︽ᠵᠡᠭᠦᠨᠭᠠᠷ ᠬᠤᠰᠢᠭᠤᠨ  ᠤ 2021 ᠣᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢᠨ ᠬᠡᠷᠡᠭᠵᠢᠭᠦᠯᠬᠦ ᠲᠥᠰᠦᠯ ︾   ᠢ  ᠳᠠᠷᠤᠮᠠᠯᠯᠠᠨ ᠳᠠᠷᠬᠠᠭᠠᠬᠤ ᠳᠤᠬᠠᠢ ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠠᠯᠪᠡᠠ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/9/28
ᠬᠤᠯᠪᠣᠭᠳᠠᠯ ᠪᠦᠬᠦᠢ  ᠨᠢᠭᠡᠴᠢ ᠳᠤ ᠄     ᠬᠤᠰᠢᠭᠤᠨ ᠤ ᠠᠷᠠᠳ  ᠤᠨ ᠵᠠᠰᠠᠭ  ᠤᠨ ᠣᠷᠳᠣᠨ  ᠢᠶᠠᠷ ᠵᠥᠪᠰᠢᠶᠡᠷᠡᠭᠦᠯᠦᠭᠡᠳ ᠂ ᠡᠳᠦᠭᠡ ︽ ᠵᠡᠭᠦᠨᠭᠠᠷ ᠬᠤᠰᠢᠭᠤᠨ  ᠤ 2021 ᠣᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ   ᠶᠢᠨ ᠬᠡᠷᠡᠭᠵᠢᠭᠦᠯᠬᠦ ᠲᠥᠰᠦᠯ ︾   ᠢ ᠲᠠᠨᠠᠷ  ᠲᠤ ᠳᠠᠷᠤᠮᠠᠯᠯᠠᠨ  ᠳᠠᠷᠬᠠᠭᠠᠯ᠎ᠠ ᠂ ᠪᠣᠳᠠᠲᠠᠶ  ᠲᠠᠢ  ᠪᠠᠨ ᠤᠶᠠᠯᠳᠤᠭᠤᠯᠤᠨ ᠂  ᠨᠠᠷᠢᠨ ᠬᠢᠨᠠᠮᠠᠭᠠᠶ  ᠳᠤᠭᠤᠰᠢᠯᠠᠭᠤᠯᠤᠨ ᠬᠡᠷᠡᠭᠵᠢᠭᠦᠯᠲᠦᠭᠡᠶ ᠃                                          ᠵᠡᠭᠦᠨᠭᠠᠷ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ  ᠤ ᠠᠯᠪᠡᠠ ᠭᠡᠷ                                           2021 ᠣᠨ  ᠤ 8 ᠰᠠᠷ᠎ᠠ  ᠶᠢᠨ 20 ᠤ ᠡᠳᠤᠷ        ᠵᠡᠭᠦᠨᠭᠠᠷ ᠬᠤᠰᠢᠭᠤᠨ  ᠤ 2021 ᠣᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢᠨ ᠬᠡᠷᠡᠭᠵᠢᠭᠦᠯᠬᠦ  ᠲᠥᠰᠦᠯ          ︽  ᠬᠦᠳᠡᠭᠡ ᠳᠤᠰᠬᠤᠨ  ᠢ ᠬᠥᠭᠵᠢᠭᠦᠯᠦᠨ ᠮᠠᠨᠳᠤᠭᠤᠯᠬᠤ  ᠶᠢ ᠪᠦᠬᠦ ᠲᠠᠯ᠎ᠠ  ᠪᠠᠷ ᠠᠬᠢᠭᠤᠯᠵᠤ  ᠳᠠᠷᠢᠶᠠᠯᠠᠩ ᠤᠶᠢᠯᠡᠳᠪᠤᠷᠢᠯᠡᠯ ᠬᠥᠳᠡᠭᠡ ᠲᠣᠰᠬᠤᠨ  ᠤ ᠣᠳᠣᠬᠢᠴᠢᠯᠠᠯᠲᠠ  ᠶᠢ ᠲᠦᠷᠭᠡᠳᠬᠡᠬᠦ ᠲᠤᠬᠠᠢ ᠳᠤᠮᠳᠠᠳᠤ ᠤᠯᠤᠰ  ᠤᠨ ᠡᠪ ᠬᠠᠮᠳᠤ ᠨᠠᠮ ᠤᠨ ᠳᠦᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ ᠲᠥᠪ ᠲᠠᠷᠬᠠᠭᠠᠭᠰᠠᠨ ﹇ 2021 ﹈ 1 ᠲᠣᠭᠠᠲᠤ ︶ ᠂     ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 2021 — 2023 ᠣᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢᠨ ᠬᠡᠷᠡᠭᠵᠢᠭᠦᠯᠬᠦ ᠲᠥᠰᠦᠯ ︾ ︵ ᠥᠪᠥᠷ ᠮᠠᠯ ᠲᠠᠷᠢᠶᠠᠯᠠᠩ  ᠮᠠᠰᠢᠨ ᠲᠠᠷᠬᠠᠭᠠᠭᠰᠠᠨ ﹇ 2021 ﹈ 283 ᠲᠣᠭᠠᠲᠤ ︶ ᠂ ︽ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ  ᠤᠨ ᠮᠠᠰᠢᠨ  ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ  ᠶᠢᠨ ᠬᠡᠷᠡᠭᠵᠢᠭᠦᠯᠬᠦ ᠲᠥᠰᠦᠯ ︾ ︵ ᠥᠪᠥᠷ ᠮᠠᠯ ᠲᠠᠷᠢᠶᠠᠯᠠᠩ ᠮᠠᠰᠢᠨ ᠲᠠᠷᠬᠠᠭᠠᠭᠰᠠᠨ ﹇2020﹈ 280  ᠲᠣᠭᠠᠲᠤ ︶ ᠂ ︽ ᠵᠡᠭᠦᠨᠭᠠᠷ ᠬᠤᠰᠢᠭᠤᠨ  ᠤ  ᠬᠦᠳᠡᠭᠡ ᠳᠤᠰᠬᠤᠨ ᠤ ᠠᠵᠤ ᠤᠶᠢᠯᠡᠰ  ᠢ ᠬᠥᠭᠵᠢᠭᠦᠯᠤᠨ ᠮᠠᠨᠳᠤᠭᠤᠯᠬᠤ ᠲᠤᠰᠬᠠᠶ  ᠬᠡᠷᠡᠭᠵᠢᠭᠦᠯᠬᠦ ᠲᠥᠰᠦᠯ ︵ 2018 — 2022 ᠣᠨ ︶ ︾   ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂  ᠬᠦᠳᠡᠭᠡ ᠳᠤᠰᠬᠤᠨ  ᠢ ᠬᠥᠭᠵᠢᠭᠦᠯᠦᠨ ᠮᠠᠨᠳᠤᠭᠤᠯᠬᠤ   ᠶᠢ ᠪᠦᠬᠦ ᠲᠠᠯ᠎ᠠ  ᠪᠠᠷ ᠠᠬᠢᠭᠤᠯᠵᠤ ᠂ ᠮᠠᠯ ᠲᠠᠷᠢᠶᠠᠯᠠᠩ ᠬᠥᠳᠡᠭᠡ ᠲᠣᠰᠬᠤᠨ  ᠤ ᠣᠳᠣᠬᠢᠴᠢᠯᠠᠯᠲᠠ   ᠶᠢ ᠲᠦᠷᠭᠡᠳᠬᠡᠨ ᠂ ᠮᠠᠯ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ   ᠶᠢᠨ ᠵᠣᠬᠢᠶᠠᠨ ᠪᠠᠶᠢᠭᠤᠯᠤᠯᠲᠠ ᠪᠣᠯᠤᠨ ᠮᠠᠯᠴᠢᠨ ᠲᠠᠷᠢᠶᠠᠴᠢᠳ  ᠤᠨ ᠲᠡᠷᠢᠭᠦᠨ  ᠤ  ᠮᠦᠷᠳᠡᠭᠡᠨ  ᠳᠤᠬᠢᠷᠠᠮᠵᠢᠳᠠᠢ  ᠮᠠᠯ ᠲᠠᠷᠢᠶᠠᠯᠠᠩ ᠤᠨ ᠮᠠᠰᠢᠨ  ᠢ ᠬᠡᠷᠡᠭᠯᠡᠬᠦ   ᠶᠢ  ᠳᠡᠳᠬᠦᠨ ᠳᠡᠮᠵᠢᠵᠤ ᠂ ᠮᠠᠨ  ᠤ ᠬᠤᠰᠢᠭᠤᠨ  ᠤ ᠲᠠᠷᠢᠶᠠᠯᠠᠩ  ᠤᠨ ᠮᠠᠰᠢᠨ ᠲᠣᠨᠣᠭᠯᠠᠯ  ᠤᠨ ᠲᠡᠰ ᠳᠡᠪᠰᠢᠬᠦ   ᠶᠢ ᠠᠬᠢᠭᠤᠯᠤᠨ ᠂ ᠮᠠᠯ ᠲᠠᠷᠢᠶᠠᠯᠠᠩ ᠤᠨ ᠪᠦᠬᠦ ᠶᠠᠪᠤᠴᠠ   ᠶᠢᠨ ᠮᠠᠰᠢᠨᠴᠢᠯᠠᠯᠲᠠ   ᠶᠢᠨ ᠠᠬᠢᠴᠠ   ᠶᠢ ᠠᠬᠢᠭᠤᠯᠵᠤ ᠂  ᠬᠦᠳᠡᠭᠡ ᠳᠤᠰᠬᠤᠨ ᠤ ᠠᠵᠤ ᠦᠢᠯᠡᠰ  ᠢ ᠬᠥᠭᠵᠢᠭᠦᠯᠦᠨ ᠮᠠᠨᠳᠤᠭᠤᠯᠬᠤ  ᠳᠤ ᠦᠵᠡᠭᠦᠯᠬᠦ ᠮᠠᠰᠢᠨᠴᠢᠯᠠᠯᠲᠠ   ᠶᠢᠨ ᠴᠢᠬᠤᠯᠠ ᠲᠤᠯᠭᠠᠭᠤᠷᠢᠯᠠᠬᠤ ᠦᠢᠯᠡᠳᠦᠯ  ᠢ ᠳᠡᠭᠡᠭᠰᠢᠯᠡᠭᠦᠯᠬᠦ ᠶᠢᠨ ᠳᠤᠰᠠᠳᠠ ᠂ ᠲᠤᠰ ᠬᠡᠷᠡᠭᠵᠢᠭᠦᠯᠬᠦ ᠲᠥᠰᠦᠯ  ᠢ ᠲᠣᠭᠲᠠᠭᠠᠪᠠ ᠃      ᠨᠢᠭᠡ ᠂ ᠵᠢᠯᠣᠭᠤᠳᠬᠤ ᠦᠵᠡᠯ ᠰᠠᠨᠠᠭ᠎ᠠ     ᠶᠡᠷᠦᠩᠬᠡᠶ ᠱᠦᠵᠢ  ᠰᠢ  ᠶᠢᠨ ᠫᠢᠩ ᠤᠨ  ᠬᠥᠳᠡᠭᠡ ᠲᠣᠰᠬᠤᠨ ᠬᠦᠳᠡᠭᠡ ᠠᠵᠤ ᠠᠬᠤᠢ ᠲᠠᠷᠢᠶᠠᠴᠢᠨ  ᠤ ᠠᠵᠢᠯ  ᠤᠨ ᠲᠤᠬᠠᠶ ᠴᠢᠬᠤᠯᠠ ᠥᠭᠦᠯᠡᠯᠲᠡ  ᠶᠢ ᠭᠦᠨᠵᠡᠭᠡᠶ  ᠳᠤᠭᠤᠰᠢᠯᠠᠭᠤᠯᠤᠨ ᠂ ᠮᠠᠨ  ᠤ ᠬᠤᠰᠢᠭᠤᠨ  ᠤ  ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠂ ᠵᠢᠱᠢᠶ᠎ᠡ ᠦᠵᠡᠭᠦᠯᠬᠦ ᠲᠣᠰᠬᠤᠨ  ᠤ ᠠᠵᠤ ᠦᠢᠯᠡᠰ  ᠢ ᠬᠥᠭᠵᠢᠭᠦᠯᠦᠨ ᠮᠠᠨᠳᠤᠭᠤᠯᠬᠤ ᠱᠠᠭᠠᠷᠳᠠᠯᠭ᠎ᠠ  ᠶᠢᠨ ᠲᠣᠭᠤᠷᠢᠨ  ᠳᠤ ᠂ ᠭᠠᠵᠠᠷ ᠰᠢᠷᠣᠶ  ᠶᠢᠨ ᠲᠣᠬᠢᠷᠠᠮᠵᠢᠲᠠᠶ ᠬᠡᠪᠴᠢᠶᠡᠵᠢᠭᠦᠯᠦᠭᠰᠡᠨ ᠡᠵᠡᠩᠨᠡᠯᠲᠡ  ᠶᠢᠨ ᠲᠥᠷᠥᠯ ᠵᠦᠢᠯ ᠪᠠ ᠲᠠᠪᠤᠨ ᠶᠡᠭᠡ ᠭᠤᠣᠯᠯᠠᠬᠤ ᠠᠵᠤ ᠦᠢᠯᠡᠰ  ᠢ ᠤᠷᠢᠳᠠᠪᠠᠷ ᠬᠥᠭᠵᠢᠭᠦᠯᠬᠦ ᠴᠢᠭᠯᠡᠯᠲᠡ ᠶᠣᠰᠣᠭᠠᠷ ᠂  ᠳᠠᠷᠢᠶᠠᠨ ᠭᠠᠵᠠᠷ ᠤᠨ ᠠᠮᠤ  ᠪᠤᠳᠠᠭᠠᠨ ᠤ ᠤᠶᠢᠯᠡᠳᠪᠤᠷᠢᠯᠡᠯ ᠤᠨ  ᠴᠢᠳᠠᠪᠤᠷᠢ ᠶᠢ ᠪᠠᠳᠤᠯᠠᠵᠤ ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ ᠂ ᠮᠠᠨ  ᠤ ᠬᠤᠰᠢᠭᠤᠨ  ᠤ  ᠮᠠᠯ ᠲᠠᠷᠢᠶᠠᠯᠠᠩ  ᠤᠨ ᠮᠠᠰᠢᠨᠴᠢᠯᠠᠯᠲᠠ  ᠶᠢ ᠪᠥᠬᠦ ᠶᠠᠪᠤᠴᠠ  ᠳᠤ ᠪᠥᠬᠦ ᠲᠠᠯ᠎ᠠ ᠪᠠᠷ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ  ᠪᠠᠷ ᠲᠠᠰ ᠳᠡᠪᠰᠢᠭᠦᠯᠬᠦ  ᠶᠢ ᠠᠬᠢᠭᠤᠯᠵᠤ ᠂  ᠬᠦᠳᠡᠭᠡ ᠳᠤᠰᠬᠤᠨ ᠤ ᠠᠵᠤ ᠦᠶᠯᠡᠰ  ᠢ ᠬᠥᠭᠵᠢᠭᠦᠯᠦᠨ ᠮᠠᠨᠳᠤᠭᠤᠯᠬᠤ  ᠶᠢ ᠪᠥᠬᠦ ᠲᠠᠯ᠎ᠠ  ᠪᠠᠷ ᠠᠬᠢᠭᠤᠯᠵᠤ ᠂ ᠶᠠᠳᠠᠭᠤ  ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠦᠷ᠎ᠡ ᠪᠦᠲᠦᠭᠡᠯ  ᠢ ᠪᠠᠬᠢᠵᠢᠭᠦᠯᠦᠨ ᠥᠷᠭᠡᠳᠬᠡᠬᠦ  ᠶᠢ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ  ᠲᠠᠢ ᠪᠦᠲᠦᠮᠵᠢᠲᠡᠶ ᠵᠣᠯᠭᠠᠭᠤᠯᠵᠤ ᠂ ᠮᠠᠨ  ᠤ ᠬᠤᠰᠢᠭᠤᠨ  ᠤ ᠮᠠᠯ ᠲᠠᠷᠢᠶᠠᠯᠠᠩ  ᠤᠨ ᠮᠠᠰᠢᠨᠴᠢᠯᠠᠯᠲᠠ ᠪᠠ ᠲᠠᠷᠢᠶᠠᠯᠠᠩ  ᠤᠨ ᠮᠠᠰᠢᠨ  ᠤ ᠠᠵᠤ ᠦᠶᠯᠡᠰ  ᠤᠨ ᠬᠥᠭᠵᠢᠯᠲᠡ  ᠶᠢᠨ ᠬᠢᠷᠢ ᠲᠦᠪᠰᠢᠨ  ᠢ ᠳᠡᠭᠡᠭᠰᠢᠯᠡᠭᠦᠯᠦᠨ᠎ᠡ ᠃     ᠬᠤᠶᠠᠷ ᠂ ᠦᠨᠳᠦᠰᠦᠨ ᠵᠠᠷᠴᠢᠮ    2021 ᠣᠨ  ᠳᠤ ᠮᠠᠨ  ᠤ ᠬᠤᠰᠢᠭᠤᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ  ᠳᠤ ᠵᠠᠬ᠎ᠠ ᠳᠡᠯᠭᠡᠭᠦᠷ  ᠢᠶᠠᠷ ᠤᠳᠤᠷᠢᠳᠤᠮᠵᠢ ᠪᠣᠯᠭᠠᠬᠤ ᠪᠠ ᠵᠠᠰᠠᠭ  ᠤᠨ ᠣᠷᠳᠣᠨ  ᠠᠴᠠ ᠬᠥᠲᠥᠯᠦᠨ ᠵᠢᠯᠣᠭᠤᠳᠬᠤ  ᠶᠢ ᠤᠶᠠᠯᠳᠤᠭᠤᠯᠬᠤ ᠵᠠᠷᠴᠢᠮ  ᠢ ᠪᠠᠷᠢᠮᠲᠠᠯᠠᠨ᠎ᠠ ︔ ᠲᠥᠪ ᠂ ᠥᠪᠡᠷᠲᠡᠭᠡᠨ ᠵᠠᠰᠠᠬᠤ ᠣᠷᠣᠨ  ᠤ ᠨᠥᠬᠦᠪᠥᠷᠢ  ᠶᠢᠨ ᠪᠠᠯᠠ ᠮᠥᠩᠭᠦ  ᠪᠠᠷ ᠭᠤᠤᠯ ᠪᠣᠯᠭᠠᠵᠤ ᠂ ᠬᠤᠰᠢᠭᠤᠨ ᠤ ᠱᠠᠲᠤᠨ  ᠤ ᠨᠥᠬᠦᠪᠥᠷᠢ  ᠶᠢᠨ ᠪᠠᠯᠠ ᠮᠥᠩᠭᠦ  ᠪᠠᠷ  ᠳᠤᠰᠠᠯᠠᠮᠵᠢ ᠪᠣᠯᠭᠠᠬᠤ ᠵᠠᠷᠴᠢᠮ  ᠢ   ᠪᠠᠷᠢᠮᠲᠠᠯᠠᠨ᠎ᠠ ︔ 《ᠲᠠᠷᠢᠶᠠᠴᠢᠳ ᠰᠠᠶᠢᠨ ᠳᠤᠷ᠎ᠠ  ᠠᠴᠠ  ᠪᠠᠨ ᠤᠷᠤᠯᠴᠠᠨ ᠂ ᠲᠦᠷᠦ  ᠶᠢᠨ ᠪᠤᠳᠤᠯᠭ᠎ᠠ  ᠪᠠᠷ ᠳᠡᠮᠵᠢᠵᠤ ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ  ᠪᠠᠶᠢᠯᠭᠠᠨ ᠂ ᠠᠮᠤᠷ ᠲᠦᠪᠰᠢᠨ ᠪᠥᠭᠡᠳ ᠣᠷᠴᠢᠨ ᠳᠤᠭᠤᠷᠢᠨ ᠢ ᠬᠠᠮᠠᠭᠠᠯᠠᠬᠤ》 ᠵᠠᠷᠴᠢᠮ  ᠢ ᠪᠠᠷᠢᠮᠲᠠᠯᠠᠨ᠎ᠠ︔ ᠭᠤᠤᠯᠳᠠᠯᠭ᠎ᠠ  ᠲᠠᠢ ᠲᠥᠷᠥᠯ ᠵᠦᠶᠯ  ᠳᠤ ᠨᠥᠬᠦᠪᠥᠷᠢ ᠥᠭᠬᠦ  ᠪᠠᠷ ᠭᠤᠤᠯ ᠪᠣᠯᠭᠠᠵᠤ ᠂  ᠴᠡᠭ ᠱᠤᠭᠤᠮ ᠤᠨ ᠵᠢᠱᠢᠶ᠎ᠡ ᠦᠵᠡᠭᠦᠯᠦᠨ ᠨᠥᠬᠦᠪᠥᠷᠢ ᠥᠭᠬᠦ  ᠪᠠᠷ ᠬᠠᠪᠰᠤᠷᠤᠮᠵᠢ ᠪᠣᠯᠭᠠᠬᠤ ᠵᠠᠷᠴᠢᠮ  ᠢ ᠪᠠᠷᠢᠮᠲᠠᠯᠠᠨ᠎ᠠ ︔  ᠬᠦᠳᠡᠭᠡ ᠳᠤᠰᠬᠤᠨ  ᠤ ᠬᠠᠮᠲᠤ  ᠶᠢᠨ ᠠᠵᠤ ᠠᠬᠤᠶ  ᠶᠢᠨ ᠵᠣᠬᠢᠶᠠᠨ ᠪᠠᠶᠢᠭᠤᠯᠤᠯᠲᠠ  ᠶᠢ ᠭᠡᠷ ᠪᠦᠯᠢ  ᠶᠢᠨ ᠲᠠᠷᠢᠶᠠᠯᠠᠩ ᠮᠠᠯᠵᠢᠯ  ᠤᠨ ᠲᠠᠯᠠᠪᠠᠢ ᠂ ᠲᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠂ ᠲᠤᠰᠬᠠᠶ  ᠬᠤᠷᠰᠢᠶᠠᠵᠢᠯ ᠂ ᠰᠢᠨ᠎ᠡ ᠮᠠᠶ᠋ᠢᠭ  ᠤᠨ ᠳᠤᠬᠠᠶᠢᠯᠠᠬᠰᠠᠨ ᠠᠵᠢᠯ   ᠤᠨ ᠲᠠᠷᠢᠶᠠᠴᠢᠨ  ᠲᠠᠢ ᠤᠶᠠᠯᠳᠤᠭᠤᠯᠬᠤ  ᠶᠢ ᠭᠤᠣᠯᠳᠠᠯᠭ᠎ᠠ  ᠲᠠᠢ  ᠪᠠᠷ ᠳᠡᠳᠬᠦᠨ  ᠳᠡᠮᠵᠢᠬᠦ ᠵᠠᠷᠴᠢᠮ  ᠢ ᠪᠠᠷᠢᠮᠲᠠᠯᠠᠨ᠎ᠠ ︔ ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠬᠦ ᠂ ᠱᠠᠩᠨᠠᠬᠤ  ᠪᠠᠷ ᠨᠥᠬᠦᠪᠥᠷᠢᠯᠡᠬᠦ  ᠶᠢ ᠣᠷᠣᠯᠠᠭᠤᠯᠬᠤ ᠂ ᠤᠷᠢᠳᠠᠪᠠᠷ ᠭᠤᠶᠤᠴᠢᠯᠠᠪᠠᠯ ᠤᠷᠢᠳᠠᠪᠠᠷ ᠨᠥᠬᠦᠪᠥᠷᠢᠯᠡᠬᠦ ᠂ ᠨᠥᠬᠦᠪᠥᠷᠢ ᠪᠡᠯᠡ ᠮᠥᠩᠭᠦ  ᠶᠢ ᠳᠠᠭᠤᠰᠲᠠᠯ᠎ᠠ  ᠨᠢ ᠬᠡᠷᠡᠭᠯᠡᠬᠦ》 ᠵᠠᠷᠴᠢᠮ  ᠢ ᠪᠠᠷᠢᠮᠲᠠᠯᠠᠨ᠎ᠠ ᠃      ᠭᠤᠷᠪᠠ ᠂ ᠨᠥᠬᠦᠪᠥᠷᠢ  ᠤᠯᠭᠤᠬᠤ ᠡᠲᠡᠭᠡᠳ    ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ  ᠤᠯᠭᠤᠬᠤ ᠡᠲᠡᠭᠡᠳ ᠪᠣᠯ ᠵᠡᠭᠦᠨᠭᠠᠷ ᠬᠤᠰᠢᠭᠤᠨ ᠤ  ᠬᠢᠵᠠᠭᠠᠷ ᠳᠣᠲᠣᠷᠠᠬᠢ  ᠮᠠᠯ ᠲᠠᠷᠢᠶᠠᠯᠠᠩ  ‍ᠤᠨ‌ᠦᠢᠯᠡᠳᠪᠦᠷᠢᠯᠡᠯ ᠡᠷᠬᠢᠯᠡᠵᠤ ᠪᠠᠶᠢᠭ᠎ᠠ ᠬᠤᠪᠢ ᠬᠥᠮᠦᠨ ᠪᠣᠯᠤᠨ ᠮᠠᠯ ᠲᠠᠷᠢᠶᠠᠯᠠᠩ  ᠤᠨ ᠦᠢᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ ᠪᠣᠯᠤᠨ᠎ᠠ ᠂ ᠡᠭᠦᠨ  ᠳᠤ ᠮᠠᠯ ᠲᠠᠷᠢᠶᠠᠯᠠᠩ  ᠤᠨ ᠦᠢᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ  ᠳᠤ ᠬᠥᠳᠡᠭᠡ ᠲᠣᠰᠬᠤᠨ ᠤ ᠬᠠᠮᠲᠤ  ᠶᠢᠨ ᠠᠵᠤ ᠠᠬᠤᠶ  ᠶᠢᠨ ᠵᠣᠬᠢᠶᠠᠨ ᠪᠠᠶᠢᠭᠤᠯᠤᠯᠲᠠ ᠂  ᠮᠠᠯᠴᠢᠨ ᠳᠠᠷᠢᠶᠠᠴᠢᠳ ᠤᠨ ᠲᠤᠰᠬᠠᠶ  ᠬᠤᠷᠰᠢᠶᠠᠵᠢᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠮᠠᠯ ᠲᠠᠷᠢᠶᠠᠯᠠᠩ  ᠤᠨ ᠠᠵᠤ ᠠᠬᠤᠢᠢᠯᠠᠯ ᠪᠣᠯᠤᠨ ᠮᠠᠯ ᠲᠠᠷᠢᠶᠠᠯᠠᠩ  ᠤᠨ ᠦᠢᠯᠡᠳᠪᠦᠷᠢᠯᠡᠯ ᠡᠵᠡᠩᠨᠡᠯᠲᠡ ᠡᠷᠬᠢᠯᠡᠵᠤ ᠪᠠᠶᠢᠭ᠎ᠠ ᠪᠤᠰᠤᠳ ᠵᠣᠬᠢᠶᠠᠨ ᠪᠠᠶᠢᠭᠤᠯᠤᠯᠲᠠ (ᠳᠣᠷᠣᠭᠰᠢ 《ᠮᠠᠰᠢᠨ ᠬᠤᠳᠠᠯᠳᠤᠨ ᠠᠪᠤᠭᠴᠢ》 ᠭᠡᠵᠦ ᠲᠣᠪᠴᠢᠯᠠᠨ᠎ᠠ) ᠪᠠᠭᠲᠠᠨ᠎ᠠ ᠃ ᠨᠥᠬᠦᠪᠥᠷᠢ ᠣᠯᠭᠤᠬᠤ ᠡᠲᠡᠭᠡᠳ  ᠲᠤ ᠤᠯᠤᠰ ᠪᠠ ᠣᠷᠣᠨ ᠨᠤᠲᠤᠭ  ᠤᠨ ᠡᠯ᠎ᠡ ᠱᠠᠲᠤᠨ  ᠤ ᠵᠠᠰᠠᠭ  ᠤᠨ ᠣᠷᠳᠣᠨ  ᠤ ᠡᠳ᠋  ᠤᠨ ᠵᠠᠰᠠᠭ ᠤᠨ ᠬᠠᠩᠭᠠᠯᠳᠠ ᠳᠤ ᠪᠠᠶᠢᠭ᠎ᠠ ᠬᠥᠮᠦᠰ᠂ ᠲᠤᠬᠠᠢᠢᠯᠠᠪᠠᠯ ᠤᠯᠤᠰ  ᠤᠨ  ᠠᠯᠪᠠᠳᠠᠨ᠂ ᠠᠯᠪᠠᠲᠠᠨ  ᠤ ᠬᠠᠤᠯᠢ   ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠶᠯᠡᠰ  ᠤᠨ  ᠨᠢᠭᠡᠴᠢ  ᠶᠢᠨ ᠠᠵᠢᠯᠲᠠᠨ ᠠᠵᠢᠯᠴᠢᠨ  ᠢ ᠪᠠᠭᠲᠠᠭᠠᠬᠤ     ᠥᠬᠡᠶ ᠂ ᠠᠵᠢᠯ ᠦᠶᠯᠡᠰ  ᠤᠨ  ᠨᠢᠭᠡᠴᠢ  ᠶᠢᠨ ᠠᠵᠢᠯᠲᠠᠨ ᠠᠵᠢᠯᠴᠢᠨ ︵ ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ  ᠢ ᠪᠠᠭᠲᠠᠭᠠᠨ᠎ᠠ ︶   ᠢ ᠨᠥᠬᠦᠪᠥᠷᠢ ᠣᠯᠭᠤᠬᠤ ᠡᠲᠡᠭᠡᠳ  ᠤᠨ ᠲᠣᠭᠠᠨ  ᠳᠤ ᠣᠷᠣᠭᠤᠯᠬᠤ ᠥᠬᠡᠶ ᠃ ᠮᠠᠯ ᠲᠠᠷᠢᠶᠠᠯᠠᠩ  ᠤᠨ ᠦᠢᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ ᠭᠡᠳᠡᠭ ᠨᠢ  ᠮᠠᠯᠵᠢᠬᠤ ᠲᠠᠷᠢᠶᠠᠯᠠᠬᠤ  ᠣᠷᠣᠨ ᠤ ᠬᠠᠮᠲᠤ  ᠶᠢᠨ ᠠᠵᠤ ᠠᠬᠤᠶ  ᠶᠢᠨ ᠵᠣᠬᠢᠶᠠᠨ ᠪᠠᠶᠢᠭᠤᠯᠤᠯᠲᠠ ᠂  ᠮᠠᠯᠴᠢᠨ ᠳᠠᠷᠢᠶᠠᠴᠢᠳ ᠤᠨ ᠲᠤᠰᠬᠠᠶ  ᠬᠤᠷᠰᠢᠶᠠᠵᠢᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠮᠠᠯ ᠲᠠᠷᠢᠶᠠᠯᠠᠩ  ᠤᠨ ᠠᠵᠤ ᠠᠬᠤᠢᠢᠯᠠᠯ ᠪᠣᠯᠤᠨ ᠮᠠᠯ ᠲᠠᠷᠢᠶᠠᠯᠠᠩ  ᠤᠨ ᠦᠢᠯᠡᠳᠪᠦᠷᠢᠯᠡᠯ ᠡᠵᠡᠩᠨᠡᠯᠲᠡ ᠡᠷᠬᠢᠯᠡᠵᠤ ᠪᠠᠶᠢᠭ᠎ᠠ ᠪᠤᠰᠤᠳ ᠵᠣᠬᠢᠶᠠᠨ ᠪᠠᠶᠢᠭᠤᠯᠤᠯᠲᠠ  ᠶᠢ ᠵᠢᠭᠠᠵᠤ ᠪᠤᠢ ᠃        ᠳᠥᠷᠪᠡ ᠂ ᠨᠥᠬᠦᠪᠥᠷᠢ ᠥᠭᠬᠦ ᠬᠦᠷᠢᠶ᠎ᠡ ᠬᠡᠪᠴᠢᠶ᠎ᠡ     ( ᠨᠢᠭᠡ ) ᠲᠥᠪ ᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠦᠭᠬᠦ ᠬᠡᠪᠴᠢᠶ᠎ᠡ       ᠲᠥᠪ ᠂ ᠥᠪᠡᠷᠲᠡᠭᠡᠨ ᠵᠠᠰᠠᠬᠤ ᠣᠷᠣᠨ  ᠤ ᠡᠳ᠋ ᠤᠨ ᠵᠠᠰᠠᠭ  ᠤᠨ ᠨᠥᠬᠦᠪᠥᠷᠢ  ᠲᠠᠢ ᠮᠠᠰᠢᠨ ᠪᠠᠭᠠᠵᠢ  ᠶᠢᠨ ᠲᠥᠷᠥᠯ ᠵᠦᠢᠯ  ᠤᠨ ᠬᠡᠪᠴᠢᠶ᠎ᠡ  ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢᠨ ᠬᠠᠪᠰᠤᠷᠤᠮᠵᠢ ᠬᠠᠮᠢᠶᠠᠷᠤᠯᠲᠠ  ᠶᠢᠨ ᠰᠦᠯᠵᠢᠶᠡᠨ ᠤ  ᠰᠢᠰᠲ᠋ᠧᠮ  ᠠᠴᠠ ᠨᠠᠷᠢᠪᠴᠢᠯᠠᠨ  ᠦᠵᠡᠭᠡᠷᠡᠢ᠃ ᠥᠪᠡᠷᠲᠡᠭᠡᠨ ᠵᠠᠰᠠᠬᠤ ᠣᠷᠣᠨ  ᠤ ᠨᠥᠬᠦᠪᠥᠷᠢ ᠪᠠᠯᠠ ᠮᠥᠩᠭᠦ ᠶᠢ ᠨᠦᠬᠦᠪᠤᠷᠢᠯᠡᠬᠦ ᠳᠤ ᠮᠠᠨ  ᠤ ᠬᠤᠰᠢᠭᠤᠨ  ᠤ  ᠭᠡᠪᠴᠢᠶᠡᠵᠢᠬᠦᠯᠦᠭᠰᠡᠨ ᠮᠠᠯ ᠠᠵᠤ ᠠᠬᠤᠶ  ᠶᠢᠨ ᠡᠪᠡᠰᠦ ᠪᠣᠷᠳᠤᠭ᠎ᠠ  ᠶᠢ  ᠪᠤᠯᠪᠠᠰᠤᠷᠠᠭᠤᠯᠵᠤ ᠲᠡᠵᠢᠭᠡᠬᠦ ᠲᠥᠬᠦᠭᠡᠷᠦᠮᠵᠢ ᠬᠤᠳᠠᠯᠳᠤᠨ ᠠᠪᠬᠤ  ᠳᠤ  ᠤᠷᠢᠳᠠᠪᠠᠷ       ᠨᠦᠬᠦᠪᠤᠷᠢᠯᠡᠨ᠎ᠠ ᠃      ︵ᠬᠤᠶᠠᠷ ︶ ᠬᠤᠰᠢᠭᠤᠨ ᠤ ᠱᠠᠲᠤᠨ  ᠤ ᠨᠥᠬᠦᠪᠥᠷᠢ ᠦᠭᠬᠦ ᠬᠡᠪᠴᠢᠶ᠎ᠡ      1.2021 ᠣᠨ  ᠳᠤ ᠬᠤᠲᠠ ᠂ ᠬᠤᠰᠢᠭᠤᠨ  ᠤ ᠵᠠᠰᠠᠭ  ᠤᠨ ᠣᠷᠳᠣᠨ  ᠠᠴᠠ ᠬᠡᠷᠡᠭᠵᠢᠭᠦᠯᠬᠦ  ᠪᠠᠷ ᠲᠣᠭᠲᠠᠭᠠᠭᠰᠠᠨ  ᠬᠦᠳᠡᠭᠡ ᠳᠤᠰᠬᠤᠨ ᠤ ᠠᠵᠤ ᠦᠶᠯᠡᠰ  ᠢ ᠬᠥᠭᠵᠢᠭᠦᠯᠦᠨ ᠮᠠᠨᠳᠤᠭᠤᠯᠬᠤ ᠬᠥᠭᠵᠢᠯᠲᠡ  ᠶᠢᠨ ᠲᠥᠷᠥᠯ ᠵᠦᠶᠯ ᠵᠢᠴᠢ ︽ᠠᠵᠤ ᠠᠬᠤᠢᠢᠯᠠᠯ + ᠨᠠᠮ  ᠤᠨ ᠡᠭᠦᠷ +  ᠳᠤᠰᠬᠠᠢ ᠬᠤᠷᠰᠢᠶᠠᠵᠢᠯ+ ᠲᠠᠷᠢᠶᠠᠴᠢᠨ ᠡᠷᠦᠬᠡ ︾   ᠶᠢᠨ ᠠᠵᠤ ᠦᠶᠯᠡᠰ  ᠤᠨ ᠬᠥᠭᠵᠢᠯᠲᠡ ᠶᠢᠨ ᠲᠥᠷᠥᠯ ᠵᠦᠶᠯ ᠃      2. ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠂ ᠵᠢᠱᠢᠶ᠎ᠡ ᠦᠵᠡᠭᠦᠯᠬᠦ ᠲᠣᠰᠬᠤᠨ ᠤ  ᠵᠢᠮᠢᠰᠤᠨ ᠤᠢ ᠂ ᠢᠳᠡᠰᠢᠨ ᠨᠣᠭᠤᠭ᠎ᠠ ᠂ ᠡᠯᠳᠡᠪ ᠠᠮᠤ ᠂ ᠠᠯᠠᠰᠢᠨ ᠦᠬᠡᠷ ᠂ ᠰᠡᠷᠭᠡ  ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠠᠵᠤ ᠦᠢᠯᠡᠰ ᠵᠡᠷᠭᠡ  ᠶᠢ ᠠᠬᠢᠭᠤᠯᠬᠤ ᠳᠤ ᠣᠷᠣᠭᠤᠯᠤᠨ ᠠᠪᠴᠢᠷᠠᠵᠤ ᠳᠡᠯᠭᠡᠷᠡᠭᠦᠯᠬᠦ ᠮᠠᠰᠢᠨ ᠪᠠᠭᠠᠵᠢ᠃     3. ᠬᠤᠲᠠ ᠂ ᠬᠤᠰᠢᠭᠤᠨ  ᠤ ᠮᠠᠯ ᠲᠠᠷᠢᠶᠠᠯᠠᠩ ᠤᠨ ᠮᠠᠰᠢᠨᠴᠢᠯᠠᠯᠲᠠ  ᠶᠢᠨ ᠵᠢᠱᠢᠶ᠎ᠡ ᠦᠵᠡᠭᠦᠯᠬᠦ ᠲᠥᠷᠥᠯ ᠵᠦᠶᠯ  ᠢ ᠳᠡᠯᠭᠡᠷᠡᠭᠦᠯᠦᠭᠰᠡᠨ ᠲᠠᠷᠢᠶᠠᠯᠠᠩ  ᠤᠨ ᠮᠠᠰᠢᠨ ᠪᠠᠭᠠᠵᠢ ᠃     4. ᠬᠥᠳᠡᠯᠮᠦᠷᠢᠯᠡᠬᠦ ᠴᠢᠳᠠᠪᠤᠷᠢ  ᠲᠠᠢ ᠶᠠᠳᠠᠭᠤ  ᠠᠴᠠ ᠠᠩᠭᠢᠵᠢᠷᠠᠭᠰᠠᠨ ᠡᠷᠦᠬᠡ ᠂ ᠨᠠᠭᠠᠳᠤ ᠵᠠᠬ᠎ᠠ  ᠶᠢᠨ ᠪᠠᠲᠤᠯᠠᠭᠠᠲᠤ ᠡᠷᠦᠬᠡ ᠂  ᠵᠡᠮᠳᠡᠭ ᠬᠦᠮᠤᠨ  ᠲᠠᠢ ᠡᠷᠦᠬᠡ ᠂ ᠴᠥᠭᠡᠨ ᠲᠣᠭᠠᠲᠤ ᠦᠨᠳᠦᠰᠦᠲᠡᠨ  ᠤ ᠡᠷᠦᠬᠡ  ᠶᠢᠨ ᠠᠵᠤ ᠦᠶᠯᠡᠰ  ᠢ ᠬᠥᠭᠵᠢᠭᠦᠯᠬᠦ ᠪᠠᠷ ᠬᠤᠳᠠᠯᠳᠤᠨ ᠠᠪᠤᠭᠰᠠᠨ ᠲᠠᠷᠢᠶᠠᠯᠠᠩ  ᠤᠨ ᠮᠠᠰᠢᠨ ᠪᠠᠭᠠᠵᠢ ᠃    5. ᠳᠠᠪᠠᠭᠤᠯᠢᠭ ᠤᠨᠴᠠᠯᠢᠭᠳᠤ ᠠᠵᠤ ᠦᠢᠯᠡᠰ ᠢ ᠭᠤᠣᠯᠳᠠᠯᠭ᠎ᠠ  ᠲᠠᠢ ᠪᠤᠶᠢᠵᠢᠭᠤᠯᠤᠭᠰᠠᠨ  ᠮᠠᠯ ᠲᠠᠷᠢᠶᠠᠯᠠᠩ ᠤᠨ ᠬᠤᠷᠰᠢᠶᠠᠵᠢᠯ  ᠤᠨ ᠵᠤᠬᠢᠶᠠᠨ ᠪᠠᠶᠢᠭᠤᠯᠤᠯᠳᠠ ᠂ ᠵᠢᠱᠢᠶ᠎ᠡ ᠦᠵᠡᠭᠦᠯᠬᠦ ᠡᠷᠥᠭᠡ (ᠰᠢᠨ᠎ᠡ  ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠪᠠᠭᠲᠠᠨ᠎ᠠ)᠃    6. ᠡᠷᠳᠡᠨᠢ ᠰᠢᠰᠢ ᠂ ᠢᠳᠡᠰᠢᠨ ᠨᠣᠭᠤᠭ᠎ᠠ ᠂ ᠵᠢᠮᠢᠰ  ᠢ ᠰᠢᠨ᠎ᠡ ᠰᠣᠷᠭᠤᠭ ᠢᠶᠠᠷ ᠢᠳᠡᠬᠦ  ᠳᠤ ᠬᠡᠷᠡᠭᠰᠡᠬᠦ ᠲᠡᠭᠦᠵᠦ ᠴᠡᠪᠡᠷᠯᠡᠬᠦ ᠮᠠᠰᠢᠨ ᠂ ᠰᠢᠨ᠎ᠡ ᠰᠣᠷᠭᠤᠭ ᠪᠠᠶᠢᠯᠭᠠᠬᠤ ᠪᠠᠷ ᠪᠣᠭᠤᠳᠠᠯᠯᠠᠬᠤ ᠮᠠᠰᠢᠨ ᠃    7. 2020 ᠣᠨ  ᠳᠤ  ᠬᠦᠳᠡᠭᠡ ᠳᠤᠰᠬᠤᠨ ᠤ ᠬᠠᠮᠲᠤ  ᠶᠢᠨ ᠠᠵᠤ ᠠᠬᠤᠶ  ᠶᠢᠨ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ  ᠠᠴᠠ ᠬᠤᠳᠠᠯᠳᠤᠨ ᠠᠪᠤᠬᠰᠠᠨ ᠴᠦ ᠬᠤᠰᠢᠭᠤᠨ  ᠤ  ᠱᠠᠳᠤᠨ ᠤ ᠨᠥᠬᠦᠪᠥᠷᠢ  ᠬᠦᠷᠳᠡᠭᠡᠳᠤᠢ  ᠮᠠᠰᠢᠨ ᠪᠠᠭᠠᠵᠢ ᠃    8. ᠥᠪᠡᠷᠲᠡᠭᠡᠨ ᠵᠠᠰᠠᠬᠤ ᠣᠷᠣᠨ  ᠤ ᠲᠠᠷᠢᠶᠠᠯᠠᠩ  ᠤᠨ ᠮᠠᠰᠢᠨ  ᠢ ᠬᠡᠷᠡᠭᠯᠡᠭᠡᠨ  ᠠᠴᠠ ᠭᠠᠷᠭᠠᠵᠤ ᠰᠢᠨᠡᠳᠬᠡᠬᠦ ᠨᠥᠬᠦᠪᠥᠷᠢ  ᠶᠢᠨ ᠨᠥᠬᠦᠴᠡᠯ  ᠳᠤ ᠨᠡᠶᠢᠴᠡᠭᠰᠡᠨ  ᠮᠦᠷᠳᠡᠭᠡᠨ ᠮᠠᠨ  ᠤ ᠬᠤᠰᠢᠭᠤᠨ  ᠤ ᠬᠢᠨᠠᠨ ᠬᠠᠮᠢᠶᠠᠷᠬᠤ ᠪᠠᠶᠢᠭᠤᠯᠤᠮᠵᠢ  ᠠᠴᠠ ᠫᠠᠶᠢᠰᠠ ᠦᠨᠡᠮᠯᠡᠯ ᠬᠢᠨᠠᠨ ᠣᠯᠭᠤᠭᠰᠠᠨ ᠲᠠᠷᠢᠶᠠᠯᠠᠩ  ᠤᠨ ᠮᠠᠰᠢᠨ ᠃     ᠲᠠᠪᠤ ᠂ ᠨᠥᠬᠦᠪᠥᠷᠢ  ᠦᠭᠬᠦ  ᠬᠠᠷᠢᠴᠠᠯ     ︵ᠨᠢᠭᠡ︶ ᠲᠥᠪ ᠂ ᠥᠪᠡᠷᠲᠡᠭᠡᠨ ᠵᠠᠰᠠᠬᠤ ᠣᠷᠣᠨ  ᠤ ᠲᠤᠰᠬᠠᠶ  ᠪᠠᠯᠠ ᠮᠥᠩᠭᠦ  ᠤᠯᠭᠤᠬᠤ  ᠳᠤ ᠂ ᠲᠥᠪ ᠂ ᠥᠪᠡᠷᠲᠡᠭᠡᠨ ᠵᠠᠰᠠᠬᠤ ᠣᠷᠣᠨ  ᠤ ᠲᠥᠷᠥ  ᠶᠢᠨ ᠪᠣᠳᠣᠯᠭ᠎ᠠ  ᠶᠢᠨ ᠨᠥᠬᠦᠪᠥᠷᠢ ᠦᠭᠬᠦ ᠬᠠᠷᠢᠴᠠᠯ  ᠢ ᠬᠡᠷᠡᠭᠵᠢᠭᠦᠯᠦᠨ᠎ᠡ ᠃     ︵ᠬᠤᠶᠠᠷ ︶ ᠬᠤᠰᠢᠭᠤᠨ ᠤ ᠡᠳ᠋  ᠤᠨ ᠵᠠᠰᠠᠭ  ᠤᠨ ᠪᠠᠯᠠ ᠮᠥᠩᠭᠦ  ᠶᠢᠨ ᠨᠥᠬᠦᠪᠥᠷᠢ ᠦᠭᠬᠦ  ᠬᠠᠷᠢᠴᠠᠯ     1. ᠲᠥᠪ  ᠤᠨ ᠨᠥᠬᠦᠪᠥᠷᠢ ᠪᠡᠯᠡ ᠮᠥᠩᠭᠦ  ᠶᠢ ᠬᠥᠷᠳᠡᠭᠰᠡᠨ ᠬᠥᠳᠡᠯᠭᠡᠭᠴᠢ  ᠬᠦᠴᠤᠨᠳᠤ ᠮᠠᠰᠢᠨ ᠤ ᠬᠤᠰᠢᠭᠤᠨ ᠤ  ᠱᠠᠳᠤᠨ  ᠢᠵᠢ ᠪᠦᠷᠢᠳᠦᠭᠦᠯᠬᠦ ᠨᠥᠬᠦᠪᠥᠷᠢ  ᠶᠢᠨ ᠬᠠᠷᠢᠴᠠᠯ ᠨᠢ ᠲᠥᠪ  ᠤᠨ ᠨᠥᠬᠦᠪᠥᠷᠢ ᠪᠡᠯᠡ ᠮᠥᠩᠭᠦ  ᠶᠢᠨ 50% ᠣᠷᠴᠢᠮ  ᠪᠠᠶᠢᠯᠭᠠᠵᠤ ᠂ ᠬᠥᠳᠡᠯᠭᠡᠭᠴᠢ  ᠬᠦᠴᠤᠨᠳᠤ ᠪᠤᠰᠤ ᠮᠠᠰᠢᠨ ᠤ ᠬᠤᠰᠢᠭᠤᠨ ᠤ  ᠱᠠᠳᠤᠨ ᠤ ᠢᠵᠢ ᠪᠦᠷᠢᠳᠦᠭᠦᠯᠬᠦ ᠨᠥᠬᠦᠪᠥᠷᠢ  ᠶᠢᠨ ᠬᠠᠷᠢᠴᠠᠯ ᠢ ᠲᠥᠪ  ᠤᠨ ᠨᠥᠬᠦᠪᠥᠷᠢ ᠪᠡᠯᠡ ᠮᠥᠩᠭᠦ  ᠶᠢᠨ 60% ᠣᠷᠴᠢᠮ  ᠪᠠᠶᠢᠯᠭᠠᠨ᠎ᠠ ᠃      2. ᠤᠯᠤᠰ ᠂ ᠥᠪᠡᠷᠲᠡᠭᠡᠨ ᠵᠠᠰᠠᠬᠤ ᠣᠷᠣᠨ  ᠤ ᠨᠥᠬᠦᠪᠥᠷᠢ  ᠶᠢᠨ ᠭᠠᠷᠴᠠᠭ  ᠠᠴᠠ ᠭᠠᠳᠠᠨ᠎ᠠ ᠂ ᠮᠠᠨ  ᠤ ᠬᠤᠰᠢᠭᠤᠨ  ᠤ ︽ ᠲᠠᠪᠤᠨ ᠶᠡᠭᠡ ︾   ᠶᠢᠨ ᠳᠠᠪᠠᠭᠤᠯᠢᠭ ᠤᠨᠴᠠᠯᠢᠭᠳᠤ ᠠᠵᠤ ᠦᠶᠯᠡᠰ  ᠤᠨ ᠵᠢᠵᠢᠭ ᠬᠡᠯᠪᠡᠷᠢ  ᠶᠢᠨ ᠮᠠᠰᠢᠨ ᠪᠠᠭᠠᠵᠢ  ᠶᠢᠨ ᠨᠥᠬᠦᠪᠥᠷᠢ ᠦᠭᠬᠦ ᠬᠠᠷᠢᠴᠠᠯ  ᠢ ᠪᠣᠷᠣᠯᠠᠭᠤᠯᠭ᠎ᠠ  ᠶᠢᠨ ᠶᠡᠷᠦᠩᠬᠡᠶ ᠦᠨᠡᠯᠡᠯᠲᠡ  ᠶᠢᠨ ᠦᠨ᠎ᠡ  ᠶᠢᠨ 50% ᠣᠷᠴᠢᠮ     ᠪᠠᠶᠢᠯᠭᠠᠨ᠎ᠠ ᠃      3. ᠲᠠᠷᠢᠶᠠᠯᠠᠩ  ᠤᠨ ᠮᠠᠰᠢᠨ  ᠤ ᠲᠤᠷᠰᠢᠯᠲᠠ  ᠶᠢᠨ ᠵᠢᠱᠢᠶ᠎ᠡ ᠦᠵᠡᠭᠦᠯᠦᠨ ᠳᠡᠯᠭᠡᠷᠡᠭᠦᠯᠦᠭᠰᠡᠨ ᠤᠶᠤᠨᠴᠢ ᠲᠡᠷᠢᠬᠤ ᠮᠡᠰᠢᠠ  ︵2 ᠰᠠᠭᠤᠷᠢ︶ ᠂  ᠳᠠᠷᠢᠶᠠᠨ ᠦᠷ᠎ᠡ ᠪᠤᠶᠢᠵᠢᠭᠤᠯᠬᠤ  ᠮᠠᠰᠢᠨ ᠂  ᠦᠪᠡᠷ ᠢᠶᠠᠨ ᠶᠠᠪᠤᠬᠤ ᠭᠡᠯᠪᠡᠷᠢ ᠶᠢᠨ ᠠᠮᠤ  ᠪᠤᠳᠠᠭ᠎ᠠ ᠲᠡᠷᠢᠬᠤ ᠮᠡᠰᠢᠠ   ︵12 ᠰᠠᠭᠤᠷᠢ ︶ ᠂ ᠦᠪᠡᠷ ᠢᠶᠠᠨ ᠶᠠᠪᠤᠬᠤ ᠭᠡᠯᠪᠡᠷᠢ ᠶᠢᠨ ᠠᠮᠤ  ᠪᠤᠳᠠᠭ᠎ᠠ ᠬᠠᠳᠤᠵᠤ ᠪᠣᠭᠤᠵᠢᠯᠠᠬᠤ  ᠮᠠᠰᠢᠨ ︵10 ᠰᠠᠭᠤᠷᠢ ︶ ᠂  ᠬᠠᠢ ᠬᠤᠩ ᠬᠦᠸᠧ ᠵᠢᠮᠢᠰ ︵ᠤᠯᠠᠭᠠᠨ ᠴᠢᠪᠠᠭ᠎ᠠ ︶ ᠲᠡᠭᠦᠬᠦ ᠮᠠᠰᠢᠨ ︵2 ᠰᠠᠭᠤᠷᠢ︶ ᠂  ᠦᠪᠡᠷ ᠢᠶᠠᠨ ᠶᠠᠪᠤᠬᠤ ᠭᠡᠯᠪᠡᠷᠢ ᠶᠢᠨ ᠯᠣᠬᠠᠱᠧᠩ ᠬᠤᠷᠢᠶᠠᠬᠤ ᠮᠠᠰᠢᠨ ︵1 ᠰᠠᠭᠤᠷᠢ︶ ᠂ ᠲᠥᠮᠥᠰᠥ ᠳᠠᠷᠢᠬᠤ ᠳᠠᠩᠨᠠᠭᠤᠷ ᠮᠠᠰᠢᠨ ︵1 ᠰᠠᠭᠤᠷᠢ︶ ᠂ ᠲᠥᠮᠥᠰᠥ ᠬᠤᠷᠢᠶᠠᠬᠤ ᠬᠠᠮ ᠮᠠᠰᠢᠨ ︵1 ᠰᠠᠭᠤᠷᠢ︶ ᠂ ᠪᠣᠳᠠ  ᠮᠤᠳᠤ ᠭᠤᠤᠷᠰᠤᠯᠠᠵᠤ ᠬᠤᠷᠢᠶᠠᠬᠤ ᠮᠠᠰᠢᠨ ︵1 ᠰᠠᠭᠤᠷᠢ︶ ᠂ ᠰᠢᠨ᠎ᠡ ᠰᠣᠷᠭᠤᠭ ᠡᠷᠳᠡᠨᠢ ᠰᠢᠰᠢ ᠬᠤᠷᠢᠶᠠᠬᠤ ᠮᠠᠰᠢᠨ ︵1 ᠰᠠᠭᠤᠷᠢ︶ ᠳᠤ ᠂ ᠲᠥᠪ  ᠤᠨ ᠨᠥᠬᠦᠪᠥᠷᠢ  ᠪᠠᠯᠠ ᠮᠥᠩᠭᠦ ᠤᠯᠭᠤᠬᠤ  ᠠᠴᠠ ᠭᠠᠳᠠᠨ᠎ᠠ ᠂ ᠪᠠᠰᠠ ᠦᠯᠡᠳᠡᠪᠦᠷᠢ  ᠶᠢ ᠨᠢ ᠬᠤᠰᠢᠭᠤᠨ  ᠤ ᠱᠠᠳᠤᠨ ᠤ ᠪᠠᠯᠠ ᠮᠥᠩᠭᠦ  ᠠᠴᠠ ᠨᠥᠬᠦᠪᠥᠷᠢᠯᠡᠨ᠎ᠡ ᠃    4.  ᠤᠶᠤᠨᠴᠢ ᠦᠷ᠎ᠡ ᠰᠠᠴᠤᠬᠤ ᠮᠠᠰᠢᠨ᠂  ᠵᠢᠮᠢᠰᠤᠨ ᠤᠢ ᠶᠢᠨ ᠦᠢᠯᠡᠰ  ᠤᠨ ᠪᠥᠬᠦ ᠶᠠᠪᠤᠴᠠ  ᠶᠢ ᠮᠠᠰᠢᠨᠴᠢᠯᠠᠨ ᠦᠢᠯᠡᠳᠪᠦᠷᠢᠯᠡᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠮᠠᠰᠢᠨ ᠪᠠᠭᠠᠵᠢ  ᠶᠢ ᠬᠤᠳᠠᠯᠳᠤᠨ ᠠᠪᠬᠤ ᠳᠤ᠂ ᠪᠥᠬᠦ ᠶᠠᠪᠤᠴᠠ  ᠶᠢ ᠮᠠᠰᠢᠨᠴᠢᠯᠠᠨ  ᠠᠵᠢᠯᠯᠠᠭᠤᠯᠬᠤ  ᠱᠠᠭᠠᠷᠳᠠᠯᠭ᠎ᠠ ᠶᠣᠰᠣᠭᠠᠷ ᠂ ᠲᠥᠪᠯᠡᠷᠡᠭᠦᠯᠦᠨ ᠬᠤᠳᠠᠯᠳᠤᠨ ᠠᠪᠬᠤ  ᠪᠠᠷ ᠳᠠᠮᠵᠢᠭᠤᠯᠤᠨ ᠬᠤᠯᠪᠣᠭᠳᠠᠯ ᠪᠥᠬᠦᠢ ᠰᠤᠮᠤ ᠰᠢᠶᠠᠩ ᠪᠠᠯᠭᠠᠰᠤ  ᠶᠢᠨ ᠵᠢᠱᠢᠶ᠎ᠡ ᠦᠵᠡᠭᠦᠯᠬᠦ ᠲᠣᠰᠬᠤᠨ ᠂ ᠵᠢᠱᠢᠶ᠎ᠡ ᠦᠵᠡᠭᠦᠯᠬᠦ ᠡᠷᠥᠭᠡ  ᠳᠤ ᠬᠦᠷᠭᠡᠵᠦ ᠂ ᠮᠠᠰᠢᠨᠴᠢᠯᠠᠨ ᠲᠠᠷᠢᠬᠤ  ᠶᠢ  ᠠᠬᠢᠭᠤᠯᠤᠨ᠎ᠠ ᠃    5. ᠬᠡᠷᠡᠭᠯᠡᠭᠡᠨ ᠠᠴᠠ ᠭᠠᠷᠭᠠᠵᠤ ᠰᠢᠨᠡᠳᠬᠡᠭᠰᠡᠨ ᠲᠠᠷᠢᠶᠠᠯᠠᠩ  ᠤᠨ ᠮᠠᠰᠢᠨ  ᠳᠤ ᠂ ᠲᠠᠷᠢᠶᠠᠯᠠᠩ  ᠤᠨ ᠮᠠᠰᠢᠨ  ᠤ ᠬᠡᠷᠡᠭᠯᠡᠭᠡᠨ  ᠠᠴᠠ ᠭᠠᠷᠭᠠᠭᠰᠠᠨ ᠲᠥᠪ  ᠤᠨ ᠡᠳ᠋  ᠤᠨ ᠵᠠᠰᠠᠭ  ᠤᠨ  ᠨᠥᠬᠦᠪᠥᠷᠢ ᠪᠠᠯᠠ ᠮᠥᠩᠭᠦ ᠤᠯᠭᠤᠬᠤ ᠠᠴᠠ ᠭᠠᠳᠠᠨ᠎ᠠ ᠳᠠᠭᠢᠵᠤ 20%  ᠶᠢᠨ ᠬᠤᠰᠢᠭᠤᠨ ᠤ  ᠱᠠᠳᠤᠨ ᠤ ᠨᠥᠬᠦᠪᠥᠷᠢ ᠣᠯᠭᠤᠨ᠎ᠠ ᠃    6. ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ︵  ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ︶   ᠶᠢᠨ ᠬᠤᠳᠠᠯᠳᠤᠨ ᠠᠪᠤᠭᠰᠠᠨ ᠮᠠᠯ ᠪᠠ ᠪᠡᠯᠴᠢᠭᠡᠷ  ᠤᠨ ᠬᠠᠮᠢᠶᠠᠳᠠᠢ ᠮᠠᠰᠢᠨ  ᠪᠠᠭᠠᠵᠢ ᠳᠤ ᠲᠥᠪ ᠂ ᠥᠪᠡᠷᠲᠡᠭᠡᠨ ᠵᠠᠰᠠᠬᠤ ᠣᠷᠣᠨ  ᠤ  ᠨᠡᠶᠢᠯᠡᠬᠦᠯᠤᠨ ᠨᠡᠮᠡᠬᠦ ᠨᠥᠬᠦᠪᠥᠷᠢ  ᠶᠢ  ᠬᠦᠷᠳᠡᠭᠡᠭᠰᠡᠨ ᠤ ᠰᠠᠭᠤᠷᠢᠨ ᠳᠡᠭᠡᠷ᠎ᠡ ᠂ ᠬᠤᠰᠢᠭᠤᠨ ᠤ  ᠱᠠᠳᠤᠨ ᠤ ᠨᠥᠬᠦᠪᠥᠷᠢ  ᠶᠢ  ᠨᠢ ᠮᠠᠰᠢᠨ ᠪᠠᠭᠠᠵᠢ  ᠶᠢᠨ ᠪᠣᠷᠤᠯᠠᠭᠤᠯᠤᠯᠲᠠ  ᠶᠢᠨ ᠦᠨ᠎ᠡ ᠶᠢᠨ 60% ᠣᠷᠴᠢᠮ  ᠤᠨ ᠪᠥᠬᠦ ᠨᠥᠬᠦᠪᠥᠷᠢ  ᠶᠢᠨ ᠲᠤᠭ᠎ᠠ  ᠪᠠᠷ ᠨᠥᠬᠦᠪᠥᠷᠢᠯᠡᠨ᠎ᠡ ᠃     ᠵᠢᠷᠭᠤᠭ᠎ᠠ ᠂ ᠬᠤᠰᠢᠭᠤᠨ ᠤ  ᠱᠠᠳᠤᠨ ᠤ ᠨᠥᠬᠦᠪᠥᠷᠢ ᠭᠥᠷᠳᠡᠬᠦ ᠲᠥᠷᠥ  ᠶᠢᠨ ᠪᠣᠳᠣᠯᠭ᠎ᠠ  ᠶᠢᠨ ᠱᠠᠭᠠᠷᠳᠠᠯᠭ᠎ᠠ     ︵ ᠨᠢᠭᠡ ︶ ᠬᠤᠰᠢᠭᠤᠨ ᠤ  ᠱᠠᠳᠤᠨ ᠤ ᠨᠥᠬᠦᠪᠥᠷᠢ  ᠶᠢᠨ ᠪᠠᠯᠠ ᠮᠥᠩᠭᠦ  ᠨᠢ  ᠬᠢᠷ᠎ᠠ ᠳᠤᠪᠤᠴᠠᠭ ᠭᠠᠵᠠᠷ ᠣᠷᠣᠨ  ᠤ  ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ  ᠳᠤ 100 ᠮᠣᠷᠢᠨ ᠬᠦᠴᠦ  ᠠᠴᠠ ᠳᠡᠭᠡᠭᠰᠢ ᠂  ᠪᠠᠢ ᠯᠢ ᠴᠠᠩ ᠴᠤᠸᠠᠨ ᠤ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠂ ᠭᠤᠤᠯ ᠳᠠᠭᠠᠤ  ᠶᠢᠨ  ᠬᠦᠳᠡᠭᠡ ᠳᠤᠰᠬᠤᠨ ᠤ  ᠵᠢᠱᠢᠶ᠎ᠠ ᠦᠵᠡᠬᠦᠯᠬᠦ ᠪᠦᠰᠡ  ᠳᠤ 180 ᠮᠣᠷᠢᠨ ᠬᠦᠴᠦ  ᠠᠴᠠ ᠳᠡᠭᠡᠭᠰᠢ ᠲᠷᠠᠺᠲ᠋ᠤᠷ ᠵᠢᠴᠢ ᠢᠵᠢ ᠪᠥᠷᠢᠳᠦᠭᠦᠯᠬᠦ ᠮᠠᠰᠢᠨ ᠪᠠᠭᠠᠵᠢ ᠬᠤᠳᠠᠯᠳᠤᠨ ᠠᠪᠬᠤ  ᠳᠤ ᠂ ᠵᠠᠷᠴᠢᠮ ᠳᠡᠭᠡᠷ᠎ᠡ  ᠪᠠᠨ ᠬᠤᠰᠢᠭᠤᠨ ᠤ  ᠱᠠᠳᠤᠨ ᠤ ᠪᠠᠯᠠ ᠮᠥᠩᠭᠦ  ᠶᠢᠨ ᠨᠥᠬᠦᠪᠥᠷᠢ ᠥᠭᠬᠦ ᠥᠬᠡᠶ ︔  ᠬᠢᠷ᠎ᠠ ᠳᠤᠪᠤᠴᠠᠭ ᠭᠠᠵᠠᠷ ᠣᠷᠣᠨ ᠂ ᠪᠠᠶ ᠯᠢ ᠴᠠᠩ ᠴᠤᠸᠠᠨ   ᠤ ᠬᠤᠳᠠᠯᠳᠤᠨ ᠠᠪᠤᠭᠰᠠᠨ ᠮᠥᠷ  ᠤᠨ ᠲᠤᠭ᠎ᠠ ᠨᠢ 4 ᠮᠥᠷ  ᠠᠴᠠ ᠶᠡᠭᠡ ᠂ ᠭᠤᠤᠯ ᠳᠠᠭᠠᠤ ᠭᠠᠵᠠᠷ ᠣᠷᠣᠨ  ᠤ ᠬᠤᠳᠠᠯᠳᠤᠨ ᠠᠪᠤᠭᠰᠠᠨ ᠮᠥᠷ  ᠤᠨ ᠲᠤᠭ᠎ᠠ ᠨᠢ 4 ᠮᠥᠷ  ᠠᠴᠠ ᠪᠠᠭ᠎ᠠ ᠠᠮᠤ ᠪᠤᠳᠠᠭ᠎ᠠ ︵ ᠡᠷᠳᠡᠨᠢ ᠰᠢᠰᠢ ︶ ᠬᠤᠷᠢᠶᠠᠬᠤ ᠮᠠᠰᠢᠨ  ᠳᠤ ᠵᠠᠷᠴᠢᠮ ᠳᠡᠭᠡᠷ᠎ᠡ  ᠪᠠᠨ ᠬᠤᠰᠢᠭᠤᠨ ᠤ  ᠱᠠᠳᠤᠨ ᠤ ᠪᠠᠯᠠ ᠮᠥᠩᠭᠦ ᠶᠢᠨ ᠨᠥᠬᠦᠪᠥᠷᠢ ᠥᠭᠬᠦ ᠥᠬᠡᠶ ᠃     ︵ ᠬᠤᠶᠠᠷ ︶  ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ  ᠶᠢᠨ ᠭᠠᠵᠠᠷ ᠰᠢᠷᠣᠶ  ᠶᠢ ᠡᠮᠬᠢᠯᠡᠨ ᠨᠡᠶᠢᠯᠡᠭᠦᠯᠦᠭᠰᠡᠨ ᠭᠠᠵᠠᠷ ᠰᠢᠷᠣᠶ  ᠶᠢᠨ ᠲᠠᠯᠠᠪᠠᠶ  ᠶᠢᠨ ᠭᠤᠤᠯ ᠳᠠᠭᠠᠤ ᠭᠠᠵᠠᠷ ᠣᠷᠣᠨ ᠤ 500 ᠮᠥ  ᠠᠴᠠ    ᠳᠡᠭᠡᠭᠰᠢ ᠂  ᠭᠤᠷᠪᠠᠨ ᠬᠦᠨᠳᠡᠢ ᠭᠠᠵᠠᠷ ᠣᠷᠣᠨ ᠤ 100 ᠮᠥ  ᠠᠴᠠ ᠳᠡᠭᠡᠭᠰᠢ ᠡᠮᠬᠢᠯᠡᠨ ᠨᠡᠶᠢᠯᠡᠭᠦᠯᠦᠭᠰᠡᠨ᠂  ᠬᠢᠷ᠎ᠠ ᠳᠤᠪᠤᠴᠠᠭ ᠠᠭᠤᠯᠠᠷᠬᠠᠭ  ᠤᠷᠤᠨ ᠤ 30 ᠮᠥ ᠠᠴᠠ ᠳᠡᠭᠡᠭᠰᠢᠬᠢ ᠮᠠᠯ ᠲᠠᠷᠢᠶᠠᠯᠠᠩ  ᠤᠨ ᠦᠶᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ  ᠶᠢᠨ ᠣᠷᠣᠭᠤᠯᠤᠨ ᠠᠪᠴᠢᠷᠠᠵᠤ ᠬᠤᠳᠠᠯᠳᠤᠨ ᠠᠪᠤᠭᠰᠠᠨ ᠨᠥᠬᠦᠪᠥᠷᠢ ᠮᠠᠰᠢᠨ ᠪᠠᠭᠠᠵᠢ  ᠳᠤ ᠨᠥᠬᠦᠪᠥᠷᠢ     ᠣᠯᠭᠤᠨ᠎ᠠ ᠃    ︵ᠭᠤᠷᠪᠠ︶ ᠣᠢᠢᠷ᠎ᠠ  ᠶᠢᠨ ᠭᠤᠷᠪᠠᠨ ᠵᠢᠯ  ᠳᠤ ᠨᠢᠭᠡᠨᠲᠡ ᠨᠥᠬᠦᠪᠥᠷᠢ ᠭᠥᠷᠳᠡᠭᠰᠡᠨ ᠬᠤᠷᠰᠢᠶᠠᠵᠢᠯ  ᠤᠨ ᠵᠤᠬᠢᠶᠠᠨ ᠪᠠᠶᠢᠭᠤᠯᠤᠯᠳᠠ ᠪᠠ ᠬᠤᠪᠢ ᠬᠥᠮᠦᠨ  ᠳᠤ ᠂ 2021 ᠣᠨ  ᠳᠤ ᠠᠳᠠᠯᠢ ᠲᠥᠷᠥᠯ  ᠤᠨ  ᠠᠵᠢᠯᠯᠠᠬᠤ ᠬᠡᠯᠪᠡᠷᠢ  ᠶᠢᠨ ᠮᠠᠰᠢᠨ ᠪᠠᠭᠠᠵᠢ ᠬᠤᠳᠠᠯᠳᠤᠨ ᠠᠪᠬᠤ  ᠳᠤ ᠬᠤᠰᠢᠭᠤᠨ ᠤ  ᠱᠠᠳᠤᠨ ᠤ ᠨᠥᠬᠦᠪᠥᠷᠢ  ᠶᠢ ᠳᠠᠭᠢᠵᠤ ᠣᠯᠭᠤᠬᠤ ᠥᠬᠡᠶ ᠃    ︵ ᠳᠥᠷᠪᠡ ︶ ᠳᠠᠪᠠᠭᠤᠯᠢᠭ ᠤᠨᠴᠠᠯᠢᠭᠳᠤ ᠠᠵᠤ ᠦᠶᠯᠡᠰ ᠢ ᠭᠤᠤᠯᠳᠠᠯᠭ᠎ᠠ  ᠲᠠᠢ ᠪᠤᠶᠢᠵᠢᠭᠤᠯᠤᠭᠰᠠᠨ  ᠳᠤᠰᠬᠠᠢ   ᠬᠤᠷᠰᠢᠶᠠᠵᠢᠯ ᠂ ᠵᠢᠱᠢᠶ᠎ᠡ ᠦᠵᠡᠭᠦᠯᠬᠦ ᠡᠷᠦᠬᠡ ᠂ ᠶᠠᠳᠠᠭᠤ  ᠠᠴᠠ ᠠᠩᠭᠢᠵᠢᠷᠠᠭᠤᠯᠤᠬᠰᠠᠨ ᠡᠷᠦᠬᠡ ᠂ ᠬᠥᠳᠡᠭᠡ ᠲᠣᠰᠬᠤᠨ  ᠤ ᠨᠠᠭᠠᠳᠤ ᠵᠠᠬ᠎ᠠ  ᠶᠢᠨ ᠠᠮᠢᠳᠤᠷᠠᠯ  ᠤᠨ ᠪᠠᠲᠤᠯᠠᠭ᠎ᠠ  ᠶᠢᠨ ᠡᠷᠦᠬᠡ ᠂ ᠴᠥᠭᠡᠨ ᠲᠣᠭᠠᠲᠤ ᠦᠨᠳᠦᠰᠦᠲᠡᠨ  ᠤ ᠡᠷᠦᠬᠡ ᠂  ᠵᠡᠮᠳᠡᠭ ᠬᠦᠮᠤᠨ ᠤ ᠬᠤᠳᠠᠯᠳᠤᠨ ᠠᠪᠤᠭᠰᠠᠨ ᠳᠤᠮᠳᠠ ᠵᠢᠵᠢᠭ ᠬᠡᠯᠪᠡᠷᠢ  ᠶᠢᠨ ᠠᠵᠢᠯᠯᠠᠬᠤ ᠮᠠᠰᠢᠨ ︵ ᠬᠠᠳᠤᠵᠤ ᠪᠣᠭᠤᠵᠢᠯᠠᠬᠤ  ᠮᠠᠰᠢᠨ ᠂ ᠡᠪᠡᠰᠦ ᠨᠤᠬᠤᠯᠠᠵᠤ ᠬᠡᠮᠬᠡᠯᠬᠦ ᠮᠠᠰᠢᠨ ᠂ ᠭᠤᠤ ᠮᠠᠯᠲᠠᠵᠤ ᠪᠤᠷᠳᠦᠭᠤᠷ ᠤᠷᠦᠭᠤᠯᠬᠤ ᠮᠡᠰᠢᠠ ᠂ ᠲᠡᠵᠢᠭᠡᠯ ᠪᠤᠷᠳᠤᠭ᠎ᠠ ᠶᠢ ᠮᠦᠬᠦᠯᠢᠭᠵᠢᠬᠦᠯᠬᠦ ᠮᠠᠰᠢᠨ ᠂ ᠡᠪᠡᠰᠦ ᠠᠷᠢᠯᠭᠠᠬᠤ ᠮᠠᠰᠢᠨ ᠂ ᠡᠯᠳᠡᠪ ᠠᠮᠤ ᠬᠠᠳᠤᠬᠤ ᠮᠠᠰᠢᠨ ᠂ ᠬᠤᠷᠢᠶᠠᠬᠤ ᠮᠠᠰᠢᠨ ︶ ᠢ ᠪᠠᠶᠢᠭ᠎ᠠ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ  ᠠᠴᠠ ᠭᠤᠶᠤᠴᠢᠯᠠᠵᠤ ᠂ ᠬᠤᠰᠢᠭᠤᠨ  ᠤ ᠲᠠᠷᠢᠶᠠᠯᠠᠩ  ᠤᠨ ᠮᠠᠰᠢᠨ  ᠤ ᠨᠥᠬᠦᠪᠥᠷᠢ  ᠶᠢ ᠭᠠᠷᠲᠠᠨ ᠭᠦᠶᠴᠡᠳᠬᠡᠬᠦ ᠠᠵᠢᠯᠲᠠᠨ ᠲᠤᠬᠠᠶ  ᠶᠢᠨ ᠭᠠᠵᠠᠷ  ᠲᠤᠨᠢ ᠪᠠᠶᠢᠴᠠᠭᠠᠨ ᠰᠢᠯᠭᠠᠭᠰᠠᠨ  ᠤ ᠳᠠᠷᠠᠭ᠎ᠠ  ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠲᠠᠢ ᠵᠥᠪᠳᠡᠯᠴᠡᠵᠦ ᠪᠠᠶᠢᠭᠠᠳ ᠨᠥᠬᠦᠪᠥᠷᠢ  ᠶᠢᠨ ᠬᠠᠷᠢᠴᠠᠯ  ᠢ ᠪᠣᠳᠠᠲᠠᠶ ᠲᠣᠭᠲᠠᠭᠠᠨ᠎ᠠ ᠂ ᠲᠣᠰ ᠲᠥᠷᠥᠯ  ᠤᠨ ᠨᠥᠬᠦᠪᠥᠷᠢ  ᠶᠢᠨ ᠪᠥᠬᠦ  ᠵᠤᠭᠤᠰᠤᠨ ᠲᠤᠭ᠎ᠠ  ᠶᠢ 50 ᠲᠦᠮᠡᠨ ᠲᠥᠭᠦᠷᠢᠭ  ᠠᠴᠠ ᠬᠡᠲᠦᠷᠡᠭᠦᠯᠬᠦ ᠥᠬᠡᠶ ᠃     ︵ ᠲᠠᠪᠤ ︶ ᠠᠭᠤᠷᠬᠠᠶ  ᠶᠢᠨ ᠣᠷᠣᠨ  ᠤ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠭᠠᠵᠠᠷ ᠰᠢᠷᠣᠶ ᠶᠢᠨ ᠲᠤᠷᠰᠢᠨ ᠳᠡᠯᠭᠡᠷᠡᠭᠦᠯᠬᠦ ᠪᠥᠬᠦ ᠶᠠᠪᠤᠴᠠ ᠳᠤ  ᠮᠠᠰᠢᠨ ᠢᠶᠠᠷ ᠡᠪᠡᠰᠦ ᠳᠠᠷᠢᠬᠤ ᠵᠢᠴᠢ ᠠᠮᠢ ᠠᠬᠤᠶ ᠶᠢᠨ  ᠵᠢᠮᠢᠰᠤᠨ ᠤᠢ ᠳᠠᠷᠢᠬᠤ ᠂ ᠠᠷᠠᠴᠢᠯᠠᠨ ᠪᠤᠶᠢᠵᠢᠭᠤᠯᠬᠤ ᠠᠵᠢᠯ ᠢ ᠬᠢᠭᠦ ᠳᠤ᠂ ᠬᠤᠰᠢᠭᠤᠨ  ᠤ ᠲᠠᠷᠢᠶᠠᠯᠠᠩ  ᠤᠨ ᠮᠠᠰᠢᠨ  ᠤ ᠲᠣᠪᠴᠢᠶ᠎ᠠ ᠳᠠᠬᠢᠨ ᠬᠠᠭᠠᠯᠪᠤᠷᠢᠯᠠᠬᠤ ᠵᠢᠱᠢᠶ᠎ᠡ ᠦᠵᠡᠭᠦᠯᠬᠦ ᠲᠥᠷᠥᠯ ᠵᠦᠶᠯ  ᠤᠨ ᠭᠤᠶᠤᠴᠢᠯᠠᠭᠰᠠᠨ ᠲᠤᠷᠰᠢᠯᠲᠠ  ᠶᠢᠨ ᠮᠠᠰᠢᠨ  ᠤ ᠬᠡᠯᠪᠡᠷᠢ ᠶᠢᠨ ᠱᠠᠭᠠᠷᠳᠠᠯᠭ᠎ᠠ  ᠶᠤᠰᠤᠭᠠᠷ᠂ ᠬᠡᠰᠡᠭ ᠬᠡᠷᠡᠭᠯᠡᠭᠡᠨ ᠤ ᠣᠨᠴᠠᠭᠠᠶ ᠭᠡᠯᠪᠡᠷᠢᠳᠤ ᠮᠠᠰᠢᠨ ᠢ ᠬᠤᠳᠠᠯᠳᠤᠨ ᠠᠪᠴᠤ ᠲᠤᠬᠠᠶ  ᠶᠢᠨ ᠭᠠᠵᠠᠷ  ᠲᠤᠨᠢ ᠲᠤᠷᠰᠢᠯᠲᠠ ᠬᠢᠨ᠎ᠠ᠂ ᠬᠤᠳᠠᠯᠳᠤᠨ  ᠠᠪᠬᠤ  ᠵᠤᠭᠤᠰᠤᠨ ᠲᠤᠭ᠎ᠠ  ᠶᠢ 20 ᠲᠦᠮᠡᠨ ᠲᠥᠭᠦᠷᠢᠭ  ᠠᠴᠠ  ᠭᠡᠳᠤᠷᠡᠬᠦᠯᠬᠦ  ᠥᠬᠡᠶ ᠃ ᠲᠤᠷᠰᠢᠯᠲᠠ  ᠶᠢᠨ ᠰᠠᠭᠤᠷᠢᠨ ᠭᠠᠵᠠᠷ  ᠨᠢ ᠪᠣᠬᠢᠷᠲᠤᠯ ᠥᠬᠡᠶ ᠠᠭᠤᠷᠬᠠᠶ  ᠶᠢᠨ ᠪᠥᠲᠥᠭᠡᠨ ᠪᠠᠶᠢᠭᠤᠯᠤᠯᠲᠠ  ᠶᠢᠨ ᠦᠷ᠎ᠡ ᠪᠦᠲᠦᠭᠡᠯ ᠵᠢᠴᠢ ᠪᠥᠬᠦ ᠬᠤᠲᠠ  ᠶᠢᠨ ᠬᠠᠲᠤᠨ ᠭᠤᠣᠯ  ᠤᠨ ᠰᠠᠪᠠ ᠭᠠᠵᠠᠷ ᠤᠨ ᠠᠮᠢ ᠠᠬᠤᠶ  ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ  ᠶᠢᠨ ᠲᠥᠷᠥᠯ ᠵᠦᠶᠯ  ᠤᠨ ᠬᠥᠮᠥᠷᠭᠡ  ᠲᠠᠢ ᠭᠦᠶᠴᠡᠳ ᠤᠶᠠᠯᠳᠤᠭᠤᠯᠵᠤ ᠂ ᠰᠢᠯᠢᠳᠡᠭ  ᠢ  ᠨᠢ ᠰᠣᠩᠭᠤᠬᠤ ᠬᠡᠷᠡᠭᠲᠡᠶ ᠃     ︵ ᠵᠢᠷᠭᠤᠭ᠎ᠠ ︶ ᠪᠥᠬᠦ ᠶᠠᠪᠤᠴᠠ  ᠶᠢᠨ ᠮᠠᠰᠢᠨᠴᠢᠯᠠᠭᠰᠠᠨ ᠶᠡᠷᠦᠩᠬᠡᠶᠢᠯᠡᠭᠰᠡᠨ ᠲᠠᠷᠢᠶᠠᠯᠠᠩ  ᠤᠨ ᠶᠠᠪᠤᠳᠠᠯ  ᠤᠨ ᠦᠶᠯᠡᠴᠢᠯᠡᠭᠡᠨ  ᠤ ᠵᠣᠬᠢᠶᠠᠨ ᠪᠠᠶᠢᠭᠤᠯᠤᠯᠲᠠ  ᠶᠢ ᠪᠤᠶᠢᠵᠢᠭᠤᠯᠵᠤ ᠂ ᠮᠠᠨ  ᠤ ᠬᠤᠰᠢᠭᠤᠨ  ᠤ  ᠬᠦᠳᠡᠭᠡ ᠳᠤᠰᠬᠤᠨ ᠤ ᠠᠵᠤ ᠦᠶᠯᠡᠰ  ᠢ ᠬᠥᠭᠵᠢᠭᠦᠯᠦᠨ ᠮᠠᠨᠳᠤᠭᠤᠯᠬᠤ  ᠳᠠᠶᠢᠴᠢᠯᠠᠬᠤ ᠦᠢᠯᠡᠳᠦᠯ ᠢᠯᠡᠷᠬᠡᠶ ᠂ ᠶᠡᠷᠦᠩᠬᠡᠶᠢᠯᠡᠭᠰᠡᠨ ᠦᠶᠯᠡᠴᠢᠯᠡᠭᠡᠨ  ᠤ ᠦᠷ᠎ᠡ ᠪᠦᠲᠦᠮᠵᠢ  ᠪᠠᠷ ᠢᠯᠡᠷᠬᠡᠶ ᠬᠤᠷᠰᠢᠶᠠᠵᠢᠯ  ᠤᠨ ᠵᠤᠬᠢᠶᠠᠨ ᠪᠠᠶᠢᠭᠤᠯᠤᠯᠳᠠ ᠶᠢᠨ ᠨᠥᠬᠦᠪᠥᠷᠢ  ᠶᠢᠨ ᠬᠠᠷᠢᠴᠠᠯ  ᠢ ᠳᠡᠭᠡᠭᠰᠢᠯᠡᠭᠦᠯᠬᠦ ᠠᠷᠭ᠎ᠠ ᠮᠠᠶ᠋ᠢᠭ  ᠢᠶᠠᠷ ᠳᠡᠮᠵᠢᠨ ᠳᠡᠳᠬᠦᠵᠤ  ᠱᠠᠩᠨᠠᠨ ᠬᠦᠬᠢᠬᠦᠯᠵᠤ ᠂ ᠱᠠᠩᠨᠠᠯ  ᠤᠨ ᠨᠥᠬᠦᠪᠥᠷᠢ ᠵᠣᠭᠤᠰ  ᠢ 10 ᠲᠦᠮᠡᠨ ᠲᠥᠭᠦᠷᠢᠭ  ᠠᠴᠠ ᠬᠡᠲᠦᠷᠡᠭᠦᠯᠵᠦ ᠪᠣᠯᠬᠤ ᠥᠬᠡᠶ ᠃    ︵ ᠳᠣᠯᠤᠭ᠎ᠠ ︶ ᠬᠤᠰᠢᠭᠤᠨ ᠤ  ᠱᠠᠳᠤᠨ ᠤ ᠨᠥᠬᠦᠪᠥᠷᠢ ᠭᠥᠷᠳᠡᠵᠦ ᠬᠤᠳᠠᠯᠳᠤᠨ ᠠᠪᠤᠭᠰᠠᠨ ᠲᠠᠷᠢᠶᠠᠯᠠᠩ  ᠤᠨ ᠮᠠᠰᠢᠨ ᠪᠠᠭᠠᠵᠢ  ᠶᠢᠨ ᠮᠠᠨ  ᠤ ᠬᠤᠰᠢᠭᠤᠨ  ᠳᠠᠬᠢ ᠦᠶᠯᠡᠴᠢᠯᠡᠭᠡᠨ  ᠤ ᠬᠤᠭᠤᠴᠠᠭ᠎ᠠ ᠨᠢ 3 ᠵᠢᠯ ᠪᠣᠯᠤᠨ᠎ᠠ ᠂ ᠦᠶᠯᠡᠴᠢᠯᠡᠭᠡᠨ  ᠤ ᠬᠤᠭᠤᠴᠠᠭᠠᠨ  ᠳᠤ ᠨᠥᠬᠦᠪᠥᠷᠢ ᠭᠥᠷᠳᠡᠵᠦ ᠬᠤᠳᠠᠯᠳᠤᠨ ᠠᠪᠤᠭᠰᠠᠨ ᠲᠠᠷᠢᠶᠠᠯᠠᠩ  ᠤᠨ ᠮᠠᠰᠢᠨ ᠪᠠᠭᠠᠵᠢ  ᠶᠢ ᠰᠢᠯᠵᠢᠭᠦᠯᠤᠨ ᠦᠭᠴᠤ ᠪᠣᠯᠬᠤ     ᠥᠬᠡᠶ ᠃     ᠲᠤᠯᠤᠭ᠎ᠠ ᠂ ᠨᠥᠬᠦᠪᠥᠷᠢ ᠥᠭᠬᠦ  ᠰᠠᠭᠤᠷᠢ ᠲᠤᠭ᠎ᠠ  ( ᠨᠢᠭᠡ )ᠲᠥᠪ  ᠤᠨ ᠲᠤᠰᠬᠠᠶ ᠪᠡᠯᠡ ᠮᠥᠩᠭᠦ  ᠶᠢᠨ ᠨᠥᠬᠦᠪᠥᠷᠢ  ᠶᠢᠨ  ᠰᠠᠭᠤᠷᠢ ᠳᠤᠭ᠎ᠠ  ᠟   ᠮᠠᠰᠢᠨ ᠬᠤᠳᠠᠯᠳᠤᠨ ᠠᠪᠤᠭᠴᠢ  ᠶᠢᠨ ᠣᠨ  ᠤ ᠳᠤᠳᠤᠷ᠎ᠠ  ᠲᠥᠪ  ᠤᠨ ᠨᠥᠬᠦᠪᠥᠷᠢ  ᠶᠢ ᠭᠥᠷᠳᠡᠬᠦ ᠮᠠᠰᠢᠨ ᠬᠤᠳᠠᠯᠳᠤᠨ ᠠᠪᠬᠤ ᠲᠤᠭ᠎ᠠ ᠬᠡᠮᠵᠢᠶ᠎ᠡ ᠶᠢ ᠵᠣᠬᠢᠰᠲᠠᠶ   ᠪᠠᠷ ᠠᠭᠤᠵᠢᠭᠤ ᠲᠠᠯᠪᠢᠵᠤ ᠂ ᠡᠭᠦᠨ  ᠳᠤ ᠦᠶᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ  ᠶᠢᠨ ᠣᠨ  ᠤ ᠨᠥᠬᠦᠪᠥᠷᠢ ᠭᠥᠷᠳᠡᠬᠦ ᠪᠠᠯᠠ ᠮᠥᠩᠭᠦ  ᠶᠢ 100 ᠲᠦᠮᠡᠨ ᠲᠥᠭᠦᠷᠢᠭ  ᠠᠴᠠ   ᠳᠡᠭᠡᠭᠰᠢ   ᠬᠦᠷᠭᠡᠵᠦ ᠂ ᠮᠠᠯᠴᠢᠨ ᠲᠠᠷᠢᠶᠠᠴᠢᠨ ᠬᠤᠪᠢ ᠬᠦᠮᠤᠨ  ᠤ ᠣᠨ  ᠤ ᠨᠥᠬᠦᠪᠥᠷᠢ ᠭᠥᠷᠳᠡᠬᠦ ᠪᠠᠯᠠ ᠮᠥᠩᠭᠦ  ᠶᠢ 40 ᠲᠦᠮᠡᠨ ᠲᠥᠭᠦᠷᠢᠭ  ᠠᠴᠠ   ᠳᠡᠭᠡᠭᠰᠢ ᠬᠦᠷᠭᠡᠵᠦ ᠂ ᠬᠤᠰᠢᠭᠤᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢᠨ  ᠠᠵᠢᠯ ᠤᠨ ᠤᠳᠤᠷᠢᠳᠬᠤ ᠳᠤᠭᠤᠢᠢᠯᠠᠩ  ᠠᠴᠠ  ᠶᠠᠷᠢᠯᠴᠠᠨ ᠲᠣᠭᠲᠠᠭᠠᠬᠤ  ᠶᠢᠨ ᠬᠠᠮᠲᠤ ᠬᠤᠲᠠ  ᠶᠢᠨ ᠲᠠᠷᠢᠶᠠᠯᠠᠩ  ᠮᠠᠯ ᠠᠵᠤ ᠠᠬᠤᠢ ᠶᠢᠨ ᠲᠣᠪᠴᠢᠶ᠎ᠠ  ᠳᠤ ᠮᠡᠳᠡᠭᠦᠯᠦᠨ ᠳᠠᠩᠰᠠᠯᠠᠭᠤᠯᠵᠤ ᠂ ᠭᠤᠤᠯᠳᠠᠯᠭ᠎ᠠ  ᠲᠠᠢ ᠮᠠᠰᠢᠨ ᠪᠠᠭᠠᠵᠢ  ᠶᠢ ᠬᠠᠷᠭᠤᠭᠤᠯᠤᠨ ᠪᠠᠶᠢᠴᠠᠭᠠᠬᠤ ᠬᠦᠷᠢᠶ᠎ᠡ ᠬᠡᠪᠴᠢᠶᠡᠨ  ᠳᠤ ᠣᠷᠣᠭᠤᠯᠵᠤ ᠂ ᠭᠤᠤᠯᠳᠠᠯᠭ᠎ᠠ  ᠲᠠᠢ ᠬᠢᠨᠠᠨ ᠬᠠᠮᠢᠶᠠᠷᠤᠨ᠎ᠠ ᠃      ︵ ᠬᠤᠶᠠᠷ ︶ ᠬᠤᠰᠢᠭᠤᠨ ᠤ  ᠱᠠᠳᠤᠨ ᠤ ᠲᠤᠰᠬᠠᠶ ᠪᠠᠯᠠ ᠮᠥᠩᠭᠦ  ᠶᠢᠨ ᠨᠥᠬᠦᠪᠥᠷᠢ ᠦᠭᠬᠦ ᠰᠠᠭᠤᠷᠢ ᠲᠤᠭ᠎ᠠ   ᠮᠠᠰᠢᠨ ᠬᠤᠳᠠᠯᠳᠤᠨ ᠠᠪᠤᠭᠴᠢ  ᠶᠢᠨ ᠣᠨ  ᠤ ᠳᠤᠳᠤᠷᠠᠬᠢ ᠨᠥᠬᠦᠪᠥᠷᠢ ᠭᠥᠷᠳᠡᠵᠤ ᠮᠠᠰᠢᠨ ᠬᠤᠳᠠᠯᠳᠤᠨ  ᠠᠪᠤᠬᠰᠠᠨ ᠲᠤᠭ᠎ᠠ ᠬᠡᠮᠵᠢᠶ᠎ᠡ  ᠶᠢ ᠨᠥᠬᠦᠪᠥᠷᠢ  ᠶᠢᠨ ᠪᠡᠯᠡ ᠮᠥᠩᠭᠦ ᠶᠤᠰᠤᠭᠠᠷ ᠬᠢᠵᠠᠭᠠᠷᠯᠠᠵᠤ ᠂ ᠡᠭᠦᠨ  ᠳᠤ ᠦᠶᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ  ᠶᠢᠨ ᠣᠨ  ᠤ ᠳᠤᠳᠤᠷᠠᠬᠢ ᠨᠥᠬᠦᠪᠥᠷᠢ  ᠬᠦᠷᠳᠡᠭᠰᠡᠨ ᠪᠠᠯᠠ ᠮᠥᠩᠭᠦ ᠨᠢ 30 ᠲᠦᠮᠡᠨ ᠲᠥᠭᠦᠷᠢᠭ  ᠠᠴᠠ ᠳᠡᠭᠡᠭᠰᠢ  ᠬᠦᠷᠴᠤ ᠂  ᠮᠠᠯᠴᠢᠨ ᠲᠠᠷᠢᠶᠠᠴᠢᠨ ᠬᠤᠪᠢ ᠬᠦᠮᠤᠨ  ᠤ ᠣᠨ  ᠤ  ᠳᠤᠳᠤᠷᠠᠬᠢ ᠨᠥᠬᠦᠪᠥᠷᠢ ᠭᠥᠷᠳᠡᠭᠰᠡᠨ ᠪᠠᠯᠠ ᠮᠥᠩᠭᠦ ᠨᠢ 10 ᠲᠦᠮᠡᠨ ᠲᠥᠭᠦᠷᠢᠭ  ᠠᠴᠠ ᠳᠡᠭᠡᠭᠰᠢ   ᠬᠦᠷᠦᠭᠰᠡᠨ ᠪᠠᠶᠢᠪᠠᠯ ᠂ ᠬᠤᠰᠢᠭᠤᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢᠨ ᠠᠵᠢᠯ  ᠤᠨ ᠤᠳᠤᠷᠢᠳᠬᠤ ᠳᠤᠭᠤᠢᠢᠯᠠᠩ  ᠠᠴᠠ  ᠶᠠᠷᠢᠯᠴᠠᠵᠤ ᠂ ᠪᠢᠴᠢᠭ  ᠤᠨ ᠬᠡᠯᠪᠡᠷᠢ  ᠪᠠᠷ ᠮᠡᠳᠡᠭᠦᠯᠦᠨ ᠳᠠᠩᠰᠠᠯᠠᠭᠤᠯᠵᠤ᠂ ᠤᠳᠤᠷᠢᠳᠬᠤ ᠳᠤᠭᠤᠢᠢᠯᠠᠩ  ᠤᠨ ᠠᠯᠪᠡᠠ ᠭᠡᠷ ᠤᠨ ᠲᠠᠩᠰᠠ ᠡᠪᠬᠡᠮᠡᠯ  ᠳᠤ ᠣᠷᠣᠭᠤᠯᠵᠤ ᠂ ᠭᠤᠤᠯᠳᠠᠯᠭ᠎ᠠ  ᠲᠠᠢ ᠮᠠᠰᠢᠨ ᠪᠠᠭᠠᠵᠢ  ᠶᠢ ᠬᠠᠷᠭᠤᠭᠤᠯᠤᠨ ᠪᠠᠶᠢᠴᠠᠭᠠᠬᠤ ᠬᠦᠷᠢᠶ᠎ᠡ ᠬᠡᠪᠴᠢᠶᠡᠨ  ᠳᠤ ᠣᠷᠣᠭᠤᠯᠵᠤ ᠂ ᠭᠤᠤᠯᠳᠠᠯᠭ᠎ᠠ  ᠲᠠᠢ ᠬᠢᠨᠠᠨ ᠬᠠᠮᠢᠶᠠᠷᠤᠨ᠎ᠠ ᠃    ᠨᠠᠶᠮᠠ ᠂ ᠨᠥᠬᠦᠪᠥᠷᠢ  ᠦᠭᠬᠦ  ᠶᠠᠪᠤᠴᠠ   ᠲᠥᠪ  ᠤᠨ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ  ᠶᠢ ︽ ᠥᠪᠡᠰᠦᠪᠡᠨ ᠮᠠᠰᠢᠨ ᠬᠤᠳᠠᠯᠳᠤᠨ ᠠᠪᠬᠤ ᠂ ᠲᠣᠭᠲᠠᠮᠠᠯ  ᠳᠤᠭ᠎ᠠ ᠲᠠᠢ ᠨᠥᠬᠦᠪᠦᠷᠢ ᠦᠭᠬᠦ ᠂ ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠬᠦ ᠂ ᠬᠤᠰᠢᠭᠤᠨ ᠤ ᠱᠠᠲᠤᠨ ᠠᠴᠠ ᠳ᠋ᠦᠩᠨᠡᠨ ᠪᠤᠳᠤᠬᠤ ᠂ ᠰᠢᠭᠤᠳ ᠨᠦᠬᠦᠪᠤᠷᠢ ᠶᠢ ᠺᠠᠷᠲ ︵ ᠡᠷᠦᠬᠡ ︶   ᠳᠤ  ᠤᠷᠤᠭᠤᠯᠬᠤ ︾ ᠠᠷᠭ᠎ᠠ ᠮᠠᠶ᠋ᠢᠭ ᠶᠤᠰᠤᠭᠠᠷ ᠬᠡᠷᠡᠭᠵᠢᠭᠦᠯᠦᠨ᠎ᠡ ︔ ᠥᠪᠡᠷᠲᠡᠭᠡᠨ ᠵᠠᠰᠠᠬᠤ ᠣᠷᠣᠨ ᠂ ᠬᠤᠰᠢᠭᠤᠨ ᠤ ᠱᠠᠲᠤᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ  ᠳᠤ ᠨᠥᠬᠦᠪᠥᠷᠢ ᠥᠭᠬᠦ ᠲᠥᠷᠥ  ᠶᠢᠨ ᠪᠣᠳᠣᠯᠭ᠎ᠠ  ᠶᠢ ︽ ᠥᠪᠡᠰᠦᠪᠡᠨ ᠮᠠᠰᠢᠨ ᠬᠤᠳᠠᠯᠳᠤᠨ ᠠᠪᠬᠤ ᠂ ᠪᠢᠴᠢᠭ  ᠢᠶᠠᠷ ᠭᠤᠶᠤᠴᠢᠯᠠᠵᠤ ᠬᠢᠨᠠᠨ ᠵᠥᠪᠰᠢᠶᠡᠷᠡᠭᠦᠯᠬᠦ ᠂ ᠬᠢᠨᠠᠨ ᠲᠣᠭᠲᠠᠭᠠᠵᠤ ᠨᠥᠬᠦᠪᠥᠷᠢ ᠥᠭᠬᠦ ᠂ ᠬᠤᠰᠢᠭᠤᠨ ᠤ ᠱᠠᠲᠤᠨ ᠠᠴᠠ ᠳ᠋ᠦᠩᠨᠡᠨ ᠪᠤᠳᠤᠬᠤ ᠂ ᠰᠢᠭᠤᠳ ᠨᠥᠬᠦᠪᠥᠷᠢ  ᠶᠢ ᠺᠠᠷᠲ ︵ ᠡᠷᠦᠬᠡ ︶   ᠳᠤ  ᠤᠷᠤᠭᠤᠯᠬᠤ ︾ ᠠᠷᠭ᠎ᠠ ᠮᠠᠶ᠋ᠢᠭ ᠶᠤᠰᠤᠭᠠᠷ    ᠬᠡᠷᠡᠭᠵᠢᠭᠦᠯᠦᠨ᠎ᠡ ᠃   ( ᠨᠢᠭᠡ ) ᠦᠪᠡᠰᠤᠪᠠᠨ ᠮᠠᠰᠢᠨ ᠬᠤᠳᠠᠯᠳᠤᠨ ᠠᠪᠬᠤ     ᠮᠠᠰᠢᠨ ᠬᠤᠳᠠᠯᠳᠤᠨ ᠠᠪᠤᠭᠴᠢ ᠦᠢᠯᠡᠳᠪᠦᠷᠢᠯᠡᠯ ᠪᠣᠷᠣᠯᠠᠭᠤᠯᠭ᠎ᠠ  ᠶᠢᠨ ᠠᠵᠤ ᠠᠬᠤᠢᠢᠯᠠᠯ  ᠢ  ᠦᠪᠡᠰᠤᠪᠠᠨ ᠰᠣᠩᠭᠤᠵᠤ ᠂ ᠨᠥᠬᠦᠪᠥᠷᠢ ᠥᠭᠬᠦ ᠭᠡᠪᠴᠢᠶᠡᠨ  ᠳᠤ ᠣᠷᠣᠭᠤᠯᠤᠭᠰᠠᠨ ᠲᠠᠷᠢᠶᠠᠯᠠᠩ  ᠤᠨ  ᠮᠠᠰᠢᠨ ᠤ ᠦᠢᠯᠡᠳᠬᠦᠨ  ᠢ ᠵᠥᠪᠯᠡᠭᠰᠡᠨ ᠦᠨ᠎ᠡ  ᠪᠠᠷ ᠬᠤᠳᠠᠯᠳᠤᠨ ᠠᠪᠤᠨ᠎ᠠ ᠃ ᠦᠢᠯᠡᠳᠪᠦᠷᠢᠯᠡᠯ ᠪᠣᠷᠣᠯᠠᠭᠤᠯᠭ᠎ᠠ  ᠶᠢᠨ ᠠᠵᠤ ᠠᠬᠤᠢᠢᠯᠠᠯ ᠨᠢ ᠡᠷᠬᠡᠪᠰᠢ ᠮᠠᠰᠢᠨ ᠬᠤᠳᠠᠯᠳᠤᠨ ᠠᠪᠤᠭᠴᠢ  ᠳᠤ ᠭᠠᠶᠢᠯᠢ  ᠶᠢᠨ ᠶᠠᠪᠤᠳᠠᠯ  ᠤᠨ ᠨᠡᠶᠢᠳᠡᠮ ᠬᠡᠷᠡᠭᠯᠡᠬᠦ ᠮᠠᠰᠢᠨ ᠢᠶᠠᠷ ᠴᠤᠬᠢᠵᠤ  ᠭᠠᠷᠭᠠᠬᠰᠠᠨ ᠪᠦᠬᠦ ᠲᠤᠭ᠎ᠠ  ᠶᠢᠨ ᠫᠢᠶᠤᠤ    ᠪᠠᠷᠢᠮᠲᠠ ᠂ ᠬᠤᠳᠠᠯᠳᠤᠭᠰᠠᠨ  ᠤ ᠳᠠᠷᠠᠭᠠᠬᠢ ᠦᠢᠯᠡᠴᠢᠯᠡᠭᠡᠨ  ᠤ ᠭᠡᠷᠡᠴᠢ ᠪᠠᠷᠢᠮᠲᠠ ᠂ ᠦᠢᠯᠡᠳᠬᠦᠨ  ᠤ ᠬᠢᠷᠢ ᠲᠡᠩᠴᠡᠭᠰᠡᠨ ᠦᠨᠡᠮᠯᠡᠯ ᠵᠢᠴᠢ ᠨᠥᠬᠦᠪᠥᠷᠢ ᠥᠭᠬᠦ ᠮᠠᠰᠢᠨ ᠪᠠᠭᠠᠵᠢ  ᠶᠢᠨ ᠮᠡᠳᠡᠭᠡ ᠵᠠᠩᠭᠢ  ᠶᠢᠨ ᠬᠠᠭᠤᠳᠠᠰᠤ  ᠶᠢ ᠭᠠᠷᠭᠠᠵᠤ ᠥᠭᠬᠦ     ᠬᠡᠷᠡᠭᠲᠡᠶ ᠃ ᠦᠢᠯᠡᠳᠪᠦᠷᠢᠯᠡᠯ ᠪᠣᠷᠣᠯᠠᠭᠤᠯᠭ᠎ᠠ  ᠶᠢᠨ ᠠᠵᠤ ᠠᠬᠤᠢᠢᠯᠠᠯ ᠂  ᠮᠠᠰᠢᠨ ᠬᠤᠳᠠᠯᠳᠤᠨ ᠠᠪᠤᠭᠴᠢ ᠨᠢ  ᠮᠠᠰᠢᠨ ᠬᠤᠳᠠᠯᠳᠤᠨ ᠠᠪᠬᠤ ᠠᠵᠢᠯᠯᠠᠭ᠎ᠠ  ᠶᠢᠨ ᠦᠨᠡᠨ ᠪᠣᠳᠠᠲᠤ ᠴᠢᠨᠠᠷ  ᠲᠤ ᠬᠠᠷᠢᠭᠤᠴᠠᠵᠤ ᠂  ᠳᠤᠬᠢᠷᠠᠮᠵᠢᠳᠠᠢ ᠬᠠᠤᠯᠢ ᠴᠠᠭᠠᠵᠠ  ᠶᠢᠨ ᠬᠠᠷᠢᠭᠤᠴᠠᠯᠭ᠎ᠠ  ᠶᠢ ᠡᠭᠦᠷᠭᠡᠯᠡᠨ᠎ᠡ ᠃    (ᠬᠤᠶᠠᠷ) ᠨᠥᠬᠦᠪᠥᠷᠢ ᠠᠪᠬᠤ  ᠪᠠᠷ ᠭᠤᠶᠤᠴᠢᠯᠠᠬᠤ    ᠮᠠᠰᠢᠨ ᠬᠤᠳᠠᠯᠳᠤᠨ ᠠᠪᠤᠭᠴᠢ  ᠮᠠᠰᠢᠨ ᠬᠤᠳᠠᠯᠳᠤᠨ ᠠᠪᠤᠭᠰᠠᠨ ᠫᠢᠶᠤᠤ ᠪᠠᠷᠢᠮᠲᠠ  ᠪᠠᠨ ᠠᠪᠴᠤ  ᠂ ᠨᠥᠬᠦᠪᠥᠷᠢ ᠥᠭᠬᠦ ᠮᠠᠰᠢᠨ ᠪᠠᠭᠠᠵᠢ  ᠶᠢᠨ ᠦᠨᠳᠦᠰᠦᠨ ᠮᠡᠳᠡᠭᠡ ᠵᠠᠩᠭᠢ  ᠶᠢᠨ ᠬᠠᠭᠤᠳᠠᠰᠤ ᠂ ᠪᠡᠶ᠎ᠡ  ᠶᠢᠨ ᠦᠨᠡᠮᠯᠡᠯ ᠂ ᠡᠷᠦᠬᠡ ᠠᠮᠠ  ᠶᠢᠨ ᠳᠡᠪᠲᠡᠷ ᠂ ᠲᠠᠷᠢᠶᠠᠴᠢᠳ  ᠲᠤ ᠠᠰᠢᠭ ᠬᠦᠷᠲᠡᠭᠡᠬᠦ ᠨᠥᠬᠦᠪᠥᠷᠢ  ᠶᠢᠨ ︽  ᠺᠠᠷᠲ ︾   ᠤᠨ ᠲᠠᠩᠰᠠᠨ ᠡᠷᠦᠬᠡ ᠂ ᠨᠤᠲᠤᠭ ᠪᠡᠯᠴᠢᠭᠡᠷ  ᠤᠨ ᠳᠠᠭᠠᠭᠠᠴᠢᠯᠠᠯᠲᠠ  ᠶᠢᠨ ᠡᠵᠡᠩᠨᠡᠬᠦ ᠡᠷᠬᠡ ᠶᠢᠨ ᠦᠨᠡᠮᠯᠡᠯ ᠵᠡᠷᠭᠡ ᠣᠭ ᠮᠠᠲ᠋ᠧᠷᠢᠶᠠᠯ ︵ ᠲᠠᠷᠢᠶᠠᠯᠠᠩ  ᠤᠨ ᠦᠶᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ ᠨᠢ ᠵᠣᠬᠢᠶᠠᠨ ᠪᠠᠶᠢᠭᠤᠯᠤᠯᠲᠠ  ᠶᠢᠨ ᠪᠠᠶᠢᠭᠤᠯᠤᠮᠵᠢ  ᠶᠢᠨ  ᠳᠦᠯᠦᠭᠡᠨ ᠤ ᠨᠣᠮᠧᠷ  ᠤᠨ ᠦᠨᠡᠮᠯᠡᠯ ᠂ ᠭᠠᠵᠠᠷ ᠰᠢᠷᠣᠶ  ᠶᠢ  ᠰᠢᠯᠵᠢᠬᠦᠯᠤᠨ ᠦᠭᠬᠦᠭᠰᠡᠨ ᠭᠡᠷ᠎ᠡ ᠂  ᠳᠠᠩᠰᠠ ᠭᠠᠷᠭᠠᠬᠰᠠᠨ ᠪᠠᠩᠭᠢ  ᠶᠢᠨ ᠲᠠᠩᠰᠠ ᠵᠢᠴᠢ ᠬᠠᠤᠯᠢ  ᠶᠢᠨ ᠡᠷᠬᠡᠲᠡᠨ  ᠤ ᠬᠤᠶᠠᠳᠤᠭᠠᠷ ᠦᠶ᠎ᠡ  ᠶᠢᠨ ᠪᠡᠶ᠎ᠡ  ᠶᠢᠨ ᠦᠨᠡᠮᠯᠡᠯ ᠂ ᠨᠤᠲᠤᠭ ᠪᠡᠯᠴᠢᠭᠡᠷ  ᠤᠨ ᠳᠠᠭᠠᠭᠠᠴᠢᠯᠠᠯᠲᠠ  ᠶᠢᠨ ᠡᠵᠡᠩᠨᠡᠬᠦ ᠡᠷᠬᠡ ᠶᠢᠨ ᠦᠨᠡᠮᠯᠡᠯ  ᠲᠠᠢ ᠪᠠᠶᠢᠬᠤ ᠬᠡᠷᠡᠭᠲᠡᠶ ︶ ᠂ ᠬᠥᠮᠦᠨ ᠪᠠ ᠮᠠᠰᠢᠨ  ᠤ ᠬᠠᠮᠲᠤ  ᠶᠢᠨ ᠭᠡᠷᠡᠯ ᠵᠢᠷᠤᠭ ᠲᠠᠲᠠᠵᠤ ᠬᠤᠰᠢᠭᠤᠨ  ᠤ ᠲᠠᠷᠢᠶᠠᠯᠠᠩ  ᠤᠨ ᠮᠠᠰᠢᠨ  ᠤ ᠲᠣᠪᠴᠢᠶ᠎ᠠ  ᠳᠤ ᠬᠦᠷᠴᠦ ᠨᠥᠬᠦᠪᠥᠷᠢ ᠭᠤᠶᠤᠴᠢᠯᠠᠨ᠎ᠠ ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠭᠠᠷ ᠤᠲᠠᠰᠤᠨ  ᠤ  ᠰᠢᠯᠵᠢᠶ᠎ᠠ ︵ APP ︶    ᠪᠠᠷ ᠳᠠᠮᠵᠢᠭᠤᠯᠤᠨ ᠨᠥᠬᠦᠪᠥᠷᠢ ᠭᠤᠶᠤᠴᠢᠯᠠᠬᠤ ᠭᠠᠷᠳᠠᠮ  ᠢ  ᠦᠪᠡᠰᠤᠪᠠᠨ ᠭᠦᠶᠴᠡᠳᠬᠡᠭᠰᠡᠨ ᠴᠦ ᠪᠣᠯᠤᠨ᠎ᠠ ᠃ ᠲᠠᠷᠢᠶᠠᠯᠠᠩ  ᠤᠨ  ᠮᠠᠰᠢᠨ ᠤ ᠨᠥᠬᠦᠪᠥᠷᠢ  ᠶᠢ ᠭᠠᠷᠳᠠᠨ ᠬᠢᠬᠦ ᠪᠠᠶᠢᠭᠤᠯᠤᠮᠵᠢ  ᠠᠴᠠ ᠬᠢᠷᠢ ᠬᠡᠮ  ᠢ ᠬᠢᠨᠠᠨ ᠬᠠᠷᠭᠤᠭᠤᠯᠵᠤ ᠂ ᠨᠥᠬᠦᠴᠡᠯ  ᠳᠤ ᠨᠡᠶᠢᠴᠡᠭᠰᠡᠨ ᠭᠤᠶᠤᠴᠢᠯᠠᠭᠴᠢ ᠰᠦᠯᠵᠢᠶᠡᠨ ᠤ ᠬᠠᠪᠰᠤᠷᠤᠨ ᠲᠤᠰᠠᠯᠠᠬᠤ ᠬᠠᠮᠢᠶᠠᠷᠤᠯᠲᠠ  ᠶᠢᠨ ᠰᠢᠰᠲ᠋ᠧᠮ  ᠳᠤ  ᠤᠷᠤᠵᠤ ᠬᠤᠳᠠᠯᠳᠤᠨ  ᠠᠪᠤᠬᠰᠠᠨ ᠮᠡᠳᠡᠭᠡ ᠵᠠᠩᠭᠢ ᠪᠠᠨ ᠪᠢᠴᠢᠵᠦ ᠣᠷᠣᠭᠤᠯᠤᠨ ᠂ 《ᠲᠠᠷᠢᠶᠠᠯᠠᠩ  ᠤᠨ  ᠮᠠᠰᠢᠨ ᠬᠤᠳᠠᠯᠳᠤᠨ ᠠᠪᠬᠤ ᠨᠥᠬᠦᠪᠥᠷᠢ  ᠶᠢᠨ ᠪᠡᠯᠡ ᠮᠥᠩᠭᠦ  ᠶᠢᠨ ᠭᠤᠶᠤᠴᠢᠯᠠᠯ  ᠤᠨ ᠬᠦᠰᠦᠨᠦᠭᠲᠦ》  ᠶᠢ ᠳᠠᠷᠤᠮᠠᠯᠯᠠᠵᠤ ᠂ ᠭᠤᠶᠤᠴᠢᠯᠠᠯ  ᠤᠨ ᠬᠦᠰᠦᠨᠦᠭᠲᠦ  ᠶᠢ 2 ᠬᠤᠪᠢ ᠦᠯᠡᠳᠡᠭᠡᠨ ᠬᠠᠳᠠᠭᠠᠯᠠᠵᠤ ᠂ 1 ᠬᠤᠪᠢ  ᠶᠢ  ᠮᠠᠰᠢᠨ ᠬᠤᠳᠠᠯᠳᠤᠨ ᠠᠪᠤᠭᠴᠢ  ᠳᠤ ᠲᠤᠰᠢᠶᠠᠨ᠎ᠠ ᠃ ᠲᠥᠬᠦᠮ ᠬᠠᠳᠠᠭᠠᠯᠠᠬᠤ ᠲᠥᠬᠦᠭᠡᠷᠦᠮᠵᠢ ᠵᠡᠷᠭᠡ ᠤᠭᠰᠠᠷᠠᠬᠤ ᠴᠢᠬᠤᠯᠠᠲᠠᠶ ᠲᠥᠬᠦᠭᠡᠷᠦᠮᠵᠢ ᠪᠤᠶᠤ ᠲᠥᠬᠦᠭᠡᠷᠦᠮᠵᠢ  ᠶᠢ ᠤᠭᠰᠠᠷᠠᠵᠤ ᠳᠠᠭᠤᠰᠬᠠᠭᠰᠠᠨ  ᠤ ᠳᠠᠷᠠᠭ᠎ᠠ ᠰᠠᠶ᠋ᠢ ᠭᠤᠶᠤᠴᠢᠯᠠᠵᠤ ᠪᠣᠯᠤᠨ᠎ᠠ ᠃ ᠮᠠᠰᠢᠨ ᠬᠤᠳᠠᠯᠳᠤᠨ ᠠᠪᠤᠭᠴᠢ  2021 ᠣᠨ  ᠤ ᠥᠪᠡᠷᠲᠡᠭᠡᠨ ᠵᠠᠰᠠᠬᠤ ᠣᠷᠣᠨ ᠂ ᠬᠤᠰᠢᠭᠤᠨ  ᠤ  ᠱᠠᠳᠤᠨ ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠲᠤᠰᠬᠠᠶ ᠪᠠᠯᠠ ᠮᠥᠩᠭᠦ ᠭᠤᠶᠤᠴᠢᠯᠠᠵᠤ ᠂ ᠬᠤᠰᠢᠭᠤᠨ  ᠤ ᠲᠠᠷᠢᠶᠠᠯᠠᠩ  ᠤᠨ ᠮᠠᠰᠢᠨ  ᠤ ᠲᠣᠪᠴᠢᠶ᠎ᠠ  ᠳᠤ ᠪᠢᠴᠢᠭ  ᠤᠨ ᠭᠡᠯᠪᠡᠷᠢ ᠪᠠᠷ ᠭᠤᠶᠤᠴᠢᠯᠠᠯ ᠭᠠᠷᠭᠠᠵᠤ ᠂ ᠬᠢᠨᠠᠨ ᠵᠥᠪᠰᠢᠶᠡᠷᠡᠭᠰᠡᠨ  ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠂ ᠬᠤᠰᠢᠭᠤᠨ  ᠤ  ᠱᠠᠳᠤᠨ ᠤ ᠨᠥᠬᠦᠪᠥᠷᠢ ᠥᠭᠬᠦ ᠡᠲᠡᠭᠡᠳ ᠢᠶᠠᠷ ᠵᠢᠭᠰᠠᠭᠠᠨ ᠣᠷᠣᠭᠤᠯᠵᠤ ᠂ ᠭᠤᠶᠤᠴᠢᠯᠠᠭᠰᠠᠨ ᠥᠬᠡᠶ ᠪᠠᠶᠢᠪᠠᠯ ᠵᠠᠷᠴᠢᠮ ᠳᠡᠭᠡᠷ᠎ᠡ  ᠪᠠᠨ ᠥᠪᠡᠷᠲᠡᠭᠡᠨ ᠵᠠᠰᠠᠬᠤ ᠣᠷᠣᠨ ᠂ ᠬᠤᠰᠢᠭᠤᠨ  ᠤ  ᠱᠠᠳᠤᠨ ᠤ ᠨᠥᠬᠦᠪᠥᠷᠢ ᠥᠭᠬᠦ   ᠥᠬᠡᠶ ᠃     ( ᠭᠤᠷᠪᠠ ) ᠬᠢᠨᠠᠨ ᠬᠠᠷᠭᠤᠭᠤᠯᠵᠤ ᠢᠯᠡ ᠨᠡᠶᠢᠲᠡᠯᠡᠬᠦ     ᠬᠤᠰᠢᠭᠤᠨ ᠤ ᠲᠠᠷᠢᠶᠠᠯᠠᠩ  ᠤᠨ ᠮᠠᠰᠢᠨ  ᠤ ᠲᠣᠪᠴᠢᠶ᠎ᠠ ︽ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠮᠠᠰᠢᠨ ᠪᠠᠭᠠᠵᠢ  ᠶᠢ ᠬᠠᠷᠭᠤᠭᠤᠯᠤᠨ ᠪᠠᠶᠢᠴᠠᠭᠠᠬᠤ ᠠᠵᠢᠯ  ᠤᠨ ᠭᠤᠤᠯᠳᠠᠯᠭ᠎ᠠ ︵ ᠲᠤᠷᠰᠢᠨ ᠬᠡᠷᠡᠭᠵᠢᠭᠦᠯᠬᠦ ︶ ︾ ᠵᠡᠷᠭᠡ ᠱᠠᠭᠠᠷᠳᠠᠯᠭ᠎ᠠ ᠶᠣᠰᠣᠭᠠᠷ ᠂ ᠨᠥᠬᠦᠪᠥᠷᠢ ᠥᠭᠬᠦ  ᠬᠤᠯᠪᠤᠬᠳᠠᠯ ᠪᠥᠬᠦᠶ ᠭᠤᠶᠤᠴᠢᠯᠠᠯ  ᠤᠨ ᠮᠠᠲ᠋ᠧᠷᠢᠶᠠᠯ  ᠳᠤ  ᠬᠢᠨᠠᠨ ᠬᠠᠷᠭᠤᠭᠤᠯᠤᠯᠲᠠ ᠬᠢᠵᠦ ᠂ ᠨᠥᠬᠦᠪᠥᠷᠢ ᠥᠭᠬᠦ ᠮᠠᠰᠢᠨ ᠪᠠᠭᠠᠵᠢ  ᠶᠢ ᠬᠠᠷᠭᠤᠭᠤᠯᠤᠨ ᠪᠠᠶᠢᠴᠠᠭᠠᠬᠤ ︵ ᠡᠭᠦᠨ  ᠳᠤ ᠫᠠᠶᠢᠰᠠ ᠦᠨᠡᠮᠯᠡᠯ  ᠤᠨ ᠬᠠᠮᠢᠶᠠᠷᠤᠯᠲᠠ  ᠲᠠᠢ ᠮᠠᠰᠢᠨ ᠪᠠᠭᠠᠵᠢ ᠨᠢ ᠫᠠᠶᠢᠰᠠ ᠦᠨᠡᠮᠯᠡᠯ  ᠢᠶᠠᠷ  ᠢᠶᠠᠨ ᠲᠤᠬᠠᠶ  ᠶᠢᠨ ᠲᠠᠯᠠᠪᠤᠷ  ᠤᠨ ᠪᠣᠳᠠᠲᠤ ᠶᠠᠭᠤᠮ᠎ᠠ  ᠶᠢ ᠬᠠᠷᠭᠤᠭᠤᠯᠤᠨ ᠪᠠᠶᠢᠴᠠᠭᠠᠬᠤ  ᠠᠴᠠ ᠭᠡᠯᠳᠦᠷᠢᠭᠦᠯᠦᠨ᠎ᠡ ︶ ᠪᠥᠭᠡᠳ ᠬᠤᠳᠠᠯᠳᠤᠨ ᠠᠪᠤᠭᠰᠠᠨ ᠮᠠᠰᠢᠨ ᠪᠠᠭᠠᠵᠢ  ᠪᠠᠨ ᠳᠡᠩᠰᠡᠯᠡᠨ ᠳ᠋ᠤᠭᠠᠷᠯᠠᠵᠤ ᠂ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠳᠠᠩᠰᠠ ᠪᠠᠶᠢᠭᠤᠯᠤᠨ᠎ᠠ ᠃ ᠮᠠᠰᠢᠨ ᠬᠤᠳᠠᠯᠳᠤᠨ ᠠᠪᠤᠭᠴᠢ ᠨᠢ ᠲᠤᠰ ᠬᠥᠮᠦᠨ ᠤ ᠪᠡᠶ᠎ᠡ  ᠶᠢᠨ ᠦᠨᠡᠮᠯᠡᠯ ᠤᠨ ᠤᠤᠯ ᠪᠢᠴᠢᠭ  ᠮᠠᠲ᠋ᠧᠷᠢᠶᠠᠯ ᠢᠶᠠᠨ ᠠᠪᠴᠤ ᠂ ᠬᠢᠨᠠᠨ ᠰᠢᠯᠭᠠᠬᠤ ᠠᠵᠢᠯᠲᠠᠨ  ᠲᠠᠢ ᠬᠠᠮᠵᠢᠯᠴᠠᠨ ᠬᠤᠳᠠᠯᠳᠤᠨ ᠠᠪᠤᠭᠰᠠᠨ ᠮᠠᠰᠢᠨ ᠪᠠᠭᠠᠵᠢ  ᠪᠠᠨ ᠪᠠᠶᠢᠴᠠᠭᠠᠨ ᠰᠢᠯᠭᠠᠵᠤ ᠂ ᠬᠢᠨᠠᠨ ᠬᠠᠷᠭᠤᠭᠤᠯᠬᠤ ᠬᠡᠷᠡᠭᠲᠡᠶ (ᠬᠥᠳᠡᠯᠭᠡᠭᠴᠢ  ᠬᠦᠴᠤᠨᠳᠤ ᠮᠠᠰᠢᠨ ᠬᠤᠳᠠᠯᠳᠤᠨ ᠠᠪᠤᠭᠰᠠᠨ ᠪᠠᠶᠢᠪᠠᠯ ᠂ ᠮᠠᠰᠢᠨ ᠪᠠᠭᠠᠵᠢ  ᠶᠢ ᠬᠢᠨᠠᠨ ᠬᠠᠷᠭᠤᠭᠤᠯᠬᠤ ᠬᠤᠭᠤᠴᠠᠭᠠᠨ  ᠳᠤ ᠮᠠᠰᠢᠨ ᠬᠤᠳᠠᠯᠳᠤᠨ ᠠᠪᠬᠤ ᠡᠲᠡᠭᠡᠳ  ᠲᠤ ᠪᠣᠯᠪᠠᠰᠤᠷᠠᠯ ᠬᠦᠷᠳᠡᠭᠡᠨ ᠂ ᠰᠢᠯᠭᠠᠯᠲᠠ ᠬᠢᠵᠤ ᠂ ᠦᠨᠡᠮᠯᠡᠯ ᠬᠢᠯᠭᠡᠨ ᠂ ᠡᠷᠥᠭᠡ  ᠳᠤ ᠫᠠᠶᠢᠰᠠ ᠡᠯᠭᠦᠬᠦ ᠵᠢᠴᠢ ᠠᠵᠢᠯᠯᠠᠬᠤ ᠦᠨᠡᠮᠯᠡᠯ ᠢ ᠨᠢᠭᠡᠳᠦᠯᠲᠡᠶ ᠭᠦᠢᠴᠡᠳᠬᠡᠵᠤ ᠦᠭᠬᠦᠨ᠎ᠠ)᠃ ᠬᠢᠨᠠᠨ ᠬᠠᠷᠭᠤᠭᠤᠯᠤᠭᠠᠳ ᠠᠯᠳᠠᠭ᠎ᠠ ᠥᠬᠡᠶ ᠪᠣᠯ ᠲᠣᠰ ᠬᠤᠭᠤᠴᠠᠭᠠᠨ  ᠤ ᠨᠥᠬᠦᠪᠥᠷᠢ  ᠶᠢᠨ ᠮᠡᠳᠡᠭᠡ ᠵᠠᠩᠭᠢ  ᠶᠢ ᠬᠤᠷᠢᠶᠠᠩᠭᠤᠢᠢᠯᠠᠭᠠᠳ ᠬᠤᠰᠢᠭᠤᠨ ᠤ ᠠᠷᠠᠳ  ᠤᠨ ᠵᠠᠰᠠᠭ  ᠤᠨ ᠣᠷᠳᠣᠨ  ᠤ  ᠰᠦᠯᠵᠢᠶ᠎ᠡ  ᠳᠤ ᠨᠡᠶᠢᠲᠡᠯᠡᠨ᠎ᠡ ᠂ ᠨᠡᠶᠢᠲᠡᠯᠡᠭᠡᠳ  ᠣᠨᠳᠣᠤ ᠰᠠᠨᠠᠯ ᠥᠬᠡᠶ ᠪᠤᠯ ︽ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ ᠣᠯᠭᠤᠬᠤ ᠨᠠᠷᠢᠨ ᠬᠦᠰᠦᠨᠦᠭᠲᠦ ︾ ᠶᠢ ᠪᠣᠶ ᠪᠣᠯᠭᠠᠵᠤ ᠂ ᠬᠤᠰᠢᠭᠤᠨ ᠤ ᠡᠳ᠋  ᠤᠨ ᠵᠠᠰᠠᠭ  ᠤᠨ ᠳᠣᠪᠴᠢᠶ᠎ᠠ ᠳᠤ ᠳ᠋ᠦᠩᠨᠡᠨ ᠪᠤᠳᠤᠬᠤ ᠭᠤᠶᠤᠴᠢᠯᠠᠯ  ᠤᠨ ᠮᠡᠳᠡᠭᠦᠯᠦᠯᠲᠡ ᠵᠢᠴᠢ ᠨᠥᠬᠦᠪᠥᠷᠢ ᠣᠯᠭᠤᠬᠤ ᠬᠤᠷᠢᠶᠠᠩᠭᠤᠶ ᠨᠠᠷᠢᠨ ᠬᠦᠰᠦᠨᠦᠭᠲᠦ  ᠶᠢ ᠲᠤᠰᠢᠶᠠᠨ᠎ᠠ ᠃    ( ᠲᠥᠷᠪᠡ ) ᠪᠡᠯᠡ ᠮᠥᠩᠭᠦ  ᠥᠭᠬᠦ     ᠬᠤᠰᠢᠭᠤᠨ ᠤ ᠲᠠᠷᠢᠶᠠᠯᠠᠩ  ᠤᠨ ᠮᠠᠰᠢᠨ  ᠤ ᠲᠣᠪᠴᠢᠶ᠎ᠠ ᠠᠴᠠ ᠲᠣᠰ ᠰᠠᠷ᠎ᠠ  ᠶᠢᠨ ᠨᠥᠬᠦᠪᠥᠷᠢ ᠣᠯᠭᠤᠬᠤ ᠨᠠᠷᠢᠨ ᠬᠦᠰᠦᠨᠦᠭᠲᠦ  ᠶᠢᠨ ᠳᠣᠲᠣᠷᠠᠬᠢ ᠮᠡᠳᠡᠭᠡ ᠵᠠᠩᠭᠢ  ᠶᠢ ᠰᠣᠩᠭᠤᠨ ᠪᠠᠶᠢᠴᠠᠭᠠᠵᠤ ᠬᠠᠷᠭᠤᠭᠤᠯᠤᠨ ᠳᠣᠲᠣᠯᠠᠭᠰᠠᠨ  ᠤ ᠳᠠᠷᠠᠭ᠎ᠠ ᠂ ᠴᠠᠭ ᠲᠤᠬᠠᠶ  ᠳᠤᠨᠢ ᠬᠤᠰᠢᠭᠤᠨ ᠤ ᠡᠳ᠋  ᠤᠨ ᠵᠠᠰᠠᠭ  ᠤᠨ ᠳᠣᠪᠴᠢᠶ᠎ᠠ ᠳᠤ ᠳ᠋ᠦᠩᠨᠡᠨ ᠪᠤᠳᠤᠬᠰᠠᠨ ᠭᠤᠶᠤᠴᠢᠯᠠᠯ  ᠤᠨ ᠮᠡᠳᠡᠭᠦᠯᠦᠯᠲᠡ ᠵᠢᠴᠢ ᠨᠥᠬᠦᠪᠥᠷᠢ ᠣᠯᠭᠤᠬᠤ ᠬᠤᠷᠢᠶᠠᠩᠭᠤᠶ ᠨᠠᠷᠢᠨ ᠬᠦᠰᠦᠨᠦᠭᠲᠦ  ᠶᠢ ᠲᠤᠰᠢᠶᠠᠨ᠎ᠠ ᠃ ᠬᠤᠰᠢᠭᠤᠨ  ᠤ ᠡᠳ᠋  ᠤᠨ ᠵᠠᠰᠠᠭ  ᠤᠨ ᠳᠣᠪᠴᠢᠶ᠎ᠠ ᠠᠯᠳᠠᠭ᠎ᠠ ᠥᠬᠡᠶ ᠭᠡᠵᠦ ᠨᠤᠲᠠᠯᠠᠭᠰᠠᠨ  ᠤ ᠳᠠᠷᠠᠭ᠎ᠠ ᠂ ᠰᠠᠷ᠎ᠠ ᠪᠦᠷᠢ ᠨᠢᠭᠡ ᠤᠳᠠᠭ᠎ᠠ ᠨᠥᠬᠦᠪᠥᠷᠢ  ᠶᠢᠨ ᠪᠠᠯᠠ ᠮᠥᠩᠭᠦ  ᠶᠢ ᠱᠠᠭᠠᠷᠳᠠᠯᠭ᠎ᠠ  ᠳᠤ ᠨᠡᠶᠢᠴᠡᠭᠰᠡᠨ ᠮᠠᠰᠢᠨ ᠬᠤᠳᠠᠯᠳᠤᠨ ᠠᠪᠤᠭᠴᠢ ᠲᠠᠷᠢᠶᠠᠴᠢᠳ  ᠲᠤ ᠠᠰᠢᠭ ᠬᠦᠷᠲᠡᠭᠡᠬᠦ ︽ᠺᠠᠷᠲ ︾ ︵ ᠪᠠᠩᠬᠢ  ᠶᠢᠨ ᠺᠠᠷᠲ ︶   ᠤᠨ ᠲᠠᠩᠰᠠᠨ ᠡᠷᠦᠬᠡ  ᠳᠤ ᠰᠢᠯᠵᠢᠭᠦᠯᠦᠨ ᠥᠭᠭᠦᠨ᠎ᠡ ᠃ ᠲᠠᠷᠢᠶᠠᠴᠢᠨ  ᠤ ᠲᠤᠰᠬᠠᠶ  ᠬᠤᠷᠰᠢᠶᠠᠵᠢᠯ ᠪᠤᠶᠤ ᠪᠤᠰᠤᠳ ᠲᠠᠷᠢᠶᠠᠯᠠᠩ  ᠤᠨ ᠦᠢᠯᠡᠳᠪᠦᠷᠢᠯᠡᠯ ᠡᠵᠡᠩᠨᠡᠯᠲᠡ  ᠶᠢᠨ ᠵᠣᠬᠢᠶᠠᠨ ᠪᠠᠶᠢᠭᠤᠯᠤᠯᠲᠠ  ᠳᠤ  ᠨᠦᠬᠦᠪᠤᠷᠢᠯᠡᠬᠦ ᠪᠡᠯᠡ ᠮᠥᠩᠭᠦ  ᠶᠢ ᠳᠡᠭᠡᠷ᠎ᠡ ᠳᠤᠷᠠᠳᠤᠭᠰᠠᠨ ᠵᠣᠬᠢᠶᠠᠨ ᠪᠠᠶᠢᠭᠤᠯᠤᠯᠲᠠ  ᠶᠢᠨ ᠤᠯᠠᠨ ᠨᠡᠶᠢᠲᠡ  ᠶᠢᠨ ᠲᠠᠩᠰᠠᠨ ᠡᠷᠦᠭᠡ  ᠳᠤ ᠰᠢᠯᠵᠢᠭᠦᠯᠦᠨ ᠥᠭᠭᠦᠨ᠎ᠡ︔ ᠣᠯᠠᠨ ᠨᠡᠶᠢᠲᠡ  ᠶᠢᠨ ᠲᠠᠩᠰᠠᠨ ᠡᠷᠦᠬᠡ ᠪᠠᠶᠢᠭᠤᠯᠤᠭᠰᠠᠨ ᠥᠬᠡᠶ ᠪᠠᠶᠢᠪᠠᠯ ᠂ ᠵᠣᠬᠢᠶᠠᠨ ᠪᠠᠶᠢᠭᠤᠯᠤᠯᠲᠠ  ᠶᠢᠨ ᠪᠦᠷᠢᠯᠳᠦᠬᠦᠨ  ᠢᠶᠠᠷ ᠵᠥᠪᠰᠢᠶᠡᠷᠡᠭᠦᠯᠦᠭᠡᠳ ᠭᠠᠷ  ᠤᠨ ᠥᠰᠥᠭ ᠵᠢᠷᠤᠭᠤᠯᠵᠤ ᠂ ᠮᠠᠲ᠋ᠧᠷᠢᠶᠠᠯ  ᠢ ᠬᠤᠰᠢᠭᠤᠨ  ᠤ ᠲᠠᠷᠢᠶᠠᠯᠠᠩ  ᠤᠨ ᠮᠠᠰᠢᠨ  ᠤ ᠨᠥᠬᠦᠪᠥᠷᠢ ᠦᠭᠬᠦ ᠠᠵᠢᠯ ᠤᠨ ᠤᠳᠤᠷᠢᠳᠬᠤ ᠳᠤᠭᠤᠢᠢᠯᠠᠩ  ᠳᠤ ᠮᠡᠳᠡᠭᠦᠯᠦᠨ ᠠᠯᠪᠡᠠ ᠭᠡᠷ ᠲᠤ ᠳᠠᠩᠰᠠᠯᠠᠭᠤᠯᠤᠭᠰᠠᠨ  ᠤ ᠳᠠᠷᠠᠭ᠎ᠠ ᠂ ᠵᠣᠬᠢᠶᠠᠨ ᠪᠠᠶᠢᠭᠤᠯᠤᠭᠰᠠᠨ ᠬᠠᠤᠯᠢ  ᠶᠢᠨ ᠡᠷᠬᠡᠲᠡᠨ ᠪᠤᠶᠤ ᠪᠤᠰᠤᠳ ᠪᠦᠷᠢᠯᠳᠦᠬᠦᠨ ᠪᠤᠯᠬᠤ  ᠲᠠᠷᠢᠶᠠᠴᠢᠳ ᠤᠨ ᠠᠰᠢᠭ ᠬᠦᠷᠲᠡᠭᠡᠬᠦ ︽ᠺᠠᠷᠲ ︾   ᠤᠨ ᠲᠠᠩᠰᠠᠨ ᠡᠷᠦᠬᠡ  ᠳᠤ ᠰᠢᠯᠵᠢᠭᠦᠯᠦᠨ ᠥᠭᠴᠦ ᠪᠣᠯᠤᠨ᠎ᠠ ᠃     ᠶᠢᠰᠦ ᠂ ᠠᠵᠢᠯ  ᠤᠨ ᠠᠷᠭ᠎ᠠ ᠬᠡᠮᠵᠢᠶ᠎ᠡ    ︵ ᠨᠢᠭᠡ ︶ ᠵᠣᠬᠢᠶᠠᠨ ᠪᠠᠶᠢᠭᠤᠯᠤᠯᠲᠠ  ᠶᠢᠨ ᠤᠳᠤᠷᠢᠳᠤᠯᠭ᠎ᠠ  ᠪᠠᠨ  ᠴᠢᠩᠭᠠᠳᠬᠠᠨ᠎ᠠ ᠃ ᠪᠠᠯᠠ ᠮᠥᠩᠭᠦ  ᠶᠢᠨ ᠠᠮᠤᠷ ᠲᠦᠪᠰᠢᠨ ᠪᠠ ᠺᠠᠳ᠋ᠷ  ᠤᠨ ᠠᠷᠢᠭᠤᠨ ᠴᠢᠬᠡᠴᠢ ᠪᠠᠶᠢᠬᠤ  ᠶᠢ ᠪᠠᠲᠤᠯᠠᠬᠤ  ᠶᠢᠨ ᠲᠥᠯᠥᠭᠡ ᠂ ᠬᠤᠰᠢᠭᠤᠨ ᠤ ᠠᠷᠠᠳ  ᠤᠨ ᠵᠠᠰᠠᠭ  ᠤᠨ ᠣᠷᠳᠣᠨ  ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ  ᠪᠠᠷ ᠲᠦᠷᠦᠭᠦᠯᠡᠭᠦᠯᠦᠭᠰᠡᠨ ᠂  ᠮᠠᠯ ᠲᠠᠷᠢᠶᠠᠯᠠᠩ  ᠂ ᠡᠳ᠋  ᠤᠨ ᠵᠠᠰᠠᠭ ᠂ ᠲᠠᠷᠢᠶᠠᠯᠠᠩ  ᠤᠨ ᠮᠠᠰᠢᠨ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠂  ᠰᠤᠮᠤ ᠰᠢᠶᠠᠩ ᠪᠠᠯᠭᠠᠰᠤ ᠂ ᠵᠡᠭᠡᠯᠢ ᠭᠤᠳᠦᠮᠵᠢ ᠶᠢᠨ ᠭᠡᠷᠡᠭ ᠡᠷᠬᠢᠯᠡᠬᠦ ᠭᠠᠵᠡᠷ ᠵᠡᠷᠭᠡ  ᠬᠤᠯᠪᠤᠬᠳᠠᠯ ᠪᠥᠬᠦᠶ ᠰᠠᠯᠠᠭ᠎ᠠ ᠮᠥᠴᠢᠷ  ᠢᠶᠠᠷ ᠪᠦᠷᠢᠯᠳᠦᠭᠰᠡᠨ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠠᠵᠢᠯ  ᠤᠨ ᠤᠳᠤᠷᠢᠳᠬᠤ ᠳᠤᠭᠤᠢᠢᠯᠠᠩ  ᠢ ᠪᠠᠶᠢᠭᠤᠯᠵᠤ ᠂ ᠮᠠᠨ  ᠤ ᠬᠤᠰᠢᠭᠤᠨ  ᠤ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠠᠵᠢᠯ  ᠢ ᠪᠥᠬᠦ ᠲᠠᠯ᠎ᠠ  ᠪᠠᠷ     ᠬᠠᠷᠢᠭᠤᠴᠠᠨ᠎ᠠ ︔ ᠤᠳᠤᠷᠢᠳᠬᠤ ᠳᠤᠭᠤᠢᠢᠯᠠᠩ  ᠤᠨ ᠠᠯᠪᠡᠠ ᠭᠡᠷ ᠢ ᠲᠠᠷᠢᠶᠠᠯᠠᠩ  ᠤᠨ ᠮᠠᠰᠢᠨ  ᠤ ᠲᠣᠪᠴᠢᠶ᠎ᠠ  ᠳᠤ ᠪᠠᠶᠢᠭᠤᠯᠵᠤ ᠂ ᠮᠠᠰᠢᠨ ᠬᠤᠳᠠᠯᠳᠤᠨ ᠠᠪᠠᠨ᠋ᠥ ᠨᠥᠬᠦᠪᠥᠷᠢ  ᠶᠢᠨ ᠠᠵᠢᠯ  ᠤᠨ ᠬᠡᠷᠡᠭᠵᠢᠭᠦᠯᠦᠯᠲᠡ  ᠶᠢ ᠵᠢᠯᠣᠭᠤᠳᠬᠤ ᠪᠠ ᠬᠢᠨᠠᠨ ᠬᠠᠮᠢᠶᠠᠷᠬᠤ  ᠶᠢ ᠪᠣᠳᠠᠲᠠᠶ ᠬᠠᠷᠢᠭᠤᠴᠠᠵᠤ ᠂ ᠮᠠᠨ  ᠤ ᠬᠤᠰᠢᠭᠤᠨ  ᠤ ᠪᠣᠳᠠᠲᠠᠶ ᠪᠠᠶᠢᠳᠠᠯ  ᠢ ᠦᠨᠳᠦᠰᠦᠯᠡᠨ ᠮᠠᠰᠢᠨ ᠬᠤᠳᠠᠯᠳᠤᠨ ᠠᠪᠠᠨ᠋ᠥ ᠨᠥᠬᠦᠪᠥᠷᠢ  ᠶᠢᠨ ᠮᠠᠰᠢᠨ ᠪᠠᠭᠠᠵᠢ  ᠶᠢᠨ ᠲᠥᠷᠥᠯ ᠵᠦᠶᠯ  ᠤᠨ ᠬᠦᠷᠢᠶ᠎ᠡ ᠬᠡᠪᠴᠢᠶ᠎ᠡ  ᠶᠢ ᠲᠣᠭᠲᠠᠭᠠᠵᠤ ᠂ ᠠᠵᠢᠯ  ᠤᠨ ᠲᠣᠭᠲᠠᠴᠠ  ᠶᠢ ᠪᠠᠶᠢᠭᠤᠯᠤᠨ ᠂ ᠡᠭᠦᠷᠭᠡ ᠪᠠ ᠬᠠᠷᠢᠭᠤᠴᠠᠯᠭ᠎ᠠ  ᠶᠢ ᠲᠣᠳᠣᠷᠬᠠᠢᠢᠯᠠᠵᠤ ᠂ ᠨᠥᠬᠦᠪᠥᠷᠢ ᠭᠤᠶᠤᠴᠢᠯᠠᠬᠤ ᠂ ᠬᠢᠨᠠᠨ ᠬᠠᠷᠭᠤᠭᠤᠯᠬᠤ ᠂  ᠬᠠᠷᠭᠤᠭᠤᠯᠤᠨ ᠪᠤᠳᠠᠳᠠᠶᠢᠵᠢᠭᠤᠯᠬᠤ ᠂ ᠢᠯᠡ ᠨᠡᠶᠢᠲᠡᠯᠡᠬᠦ ᠂ ᠳᠠᠩᠰᠠ ᠡᠪᠬᠡᠮᠡᠯ  ᠤᠨ ᠬᠠᠮᠢᠶᠠᠷᠤᠯᠲᠠ ᠬᠢᠬᠦ ᠵᠡᠷᠭᠡ ᠲᠠᠯ᠎ᠠ  ᠪᠠᠷ    ︽ ᠬᠡᠨ ᠭᠦᠶᠴᠡᠳᠬᠡᠪᠡᠯ ᠂ ᠬᠡᠨ ᠬᠠᠷᠢᠭᠤᠴᠠᠬᠤ ᠂ ᠬᠡᠨ ᠬᠢᠨᠠᠨ ᠬᠠᠷᠭᠤᠭᠤᠯᠪᠠᠯ ᠂ ᠬᠡᠨ ᠬᠠᠷᠢᠭᠤᠴᠠᠬᠤ ︾ ᠬᠠᠷᠢᠭᠤᠴᠠᠯᠭ᠎ᠠ ᠨᠡᠬᠡᠮᠵᠢᠯᠡᠬᠦ ᠲᠦᠷᠢᠮ  ᠢ   ᠳᠤᠬᠳᠠᠭᠠᠨ᠎ᠠ ᠃     (ᠬᠤᠶᠠᠷ) ᠠᠵᠢᠯ  ᠤᠨ ᠰᠠᠬᠢᠯᠭ᠎ᠠ ᠪᠠᠲᠤ  ᠶᠢ ᠴᠢᠩᠭ᠎ᠠ  ᠰᠠᠬᠢᠨ᠎ᠠ ᠃ ᠬᠤᠰᠢᠭᠤᠨ  ᠤ ᠲᠠᠷᠢᠶᠠᠯᠠᠩ  ᠤᠨ ᠮᠠᠰᠢᠨ  ᠤ ᠲᠣᠪᠴᠢᠶ᠎ᠠ ᠂ ᠡᠳ᠋  ᠤᠨ ᠵᠠᠰᠠᠭ  ᠤᠨ ᠳᠣᠪᠴᠢᠶ᠎ᠠ ᠂  ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ ᠤᠨ ᠬᠢᠨ ᠡᠭᠦᠷᠭᠡ  