ᠵᠡᠭᠦᠨᠭᠠᠷ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠬᠤ ᠬᠥᠭᠵᠢᠯᠲᠡ ᠶᠢ ᠠᠬᠢᠭᠤᠯᠬᠤ ᠶᠢ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2021/8/24
    ︽ᠵᠠᠬᠦᠨᠭᠠᠷ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠥᠵᠢᠯ ᠤᠨ ᠨᠠᠶᠢᠳᠠ ᠶᠢᠨ ᠠᠰᠠᠷᠠᠮᠵᠢ ᠶᠢᠨ ᠲᠦᠬᠡᠮᠡᠯ ᠬᠠᠷᠠᠭᠠᠯᠵᠠᠬᠤ ᠬᠦᠭᠵᠢᠯᠳᠠ ᠶᠢ ᠠᠬᠢᠭᠤᠯᠬᠤ ᠶᠢ ᠬᠡᠷᠡᠭᠵᠢᠬᠦᠯᠬᠦ ᠠᠷᠭ᠎ᠠ ︾ ᠶᠢ ᠲᠠᠷᠤᠮᠠᠯᠯᠠᠨ ᠲᠠᠷᠬᠠᠭᠠᠬᠤ ᠲᠤᠬᠠᠢ ᠵᠡᠬᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯᠵᠡᠭᠦᠨᠭᠠᠷ ᠠᠵᠤ ᠠᠬᠤᠶ ᠶᠢᠨ ᠨᠡᠭᠡᠭᠡᠯᠳᠠ ᠶᠢᠨ ᠤᠷᠦᠠ ᠤ ᠬᠠᠮᠢᠶᠠᠷᠤᠯᠳᠠ ᠶᠢᠨ ᠵᠦᠪᠯᠡᠯ᠂ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠳᠠ ᠶᠢᠨ ᠵᠦᠪᠯᠡᠯ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠦᠮᠵᠢ ᠶᠢᠨ ᠭᠡᠷᠡᠭ ᠡᠷᠬᠢᠯᠡᠬᠦ ᠭᠠᠵᠡᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ᠂ ᠡᠯ᠎ᠡ ᠲᠣᠮᠣ ᠠᠵᠤ ᠠᠬᠤᠶᠢᠯᠠᠯ ᠳᠤ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠵᠡᠭᠦᠨᠭᠠᠷ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ  ᠬᠠᠷᠠᠭᠠᠯᠵᠠᠬᠤ ᠬᠥᠭᠵᠢᠯᠲᠡ ᠶᠢ ᠠᠬᠢᠭᠤᠯᠬᠤ ᠶᠢ ᠬᠡᠷᠡᠭᠵᠢᠭᠦᠯᠬᠦ ᠠᠷᠭ᠎ᠠ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                     ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ                                      2021 ᠣᠨ ᠤ 1 ᠰᠠᠷ᠎ᠠ ᠶᠢᠨ 26     ᠵᠡᠭᠦᠨᠭᠠᠷ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠬᠤ ᠬᠥᠭᠵᠢᠯᠲᠡ ᠶᠢ ᠠᠬᠢᠭᠤᠯᠬᠤ ᠶᠢ ᠬᠡᠷᠡᠭᠵᠢᠭᠦᠯᠬᠦ ᠠᠷᠭ᠎ᠠ      ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠢᠷᠤᠮᠵᠢᠭᠤᠯᠤᠨ ᠬᠥᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵  ᠲᠦᠪ ᠲᠠᠷᠬᠠᠭᠠᠭᠰᠠᠨ ︹2018︺ 39 ᠲᠣᠭᠠᠲᠤ︶ ᠪᠠ ︽ᠣᠷᠳᠣᠰ ᠬᠤᠲᠠ ᠶᠢᠨ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾ ︵ᠣᠷᠳᠣᠰ ᠰᠤᠷᠭᠠᠨ ᠬᠥᠮᠦᠵᠢᠯ ᠪᠡᠶ᠎ᠡ ᠲᠠᠮᠢᠷ ᠲᠠᠷᠬᠠᠭᠠᠭᠰᠠᠨ ︹2019︺70 ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ᠨᠢᠭᠡ᠂ ᠶᠡᠷᠦᠩᠬᠡᠢ ᠱᠠᠭᠠᠷᠳᠠᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ᠂ ᠭᠤᠷᠪᠠᠳᠤᠭᠠᠷ ᠪᠦᠬᠦᠳᠠ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠠᠴᠠ ᠡᠬᠦᠰᠴᠤ᠂ ᠲᠦᠭᠡᠮᠡᠯ ᠬᠠᠷᠠᠭᠠᠯᠵᠠᠬᠤ ᠴᠢᠨᠠᠷᠳᠡᠢ ᠡᠬᠢ ᠪᠠᠶᠠᠯᠢᠭ ᠢᠶᠠᠷ ᠭᠤᠣᠯ ᠴᠣᠭᠴᠠ ᠪᠣᠯᠭᠠᠭᠰᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠤᠬᠳᠠᠯᠴᠠᠭ᠎ᠠ ᠶᠢ ᠬᠦᠴᠦᠯᠡᠨ ᠪᠠᠶᠢᠭᠤᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠠᠬᠢ ᠪᠡᠯᠡ ᠣᠷᠣᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠤᠬᠳᠠᠯᠴᠠᠭ᠎ᠠ ᠶᠢ ᠲᠡᠭᠦᠯᠳᠡᠷᠵᠢᠭᠦᠯᠵᠦ᠂ ︽ᠴᠡᠴᠡᠷᠯᠢᠭ ᠲᠤ ᠣᠷᠣᠬᠤ ᠳᠤ ᠬᠦᠴᠢᠷᠲᠡᠢ︾ ᠪᠠᠶᠢᠬᠤ ᠪᠣᠳᠠᠲᠤ ᠠᠰᠠᠭᠤᠳᠠᠯ ᠢ ᠪᠦᠲᠦᠮᠵᠢᠲᠡᠢ ᠰᠢᠢᠳᠪᠤᠷᠢᠯᠡᠵᠦ᠂ ᠠᠷᠠᠳ ᠤᠯᠠᠨ ᠤ ᠦᠷ᠎ᠠ ᠬᠡᠦᠬᠡᠳ ᠢᠶᠠᠨ ᠰᠤᠷᠭᠠᠨ ᠬᠦᠮᠥᠵᠢᠬᠦᠯᠬᠦ ᠬᠦᠰᠡᠯ ᠡᠷᠡᠮᠡᠯᠵᠡᠯ ᠢ  ᠬᠠᠨᠭ᠍ᠭᠠᠨ᠎ᠠ᠃ᠬᠤᠶᠠᠷ᠂ ᠭᠤᠣᠯ ᠡᠭᠦᠷᠭᠡ     ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠣᠬᠢᠰᠲᠠᠶ ᠳᠣᠭᠢᠷᠠᠭᠤᠯᠵᠤ᠂ ᠲᠦᠭᠡᠮᠡᠯ ᠬᠠᠷᠠᠭᠠᠯᠵᠠᠬᠤ ᠴᠢᠨᠠᠷᠳᠡᠢ ᠬᠡᠤᠬᠡᠳ ᠤᠨ ᠴᠡᠴᠡᠷᠯᠢᠭ ︵ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ︶ ᠢ ᠶᠡᠬᠡᠪᠡᠷ ᠬᠥᠭᠵᠢᠭᠦᠯᠦᠨ᠎ᠡ᠃ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠡᠭᠡᠭᠦᠯᠵᠦ ᠬᠤᠳᠠᠯᠳᠤᠨ ᠠᠪᠬᠤ ᠪᠠ ᠬᠤᠷᠰᠢᠵᠦ ᠡᠷᠭᠢᠯᠡᠬᠦ ᠵᠡᠷᠭᠡ ᠠᠷᠭ᠎ᠠ ᠪᠠᠷᠢᠯ ᠢᠶᠠᠷ ᠨᠢᠭᠡ ᠪᠦᠯᠦᠭ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠪᠦᠳᠦᠬᠡᠨ ᠪᠠᠶᠢᠭᠤᠯᠵᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠠᠬᠢ ᠬᠡᠤᠬᠡᠳ ᠤᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠦᠨᠳᠦᠰᠦᠨ ᠵᠦᠢᠯ᠂ ᠬᠤᠷᠢᠭ᠎ᠠ ᠱᠤᠭᠤᠮ ᠢ ᠪᠠᠲᠤᠯᠠᠵᠦ᠂ ᠴᠢᠭᠯᠡᠯ ᠢ ᠠᠳᠬᠤᠵᠦ᠂ ᠰᠦᠢᠳᠬᠡᠯ ᠬᠤᠷᠢᠶᠠᠬᠤ ᠶᠢ ᠬᠤᠷᠢᠭᠯᠠᠬᠤ ᠭᠤᠤᠯ ᠠᠷᠭ᠎ᠠ ᠵᠠᠮ ᠤᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠨᠡᠶᠢᠭᠡᠮ ᠤᠨ ᠬᠦᠴᠦᠨ ᠢᠶᠠᠷ ᠬᠡᠤᠬᠡᠳ ᠤᠨ ᠴᠡᠴᠡᠷᠯᠢᠭ ᠡᠷᠭᠢᠯᠡᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ  ᠬᠦᠭᠵᠢᠯᠳᠠ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠤᠭᠳᠠᠭᠠᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠨᠡᠶᠢᠭᠡᠮ ᠨᠠᠶᠢᠳᠠ ᠳᠤ ᠬᠠᠨᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠳᠡᠢ᠂ ᠲᠦᠭᠡᠮᠡᠯ ᠬᠠᠷᠠᠭᠠᠯᠵᠠᠬᠤ ᠴᠢᠨᠠᠷᠳᠡᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠬᠦᠷᠳᠡᠬᠦᠯᠬᠦ ᠶᠢ ᠵᠣᠷᠢᠭᠵᠢᠭᠤᠯᠵᠦ᠂ ᠬᠥᠲᠥᠯᠦᠨ  ᠵᠢᠯᠤᠭᠤᠳᠤᠭᠤᠯᠤᠨ᠎ᠠ᠃ᠭᠤᠷᠪᠠ᠂ ᠠᠵᠢᠯᠯᠠᠬᠤ ᠠᠷᠭ᠎ᠠ ᠪᠠᠷᠢᠯ︵ᠨᠢᠬᠡ︶ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠲᠤᠭ᠎ᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ      1. ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ  ᠪᠠᠶᠢᠷᠢᠰᠢᠯᠠᠭᠤᠯᠤᠯᠳᠠ ᠶᠢ ᠰᠢᠯᠢᠳᠡᠭᠵᠢᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠯᠭ᠎ᠠ ᠶᠢᠨ ᠴᠣᠯᠠ ᠬᠠᠨᠭ᠍ᠭᠠᠬᠤ ᠶᠢ ᠦᠷᠬᠡᠳᠬᠡᠨ᠎ᠠ᠃ ᠬᠥᠮᠦᠨ ᠠᠮᠠ ᠶᠢᠨ ᠬᠡᠪ ᠤᠨ ᠦᠰᠦᠯᠳᠡ᠂ ᠲᠥᠯᠥᠪᠯᠡᠭᠡᠲᠦ ᠬᠦᠡᠭᠬᠡᠵᠢᠯ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠡᠷᠭᠡ ᠬᠦᠴᠦᠨ ᠵᠦᠢᠯ ᠢ ᠶᠡᠷᠦᠩᠬᠡᠢ ᠳᠤᠨᠢ ᠪᠤᠳᠤᠯᠬᠢᠯᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠢ ᠲᠣᠬᠢᠷᠠᠭᠤᠯᠤᠨ ᠪᠠᠶᠢᠭᠤᠯᠬᠤ ᠪᠠᠷᠢᠮᠵᠢᠶ᠎ᠠ ᠶᠢ ᠦᠨᠳᠦᠰᠦᠯᠡᠨ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠭᠳᠠᠭᠠᠨ᠎ᠠ᠃ ᠰᠢᠨ᠎ᠡ ᠲᠣᠭᠤᠷᠢᠭ ᠤᠨ ᠲᠥᠯᠥᠪᠵᠢᠭᠦᠯᠭᠡ ᠪᠠ ᠰᠠᠭᠤᠭᠠᠯᠢ ᠠᠷᠠᠳ ᠤᠨ ᠲᠣᠭᠤᠷᠢᠭ ᠢ ᠲᠤᠬᠢᠷᠠᠭᠤᠯᠤᠨ ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠬᠤ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠵᠡᠭᠦᠨᠭᠠᠷ ᠬᠤᠰᠢᠭᠤᠨ ᠤ ᠬᠡᠦᠬᠡᠳ ᠤᠨ ᠴᠡᠴᠡᠷᠯᠢᠭ ᠤᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠴᠢᠨᠠᠬᠰᠢᠳᠠ ᠰᠢᠯᠢᠳᠡᠭᠵᠢᠭᠦᠯᠦᠨ᠂ ᠬᠡᠦᠬᠡᠳ ᠤᠨ ᠴᠡᠴᠡᠷᠯᠢᠭ ᠤᠨ ᠬᠡᠪᠴᠢᠶᠠᠵᠢᠯ ᠤᠨ ᠶᠡᠷᠦᠩᠬᠡᠢ ᠲᠤᠭ᠎ᠠ ᠶᠢ ᠥᠷᠭᠡᠳᠬᠡᠵᠦ᠂ ᠰᠢᠨ᠎ᠡ ᠨᠢᠭᠡ ᠡᠭᠡᠯᠵᠢ ᠶᠢᠨ ᠬᠡᠦᠬᠡᠳ ᠤᠨ ᠴᠡᠴᠡᠷᠯᠢᠭ ᠲᠤ ᠣᠷᠣᠬᠤ ᠵᠥᠷᠢᠴᠡᠯ ᠢ ᠰᠢᠢᠳᠪᠤᠷᠢᠯᠡᠨ᠎ᠡ᠃      2. ᠬᠤᠷᠰᠢᠵᠦ ᠬᠡᠤᠬᠡᠳ ᠤᠨ ᠴᠡᠴᠡᠷᠯᠢᠭ ᠡᠷᠬᠢᠯᠡᠬᠦ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠳᠤ ᠠᠰᠢᠭᠲᠠᠢ ᠡᠬᠢ ᠪᠠᠶᠠᠯᠢᠭ ᠢ ᠪᠦᠳᠦᠮᠵᠢᠳᠡᠢ ᠠᠰᠢᠬᠯᠠᠬᠤ ᠶᠢ ᠰᠦᠪᠡᠭᠴᠢᠯᠡᠵᠦ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠡᠦᠬᠡᠳ ᠤᠨ ᠴᠡᠴᠡᠷᠯᠢᠭ ᠤᠨ ᠭᠤᠣᠯᠯᠠᠬᠤ ᠥᠷᠢᠰᠦᠯᠳᠦᠬᠦ ᠬᠦᠴᠦᠨ ᠢ ᠲᠡᠭᠡᠭᠰᠢᠯᠡᠬᠦᠯᠦᠨ᠎ᠠ᠃︵1︶ ᠠᠷᠠᠳ ᠠᠴᠠ ᠡᠵᠡᠩᠨᠡᠭᠰᠡᠨ ᠪᠡᠯᠡ ᠮᠥᠩᠭᠦ ᠪᠠᠷ ᠲᠦᠭᠡᠮᠡᠯ ᠬᠠᠷᠠᠭᠠᠯᠵᠠᠬᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠡᠷᠬᠢᠯᠡᠬᠦ ᠶᠢ ᠲᠡᠳᠬᠦᠵᠦ᠂ ᠲᠦᠬᠡᠮᠡᠯ ᠬᠠᠷᠠᠭᠠᠯᠵᠬᠠᠤ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠨᠥᠬᠦᠴᠡᠯ ᠢ ᠰᠠᠶᠢᠵᠢᠷᠠᠭᠤᠯᠤᠨ᠂ ᠬᠤᠷᠰᠢᠵᠦ ᠬᠡᠦᠬᠡᠳ ᠤᠨ ᠴᠡᠴᠡᠷᠯᠢᠭ ᠡᠷᠬᠢᠯᠡᠨ ᠬᠥᠭᠵᠢᠭᠦᠯᠬᠦ ᠲᠡᠰᠢ ᠲᠠᠭᠠᠭᠤᠯᠤᠨ᠎ᠠ᠃︵2︶ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠪᠠᠶᠢᠭᠤᠯᠬᠤ ᠪᠠᠷ ᠲᠠᠮᠵᠢᠭᠤᠯᠤᠨ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠲᠦᠭᠡᠮᠡᠯ ᠬᠠᠷᠠᠭᠠᠯᠵᠠᠬᠤ ᠴᠢᠨᠠᠷᠳᠡᠢ ᠬᠡᠦᠬᠡᠳ ᠤᠨ ᠴᠡᠴᠡᠷᠯᠢᠭ ᠪᠤᠯᠭᠠᠬᠤ ᠪᠠᠷ ᠲᠠᠭᠠᠭᠤᠯᠤᠨ᠎ᠠ᠃︵ᠬᠤᠶᠠᠷ︶ ᠲᠦᠬᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠠᠬᠢᠭᠤᠯᠬᠤ ᠢᠨᠵᠧᠨᠧᠷᠢᠩ ᠢ  ᠬᠡᠷᠡᠭᠵᠢᠬᠦᠯᠦᠨ᠎ᠠ     1. ᠨᠡᠶᠢᠭᠡᠮ ᠤᠨ ᠬᠦᠴᠦᠨ  ᠢ ᠲᠠᠶᠢᠴᠢᠯᠠᠨ ᠲᠠᠭᠠᠭᠤᠯᠵᠦ ᠪᠠᠶᠢᠭᠠᠳ ᠲᠦᠭᠡᠮᠡᠯ ᠬᠠᠷᠠᠭᠠᠯᠵᠠᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠶᠡᠬᠡᠪᠡᠷ ᠡᠷᠬᠢᠯᠡᠭᠦᠯᠦᠨ᠎ᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠳᠡᠢ ᠪᠠ ᠲᠦᠭᠡᠮᠡᠯ ᠬᠠᠷᠠᠭᠠᠯᠵᠠᠬᠤ ᠲᠡᠳᠬᠦᠮᠵᠢ ᠶᠢ ᠴᠢᠨᠠᠬᠰᠢᠳᠠ ᠨᠡᠮᠡᠭᠳᠡᠭᠦᠯᠬᠦ ᠶᠢᠨ ᠲᠤᠰᠠᠳᠠ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠠᠷᠢᠴᠠᠯ ᠢ ᠶᠡᠬᠡᠪᠡᠷ ᠨᠡᠮᠡᠭᠳᠡᠬᠦᠯᠬᠦ ᠶᠢᠨ ᠵᠡᠷᠭᠡᠴᠡᠭᠡ ᠪᠠᠷ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠡ᠊ᠩ ᠲᠡᠷᠢᠭᠦᠨ ᠳᠤ  ᠬᠦᠭᠵᠢᠬᠦᠯᠦᠨ᠎ᠠ ᠃ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠᠶᠢᠭᠤᠯᠬᠤ ᠶᠢ ᠵᠤᠷᠢᠬᠵᠢᠭᠤᠯᠬᠤ ᠲᠣᠭᠲᠠᠴᠠ ᠶᠢ ᠰᠦᠪᠡᠭᠴᠢᠯᠡᠵᠦ᠂ ᠰᠤᠷᠭᠠᠨ ᠬᠥᠮᠦᠵᠢᠯ ᠤᠨ ᠵᠠᠷᠤᠳᠠᠯ ᠳᠠᠬᠢ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠠᠴᠠ ᠡᠷᠬᠢᠯᠡᠭᠰᠡᠨ ᠲᠦᠭᠡᠮᠡᠯ ᠬᠠᠷᠠᠭᠠᠯᠵᠬᠠᠤ ᠴᠢᠨᠠᠷᠳᠡᠢ ᠬᠡᠦᠬᠡᠳ ᠤᠨ ᠴᠡᠴᠡᠷᠯᠢᠭ ᠲᠤ ᠪᠡᠯᠡ ᠤᠷᠤᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠲᠦᠬᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠪᠤᠯᠭᠠᠨ ᠬᠦᠭᠵᠢᠬᠦᠯᠬᠦ ᠶᠢ ᠬᠦᠳᠦᠯᠤᠨ ᠲᠠᠭᠠᠭᠤᠯᠵᠦ ᠵᠤᠷᠢᠬᠵᠢᠭᠤᠯᠤᠨ᠎ᠠ᠃     2. ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢ ᠲᠡᠳᠬᠦᠬᠦ ᠬᠦᠴᠦᠯᠡᠴᠡ ᠪᠠᠨ   ᠨᠡᠮᠡᠭᠳᠡᠬᠦᠯᠦᠨ᠎ᠠ᠃ ︽ᠣᠷᠳᠣᠰ ᠬᠤᠲᠠ ᠶᠢᠨ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ ︾ ︵ᠣᠷᠳᠣᠰ ᠰᠤᠷᠭᠠᠨ ᠬᠥᠮᠦᠵᠢᠯ ᠪᠡᠶ᠎ᠠ ᠲᠠᠮᠢᠷ ᠲᠠᠷᠬᠠᠭᠠᠬᠰᠠᠨ︹2019︺70 ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠪᠠᠭᠰᠢ ᠶᠢ ᠠᠯᠪᠠᠨ ᠠᠴᠠ ᠲᠤᠮᠢᠯᠠᠵᠦ᠂ ᠠᠯᠪᠠᠨ ᠠᠴᠠ ᠲᠤᠮᠢᠯᠠᠬᠰᠠᠨ ᠪᠠᠭᠰᠢ ᠨᠢ ᠪᠦᠬᠦ ᠬᠡᠤᠬᠡᠳ ᠤᠨ ᠴᠡᠴᠡᠷᠯᠢᠭ ᠤᠨ ᠲᠤᠰᠬᠠᠢ ᠬᠢᠴᠢᠶᠡᠯᠯᠡᠭᠴᠢ ᠪᠠᠭᠰᠢ ᠶᠢᠨ ᠶᠡᠷᠦᠩᠬᠡᠢ ᠲᠤᠭ᠎ᠠ ᠶᠢᠨ 10% — 30% ᠶᠢ ᠡᠵᠡᠯᠡᠬᠦ ᠬᠠᠷᠠᠯᠲᠠ ᠶᠢ ᠠᠯᠬᠤᠮ ᠠᠯᠬᠤᠮ ᠢᠶᠠᠷ  ᠪᠡᠶᠡᠯᠡᠬᠦᠯᠦᠨ᠎ᠠ᠃ ᠡᠭᠦᠨ ᠤ ᠲᠠᠭᠠᠤ ᠬᠡᠷᠡᠭᠴᠡᠭᠡ ᠱᠠᠭᠠᠷᠳᠠᠯᠭ᠎ᠠ ᠲᠠᠢ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠠᠯᠪᠠᠨ ᠠᠴᠠ ᠴᠡᠴᠡᠷᠯᠢᠭ ᠤᠨ  ᠵᠠᠬᠢᠷᠤᠯ ᠢ ᠲᠤᠮᠢᠯᠠᠵᠦ᠂ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠵᠢᠴᠢ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠦᠬᠦᠯᠢ ᠴᠣᠭᠴᠠ ᠳᠤᠨᠢ ᠲᠡᠭᠡᠭᠰᠢᠯᠡᠬᠦᠯᠦᠨ᠎ᠠ ︵ᠠᠯᠪᠠᠨ ᠠᠴᠠ ᠲᠤᠮᠢᠯᠠᠬᠰᠠᠨ ᠴᠡᠴᠡᠷᠯᠢᠭ ᠤᠨ ᠵᠠᠬᠢᠷᠤᠯ ᠢ ᠠᠯᠪᠠᠨ ᠠᠴᠠ ᠲᠤᠮᠢᠯᠠᠬᠰᠠᠨ ᠪᠠᠭᠰᠢᠨᠠᠷ ᠤᠨ ᠳᠣᠲᠣᠷ᠎ᠠ ᠪᠠᠭᠳᠠᠭᠠᠨ᠎ᠠ︶᠃ ᠳᠠᠩᠰᠠᠯᠠᠭᠤᠯᠤᠭᠰᠠᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠠᠯᠪᠠᠨ ᠠᠴᠠ ᠲᠤᠮᠢᠯᠬᠠᠰᠠᠨ ᠪᠠᠭᠰᠢ ᠶᠢ ᠨᠢᠭᠡᠳᠦᠯᠲᠡᠢ ᠲᠥᠯᠥᠪᠵᠢᠭᠦᠯᠵᠦ᠂ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠷᠤᠭᠤ ᠲᠣᠬᠢᠷᠠᠭᠤᠯᠵᠤ᠂ ᠡᠬᠦᠪᠡᠷ ᠲᠦᠭᠡᠮᠡᠯ ᠬᠠᠷᠠᠭᠠᠯᠵᠠᠬᠤ  ᠴᠢᠨᠠᠷᠳᠡᠢ ᠬᠡᠦᠬᠡᠳ ᠤᠨ ᠴᠡᠴᠡᠷᠯᠢᠭ ᠢ ᠡᠷᠬᠢᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠲᠠᠩᠰᠠᠯᠠᠭᠤᠯᠤᠬᠰᠠᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠡᠯᠪᠡᠷᠢ ᠪᠠᠨ ᠬᠤᠪᠢᠷᠠᠭᠤᠯᠵᠦ᠂ ᠲᠦᠭᠡᠮᠡᠯ ᠬᠠᠷᠠᠭᠠᠯᠵᠠᠬᠤ ᠴᠢᠨᠠᠷᠳᠡᠢ ᠬᠡᠦᠬᠡᠳ ᠤᠨ ᠴᠡᠴᠡᠷᠯᠢᠭ ᠤᠷᠤᠭᠤ ᠰᠢᠯᠵᠢᠬᠦ ᠢᠳᠡᠪᠬᠢᠵᠢᠯ ᠢ ᠲᠡᠭᠡᠭᠰᠢᠯᠡᠬᠦᠯᠦᠨ᠎ᠠ᠃     3. ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠨᠢᠭᠡᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠥᠬᠦᠪᠥᠷᠢᠯᠡᠬᠦ ᠲᠤᠮᠳᠠᠴᠢ ᠪᠠᠷᠢᠮᠵᠢᠶ᠎ᠠ ᠶᠢ ᠨᠡᠮᠡᠭᠳᠡᠬᠦᠯᠦᠨ᠎ᠠ᠃ ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠵᠢᠯ ᠳᠤ ᠰᠤᠷᠤᠭᠴᠢ ᠨᠢᠭᠡᠪᠦᠷᠢ ᠳᠤ ᠳᠤᠮᠳᠠᠴᠢ ᠪᠠᠷ 600 ᠲᠥᠭᠦᠷᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠥᠬᠦᠪᠥᠷᠢᠯᠡᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ 3᠄ 3.5᠄ 3.5 ᠬᠤᠪᠢ ᠶᠢᠨ ᠡᠭᠦᠷᠭᠡᠯᠡᠬᠦ ᠬᠠᠷᠢᠴᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ 180 ᠲᠥᠭᠦᠷᠢᠭ ᠢ ᠡᠭᠦᠷᠭᠡᠯᠡᠵᠦ᠂ ᠠᠶᠢᠮᠠᠭ ᠬᠤᠲᠠ ᠠᠴᠠ 210 ᠲᠥᠭᠦᠷᠢᠭ ᠢ ᠡᠭᠦᠷᠭᠡᠯᠡᠵᠦ᠂ ᠬᠤᠰᠢᠭᠤ ᠲᠣᠭᠤᠷᠢᠭ ᠠᠴᠠ 210 ᠲᠥᠭᠦᠷᠢᠭ ᠢ ᠡᠬᠦᠷᠬᠡᠯᠡᠨ᠎ᠡ᠃     4. ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠬᠡᠵᠦ ᠲᠤᠭᠳᠠᠭᠠᠬᠳᠠᠬᠰᠠᠨ ᠤ ᠲᠠᠷᠠᠭ᠎ᠠ᠂ ᠬᠡᠷᠡᠭᠰᠡᠬᠦ ᠤᠰᠤ᠂ ᠴᠠᠬᠢᠯᠭᠠᠨ᠂ ᠬᠡᠢ᠂ ᠢᠯᠴᠢ ᠶᠢᠨ ᠬᠠᠩᠭᠠᠯᠳᠠ ᠵᠡᠷᠭᠡ ᠲᠠᠯ᠎ᠠ ᠪᠠᠷ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠯᠦᠭᠡ ᠠᠳᠠᠯᠢ ᠲᠡᠭᠰᠢ ᠬᠠᠷᠠᠭᠠᠯᠵᠠᠯ ᠬᠦᠷᠳᠡᠬᠡᠨ᠎ᠡ᠃     5. ᠲᠦᠬᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠭᠡᠵᠦ ᠵᠦᠪᠰᠢᠶᠡᠷᠡᠨ ᠲᠤᠬᠳᠠᠭᠠᠬᠳᠠᠬᠰᠠᠨ ᠤ ᠳᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠯ ᠪᠦᠷᠢ 300 ᠲᠦᠮᠡᠨ ᠲᠦᠬᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠭᠠᠷᠭᠠᠵᠤ᠂ ᠠᠷᠠᠳ ᠠᠴᠠ ᠡᠷᠬᠢᠯᠡᠭᠰᠡᠨ ᠲᠦᠭᠡᠮᠡᠯ ᠬᠠᠷᠠᠭᠠᠯᠵᠠᠬᠤ ᠴᠢᠨᠠᠷᠳᠡᠢ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠨᠥᠬᠦᠴᠡᠯ᠂ ᠲᠤᠨᠤᠭ ᠲᠥᠬᠦᠭᠡᠷᠦᠮᠵᠢ ᠶᠢ ᠲᠤᠬᠢᠷᠠᠭᠤᠯᠬᠤ᠂ ᠨᠠᠭᠠᠳᠤᠭᠤᠯᠵᠦ ᠵᠢᠭᠠᠨ ᠰᠤᠷᠭᠠᠬᠤ ᠬᠡᠷᠡᠭᠰᠡᠯ ᠪᠠ ᠠᠰᠠᠷᠠᠨ ᠬᠥᠮᠦᠵᠢᠭᠦᠯᠬᠦ ᠲᠥᠬᠦᠭᠡᠷᠦᠮᠵᠢ ᠶᠢ ᠨᠥᠬᠦᠪᠥᠷᠢᠯᠡᠵᠦ ᠦᠭᠬᠦ ᠪᠠ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠳᠤ ᠬᠡᠷᠡᠭᠯᠡᠨ᠎ᠡ᠃ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠨᠢ ᠭᠤᠶᠤᠴᠢᠯᠠᠵᠦ ᠮᠡᠳᠡᠬᠦᠯᠦᠨ ᠲᠥᠷᠥᠯ ᠵᠦᠢᠯ ᠪᠤᠯᠭᠠᠬᠰᠠᠨ ᠤ ᠲᠠᠷᠠᠭ᠎ᠠ ᠰᠠᠶ᠋ᠢ ᠲᠤᠰᠬᠠᠢ ᠲᠥᠷᠥᠯ ᠤᠨ ᠵᠠᠷᠤᠳᠠᠯ ᠤᠨ ᠳᠡᠮᠵᠢᠯᠭᠡ ᠶᠢ ᠤᠯᠭᠤᠨ᠎ᠠ᠃     6. ᠶᠡᠷᠦᠩᠬᠡᠢ ᠦᠨᠡᠯᠡᠨ ᠰᠢᠯᠭᠠᠯᠳᠠ ᠶᠢ ᠬᠡᠷᠡᠭᠵᠢᠬᠦᠯᠵᠦ᠂ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ ᠣᠨ ᠤ  ᠶᠡᠷᠦᠩᠬᠡᠶᠢᠯᠡᠭᠰᠡᠨ ᠦᠨᠡᠯᠡᠨ ᠰᠢᠯᠭᠠᠯᠳᠠ ᠶᠢᠨ ᠲᠤᠰᠬᠠᠢ ᠲᠦᠷᠦᠯ ᠤᠨ ᠪᠡᠯᠡ ᠮᠥᠩᠭᠦ ᠶᠢ ᠲᠣᠬᠢᠷᠠᠭᠤᠯᠵᠤ᠂ ᠠᠯᠪᠠᠨ ᠠᠵᠢᠯ ᠤᠨ ᠨᠥᠬᠦᠪᠥᠷᠢ ᠬᠢᠭᠡᠳ ᠪᠠᠭᠰᠢᠨᠠᠷ ᠢ ᠱᠠᠩᠨᠠᠬᠤ ᠳᠤ  ᠵᠠᠷᠤᠴᠠᠭᠤᠯᠤᠨ᠎ᠠ᠃ ︵ᠭᠤᠷᠪᠠ ︶ ᠬᠡᠦᠬᠡᠳ ᠤᠨ ᠴᠡᠴᠡᠷᠯᠢᠭ ᠤᠨ ᠰᠢᠯᠢᠳᠡᠭ ᠢ ᠡᠭᠦᠳᠬᠦ ᠢᠨᠵᠧᠨᠧᠷᠢᠩ ᠢ  ᠬᠡᠷᠡᠭᠵᠢᠬᠦᠯᠦᠨ᠎ᠠ      ᠵᠡᠭᠦᠨᠭᠠᠷ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠯᠬᠤᠴᠠ ᠶᠢ ᠲᠦᠷᠭᠡᠳᠬᠡᠵᠦ᠂ ᠰᠢᠯᠢᠳᠡᠭ ᠴᠡᠴᠡᠷᠯᠢᠭ ᠢ ᠡᠭᠦᠳᠦᠨ ᠪᠠᠶᠢᠭᠤᠯᠬᠤ ᠠᠵᠢᠯ ᠤᠨ ᠬᠦᠴᠦᠯᠡᠴᠡ ᠶᠢ ᠨᠡᠮᠡᠭᠳᠡᠭᠦᠯᠵᠦ᠂ ᠬᠡᠤᠬᠡᠳ ᠤᠨ ᠴᠡᠴᠡᠷᠯᠢᠭ ᠤᠨ ᠲᠦᠷᠦᠯ ᠲᠡᠰ ᠢ ᠴᠢᠨᠠᠬᠰᠢᠳᠠ ᠲᠡᠭᠡᠭᠰᠢᠯᠡᠬᠦᠯᠦᠨ᠎ᠠ᠃ ᠨᠦᠬᠦᠴᠡᠯ ᠪᠠᠷᠤᠬᠳᠡᠢ ᠬᠡᠦᠬᠡᠳ ᠤᠨ ᠴᠡᠴᠡᠷᠯᠢᠭ᠂ ᠬᠥᠳᠡᠭᠡ ᠲᠣᠰᠬᠤᠨ ᠤ ᠬᠡᠦᠬᠡᠳ ᠤᠨ ᠴᠡᠴᠡᠷᠯᠢᠭ ᠢ ᠳᠡᠮᠵᠢᠬᠦ ᠬᠦᠴᠦᠯᠡᠴᠡ ᠪᠠᠨ ᠨᠡᠮᠡᠭᠳᠡᠭᠦᠯᠦᠨ᠂ ᠬᠤᠯᠪᠤᠭᠠᠯᠠᠵᠦ ᠬᠠᠷᠢᠯᠴᠠᠨ ᠳᠡᠮᠵᠢᠬᠦ᠂ ᠰᠠᠶᠢᠰᠢᠶᠠᠨ ᠬᠥᠬᠢᠭᠦᠯᠬᠦ᠂ ᠪᠠᠭᠰᠢ ᠶᠢᠨ ᠪᠤᠯᠪᠠᠰᠤᠷᠠᠯ᠂ ᠵᠢᠭᠠᠨ ᠰᠤᠳᠤᠯᠵᠦ ᠵᠢᠭᠠᠨ ᠵᠢᠯᠤᠭᠤᠳᠬᠤ ᠵᠡᠷᠭᠡ ᠣᠯᠠᠨ ᠲᠦᠷᠦᠯ ᠤᠨ ᠠᠷᠭ᠎ᠠ ᠬᠡᠯᠪᠡᠷᠢ ᠪᠠᠷ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠲᠦᠬᠡᠮᠡᠯ ᠬᠠᠷᠠᠭᠠᠯᠵᠠᠬᠤ  ᠬᠡᠯᠪᠡᠷᠢ ᠪᠠᠷ ᠠᠮᠤᠷ ᠲᠦᠪᠰᠢᠨ ᠰᠢᠯᠢᠳᠡᠭᠵᠢᠬᠦᠯᠦᠨ  ᠬᠦᠭᠵᠢᠬᠦᠯᠬᠦ ᠶᠢ ᠳᠡᠮᠵᠢᠵᠦ᠂ ᠪᠦᠬᠦ ᠬᠤᠰᠢᠭᠤᠨ ᠤ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠬᠥᠳᠡᠭᠡ᠂ ᠣᠷᠣᠨ ᠪᠦᠰᠡ ᠪᠠ ᠴᠡᠴᠡᠷᠯᠢᠭ ᠤᠨ ᠬᠤᠭᠤᠷᠣᠨᠳᠣᠬᠢ ᠵᠥᠷᠢᠶ᠎ᠡ ᠶᠢ ᠲᠦᠷᠬᠡᠳᠬᠡᠨ ᠪᠠᠭᠠᠰᠬᠠᠵᠦ᠂ ᠴᠡᠴᠡᠷᠯᠢᠭ ᠰᠤᠩᠭᠤᠬᠤ ᠵᠦᠷᠢᠴᠡᠯ ᠢ ᠠᠯᠭᠤᠷ ᠢᠶᠠᠷ ᠨᠠᠮᠳᠠᠭᠤᠯᠤᠨ᠎ᠠ᠃ ᠬᠤᠲᠠ ᠬᠥᠳᠡᠭᠡ ᠲᠡᠩᠴᠡᠭᠦᠷᠢᠲᠡᠢ᠂ ᠪᠠᠶᠢᠷᠢᠯᠠᠭᠤᠯᠤᠯᠲᠠ ᠨᠢ ᠵᠦᠢ ᠵᠣᠬᠢᠰᠲᠠᠢ᠂ ᠴᠢᠨᠠᠷ ᠰᠠᠶᠢᠲᠠᠢ ᠵᠣᠬᠢᠴᠠᠩᠭᠤᠢ᠂ ᠠᠷᠠᠳ ᠢᠷᠭᠡᠳ ᠢ ᠵᠡᠷᠬᠡ ᠳᠤᠨᠢ ᠴᠢᠬᠤᠯᠠᠴᠢᠯᠠᠬᠰᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠬᠳᠠᠯᠴᠠᠭ᠎ᠠ ᠶᠢ  ᠪᠠᠶᠢᠭᠤᠯᠤᠨ᠎ᠠ᠃ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ︵ᠨᠢᠬᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠦᠷᠢᠶ᠎ᠠ ᠬᠡᠪᠴᠢᠶᠡᠨ ᠳᠤ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠳᠤᠯᠠᠵᠦ ᠵᠡᠭᠦᠨᠭᠠᠷ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠤᠯᠪᠤᠭᠠᠳᠤ ᠬᠤᠷᠠᠯ ᠤᠨ ᠲᠤᠬᠳᠠᠴᠠ ᠶᠢ ᠪᠠᠶᠢᠭᠤᠯᠵᠦ᠂ ᠬᠤᠯᠪᠤᠭᠠᠳᠤ ᠬᠤᠷᠠᠯ ᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠤ ᠲᠡᠳ᠋ ᠳᠠᠷᠤᠭ᠎ᠠ ᠳᠤᠭᠤᠢᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠲᠠᠷᠤᠭ᠎ᠠ ᠲᠤᠭᠤᠢᠢᠯᠠᠩ ᠤᠨ ᠲᠡᠳ᠋ ᠵᠡᠬᠢᠷᠦᠯ  ᠤᠨ ᠲᠤᠰᠢᠶᠠᠯ ᠢ ᠡᠬᠦᠷᠬᠡᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠪᠡᠶ᠎ᠡ  ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠷᠤᠨ ᠰᠠᠭᠤᠴᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠵᠡᠷᠬᠡ ᠰᠠᠯᠠᠭ᠎ᠠ ᠮᠦᠴᠢᠷ ᠢᠶᠠᠷ ᠪᠦᠷᠢᠯᠳᠦᠬᠦᠨ ᠨᠢᠬᠡᠴᠢ ᠪᠤᠯᠭᠠᠵᠦ᠂ ᠠᠯᠪᠠᠨ ᠬᠡᠷ ᠢ ᠬᠤᠰᠢᠭᠤᠨ ᠤ ᠰᠤᠷᠭᠠᠨ ᠬᠦᠮᠥᠵᠢᠯ ᠪᠡᠶ᠎ᠠ ᠲᠠᠮᠢᠷ ᠤᠨ ᠲᠤᠪᠴᠢᠶᠠᠨ ᠳᠤ ᠲᠤᠬᠢᠷᠠᠭᠤᠯᠤᠨ᠎ᠠ᠃ ᠪᠦᠬᠦ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠬᠡᠷᠡᠭ ᠶᠠᠪᠤᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠠᠷᠤᠢ ᠳᠤᠨᠢ ᠰᠤᠳᠤᠯᠤᠨ ᠵᠣᠬᠢᠴᠠᠭᠤᠯᠵᠤ ᠰᠢᠢᠳᠪᠤᠷᠢᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠶᠢᠨ ᠲᠣᠭᠲᠠᠴᠠ ᠳᠠᠬᠢ ᠬᠠᠷᠰᠢ ᠰᠠᠭᠠᠳ ᠢ ᠰᠢᠪᠳᠤᠯᠤᠨ ᠠᠷᠢᠯᠭᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠶᠢᠲᠡ ᠶᠢᠨ ᠠᠰᠠᠷᠠᠮᠵᠢ ᠪᠠᠷ ᠲᠦᠬᠡᠮᠡᠯ ᠬᠠᠷᠠᠭᠠᠯᠵᠠᠵᠦ ᠬᠦᠭᠵᠢᠬᠦᠯᠬᠦ ᠶᠢ ᠶᠡᠬᠡᠪᠡᠷ ᠠᠬᠢᠭᠤᠯᠤᠨ᠎ᠠ᠃︵ᠬᠤᠶᠠᠷ︶ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠲᠡᠬᠦᠯᠳᠡᠷᠵᠢᠬᠦᠯᠦᠨ᠎ᠠ      ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠬᠢ ᠰᠤᠷᠪᠤᠯᠵᠢ ᠠᠴᠠ ᠪᠠᠨ ᠬᠢᠨᠠᠨ ᠬᠠᠮᠢᠶᠠᠷᠬᠤ ᠶᠢ ᠴᠢᠩᠭᠠᠳᠬᠠᠵᠦ᠂ ᠠᠯᠬᠤᠮ ᠶᠠᠪᠤᠴᠠ ᠶᠢ ᠬᠢᠨᠠᠨ ᠬᠠᠮᠢᠶᠠᠷᠬᠤ ᠶᠢ ᠪᠦᠷᠢᠨᠰᠢᠬᠦᠯᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠭᠤᠣᠯᠴᠢᠯᠠᠨ ᠬᠠᠮᠢᠶᠠᠷᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠢᠶᠠᠨ ᠬᠤᠪᠢᠳᠠᠨ ᠬᠠᠷᠢᠭᠤᠴᠠᠬᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠦ ᠪᠦᠷᠢᠨᠰᠢᠬᠦᠯᠦᠨ᠎ᠠ᠃ ᠤᠬᠠᠭᠤᠯᠬᠤ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠬᠦᠴᠦᠯᠡᠴᠡ ᠪᠠᠨ ᠴᠢᠩᠭᠠᠳᠬᠠᠵᠦ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢᠨ ᠦᠢᠯᠡᠳᠦᠯ ᠢᠶᠠᠨ ᠰᠠᠶᠢᠳᠤᠷ  ᠪᠠᠳᠠᠷᠠᠭᠤᠯᠤᠨ᠎ᠠ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠪᠠᠷᠢᠮᠵᠢᠶ᠎ᠠ ᠲᠣᠭᠲᠠᠭᠠᠵᠤ᠂ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠢᠬᠦ ᠪᠠ ᠬᠢᠨᠠᠨ ᠬᠠᠮᠢᠶᠠᠷᠬᠤ ᠶᠢ  ᠴᠢᠩᠭᠠᠳᠬᠠᠨ᠎ᠠ︔     ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠤᠷᠤᠨ ᠨᠤᠳᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠲᠦᠬᠡᠮᠡᠯ ᠬᠠᠷᠠᠭᠠᠯᠵᠠᠬᠤ ᠴᠢᠨᠠᠷᠳᠡᠢ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠤᠨ ᠬᠦᠭᠵᠢᠬᠦᠯᠬᠦ ᠶᠢ ᠲᠡᠮᠵᠢᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠬᠠᠷᠠᠭᠠᠯᠵᠠᠵᠦ ᠰᠢᠯᠢᠳᠡᠭᠵᠢᠬᠦᠯᠦᠨ ᠬᠦᠭᠵᠢᠬᠦᠯᠬᠦ ᠶᠢ ᠠᠬᠢᠭᠤᠯᠬᠤ ᠳᠤ ᠬᠡᠷᠡᠭᠰᠡᠬᠦ ᠪᠡᠯᠡ ᠮᠥᠩᠭᠦ ᠶᠢ ᠲᠤᠰ ᠵᠢᠯ ᠤᠨ ᠲᠥᠰᠥᠪ ᠲᠡᠭᠡᠨ ᠪᠦᠷᠢᠨ ᠬᠦᠢᠴᠡᠳ ᠣᠷᠣᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢᠳ ᠤᠨ ᠰᠤᠷᠭᠠᠨ ᠬᠥᠮᠦᠵᠢᠯ ᠤᠨ ᠲᠤᠮᠳᠠᠴᠢ ᠵᠠᠷᠤᠳᠠᠯ ᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠵᠤ᠂ ᠪᠡᠯᠡ ᠮᠥᠩᠭᠦ ᠶᠢᠨ ᠬᠡᠷᠡᠭᠯᠡᠯᠲᠡ  ᠶᠢ ᠲᠦᠷᠢᠮᠵᠢᠬᠦᠯᠦᠨ ᠪᠦᠲᠦᠮᠵᠢᠲᠡᠢ ᠪᠠᠶᠢᠯᠭᠠᠬᠤ ᠶᠢ ᠪᠠᠳᠤᠯᠠᠨ᠎ᠠ︔ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠲᠦᠭᠡᠮᠡᠯ ᠬᠠᠷᠠᠭᠠᠯᠵᠠᠬᠤ ᠴᠢᠨᠠᠷᠳᠡᠢ ᠬᠡᠦᠬᠡᠳ ᠤᠨ ᠴᠡᠴᠡᠷᠯᠢᠭ ᠤᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠰᠢᠯᠭᠠᠨ ᠬᠤᠷᠢᠶᠠᠬᠤ᠂ ᠰᠢᠯᠵᠢᠭᠦᠯᠦᠨ ᠲᠤᠰᠢᠶᠠᠬᠤ ᠵᠡᠷᠭᠡ ᠭᠤᠭᠴᠤᠭ᠎ᠠ ᠶᠢ ᠬᠢᠨᠠᠨ ᠬᠠᠮᠢᠶᠠᠷᠴᠤ ᠤᠷᠤᠨᠵᠢᠭᠤᠯᠬᠤ ᠶᠢ ᠴᠢᠩᠭᠠᠳᠬᠠᠨ᠎ᠠ︔ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠨ᠂ ᠲᠦᠬᠡᠮᠡᠯ ᠬᠠᠷᠠᠭᠠᠯᠵᠠᠬᠤ ᠴᠢᠨᠠᠷᠳᠡᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠮᠵᠢᠬᠦ ᠪᠠ ᠦᠷᠬᠡᠳᠬᠡᠵᠦ᠂ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠳᠤᠯᠠᠨ᠎ᠠ᠃︵ᠭᠤᠷᠪᠠ︶  ᠤᠬᠠᠭᠤᠯᠤᠨ ᠬᠦᠳᠦᠯᠬᠦ ᠶᠢ ᠴᠢᠬᠤᠯᠠᠴᠢᠯᠠᠨ᠎ᠠ     ᠡᠯ᠎ᠡ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠡᠶᠢᠲᠡ ᠶᠢᠨ ᠠᠰᠠᠷᠠᠮᠵᠢ ᠪᠠᠷ ᠲᠦᠬᠡᠮᠡᠯ ᠬᠠᠷᠠᠭᠠᠯᠵᠠᠵᠦ ᠬᠦᠭᠵᠢᠬᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠥᠷᠭᠡᠨ ᠲᠡᠯᠬᠡᠷ ᠤᠬᠠᠭᠤᠯᠵᠤ᠂ ᠵᠢᠯ ᠪᠦᠷᠢ ᠠᠯᠪᠠᠨ ᠤ ᠰᠦᠯᠵᠢᠶ᠎ᠠ᠂ ᠰᠣᠨᠢᠨ ᠮᠡᠳᠡᠭᠡ ᠶᠢᠨ ᠵᠠᠭᠤᠴᠢᠯᠠᠭᠤᠷ ᠵᠡᠷᠭᠡ ᠤᠬᠠᠭᠤᠯᠭ᠎ᠠ ᠶᠢᠨ ᠲᠠᠪᠴᠠᠩ ᠢᠶᠠᠷ ᠳᠠᠷᠬᠠᠭᠠᠵᠦ᠂ ᠲᠦᠭᠡᠮᠡᠯ ᠬᠠᠷᠠᠭᠠᠯᠵᠠᠬᠤ ᠴᠢᠨᠠᠷᠳᠡᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠵᠢᠴᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ ᠶᠠᠷᠢᠶ᠎ᠠ ᠬᠡᠯᠡᠯᠴᠡᠭᠡ ᠪᠠᠷ ᠬᠦᠳᠦᠯᠬᠦ ᠶᠢ ᠴᠢᠩᠭᠠᠳᠬᠠᠵᠤ᠂ ᠬᠡᠦᠬᠡᠳ ᠤᠨ ᠭᠡᠷ ᠪᠦᠯᠢ ᠪᠠ ᠨᠡᠶᠢᠭᠡᠮ ᠨᠡᠶᠢᠳᠠ ᠳᠤ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ ᠶᠢ ᠵᠥᠪ ᠣᠢᠢᠯᠠᠭᠠᠭᠤᠯᠤᠨ ᠡᠵᠡᠮᠰᠢᠬᠦᠯᠵᠦ᠂ ᠠᠵᠢᠯ ᠤᠨ ᠲᠣᠭᠲᠠᠭᠤᠨ ᠤᠷᠤᠭᠰᠢᠲᠠᠢ ᠠᠬᠢᠬᠤ ᠶᠢ ᠦᠨᠡᠨ ᠬᠦ ᠪᠠᠳᠤᠯᠠᠨ᠎ᠠ᠃ ᠤᠯᠤᠰ ᠤᠨ ᠲᠠᠷᠬᠠᠭᠠᠬᠰᠠᠨ ︽3 -6 ᠨᠠᠰᠤᠨ ᠤ ᠬᠡᠦᠬᠡᠳ ᠢ ᠰᠤᠷᠤᠯᠴᠠᠭᠤᠯᠬᠤ ᠪᠠ ᠬᠥᠭᠵᠢᠬᠦᠯᠬᠦ ᠵᠦᠭᠯᠡᠭᠦᠷ︾ ᠢ ᠦᠨᠳᠦᠰᠦᠯᠡᠵᠦ᠂ ᠬᠡᠦᠬᠡᠳ ᠤᠨ ᠴᠡᠴᠡᠷᠯᠢᠭ ᠢ ᠬᠥᠲᠥᠯᠦᠨ ᠲᠠᠭᠠᠭᠤᠯᠵᠦ ᠪᠠᠶᠢᠭᠠᠳ ᠬᠡᠦᠬᠡᠳ ᠤᠨ ᠴᠡᠴᠡᠷᠯᠢᠭ ᠡᠷᠬᠢᠯᠡᠬᠦ ᠵᠥᠪ ᠣᠨᠣᠯᠵᠢᠭᠤᠨ ᠢ ᠪᠣᠢ ᠪᠣᠯᠭᠠᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨᠴᠢ᠂ ᠬᠥᠮᠦᠡᠯᠢᠭ᠂ ᠨᠠᠷᠢᠯᠢᠭᠵᠢᠭᠤᠯᠤᠬᠰᠠᠨ ᠬᠠᠮᠢᠶᠠᠷᠤᠯᠳᠠ ᠶᠢ ᠰᠠᠨᠠᠭᠠᠴᠢᠯᠠᠵᠦ᠂ ᠠᠰᠠᠷᠠᠨ ᠬᠥᠮᠦᠵᠢᠭᠦᠯᠬᠦ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠰᠢᠬᠳᠡᠢ ᠰᠠᠶᠢᠨ ᠰᠠᠶᠢᠬᠠᠨ ᠠᠭᠤᠷ ᠠᠮᠢᠰᠬᠤᠯ ᠢ   ᠡᠬᠦᠳᠴᠤ᠂ ᠪᠦᠬᠦ ᠬᠤᠰᠢᠭᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠥᠵᠢᠯ ᠤᠨ ᠰᠢᠨᠵᠢᠯᠡᠬᠦ ᠤᠬᠠᠭᠠᠨᠴᠢ ᠬᠦᠭᠵᠢᠯᠳᠠ ᠶᠢ  ᠠᠬᠢᠭᠤᠯᠤᠨ᠎ᠠ᠃︵ᠲᠦᠷᠪᠡ︶  ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠎ᠠ     ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠬᠡᠷ ᠨᠢ ᠡᠯ᠎ᠡ ᠰᠠᠯᠠᠭ᠎ᠠ ᠮᠥᠴᠢᠷ ᠤᠨ ᠬᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠠᠶᠢᠳᠠ ᠶᠢᠨ ᠠᠰᠠᠷᠠᠮᠵᠢ ᠪᠠᠷ ᠲᠦᠬᠡᠮᠡᠯ ᠬᠠᠷᠠᠭᠠᠯᠵᠠᠵᠦ ᠬᠦᠭᠵᠢᠬᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠬᠰᠠᠨ ᠢᠶᠠᠷ ᠱᠠᠭᠠᠷᠳᠠᠨ ᠪᠠᠶᠢᠴᠠᠭᠠᠬᠤ ᠴᠢᠬᠤᠯᠠ ᠠᠭᠤᠯᠭ᠎ᠠ ᠪᠣᠯᠭᠠᠵᠦ᠂ ᠱᠠᠭᠠᠷᠳᠠᠨ ᠪᠠᠶᠢᠴᠠᠭᠠᠵᠤ ᠦᠨᠡᠯᠡᠨ ᠰᠢᠯᠭᠠᠬᠤ ᠪᠠ ᠬᠠᠷᠠᠯᠲᠠᠲᠤ ᠬᠢᠨᠠᠨ ᠰᠢᠯᠭᠠᠬᠤ ᠲᠤᠭᠳᠠᠯᠴᠠᠭ᠎ᠠ ᠳᠤ ᠣᠷᠣᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠬᠡᠷ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠲᠠᠢ ᠬᠠᠮᠲᠤᠷᠠᠵᠤ᠂ ᠠᠵᠢᠯ ᠢ ᠨᠠᠶᠢᠳᠠᠪᠤᠷᠢᠵᠢᠭᠤᠯᠬᠤ ᠪᠦᠬᠦ ᠶᠠᠪᠤᠴᠠ ᠶᠢ  ᠵᠢᠯᠤᠭᠤᠳᠤᠨ ᠬᠢᠨᠠᠯᠲᠠ ᠲᠠᠯᠪᠢᠵᠦ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠶᠢᠨ ᠦᠷᠨᠢᠬᠦᠯᠦᠭᠰᠡᠨ ᠠᠵᠢᠯ ᠢ ᠱᠠᠭᠠᠷᠳᠠᠨ ᠪᠠᠶᠢᠴᠠᠭᠠᠵᠦ ᠰᠢᠪᠡᠳᠡᠨ ᠰᠢᠢᠳᠪᠤᠷᠢᠯᠡᠬᠦᠯᠬᠦ ᠶᠢ ᠴᠢᠩᠭᠠᠳᠬᠠᠵᠦ᠂ ᠲᠤᠭᠳᠠᠮᠠᠯ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠶᠢᠨ ᠪᠠᠶᠢᠳᠠᠯ ᠢ ᠨᠠᠶᠢᠳᠡᠯᠡᠵᠦ᠂ ᠡᠯ᠎ᠠ ᠲᠦᠷᠦᠯ ᠤᠨ ᠠᠵᠢᠯ ᠤᠨ ᠤᠷᠤᠬᠰᠢᠳᠡᠢ ᠠᠬᠢᠵᠦ ᠪᠤᠳᠡᠳᠡᠢ ᠤᠷᠤᠨᠵᠢᠬᠤ ᠶᠢ ᠪᠠᠳᠤᠯᠠᠨ᠎ᠠ᠃ 
ᠢᠷᠡᠯᠲᠡ᠄ ᠲᠤᠰ ᠰᠦᠯᠵᠢᠶ᠎ᠡ