2021 ᠤᠨ ᠤ ᠨᠢᠭᠡᠳᠤᠭᠡᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠠᠮᠳᠡᠭᠯᠡᠯ
ᠨᠡᠶᠢᠲᠡᠯᠡᠭᠰᠡᠨ ᠴᠠᠭ᠄
2021/9/18
     1 ᠳ᠋ᠦ᠋ᠭᠡᠷ ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 166 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠵᠠᠩ ᠶᠢᠨ ᠶᠢᠨ᠂ ᠪᠠᠶ ᠶᠠᠨ᠂ ᠰᠥᠩ ᠶᠠᠨ᠂ ᠵᠣᠣ ᠴᠧᠨ ᠰᠢᠶᠠ᠂  ᠰᠢᠨ᠎ᠡ᠂ ᠸᠠᠩ ᠶᠦᠩ ᡁᠢ᠂ ᠵᠠᠩ ᡁᠢ ᠶᠤᠸᠠᠨ᠂ ᠪᠦᠦ ᠲᠦᠩ᠂ ᠸᠠᠩ ᠵᠢᠩ ᠯᠦᠩ ᠬᠤᠷᠠᠯ ᠳᠤ ᠣᠷᠣᠯᠴᠠᠵᠤ᠂ ᠯᠢ ᠶᠢᠨ ᠴᠧᠩ᠂ ᠸᠠᠩ ᠶᠤᠸᠠᠨ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃     1 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠵᠢᠤ ᠲᠠᠢ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠼᠦᠢ ᠯᠢᠶᠠᠨ ᠭᠦᠸᠧ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ᠂ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠶᠠᠷᠢᠯᠴᠠᠬᠤ ᠬᠤᠷᠠᠯ ᠬᠢᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠶᠢᠨ ᠶᠢᠨ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃     1  ᠳ᠋ᠦ᠋ᠭᠡᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠣᠷᠳᠣᠰ ᠬᠤᠲᠠ ᠳᠤ  ᠡᠵᠡᠩᠨᠡᠨ ᠬᠤᠳᠠᠯᠳᠤᠭᠠᠯᠠᠬᠤ ᠣᠷᠴᠢᠨ  ᠨᠦᠭᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠢ ᠬᠠᠷᠢᠭᠤ ᠲᠤᠰᠬᠠᠪᠠ᠃ ᠬᠤᠷᠠᠯ ᠨᠢ ᠸᠢᠳᠢᠣ᠋ ᠬᠡᠯᠪᠡᠷᠢ ᠪᠠᠷ ᠬᠤᠰᠢᠭᠤ ᠲᠣᠭᠤᠷᠢᠭ ᠲᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠸᠠᠩ ᠷᠦᠢ᠂ ᠯᠢ ᠶᠢᠨ ᠴᠧᠩ᠂ ᠸᠠᠩ ᠶᠤᠸᠠᠨ᠂ ᠯᠦ ᠵᠠᠨ ᠴᠢᠩ᠂ ᠵᠠᠩ ᠶᠢᠨ ᠶᠢᠨ᠂ ᠪᠠᠶ ᠶᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂ ᠪᠦᠦ ᠲᠦᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃     1 ᠰᠠᠷ᠎ᠠ ᠶᠢᠨ 7 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠶᠢᠨ ᠴᠧᠩ ᠵᠡᠭᠦᠨᠭᠠᠷ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠳ᠋ᠦᠩ ᠡᠦ ᠪᠠᠨ᠂ ᠴᠧᠨ ᠵᠢᠶᠧ᠂ ᠰᠢᠶᠠ ᠮᠧᠶ ᠪᠢᠨ᠂ ᠠᠨ ᠰᠢᠶᠠ ᠵᠢᠴᠢ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠳᠠᠷᠤᠭ᠎ᠠ ᠵᠠᠩ ᠶᠢᠨ ᠶᠢᠨ᠂ ᠬᠤᠰᠢᠭᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠭᠤᠣᠯ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃     1 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 168 ᠳ᠋ᠤᠭᠠᠷ ᠤᠳᠠᠭᠠᠨ ᠤ ᠬᠤᠷᠠᠯ ᠵᠢᠴᠢ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠡ ᠵᠠᠩᠭᠢ ᠶᠢᠨ ᠲᠥᠪ ᠤᠨ ᠳᠡᠳ᠋ ᠡᠷᠬᠢᠯᠡᠭᠴᠢ ᠼᠦᠢ ᡁᠢ ᠵᠥᠩ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠯᠪᠠᠲᠠᠨ ᠤ ᠲᠣᠪᠴᠢᠶ᠎ᠠ ᠶᠢᠨ ᠳᠠᠷᠤᠭ᠎ᠠ ᠦ᠋ ᠳ᠋ᠦᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃  ᠬᠤᠰᠢᠭᠤᠨ ᠨᠠᠮ ᠤᠨ  ᠬᠤᠷᠢᠶᠡᠨ ᠤ ᠪᠠᠶᠢᠩᠭᠤ ᠶᠢᠨ ᠬᠡᠰᠢᠭᠦᠳ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠶᠠᠷ ᠬᠦᠷᠢᠶᠡᠯᠡᠩ ᠲᠣᠭᠤᠷᠢᠭ ᠤᠨ ᠨᠠᠮ ᠤᠨ ︵ᠠᠵᠤ ᠦᠶᠯᠡᠳᠪᠦᠷᠢ︶ ᠬᠤᠷᠢᠶ᠎ᠠ ᠶᠢᠨ ᠱᠦᠵᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠶᠯᠡᠳᠪᠦᠷᠢ︶ ᠬᠤᠷᠢᠶ᠎ᠠ ᠶᠢᠨ ᠱᠦᠵᠢ᠂ ᠰᠠᠬᠢᠯᠭ᠎ᠠ ᠪᠠᠲᠤ ︵ᠠᠵᠤ ᠦᠶᠯᠡᠳᠪᠦᠷᠢ︶ ᠬᠤᠷᠢᠶ᠎ᠠ ᠶᠢᠨ ᠱᠦᠵᠢ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ᠶᠢᠨ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ᠂ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ᠃    1 ᠰᠠᠷ᠎ᠠ ᠶᠢᠨ 8 ᠤ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠩᠬᠠᠳᠠᠭᠴᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠤᠨ ᠰᠢᠷᠢᠰ ᠠᠵᠢᠯᠯᠠᠭ᠎ᠠ ᠵᠢᠴᠢ ︽ᠬᠠᠷᠠᠮᠰᠠᠯ ᠥᠬᠡᠶ ᠪᠠᠷ ᠴᠠᠭᠳᠠᠭ᠎ᠠ ᠪᠤᠯᠤᠬᠰᠠᠨ ᠤᠯᠠ ᠮᠦᠷ  ᠭᠠᠶᠢᠬᠠᠮᠰᠢᠭᠲᠤ ᠣᠨ ᠰᠠᠷ᠎ᠠ ᠳᠤ ᠡᠷᠭᠦᠭᠰᠡᠨ ᠬᠠᠶᠢᠷ᠎ᠠ︾ ᠠᠷᠠᠳ ᠤᠨ ᠴᠠᠭᠳᠠᠭ᠎ᠠ ᠶᠢᠨ ᠢᠷᠠᠭᠤ ᠠᠯᠳᠠᠷ ᠤᠨ ᠱᠠᠩᠨᠠᠯ ᠣᠯᠭᠤᠬᠤ ᠶᠣᠰᠣᠯᠠᠯ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠣᠶᠢᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠦ ᠵᠠᠨ ᠴᠢᠩ᠂ ᠳᠡᠳ᠋ ᠬᠤᠰᠢᠭᠤᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠭᠤᠸᠠᠩ ᠮᠢᠩ  ᠪᠠᠶᠠᠷ ᠤᠨ ᠶᠤᠰᠤᠯᠠᠯ ᠳᠤ ᠣᠷᠣᠯᠴᠠᠪᠠ᠃     1 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ  ᠰᠤᠷᠭᠠᠯᠳᠤ  ᠰᠢᠨ᠎ᠡ  ᠲᠢᠳᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠣᠳᠣᠬᠠᠨ ᠤ ᠪᠦᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠭᠦ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠬᠤᠷᠠᠯ ᠳᠤ ᠣᠷᠣᠯᠴᠠᠵᠤ᠂ ᠬᠤᠰᠢᠭᠤᠨ ᠤ ᠤᠳᠤᠷᠢᠳᠤᠯᠭ᠎ᠠ ᠯᠢ ᠶᠢᠨ ᠴᠧᠩ᠂ ᠯᠦ ᠵᠠᠨ ᠴᠢᠩ᠂ ᠵᠠᠩ ᠶᠢᠨ ᠶᠢᠨ᠂ ᠪᠠᠶ ᠶᠠᠨ᠂ ᠰᠥᠩ ᠶᠠᠨ᠂ ᠵᠣᠣ ᠴᠧᠨ ᠰᠢᠶᠠ᠂ ᠰᠢᠨ᠎ᠡ᠂ ᠸᠠᠩ ᠶᠦᠩ ᡁᠢ ᠂ ᠵᠠᠩ ᡁᠢ ᠶᠤᠸᠠᠨ᠂ ᠪᠦᠦ ᠲᠦᠩ᠂ ᠸᠠᠩ ᠵᠢᠩ ᠯᠦᠩ ᠵᠡᠷᠭᠡ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠤᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠶᠯᠡᠳᠪᠦᠷᠢ︶ ᠬᠤᠷᠢᠶ᠎ᠠ ᠶᠢᠨ ᠱᠦᠵᠢ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠮᠨᠡᠯᠭᠡ ᠶᠢᠨ ᠬᠤᠷᠢᠶ᠎ᠠ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     1 ᠳ᠋ᠦ᠋ᠭᠡᠷ ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠶᠢᠨ ᠶᠢᠨ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠤ ᠳᠠᠷᠤᠭ᠎ᠠ  ᠰᠤᠷᠭᠠᠯᠳᠤ ᠬᠤᠷᠠᠯ ᠳᠤ ᠣᠷᠣᠯᠴᠠᠭᠰᠠᠨ ᠪᠥᠭᠡᠳ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠠᠶ᠃ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤᠨ ᠳᠠᠷᠤᠭ᠎ᠠ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂  ᠳ᠋ᠠ ᠯᠤ᠋ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     1 ᠰᠠᠷ᠎ᠠ ᠶᠢᠨ 12 ᠤᠨ ᠡᠳᠦᠷ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠤᠸᠠᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠵᠡᠭᠦᠨᠭᠠᠷ ᠬᠤᠰᠢᠭᠤᠨ ᠤ ᠣᠷᠭᠠᠨᠢᠭ ᠪᠤᠰᠤ ᠲᠡᠮᠦᠷᠯᠢᠭ ᠪᠤᠰᠤ ᠮᠠᠲ᠋ᠧᠷᠢᠶᠠᠯ ᠤᠨ ᠠᠵᠤ ᠠᠬᠤᠶᠢᠯᠠᠯ ᠤᠨ ᠬᠥᠭᠵᠢᠯᠲᠡ ᠵᠢᠴᠢ ᠡᠯ᠎ᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠤᠳᠤᠷᠢᠳᠤᠯᠭ᠎ᠠ ᠵᠠᠩ ᠶᠢᠨ ᠶᠢᠨ᠂ ᠸᠠᠨ ᠮᠢᠩ ᠭᠠᠶ᠂ ᠯᠢ ᠱᠤᠸᠠᠨ᠂ ᠵᠡᠭᠦᠨᠭᠠᠷ ᠬᠤᠰᠢᠭᠤᠨ ᠳᠤ ᠰᠠᠭᠤᠭ᠎ᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      1 ᠰᠠᠷ᠎ᠠ ᠶᠢᠨ 13 ᠤ ᠡᠳᠦᠷ᠂ ᠬᠤᠲᠠ ᠶᠢᠨ ᠬᠢᠨᠠᠨ ᠰᠢᠯᠭᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶ  ᠭᠧᠨ ᠶᠦᠨ 2020 ᠣᠨ ᠤ ᠬᠤᠲᠠ ᠶᠢᠨ ᠵᠡᠭᠦᠨᠭᠠᠷ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠪᠠᠭ ᠪᠠ ᠰᠢᠶᠠᠨ ᠭᠠᠵᠠᠷ ᠤᠨ ᠲᠠᠰ ᠤᠨ ᠺᠠᠳ᠋ᠷ ᠢ ᠬᠢᠨᠠᠨ ᠰᠢᠯᠭᠠᠬᠤ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ 2020 ᠣᠨ ᠤ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠲᠠ ᠶᠢᠨ ᠬᠢᠨᠠᠨ ᠰᠢᠯᠭᠠᠬᠤ ᠳᠤᠭᠤᠶᠢᠯᠠᠩ ᠤᠨ ᠳᠡᠳ᠋ ᠳᠠᠷᠤᠭ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠧᠨ ᠯᠢ ᠵᠢᠤᠸᠠᠨ ᠵᠢᠴᠢ ᠬᠢᠨᠠᠨ ᠰᠢᠯᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠰᠢᠭᠤᠨ ᠤ ᠰᠢᠭᠦᠬᠦ  ᠬᠤᠷᠢᠶ᠎ᠡ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠤᠨ ᠡᠷᠬᠢᠯᠡᠭᠴᠢ᠂ ᠬᠤᠰᠢᠭᠤᠨ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ᠂ ᠵᠠᠰᠠᠭ ᠤᠨ ᠣᠷᠳᠣᠨ ᠤ  ᠡᠯ᠎ᠡ ᠰᠠᠯᠠᠭ᠎ᠠ ᠮᠥᠴᠢᠷ ᠵᠢᠴᠢ ᠡᠯ᠎ᠡ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ᠃     1 ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠤᠤ ᠵᠢᠶᠧ ᠲᠥᠷᠥ ᠶᠢᠨ ᠶᠠᠪᠤᠳᠠᠯ ᠤᠨ ᠬᠤᠷᠢᠶᠠᠨ ᠤ  ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠭᠦ ᠲᠣᠭᠲᠠᠴᠠ ᠶᠢᠨ ᠪᠡᠭᠡᠵᠢᠩ ᠳᠠᠬᠢ ᠲᠧᠯᠸᠢᠰ ᠳ᠋ᠢᠶᠠᠩᠬᠤᠸᠠ ᠬᠤᠷᠠᠯ ᠢ ᠡᠷᠭᠢᠯᠡᠨ ᠬᠤᠷᠠᠯᠳᠤᠭᠤᠯᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠰᠦᠨ ᠴᠦᠨ ᠯᠠᠨ ᠬᠤᠷᠠᠯ ᠳᠤ ᠤᠷᠤᠯᠴᠠᠵᠤ᠂ ᠴᠢᠬᠤᠯᠠ ᠶᠠᠷᠢᠶ᠎ᠡ ᠲᠠᠯᠪᠢᠵᠤ ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠪᠠ᠃ ᠬᠤᠰᠢᠭᠤᠨ ᠤᠳᠤᠷᠢᠳᠤᠯᠭ᠎ᠠ ᠵᠠᠩ ᠶᠢᠨ ᠶᠢᠨ᠂ ᠯᠢᠦ ᠭᠤᠸᠠᠩ ᠮᠢᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠶᠠᠳᠤᠭᠠᠷ ᠳᠡᠰ ᠤᠨ ᠨᠢᠭᠡᠴᠡ ᠵᠢᠴᠢ ᠬᠤᠰᠢᠭᠤᠨ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃     1 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ  ᠰᠡᠴᠡᠨᠪᠢᠯᠢᠭ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 3 ᠳ᠋ᠤᠭᠠᠷ ᠤᠳᠠᠭᠠᠨ ᠤ ᠳᠣᠭᠢᠷᠠᠭᠤᠯᠬᠤ ᠬᠤᠷᠠᠯ ︵ᠸᠢᠳᠢᠤ᠋ ᠬᠤᠷᠠᠯ︶ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠳᠡᠳ᠋ ᠳᠠᠷᠤᠭ᠎ᠠ ᠢᠦᠶ ᠷᠧᠨ ᠵᠢᠶᠧ᠂ ᠯᠢ  ᠸᠧᠨ ᠵᠥᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠤᠤ ᡁᠢ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ ᠬᠤᠷᠠᠯ ᠳᠤ ᠣᠷᠣᠯᠴᠠᠪᠠ᠃ ᠬᠤᠰᠢᠭᠤᠨ ᠤᠳᠤᠷᠢᠳᠤᠯᠭ᠎ᠠ ᠵᠠᠩ ᠶᠢᠨ ᠶᠢᠨ᠂ ᠵᠢᠶᠠ ᠭᠤᠸᠠᠩ ᠬᠤᠸᠠ᠂ ᠯᠢᠦ ᠭᠤᠸᠠᠩ ᠮᠢᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃     1 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠠᠩ ᠶᠢᠨ ᠶᠢᠨ ᠪᠦᠭᠦ ᠬᠤᠰᠢᠭᠤᠨ ᠤ ᠰᠢᠨ᠎ᠡ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦ ᠭᠤᠸᠠᠩ ᠮᠢᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠲᠥᠪ᠂ ᠡᠯ᠎ᠡ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     1 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠰᠢᠨ  ᠱᠦᠸᠧ ᠲᠡᠮᠦᠷ ᠵᠠᠮ ᠤᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᡁᠢ ᠸᠧᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠶᠠᠪᠤᠳᠠᠯ ᠤᠨ ᠲᠤᠬᠠᠶ ᠶᠠᠷᠢᠯᠴᠠᠪᠠ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂  ᠰᠢᠨ᠎ᠡ᠂ ᠬᠠᠮᠢᠶ᠎ᠠ ᠪᠥᠬᠦᠶ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠶ᠃     1 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠰᠤᠷᠭᠠᠯᠳᠤ ᠰᠢᠤᠸᠠᠢ ᠵᠢᠶᠠ ᠸᠠᠨ ᠪᠠᠯᠭᠠᠰᠤ᠂ ᠯᠠᠨ ᠲᠢᠶᠠᠨ ᠵᠡᠭᠡᠯᠢ ᠭᠤᠳᠤᠮᠵᠢ᠂ ᠯᠦᠩᠺᠸᠤ ᠪᠠᠯᠭᠠᠰᠤ ᠵᠡᠷᠭᠡ ᠭᠠᠵᠠᠷ ᠢᠶᠠᠷ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠶᠯᠡᠳᠪᠦᠷᠢᠯᠡᠬᠦ᠂ ᠭᠠᠯ  ᠲᠦᠢᠮᠡᠷ ᠤᠨ ᠣᠷᠣᠨ ᠢ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠶᠢᠨ ᠶᠢᠨ᠂ ᠯᠢᠦ ᠭᠤᠸᠠᠩ ᠮᠢᠩ᠂ ᠡᠯ᠎ᠡ ᠬᠠᠮᠢᠶ᠎ᠠ ᠪᠥᠬᠦᠶ ᠪᠠᠯᠭᠠᠰᠤ᠂ ᠵᠡᠭᠡᠯᠢ ᠭᠤᠳᠤᠮᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃     1 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 169 ᠳ᠋ᠦ᠋ᠭᠡᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠰᠤᠷᠭᠠᠯᠳᠤ᠂ ᠸᠠᠩ ᠶᠤᠸᠠᠨ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠸᠠᠩ ᠶᠦᠩ ᡁᠢ᠂ ᠵᠠᠩ ᡁᠢ ᠶᠤᠸᠠᠨ᠂ ᠪᠦᠦ ᠲᠦᠩ᠂ ᠳ᠋ᠦᠩ ᠡᠤ ᠪᠠᠨ ᠂ ᠴᠧᠨ ᠵᠢᠶᠧ᠂ ᠰᠢᠶᠠ ᠮᠧᠶ ᠪᠢᠨ᠂ ᠠᠨ ᠰᠢᠶᠠ᠂ ᠯᠢᠦ ᠭᠤᠸᠠᠩ ᠮᠢᠩ᠂ ᠸᠠᠩ ᠵᠢᠩ ᠯᠦᠩ᠂ ᠴᠢᠦᠶ ᠱᠤ᠋ ᠴᠢᠩ᠂ ᠶᠢᠨ ᠵᠠᠨ ᠢ᠂ ᠵᠣᠣ ᠶᠦᠩ ᠵᠢᠶᠦ᠋ᠨ᠂ ᠸᠠᠩ ᠵᠢᠶᠦ᠋ᠨ ᠹᠤᠩ᠂ ᠸᠠᠨ ᠮᠢᠩ ᠭᠠᠶ᠂ ᠯᠢ ᠱᠤᠸᠠᠨ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     1 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 9 ᠳ᠋ᠦ᠋ᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂  ᠰᠤᠷᠭᠠᠯᠳᠤ ᠂ ᠰᠥᠩ ᠶᠠᠨ᠂ ᠵᠢᠶᠠ ᠭᠤᠸᠠᠩ ᠬᠤᠸᠠ᠂ ᠵᠣᠣ ᠴᠧᠨ ᠰᠢᠶᠠ᠂  ᠰᠢᠨ᠎ᠡ᠂ ᠸᠠᠩ ᠶᠦᠩ ᡁᠢ᠂ ᠵᠠᠩ ᡁᠢ ᠶᠤᠸᠠᠨ᠂ ᠪᠦᠦ ᠲᠦᠩ᠂ ᠳ᠋ᠦᠩ ᠡᠤ ᠪᠠᠨ ᠂ ᠯᠢᠦ ᠭᠤᠸᠠᠩ ᠮᠢᠩ᠂ ᠸᠠᠩ ᠵᠢᠩ ᠯᠦᠩ᠂ ᠴᠢᠦᠶ ᠱᠤ᠋ ᠴᠢᠩ᠂ ᠶᠢᠨ ᠵᠠᠨ ᠢ᠂ ᠸᠠᠩ ᠵᠢᠶᠦ᠋ᠨ ᠹᠧᠩ᠂ ᠳ᠋ᠠ ᠯᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     1 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠡᠦ ᠨᠡᠷ ᠵᠡᠭᠦᠨᠭᠠᠷ ᠬᠤᠰᠢᠭᠤᠨ ᠳᠤ ᠢᠷᠡᠵᠦ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠷᠦᠢ᠂ ᠰᠤᠷᠭᠠᠯᠳᠤ᠂ ᠶᠢᠨ ᠵᠠᠨ ᠢ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠬᠤᠲᠠ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     1 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠧ ᠰᠢ  ᠸᠧᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠠᠶᠠᠷ ᠵᠡᠭᠦᠨᠭᠠᠷ ᠬᠤᠰᠢᠭᠤᠨ ᠳᠤ ᠭᠦᠨᠵᠡᠭᠡᠶᠢᠷᠡᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠠᠮᠢᠳᠤᠷᠠᠯ ᠨᠢ ᠬᠦᠴᠢᠷᠳᠡᠯᠲᠡᠶ ᠨᠠᠮ ᠤᠨ ᠭᠡᠰᠢᠭᠦᠨ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠨᠢᠭᠡᠳᠤᠭᠡᠷ ᠹᠷᠣᠨᠲ ᠤᠨ ᠺᠠᠳ᠋ᠷ ᠪᠠ ᠲᠤᠰᠬᠠᠶ ᠮᠡᠷᠭᠡᠵᠢᠯᠲᠡᠨ ᠴᠢᠳᠠᠪᠤᠷᠢᠲᠠᠨ ᠢ ᠲᠣᠬᠤᠨᠢᠭᠤᠯᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂  ᠰᠢᠨ᠎ᠡ᠂ ᠵᠠᠩ ᡁᠢ ᠶᠤᠸᠠᠨ᠂ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠪᠠᠷ᠎ᠠ ᠪᠣᠯᠪᠠ᠃     1  ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠠᠨ ᠪᠦᠦ ᠷᠦᠩ ᠨᠠᠷ ᠵᠡᠭᠦᠨᠭᠠᠷ ᠬᠤᠰᠢᠭᠤᠨ ᠳᠤ ᠭᠦᠨᠵᠡᠭᠡᠶᠢᠷᠡᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠪᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠲᠠ ᠶᠢᠨ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠠᠩ ᠸᠧᠶ ᠳ᠋ᠦᠩ᠂ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠪᠦᠦ ᠲᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃     1 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ  ᠢ ᠡᠷᠭᠢᠯᠠᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠪᠦᠦ ᠲᠦᠩ᠂ ᠯᠢᠦ ᠭᠤᠸᠠᠩ ᠮᠢᠩ᠂ ᠸᠠᠩ ᠵᠢᠩ ᠯᠦᠩ᠂ ᠴᠢᠦᠶ ᠱᠤ᠋ ᠴᠢᠩ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳ᠋ᠠ ᠯᠦ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    1 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ  ᠳ᠋ᠠ ᠯᠤ᠋ ᠰᠢᠨ᠎ᠡ ᠲᠣᠭᠤᠷᠢᠭ ᠲᠤ ᠬᠤᠷᠠᠯᠳᠤᠪᠠ᠃ ᠬᠤᠰᠢᠭᠤᠨ ᠬᠠᠮᠢᠶ᠎ᠠ ᠪᠥᠬᠦᠶ ᠤᠳᠤᠷᠢᠳᠤᠯᠭ᠎ᠠ ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠬᠤᠲᠠ ᠶᠢᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠰᠢᠭᠤᠨ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ  ᠰᠤᠷᠭᠠᠯᠳᠤ  ᠲᠤᠰ ᠲᠤᠰ ᠶᠠᠷᠢᠶ᠎ᠠ ᠲᠠᠯᠪᠢᠵᠠᠶ᠃      1 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠰᠤᠷᠭᠠᠯᠳᠤ ᠵᠡᠭᠦᠨᠭᠠᠷ ᠵᠣᠤ ᠪᠠᠯᠭᠠᠰᠤᠨ ᠳᠤ ᠬᠦᠷᠴᠦ ᠶᠠᠳᠠᠭᠤ ᠬᠦᠴᠢᠷᠳᠡᠯᠲᠡᠶ ᠣᠯᠠᠨ ᠲᠦᠮᠡᠨ᠂ ᠶᠠᠳᠠᠭᠤ ᠬᠦᠴᠢᠷᠳᠡᠯᠲᠡᠶ ᠠᠬᠠᠮᠠᠳ ᠨᠠᠮ ᠤᠨ ᠭᠡᠰᠢᠭᠦᠨ ᠢ  ᠲᠤᠬᠤᠨᠢᠭᠤᠯᠪᠠ ᠃ ᠵᠡᠭᠦᠨᠭᠠᠷ ᠵᠤᠤ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠪᠠ᠃
ᠢᠷᠡᠯᠲᠡ᠄ ᠲᠤᠰ ᠰᠦᠯᠵᠢᠶ᠎ᠡ