ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠬᠠᠮᠢᠶᠠᠷᠤᠯᠲᠠ ᠶᠢ ᠴᠢᠨᠠᠭᠰᠢᠳᠠ    ᠴᠢᠩᠭᠠᠳᠬᠠᠬᠤ ᠲᠤᠬᠠᠶ ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠠᠯᠪᠡᠠ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/24
ᠵᠡᠭᠦᠨᠭᠠᠷ ᠠᠵᠤ ᠠᠬᠤᠶ ᠶᠢᠨ ᠨᠡᠭᠡᠭᠡᠯᠳᠠ ᠶᠢᠨ ᠤᠷᠦᠠ ᠤ ᠬᠠᠮᠢᠶᠠᠷᠤᠯᠲᠠ ᠶᠢᠨ ᠵᠦᠪᠯᠡᠯ ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ  ᠶᠢᠨ ᠰᠠᠭᠤᠷᠢᠨ ᠭᠠᠵᠠᠷ  ᠤᠨ ᠬᠠᠮᠢᠶᠠᠷᠤᠯᠲᠠ  ᠶᠢᠨ ᠵᠦᠪᠯᠡᠯ ᠂ ᠡᠯ᠎ᠡ  ᠰᠤᠮᠤ ᠰᠢᠶᠠᠩ  ᠪᠠᠯᠭᠠᠰᠤᠨ ᠤ ᠠᠷᠠᠳ  ᠤᠨ ᠵᠠᠰᠠᠭ  ᠤᠨ ᠣᠷᠳᠣᠨ ᠂ ᠡᠯ᠎ᠡ ᠵᠡᠭᠡᠯᠢ ᠭᠤᠳᠦᠮᠵᠢ  ᠶᠢᠨ ᠭᠡᠷᠡᠭ ᠡᠷᠬᠢᠯᠡᠬᠦ ᠭᠠᠵᠡᠷ ᠂ ᠬᠤᠰᠢᠭᠤᠨ  ᠤ ᠵᠠᠰᠠᠭ  ᠤᠨ ᠣᠷᠳᠣᠨ  ᠤ ᠡᠯ᠎ᠡ ᠰᠠᠯᠠᠭ᠎ᠠ ᠮᠥᠴᠢᠷ ᠂ ᠡᠯ᠎ᠡ ᠰᠢᠭᠤᠳ ᠬᠠᠷᠢᠶ᠎ᠠ  ᠪᠠᠶᠢᠭᠤᠯᠭ᠎ᠠ ᠂ ᠡᠯ᠎ᠡ ᠲᠣᠮᠣ ᠠᠵᠤ ᠠᠬᠤᠢᠢᠯᠠᠯ  ᠳᠤ ᠄     ︽ᠡᠳ᠋ ᠤᠨ ᠵᠠᠰᠠᠭ ᠤᠨ ᠦᠯᠡᠳᠡᠭᠳᠡᠯ ᠪᠡᠯᠡ ᠮᠥᠩᠭᠦ ᠶᠢ ᠠᠮᠢᠳᠤᠯᠢᠬᠵᠢᠭᠤᠯᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠢ ᠲᠦᠷᠦ ᠶᠢᠨ ᠶᠠᠪᠤᠳᠠᠯ  ᠤᠨ ᠬᠤᠷᠢᠶᠠᠨ ᠤ ᠠᠯᠪᠠᠨ ᠳᠢᠩᠬᠢᠮ ᠤᠨ ᠮᠡᠳᠡᠭᠳᠡᠯ ︾ ︵ᠲᠥᠷᠥ ᠠᠯᠪᠠᠨ ᠲᠠᠷᠬᠠᠭᠠᠭᠰᠠᠨ ﹇ 2014﹈ 70  ᠲᠣᠭᠠᠲᠤ ︶ ᠂ ︽ᠣᠷᠣᠨ ᠨᠤᠲᠤᠭ ᠤᠨ ᠡᠳ᠋  ᠤᠨ ᠵᠠᠰᠠᠭ ᠤᠨ ᠦᠯᠡᠳᠡᠭᠳᠡᠯ ᠪᠠᠯᠠ ᠮᠥᠩᠭᠦ ᠶᠢ  ᠠᠮᠢᠳᠤᠯᠢᠬᠵᠢᠭᠤᠯᠬᠤ ᠶᠢ ᠠᠬᠢᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ ︾ ︵ᠡᠳ᠋  ᠳᠦᠰᠤᠪ ﹇2015﹈ 15 ᠲᠣᠭᠠᠲᠤ ︶ ᠵᠢᠴᠢ ︽ᠡᠳ᠋  ᠤᠨ ᠵᠠᠰᠠᠭ  ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠨᠠᠭᠰᠢᠳᠠ  ᠴᠢᠩᠭᠠᠳᠬᠠᠬᠤ ᠲᠤᠬᠠᠶ ᠵᠡᠭᠦᠨᠭᠠᠷ ᠬᠤᠰᠢᠭᠤᠨ  ᠤ ᠨᠠᠮ  ᠤᠨ ᠬᠤᠷᠢᠶᠠᠨ  ᠤ ᠠᠯᠪᠡᠠ ᠭᠡᠷ ᠂ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ ᠤ ᠠᠯᠪᠡᠠ ᠭᠡᠷ ᠤᠨ ᠮᠡᠳᠡᠭᠳᠡᠯ ︾ ︵ᠵᠡᠬᠦᠠᠭᠠᠷ ᠨᠠᠮ ᠠᠯᠪᠠᠨ ᠲᠠᠷᠬᠠᠭᠠᠭᠰᠠᠨ ᠴᠠᠬᠢᠯᠭᠠᠨ ﹇2020﹈ 24 ᠲᠣᠭᠠᠲᠤ ︶   ᠤᠨ ᠱᠠᠭᠠᠷᠳᠠᠯᠭ᠎ᠠ ᠶᠢ ᠦᠨᠳᠤᠰᠤᠯᠡᠨ ᠂ ᠡᠳᠦᠭᠡ ᠡᠳ᠋  ᠤᠨ ᠵᠠᠰᠠᠭ  ᠤᠨ ᠪᠠᠯᠠ ᠮᠥᠩᠭᠦ  ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ ᠄     ᠨᠢᠭᠡ ᠂ ᠲᠥᠰᠦᠪ  ᠢ ᠭᠦᠢᠴᠡᠳᠬᠡᠬᠦ ᠬᠠᠮᠢᠶᠠᠷᠤᠯᠲᠠ  ᠶᠢ ᠴᠢᠩᠭᠠᠳᠬᠠᠵᠤ ᠂ ᠡᠳ᠋  ᠤᠨ ᠵᠠᠰᠠᠭ  ᠤᠨ ᠪᠡᠯᠡ ᠮᠥᠩᠭᠦ  ᠶᠢᠨ ᠵᠠᠷᠤᠯᠭ᠎ᠠ  ᠶᠢᠨ ᠠᠬᠢᠴᠠ  ᠶᠢ ᠲᠦᠷᠭᠡᠳᠬᠡᠨ᠎ᠡ    ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠡᠯ᠎ᠡ ᠲᠥᠰᠦᠪ ᠤᠨ ᠨᠢᠭᠡᠴᠢ ᠤᠷᠳᠤ ᠬᠤᠭᠤᠴᠠᠭ᠎ᠠ  ᠪᠠᠷ 《ᠠᠷᠪᠢᠯᠠᠨ ᠭᠠᠮᠨᠠᠬᠤ》 ᠦᠵᠡᠯ ᠰᠠᠨᠠᠭ᠎ᠠ  ᠶᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ ᠂ ᠠᠵᠢᠯᠴᠢ ᠠᠷᠪᠢᠴᠢ  ᠪᠠᠷ ᠠᠷᠪᠢᠯᠠᠨ ᠭᠠᠮᠨᠠᠬᠤ  ᠶᠢ ᠴᠢᠩᠭ᠎ᠠ ᠬᠡᠷᠡᠭᠵᠢᠭᠦᠯᠵᠦ ᠂ ᠵᠠᠷᠤᠯᠭ᠎ᠠ  ᠶᠢᠨ ᠪᠦᠲᠦᠴᠡ  ᠶᠢ ᠰᠢᠯᠢᠳᠡᠭᠵᠢᠭᠦᠯᠦᠨ ᠂ 《ᠭᠤᠷᠪᠠ  ᠶᠢ ᠪᠠᠲᠤᠯᠠᠬᠤ》 ᠬᠤᠷᠢᠭ᠎ᠠ ᠱᠤᠭᠤᠮ  ᠢ ᠪᠠᠲᠤ ᠰᠠᠬᠢᠵᠤ ᠂ ᠪᠠᠴᠢᠮ ᠬᠡᠷᠡᠭᠴᠡᠭᠡᠨ ᠤ ᠪᠤᠰᠤ ᠪᠠ  ᠪᠠᠳᠤᠯᠠᠭᠠᠳᠤ ᠪᠤᠰᠤ ᠵᠠᠷᠤᠯᠭ᠎ᠠ  ᠶᠢ ᠴᠢᠩᠭ᠎ᠠ ᠬᠢᠵᠠᠭᠠᠷᠯᠠᠵᠤ ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ  ᠶᠢ ᠪᠠᠶᠢᠭᠤᠯᠵᠤ ᠂  