ᠲᠠ ᠵᠡᠬᠦᠨᠭᠠᠷ ᠬᠤᠰᠢᠭᠤᠨ ᠤ ᠰᠦᠯᠵᠢᠶᠡᠨ ᠤ ᠨᠡᠷᠡᠳᠤ ᠭᠠᠵᠠᠷ ᠲᠤ ᠢᠷᠡᠵᠤ ᠦᠡᠭᠭᠡᠷᠡᠭᠰᠡᠨ ᠤᠤ︖
ᠨᠡᠶᠢᠲᠡᠯᠡᠭᠰᠡᠨ ᠴᠠᠭ᠄
2021/9/6
 11.jpg   
      ᠵᠢᠷᠤᠬ ᠰᠢᠬ ᠳᠡᠯᠭᠡᠭᠳᠡᠭᠰᠡᠨ ᠳᠤᠳᠤᠷᠭ᠎ᠠ ᠶᠢᠨ ᠳᠠᠷᠢᠶ᠎ᠡ ᠪᠠᠷ ᠠᠶᠠᠯᠠᠬᠤᠶ᠎ᠡ᠂ ᠬᠠᠳᠤᠨ ᠭᠤᠤᠯ ᠤᠨ ᠪᠠᠷ᠎ᠡ ᠬᠠᠷᠠᠭᠠᠨ ᠤ ᠦᠵᠦᠬᠦᠷ ᠳᠤᠳᠤᠷᠠᠨ᠎ᠠ       8 ᠰᠠᠷ᠎ᠡ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠤᠷᠳᠤᠰ ᠬᠤᠳᠠ ᠶᠢᠨ ᠵᠡᠬᠦᠨᠭᠠᠷ ᠬᠤᠰᠢᠭᠤᠨ ᠤ ᠳ᠋ᠠ ᠯᠦ ᠪᠠᠯᠭᠠᠰᠤ ᠶᠢᠨ ᠰᠢᠶᠤᠤ ᠲᠠᠨ ᠽᠢ ᠳᠤ ᠂ ᠰᠤᠷᠪᠤᠯᠵᠢᠯᠠᠬᠴᠢ ᠰᠢᠨ᠎ᠡ ᠪᠠᠷ ᠪᠤᠢ ᠪᠤᠯᠤᠬᠰᠠᠨ ᠰᠦᠯᠵᠢᠶᠡᠨ ᠤ ᠨᠡᠷᠡᠳᠦ ᠭᠠᠵᠠᠷ — ᠳ᠋ᠠ ᠯᠦ ᠪᠠᠯᠭᠠᠰᠤ ᠶᠢᠨ ᠬᠠᠳᠤᠨ ᠭᠤᠤᠯ ᠤᠨ ᠠᠮᠢ ᠠᠬᠤᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠳᠤ ᠢᠷᠡᠯ᠎ᠡ᠃ ︵ᠳᠤᠳᠤᠷᠭ᠎ᠠ ᠪᠠ ᠵᠢᠭᠠᠰᠤᠨ ᠤ ᠪᠤᠰᠤᠭ᠎ᠠ ᠴᠤᠬᠴᠠᠳᠤ ᠳᠡᠷᠢᠵᠤ ᠳᠡᠵᠢᠬᠡᠬᠦ ᠳᠦᠷᠦᠯ ᠵᠦᠢᠯ︶
22.jpg    
