《2021 ᠣᠨ  ᠤ ᠵᠡᠭᠦᠨᠭᠠᠷ ᠬᠤᠰᠢᠭᠤᠨ  ᠤ ᠲᠠᠷᠢᠶᠠᠨ ᠭᠠᠵᠠᠷ  ᠤᠨ ᠴᠢᠨᠡᠷ ᠰᠢᠮ᠎ᠡ ᠶᠢ ᠬᠠᠮᠠᠭᠠᠯᠠᠬᠤ ᠨᠦᠬᠦᠪᠦᠷᠢ ᠶᠢᠨ ᠲᠦᠷᠦᠯ ᠵᠦᠢᠯ  ᠢ ᠬᠡᠷᠡᠭᠵᠢᠭᠦᠯᠬᠦ ᠲᠥᠰᠦᠯ》  ᠢ ᠲᠠᠷᠤᠮᠠᠯᠯᠠᠨ ᠲᠠᠷᠬᠠᠭᠠᠬᠤ ᠲᠤᠬᠠᠢ ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠠᠯᠪᠠᠨ ᠭᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2021/9/28
ᠵᠡᠭᠦᠠᠭᠠᠷ ᠠᠵᠤ ᠠᠬᠤᠢ  ᠶᠢᠨ ᠨᠡᠭᠡᠭᠡᠯᠲᠡ  ᠶᠢᠨ ᠤᠷᠤᠨ  ᠤ ᠬᠠᠮᠢᠶᠠᠷᠤᠯᠲᠠ ᠶᠢᠨ ᠵᠥᠪᠯᠡᠯ  ᠂ ᠳ᠋ᠡ ᠯᠦ ᠨᠡᠭᠦᠷᠡᠰᠦ ᠬᠢᠮᠢ  ᠶᠢᠨ ᠠᠵᠤ ᠦᠢᠯᠡᠳᠪᠦᠷᠢ  ᠶᠢᠨ ᠰᠠᠭᠤᠷᠢᠨ ᠭᠠᠵᠠᠷ  ᠤᠨ ᠬᠠᠮᠢᠶᠠᠷᠤᠯᠲᠠ  ᠶᠢᠨ ᠵᠥᠪᠯᠡᠯ  ᠂ ᠡᠯ᠎ᠡ ᠰᠤᠮᠤ ᠰᠢᠶᠠᠩ ᠪᠠᠯᠭᠠᠰᠤ  ᠂ ᠡᠯ᠎ᠡ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠂ ᠬᠤᠰᠢᠭᠤᠨ  ᠤ ᠵᠠᠰᠠᠭ  ᠤᠨ ᠣᠷᠳᠣᠨ  ᠤ ᠡᠯ᠎ᠡ ᠰᠠᠯᠠᠭ᠎ᠠ ᠮᠥᠴᠢᠷ  ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ  ᠄       ᠬᠤᠰᠢᠭᠤᠨ  ᠤ ᠠᠷᠠᠳ  ᠤᠨ ᠵᠠᠰᠠᠭ  ᠤᠨ ᠤᠷᠳᠤᠨ  ᠤ ᠵᠦᠪᠰᠢᠶᠡᠷᠡᠯ ᠢᠶᠠᠷ  ᠂《2021 ᠣᠨ  ᠤ ᠵᠡᠭᠦᠨᠭᠠᠷ ᠬᠤᠰᠢᠭᠤᠨ  ᠤ ᠲᠠᠷᠢᠶᠠᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠥᠬᠦᠪᠥᠷᠢ  ᠶᠢᠨ ᠲᠥᠷᠥᠯ ᠵᠦᠢᠯ  ᠢ ᠬᠡᠷᠡᠭᠵᠢᠭᠦᠯᠬᠦ ᠲᠥᠰᠦᠯ》  ᠢ ᠡᠳᠦᠬᠡ ᠲᠠᠨᠠᠷ  ᠲᠤ ᠳᠠᠷᠤᠮᠠᠯᠯᠠᠨ ᠲᠠᠷᠬᠠᠭᠠᠶ᠎ᠡ  ᠂ ᠪᠣᠳᠠᠲᠠᠢ  ᠲᠠᠢ  ᠪᠠᠨ ᠤᠶᠠᠯᠳᠤᠭᠤᠯᠵᠤ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠬᠦᠯᠰᠦᠭᠡᠢ  ᠃                                                ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠠᠯᠪᠠᠨ ᠭᠡᠷ                                                2021 ᠣᠨ  ᠤ 8 ᠰᠠᠷ᠎ᠠ  ᠶᠢᠨ18  ᠤ ᠡᠳᠦᠷ      2021 ᠣᠨ  ᠤ ᠵᠡᠭᠦᠨᠭᠠᠷ ᠬᠤᠰᠢᠭᠤᠨ  ᠤ ᠲᠠᠷᠢᠶᠠᠨ ᠭᠠᠵᠠᠷ  ᠤᠨ ᠴᠢᠨᠡᠷ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ ᠲᠥᠷᠥᠯ ᠵᠦᠢᠯ  ᠢ ᠬᠡᠷᠡᠭᠵᠢᠭᠦᠯᠬᠦ ᠲᠥᠰᠦᠯ       ᠲᠠᠷᠢᠶᠠᠯᠠᠩ  ᠤᠨ《ᠭᠤᠷᠪᠠᠨ ᠲᠦᠷᠦᠯ  ᠤᠨ ᠨᠥᠬᠦᠪᠥᠷᠢ》  ᠶᠢᠨ ᠥᠭᠡᠷᠡᠴᠢᠯᠡᠯᠲᠡ  ᠶᠢᠨ ᠦᠷ᠎ᠡ ᠪᠦᠲᠦᠭᠡᠯ  ᠢ ᠴᠢᠨᠠᠬᠠᠰᠢᠳᠠ ᠪᠠᠳᠤᠳᠬᠠᠵᠤ  ᠂ ᠲᠠᠷᠢᠶᠠᠨ ᠭᠠᠵᠠᠷ  ᠤᠨ ᠴᠢᠨᠡᠷ ᠰᠢᠮ᠎ᠡ ᠶᠢ ᠬᠠᠮᠠᠭᠠᠯᠠᠬᠤ ᠨᠥᠬᠦᠪᠥᠷᠢ ᠪᠠ ᠲᠠᠷᠢᠶᠠᠴᠢᠳ  ᠤᠨ ᠲᠠᠷᠢᠶᠠᠨ ᠭᠠᠵᠠᠷ  ᠢᠶᠠᠨ ᠬᠠᠮᠠᠭᠠᠯᠠᠬᠤ ᠬᠠᠷᠢᠭᠤᠴᠠᠯᠭ᠎ᠠ  ᠯᠤᠭ᠎ᠠ ᠬᠠᠷᠢᠯᠴᠠᠨ ᠬᠤᠯᠪᠣᠯᠳᠤᠭᠤᠯᠬᠤ ᠶᠢ ᠦᠷᠭᠦᠯᠵᠢᠯᠡᠨ ᠠᠬᠢᠭᠤᠯᠵᠦ  ᠂ ᠨᠥᠬᠦᠪᠥᠷᠢ ᠤᠯᠭᠤᠬᠤ ᠲᠥᠷᠥ  ᠶᠢᠨ ᠪᠣᠳᠣᠯᠭ᠎ᠠ  ᠶᠢ ᠢᠳᠡᠭ ᠢᠳᠡᠭ  ᠢᠶᠠᠷ ᠲᠡᠭᠦᠯᠳᠡᠷᠵᠢᠭᠦᠯᠦᠨ  ᠂ ᠨᠥᠬᠦᠪᠥᠷᠢ ᠤᠯᠭᠤᠬᠤ ᠠᠷᠭ᠎ᠠ ᠬᠡᠮᠵᠢᠶ᠎ᠠ  ᠶᠢ ᠰᠠᠶᠢᠵᠢᠷᠠᠭᠤᠯᠵᠦ  ᠂ ᠨᠦᠬᠦᠪᠦᠷᠢ ᠶᠢᠨ ᠦᠷ᠎ᠡ ᠪᠦᠳᠦᠮᠵᠢ  ᠶᠢ ᠲᠡᠭᠡᠭᠰᠢᠯᠡᠬᠦᠯᠬᠦ  ᠶᠢᠨ ᠳᠤᠰᠠᠳᠠ  ᠂ ︽ ᠲᠠᠷᠢᠶᠠᠯᠠᠩ  ᠤᠨ ︿  ᠭᠤᠷᠪᠠᠨ ᠲᠦᠷᠦᠯ  ᠤᠨ ᠨᠦᠬᠦᠪᠦᠷᠢ  ﹀ ᠶᠢᠨ ᠦᠬᠡᠷᠡᠴᠢᠯᠡᠯᠳᠡ ᠶᠢᠨ ᠠᠵᠢᠯ  ᠢ ᠪᠦᠬᠦ ᠲᠠᠯ᠎ᠠ ᠪᠠᠷ ᠠᠬᠢᠭᠤᠯᠬᠤ ᠲᠤᠬᠠᠢ ᠡᠳ᠋  ᠤᠨ ᠵᠠᠰᠠᠭ  ᠤᠨ ᠶᠠᠮᠤᠨ  ᠂ ᠲᠠᠷᠢᠶᠠᠯᠠᠩ  ᠤᠨ ᠶᠠᠮᠤᠨ  ᠤ ᠮᠡᠳᠡᠭᠳᠡᠯ  ︾ ︵ ᠡᠳ᠋ ᠲᠠᠷᠢᠶᠠᠯᠠᠩ  ﹇2016﹈26 ᠲᠤᠭᠠᠳᠤ  ︶ ᠂ ︽  ᠲᠠᠷᠢᠶᠠᠯᠠᠩ  ᠢ ᠳᠡᠮᠵᠢᠵᠦ ᠬᠠᠮᠠᠭᠠᠯᠠᠬᠤ ᠨᠥᠬᠦᠪᠥᠷᠢ ᠮᠥᠩᠭᠦ  ᠶᠢᠨ ᠬᠠᠮᠢᠶᠠᠷᠤᠯᠲᠠ  ᠶᠢᠨ ᠠᠷᠭ᠎ᠠ  ︾ ︵  ᠡᠳ᠋ ᠲᠠᠷᠢᠶᠠᠯᠠᠩ  ﹇2016﹈ 74 ᠲᠣᠭᠠᠲᠤ  ︶ ᠪᠠ ︽  ᠲᠠᠷᠢᠶᠠᠯᠠᠩ ᠦᠢᠯᠡᠳᠪᠦᠷᠢᠯᠡᠯ  ᠢ ᠬᠥᠭᠵᠢᠬᠦᠯᠬᠦ ᠪᠡᠯᠡ ᠮᠥᠩᠭᠦ  ᠶᠢᠨ ᠬᠠᠮᠢᠶᠠᠷᠤᠯᠲᠠ  ᠶᠢᠨ ᠠᠷᠭ᠎ᠠ  ︾ ︵ ᠡᠳ᠋ ᠲᠠᠷᠢᠶᠠᠯᠠᠩ  ﹇2017﹈41 ᠲᠤᠭᠠᠳᠤ  ︶ ᠂   ︽2021 ᠤᠨ  ᠤ ᠦᠪᠦᠷ ᠮᠤᠩᠭᠤᠯ  ᠤᠨ ᠲᠠᠷᠢᠶᠠᠨ ᠭᠠᠵᠠᠷ  ᠤᠨ ᠴᠢᠨᠡᠷ ᠰᠢᠮ᠎ᠡ ᠶᠢ ᠬᠠᠮᠭᠠᠯᠠᠬᠤ ᠨᠦᠬᠦᠪᠦᠷᠢ ᠶᠢᠨ ᠲᠦᠷᠦᠯ ᠵᠦᠢᠯ  ᠢ ᠬᠡᠷᠡᠭᠵᠢᠬᠦᠯᠬᠦ ᠲᠦᠰᠦᠯ  ᠤᠨ ᠳᠤᠬᠠᠢ ᠮᠡᠳᠡᠭᠳᠡᠯ  ᠢ ᠲᠠᠷᠤᠮᠠᠯᠯᠠᠨ ᠲᠠᠷᠬᠠᠭᠠᠬᠤ ᠳᠤᠬᠠᠢ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠡᠳ᠋  ᠤᠨ ᠵᠠᠰᠠᠭ  ᠤᠨ ᠲᠢᠩᠬᠢᠮ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ  ᠤᠨ ᠮᠡᠳᠡᠭᠳᠡᠯ  ︾ ︵ ᠤᠷᠳᠤᠰ ᠡᠳ᠋ ᠲᠠᠷᠢᠶᠠᠯᠠᠩ ᠲᠠᠷᠬᠠᠭᠠᠬᠰᠠᠨ  ﹇2021﹈100 ᠲᠤᠭᠠᠳᠤ  ︶ ᠵᠤᠷᠢᠭ ᠰᠠᠨᠠᠭ᠎ᠠ   ᠶᠢ ᠦᠨᠳᠦᠰᠦᠯᠡᠵᠤ  ᠂ ᠮᠠᠨ  ᠤ ᠬᠤᠰᠢᠭᠤᠨ  ᠤ ᠲᠠᠷᠢᠶᠠᠨ ᠭᠠᠵᠠᠷ  ᠤᠨ ᠴᠢᠨᠡᠷ ᠰᠢᠮ᠎ᠡ ᠶᠢ ᠬᠠᠮᠠᠭᠠᠯᠬᠠᠤ ᠪᠤᠳᠠᠳᠡᠢ ᠲᠠᠢ ᠤᠶᠠᠯᠳᠤᠭᠤᠯᠵᠤ ᠲᠤᠤᠷᠠᠬᠢ ᠲᠦᠰᠦᠯ  ᠢ ᠲᠤᠬᠳᠠᠭᠠᠪᠠ  ᠃ᠨᠢᠭᠡ  ᠂ ᠵᠢᠯᠣᠭᠤᠳᠬᠤ ᠦᠵᠡᠯ ᠰᠠᠨᠠᠭ᠎ᠠ      ︽  ᠭᠤᠷᠪᠠᠨ ᠲᠠᠷᠢᠶᠠᠯᠠᠯ  ︾   ᠤᠨ ᠠᠵᠢᠯ  ᠤᠨ ᠳᠤᠬᠠᠢ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠥᠭᠦᠯᠡᠮᠵᠢ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ  ᠂ ᠠᠮᠢ ᠠᠬᠤᠢ  ᠶᠢ ᠤᠷᠢᠳ ᠢᠶᠠᠷ ᠪᠤᠳᠤᠯᠬᠢᠯᠠᠵᠦ  ᠂ ᠪᠣᠬᠢᠷᠲᠤᠯ ᠦᠭᠡᠢ ᠬᠥᠭᠵᠢᠯᠲᠡ  ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ  ᠶᠢᠨ ᠰᠢᠨ᠎ᠡ ᠵᠠᠮ ᠢᠶᠠᠷ ᠵᠠᠮᠨᠠᠬᠤ  ᠶᠢ ᠪᠠᠷᠢᠮᠳᠡᠯᠡᠵᠤ  ᠂ ᠬᠡᠷᠡᠭᠯᠡᠬᠦ ᠠᠷᠡᠴᠢᠯᠠᠬᠤ  ᠶᠢ ᠤᠶᠠᠯᠳᠤᠭᠤᠯᠬᠤ  ᠂ ᠬᠠᠮᠠᠭᠠᠯᠠᠵᠦ ᠠᠰᠢᠭᠯᠠᠬᠤ  ᠂ ᠭᠤᠤᠯᠳᠠᠯᠭ᠎ᠠ ᠶᠢ ᠲᠤᠪᠤᠶᠢᠯᠭᠠᠬᠤ  ᠂ ᠤᠯᠠᠨ ᠵᠦᠢᠯ  ᠤᠨ ᠠᠷᠭ᠎ᠠ  ᠶᠢ ᠶᠡᠷᠦᠩᠬᠡᠶᠢᠯᠡᠨ ᠬᠡᠷᠡᠭᠯᠡᠬᠦ  ᠂ ᠵᠠᠰᠠᠭ  ᠤᠨ ᠣᠷᠳᠣᠨ ᠬᠦᠳᠦᠯᠦᠨ ᠵᠢᠯᠤᠭᠤᠳᠴᠤ  ᠂ ᠨᠡᠶᠢᠭᠡᠮ ᠳᠠᠶᠠᠭᠠᠷ ᠣᠷᠣᠯᠴᠠᠬᠤ ᠵᠠᠷᠴᠢᠮ ᠶᠣᠰᠣᠭᠠᠷ  ᠂ ᠲᠠᠷᠢᠶᠠᠯᠠᠩ  ᠤᠨ《ᠭᠤᠷᠪᠠᠨ ᠲᠦᠷᠦᠯ  ᠤᠨ ᠨᠥᠬᠦᠪᠥᠷᠢ》 ᠶᠢ ᠤᠷᠮᠠᠰᠢᠭᠤᠯᠬᠤ ᠴᠢᠨᠠᠷᠳᠡᠢ ᠨᠦᠬᠦᠪᠦᠷᠢ ᠠᠴᠠ ᠴᠢᠳᠠᠮᠵᠢ  ᠶᠢᠨ ᠴᠢᠨᠠᠷᠳᠡᠢ ᠨᠦᠬᠦᠪᠦᠷᠢ ᠳᠡᠶᠢᠰᠢ ᠬᠤᠪᠢᠷᠠᠭᠤᠯᠵᠦ  ᠂ ᠪᠦᠷᠬᠦᠴᠡ  ᠶᠢᠨ ᠴᠢᠨᠠᠷᠳᠡᠢ ᠨᠦᠬᠦᠪᠦᠷᠢ ᠠᠴᠠ ᠭᠤᠬᠴᠤᠭᠠᠳᠤ ᠴᠢᠨᠡᠷᠳᠡᠢ ᠨᠦᠬᠦᠪᠦᠷᠢ ᠳᠡᠶᠢᠰᠢ ᠬᠤᠪᠢᠷᠠᠭᠤᠯᠬᠤ ᠶᠢ ᠠᠬᠢᠭᠤᠯᠵᠦ  ᠂ ᠨᠦᠬᠦᠪᠦᠷᠢ ᠦᠭᠬᠦ ᠲᠦᠷᠦ ᠶᠢᠨ ᠪᠤᠳᠤᠯᠭ᠎ᠠ  ᠶᠢᠨ ᠵᠢᠯᠤᠭᠤᠳᠬᠤ ᠴᠢᠨᠠᠷ  ᠂ ᠤᠨᠤᠪᠴᠢᠳᠠᠢ ᠴᠢᠨᠠᠷ ᠪᠠ ᠪᠤᠳᠠᠳᠤ ᠦᠷ᠎ᠠ ᠪᠦᠳᠦᠮᠵᠢᠳᠡᠢ ᠴᠢᠨᠠᠷ  ᠢ ᠲᠡᠭᠡᠭᠰᠢᠯᠡᠬᠦᠯᠦᠨ᠎ᠠ  ᠃ ᠲᠤᠬᠠᠢ  ᠶᠢᠨ ᠭᠠᠵᠠᠷ  ᠤᠨ ᠡᠬᠢ ᠪᠠᠶᠠᠯᠢᠭ  ᠤᠨ ᠲᠠᠪᠠᠭᠤᠯᠢᠭ ᠲᠠᠭᠠᠨ ᠰᠠᠭᠤᠷᠢᠯᠠᠵᠦ  ᠂ ᠲᠥᠷᠥ  