᠦᠯᠬᠡ ᠳᠤ ᠤᠷᠤᠭᠤᠯᠵᠤ ᠂ ᠤᠷᠤᠰᠢᠭᠤᠯᠭ᠎ᠠ  ᠶᠢᠨ ᠦᠢᠯᠡᠴᠢᠯᠡᠭᠡ ᠪᠠ ᠤᠷᠤᠰᠢᠭᠤᠯᠭ᠎ᠠ  ᠶᠢᠨ ᠳᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ  ᠶᠢᠨ ᠬᠦᠴᠦᠯᠡᠴᠡ ᠪᠠᠨ ᠨᠡᠮᠡᠭᠳᠡᠬᠦᠯᠬᠦ ᠬᠡᠷᠡᠭᠳᠡᠢ ᠃ ᠡᠳ᠋  ᠤᠨ ᠵᠠᠰᠠᠬ  ᠤᠨ ᠰᠠᠯᠠᠭ᠎ᠠ ᠮᠦᠴᠢᠷ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢᠨ ᠠᠵᠢᠯ ᠳᠤ ᠪᠡᠯᠡ ᠮᠦᠩᠬᠦᠨ  ᠤ ᠳᠡᠮᠵᠢᠯᠬᠡ ᠢᠳᠡᠪᠬᠢᠳᠡᠢ ᠬᠠᠩᠭᠠᠬᠤ ᠬᠡᠷᠡᠭᠳᠡᠢ ᠃ ᠬᠦᠮᠦᠨ  ᠤ ᠬᠦᠴᠦᠨ ᠪᠠ ᠬᠦᠳᠡᠯᠮᠤᠷᠢ  ᠶᠢᠨ ᠪᠠᠳᠤᠯᠠᠭ᠎ᠠ  ᠶᠢᠨ ᠰᠠᠯᠠᠭ᠎ᠠ ᠮᠦᠴᠢᠷ ᠬᠤᠯᠪᠤᠬᠳᠠᠯ ᠪᠦᠬᠦᠢ ᠳᠤᠬᠳᠠᠭᠠᠯ ᠶᠤᠰᠤᠭᠠᠷ ᠤᠯᠤᠰ  ᠤᠨ ᠠᠯᠪᠠᠨ ᠪᠠᠶᠢᠭᠤᠯᠭ᠎ᠠ ︵ ᠠᠯᠪᠠᠳᠠᠨ  ᠤ ᠬᠠᠮᠢᠶᠠᠷᠤᠯᠳᠡ  ᠶᠢᠨ ᠨᠢᠬᠡᠴᠢ ᠪᠠᠷ ᠯᠠᠪᠯᠠᠯᠳᠠ ᠪᠤᠯᠭᠠᠬᠤ ︶᠂ ᠠᠵᠢᠯ ᠦᠢᠯᠡᠰ  ᠤᠨ ᠨᠢᠬᠡᠴᠢ  ᠶᠢᠨ ᠠᠵᠢᠯᠳᠡᠨ ᠪᠠ ᠠᠵᠢᠯ  ᠠᠴᠠ ᠪᠠᠨ ᠠᠮᠠᠷᠠᠵᠤ ᠪᠠᠭᠤᠬᠰᠠᠳ  ᠤᠨ ᠤᠷᠤᠰᠢᠭᠤᠯᠭ᠎ᠠ  ᠶᠢᠨ ᠰᠦᠢᠳᠬᠡᠯ ᠂ ᠠᠰᠠᠷᠡᠮᠵᠢ  ᠶᠢᠨ ᠮᠦᠩᠬᠦ  ᠶᠢ ᠬᠢᠨᠠᠨ ᠳᠤᠬᠳᠠᠭᠠᠬᠤ ᠪᠠ ᠳᠠᠷᠬᠠᠭᠠᠬᠤ ᠠᠵᠢᠯ  ᠢ ᠰᠠᠶᠢᠳᠤᠷ ᠬᠢᠬᠦ ᠬᠡᠷᠡᠭᠳᠡᠢ ᠃ ᠵᠠᠬ᠎ᠠ ᠳᠡᠯᠬᠡᠬᠦᠷ  ᠤᠨ ᠬᠢᠨᠠᠯᠳᠠ ᠬᠠᠮᠢᠶᠠᠷᠤᠯᠳᠡ  ᠶᠢᠨ ᠰᠠᠯᠠᠭ᠎ᠠ ᠮᠦᠴᠢᠷ ᠤᠷᠤᠰᠢᠭᠤᠯᠭ᠎ᠠ  ᠶᠢᠨ ᠦᠢᠯᠡᠴᠢᠯᠡᠬᠡᠨ  ᠤ ᠦᠨ᠎ᠡ ᠬᠠᠩᠰᠢ  ᠶᠢᠨ ᠵᠢᠯᠤᠭᠤᠳᠤᠯᠭ᠎ᠠ ᠪᠠ ᠬᠠᠮᠢᠶᠠᠷᠤᠯᠳᠡ  ᠶᠢ ᠴᠢᠩᠭᠠᠳᠬᠠᠵᠤ ᠂ ᠳᠤᠷ᠎ᠡ ᠪᠠᠷ ᠰᠦᠢᠳᠬᠡᠯ ᠬᠤᠷᠢᠶᠠᠬᠤ ᠠᠵᠢᠯᠯᠠᠭ᠎ᠠ  ᠶᠢ ᠬᠠᠤᠯᠢ ᠶᠤᠰᠤᠭᠠᠷ ᠪᠠᠶᠢᠴᠠᠭᠠᠨ ᠰᠢᠳᠬᠡᠵᠤ ᠂ ᠦᠨ᠎ᠡ ᠬᠠᠩᠰᠢ  ᠶᠢᠨ ᠮᠡᠬᠡᠯᠡᠯ ᠪᠠ ᠠᠵᠢᠯ ᠳᠦᠷᠦᠯ  ᠤᠨ ᠳᠦᠪ ᠪᠤᠰᠤ ᠦᠷᠢᠰᠦᠯᠳᠦᠬᠡᠨ  ᠢ ᠬᠤᠷᠢᠬᠯᠠᠵᠤ ᠂ ᠤᠷᠤᠰᠢᠭᠤᠯᠭ᠎ᠠ  ᠶᠢᠨ ᠠᠵᠤ ᠠᠬᠤᠢᠢᠯᠡᠯ ᠪᠠ ᠬᠤᠪᠢ  ᠶᠢᠨ ᠦᠢᠯᠡᠳᠪᠦᠷᠢ ᠬᠤᠳᠠᠯᠳᠤᠭᠠᠨ  ᠤ ᠡᠷᠦᠬᠡ  ᠶᠢᠨ ᠳᠦᠷᠢᠮᠵᠢᠭᠰᠡᠨ ᠬᠠᠮᠢᠶᠠᠷᠤᠯᠳᠡ ᠪᠠᠨ ᠴᠢᠩᠭᠠᠳᠬᠠᠵᠤ ᠂ ᠹᠸᠤᠳᠠᠯ  ᠤᠨ ᠮᠤᠬᠤᠷ ᠰᠦᠰᠦᠭ  ᠤᠨ ᠦᠩᠬᠡ ᠪᠤᠳᠤᠬ ᠲᠠᠢ ᠤᠷᠤᠰᠢᠭᠤᠯᠭ᠎ᠠ  ᠶᠢᠨ ᠠᠵᠢᠯᠯᠠᠭ᠎ᠠ  ᠳᠤ ᠴᠤᠬᠢᠯᠳᠡ ᠦᠭᠬᠦ ᠪᠠ ᠪᠠᠶᠢᠴᠠᠭᠠᠨ ᠰᠢᠢᠳᠪᠦᠷᠢᠯᠡᠵᠤ ᠂ ᠨᠡᠬᠦᠳᠡᠯ ᠬᠤᠭᠤᠯᠠ ᠪᠤᠳᠠᠭ᠎ᠠ ᠵᠡᠷᠬᠡ ᠦᠢᠯᠡᠴᠢᠯᠡᠭᠡ ᠳᠤ ᠬᠢᠨᠠᠯᠳᠠ ᠬᠠᠮᠢᠶᠠᠷᠤᠯᠳᠡ ᠬᠢᠬᠦ ᠬᠡᠷᠡᠭᠳᠡᠢ ᠃ ᠤᠷᠤᠨ ᠰᠠᠭᠤᠴᠠ ᠪᠠ ᠬᠤᠳᠠ ᠬᠦᠳᠡᠭᠡ  ᠶᠢᠨ ᠪᠦᠳᠦᠬᠡᠨ ᠪᠠᠶᠢᠭᠤᠯᠤᠯᠳᠠ  ᠶᠢᠨ ᠰᠠᠯᠠᠭ᠎ᠠ ᠮᠦᠴᠢᠷ ᠤᠷᠤᠰᠢᠭᠤᠯᠭ᠎ᠠ  ᠶᠢᠨ ᠪᠦᠳᠦᠬᠡᠨ ᠪᠠᠶᠢᠭᠤᠯᠤᠯᠳᠠ  ᠶᠢᠨ ᠳᠦᠷᠦᠯ ᠵᠦᠢᠯ  ᠤᠨ ᠬᠠᠮᠢᠶᠠᠷᠤᠯᠳᠡ  ᠶᠢᠨ ᠠᠵᠢᠯ  ᠢ ᠰᠠᠶᠢᠳᠤᠷ ᠬᠢᠵᠤ ᠂ ᠪᠠᠶᠢᠭᠠᠯᠢ  ᠶᠢᠨ ᠡᠬᠢ ᠪᠠᠶᠠᠯᠢᠬ  ᠤᠨ ᠰᠠᠯᠠᠭ᠎ᠠ ᠮᠦᠴᠢᠷ ᠤᠷᠤᠰᠢᠭᠤᠯᠭ᠎ᠠ  ᠳᠤ ᠬᠡᠷᠡᠭᠯᠡᠬᠦ ᠭᠠᠵᠠᠷ  ᠤᠨ ᠬᠠᠮᠢᠶᠠᠷᠤᠯᠳᠡ  ᠶᠢ ᠴᠢᠩᠭᠠᠳᠬᠠᠵᠤ ᠂ ᠳᠤᠰᠬᠤᠨ  ᠤ ᠳᠡᠰ  ᠤᠨ ᠨᠡᠶᠢᠳᠡ  ᠶᠢᠨ ᠠᠰᠠᠷᠡᠮᠵᠢ  ᠶᠢᠨ ᠴᠢᠨᠡᠷᠳᠡᠢ ᠤᠩᠭᠤᠨ  ᠤ ᠭᠠᠵᠠᠷ ᠂ ᠤᠩᠭᠤᠨ ᠬᠦᠷᠢᠶᠡᠯᠡᠩ  ᠤᠨ ᠬᠡᠷᠡᠭᠯᠡᠬᠦ ᠭᠠᠵᠠᠷ ᠂ ᠤᠷᠤᠰᠢᠭᠤᠯᠭ᠎ᠠ  ᠶᠢᠨ ᠭᠠᠵᠠᠷ  ᠤᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ  ᠢ ᠭᠠᠵᠠᠷ ᠬᠡᠷᠡᠭᠯᠡᠬᠦ ᠳᠦᠯᠦᠪᠯᠡᠭᠡ ᠳᠤ ᠤᠷᠤᠭᠤᠯᠵᠤ ᠂ ᠭᠠᠵᠠᠷ ᠬᠡᠷᠡᠭᠯᠡᠬᠦ ᠬᠦᠢᠴᠡᠳᠬᠡᠬᠦ ᠳᠤᠭ᠎ᠠ  ᠶᠢ ᠡᠷᠡᠮᠡᠯᠵᠡᠵᠤ ᠂ ᠬᠢᠨᠠᠨ ᠴᠤᠬᠤᠯᠠᠪᠤᠷᠢᠯᠠᠬᠤ ᠭᠠᠷᠳᠡᠮ  ᠢ ᠴᠢᠩᠳᠠᠯᠠᠵᠤ ᠂ ᠤᠷᠤᠰᠢᠭᠤᠯᠭ᠎ᠠ  ᠳᠤ ᠬᠡᠷᠡᠭᠯᠡᠬᠦ ᠭᠠᠵᠠᠷ  ᠢ ᠠᠷᠪᠢᠯᠠᠵᠤ ᠂ ᠬᠠᠮᠢᠶ᠎ᠠ ᠨᠠᠮᠢᠶ᠎ᠠ ᠦᠬᠡᠢ ᠪᠤᠯᠠᠰᠢᠯᠠᠬᠤ ᠪᠠ ᠭᠠᠵᠠᠷ ᠰᠢᠷᠤᠢ  ᠶᠢ ᠳᠤᠷ᠎ᠡ ᠪᠠᠷ ᠢᠶᠠᠨ ᠡᠵᠡᠯᠡᠨ ᠬᠡᠷᠡᠭᠯᠡᠬᠦ ᠠᠵᠢᠯᠯᠠᠭ᠎ᠠ  ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠳᠡᠢ ᠃ ᠤᠢ ᠰᠢᠭᠤᠢ ᠨᠤᠳᠤᠬ ᠪᠡᠯᠴᠢᠬᠡᠷ  ᠤᠨ ᠳᠤᠪᠴᠢᠶ᠎ᠡ ᠤᠢ ᠰᠢᠭᠤᠢ ᠳᠠᠯ᠎ᠠ ᠨᠤᠳᠤᠬ  ᠤᠨ ᠬᠠᠮᠠᠭᠠᠯᠠᠯᠳᠡ ᠪᠠ ᠬᠠᠮᠢᠶᠠᠷᠤᠯᠳᠡ ᠪᠠᠨ ᠴᠢᠩᠭᠠᠳᠬᠠᠵᠤ ᠤᠢ ᠰᠢᠭᠤᠢ ᠨᠤᠳᠤᠬ ᠪᠡᠯᠴᠢᠬᠡᠷ  ᠢ ᠰᠦᠢᠳᠬᠡᠵᠤ ᠤᠩᠭᠤᠨ ᠪᠠᠷᠢᠬᠤ ᠂ ᠭᠠᠯ ᠢᠶᠠᠷ ᠳᠠᠬᠢᠬᠤ ᠵᠡᠷᠬᠡ ᠠᠵᠢᠯᠯᠠᠭ᠎ᠠ  ᠶᠢ ᠴᠢᠩᠭ᠎ᠠ ᠪᠠᠶᠢᠴᠠᠭᠠᠨ ᠰᠢᠢᠳᠬᠡᠬᠦ ᠬᠡᠷᠡᠭᠳᠡᠢ ᠃ ᠬᠤᠳᠠ  ᠶᠢᠨ ᠬᠠᠮᠢᠶᠠᠷᠤᠯᠳᠡ  ᠶᠢᠨ ᠰᠠᠯᠠᠭ᠎ᠠ ᠮᠦᠴᠢᠷ ᠬᠤᠳᠠ  ᠶᠢᠨ ᠳᠤᠭᠤᠷᠢᠬ  ᠤᠨ ᠳᠤᠳᠤᠷ᠎ᠡ ᠱᠠᠷᠢᠯ  ᠤᠨ ᠰᠠᠷᠡᠪᠴᠢ ᠪᠤᠰᠬᠠᠬᠤ ᠂ ᠤᠷᠤᠰᠢᠭᠤᠯᠬᠤ ᠵᠠᠮ ᠳᠠᠭᠠᠤ ᠫᠤᠤᠵᠢᠩ ᠳᠠᠯᠪᠢᠬᠤ ᠂ ᠴᠠᠭᠠᠰᠤᠨ ᠵᠤᠭᠤᠰ ᠬᠠᠶᠠᠬᠤ ᠂ ᠤᠷᠤᠰᠢᠭᠤᠯᠭ᠎ᠠ  ᠶᠢᠨ ᠬᠡᠷᠡᠭᠰᠡᠯ  ᠢ ᠳᠤᠷ᠎ᠡ ᠪᠠᠷ ᠪᠤᠷᠤᠯᠠᠭᠤᠯᠬᠤ ᠵᠡᠷᠬᠡ ᠬᠤᠳᠠ  