       ᠨᠠᠮᠤᠷ ᠤᠨ ᠪᠤᠷᠤᠭᠠᠨ ᠤ ᠳᠠᠷᠠᠭ᠎ᠠ ᠠᠭᠤᠷ ᠠᠮᠢᠰᠬᠤᠯ ᠴᠡᠪᠡᠷ ᠳᠤᠩᠭᠠᠯᠠᠬ᠃ ᠰᠢᠯᠯᠢᠭ ᠬᠦᠬᠦᠷᠬᠡᠨ ᠵᠠᠮ ᠢᠶᠠᠷ ᠳᠤᠳᠤᠷᠭ᠎ᠠ ᠶᠢᠨ ᠳᠠᠷᠢᠶᠡᠨ ᠳᠤᠮᠳᠠ ᠶᠠᠪᠤᠬᠤ ᠳᠤ ᠬᠢᠵᠠᠭᠠᠷ ᠦᠬᠡᠢ ᠦᠷᠬᠦᠯᠵᠢᠯᠡᠬᠦ ︽ᠳᠤᠳᠤᠷᠭ᠎ᠠ ᠶᠢᠨ ᠳᠤᠰᠤᠨ ᠵᠢᠷᠤᠬ︾ ᠳᠡᠯᠭᠡᠭᠳᠡᠨ᠎ᠠ᠃ ᠨᠤᠭᠤᠰᠤ ᠱᠤᠮᠪᠠᠯᠳᠤᠨ ᠵᠢᠭᠠᠰᠤ ᠴᠤᠯᠬᠢᠵᠤ᠂ ᠳᠡᠷᠳᠡᠭᠡ ᠠᠯᠤᠰ ᠲᠤ᠂ ᠬᠠᠳᠤᠨ ᠭᠤᠤᠯ ᠨᠢ ᠵᠡᠬᠦᠨᠭᠠᠷ ᠬᠤᠰᠢᠭᠤ ᠶᠢ ᠳᠤᠭᠤᠷᠢᠨ ᠤᠷᠤᠰᠤᠨ᠎ᠠ᠃ ᠡᠨᠡ ᠬᠦ ᠠᠮᠤᠭᠤᠯᠠᠩ ᠳᠠᠪᠠᠳᠠᠢ ᠬᠦᠳᠡᠭᠡ ᠨᠤᠳᠤᠬ ᠨᠢ ᠠᠯᠢ ᠡᠷᠳᠡ ᠠᠴᠠ ᠬᠤᠯᠠ ᠤᠢᠢᠷ᠎ᠡ ᠶᠢᠨ ᠵᠤᠴᠢᠳ ᠤᠨ ᠠᠩᠬᠠᠷᠤᠯ ᠢ ᠳᠠᠳᠠᠵᠤ ᠪᠢᠯᠡ᠃       ᠰᠢᠶᠤᠤ ᠳᠠᠨ ᠽᠢ ᠳᠤᠰᠬᠤᠨ ᠬᠠᠳᠤᠨ ᠭᠤᠤᠯ ᠤᠨ ᠳᠤᠨᠤᠮᠠᠯ ᠳᠠᠯ᠎ᠠ ᠭᠠᠵᠠᠷ ᠲᠤ ᠪᠠᠶᠢᠷᠢᠯᠡᠵᠤ ᠤᠤᠯ ᠨᠢ ᠳᠠᠷᠢᠶᠠᠯᠠᠬᠤ ᠶᠢ ᠵᠤᠬᠰᠤᠭᠠᠬᠰᠠᠨ ᠬᠤᠵᠢᠷᠯᠢᠬ ᠭᠠᠵᠠᠷ ᠪᠠᠶᠢᠵᠠᠢ᠃ ᠳᠤᠳᠤᠷᠭ᠎ᠠ ᠪᠠ ᠵᠢᠭᠠᠰᠤ ᠶᠢᠨ ᠪᠤᠰᠤᠭ᠎ᠠ ᠴᠤᠬᠴᠠᠳᠤ ᠳᠡᠷᠢᠵᠤ ᠳᠡᠵᠢᠬᠡᠬᠦ ᠳᠦᠷᠦᠯ ᠵᠦᠢᠯ ᠢ ᠬᠡᠷᠡᠭᠵᠢᠬᠦᠯᠬᠦ ᠪᠠᠷ ᠳᠠᠮᠵᠢᠨ ᠠᠳᠠᠷ ᠭᠠᠵᠠᠷ ᠢ ᠤᠷᠭᠠᠨᠢᠬ ᠳᠤᠳᠤᠷᠭ᠎ᠠ ᠶᠢ ᠳᠠᠷᠢᠵᠤ ᠤᠷᠭᠤᠭᠤᠯᠬᠤ᠂ ᠪᠤᠬᠢᠷᠳᠤᠯ ᠦᠬᠡᠢ ᠤᠰᠤᠨ ᠭᠠᠷᠤᠯᠳᠡ ᠵᠡᠷᠬᠡ ᠶᠢ ᠨᠢᠬᠡ ᠴᠤᠬᠴᠠᠵᠢᠭᠤᠯᠤᠬᠰᠠᠨ ᠤᠳᠤ ᠦᠶ᠎ᠡ ᠶᠢᠨ ᠳᠠᠷᠢᠶᠠᠯᠠᠩ ᠤᠨ ᠤᠷᠴᠢᠯᠳᠡᠳᠤ ᠠᠵᠤ ᠠᠬᠤᠢ ᠶᠢᠨ ᠳᠤᠳᠤᠷᠭ᠎ᠠ ᠪᠠ ᠵᠢᠭᠠᠰᠤ ᠶᠢᠨ ᠶᠡᠷᠦᠩᠬᠡᠶᠢᠯᠡᠭᠰᠡᠨ ᠳᠠᠷᠢᠵᠤ ᠤᠷᠭᠤᠭᠤᠯᠬᠤ ᠭᠠᠵᠠᠷ ᠪᠤᠯᠭᠠᠵᠠᠢ᠃ ᠡᠨᠡ ᠨᠢ ᠭᠠᠵᠠᠷ ᠰᠢᠷᠤᠢ ᠶᠢᠨ ᠦᠷ᠎ᠡ ᠠᠰᠢᠬ ᠢ ᠨᠡᠶᠢᠯᠡᠬᠦᠯᠬᠦ ᠪᠠ ᠳᠡᠭᠡᠭᠰᠢᠯᠡᠬᠦᠯᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠡᠷ ᠰᠠᠶᠢᠳᠡᠢ ᠬᠦᠭᠵᠢᠯᠳᠡ ᠶᠢ ᠠᠬᠢᠭᠤᠯᠬᠤ ᠳᠤ ᠠᠰᠢᠬ ᠲᠠᠢ ᠪᠤᠯᠪᠠ᠃
33.jpg     
       ᠳ᠋ᠠ ᠯᠦ ᠪᠠᠯᠭᠠᠰᠤ ᠶᠢᠨ ᠳᠡᠳ᠋ ᠳᠠᠷᠤᠭ᠎ᠠ᠄ ︽ᠪᠢᠳᠡ ᠨᠢᠩᠰᠢᠶᠡ ᠶᠢᠨ ᠭᠤᠸᠠᠩ ᠶᠢᠨ ᠠᠮᠤ ᠪᠤᠳᠠᠭᠠᠨ ᠤ ᠦᠢᠯᠡᠰ ᠤᠨ ᠬᠢᠵᠠᠭᠠᠷᠳᠤ ᠺᠤᠮᠫᠠᠨᠢ ᠲᠠᠢ ᠬᠠᠮᠳᠤᠷᠡᠨ ᠠᠵᠢᠯᠯᠠᠵᠤ᠂ ᠳᠤᠳᠤᠷᠭ᠎ᠠ ᠪᠠ ᠵᠢᠭᠠᠰᠤ ᠶᠢᠨ ᠪᠤᠰᠤᠭ᠎ᠠ ᠴᠤᠬᠴᠠᠳᠤ ᠳᠡᠷᠢᠵᠤ ᠳᠡᠵᠢᠬᠡᠬᠦ ᠡᠷᠬᠢᠯᠳᠡ ᠶᠢᠨ ᠰᠢᠰᠲ᠋ᠧᠮ ᠤᠨ ᠤᠯᠤᠰ ᠤᠨ ᠳᠤᠰᠬᠠᠢ ᠠᠰᠢᠬ ᠤᠨ ᠮᠡᠷᠬᠡᠵᠢᠯ ᠢ ᠬᠠᠮᠳᠤᠪᠡᠷ ᠬᠡᠷᠡᠭᠯᠡᠵᠤ᠂ 2020 ᠤᠨ ᠤ 10 ᠰᠠᠷ᠎ᠡ ᠠᠴᠠ ᠳᠤᠰ ᠳᠦᠷᠦᠯ ᠵᠦᠢᠯ ᠢ ᠭᠠᠷᠳᠡᠨ ᠬᠡᠷᠡᠭᠵᠢᠬᠦᠯᠪᠠ᠃ ᠤᠳᠤ ᠶᠢᠨ ᠪᠠᠶᠢᠭ᠎ᠠ ᠤᠰᠤᠨ ᠤ ᠡᠷᠬᠢᠯᠳᠡ ᠶᠢᠨ ᠳᠤᠰᠬᠠᠢ ᠠᠰᠢᠬ ᠤᠨ ᠵᠠᠬᠪᠤᠷ ᠢ ᠦᠨᠳᠦᠰᠦᠯᠡᠨ ᠳᠡᠷᠢᠵᠤ ᠳᠡᠵᠢᠬᠡᠬᠦ ᠨᠢ ᠤᠯᠠᠮᠵᠢᠯᠠᠯᠳᠤ ᠤᠰᠤᠨ ᠳᠤᠳᠤᠷᠭ᠎ᠠ ᠶᠢᠨ ᠵᠠᠬᠪᠤᠷ ᠠᠴᠠ 30% ᠤᠷᠴᠢᠮ ᠤᠰᠤ ᠠᠷᠪᠢᠯᠠᠬᠤ ᠪᠤᠯᠵᠠᠢ᠃ ᠳᠤᠳᠤᠷᠭ᠎ᠠ ᠳᠠᠷᠢᠬᠤ᠂ ᠵᠢᠭᠠᠰᠤ ᠳᠡᠵᠢᠬᠡᠬᠦ᠂ ᠨᠠᠶᠢᠮᠠᠯᠵᠢ ᠳᠡᠵᠢᠬᠡᠬᠦ᠂ ᠨᠤᠭᠤᠰᠤ ᠳᠡᠵᠢᠬᠡᠬᠦ ᠵᠡᠷᠬᠡ ᠳᠦᠷᠦᠯ ᠵᠦᠢᠯ ᠡᠴᠦᠰ ᠲᠡᠭᠡᠨ ︿ᠨᠢᠬᠡ ᠤᠰᠤ ᠶᠢ ᠠᠷᠪᠢᠨ ᠬᠡᠷᠡᠭᠯᠡᠵᠤ ᠨᠢᠬᠡ ᠳᠠᠷᠢᠶ᠎ᠡ ᠶᠢ ᠤᠯᠠᠨ ᠬᠤᠷᠢᠶᠡᠬᠤ﹀ ᠶᠢ ᠪᠡᠶᠡᠯᠡᠬᠦᠯᠬᠦ ᠪᠤᠯᠦᠨ᠎ᠡ︾ ᠬᠡᠵᠤ ᠶᠡᠷᠢᠨ᠎ᠠ᠃
44.jpg     
         ︽ᠳᠤᠳᠤᠷᠭ᠎ᠠ ᠶᠢᠨ ᠳᠠᠷᠢᠶᠡᠨ ᠤ ᠦᠵᠡᠮᠵᠢ ᠨᠢ ᠵᠤᠭᠠᠴᠠᠭᠰᠠᠳ ᠤᠨ ᠰᠤᠨᠢᠷᠬᠠᠯ ᠢ ᠶᠡᠬᠡᠳᠡ ᠳᠠᠳᠠᠨ᠎ᠠ᠃ ᠳᠤᠳᠤᠷᠭ᠎ᠠ ᠪᠠ ᠵᠢᠭᠠᠰᠤ ᠶᠢᠨ ᠪᠤᠰᠤᠭ᠎ᠠ ᠴᠤᠬᠴᠠᠳᠤ ᠳᠡᠷᠢᠵᠤ ᠳᠡᠵᠢᠬᠡᠬᠦ ᠳᠦᠷᠦᠯ ᠵᠦᠢᠯ ᠨᠢ ᠨᠡᠩ ᠤᠯᠠᠨ ᠬᠦᠮᠦᠰ ᠢ ᠰᠢᠶᠤᠤ ᠳᠠᠨ ᠽᠢ ᠳᠤᠰᠬᠤᠨ ᠵᠦᠭ ᠳᠠᠳᠠᠬᠤ ᠪᠤᠯᠵᠠᠢ᠃ ᠡᠨᠡ ᠨᠢ ᠪᠢᠳᠡᠨ ᠤ ᠤᠨᠴᠠᠯᠢᠬᠳᠤ ᠳᠠᠷᠢᠶᠠᠯᠠᠩ ᠰᠡᠯᠡᠬᠦᠴᠡᠯ ᠵᠤᠭᠠᠴᠠᠯ ᠤᠨ ᠳᠤᠰᠬᠤᠨ ᠢ ᠴᠤᠬᠴᠠᠯᠠᠬᠤ ᠳᠤ ᠠᠰᠢᠬᠳᠠᠢ ᠪᠠᠶᠢᠵᠤ᠂ ᠪᠦᠬᠦ ᠳᠤᠰᠬᠤᠨ ᠤ 70 ᠭᠠᠷᠤᠢ ᠡᠷᠦᠬᠡ ᠶᠢᠨ ᠳᠠᠷᠢᠶᠠᠴᠢᠨ ᠠᠶᠢᠯ ᠤᠨ ᠪᠠᠶᠠᠰᠤᠯ᠂ ᠵᠢᠭᠠᠰᠤᠴᠢᠨ ᠠᠶᠢᠯ ᠤᠨ ᠪᠠᠶᠠᠰᠤᠯ ᠢ ᠡᠷᠬᠢᠯᠡᠨ ᠬᠦᠭᠵᠢᠬᠦᠯᠬᠦ ᠶᠢ ᠳᠠᠶᠢᠴᠢᠯᠡᠵᠤ᠂ ᠳᠤᠰᠬᠤᠨ ᠤ ᠠᠷᠡᠳ ᠤᠨ ᠤᠷᠤᠯᠭ᠎ᠠ ᠶᠢ ᠨᠡᠮᠡᠭᠳᠡᠬᠦᠯᠵᠤ᠂ ᠴᠢᠨᠡᠬᠡᠯᠢᠭ ᠠᠮᠢᠳᠤᠷᠡᠯ ᠪᠤᠯᠭᠠᠪᠠ︾ ᠬᠡᠵᠤ ᠰᠢᠶᠤᠤ ᠳᠠᠨ ᠽᠢ ᠳᠤᠰᠬᠤᠨ ᠤ ᠳᠤᠰᠬᠤᠨ ᠵᠦᠪᠯᠡᠯ ᠤᠨ ᠳᠡᠳ᠋ ᠡᠷᠬᠢᠯᠡᠭᠴᠢ ᠴᠢᠶᠤᠤ ᠰᠢᠤᠢ ᠶᠠᠷᠢᠵᠤ ᠪᠠᠶᠢᠯ᠎ᠠ᠃
66.jpg     
         ᠳᠤᠳᠤᠷᠭ᠎ᠠ ᠵᠢᠭᠠᠰᠤ ᠬᠠᠮᠳᠤ ᠤᠷᠤᠰᠢᠬᠤ ᠪᠤᠰᠤᠭ᠎ᠠ ᠴᠤᠬᠴᠠᠳᠤ ᠳᠡᠷᠢᠵᠤ ᠳᠡᠵᠢᠬᠡᠬᠦ ᠦᠢᠯᠡᠰ ᠠᠴᠠ ᠬᠦᠮᠦᠰ ᠤᠨ ᠠᠩᠬᠠᠷᠤᠯ ᠢ ᠳᠠᠳᠠᠬᠰᠠᠨ ᠳᠠᠩᠰᠤᠬ ᠰᠠᠶᠢᠬᠠᠨ ᠬᠦᠳᠡᠭᠡ ᠨᠤᠳᠤᠬ ᠬᠦᠷᠳᠡᠯ᠎ᠡ᠂ ᠳᠤᠬᠠᠢ ᠶᠢᠨ ᠭᠠᠵᠠᠷ ᠤᠨ ᠵᠠᠰᠠᠬ ᠤᠨ ᠤᠷᠳᠤᠨ ᠬᠦᠳᠡᠭᠡ ᠠᠵᠤ ᠠᠬᠤᠢ ᠶᠢᠨ ᠵᠤᠭᠠᠴᠠᠯ᠂ ᠤᠨᠴᠠᠯᠢᠬᠳᠤ ᠠᠷᠡᠳ ᠤᠨ ᠰᠠᠭᠤᠴᠠ᠂ ᠰᠦᠯᠵᠢᠶᠡᠨ ᠤ ᠨᠡᠷᠡᠳᠦ ᠭᠠᠵᠠᠷ ᠵᠡᠷᠬᠡ ᠰᠢᠨ᠎ᠡ ᠡᠵᠡᠩᠨᠡᠯᠳᠡ ᠶᠢᠨ ᠬᠡᠯᠪᠡᠷᠢ ᠶᠢ ᠤᠯᠠᠮ ᠨᠢᠬᠡ ᠠᠯᠬᠤᠮ ᠦᠷᠬᠡᠳᠬᠡᠵᠤ᠂ ᠰᠢᠶᠤᠤ ᠳᠠᠨ ᠽᠢ ᠳᠤᠰᠬᠤᠨ ᠤ ᠠᠷᠡᠳ ᠤᠨ ᠬᠦᠳᠡᠯᠮᠤᠷᠢ ᠠᠵᠢᠯ ᠤᠯᠭᠤᠯᠳᠠ ᠪᠠ ᠤᠷᠤᠯᠭ᠎ᠠ ᠶᠢ ᠨᠡᠮᠡᠭᠳᠡᠬᠦᠯᠵᠤ᠂ ᠪᠠᠶᠠᠵᠢᠨ ᠴᠢᠨᠡᠭᠡᠯᠡᠭᠵᠢᠬᠦ ᠶᠢ ᠳᠠᠶᠢᠴᠢᠯᠡᠵᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠠᠬᠢᠭᠤᠯᠬᠤ ᠦᠢᠯᠡᠳᠦᠯ ᠦᠵᠡᠬᠦᠯᠬᠦ ᠪᠤᠯᠤᠨ᠎ᠠ᠃
ᠢᠷᠡᠯᠲᠡ᠄ ᠲᠣᠲᠣᠷᠬᠠᠢ ᠦᠭᠡᠢ