ᠬᠠᠰᠤᠵᠤ ᠪᠣᠯᠬᠤ ᠶᠢ ᠨᠢ ᠪᠦᠬᠦᠨ ᠢ ᠬᠠᠰᠤᠵᠤ᠂ ᠬᠠᠰᠤᠬᠤ ᠶᠣᠰᠣᠲᠠᠶ ᠶᠢ ᠨᠢ ᠪᠦᠬᠦᠨ ᠢ ᠬᠠᠰᠤᠬᠤ ᠶᠢ ᠪᠡᠶᠡᠯᠡᠭᠦᠯᠵᠦ᠂ ᠵᠠᠷᠤᠯᠭ᠎ᠠ  ᠶᠢ ᠠᠷᠪᠢᠯᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠪᠡᠯᠡ ᠮᠥᠩᠭᠦ ᠶᠢ ᠰᠤᠯᠠᠯᠠᠨ ᠭᠠᠷᠭᠠᠵᠤ ᠭᠤᠣᠯᠳᠠᠯᠭ᠎ᠠ ᠲᠠᠢ ᠵᠠᠷᠤᠯᠭ᠎ᠠ  ᠶᠢ ᠪᠠᠲᠤᠯᠠᠬᠤ ᠬᠡᠷᠡᠭᠲᠡᠶ︔ ᠲᠥᠰᠦᠪ  ᠤᠨ ᠠᠮᠵᠢᠯᠲᠠ ᠪᠦᠲᠦᠮᠵᠢ  ᠶᠢᠨ ᠤᠬᠠᠮᠰᠠᠷ  ᠢ ᠴᠢᠩᠭᠠᠳᠬᠠᠵᠤ ᠂ ᠲᠥᠰᠦᠪ  ᠤᠨ ᠠᠮᠵᠢᠯᠲᠠ ᠪᠦᠲᠦᠮᠵᠢ  ᠶᠢᠨ ᠦᠨᠡᠯᠡᠯᠲᠡ ᠶᠢᠨ ᠦᠷ᠎ᠡ ᠳ᠋ᠦᠩ  ᠤᠨ ᠬᠡᠷᠡᠭᠯᠡᠯᠲᠡ  ᠶᠢ ᠴᠢᠩᠭᠠᠳᠬᠠᠵᠤ ᠂ 《ᠵᠣᠭᠤᠰ ᠵᠠᠷᠤᠪᠠᠯ ᠵᠠᠪᠠᠯ ᠦᠷ᠎ᠡ ᠪᠦᠲᠦᠮᠵᠢ ᠶᠢ ᠨᠢ ᠨᠡᠬᠡᠮᠵᠢᠯᠡᠨ᠂ ᠦᠷ᠎ᠡ ᠪᠦᠲᠦᠮᠵᠢ  ᠭᠠᠷᠤᠬᠰᠠᠨ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ》  ᠶᠢ ᠦᠨᠡᠨ ᠬᠦ ᠪᠡᠶᠡᠯᠡᠭᠦᠯᠬᠦ ᠬᠡᠷᠡᠭᠲᠡᠶ︔ 2021 ᠣᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ  ᠶᠢᠨ ᠠᠵᠢᠯ ᠢ ᠤᠷᠢᠳᠴᠢᠯᠠᠨ ᠲᠥᠯᠥᠪᠵᠢᠭᠦᠯᠵᠦ᠂ ᠵᠢᠯ  ᠤᠨ ᠡᠬᠢᠨ  ᠤ ᠲᠥᠰᠦᠪ  ᠢ  ᠪᠣᠳᠠᠲᠠᠢ ᠲᠦᠷᠦᠯ ᠵᠦᠢᠯ ᠪᠠ ᠬᠡᠷᠡᠭᠵᠢᠭᠦᠯᠬᠦ ᠨᠢᠭᠡᠴᠢ  ᠶᠢᠨ ᠬᠢᠨ ᠳᠠᠷᠤᠢ ᠲᠦᠷᠭᠡᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠤᠷᠤᠨᠵᠢᠭᠤᠯᠤᠨ᠂ ᠴᠠᠭ ᠬᠤᠭᠤᠴᠠᠭ᠎ᠠ  ᠶᠢᠨ  ᠬᠢᠵᠠᠭᠠᠷᠯᠠᠯ ᠶᠣᠰᠣᠭᠠᠷ ᠪᠡᠯᠡ ᠮᠥᠩᠭᠦ  ᠪᠠᠭᠤᠯᠭᠠᠨ ᠥᠭᠬᠦ  ᠶᠢ ᠭᠦᠢᠴᠡᠳᠬᠡᠵᠦ ᠂ ᠵᠠᠷᠤᠯᠭ᠎ᠠ  ᠶᠢᠨ ᠠᠬᠢᠴᠠ  ᠶᠢ ᠲᠦᠷᠭᠡᠳᠬᠡᠬᠦ ᠬᠡᠷᠡᠭᠲᠡᠢ ᠃ ᠢᠯᠠᠩᠭᠤᠶ᠎ᠠ ᠪᠦᠳᠦᠭᠡᠨ ᠪᠠᠶᠢᠭᠤᠯᠤᠯᠲᠠ ᠬᠢᠵᠤ ᠪᠠᠶᠢᠭ᠎ᠠ ᠳᠦᠷᠤᠯ ᠵᠤᠶᠢᠯ ᠳᠤ ᠴᠢᠭᠯᠡᠭᠦᠯᠦᠨ ᠪᠦᠳᠦᠭᠡᠨ ᠪᠠᠶᠢᠭᠤᠯᠤᠯᠲᠠ  ᠶᠢᠨ ᠳᠦᠷᠤᠯ ᠵᠤᠶᠢᠯ ᠤᠨ  ᠪᠠᠷᠢᠯᠭ᠎ᠠ ᠡᠬᠢᠯᠡᠭᠦᠯᠬᠦ  ᠶᠢᠨ ᠡᠮᠦᠨᠡᠬᠢ ᠬᠤᠭᠤᠴᠠᠭᠠᠨ  ᠤ ᠭᠠᠷ ᠭᠦᠢᠴᠡᠳᠬᠡᠯ  ᠢ ᠱᠠᠯᠠᠪᠳᠠᠨ ᠬᠢᠵᠦ ᠂ ᠲᠣᠭᠲᠠᠭᠰᠠᠨ ᠬᠤᠭᠤᠴᠠᠭᠠᠨ  ᠳᠠᠭᠠᠨ  ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠬᠤ  ᠶᠢᠨ ᠬᠠᠮᠲᠤ ᠪᠦᠳᠦᠭᠡᠨ ᠪᠠᠶᠢᠭᠤᠯᠤᠯᠲᠠ  ᠶᠢᠨ ᠳᠦᠷᠤᠯ ᠵᠤᠶᠢᠯ ᠤᠨ ᠠᠬᠢᠴᠠ  ᠶᠢᠨ ᠶᠣᠰᠣᠭᠠᠷ ᠪᠡᠯᠡ ᠮᠥᠩᠭᠦ  ᠪᠠᠭᠤᠯᠭᠠᠨ ᠥᠭᠬᠦ ᠭᠠᠷ ᠭᠦᠢᠴᠡᠳᠬᠡᠯ  ᠢ ᠬᠢᠵᠤ ᠦᠭᠬᠦ ᠭᠡᠷᠡᠭᠳᠡᠢ︔  ᠠᠷᠠᠳ  ᠤᠨ ᠠᠮᠢᠳᠤᠷᠠᠯ  ᠤᠨ ᠨᠥᠬᠦᠪᠥᠷᠢ  ᠶᠢᠨ ᠲᠥᠷᠥᠯ ᠵᠦᠶᠯ  ᠳᠤ ᠴᠢᠭᠯᠡᠭᠦᠯᠦᠨ ᠂ ᠨᠥᠬᠦᠪᠥᠷᠢ  ᠦᠭᠬᠦ ᠬᠥᠮᠦᠰ  ᠤᠨ ᠮᠡᠳᠡᠭᠡ ᠵᠠᠩᠭᠢ ᠪᠠ ᠨᠥᠬᠦᠪᠥᠷᠢ   ᠶᠢᠨ ᠰᠠᠭᠤᠷᠢ ᠲᠤᠭ᠎ᠠ ᠶᠢ ᠤᠷᠢᠳᠴᠢᠯᠠᠨ ᠬᠢᠨᠠᠨ ᠬᠠᠷᠭᠤᠭᠤᠯᠵᠤ ᠂ ᠰᠠᠷ᠎ᠠ᠂ ᠤᠯᠠᠷᠢᠯ ᠪᠤᠯᠭᠠᠨ ᠳᠤ ᠴᠠᠭ ᠲᠤᠬᠠᠶ  ᠳᠤᠨᠢ ᠨᠥᠬᠦᠪᠥᠷᠢ ᠥᠭᠬᠦ ᠡᠲᠡᠭᠡᠳ ᠲᠤ ᠣᠯᠭᠤᠨ ᠥᠭᠴᠦ ᠂ ᠵᠢᠯ  ᠤᠨ ᠡᠴᠦᠰ  ᠲᠤ ᠱᠠᠯᠠᠪᠳᠠᠨ ᠵᠣᠭᠤᠰ ᠵᠠᠷᠤᠬᠤ ᠦᠵᠡᠭᠳᠡᠯ ᠡᠭᠦᠰᠬᠦ  ᠠᠴᠠ ᠵᠠᠶᠢᠯᠠᠰᠬᠢᠬᠦ ᠬᠡᠷᠡᠭᠲᠡᠶ᠃     ᠬᠤᠶᠠᠷ᠂ ᠦᠯᠡᠳᠡᠭᠳᠡᠯ ᠪᠡᠯᠡ ᠮᠥᠩᠭᠦ ᠶᠢ  ᠴᠡᠪᠡᠷᠯᠡᠨ ᠠᠮᠢᠳᠤᠯᠢᠬᠵᠢᠭᠤᠯᠵᠤ᠂ ᠡᠳ᠋ ᠤᠨ ᠵᠠᠰᠠᠭ ᠤᠨ ᠪᠡᠯᠡ  ᠮᠦᠩᠬᠦᠨ ᠤ ᠬᠡᠷᠡᠭᠯᠡᠯᠲᠡ  ᠶᠢᠨ ᠦᠷ᠎ᠡ ᠪᠦᠲᠦᠮᠵᠢ  ᠶᠢ ᠳᠡᠭᠡᠭᠰᠢᠯᠡᠭᠦᠯᠤᠨ᠎ᠠ      ᠡᠨᠡ ᠵᠢᠯ ᠠᠴᠠ ᠡᠬᠢᠯᠡᠨ  ᠬᠤᠰᠢᠭᠤᠨ ᠤ ᠡᠳ᠋  ᠤᠨ ᠵᠠᠰᠠᠭ  ᠨᠢ ᠡᠳ᠋  ᠤᠨ ᠵᠠᠰᠠᠭ  ᠤᠨ ᠦᠯᠡᠳᠡᠭᠳᠡᠯ ᠪᠠᠯᠠ ᠮᠥᠩᠭᠦ  ᠶᠢ  ᠠᠮᠢᠳᠤᠯᠢᠬᠵᠢᠭᠤᠯᠬᠤ ᠴᠢᠩᠭ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠲᠥᠷᠥᠯ  ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠠᠯᠠ ᠮᠥᠩᠭᠦ ᠶᠢ ᠬᠤᠷᠢᠶᠠᠪᠠᠰᠤ ᠵᠣᠬᠢᠬᠤ  ᠶᠢ ᠨᠢ ᠪᠦᠬᠦᠨ ᠢ ᠬᠤᠷᠢᠶᠠᠵᠤ ᠂ ᠳᠠᠭᠢᠵᠤ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢᠨ ᠬᠠᠮᠲᠤ ᠦᠯᠡᠳᠡᠭᠳᠡᠯ ᠪᠠᠯᠠ ᠮᠥᠩᠭᠦ  ᠶᠢ ᠠᠮᠢᠳᠤᠯᠢᠬᠵᠢᠭᠤᠯᠬᠤ ᠪᠠᠶᠢᠩᠭᠤ  ᠶᠢᠨ ᠲᠣᠭᠲᠠᠴᠠ  ᠶᠢ ᠪᠣᠶ ᠪᠣᠯᠭᠠᠨ᠎ᠠ᠃ ᠬᠤᠶᠢᠰᠢᠳᠠ ᠂ ᠵᠢᠯ  ᠤᠨ ᠡᠴᠦᠰ  ᠲᠤ ᠡᠯ᠎ᠡ ᠲᠥᠰᠦᠪ  ᠤᠨ  ᠨᠢᠭᠡᠴᠢ ᠶᠢᠨ ᠦᠯᠡᠳᠡᠪᠦᠷᠢ ᠪᠠᠯᠠ ᠮᠥᠩᠭᠦ ᠂ ᠦᠷᠭᠦᠯᠵᠢᠯᠡᠨ ᠬᠤᠶᠠᠷ ᠵᠢᠯ ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ ᠳᠡᠭᠡᠳᠦ ᠱᠠᠲᠤᠨ  ᠤ ᠲᠤᠰᠬᠠᠶ ᠪᠠᠯᠠ ᠮᠥᠩᠭᠦ ᠪᠣᠯᠤᠨ ᠵᠠᠷᠤᠭᠰᠠᠨ ᠥᠬᠡᠶ ᠲᠣᠰ ᠱᠠᠲᠤᠨ  ᠤ ᠡᠳ᠋  ᠤᠨ ᠵᠠᠰᠠᠭ  ᠤᠨ ᠪᠠᠯᠠ ᠮᠥᠩᠭᠦ  ᠶᠢ ᠵᠠᠷᠴᠢᠮ ᠳᠡᠭᠡᠷ᠎ᠡ  ᠪᠠᠨ ᠳ᠋ᠦᠩᠨᠡᠨ ᠰᠢᠯᠵᠢᠭᠦᠯᠬᠦ ᠥᠬᠡᠶ ᠂ ᠪᠦᠬᠦᠨ  ᠢ ᠬᠤᠰᠢᠭᠤᠨ  ᠤ ᠡᠳ᠋  ᠤᠨ ᠵᠠᠰᠠᠭ ᠨᠢᠭᠡᠳᠦᠯᠲᠡᠶ ᠲᠥᠯᠥᠪᠯᠡᠨ ᠬᠡᠷᠡᠭᠯᠡᠨ᠎ᠡ ᠃     ᠡᠯ᠎ᠡ ᠲᠥᠰᠦᠪ  ᠤᠨ  ᠨᠢᠭᠡᠴᠢ ᠨᠢ ᠲᠥᠰᠦᠪ  ᠤᠨ ᠲᠥᠷᠥᠯ ᠵᠦᠶᠯ  ᠲᠠᠢ ᠬᠠᠷᠢᠴᠠᠭᠤᠯᠤᠨ ᠂ 2020 ᠣᠨ ᠵᠢᠴᠢ ᠥᠩᠭᠡᠷᠡᠭᠰᠡᠨ ᠵᠢᠯ ᠤᠳ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠠᠯᠠ ᠮᠥᠩᠭᠦ  ᠶᠢᠨ ᠪᠠᠶᠢᠳᠠᠯ  ᠢ ᠪᠥᠬᠦ ᠲᠠᠯ᠎ᠠ  ᠪᠠᠷ ᠡᠮᠬᠢᠯᠡᠨ ᠭᠠᠷᠭᠠᠬᠤ ᠬᠡᠷᠡᠭᠲᠡᠶ ᠃ ᠪᠠᠷᠢᠯᠭ᠎ᠠ ᠳᠠᠭᠤᠰᠤᠭᠰᠠᠨ ᠲᠥᠷᠥᠯ ᠵᠦᠶᠯ  ᠳᠤ ᠂  ᠬᠤᠯᠪᠤᠬᠳᠠᠯ ᠪᠥᠬᠦᠶ ᠰᠠᠯᠠᠭ᠎ᠠ ᠮᠥᠴᠢᠷ  ᠢ ᠴᠠᠭ ᠲᠤᠬᠠᠶ  ᠳᠤᠨᠢ ᠵᠣᠬᠢᠶᠠᠨ ᠪᠠᠶᠢᠭᠤᠯᠤᠨ ᠰᠢᠯᠭᠠᠨ  ᠬᠤᠷᠢᠶᠠᠬᠤ  ᠶᠢᠨ ᠬᠠᠮᠲᠤ ᠪᠠᠷᠢᠯᠭ᠎ᠠ ᠳᠠᠭᠤᠰᠤᠭᠰᠠᠨ ᠲᠥᠰᠦᠪ  ᠤᠨ ᠭᠦᠶᠴᠡᠳᠬᠡᠯ  ᠢ ᠭᠦᠶᠴᠡᠳᠬᠡᠵᠦ ᠂ ᠪᠠᠯᠠ ᠮᠥᠩᠭᠦ  ᠶᠢᠨ ᠵᠠᠷᠤᠯᠭ᠎ᠠ  ᠶᠢᠨ ᠠᠬᠢᠴᠠ  ᠶᠢ ᠲᠦᠷᠭᠡᠳᠬᠡᠬᠦ ᠬᠡᠷᠡᠭᠲᠡᠶ ︔  ᠪᠠᠶᠢᠭᠤᠯᠵᠤ ᠪᠠᠶᠢᠭ᠎ᠠ ᠳᠦᠷᠤᠯ ᠵᠤᠶᠢᠯ ᠳᠤ ᠪᠣᠯ ᠠᠵᠢᠯ ᠤᠨ ᠡᠭᠡ ᠲᠠᠩᠰᠠ ᠪᠠᠶᠢᠭᠤᠯᠵᠤ ᠂ ᠲᠥᠷᠥᠯ ᠵᠦᠢᠯ ᠢ ᠠᠬᠢᠭᠤᠯᠬᠤ ᠠᠷᠭ᠎ᠠ ᠬᠡᠮᠵᠢᠶ᠎ᠡ ᠬᠢᠭᠡᠳ ᠪᠡᠯᠡ ᠮᠥᠩᠭᠦ ᠥᠭᠬᠦ ᠲᠥᠯᠥᠪᠯᠡᠭᠡ  ᠪᠠᠨ ᠲᠣᠳᠣᠷᠬᠠᠢᠢᠯᠠᠬᠤ ᠬᠡᠷᠡᠭᠲᠡᠶ︔᡾ ᠬᠠᠷᠠᠬᠠᠨ  ᠪᠠᠷᠢᠯᠭ᠎ᠠ ᠡᠬᠢᠯᠡᠭᠦᠯᠦᠭᠡᠳᠦᠶ ᠲᠥᠷᠥᠯ ᠵᠦᠶᠯ  ᠳᠤ ᠪᠣᠳᠠᠲᠠᠶ ᠰᠢᠯᠲᠠᠭᠠᠨ  ᠢ ᠨᠢ ᠡᠷᠢᠵᠦ ᠂ ᠴᠢᠭᠯᠡᠭᠦᠯᠬᠦ ᠴᠢᠨᠠᠷᠲᠠᠶ  ᠪᠠᠷ ᠰᠢᠶᠳᠪᠦᠷᠢᠯᠡᠬᠦ ᠠᠷᠭ᠎ᠠ  ᠶᠢ ᠳᠤᠷᠠᠳᠤᠨ ᠭᠠᠷᠭᠠᠵᠤ ᠂ ᠳᠠᠷᠦ᠋ᠢᠬᠠᠨ ᠠᠵᠢᠯ ᠡᠬᠢᠯᠡᠭᠦᠯᠬᠦ ᠬᠡᠷᠡᠭᠲᠡᠶ ᠂ ᠡᠳ᠋  ᠤᠨ ᠵᠠᠰᠠᠭ  ᠤᠨ ᠪᠠᠯᠠ ᠮᠥᠩᠭᠦ  ᠶᠢᠨ ᠬᠡᠪ  ᠤᠨ ᠪᠤᠰᠤ ᠦᠯᠡᠳᠡᠪᠦᠷᠢ  ᠶᠢ ᠪᠣᠶ ᠪᠣᠯᠭᠠᠵᠤ ᠪᠣᠯᠬᠤ ᠥᠬᠡᠶ᠃ ᠬᠤᠰᠢᠭᠤᠨ ᠤ ᠡᠳ᠋  ᠤᠨ ᠵᠠᠰᠠᠭ 5 ᠰᠠᠷ᠎ᠠ  ᠶᠢᠨ ᠡᠬᠢᠨ ᠳᠤ ᠂ ᠡᠯ᠎ᠡ ᠲᠥᠰᠦᠪ  ᠤᠨ  ᠨᠢᠭᠡᠴᠢ  ᠶᠢᠨ 2021 ᠣᠨ ᠤ 4 ᠰᠠᠷ᠎ᠠ  ᠶᠢᠨ ᠰᠡᠭᠦᠯᠴᠢ  ᠪᠤᠯᠳᠠᠯᠠᠬᠢ ᠵᠠᠷᠤᠭᠰᠠᠨ ᠥᠬᠡᠶ 2020 ᠣᠨ ᠵᠢᠴᠢ ᠲᠡᠭᠦᠨ  ᠠᠴᠠ ᠡᠮᠦᠨᠡᠬᠢ ᠣᠨ  ᠤ ᠪᠠᠯᠠ ᠮᠥᠩᠭᠦ  ᠶᠢ  ᠠᠮᠢᠳᠤᠯᠢᠬᠵᠢᠭᠤᠯᠤᠨ ᠬᠤᠷᠢᠶᠠᠨ ᠠᠪᠴᠤ ᠂ ᠬᠤᠰᠢᠭᠤᠨ ᠤ ᠨᠠᠮ  ᠤᠨ ᠬᠤᠷᠢᠶ᠎ᠠ ᠂ ᠵᠠᠰᠠᠭ  ᠤᠨ ᠣᠷᠳᠣᠨ  ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠪᠠ ᠣᠳᠣᠬᠠᠨ  ᠤ ᠪᠠᠴᠢᠮ ᠬᠡᠷᠡᠭᠰᠡᠬᠦ ᠪᠠᠯᠠ ᠮᠥᠩᠭᠦ  ᠶᠢᠨ ᠳᠡᠮᠵᠢᠯᠭᠡ  ᠶᠢᠨ ᠬᠦᠷᠢᠶ᠎ᠡ ᠴᠠᠷᠠᠭ᠎ᠠ  ᠶᠢ ᠪᠠᠲᠤᠯᠠᠬᠤ  ᠳᠤ ᠬᠡᠷᠡᠭᠯᠡᠬᠦ  ᠪᠠᠷ ᠨᠢᠭᠡᠳᠦᠯᠲᠡᠶ ᠲᠥᠯᠥᠪᠯᠡᠨ  ᠳᠤᠬᠢᠷᠠᠭᠤᠯᠤᠨ᠎ᠠ ᠃ ᠪᠠᠯᠠ ᠮᠥᠩᠭᠦ  ᠶᠢ  ᠠᠮᠢᠳᠤᠯᠢᠬᠵᠢᠭᠤᠯᠬᠤ ᠬᠡᠪᠴᠢᠶ᠎ᠡ  ᠳᠤ ᠭᠤᠤᠯᠳᠠᠭᠤ ᠳᠣᠤᠷᠠᠬᠢ ᠬᠡᠳᠦᠨ ᠲᠠᠯ᠎ᠠ  ᠶᠢ ᠪᠠᠭᠲᠠᠭᠠᠨ᠎ᠠ ᠄ ᠨᠢᠭᠡ  ᠳᠤ 4 ᠰᠠᠷ᠎ᠠ  ᠶᠢᠨ 30  ᠤ ᠡᠳᠦᠷ  ᠪᠤᠯᠳᠠᠯᠠᠬᠢ ᠬᠤᠰᠢᠭᠤᠨ  ᠤ ᠡᠳ᠋  ᠤᠨ ᠵᠠᠰᠠᠭ  ᠦᠯᠡᠳᠡᠭᠳᠡᠯ ᠪᠠᠯᠠ ᠮᠥᠩᠭᠦ  ᠶᠢ ᠲᠣᠬᠢᠷᠠᠭᠤᠯᠬᠤ  ᠪᠠᠷ ᠳᠡᠮᠵᠢᠨ ᠮᠥᠨ ᠯᠡ ᠵᠠᠷᠤᠴᠠᠭᠤᠯᠤᠭᠠᠳᠤᠶ ᠪᠠᠯᠠ ᠮᠥᠩᠭᠦ ︔ ᠬᠤᠶᠠᠷ  ᠲᠤ 4 ᠰᠠᠷ᠎ᠠ  ᠶᠢᠨ 30  ᠤ ᠡᠳᠦᠷ ᠪᠣᠯᠲᠠᠯᠠᠬᠢ ᠦᠯᠡᠳᠡᠪᠦᠷᠢ ᠪᠠ ᠵᠠᠯᠭᠠᠭᠠᠪᠠᠷ ᠬᠤᠶᠠᠷ ᠵᠢᠯ  ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ ᠳᠡᠭᠡᠳᠦ ᠱᠠᠲᠤᠨ  ᠤ ᠲᠤᠰᠬᠠᠶ ᠪᠠᠯᠠ ᠮᠥᠩᠭᠦ ︔ ᠭᠤᠷᠪᠠ  ᠳᠤ ᠂ 4 ᠰᠠᠷ᠎ᠠ  ᠶᠢᠨ 30  ᠤ ᠡᠳᠦᠷ  ᠪᠤᠯᠳᠠᠯᠠᠬᠢ ᠬᠤᠰᠢᠭᠤᠨ  ᠤ ᠡᠳ᠋  ᠤᠨ ᠵᠠᠰᠠᠭ ᠲᠣᠰ ᠱᠠᠲᠤᠨ  ᠤ ᠲᠥᠰᠦᠪ  ᠤᠨ ᠲᠣᠬᠢᠷᠠᠭᠤᠯᠤᠯᠲᠠ  ᠪᠠᠷ ᠳᠡᠮᠵᠢᠨ ᠵᠠᠷᠤᠭᠰᠠᠨ ᠥᠬᠡᠶ ᠦᠨᠳᠦᠰᠦᠨ ᠵᠠᠷᠤᠯᠭ᠎ᠠ ᠪᠠ ᠲᠥᠷᠥᠯ ᠵᠦᠶᠯ  ᠤᠨ ᠵᠠᠷᠤᠯᠭ᠎ᠠ  ᠶᠢᠨ ᠪᠠᠯᠠ ᠮᠥᠩᠭᠦ ︔ ᠲᠦᠷᠪᠡ  ᠳᠤ ᠡᠯ᠎ᠡ ᠲᠥᠰᠦᠪ  ᠤᠨ ᠨᠢᠭᠡᠴᠢ  ᠶᠢᠨ ᠪᠣᠳᠠᠲᠠᠶ ᠪᠠᠶᠢᠭ᠎ᠠ ᠪᠡᠯᠡ ᠮᠥᠩᠭᠦᠨ  ᠤ ᠲᠠᠩᠰᠠᠨ ᠡᠷᠦᠭᠡ  ᠶᠢᠨ ᠥᠩᠭᠡᠷᠡᠭᠰᠡᠨ ᠵᠢᠯ ᠤᠳ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠃      ᠭᠤᠷᠪᠠ ᠂ ᠭᠤᠣᠯ ᠴᠣᠭᠴᠠ  ᠶᠢᠨ ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ ᠂  ᠡᠳ᠋ ᠤᠨ ᠵᠠᠰᠠᠭ ᠤᠨ ᠪᠡᠯᠡ ᠮᠥᠩᠭᠦ  ᠶᠢᠨ ᠵᠣᠬᠢᠶᠠᠨ ᠪᠠᠶᠢᠭᠤᠯᠤᠯᠲᠠ  ᠶᠢᠨ ᠪᠠᠲᠤᠯᠠᠭ᠎ᠠ  ᠶᠢ  ᠴᠢᠩᠭᠠᠳᠬᠠᠨ᠎ᠠ    ᠡᠳ᠋  ᠤᠨ ᠵᠠᠰᠠᠭ ᠤᠨ ᠰᠠᠯᠠᠭ᠎ᠠ ᠮᠥᠴᠢᠷ ᠪᠣᠯᠤᠨ ᠡᠯ᠎ᠡ ᠲᠥᠰᠦᠪ  ᠤᠨ ᠨᠢᠭᠡᠴᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠨ ᠦᠵᠡᠵᠦ ᠂ ᠵᠣᠬᠢᠶᠠᠨ ᠪᠠᠶᠢᠭᠤᠯᠤᠯᠲᠠ  