ᠶᠢᠨ ᠪᠣᠳᠣᠯᠭ᠎ᠠ ᠪᠠᠷ ᠳᠡᠮᠵᠢᠬᠦ ᠪᠠ ᠰᠢᠨᠵᠢᠯᠡᠬᠦ ᠤᠬᠠᠭᠠᠨ ᠮᠡᠷᠭᠡᠵᠢᠯ ᠲᠤᠯᠭᠠᠭᠤᠷᠢᠯᠡᠯ ᠪᠤᠯᠭᠠᠬᠤ  ᠶᠢ ᠴᠢᠩᠭᠠᠳᠬᠠᠵᠤ  ᠂ ᠲᠠᠷᠢᠶᠠᠴᠢᠳ  ᠢ ᠢᠳᠡᠪᠬᠢᠳᠡᠢ ᠬᠦᠳᠦᠯᠦᠨ ᠵᠢᠯᠤᠭᠤᠳᠴᠤ ᠡᠰᠢ ᠰᠦᠷᠡᠯ  ᠢ ᠲᠠᠷᠢᠶᠠᠨ ᠭᠠᠵᠠᠷ ᠲᠤ ᠪᠤᠴᠠᠭᠠᠬᠤ  ᠂ ᠳᠠᠷᠢᠶᠠᠨ ᠭᠠᠵᠠᠷ  ᠢ ᠬᠦᠨ ᠬᠠᠭᠠᠯᠪᠤᠷᠢᠯᠡᠵᠤ ᠳᠡᠭᠰᠢᠯᠡᠬᠦ  ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ  ᠂ ᠬᠢᠮᠢ  ᠶᠢᠨ ᠪᠣᠷᠳᠣᠭᠤᠷ  ᠢ ᠲᠤᠳᠠᠭᠤ ᠬᠡᠷᠡᠭᠯᠡᠬᠦ ᠵᠡᠷᠭᠡ ᠠᠷᠭ᠎ᠠ ᠬᠡᠮᠵᠢᠶ᠎ᠡ  ᠶᠢ ᠶᠡᠷᠦᠩᠬᠡᠶᠢᠯᠡᠨ ᠬᠡᠷᠡᠭᠯᠡᠵᠤ  ᠂ ᠲᠠᠷᠢᠶᠠᠯᠠᠩ  ᠤᠨ ᠠᠮᠢ ᠠᠬᠤᠢ  ᠶᠢᠨ ᠡᠬᠢ ᠪᠠᠶᠠᠯᠢᠭ  ᠤᠨ ᠬᠠᠮᠠᠭᠠᠯᠠᠯᠲᠠ  ᠶᠢ ᠦᠨᠡᠨ ᠬᠦ ᠴᠢᠩᠭᠠᠳᠬᠠᠵᠤ  ᠂ ᠲᠠᠷᠢᠶᠠᠨ ᠭᠠᠵᠠᠷ  ᠤᠨ ᠴᠢᠨᠡᠷ ᠰᠢᠮ᠎ᠡ  ᠶᠢ ᠤᠬᠠᠮᠰᠠᠷ  ᠠᠴᠠ  ᠪᠠᠨ ᠳᠡᠭᠡᠭᠰᠢᠯᠡᠭᠦᠯᠵᠦ  ᠂ ᠠᠮᠤ ᠪᠤᠳᠠᠭᠠᠨ  ᠤ ᠦᠢᠯᠡᠳᠪᠦᠷᠢᠯᠡᠯ  ᠤᠨ ᠰᠠᠭᠤᠷᠢ  ᠶᠢ ᠪᠠᠲᠤᠳᠬᠠᠵᠤ  ᠂ ᠮᠠᠨ  ᠤ ᠬᠤᠰᠢᠭᠤᠨ  ᠤ ᠣᠳᠣ ᠦᠶ᠎ᠡ  ᠶᠢᠨ ᠲᠠᠷᠢᠶᠠᠯᠠᠩ  ᠤᠨ ᠪᠣᠬᠢᠷᠲᠤᠯ ᠥᠬᠡᠢ ᠴᠢᠨᠠᠷ ᠰᠠᠶᠢᠳᠡᠢ ᠬᠦᠭᠵᠢᠯᠳᠠ ᠶᠢ ᠠᠬᠢᠭᠤᠯᠦᠨ  ᠂ ᠲᠠᠷᠢᠶᠠᠨ ᠭᠠᠵᠠᠷ  ᠤᠨ ᠴᠢᠨᠡᠷ ᠰᠢᠮ᠎ᠡ ᠶᠢ ᠬᠠᠮᠠᠭᠠᠯᠠᠵᠤ  ᠂ ᠲᠠᠷᠢᠶᠠᠨ ᠭᠠᠵᠠᠷ  ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠤᠨ᠎ᠠ  ᠃ᠬᠤᠶᠡᠷ  ᠂ ᠦᠨᠳᠦᠰᠦᠨ ᠵᠠᠷᠴᠢᠮ︵  ᠨᠢᠬᠡ  ︶ ᠳᠤᠬᠳᠠᠭᠤᠨ  ᠢ ᠪᠠᠳᠤᠯᠠᠵᠤ  ᠂ ᠪᠦᠳᠦᠴᠡ  ᠶᠢ ᠰᠢᠯᠢᠳᠡᠭᠵᠢᠬᠦᠯᠦᠨ᠎ᠠ  ᠃ ᠳᠠᠷᠢᠶᠠᠯᠠᠩ  ᠤᠨ ᠨᠦᠬᠦᠪᠦᠷᠢ  ᠶᠢᠨ ᠳᠦᠷᠦ  ᠶᠢᠨ ᠪᠤᠳᠤᠯᠭ᠎ᠠ  ᠶᠢᠨ ᠳᠤᠬᠳᠠᠪᠤᠷᠢᠳᠤ ᠴᠢᠨᠡᠷ ᠪᠠ ᠦᠷᠬᠦᠯᠵᠢᠯᠡᠬᠦ ᠴᠢᠨᠡᠷ  ᠢ ᠪᠠᠳᠤᠯᠠᠬᠰᠠᠨ ᠰᠠᠭᠤᠷᠢᠨ ᠳᠡᠬᠡᠷ᠎ᠡ  ᠂ ᠨᠦᠬᠦᠪᠦᠷᠢ  ᠶᠢᠨ ᠪᠦᠳᠦᠴᠡ  ᠶᠢ ᠰᠢᠯᠢᠳᠡᠭᠵᠢᠬᠦᠯᠵᠤ ᠳᠦᠷᠦ  ᠶᠢᠨ ᠪᠤᠳᠤᠯᠭ᠎ᠠ  ᠶᠢᠨ ᠦᠢᠯᠡᠳᠦᠯ  ᠢ ᠳᠤᠪᠤᠶᠢᠯᠭᠠᠵᠤ  ᠂ ᠳᠠᠷᠢᠶᠠᠴᠢᠳ  ᠤᠨ ᠳᠠᠷᠢᠶᠠᠨ ᠭᠠᠵᠠᠷ  ᠢ ᠬᠠᠮᠠᠭᠠᠯᠠᠬᠤ ᠢᠳᠡᠪᠬᠢᠵᠢᠯ  ᠢ ᠳᠠᠶᠢᠴᠢᠯᠡᠨ᠎ᠡ  ᠃︵  ᠬᠤᠶᠡᠷ  ︶ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠵᠤ  ᠂ ᠴᠢᠩᠭ᠎ᠠ ᠪᠠᠷ ᠬᠡᠷᠡᠭᠵᠢᠬᠦᠯᠦᠨ᠎ᠡ  ᠃ ᠬᠤᠰᠢᠭᠤᠨ  ᠤ ᠠᠷᠡᠳ  ᠤᠨ ᠵᠠᠰᠠᠬ  ᠤᠨ ᠤᠷᠳᠤᠨ ᠨᠦᠬᠦᠪᠦᠷᠢ  ᠶᠢᠨ ᠲᠦᠷᠦ  ᠶᠢᠨ ᠪᠤᠳᠤᠯᠭ᠎ᠠ  ᠶᠢ ᠳᠤᠬᠳᠠᠭᠠᠬᠤ ᠪᠠ ᠪᠡᠯᠡ ᠮᠦᠩᠬᠦᠨ  ᠤ ᠳᠤᠬᠢᠷᠠᠭᠤᠯᠤᠯᠳᠠ  ᠶᠢ ᠬᠠᠷᠢᠭᠤᠴᠠᠵᠤ  ᠂ ᠡᠯ᠎ᠡ ᠰᠤᠮᠤ ᠰᠢᠶᠠᠩ ᠪᠠᠯᠭᠠᠰᠤ  ᠶᠢᠨ ᠠᠷᠡᠳ  ᠤᠨ ᠵᠠᠰᠠᠬ  ᠤᠨ ᠤᠷᠳᠤᠨ  ᠂ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠨᠦᠬᠦᠪᠦᠷᠢ  ᠶᠢᠨ ᠳᠦᠷᠦ  ᠶᠢᠨ ᠪᠤᠳᠤᠯᠭ᠎ᠠ  ᠶᠢᠨ ᠨᠠᠶᠢᠳᠠᠪᠤᠷᠢᠵᠢᠭᠤᠯᠤᠯᠳᠠ  ᠶᠢ ᠬᠠᠷᠢᠭᠤᠴᠠᠵᠤ  ᠂ ᠨᠢᠬᠡᠳᠦᠯᠳᠡᠢ ᠨᠦᠬᠦᠪᠦᠷᠢ  ᠶᠢᠨ ᠪᠠᠷᠢᠮᠵᠢᠶ᠎ᠡ ᠪᠠ ᠳᠠᠷᠢᠶᠡᠨ ᠭᠠᠵᠠᠷ  ᠤᠨ ᠴᠢᠨᠡᠷ ᠰᠢᠮ᠎ᠡ  ᠶᠢᠨ ᠨᠦᠬᠦᠪᠦᠷᠢ  ᠶᠢᠨ ᠳᠠᠯᠠᠪᠠᠢ ᠵᠤᠰᠤᠭᠠᠷ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠪᠡᠯᠡ ᠮᠦᠩᠬᠦ  ᠶᠢ ᠡᠷᠦᠬᠡ ᠳᠤ ᠴᠠᠬ ᠳᠤᠬᠠᠢ ᠳᠤᠨᠢ ᠳᠠᠷᠬᠠᠭᠠᠨ᠎ᠠ  ᠃︵  ᠭᠤᠷᠪᠡ  ︶ ᠴᠢᠩᠭ᠎ᠠ ᠬᠢᠨᠠᠨ ᠬᠠᠮᠢᠶᠠᠷᠴᠤ  ᠂ ᠦᠷ᠎ᠡ ᠪᠦᠳᠦᠮᠵᠢ  ᠶᠢ ᠳᠡᠭᠡᠭᠰᠢᠯᠡᠬᠦᠯᠦᠨ᠎ᠡ  ᠃ ᠬᠠᠤᠯᠢ ᠴᠠᠭᠠᠵᠠ ᠳᠦᠷᠢᠮ ᠳᠤᠬᠳᠠᠭᠠᠯ ᠶᠤᠰᠤᠭᠠᠷ ᠠᠵᠢᠯ ᠢᠶᠠᠨ ᠦᠷᠨᠢᠬᠦᠯᠵᠤ  ᠂ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠳᠦᠷᠦ  ᠶᠢᠨ ᠪᠤᠳᠤᠯᠭ᠎ᠠ  ᠶᠢ ᠬᠡᠷᠡᠭᠵᠢᠬᠦᠯᠬᠦ  ᠶᠢ ᠳᠦᠷᠢᠮᠵᠢᠬᠦᠯᠵᠤ  ᠂ ᠨᠦᠬᠦᠪᠦᠷᠢ  ᠶᠢᠨ ᠪᠡᠯᠡ ᠮᠦᠩᠬᠦᠨ  ᠤ ᠬᠢᠨᠠᠯᠳᠠ ᠬᠠᠮᠢᠶᠠᠷᠤᠯᠳᠡ  ᠶᠢ ᠴᠢᠩᠭᠠᠳᠬᠠᠵᠤ  ᠂ ᠨᠦᠬᠦᠪᠦᠷᠢ  ᠶᠢᠨ ᠪᠡᠯᠡ ᠮᠦᠩᠬᠦᠨ  ᠤ ᠠᠵᠢᠯ ᠤᠷᠤᠬᠰᠢᠳᠡᠢ ᠠᠬᠢᠬᠤ  ᠶᠢ ᠪᠠᠳᠤᠯᠠᠨ᠎ᠠ  ᠃ᠭᠤᠷᠪᠠ  ᠂ ᠨᠦᠬᠦᠪᠦᠷᠢ  ᠶᠢᠨ ᠠᠭᠤᠯᠭ᠎ᠠ︵  ᠨᠢᠬᠡ  ︶ ᠨᠦᠬᠦᠪᠦᠷᠢᠯᠡᠬᠦ ᠡᠳᠡᠬᠡᠳ  ᠂ ᠳᠠᠷᠢᠶᠡᠨ ᠭᠠᠵᠠᠷ  ᠤᠨ ᠭᠠᠵᠠᠷ  ᠤᠨ ᠬᠦᠴᠦ  ᠶᠢ ᠬᠠᠮᠠᠭᠠᠯᠠᠬᠤ ᠨᠦᠬᠦᠪᠦᠷᠢ  ᠶᠢᠨ ᠡᠳᠡᠬᠡᠳ ᠵᠠᠷᠴᠢᠮ ᠳᠡᠬᠡᠷ᠎ᠡ ᠳᠠᠷᠢᠶᠠᠨ ᠭᠠᠵᠠᠷ  ᠢ ᠳᠠᠭᠠᠭᠠᠴᠢᠯᠠᠬᠤ ᠡᠷᠬᠡ ᠲᠠᠢ ᠳᠠᠷᠢᠶᠠᠴᠢᠨ ︵  ᠳᠠᠷᠢᠶᠠᠯᠠᠩ  ᠤᠨ ᠳᠠᠯᠠᠪᠠᠢ  ᠶᠢᠨ ᠠᠵᠢᠯᠴᠢᠨ  ︶ ᠳᠤ ᠨᠦᠬᠦᠪᠦᠷᠢ ᠤᠯᠭᠤᠨ᠎ᠠ  ᠃ ᠨᠢᠬᠡᠨᠳᠡ ᠳᠠᠷᠢᠬᠰᠠᠨ ᠤᠢ ᠮᠤᠳᠤ ᠪᠠ ᠮᠠᠯ ᠠᠵᠤ ᠠᠬᠤᠢ  ᠶᠢᠨ ᠳᠡᠵᠢᠭᠡᠨ ᠠᠷᠠᠴᠢᠯᠠᠬᠤ ᠳᠠᠯᠠᠪᠠᠢ ᠪᠤᠯᠭᠠᠨ ᠬᠡᠷᠡᠭᠯᠡᠭᠰᠡᠨ ᠳᠠᠷᠢᠶᠠᠨ ᠭᠠᠵᠠᠷ  ᠂ ᠤᠢᠢᠳᠤ ᠭᠠᠵᠠᠷ  ᠂ ᠬᠡᠰᠡᠭᠷᠡᠭᠰᠡᠨ ᠠᠮᠤ ᠪᠤᠳᠠᠭᠠᠨ  ᠤ ᠳᠠᠷᠢᠶ᠎ᠡ  ᠶᠢ ᠳᠦᠬᠦᠬᠡᠷᠦᠮᠵᠢᠳᠦ ᠳᠠᠷᠢᠶᠠᠯᠠᠩ  ᠳᠤ ᠬᠡᠷᠡᠭᠯᠡᠬᠦ ᠭᠠᠵᠠᠷ ︵  ᠳᠠᠭᠠᠯᠳᠠ ᠪᠠ ᠢᠵᠢ ᠪᠦᠷᠢᠳᠦᠭᠰᠡᠨ ᠳᠦᠬᠦᠬᠡᠷᠦᠮᠵᠢᠳᠤ ᠬᠡᠷᠡᠭᠯᠡᠬᠦ ᠭᠠᠵᠠᠷ ᠪᠠᠭᠳᠠᠨ᠎ᠠ  ︶ ᠂ ᠳᠠᠷᠢᠶᠠᠯᠠᠩ  ᠤᠨ ᠪᠤᠰᠤ ᠳᠠᠳᠠᠪᠤᠷᠢᠯᠡᠨ ︵  ᠬᠡᠷᠡᠭᠯᠡᠭᠰᠡᠨ  ︶ ᠳᠠᠷᠢᠶᠠᠨ ᠭᠠᠵᠠᠷ ᠵᠡᠷᠬᠡ ᠨᠢᠬᠡᠨᠳᠡ ᠬᠡᠷᠡᠭᠴᠡᠭᠡ  ᠶᠢ ᠨᠢ ᠬᠤᠪᠢᠷᠠᠭᠤᠯᠤᠬᠰᠠᠨ ᠳᠠᠷᠢᠶᠠᠨ ᠭᠠᠵᠠᠷ ᠵᠢᠴᠢ ᠤᠷᠳᠤ ᠬᠤᠭᠤᠴᠠᠭ᠎ᠠ ᠪᠠᠷ ᠠᠳᠠᠷᠰᠢᠭᠤᠯᠤᠬᠰᠠᠨ ᠭᠠᠵᠠᠷ  ᠂ ᠡᠵᠡᠯᠡᠭᠰᠡᠨ ᠨᠦᠬᠦᠪᠦᠷᠢᠯᠡᠭᠰᠡᠨ ᠨᠢ ᠳᠡᠩᠴᠡᠬᠦᠷᠢᠳᠡᠢ ᠪᠠᠶᠢᠬᠤ ᠳᠤᠮᠳᠠᠬᠢ ︽  ᠨᠦᠬᠦᠪᠦᠷᠢᠯᠡᠭᠰᠡᠨ  ︾ ᠳᠠᠯᠠᠪᠠᠢ  ᠶᠢᠨ ᠴᠢᠨᠡᠷ ᠴᠢᠨᠰᠠᠭ᠎ᠠ ᠨᠢ ᠪᠠᠷᠢᠮᠵᠢᠶ᠎ᠡ ᠳᠤ ᠬᠦᠷᠦᠭᠰᠡᠨ ᠦᠬᠡᠢ ᠳᠠᠷᠢᠶᠠᠨ ᠭᠠᠵᠠᠷ ︵  ᠳᠤᠬᠠᠢᠢᠯᠠᠪᠠᠯ ᠤᠤᠯ  ᠤᠨ ᠦᠪᠡᠷᠳᠡᠬᠡᠨ ᠵᠠᠰᠠᠬᠤ ᠤᠷᠤᠨ  ᠤ ᠳᠠᠷᠢᠶᠠᠯᠠᠩ ᠮᠠᠯ ᠠᠵᠤ ᠠᠬᠤᠢ  ᠶᠢᠨ ᠳᠢᠩᠬᠢᠮ  ᠂ ᠤᠯᠤᠰ  ᠤᠨ ᠭᠠᠵᠠᠷ ᠰᠢᠷᠤᠢ ᠡᠬᠢ ᠪᠠᠶᠠᠯᠢᠬ  ᠤᠨ ᠳᠢᠩᠬᠢᠮ  ᠤᠨ︽  ᠨᠦᠬᠦᠪᠦᠷᠢᠯᠡᠭᠰᠡᠨ ᠳᠠᠷᠢᠶᠠᠨ ᠭᠠᠵᠠᠷ  ᠤᠨ ᠶᠠᠰᠤ ᠴᠢᠨᠡᠷ  ᠢ ᠦᠨᠡᠯᠡᠬᠦ ᠠᠵᠢᠯ ᠪᠠ ᠮᠡᠷᠬᠡᠵᠢᠯ  ᠤᠨ ᠵᠢᠷᠤᠮᠵᠢᠯ  ︾ ᠳᠤ ᠨᠡᠶᠢᠴᠡᠬᠦ ᠦᠬᠡᠢ ᠳᠠᠷᠢᠶᠡᠨ ᠭᠠᠵᠠᠷ  ︶ ᠵᠡᠷᠬᠡ ᠳᠤ ᠨᠦᠬᠦᠪᠦᠷᠢ ᠦᠭᠬᠦ ᠦᠬᠡᠢ  ᠃ ᠡᠬᠦᠨ  ᠤ ᠬᠠᠮᠳᠤ  ᠂ 2021ᠤᠨ  ᠤ ᠳᠠᠷᠢᠶᠠᠯᠠᠬᠤ  ᠪᠠᠨ ᠵᠤᠬᠰᠤᠭᠠᠬᠤ ᠬᠡᠪᠴᠢᠶᠡᠨ ᠳᠤᠳᠤᠷᠡᠬᠢ ᠳᠠᠷᠢᠶᠡᠨ ᠭᠠᠵᠠᠷ ᠲᠤ ᠨᠦᠬᠦᠪᠦᠷᠢ ᠦᠭᠬᠦ ᠦᠬᠡᠢ  ᠃ ᠨᠦᠬᠦᠪᠦᠷᠢ ᠬᠦᠷᠳᠡᠭᠰᠡᠨ ᠳᠠᠷᠢᠶᠠᠴᠢᠨ ᠳᠠᠷᠢᠶᠡᠨ ᠭᠠᠵᠠᠷ  ᠢ ᠬᠠᠮᠠᠭᠠᠯᠠᠬᠤ ᠬᠠᠷᠢᠭᠤᠴᠠᠯᠭ᠎ᠠ  ᠶᠢ ᠡᠬᠦᠷᠬᠡᠯᠡᠵᠤ  ᠂ ᠳᠠᠷᠢᠶᠡᠨ ᠭᠠᠵᠠᠷ  ᠢ ᠠᠳᠠᠷᠰᠢᠭᠤᠯᠬᠤ ᠦᠬᠡᠢ  ᠂ ᠬᠡᠷᠡᠭᠴᠡᠭᠡ  ᠶᠢ ᠬᠤᠪᠢᠷᠠᠭᠤᠯᠬᠤ ᠦᠬᠡᠢ  ᠂ ᠴᠢᠨᠡᠷ ᠰᠢᠮ᠎ᠡ ᠪᠠᠭᠤᠷᠠᠬᠤ ᠦᠬᠡᠢ ᠪᠠᠶᠢᠬᠤ  ᠶᠢ ᠪᠠᠳᠤᠯᠠᠨ᠎ᠠ  ᠃︵  ᠬᠤᠶᠡᠷ  ︶ ᠨᠦᠬᠦᠪᠦᠷᠢᠯᠡᠬᠦ ᠠᠷᠭ᠎ᠠ ᠬᠡᠯᠪᠡᠷᠢ  ᠃ ︽  ᠨᠢᠬᠡ ᠺᠠᠷᠲ  ︾ ᠪᠠᠷ ᠳᠠᠷᠬᠠᠭᠠᠵᠤ  ᠂ ᠮᠠᠯᠴᠢᠨ ᠳᠠᠷᠢᠶᠠᠴᠢᠳ  ᠢ ᠵᠤᠷᠢᠬᠵᠢᠭᠤᠯᠤᠨ ᠤᠷᠭᠠᠨᠢᠬ ᠪᠤᠷᠳᠤᠭᠤᠷ ᠨᠡᠮᠡᠵᠤ ᠤᠷᠤᠭᠤᠯᠬᠤ  ᠂ ᠡᠰᠢ ᠰᠦᠷᠡᠯ  ᠢ ᠳᠠᠷᠢᠶᠡᠨ ᠭᠠᠵᠠᠷ ᠲᠤ ᠪᠤᠴᠠᠭᠠᠬᠤ  ᠂ ᠳᠠᠷᠢᠶᠡᠨ ᠭᠠᠵᠠᠷ  ᠢ ᠬᠦᠨ ᠬᠠᠭᠠᠯᠪᠤᠷᠢᠯᠡᠨ ᠳᠡᠭᠰᠢᠯᠡᠬᠦ  ᠂ ᠨᠤᠭᠤᠭᠠᠨ ᠪᠤᠷᠳᠤᠭᠤᠷ ᠳᠠᠷᠢᠵᠤ ᠳᠠᠷᠢᠶᠡᠨ ᠭᠠᠵᠠᠷ ᠲᠤ ᠪᠤᠴᠠᠭᠠᠬᠤ ᠵᠡᠷᠬᠡ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠮᠡᠷᠬᠡᠵᠢᠯ  ᠤᠨ ᠠᠷᠭ᠎ᠠ ᠬᠡᠮᠵᠢᠶ᠎ᠡ  ᠶᠢ ᠰᠠᠨᠠᠭᠠᠴᠢᠯᠠᠭ᠎ᠠ ᠲᠠᠢ ᠪᠠᠷ ᠦᠷᠨᠢᠬᠦᠯᠵᠤ  ᠂ ᠳᠠᠷᠢᠶᠠᠯᠠᠩ  ᠤᠨ ᠦᠢᠯᠡᠰ  ᠤᠨ ᠠᠮᠢ ᠠᠬᠤᠢ  ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ ︽  ᠳᠠᠷᠢᠶᠡᠨ ᠭᠠᠵᠠᠷ  ᠤᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ  ᠶᠢ ᠪᠠᠳᠤᠯᠠᠬᠤ  ︾   ᠶᠢ ᠪᠡᠶᠡᠯᠡᠬᠦᠯᠦᠨ᠎ᠡ  ᠃︵  ᠭᠤᠷᠪᠡ  ︶ ᠨᠦᠬᠦᠪᠦᠷᠢ  ᠶᠢᠨ ᠬᠡᠷᠡᠭᠴᠡᠭᠡ  ᠃ ᠨᠢᠬᠡ ᠳᠤ ᠬᠢᠮᠢ  ᠶᠢᠨ ᠪᠤᠷᠳᠤᠭᠤᠷ ᠳᠠᠷᠢᠶᠡᠨ ᠡᠮ ᠬᠡᠷᠡᠭᠯᠡᠬᠦ ᠬᠡᠮᠵᠢᠶ᠎ᠡ  ᠶᠢ ᠪᠠᠭᠠᠰᠬᠠᠵᠤ  ᠂ ᠤᠷᠭᠠᠨᠢᠬ ᠪᠤᠷᠳᠤᠭᠤᠷ  ᠢ ᠰᠠᠶᠢᠨ ᠬᠡᠷᠡᠭᠯᠡᠵᠤ  ᠂ ᠰᠢᠭᠡᠭ ᠪᠤᠷᠳᠤᠭᠤᠷ  ᠢ ᠢᠯᠡᠬᠦᠦ ᠬᠡᠷᠡᠭᠯᠡᠨ᠎ᠡ  ︔ ᠬᠤᠶᠡᠷ ᠲᠤ ᠤᠰᠤ ᠠᠷᠪᠢᠯᠠᠬᠤ ᠳᠠᠷᠢᠶᠠᠯᠠᠩ  ᠢ ᠶᠡᠬᠡᠪᠡᠷ ᠬᠦᠭᠵᠢᠬᠦᠯᠵᠤ  ᠂ ᠤᠰᠤ ᠪᠤᠷᠳᠤᠭᠤᠷ  ᠶᠢ ᠨᠢᠬᠡ ᠴᠤᠬᠴᠠᠵᠢᠭᠤᠯᠬᠤ ᠵᠡᠷᠬᠡ ᠳᠠᠷᠢᠶᠠᠯᠠᠩ  ᠤᠨ ᠪᠤᠬᠢᠷᠳᠤᠯ ᠦᠬᠡᠢ ᠠᠵᠤ ᠦᠢᠯᠡᠰ  ᠤᠨ ᠬᠦᠭᠵᠢᠯᠳᠡ  ᠶᠢᠨ ᠴᠢᠬᠤᠯᠠ ᠮᠡᠷᠬᠡᠵᠢᠯ  ᠤᠨ ᠠᠷᠭ᠎ᠠ ᠬᠡᠮᠵᠢᠶ᠎ᠡ  ᠶᠢ ᠳᠦᠬᠡᠮᠡᠯᠵᠢᠬᠦᠯᠵᠤ  ᠂ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠰᠠᠨᠠᠭᠠᠴᠢᠯᠠᠭ᠎ᠠ  ᠠᠴᠠ ᠪᠠᠨ ᠬᠠᠮᠠᠭᠠᠯᠠᠨ᠎ᠠ  ᠃︵  ᠳᠦᠷᠪᠡ  ︶ ᠨᠦᠬᠦᠪᠦᠷᠢ  ᠶᠢᠨ ᠪᠠᠷᠢᠮᠵᠢᠶ᠎ᠡ  ᠃ ᠪᠠᠭᠤᠯᠭᠠᠬᠰᠠᠨ ᠪᠡᠯᠡ ᠮᠦᠩᠬᠦᠨ  ᠤ ᠶᠠᠷᠦᠩᠬᠡᠢ ᠬᠡᠮᠵᠢᠶ᠎ᠡ ᠪᠠ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠳᠡᠭᠡᠭᠰᠢ ᠮᠡᠳᠡᠬᠦᠯᠦᠭᠰᠡᠨ ᠳᠠᠷᠢᠶᠠᠴᠢᠨ ᠡᠷᠦᠬᠡ  ᠶᠢᠨ ᠨᠦᠬᠦᠪᠦᠷᠢ  ᠶᠢᠨ ᠳᠠᠯᠠᠪᠠᠢ  ᠶᠢ ᠦᠨᠳᠦᠰᠦᠯᠡᠨ ᠳᠤᠬᠳᠠᠭᠠᠨ᠎ᠠ  ᠃ᠳᠦᠷᠪᠡ  ᠂ ᠨᠦᠬᠦᠪᠦᠷᠢ  ᠶᠢᠨ ᠠᠯᠬᠤᠮ ᠳᠠᠷᠠᠭ᠎ᠠ︵  ᠨᠢᠬᠡ  ︶ ᠨᠦᠬᠦᠪᠦᠷᠢᠯᠡᠬᠦ ᠳᠠᠯᠠᠪᠠᠢ  ᠶᠢ ᠬᠢᠨᠠᠨ ᠬᠠᠷᠭᠤᠭᠤᠯᠬᠤ  ᠃ ︽ ᠳᠤᠰᠬᠤᠨ ︵  ᠭᠠᠴᠠᠭ᠎ᠠ  ︶ ᠱᠠᠳᠤ ᠳᠠᠩᠰᠠᠯᠠᠬᠤ  ᠂ ᠵᠡᠷᠯᠡᠨ ᠨᠡᠶᠢᠳᠡᠯᠡᠬᠦ  ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠬᠢᠨᠠᠨ ᠬᠠᠷᠭᠤᠭᠤᠯᠬᠤ  ᠂ ᠬᠤᠰᠢᠭᠤᠨ  ᠤ ᠳᠠᠷᠢᠶᠠᠯᠠᠩ ᠮᠠᠯ ᠠᠵᠤ ᠠᠬᠤᠢ  ᠶᠢᠨ ᠳᠤᠪᠴᠢᠶ᠎ᠡ  ᠂ ᠡᠳ᠋  ᠤᠨ ᠵᠠᠰᠠᠬ  ᠤᠨ ᠳᠤᠪᠴᠢᠶ᠎ᠡ ᠳᠤᠳᠤᠯᠠᠬᠤ  ︾ ᠠᠯᠬᠤᠮ ᠳᠠᠷᠠᠭ᠎ᠠ ᠶᠤᠰᠤᠭᠠᠷ ᠳᠠᠷᠢᠶᠡᠨ ᠭᠠᠵᠠᠷ  ᠤᠨ ᠳᠠᠯᠠᠪᠠᠢ ᠳᠤ ᠨᠦᠬᠦᠪᠦᠷᠢ ᠬᠢᠬᠦ  ᠶᠢ ᠬᠢᠨᠠᠨ ᠬᠠᠷᠭᠤᠭᠤᠯᠤᠨ᠎ᠠ  ᠃1᠂ ᠳᠤᠰᠬᠤᠨ  ᠤ ᠱᠠᠳᠤ ᠳᠠᠩᠰᠠᠯᠠᠬᠤ  ᠃ ᠳᠤᠰᠬᠤᠨ ︵  ᠭᠠᠴᠠᠭ᠎ᠠ  ︶ ᠨᠦᠬᠦᠪᠦᠷᠢᠯᠡᠬᠦ ᠳᠠᠯᠠᠪᠠᠢ  ᠶᠢᠨ ᠵᠠᠭᠠᠬ  ᠢ ᠳᠤᠬᠳᠠᠭᠠᠬᠤ ᠱᠠᠭᠠᠷᠳᠠᠯᠭ᠎ᠠ ᠶᠤᠰᠤᠭᠠᠷ ᠳᠠᠷᠢᠶᠠᠴᠢᠨ ᠡᠷᠦᠬᠡ  ᠶᠢᠨ ᠳᠠᠷᠢᠶᠠᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠳᠠᠷᠢᠶᠡᠨ ᠭᠠᠵᠠᠷ  ᠤᠨ ᠳᠠᠯᠠᠪᠠᠢ  ᠶᠢ ᠡᠷᠦᠬᠡ ᠳᠠᠷᠠᠭᠠᠯᠠᠨ ᠳᠠᠩᠰᠠᠯᠠᠵᠤ ︵  ᠳᠠᠯᠠᠪᠠᠢ  ᠶᠢ ᠳᠤᠳᠤᠯᠠᠨ ᠳᠤᠬᠳᠠᠭᠠᠬᠰᠠᠨ  ᠤ ᠳᠠᠷᠠᠭᠠᠬᠢ ᠬᠤᠶᠠᠳᠤᠭᠠᠷ ᠡᠬᠡᠯᠵᠢ  ᠶᠢᠨ ᠳᠠᠭᠠᠭᠠᠴᠢᠯᠠᠬᠰᠠᠨ ᠳᠠᠯᠠᠪᠠᠢ  ︶ ᠂ ᠬᠦᠰᠦᠨᠦᠭ ᠳᠠᠬᠯᠠᠨ ᠳᠡᠪᠳᠡᠷᠯᠡᠵᠤ  ᠂ ᠳᠠᠷᠢᠶᠠᠴᠢᠨ ᠡᠷᠦᠬᠡ ᠨᠤᠳᠠᠯᠠᠵᠤ  ᠂ ᠵᠠᠷᠯᠡᠨ ᠨᠡᠶᠢᠳᠡᠯᠡᠬᠡᠳ ᠤᠨᠳᠤᠤ ᠰᠠᠨᠠᠯ ᠦᠬᠡᠢ ᠪᠤᠯ ᠳᠤᠰᠬᠤᠨ  ᠤ ᠠᠷᠡᠳ  ᠤᠨ ᠵᠦᠪᠯᠡᠯ  ᠤᠨ ᠡᠷᠬᠢᠯᠡᠭᠴᠢ ᠭᠠᠷ  ᠤᠨ ᠦᠰᠦᠭ ᠵᠢᠷᠤᠵᠤ ᠨᠤᠳᠠᠯᠠᠨ ᠳᠤᠬᠳᠠᠭᠠᠵᠤ  ᠂ ᠳᠤᠰᠬᠤᠨ  ᠤ ᠠᠷᠡᠳ  ᠤᠨ ᠵᠦᠪᠯᠡᠯ ᠳᠠᠮᠠᠭ᠎ᠠ ᠳᠠᠷᠤᠬᠰᠠᠨ  ᠤ ᠳᠠᠷᠠᠭ᠎ᠠ ᠳᠠᠩᠰᠠᠯᠠᠬᠰᠠᠨ ᠡᠷᠦᠬᠡ  ᠶᠢᠨ ᠳᠠᠷᠢᠶᠡᠨ ᠭᠠᠵᠠᠷ  ᠤᠨ ᠳᠠᠯᠠᠪᠠᠢ  ᠶᠢ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠳᠤ ᠮᠡᠳᠡᠬᠦᠯᠦᠨ᠎ᠡ  ᠃ ᠨᠢᠬᠡᠨᠳᠡ ᠮᠠᠯ ᠠᠵᠤ ᠠᠬᠤᠢ ᠳᠡᠵᠢᠭᠡᠨ ᠠᠷᠠᠴᠢᠯᠠᠬᠤ ᠳᠠᠯᠠᠪᠠᠢ ᠪᠤᠯᠭᠠᠨ ᠬᠡᠷᠡᠭᠯᠡᠭᠰᠡᠨ ᠳᠠᠷᠢᠶᠠᠨ ᠭᠠᠵᠠᠷ  ᠂ ᠤᠢᠢᠳᠤ ᠭᠠᠵᠠᠷ  ᠂ ᠬᠡᠰᠡᠭᠷᠡᠭᠰᠡᠨ ᠠᠮᠤ ᠪᠤᠳᠠᠭᠠᠨ  ᠤ ᠳᠠᠷᠢᠶ᠎ᠡ  ᠶᠢ ᠳᠦᠬᠦᠬᠡᠷᠦᠮᠵᠢᠳᠦ ᠳᠠᠷᠢᠶᠠᠯᠠᠩ  ᠳᠤ ᠬᠡᠷᠡᠭᠯᠡᠬᠦ  ᠂ ᠳᠠᠷᠢᠶᠠᠯᠠᠩ  ᠤᠨ ᠪᠤᠰᠤ ᠳᠠᠳᠠᠪᠤᠷᠢᠯᠡᠨ ᠬᠡᠷᠡᠭᠯᠡᠬᠦ ᠳᠠᠷᠢᠶᠡᠨ ᠭᠠᠵᠠᠷ ᠵᠡᠷᠬᠡ ᠨᠢᠬᠡᠨᠳᠡ ᠬᠡᠷᠡᠭᠴᠡᠭᠡ  ᠶᠢ ᠬᠤᠪᠢᠷᠠᠭᠤᠯᠤᠬᠰᠠᠨ ᠳᠠᠷᠢᠶᠡᠨ ᠭᠠᠵᠠᠷ ᠵᠢᠴᠢ ᠤᠷᠳᠤ ᠬᠤᠭᠤᠴᠠᠭ᠎ᠠ ᠠᠳᠠᠷᠰᠢᠬᠰᠠᠨ ᠭᠠᠵᠠᠷ  ᠂ ᠡᠵᠡᠯᠡᠭᠰᠡᠨ ᠨᠦᠬᠦᠪᠦᠷᠢᠯᠡᠭᠰᠡᠨ ᠨᠢ ᠳᠡᠩᠴᠡᠬᠦᠷᠢᠳᠡᠢ ᠪᠠᠶᠢᠬᠤ ᠳᠤᠮᠳᠠᠬᠢ ︽  ᠨᠦᠬᠦᠪᠦᠷᠢᠯᠡᠭᠰᠡᠨ  ︾ ᠳᠠᠯᠠᠪᠠᠢ  ᠶᠢᠨ ᠴᠢᠨᠡᠷ ᠴᠢᠨᠰᠠᠭ᠎ᠠ ᠨᠢ ᠪᠠᠷᠢᠮᠵᠢᠶ᠎ᠡ ᠳᠤ ᠬᠦᠷᠦᠭᠰᠡᠨ ᠦᠬᠡᠢ ᠳᠠᠷᠢᠶᠠᠨ ᠭᠠᠵᠠᠷ ᠵᠡᠷᠬᠡ  ᠶᠢ ᠳᠠᠩᠰᠠᠯᠠᠬᠤ ᠳᠤ ᠬᠢᠨᠠᠨ ᠬᠠᠰᠤᠨ᠎ᠠ ︵  ᠡᠳ᠋  ᠤᠨ ᠵᠠᠰᠠᠬ  ᠤᠨ ᠤᠯᠭᠤᠮᠵᠢ ᠬᠦᠷᠳᠡᠵᠤ ᠪᠠᠶᠢᠭ᠎ᠠ ᠬᠦᠮᠦᠰ  ᠲᠤ ᠨᠦᠬᠦᠪᠦᠷᠢ ᠤᠯᠭᠤᠬᠤ ᠦᠬᠡᠢ  ︶ ᠃2᠂ ᠰᠢᠶᠠᠩ ᠪᠠᠯᠭᠠᠰᠤ  ᠶᠢᠨ ᠱᠠᠳᠤ ᠨᠤᠳᠠᠯᠠᠨ᠎ᠠ  ᠃ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠳᠤᠰᠬᠤᠨ  ᠤ ᠱᠠᠳᠤᠨ  ᠤ ᠳᠡᠭᠡᠭᠰᠢ ᠮᠡᠳᠡᠬᠦᠯᠦᠭᠰᠡᠨ ᠡᠷᠦᠬᠡ  ᠶᠢᠨ ᠨᠡᠷᠡᠰ  ᠢ ᠬᠢᠨᠠᠨ ᠬᠠᠷᠭᠤᠭᠤᠯᠵᠤ ᠪᠤᠷᠤᠭᠤ ᠦᠬᠡᠢ ᠪᠤᠯ 2021ᠤᠨ  ᠤ 8 ᠰᠠᠷ᠎ᠠ  ᠶᠢᠨ 31  ᠤ ᠡᠳᠦᠷ ᠠᠴᠠ ᠡᠮᠦᠨ᠎ᠡ  ︽2021ᠤᠨ  ᠤ ᠵᠡᠬᠦᠨᠭᠠᠷ ᠬᠤᠰᠢᠭᠤᠨ  ᠤ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠳᠦᠷᠦᠯ ᠵᠦᠢᠯ  ᠤᠨ ᠳᠠᠯᠠᠪᠠᠢ  ᠶᠢᠨ ᠬᠤᠷᠢᠶᠠᠩᠭᠤᠢ ᠬᠦᠰᠦᠨᠦᠭ  ︾ ︵  ᠳᠠᠭᠠᠯᠳᠠ 3︶   ᠢ ᠵᠢᠩᠬᠢᠨᠢ ᠪᠢᠴᠢᠭ ᠮᠠᠲ᠋ᠧᠷᠢᠶᠡᠯ  ᠤᠨ ᠬᠡᠯᠪᠡᠷᠢ ᠪᠠᠷ ᠬᠤᠰᠢᠭᠤᠨ  ᠤ ᠳᠠᠷᠢᠶᠠᠯᠠᠩ ᠮᠠᠯ ᠠᠵᠤ ᠠᠬᠤᠢ  ᠶᠢᠨ ᠳᠤᠪᠴᠢᠶ᠎ᠡ ᠳᠤ ᠮᠡᠳᠡᠬᠦᠯᠦᠨ᠎ᠡ ︵  ᠰᠤᠮᠤ ᠰᠢᠶᠠᠩ ᠪᠠᠯᠭᠠᠰᠤ  ᠶᠢᠨ ᠠᠷᠡᠳ  ᠤᠨ ᠵᠠᠰᠠᠬ  ᠤᠨ ᠤᠷᠳᠤᠨ  ᠂ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠤᠨ ᠭᠤᠤᠯ ᠤᠳᠤᠷᠢᠳᠤᠯᠭ᠎ᠠ  ᠂ ᠬᠤᠪᠢᠳᠡᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠭᠠᠷ  ᠤᠨ ᠦᠰᠦᠭ ᠵᠢᠷᠤᠬᠤ  ᠶᠢᠨ ᠬᠠᠮᠳᠤ ᠪᠠᠶᠢᠭᠤᠯᠭ᠎ᠠ  ᠶᠢᠨ ᠳᠠᠮᠠᠭ᠎ᠠ ᠳᠠᠷᠤᠨ᠎ᠠ  ︶ ᠃︵  ᠬᠤᠶᠡᠷ  ︶ ᠨᠦᠬᠦᠪᠦᠷᠢ  ᠶᠢᠨ ᠪᠡᠯᠡ ᠮᠦᠩᠬᠦ  ᠶᠢ ᠳᠠᠷᠬᠠᠭᠠᠬᠤ  ᠃ ᠬᠤᠰᠢᠭᠤᠨ  ᠤ ᠡᠳ᠋  ᠤᠨ ᠵᠠᠰᠠᠬ  ᠤᠨ ᠳᠤᠪᠴᠢᠶ᠎ᠡ ᠠᠴᠠ ᠬᠤᠰᠢᠭᠤᠨ  ᠤ ᠳᠠᠷᠢᠶᠠᠯᠠᠩ ᠮᠠᠯ ᠠᠵᠤ ᠠᠬᠤᠢ  ᠶᠢᠨ ᠳᠤᠪᠴᠢᠶ᠎ᠡ ᠲᠠᠢ ᠬᠠᠮᠳᠤ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ  ᠶᠢᠨ ᠳᠡᠭᠡᠭᠰᠢ ᠮᠡᠳᠡᠬᠦᠯᠦᠭᠰᠡᠨ ᠨᠦᠬᠦᠪᠦᠷᠢ  ᠶᠢᠨ ᠳᠠᠯᠠᠪᠠᠢ  ᠶᠢ ᠦᠨᠳᠦᠰᠦᠯᠡᠵᠤ  ᠂ ᠨᠦᠬᠦᠪᠦᠷᠢ  ᠶᠢᠨ ᠪᠠᠷᠢᠮᠵᠢᠶ᠎ᠡ  ᠶᠢ ᠬᠠᠷᠭᠤᠭᠤᠯᠤᠨ ᠪᠤᠳᠤᠵᠤ  ᠂ ᠨᠦᠬᠦᠪᠦᠷᠢ  ᠶᠢᠨ ᠪᠡᠯᠡ ᠮᠦᠩᠬᠦ  ᠶᠢ ᠬᠤᠪᠢᠶᠡᠷᠢᠯᠡᠬᠤ  ᠶᠢᠨ ᠬᠠᠮᠳᠤ ᠨᠦᠬᠦᠪᠦᠷᠢ  ᠶᠢᠨ ᠮᠦᠩᠬᠦ  ᠶᠢ ︽  ᠨᠢᠬᠡ ᠺᠠᠷᠲ  ︾ ᠢᠶᠠᠷ ᠡᠷᠦᠬᠡ ᠳᠤ ᠳᠠᠷᠬᠠᠭᠠᠵᠤ  ᠂ ᠳᠠᠷᠬᠠᠭᠠᠬᠤ ᠶᠠᠪᠤᠴᠠ  ᠶᠢ ᠴᠢᠩᠭ᠎ᠠ ᠮᠦᠷᠳᠡᠬᠡᠨ ᠡᠮᠬᠢ ᠳᠢᠭᠯᠢᠮ ᠲᠠᠢ  ᠂ ᠢᠯᠡ ᠳᠦᠪ ᠭᠤᠤᠯᠴᠢ ᠪᠠᠷ ᠶᠠᠪᠤᠬᠳᠠᠭᠤᠯᠤᠨ᠎ᠠ  ᠃ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠡᠷᠬᠡᠪᠰᠢ ᠨᠦᠬᠦᠪᠦᠷᠢ  ᠶᠢᠨ ᠮᠦᠩᠬᠦ  ᠶᠢ ᠳᠠᠷᠬᠠᠭᠠᠬᠤ ᠠᠴᠠ ᠡᠮᠦᠨ᠎ᠡ 2021ᠤᠨ  ᠤ ᠵᠡᠬᠦᠨᠭᠠᠷ ᠬᠤᠰᠢᠭᠤᠨ  ᠤ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠳᠦᠷᠦᠯ ᠵᠦᠢᠯ  ᠤᠨ ᠢᠯᠡ ᠨᠡᠶᠢᠳᠡᠯᠡᠯ  ᠤᠨ ᠳᠦᠷᠰᠦ ᠰᠢᠩᠬᠡᠬᠡᠯᠳᠡ  ᠶᠢᠨ ᠮᠠᠲ᠋ᠧᠷᠢᠶᠡᠯ  ᠢ 8 ᠰᠠᠷ᠎ᠠ  ᠶᠢᠨ 31  ᠤ ᠡᠳᠦᠷ ᠠᠴᠠ ᠡᠮᠦᠨ᠎ᠡ ᠬᠤᠰᠢᠭᠤᠨ  ᠤ ᠳᠠᠷᠢᠶᠠᠯᠠᠩ ᠮᠠᠯ ᠠᠵᠤ ᠠᠬᠤᠢ  ᠶᠢᠨ ᠳᠤᠪᠴᠢᠶ᠎ᠡ ᠳᠤ ᠮᠡᠳᠡᠬᠦᠯᠦᠨ᠎ᠡ  ᠃ ︵  ᠬᠠᠷᠢᠯᠴᠠᠬᠤ ᠬᠦᠮᠦᠨ  ᠄ ᠯᠢᠨ ᠷᠦᠢ ᠡᠦ  ᠂ ᠬᠠᠷᠢᠯᠴᠠᠬᠤ ᠤᠳᠠᠰᠤ  ᠄15849708555︔ ᠢᠮᠧᠯ  ᠄ 51992837@qq.com᠃ ᠬᠠᠶ᠋ᠢᠬ  ᠄ ᠨᠦᠩ ᠰᠢᠩ ᠳᠤᠮᠤ ᠠᠰᠠᠷ  ᠤᠨ 603 ᠳᠠᠰᠤᠬ  ︶ᠳᠠᠪᠤ  ᠂ ᠪᠠᠳᠤᠯᠠᠭ᠎ᠠ  ᠶᠢᠨ ᠠᠷᠭ᠎ᠠ ᠬᠡᠮᠵᠢᠶ᠎ᠡ︵  ᠨᠢᠬᠡ  ︶ ᠵᠤᠬᠢᠶᠠᠨ ᠪᠠᠶᠢᠭᠤᠯᠤᠯᠳᠠ  ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ  ᠃ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠠᠵᠢᠯ  ᠢ ᠬᠤᠰᠢᠭᠤᠨ  ᠤ ᠠᠷᠡᠳ  ᠤᠨ ᠵᠠᠰᠠᠬ  ᠤᠨ ᠤᠷᠳᠤᠨ ᠠᠴᠠ ᠶᠠᠷᠦᠩᠬᠡᠢ ᠬᠠᠷᠢᠭᠤᠴᠠᠵᠤ  ᠂ ᠬᠤᠰᠢᠭᠤᠨ  ᠤ ᠳᠠᠷᠢᠶᠠᠯᠠᠩ ᠮᠠᠯ ᠠᠵᠤ ᠠᠬᠤᠢ  ᠶᠢᠨ ᠳᠤᠪᠴᠢᠶ᠎ᠡ  ᠂ ᠡᠳ᠋  ᠤᠨ ᠵᠠᠰᠠᠬ  ᠤᠨ ᠳᠤᠪᠴᠢᠶ᠎ᠡ ᠠᠴᠠ ᠪᠤᠳᠠᠳᠠᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ  ᠃ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠠᠵᠢᠯ  ᠤᠨ ᠳᠤᠬᠳᠠᠴᠠ ᠪᠠᠨ ᠪᠠᠶᠢᠭᠤᠯᠤᠨ ᠳᠡᠬᠦᠯᠳᠡᠷᠵᠢᠬᠦᠯᠵᠤ  ᠂ ᠬᠠᠷᠢᠭᠤᠴᠠᠯᠭ᠎ᠠ  ᠶᠢᠨ ᠬᠤᠪᠢᠶᠡᠷᠢᠯᠡᠯ ᠢᠶᠠᠨ ᠳᠤᠳᠤᠷᠬᠠᠢᠢᠯᠠᠵᠤ  ᠂ ᠰᠠᠯᠠᠭ᠎ᠠ ᠮᠦᠴᠢᠷ  ᠤᠨ ᠬᠠᠮᠵᠢᠯᠴᠠᠭ᠎ᠠ ᠪᠠᠨ ᠴᠢᠩᠭᠠᠳᠬᠠᠵᠤ  ᠂ ᠳᠤᠰᠬᠠᠢ ᠬᠦᠮᠦᠨ ᠳᠤᠬᠳᠠᠭᠠᠨ ᠬᠠᠷᠢᠭᠤᠴᠠᠭᠤᠯᠵᠤ  ᠂ ᠳᠠᠷᠢᠶᠠᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠠᠵᠢᠯ  ᠢ ᠦᠨᠡᠨ ᠬᠦ ᠨᠠᠶᠢᠳᠠᠪᠤᠷᠢᠵᠢᠭᠤᠯᠵᠤ  ᠂ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠠᠵᠢᠯ  ᠢ ᠯᠠᠪᠳᠠᠭᠤᠨ ᠪᠠᠳᠤᠳᠠᠢ ᠡᠮᠬᠢ ᠲᠢᠭᠯᠢᠮ ᠲᠠᠢ ᠶᠠᠪᠤᠬᠳᠠᠬᠤ  ᠶᠢ ᠪᠠᠳᠤᠯᠠᠨ᠎ᠡ  ᠃︵  ᠬᠤᠶᠡᠷ  ︶ ᠠᠵᠢᠯᠯᠠᠬᠤ ᠳᠠᠰ ᠳᠠᠷᠠᠭᠠᠯᠠᠯ  ᠢ ᠳᠦᠷᠢᠮᠵᠢᠬᠦᠯᠤᠨ᠎ᠠ  ᠃ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠨᠦᠬᠦᠪᠦᠷᠢ ᠳᠠᠷᠬᠠᠭᠠᠬᠤ ᠳᠤᠬᠳᠠᠭᠠᠯ ᠶᠤᠰᠤᠭᠠᠷ ᠨᠦᠬᠦᠪᠦᠷᠢ  ᠶᠢᠨ ᠳᠠᠯᠠᠪᠠᠢ  ᠶᠢ ᠬᠠᠷᠭᠤᠭᠤᠯᠤᠨ ᠳᠤᠬᠳᠠᠭᠠᠬᠤ  ᠂ ᠳᠠᠩᠰᠠᠯᠠᠵᠤ ᠳᠡᠪᠳᠡᠷᠯᠡᠬᠦ  ᠂ ᠵᠠᠷᠯᠡᠨ ᠨᠡᠶᠢᠳᠡᠯᠡᠬᠦ ᠪᠠ ᠬᠠᠷᠭᠤᠭᠤᠯᠵᠤ ᠬᠤᠷᠢᠶᠠᠩᠭᠤᠢᠢᠯᠡᠬᠤ ᠠᠵᠢᠯ  ᠢ ᠰᠠᠶᠢᠳᠤᠷ ᠬᠢᠵᠤ  ᠂ ᠳᠠᠷᠢᠶᠠᠴᠢᠨ ᠡᠷᠦᠬᠡ ᠳᠤ ︽  ᠨᠢᠬᠡ ᠺᠠᠷᠲ  ︾ ᠢᠶᠠᠷ ᠰᠢᠭᠤᠳ ᠳᠠᠷᠬᠠᠭᠠᠨ᠎ᠠ  ᠃ ᠨᠦᠬᠦᠪᠦᠷᠢ  ᠶᠢᠨ ᠪᠡᠯᠡ ᠮᠦᠩᠬᠦ  ᠶᠢᠨ ᠳᠤᠰᠬᠠᠢ ᠵᠤᠭᠤᠰ  ᠢ ᠳᠤᠰᠬᠠᠢ ᠬᠡᠷᠡᠭᠯᠡᠬᠦ  ᠶᠢ ᠬᠡᠷᠡᠭᠵᠢᠬᠦᠯᠵᠤ  ᠂ ᠶᠠᠮᠠᠷᠪᠡ ᠨᠢᠬᠡᠴᠢ ᠪᠠ ᠬᠤᠪᠢ ᠬᠦᠮᠦᠨ ᠦᠯᠡᠳᠡᠬᠡᠨ ᠠᠪᠬᠤ ᠪᠤᠶᠤ ᠨᠡᠬᠦᠯᠬᠡᠨ ᠬᠡᠷᠡᠭᠯᠡᠵᠤ ᠪᠤᠯᠬᠤ ᠦᠬᠡᠢ  ᠃ ᠶᠡᠮᠡᠷᠪᠡ ᠵᠠᠷᠤᠳᠠᠯ ᠪᠤᠯᠭᠠᠵᠤ ᠤᠷᠤᠯᠠᠨ ᠬᠡᠷᠡᠭᠯᠡᠵᠤ ᠪᠤᠯᠬᠤ ᠦᠬᠡᠢ  ᠃︵  ᠭᠤᠷᠪᠡ  ︶ ᠪᠡᠯᠡ ᠮᠦᠩᠬᠦᠨ  ᠤ ᠬᠠᠮᠢᠶᠠᠷᠤᠯᠳᠡ  ᠶᠢ ᠴᠢᠩᠭᠠᠳᠬᠠᠨ᠎ᠠ  ᠃ ᠬᠤᠰᠢᠭᠤᠨ  ᠤ ᠡᠳ᠋  ᠤᠨ ᠵᠠᠰᠠᠬ  ᠤᠨ ᠳᠤᠪᠴᠢᠶ᠎ᠡ ᠪᠠ ᠳᠠᠷᠢᠶᠠᠯᠠᠩ ᠮᠠᠯ ᠠᠵᠤ ᠠᠬᠤᠢ  ᠶᠢᠨ ᠳᠤᠪᠴᠢᠶ᠎ᠡ ᠳᠡᠬᠡᠳᠦ ᠱᠠᠳᠤᠨ  ᠤ ᠪᠠᠭᠤᠯᠭᠠᠬᠰᠠᠨ ᠪᠡᠯᠡ ᠮᠦᠩᠬᠦᠨ  ᠤ ᠳᠤᠭ᠎ᠠ ᠪᠠ ᠨᠦᠬᠦᠪᠦᠷᠢ  ᠶᠢᠨ ᠳᠠᠯᠠᠪᠠᠢ  ᠶᠢ ᠬᠠᠷᠭᠤᠭᠤᠯᠤᠨ ᠪᠤᠳᠤᠬᠰᠠᠨ ᠨᠦᠬᠦᠪᠦᠷᠢ  ᠶᠢᠨ ᠪᠠᠷᠢᠮᠵᠢᠶ᠎ᠡ ᠶᠤᠰᠤᠭᠠᠷ ᠨᠦᠬᠦᠪᠦᠷᠢ  ᠶᠢᠨ ᠪᠡᠯᠡ ᠮᠦᠩᠬᠦ  ᠶᠢᠨ ᠤᠷᠤᠨ ᠳᠤᠭ᠎ᠠ  ᠶᠢ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠳᠤ ᠪᠠᠭᠤᠯᠭᠠᠵᠤ  ᠂ ︽ ᠨᠢᠬᠡ ᠺᠠᠷᠲ  ︾ ᠢᠶᠠᠷ ᠡᠷᠦᠬᠡ ᠳᠤ ᠳᠠᠷᠬᠠᠭᠠᠨ᠎ᠠ  ᠃ ᠳᠠᠷᠢᠶᠠᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ᠶᠢᠨ ᠮᠦᠩᠬᠦ  ᠶᠢ ᠮᠡᠬᠡᠯᠡᠨ ᠠᠪᠬᠤ  ᠂ ᠱᠠᠮᠰᠢᠬᠤ  ᠂ ᠰᠢᠬᠠᠨ ᠡᠵᠡᠯᠡᠬᠦ  ᠂ ᠨᠡᠬᠦᠯᠬᠡᠨ ᠬᠡᠷᠡᠭᠯᠡᠬᠦ ᠪᠤᠶᠤ ᠳᠤᠬᠳᠠᠭᠠᠯ  ᠢ ᠵᠦᠷᠢᠴᠡᠨ ᠨᠦᠬᠦᠪᠦᠷᠢ ᠮᠦᠩᠬᠦ ᠳᠠᠷᠬᠠᠭᠠᠬᠰᠠᠳ  ᠢ ᠬᠠᠤᠯᠢ ᠶᠤᠰᠤᠭᠠᠷ ᠴᠢᠩᠭ᠎ᠠ ᠰᠢᠳᠬᠡᠨ᠎ᠡ  ᠃︵  ᠳᠦᠷᠪᠡ  ︶ ᠬᠢᠨᠠᠯᠳᠠ ᠳᠠᠯᠪᠢᠵᠤ ᠵᠢᠯᠤᠭᠤᠳᠬᠤ ᠪᠠᠨ ᠴᠢᠩᠭᠠᠳᠬᠠᠨ᠎ᠠ  ᠃ ᠬᠤᠰᠢᠭᠤᠨ  ᠤ ᠡᠳ᠋  ᠤᠨ ᠵᠠᠰᠠᠬ  ᠤᠨ ᠳᠤᠪᠴᠢᠶ᠎ᠡ  ᠂ ᠬᠤᠰᠢᠭᠤᠨ  ᠤ ᠳᠠᠷᠢᠶᠠᠯᠠᠩ ᠮᠠᠯ ᠠᠵᠤ ᠠᠬᠤᠢ  ᠶᠢᠨ ᠳᠤᠪᠴᠢᠶ᠎ᠡ ︽  ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ︾   ᠶᠢᠨ ᠠᠵᠢᠯ  ᠤᠨ ᠠᠬᠢᠴᠠ  ᠶᠢᠨ ᠪᠠᠶᠢᠳᠠᠯ  ᠢ ᠨᠢᠭᠳᠠ ᠮᠦᠷᠳᠡᠵᠤ  ᠂ ᠴᠢᠮᠡᠭᠡ ᠵᠠᠩᠬᠢ  ᠶᠢᠨ ᠬᠠᠷᠢᠯᠴᠠᠭ᠎ᠠ ᠪᠠᠨ ᠴᠢᠩᠭᠠᠳᠬᠠᠵᠤ  ᠂ ︽ ᠳᠠᠷᠢᠶᠡᠨ ᠭᠠᠵᠠᠷ  ᠤᠨ ᠴᠢᠨᠡᠷ ᠰᠢᠮ᠎ᠡ  ᠶᠢ ᠬᠠᠮᠠᠭᠠᠯᠠᠬᠤ ᠨᠦᠬᠦᠪᠦᠷᠢ  ︾   ᠶᠢᠨ ᠬᠢᠨᠠᠯᠳᠠ ᠳᠠᠯᠪᠢᠵᠤ ᠵᠢᠯᠤᠭᠤᠳᠬᠤ ᠪᠠᠨ ᠰᠠᠶᠢᠳᠤᠷ ᠬᠢᠵᠤ  ᠂ ᠬᠦᠨᠳᠦ ᠴᠢᠬᠤᠯᠠ ᠠᠰᠠᠭᠤᠳᠠᠯ  ᠢ ᠴᠠᠬ ᠳᠤᠬᠠᠢ ᠳᠤᠨᠢ ᠬᠤᠰᠢᠭᠤᠨ  ᠤ ᠠᠷᠡᠳ  ᠤᠨ ᠵᠠᠰᠠᠬ  ᠤᠨ ᠤᠷᠳᠤᠨ ᠳᠤ ᠮᠡᠳᠡᠬᠦᠯᠦᠨ᠎ᠡ  ᠃                                               ᠵᠡᠬᠦᠨᠭᠠᠷ ᠬᠤᠰᠢᠭᠤᠨ  ᠤ ᠠᠷᠡᠳ  ᠤᠨ ᠵᠠᠰᠠᠬ  ᠤᠨ ᠤᠷᠳᠤᠨ  ᠤ ᠠᠯᠪᠠᠨ ᠬᠡᠷ                                               2021ᠤᠨ  ᠤ 8 ᠰᠠᠷ᠎ᠡ  ᠶᠢᠨ 18  ᠤ ᠡᠳᠦᠷ ᠳᠠᠷᠤᠮᠠᠯᠯᠠᠨ ᠳᠠᠷᠬᠠᠭᠠᠪᠠ
ᠢᠷᠡᠯᠲᠡ᠄ ᠲᠤᠰ ᠰᠦᠯᠵᠢᠶ᠎ᠡ