ᠳᠤᠰᠢᠶᠠᠯ  ᠢᠶᠠᠨ  ᠬᠢᠴᠢᠶᠡᠩᠬᠦᠶᠢᠯᠡᠨ ᠭᠦᠢᠴᠡᠳᠬᠡᠵᠦ ᠂  ᠳᠤᠰᠢᠶᠠᠯ ᠬᠠᠷᠢᠭᠤᠴᠠᠯᠭ᠎ᠠ  ᠪᠠᠨ ᠨᠠᠷᠢᠨ ᠬᠢᠨᠠᠮᠠᠭᠠᠶ ᠭᠦᠶᠴᠡᠳᠬᠡᠨ᠎ᠠ ᠃ ᠨᠢᠭᠡ  ᠳᠤ ᠲᠥᠪ ᠂ ᠥᠪᠡᠷᠲᠡᠭᠡᠨ ᠵᠠᠰᠠᠬᠤ ᠣᠷᠣᠨ  ᠤ  ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠬᠤᠯᠪᠣᠭᠳᠠᠯ ᠪᠥᠬᠦᠶ ᠲᠥᠷᠥ  ᠶᠢᠨ ᠪᠣᠳᠣᠯᠭ᠎ᠠ  ᠶᠢᠨ ᠲᠣᠭᠲᠠᠭᠠᠯ ᠪᠠ ︽ ᠵᠡᠭᠦᠨᠭᠠᠷ ᠬᠤᠰᠢᠭᠤᠨ  ᠤ 2021 ᠣᠨ  ᠤ ᠲᠠᠷᠢᠶᠠᠯᠠᠩ  ᠤᠨ  ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ ︾   ᠢ ᠴᠢᠩᠭ᠎ᠠ ᠵᠢᠷᠤᠮᠯᠠᠨ ᠠᠵᠢᠯ  ᠢᠶᠠᠨ ᠥᠷᠨᠢᠭᠦᠯᠤᠨ᠎ᠠ ︔ ᠬᠤᠶᠠᠷ  ᠲᠤ ᠲᠣᠭᠲᠠᠭᠠᠯ ᠶᠣᠰᠣᠭᠠᠷ ᠴᠠᠭ ᠬᠢᠵᠠᠭᠠᠷᠯᠠᠨ ᠠᠵᠢᠯᠯᠠᠬᠤ  ᠶᠢ ᠴᠢᠩᠳᠠᠯᠠᠵᠤ ᠂  ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ  ᠡᠳᠡᠭᠡᠳ ᠂ ᠨᠥᠬᠦᠪᠥᠷᠢ ᠥᠭᠬᠦ ᠮᠠᠰᠢᠨ  ᠤ ᠬᠡᠯᠪᠡᠷᠢ ᠂ ᠨᠥᠬᠦᠪᠥᠷᠢ ᠥᠭᠬᠦ ᠲᠤᠭ᠎ᠠ ᠬᠡᠮᠵᠢᠶ᠎ᠡ ᠂ ᠨᠥᠬᠦᠪᠥᠷᠢ ᠥᠭᠬᠦ  ᠵᠤᠭᠤᠰᠤᠨ ᠲᠤᠭ᠎ᠠ ᠵᠡᠷᠭᠡ 《ᠲᠦᠷᠪᠡ  ᠶᠢ ᠢᠯᠡ ᠪᠣᠯᠭᠠᠬᠤ》  ᠶᠢ ᠪᠡᠶᠡᠯᠡᠭᠦᠯᠵᠦ ᠂ ᠢᠯᠡ ᠲᠣᠳᠣ ᠂ ᠡᠷᠬᠡ ᠲᠡᠭᠰᠢ ᠂ ᠲᠥᠪ ᠭᠤᠣᠯᠴᠢ ᠪᠠᠶᠢᠬᠤ ᠵᠠᠷᠴᠢᠮ  ᠢ ᠪᠠᠷᠢᠮᠲᠠᠯᠠᠵᠤ ᠂ ᠥᠷᠭᠡᠨ ᠤᠯᠠᠨ ᠲᠠᠷᠢᠶᠠᠴᠢᠨ  ᠤ ᠡᠷᠬᠡ ᠠᠰᠢᠭ  ᠢ ᠬᠠᠮᠠᠭᠠᠯᠠᠨ᠎ᠠ︔ ᠭᠤᠷᠪᠠ  ᠳᠤ ᠠᠷᠢᠭᠤᠨ ᠴᠢᠬᠡᠴᠢ  ᠪᠠᠷ ᠪᠡᠶ᠎ᠡ  ᠪᠠᠨ ᠪᠠᠷᠢᠬᠤ ᠵᠠᠰᠠᠭ  ᠤᠨ ᠶᠠᠪᠤᠳᠠᠯ  ᠤᠨ ᠲᠣᠭᠲᠠᠭᠠᠯ  ᠢ ᠴᠢᠩᠭ᠎ᠠ ᠵᠢᠷᠤᠮᠯᠠᠨ ᠰᠠᠬᠢᠵᠤ ᠂  ᠬᠤᠷᠢᠭ᠎ᠠ ᠱᠤᠭᠤᠮ  ᠤᠨ ᠤᠬᠠᠮᠰᠠᠷ  ᠢ ᠪᠠᠲᠤ ᠪᠠᠬᠢ ᠪᠤᠢ ᠪᠣᠯᠭᠠᠵᠤ ᠂ ᠲᠤᠬᠠᠢᠢᠯᠠᠭᠰᠠᠨ ᠠᠵᠢᠯ  ᠤᠨ ᠬᠡᠪ ᠰᠤᠷᠲᠠᠯ  ᠢ ᠬᠢᠴᠢᠶᠡᠩᠭᠦ᠋ᠢᠯᠡᠨ ᠰᠠᠬᠢᠵᠤ ᠂ ᠪᠡᠶ᠎ᠡ  ᠪᠠᠨ ᠲᠤᠩᠭᠠᠨ ᠪᠡᠶ᠎ᠡ  ᠪᠠᠨ ᠪᠠᠷᠢᠵᠤ ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠬᠡᠷᠡᠭᠲᠡᠶ︔ ᠲᠦᠷᠪᠡ  ᠳᠤ ᠲᠠᠷᠢᠶᠠᠯᠠᠩ  ᠤᠨ  ᠮᠠᠰᠢᠨ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠢᠢᠯᠠᠯ ᠨᠢ ᠮᠠᠰᠢᠨ ᠬᠤᠳᠠᠯᠳᠤᠨ ᠠᠪᠤᠭᠴᠢ ᠶᠢ ᠣᠷᠣᠯᠠᠨ ᠨᠥᠬᠦᠪᠥᠷᠢ ᠥᠭᠬᠦ ᠪᠣᠳᠠᠲᠠᠶ ᠠᠵᠢᠯᠯᠠᠭᠠᠨ  ᠤ  ᠤᠴᠢᠷ ᠶᠠᠪᠤᠳᠠᠯ  ᠢ ᠭᠦᠢᠴᠡᠳᠬᠡᠬᠦ ᠳᠤ ᠤᠷᠤᠯᠴᠠᠬᠤ  ᠶᠢ  ᠬᠤᠷᠢᠬᠯᠠᠨ᠎ᠠ ᠃     ︵ ᠭᠤᠷᠪᠠ ︶ ᠪᠠᠯᠠ ᠮᠥᠩᠭᠦ  ᠶᠢᠨ ᠪᠠᠲᠤᠯᠠᠭ᠎ᠠ ᠃ ᠬᠤᠰᠢᠭᠤᠨ  ᠤ ᠲᠠᠷᠢᠶᠠᠯᠠᠩ  ᠤᠨ ᠮᠠᠰᠢᠨ  ᠤ ᠲᠣᠪᠴᠢᠶ᠎ᠠ ᠪᠣᠯᠤᠨ ᠡᠳ᠋  ᠤᠨ ᠵᠠᠰᠠᠭ  ᠤᠨ ᠳᠣᠪᠴᠢᠶ᠎ᠠ ᠨᠢᠭᠲᠠ ᠬᠠᠮᠵᠢᠯᠴᠠᠵᠤ ᠂ ᠲᠥᠪ ᠂ ᠥᠪᠡᠷᠲᠡᠭᠡᠨ ᠵᠠᠰᠠᠬᠤ ᠣᠷᠣᠨ ᠂ ᠬᠤᠰᠢᠭᠤᠨ  ᠤ ᠱᠠᠲᠤᠨ  ᠤ ᠨᠥᠬᠦᠪᠥᠷᠢ  ᠶᠢᠨ ᠪᠠᠯᠠ ᠮᠥᠩᠭᠦ  ᠶᠢ ᠴᠠᠭ ᠲᠤᠬᠠᠶ  ᠳᠤᠨᠢ ᠂ ᠲᠤᠭ᠎ᠠ ᠶᠣᠰᠣᠭᠠᠷ  ᠪᠠᠭᠤᠯᠭᠠᠨ ᠥᠭᠴᠦ ᠪᠣᠳᠠᠲᠠᠶᠢᠵᠢᠭᠤᠯᠬᠤ  ᠶᠢ ᠪᠠᠲᠤᠯᠠᠵᠤ ᠂ ᠡᠯ᠎ᠡ  ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ ᠤᠨ ᠬᠢᠨ ᠲᠤᠰᠬᠠᠶ ᠠᠵᠢᠯᠲᠠᠨ ᠳᠣᠭᠢᠷᠠᠭᠤᠯᠤᠨ ᠬᠢᠨᠠᠨ ᠬᠠᠷᠭᠤᠭᠤᠯᠵᠤ ᠪᠠᠶᠢᠭᠠᠳ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ  ᠳᠤ ᠨᠥᠬᠦᠪᠥᠷᠢ ᠥᠭᠬᠦ ᠡᠯ᠎ᠡ ᠵᠦᠶᠯ  ᠤᠨ ᠠᠵᠢᠯ  ᠤᠨ ᠤᠷᠤᠭᠰᠢᠲᠠᠶ ᠶᠠᠪᠤᠭᠳᠠᠬᠤ  ᠶᠢ ᠪᠠᠲᠤᠯᠠᠨ᠎ᠠ ᠃    ︵ ᠳᠥᠷᠪᠡ ︶ ᠬᠢᠨᠠᠯᠲᠠ ᠬᠠᠮᠢᠶᠠᠷᠤᠯᠲᠠ  ᠶᠢ ᠴᠢᠩᠭᠠᠳᠬᠠᠨ᠎ᠠ ᠃ ᠨᠥᠬᠦᠪᠥᠷᠢ ᠦᠭᠬᠦ ᠲᠥᠷᠥ  ᠶᠢᠨ ᠪᠣᠳᠣᠯᠭ᠎ᠠ  ᠶᠢᠨ  ᠤᠷᠤᠨᠵᠢᠬᠰᠠᠨ ᠪᠠᠶᠢᠳᠠᠯ  ᠤᠨ ᠬᠢᠨᠠᠯᠲᠠ ᠬᠠᠮᠢᠶᠠᠷᠤᠯᠲᠠ  ᠶᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ ᠂ ᠪᠣᠶ ᠪᠥᠬᠦᠶ ᠨᠥᠬᠦᠪᠥᠷᠢ  ᠲᠠᠢ ᠮᠠᠰᠢᠨ ᠪᠠᠭᠠᠵᠢ  ᠳᠤ ︽ ᠪᠦᠬᠦᠨ  ᠢ ᠬᠠᠮᠤᠷᠬᠤ ︾ ᠮᠠᠶ᠋ᠢᠭ  ᠤᠨ ᠶᠠᠰᠤ ᠴᠢᠨᠠᠷ  ᠤᠨ ᠮᠥᠷᠳᠡᠨ ᠪᠠᠶᠢᠴᠠᠭᠠᠯᠲᠠ ᠬᠢᠵᠦ ᠂ ᠥᠷᠭᠡᠨ ᠣᠯᠠᠨ ᠮᠠᠰᠢᠨ ᠬᠤᠳᠠᠯᠳᠤᠨ ᠠᠪᠤᠭᠴᠢ  ᠶᠢᠨ ᠡᠷᠬᠡ ᠠᠰᠢᠭ  ᠢ ᠦᠨᠡᠨ ᠬᠦ ᠬᠠᠮᠠᠭᠠᠯᠠᠨ᠎ᠠ ︔ ᠨᠥᠬᠦᠪᠥᠷᠢ  ᠪᠠᠷ ᠬᠤᠳᠠᠯᠳᠤᠨ ᠠᠪᠤᠬᠰᠠᠨ ᠮᠠᠰᠢᠨ ᠳᠤ  ᠫᠠᠶᠢᠰᠠ ᠦᠨᠡᠮᠯᠡᠯ  ᠤᠨ ᠬᠠᠮᠢᠶᠠᠷᠤᠯᠲᠠ  ᠶᠢ ᠬᠡᠷᠡᠭᠵᠢᠭᠦᠯᠵᠤ ᠂ ᠥᠮᠴᠢᠯᠡᠭᠴᠢ ᠨᠢ ᠡᠷᠬᠡᠪᠰᠢ ᠬᠤᠰᠢᠭᠤᠨ ᠤ ᠲᠠᠷᠢᠶᠠᠯᠠᠩ  ᠤᠨ ᠮᠠᠰᠢᠨ  ᠤ ᠠᠮᠤᠷ ᠲᠦᠪᠰᠢᠨ  ᠤ ᠬᠢᠨᠠᠯᠲᠠ ᠬᠠᠮᠢᠶᠠᠷᠤᠯᠲᠠ  ᠶᠢᠨ ᠥᠷᠲᠡᠭᠡ  ᠠᠴᠠ ᠫᠠᠶᠢᠰᠠ ᠦᠨᠡᠮᠯᠡᠯ  ᠤᠨ ᠭᠠᠷ ᠭᠦᠶᠴᠡᠳᠬᠡᠯ ᠬᠢᠯᠭᠡᠬᠦ  ᠪᠠᠷ ᠭᠤᠶᠤᠴᠢᠯᠠᠬᠤ ᠬᠡᠷᠡᠭᠲᠡᠶ ︔ ᠲᠠᠷᠢᠶᠠᠯᠠᠩ  ᠤᠨ ᠮᠠᠰᠢᠨ ᠦᠢᠯᠡᠳᠪᠦᠷᠢᠯᠡᠬᠦ ᠂  ᠡᠵᠡᠩᠨᠡᠨ ᠪᠣᠷᠣᠯᠠᠭᠤᠯᠬᠤ ᠠᠵᠤ ᠠᠬᠤᠢᠢᠯᠠᠯ  ᠢ  ᠱᠠᠯᠠᠪᠳᠠᠭᠤᠯᠤᠨ ᠵᠣᠬᠢᠴᠠᠭᠤᠯᠵᠤ ᠂ ᠪᠣᠷᠣᠯᠠᠭᠤᠯᠤᠭᠰᠠᠨ  ᠤ ᠳᠠᠷᠠᠭᠠᠬᠢ ᠦᠢᠯᠡᠴᠢᠯᠡᠭᠡᠨ  ᠤ ᠠᠵᠢᠯ  ᠢ ᠰᠠᠶᠢᠲᠤᠷ ᠬᠢᠵᠦ ᠂ ᠮᠠᠨ  ᠤ ᠬᠤᠰᠢᠭᠤᠨ  ᠤ  ᠮᠠᠯ ᠲᠠᠷᠢᠶᠠᠯᠠᠩ  ᠤᠨ ᠦᠢᠯᠡᠳᠪᠦᠷᠢᠯᠡᠯ  ᠤᠨ ᠤᠷᠤᠭᠰᠢᠲᠠᠶ ᠶᠠᠪᠤᠭᠳᠠᠬᠤ  ᠶᠢ ᠪᠠᠲᠤᠯᠠᠨ᠎ᠠ ᠃    ( ᠲᠠᠪᠤ ) ᠲᠥᠷᠥ  ᠶᠢᠨ ᠪᠤᠳᠤᠯᠭ᠎ᠠ  ᠶᠢᠨ ᠤᠬᠠᠭᠤᠯᠭ᠎ᠠ  ᠶᠢ ᠰᠠᠶᠢᠲᠤᠷ ᠬᠢᠨ᠎ᠠ ᠃ ᠬᠤᠰᠢᠭᠤᠨ  ᠤ ᠲᠠᠷᠢᠶᠠᠯᠠᠩ  ᠤᠨ ᠮᠠᠰᠢᠨ  ᠤ ᠲᠣᠪᠴᠢᠶ᠎ᠠ ᠂ ᠡᠯ᠎ᠡ  ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ ᠤᠨ ᠬᠢᠨ ᠬᠠᠮ ᠵᠠᠭᠤᠴᠢᠯᠠᠭᠤᠷ  ᠲᠠᠢ ᠬᠠᠷᠢᠯᠴᠠᠵᠤ ᠂ APP ᠪᠠ ᠴᠤᠭᠯᠠᠭ᠎ᠠ ᠮᠠᠶᠢᠮᠠᠶ ᠵᠡᠷᠭᠡ ᠣᠯᠠᠨ ᠲᠦᠮᠡᠨᠴᠢ ᠴᠢᠨᠠᠷᠲᠠᠶ ᠪᠠᠶᠠᠷ  ᠤᠨ ᠡᠳᠦᠷ  ᠢᠶᠠᠷ ᠳᠠᠮᠵᠢᠭᠤᠯᠤᠨ ᠲᠥᠪᠯᠡᠷᠡᠩᠭᠦᠶ ᠪᠥᠭᠡᠳ ᠥᠷᠭᠡᠨ ᠳᠡᠯᠭᠡᠷ ᠤᠬᠠᠭᠤᠯᠭ᠎ᠠ ᠥᠷᠨᠢᠭᠦᠯᠵᠦ ᠂ ᠰᠦᠷ ᠳᠠᠯᠠᠶᠢᠴᠠᠲᠠᠶ ᠪᠠᠶᠢᠳᠠᠯ  ᠢ ᠪᠣᠶ ᠪᠣᠯᠭᠠᠵᠤ ᠂ ᠥᠷᠭᠡᠨ ᠣᠯᠠᠨ ᠲᠠᠷᠢᠶᠠᠴᠢᠨ ᠲᠦᠮᠡᠨ ᠪᠠ ᠨᠡᠶᠢᠭᠡᠮ ᠨᠡᠶᠢᠲᠡ  ᠳᠤ ᠪᠣᠳᠠᠲᠠᠶ ᠲᠥᠷᠥ  ᠶᠢᠨ ᠪᠣᠳᠣᠯᠭ᠎ᠠ  ᠶᠢᠨ ᠲᠣᠭᠲᠠᠭᠠᠯ  ᠢ ᠥᠷᠭᠡᠨ  ᠢᠶᠠᠷ ᠣᠢᠢᠯᠠᠭᠠᠭᠤᠯᠵᠤ ᠂ ᠲᠥᠷᠥ  ᠶᠢᠨ ᠪᠣᠳᠣᠯᠭ᠎ᠠ  ᠶᠢᠨ ᠤᠷᠤᠭᠰᠢᠲᠠᠶ ᠬᠡᠷᠡᠭᠵᠢᠭᠦᠯᠦᠭᠳᠡᠬᠦ  ᠶᠢ ᠪᠠᠲᠤᠯᠠᠨ᠎ᠠ ᠃ ᠡᠭᠦᠨ  ᠤ ᠬᠠᠮᠲᠤ ᠶᠠᠷᠢᠶ᠎ᠠ ᠬᠡᠯᠡᠯᠴᠡᠭᠡ  ᠪᠠᠷ ᠬᠥᠲᠥᠯᠦᠨ ᠵᠢᠯᠣᠭᠤᠳᠬᠤ  ᠶᠢ ᠴᠢᠩᠭᠠᠳᠬᠠᠵᠤ ᠂  ᠨᠡᠶᠢᠳᠡᠯᠢᠭ  ᠳᠤᠷᠰᠢᠯᠭ᠎ᠠ  ᠶᠢ ᠲᠠᠨᠢᠯᠴᠠᠭᠤᠯᠵᠤ ᠂ ᠲᠡᠷᠢᠭᠦᠨ  ᠤ ᠬᠢ  ᠶᠢ ᠤᠬᠠᠭᠤᠯᠤᠨ ᠬᠥᠬᠢᠭᠦᠯᠵᠦ ᠂ ᠮᠠᠨ  ᠤ ᠬᠤᠰᠢᠭᠤᠨ  ᠤ  ᠮᠠᠯ ᠲᠠᠷᠢᠶᠠᠯᠠᠩ  ᠤᠨ ᠮᠠᠰᠢᠨᠴᠢᠯᠠᠯᠲᠠ  ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ  ᠶᠢ ᠲᠦᠷᠭᠡᠳᠬᠡᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ  ᠢ ᠴᠢᠷᠮᠠᠶᠢᠨ ᠪᠣᠶ ᠪᠣᠯᠭᠠᠨ᠎ᠠ ᠃ 
ᠢᠷᠡᠯᠲᠡ᠄ ᠲᠤᠰ ᠰᠦᠯᠵᠢᠶ᠎ᠡ