ᠶᠢᠨ ᠤᠳᠤᠷᠢᠳᠤᠯᠭ᠎ᠠ  ᠪᠠᠨ ᠴᠢᠩᠭᠠᠳᠬᠠᠨ ᠂ ᠡᠳ᠋  ᠤᠨ ᠵᠠᠰᠠᠭ  ᠤᠨ ᠪᠠᠯᠠ ᠮᠥᠩᠭᠦ  ᠶᠢ ᠨᠢᠭᠡᠳᠦᠯᠲᠡᠶ ᠲᠥᠯᠥᠪᠯᠡᠨ ᠬᠡᠷᠡᠭᠯᠡᠬᠦ  ᠶᠢ ᠦᠨᠡᠨᠬᠦ ᠠᠬᠢᠭᠤᠯᠵᠤ ᠂ ᠡᠳ᠋  ᠤᠨ ᠵᠠᠰᠠᠭ  ᠤᠨ ᠪᠠᠯᠠ ᠮᠥᠩᠭᠦ  ᠶᠢᠨ ᠵᠠᠷᠤᠯᠭ᠎ᠠ  ᠶᠢᠨ ᠪᠦᠲᠦᠴᠡ  ᠶᠢ ᠰᠢᠯᠢᠳᠡᠭᠵᠢᠭᠦᠯᠦᠨ ᠂ ᠡᠳ᠋  ᠤᠨ ᠵᠠᠰᠠᠭ  ᠤᠨ ᠪᠠᠯᠠ ᠮᠥᠩᠭᠦ  ᠶᠢᠨ ᠬᠡᠷᠡᠭᠯᠡᠯᠲᠡ  ᠶᠢᠨ ᠦᠷ᠎ᠡ ᠠᠰᠢᠭ  ᠢ ᠭᠦᠶᠴᠡᠳ ᠪᠠᠳᠠᠷᠠᠭᠤᠯᠬᠤ ᠬᠡᠷᠡᠭᠲᠡᠶ ᠃ ᠡᠳ᠋  ᠤᠨ ᠵᠠᠰᠠᠭ ᠤᠨ ᠰᠠᠯᠠᠭ᠎ᠠ ᠮᠥᠴᠢᠷ ᠨᠢ  ᠬᠤᠯᠪᠤᠬᠳᠠᠯ ᠪᠦᠬᠦᠢ ᠠᠵᠢᠯ  ᠤᠨ ᠠᠬᠢᠴᠠ  ᠶᠢᠨ ᠪᠠᠶᠢᠳᠠᠯ  ᠢ ᠨᠢᠭᠲᠠ ᠠᠩᠬᠠᠷᠴᠤ ᠂ ᠲᠥᠰᠦᠪ  ᠤᠨ ᠰᠠᠯᠠᠭ᠎ᠠ ᠮᠥᠴᠢᠷ  ᠯᠦᠭᠡ  ᠶᠢᠨ  ᠤᠶᠢᠯᠠᠭᠠᠯᠴᠠᠭ᠎ᠠ ᠪᠠ ᠵᠢᠯᠤᠭᠤᠳᠤᠯᠭ᠎ᠠ  ᠪᠠᠨ ᠴᠢᠩᠭᠠᠳᠬᠠᠬᠤ ᠬᠡᠷᠡᠭᠲᠡᠢ ᠃ ᠲᠥᠰᠦᠪ ᠤᠨ ᠰᠠᠯᠠᠭ᠎ᠠ ᠮᠥᠴᠢᠷ ᠨᠢ ᠪᠥᠬᠦ ᠲᠠᠯ᠎ᠠ  ᠶᠢᠨ ᠤᠬᠠᠮᠰᠠᠷ  ᠢᠶᠠᠨ ᠨᠡᠮᠡᠭᠳᠡᠭᠦᠯᠦᠨ ᠂ ᠢᠳᠡᠪᠬᠢᠲᠡᠶ  ᠪᠠᠷ  ᠠᠵᠢᠯᠯᠠᠵᠤ ᠂ ᠰᠠᠨᠠᠭᠠᠴᠢᠯᠠᠭ᠎ᠠ  ᠠᠴᠠ  ᠪᠠᠨ ᠡᠳ᠋  ᠤᠨ ᠵᠠᠰᠠᠭ ᠤᠨ ᠰᠠᠯᠠᠭ᠎ᠠ ᠮᠥᠴᠢᠷ  ᠲᠠᠢ ᠬᠠᠮᠵᠢᠯᠴᠠᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ ᠡᠷᠴᠢᠮ ᠢ ᠴᠢᠩᠭᠠᠳᠬᠠᠵᠤ ᠂  ᠡᠳ᠋ ᠤᠨ ᠵᠠᠰᠠᠭ ᠤᠨ ᠪᠡᠯᠡ ᠮᠥᠩᠭᠦ  ᠶᠢᠨ ᠬᠡᠷᠡᠭᠯᠡᠯᠲᠡ  ᠶᠢᠨ ᠦᠷ᠎ᠡ ᠠᠰᠢᠭ  ᠢ ᠳᠡᠭᠡᠭᠰᠢᠯᠡᠭᠦᠯᠬᠦ ᠬᠡᠷᠡᠭᠲᠡᠶ ᠃                                           ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠠᠯᠪᠡᠠ ᠭᠡᠷ                                            2021 ᠣᠨ  ᠤ 3 ᠰᠠᠷ᠎ᠠ  ᠶᠢᠨ 29 ᠤ ᠡᠳᠤᠷ 
ᠢᠷᠡᠯᠲᠡ᠄ ᠲᠤᠰ ᠰᠦᠯᠵᠢᠶ᠎ᠡ