ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢ ᠴᠢᠨᠠᠬᠰᠢᠳᠠ ᠳᠦᠷᠢᠮᠵᠢᠬᠦᠯᠬᠦ ᠳᠤᠬᠠᠢ ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠮᠡᠳᠡᠭᠳᠡᠯ
ᠨᠡᠶᠢᠲᠡᠯᠡᠭᠰᠡᠨ ᠴᠠᠭ᠄
2021/8/24
ᠡᠯ᠎ᠡ ᠰᠤᠮᠤ ᠰᠢᠶᠠᠩ ᠪᠠᠯᠭᠠᠰᠤᠨ ᠤ ᠠᠷᠠᠳ  ᠤᠨ ᠵᠠᠰᠠᠭ  ᠤᠨ ᠣᠷᠳᠣᠨ᠂  ᠡᠯ᠎ᠡ ᠵᠡᠭᠡᠯᠢ ᠭᠤᠳᠦᠮᠵᠢ ᠶᠢᠨ ᠭᠡᠷᠡᠭ ᠡᠷᠬᠢᠯᠡᠬᠦ ᠭᠠᠵᠡᠷ ᠂ ᠬᠤᠰᠢᠭᠤᠨ  ᠤ ᠲᠠᠷᠢᠶᠠᠯᠠᠩ ᠮᠠᠯ ᠠᠵᠤ ᠠᠬᠤᠶ  ᠶᠢᠨ ᠲᠣᠪᠴᠢᠶ᠎ᠠ  ᠳᠤ ᠄     ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ  ᠶᠢᠨ ᠠᠷᠭ᠎ᠠ︾ ︵ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠵᠠᠷᠯᠢᠭ 2021 ᠣᠨ  ᠤ 1 ᠲᠣᠭᠠᠲᠤ ︶   ᠶᠢᠨ  ᠬᠤᠯᠪᠤᠬᠳᠠᠯ ᠪᠥᠬᠦᠶ ᠱᠠᠭᠠᠷᠳᠠᠯᠭ᠎ᠠ ᠶᠣᠰᠣᠭᠠᠷ ᠂ ᠪᠥᠬᠦ ᠬᠤᠰᠢᠭᠤᠨ  ᠤ ᠬᠥᠳᠡᠭᠡ ᠲᠣᠰᠬᠤᠨ  ᠤ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ  ᠶᠢ  ᠴᠢᠨᠠᠬᠰᠢᠳᠠ ᠳᠦᠷᠢᠮᠵᠢᠬᠦᠯᠬᠦ  ᠶᠢᠨ ᠲᠤᠰᠠᠳᠠ ᠂ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ ᠄     ᠨᠢᠭᠡ᠂ ᠮᠠᠨ  ᠤ ᠬᠤᠰᠢᠭᠤᠨ  ᠤ ᠬᠡᠪᠴᠢᠶᠡᠨ ᠳᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠳᠤ ᠭᠦᠷᠪᠡᠯ᠂ ᠪᠥᠬᠦ ᠬᠤᠰᠢᠭᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ ᠠᠮᠢ ᠠᠬᠤᠶ ᠣᠷᠴᠢᠨ ᠲᠣᠭᠤᠷᠢᠨ ᠢ ᠡᠪᠳᠡᠵᠦ ᠪᠣᠯᠬᠤ ᠥᠬᠡᠶ᠂ ᠳᠠᠭᠠᠭᠠᠴᠢᠯᠠᠭᠰᠠᠨ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠰᠢᠨᠵᠢ ᠴᠢᠨᠠᠷ ᠵᠢᠴᠢ ᠲᠠᠷᠢᠶᠠᠯᠠᠩ ᠤᠨ ᠬᠡᠷᠡᠭᠴᠡᠭᠡ  ᠶᠢ ᠬᠤᠪᠢᠷᠠᠭᠤᠯᠵᠤ ᠪᠣᠯᠬᠤ ᠥᠬᠡᠶ᠂ ᠲᠠᠷᠢᠶᠠᠨ ᠭᠠᠵᠠᠷ  ᠢ ᠲᠠᠷᠢᠶᠠᠯᠠᠩ ᠳᠤ ᠬᠡᠷᠡᠭᠯᠡᠬᠦ  ᠶᠢ ᠦᠨᠡᠨ ᠬᠦ ᠪᠠᠲᠤᠯᠠᠵᠤ᠂ ᠠᠮᠤ ᠪᠤᠳᠠᠭᠠᠨ  ᠤ ᠦᠶᠯᠡᠳᠪᠦᠷᠢᠯᠡᠯ  ᠳᠤ ᠤᠷᠢᠳᠠᠪᠠᠷ ᠬᠡᠷᠡᠭᠯᠡᠨ᠎ᠡ ᠃     ᠬᠤᠶᠠᠷ᠂ ᠭᠠᠵᠠᠷ ᠰᠢᠷᠣᠶ  ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠳᠤ ᠰᠢᠯᠵᠢᠭᠦᠯᠦᠨ ᠠᠪᠤᠭᠴᠢ ᠲᠠᠯ᠎ᠠ ᠨᠢ ᠲᠠᠷᠢᠶᠠᠯᠠᠩ  ᠤᠨ ᠡᠵᠡᠩᠨᠡᠯᠲᠡ ᠶᠢᠨ ᠴᠢᠳᠠᠪᠤᠷᠢ ᠪᠤᠶᠤ ᠬᠢᠷᠢ ᠬᠡᠮ ᠲᠠᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠠᠶᠢᠬᠤ ᠬᠡᠷᠡᠭᠲᠡᠶ᠂ ᠰᠢᠯᠵᠢᠭᠦᠯᠦᠨ ᠠᠪᠤᠭᠴᠢ ᠲᠠᠯ᠎ᠠ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ  ᠤᠨ ᠶᠣᠰᠣᠭᠠᠷ ᠭᠠᠵᠠᠷ ᠰᠢᠷᠣᠶ  ᠶᠢ ᠬᠠᠮᠠᠭᠠᠯᠠᠵᠤ ᠂ ᠭᠠᠵᠠᠷ ᠰᠢᠷᠣᠶ  ᠶᠢᠨ ᠲᠠᠷᠢᠶᠠᠯᠠᠩ  ᠤᠨ ᠬᠡᠷᠡᠭᠴᠡᠭᠡ  ᠶᠢ ᠬᠤᠪᠢᠷᠠᠭᠤᠯᠬᠤ  ᠶᠢ ᠴᠠᠭᠠᠵᠠᠯᠠᠨ᠎ᠠ ᠃     ᠭᠤᠷᠪᠠ᠂ ᠳᠠᠭᠠᠭᠠᠴᠢᠯᠠᠭᠤᠯᠤᠭᠴᠢ ᠨᠢ ᠳᠠᠭᠠᠭᠠᠴᠢᠯᠠᠭᠴᠢ ᠶᠢᠨ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ  ᠶᠢ ᠰᠢᠯᠵᠢᠬᠦᠯᠦᠭᠰᠡᠨ᠂ ᠰᠢᠯᠵᠢᠭᠦᠯᠦᠨ ᠠᠪᠤᠭᠴᠢ ᠨᠢ ᠭᠠᠵᠠᠷ ᠰᠢᠷᠣᠶ  ᠶᠢᠨ  ᠡᠵᠡᠩᠨᠡᠯᠳᠡ ᠶᠢᠨ ᠡᠷᠬᠡ  ᠢ ᠲᠠᠬᠢᠨ  ᠰᠢᠯᠵᠢᠬᠦᠯᠦᠭᠰᠡᠨ ᠵᠢᠴᠢ ᠳᠠᠭᠠᠭᠠᠴᠢᠯᠠᠭᠴᠢ᠂ ᠰᠢᠯᠵᠢᠭᠦᠯᠦᠨ ᠠᠪᠤᠭᠴᠢ ᠨᠢ ᠭᠠᠵᠠᠷ ᠰᠢᠷᠣᠶ ᠶᠢᠨ ᠡᠵᠡᠩᠨᠡᠯᠳᠡ ᠡᠷᠬᠡ ᠶᠢ ᠠᠰᠢᠭᠯᠠᠨ ᠪᠡᠯᠡ  ᠴᠤᠬᠯᠠᠭᠤᠯᠬᠤ  ᠶᠢᠨ ᠳᠠᠭᠠᠭᠠᠯᠲᠠ ᠬᠢᠭᠰᠡᠨ ᠪᠠᠶᠢᠪᠠᠯ ᠂ ᠳᠠᠩᠰᠠᠯᠠᠭᠤᠯᠬᠤ  ᠶᠢᠨ ᠬᠠᠮᠲᠤ ᠪᠠᠶᠢᠭ᠎ᠠ  ᠰᠤᠮᠤ ᠰᠢᠶᠠᠩ  ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠭᠦᠯᠬᠦ ᠬᠡᠷᠡᠭᠲᠡᠶ ᠃      ᠳᠥᠷᠪᠡ ᠂ ᠭᠠᠵᠠᠷ ᠰᠢᠷᠣᠶ  ᠶᠢᠨ ᠡᠵᠡᠩᠨᠡᠯᠳᠡ ᠶᠢᠨ ᠡᠷᠬᠡ  ᠶᠢ ᠰᠢᠯᠵᠢᠬᠦᠯᠬᠦ  ᠳᠤ ︽ ᠬᠥᠳᠡᠭᠡ ᠲᠣᠰᠬᠤᠨ  ᠤ ᠭᠠᠵᠠᠷ ᠰᠢᠷᠣᠶ  ᠶᠢᠨ ᠡᠵᠡᠩᠨᠡᠯᠳᠡ  ᠶᠢᠨ ᠡᠷᠬᠡ  ᠶᠢ ᠰᠢᠯᠵᠢᠬᠦᠯᠬᠦ ᠬᠠᠮᠢᠶᠠᠷᠤᠯᠲᠠ  ᠶᠢᠨ ᠠᠷᠭ᠎ᠠ ︾ ︵ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ  ᠤᠨ  ᠬᠦᠳᠡᠭᠡ ᠠᠵᠤ ᠠᠬᠤᠢ ᠬᠥᠳᠡᠭᠡ ᠲᠣᠰᠬᠤᠨ  ᠤ ᠶᠠᠮᠤᠨ  ᠤ ᠵᠠᠷᠯᠢᠭ 2021 ᠣᠨ  ᠤ 1  ᠲᠣᠭᠠᠲᠤ ︶   ᠳᠤ ᠲᠣᠭᠲᠠᠭᠠᠭᠰᠠᠨ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠲᠠᠰ ᠳᠠᠷᠠᠭᠠᠯᠠᠯ  ᠢ ᠴᠢᠩᠭ᠎ᠠ ᠬᠡᠷᠡᠭᠵᠢᠭᠦᠯᠦᠨ᠎ᠡ ᠃ ᠬᠢᠨᠠᠨ ᠪᠠᠶᠢᠴᠠᠭᠠᠵᠤ ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ ᠂ ᠰᠢᠯᠵᠢᠭᠦᠯᠦᠨ ᠠᠪᠤᠭᠰᠠᠨ ᠭᠤᠤᠯ ᠴᠣᠭᠴᠠ  ᠨᠢ ᠳᠠᠭᠠᠭᠠᠴᠢᠯᠠᠭᠴᠢ  ᠯᠤᠭ᠎ᠠ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠭᠡᠷ᠎ᠡ ᠲᠣᠭᠲᠠᠵᠤ᠂ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠭᠤᠶᠤᠴᠢᠯᠠᠯ  ᠢᠶᠠᠨ ᠲᠣᠭᠲᠠᠭᠠᠯ ᠶᠣᠰᠣᠭᠠᠷ ᠲᠤᠰᠢᠶᠠᠭᠰᠠᠨ ᠥᠬᠡᠶ ᠪᠤᠶᠤ ᠬᠢᠨᠠᠨ ᠪᠠᠶᠢᠴᠠᠭᠠᠵᠤ ᠬᠢᠨᠠᠨ ᠬᠠᠷᠭᠤᠭᠤᠯᠵᠤ ᠥᠩᠭᠡᠷᠡᠭᠰᠡᠨ ᠥᠬᠡᠶ ᠪᠠᠶᠢᠪᠠᠯ ᠂ ᠭᠠᠵᠠᠷ ᠰᠢᠷᠣᠶ  ᠶᠢᠨ ᠡᠵᠡᠩᠨᠡᠯᠳᠡ ᠶᠢᠨ ᠡᠷᠬᠡ  ᠶᠢ ᠰᠢᠯᠵᠢᠬᠦᠯᠬᠦ ᠠᠵᠢᠯᠯᠠᠭ᠎ᠠ  ᠶᠢ  ᠶᠠᠪᠤᠬᠳᠠᠭᠤᠯᠵᠤ ᠪᠣᠯᠬᠤ ᠥᠬᠡᠶ ᠃    ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠤᠰᠢᠭᠤᠨ  ᠤ ᠲᠠᠷᠢᠶᠠᠯᠠᠩ ᠮᠠᠯ ᠠᠵᠤ ᠠᠬᠤᠶ  ᠶᠢᠨ ᠲᠣᠪᠴᠢᠶ᠎ᠠ ᠵᠡᠷᠭᠡ  ᠬᠤᠯᠪᠤᠬᠳᠠᠯ ᠪᠥᠬᠦᠶ ᠰᠠᠯᠠᠭ᠎ᠠ ᠮᠥᠴᠢᠷ ᠨᠢ ᠳᠡᠭᠡᠷᠡᠬᠢ ᠱᠠᠭᠠᠷᠳᠠᠯᠭ᠎ᠠ ᠵᠢᠴᠢ  ᠬᠤᠯᠪᠤᠬᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ  ᠶᠢ ᠴᠢᠩᠭ᠎ᠠ ᠵᠢᠷᠤᠮᠯᠠᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠵᠢᠯᠣᠭᠤᠳᠣᠯᠭ᠎ᠠ ᠪᠠ ᠬᠠᠮᠢᠶᠠᠷᠤᠯᠲᠠ  ᠶᠢᠨ ᠠᠵᠢᠯ  ᠢ ᠰᠠᠶᠢᠲᠤᠷ ᠬᠢᠵᠦ ᠂ ᠪᠥᠬᠦ ᠬᠤᠰᠢᠭᠤᠨ  ᠤ ᠬᠥᠳᠡᠭᠡ ᠲᠣᠰᠬᠤᠨ  ᠤ ᠭᠠᠵᠠᠷ ᠰᠢᠷᠣᠶ  ᠶᠢᠨ ᠡᠵᠡᠩᠨᠡᠯᠳᠡ ᠶᠢᠨ ᠡᠷᠬᠡ  ᠶᠢ ᠰᠢᠯᠵᠢᠬᠦᠯᠬᠦ ᠠᠵᠢᠯᠯᠠᠭ᠎ᠠ  ᠶᠢᠨ  ᠳᠦᠷᠢᠮᠵᠢᠯ  ᠲᠠᠢ ᠡᠮᠬᠢ  ᠳᠢᠭᠯᠢᠮ  ᠲᠠᠢ ᠪᠠᠶᠢᠬᠤ  ᠶᠢ ᠪᠠᠲᠤᠯᠠᠬᠤ ᠬᠡᠷᠡᠭᠲᠡᠶ ᠃                                                   ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ                                                   2021 ᠣᠨ  ᠤ 3 ᠰᠠᠷ᠎ᠠ  ᠶᠢᠨ 10 ᠤ ᠡᠳᠤᠷ        ᠬᠠᠭᠤᠯᠪᠤᠷᠢᠯᠠᠨ ᠬᠦᠷᠭᠡᠬᠦ ᠄ ᠬᠤᠰᠢᠭᠤᠨ  ᠤ ᠨᠠᠮ  ᠤᠨ ᠬᠤᠷᠢᠶ᠎ᠠ ᠂ ᠬᠤᠰᠢᠭᠤᠨ  ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶ᠎ᠠ ᠂ ᠬᠤᠰᠢᠭᠤᠨ  ᠤ ᠤᠯᠤᠰ ᠲᠥᠷᠥ  ᠶᠢᠨ ᠵᠥᠪᠯᠡᠯᠭᠡᠨ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠂ ᠠᠷᠠᠳ  ᠤᠨ ᠵᠡᠪᠰᠡᠭᠲᠦ ᠬᠦᠴᠦᠨ  ᠤ ᠬᠡᠯᠲᠡᠰ ᠂ ᠰᠢᠭᠦᠬᠦ ᠬᠤᠷᠢᠶ᠎ᠠ ᠂ ᠪᠠᠶᠢᠴᠡᠭᠠᠬᠤ ᠬᠤᠷᠢᠶ᠎ᠠ ᠂ ᠬᠤᠰᠢᠭᠤᠨ  ᠤ ᠨᠠᠮ  ᠤᠨ ᠬᠤᠷᠢᠶᠠᠨ  ᠤ ᠡᠯ᠎ᠡ ᠰᠠᠯᠠᠭ᠎ᠠ ᠮᠥᠴᠢᠷ ᠂ ᠡᠯ᠎ᠡ ᠠᠷᠠᠳ  ᠤᠨ ᠪᠦᠯᠬᠦᠮ ᠂ ᠡᠯ᠎ᠡ ᠰᠣᠨᠢᠨ ᠮᠡᠳᠡᠭᠡᠨ  ᠤ  ᠨᠢᠭᠡᠴᠢ ᠃                                            ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠠᠯᠪᠡᠠ ᠭᠡᠷ                                              2021 ᠣᠨ  ᠤ 3 ᠰᠠᠷ᠎ᠠ  ᠶᠢᠨ 10  ᠤ ᠡᠳᠦᠷ ᠳᠠᠷᠤᠮᠠᠯᠯᠠᠨ  ᠳᠠᠷᠬᠠᠭᠠᠪᠠ
ᠢᠷᠡᠯᠲᠡ᠄ ᠲᠤᠰ ᠰᠦᠯᠵᠢᠶ᠎ᠡ