ᠶᠢᠨ ᠦᠩᠬᠡ ᠳᠦᠷᠰᠦ ᠬᠢᠬᠡᠳ ᠤᠷᠴᠢᠨ ᠳᠤᠭᠤᠷᠢᠨ  ᠤ ᠡᠷᠡᠬᠦᠯ ᠬᠠᠮᠠᠭᠠᠯᠠᠯ  ᠢ ᠨᠦᠯᠦᠬᠡᠯᠡᠬᠦ ᠠᠵᠢᠯᠯᠠᠭ᠎ᠠ  ᠶᠢ ᠡᠷᠡᠰ ᠬᠤᠷᠢᠬᠯᠠᠬᠤ  ᠶᠢᠨ ᠬᠠᠮᠳᠤ ᠡᠳᠦᠷ ᠳᠤᠳᠤᠮ  ᠤᠨ ᠬᠢᠨᠠᠨ ᠬᠠᠮᠢᠶᠠᠷᠬᠤ ᠳᠤᠬᠳᠠᠴᠠ  ᠶᠢ ᠪᠦᠷᠢᠯᠳᠦᠬᠦᠯᠵᠤ ᠡᠷᠳᠡ ᠠᠴᠠ ᠬᠤᠷᠢᠬᠯᠠᠬᠤ ᠬᠡᠷᠡᠭᠳᠡᠢ ᠃ ᠠᠮᠢ ᠠᠬᠤᠢ ᠤᠷᠴᠢᠨ ᠳᠤᠭᠤᠷᠢᠨ  ᠤ ᠰᠠᠯᠠᠭ᠎ᠠ ᠮᠦᠴᠢᠷ ᠤᠷᠤᠰᠢᠭᠤᠯᠭ᠎ᠠ  ᠶᠢᠨ ᠠᠵᠢᠯᠯᠠᠭ᠎ᠠ ᠠᠴᠠ ᠪᠤᠯᠵᠤ ᠤᠷᠴᠢᠨ ᠳᠤᠭᠤᠷᠢᠨ  ᠢ ᠪᠤᠬᠢᠷᠳᠤᠭᠤᠯᠬᠤ ᠪᠠ ᠱᠤᠤᠬᠢᠶᠠᠨ ᠢᠶᠠᠷ ᠠᠷᠡᠳ  ᠢ ᠦᠢᠮᠡᠬᠦᠯᠬᠦ ᠵᠡᠷᠬᠡ ᠬᠠᠤᠯᠢ  ᠶᠢ ᠵᠦᠷᠢᠴᠡᠭᠰᠡᠨ ᠦᠢᠯᠡ ᠠᠵᠢᠯᠯᠠᠭ᠎ᠠ  ᠶᠢ ᠬᠠᠤᠯᠢ ᠶᠤᠰᠤᠭᠠᠷ ᠪᠠᠶᠢᠴᠠᠭᠠᠨ ᠰᠢᠢᠳᠬᠡᠬᠦ ᠬᠡᠷᠡᠭᠳᠡᠢ ᠃ ᠵᠠᠮ ᠬᠠᠷᠢᠯᠴᠠᠭᠠᠨ  ᠤ ᠰᠠᠯᠠᠭ᠎ᠠ ᠮᠦᠴᠢᠷ ᠱᠠᠷᠢᠯ ᠦᠯᠦ ᠳᠡᠬᠡᠬᠡᠬᠦ ᠂ ᠳᠡᠷᠬᠡ ᠮᠠᠰᠢᠨ  ᠢ ᠳᠤᠷ᠎ᠡ ᠪᠠᠷ ᠱᠠᠷᠢᠯ ᠳᠡᠬᠡᠬᠡᠬᠦ ᠳᠡᠷᠬᠡ ᠮᠠᠰᠢᠨ ᠪᠤᠯᠭᠠᠨ ᠦᠬᠡᠷᠡᠴᠢᠯᠡᠨ ᠤᠬᠰᠠᠷᠠᠭᠤᠯᠬᠤ ᠠᠵᠢᠯᠯᠠᠭ᠎ᠠ  ᠶᠢ ᠬᠠᠤᠯᠢ ᠶᠤᠰᠤᠭᠠᠷ ᠪᠠᠶᠢᠴᠠᠭᠠᠨ ᠰᠢᠢᠳᠬᠡᠬᠦ ᠬᠡᠷᠡᠭᠳᠡᠢ ᠃ ᠤᠰᠤᠨ ᠠᠰᠢᠬᠯᠠᠯᠳᠠ  ᠶᠢᠨ ᠰᠠᠯᠠᠭ᠎ᠠ ᠮᠦᠴᠢᠷ ᠤᠰᠤᠨ  ᠤ ᠡᠬᠢ ᠰᠤᠷᠪᠤᠯᠵᠢ  ᠶᠢᠨ ᠬᠠᠮᠠᠭᠠᠯᠠᠯᠳᠠ  ᠶᠢᠨ ᠤᠷᠤᠨ ᠂ ᠤᠰᠤᠨ ᠴᠦᠬᠦᠷᠦᠮ ᠭᠤᠤᠯ ᠮᠦᠷᠡᠨ  ᠤ ᠬᠠᠰᠢᠯᠭ᠎ᠠ ᠵᠡᠷᠬᠡ ᠴᠢᠬᠤᠯᠠ ᠤᠰᠤᠨ ᠠᠰᠢᠬᠯᠠᠯᠳᠠ  ᠶᠢᠨ ᠪᠠᠷᠢᠯᠭ᠎ᠠ  ᠶᠢᠨ ᠤᠷᠤᠨ ᠪᠦᠰᠡ ᠳᠤ ᠬᠤᠪᠢ ᠪᠠᠷ ᠢᠶᠠᠨ ᠪᠠᠶᠢᠭᠤᠯᠤᠬᠰᠠᠨ ᠤᠩᠭᠤᠨ  ᠤ ᠬᠢᠨᠠᠯᠳᠠ ᠬᠠᠮᠢᠶᠠᠷᠤᠯᠳᠡ  ᠶᠢ ᠴᠢᠩᠭᠠᠳᠬᠠᠵᠤ ᠂ ᠤᠩᠭᠤᠨ ᠪᠠᠶᠢᠭᠤᠯᠬᠤ  ᠶᠢ ᠴᠠᠭᠠᠵᠠᠯᠠᠬᠤ ᠬᠡᠷᠡᠭᠳᠡᠢ ᠃ ᠳᠤᠳᠤᠭᠠᠳᠤ  ᠶᠢ ᠬᠠᠮᠠᠭᠠᠯᠠᠬᠤ ᠰᠠᠯᠠᠭ᠎ᠠ ᠮᠦᠴᠢᠷ ᠤᠷᠤᠰᠢᠭᠤᠯᠭ᠎ᠠ  ᠶᠢᠨ ᠬᠦᠷᠢᠶᠡᠨ  ᠤ ᠠᠮᠤᠷ  ᠢ ᠬᠠᠮᠠᠭᠠᠯᠠᠬᠤ ᠬᠠᠮᠢᠶᠠᠷᠤᠯᠳᠡ  ᠶᠢᠨ ᠳᠦᠷᠢᠮ ᠠᠴᠠ ᠵᠦᠷᠢᠴᠡᠭᠰᠡᠨ ᠠᠵᠢᠯᠯᠠᠭ᠎ᠠ  ᠶᠢᠨ ᠳᠤᠰᠬᠠᠢ ᠵᠠᠰᠠᠯᠳᠡ  ᠶᠢ ᠴᠢᠩᠭᠠᠳᠬᠠᠵᠤ ᠂ ᠬᠠᠩᠰᠢ  ᠶᠢᠨ ᠡᠳᠦᠷ ᠵᠡᠷᠬᠡ ᠳᠦᠪᠯᠡᠷᠡᠭᠰᠡᠨ ᠳᠠᠬᠢᠯᠭ᠎ᠠ  ᠶᠢᠨ ᠬᠤᠭᠤᠴᠠᠭᠠᠨ ᠳᠤ ᠵᠠᠮ ᠬᠠᠷᠢᠯᠴᠠᠭ᠎ᠠ  ᠶᠢ ᠰᠢᠯᠤᠭᠤᠳᠬᠠᠵᠤ ᠂ ᠠᠮᠤᠷ ᠳᠦᠪᠰᠢᠨ  ᠤ ᠬᠡᠷᠡᠭ ᠡᠬᠦᠰᠬᠦ ᠠᠴᠠ ᠰᠡᠷᠬᠡᠶᠢᠯᠡᠬᠦ ᠬᠡᠷᠡᠭᠳᠡᠢ ᠃ ᠵᠠᠮ ᠬᠠᠷᠢᠯᠴᠠᠭᠠᠨ  ᠤ ᠰᠠᠯᠠᠭ᠎ᠠ ᠮᠦᠴᠢᠷ ᠂ ᠳᠠᠮᠤᠷ ᠵᠠᠮ ᠪᠠ ᠠᠭᠠᠷ  ᠤᠨ ᠠᠶᠠᠯᠠᠯ  ᠤᠨ ᠳᠦᠪ ᠵᠠᠰᠠᠮᠠᠯ ᠵᠠᠮ ᠂ ᠳᠠᠮᠤᠷ ᠵᠠᠮ ᠳᠠᠭᠠᠤ ᠬᠠᠷᠠᠭ᠎ᠠ ᠬᠡᠪᠴᠢᠶᠡᠨ ᠳᠤᠳᠤᠷᠡᠬᠢ ᠬᠤᠪᠢ ᠪᠠᠷ ᠢᠶᠠᠨ ᠪᠠᠶᠢᠭᠤᠯᠤᠬᠰᠠᠨ ᠤᠩᠭᠤᠨ  ᠤ ᠭᠠᠵᠠᠷ  ᠤᠨ ᠬᠢᠨᠠᠯᠳᠠ ᠬᠠᠮᠢᠶᠠᠷᠤᠯᠳᠡ  ᠶᠢ ᠴᠢᠩᠭᠠᠳᠬᠠᠵᠤ ᠤᠩᠭᠤᠨ  ᠤ ᠭᠠᠵᠠᠷ ᠪᠠᠶᠢᠭᠤᠯᠬᠤ  ᠶᠢ ᠡᠷᠡᠰ ᠬᠤᠷᠢᠬᠯᠠᠬᠤ ᠬᠡᠷᠡᠭᠳᠡᠢ ᠃ ᠰᠤᠶᠤᠯ ᠪᠠ ᠵᠤᠭᠠᠴᠠᠯ  ᠤᠨ ᠰᠠᠯᠠᠭ᠎ᠠ ᠮᠦᠴᠢᠷ ᠵᠤᠭᠠᠴᠠᠯ  ᠤᠨ ᠡᠬᠢ ᠪᠠᠶᠠᠯᠢᠬ  ᠤᠨ ᠬᠠᠮᠠᠭᠠᠯᠠᠯᠳᠠ  ᠶᠢᠨ ᠤᠷᠤᠨ  ᠤ ᠬᠠᠮᠢᠶᠠᠷᠤᠯᠳᠡ  ᠶᠢ ᠴᠢᠩᠭᠠᠳᠬᠠᠵᠤ ᠂ ᠦᠵᠡᠮᠵᠢ  ᠶᠢᠨ ᠭᠠᠵᠠᠷ ᠬᠠᠮᠢᠶ᠎ᠠ ᠨᠠᠮᠢᠶ᠎ᠠ ᠦᠬᠡᠢ ᠪᠤᠯᠠᠰᠢᠯᠠᠬᠤ ᠂ ᠳᠤᠷ᠎ᠡ ᠪᠠᠷ ᠢᠶᠠᠨ ᠤᠩᠭᠤᠨ ᠪᠠᠶᠢᠭᠤᠯᠬᠤ ᠠᠵᠢᠯᠯᠠᠭ᠎ᠠ  ᠶᠢ ᠬᠤᠷᠢᠬᠯᠠᠵᠤ ᠠᠷᠡᠳ  ᠤᠨ ᠤᠷᠤᠰᠢᠭᠤᠯᠭ᠎ᠠ  ᠶᠢᠨ ᠬᠡᠩᠭᠡᠷᠭᠡ ᠬᠦᠭᠵᠢᠮ  ᠤᠨ ᠠᠩᠬᠢ  ᠶᠢᠨ ᠬᠠᠮᠢᠶᠠᠷᠤᠯᠳᠡ  ᠶᠢᠨ ᠠᠵᠢᠯ  ᠢ ᠰᠠᠶᠢᠳᠤᠷ ᠬᠢᠬᠦ ᠬᠡᠷᠡᠭᠳᠡᠢ ᠃ ᠡᠷᠡᠬᠦᠯ ᠬᠠᠮᠠᠭᠠᠯᠠᠯ ᠡᠷᠡᠬᠦᠯ ᠮᠡᠨᠳᠦ  ᠶᠢᠨ ᠰᠠᠯᠠᠭ᠎ᠠ ᠮᠦᠴᠢᠷ ᠡᠮᠨᠡᠯᠬᠡ  ᠶᠢᠨ ᠬᠤᠷᠢᠶᠡᠨ  ᠤ ᠳᠠᠶᠢᠪᠤᠩ ᠳᠠᠰᠤᠯᠭ᠎ᠠ  ᠶᠢᠨ ᠬᠠᠮᠢᠶᠠᠷᠤᠯᠳᠡ ᠪᠠᠨ ᠴᠢᠩᠭᠠᠳᠬᠠᠵᠤ ᠂ ᠬᠡᠬᠦᠷ ᠪᠡᠶ᠎ᠡ  ᠶᠢᠨ ᠬᠠᠮᠢᠶᠠᠷᠤᠯᠳᠡ ᠪᠠ ᠳᠤᠰᠴᠤ ᠬᠦᠷᠬᠡᠬᠦ  ᠶᠢ ᠰᠠᠶᠢᠳᠤᠷ ᠬᠢᠬᠦ ᠬᠡᠷᠡᠭᠳᠡᠢ ᠃ ᠨᠢᠬᠡᠳᠦᠮᠡᠯ ᠹᠷᠤᠨᠲ  ᠶᠢᠨ ᠰᠠᠯᠠᠭ᠎ᠠ ᠮᠦᠴᠢᠷ ᠱᠠᠰᠢᠨ  ᠤ ᠠᠵᠢᠯᠯᠠᠭᠠᠨ  ᠤ ᠳᠠᠯᠠᠪᠤᠷ  ᠤᠨ ᠪᠦᠳᠦᠬᠡᠨ ᠪᠠᠶᠢᠭᠤᠯᠤᠯᠳᠠ ᠂ ᠴᠢᠨᠳᠠᠷ  ᠤᠨ ᠦᠨᠡᠰᠦ  ᠶᠢ ᠬᠠᠳᠠᠭᠠᠯᠠᠬᠤ ᠳᠦᠬᠦᠬᠡᠷᠦᠮᠵᠢ ᠵᠡᠷᠬᠡ ᠦᠢᠯᠡ ᠠᠵᠢᠯᠯᠠᠭ᠎ᠠ  ᠶᠢ ᠬᠠᠤᠯᠢ ᠶᠤᠰᠤᠭᠠᠷ ᠳᠦᠷᠢᠮᠵᠢᠬᠦᠯᠬᠦ ᠬᠡᠷᠡᠭᠳᠡᠢ ᠂ ᠤᠶᠤᠨ  ᠤ ᠪᠤᠯᠪᠠᠰᠤᠨ  ᠤ ᠪᠠᠶᠢᠭᠤᠯᠤᠯᠳᠠ  ᠶᠢᠨ ᠠᠯᠪᠠᠨ ᠬᠡᠷ ᠤᠷᠤᠰᠢᠭᠤᠯᠭ᠎ᠠ  ᠶᠢᠨ ᠬᠡᠪ ᠵᠠᠩᠰᠢᠯ  ᠢ ᠦᠬᠡᠷᠡᠴᠢᠯᠡᠬᠦ  ᠶᠢ ᠪᠤᠯᠪᠠᠰᠤᠨ  ᠤ ᠡᠬᠦᠳᠦᠨ ᠪᠠᠶᠢᠭᠤᠯᠤᠯᠳᠠ  ᠶᠢᠨ ᠠᠵᠢᠯᠯᠠᠭᠠᠨ  ᠤ ᠠᠭᠤᠯᠭ᠎ᠠ ᠳᠤ ᠤᠷᠤᠭᠤᠯᠬᠤ ᠬᠡᠷᠡᠭᠳᠡᠢ ᠃︵ ᠭᠤᠷᠪᠡ ︶ ᠤᠬᠠᠭᠤᠯᠤᠨ ᠵᠢᠯᠤᠭᠤᠳᠴᠤ ᠨᠠᠮ  ᠤᠨ ᠬᠡᠰᠢᠬᠦᠨ ᠳᠤᠯᠤᠭᠠᠢᠢᠯᠠᠬᠤ    ᠤᠬᠠᠭᠤᠯᠭ᠎ᠠ ᠪᠠ ᠠᠷᠡᠳ  ᠤᠨ ᠶᠠᠪᠤᠳᠠᠯ  ᠤᠨ ᠰᠠᠯᠠᠭ᠎ᠠ ᠮᠦᠴᠢᠷ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢᠨ ᠤᠬᠠᠭᠤᠯᠭ᠎ᠠ  ᠶᠢᠨ ᠠᠵᠢᠯ  ᠢ ᠶᠡᠬᠡᠪᠡᠷ ᠦᠷᠨᠢᠬᠦᠯᠵᠤ ᠂ ᠰᠤᠨᠢᠨ ᠮᠡᠳᠡᠭᠡ ᠵᠠᠭᠤᠴᠢᠯᠠᠭᠤᠷ ᠂ ᠰᠦᠯᠵᠢᠶᠡᠨ  ᠤ ᠠᠴᠢᠶᠠᠯᠠᠬᠴᠢ ᠂ ᠨᠡᠶᠢᠬᠡᠮ ᠳᠤᠭᠤᠷᠢᠬ  ᠤᠨ ᠳᠠᠪᠴᠠᠩ  ᠤᠨ ᠦᠢᠯᠡᠳᠦᠯ  ᠢ ᠬᠦᠢᠴᠡᠳ ᠪᠠᠳᠠᠷᠠᠭᠤᠯᠵᠤ ᠂ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢ ᠬᠦᠨᠵᠡᠬᠡᠶᠢᠷᠡᠬᠦᠯᠬᠦ ᠤᠬᠠᠭᠤᠯᠭ᠎ᠠ  ᠶᠢ ᠦᠷᠬᠡᠨ ᠳᠡᠯᠬᠡᠷ ᠦᠷᠨᠢᠬᠦᠯᠵᠤ ᠂ ᠤᠯᠠᠨ ᠳᠦᠮᠡᠨ  ᠢ ᠢᠳᠡᠪᠬᠢᠳᠡᠢ ᠵᠢᠯᠤᠭᠤᠳᠴᠤ ᠤᠷᠤᠰᠢᠭᠤᠯᠭ᠎ᠠ  ᠶᠢᠨ ᠤᠯᠠᠮᠵᠢᠯᠠᠯᠳᠤ ᠰᠤᠶᠤᠯ  ᠢ ᠵᠦᠪ ᠤᠨᠤᠪᠴᠢᠳᠡᠢ ᠪᠠᠷ ᠳᠠᠨᠢᠭᠤᠯᠵᠤ ᠂ ᠴᠠᠬ ᠦᠶ᠎ᠡ  ᠶᠢᠨ ᠬᠠᠨᠳᠤᠰᠢ ᠳᠤ ᠨᠡᠶᠢᠴᠡᠬᠦ ᠂ ᠨᠡᠶᠢᠬᠡᠮ ᠵᠢᠷᠤᠮ  ᠤᠨ ᠭᠤᠤᠯᠯᠠᠬᠴᠢ ᠦᠷᠳᠡᠭ  ᠤᠨ ᠦᠵᠡᠯᠳᠡ  ᠶᠢ ᠢᠯᠡᠷᠡᠬᠦᠯᠦᠭᠰᠡᠨ ᠤᠷᠤᠰᠢᠭᠤᠯᠭ᠎ᠠ  ᠶᠢᠨ ᠰᠤᠶᠤᠯ ᠪᠠ ᠤᠷᠤᠰᠢᠭᠤᠯᠭ᠎ᠠ  ᠶᠢᠨ ᠵᠠᠩ ᠦᠢᠯᠡ  ᠶᠢ ᠪᠠᠳᠠᠷᠠᠭᠤᠯᠬᠤ ᠬᠡᠷᠡᠭᠳᠡᠢ ᠃ ᠨᠠᠮ  ᠤᠨ ᠬᠡᠰᠢᠬᠦᠨ ᠺᠠᠳ᠋ᠷᠴᠤᠳ ᠳᠦᠷᠦᠬᠦᠯᠡᠨ ᠳᠡᠭᠳᠡᠬᠡᠬᠦ ᠪᠠ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢ ᠬᠡᠷᠡᠭᠵᠢᠬᠦᠯᠵᠤ ᠂ ᠳᠡᠭᠳᠡᠭᠡᠬᠦ ᠪᠤᠶᠤ ᠤᠷᠤᠰᠢᠭᠤᠯᠭ᠎ᠠ  ᠶᠢᠨ ᠭᠠᠵᠠᠷ ᠪᠠ ᠨᠡᠶᠢᠳᠡ  ᠶᠢᠨ ᠤᠩᠭᠤᠨ ᠳᠤ ᠤᠷᠤᠰᠢᠭᠤᠯᠬᠤ  ᠶᠢ ᠰᠤᠩᠭᠤᠬᠰᠠᠳ ᠲᠤ ᠬᠠᠷᠠᠭᠠᠯᠵᠠᠯ ᠦᠵᠡᠬᠦᠯᠬᠦ ᠬᠡᠷᠡᠭᠳᠡᠢ ︔ ᠳᠦᠷᠦᠬᠦᠯᠡᠨ ᠪᠤᠯᠪᠠᠰᠤᠨ ᠢᠶᠠᠷ ᠤᠷᠤᠰᠢᠭᠤᠯᠭ᠎ᠠ ᠬᠢᠵᠤ ᠂ ᠤᠷᠤᠰᠢᠭᠤᠯᠭ᠎ᠠ  ᠶᠢᠨ ᠶᠠᠪᠤᠳᠠᠯ  ᠢ ᠳᠦᠬᠦᠮ ᠢᠶᠠᠷ ᠬᠢᠵᠤ ᠂ ᠤᠷᠤᠰᠢᠭᠤᠯᠭ᠎ᠠ  ᠶᠢᠨ ᠭᠠᠵᠠᠷ ᠪᠤᠶᠤ ᠬᠠᠮᠳᠤ  ᠶᠢᠨ ᠭᠠᠰᠢᠭᠤᠳᠠᠬᠤ ᠳᠠᠯᠠᠪᠤᠷ ᠲᠤ ᠤᠷᠤᠰᠢᠭᠤᠯᠭ᠎ᠠ  ᠶᠢᠨ ᠠᠵᠢᠯᠯᠠᠭ᠎ᠠ ᠬᠢᠵᠤ ᠂ ᠤᠬᠠᠮᠰᠠᠷ ᠠᠴᠠ ᠪᠠᠨ ᠤᠯᠠᠨ ᠨᠡᠶᠢᠳᠡ  ᠶᠢᠨ ᠡᠮᠬᠢ ᠵᠢᠷᠤᠮ  ᠢ ᠰᠠᠬᠢᠬᠤ ᠬᠡᠷᠡᠭᠳᠡᠢ ᠃ ᠨᠠᠮ  ᠤᠨ ᠬᠡᠰᠢᠬᠦᠨ ᠺᠠᠳ᠋ᠷᠴᠤᠳ ᠨᠦᠭᠴᠢᠭᠰᠡᠨ  ᠤ ᠳᠠᠷᠠᠭ᠎ᠠ ᠡᠩ  ᠤᠨ ᠪᠠᠶᠢᠳᠠᠯ ᠳᠤ ᠭᠠᠰᠢᠭᠤᠳᠠᠯ  ᠤᠨ ᠬᠤᠷᠡᠯ ᠬᠢᠬᠦ ᠦᠬᠡᠢ ᠂ ᠴᠢᠨᠳᠡᠷ ᠠᠴᠠ ᠰᠠᠯᠬᠤ ᠶᠤᠰᠤᠯᠠᠯ ᠬᠢᠬᠦ ᠳᠤ ᠬᠦᠷᠢᠶ᠎ᠡ ᠭᠡᠪᠴᠢᠶ᠎ᠡ  ᠶᠢ ᠴᠢᠩᠭ᠎ᠠ ᠬᠢᠵᠠᠭᠠᠷᠯᠠᠵᠤ ᠂ ᠠᠷᠪᠢᠴᠢ ᠭᠠᠮᠳᠡᠢ ᠪᠤᠷᠤᠬᠵᠢᠭᠤᠨ ᠪᠠᠶᠢᠬᠤ ᠬᠡᠷᠡᠭᠳᠡᠢ ᠃ ᠨᠠᠮ  ᠤᠨ ᠬᠡᠰᠢᠬᠦᠨ ᠺᠠᠳ᠋ᠷ ᠤᠨᠴᠠᠭᠠᠢᠢᠯᠠᠨ ᠨᠠᠮ  ᠤᠨ ᠬᠡᠰᠢᠬᠦᠨ ᠤᠳᠤᠷᠢᠳᠬᠤ ᠺᠠᠳ᠋ᠷ ᠤᠷᠤᠰᠢᠭᠤᠯᠭ᠎ᠠ  ᠶᠢᠨ ᠠᠵᠢᠯᠯᠠᠭ᠎ᠠ  ᠶᠢ ᠶᠡᠬᠡᠪᠡᠷ ᠡᠷᠬᠢᠯᠡᠨ ᠪᠦᠷᠢᠯᠬᠡᠨ ᠰᠦᠢᠳᠬᠡᠬᠦ ᠂ ᠵᠠᠪᠰᠢᠶᠡᠨ  ᠢ ᠳᠠᠯᠢᠮᠳᠠᠭᠤᠯᠤᠨ ᠡᠳ᠋ ᠮᠦᠩᠬᠦ ᠬᠤᠷᠢᠶᠡᠬᠤ ᠵᠡᠷᠬᠡ ᠠᠵᠢᠯᠯᠠᠭ᠎ᠠ  ᠶᠢ ᠴᠢᠩᠭ᠎ᠠ ᠴᠠᠭᠠᠵᠠᠯᠠᠬᠤ ᠬᠡᠷᠡᠭᠳᠡᠢ ᠃︵ ᠳᠦᠷᠪᠡ ︶ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ ᠪᠠᠳᠤᠯᠠᠭ᠎ᠠ ᠪᠠᠨ ᠴᠢᠩᠭᠠᠳᠬᠠᠬᠤ    ᠡᠳ᠋  ᠤᠨ ᠵᠠᠰᠠᠬ  ᠤᠨ ᠰᠠᠯᠠᠭ᠎ᠠ ᠮᠦᠴᠢᠷ ᠠᠴᠠ ᠤᠷᠤᠰᠢᠭᠤᠯᠭ᠎ᠠ  ᠶᠢᠨ ᠦᠢᠯᠡᠰ ᠲᠠᠬᠢ ᠪᠡᠯᠡ ᠤᠷᠤᠭᠤᠯᠤᠯᠳᠠ ᠪᠠᠨ ᠴᠢᠩᠭᠠᠳᠬᠠᠵᠤ ᠂ ᠤᠷᠤᠰᠢᠭᠤᠯᠭ᠎ᠠ  ᠶᠢᠨ ᠭᠠᠵᠠᠷ ᠂ ᠴᠢᠨᠳᠠᠷ  ᠤᠨ ᠳᠠᠩᠬᠢᠮ ᠂ ᠠᠰᠠᠷᠡᠮᠵᠢ  ᠶᠢᠨ ᠴᠢᠨᠡᠷᠳᠡᠢ ᠨᠡᠶᠢᠳᠡ  ᠶᠢᠨ ᠤᠩᠭᠤᠨ ᠂ ᠳᠦᠪᠯᠡᠷᠡᠬᠦᠯᠦᠨ ᠭᠠᠰᠢᠭᠤᠳᠠᠬᠤ ᠳᠠᠯᠠᠪᠤᠷ ᠵᠡᠷᠬᠡ ᠤᠷᠤᠰᠢᠭᠤᠯᠭ᠎ᠠ  ᠶᠢᠨ ᠰᠠᠭᠤᠷᠢ ᠳᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ  ᠶᠢ ᠳᠤᠰ ᠱᠠᠳᠤᠨ  ᠤ ᠠᠵᠤ ᠠᠬᠤᠢ ᠨᠡᠶᠢᠬᠡᠮ  ᠤᠨ ᠬᠦᠭᠵᠢᠯᠳᠡ  ᠶᠢᠨ ᠳᠦᠯᠦᠪᠵᠢᠬᠦᠯᠬᠡ ᠳᠤ ᠵᠢᠭᠰᠠᠭᠠᠵᠤ ᠂ ᠤᠷᠤᠰᠢᠭᠤᠯᠭ᠎ᠠ  ᠶᠢᠨ ᠦᠨᠳᠦᠰᠦᠨ ᠤᠯᠠᠨ ᠨᠡᠶᠢᠳᠡ  ᠶᠢᠨ ᠦᠢᠯᠡᠴᠢᠯᠡᠬᠡᠨ  ᠤ ᠵᠠᠷᠤᠳᠡᠯ ᠂ ᠤᠷᠤᠰᠢᠭᠤᠯᠭ᠎ᠠ  ᠶᠢᠨ ᠦᠢᠯᠡᠰ  ᠤᠨ ᠵᠠᠷᠤᠳᠡᠯ ᠪᠠ ᠠᠷᠡᠳ ᠲᠤ ᠠᠰᠢᠬ ᠬᠦᠷᠳᠡᠬᠡᠬᠦ ᠤᠷᠤᠰᠢᠭᠤᠯᠭ᠎ᠠ  ᠶᠢᠨ ᠨᠦᠬᠦᠪᠦᠷᠢ  ᠶᠢᠨ ᠵᠠᠷᠤᠳᠡᠯ  ᠢ ᠡᠳ᠋  ᠤᠨ ᠵᠠᠰᠠᠬ  ᠤᠨ ᠳᠦᠰᠦᠪ ᠲᠤ ᠤᠷᠤᠭᠤᠯᠵᠤ ᠂ ᠤᠷᠤᠰᠢᠭᠤᠯᠭ᠎ᠠ  ᠶᠢᠨ ᠦᠢᠯᠡᠰ  ᠤᠨ ᠤᠯᠠᠨ ᠨᠡᠶᠢᠳᠡ  ᠶᠢᠨ ᠪᠡᠯᠡ ᠤᠷᠤᠭᠤᠯᠤᠯᠳᠠ  ᠶᠢᠨ ᠳᠤᠬᠳᠠᠴᠠ  ᠶᠢ ᠪᠠᠶᠢᠭᠤᠯᠤᠨ ᠳᠡᠬᠦᠯᠳᠡᠷᠵᠢᠬᠦᠯᠵᠤ ᠂ ᠨᠡᠶᠢᠳᠡ  ᠶᠢᠨ ᠠᠰᠠᠷᠡᠮᠵᠢ  ᠶᠢᠨ ᠴᠢᠨᠡᠷᠳᠡᠢ ᠤᠷᠤᠰᠢᠭᠤᠯᠭ᠎ᠠ  ᠶᠢᠨ ᠳᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠡ ᠂ ᠭᠠᠵᠠᠷ ᠠᠷᠪᠢᠯᠠᠬᠤ ᠠᠮᠢ ᠠᠬᠤᠢ  ᠶᠢᠨ ᠤᠷᠤᠰᠢᠭᠤᠯᠭ᠎ᠠ  ᠶᠢᠨ ᠱᠠᠩᠨᠠᠯ ᠨᠦᠬᠦᠪᠦᠷᠢ ᠵᠡᠷᠬᠡ ᠳᠤ ᠨᠠᠶᠢᠳᠠᠪᠤᠷᠢᠳᠡᠢ ᠪᠠᠳᠤᠯᠠᠭ᠎ᠠ ᠬᠠᠩᠭᠠᠵᠤ ᠂ ᠤᠷᠤᠰᠢᠭᠤᠯᠭ᠎ᠠ  ᠶᠢᠨ ᠬᠠᠮᠢᠶᠠᠷᠤᠯᠳᠡ  ᠶᠢᠨ ᠪᠠᠶᠢᠭᠤᠯᠤᠮᠵᠢ ᠪᠠ ᠦᠢᠯᠡᠴᠢᠯᠡᠬᠡᠨ  ᠤ ᠨᠢᠬᠡᠴᠢ  ᠶᠢᠨ ᠠᠵᠢᠯ  ᠤᠨ ᠨᠦᠬᠦᠴᠡᠯ  ᠢ ᠰᠠᠶᠢᠵᠢᠷᠠᠭᠤᠯᠵᠤ ᠂ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢᠨ ᠪᠠᠳᠤᠯᠠᠭ᠎ᠠ  ᠶᠢᠨ ᠪᠡᠯᠡ ᠮᠦᠩᠬᠦᠨ  ᠤ ᠬᠠᠮᠢᠶᠠᠷᠤᠯᠳᠡ  ᠶᠢᠨ ᠳᠦᠷᠢᠮ  ᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ ᠃ ᠠᠷᠡᠳ  ᠤᠨ ᠶᠠᠪᠤᠳᠠᠯ  ᠤᠨ ᠰᠠᠯᠠᠭ᠎ᠠ ᠮᠦᠴᠢᠷ ᠳᠡᠬᠡᠳᠦ ᠱᠠᠳᠤᠨ  ᠤ ᠠᠰᠠᠷᠡᠮᠵᠢ  ᠶᠢᠨ ᠱᠠᠩᠨᠠᠯᠳᠤ ᠰᠤᠭᠤᠯᠤᠭ᠎ᠠ  ᠶᠢᠨ ᠨᠡᠶᠢᠳᠡ  ᠶᠢᠨ ᠠᠰᠠᠷᠡᠮᠵᠢ  ᠶᠢᠨ ᠮᠦᠩᠬᠦ  ᠶᠢ ᠭᠤᠶᠤᠴᠢᠯᠡᠵᠤ ᠂ ᠤᠷᠤᠰᠢᠭᠤᠯᠭ᠎ᠠ  ᠶᠢᠨ ᠠᠪᠤᠷᠡᠨ ᠳᠤᠰᠠᠯᠠᠬᠤ ᠪᠠᠳᠤᠯᠠᠭ᠎ᠠ ᠪᠠ ᠳᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ  ᠶᠢᠨ ᠬᠦᠴᠦᠯᠡᠴᠡ ᠪᠠᠨ ᠨᠡᠮᠡᠭᠳᠡᠬᠦᠯᠬᠦ ᠬᠡᠷᠡᠭᠳᠡᠢ ᠃ ᠤᠷᠤᠰᠢᠭᠤᠯᠭ᠎ᠠ  ᠶᠢᠨ ᠦᠬᠡᠷᠡᠴᠢᠯᠡᠯᠳᠡ  ᠶᠢᠨ ᠳᠦᠰᠦᠪ  ᠤᠨ ᠪᠡᠯᠡ ᠮᠦᠩᠬᠦ ᠵᠢᠴᠢ ᠤᠷᠤᠰᠢᠭᠤᠯᠭ᠎ᠠ  ᠶᠢᠨ ᠠᠪᠤᠷᠡᠨ ᠳᠤᠰᠠᠯᠠᠬᠤ ᠪᠡᠯᠡ ᠮᠦᠩᠬᠦ  ᠳᠤ ᠳᠤᠰᠬᠠᠢ ᠳᠦᠷᠦᠯ  ᠤᠨ ᠬᠠᠮᠢᠶᠠᠷᠤᠯᠳᠡ ᠬᠢᠵᠤ ᠂ ᠳᠤᠰᠬᠠᠢ ᠮᠦᠩᠬᠦ  ᠶᠢ ᠳᠤᠰᠬᠠᠢ ᠬᠡᠷᠡᠭᠯᠡᠵᠤ ᠂ ᠨᠡᠬᠦᠯᠬᠡᠨ ᠬᠡᠷᠡᠭᠯᠡᠬᠦ ᠂ ᠳᠦᠷ ᠵᠢᠬᠡᠯᠡᠬᠦᠯᠬᠦ ᠂ ᠬᠤᠳᠠᠯ ᠢᠶᠠᠷ ᠮᠡᠳᠡᠬᠦᠯᠵᠤ ᠬᠠᠭᠤᠷᠮᠠᠬᠯᠠᠨ ᠠᠪᠬᠤ  ᠶᠢ ᠴᠢᠩᠭ᠎ᠠ ᠴᠠᠭᠠᠵᠠᠯᠠᠬᠤ ᠬᠡᠷᠡᠭᠳᠡᠢ ᠃︵ ᠳᠠᠪᠤ ︶ ᠳᠦᠷᠦ  ᠶᠢᠨ ᠪᠤᠳᠤᠯᠭ᠎ᠠ  ᠶᠢ ᠨᠢᠬᠡᠳᠦᠯᠳᠡᠢ ᠬᠡᠷᠡᠭᠵᠢᠬᠦᠯᠵᠤ ᠦᠨ᠎ᠡ ᠬᠠᠩᠰᠢ  ᠶᠢ ᠳᠤᠬᠢᠷᠠᠭᠤᠯᠤᠨ ᠡᠵᠡᠮᠳᠡᠬᠦ    ᠨᠡᠶᠢᠳᠡ  ᠶᠢᠨ ᠤᠩᠭᠤᠨ ᠂ ᠤᠷᠤᠰᠢᠭᠤᠯᠭ᠎ᠠ  ᠶᠢᠨ ᠦᠢᠯᠡᠴᠢᠯᠡᠭᠡ ᠵᠢᠴᠢ ᠤᠷᠤᠰᠢᠭᠤᠯᠭ᠎ᠠ  ᠶᠢᠨ ᠬᠡᠷᠡᠭᠰᠡᠯ  ᠤᠨ ᠦᠨ᠎ᠡ ᠬᠠᠩᠰᠢ  ᠶᠢᠨ ᠬᠠᠮᠢᠶᠠᠷᠤᠯᠳᠡ  ᠶᠢ ᠴᠢᠩᠭᠠᠳᠬᠠᠵᠤ ᠂ ᠠᠷᠡᠳ  ᠤᠨ ᠶᠠᠪᠤᠳᠠᠯ ᠂ ᠵᠠᠬ᠎ᠠ ᠳᠡᠯᠬᠡᠬᠦᠷ  ᠤᠨ ᠬᠢᠨᠠᠯᠳᠠ ᠬᠠᠮᠢᠶᠠᠷᠤᠯᠳᠡ ᠂ ᠬᠦᠭᠵᠢᠬᠦᠯᠦᠯᠳᠡ ᠦᠬᠡᠷᠡᠴᠢᠯᠡᠯᠳᠡ  ᠶᠢᠨ ᠰᠠᠯᠠᠭ᠎ᠠ ᠮᠦᠴᠢᠷ ᠬᠤᠯᠪᠤᠬᠳᠠᠯ ᠪᠦᠬᠦᠢ ᠳᠦᠷᠢᠮ ᠳᠤᠬᠳᠠᠭᠠᠯ ᠶᠤᠰᠤᠭᠠᠷ ᠦᠨ᠎ᠡ  ᠶᠢ ᠳᠤᠬᠢᠷᠠᠭᠤᠯᠤᠨ ᠡᠵᠡᠮᠰᠢᠬᠦ ᠬᠦᠴᠦᠯᠡᠴᠡ ᠪᠠᠨ ᠨᠡᠮᠡᠭᠳᠡᠬᠦᠯᠬᠦ ᠬᠡᠷᠡᠭᠳᠡᠢ ᠃ ᠠᠰᠠᠷᠡᠮᠵᠢ  ᠶᠢᠨ ᠴᠢᠨᠡᠷᠳᠡᠢ ᠨᠡᠶᠢᠳᠡ  ᠶᠢᠨ ᠤᠩᠭᠤᠨ  ᠤ ᠰᠦᠢᠳᠬᠡᠯ ᠬᠤᠷᠢᠶᠡᠬᠤ ᠳᠤ ᠵᠠᠰᠠᠬ  ᠤᠨ ᠤᠷᠳᠤᠨ ᠦᠨ᠎ᠡ ᠬᠠᠩᠰᠢ  ᠶᠢ ᠳᠤᠬᠳᠠᠭᠠᠵᠤ ᠂ ᠵᠠᠬ᠎ᠠ ᠳᠡᠯᠬᠡᠬᠦᠷ  ᠤᠨ ᠬᠢᠨᠠᠯᠳᠠ ᠬᠠᠮᠢᠶᠠᠷᠤᠯᠳᠡ ᠂ ᠬᠦᠭᠵᠢᠬᠦᠯᠦᠯᠳᠡ ᠦᠬᠡᠷᠡᠴᠢᠯᠡᠯᠳᠡ  ᠶᠢᠨ ᠰᠠᠯᠠᠭ᠎ᠠ ᠮᠦᠴᠢᠷ ᠠᠴᠠ ᠠᠷᠡᠳ  ᠤᠨ ᠶᠠᠪᠤᠳᠠᠯ  ᠤᠨ ᠰᠠᠯᠠᠭ᠎ᠠ ᠮᠦᠴᠢᠷ ᠲᠠᠢ ᠬᠠᠮᠳᠤᠷᠡᠵᠤ ᠳᠤᠬᠳᠠᠭᠠᠬᠤ ᠬᠡᠷᠡᠭᠳᠡᠢ ᠃ ᠡᠵᠡᠩᠨᠡᠯᠳᠡ  ᠶᠢᠨ ᠴᠢᠨᠡᠷᠳᠡᠢ ᠨᠡᠶᠢᠳᠡ  ᠶᠢᠨ ᠤᠩᠭᠤᠨ  ᠤ ᠦᠨ᠎ᠡ ᠬᠠᠩᠰᠢ ᠢᠯᠡᠷᠬᠡᠢ ᠦᠨᠳᠦᠷ ᠪᠠᠶᠢᠬᠤ ᠠᠵᠢᠯᠯᠠᠭ᠎ᠠ  ᠶᠢ ᠬᠠᠤᠯᠢ ᠶᠤᠰᠤᠭᠠᠷ ᠬᠠᠮᠢᠶᠠᠷᠬᠤ ᠬᠡᠷᠡᠭᠳᠡᠢ ︔ ᠡᠵᠡᠩᠨᠡᠯᠳᠡ  ᠶᠢᠨ ᠴᠢᠨᠡᠷᠳᠡᠢ ᠨᠡᠶᠢᠳᠡ  ᠶᠢᠨ ᠤᠩᠭᠤᠨ  ᠢ ᠵᠠᠰᠠᠬ  ᠤᠨ ᠤᠷᠳᠤᠨ  ᠤ ᠵᠢᠯᠤᠭᠤᠳᠤᠬᠰᠠᠨ ᠦᠨ᠎ᠡ ᠬᠠᠩᠰᠢ ᠪᠠ ᠵᠠᠬ᠎ᠠ ᠳᠡᠯᠬᠡᠬᠦᠷ  ᠤᠨ ᠳᠤᠬᠢᠷᠠᠭᠤᠯᠤᠯᠳᠠ ᠲᠠᠢ ᠤᠶᠠᠯᠳᠤᠭᠤᠯᠬᠤ ᠠᠷᠭ᠎ᠠ ᠪᠠᠷ ᠬᠠᠮᠢᠶᠠᠷᠴᠤ ᠂ ᠨᠠᠭᠠᠳᠤ ᠵᠠᠬ᠎ᠠ ᠳᠠᠭᠠᠨ 30%  ᠶᠢᠨ ᠤᠩᠭᠤᠨ  ᠤ ᠪᠠᠶᠢᠷᠢ ᠭᠠᠷᠭᠠᠵᠤ ᠨᠡᠶᠢᠳᠡ  ᠶᠢᠨ ᠠᠰᠠᠷᠡᠮᠵᠢ  ᠶᠢᠨ ᠦᠢᠯᠡᠰ ᠲᠤ ᠬᠡᠷᠡᠭᠯᠡᠵᠤ ᠂ ᠦᠨ᠎ᠡ ᠬᠢᠵᠠᠭᠠᠷᠯᠡᠨ ᠪᠤᠷᠤᠯᠠᠭᠤᠯᠬᠤ ᠬᠡᠷᠡᠭᠳᠡᠢ ᠃ ᠨᠡᠶᠢᠳᠡ  ᠶᠢᠨ ᠠᠰᠠᠷᠡᠮᠵᠢ  ᠶᠢᠨ ᠡᠵᠡᠩᠨᠡᠯᠳᠡ  ᠶᠢᠨ ᠨᠢᠬᠡᠴᠢ ᠠᠴᠠ ᠰᠦᠢᠳᠬᠡᠯ ᠬᠤᠷᠢᠶᠠᠬᠤ  ᠶᠢ ᠢᠯᠡ ᠨᠡᠶᠢᠳᠡᠯᠡᠬᠦ ᠪᠠ ᠦᠨ᠎ᠡ ᠬᠠᠩᠰᠢ  ᠶᠢ ᠢᠯᠡ ᠬᠠᠳᠠᠬᠤ ᠳᠦᠷᠢᠮ  ᠢ ᠪᠦᠬᠦ ᠳᠠᠯ᠎ᠠ ᠪᠠᠷ ᠬᠡᠷᠡᠭᠵᠢᠬᠦᠯᠵᠤ ᠂ ᠦᠢᠯᠡᠴᠢᠯᠡᠬᠡᠨ  ᠤ ᠴᠤᠩᠬᠤᠪᠴᠢ ᠵᠡᠷᠬᠡ ᠳᠤᠳᠤᠷᠬᠠᠢ ᠪᠠᠶᠢᠷᠢᠨ ᠳᠤ ᠦᠢᠯᠡᠴᠢᠯᠡᠬᠡᠨ  ᠤ ᠳᠦᠷᠦᠯ ᠵᠦᠢᠯ ᠂ ᠦᠢᠯᠡᠴᠢᠯᠡᠬᠡᠨ  ᠤ ᠠᠭᠤᠯᠭ᠎ᠠ ᠬᠢᠬᠡᠳ ᠰᠦᠢᠳᠬᠡᠯ ᠬᠤᠷᠢᠶᠡᠬᠤ ᠪᠠᠷᠢᠮᠵᠢᠶ᠎ᠡ ᠪᠠᠨ ᠢᠯᠡ ᠨᠡᠶᠢᠳᠡᠯᠡᠬᠦ ᠬᠡᠷᠡᠭᠳᠡᠢ ᠃ ᠨᠦᠭᠴᠢᠭᠰᠡᠳ  ᠤᠨ ᠬᠡᠷ ᠪᠦᠯᠢ ᠤᠷᠤᠰᠢᠭᠤᠯᠬᠤ ᠠᠷᠭ᠎ᠠ ᠬᠡᠯᠪᠡᠷᠢ ᠪᠠ ᠤᠩᠭᠤᠨ  ᠤ ᠬᠡᠯᠪᠡᠷᠢ ᠪᠠᠨ ᠰᠠᠶᠢᠨ ᠳᠤᠷ᠎ᠡ ᠠᠴᠠ ᠪᠠᠨ ᠰᠤᠩᠭᠤᠵᠤ ᠪᠤᠯᠤᠨ᠎ᠡ ᠂ ᠦᠳᠦᠬᠡᠨ ᠳᠠᠳᠠᠬᠤ ᠂ ᠠᠯᠪᠠᠳᠠᠵᠤ ᠬᠡᠷᠡᠭᠯᠡᠭᠡ ᠬᠢᠯᠬᠡᠬᠦ  ᠶᠢ ᠴᠢᠩᠭ᠎ᠠ ᠴᠠᠭᠠᠵᠠᠯᠠᠨ᠎ᠠ ᠃ᠳᠠᠪᠤ ᠂ ᠬᠡᠷᠡᠭᠵᠢᠬᠦᠯᠬᠦ ᠴᠠᠬ      ᠳᠤᠰ ᠰᠠᠨᠠᠯ  ᠢ ᠭᠠᠷ  ᠤᠨ ᠦᠰᠦᠭ ᠵᠢᠷᠤᠬᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ ᠃
ᠢᠷᠡᠯᠲᠡ᠄ ᠲᠤᠰ ᠰᠦᠯᠵᠢᠶ᠎ᠡ