︽ᠨᠢᠳᠤᠨᠤᠨ ᠪᠢ ᠭᠠᠴᠠᠭᠠᠨ ᠠᠴᠠ ᠪᠠᠨ ᠯᠢᠶᠤᠤᠨᠢᠩ ᠤᠨ 50 ᠨᠤᠤᠯᠤᠭᠤᠷ ᠤᠨ ᠢᠮᠠᠭ᠎ᠠ ᠶᠢ ᠤᠷᠤᠯᠠᠵᠦ ᠲᠡᠵᠢᠬᠡᠬᠡᠳ᠂ ᠡᠨᠡ ᠵᠢᠯ ᠤᠨ ᠨᠤᠤᠯᠤᠭᠤᠷ ᠤᠨ | ᠲᠡᠭᠡᠷ᠎ᠠ ᠢᠰᠢᠬᠡ ᠪᠠᠨ ᠨᠡᠮᠡᠪᠡᠯ 14 ᠲᠦᠮᠡ ᠭᠠᠷᠤᠢ ᠲᠦᠬᠦᠷᠢᠭ ᠤᠨ ᠤᠷᠤᠯᠭ᠎ᠠ ᠤᠯᠤᠯ᠎ᠠ᠂ ᠲᠠᠷᠠᠭ᠎ᠠ ᠵᠢᠯ 25 ᠲᠦᠮᠡᠨ ᠲᠦᠬᠦᠷᠢᠭ ᠤᠨ ᠤᠷᠤᠯᠭ᠎ᠠ ᠤᠯᠤᠨ᠎ᠠ᠂ | ᠭᠠᠴᠠᠭᠠᠨ ᠤ ᠬᠡᠷᠡᠭᠵᠢᠬᠦᠯᠦᠭᠰᠡᠨ ᠡᠨᠡ ᠬᠦ ᠤᠷᠤᠯᠠᠭᠤᠯᠵᠦ ᠲᠡᠵᠢᠬᠡᠯᠬᠡᠬᠦ ᠠᠷᠭ᠎ᠠ ᠮᠠᠶ᠋ᠢᠭ ᠨᠢ ᠦᠨᠡᠨ ᠪᠤᠯᠤᠨ᠎ᠠ ᠰᠢᠤ︾ ᠬᠡᠵᠦ ᠪᠠᠶᠠᠵᠢᠬᠤ ᠠᠷᠭ᠎ᠠ ᠵᠠᠮ ᠢ ᠤᠯᠤᠬᠰᠠᠨ | ᠪᠤᠷᠤᠳᠤᠬᠤᠢ ᠶᠢᠨ ᠳᠠᠪᠠᠭᠠᠨᠰᠢᠯᠢ ᠭᠠᠴᠠᠭᠠᠨ ᠤ ᠡᠯᠡᠰᠦᠳᠡᠢ ᠮᠠᠯᠵᠢᠯ ᠤᠨ ᠬᠤᠷᠰᠢᠶ᠎ᠠ ᠶᠢᠨ ᠠᠷᠠᠳ ᠸᠠᠩ ᠬᠦᠢ ᠯᠢᠨ ᠢᠳᠡᠬᠡᠯ ᠲᠦᠬᠦᠷᠠᠩ ᠶᠠᠷᠢᠵᠦ ᠪᠠᠶᠢᠯ᠎ᠠ᠃ | | ᠭᠠᠴᠠᠭᠠᠨ ᠤ ᠬᠠᠮᠳᠤ ᠶᠢᠨ ᠠᠵᠤ ᠦᠢᠯᠡᠰ ᠤᠨ ᠲᠦᠷᠦᠯ ᠵᠦᠢᠯ ᠪᠠ ᠶᠠᠳᠠᠭᠤ ᠬᠦᠴᠢᠷᠳᠡᠯᠳᠡᠢ ᠤᠯᠠᠨ ᠲᠦᠮᠡᠨ ᠤ ᠠᠰᠢᠭ ᠲᠤᠰᠠ ᠶᠢ ᠬᠠᠷᠢᠯᠴᠠᠨ | ᠤᠶᠠᠯᠳᠤᠭᠤᠯᠬᠤ ᠲᠤᠬᠳᠠᠴᠠ ᠶᠢ ᠲᠡᠬᠦᠯᠳᠡᠷᠵᠢᠬᠦᠯᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠤᠷᠤᠯᠴᠠᠯᠭ᠎ᠠ ᠶᠢ ᠬᠦᠴᠦᠯᠡᠨ ᠲᠡᠬᠡᠭᠰᠢᠯᠡᠬᠦᠯᠵᠦ᠂ ᠤᠯᠠᠨ | ᠲᠦᠮᠡᠨ ᠤ ᠲᠤᠳᠤᠭᠠᠳᠤ ᠬᠦᠳᠡᠯᠬᠡᠭᠴᠢ ᠬᠦᠴᠦᠨ ᠢ ᠪᠠᠳᠠᠷᠠᠭᠤᠯᠬᠤ ᠪᠠᠷ᠂ 2019 ᠤᠨ ᠠᠴᠠ ᠡᠬᠢᠯᠡᠨ᠂ ᠪᠤᠷᠤᠳᠤᠬᠤᠢ ᠰᠤᠮᠤ ᠶᠢᠨ ᠳᠠᠪᠠᠭᠠᠨᠰᠢᠯᠢ ᠭᠠᠴᠠᠭ᠎ᠠ ᠨᠢ | ᠭᠠᠴᠠᠭ᠎ᠠ ᠮᠠᠯᠵᠢᠯ ᠤᠨ ᠬᠤᠷᠰᠢᠶ᠎ᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠦ᠂ ᠭᠠᠴᠠᠭᠠᠨ ᠤ ᠱᠠᠳᠤ ᠶᠢᠨ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠵᠠᠮ ᠢ | ᠢᠳᠡᠪᠬᠢᠳᠡᠢ ᠰᠦᠪᠡᠭᠴᠢᠯᠡᠵᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢ ᠬᠦᠢᠴᠡᠳ ᠪᠠᠳᠠᠷᠠᠭᠤᠯᠵᠦ᠂ | ᠯᠢᠶᠤᠤᠨᠢᠩ ᠮᠤᠵᠢ ᠠᠴᠠ ᠨᠤᠤᠯᠤᠭᠤᠷ ᠤᠨ ᠤᠨᠠᠯᠳᠠ ᠦᠨᠳᠦᠷ᠂ ᠴᠢᠨᠠᠷ ᠰᠠᠶᠢᠳᠡᠢ᠂ ᠤᠳᠤᠮᠯᠠᠯ ᠤᠨ ᠰᠢᠨᠵᠢ ᠲᠤᠬᠳᠠᠪᠤᠷᠢᠳᠡᠢ᠂ ᠦᠷᠡᠵᠢᠬᠦ ᠴᠢᠳᠠᠪᠤᠷᠢ ᠪᠠᠷ ᠰᠠᠶᠢᠨ | ᠨᠤᠤᠯᠤᠭᠤᠷ ᠤᠨ ᠢᠮᠠᠭ᠎ᠠ ᠶᠢ ᠤᠷᠤᠭᠤᠯᠤᠨ ᠠᠪᠴᠢᠷᠠᠵᠦ᠂ ᠨᠦᠬᠦᠴᠡᠯ ᠰᠠᠶᠢᠳᠡᠢ᠂ ᠴᠢᠳᠠᠪᠤᠷᠢ ᠲᠠᠢ᠂ ᠲᠡᠵᠢᠬᠡᠨ ᠠᠷᠠᠴᠢᠯᠠᠬᠤ ᠬᠦᠰᠡᠯ ᠲᠠᠢ ᠶᠠᠳᠠᠭᠤ ᠬᠦᠴᠢᠷᠳᠡᠯᠳᠡᠢ | ᠡᠷᠦᠬᠡ ᠳᠤ ᠤᠷᠤᠯᠠᠭᠤᠯᠵᠦ ᠲᠡᠵᠢᠬᠡᠯᠬᠡᠬᠦ ᠬᠡᠯᠡᠯᠴᠡᠬᠡᠷ ᠢ ᠤᠷᠢᠳ ᠢᠶᠠᠷ ᠲᠤᠬᠳᠠᠵᠦ᠂ ︽ᠭᠠᠴᠠᠭᠠᠨ ᠤ ᠬᠠᠮᠳᠤ ᠨᠠᠶᠢᠳᠠ + ᠮᠠᠯᠴᠢᠨ ᠲᠠᠷᠢᠶᠠᠴᠢᠨ ᠡᠷᠦᠬᠡ︾ ᠶᠢᠨ | ᠬᠤᠯᠪᠤᠭᠠᠯᠠᠬᠤ ᠬᠤᠤᠰ ᠴᠢᠭᠯᠡᠯᠳᠤ ᠬᠦᠭᠵᠢᠯᠳᠠ ᠶᠢᠨ ᠠᠷᠭ᠎ᠠ ᠮᠠᠶ᠋ᠢᠭ ᠢᠶᠠᠷ ᠵᠠᠮᠨᠠᠪᠠ᠃ ᠡᠨᠡ ᠨᠢ ᠶᠠᠳᠠᠭᠤ ᠬᠦᠴᠢᠷᠳᠡᠯᠳᠡᠢ ᠡᠷᠦᠬᠡ ᠶᠢᠨ ᠤᠷᠳᠤ ᠬᠤᠭᠤᠴᠠᠭ᠎ᠠ ᠪᠠᠷ | ᠲᠤᠭᠳᠠᠭᠤᠨ ᠤᠷᠤᠯᠭ᠎ᠠ ᠶᠢᠨ ᠨᠡᠮᠡᠭᠳᠡᠯ ᠲᠠᠢ ᠪᠠᠶᠢᠬᠤ ᠵᠠᠮ ᠮᠦᠷ ᠢ ᠦᠷᠬᠡᠳᠬᠡᠭᠰᠡᠨ ᠢᠶᠠᠷ ᠪᠠᠷᠠᠬᠤ ᠦᠬᠡᠢ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ︽ | ᠬᠦᠷᠢ ᠶᠢ ᠡᠷᠪᠡᠬᠡᠢ ᠪᠤᠯᠵᠦ ᠬᠤᠪᠢᠯᠤᠭᠤᠯᠵᠡᠢ︾᠃ ︽ᠦᠡᠭᠬᠡᠷᠡᠭᠰᠡᠨ ᠳᠤ᠂ ᠮᠠᠨ ᠤ ᠳᠠᠪᠠᠭᠠᠨᠰᠢᠯᠢ ᠭᠠᠴᠠᠭ᠎ᠠ ᠶᠢᠨ ︿ᠡᠬᠦᠷ ᠵᠦᠪᠯᠡᠯ﹀ ᠤᠨ ᠬᠢᠨ ᠨᠢᠬᠳᠠᠷᠠᠭᠤᠯᠬᠤ | ᠬᠦᠴᠦᠨ ᠢᠶᠠᠷ ᠲᠤᠳᠠᠮᠠᠭ ᠪᠠᠶᠢᠵᠦ᠂ ᠨᠡᠶᠢᠯᠡᠯ ᠬᠦᠴᠦᠨ ᠪᠤᠯᠵᠦ ᠪᠦᠷᠢᠯᠳᠦᠵᠦ ᠴᠢᠳᠠᠭ᠎ᠠ ᠦᠬᠡᠢ ᠪᠠᠶᠢᠬᠰᠠᠨ ᠪᠤᠯᠬᠤᠷ ᠭᠠᠴᠠᠭᠠᠨ ᠤ ᠬᠠᠮᠳᠤ ᠶᠢᠨ ᠠᠵᠤ ᠠᠬᠤᠢ ︿ | ᠵᠤᠭᠤᠰ ᠮᠦᠡᠭᠬᠦ ᠦᠬᠡᠢ﹀ ᠪᠠᠶᠢᠪᠠ᠃ ᠲᠡᠬᠡᠬᠦ ᠳᠤ ᠤᠯᠠᠨ ᠲᠦᠮᠡᠨ ᠤ ᠲᠤᠳᠤᠭᠠᠳᠤ ᠬᠦᠳᠡᠯᠬᠡᠭᠴᠢ ᠬᠦᠴᠦᠨ ᠴᠤ ᠪᠠᠭᠤᠷᠡᠢ ᠪᠠᠶᠢᠬᠤ ᠨᠢ ᠭᠠᠷᠴᠠᠭ᠎ᠠ ᠦᠬᠡᠢ᠃ ︿ | ᠡᠷᠦᠬᠡ ᠳᠤ ᠤᠷᠤᠯᠠᠭᠤᠯᠵᠦ ᠲᠡᠵᠢᠬᠡᠯᠬᠡᠬᠦ﹀ ᠡᠨᠡ ᠬᠦ ᠬᠠᠮᠳᠤ ᠶᠢᠨ ᠠᠵᠤ ᠠᠬᠤᠢ ᠶᠢᠨ ᠲᠦᠷᠦᠯ ᠵᠦᠢᠯ ᠢ ᠬᠦᠭᠵᠢᠬᠦᠯᠬᠦ ᠠᠷᠭ᠎ᠠ ᠮᠠᠶ᠋ᠢᠭ ᠢ ᠶᠠᠪᠤᠬᠳᠠᠭᠤᠯᠤᠬᠰᠠᠨ ᠠᠴᠠ | ᠨᠠᠭᠠᠰᠢ᠂ ᠭᠠᠴᠠᠭᠠᠨ ᠤ〈ᠡᠬᠦᠷ ᠵᠦᠪᠯᠡᠯ〉 ᠤᠨ ᠨᠡᠷ᠎ᠠ ᠬᠦᠨᠳᠤ ᠨᠡᠮᠡᠭᠳᠡᠵᠦ᠂ ᠭᠠᠴᠠᠭᠠᠨ ᠤ ᠠᠷᠠᠳ ᠤᠨ ᠢᠳᠡᠪᠬᠢᠵᠢᠯ ᠴᠤ ᠠᠯᠭᠤᠷ ᠢᠶᠠᠷ ᠲᠡᠭᠡᠭᠰᠢᠯᠡᠪᠠ᠃ | ᠢᠯᠠᠩᠭᠤᠶ᠎ᠠ ᠨᠢᠳᠤᠨᠤᠨ ᠠᠴᠠ ᠡᠬᠢᠯᠡᠨ᠂ ᠮᠠᠨ ᠤ ᠭᠠᠴᠠᠭᠠᠨ ᠤ ᠬᠢᠨ ᠢᠮᠠᠭ᠎ᠠ ᠪᠦᠷᠢ ᠶᠢ ᠵᠢᠯ ᠳᠤ 150 ᠲᠦᠬᠦᠷᠢᠭ ᠪᠠ ᠵᠢᠯ ᠳᠤ 200 ᠲᠦᠬᠦᠷᠢᠭ ᠢᠶᠠᠷ | ᠲᠦᠷᠢᠶᠡᠰᠦᠯᠡᠬᠦᠯᠵᠦ᠂ ᠭᠠᠴᠠᠭᠠᠨ ᠤ 4 ᠶᠠᠳᠠᠭᠤ ᠬᠦᠴᠢᠷᠳᠡᠯᠳᠡᠢ ᠡᠷᠦᠬᠡ ᠪᠠ 1 ᠶᠡᠷᠦ ᠶᠢᠨ ᠠᠶᠢᠯ ᠲᠠᠢ ᠤᠷᠤᠯᠠᠭᠤᠯᠵᠦ ᠲᠡᠵᠢᠬᠡᠯᠬᠡᠬᠦ ᠬᠡᠯᠡᠯᠴᠡᠬᠡᠷ ᠲᠤᠬᠳᠠᠵᠦ᠂ | ᠲᠡᠳᠡᠨ ᠢ ᠤᠷᠢᠳ ᠢᠶᠠᠷ ᠬᠦᠭᠵᠢᠬᠦᠯᠬᠦ ᠪᠠᠷ ᠪᠤᠯᠪᠠ᠃ ᠵᠢᠯ ᠭᠠᠷᠤᠢ ᠶᠢᠨ ᠤᠷᠤᠯᠠᠨ ᠲᠡᠵᠢᠬᠡᠭᠰᠡᠨ ᠢᠶᠠᠷ᠂ ᠲᠡᠳᠡ ᠢᠮᠠᠭ᠎ᠠ ᠪᠤᠯᠭᠠᠨ ᠲᠡᠭᠡᠷ᠎ᠠ ᠲᠤᠮᠳᠠᠴᠢ ᠪᠠᠷ 800 | ᠭᠠᠷᠤᠢ ᠲᠦᠬᠦᠷᠢᠭ ᠤᠨ ᠤᠷᠤᠯᠭ᠎ᠠ ᠤᠯᠵᠦ᠂ ᠵᠢᠯ ᠤᠨ ᠲᠤᠮᠳᠠᠴᠢ ᠤᠷᠤᠯᠭ᠎ᠠ ᠨᠢ 2 ᠲᠦᠮᠡ ᠭᠠᠷᠤᠢ ᠲᠦᠬᠦᠷᠢᠭ ᠨᠡᠮᠡᠭᠳᠡᠵᠦ᠂ ᠭᠠᠴᠠᠭᠠᠨ ᠤ ᠬᠠᠮᠳᠤ ᠶᠢᠨ ᠠᠵᠤ | ᠠᠬᠤᠢ ᠶᠢᠨ ᠤᠷᠤᠯᠭ᠎ᠠ ᠴᠤ ᠦᠬᠡᠢ ᠪᠠᠶᠢᠬᠰᠠᠨ ᠠᠴᠠ ᠪᠠᠨ ᠪᠤᠵᠠᠭᠠᠶᠢᠷᠠᠵᠦ 7 ᠲᠦᠮᠡᠨ ᠲᠦᠬᠦᠷᠢᠭ ᠤᠨ ᠤᠷᠤᠯᠭ᠎ᠠ ᠲᠠᠢ ᠪᠤᠯᠵᠡᠢ︾ ᠬᠡᠵᠦ ᠪᠤᠷᠤᠳᠤᠬᠤᠢ ᠰᠤᠮᠤ ᠶᠢᠨ | ᠳᠠᠪᠠᠭᠠᠨᠰᠢᠯᠢ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠤ ᠲᠠᠷᠤᠭ᠎ᠠ ᠬᠠᠨ ᠰᠠᠨ ᠰᠢᠶᠤᠤ ᠢᠡᠭᠬᠢᠵᠦ ᠬᠡᠯᠡᠪᠡ᠃ | ᠳᠠᠪᠠᠭᠠᠨᠰᠢᠯᠢ ᠭᠠᠴᠠᠭᠠᠨ ᠤ ᠪᠠ ᠯᠢᠶᠠᠩ ᠮᠠᠯᠵᠢᠯ ᠤᠨ ᠬᠤᠷᠰᠢᠶ᠎ᠠ ᠶᠢᠨ ᠠᠷᠠᠳ ᠯᠢ ᠮᠠᠨ ᠶᠢᠨ ᠦᠡᠭᠬᠡᠷᠡᠭᠰᠡᠨ ᠳᠤ ᠪᠤᠯ ᠶᠠᠳᠠᠭᠤ ᠬᠦᠴᠢᠷᠳᠡᠯᠳᠡᠢ ᠡᠷᠦᠬᠡ | ᠪᠠᠶᠢᠵᠡᠢ᠃ ︽ᠡᠷᠦᠬᠡ ᠳᠤ ᠤᠷᠤᠯᠠᠭᠤᠯᠵᠦ ᠲᠡᠵᠢᠬᠡᠯᠬᠡᠬᠦ︾ ᠠᠷᠭ᠎ᠠ ᠮᠠᠶ᠋ᠢᠭ ᠤᠨ ᠲᠠᠭᠠᠭᠤᠯᠭ᠎ᠠ ᠪᠠᠷ᠂ ᠨᠢᠳᠤᠨᠤᠨ ᠵᠢᠯ ᠲᠡᠷᠡ ᠭᠠᠴᠠᠭᠠᠨ ᠠᠴᠠ ᠯᠢᠶᠤᠤᠨᠢᠩ ᠤᠨ 10 | ᠢᠮᠠᠭ᠎ᠠ ᠶᠢ ᠤᠷᠤᠯᠠᠨ ᠲᠡᠵᠢᠬᠡᠵᠦ᠂ ᠡᠨᠡ ᠵᠢᠯ ᠪᠠᠰᠠ 10 ᠢᠮᠠᠭ᠎ᠠ ᠨᠡᠮᠡᠨ ᠲᠡᠵᠢᠬᠡᠬᠡᠳ ᠵᠢᠯ ᠤᠨ ᠤᠷᠤᠯᠭ᠎ᠠ ᠪᠠᠨ 2 ᠲᠦᠮᠡᠨ ᠭᠠᠷᠤᠢ ᠪᠤᠯᠭᠠᠨ ᠨᠡᠮᠡᠭᠳᠡᠬᠦᠯᠴᠢᠬᠡᠯᠠ᠃ | ᠲᠡᠷᠡ ᠰᠤᠷᠪᠤᠯᠵᠢᠯᠠᠬᠴᠢ ᠳᠤ᠂ ᠭᠠᠴᠠᠭᠠᠨ ᠠᠴᠠ ᠶᠠᠳᠠᠭᠤ ᠬᠦᠴᠢᠷᠳᠡᠯᠳᠡᠢ ᠡᠷᠦᠬᠡ ᠳᠤ ᠬᠠᠷᠠᠭᠠᠯᠵᠠᠯ ᠬᠦᠷᠳᠡᠬᠡᠵᠦ᠂ ᠢᠮᠠᠭ᠎ᠠ ᠨᠢᠬᠡᠪᠦᠷᠢ ᠶᠢ ᠵᠢᠯ ᠳᠤ 150 | ᠲᠦᠬᠦᠷᠢᠭ ᠢᠶᠠᠷ ᠲᠦᠷᠢᠶᠡᠰᠦᠯᠡᠬᠦᠯᠬᠦ ᠳᠡᠭᠡᠨ ᠨᠠᠮ᠎ᠠ ᠳᠤ ᠦᠷᠡᠵᠢᠯ ᠤᠨ ᠢᠮᠠᠭ᠎ᠠ ᠶᠢ ᠤᠷᠢᠳ ᠢᠶᠠᠷ ᠤᠷᠤᠯᠠᠭᠤᠯᠤᠨ ᠲᠡᠵᠢᠬᠡᠯᠬᠡᠪᠡ᠃ ᠮᠢᠨᠤ ᠪᠠᠶᠠᠷᠯᠠᠳᠠᠭ ᠤᠨ ᠤᠴᠢᠷ | ᠬᠡᠪᠡᠯ᠂ ᠦᠷᠡᠵᠢᠯ ᠤᠨ ᠢᠮᠠᠭ᠎ᠠ ᠶᠢᠨ ᠲᠦᠯᠯᠡᠭᠰᠡᠨ ᠢᠰᠢᠬᠡ ᠨᠢ ᠪᠦᠷ ᠮᠢᠨᠤᠬᠢ᠂ ᠨᠤᠤᠯᠤᠭᠤᠷ ᠤᠨ ᠮᠦᠡᠭᠬᠦ ᠨᠢ ᠴᠤ ᠮᠢᠨᠦᠬᠢ ᠪᠠᠶᠢᠵᠦ᠂ ᠲᠠᠷᠠᠭ᠎ᠠ ᠵᠢᠯ ᠪᠢ ᠪᠠᠰᠠ | ᠭᠠᠴᠠᠭᠠᠨ ᠠᠴᠠ ᠬᠡᠳᠦᠨ ᠢᠮᠠᠭ᠎ᠠ ᠤᠷᠤᠯᠠᠨ ᠲᠡᠵᠢᠬᠡᠵᠦ᠂ ᠠᠮᠢᠳᠤᠷᠠᠯ ᠢᠶᠠᠨ ᠨᠠᠩ ᠰᠠᠶᠢᠨ ᠪᠤᠯᠭᠠᠨ᠎ᠠ ᠬᠡᠵᠦ ᠶᠠᠷᠢᠵᠦ ᠪᠠᠶᠢᠯ᠎ᠠ᠃ | | | ᠤᠳᠤᠬᠠᠨ ᠳᠤ᠂ ᠳᠠᠪᠠᠭᠠᠨᠰᠢᠯᠢ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠨᠤᠤᠯᠤᠭᠤᠷ ᠤᠨ ᠢᠮᠠᠭ᠎ᠠ ᠤᠤᠯ ᠤᠨ 50 ᠲᠤᠯᠤᠭᠠᠢ ᠪᠠᠶᠢᠬᠰᠠᠨ ᠠᠴᠠ ᠪᠠᠨ | 350 ᠪᠤᠯᠤᠨ ᠨᠡᠮᠡᠭᠳᠡᠵᠦ᠂ ᠭᠠᠴᠠᠭᠠᠨ ᠤ ᠤᠷᠤᠯᠭ᠎ᠠ ᠴᠤ ᠬᠡᠳᠦᠨ ᠮᠢᠩᠭᠠᠨ ᠲᠦᠬᠦᠷᠢᠭ ᠠᠴᠠ ᠪᠠᠨ ᠬᠡᠳᠦᠨ ᠲᠦᠮᠡᠨ ᠲᠦᠬᠦᠷᠢᠭ ᠪᠤᠯᠵᠦ᠂ ᠴᠢᠨᠠᠬᠰᠢᠯᠠᠨ ᠬᠡᠳᠦᠨ | ᠠᠷᠪᠠᠨ ᠲᠦᠮᠡᠨ ᠲᠦᠬᠦᠷᠢᠭ ᠪᠤᠯᠵᠦ ᠨᠡᠮᠡᠭᠳᠡᠭᠰᠡᠨ ᠪᠠᠶᠢᠨ᠎ᠠ᠃ 2018 ᠤᠨ ᠠᠴᠠ ᠡᠬᠢᠯᠡᠨ᠂ ᠳᠠᠪᠠᠭᠠᠨᠰᠢᠯᠢ ᠭᠠᠴᠠᠭ᠎ᠠ ᠨᠢ ᠳᠠᠪᠠᠭᠠᠨᠰᠢᠯᠢ ᠭᠠᠴᠠᠭᠠᠨ ᠤ ᠪᠠ ᠯᠢᠶᠠᠩ | ᠮᠠᠯ ᠲᠡᠵᠢᠬᠡᠬᠦ ᠲᠤᠰᠬᠠᠢ ᠬᠤᠷᠰᠢᠶᠠᠵᠢᠯ ᠢ ᠲᠠᠩᠰᠠᠯᠠᠭᠤᠯᠵᠦ᠂ ᠡᠬᠢ ᠪᠠᠶᠠᠯᠢᠭ ᠢᠶᠠᠨ ᠬᠦᠷᠦᠩᠬᠡ ᠮᠦᠡᠭᠬᠦ᠂ ᠬᠦᠷᠦᠩᠬᠡ ᠮᠦᠡᠭᠬᠦ ᠪᠠᠨ ᠬᠤᠪᠢ ᠤᠷᠤᠭᠤᠯᠤᠯᠳᠠ ᠶᠢᠨ | ᠮᠦᠡᠭᠬᠦ ᠪᠤᠯᠭᠠᠨ ᠬᠤᠪᠢᠷᠠᠭᠤᠯᠵᠦ᠂ ᠲᠠᠷᠢᠶᠠᠴᠢᠳ ᠬᠤᠪᠢ ᠤᠷᠤᠭᠤᠯᠤᠬᠴᠢ ᠪᠤᠯᠵᠡᠢ᠃ ᠭᠠᠴᠠᠭᠠᠨ ᠤ ᠱᠠᠳᠤ ᠶᠢᠨ ᠬᠠᠮᠳᠤ ᠶᠢᠨ ᠠᠵᠤ ᠠᠬᠤᠢ ᠶᠢᠨ ᠴᠢᠰᠤ ᠪᠦᠳᠦᠬᠡᠬᠦ | ᠴᠢᠳᠠᠪᠤᠷᠢ ᠶᠢ ᠡᠬᠢᠯᠡᠨ ᠨᠡᠮᠡᠭᠳᠡᠬᠦᠯᠵᠦ᠂ ᠭᠠᠴᠠᠭᠠᠨ ᠤ ᠠᠷᠠᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠭᠠᠴᠠᠭᠠᠨ ᠤ ᠠᠷᠠᠳ ᠤᠨ ᠡᠳ᠋ | ᠬᠦᠷᠦᠩᠬᠡ ᠶᠢᠨ ᠴᠢᠨᠠᠷᠳᠡᠢ ᠤᠷᠤᠯᠭ᠎ᠠ ᠶᠢ ᠨᠡᠮᠡᠭᠳᠡᠬᠦᠯᠵᠦ᠂ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠢᠢᠷᠠᠭᠤᠯᠬᠤ ᠶᠢ ᠠᠬᠢᠭᠤᠯᠵᠦ᠂ ᠶᠠᠳᠠᠭᠤ ᠠᠴᠠ | ᠠᠩᠬᠢᠵᠢᠷᠠᠬᠤ ᠪᠤᠭᠤᠮᠳᠠ ᠰᠢᠪᠳᠤᠯᠤᠬᠰᠠᠨ ᠦᠷ᠎ᠠ ᠠᠰᠢᠭ ᠢ ᠪᠠᠳᠤᠳᠬᠠᠬᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠬᠦ ᠳᠤ ᠪᠠᠳᠤ ᠪᠠᠬᠢ ᠰᠠᠭᠤᠷᠢ ᠲᠠᠢ ᠪᠤᠯᠭᠠᠪᠠ᠃ | ᠭᠠᠴᠠᠭᠠᠨ ᠤ ᠬᠠᠮᠳᠤ ᠶᠢᠨ ᠠᠵᠤ ᠠᠬᠤᠢ ᠬᠦᠴᠦᠷᠬᠡᠭᠵᠢᠯᠠ᠂ ᠭᠠᠴᠠᠭᠠᠨ ᠤ ᠠᠷᠠᠳ ᠤᠨ ᠢᠳᠡᠪᠬᠢᠵᠢᠯ ᠢ ᠪᠠᠳᠠᠷᠠᠭᠤᠯᠵᠦ ᠴᠢᠳᠠᠯ᠎ᠠ᠂ ᠭᠠᠴᠠᠭᠠᠨ ᠤ ᠨᠠᠮ ᠤᠨ | ᠡᠬᠦᠷ ᠤᠨ ᠵᠤᠬᠢᠶᠠᠨ ᠪᠠᠶᠢᠭᠤᠯᠬᠤ ᠴᠢᠳᠠᠪᠤᠷᠢ ᠢᠯᠡᠷᠬᠡᠢ ᠰᠠᠶᠢᠵᠢᠷᠠᠯ᠎ᠠ᠂ ᠮᠠᠯᠴᠢᠨ ᠲᠠᠷᠢᠶᠠᠴᠢᠳ ᠬᠦᠴᠢᠷᠳᠡᠯ ᠢᠶᠠᠨ ᠰᠢᠢᠳᠪᠤᠷᠢᠯᠡᠬᠦ ᠳᠤ ᠴᠤ ᠲᠤᠳᠤᠷ ᠲᠠᠮᠢᠷ ᠲᠠᠢ | ᠪᠤᠯᠵᠡᠢ᠃ ᠪᠡᠶᠡᠵᠢᠶᠠ ᠬᠡᠪᠡᠯ ᠤᠷᠢᠳᠡᠪᠡᠷ ᠵᠠᠮ ᠢᠶᠠᠨ ᠵᠠᠰᠠ ᠬᠡᠳᠡᠭ᠃ ᠳᠠᠪᠠᠭᠠᠨᠰᠢᠯᠢ ᠭᠠᠴᠠᠭ᠎ᠠ ︽ᠲᠦᠷᠪᠡ ᠶᠢ ᠵᠦᠪᠯᠡᠵᠦ ᠬᠤᠶᠠᠷ ᠢ ᠢᠯᠡ ᠪᠤᠯᠭᠠᠬᠤ︾ ᠬᠤᠷᠠᠯ ᠢ | ᠬᠤᠷᠠᠯᠳᠤᠭᠤᠯᠵᠦ᠂ ᠤᠯᠠᠨ ᠲᠦᠮᠡᠨ ᠤ ᠲᠤᠰᠬᠠᠬᠰᠠᠨ ᠬᠠᠯᠠᠮᠰᠢᠯ ᠲᠠᠢ᠂ ᠬᠦᠴᠢᠷᠳᠡᠯ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠳᠤ ᠴᠢᠭᠯᠡᠬᠦᠯᠦᠨ᠂ ᠭᠠᠴᠠᠭᠠᠨ ᠤ | ᠨᠠᠮ ᠤᠨ ᠡᠬᠦᠷ ᠨᠢ ᠡᠨᠡ ᠵᠢᠯ ︽ᠨᠢᠬᠡ ᠬᠡᠷᠡᠭ ᠢ ᠨᠢᠬᠡ ᠪᠠᠷ ᠵᠦᠪᠯᠡᠬᠦ︾ ᠡᠳ᠋ ᠤᠨ ᠵᠠᠰᠠᠭ ᠤᠨ ᠱᠠᠩᠨᠠᠨ ᠨᠦᠬᠦᠪᠦᠷᠢᠯᠡᠬᠦ ᠪᠡᠯᠡ ᠮᠦᠡᠭᠬᠦ ᠶᠢ ᠬᠤᠪᠢᠳᠠᠨ ᠤᠯᠵᠦ᠂ 7 | ᠺᠢᠯᠤᠮᠧᠲᠷ ᠤᠨ ᠬᠠᠶᠢᠷ ᠴᠢᠯᠠᠭᠤᠨ ᠵᠠᠮ ᠢ ᠰᠠᠯᠪᠢᠨ ᠵᠠᠰᠠᠵᠦ᠂ ᠭᠠᠴᠠᠭᠠᠨ ᠤ ᠠᠷᠠᠳ ᠤᠨ ᠶᠠᠪᠤᠵᠤ ᠰᠠᠭᠤᠬᠤ ᠬᠦᠴᠢᠷ ᠲᠠᠢ ᠠᠰᠠᠭᠤᠳᠠᠯ ᠢ ᠰᠢᠢᠳᠪᠤᠷᠢᠯᠡᠵᠡᠢ᠃ | ᠠᠷᠠᠳ ᠢ ᠬᠠᠷᠠᠭᠠᠯᠵᠠᠬᠤ ᠲᠦᠷᠦᠯ ᠵᠦᠢᠯ ᠨᠢᠬᠡᠪᠦᠷᠢ ᠨᠢ ᠠᠷᠠᠳ ᠤᠨ ᠰᠡᠳᠬᠢᠯ ᠢ ᠨᠢᠬᠳᠠᠷᠠᠭᠤᠯᠵᠦ᠂ ᠪᠤᠳᠠᠳᠤ ᠶᠠᠪᠤᠳᠠᠯ ᠨᠢᠬᠡᠪᠦᠷᠢ ᠨᠢ ᠨᠠᠮ ᠤᠨ ᠵᠤᠬᠢᠶᠠᠨ | ᠪᠠᠶᠢᠭᠤᠯᠤᠯᠳᠠ ᠶᠢᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠪᠠᠳᠤᠳᠬᠠᠵᠡᠢ᠃ ᠬᠠᠨ ᠰᠠᠨ ᠰᠢᠶᠤᠤ ᠢᠷᠡᠬᠡᠳᠦᠢ ᠳᠡᠭᠡᠨ ᠨᠠᠩ ᠢᠳᠡᠬᠡᠯ | ᠲᠦᠬᠦᠷᠠᠩ ᠪᠠᠶᠢᠨ᠎ᠠ᠃ ᠲᠡᠷᠡ ᠬᠡᠯᠡᠬᠦ ᠳᠡᠭᠡᠨ᠄ ︽ᠤᠳᠤ ᠶᠢᠨ ᠳᠠᠪᠠᠭᠠᠨᠰᠢᠯᠢ ᠭᠠᠴᠠᠭ᠎ᠠ ᠪᠠᠭᠤᠷᠡᠢ ᠠᠴᠠ ᠪᠠᠨ ᠬᠦᠴᠦᠷᠬᠡᠭᠵᠢᠯᠠ᠂ ᠲᠠᠷᠠᠭᠠᠴᠢ ᠪᠠᠷ ᠪᠢᠳᠠ | ᠦᠷᠬᠦᠯᠵᠢᠯᠡᠨ ᠲᠡᠬᠡᠷ᠎ᠠ ᠱᠠᠳᠤᠨ ᠤ ᠪᠡᠯᠡ ᠮᠥᠡᠭᠬᠦ ᠶᠢ ᠬᠤᠪᠢᠳᠠᠨ ᠤᠯᠵᠦ᠂ 12 ᠺᠢᠯᠤᠮᠧᠲᠷ ᠤᠨ ᠱᠦᠢᠨᠢ ᠶᠢᠨ ᠵᠠᠮ ᠵᠠᠰᠠᠵᠦ᠂ ᠬᠠᠮᠳᠤ ᠶᠢᠨ ᠠᠵᠤ ᠠᠬᠤᠢ ᠪᠠᠨ | ᠨᠠᠩ ᠪᠤᠵᠠᠭᠠᠢᠢᠷᠠᠭᠤᠯᠵᠦ᠂ ᠭᠠᠴᠠᠭᠠᠨ ᠤ ᠠᠷᠠᠳ ᠤᠨ ᠤᠷᠤᠯᠭ᠎ᠠ ᠶᠢ ᠨᠡᠮᠡᠭᠳᠡᠬᠦᠯᠦᠬᠡᠳ᠂ ᠮᠠᠯᠴᠢᠨ ᠲᠠᠷᠢᠶᠠᠴᠢᠳ ᠢᠶᠠᠨ ᠨᠠᠩ ᠰᠠᠶᠢᠬᠠᠨ ᠵᠤᠯ ᠵᠢᠷᠭᠠᠯ ᠲᠠᠢ | ᠠᠮᠢᠳᠤᠷᠠᠭᠤᠯᠤᠨ᠎ᠠ︾ ᠬᠡᠵᠦ ᠪᠠᠶᠢᠯ᠎ᠠ ᠃ | |