2022 ᠣᠨ ᠤ  ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/1/19
             — 2022 ᠣᠨ ᠤ 1 ᠰᠠᠷ᠎ᠠ ᠶᠢᠨ 8 ᠤ ᠡᠳᠦᠷ  ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠠ                             ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ  ᠰᠤᠷᠭᠠᠯᠳᠤ ᠲᠥᠯᠥᠭᠡᠯᠡᠭᠴᠢᠳ ᠡ᠄     ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠢ ᠳᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠪᠣᠯᠤᠨ 2021 ᠣᠨ ᠤ ᠠᠵᠢᠯ ᠤᠨ ᠡᠷᠭᠢᠴᠡᠭᠦᠯᠦᠯ    ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ  ᠨᠠᠭᠠᠰᠢ᠂ ᠵᠡᠭᠦᠨᠭᠠᠷ ᠬᠤᠰᠢᠭᠤ ᠲᠦᠢᠯ ᠤᠨ ᠶᠡᠷᠦ ᠪᠤᠰᠤ ᠶᠢᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠠ᠃ ᠠᠵᠤ ᠠᠬᠤᠶ ᠮᠠᠭᠤᠳᠠᠬᠰᠠᠨ  ᠳᠠᠷᠤᠯᠳᠠ ᠶᠡᠬᠡᠰᠴᠦ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠵᠡᠷᠭᠡ ᠠᠯᠢ ᠣᠯᠠᠨ ᠬᠦᠨᠳᠦ ᠬᠡᠴᠡᠭᠦᠦ ᠥᠷᠢᠰᠥᠯᠳᠦᠭᠡᠨ ᠤ ᠡᠮᠦᠨ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠲᠠᠢ ᠬᠠᠮᠳᠤᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠳᠤᠭᠤᠰᠢᠯᠠᠭᠤᠯᠵᠤ᠂  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠡᠶᠡᠯᠡᠬᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ ᠂ ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠠᠮᠵᠢᠯᠲᠠ ᠲᠠᠢ ᠲᠡᠭᠦᠰᠬᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠤᠷᠤᠭᠰᠢᠲᠠᠢ ᠬᠡᠷᠡᠭᠵᠢᠭᠦᠯᠤᠨ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠤᠬᠰᠠᠨ ᠰᠢᠯᠢᠳᠡᠭ ᠠᠮᠵᠢᠯᠲᠠ ᠶᠢᠨ ᠬᠠᠭᠤᠳᠠᠰᠤ ᠶᠢ ᠲᠤᠰᠢᠶᠠᠵᠤ᠂ ᠣᠳᠣᠬᠢᠴᠢᠯᠠᠬᠰᠠᠨ ᠵᠡᠭᠦᠨᠭᠠᠷ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ  ᠴᠤᠭ ᠵᠢᠪᠬᠤᠭ᠎ᠠ ᠲᠠᠢ ᠮᠤᠷᠳᠠᠪᠠ᠃      — ᠪᠢᠳᠡ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠢᠮᠠᠭᠲᠠ ᠪᠠᠷᠢᠮᠲᠠᠯᠠᠵᠤ᠂ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠭᠡᠢ ᠥᠷᠲᠡᠭ ᠢ 3350.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 0.3% ᠪᠠᠷ ᠨᠡᠮᠡᠭᠳᠡᠪᠠ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ ᠵᠢᠯ ᠳᠤᠮᠳᠠᠴᠢ ᠪᠠᠷ 4.2% ᠢᠶᠠᠷ ᠨᠡᠮᠡᠭᠳᠡᠵᠦ᠂ ᠭᠠᠶᠢᠯᠢ ᠶᠢᠨ ᠤᠷᠤᠯᠭ᠎ᠠ ᠶᠢᠨ ᠡᠵᠡᠯᠡᠬᠦ ᠬᠠᠷᠢᠴᠠᠯ ᠨᠢ ᠵᠠᠭᠤᠨ ᠤ ᠬᠤᠪᠢ ᠶᠢᠨ ᠬᠠᠷᠢᠴᠠᠯ ᠢᠶᠠᠷ  5 ᠨᠡᠮᠡᠭᠳᠡᠵᠦ᠂ ᠣᠷᠣᠯᠭ᠎ᠠ ᠶᠢᠨ ᠴᠢᠨᠠᠷᠵᠢᠯ ᠨᠢ ᠢᠯᠡᠳᠲᠡ ᠳᠡᠭᠡᠭᠰᠢᠯᠡᠪᠡ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ  ᠨᠢ 378.3 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠭᠤᠤᠯᠳᠠᠯᠭ᠎ᠠ ᠲᠠᠢ ᠲᠥᠷᠥᠯ  ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ︔ ᠨᠡᠶᠢᠭᠡᠮ ᠤᠨ ᠬᠡᠷᠡᠭᠯᠡᠭᠡᠨ ᠤ ᠵᠤᠶᠢᠯ ᠢ ᠵᠢᠵᠢᠭᠯᠡᠨ  ᠪᠤᠷᠤᠯᠠᠭᠤᠯᠤᠬᠰᠠᠨ ᠪᠥᠬᠦ ᠲᠤᠭ᠎ᠠ ᠵᠢᠯ ᠪᠦᠷᠢ ᠳᠤᠮᠳᠠᠴᠢ ᠪᠠᠷ 1.8% ᠨᠡᠮᠡᠭᠳᠡᠵᠦ᠂ ᠨᠡᠶᠢᠲᠡ 410.8 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭᠯᠡᠭᠡᠨ ᠤ ᠲᠠᠰ ᠳᠡᠪᠰᠢᠬᠦ ᠠᠯᠬᠤᠴᠠ ᠲᠦᠷᠭᠡᠳᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ  ᠳᠤᠬᠢᠷᠠᠭᠤᠯᠵᠤ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 4% ᠪᠠ 7% ᠪᠠᠷ ᠨᠡᠮᠡᠭᠳᠡᠭᠦᠯᠵᠦ᠂ ᠤᠯᠠᠨ ᠲᠦᠮᠡᠨ ᠤ ᠠᠮᠢᠳᠤᠷᠠᠯ ᠢ ᠨᠡᠩ ᠪᠠᠶᠠᠨ ᠴᠢᠨᠡᠭᠡᠯᠢᠭ ᠪᠣᠯᠭᠠᠪᠠ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠦᠷᠭᠦᠯᠵᠢᠯᠡᠨ ᠪᠦᠬᠦ ᠬᠤᠳᠠ᠂ ᠪᠦᠬᠦ ᠣᠷᠣᠨ ᠳᠤ ᠲᠦᠷᠦᠭᠦᠯᠡᠬᠦ ᠶᠢ ᠪᠠᠲᠤᠯᠠᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠨᠢ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ 21 ᠳ᠋ᠤᠭᠡᠷ ᠲᠤ ᠵᠢᠭᠰᠠᠭᠠᠭᠳᠠᠪᠠ᠃      — ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠢᠳᠡᠷᠡᠬᠦᠨ ᠪᠣᠯᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ  ᠢ ᠡᠬᠢᠯᠡᠬᠦᠯᠤᠨ ᠪᠠᠶᠢᠷᠢᠯᠠᠭᠤᠯᠵᠤ᠂ ᠨᠡᠭᠦᠷᠡᠰᠦᠨ ᠤ ᠠᠵᠢᠯ ᠲᠦᠷᠦᠯ ᠤᠨ ᠪᠣᠬᠢᠷᠲᠤᠯ ᠦᠭᠡᠢ᠂ ᠤᠶᠤᠨᠴᠢᠯᠠᠯᠲᠠ᠂ ᠡᠷᠴᠢᠮᠵᠢᠭᠦᠯᠦᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃  ᠢᠤᠢ ᠴᠤᠸᠠᠨ ᠤ ᠨᠡᠭᠦᠷᠡᠰᠦᠨ ᠠᠭᠤᠷᠬᠠᠶ᠂ ᠵᠦ ᠵᠢᠶᠠ ᠫᠢᠩ ᠤᠨ ᠴᠠᠬᠢᠯᠭᠠᠨ ᠦᠢᠯᠡᠳᠪᠦᠷᠢ᠂ ᠵᠢᠤ ᠲᠠᠢ ᠶᠢᠨ 60 ᠲᠦᠮᠡᠨ ᠲᠣᠨ ᠠᠯᠺᠧᠨ ᠤᠶᠢᠯᠡᠳᠪᠤᠷᠢᠯᠡᠬᠦ ᠵᠡᠷᠭᠡ ᠴᠢᠬᠤᠯᠠ ᠶᠡᠭᠡ ᠠᠵᠤ ᠦᠢᠯᠡᠰ ᠤᠨ ᠳᠦᠷᠤᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠨᠡᠶᠢᠳᠡ 11.2 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠨ ᠪᠣᠷᠣᠯᠠᠭᠤᠯᠵᠤ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 132 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 500 ᠲᠦᠮᠡᠨ ᠲᠣᠨ ᠠᠴᠠ ᠳᠠᠪᠠᠭᠤᠯᠪᠠ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠳᠠᠪᠠᠭᠤᠯᠢᠭ ᠤᠨᠴᠠᠯᠢᠭᠳᠤ ᠠᠵᠤ ᠤᠶᠢᠯᠡᠰ ᠡᠳᠦᠷ ᠢᠷᠡᠬᠦᠶ᠎ᠡ ᠪᠤᠵᠠᠭᠠᠶᠢᠷᠠᠨ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭᠳᠤ ᠭᠡᠷᠡᠴᠢᠯᠡᠯᠳᠡ ᠶᠢᠨ ᠲᠠᠸᠠᠷ ᠤᠨ ᠲᠡᠮᠳᠡᠭ ᠢ 2 ᠬᠤᠪᠢ ᠠᠮᠵᠢᠯᠲᠠ ᠲᠠᠢ ᠪᠠᠷ ᠳᠠᠩᠰᠠᠯᠠᠭᠤᠯᠵᠤ᠂ 7 ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠰᠣᠩᠭᠤᠨ ᠣᠷᠣᠭᠤᠯᠵᠤ᠂ ᠨᠢᠭᠡᠳᠦᠭᠡᠷ ᠠᠵᠤ ᠤᠶᠢᠯᠡᠰ ᠤᠨ ᠨᠡᠮᠡᠭᠳᠡᠯ ᠥᠷᠲᠡᠭ ᠢ ᠵᠢᠯ ᠳᠤᠮᠳᠠᠴᠢ ᠪᠠᠷ 2% ᠢᠶᠠᠷ ᠨᠡᠮᠡᠭᠳᠡᠭᠦᠯᠪᠡ᠃ ᠣᠲᠣ ᠦᠶ᠎ᠡ ᠶᠢᠨ ᠤᠶᠢᠯᠡᠴᠢᠯᠡᠭᠡᠨ ᠤ ᠤᠶᠢᠯᠡᠰ ᠥᠷᠨᠢᠩᠭᠦᠶ ᠬᠥᠭᠵᠢᠵᠦ᠂ ᠰᠢᠨ ᠱᠦᠸᠧ ᠲᠡᠮᠦᠷ ᠵᠠᠮ ᠤᠨ ᠺᠣᠮᠫᠠᠨᠢ ᠨᠢ ᠮᠠᠨ ᠤ ᠬᠤᠰᠢᠭᠤᠨ ᠳᠤ ᠳᠠᠩᠰᠠᠯᠠᠭᠤᠯᠤᠨ᠂ ᠬᠥᠬᠡᠬᠤᠲᠠ ᠵᠡᠭᠦᠨᠭᠠᠷ ᠣᠷᠳᠣᠰ ᠤᠨ ᠲᠡᠮᠦᠷ ᠵᠠᠮ ᠤᠨ ᠵᠡᠭᠦᠨᠭᠠᠷ ᠥᠷᠲᠡᠭᠡ  ᠨᠢ  ᠬᠦᠳᠡᠯᠭᠡᠬᠦ ᠬᠦᠴᠤᠨᠳᠤ ᠴᠤᠪᠤᠭ᠎ᠠ ᠲᠡᠷᠭᠡ ᠶᠢ ᠨᠡᠪᠲᠡᠷᠡᠬᠦᠯᠤᠨ᠂  ᠵᠡᠬᠦᠠᠭᠠᠷ ᠠᠴᠠ ᠱᠦᠸᠧᠵᠸᠤ ᠬᠦᠷᠬᠦ ᠳᠡᠮᠤᠷ ᠵᠠᠮ ᠪᠠᠶᠢᠭᠤᠯᠤᠬᠳᠠᠨ ᠳᠡᠷᠭᠡ ᠨᠡᠪᠳᠡᠷᠡᠵᠤ᠂ ᠪᠥᠬᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠲᠡᠮᠦᠷ ᠵᠠᠮ ᠤᠨ ᠣᠷᠳᠣ ᠨᠢ 110 ᠺᠢᠯᠣᠮᠧᠲᠷ ᠪᠣᠯᠪᠠ᠃ ᠤᠯᠠᠨ ᠲᠠᠯ᠎ᠠ ᠪᠠᠷ ᠲᠤᠯᠭᠠᠭᠤᠷᠢᠯᠠᠭᠰᠠᠨ᠂ ᠤᠯᠠᠨ ᠡᠰᠢ ᠪᠠᠷ ᠬᠠᠷᠢᠯᠴᠠᠨ ᠨᠥᠬᠦᠪᠥᠷᠢᠯᠡᠭᠰᠡᠨ ᠤᠳᠤ ᠦᠶ᠎ᠡ ᠶᠢᠨ ᠠᠵᠤ ᠦᠢᠯᠡᠰ ᠤᠨ ᠳᠤᠬᠳᠠᠯᠴᠠᠭ᠎ᠠ ᠶᠠᠭ ᠰᠠᠶᠢᠬᠠᠨ ᠠᠯᠬᠤᠮ ᠠᠯᠬᠤᠮ ᠢᠶᠠᠷ ᠪᠦᠷᠢᠯᠳᠦᠵᠦ ᠪᠠᠶᠢᠨ᠎ᠠ᠃      — ᠪᠢᠳᠡ ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠬᠦᠬᠡ ᠣᠭᠲᠠᠷᠭᠤᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠨᠡᠶᠢᠳᠡ 446 ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠠᠭᠠᠷ ᠤᠨ ᠰᠢᠯᠢᠳᠡᠭ ᠰᠠᠶᠢᠨ ᠨᠤᠷᠮ᠎ᠠ 89% ᠳᠤ ᠬᠦᠷᠴᠦ᠂ ᠲᠥᠪᠯᠡᠷᠡᠬᠦᠯᠦᠭᠰᠡᠨ ᠮᠠᠶ᠋ᠢᠭ ᠤᠨ ᠤᠤᠭᠤᠬᠤ ᠤᠰᠤᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 100% ᠳᠤ ᠬᠦᠷᠪᠡ᠃ ᠪᠠᠶᠢᠭᠠᠯᠢᠯᠢᠭ ᠤᠢ ᠶᠢᠨ ᠬᠠᠮᠠᠭᠠᠯᠠᠯᠲᠠ᠂ ᠬᠠᠳᠤᠨ ᠭᠤᠣᠯ ᠳᠠᠭᠠᠤ ᠠᠮᠢ ᠠᠬᠤᠶ ᠶᠢᠨ ᠬᠤᠨᠭ᠍ᠭᠢᠯ ᠵᠠᠮ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠨᠡᠶᠢᠳᠡ 60 ᠲᠦᠮᠡᠨ ᠮᠤ᠋ ᠪᠡᠶᠡᠯᠡᠭᠦᠯᠵᠦ᠂ ᠤᠢ ᠮᠤᠳᠤᠨ ᠤ ᠪᠠ ᠪᠦᠷᠬᠦᠪᠴᠢ ᠤᠷᠭᠤᠮᠠᠯ ᠤᠨ ᠨᠤᠷᠮ᠎ᠠ ᠨᠢ ᠲᠤᠰ ᠲᠤᠰ 36.4% ᠪᠠ 76.3% ᠳᠤ ᠬᠦᠷᠪᠡ᠃ ᠪᠠᠷᠠᠭᠤᠨ ᠬᠠᠳᠠᠢ ᠲᠣᠰᠬᠤᠨ ᠨᠢ ᠤᠯᠤᠰ ᠤᠨ ᠤᠢ ᠰᠢᠭᠤᠢ ᠶᠢᠨ ᠬᠥᠳᠡᠭᠡ ᠲᠣᠰᠬᠤᠨ ᠢᠶᠠᠷ ᠦᠨᠡᠯᠡᠭᠳᠡᠪᠡ᠃ ᠠᠭᠤᠷᠬᠠᠶ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠬᠦᠴᠦᠯᠡᠨ ᠴᠢᠩᠭᠠᠳᠬᠠᠵᠤ᠂ ᠠᠭᠤᠷᠬᠠᠶ ᠶᠢᠨ ᠣᠷᠣᠨ ᠢ 3 ᠲᠦᠮᠡᠨ ᠮᠥ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ᠂ ᠬᠠᠲᠤᠨ ᠭᠤᠤᠯ ᠤᠨ ᠪᠠᠷᠠᠭᠤᠨ ᠡᠷᠭᠢ ᠶᠢᠨ ᠳᠡᠤᠭᠡᠨ ᠠᠴᠠ ᠦᠯᠡᠳᠡᠭᠳᠡᠵᠦ ᠢᠷᠡᠭᠰᠡᠨ 1.5 ᠲᠦᠮᠡᠨ ᠮᠥ ᠠᠭᠤᠷᠬᠠᠶ ᠶᠢᠨ ᠤᠷᠤᠨ ᠤ ᠠᠮᠢ ᠠᠬᠤᠶ  ᠶᠢ ᠰᠡᠷᠭᠦᠭᠡᠬᠦ ᠶᠢ ᠪᠡᠶᠡᠯᠡᠭᠦᠯᠵᠦ᠂ 67 ᠪᠣᠬᠢᠷᠲᠤᠯ ᠥᠬᠡᠶ ᠠᠭᠤᠷᠬᠠᠶ᠂ 18 ᠤᠶᠤᠨᠴᠢ ᠠᠭᠤᠷᠬᠠᠶ ᠶᠢ ᠪᠠᠶᠢᠭᠤᠯᠵᠤ ᠳᠠᠭᠤᠰᠬᠠᠪᠠ︔ ᠪᠥᠬᠦ ᠣᠷᠣᠨ ᠤ ᠪᠣᠬᠢᠷᠲᠤᠯ ᠥᠬᠡᠶ ᠠᠭᠤᠷᠬᠠᠶ ᠶᠢᠨ  ᠠᠬᠤᠢ ᠲᠠᠯᠠᠪᠠᠶ ᠶᠢᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠵᠡᠭᠦᠨᠭᠠᠷ ᠠᠭᠤᠷᠬᠠᠶ ᠶᠢᠨ ᠣᠷᠣᠨ  ᠨᠢ ᠤᠯᠤᠰ ᠤᠨ ᠠᠭᠤᠷᠬᠠᠶ ᠶᠢᠨ ᠤᠷᠤᠨ ᠤ ᠴᠡᠴᠡᠷᠯᠢᠭ ᠢᠶᠠᠷ ᠵᠥᠪᠰᠢᠶᠡᠷᠡᠭᠳᠡᠵᠦ᠂ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠤᠶᠢᠯᠡᠰ ᠤᠨ ᠬᠥᠭᠵᠢᠯᠲᠡ ᠶᠢᠨ  ᠳᠠᠭᠤᠷᠢᠶᠠᠯ ᠦᠵᠡᠭᠦᠯᠬᠦ ᠲᠣᠭᠤᠷᠢᠭ ᠢᠶᠠᠷ ᠵᠢᠭᠰᠠᠭᠠᠭᠳᠠᠪᠠ᠃     — ᠪᠢᠳᠠ ᠥᠭᠡᠷᠡᠴᠢᠯᠡᠯᠲᠡ ᠨᠡᠬᠡᠬᠡᠯᠳᠡ ᠬᠢᠵᠤ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠲᠦᠷᠭᠡᠨ ᠢᠶᠠᠷ ᠲᠥᠪᠯᠡᠷᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠬᠤᠴᠣᠷᠤᠬᠳᠠᠩᠭᠤᠢ ᠦᠢᠯᠡᠳᠪᠦᠷᠢᠯᠡᠯ ᠤᠨ ᠴᠢᠳᠠᠪᠤᠷᠢ ᠶᠢ 660 ᠲᠦᠮᠡᠨ ᠲᠣᠨ ᠰᠢᠭᠰᠢᠭᠳᠡᠭᠦᠯᠦᠨ ᠰᠣᠯᠢᠵᠤ᠂ ᠲᠠᠸᠠᠷ ᠤᠨ ᠭᠡᠷ ᠪᠠᠶᠢᠰᠢᠩ ᠤᠨ ᠬᠥᠮᠥᠷᠭᠡᠯᠠᠯᠲᠠ ᠶᠢ 109 ᠲᠦᠮᠡᠨ ᠲᠡᠭᠰᠢ ᠳᠥᠷᠪᠡᠯᠵᠢᠨ ᠮᠧᠲᠷ ᠰᠢᠩᠭᠡᠭᠡᠨ᠂ ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶ᠎ᠠ ᠶᠢ 155.5 ᠳ᠋ᠦᠩᠰᠢᠭᠤᠷ ᠭᠷᠠᠳᠦ᠋ᠰ ᠲᠤ ᠬᠦᠷᠭᠡᠵᠦ ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 7.5 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠠᠵᠤ ᠠᠬᠤᠶ᠂ ᠠᠮᠢ ᠠᠬᠤᠶ ᠪᠠ ᠨᠡᠶᠢᠭᠡᠮ ᠤᠨ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ 38 ᠪᠤᠢ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠠᠷᠯᠠᠨ ᠱᠠᠩᠨᠠᠨ ᠬᠦᠬᠢᠬᠦᠯᠵᠡᠢ᠃  ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠬᠦᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠡᠮᠡᠭᠳᠡᠯ ᠦᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠤᠪᠢ ᠶᠢᠨ ᠵᠢᠩ ᠢ 62% ᠲᠤ ᠬᠦᠷᠭᠡᠪᠡ᠃ ᠨᠡᠭᠡᠭᠡᠯᠲᠡ ᠬᠢᠵᠤ ᠬᠠᠮᠲᠤᠷᠠᠨ ᠠᠵᠢᠯᠯᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠬᠦᠯᠵᠤ᠂ ᠨᠡᠶᠢᠲᠡ 32 ᠭᠤᠤᠯᠳᠠᠯᠭ᠎ᠠ ᠲᠠᠢ ᠲᠥᠷᠥᠯ ᠵᠤᠶᠢᠯ ᠢ ᠣᠷᠣᠭᠤᠯᠤᠨ ᠠᠪᠴᠢᠷᠠᠵᠤ᠂ 150 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠤᠷᠤᠨᠵᠢᠭᠤᠯᠪᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ 74 ᠲᠤᠰᠬᠠᠶ ᠲᠥᠷᠥᠯ ᠢ ᠬᠡᠷᠡᠭᠵᠢᠭᠦᠯᠦᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ 9 ᠪᠤᠶᠢᠵᠢᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 23 ᠪᠣᠯᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ 5G + ᠤᠶᠤᠨᠴᠢ ᠨᠡᠭᠦᠷᠡᠰᠦᠨ ᠠᠭᠤᠷᠬᠠᠶ ᠶᠢ ᠪᠠᠶᠢᠭᠤᠯᠪᠠ᠃ ᠪᠥᠬᠦ ᠤᠯᠤᠰ ᠤᠨ ᠠᠩᠬᠠᠳᠠᠭᠴᠢ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠪᠣᠯᠪᠠ᠃     — ᠪᠢᠳᠡ ᠨᠢᠭᠡᠳᠦᠯᠲᠡᠶ ᠲᠥᠯᠥᠪᠯᠡᠨ ᠵᠣᠬᠢᠴᠠᠩᠭᠤᠶ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠤᠳᠠ ᠬᠥᠳᠡᠭᠡ ᠶᠢᠨ ᠴᠢᠨᠠᠷᠯᠢᠭ ᠳᠦᠷᠢ ᠳᠦᠷᠬᠦ ᠶᠡᠭᠡ ᠪᠠᠷ ᠰᠠᠶᠢᠵᠢᠷᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ 158 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠢ ᠳᠠᠪᠠᠵᠤ᠂ ᠨᠢᠭᠲᠠ ᠬᠡᠯᠪᠡᠷᠢ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠯ ᠤᠨ ᠬᠠᠷᠢᠴᠠᠯ 70% ᠶᠢ ᠳᠠᠪᠠᠪᠠ᠃ ᠬᠥᠳᠡᠭᠡ ᠲᠣᠰᠬᠤᠨ ᠤ ᠬᠥᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠮᠵᠢ ᠢᠯᠡᠷᠭᠡᠢ ᠪᠤᠯᠵᠤ᠂ ᠬᠤᠭ ᠨᠣᠪᠰᠢ᠂ ᠪᠣᠬᠢᠷ ᠤᠰᠤ ᠰᠢᠢᠳᠪᠤᠷᠢᠯᠡᠬᠦ  ᠳᠦᠬᠦᠭᠡᠷᠤᠮᠵᠢ ᠶᠢ 54 ᠪᠠᠶᠢᠭᠤᠯᠵᠤ᠂ ᠵᠡᠭᠦᠨᠭᠠᠷ ᠵᠣᠣ ᠪᠠᠯᠭᠠᠰᠤ᠂ ᠰᠢᠤᠸᠠᠢ ᠵᠢᠶᠠ ᠸᠠᠨ ᠪᠠᠯᠭᠠᠰᠤᠨ ᠤ ᠴᠠᠩ ᠲᠠᠨ ᠲᠣᠰᠬᠤᠨ  ᠨᠢ ᠭᠤᠷᠪᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ ᠦᠵᠡᠮᠵᠢ ᠶᠢᠨ  ᠵᠤᠭᠠᠴᠠᠯ ᠤᠨ ᠨᠠᠷᠠᠲᠤ ᠪᠠᠯᠭᠠᠰᠤ ᠨᠠᠷᠠᠲᠤ ᠲᠣᠰᠬᠤᠨ ᠤ ᠨᠡᠷᠡᠰ ᠤᠨ ᠵᠢᠭᠰᠠᠭᠠᠯᠲᠠ ᠳᠤ ᠣᠷᠣᠪᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠦᠷᠭᠡᠳᠬᠡᠵᠦ᠂ ᠬᠤᠲᠠ ᠪᠠᠯᠭᠠᠰᠤ ᠶᠢᠨ ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ 2000 ᠡᠷᠦᠬᠡ ᠶᠢᠨ  ᠦᠭᠡᠷᠡᠴᠢᠯᠡᠨ ᠵᠠᠰᠠᠬᠤ ᠠᠵᠢᠯ ᠢ ᠪᠡᠶᠡᠯᠡᠭᠦᠯᠵᠦ᠂ 1.1 ᠲᠦᠮᠡᠨ ᠢᠵᠢ 130 ᠲᠦᠮᠡᠨ ᠲᠡᠭᠰᠢ ᠳᠥᠷᠪᠡᠯᠵᠢᠨ ᠮᠧᠲᠷ ᠤᠨ ᠲᠠᠸᠠᠷ ᠤᠨ ᠣᠷᠣᠨ ᠰᠠᠭᠤᠴᠠ ᠶᠢ ᠰᠢᠨ᠎ᠡ ᠪᠠᠷ ᠨᠡᠮᠡᠭᠳᠡᠭᠦᠯᠦᠨ᠂ ᠨᠡᠶᠢᠲᠡ ᠶᠢᠨ  ᠳᠡᠷᠭᠡᠨ ᠵᠤᠬᠰᠤᠭᠠᠯ ᠢ 3050 ᠨᠡᠮᠡᠭᠳᠡᠭᠦᠯᠵᠦ᠂ ᠪᠠᠶᠢᠭᠤᠯᠤᠭᠰᠠᠨ ᠲᠣᠭᠤᠷᠢᠭ ᠤᠨ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠳᠠ ᠶᠢᠨ ᠲᠠᠯᠠᠪᠠᠶ 1130 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ ᠬᠤᠲᠠ ᠪᠠᠯᠭᠠᠰᠤᠵᠢᠯᠲᠠ ᠶᠢᠨ ᠨᠣᠷᠮ᠎ᠠ 70% ᠳᠤ ᠬᠥᠷᠪᠡ᠃ ᠪᠥᠬᠦ ᠤᠯᠤᠰ ᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢᠨ ᠵᠠᠭᠤᠨ ᠬᠦᠴᠦᠷᠬᠡᠭ ᠰᠢᠶᠠᠨ ᠢᠶᠠᠷ ᠦᠨᠡᠯᠡᠭᠳᠡᠵᠦ᠂ ᠤᠯᠤᠰ ᠤᠨ ᠴᠡᠴᠡᠷᠯᠢᠭᠵᠢᠬᠦᠯᠦᠯᠳᠡ ᠶᠢᠨ ᠰᠢᠶᠠᠨ ᠤ ᠬᠤᠲᠠ᠂ ᠪᠥᠬᠦ ᠤᠯᠤᠰ ᠤᠨ ᠪᠣᠯᠪᠠᠰᠤᠨ ᠰᠢᠶᠠᠨ ᠤ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳ᠋ᠠ ᠯᠤ᠋ ᠠᠴᠠ ᠯᠦᠩ ᠺᠸᠤ ᠬᠦᠷᠬᠦ  ᠦᠨᠳᠤᠷ ᠬᠤᠷᠳᠤᠴᠠᠳᠤ ᠵᠠᠰᠠᠮᠠᠯ ᠵᠠᠮ᠂ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ᠂  ᠮᠧᠩ ᠰᠢ ᠠᠴᠠ ᠱᠠᠨ ᠰᠢ ᠶᠢᠨ ᠳᠤᠮᠳᠠ ᠬᠡᠰᠡᠭ ᠬᠥᠷᠬᠦ ᠣᠨᠴᠠ ᠥᠨᠳᠥᠷ ᠬᠦᠴᠤᠳᠡᠯᠳᠤ ᠴᠠᠬᠢᠯᠭᠠᠨ ᠱᠤᠭᠤᠮ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠰᠠᠭᠤᠷᠢ ᠳᠦᠬᠦᠭᠡᠷᠤᠮᠵᠢ ᠶᠢᠨ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠤᠲᠠ ᠬᠥᠳᠡᠭᠡ ᠶᠢᠨ ᠵᠠᠮ ᠢ 594 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠬᠠᠲᠤᠨ ᠭᠤᠤᠯ ᠤᠨ ᠬᠠᠰᠢᠯᠭ᠎ᠠ ᠶᠢ 58 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠰᠡᠯᠪᠢᠨ ᠵᠠᠰᠠᠵᠤ᠂ 35 ᠺᠢᠯᠣᠸᠠᠲ ᠠᠴᠠ ᠳᠡᠭᠡᠭᠰᠢᠬᠢ  ᠴᠠᠬᠢᠯᠭᠠᠨ ᠱᠤᠭᠤᠮ ᠢ 465.7 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠴᠢᠮᠡᠭᠡ ᠬᠤᠯᠪᠣᠭᠠᠨ ᠤ ᠳᠣᠬᠢᠶᠠᠨ ᠤ ᠰᠤᠪᠤᠷᠭ᠎ᠠ ᠶᠢ 562 ᠰᠢᠨ᠎ᠡ ᠪᠠᠷ ᠪᠠᠶᠢᠭᠤᠯᠵᠤ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠂ ᠪᠥᠬᠦ ᠤᠯᠤᠰ ᠤᠨ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃     — ᠪᠢᠳᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠴᠢᠩᠭᠠᠷᠠᠪᠠ᠃ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 189.3 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 52.6% ᠶᠢ ᠡᠵᠡᠯᠡᠪᠡ᠃ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ 427 ᠲᠥᠷᠥᠯ ᠵᠤᠶᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ ᠬᠥᠮᠦᠨ ᠳᠤᠮᠳᠠᠴᠢ ᠴᠡᠪᠡᠷ ᠣᠷᠣᠯᠭ᠎ᠠ 1.9 ᠲᠦᠮᠡᠨ ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 23.3% ᠪᠠᠷ ᠨᠡᠮᠡᠭᠳᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠤᠯᠪᠠ᠃ ᠬᠤᠰᠢᠭᠤᠨ ᠤ  ᠱᠠᠳᠤᠨ ᠤ ᠠᠷᠠᠳ ᠤᠨ ᠠᠮᠢᠳᠤᠷᠠᠯ ᠤᠨ ᠪᠣᠳᠠᠳᠤ ᠶᠠᠪᠤᠳᠠᠯ ᠤᠨ 28 ᠲᠥᠷᠥᠯ ᠵᠤᠶᠢᠯ ᠢ ᠬᠡᠷᠡᠭᠵᠢᠭᠦᠯᠵᠦ᠂ ᠨᠢᠭᠡ ᠪᠦᠯᠦᠭ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ  ᠰᠢᠢᠳᠪᠤᠷᠢᠯᠡᠪᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠠᠷᠭ᠎ᠠ ᠬᠡᠮᠵᠢᠶ᠎ᠡ ᠬᠦᠴᠦᠲᠡᠶ ᠪᠠᠶᠢᠵᠤ᠂ ᠬᠤᠳᠠ ᠪᠠᠯᠭᠠᠰᠤᠨ ᠤ 1.7 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠠᠬ᠎ᠠ ᠳᠡᠯᠭᠡᠭᠦᠷ ᠤᠨ  ᠭᠤᠤᠯ ᠴᠣᠭᠴᠠ 1.8 ᠲᠦᠮᠡᠨ ᠡᠷᠤᠭᠡ ᠰᠢᠨ᠎ᠡ ᠪᠠᠷ ᠨᠡᠮᠡᠭᠳᠡᠪᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠪᠠᠷᠢᠮᠵᠢᠶ᠎ᠠ ᠶᠢ ᠵᠢᠯ ᠳᠠᠷᠠᠭᠠᠯᠠᠨ ᠨᠡᠮᠡᠭᠳᠡᠬᠦᠯᠪᠡ᠃ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 6 ᠪᠠᠶᠢᠭᠤᠯᠵᠤ᠂ 1389 ᠪᠠᠭᠰᠢ ᠤᠷᠢᠨ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ  ᠴᠢᠨᠰᠠᠭ᠎ᠠ ᠶᠢᠨ ᠬᠢᠨᠠᠨ ᠬᠡᠮᠵᠢᠯᠲᠡ ᠶᠢᠨ ᠦᠯᠢᠬᠡᠷ ᠰᠢᠶᠠᠨ ᠢᠶᠠᠷ ᠲᠣᠭᠳᠠᠭᠠᠭᠳᠠᠭᠰᠠᠨ ᠪᠥᠭᠡᠳ ᠰᠢᠯᠭᠠᠨ ᠬᠤᠷᠢᠶᠠᠯᠳᠠ ᠳᠤ ᠬᠢᠷᠢ ᠲᠡᠩᠴᠡᠪᠡ᠃ ᠤᠯᠤᠰ ᠤᠨ ᠲᠠᠰ ᠤᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ ᠰᠣᠩᠭᠤᠭᠳᠠᠨ ᠣᠷᠣᠵᠤ᠂ ᠵᠠᠯᠭᠠᠭ᠎ᠠ ᠪᠠᠷ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢᠨ ᠢᠷᠠᠭᠤ ᠠᠯᠳᠠᠷ ᠢ ᠬᠦᠷᠳᠡᠪᠡ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠤᠶᠢᠯᠡᠴᠢᠯᠡᠭᠡᠨ ᠤ ᠲᠥᠪ ᠤᠨ ᠪᠦᠷᠬᠦᠴᠡ ᠶᠢᠨ ᠨᠣᠷᠮ᠎ᠠ 100% ᠳᠤ ᠬᠦᠷᠴᠦ᠂ ᠮᠠᠩᠬᠠᠨ ᠠᠶᠠᠯᠭᠤ ᠶᠢᠨ ᠳᠠᠭᠤᠤ ᠬᠥᠭᠵᠢᠮᠲᠦ ᠵᠦᠴᠦᠭᠡ ︽  ᠰᠡᠳᠬᠢᠯ ᠤᠨ ᠠᠷᠭᠠᠮᠵᠢᠶ᠎ᠠ︾ ᠨᠢ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠭᠥᠷᠳᠡᠵᠦ᠂ ᠬᠠᠲᠤᠨ ᠭᠤᠤᠯ ᠤᠨ ᠶᠡᠭᠡ ᠬᠠᠪᠴᠢᠯ ᠤᠨ ᠤᠷᠤᠨ  ᠨᠢ 4A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠠᠮᠤᠭᠤᠯᠠᠩ ᠵᠡᠭᠦᠨᠭᠠᠷ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠶᠤᠯᠭᠦᠶ ᠤᠶᠢᠯᠡᠳᠪᠤᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠠ᠃ ᠪᠥᠬᠦ ᠤᠯᠤᠰ ᠤᠨ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠲᠡᠷᠢᠭᠦᠨ ᠤ ᠬᠤᠰᠢᠭᠤ ᠶᠢᠨ ᠢᠷᠠᠭᠤ ᠠᠯᠳᠠᠷ ᠢ ᠬᠦᠷᠳᠡᠵᠤ ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ᠵᠠᠯᠭᠠᠭ᠎ᠠ ᠪᠠᠷ ᠦᠨᠡᠯᠡᠭᠳᠡᠪᠡ᠃     ᠡᠭᠦᠨ ᠠᠴᠠ ᠭᠠᠳᠠᠨ᠎ᠠ᠂ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠬᠠᠩᠭᠠᠨ ᠪᠣᠷᠣᠯᠠᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ  ᠵᠡᠮᠭᠳᠡᠭᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠶᠢᠨ ᠦᠢᠯᠡᠰ ᠰᠢᠨ᠎ᠡ ᠲᠠᠪᠰᠢᠯᠳᠠ ᠲᠠᠢ ᠪᠣᠯᠪᠠ᠃     ᠡᠯ᠎ᠡ ᠳᠦᠷᠤᠯ ᠤᠨ ᠠᠵᠢᠯ ᠢ ᠰᠠᠶᠢᠲᠤᠷ ᠬᠢᠬᠦ ᠶᠢᠨ ᠬᠠᠮᠳᠤ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠡᠭᠦᠷᠡᠰᠦᠨ ᠤ ᠡᠬᠢ ᠪᠠᠶᠠᠯᠢᠭ᠂ ᠠᠷᠠᠳ ᠤᠨ ᠠᠭᠠᠷ ᠤᠨ ᠰᠡᠷᠭᠡᠶᠢᠯᠡᠯᠲᠡ᠂ ᠣᠶ ᠰᠢᠭᠤᠶ ᠨᠤᠳᠤᠭ ᠪᠡᠯᠴᠢᠭᠡᠷ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠶᠡᠬᠡᠪᠡᠷ ᠠᠬᠢᠭᠤᠯᠵᠤ᠂ ᠡᠯ᠎ᠡ ᠲᠥᠷᠥᠯ ᠤᠨ ᠲᠣᠭᠤᠷᠢᠨ ᠦᠵᠡᠵᠤ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠥᠩᠭᠡᠨ ᠲᠠᠯ᠎ᠠ ᠪᠠ ᠦᠨᠳᠤᠰᠤᠨ ᠠᠴᠠ ᠨᠢ ᠵᠡᠷᠭᠡᠪᠡᠷ ᠰᠠᠶᠢᠲᠤᠷ ᠠᠳᠬᠤᠵᠤ᠂  ᠭᠡᠯᠪᠡᠷᠢᠴᠢ ᠦᠵᠡᠯ᠂ ᠨᠣᠶᠠᠨᠴᠢ ᠰᠤᠷᠲᠠᠯ ᠢ ᠣᠷᠳᠣ ᠬᠤᠭᠤᠴᠠᠭ᠎ᠠ ᠪᠠᠷ ᠴᠡᠭᠴᠡᠯᠡᠨ ᠵᠠᠰᠠᠬᠤ ᠶᠢ ᠪᠠᠷᠢᠮᠲᠠᠯᠠᠪᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ  ᠳᠤᠬᠳᠠᠬᠰᠠᠨ ᠬᠤᠭᠤᠴᠠᠭᠠᠨ ᠳᠤ ᠨᠢ ᠪᠡᠶᠡᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ  ᠳᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 685 ᠬᠦᠢᠴᠡᠳᠭᠡᠨ ᠳᠠᠭᠤᠰᠬᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠢᠵᠢ ᠪᠥᠷᠢᠳᠦᠭᠦᠯᠬᠦ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ︽  ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠪᠠ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2021 ᠣᠨ ᠳᠤ᠂ ᠪᠢᠳᠡ ᠰᠢᠨ᠎ᠡ ᠭᠠᠷᠤᠭ᠎ᠠ ᠳᠤ ᠰᠠᠭᠤᠷᠢᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃   ᠨᠢᠭᠡ ᠳᠤ ᠨᠠᠷᠢᠯᠢᠭ ᠣᠨᠣᠴᠠᠲᠠᠶ ᠪᠠᠷ ᠬᠦᠴᠦᠯᠡᠵᠦ ᠲᠣᠭᠲᠠᠭᠤᠨ ᠢᠶᠠᠷ ᠨᠡᠮᠡᠭᠳᠡᠭᠦᠯᠪᠠ᠃ ᠵᠢᠱᠢᠯᠲᠡ ᠪᠠᠷ ᠪᠥᠬᠦ ᠬᠤᠰᠢᠭᠤᠨ ᠤ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠨᠢ ᠮᠢᠩᠭᠠᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ 7% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 17% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ  ᠵᠤᠶᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠶ ᠬᠡᠮᠵᠢᠶ᠎ᠡ 106 ᠳ᠋ᠦᠩᠰᠢᠭᠤᠷ ᠲᠥᠭᠦᠷᠢᠭ ᠲᠤ ᠬᠦᠷᠴᠤ᠂ 7% ᠪᠠᠷ ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠳᠤᠬᠢᠷᠠᠭᠤᠯᠵᠤ ᠪᠣᠯᠬᠤ ᠣᠷᠣᠯᠭ᠎ᠠ ᠨᠢ 53000 ᠲᠥᠭᠦᠷᠢᠭ᠂ 22000 ᠲᠥᠭᠦᠷᠢᠭ ᠲᠤ ᠬᠦᠷᠴᠦ᠂ ᠲᠣᠰ ᠲᠣᠰ 3% ᠪᠠ 5% ᠪᠠᠷ ᠨᠡᠮᠡᠭᠳᠡᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 88 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.4% ᠪᠠᠷ ᠨᠡᠮᠡᠭᠳᠡᠪᠡ᠃ ᠬᠤᠩ ᠱᠤ᠋ ᠯᠢᠶᠠᠩ ᠤᠨ ᠨᠡᠭᠦᠷᠡᠰᠦᠨ ᠠᠭᠤᠷᠬᠠᠶ ᠵᠡᠷᠭᠡ 11 ᠭᠤᠣᠯᠳᠠᠯᠭ᠎ᠠ ᠲᠠᠢ ᠳᠦᠷᠤᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 1340 ᠲᠦᠮᠡᠨ ᠲᠣᠨ ᠬᠠᠷᠭᠤᠭᠤᠯᠤᠨ ᠨᠡᠮᠡᠭᠳᠡᠭᠦᠯᠵᠦ᠂ ᠣᠷᠣᠨ ᠤ ᠳᠣᠲᠣᠷ᠎ᠠ ᠭᠠᠳᠠᠨᠠᠬᠢ 37 ᠠᠵᠤ ᠠᠬᠤᠶᠢᠯᠠᠯ ᠲᠠᠢ ᠳᠤᠮᠳᠠ ᠪᠠ ᠤᠷᠲᠤ ᠬᠤᠭᠤᠴᠠᠭᠠᠨ ᠤ ᠬᠠᠩᠭᠠᠨ ᠪᠣᠷᠣᠯᠠᠭᠤᠯᠬᠤ ᠭᠡᠷ᠎ᠡ ᠲᠣᠭᠲᠠᠵᠤ᠂ ᠨᠡᠭᠦᠷᠡᠰᠦᠨ ᠤ ᠪᠣᠷᠣᠯᠠᠭᠤᠯᠭ᠎ᠠ ᠶᠢᠨ ᠬᠡᠮᠵᠢᠶ᠎ᠡ ᠵᠢᠴᠢ ᠴᠠᠬᠢᠯᠭᠠᠨ ᠭᠠᠷᠭᠠᠬᠤ ᠬᠡᠮᠵᠢᠶ᠎ᠡ ᠲᠤᠰ ᠲᠤᠰ 4.7% ᠪᠠ 6.9% ᠪᠠᠷ ᠨᠡᠮᠡᠭᠳᠡᠪᠡ᠃ ︽ᠮᠢᠩᠭᠠᠨ ᠳ᠋ᠦᠩᠰᠢᠭᠤᠷ ᠤᠨ ᠪᠣᠳᠠᠲᠤ ᠬᠦᠴᠦᠨ ᠤ ᠬᠤᠰᠢᠭᠤ  ᠳᠤᠭᠤᠷᠢᠭ︾᠂ ︽ᠮᠢᠩᠭᠠᠨ ᠳ᠋ᠦᠩᠰᠢᠭᠤᠷ ᠤᠨ ᠨᠡᠭᠦᠷᠡᠰᠦᠨ ᠤ ᠠᠵᠤ ᠤᠶᠢᠯᠡᠰ ᠤᠨ ᠪᠦᠯᠦᠭᠯᠡᠯ︾ ᠤᠨ ᠬᠠᠷᠠᠯᠲᠠ ᠶᠢ ᠤᠷᠢᠳ ᠢᠶᠠᠷ ᠪᠡᠶᠡᠯᠡᠬᠦᠯᠪᠡ᠃     ᠬᠤᠶᠠᠷ ᠲᠤ ᠪᠦᠲᠦᠴᠡ ᠶᠢᠨ ᠳᠤᠬᠢᠷᠠᠭᠤᠯᠤᠯᠳᠠ ᠶᠢ ᠭᠤᠶᠢᠪᠢᠰᠢ ᠦᠭᠡᠢ ᠬᠢᠪᠡ᠃ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠡᠭᠦᠷᠡᠰᠦ᠂ ᠴᠠᠬᠢᠯᠭᠠᠨ ᠬᠦᠴᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠦᠢᠯᠡᠳᠬᠦᠨ ᠤ ᠶᠡᠷᠦᠩᠬᠡᠶ ᠦᠷᠳᠡᠭ ᠢ 70% ᠪᠠᠷ ᠨᠡᠮᠡᠭᠳᠡᠬᠦᠯᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠴᠣᠩᠬᠤᠪᠴᠢ ᠬᠤᠭᠤᠴᠠᠭ᠎ᠠ ᠶᠢ ᠡᠵᠡᠮᠳᠡᠨ ᠠᠳᠬᠤᠵᠤ᠂ ᠲᠢᠶᠠᠨ ᠾᠧ᠂ ᠶᠠᠩ ᠭᠤᠸᠠᠩ᠂  ᠴᠦᠩ ᠰᠤ᠋᠂  ᠶᠤᠸᠠᠨ ᠵᠢᠩ ᠵᠡᠷᠭᠡ ᠨᠢᠭᠡ ᠪᠦᠯᠦᠭ ︽ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠬᠤ ᠲᠡᠷᠭᠡ︾ ᠶᠢᠨ ᠠᠵᠤ  ᠤᠶᠢᠯᠡᠰ ᠤᠨ ᠬᠡᠯᠬᠢᠶ᠎ᠡ ᠶᠢᠨ ᠲᠥᠷᠥᠯ ᠵᠤᠶᠢᠯ ᠢ ᠣᠷᠣᠭᠤᠯᠤᠨ ᠠᠪᠴᠢᠷᠠᠵᠤ᠂ 65.5 ᠲᠦᠮᠡᠨ ᠺᠢᠯᠣᠸᠠᠲ ᠤᠨ ᠬᠡᠷᠡᠯ ᠴᠡᠨᠡᠭ ᠤᠨ  ᠬᠦᠢᠴᠡᠳᠭᠡᠯ ᠲᠤᠭ᠎ᠠ ᠶᠢ ᠵᠥᠪᠰᠢᠶᠡᠷᠡᠨ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠤᠶᠢᠯᠡᠰ  ᠨᠢ 0 — 1  ᠳᠤ ᠬᠦᠷᠦᠭᠰᠡᠨ ᠰᠢᠪᠲᠤᠯᠤᠯᠲᠠ ᠶᠢ ᠪᠡᠶᠡᠯᠡᠭᠦᠯᠪᠡ᠃ ᠤᠯᠤᠰ ᠤᠨ ᠪᠦᠬᠦ ᠰᠢᠶᠠᠨ ᠤ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠲᠤ ᠰᠣᠩᠭᠤᠭᠳᠠᠨ ᠣᠷᠣᠵᠤ᠂  ᠮᠧᠩ ᠲᠠᠢ ᠶᠢᠨ  ᠪᠦᠯᠢᠶᠡᠨ ᠭᠤᠤᠯ᠂ ᠤᠮᠠᠷᠠᠲᠤ ᠶᠢᠨ ᠸᠧᠶ ᠵᠢᠶᠠ ᠮᠤᠤ ᠵᠢᠱᠢᠶ᠎ᠡ ᠦᠵᠡᠭᠦᠯᠬᠦ ᠲᠥᠷᠥᠯ ᠵᠤᠶᠢᠯ  ᠨᠢ ᠲᠣᠤᠷ ᠨᠡᠶᠢᠯᠡᠭᠦᠯᠦᠨ ᠴᠠᠬᠢᠯᠭᠠᠨ ᠭᠠᠷᠭᠠᠵᠤ᠂ ᠪᠥᠬᠦ ᠣᠷᠣᠨ ᠤ ᠠᠩᠬᠠᠳᠠᠭᠴᠢ ᠨᠡᠭᠦᠷᠡᠰᠦᠲᠥ᠋ᠷᠥᠭᠴᠢ ᠥᠬᠡᠶ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠰᠢᠨ᠎ᠡ ᠪᠠᠷ ᠬᠦᠭᠵᠢᠵᠤ ᠪᠠᠶᠢᠭ᠎ᠠ ᠠᠵᠤ ᠤᠶᠢᠯᠡᠰ ᠢ ᠲᠦᠷᠭᠡᠳᠬᠡᠨ ᠪᠤᠶᠢᠵᠢᠭᠤᠯᠵᠤ᠂ ᠢᠦᠶ ᠵᠢᠩ ᠤᠨ ᠣᠨᠴᠠ ᠲᠥᠷᠥᠯ ᠤᠨ ᠰᠢᠯ ᠤᠨ ᠲᠥᠷᠥᠯ  ᠵᠤᠶᠢᠯ ᠢ  ᠨᠤᠳᠤᠬᠰᠢᠭᠤᠯᠤᠨ ᠪᠥᠲᠥᠭᠡᠨ ᠪᠠᠶᠢᠭᠤᠯᠵᠤ᠂ ᡁᠢ ᠰᠢᠨ ᠤ ᠨᠢᠭᠲᠠ ᠪᠢᠲᠡᠭᠦᠮᠵᠢᠯᠡᠭᠰᠡᠨ ᠨᠠᠭᠠᠯᠲᠠ᠂ ᠱᠧᠩ ᠶᠤᠸᠠᠢ ᠭᠤᠤᠯᠢᠩ ᠰᠢᠷᠣᠶ᠂ ᠢᠦᠶ ᠬᠤᠸᠠ ᠱᠠᠭᠠᠵᠠᠩ ᠤᠨ  ᠤᠶᠢᠯᠡᠰ᠂  ᠲᠢᠶᠧ ᠴᠧᠨ ᠤ  ᠳᠤᠨᠤᠬᠯᠠᠯ ᠤᠶᠢᠯᠡᠳᠬᠦ ᠵᠡᠷᠭᠡ ᠲᠥᠷᠥᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠰᠧ ᠳ᠋ᠤᠤ ᠯᠢᠤ ᠶᠢᠨ ᠳᠦᠪᠯᠡᠷᠡᠬᠦᠯᠤᠨ ᠵᠦᠭᠡᠭᠡᠪᠤᠷᠢᠯᠡᠬᠦ ᠦᠷᠳᠡᠭᠡ ᠶᠢᠨ ᠲᠡᠮᠤᠷ ᠵᠠᠮ ᠤᠨ ᠲᠤᠰᠬᠠᠶ ᠱᠤᠭᠤᠮ᠂ ᠴᠢᠶᠠᠨ ᠶᠤᠸᠠᠨ ᠤ ᠡᠦ ᠽᠢ ᠸᠠᠨ ᠲᠡᠮᠤᠷ ᠵᠠᠮ ᠤᠨ ᠲᠤᠰᠬᠠᠶ ᠱᠤᠭᠤᠮ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠡᠮᠤᠷ ᠵᠠᠮ ᠤᠨ ᠲᠡᠭᠡᠭᠡᠪᠦᠷᠢ ᠶᠢᠨ ᠬᠦᠴᠦᠨ ᠢ 2000 ᠲᠦᠮᠡᠨ ᠲᠣᠨ ᠰᠢᠨ᠎ᠡ ᠪᠠᠷ ᠨᠡᠮᠡᠭᠳᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠤᠶᠢᠯᠡᠴᠢᠯᠡᠭᠡᠨ ᠤ ᠤᠶᠢᠯᠡᠰ ᠤᠨ ᠡᠵᠡᠩᠨᠡᠯᠲᠡ ᠶᠢᠨ ᠣᠷᠣᠯᠭ᠎ᠠ ᠶᠢ 55 ᠳ᠋ᠦᠩᠰᠢᠭᠤᠷ ᠲᠥᠭᠦᠷᠢᠭ ᠲᠤ ᠬᠦᠷᠭᠡᠵᠤ᠂ 20% ᠪᠠᠷ ᠨᠡᠮᠡᠭᠳᠡᠭᠦᠯᠦᠨ᠂  ᠵᠤᠭᠠᠴᠠᠯ ᠤᠨ  ᠤᠶᠢᠯᠡᠰ ᠢ ᠠᠯᠬᠤᠮ ᠠᠯᠬᠤᠮ ᠢᠶᠠᠷ ᠬᠢᠵᠢᠭ ᠤᠨ ᠪᠠᠶᠢᠳᠠᠯ ᠠᠴᠠ ᠡᠮᠦᠨᠡᠬᠢ ᠬᠢᠷᠢ ᠳᠦᠪᠰᠢᠨ  ᠳᠤ ᠬᠦᠷᠭᠡᠨ ᠰᠡᠷᠬᠦᠭᠡᠪᠡ᠃     ᠭᠤᠷᠪᠠ ᠳᠤ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠪᠠ᠃ ︽ᠳᠠᠯᠪᠢᠬᠤ ᠬᠠᠮᠢᠶᠠᠷᠬᠤ  ᠤᠶᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽  ᠮᠦᠩᠭᠡ ᠰᠤᠪᠠᠭ︾ ᠢ ᠪᠥᠬᠦ ᠲᠠᠯ᠎ᠠ ᠪᠠᠷ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠬᠦᠢᠴᠡᠳᠭᠡᠵᠤ ᠪᠣᠯᠬᠤ ᠨᠣᠷᠮ᠎ᠠ 99% ᠳᠤ ᠬᠥᠷᠪᠡ᠃ 110  ᠳᠦᠷᠤᠯ ᠤᠨ ︽ᠨᠢᠭᠡ ᠶᠠᠪᠤᠳᠠᠯ︾ ᠤᠨ ᠭᠤᠤᠯ ᠰᠡᠳᠦᠪᠲᠦ ᠢᠵᠢ  ᠪᠦᠷᠢᠳᠦᠬᠦᠯᠦᠭᠰᠡᠨ ᠤᠶᠢᠯᠡᠴᠢᠯᠡᠭᠡ ᠶᠢ  ᠳᠡᠯᠭᠡᠷᠡᠬᠦᠯᠤᠨ᠂  ᠪᠠᠷᠢᠯᠭ᠎ᠠ ᠪᠠᠷᠢᠬᠤ ᠵᠥᠪᠰᠢᠶᠡᠷᠡᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠡᠷᠭᠢᠯᠡᠬᠦ︾᠂ ︽  ᠨᠢᠭᠤᠷᠳᠠᠨ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠬᠦ︾ ᠶᠢ ᠪᠥᠬᠦ ᠬᠤᠲᠠ ᠳᠤ ᠤᠷᠢᠳ ᠢᠶᠠᠷ ᠪᠡᠶᠡᠯᠡᠭᠦᠯᠪᠡ᠃ ᠠᠵᠤ ᠠᠬᠤᠶᠢᠯᠠᠯ ᠤᠨ ᠡᠯ᠎ᠡ ᠲᠦᠷᠦᠯ ᠤᠨ ᠭᠠᠶᠢᠯᠢ ᠰᠦᠢᠳᠬᠡᠯ ᠢ 19.6 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ  ᠭᠤᠤᠯ ᠴᠣᠭᠴᠠ ᠶᠢ 5103 ᠡᠷᠦᠬᠡ ᠰᠢᠨ᠎ᠡ ᠪᠠᠷ ᠨᠡᠮᠡᠭᠳᠡᠭᠦᠯᠪᠡ᠃ ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠦᠪ ᠤᠨ ᠪᠠᠯᠠ ᠮᠥᠩᠭᠦ ᠶᠢ 1.3 ᠳ᠋ᠦᠩᠰᠢᠭᠤᠷ ᠲᠥᠭᠦᠷᠢᠭ ᠳᠣᠭᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠳᠥᠷᠪᠡᠨ ᠠᠷᠭ᠎ᠠ᠂ ᠨᠢᠭᠡ ᠨᠠᠷᠢᠨ ᠲᠦᠷᠢᠮ︾ ᠢ ᠲᠣᠭᠲᠠᠭᠠᠵᠤ᠂ 17  ᠭᠡᠪᠴᠢᠶᠡᠵᠢᠯ ᠠᠴᠠ ᠳᠡᠭᠡᠭᠰᠢᠬᠢ ᠠᠵᠤ  ᠤᠶᠢᠯᠡᠳᠪᠤᠷᠢ ᠶᠢᠨ ᠠᠵᠤ ᠠᠬᠤᠶᠢᠯᠠᠯ ᠤᠨ ︽ᠭᠤᠷᠪᠠ ᠶᠢ  ᠦᠭᠡᠶᠢᠰᠭᠡᠬᠦ︾ ᠶᠢ ᠪᠡᠶᠡᠯᠡᠭᠦᠯᠬᠦ ᠶᠢ ᠠᠬᠢᠭᠤᠯᠵᠤ᠂ 647 ᠬᠤᠪᠢ ᠲᠤᠰᠬᠠᠶ ᠠᠰᠢᠭ ᠤᠨ ᠡᠷᠬᠡ ᠣᠯᠭᠤᠯᠲᠠ ᠶᠢ ᠤᠯᠪᠠ᠃ ᠵᠢᠦ ᠲᠠᠢ ᠶᠠᠰᠤ ᠴᠢᠨᠠᠷ ᠢ ᠰᠢᠯᠭᠠᠨ ᠪᠠᠶᠢᠴᠠᠭᠠᠬᠤ ᠭᠡᠯᠳᠡᠰ ᠤᠨ ᠲᠤᠷᠰᠢᠯᠲᠠ ᠶᠢᠨ ᠲᠠᠰᠤᠭ ᠨᠢ ᠤᠯᠤᠰ ᠤᠨ ᠳᠡᠰ ᠤᠨ ᠭᠡᠷᠡᠴᠢᠯᠡᠯᠳᠡ ᠶᠢ ᠦᠩᠭᠡᠷᠡᠭᠡᠵᠤ᠂ ᠲᠡᠷᠢᠭᠦᠨ ᠤ ᠸᠠᠭᠠᠷ ᠱᠠᠭᠠᠵᠠᠩ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠢ ᠪᠠᠶᠢᠭᠤᠯᠵᠤ ᠳᠠᠭᠤᠰᠬᠠᠭᠠᠳ ᠠᠰᠢᠬᠯᠠᠯᠳᠠ ᠳᠤ ᠤᠷᠤᠭᠤᠯᠪᠠ᠃     ᠲᠦᠷᠪᠡ ᠳᠤ᠂ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠠ᠃ ᠨᠡᠭᠦᠷᠡᠰᠦᠲᠥ᠋ᠷᠥᠭᠴᠢ  ᠶᠢᠨ ᠳᠠᠪᠬᠤᠷ ᠢᠰᠤᠯ ᠢ ᠣᠷᠭᠢᠯ ᠭᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠤᠷᠢᠳ ᠢᠶᠠᠷ ᠡᠬᠢᠯᠡᠨ ᠨᠠᠶᠢᠷᠠᠭᠤᠯᠤᠨ ᠵᠣᠬᠢᠶᠠᠵᠤ᠂ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠪᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ  ᠠᠬᠢᠭᠤᠯᠵᠤ᠂ ︽ᠬᠤᠶᠠᠷ ᠱᠤᠭᠤᠮ ᠭᠤᠷᠪᠠᠨ ᠣᠷᠣᠨ︾ ᠤ ᠵᠠᠭᠠᠭᠯᠠᠬᠤ ᠠᠵᠢᠯ ᠢ ᠪᠡᠶᠡᠯᠡᠭᠦᠯᠵᠦ᠂ ᠭᠤᠤᠯ ᠳᠠᠭᠠᠤ 23 ᠤᠶᠢᠯᠡᠳᠪᠤᠷᠢ ᠠᠭᠤᠷᠬᠠᠶ ᠶᠢᠨ ᠠᠵᠤ ᠠᠬᠤᠶᠢᠯᠠᠯ ᠢ ᠬᠠᠭᠠᠵᠤ ᠵᠣᠭᠰᠣᠭᠠᠨ ᠬᠦᠴᠦᠨ ᠥᠬᠡᠶ ᠪᠣᠯᠭᠠᠵᠤ᠂ ᠬᠠᠲᠤᠨ ᠭᠤᠤᠯ ᠳᠠᠭᠠᠤ  10.6 ᠲᠦᠮᠡᠨ ᠮᠥ ᠶᠢᠨ ᠭᠠᠵᠠᠷ ᠲᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠪᠡ᠃   ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠭᠡᠢ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠪᠠ 1987 ᠡᠷᠥᠭᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ 5 ᠠᠵᠤ ᠠᠬᠤᠶᠢᠯᠠᠯ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠪᠠ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ ᠪᠡᠶᠡᠯᠡᠭᠦᠯᠵᠦ᠂ ᠳᠠᠪᠤᠰᠤ ᠶᠡᠬᠡᠲᠡᠶ ᠤᠰᠤ ᠶᠢ ᠵᠠᠰᠠᠬᠤ 5 ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠪᠤᠨ ᠵᠢᠯ ᠤᠨ ᠶᠡᠷᠦᠩᠬᠡᠶ ᠲᠥᠯᠥᠪᠵᠢᠭᠦᠯᠭᠡ︾ ᠶᠢ ᠠᠩᠬ᠎ᠠ ᠠᠯᠬᠤᠮ ᠨᠠᠶᠢᠷᠠᠭᠤᠯᠤᠨ ᠵᠣᠬᠢᠶᠠᠵᠤ᠂ ᠪᠣᠬᠢᠷᠲᠤᠯ ᠥᠭᠡᠢ ᠠᠭᠤᠷᠬᠠᠶ ᠶᠢ 25 ᠪᠠᠶᠢᠭᠤᠯᠵᠤ᠂ 2 ᠲᠦᠮᠡᠨ  ᠮᠤ᠋ ᠭᠠᠵᠠᠷ ᠲᠤ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠪᠡᠶᠡᠯᠡᠭᠦᠯᠵᠦ᠂ ᠠᠭᠤᠷᠬᠠᠶ ᠶᠢᠨ ᠣᠷᠣᠨ ᠤ ᠠᠮᠢ ᠠᠬᠤᠶ ᠶᠢ ᠵᠠᠰᠠᠨ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ ᠬᠢᠷᠢ  ᠳᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃     ᠲᠠᠪᠤ ᠳᠤ ᠬᠤᠲᠠ ᠬᠥᠳᠡᠭᠡ ᠶᠢ ᠠᠭᠤᠰᠤᠯᠴᠠᠭᠤᠯᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠪᠠ᠃ 1.7 ᠳ᠋ᠦᠩᠰᠢᠭᠤᠷ ᠲᠥᠭᠦᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠣᠷᠣᠭᠤᠯᠵᠤ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠪᠡ᠃ ᠭᠤᠷᠪᠠᠳᠤᠭᠠᠷ ᠪᠦᠯᠦᠭ ᠤᠯᠤᠰ ᠤᠨ ᠬᠥᠳᠡᠭᠡ ᠲᠣᠰᠬᠤᠨ ᠤ ᠠᠵᠤ ᠤᠶᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠬᠤ ᠨᠡᠷᠡᠰ ᠲᠤ ᠵᠢᠭᠰᠠᠭᠠᠭᠳᠠᠨ ᠤᠷᠤᠵᠤ᠂ 2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 41.2 ᠲᠦᠮᠡᠨ ᠮᠥ ᠪᠠᠷᠢᠮᠵᠢᠶᠠᠵᠢᠭᠤᠯᠤᠨ ᠳᠠᠷᠢᠬᠤ ᠶᠢ ᠬᠡᠷᠡᠭᠵᠢᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠤᠯᠠᠷᠢᠭᠤᠯᠤᠨ ᠬᠤᠪᠢᠷᠠᠭᠤᠯᠬᠤ ᠨᠣᠷᠮ᠎ᠠ ᠶᠢ 68%  ᠳᠤ ᠬᠦᠷᠭᠡᠵᠤ᠂ ᠯᠢᠶᠠᠩ ᠶᠦᠨ ᠭᠠᠭ᠋ᠠᠢ ᠳᠡᠵᠢᠭᠡᠬᠦ ᠪᠦᠬᠦ ᠠᠵᠤ  ᠤᠶᠢᠯᠡᠰ ᠤᠨ ᠬᠡᠯᠬᠢᠶᠡᠨ ᠤ ᠲᠥᠷᠥᠯ  ᠵᠤᠶᠢᠯ ᠢ ᠲᠦᠷᠭᠡᠳᠬᠡᠨ ᠪᠠᠶᠢᠭᠤᠯᠵᠤ᠂ ᠮᠢᠩᠭᠠᠨ ᠮᠥ ᠲᠤᠲᠤᠷᠭ᠎ᠠ ᠵᠢᠭᠠᠰᠤᠨ ᠤ ᠪᠣᠰᠤᠭ᠎ᠠ ᠴᠣᠭᠴᠠᠲᠤ ᠳᠠᠷᠢᠵᠤ ᠲᠡᠵᠢᠭᠡᠬᠦ ᠲᠥᠷᠥᠯ  ᠵᠤᠶᠢᠯ ᠢ ᠡᠵᠡᠩᠨᠡᠯᠲᠡ ᠳᠤ ᠣᠷᠣᠭᠤᠯᠪᠠ᠃  ᠱᠢ ᠡᠯ ᠯᠢᠶᠠᠨ ᠴᠧᠩ ᠰᠢᠶᠠᠩ ᠨᠢ ︽ᠪᠥᠬᠦ ᠤᠯᠤᠰ ᠤᠨ ᠵᠢᠱᠢᠶ᠎ᠡ ᠦᠵᠡᠭᠦᠯᠬᠦ ᠪᠠᠯᠭᠠᠰᠤ ᠲᠣᠰᠬᠤᠨ︾ ᠂  ᠨᠤᠸᠠᠨ ᠱᠦᠶ ᠰᠢᠶᠠᠩ ᠤᠨ  ᠳ᠋ᠧ ᠱᠧᠩ ᠶᠢᠤ ᠯᠢᠶᠠᠩ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ︽ᠨᠢᠭᠡ ᠲᠣᠰᠬᠤᠨ ᠨᠢᠭᠡ  ᠳᠦᠷᠤᠯ ᠳᠡᠮᠳᠡᠭ ᠢ ᠡᠬᠦᠳᠬᠦ︾ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ︽ᠵᠠᠭᠤᠨ ᠲᠣᠰᠬᠤᠨ ᠳᠤ ᠰᠠᠭᠤᠵᠤ᠂ ᠠᠷᠠᠳ ᠤᠨ ᠪᠠᠶᠢᠳᠠᠯ ᠢ ᠠᠰᠠᠭᠤᠨ ᠰᠤᠷᠪᠤᠯᠵᠢᠯᠠᠵᠤ᠂ ᠠᠵᠤ ᠤᠶᠢᠯᠡᠰ ᠢ ᠬᠦᠴᠦᠷᠬᠡᠭᠵᠢᠭᠦᠯᠤᠨ᠂ ᠪᠣᠳᠠᠲᠤ ᠶᠠᠪᠤᠳᠠᠯ ᠬᠢᠬᠦ︾ ᠭᠤᠤᠯ ᠰᠡᠳᠦᠪᠲᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠳᠤᠮᠳᠠᠴᠢ ᠪᠠᠷ 121% ᠪᠠᠷ ᠨᠡᠮᠡᠭᠳᠡᠭᠦᠯᠪᠡ᠃ ᠰᠢᠤᠸᠠᠢ ᠵᠢᠶᠠ ᠸᠠᠨ ᠤ ᠬᠤᠶᠢᠲᠤ ᠠᠭᠤᠯᠠ ᠶᠢᠨ ᠬᠤᠶᠢᠲᠤ ᠬᠡᠰᠡᠭ ᠤᠨ ᠵᠠᠯᠭᠠᠯᠳᠤᠭᠰᠠᠨ ᠣᠷᠣᠨ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠪᠠ ᠬᠠᠭᠤᠴᠢᠨ ᠬᠤᠳᠠ ᠶᠢᠨ ᠲᠣᠭᠤᠷᠢᠭ ᠢ ᠰᠢᠨᠡᠳᠬᠡᠨ ᠥᠭᠡᠷᠡᠴᠢᠯᠡᠨ ᠵᠠᠰᠠᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ 54 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ  ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ᠂ 41 ᠴᠠᠬᠢᠯᠭᠠᠨ ᠱᠠᠳᠤ ᠨᠡᠮᠡᠵᠦ ᠤᠭᠰᠠᠷᠠᠬᠤ᠂ 30 ᠲᠦᠮᠡᠨ ᠲᠡᠭᠰᠢ ᠳᠥᠷᠪᠡᠯᠵᠢᠨ ᠮᠧᠲᠷ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠪᠡᠶᠡᠯᠡᠭᠦᠯᠵᠦ᠂ ᠪᠠᠶᠢᠭᠠᠯᠢ ᠶᠢᠨ ᠰᠢᠲᠠᠮᠠᠬᠠᠶ ᠬᠡᠢ ᠶᠢ  2.1 ᠲᠦᠮᠡᠨ ᠡᠷᠤᠭᠡ ᠳᠤ ᠰᠢᠨ᠎ᠠ ᠪᠠᠷ ᠤᠷᠤᠭᠤᠯᠤᠨ᠂ ᠵᠡᠬᠦᠠᠭᠠᠷ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠡᠭᠡᠯᠢ ᠪᠠᠷ ᠥᠩᠭᠡᠷᠡᠬᠦ ᠵᠠᠮ ᠂ ᠲᠠᠬᠠᠷ ᠤᠨ ᠭᠤᠣᠯ ᠤᠨ ᠪᠢᠩ ᠾᠧ ᠴᠡᠩᠭᠡᠯ ᠤᠨ ᠬᠦᠷᠢᠶᠡᠯᠡᠩ᠂  ᠬᠤ᠋ ᠳ᠋ᠦᠩ ᠤᠶᠤᠨᠴᠢ ᠴᠡᠴᠡᠷᠯᠢᠭ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ 5G ᠶᠢᠨ ᠰᠠᠭᠤᠷᠢ ᠥᠷᠲᠡᠭᠡ ᠶᠢ 310 ᠪᠠᠶᠢᠭᠤᠯᠵᠤ᠂ 466 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ᠂  ᠪᠤᠷᠤᠳᠤᠬᠤᠢ ᠰᠤᠮᠤ ᠶᠢᠨ ᠠᠮᠢ ᠠᠬᠤᠶ ᠶᠢᠨ ᠤᠰᠤᠨ ᠤ ᠰᠤᠷᠪᠤᠯᠵᠢ ᠶᠢᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠪᠠ     ᠵᠢᠷᠭᠤᠭ᠎ᠠ ᠳᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠠ᠃ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ 33 ᠪᠡᠶᠡᠯᠡᠭᠦᠯᠪᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ 66 ᠠᠰᠠᠭᠤᠳᠠᠯ ᠢ  ᠰᠢᠢᠳᠪᠤᠷᠢᠯᠡᠵᠤ᠂ 3.1 ᠲᠦᠮᠡᠨ ᠢᠵᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠲᠠᠩᠰᠠᠯᠠᠯᠳᠠ ᠬᠢᠯᠭᠡᠪᠡ᠃  ᠰᠡᠳᠬᠢᠯ ᠢ ᠳᠤᠯᠠᠭᠠᠴᠠᠭᠤᠯᠬᠤ10 ᠲᠦᠮᠡᠨ ᠲᠣᠨ ᠨᠡᠭᠦᠷᠡᠰᠦ ᠶᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ 4.7 ᠲᠦᠮᠡᠨ ᠪᠠᠶᠢᠩᠭᠤ ᠰᠠᠭᠤᠭ᠎ᠠ ᠲᠠᠷᠢᠶᠠᠴᠢᠨ ᠡᠷᠦᠬᠡ ᠶᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃ ᠬᠤᠳᠠ ᠪᠠᠯᠭᠠᠰᠤᠨ ᠤ 4041 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 2.7% ᠪᠠᠷ ᠬᠢᠵᠠᠭᠠᠷᠯᠠᠪᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠲᠤᠰ ᠲᠤᠰ 6% ᠪᠠ 7% ᠪᠠᠷ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 90% ᠳᠤ ᠬᠦᠷᠭᠡᠵᠦ᠂ ᠭᠤᠷᠪᠠᠨ  ᠱᠠᠳᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠨᠡᠶᠢᠳᠡᠮ ᠬᠠᠮᠤᠷᠬᠤ ᠶᠢ ᠪᠡᠶᠡᠯᠡᠭᠦᠯᠪᠡ᠃ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠪᠡ︔ ᠨᠠᠷᠠᠲᠤ ᠰᠢᠯᠢᠳᠡᠭ ᠰᠤᠷᠭᠠᠭᠤᠯᠢ  ᠴᠡᠴᠡᠷᠯᠢᠭ ᠤᠨ ᠵᠠᠬᠢᠷᠤᠯ᠂ ᠪᠠᠭᠰᠢ ᠶᠢᠨ ︽ᠵᠢᠷᠭᠤᠭᠠᠨ ᠨᠢᠭᠡ ᠶᠢᠨ ᠢᠨᠵᠧᠨᠧᠷᠢᠩ︾ ᠢ ᠪᠥᠬᠦ ᠲᠠᠯ᠎ᠠ ᠪᠠᠷ ᠡᠬᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠬᠳᠠᠨ ᠤᠷᠤᠭᠰᠠᠨ ᠨᠣᠷᠮ᠎ᠠ ᠶᠢ  ᠵᠠᠭᠤᠨ ᠤ ᠬᠤᠪᠢ ᠶᠢᠨ ᠬᠠᠷᠢᠴᠠᠯ ᠢᠶᠠᠷ 10 ᠳᠡᠭᠡᠭᠰᠢᠯᠡᠭᠦᠯᠵᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ︔  ᠱᠢ ᠵᠢᠢ ᠳᠤᠮᠳᠠᠳᠤ ᠰᠤᠷᠭᠠᠭᠤᠯᠢ ᠨᠢ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠵᠣᠬᠢᠶᠠᠮᠠᠯ ᠣᠶᠤᠨᠴᠢ ᠠᠵᠢᠯᠯᠠᠭ᠎ᠠ ᠶᠢᠨ ᠤᠨᠴᠠᠯᠢᠬᠳᠤ ᠨᠢᠭᠡᠴᠢ ᠪᠠᠷ ᠰᠤᠩᠭᠤᠬᠳᠠᠪᠠ᠃ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠤᠷᠤᠭᠰᠢᠲᠠᠶ ᠳᠠᠭᠤᠰᠬᠠᠵᠤ᠂ ᠳ᠋ᠠ ᠯᠦ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ 82 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠡᠶᠡᠯᠡᠭᠦᠯᠪᠡ︔ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ  ᠱᠠᠳᠤ ᠬᠤᠪᠢᠶᠠᠨ ᠣᠨᠣᠰᠢᠯᠠᠨ ᠡᠮᠨᠡᠬᠦ ᠠᠵᠢᠯ ᠢ ᠲᠦᠷᠭᠡᠳᠬᠡᠨ ᠠᠬᠢᠭᠤᠯᠵᠤ᠂ ᠠᠯᠤᠰ ᠡᠵᠡᠮᠰᠢᠯᠲᠦ ᠡᠮᠴᠢᠯᠡᠭᠡᠨ ᠤ ᠰᠢᠰᠲ᠋ᠧᠮ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠠᠵᠢᠯᠲᠠᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠠᠰᠢᠭᠯᠠᠯᠲᠠ ᠳᠤ ᠣᠷᠣᠵᠤ᠂ ᠬᠤᠰᠢᠭᠤᠨ ᠤ ᠰᠣᠶᠣᠯ ᠤᠨ ᠣᠷᠳᠣᠨ ᠨᠢ ᠤᠯᠤᠰ ᠤᠨ ᠨᠢᠭᠡᠳᠦᠭᠡᠷ ᠳᠡᠰ ᠤᠨ ᠰᠣᠶᠣᠯ ᠤᠨ ᠣᠷᠳᠣᠨ ᠢᠶᠠᠷ ᠦᠨᠡᠯᠡᠭᠳᠡᠵᠦ᠂ ᠮᠠᠨ ᠤ ᠬᠤᠰᠢᠭᠤ ᠨᠢ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾  ᠢᠶᠠᠷ ᠦᠨᠡᠯᠡᠭᠳᠡᠪᠡ᠃     ᠲᠤᠯᠤᠭ᠎ᠠ ᠳᠤ ᠳᠤᠬᠳᠠᠭᠤᠨ ᠪᠠᠶᠢᠳᠠᠯ ᠢ ᠪᠠᠳᠤᠯᠠᠬᠤ ᠶᠢ ᠴᠥᠬᠦᠷᠡᠰᠢ ᠦᠭᠡᠢ ᠪᠦᠭᠡᠳ ᠪᠠᠶᠢᠩᠭᠤ ᠠᠳᠬᠤᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠦᠯᠦ ᠣᠷᠣᠭᠤᠯᠬᠤ᠂ ᠦᠯᠦ ᠬᠠᠯᠳᠠᠪᠤᠷᠢᠯᠠᠬᠤ᠂ ᠦᠯᠦ ᠣᠨᠣᠰᠢᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠪᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠦᠷᠭᠦᠯᠵᠢᠯᠡᠨ ᠪᠠᠭᠠᠰᠪᠠ᠃ ᠪᠦᠬᠦ ᠤᠯᠤᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠣᠷᠣᠨ ᠪᠦᠰᠡ ᠠᠯᠤᠰᠯᠠᠭᠰᠠᠨ ᠪᠣᠳᠠᠲᠤ ᠳᠠᠶᠢᠯᠠᠯᠳᠤᠭᠠᠨ ᠤ ᠰᠣᠷᠢᠯᠲᠠ  ᠳ᠋ᠠ ᠯᠤ᠋ ᠬᠦᠷᠢᠶᠡᠯᠡᠩ ᠲᠣᠭᠤᠷᠢᠭ ᠲᠤ ᠠᠮᠵᠢᠯᠲᠠ ᠲᠠᠢ ᠶᠠᠪᠤᠭᠳᠠᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 15.43 ᠳ᠋ᠦᠩᠰᠢᠭᠤᠷ ᠲᠥᠭᠦᠷᠢᠭ ᠠᠷᠢᠯᠭᠠᠵᠤ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠬᠠᠷᠠᠯᠲᠠ ᠶᠢᠨ 164% ᠶᠢ ᠪᠡᠶᠡᠯᠡᠭᠦᠯᠪᠡ᠃ ᠬᠠᠤᠯᠢ ᠪᠤᠰᠤ ᠪᠠᠷ ᠴᠤᠭᠯᠠᠭᠤᠯᠤᠭᠰᠠᠨ 925 ᠲᠦᠮᠡᠨ ᠲᠥᠭᠦᠷᠢᠭ ᠤᠨ ᠪᠠᠯᠠ ᠮᠥᠩᠭᠦ ᠶᠢ  ᠰᠢᠢᠳᠪᠤᠷᠢᠯᠡᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠡᠳ᠋ ᠬᠥᠷᠥᠩᠭᠡ ᠶᠢ 16.32 ᠳ᠋ᠦᠩᠰᠢᠭᠤᠷ ᠲᠥᠭᠦᠷᠢᠭ ᠠᠷᠢᠯᠭᠠᠪᠠ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠲᠤ ᠴᠥᠮ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠦᠷᠢᠮ ᠢ ᠳᠤᠬᠳᠠᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠴᠤᠬᠴᠠᠯᠠᠵᠤ᠂ ᠦᠨᠳᠦᠰᠦᠲᠡᠨ ᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ  ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠪᠠ᠃     ᠲᠥᠯᠥᠭᠡᠯᠡᠭᠴᠢᠳ ᠡ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠪᠢᠳᠡ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠤᠯᠠᠮ ᠨᠢᠭᠡ ᠠᠯᠬᠤᠮ ᠣᠷᠭᠢᠯᠣᠨ ᠪᠠᠳᠠᠷᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ᠃     ᠲᠥᠯᠥᠭᠡᠯᠡᠭᠴᠢᠳ ᠡ᠂ ᠡᠳᠡᠭᠡᠷ ᠠᠮᠵᠢᠯᠲᠠ ᠶᠢ ᠣᠯᠤᠭᠰᠠᠨ ᠨᠢ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠭᠰᠡᠨ ᠤ ᠦᠷ᠎ᠡ ᠳ᠋ᠦᠩ ᠮᠥᠨ᠂ ᠬᠤᠭᠤᠴᠠᠭ᠎ᠠ ᠪᠦᠷᠢ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠰᠠᠭᠤᠷᠢ ᠲᠠᠯᠪᠢᠵᠤ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠤ ᠦᠷ᠎ᠡ ᠳ᠋ᠦᠩ ᠮᠥᠨ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠵᠡᠭᠦᠨᠭᠠᠷ ᠤᠨ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠬᠠᠯᠠᠮᠵᠢᠯᠠᠨ ᠳᠡᠮᠵᠢᠵᠤ ᠢᠷᠡᠭᠰᠡᠨ᠂ ᠣᠷᠣᠯᠴᠠᠭᠰᠠᠨ ᠪᠦᠬᠦ ᠨᠥᠬᠦᠳ᠂  ᠨᠠᠶᠢᠵᠢ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ ᠪᠤᠯᠬᠤᠷ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠵᠠᠰᠠᠭ ᠤᠨ ᠣᠷᠳᠣᠨ ᠤ ᠠᠵᠢᠯ ᠢ ᠴᠢᠩᠭᠠᠳᠬᠠᠵᠤ᠂ ᠵᠡᠭᠦᠨᠭᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠠᠲᠤ ᠪᠠᠷ ᠪᠡᠶᠡᠯᠡᠭᠦᠯᠪᠡᠯ ᠰᠠᠶ᠋ᠢ ᠡᠯ᠎ᠡ ᠳᠦᠷᠤᠯ ᠤᠨ ᠠᠵᠢᠯ ᠦᠢᠯᠡᠰ ᠢᠮᠠᠭᠲᠠ ᠵᠥᠪ ᠴᠢᠭᠯᠡᠯ ᠢᠶᠠᠷ ᠡᠷᠡᠭᠦᠯ ᠢᠶᠠᠷ ᠬᠥᠭᠵᠢᠬᠦ ᠶᠢ ᠪᠠᠲᠤᠯᠠᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠳᠤᠭᠤᠰᠢᠯᠠᠭᠤᠯᠵᠤ᠂ ᠠᠮᠢ ᠠᠬᠤᠢ ᠶᠢ  ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠪᠠᠯ ᠰᠠᠶ᠋ᠢ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠯᠠᠪᠳᠠᠭᠤᠨ ᠢᠶᠠᠷ ᠠᠯᠤᠰ ᠢ ᠵᠣᠷᠢᠨ ᠤᠷᠤᠭᠰᠢᠯᠠᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠡᠷᠬᠡᠪᠰᠢ ᠥᠭᠡᠷᠡᠴᠢᠯᠡᠯᠲᠡ ᠨᠡᠭᠡᠭᠡᠯᠳᠡ  ᠬᠢᠵᠤ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠬᠠᠷᠰᠢ ᠰᠠᠭᠠᠳ ᠢ ᠬᠦᠴᠦᠯᠡᠨ ᠠᠷᠢᠯᠭᠠᠪᠠᠯ ᠰᠠᠶ᠋ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠳᠠᠪᠠᠭᠤᠯᠢᠭ ᠢ ᠪᠤᠢ ᠪᠣᠯᠭᠠᠵᠤ᠂ ᠰᠢᠨ᠎ᠡ ᠪᠠᠶᠢᠳᠠᠯ ᠢ ᠡᠭᠦᠳᠴᠦ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠᠯ ᠰᠠᠶ᠋ᠢ ᠣᠳᠣᠬᠢᠴᠢᠯᠠᠬᠰᠠᠨ ᠵᠡᠭᠦᠨᠭᠠᠷ ᠢ ᠪᠦᠳᠦᠭᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠡᠷᠬᠡᠪᠰᠢ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨᠲᠠᠷᠠᠰᠢ ᠦᠭᠡᠢ ᠪᠠᠷ ᠵᠠᠰᠠᠭ ᠤᠨ ᠰᠤᠷᠲᠠᠯ ᠢ ᠬᠤᠪᠢᠷᠠᠭᠤᠯᠵᠤ᠂ ᠣᠷᠴᠢᠨ ᠠᠬᠤᠢ ᠶᠢ ᠰᠢᠯᠢᠳᠡᠭᠵᠢᠭᠦᠯᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠤᠨ ᠨᠠᠶᠢᠳᠠᠪᠤᠷᠢᠵᠢᠭᠤᠯᠤᠯᠲᠠ ᠶᠢ ᠠᠳᠬᠤᠪᠠᠯ ᠰᠠᠶ᠋ᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃     ᠠᠮᠵᠢᠯᠲᠠ ᠪᠠ ᠲᠤᠷᠰᠢᠯᠭ᠎ᠠ ᠪᠠᠨ ᠳ᠋ᠦᠩᠨᠡᠬᠦ ᠶᠢᠨ ᠬᠠᠮᠲᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠪᠢᠳᠠ ᠴᠦ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠄ ᠠᠵᠤ ᠤᠶᠢᠯᠡᠰ ᠤᠨ ᠪᠦᠲᠦᠴᠡ ᠳᠤ ᠲᠦᠰᠢᠭᠯᠡᠨ ᠡᠨᠧᠷᠭᠢ ᠶᠢ ᠴᠢᠬᠤᠯᠠᠴᠢᠯᠠᠬᠤ᠂ ᠬᠥᠭᠵᠢᠯᠲᠡ  ᠬᠦᠢᠴᠡᠳ ᠪᠤᠰᠤ ᠲᠡᠩᠴᠡᠭᠦᠷᠢ ᠥᠬᠡᠶ ᠪᠠᠶᠢᠬᠤ ᠪᠣᠯ ᠮᠥᠨ ᠬᠦ ᠮᠠᠨ ᠤ ᠬᠤᠰᠢᠭᠤᠨ ᠤ ᠬᠠᠮᠤᠭ ᠤᠨ ᠶᠡᠭᠡ ᠪᠣᠳᠠᠲᠤ ᠪᠠᠶᠢᠳᠠᠯ ᠮᠥᠨ᠂ ᠰᠢᠨ᠎ᠡ ᠬᠠᠭᠤᠴᠢᠨ ᠬᠥᠳᠡᠯᠭᠡᠭᠴᠢ ᠬᠦᠴᠤᠨ ᠤ ᠰᠣᠯᠢᠭᠳᠠᠯ ᠪᠠ ᠴᠢᠨᠠᠷ ᠰᠠᠶᠢᠲᠠᠶ ᠬᠥᠭᠵᠢᠯᠲᠡ ᠶᠢᠨ ᠡᠭᠦᠷᠭᠡ ᠮᠥᠨ ᠬᠦ ᠬᠠᠲᠠᠭᠤ ᠪᠡᠷᠬᠡᠰᠢᠶᠡᠯᠲᠡᠶ ᠪᠠᠶᠢᠭᠰᠠᠭᠠᠷ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠴᠢᠳᠠᠪᠤᠷᠢ ᠣᠯᠭᠤᠬᠤ ᠶᠠᠰᠤ ᠴᠢᠨᠠᠷ ᠦᠷ᠎ᠡ ᠠᠰᠢᠭ ᠢ ᠪᠠᠰᠠ ᠲᠦᠷᠭᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠬᠤᠳᠠᠯᠳᠤᠭ᠎ᠠ ᠡᠷᠬᠢᠯᠡᠬᠦ ᠤᠷᠴᠢᠨ ᠠᠬᠤᠢ ᠳᠤ ᠪᠠᠰᠠ ᠴᠥᠭᠡᠨ ᠪᠤᠰᠤ ᠬᠦᠴᠢᠷᠳᠡᠯ᠂ ᠲᠦᠭᠵᠢᠷᠡᠯ᠂ ᠡᠪᠡᠷᠰᠢᠶᠡᠯ ᠲᠠᠢ ᠭᠠᠵᠠᠷ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠷᠲᠡᠮᠵᠢ ᠶᠢᠨ ᠲᠦᠷᠦᠭᠳᠡᠯ ᠴᠢᠩᠭ᠎ᠠ  ᠪᠤᠰᠤ᠂ ᠠᠮᠢᠵᠢᠷᠠᠯ ᠤᠨ ᠬᠦᠴᠦᠨ ᠢᠶᠠᠷ ᠳᠤᠲᠠᠮᠠᠭ ᠪᠠᠶᠢᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠤ  ᠮᠦᠨ ᠯᠠ ᠴᠥᠭᠡᠨ ᠪᠤᠰᠤ ᠪᠠᠭᠤᠷᠠᠢ ᠲᠠᠯ᠎ᠠ ᠣᠷᠣᠰᠢᠵᠤ᠂ ᠠᠷᠠᠳ  ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠪᠠᠰᠠ ᠨᠡᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠢ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠪᠤᠭᠤᠮᠳᠠ ᠰᠢᠪᠳᠤᠯᠤᠨ᠂  ᠪᠤᠭᠤᠮᠢ ᠶᠢᠨ ᠠᠰᠠᠭᠤᠳᠠᠯ ᠢ ᠳᠦᠷᠭᠡᠨ ᠰᠢᠢᠳᠪᠤᠷᠢᠯᠡᠵᠤ᠂ ᠵᠠᠰᠠᠭ ᠤᠨ ᠣᠷᠳᠣᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠠᠷᠠᠳ  ᠤᠯᠠᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠵᠤ ᠪᠤᠯᠬᠤ ᠥᠬᠡᠶ᠃         ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠤᠬᠠᠶ ᠪᠠᠷᠠᠯᠠᠯ    ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠰᠢᠭᠤᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠴᠢᠬᠤᠯᠠ ᠴᠣᠩᠬᠤᠪᠴᠢ ᠬᠤᠭᠤᠴᠠᠭ᠎ᠠ ᠪᠠ ᠲᠡᠤᠬᠡ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠂ ᠮᠥᠨ ᠴᠦ ᠪᠢᠳᠡᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠡᠭᠦᠨᠭᠠᠷ ᠤᠨ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠤᠯᠤᠰ ᠤᠨ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠭᠡᠮᠵᠢᠭᠳᠡᠯ ᠳᠤ ᠬᠦᠷᠭᠡᠵᠤ ᠨᠡᠭᠦᠷᠡᠰᠦᠲᠥ᠋ᠷᠥᠭᠴᠢ  ᠶᠢ ᠰᠠᠭᠠᠷᠮᠠᠭᠵᠢᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠭᠰᠡᠨ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠵᠢᠴᠢ ᠣᠷᠳᠣᠰ ᠤᠨ ᠤᠯᠤᠰ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢ ᠪᠠᠶᠢᠭᠤᠯᠬᠤ ᠵᠡᠷᠭᠡ ᠴᠢᠬᠤᠯᠠ ᠠᠵᠠ ᠲᠣᠬᠢᠶᠠᠯ ᠨᠢ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠯᠤᠲᠤ ᠶᠡᠭᠡ ᠣᠷᠣᠨ ᠵᠠᠶ ᠶᠢ ᠡᠭᠦᠳᠦᠨ ᠥᠭᠴᠡᠶ᠃ ᠪᠢᠳᠡ ᠪᠠᠶᠢᠯᠳᠤᠬᠤ ᠪᠤᠳᠤᠯᠭ᠎ᠠ ᠶᠢᠨ ᠴᠢᠬᠤᠯᠠ ᠠᠵᠠ ᠲᠣᠬᠢᠶᠠᠯᠳᠤ ᠴᠠᠭ ᠬᠤᠭᠤᠴᠠᠭ᠎ᠠ ᠶᠢ ᠡᠵᠡᠮᠳᠡᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ ᠠᠬᠢᠭᠤᠯᠵᠤ᠂ ᠪᠣᠳᠠᠲᠠᠢ ᠠᠴᠠ ᠡᠭᠦᠰᠦᠨ᠂ ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃     ᠬᠤᠶᠢᠰᠢᠳᠠ ᠶᠢᠨ ᠲᠠᠪᠤᠨ ᠵᠢᠯ ᠳᠤ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠶ  ᠳᠤᠭᠤᠰᠢᠯᠠᠭᠤᠯᠤᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ  ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠳᠡ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠶ ᠪᠠᠲᠤ ᠴᠤᠬᠴᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ  ᠳᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ  ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠮᠢ ᠠᠬᠤᠢ ᠶᠢ  ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ᠣᠳᠣᠬᠢᠴᠢᠯᠠᠭᠰᠠᠨ ᠠᠵᠤ ᠠᠬᠤᠢ ᠶᠢᠨ  ᠳᠤᠬᠳᠠᠯᠴᠠᠭ᠎ᠠ ᠶᠢ ᠲᠦᠷᠭᠡᠨ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠪᠠᠷ ᠬᠦᠴᠦᠯᠡᠨ ᠴᠢᠷᠮᠠᠶᠢᠨ᠎ᠠ᠃     ᠡᠨᠡ ᠬᠦ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠪᠢᠳᠡ ︽ᠲᠠᠪᠤᠨ ᠬᠠᠷᠠᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠪᠥᠬᠦ ᠲᠠᠯ᠎ᠠ︾ ᠶᠢ ᠪᠡᠶᠡᠯᠡᠭᠦᠯᠦᠨ᠎ᠡ᠄     ︵ᠨᠢᠭᠡ︶ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠪᠥᠬᠦ ᠲᠠᠯ᠎ᠠ ᠪᠠᠷ ᠤᠶᠢᠯᠡᠴᠢᠯᠡᠬᠦ ᠪᠠ ᠠᠭᠤᠰᠤᠯᠴᠠᠨ᠎ᠠ᠃ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠲᠤ ᠲᠣᠭᠲᠠᠪᠤᠷᠢᠵᠢᠭᠤᠯᠵᠤ᠂ ᠡᠳ᠋ ᠤᠨ ᠵᠠᠰᠠᠭ ᠤᠨ ᠣᠷᠣᠯᠭ᠎ᠠ ᠶᠢ ᠵᠠᠭᠤᠨ ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠪᠥᠬᠦ ᠤᠯᠤᠰ ᠤᠨ 20 ᠬᠦᠴᠦᠷᠬᠡᠭ ᠲᠤ ᠳᠠᠪᠰᠢᠭᠤᠯᠬᠤ ᠡᠷᠡᠮᠡᠭᠡᠶᠢᠯᠡᠨ ᠤᠷᠤᠭᠰᠢᠯᠠᠬᠤ ᠬᠠᠷᠠᠯᠲᠠ ᠶᠢᠨ ᠲᠣᠭᠤᠷᠢᠨ ᠳᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠥᠨᠳᠥᠷ ᠪᠦᠲᠦᠮᠵᠢᠲᠡᠶ ᠰᠢᠨ᠎ᠡ ᠬᠡᠯᠪᠡᠷᠢ ᠶᠢᠨ ᠠᠵᠤ  ᠤᠶᠢᠯᠡᠰ ᠤᠨ ᠳᠤᠬᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠵᠡᠭᠦᠨᠭᠠᠷ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠠᠬᠢ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂       ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠶ ᠬᠥᠭᠵᠢᠯᠲᠡ ᠶᠢᠨ ᠲᠠᠪᠤᠨ ᠵᠢᠯ ᠤᠨ ᠲᠥᠯᠥᠪᠵᠢᠭᠦᠯᠭᠡ︾ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠰᠢᠭᠤ ᠪᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠶᠡᠭᠡ ᠪᠠᠷ ᠭᠡᠷᠡᠭᠵᠢᠬᠦᠯᠤᠨ᠎ᠠ᠃ ᠠᠵᠤ  ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠢᠵᠠᠭᠠᠷᠯᠠᠵᠤ ᠪᠠᠶᠢᠭ᠎ᠠ  ᠢᠯᠡᠷᠭᠡᠢ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ  ᠤᠶᠢᠯᠡᠳᠪᠤᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂  ᠳᠤᠨᠤᠬᠯᠠᠯ  ᠤᠶᠢᠯᠡᠳᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠶᠢ ᠥᠷᠨᠢᠭᠦᠯᠵᠦ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ  ᠤᠷᠢᠳ ᠢᠶᠠᠷ ᠬᠡᠷᠡᠭᠵᠢᠭᠦᠯᠬᠦ ᠣᠷᠣᠨ ᠢ ᠪᠠᠶᠢᠭᠤᠯᠤᠨ᠎ᠠ᠃ ᠡᠨᠧᠷᠭᠢ ᠶᠢᠨ ᠠᠵᠤ ᠠᠬᠤᠶ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠᠷ ᠪᠦᠲᠦᠴᠡ ᠶᠢᠨ ᠲᠣᠬᠢᠷᠠᠭᠤᠯᠤᠯᠲᠠ ᠶᠢ ᠭᠡᠳᠡᠷᠭᠦ ᠰᠢᠬᠠᠵᠤ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠢ ᠤᠯᠤᠰ ᠤᠨ ᠲᠠᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ  ᠤᠶᠢᠯᠡᠳᠪᠤᠷᠢ ᠶᠢᠨ ᠠᠵᠤ ᠤᠶᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ  ᠤᠶᠢᠯᠡᠳᠪᠤᠷᠢ ᠵᠢᠴᠢ ᠳᠣᠤᠷᠠᠳᠤ  ᠭᠡᠯᠬᠢᠶᠠᠨ ᠤ ᠳᠡᠭᠡᠳᠦ ᠲᠠᠰ ᠤᠨ ᠬᠢᠮᠢ ᠶᠢᠨ ᠪᠣᠳᠠᠰ ᠤᠶᠢᠯᠡᠳᠪᠤᠷᠢᠯᠡᠬᠦ ᠴᠢᠳᠠᠪᠤᠷᠢ ᠶᠢ 1000 ᠲᠦᠮᠡᠨ ᠲᠣᠨ ᠠᠴᠠ ᠳᠠᠪᠠᠭᠤᠯᠤᠨ᠎ᠠ᠃ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠤᠶᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠤᠯᠤᠰ ᠤᠨ ︽  ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠬᠤ ᠲᠡᠷᠭᠡ︾ ᠶᠢᠨ ᠠᠵᠤ  ᠤᠶᠢᠯᠡᠰ ᠤᠨ ᠰᠦᠷᠦᠭᠵᠢᠯ ᠤᠨ ᠵᠢᠱᠢᠶ᠎ᠡ ᠦᠵᠡᠭᠦᠯᠬᠦ ᠲᠥᠷᠥᠯ  ᠵᠤᠶᠢᠯ ᠢ  ᠨᠤᠳᠤᠬᠰᠢᠭᠤᠯᠤᠨ ᠪᠥᠲᠥᠭᠡᠨ ᠪᠠᠶᠢᠭᠤᠯᠬᠤ ᠪᠠᠷ ᠭᠤᠤᠯᠳᠠᠯᠭ᠎ᠠ ᠲᠠᠢ ᠴᠢᠷᠮᠠᠶᠢᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1100 ᠲᠦᠮᠡᠨ ᠺᠢᠯᠣᠸᠠᠲ ᠠᠴᠠ ᠳᠡᠭᠡᠭᠰᠢ ᠳᠤ  ᠬᠦᠷᠭᠡᠵᠤ᠂ ᠮᠢᠩᠭᠠᠨ ᠳ᠋ᠦᠩᠰᠢᠭᠤᠷ ᠤᠨ ᠲᠠᠰ ᠤᠨ ᠰᠢᠨ᠎ᠡ ᠡᠨᠧᠷᠭᠢ ᠶᠢᠨ ᠠᠵᠤ ᠤᠶᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠰᠢᠨ᠎ᠡ ᠪᠠᠷ ᠬᠦᠭᠵᠢᠵᠤ ᠪᠠᠶᠢᠭ᠎ᠠ ᠠᠵᠤ ᠤᠶᠢᠯᠡᠰ ᠤᠨ  ᠰᠦᠷᠦᠭᠵᠢᠯ ᠢ ᠪᠤᠶᠢᠵᠢᠭᠤᠯᠵᠦ᠂ ᠤᠯᠤᠰ ᠤᠨ ᠳᠣᠲᠣᠭᠠᠳᠤ ᠳᠤ ᠲᠡᠷᠢᠭᠦᠯᠡᠭᠰᠡᠨ ᠳᠡᠭᠡᠳᠦ ᠲᠠᠰ ᠤᠨ ᠣᠨᠴᠠ ᠲᠥᠷᠥᠯ ᠤᠨ ᠰᠢᠯ᠂ ᠳᠡᠭᠡᠳᠦ ᠲᠠᠰ ᠤᠨ ᠸᠠᠭᠠᠷ ᠱᠠᠭᠠᠵᠠᠩ᠂ ᠳᠡᠭᠡᠳᠦ ᠰᠢᠨ᠎ᠡ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ  ᠳᠤᠨᠤᠬᠯᠠᠯ ᠤᠶᠢᠯᠡᠳᠬᠦ ᠠᠵᠤ  ᠤᠶᠢᠯᠡᠰ ᠤᠨ ᠰᠠᠭᠤᠷᠢᠨ ᠭᠠᠵᠠᠷ ᠢ  ᠪᠠᠶᠢᠭᠤᠯᠵᠤ᠂ ᠰᠢᠨ᠎ᠡ ᠪᠠᠷ ᠬᠦᠭᠵᠢᠵᠤ ᠪᠠᠶᠢᠭ᠎ᠠ ᠠᠵᠤ ᠤᠶᠢᠯᠡᠰ ᠤᠨ ᠰᠦᠷᠦᠭᠵᠢᠯ ᠤᠨ ᠡᠵᠡᠩᠨᠡᠯᠲᠡ ᠶᠢᠨ ᠣᠷᠣᠯᠭ᠎ᠠ ᠶᠢ ᠵᠢᠯ ᠳᠤᠮᠳᠠᠴᠢ ᠪᠠᠷ 5% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠲᠡᠷᠢᠭᠦᠨ  ᠵᠡᠷᠭᠡ ᠶᠢᠨ ᠬᠥᠭᠵᠢᠯᠲᠡ ᠶᠢᠨ ᠣᠷᠴᠢᠨ  ᠠᠬᠤᠢ ᠶᠢ ᠪᠣᠶ ᠪᠣᠯᠭᠠᠵᠤ᠂ ᠡᠯ᠎ᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠲᠤᠨ ᠭᠤᠤᠯ ᠤᠨ  ᠳᠤᠬᠤᠢ ᠶᠢᠨ ᠬᠤᠲᠠ ᠶᠢᠨ  ᠴᠠᠭᠠᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠰᠦᠷᠦᠭᠵᠢᠯ ᠤᠨ ᠪᠥᠲᠥᠭᠡᠨ ᠪᠠᠶᠢᠭᠤᠯᠤᠯᠲᠠ ᠪᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠠᠠᠴᠠᠵᠢᠭᠤᠯᠥᠠᠠᠰᠠᠨ ᠬᠥᠭᠵᠢᠯᠲᠡ ᠳᠤ ᠢᠳᠡᠪᠬᠢᠲᠡᠶ ᠣᠷᠣᠯᠴᠠᠨ᠎ᠠ᠃ ︽ᠨᠢᠭᠡ  ᠴᠤᠩᠬᠤᠪᠴᠢ ᠪᠠᠷ ᠭᠥᠯᠢᠶᠡᠨ ᠠᠪᠴᠤ  ᠰᠢᠢᠳᠪᠤᠷᠢᠯᠡᠬᠦ︾  ᠂ ︽ᠨᠢᠭᠡ ᠰᠦᠯᠵᠢᠶ᠎ᠡ ᠪᠠᠷ ᠨᠡᠶᠢᠳᠡᠮ  ᠬᠦᠢᠴᠡᠳᠭᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠳᠤᠭᠤᠯᠬᠤ ᠡᠯ᠎ᠡ ᠳᠦᠷᠤᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ  ᠤᠴᠢᠷ ᠶᠠᠪᠤᠳᠠᠯ ᠤᠨ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠬᠦ ᠨᠣᠷᠮ᠎ᠠ ᠶᠢ 90% ᠠᠴᠠ ᠳᠠᠪᠠᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ  ᠳᠤᠬᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠠᠭᠤᠰᠬᠠᠵᠤ᠂ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠦᠭᠰᠡᠨ ᠮᠦᠷᠳᠡᠭᠡᠨ ᠪᠣᠳᠠᠲᠠᠶ ᠶᠢ ᠡᠷᠬᠢᠮᠯᠡᠭᠰᠡᠨ᠂ ᠰᠤᠷᠲᠠᠯ ᠴᠢᠬᠡᠴᠢ ᠣᠪᠣᠷ ᠲᠥᠪ ᠬᠥᠭᠵᠢᠯᠲᠡ ᠶᠢᠨ ᠣᠷᠴᠢᠨ  ᠠᠬᠤᠢ ᠶᠢ ᠪᠣᠶ ᠪᠣᠯᠭᠠᠨ᠎ᠠ᠃ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠦᠷᠢᠶᠡᠯᠡᠩ ᠲᠣᠭᠤᠷᠢᠭ ᠢ ᠨᠡᠶᠢᠳᠬᠡᠬᠦ ᠠᠯᠬᠤᠴᠠ ᠶᠢ ᠲᠦᠷᠭᠡᠳᠬᠡᠨ᠂ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠪᠡᠯᠡ ᠮᠥᠩᠭᠦ ᠭᠠᠷᠭᠠᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠤᠯᠠᠨ ᠲᠠᠯ᠎ᠠ ᠪᠠᠷ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠴᠢᠨᠠᠷᠵᠢᠯ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠢ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠠᠴᠢᠶᠠᠯᠠᠪᠤᠷᠢ ᠪᠣᠯᠭᠠᠨ᠎ᠠ᠃     ︵ᠬᠤᠶᠠᠷ︶ ᠪᠥᠬᠦ ᠣᠷᠣᠨ ᠤ ᠬᠠᠮᠲᠤᠪᠠᠷ ᠪᠠᠶᠠᠵᠢᠬᠤ  ᠤᠷᠢᠳ ᠢᠶᠠᠷ ᠬᠡᠷᠡᠭᠵᠢᠭᠦᠯᠬᠦ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ᠂ ᠥᠨᠳᠥᠷ  ᠭᠡᠪᠴᠢᠶᠡᠵᠢᠯ ᠢᠶᠠᠷ ᠠᠬᠢᠭᠤᠯᠵᠤ᠂ ᠬᠤᠳᠠ ᠬᠥᠳᠡᠭᠡ ᠶᠢᠨ ᠭᠦᠨᠵᠡᠭᠡᠶ ᠠᠭᠤᠰᠤᠯᠴᠠᠯ᠂ ᠵᠣᠬᠢᠴᠠᠩᠭᠤᠶ ᠬᠥᠭᠵᠢᠯᠲᠡ ᠶᠢ ᠲᠦᠷᠭᠡᠳᠬᠡᠨ᠎ᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠵᠢᠯ  ᠪᠤᠯᠭᠠᠨ 2 ᠳ᠋ᠦᠩᠰᠢᠭᠤᠷ ᠲᠥᠭᠦᠷᠢᠭ ᠠᠴᠠ ᠳᠣᠤᠷ᠎ᠠ ᠥᠬᠡᠶ ᠲᠤᠰᠬᠠᠶ ᠪᠠᠯᠠ ᠮᠥᠩᠭᠦ ᠳᠣᠭᠢᠷᠠᠭᠤᠯᠤᠨ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠠᠵᠤ ᠤᠶᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠣᠪᠤᠶᠢᠯᠭᠠᠨ᠂ ᠣᠲᠣ ᠶᠢᠨ ᠪᠠᠶᠢᠭ᠎ᠠ ᠤᠨᠴᠠᠯᠢᠭᠳᠤ ᠠᠵᠤ  ᠤᠶᠢᠯᠡᠰ ᠢ ᠪᠤᠵᠠᠭᠠᠶᠢᠷᠠᠭᠤᠯᠤᠭᠰᠠᠨ ᠰᠠᠭᠤᠷᠢᠨ ᠳᠡᠭᠡᠷ᠎ᠡ᠂ ᠪᠣᠬᠢᠷᠲᠤᠯ ᠥᠬᠡᠶ ᠣᠷᠭᠠᠨᠢᠭ ᠳᠡᠭᠡᠳᠦ ᠲᠠᠰ ᠤᠨ ᠲᠠᠷᠢᠶᠠᠯᠠᠩ ᠮᠠᠯ ᠠᠵᠤ ᠠᠬᠤᠶ ᠶᠢ ᠬᠦᠴᠦᠯᠡᠨ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 25 ᠲᠦᠮᠡᠨ ᠮᠥ ᠳᠤ  ᠬᠦᠷᠭᠡᠵᠤ᠂ ᠪᠣᠬᠢᠷᠲᠤᠯ ᠥᠬᠡᠶ ᠣᠷᠭᠠᠨᠢᠭ ᠭᠡᠷᠡᠴᠢᠯᠡᠯᠳᠡ ᠲᠠᠢ ᠳᠠᠷᠢᠶᠠᠨ ᠭᠠᠵᠠᠷ ᠢ 10 ᠲᠦᠮᠡᠨ ᠮᠥ  ᠠᠴᠠ ᠳᠠᠪᠠᠭᠤᠯᠤᠨ᠂ ᠵᠠᠭᠤᠨ ᠲᠦᠮᠡᠨ ᠰᠡᠷᠭᠡ᠂  ᠬᠤ᠋ ᠶᠠᠩ ᠬᠤᠨᠢ ᠪᠠ 10 ᠲᠦᠮᠡᠨ ᠲᠣᠯᠣᠭᠠᠶ ᠳᠡᠭᠡᠳᠦ ᠲᠠᠰ ᠤᠨ ᠠᠯᠠᠰᠢᠨ ᠦᠬᠡᠷ ᠳᠡᠵᠢᠭᠡᠬᠦ ᠵᠡᠷᠭᠡ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠰᠦᠷᠦᠭᠵᠢᠯ ᠢ ᠪᠤᠶᠢᠵᠢᠭᠤᠯᠤᠨ᠂ ᠪᠣᠬᠢᠷᠲᠤᠯ ᠥᠬᠡᠶ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ  ᠶᠢ ᠤᠶᠢᠯᠡᠳᠪᠤᠷᠢᠯᠡᠵᠤ ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠢ ᠪᠣᠶ ᠪᠣᠯᠭᠠᠨ᠎ᠠ︔ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠬᠦᠯᠳᠡᠬᠦᠦ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠵᠡᠷᠭᠡ ᠪᠠᠷ ᠠᠬᠢᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠤ ᠠᠵᠤ ᠤᠶᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠳᠤᠭᠤᠷᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠳᠤᠭᠤᠷᠢᠭ ᠢ ᠪᠠᠶᠢᠭᠤᠯᠤᠨ᠎ᠠ ᠃ ᠴᠢᠳᠠᠪᠤᠷᠢᠲᠠᠨ ᠢᠶᠠᠷ ᠬᠥᠭᠵᠢᠭᠦᠯᠦᠨ ᠮᠠᠨᠳᠤᠭᠤᠯᠬᠤ ᠠᠷᠭ᠎ᠠ ᠪᠤᠳᠤᠯᠭ᠎ᠠ ᠶᠢ ᠪᠣᠳᠠᠲᠠᠶ ᠠᠳᠬᠤᠵᠤ᠂ ᠬᠥᠳᠡᠭᠡ ᠲᠣᠰᠬᠤᠨ  ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠴᠢᠩᠭᠠᠳᠬᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠷᠠᠭᠤᠯᠵᠤ᠂  ᠤᠶᠢᠯᠡᠳᠪᠤᠷᠢᠯᠡᠯ ᠰᠤᠷᠭᠠᠭᠤᠯᠢ  ᠰᠤᠳᠤᠯᠭᠠᠨ ᠢ ᠨᠢᠭᠲᠠ ᠤᠶᠠᠯᠳᠤᠭᠤᠯᠤᠭᠰᠠᠨ ᠣᠲᠣ ᠦᠶ᠎ᠡ ᠶᠢᠨ ᠲᠠᠷᠢᠶᠠᠯᠠᠩ ᠤᠨ ᠰᠢᠨ᠎ᠡ ᠶᠢ ᠡᠭᠦᠳᠬᠦ  ᠳᠤᠬᠳᠠᠯᠴᠠᠭ᠎ᠠ ᠶᠢ ᠪᠣᠶ ᠪᠣᠯᠭᠠᠬᠤ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ  ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ ᠶᠢ 30% ᠠᠴᠠ ᠳᠠᠪᠠᠭᠤᠯᠵᠤ᠂ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ ᠶᠢ 85% ᠠᠴᠠ ᠳᠠᠪᠠᠭᠤᠯᠤᠨ᠎ᠠ᠃ ᠰᠣᠶᠣᠯ ᠢᠶᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ  ᠤᠶᠢᠯᠡᠴᠢᠯᠡᠭᠡᠨ ᠤ ᠳᠤᠬᠳᠠᠯᠴᠠᠭ᠎ᠠ ᠶᠢ ᠬᠦᠴᠦᠯᠡᠨ ᠲᠡᠭᠦᠯᠳᠡᠷᠵᠢᠭᠦᠯᠵᠦ᠂  ᠪᠤᠷᠤᠳᠤᠬᠤᠢ᠂  ᠯᠦᠩ ᠺᠸᠤ᠂  ᠱᠠᠬᠳᠠᠷ᠂ ᠵᠡᠭᠦᠨᠭᠠᠷ ᠵᠣᠣ ᠶᠢ ᠰᠣᠶᠣᠯ  ᠵᠤᠭᠠᠴᠠᠯ ᠤᠨ ᠤᠨᠴᠠᠯᠢᠬᠳᠤ ᠵᠢᠵᠢᠭ ᠪᠠᠯᠭᠠᠰᠤ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃  ᠠᠮᠢ ᠠᠬᠤᠶ ᠶᠢ ᠤᠷᠢᠳ ᠢᠶᠠᠷ ᠪᠤᠳᠤᠯᠬᠢᠯᠠᠨ ᠬᠥᠭᠵᠢᠭᠦᠯᠦᠨ ᠮᠠᠨᠳᠤᠭᠤᠯᠵᠤ᠂ ᠬᠥᠳᠡᠭᠡ ᠲᠣᠰᠬᠤᠨ ᠤ ᠬᠥᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ  ᠳᠤᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠢᠯ ᠲᠣᠰᠬᠤᠨ ᠢ ᠨᠣᠭᠤᠭᠠᠷᠠᠭᠤᠯᠬᠤ᠂ ᠬᠤᠭ ᠨᠣᠪᠰᠢ ᠪᠣᠬᠢᠷ ᠤᠰᠤ ᠶᠢ  ᠴᠡᠪᠡᠷᠯᠡᠨ ᠰᠢᠢᠳᠪᠤᠷᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂  ᠠᠶᠢᠯ ᠡᠷᠦᠭᠡ ᠶᠢᠨ ᠵᠣᠷᠯᠣᠩ ᠢ ᠥᠭᠡᠷᠡᠴᠢᠯᠡᠬᠦ ᠵᠡᠷᠭᠡ ᠰᠠᠭᠤᠷᠢ ᠪᠠᠲᠤᠯᠠᠭ᠎ᠠ ᠶᠢᠨ ᠴᠢᠨᠠᠷᠲᠠᠶ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠵᠢᠭᠦᠯᠵᠦ᠂ ᠣᠷᠣᠰᠢᠨ ᠠᠮᠢᠳᠤᠷᠠᠬᠤ ᠳᠤ ᠳᠠᠭᠠᠯᠠᠮᠵᠢᠳᠠᠢ ᠪᠥᠭᠡᠳ ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ ᠵᠣᠬᠢᠶᠠᠨ ᠪᠠᠶᠢᠭᠤᠯᠤᠯᠳᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ  ᠬᠦᠭᠵᠢᠬᠦᠯᠤᠨ ᠮᠠᠨᠳᠤᠭᠤᠯᠬᠤ︾ ᠠᠵᠢᠯᠯᠠᠭ᠎ᠠ ᠲᠠᠢ ᠭᠦᠨᠵᠡᠭᠡᠶ ᠤᠶᠠᠯᠳᠤᠭᠤᠯᠤᠨ᠂ ᠤᠯᠠᠨ ᠬᠡᠯᠪᠡᠷᠢ ᠮᠠᠶ᠋ᠢᠭ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠠᠶᠢᠭᠤᠯᠵᠤ᠂ 158 ᠲᠣᠰᠬᠤᠨ ᠤ ᠬᠠᠮᠲᠤ ᠶᠢᠨ ᠠᠵᠤ ᠠᠬᠤᠶ ᠶᠢᠨ ᠳᠦᠷᠤᠯ ᠵᠤᠶᠢᠯ ᠤᠨ ᠵᠢᠯ ᠤᠨ ᠣᠷᠣᠯᠭ᠎ᠠ ᠶᠢ ᠴᠥᠮ 50 ᠲᠦᠮᠡᠨ ᠲᠥᠭᠦᠷᠢᠭ ᠠᠴᠠ ᠳᠠᠪᠠᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠳᠤᠬᠢᠷᠠᠭᠤᠯᠵᠤ ᠪᠣᠯᠬᠤ ᠣᠷᠣᠯᠭ᠎ᠠ ᠶᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ  ᠤᠷᠤᠭᠤᠯᠵᠤ᠂ ᠲᠠᠷᠢᠶᠠᠴᠢᠳ ᠤᠨ ᠣᠷᠣᠯᠭ᠎ᠠ ᠶᠢ ᠵᠢᠯ ᠳᠤᠮᠳᠠᠴᠢ 2000 ᠲᠥᠭᠦᠷᠢᠭ ᠠᠴᠠ ᠳᠡᠭᠡᠭᠰᠢ ᠨᠡᠮᠡᠭᠳᠡᠬᠦᠯᠵᠤ᠂ ᠠᠵᠤ  ᠤᠶᠢᠯᠡᠰ ᠤᠨ ᠲᠥᠷᠥᠯ ᠵᠤᠶᠢᠯ ᠤᠨ ᠡᠭᠦᠳᠦᠭᠰᠡᠨ ᠣᠷᠣᠯᠭ᠎ᠠ  ᠶᠢ ᠲᠠᠷᠢᠶᠠᠴᠢᠳ ᠤᠨ ᠬᠥᠮᠦᠨ ᠳᠤᠮᠳᠠᠴᠢ ᠳᠤᠬᠢᠷᠠᠭᠤᠯᠵᠤ ᠪᠣᠯᠬᠤ ᠣᠷᠣᠯᠭ᠎ᠠ ᠶᠢᠨ 50% ᠠᠴᠠ ᠳᠡᠭᠡᠭᠰᠢᠬᠢ ᠶᠢ ᠡᠵᠡᠯᠡᠬᠦᠯᠤᠨ᠎ᠠ᠃ ᠴᠢᠨᠠᠷᠯᠢᠭ ᠠᠮᠢᠳᠤᠷᠠᠯ ᠤᠨ ᠣᠷᠣᠰᠢᠨ ᠠᠮᠢᠳᠤᠷᠠᠬᠤ ᠳᠤ ᠲᠣᠬᠢᠷᠠᠮᠵᠢᠲᠠᠶ ᠭᠠᠵᠠᠷ ᠢ ᠪᠠᠶᠢᠭᠤᠯᠵᠤ᠂ ᠪᠠᠷᠠᠭᠤᠨ ᠣᠷᠣᠨ ᠤ ᠲᠡᠷᠢᠭᠦᠨ ᠵᠡᠷᠭᠡ ᠶᠢᠨ ᠣᠳᠣᠬᠢᠴᠢᠯᠠᠭᠰᠠᠨ ᠴᠢᠨᠠᠷᠯᠢᠭ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠤᠯᠤᠰ ᠤᠨ 4A ᠲᠠᠰ ᠤᠨ ᠵᠤᠭᠠᠴᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠪᠠᠷ ᠬᠦᠳᠤᠯᠤᠨ ᠳᠠᠭᠠᠭᠤᠯᠵᠤ᠂ ᠬᠤᠲᠠ ᠶᠢᠨ ᠶᠠᠪᠤᠳᠠᠯ ᠤᠨ  ᠳᠦᠬᠦᠭᠡᠷᠤᠮᠵᠢ᠂ ᠦᠵᠡᠮᠵᠢ ᠶᠢᠨ ᠨᠣᠭᠤᠭᠠᠷᠠᠭᠤᠯᠤᠯᠲᠠ᠂ ᠣᠯᠠᠨ ᠨᠡᠶᠢᠲᠡ ᠶᠢᠨ ᠤᠶᠢᠯᠡᠴᠢᠯᠡᠭᠡ᠂ ᠬᠤᠳᠠᠯᠳᠤᠭᠠᠨ ᠤ ᠢᠵᠢ ᠪᠥᠷᠢᠳᠦᠭᠦᠯᠬᠦ ︽ᠳᠥᠷᠪᠡᠨ ᠶᠡᠭᠡ ᠰᠠᠶᠢᠵᠢᠷᠠᠭᠤᠯᠬᠤ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂  ᠬᠠᠭᠤᠴᠢᠨ ᠣᠷᠣᠨ  ᠰᠠᠭᠤᠴᠠ ᠶᠢᠨ ᠲᠣᠭᠤᠷᠢᠭ᠂ ᠬᠠᠭᠤᠴᠢᠨ  ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠪᠠ ᠲᠠᠬᠠᠷ ᠤᠨ ᠭᠤᠤᠯ ᠤᠨ ᠭᠤᠤᠯ ᠤᠨ ᠵᠠᠮ ᠤᠨ ᠴᠢᠳᠠᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠢᠳᠡᠪᠬᠢᠲᠡᠶ ᠪᠠᠷ ᠠᠬᠢᠭᠤᠯᠵᠤ᠂ ᠰᠢᠤᠸᠠᠢ ᠵᠢᠶᠠ ᠸᠠᠨ ᠪᠠᠯᠭᠠᠰᠤ ᠶᠢ ᠴᠢᠨᠠᠷ ᠰᠠᠶᠢᠲᠠᠶ ᠠᠮᠢ ᠠᠬᠤᠶ ᠶᠢᠨ ᠬᠤᠲᠠ᠂ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃  ᠬᠤᠶᠢᠳᠤ ᠠᠭᠤᠯᠠ ᠶᠢᠨ ᠬᠤᠶᠢᠲᠤ ᠬᠡᠰᠡᠭ ᠤᠨ ᠵᠠᠯᠭᠠᠯᠳᠤᠭᠰᠠᠨ ᠣᠷᠣᠨ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠪᠠᠷ ᠠᠬᠢᠭᠤᠯᠵᠤ᠂ ᠲᠤᠮᠤ ᠬᠤᠳᠠ ᠶᠢᠨ ᠪᠣᠷᠣ ᠲᠥᠯᠥᠪ ᠢ ᠤᠯᠠᠮ ᠨᠢᠭᠡ ᠠᠯᠬᠤᠮ ᠥᠷᠭᠡᠳᠬᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠤᠷᠭᠠᠨ ᠬᠥᠮᠦᠵᠢᠯ᠂ ᠡᠮ ᠡᠮᠨᠡᠯᠭᠡ᠂ ᠬᠤᠳᠠᠯᠳᠤᠭ᠎ᠠ ᠵᠡᠷᠭᠡ ᠳᠡᠭᠡᠳᠦ ᠲᠡᠰ ᠤᠨ ᠡᠬᠢ ᠪᠠᠶᠠᠯᠢᠭ ᠤᠨ ᠴᠤᠭᠯᠠᠷᠠᠯ ᠢ ᠲᠠᠲᠠᠵᠤ᠂ ᠬᠤᠳᠠᠯᠳᠤᠭᠠᠨ ᠤ ᠰᠢᠨ᠎ᠡ ᠬᠡᠪ ᠳᠠᠭᠤᠷᠢᠶᠠᠯ᠂ ᠬᠤᠳᠠ ᠶᠢᠨ ᠰᠢᠨ᠎ᠡ ᠭᠠᠵᠠᠷ ᠤᠨ ᠳᠡᠮᠳᠡᠭᠳᠤ ᠶᠢ ᠪᠦᠳᠦᠭᠡᠨ ᠪᠠᠶᠢᠭᠤᠯᠤᠨ᠎ᠠ᠃ ᠰᠢᠤᠸᠠᠢ ᠵᠢᠶᠠ ᠸᠠᠨ ᠳ᠋ᠡ ᠯᠤ᠋ ᠶᠢᠨ ᠨᠢᠭᠡ ᠴᠤᠭᠴᠠᠵᠢᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠤᠶᠤᠨᠴᠢ ᠵᠠᠮ ᠤᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠬᠠᠶᠢᠮᠢᠶᠠᠨ ᠬᠤᠳᠠ᠂ ᠤᠶᠤᠨᠴᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂  ᠠᠵᠤ ᠦᠢᠯᠡᠰ ᠪᠠ ᠬᠤᠳᠠ ᠠᠭᠤᠰᠤᠯᠴᠠᠭᠰᠠᠨ ᠴᠢᠨᠠᠷ ᠰᠠᠶᠢᠲᠠᠢ ᠣᠷᠣᠨ ᠢ ᠪᠠᠶᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ  ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠨᠢ ᠪᠦᠷᠢᠨ ᠲᠡᠭᠦᠯᠳᠡᠷ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠬᠠᠮᠢᠶᠠᠷᠤᠯᠲᠠ ᠨᠢ ᠡᠮᠬᠢ ᠳᠢᠭᠯᠢᠮ ᠲᠠᠢ ᠤᠨᠴᠠᠯᠢᠭᠳᠤ ᠵᠢᠵᠢᠭ ᠬᠤᠲᠠ ᠪᠠᠯᠭᠠᠰᠤ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠰᠠᠭᠤᠷᠢ  ᠳᠦᠬᠦᠭᠡᠷᠤᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠣᠷᠣᠨ ᠪᠦᠰᠡ ᠶᠢᠨ ᠰᠠᠭᠤᠷᠢ ᠳᠦᠬᠦᠭᠡᠷᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ᠂ ᠴᠠᠬᠢᠯᠭᠠᠨ ᠱᠠᠲᠤ ᠨᠡᠮᠡᠵᠦ ᠤᠭᠰᠠᠷᠠᠬᠤ᠂ ᠪᠠᠶᠢᠭᠠᠯᠢ ᠶᠢᠨ ᠰᠢᠲᠠᠮᠠᠬᠠᠶ ᠬᠡᠶ ᠶᠢ ᠡᠷᠦᠬᠡ ᠳᠤ ᠣᠷᠣᠭᠤᠯᠬᠤ᠂ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠭᠠᠵᠠᠷ ᠢ ᠪᠥᠲᠥᠭᠡᠨ ᠪᠠᠶᠢᠭᠤᠯᠬᠤ ᠪᠠ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠬᠢᠬᠦ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥᠯ  ᠵᠤᠶᠢᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠬᠠᠲᠤᠨ ᠭᠤᠤᠯ ᠳᠠᠭᠠᠤ ᠲᠣᠭᠤᠷᠢᠨ ᠦᠵᠡᠬᠦ ᠵᠠᠰᠠᠮᠠᠯ ᠵᠠᠮ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠨᠠᠷᠠᠰᠤᠨ ᠪᠠᠯᠭᠠᠰᠤᠨ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ᠂ ᠳ᠋ᠠ ᠯᠤ᠋ ᠠᠴᠠ ᠮᠠ ᠵᠠ ᠬᠦᠷᠬᠦ ᠲᠡᠮᠦᠷ ᠵᠠᠮ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠤᠰᠢᠭᠤᠨ ᠤ ᠳᠣᠲᠣᠷᠠᠬᠢ  ᠬᠤᠶᠠᠷ᠂ ᠭᠤᠷᠪᠠᠳᠤᠭᠠᠷ ᠳᠡᠰ ᠤᠨ ᠵᠠᠰᠠᠮᠠᠯ ᠵᠠᠮ ᠪᠠ ᠬᠥᠳᠡᠭᠡ ᠲᠣᠰᠬᠤᠨ ᠤ ᠵᠠᠮ  ᠢ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ ᠪᠦᠰᠡ ᠶᠢᠨ ᠴᠢᠨᠠᠷᠲᠠᠶ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠤᠷ  ᠢ ᠪᠦᠷᠢᠯᠳᠦᠬᠦᠯᠤᠨ᠎ᠠ᠃ ᠤᠰᠤᠨ ᠠᠰᠢᠭᠯᠠᠯᠲᠠ᠂ ᠴᠠᠬᠢᠯᠭᠠᠨ ᠬᠠᠩᠭᠠᠯᠭ᠎ᠠ᠂ ᠰᠢᠨ᠎ᠡ ᠬᠡᠯᠪᠡᠷᠢ ᠶᠢᠨ ᠰᠠᠭᠤᠷᠢ ᠳᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠤᠯ ᠬᠤᠲᠠ ᠲᠣᠭᠤᠷᠢᠭ ᠪᠠ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ 5G ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃     ︵ᠭᠤᠷᠪᠠ︶ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠬᠰᠢᠯᠠᠭᠤᠯᠬᠤ ᠡᠷᠬᠢᠯᠳᠡᠳᠦ ᠬᠥᠭᠵᠢᠯᠲᠡ ᠵᠢᠨ‌‍ᠲ᠋ᠤᠬᠳᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ  ᠳᠤᠭᠤᠰᠢᠯᠠᠭᠤᠯᠤᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ  ᠭᠡᠪᠴᠢᠶ᠎ᠠ ᠂ ᠪᠦᠬᠦ ᠲᠠᠯ᠎ᠠ ᠪᠠᠷ ᠴᠢᠩᠭᠠᠳᠬᠠᠵᠤ᠂ ᠰᠡᠷᠭᠦᠭᠡᠨ ᠵᠠᠰᠠᠬᠤ ᠶᠢ ᠠᠬᠢᠭᠤᠯᠵᠤ᠂ ᠡᠭᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠵᠡᠭᠦᠨᠭᠠᠷ ᠤᠨ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃     ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂         ︽ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ︾᠂ ︽ᠭᠠᠵᠠᠷ  ᠵᠦᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠬᠦᠢᠴᠡᠳ ᠬᠤᠷᠢᠶᠠᠨ ᠴᠤᠬᠯᠠᠭᠤᠯᠵᠤ ᠰᠠᠶᠢᠲᠤᠷ ᠬᠠᠮᠢᠶᠠᠷᠤᠨ ᠬᠡᠷᠡᠭᠯᠡᠵᠦ᠂ ᠨᠡᠭᠦᠷᠡᠰᠦ ᠮᠠᠯᠲᠠᠭᠰᠠᠨ ᠠᠴᠠ ᠪᠣᠯᠵᠣ ᠳᠣᠷᠣᠭᠰᠢ ᠰᠠᠭᠤᠭᠰᠠᠨ ᠣᠷᠣᠨ᠂ ᠳᠠᠬᠢᠨ ᠬᠠᠭᠠᠯᠪᠤᠷᠢᠯᠠᠭᠰᠠᠨ ᠣᠷᠣᠨ᠂ ᠣᠯᠠᠨ ᠨᠡᠶᠢᠲᠡ ᠶᠢᠨ ᠣᠷᠣᠨ ᠪᠦᠰᠡ ᠪᠠ ᠬᠠᠷᠢᠶ᠎ᠠ ᠭᠠᠵᠠᠷ ᠤᠨ ᠰᠢᠶᠠᠩ ᠪᠠᠯᠭᠠᠰᠤ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ ᠂ ᠪᠥᠬᠦ ᠬᠤᠰᠢᠭᠤᠨ ᠤ ᠪᠣᠶ ᠪᠥᠬᠦᠶ ᠠᠭᠤᠷᠬᠠᠶ ᠶᠢ ᠪᠣᠬᠢᠷᠲᠤᠯ ᠥᠬᠡᠶ ᠠᠭᠤᠷᠬᠠᠶ᠂ ᠤᠶᠤᠨᠴᠢ ᠠᠭᠤᠷᠬᠠᠶ ᠪᠣᠯᠭᠠᠨ ᠪᠥᠲᠥᠭᠡᠨ ᠪᠠᠶᠢᠭᠤᠯᠬᠤ ᠶᠢ ᠪᠠᠲᠤᠯᠠᠨ᠎ᠠ᠃ ᠬᠠᠶᠠᠭᠳᠠᠮᠠᠯ ᠠᠭᠤᠷᠬᠠᠶ᠂ ᠥᠮᠴᠢᠲᠡᠨ ᠥᠬᠡᠶ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠠᠬᠢᠭᠤᠯᠬᠤ ᠶᠢ ᠰᠦᠪᠡᠭᠴᠢᠯᠡᠨ᠎ᠡ᠃ ᠠᠭᠤᠷᠬᠠᠶ ᠶᠢᠨ ᠣᠷᠣᠨ ᠤ  ᠦᠵᠡᠮᠵᠢᠳᠤ ᠲᠠᠷᠢᠶᠠᠯᠠᠩ ᠮᠠᠯ ᠠᠵᠤ ᠠᠬᠤᠶ ᠶᠢᠨ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂  ᠰᠡᠯᠡᠬᠦᠴᠡᠯ ᠵᠤᠭᠠᠴᠠᠯ ᠵᠢᠴᠢ ᠠᠵᠤ  ᠤᠶᠢᠯᠡᠳᠪᠤᠷᠢ ᠶᠢᠨ  ᠵᠤᠭᠠᠴᠠᠯ ᠢ ᠨᠢᠭᠡ ᠴᠣᠠᠠᠴᠠᠵᠢᠭᠤᠯᠥᠠᠠᠰᠠᠨ ᠣᠨᠴᠠᠯᠢᠠᠠᠳᠣ ᠠᠵᠤ ᠤᠶᠢᠯᠡᠰ ᠤᠨ ᠵᠠᠭᠪᠤᠷ ᠢ ᠴᠢᠷᠮᠠᠶᠢᠨ ᠪᠦᠷᠢᠯᠳᠦᠬᠦᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠶᠡᠭᠡ ᠬᠡᠪᠴᠢᠶᠡᠨ ᠤ ᠤᠯᠤᠰ ᠤᠨ  ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠳᠠᠯ᠎ᠠ ᠨᠤᠲᠤᠭ ᠤᠨ ᠠᠮᠢ ᠠᠬᠤᠶ ᠶᠢ ᠰᠡᠷᠭᠦᠭᠡᠬᠦ᠂ ᠡᠯᠡᠰᠦ ᠶᠢ ᠬᠠᠰᠢᠵᠤ ᠡᠯᠡᠰᠦ ᠶᠢ ᠵᠠᠰᠠᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠭᠦᠨᠵᠡᠭᠡᠶ ᠠᠬᠢᠭᠤᠯᠵᠤ᠂ ᠨᠣᠭᠤᠭᠠᠷᠠᠭᠤᠯᠤᠯᠲᠠ ᠶᠢᠨ ᠲᠥᠷᠥᠯ ᠵᠤᠶᠢᠯ ᠢ 34 ᠲᠦᠮᠡᠨ ᠮᠥ ᠠᠴᠠ ᠳᠡᠭᠡᠭᠰᠢ ᠬᠡᠷᠡᠭᠵᠢᠭᠦᠯᠦᠨ᠎ᠡ᠃ ᠬᠠᠲᠤᠨ ᠭᠤᠤᠯ ᠤᠨ ᠭᠤᠤᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠤᠨ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠵᠦ᠂ ᠬᠠᠲᠤᠨ ᠭᠤᠤᠯ ᠤᠨ ᠤᠰᠤᠨ ᠴᠣᠭᠴᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ  ᠨᠠᠭᠤᠷ ᠪᠦᠷᠢᠳᠦ  ᠨᠤᠳᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠶ ᠰᠠᠶᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠪᠤᠶ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ  ᠱᠤᠷᠪᠤᠭ ᠤᠰᠤ ᠶᠢ ︽ᠦᠯᠤ ᠭᠠᠳᠠᠭᠰᠢᠯᠠᠭᠤᠯᠬᠤ︾ ᠪᠠ ᠰᠢᠲᠠᠮᠠᠬᠠᠶ ᠬᠡᠶ ᠶᠢᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠵᠤ ᠤᠶᠢᠯᠡᠳᠪᠤᠷᠢ ᠶᠢᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠪᠠ ᠠᠰᠢᠭᠯᠠᠬᠤ ᠶᠢ ᠤᠯᠠᠮ ᠨᠢᠭᠡ ᠠᠯᠬᠤᠮ  ᠳᠦᠷᠢᠮᠵᠢᠬᠦᠯᠵᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠵᠠᠰᠠᠬᠤ ᠶᠢ ᠦᠷᠭᠦᠯᠵᠢᠯᠡᠨ ᠴᠢᠩᠭᠠᠳᠬᠠᠨ᠂ ᠴᠡᠪᠡᠷ ᠡᠨᠧᠷᠭᠢ ᠶᠢᠨ ᠤᠶᠢᠯᠡᠳᠪᠤᠷᠢᠯᠡᠯ ᠪᠠ ᠠᠰᠢᠭᠯᠠᠯᠲᠠ ᠶᠢ ᠥᠷᠭᠡᠨ ᠢᠶᠠᠷ ᠳᠡᠯᠭᠡᠷᠡᠭᠦᠯᠵᠤ᠂ ᠭᠤᠤᠯ ᠨᠠᠭᠤᠷ ᠤᠨ ︽ᠳᠥᠷᠪᠡᠨ  ᠳᠤᠷᠠᠪᠠᠷ︾  ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠪᠠ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠬᠤᠰᠢᠭᠤᠨ ᠤ ᠤᠰᠤ ᠪᠠ ᠬᠥᠷᠥᠰᠥ ᠰᠢᠷᠣᠶ ᠶᠢᠨ ᠠᠮᠢ ᠠᠬᠤᠶ  ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠭᠠᠷ ᠤᠨ ᠴᠢᠨᠠᠷ ᠤᠨ ᠰᠢᠯᠢᠳᠡᠭ ᠨᠣᠷᠮ᠎ᠠ ᠶᠢ 90% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠪᠣᠬᠢᠷᠲᠤᠯ ᠥᠬᠡᠶ ᠬᠥᠭᠵᠢᠯᠲᠡ ᠶᠢᠨ ᠳᠤᠬᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ︽ᠡᠨᠧᠷᠭᠢ ᠶᠢᠨ ᠬᠤᠷᠣᠭᠳᠠᠯ ᠤᠨ  ᠬᠤᠤᠰ ᠡᠵᠡᠮᠳᠡᠯ︾ ᠤᠨ ᠡᠭᠦᠷᠭᠡ ᠶᠢ ᠡᠷᠡᠰ ᠪᠡᠶᠡᠯᠡᠭᠦᠯᠵᠦ᠂ ︽ᠬᠤᠶᠠᠷ ᠥᠨᠳᠥᠷ︾ ᠲᠥᠷᠥᠯ  ᠵᠤᠶᠢᠯ ᠢ ᠰᠣᠬᠤᠷ ᠪᠠᠯᠠᠶ ᠪᠠᠷ ᠬᠥᠭᠵᠢᠬᠦᠯᠬᠦ ᠶᠢ ᠬᠤᠷᠢᠭᠯᠠᠨ᠎ᠠ᠃ ᠬᠦᠷᠢᠶᠡᠯᠡᠩ ᠲᠣᠭᠤᠷᠢᠭ ᠤᠨ  ᠰᠠᠶᠢᠨ ᠤᠷᠴᠢᠯ ᠲᠠᠢ ᠪᠤᠯᠭᠠᠬᠤ ᠥᠭᠡᠷᠡᠴᠢᠯᠡᠯᠲᠡ ᠶᠢᠨ ᠲᠤᠷᠰᠢᠯᠲᠠ ᠶᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠤᠶᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠳᠡᠮᠵᠢᠵᠦ᠂  ᠱᠧᠨ ᠬᠤᠸᠠ ᠶᠢᠨ 30 ᠲᠦᠮᠡᠨ ᠲᠣᠨ ᠤ ᠬᠥᠩᠭᠡᠨᠴᠠᠭᠠᠨ ᠤ ᠢᠰᠦᠯ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠠᠲᠤᠨ ᠭᠤᠣᠯ ᠤᠨ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ ᠬᠠᠲᠤᠨ ᠭᠤᠣᠯ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠠᠲᠤᠨ ᠭᠤᠤᠯ ᠤᠨ ᠳᠤᠮᠤ ᠬᠠᠪᠴᠢᠯ᠂ ᠬᠠᠲᠤᠨ ᠭᠤᠤᠯ ᠤᠨ ᠶᠡᠭᠡ ᠡᠯᠡᠰᠦᠨ ᠴᠥᠯ᠂ ᠭᠠᠶᠢᠬᠠᠮᠰᠢᠭᠲᠤ ᠲᠣᠮᠣ ᠨᠠᠷᠠᠰᠤᠨ ᠮᠣᠳᠣ︾ ᠶᠢᠨ ᠵᠤᠭᠠᠴᠠᠯ ᠤᠨ ᠨᠠᠷᠠᠲᠤ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠥᠬᠦ  ᠤᠷᠤᠨ ᠪᠦᠰᠡ ᠶᠢᠨ  ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠡᠭᠦᠳᠦᠨ ᠪᠠᠶᠢᠭᠤᠯᠵᠤ᠂ ᠪᠥᠬᠦ ᠬᠤᠰᠢᠭᠤᠨ ᠤ ᠵᠤᠭᠠᠴᠠᠬᠰᠠᠳ  ᠢ ᠭᠥᠯᠢᠶᠡᠨ ᠠᠪᠬᠤ ᠬᠡᠮᠵᠢᠶ᠎ᠡ ᠪᠠ ᠵᠤᠭᠠᠴᠠᠯ ᠤᠨ ᠣᠷᠣᠯᠭ᠎ᠠ ᠶᠢ ᠵᠢᠯ  ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠦᠨ᠎ᠡ᠃    ︵ᠳᠥᠷᠪᠡ︶ ᠪᠥᠬᠦ ᠣᠷᠣᠨ ᠤ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠥᠯᠢᠭᠡᠷ ᠳᠠᠭᠤᠷᠢᠶᠠᠯᠳᠤ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ  ᠪᠤᠶᠠᠨ ᠭᠡᠰᠢᠭ ᠢ ᠪᠥᠬᠦ ᠲᠠᠯ᠎ᠠ ᠪᠠᠷ ᠪᠠᠲᠤᠯᠠᠨ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠬᠦᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠦᠨ᠎ᠡ᠃     ᠡᠯ᠎ᠡ ᠳᠦᠷᠤᠯ ᠤᠨ ᠨᠡᠶᠢᠭᠡᠮ ᠤᠨ ᠤᠶᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠵᠦ᠂ ᠰᠤᠷᠭᠠᠨ ᠬᠥᠮᠦᠵᠢᠯ ᠤᠨ ᠣᠳᠣᠬᠢᠴᠢᠯᠠᠬᠰᠠᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠠᠷᠭ᠎ᠠ ᠬᠡᠮᠵᠢᠶ᠎ᠡ ᠪᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠡᠰᠢᠲᠦ ᠤᠨᠴᠠᠯᠢᠭᠳᠤ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ᠂ ᠣᠨᠴᠠᠭᠠᠶ ᠰᠤᠷᠭᠠᠨ ᠬᠥᠮᠦᠵᠢᠯ ᠤᠨ ᠠᠭᠤᠰᠤᠯᠴᠠᠬᠰᠠᠨ ᠬᠥᠭᠵᠢᠯᠳᠡ ᠶᠢ ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠤᠶᠢᠯᠡᠴᠢᠯᠡᠭᠡᠨ ᠤ ᠳᠤᠬᠳᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠡᠷᠡᠭᠦᠯ ᠡᠩᠬᠡ  ᠵᠡᠭᠦᠨᠭᠠᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠪᠠᠶᠢᠩᠭᠤᠵᠢᠭᠤᠯᠵᠤ᠂ ᠬᠤᠰᠢᠭᠤᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠤᠯᠤᠰ ᠤᠨ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ ᠶᠢ ᠪᠣᠶ ᠪᠣᠯᠭᠠᠵᠤ᠂ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠬᠤ ᠪᠠ ᠤᠶᠢᠯᠡᠳᠤᠯᠭᠡᠵᠢᠬᠦᠯᠬᠦ ᠶᠢ ᠪᠠᠷᠢᠮᠲᠠᠯᠠᠨ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ  ᠳᠤᠬᠳᠠᠯᠴᠠᠭ᠎ᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠤᠯᠠᠭᠠᠨᠮᠥ᠋ᠴᠢᠷ ᠤᠨ  ᠤᠶᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠬᠦ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠤᠳᠤᠯᠬᠢᠯᠠᠬᠤ ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠢ ᠶᠢᠨ ᠨᠡᠮᠡᠭᠳᠡᠯ  ᠳᠠᠬᠢ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠳᠠᠨ᠂ ᠬᠤᠲᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠥᠮᠦᠰ᠂ ᠬᠥᠳᠡᠭᠡ ᠲᠣᠰᠬᠤᠨ ᠠᠴᠠ  ᠰᠢᠯᠵᠢᠨ ᠭᠠᠷᠤᠬᠰᠠᠨ ᠬᠥᠳᠡᠯᠮᠦᠷᠢ ᠬᠦᠴᠦᠨ ᠪᠠ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ  ᠬᠦᠮᠤᠰ ᠲᠤ ᠠᠵᠢᠯ ᠣᠯᠭᠤᠬᠤ ᠠᠵᠢᠯ ᠢ ᠲᠤᠪᠤᠶᠢᠯᠭᠠᠨ ᠰᠠᠶᠢᠲᠤᠷ ᠬᠢᠵᠦ᠂ ᠪᠠᠭ᠎ᠠ ᠲᠣᠭᠠᠨ ᠤ ᠵᠢᠭᠡᠯᠡᠯᠭᠡ᠂ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠬᠤ ᠵᠡᠷᠭᠡ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠠᠵᠢᠯ ᠲᠠᠢ ᠬᠦᠮᠤᠨ ᠦᠭᠡᠢ ᠭᠡᠷ ᠪᠦᠯᠢ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠠᠷᠢᠯᠭᠠᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠨ᠎ᠠ᠃ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ  ᠳᠤᠬᠳᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠣᠷᠣᠯᠭ᠎ᠠ ᠪᠠᠭ᠎ᠠ ᠬᠥᠮᠦᠰ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠡᠷᠭᠡ ᠭᠤᠣᠯᠳᠠᠯᠭ᠎ᠠ ᠲᠠᠢ ᠬᠦᠮᠤᠰ ᠢ ᠦᠷᠭᠦᠯᠵᠢᠯᠡᠨ ᠠᠩᠬᠠᠷᠴᠤ᠂ ᠨᠡᠶᠢᠭᠡᠮ ᠤᠨ ᠠᠪᠤᠷᠠᠨ ᠲᠤᠰᠠᠯᠠᠬᠤ  ᠳᠤᠬᠳᠠᠯᠴᠠᠭ᠎ᠠ ᠶᠢ ᠲᠡᠭᠦᠯᠳᠡᠷᠵᠢᠭᠦᠯᠦᠨ᠂ ᠪᠦᠬᠦ ᠲᠠᠯ᠎ᠠ ᠪᠠᠷ ᠪᠠᠲᠤᠯᠠᠬᠤ ᠪᠠᠲᠤᠯᠠᠭ᠎ᠠ ᠶᠢᠨ ᠲᠣᠣᠷ ᠢ ᠨᠢᠭᠲᠠ ᠪᠠᠬᠢᠵᠢᠭᠦᠯᠦᠨ᠎ᠡ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠᠷ ᠲᠦᠰᠢᠭ ᠪᠣᠯᠭᠠᠭᠰᠠᠨ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠭᠡ ᠪᠠ ᠰᠤᠪᠢᠯᠠᠯᠳᠠ ᠶᠢ ᠤᠶᠠᠯᠳᠤᠭᠤᠯᠤᠭᠰᠠᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ ᠢᠳᠡᠪᠬᠢᠲᠡᠶ  ᠪᠠᠶᠢᠭᠤᠯᠤᠨ᠎ᠠ᠃     ︵ᠲᠠᠪᠤ︶ ᠪᠥᠬᠦ ᠣᠷᠣᠨ ᠤ ᠨᠡᠶᠢᠭᠡᠮ ᠤᠨ ᠵᠠᠰᠠᠯᠲᠠ ᠶᠢᠨ ᠬᠡᠪ ᠳᠠᠭᠤᠷᠢᠶᠠᠯ  ᠦᠵᠡᠬᠦᠯᠬᠦ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠵᠠᠰᠠᠯᠲᠠ ᠶᠢᠨ ᠳᠤᠬᠳᠠᠯᠴᠠᠭ᠎ᠠ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ  ᠢ ᠴᠢᠩᠭᠠᠳᠬᠠᠨ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ  ᠨᠦᠯᠦᠭᠡᠯᠡᠯᠴᠡᠯ ᠢ ᠠᠬᠢᠭᠤᠯᠵᠤ᠂ ᠡᠶ᠎ᠡ ᠵᠣᠬᠢᠴᠠᠩᠭᠤᠢ  ᠠᠮᠤᠷ ᠲᠣᠭᠲᠠᠭᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠴᠢᠨ  ᠠᠬᠤᠢ ᠶᠢ ᠪᠤᠢ ᠪᠣᠯᠭᠠᠨ᠎ᠠ᠃     ᠠᠮᠤᠷ ᠲᠦᠪᠰᠢᠨ ᠬᠥᠭᠵᠢᠯᠳᠡ ᠶᠢᠨ ᠤᠶᠢᠯᠠᠭᠠᠬᠳᠠᠬᠤᠨ  ᠢ ᠪᠠᠲᠤ ᠪᠠᠬᠢ ᠪᠣᠶ ᠪᠣᠯᠭᠠᠵᠤ᠂  ᠠᠶᠤᠯᠬᠦᠢ  ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠶᠢᠯᠡᠳᠪᠤᠷᠢᠯᠡᠯ ᠤᠨ ᠠᠮᠤᠷ ᠲᠦᠪᠰᠢᠨ᠂ ᠢᠳᠡᠭᠡᠨ ᠤ ᠪᠠ ᠡᠮ ᠤᠨ  ᠵᠤᠶᠢᠯ ᠤᠨ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠪᠠ ᠭᠡᠨᠡᠳᠲᠡ ᠶᠢᠨ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ  ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠤᠬᠳᠠᠯᠴᠠᠭ᠎ᠠ ᠶᠢ ᠪᠦᠷᠢᠨᠰᠢᠬᠦᠯᠤᠨ ᠳᠡᠬᠦᠯᠳᠡᠷᠵᠢᠬᠦᠯᠤᠨ᠎ᠠ᠃ ᠲᠣᠭᠲᠠᠭᠤᠨ ᠢᠶᠠᠷ ᠨᠡᠮᠡᠭᠳᠡᠭᠦᠯᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠬᠠᠷᠢᠴᠠᠭ᠎ᠠ ᠶᠢ ᠰᠠᠶᠢᠲᠤᠷ ᠲᠡᠩᠴᠡᠭᠦᠷᠢᠰᠢᠭᠦᠯᠵᠦ᠂ ᠡᠯ᠎ᠡ ᠠᠵᠢᠯ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠩ ᠠᠮᠤᠷ ᠲᠦᠪᠰᠢᠨ᠂ ᠨᠡᠩ ᠦᠷᠭᠦᠯᠵᠢᠯᠡᠬᠦᠶᠢᠴᠡ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠳᠤᠬᠳᠠᠯᠴᠠᠭ᠎ᠠ ᠶᠢ ᠪᠥᠬᠦ ᠬᠦᠴᠦᠨ ᠢᠶᠠᠷ ᠢᠶᠠᠨ  ᠰᠢᠨᠡᠴᠢᠯᠡᠵᠤ᠂ ᠵᠦᠷᠢᠴᠡᠯ ᠵᠢᠭᠤᠷᠠᠯᠳᠤᠭᠠᠨ ᠢ ᠪᠠᠶᠢᠴᠠᠭᠠᠵᠤ ᠡᠶᠡᠳᠡᠬᠦᠯᠬᠦ ᠡᠷᠴᠢᠮ  ᠢ ᠴᠢᠩᠭᠠᠷᠠᠭᠤᠯᠤᠨ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠤᠷᠢᠯᠡᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠤᠨ᠂ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠠᠮᠤᠭᠤᠯᠠᠩ ᠵᠡᠭᠦᠨᠭᠠᠷ︾ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠳᠡᠭᠡᠭᠰᠢᠯᠡᠭᠦᠯᠬᠦ᠂ ᠠᠭᠤᠷᠬᠠᠶ ᠶᠢᠨ ᠣᠷᠣᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠢᠮᠠᠭᠲᠠ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠤᠯᠭᠠᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠬᠤ᠂ ᠬᠢᠨᠠᠨ ᠪᠤᠳᠤᠵᠤ ᠱᠠᠯᠠᠪᠳᠠᠭᠤᠯᠤᠨ ᠪᠠᠶᠢᠴᠠᠭᠠᠬᠤ ᠵᠡᠷᠭᠡ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠦᠷ᠎ᠡ ᠪᠦᠲᠦᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ  ᠠᠬᠢᠭᠤᠯᠤᠨ᠎ᠠ᠃     ᠲᠥᠯᠥᠭᠡᠯᠡᠭᠴᠢᠳ ᠡ᠂ ᠳᠡᠭᠡᠷᠡᠬᠢ ︽ᠲᠠᠪᠤᠨ ᠬᠠᠷᠠᠯᠲᠠ︾᠂ ︽ᠲᠠᠪᠤᠨ ᠪᠥᠬᠦ ᠲᠠᠯ᠎ᠠ︾ ᠨᠢ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠡᠭᠦᠨᠭᠠᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠢᠯᠡᠷᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠦᠰᠡᠨ ᠡᠷᠡᠮᠡᠯᠵᠡᠵᠦ ᠪᠠᠶᠢᠭ᠎ᠠ ᠬᠠᠮᠲᠤ ᠶᠢᠨ ᠬᠦᠰᠡᠯ  ᠱᠠᠭᠠᠷᠳᠠᠯᠭ᠎ᠠ ᠶᠢ ᠠᠴᠢᠶᠠᠯᠠᠨ᠂ ᠵᠡᠭᠦᠨᠭᠠᠷ ᠤᠨ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠶ ᠶᠢ ᠬᠠᠷᠠᠭᠤᠯᠵᠤ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠲᠠᠶᠠᠭᠠᠷ ᠢᠶᠠᠨ ᠪᠦᠯᠬᠦᠮᠳᠡᠨ ᠨᠢᠭᠲᠠᠷᠠᠵᠤ᠂ ᠡᠷᠡᠮᠡᠬᠡᠶᠢᠯᠡᠨ ᠤᠷᠤᠭᠰᠢᠯᠠᠵᠤ᠂ ᠵᠠᠮ ᠨᠡᠭᠡᠭᠡᠨ ᠤᠷᠤᠭᠰᠢᠯᠠᠳᠠᠭ ᠯᠠ ᠶᠤᠮ ᠪᠤᠯ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠰᠢᠨ᠎ᠡ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠳᠡᠯᠭᠡᠨ ᠦᠵᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠶ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕          ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ     ᠡᠨᠡ ᠵᠢᠯ ᠪᠣᠯ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢᠶᠠᠨ ᠡᠬᠢᠯᠡᠨ ᠪᠠᠶᠢᠷᠢᠯᠠᠭᠤᠯᠵᠤ᠂  ᠬᠠᠷᠢᠭᠤᠴᠠᠯᠭ᠎ᠠ ᠡᠬᠦᠷᠭᠡᠯᠡᠨ ᠠᠵᠢᠯᠯᠠᠬᠤ ᠡᠬᠢᠯᠡᠯᠲᠡ ᠶᠢᠨ ᠵᠢᠯ ᠮᠥᠨ᠃ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 8% ᠣᠷᠴᠢᠮ ᠢᠶᠠᠷ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 25% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ  ᠤ ᠵᠦᠢᠯ ᠢ ᠵᠢᠵᠢᠭᠯᠡᠨ  ᠪᠤᠷᠤᠯᠠᠭᠤᠯᠬᠤ  ᠪᠦᠬᠦ ᠲᠤᠭ᠎ᠠ ᠶᠢ 10% ᠣᠷᠴᠢᠮ ᠢᠶᠠᠷ ᠨᠡᠮᠡᠭᠳᠡᠭᠦᠯᠦᠨ᠂ ᠡᠩ  ᠤᠨ ᠤᠯᠠᠨ ᠨᠡᠶᠢᠲᠡ ᠶᠢᠨ ᠲᠥᠰᠦᠪ  ᠤᠨ ᠣᠷᠣᠯᠭ᠎ᠠ ᠶᠢ 3% ᠣᠷᠴᠢᠮ ᠢᠶᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ  ᠳᠤᠬᠢᠷᠠᠭᠤᠯᠵᠤ ᠪᠣᠯᠬᠤ ᠣᠷᠣᠯᠭ᠎ᠠ ᠶᠢᠨ ᠨᠡᠮᠡᠭᠳᠡᠯ  ᠤᠨ ᠬᠤᠷᠳᠤᠴᠠ ᠶᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠨ᠂ ᠬᠤᠳᠠ ᠪᠠᠯᠭᠠᠰᠤᠨ  ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.5% ᠶᠢᠨ ᠳᠣᠲᠣᠷ᠎ᠠ ᠬᠢᠵᠠᠭᠠᠷᠯᠠᠵᠤ ᠂ ᠭᠤᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃     ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃     ︵ᠨᠢᠭᠡ︶ ᠬᠥᠳᠡᠯᠭᠡᠬᠦ ᠬᠦᠴᠦᠨ ᠨᠡᠩ ᠲᠡᠭᠦᠯᠳᠡᠷ ᠠᠮᠢᠵᠢᠷᠠᠯ ᠪᠢᠯᠬᠠᠬᠰᠠᠨ ᠵᠡᠭᠦᠨᠭᠠᠷ ᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ     ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠯᠭᠠᠭᠤᠷᠢᠯᠠᠯ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠯᠠ ᠮᠥᠩᠭᠦ ᠶᠢ 1 ᠳ᠋ᠦᠩᠰᠢᠭᠤᠷ ᠲᠥᠭᠦᠷᠢᠭ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠯᠠ ᠮᠥᠩᠭᠦ ᠶᠢ 700 ᠲᠦᠮᠡᠨ ᠲᠥᠭᠦᠷᠢᠭ ᠳᠣᠭᠢᠷᠠᠭᠤᠯᠤᠨ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠦᠨ ᠠᠳᠠᠯ  ᠤᠶᠢᠯᠡᠰ ᠴᠣᠭᠴᠠᠯᠠᠬᠤ ᠶᠢ ᠳᠡᠮᠵᠢᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠤᠷ ᠮᠣᠩᠭᠤᠯ ᠢᠶᠠᠨ ᠬᠥᠭᠵᠢᠭᠦᠯᠬᠦ ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠵᠢᠤ ᠲᠠᠢ ᠶᠢᠨ ᠦᠨᠦᠷᠲᠦ ᠨᠡᠭᠦᠷᠦᠭᠴᠢ ᠶᠢᠨ ᠲᠤᠷᠰᠢᠯᠲᠠ ᠵᠡᠷᠭᠡ 4 ᠲᠥᠷᠥᠯ ᠵᠤᠶᠢᠯ ᠤᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠠᠵᠤ  ᠤᠶᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠲᠣᠭᠤᠷᠢᠨ ᠳᠤ᠂ ᠵᠢᠤ ᠲᠠᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠯᠡᠮᠡᠯ ᠲᠣᠰᠣ ᠵᠡᠷᠭᠡ ᠰᠢᠨ᠎ᠡ ᠮᠠᠲ᠋ᠧᠷᠢᠶᠠᠯ ᠪᠠ ᠨᠡᠭᠦᠷᠡᠰᠦ ᠶᠢ ᠥᠨᠳᠥᠷ ᠪᠦᠲᠦᠮᠵᠢᠲᠡᠶ ᠪᠠᠷ ᠤᠯᠠᠷᠢᠭᠤᠯᠤᠨ ᠬᠤᠪᠢᠷᠠᠭᠤᠯᠬᠤ᠂ ᠣᠷᠭᠠᠨᠢᠭ ᠪᠤᠰᠤ ᠲᠡᠮᠦᠷᠯᠢᠭ ᠪᠤᠰᠤ᠂  ᠳᠤᠨᠤᠭᠯᠠᠯ ᠤᠶᠢᠯᠡᠳᠬᠦ ᠠᠵᠤ  ᠤᠶᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ ᠴᠢᠨᠠᠷ ᠰᠠᠶᠢᠲᠠᠶ ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠴᠢᠬᠤᠯᠠ ᠶᠡᠭᠡ ᠲᠤᠰᠬᠠᠶ ᠵᠤᠶᠢᠯ ᠪᠠ  ᠤᠶᠢᠯᠡᠳᠪᠤᠷᠢᠯᠡᠯ  ᠵᠢᠭᠠᠨ ᠰᠤᠷᠭᠠᠯᠳᠠ ᠰᠤᠳᠤᠯᠭᠠᠨ ᠤ ᠬᠠᠮᠲᠤᠷᠠᠯᠴᠠᠭᠠᠨ ᠤ ᠲᠥᠷᠥᠯ ᠵᠤᠶᠢᠯ ᠢ 15 ᠠᠴᠠ ᠳᠡᠭᠡᠭᠰᠢ ᠶᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 8 ᠠᠴᠠ ᠳᠡᠭᠡᠭᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 5 ᠠᠴᠠ ᠳᠡᠭᠡᠭᠰᠢ ᠶᠢ ᠪᠤᠶᠢᠵᠢᠭᠤᠯᠤᠨ ᠬᠥᠭᠵᠢᠭᠦᠯᠵᠦ᠂ ᠪᠥᠬᠦ ᠣᠷᠣᠨ ᠤ ᠲᠡᠷᠢᠭᠦᠨ ᠤ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠥᠲᠥᠯᠥᠨ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠲᠥᠪᠯᠡᠷᠡᠭᠦᠯᠦᠨ ᠰᠠᠶᠢᠲᠤᠷ ᠬᠡᠷᠡᠭᠯᠡᠨ᠎ᠡ᠃     ᠪᠦᠲᠦᠮᠵᠢᠲᠡᠶ ᠪᠡᠯᠡ ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠨ᠎ᠡ᠃ ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠰᠠᠨ ᠶᠠᠪᠤᠳᠠᠯ ᠮᠦᠨ᠂  ᠳᠤᠬᠳᠠᠭᠤᠨ ᠢᠶᠠᠷ ᠨᠡᠮᠡᠭᠳᠡᠬᠦᠯᠬᠦ ᠳᠤ ᠡᠷᠬᠡᠪᠰᠢ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠤᠢᠢᠯᠠᠭᠠᠭᠳᠠᠬᠤᠨ ᠢ ᠪᠠᠷᠢᠮᠲᠠᠯᠠᠵᠤ᠂ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ 193 ᠬᠡᠷᠡᠭᠵᠢᠭᠦᠯᠵᠦ᠂ ᠰᠢᠩ ᠶᠠᠩ ᠳᠡᠭᠡᠳᠦ ᠰᠢᠨ᠎ᠡ ᠮᠡᠷᠭᠡᠵᠢᠯ ᠤᠨ ᠴᠠᠬᠢᠭᠤᠷ ᠤᠨ ᠰᠠᠭᠤᠷᠢ ᠮᠠᠲ᠋ᠧᠷᠢᠶᠠᠯ ᠤᠶᠢᠯᠡᠳᠪᠤᠷᠢᠯᠡᠬᠦ ᠵᠡᠷᠭᠡ 159 ᠰᠢᠨ᠎ᠡ ᠪᠠᠷ ᠪᠠᠶᠢᠭᠤᠯᠬᠤ ᠲᠦᠷᠦᠯ ᠵᠦᠢᠯ ᠪᠠ ᠤᠯᠤᠰ ᠤᠨ ᠴᠠᠬᠢᠯᠭᠠᠨ ᠬᠦᠴᠦᠨ ᠤ ᠴᠠᠩ ᠲᠠᠨ ᠤ ᠴᠠᠬᠢᠯᠭᠠᠨ ᠦᠢᠯᠡᠳᠪᠦᠷᠢ ᠪᠠᠶᠢᠭᠤᠯᠬᠤ ᠵᠡᠷᠭᠡ 34 ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠢ ᠨᠧᠩ ᠤᠨ ᠴᠠᠩ ᠲᠠᠨ ᠤ ᠴᠠᠬᠢᠯᠭᠠᠨ ᠦᠢᠯᠡᠳᠪᠦᠷᠢ ᠵᠡᠷᠭᠡ 57 ᠲᠦᠷᠦᠯ ᠵᠦᠢᠯ ᠢ ᠪᠦᠳᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 150 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠳᠡᠭᠡᠳᠦ ᠱᠠᠲᠤᠨ ᠤ ᠪᠠᠯᠠ ᠮᠥᠩᠭᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠬᠤᠪᠢᠳᠠᠨ ᠣᠯᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳᠠᠶᠢᠴᠢᠯᠠᠬᠤ  ᠤᠶᠢᠯᠡᠳᠤᠯ ᠢ ᠪᠠᠳᠠᠷᠠᠭᠤᠯᠤᠨ᠂ ᠠᠷᠠᠳ ᠤᠨ ᠪᠠᠯᠠ ᠣᠷᠣᠭᠤᠯᠤᠯᠲᠠ ᠶᠢ 80 ᠳ᠋ᠦᠩᠰᠢᠭᠤᠷ ᠲᠥᠭᠦᠷᠢᠭ   ᠠᠴᠠ ᠳᠠᠪᠠᠭᠤᠯᠤᠨ᠎ᠠ᠃ ᠲᠥᠷᠥᠯ ᠵᠤᠶᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠤᠶᠢᠯᠡᠴᠢᠯᠡᠭᠡ ᠶᠢ ᠳᠡᠭᠡᠭᠰᠢᠯᠡᠭᠦᠯᠦᠨ᠂ ᠳᠠᠪᠠᠭᠤᠯᠢᠭ ᠣᠨᠴᠠᠯᠢᠭ ᠲᠤ ᠰᠠᠭᠤᠷᠢᠯᠠᠨ ᠥᠨᠳᠥᠷ ᠦᠷ᠎ᠡ ᠪᠦᠲᠦᠮᠵᠢᠲᠡᠶ ᠪᠠᠷ ᠠᠷᠠᠯᠵᠢᠶᠠᠴᠢᠨ ᠤᠷᠢᠬᠤ ᠶᠢ ᠭᠤᠤᠯᠳᠠᠯᠭ᠎ᠠ ᠲᠠᠢ ᠠᠳᠬᠤᠵᠤ᠂ ᠠᠵᠤ  ᠤᠶᠢᠯᠡᠰ ᠤᠨ ᠬᠡᠯᠬᠢᠶᠡᠵᠢᠯ  ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂  ᠭᠡᠯᠡᠯᠴᠡᠭᠡᠷ ᠳᠤᠬᠳᠠᠵᠤ 1774 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠶᠢ ᠪᠠᠲᠤᠯᠠᠨ᠎ᠠ᠃     ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠳᠠᠯᠪᠢᠬᠤ ᠬᠠᠮᠢᠶᠠᠷᠬᠤ  ᠤᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ  ᠵᠤᠶᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠲᠥᠷᠥᠯ ᠵᠤᠶᠢᠯ ᠲᠣᠭᠲᠠᠭᠠᠬᠤ ᠠᠴᠠ ᠠᠵᠢᠯ ᠳᠠᠭᠤᠰᠤᠭᠰᠠᠨ ᠢ ᠰᠢᠯᠭᠠᠨ ᠬᠤᠷᠢᠶᠠᠬᠤ ᠬᠦᠷᠲᠡᠯᠡᠬᠢ ᠶᠢ 80 ᠠᠵᠢᠯᠯᠠᠬᠤ ᠡᠳᠦᠷ ᠲᠤ  ᠬᠦᠢᠴᠡᠳᠭᠡᠵᠤ ᠳᠠᠭᠤᠰᠬᠠᠬᠤ ᠶᠢ ᠦᠨᠡᠨ ᠬᠦ ᠪᠠᠲᠤᠯᠠᠨ᠎ᠠ᠃ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ  ᠳᠤᠬᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ  ᠶᠠᠪᠤᠴᠠ ᠶᠢ  ᠳᠠᠬᠢᠨ  ᠵᠤᠬᠢᠶᠠᠬᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠠᠬᠢᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ᠂ ᠨᠢᠭᠤᠷᠳᠠᠨ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠬᠦ︾ ᠶᠢ ᠭᠦᠨᠵᠡᠭᠡᠶ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ  ᠤᠴᠢᠷ ᠶᠠᠪᠤᠳᠠᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ  ᠬᠦᠢᠴᠡᠳᠭᠡᠬᠦ ᠨᠣᠷᠮ᠎ᠠ ᠶᠢ 80% ᠠᠴᠠ ᠳᠡᠭᠡᠭᠰᠢ ᠳᠤ  ᠬᠦᠷᠭᠡᠨ᠎ᠠ᠃ ᠡᠯ᠎ᠡ ᠲᠥᠷᠥᠯ ᠤᠨ ᠭᠠᠶᠢᠯᠢ ᠶᠢ ᠭᠦᠩᠭᠡᠷᠡᠬᠦᠯᠵᠤ ᠰᠤᠶᠢᠳᠭᠡᠯ ᠢ ᠪᠠᠭᠤᠷᠠᠭᠤᠯᠬᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠣᠶᠤᠨᠴᠢ ᠮᠥᠩᠭᠦᠨ  ᠬᠦᠢᠯᠭᠡᠭᠡᠨ ᠤ ᠤᠶᠢᠯᠡᠴᠢᠯᠡᠭᠡᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠶ ᠶᠢᠨ ᠪᠠᠯᠠ ᠴᠤᠬᠯᠠᠭᠤᠯᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠴᠤᠬᠯᠠᠭᠤᠯᠬᠤ ᠨᠡᠮᠡᠭᠳᠡᠯ ᠤᠨ ᠬᠡᠮᠵᠢᠶ᠎ᠡ᠂ ᠬᠡᠪᠴᠢᠶ᠎ᠡ ᠶᠢ ᠥᠷᠭᠡᠳᠬᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ 12% ᠠᠴᠠ ᠳᠠᠪᠠᠭᠤᠯᠤᠨ᠎ᠠ᠃ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠵᠢᠦ ᠲᠠᠢ ᠶᠢᠨ ᠡᠨᠧᠷᠭᠢ ᠵᠡᠷᠭᠡ ᠠᠵᠤ ᠠᠬᠤᠶᠢᠯᠠᠯ  ᠢ ᠵᠠᠬ᠎ᠠ ᠳᠡᠯᠭᠡᠭᠦᠷ ᠲᠤ  ᠭᠠᠷᠭᠠᠬᠤ ᠶᠢ ᠪᠥᠬᠦ ᠬᠦᠴᠤᠨ ᠢᠶᠠᠷ ᠢᠶᠠᠨ ᠠᠬᠢᠭᠤᠯᠤᠨ᠎ᠠ᠃ ᠵᠠᠰᠠᠭ ᠠᠵᠤ ᠠᠬᠤᠶᠢᠯᠠᠯ ᠤᠨ ᠰᠠᠶᠢᠨ ᠴᠢᠨᠠᠷ ᠤᠨ ᠬᠠᠷᠢᠯᠴᠠᠨ  ᠨᠦᠯᠦᠭᠡᠯᠡᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠠᠰᠠᠭ ᠤᠨ ᠣᠷᠳᠣᠨ ᠤ ᠠᠮᠠᠯᠠᠯᠲᠠ ᠪᠠᠨ ᠡᠷᠡᠰ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠥᠪ ᠭᠤᠤᠯᠴᠢ᠂ ᠡᠷᠬᠡ ᠲᠡᠭᠰᠢ᠂ ᠠᠮᠤᠷ ᠲᠦᠪᠰᠢᠨ᠂ ᠵᠢᠱᠢᠵᠦ ᠪᠣᠯᠬᠤᠶᠢᠴᠠ ᠣᠷᠴᠢᠨ ᠠᠬᠤᠢ ᠶᠢᠨ ᠪᠠᠲᠤᠯᠠᠭ᠎ᠠ ᠶᠢ ᠬᠠᠩᠭᠠᠵᠤ᠂ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ  ᠠᠬᠤᠢ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ  ᠡᠬᠦᠳᠤᠨ᠎ᠠ᠃     ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠴᠢᠬᠤᠯᠠ ᠶᠡᠭᠡ ᠥᠭᠡᠷᠡᠴᠢᠯᠡᠯᠲᠡ ᠶᠢᠨ  ᠤᠴᠢᠷ ᠶᠠᠪᠤᠳᠠᠯ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠪᠴᠢᠯᠡᠨ ᠠᠬᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠴᠢᠩᠭᠠᠳᠬᠠᠨ᠂ ᠡᠨᠧᠷᠭᠢ ᠶᠢᠨ ᠰᠤᠷᠪᠤᠯᠵᠢ᠂ ᠭᠠᠵᠠᠷ ᠰᠢᠷᠣᠶ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠶᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠡᠳ᠋ ᠤᠨ ᠵᠠᠰᠠᠭ ᠭᠠᠶᠢᠯᠢ ᠶᠢᠨ ᠲᠦᠷᠢᠮ ᠪᠠ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠭᠠᠶᠢᠯᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠤᠶᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠠᠬᠢᠭᠤᠯᠤᠨ᠎ᠠ᠃ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠯᠲᠡ᠂ ᠪᠣᠳᠠᠲᠤ ᠴᠣᠭᠴᠠᠲᠤ ᠬᠥᠭᠵᠢᠯᠲᠡ ᠶᠢ ᠠᠬᠢᠭᠤᠯᠵᠤ᠂ ᠤᠯᠤᠰ ᠤᠨ ᠥᠮᠴᠢᠯᠡᠯᠳᠤ ᠬᠥᠷᠥᠩᠭᠡ ᠶᠢᠨ ᠪᠦᠬᠦᠯᠢ ᠴᠤᠬᠴᠠ  ᠶᠢᠨ ᠠᠰᠢᠬᠯᠠᠮᠵᠢ ᠶᠢ ᠳᠡᠭᠡᠭᠰᠢᠯᠡᠬᠦᠯᠤᠨ᠎ᠠ᠃ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠠᠵᠢᠯ ᠤᠨ ᠬᠠᠷᠢᠴᠠᠭ᠎ᠠ ᠶᠢ ᠪᠦᠬᠦ ᠲᠠᠯ᠎ᠠ ᠪᠠᠷ ᠰᠢᠯᠤᠭᠤᠳᠬᠠᠵᠤ᠂ ᠡᠷᠬᠡ  ᠪᠠ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠬᠥᠬᠡᠬᠤᠲᠠ ᠪᠤᠭᠤᠲᠤ ᠤᠷᠳᠤᠰ ᠤᠯᠠᠭᠠᠨᠴᠠᠪ  ᠤᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠱᠠᠨ ᠰᠢ ᠱᠠᠨᠰᠢ ᠨᠢᠩᠰᠢᠶᠠ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠤᠨ᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭᠠᠨ ᠤ ᠶᠠᠪᠤᠯᠴᠠᠭ᠎ᠠ ᠶᠢ ᠥᠷᠭᠡᠳᠬᠡᠵᠦ᠂ ᠠᠵᠤ ᠦᠢᠯᠡᠰ ᠤᠨ ᠰᠢᠯᠵᠢᠯᠲᠡ ᠶᠢ ᠤᠨᠢᠨ ᠳᠡᠭᠡᠷ᠎ᠡ ᠨᠢ ᠬᠦᠯᠢᠶᠡᠨ ᠠᠪᠴᠤ᠂ ᠠᠵᠤ ᠠᠬᠤᠢ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠨ᠎ᠡ᠃    ︵ᠬᠤᠶᠠᠷ︶ ᠠᠵᠤ ᠠᠬᠤᠶ ᠨᠠᠩ ᠬᠦᠴᠦᠷᠬᠡᠭ ᠪᠣᠳᠠᠲᠤ ᠬᠦᠴᠦᠨ ᠲᠠᠢ ᠵᠡᠭᠦᠨᠭᠠᠷ ᠢ ᠪᠥᠲᠥᠭᠡᠨ ᠪᠠᠶᠢᠭᠤᠯᠬᠤ ᠶᠢ ᠪᠠᠷᠢᠮᠲᠠᠯᠠᠵᠤ᠂ ᠠᠵᠤ  ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠢᠨ᠎ᠡ ᠳᠠᠪᠠᠭᠤᠯᠢᠭ ᠢ ᠪᠣᠶ ᠪᠣᠯᠭᠠᠨ᠎ᠠ     ᠨᠡᠭᠦᠷᠡᠰᠦᠨ ᠤ ᠠᠵᠤ ᠦᠢᠯᠡᠰ ᠤᠨ ᠴᠡᠪᠡᠷᠵᠢᠯᠲᠡ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠣᠷᠭᠢᠯ ᠭᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ  ᠶᠢ ᠰᠠᠭᠠᠷᠮᠠᠭᠵᠢᠭᠤᠯᠬᠤ  ᠶᠢ ᠵᠥᠪ ᠢᠶᠠᠷ ᠲᠠᠨᠢᠨ ᠡᠵᠡᠮᠳᠡᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠴᠢᠩᠭ᠎ᠠ ᠠᠳᠬᠤᠨ᠂ ᠾᠧ ᠲᠠᠢ ᠵᠡᠷᠭᠡ 13 ᠨᠡᠭᠦᠷᠡᠰᠦᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠪᠣᠯᠭᠠᠨ ᠪᠥᠲᠥᠭᠡᠨ ᠪᠠᠶᠢᠭᠤᠯᠵᠤ᠂ ᠬᠤᠩ ᠼᠧ ᠵᠡᠷᠭᠡ 25 ᠨᠡᠭᠦᠷᠡᠰᠦᠨ ᠠᠭᠤᠷᠬᠠᠶ ᠶᠢ ᠤᠶᠤᠨᠴᠢ ᠠᠭᠤᠷᠬᠠᠶ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠢᠨ ᠲᠠᠢ ᠴᠧᠩ ᠲᠠ ᠵᠡᠷᠭᠡ ᠰᠢᠨ᠎ᠡ ᠪᠠᠷ ᠪᠠᠶᠢᠭᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠬᠢᠭᠰᠡᠨ 8 ᠨᠡᠭᠦᠷᠡᠰᠦᠨ ᠠᠭᠤᠷᠬᠠᠶ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ ᠂  ᠨᠡᠬᠦᠷᠡᠰᠤᠨ ᠤ ᠤᠶᠢᠯᠡᠳᠪᠤᠷᠢᠯᠡᠯ ᠤᠨ ᠴᠢᠳᠠᠪᠤᠷᠢ ᠶᠢ 1190 ᠲᠦᠮᠡᠨ ᠲᠣᠨ ᠰᠢᠨ᠎ᠡ ᠪᠠᠷ ᠨᠡᠮᠡᠭᠳᠡᠭᠦᠯᠵᠦ᠂ ᠰᠢᠨ ᠰᠢᠨ ᠵᠡᠷᠭᠡ 37 ᠨᠡᠭᠦᠷᠡᠰᠦᠨ ᠠᠭᠤᠷᠬᠠᠶ ᠶᠢᠨ ᠤᠶᠢᠯᠡᠳᠪᠤᠷᠢᠯᠡᠯ ᠤᠨ ᠴᠢᠳᠠᠪᠤᠷᠢ ᠶᠢ 4800 ᠲᠦᠮᠡᠨ ᠲᠣᠨ ᠣᠷᠴᠢᠮ ᠬᠠᠷᠭᠤᠭᠤᠯᠤᠨ ᠨᠡᠮᠡᠭᠳᠡᠭᠦᠯᠵᠦ᠂ ᠪᠥᠬᠦ ᠵᠢᠯ ᠤᠨ ᠨᠡᠭᠦᠷᠡᠰᠦ  ᠤᠶᠢᠯᠡᠳᠪᠤᠷᠢᠯᠡᠵᠤ ᠪᠣᠷᠣᠯᠠᠭᠤᠯᠬᠤ ᠬᠡᠮᠵᠢᠶ᠎ᠡ ᠶᠢ 2.8 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠤᠨ᠎ᠠ᠃ ᠬᠢᠮᠢ ᠶᠢᠨ ᠠᠵᠤ  ᠤᠶᠢᠯᠡᠳᠪᠤᠷᠢ ᠶᠢᠨ ᠠᠵᠤ  ᠤᠶᠢᠯᠡᠰ ᠤᠨ ᠦᠵᠦᠭᠦᠷᠴᠢᠯᠡᠯᠲᠡ ᠶᠢ ᠠᠬᠢᠭᠤᠯᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ ᠡᠨᠧᠷᠭᠢ ᠶᠢᠨ ᠬᠢᠮᠢ ᠶᠢᠨ ᠠᠵᠤ  ᠤᠶᠢᠯᠡᠳᠪᠤᠷᠢ ᠶᠢᠨ  ᠭᠡᠯᠬᠢᠶ᠎ᠠ ᠶᠢ ᠤᠷᠲᠤᠳᠬᠠᠨ ᠭᠡᠯᠬᠢᠶ᠎ᠠ ᠶᠢ ᠨᠥᠬᠦᠪᠥᠷᠢᠯᠡᠵᠦ ᠭᠡᠯᠬᠢᠶ᠎ᠠ ᠶᠢ ᠬᠦᠴᠦᠷᠭᠡᠭᠵᠢᠬᠦᠯᠬᠦ ᠲᠣᠭᠤᠷᠢᠨ ᠳᠤ᠂ ᠲᠥᠷᠥᠯ ᠵᠤᠶᠢᠯ ᠢ ᠲᠥᠯᠥᠪᠵᠢᠭᠦᠯᠵᠦ᠂ ᠠᠵᠤ ᠤᠶᠢᠯᠡᠰ ᠢ ᠪᠠᠶᠢᠷᠢᠰᠢᠭᠤᠯᠤᠨ᠂  ᠰᠢᠩ ᠲᠠᠢ ᠡᠯᠧᠺᠲᠷᠣᠨ ᠤ ᠬᠢᠮᠢ ᠶᠢᠨ ᠪᠣᠳᠠᠰ ᠤᠶᠢᠯᠡᠳᠪᠤᠷᠢᠯᠡᠬᠦ ᠵᠡᠷᠭᠡ ᠲᠥᠷᠥᠯ ᠵᠤᠶᠢᠯ ᠢ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠢ ᠲᠠᠢ ᠶᠢᠨ ᠨᠡᠭᠦᠷᠡᠰᠦ ᠪᠠᠷ ᠲᠣᠰᠣ  ᠤᠶᠢᠯᠡᠳᠪᠤᠷᠢᠯᠡᠬᠦ᠂ ᠪᠡᠭᠡᠵᠢᠩ ᠤᠨ ᠬᠤᠪᠢ ᠡᠵᠡᠮᠳᠡᠯ ᠤᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠨᠡᠭᠦᠷᠡᠰᠦ ᠪᠠᠷ ᠬᠡᠶ  ᠤᠶᠢᠯᠡᠳᠪᠤᠷᠢᠯᠡᠬᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠤᠶᠢᠯᠡᠳᠪᠤᠷᠢ ᠶᠢᠨ ᠪᠦᠯᠦᠭᠯᠡᠯ ᠤᠨ ᠨᠡᠭᠦᠷᠡᠰᠦ ᠪᠠᠷ ᠠᠯᠺᠧᠨ ᠤᠶᠢᠯᠡᠳᠪᠤᠷᠢᠯᠡᠬᠦ ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠶᠢᠨ ᠤᠶᠢᠯᠡᠳᠬᠦᠨ ᠤ ᠥᠷᠲᠡᠭ  ᠢ ᠭᠡᠪᠴᠢᠶᠡᠵᠢᠯ ᠠᠴᠠ ᠳᠡᠭᠡᠭᠰᠢᠬᠢ ᠠᠵᠤ  ᠤᠶᠢᠯᠡᠳᠪᠤᠷᠢ ᠶᠢᠨ  ᠤᠶᠢᠯᠡᠳᠬᠦᠨ ᠤ ᠶᠡᠷᠦᠩᠬᠡᠶ ᠥᠷᠲᠡᠭ ᠤᠨ 10% ᠠᠴᠠ ᠳᠡᠭᠡᠭᠰᠢᠬᠢ ᠶᠢ ᠡᠵᠡᠯᠡᠬᠦᠯᠤᠨ᠎ᠠ᠃     ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠰᠦᠷᠦᠭᠵᠢᠯ ᠢ ᠠᠬᠢᠭᠤᠯᠤᠨ᠎ᠠ᠃  ᠰᠢᠨ᠎ᠡ ᠡᠨᠧᠷᠭᠢ ᠶᠢᠨ ᠠᠵᠤ ᠤᠶᠢᠯᠡᠰ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠤᠨ ᠬᠥᠭᠵᠢᠭᠦᠯᠬᠦ ᠶᠢ ᠬᠥᠲᠥᠯᠦᠨ ᠳᠠᠭᠠᠭᠤᠯᠬᠤ ᠪᠠᠯᠠ ᠮᠥᠩᠭᠦ ᠶᠢ 10 ᠳ᠋ᠦᠩᠰᠢᠭᠤᠷ ᠲᠥᠭᠦᠷᠢᠭ ᠳᠣᠭᠢᠷᠠᠭᠤᠯᠵᠤ᠂ ᠡᠨᠧᠷᠭᠢ ᠶᠢᠨ  ᠤᠶᠢᠯᠡᠳᠪᠤᠷᠢᠯᠡᠯ᠂  ᠳᠤᠨᠤᠬᠯᠠᠯ ᠤᠶᠢᠯᠡᠳᠬᠦ᠂ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠨᠢᠭᠡ ᠴᠤᠭᠴᠠᠵᠢᠭᠤᠯᠤᠭᠰᠠᠨ ︽  ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠬᠤ ᠲᠡᠷᠭᠡ︾ ᠶᠢᠨ ᠠᠵᠤ  ᠤᠶᠢᠯᠡᠰ ᠤᠨ ᠰᠦᠷᠦᠭᠵᠢᠯ ᠢ ᠲᠦᠷᠭᠡᠳᠬᠡᠨ ᠪᠠᠶᠢᠭᠤᠯᠤᠨ᠎ᠠ᠃ ᠪᠥᠬᠦ ᠬᠤᠰᠢᠭᠤᠨ ᠤ ᠬᠡᠷ ᠤᠨ ᠣᠷᠣᠶ᠂ ᠶᠡᠷᠦᠩᠬᠡᠶᠢᠯᠡᠭᠰᠡᠨ ᠤᠶᠤᠨᠴᠢ ᠡᠨᠧᠷᠭᠢ ᠶᠢᠨ ᠬᠤᠲᠠ ᠶᠢᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠥᠷᠥᠯ  ᠵᠤᠶᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠤᠰᠤᠲᠥ᠋ᠷᠥᠭᠴᠢ ᠶᠢᠨ ᠡᠨᠧᠷᠭᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠢᠳᠡᠪᠬᠢᠲᠡᠶ ᠪᠠᠷ ᠠᠬᠢᠭᠤᠯᠵᠤ᠂ ᠨᠠᠷᠠᠰᠤᠨ ᠪᠠᠯᠭᠠᠰᠤᠨ ᠤ 40 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠤᠰᠤᠲᠥ᠋ᠷᠥᠭᠴᠢ   ᠤᠶᠢᠯᠡᠳᠪᠤᠷᠢᠯᠡᠬᠦ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ︽  ᠪᠤᠬᠢᠷᠳᠤᠯ ᠦᠭᠡᠢ ᠤᠰᠤᠲᠥ᠋ᠷᠥᠭᠴᠢ︾ ᠶᠢ  ᠤᠶᠢᠯᠡᠳᠪᠤᠷᠢᠯᠡᠵᠤ ᠭᠠᠷᠭᠠᠬᠤ᠂ ᠬᠠᠳᠠᠭᠠᠯᠠᠵᠤ ᠵᠥᠭᠡᠭᠡᠪᠦᠷᠢᠯᠡᠬᠦ ᠪᠠ ᠣᠯᠠᠨ ᠲᠠᠯᠠᠪᠤᠷ ᠲᠤ ᠬᠡᠷᠡᠭᠯᠡᠬᠦ ᠶᠢ ᠠᠬᠢᠭᠤᠯᠤᠨ᠎ᠠ᠃ ᠪᠣᠬᠢᠷᠲᠤᠯ ᠥᠬᠡᠶ ᠴᠠᠬᠢᠯᠭᠠᠨ ᠢ ᠠᠭᠤᠷᠬᠠᠶ ᠶᠢᠨ ᠣᠷᠣᠨ ᠳᠤ ᠣᠷᠣᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠤᠶᠤᠨᠴᠢ ᠠᠭᠤᠷᠬᠠᠶ ᠶᠢᠨ ᠺᠠᠷᠲ ᠢ ᠶᠡᠬᠡᠪᠡᠷ ᠬᠥᠭᠵᠢᠭᠦᠯᠦᠨ᠂ ᠲᠢᠶᠧ ᠴᠧᠨ ᠤ ᠵᠢᠯᠣᠭᠤᠴᠢ ᠥᠬᠡᠶ ᠰᠢᠨ᠎ᠡ ᠡᠨᠧᠷᠭᠢ ᠶᠢᠨ  ᠠᠭᠤᠷᠬᠠᠶ ᠶᠢᠨ ᠲᠥᠬᠦᠭᠡᠷᠦᠮᠵᠢ ᠶᠢᠨ ᠤᠶᠢᠯᠡᠳᠪᠤᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠭᠤᠷᠬᠠᠶ ᠶᠢᠨ ᠣᠷᠣᠨ ᠤ ᠲᠡᠭᠡᠭᠡᠪᠦᠷᠢ ᠶᠢᠨ ᠲᠡᠷᠭᠡ ᠤᠨᠤᠭ᠎ᠠ ᠪᠠ ᠠᠭᠤᠷᠬᠠᠶ ᠶᠢᠨ ᠲᠥᠬᠦᠭᠡᠷᠦᠮᠵᠢ ᠶᠢ ᠴᠡᠪᠡᠷᠰᠢᠭᠦᠯᠦᠨ ᠣᠷᠣᠯᠠᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ  ᠤᠶᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂  ᠶᠤᠸᠠᠨ ᠵᠢᠩ ᠰᠠᠯᠬᠢᠨ ᠬᠦᠴᠦᠨ ᠤ ᠮᠠᠰᠢᠨ  ᠴᠤᠬᠴᠠᠯᠠᠪᠤᠷᠢ ᠶᠢᠨ ᠭᠤᠤᠯ ᠮᠠᠰᠢᠨ ᠵᠢᠴᠢ ᠬᠦᠷᠳᠦᠨ ᠪᠤᠯᠤ  ᠤᠶᠢᠯᠡᠳᠪᠤᠷᠢᠯᠡᠬᠦ ᠲᠥᠷᠥᠯ  ᠵᠤᠶᠢᠯ᠂ ᠲᠢᠶᠠᠨ ᠾᠧ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠵᠢᠴᠢ ᠲᠠᠩ ᠲᠠᠯᠠᠰᠲᠤ ᠲᠠᠲᠠᠭᠤᠷ ᠰᠠᠪᠠᠭ᠎ᠠ᠂ ᠨᠡᠷᠡᠨ ᠬᠡᠷᠡᠯ ᠤᠨ ᠰᠥᠷᠬᠦ ᠬᠤᠪᠢᠷᠠᠭᠠᠭᠤᠷ᠂ ᠬᠠᠨ ᠰᠢᠶᠠ  ᠤᠰᠤᠲᠥ᠋ᠷᠥᠭᠴᠢ ᠤᠶᠢᠯᠡᠳᠪᠤᠷᠢᠯᠡᠬᠦ ᠥᠷᠲᠡᠭᠡ ᠵᠡᠷᠭᠡ ᠲᠥᠷᠥᠯ ᠵᠤᠶᠢᠯ ᠢ ᠠᠯᠢ ᠲᠦᠷᠭᠡᠨ ᠢᠶᠠᠷ ᠠᠵᠢᠯ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃     ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠵᠦᠬᠦᠷᠰᠢᠯᠳᠡ ᠶᠢ ᠠᠬᠢᠭᠤᠯᠤᠨ᠎ᠠ᠃ ᠭᠤᠣᠯᠢᠩ ᠰᠢᠷᠣᠶ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠳᠡᠭᠡᠳᠦ ᠦᠵᠦᠭᠦᠷᠵᠢᠭᠰᠡᠨ ᠦᠢᠯᠡᠳᠪᠦᠷᠢᠯᠡᠯ ᠢ ᠲᠦᠷᠭᠡᠪᠴᠢᠯᠡᠨ ᠠᠬᠢᠭᠤᠯᠵᠤ᠂ ᠤᠯᠤᠰ ᠠᠴᠠ ᠪᠡᠯᠡ ᠣᠷᠣᠭᠤᠯᠤᠭᠰᠠᠨ 150 ᠲᠦᠮᠡᠨ ᠲᠣᠨ ᠤ ᠭᠤᠣᠯᠢᠩ ᠰᠢᠷᠣᠶ ᠶᠢ ᠨᠠᠷᠢᠯᠢᠭ ᠡᠳ᠋ᠰᠢᠭᠦᠯᠬᠦ ᠵᠢᠱᠢᠶ᠎ᠡ ᠦᠵᠡᠭᠦᠯᠬᠦ  ᠳᠦᠷᠤᠯ ᠵᠤᠶᠢᠯ ᠢ   ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠴᠢᠨᠠᠷ ᠰᠠᠶᠢᠲᠠᠶ᠂ ᠪᠠᠷᠢᠮᠵᠢᠶᠠᠵᠢᠭᠰᠠᠨ ᠲᠦᠭᠦᠬᠡᠶ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠳᠡᠭᠡᠳᠦ ᠲᠠᠰ ᠤᠨ ᠪᠠᠶᠢᠷᠢ ᠲᠣᠭᠲᠠᠭᠠᠯᠲᠠ ᠬᠢᠵᠤ᠂ ᠱᠠᠲᠤ ᠱᠠᠲᠤ ᠪᠠᠷ ᠪᠤᠶᠢᠵᠢᠭᠤᠯᠬᠤ︾ ᠵᠠᠷᠴᠢᠮ ᠶᠣᠰᠣᠭᠠᠷ᠂ ᠸᠠᠭᠠᠷ ᠱᠠᠭᠠᠵᠠᠩ ᠤᠨ ᠰᠢᠨ᠎ᠡ ᠮᠠᠲ᠋ᠧᠷᠢᠶᠠᠯ ᠤᠨ ᠠᠵᠤ  ᠤᠶᠢᠯᠡᠰ ᠤᠨ ᠮᠡᠳᠡᠭᠡ ᠵᠠᠩᠭᠢ ᠶᠢᠨ ᠤᠶᠢᠯᠡᠴᠢᠯᠡᠭᠡᠨ ᠤ ᠲᠥᠪ᠂ ᠠᠵᠤ  ᠤᠶᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠲᠠᠪᠴᠠᠩ ᠢ ᠪᠠᠶᠢᠭᠤᠯᠵᠤ᠂ ᠸᠠᠭᠠᠷ ᠱᠠᠭᠠᠵᠠᠩ ᠤᠨ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠯ  ᠳᠤ ᠳᠡᠰᠪᠤᠷᠢᠳᠡᠢ ᠮᠠᠲ᠋ᠧᠷᠢᠶᠠᠯ᠂ ᠪᠠᠯ ᠴᠢᠯᠠᠭᠤᠨ  ᠠᠯᠺᠧᠨ᠂  ᠴᠠᠬᠢᠭᠤᠷ ᠤᠨ ᠰᠠᠭᠤᠷᠢ ᠵᠡᠷᠭᠡ ᠰᠢᠨ᠎ᠡ ᠮᠠᠲ᠋ᠧᠷᠢᠶᠠᠯ ᠤᠨ ᠠᠵᠤ  ᠤᠶᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠦᠶ ᠵᠢᠩ ᠣᠨᠴᠠ ᠲᠥᠷᠥᠯ ᠤᠨ ᠰᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠲᠥᠷᠥᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ 5G ᠶᠢᠨ  ᠴᠢᠮᠡᠭᠡ ᠬᠤᠯᠪᠣᠭᠠᠨ ᠤ ᠬᠡᠷᠡᠭᠯᠡᠭᠡ ᠪᠠ ᠲᠣᠮᠣ ᠳ᠋ᠠᠶᠢᠲ᠋ᠠ᠂ ᠪᠤᠳᠠᠰ ᠤᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ  ᠳᠤᠭᠠᠴᠠᠯᠠᠬᠰᠠᠨ ᠠᠵᠤ  ᠤᠶᠢᠯᠡᠰ ᠢ ᠢᠳᠡᠪᠬᠢᠲᠡᠶ ᠪᠠᠷ ᠪᠠᠶᠢᠷᠢᠰᠢᠭᠤᠯᠵᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ  ᠤᠶᠢᠯᠡᠰ ᠤᠨ ᠰᠦᠷᠦᠭᠵᠢᠯ ᠢ ᠴᠢᠷᠮᠠᠶᠢᠨ ᠪᠣᠶ ᠪᠣᠯᠭᠠᠨ᠎ᠠ᠃     ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠡᠷᠴᠢᠮᠵᠢᠭᠦᠯᠦᠯᠲᠡ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠥᠬᠦ ᠲᠠᠯ᠎ᠠ ᠪᠠᠷ ᠰᠢᠯᠤᠭᠤᠳᠬᠠᠵᠤ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠪᠠ ᠪᠠᠶᠢᠭᠤᠯᠤᠮᠵᠢ ᠶᠢ ᠪᠠᠶᠢᠷᠢᠯᠠᠭᠤᠯᠬᠤ ᠶᠢ ᠪᠡᠶᠡᠯᠡᠭᠦᠯᠦᠨ᠎ᠡ᠃ ᠤᠶᠤᠨᠴᠢ ᠬᠦᠷᠢᠶᠡᠯᠡᠩ ᠲᠣᠭᠤᠷᠢᠭ ᠢ ᠨᠢᠭᠡ ᠴᠤᠭᠴᠠᠵᠢᠭᠤᠯᠬᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠰᠤᠯᠠ ᠪᠠᠶᠢᠬᠤ ᠪᠠ ᠳᠣᠤᠷ᠎ᠠ ᠠᠰᠢᠭᠯᠠᠮᠵᠢ ᠲᠠᠢ ᠭᠠᠵᠠᠷ ᠢ  ᠠᠰᠢᠬᠯᠠᠬᠤ ᠶᠢ ᠲᠦᠷᠭᠡᠳᠬᠡᠨ᠂ ︽ᠦᠬᠦᠰᠢᠷᠡᠮᠡᠯ ᠠᠵᠤ ᠠᠬᠤᠶᠢᠯᠠᠯ︾ ᠢ ᠵᠠᠬ᠎ᠠ ᠳᠡᠯᠭᠡᠭᠦᠷᠴᠢᠯᠡᠨ ᠠᠮᠢᠳᠤᠯᠢᠬᠵᠢᠭᠤᠯᠬᠤ ᠶᠢ ᠠᠬᠢᠭᠤᠯᠵᠤ᠂ ᠮᠥ  ᠪᠦᠷᠢ ᠶᠢᠨ ᠪᠠᠯᠠ ᠣᠷᠣᠭᠤᠯᠤᠯᠲᠠ ᠶᠢᠨ ᠡᠷᠴᠢᠮ ᠪᠠ ᠭᠠᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠪᠠᠨ ᠴᠢᠩᠭᠠᠳᠬᠠᠵᠤ᠂ ᠡᠬᠢ ᠪᠠᠶᠠᠯᠢᠭ᠂ ᠭᠠᠵᠠᠷ ᠰᠢᠷᠣᠶ᠂ ᠡᠨᠧᠷᠭᠢ ᠶᠢᠨ ᠬᠤᠷᠣᠭᠳᠠᠯ ᠵᠡᠷᠭᠡ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠬᠦᠷᠢᠶᠡᠯᠡᠩ ᠲᠣᠭᠤᠷᠢᠭ ᠳᠡᠶᠢᠰᠢ ᠲᠥᠪᠯᠡᠷᠡᠭᠦᠯᠬᠦ ᠶᠢ  ᠠᠬᠢᠭᠤᠯᠤᠨ᠎ᠠ᠃ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ  ᠤᠶᠢᠯᠡᠰ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠪᠠᠷᠢᠮᠵᠢᠶᠠᠵᠢᠭᠰᠠᠨ ᠤᠶᠢᠯᠡᠳᠪᠤᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠣᠯᠠᠨ ᠨᠡᠶᠢᠲᠡ ᠶᠢᠨ ᠣᠷᠣᠨ ᠪᠦᠰᠡ ᠶᠢᠨ ᠵᠠᠮ᠂ ᠬᠤᠭᠤᠯᠠᠶ ᠲᠣᠤᠷ᠂ ᠴᠢᠮᠡᠭᠡ ᠬᠤᠯᠪᠣᠭ᠎ᠠ ᠵᠡᠷᠭᠡ ᠰᠠᠭᠤᠷᠢ  ᠳᠦᠬᠦᠭᠡᠷᠤᠮᠵᠢ ᠶᠢᠨ ᠳᠤᠬᠳᠠᠯᠴᠠᠭ᠎ᠠ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠢ ᠣᠷᠣᠨ ᠪᠦᠰᠡ ᠶᠢᠨ ᠠᠵᠤ ᠠᠬᠤᠶ ᠶᠢᠨ ᠨᠡᠮᠡᠭᠳᠡᠯ ᠤᠨ ᠲᠦᠢᠯ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠤᠨ᠎ᠠ᠃     ᠦᠢᠯᠡᠴᠢᠯᠡᠭᠡᠨ ᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠮᠡᠳᠡᠭᠡ ᠵᠠᠩᠭᠢ ᠶᠢᠨ ᠮᠡᠷᠭᠡᠵᠢᠯ᠂ ᠰᠢᠯᠭᠠᠨ ᠬᠤᠷᠢᠶᠠᠵᠤ ᠪᠠᠶᠢᠴᠠᠭᠠᠨ ᠬᠡᠮᠵᠢᠬᠦ ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ ᠪᠤᠵᠠᠭᠠᠶᠢᠷᠠᠭᠤᠯᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ  ᠦᠵᠦᠬᠦᠷᠰᠢᠬᠦᠯᠬᠦ ᠳᠡᠶᠢᠰᠢ ᠤᠷᠲᠤᠳᠬᠠᠬᠤ ᠶᠢ  ᠠᠬᠢᠭᠤᠯᠤᠨ᠎ᠠ᠃ ᠣᠲᠣ ᠦᠶ᠎ᠡ ᠶᠢᠨ ᠪᠠᠷᠠᠭᠠᠨ ᠤ  ᠬᠦᠢᠯᠭᠡᠭᠡᠨ ᠤ ᠠᠵᠤ  ᠤᠶᠢᠯᠡᠰ ᠢ ᠲᠦᠷᠭᠡᠳᠬᠡᠨ ᠬᠥᠭᠵᠢᠭᠦᠯᠵᠦ᠂  ᠭᠤᠷᠪᠠᠨ ᠱᠤᠭᠤᠮ ᠤᠨ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠵᠡᠷᠭᠡ 3 ᠪᠠᠷᠠᠭᠠᠨ ᠤ  ᠬᠦᠢᠯᠭᠡᠭᠡᠨ ᠤ ᠲᠥᠷᠥᠯ  ᠵᠤᠶᠢᠯ ᠢ ᠡᠬᠢᠯᠡᠭᠦᠯᠵᠦ᠂ ᠯᠦᠩ ᠸᠠᠩ ᠴᠢᠦᠶ  ᠶᠢᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠡᠷᠭᠡ 5 ᠪᠠᠶᠢᠭᠤᠯᠵᠤ ᠪᠠᠶᠢᠭ᠎ᠠ ᠪᠠᠷᠠᠭᠠᠨ ᠤ  ᠬᠦᠢᠯᠭᠡᠭᠡᠨ ᠤ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠯᠦᠩ ᠸᠠᠩ ᠭᠸᠦ᠂ ᠮᠢᠩ ᠸᠠᠩ ᠳ᠋ᠠ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠪᠣᠯᠤᠨ ᠭᠤᠸᠠᠨ ᠽᠢ ᠭᠸᠦ ᠶᠢᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠶᠢᠨ ᠲᠥᠷᠥᠯ ᠵᠤᠶᠢᠯ ᠢ ᠪᠠᠶᠢᠭᠤᠯᠤᠨ ᠠᠵᠢᠯᠯᠠᠭᠤᠯᠬᠤ ᠪᠠᠷ ᠴᠢᠷᠮᠠᠶᠢᠵᠤ᠂ ᠵᠢᠯ ᠤᠨ ᠳᠣᠲᠣᠷ᠎ᠠ ᠲᠡᠮᠦᠷ ᠵᠠᠮ ᠤᠨ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢᠯᠡᠬᠦ ᠴᠢᠳᠠᠪᠤᠷᠢ ᠶᠢ 3000 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢ ᠥᠷᠭᠡᠳᠬᠡᠵᠦ᠂ ᠭᠤᠣᠯᠳᠠᠯᠭ᠎ᠠ ᠲᠠᠢ ᠬᠤᠳᠠᠯᠳᠤᠭᠠᠨ ᠤ ᠬᠦᠷᠢᠶ᠎ᠡ ᠪᠠ ᠤᠨᠴᠠᠯᠢᠬᠳᠤ ᠵᠡᠭᠡᠯᠢ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠬᠡᠷᠡᠭᠯᠡᠭᠡ᠂ ᠭᠡᠷ ᠤᠨ ᠶᠠᠪᠤᠳᠠᠯ ᠤᠨ ᠦᠢᠯᠡᠴᠢᠯᠡᠭᠡ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠪᠦᠬᠦ ᠲᠠᠯ᠎ᠠ ᠪᠠᠷ ᠥᠷᠭᠡᠳᠬᠡᠵᠦ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠡᠭᠦᠳᠦᠨ ᠪᠠᠶᠢᠭᠤᠯᠤᠨ᠎ᠠ᠃ ᠰᠢᠤᠸᠠᠢ ᠵᠢᠶᠠ ᠸᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢᠨ ᠨᠢᠭᠡᠳᠦᠭᠡᠷ ᠳᠡᠰ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠣᠯᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ  ᠤᠷᠤᠨ ᠤ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠨᠡᠪᠲᠡᠷᠡᠬᠦ ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭᠠᠨ ᠤ  ᠬᠦᠢᠯᠭᠡᠭᠡᠨ ᠤ ᠳᠤᠬᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠠᠶᠢᠭᠤᠯᠤᠮᠵᠢᠳᠤ ᠲᠣᠰᠬᠤᠨ ᠤ ᠲᠦᠷᠭᠡᠨ ᠬᠦᠷᠭᠡᠬᠦ ᠤᠶᠢᠯᠡᠴᠢᠯᠡᠭᠡ  ᠨᠡᠪᠲᠡᠷᠡᠬᠦ ᠨᠣᠷᠮ᠎ᠠ ᠶᠢ 90% ᠳᠤ  ᠬᠦᠷᠭᠡᠨ᠎ᠠ᠃ ᠤᠯᠤᠰ ᠤᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂  ᠵᠤᠭᠠᠴᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ  ᠳᠦᠷᠤᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠬᠡᠷᠡᠭᠵᠢᠭᠦᠯᠵᠦ᠂ ᠬᠠᠲᠤᠨ ᠭᠤᠣᠯ ᠤᠨ ᠳᠤᠮᠤ ᠬᠠᠪᠴᠢᠯ ᠤᠨ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂  ᠵᠤᠭᠠᠴᠠᠯ ᠤᠨ ᠣᠷᠣᠯᠭ᠎ᠠ ᠪᠠ  ᠵᠤᠭᠠᠴᠠᠬᠰᠠᠳ ᠢ ᠬᠦᠯᠢᠶᠡᠨ ᠠᠪᠬᠤ ᠬᠥᠮᠦᠨ ᠤ ᠲᠤᠭ᠎ᠠ ᠶᠢ ᠲᠤᠰ ᠲᠤᠰ 10% ᠪᠠ 15% ᠠᠴᠠ ᠳᠡᠭᠡᠭᠰᠢ ᠨᠡᠮᠡᠭᠳᠡᠭᠦᠯᠦᠨ᠎ᠡ᠃    ︵ᠭᠤᠷᠪᠠ︶ ᠠᠮᠢ ᠠᠬᠤᠶ ᠪᠠᠷ ᠨᠠᠩ ᠰᠢᠯᠢᠳᠡᠭ ᠪᠣᠬᠢᠷᠲᠤᠯ ᠥᠬᠡᠶ ᠵᠡᠭᠦᠨᠭᠠᠷ ᠢ ᠪᠥᠲᠥᠭᠡᠨ ᠪᠠᠶᠢᠭᠤᠯᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ     ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ︾  ᠶᠢ ᠨᠡᠩ ᠡᠷᠴᠢᠮᠳᠡᠢ ᠬᠢᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭ᠎ᠠ ᠠᠳᠬᠤᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠡᠨᠧᠷᠭᠢ ᠶᠢᠨ ᠬᠤᠷᠣᠭᠳᠠᠯ ᠤᠨ ︽  ᠬᠤᠤᠰ ᠡᠵᠡᠮᠳᠡᠯ︾  ᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠢ ᠭᠠᠳᠠᠭᠰᠢᠯᠠᠭᠤᠯᠬᠤ  ᠪᠦᠬᠦ ᠬᠡᠮᠵᠢᠶ᠎ᠡ ᠪᠣᠯᠤᠨ ᠬᠦᠴᠦᠯᠡᠴᠡ ᠶᠢᠨ ︽  ᠬᠤᠤᠰ ᠡᠵᠡᠮᠳᠡᠯ︾ ᠪᠣᠯᠭᠠᠨ ᠬᠤᠪᠢᠷᠠᠭᠤᠯᠬᠤ ᠶᠢ ᠡᠷᠲᠡᠬᠡᠨ ᠪᠡᠶᠡᠯᠡᠭᠦᠯᠦᠨ᠎ᠡ᠃ ᠬᠤᠴᠣᠷᠤᠬᠳᠠᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠪᠴᠢᠯᠡᠨ ᠳᠠᠶᠠᠬᠳᠠᠭᠤᠯᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠳ᠋ᠦᠩ ᠢ ᠬᠢᠮᠢ ᠶᠢᠨ ᠠᠵᠤ ᠦᠢᠯᠡᠳᠪᠦᠷᠢ ᠪᠠ ᠵᠡᠭᠦᠨᠭᠠᠷ ᠤᠨ ᠲᠤᠮᠤ ᠴᠠᠬᠢᠯᠭᠠᠨ ᠦᠢᠯᠡᠳᠪᠦᠷᠢ ᠶᠢᠨ ᠦᠢᠯᠡᠳᠪᠦᠷᠢᠯᠡᠯ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠶᠡᠬᠡᠪᠡᠷ  ᠠᠬᠢᠭᠤᠯᠵᠤ᠂ ᠬᠦᠸᠧ ᠬᠤᠸᠠ 4   ᠳ᠋ᠤᠭᠡᠷ ᠨᠣᠮᠧᠷᠲᠤ ᠮᠠᠰᠢᠨ ᠴᠣᠭᠴᠠᠯᠠᠪᠤᠷᠢ᠂ ᠲᠢᠶᠠᠨ ᠷᠦᠨ ᠬᠢᠮᠢ ᠶᠢᠨ ᠪᠤᠷᠳᠤᠭᠤᠷ ᠤᠨ ᠦᠢᠯᠡᠳᠪᠦᠷᠢᠯᠡᠯ ᠤᠨ ᠱᠤᠭᠤᠮ ᠵᠡᠷᠭᠡ 7  ᠳᠦᠷᠤᠯ ᠵᠤᠶᠢᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠵᠤ ᠣᠷᠴᠢᠨ  ᠳᠤᠭᠤᠷᠢᠨ ᠢ ᠬᠠᠮᠠᠭᠠᠯᠠᠬᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠤᠨ ᠬᠦᠴᠦᠯᠡᠴᠡ ᠶᠢ ᠦᠷᠭᠦᠯᠵᠢᠯᠡᠨ ᠪᠠᠭᠤᠷᠠᠭᠤᠯᠤᠨ᠎ᠠ᠃ ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠨᠥᠬᠦᠴᠡᠯ ᠪᠦᠷᠢᠳᠦᠭᠦᠯᠦᠭᠰᠡᠨ ᠲᠣᠰᠬᠤᠨ ᠤ ᠱᠠᠲᠤᠨ ᠤ ᠵᠢᠭᠰᠠᠭᠠᠯ ᠤᠨ ᠭᠠᠵᠠᠷ ᠪᠣᠯᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ  ᠤᠶᠢᠯᠡᠴᠢᠯᠡᠭᠡᠨ ᠤ ᠪᠠᠶᠢᠭᠤᠯᠤᠮᠵᠢ ᠳᠤ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠡᠷᠦᠩᠬᠡᠶᠢᠯᠡᠭᠰᠡᠨ ᠵᠠᠰᠠᠯᠲᠠ ᠶᠢ 1 ᠲᠦᠮᠡᠨ ᠡᠷᠦᠬᠡ ᠠᠴᠠ ᠳᠡᠭᠡᠭᠰᠢ ᠪᠡᠶᠡᠯᠡᠭᠦᠯᠦᠨ᠎ᠡ᠃ ᠬᠠᠭᠤᠴᠢᠨ ᠰᠠᠭᠤᠭᠠᠯᠢ ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ ᠳᠢᠭᠯᠢᠮ ᠲᠠᠢ ᠪᠠᠷ ᠠᠬᠢᠭᠤᠯᠤᠨ᠎ᠠ᠃ ᠪᠣᠬᠢᠷᠲᠤᠯ ᠥᠬᠡᠶ ᠬᠡᠷᠡᠭᠯᠡᠭᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠶᠢ ᠵᠣᠷᠢᠭᠵᠢᠭᠤᠯᠵᠤ᠂ ᠠᠮᠢᠳᠤᠷᠠᠯ ᠤᠨ ᠠᠷᠭ᠎ᠠ ᠮᠠᠶ᠋ᠢᠭ᠂ ᠬᠡᠷᠡᠭᠯᠡᠭᠡ ᠶᠢᠨ ᠵᠠᠭᠪᠤᠷ ᠢ ᠲᠥᠬᠦᠮ ᠪᠥᠭᠡᠳ ᠲᠣᠬᠢᠷᠠᠮᠵᠢᠲᠠᠶ᠂ ᠪᠣᠯᠪᠠᠰᠤᠨ ᠡᠷᠡᠭᠦᠯ  ᠳᠡᠶᠢᠰᠢ ᠲᠦᠷᠭᠡᠨ ᠬᠤᠪᠢᠷᠠᠭᠤᠯᠬᠤ ᠶᠢ ᠠᠬᠢᠭᠤᠯᠤᠨ᠎ᠠ᠃     ︽ᠪᠣᠬᠢᠷᠲᠤᠯ ᠢ ᠵᠠᠰᠠᠬᠤ︾ ᠶᠢ ᠨᠡᠩ ᠴᠢᠩᠭ᠎ᠠ ᠠᠷᠭ᠎ᠠ ᠬᠡᠮᠵᠢᠶ᠎ᠡ ᠪᠠᠷ ᠶᠠᠪᠤᠬᠳᠠᠭᠤᠯᠤᠨ᠎ᠠ ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠵᠢᠤ ᠲᠠᠢ᠂ ᠳ᠋ᠦᠩ ᠬᠤᠸᠠ ᠵᠡᠷᠭᠡ 7 ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ ᠪᠡᠶᠡᠯᠡᠭᠦᠯᠵᠦ᠂ ᠪᠠᠷᠢᠯᠭ᠎ᠠ ᠶᠢᠨ ᠲᠤᠬᠠᠶ ᠶᠢᠨ ᠭᠠᠵᠠᠷ ᠪᠠ ᠵᠠᠮ ᠤᠨ ᠲᠣᠭᠤᠰᠣ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠨ᠂ ᠬᠤᠸᠠᠷ ᠫᠤᠤᠵᠢᠩ ᠪᠣᠷᠣᠯᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠭᠠᠷ ᠤᠨ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠭᠡᠷᠡᠭᠵᠢᠬᠦᠯᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ  ᠠᠮᠠᠰᠠᠷ ᠪᠠ ᠤᠤᠭᠤᠬᠤ ᠤᠰᠤᠨ ᠤ  ᠤᠰᠤᠨ ᠰᠤᠷᠪᠤᠯᠵᠢ ᠶᠢᠨ ᠲᠤᠰᠬᠠᠶ ᠴᠡᠭᠴᠡᠯᠡᠨ ᠵᠠᠰᠠᠯᠲᠠ ᠶᠢ ᠴᠢᠩᠭ᠎ᠠ ᠠᠳᠬᠤᠵᠤ᠂ ᠯᠦᠩ ᠸᠠᠩ ᠭᠸᠤ ᠶᠢᠨ ᠰᠠᠪᠠ ᠭᠠᠵᠠᠷ ᠤᠨ ᠭᠤᠤᠯ ᠤᠨ ᠵᠠᠮ ᠢ ᠵᠠᠰᠠᠬᠤ ᠶᠢ ᠴᠢᠩᠭᠠᠳᠬᠠᠵᠤ᠂ ᠬᠠᠲᠤᠨ ᠭᠤᠤᠯ ᠤᠨ ᠵᠡᠭᠦᠨᠭᠠᠷ ᠲᠠᠬᠢ ᠬᠡᠰᠡᠭ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂  ᠬᠠᠳᠠᠢ ᠭᠤᠤᠯ ‍ᠤᠨ‌‍ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠰᠠᠶᠢᠵᠢᠷᠠᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ᠂ ᠬᠤᠲᠠ ᠪᠠᠯᠭᠠᠰᠤ ᠶᠢᠨ ᠪᠣᠬᠢᠷ ᠤᠰᠤ ᠶᠢ ᠴᠡᠪᠡᠷᠰᠢᠬᠦᠯᠤᠨ ᠰᠢᠢᠳᠪᠤᠷᠢᠯᠡᠬᠦ ᠳᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠪᠠ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠩᠭᠠᠳᠬᠠᠨ᠂  ᠳᠠᠬᠢᠨ ᠠᠰᠢᠬᠯᠠᠵᠤ ᠪᠤᠯᠬᠤ ᠤᠰᠤ ᠶᠢ ᠡᠭᠡᠭᠦᠯᠦᠨ ᠬᠡᠷᠡᠭᠯᠡᠬᠦ ᠪᠠ ᠤᠰᠤ ᠲᠠᠲᠠᠷᠠᠭᠤᠯᠬᠤ ᠬᠤᠭᠤᠯᠠᠶ ᠲᠣᠤᠷ ᠤᠨ ᠡᠬᠢ ᠡᠭᠦᠰᠦᠯ  ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠪᠠ ᠠᠶᠤᠯᠲᠠᠶ ᠬᠠᠶᠠᠭᠳᠠᠮᠠᠯ ᠪᠣᠳᠠᠰ ᠢ ᠤᠶᠢᠯᠡᠳᠪᠤᠷᠢᠯᠡᠳᠡᠭ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠶᠢ ᠬᠢᠨᠠᠨ ᠬᠠᠮᠢᠶᠠᠷᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠮᠢᠳᠤ ᠪᠣᠳᠠᠰ ᠤᠨ ᠮᠠᠰ ᠤᠨ ᠵᠠᠳᠠᠷᠠᠭᠤᠯᠵᠤ  ᠪᠤᠯᠬᠤ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ  ᠪᠦᠯᠢᠶᠠᠨ ᠭᠤᠤᠯ ᠤᠨ ᠨᠡᠭᠦᠷᠡᠰᠦᠨ ᠴᠢᠯᠠᠭᠤ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ  ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠭᠤᠷᠬᠠᠶ ᠶᠢᠨ  ᠤᠷᠤᠨ ᠤ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠠᠭᠤᠷᠢ ᠮᠥᠩᠭᠦ ᠶᠢ ᠬᠦᠢᠴᠡᠳ ᠠᠰᠢᠭᠯᠠᠨ᠂ ᠠᠭᠤᠷᠬᠠᠶ ᠶᠢᠨ ᠣᠷᠣᠨ ᠤ ᠣᠯᠠᠨ ᠨᠡᠶᠢᠲᠡ ᠶᠢᠨ ᠣᠷᠣᠨ  ᠪᠦᠰᠡ ᠶᠢ 79 ᠭᠠᠵᠠᠷ 3 ᠲᠦᠮᠡᠨ ᠮᠥ ᠥᠨᠳᠥᠷ ᠪᠠᠷᠢᠮᠵᠢᠶ᠎ᠠ ᠲᠠᠢ ᠪᠠᠷ  ᠵᠠᠰᠠᠨ᠎ᠠ᠃ ᠠᠮᠢ ᠠᠬᠤᠢ  ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠵᠢᠴᠢ ᠠᠮᠢ ᠠᠬᠤᠢ  ᠣᠷᠴᠢᠨ ᠲᠣᠭᠤᠷᠢᠨ ᠤ ᠭᠤᠣᠯᠳᠠᠯᠭ᠎ᠠ ᠲᠠᠢ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢ ᠬᠦᠯᠢᠶᠡᠬᠦ ᠡᠯ᠎ᠡ ᠳᠦᠷᠤᠯ ᠤᠨ ᠠᠵᠢᠯ ᠢ ᠪᠦᠬᠦ ᠬᠦᠴᠦᠨ ᠢᠶᠠᠷ  ᠢᠶᠠᠨ ᠰᠠᠶᠢᠳᠤᠷ ᠬᠢᠨ᠎ᠠ᠃      ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠶᠢ ᠨᠠᠩ ᠥᠨᠳᠥᠷ ᠪᠠᠷᠢᠮᠵᠢᠶ᠎ᠠ ᠲᠠᠢ ᠪᠠᠷ ᠶᠠᠪᠤᠬᠳᠠᠭᠤᠯᠤᠨ᠎ᠠ᠃ ᠶᠡᠭᠡ ᠬᠡᠪᠴᠢᠶᠡᠨ ᠤ ᠤᠯᠤᠰ ᠤᠨ  ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠵᠠᠰᠠᠯᠲᠠ ᠶᠢ ᠭᠦᠨᠵᠡᠭᠡᠶ ᠬᠡᠷᠡᠭᠵᠢᠭᠦᠯᠦᠨ᠂ 6.3 ᠲᠦᠮᠡᠨ ᠮᠥ ᠣᠶ  ᠮᠤᠳᠤ  ᠨᠤᠳᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 1.2 ᠲᠦᠮᠡᠨ ᠮᠥ ᠠᠭᠤᠷᠬᠠᠶ ᠶᠢᠨ ᠣᠷᠣᠨ ᠢ ᠰᠡᠷᠭᠦᠭᠡᠨ ᠳᠠᠬᠢᠨ ᠬᠠᠭᠠᠯᠪᠤᠷᠢᠯᠠᠵᠤ ᠨᠣᠭᠤᠭᠠᠷᠠᠭᠤᠯᠤᠨ᠂ 4.5 ᠲᠦᠮᠡᠨ ᠮᠥ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠤᠨ᠎ᠠ᠃  ᠤᠶᠢᠯᠡᠳᠪᠤᠷᠢᠯᠡᠯ ᠢᠶᠠᠨ ᠵᠤᠬᠰᠤᠭᠠᠬᠰᠠᠨ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠪᠠ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃ ᠤᠯᠤᠰ ᠤᠨ ᠴᠡᠴᠡᠷᠯᠢᠭᠵᠢᠬᠦᠯᠦᠯᠳᠡ ᠶᠢᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠠᠯᠭᠠᠰᠤ ᠶᠢᠨ ᠳᠣᠲᠣᠷᠠᠬᠢ 11 ᠴᠡᠴᠡᠷᠯᠢᠭ ᠤᠨ ᠨᠣᠭᠤᠭᠠᠷᠠᠭᠤᠯᠤᠯᠲᠠ ᠶᠢ ᠰᠠᠶᠢᠵᠢᠷᠠᠭᠤᠯᠤᠨ ᠥᠭᠡᠷᠡᠴᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠨᠱᠠᠨ ᠴᠡᠴᠡᠷᠯᠢᠭ᠂ ᠾᠧ ᠰᠢᠶᠧ ᠴᠡᠴᠡᠷᠯᠢᠭ  ᠢ  ᠳᠡᠰᠵᠢᠬᠦᠯᠬᠦ ᠶᠢ ᠪᠡᠶᠡᠯᠡᠭᠦᠯᠵᠦ᠂ ᠵᠢᠯ ᠤᠨ ᠳᠣᠲᠣᠷ᠎ᠠ 139 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠳᠠ ᠶᠢᠨ ᠭᠠᠵᠠᠷ ᠢ ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠨ᠎ᠡ᠃ ᠬᠠᠲᠤᠨ ᠭᠤᠤᠯ ᠤᠨ  ᠳᠤᠬᠤᠢ ᠶᠢᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃     ︵ᠲᠦᠷᠪᠡ︶ ᠬᠤᠳᠠ ᠬᠥᠳᠡᠭᠡ ᠨᠡᠩ ᠦᠵᠡᠰᠬᠦᠯᠡᠩᠲᠦ ᠰᠠᠶᠢᠬᠠᠨ ᠰᠠᠭᠤᠷᠢᠰᠢᠬᠤ ᠳᠤ ᠲᠣᠬᠢᠷᠠᠮᠵᠢᠲᠠᠢ ᠵᠡᠭᠦᠨᠭᠠᠷ ᠢ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ      ᠬᠦᠳᠡᠭᠡ ᠳᠤᠰᠬᠤᠨ ᠢ ᠪᠦᠬᠦ ᠳᠠᠯ᠎ᠠ ᠪᠠᠷ ᠬᠦᠭᠵᠢᠬᠦᠯᠤᠨ ᠮᠠᠨᠳᠤᠭᠤᠯᠬᠤ ᠶᠢ ᠦᠨᠳᠤᠷ ᠪᠠᠷᠢᠮᠵᠢᠶ᠎ᠠ ᠲᠠᠢ ᠪᠠᠷ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠦ᠂ ᠤᠢ ᠵᠢᠮᠢᠰ ᠤᠨ ᠮᠤᠳᠤ᠂  ᠡᠯᠳᠡᠪ ᠠᠮᠤ ᠵᠡᠷᠭᠡ ᠠᠵᠤ ᠦᠢᠯᠡᠰ ᠤᠨ ᠬᠥᠭᠵᠢᠯᠲᠡ ᠶᠢᠨ ᠨᠡᠶᠢᠭᠡᠮᠯᠢᠭ ᠪᠣᠯᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠤᠰᠬᠠᠢ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠯᠢᠶᠠᠩ ᠶᠦᠨ ᠭᠠᠭ᠋ᠠᠢ ᠳᠡᠵᠢᠭᠡᠬᠦ  ᠤᠶᠢᠯᠡᠰ᠂ ᠬᠠᠳᠤᠨ ᠭᠤᠣᠯ ᠤᠨ ᠲᠤᠲᠤᠷᠭ᠎ᠠ ᠵᠢᠭᠠᠰᠤᠨ ᠠᠵᠤ ᠠᠬᠤᠢ ᠶᠢᠨ ᠤᠰᠤ ᠠᠷᠪᠢᠯᠠᠬᠤ  ᠵᠢᠱᠢᠶ᠎ᠠ ᠦᠵᠡᠭᠦᠯᠬᠦ ᠳᠦᠷᠤᠯ ᠵᠤᠶᠢᠯ᠂  ᠨᠤᠸᠠᠨ ᠱᠦᠢ ᠶᠢᠨ ᠠᠯᠮᠤᠷᠠᠳ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠠᠰᠢᠭ ᠲᠤᠰᠠ ᠶᠢ ᠬᠤᠯᠪᠣᠭᠰᠠᠨ ᠲᠠᠷᠢᠶᠠᠴᠢᠨ ᠡᠷᠦᠬᠡ ᠶᠢ 1.1 ᠲᠦᠮᠡᠨ ᠡᠷᠦᠬᠡ ᠳᠤ ᠬᠦᠷᠭᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠳᠤ ᠶᠢ ᠡᠬᠦᠳᠬᠦ ᠶᠢ ᠳᠦᠷᠭᠡᠳᠭᠡᠨ᠂ ᠵᠠᠳᠠᠭᠠᠶ ᠨᠡᠬᠦᠷᠡᠰᠤᠨ ᠠᠭᠤᠷᠬᠠᠶ ᠶᠢᠨ ᠳᠠᠬᠢᠨ ᠬᠠᠭᠠᠯᠪᠤᠷᠢᠯᠠᠬᠤ ᠣᠷᠣᠨ  ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤᠭᠤᠷᠢᠭ ᠪᠠᠶᠢᠭᠤᠯᠬᠤ᠂ ᠨᠡᠭᠡᠭᠡᠯᠲᠡ ᠶᠢᠨ ᠤᠷᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠬᠢᠬᠦ ᠶᠢ ᠡᠬᠢᠯᠡᠭᠦᠯᠵᠦ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ  ᠮᠠᠯ ᠤᠨ ᠠᠰᠢᠭ ᠰᠢᠮ᠎ᠡ ᠶᠢᠨ ᠡᠯᠧᠺᠲᠷᠣᠨ ᠬᠤᠳᠠᠯᠳᠤᠭᠠᠨ ᠤ ᠠᠵᠤ  ᠤᠶᠢᠯᠡᠰ ᠤᠨ ᠬᠦᠷᠢᠶᠡᠯᠡᠩ ᠳᠤᠭᠤᠷᠢᠭ ᠪᠠᠶᠢᠭᠤᠯᠬᠤ  ᠶᠢ ᠰᠦᠪᠡᠭᠴᠢᠯᠡᠨ ᠠᠬᠢᠭᠤᠯᠵᠤ᠂  ᠠᠮᠳᠠᠳᠠᠢ ᠢᠳᠡᠰᠢᠨ ᠨᠣᠭᠤᠭ᠎ᠠ᠂ ᠬᠤᠵᠢᠷᠯᠢᠭ ᠭᠠᠵᠠᠷ ᠤᠨ ᠠᠮᠤ ᠪᠤᠳᠠᠭ᠎ᠠ᠂ ᠡᠯᠳᠡᠪ ᠠᠮᠤ᠂ ᠣᠶ ᠵᠢᠮᠢᠰ ᠤᠨ  ᠮᠤᠳᠤ᠂ ᠰᠡᠷᠭᠡ  ᠪᠠ  ᠠᠯᠠᠰᠢᠨ ᠦᠬᠡᠷ ᠢᠶᠠᠷ ᠭᠤᠤᠯᠯᠠᠭᠤᠯᠤᠭᠰᠠᠨ ᠪᠣᠬᠢᠷᠲᠤᠯ ᠥᠬᠡᠶ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠨᠠᠷᠢᠯᠢᠭ ᠡᠳ᠋ᠰᠢᠭᠦᠯᠬᠦ ᠠᠵᠤ  ᠤᠶᠢᠯᠡᠰ ᠤᠨ ᠬᠡᠯᠬᠢᠶ᠎ᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠪᠥᠬᠦ ᠠᠵᠤ  ᠤᠶᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠬᠢ ᠪᠠᠶᠠᠯᠢᠭ ᠤᠨ ᠨᠡᠭᠡᠭᠡᠯᠲᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ᠶᠢᠨ ᠬᠡᠪ  ᠪᠤᠯᠪᠠᠰᠤᠷᠠᠯ ᠢ ᠳᠡᠭᠡᠭᠰᠢᠯᠡᠭᠦᠯᠬᠦ ᠲᠥᠯᠥᠪᠯᠡᠭᠡ ᠶᠢ ᠲᠦᠷᠭᠡᠳᠬᠡᠨ ᠬᠡᠷᠡᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠤᠶᠢᠯᠡᠳᠪᠤᠷᠢᠯᠡᠯ ᠡᠵᠡᠩᠨᠡᠯᠲᠡ᠂ ᠠᠵᠤ  ᠤᠶᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ  ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠤᠤᠯ ᠪᠣᠯᠬᠤ ᠲᠠᠷᠢᠮᠠᠯ ᠤᠨ ᠰᠠᠶᠢᠨ ᠳᠦᠷᠤᠯ ᠵᠤᠶᠢᠯ ᠤᠨ ᠪᠦᠷᠬᠦᠴᠡ ᠨᠣᠷᠮ᠎ᠠ ᠶᠢ 98% ᠠᠴᠠ ᠳᠠᠪᠠᠭᠤᠯᠤᠨ᠎ᠠ᠃ ᠵᠣᠬᠢᠶᠠᠨ ᠪᠠᠶᠢᠭᠤᠯᠤᠯᠳᠠ ᠶᠢᠨ ᠬᠥᠭᠵᠢᠭᠦᠯᠬᠦ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠤᠨ᠂ ᠬᠤᠲᠠ ᠶᠢᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠴᠠᠭ᠎ᠠ ᠲᠣᠰᠬᠤᠨ  ᠢ ᠳᠡᠮᠵᠢᠨ ᠬᠥᠲᠥᠯᠦᠨ ᠵᠢᠯᠣᠭᠤᠳᠴᠤ ᠪᠠᠶᠢᠭᠠᠳ ᠲᠣᠰᠬᠤᠨ ᠤ ᠬᠠᠮᠲᠤ ᠶᠢᠨ ᠠᠵᠤ ᠠᠬᠤᠶ ᠶᠢᠨ ᠭᠤᠤᠯᠯᠠᠬᠤ ᠤᠨᠴᠠᠯᠢᠬᠳᠤ ᠲᠥᠷᠥᠯ ᠵᠤᠶᠢᠯ ᠢ ᠪᠠᠶᠢᠭᠤᠯᠵᠤ ᠂ ᠵᠢᠯ ᠤᠨ ᠳᠣᠲᠣᠷ᠎ᠠ 60 ᠬᠠᠪᠰᠤᠷᠤᠨ ᠲᠡᠳᠬᠦᠬᠦ ᠲᠥᠷᠥᠯ ᠵᠤᠶᠢᠯ᠂ 1000 ᠲᠦᠮᠡᠨ ᠲᠥᠭᠦᠷᠢᠭ ᠣᠷᠴᠢᠮ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠶᠢ 5500 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃     ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠰᠢᠤᠸᠠᠢ ᠵᠢᠶᠠ ᠸᠠᠨ ᠤ ᠲᠥᠪ ᠬᠤᠳᠠ ᠶᠢᠨ ᠲᠣᠭᠤᠷᠢᠭ ᠤᠨ 1.2 ᠲᠡᠭᠰᠢ ᠳᠥᠷᠪᠡᠯᠵᠢᠨ ᠺᠢᠯᠣᠮᠧᠲᠷ ᠤᠷᠳᠤ ᠭᠠᠵᠠᠷ ᠳᠣᠣᠷᠠᠬᠢ ᠬᠤᠭᠤᠯᠠᠶ ᠲᠣᠣᠷ᠂ ᠵᠠᠮ ᠳᠡᠪᠢᠰᠬᠦ᠂ ᠪᠠᠷᠢᠯᠭ᠎ᠠ ᠶᠢᠨ ᠪᠣᠰᠤᠭ᠎ᠠ ᠲᠠᠯ᠎ᠠ᠂ ᠦᠵᠡᠮᠵᠢ ᠶᠢᠨ ᠨᠣᠭᠤᠭᠠᠷᠠᠭᠤᠯᠤᠯᠲᠠ ᠵᠡᠷᠭᠡ ᠲᠠᠯ᠎ᠠ ᠪᠠᠷ ᠲᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠡᠬᠢᠯᠡᠭᠦᠯᠤᠨ᠎ᠠ᠃ 2010 ᠣᠨ ᠠᠴᠠ ᠡᠮᠦᠨ᠎ᠡ ᠪᠠᠶᠢᠭᠤᠯᠤᠭᠰᠠᠨ 71 ᠬᠠᠭᠤᠴᠢᠨ ᠰᠠᠭᠤᠭᠠᠯᠢ ᠲᠣᠭᠤᠷᠢᠭ ᠢ ᠵᠣᠬᠢᠰᠲᠠᠶ ᠪᠠᠷ ᠥᠭᠡᠷᠡᠴᠢᠯᠡᠨ ᠪᠠᠶᠢᠭᠤᠯᠵᠤ᠂ ᠵᠢᠶᠠ ᠵᠢᠶᠠ ᠸᠠᠨ᠂ ᠵᠧᠦ ᠵᠢᠶᠠ ᠸᠠᠨ ᠤ  ᠬᠠᠭᠤᠴᠢᠨ ᠣᠷᠣᠨ ᠰᠠᠭᠤᠴᠠ ᠶᠢᠨ ᠲᠣᠭᠤᠷᠢᠭ ᠢ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠰᠢᠤᠸᠠᠢ ᠵᠢᠶᠠ ᠸᠠᠨ ᠤ ᠬᠤᠳᠠ ᠲᠣᠭᠤᠷᠢᠭᠰᠠᠨ ᠵᠠᠮ ᠢ ᠲᠥᠯᠥᠪᠵᠢᠭᠦᠯᠦᠨ ᠪᠠᠶᠢᠭᠤᠯᠵᠤ᠂ ᠬᠤᠳᠠ ᠶᠢᠨ ᠶᠠᠪᠤᠳᠠᠯ ᠤᠨ ᠵᠠᠮ ᠢ 24 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠤᠳᠠ ᠶᠢᠨ ᠲᠣᠭᠤᠷᠢᠭ ᠤᠨ ᠵᠠᠮ ᠬᠠᠷᠢᠯᠴᠠᠭᠠᠨ ᠤ ︽ᠡᠷᠭᠢᠯᠲᠡ︾ ᠶᠢ ᠰᠠᠭᠠᠳ ᠦᠭᠡᠢ ᠨᠡᠪᠲᠡᠷᠡᠭᠦᠯᠦᠨ᠎ᠡ᠃ ᠲᠥᠪ ᠬᠤᠲᠠ ᠶᠢᠨ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠲᠣᠤᠷ ᠢ ᠳᠡᠪᠢᠰᠴᠤ ᠵᠠᠯᠭᠠᠯᠳᠤᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠬᠦᠯᠤᠨ᠎ᠠ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠵᠦ᠂ ᠵᠢᠵᠢᠭ ᠴᠡᠴᠡᠷᠯᠢᠭ᠂ ᠨᠡᠶᠢᠭᠡᠮ ᠲᠣᠭᠤᠷᠢᠭ ᠤᠨ ᠵᠤᠭᠠᠴᠠᠯ ᠤᠨ ᠴᠡᠴᠡᠷᠯᠢᠭ ᠢ ᠰᠢᠨ᠎ᠡ ᠪᠠᠷ 6 ᠪᠠᠶᠢᠭᠤᠯᠵᠤ᠂ 7.5 ᠺᠢᠯᠣᠮᠧᠲᠷ ᠭᠤᠤᠯ ᠵᠠᠮ ᠤᠨ ᠵᠡᠭᠡᠯᠢ ᠶᠢᠨ ᠦᠵᠡᠮᠵᠢ ᠶᠢ ᠥᠭᠡᠷᠡᠴᠢᠯᠡᠨ ᠵᠠᠰᠠᠵᠤ᠂ ︽ᠨᠢᠭᠡ ᠵᠡᠭᠡᠯᠢ ᠨᠢᠭᠡ ᠦᠵᠡᠮᠵᠢ ᠲᠠᠢ ᠨᠢᠭᠡ ᠳᠦᠷᠬᠦ ᠪᠠᠶᠢᠳᠠᠯ ᠲᠠᠢ︾᠂ ︽ᠨᠢᠭᠡ ᠥᠨᠴᠥᠭ ᠨᠢᠭᠡ ᠳᠦᠷᠤᠯ ᠳᠡᠮᠳᠡᠭ ᠲᠠᠢ ᠨᠢᠭᠡ ᠣᠨᠴᠠᠯᠢᠭ ᠲᠠᠢ︾  ᠪᠠᠶᠢᠬᠤ ᠶᠢ ᠪᠡᠶᠡᠯᠡᠭᠦᠯᠦᠨ᠎ᠡ᠃ ᠡᠵᠡᠩᠨᠡᠯᠲᠡ ᠶᠢᠨ ᠬᠤᠲᠠ ᠶᠢᠨ ᠠᠷᠭ᠎ᠠ ᠮᠠᠶ᠋ᠢᠭ ᠢᠶᠠᠷ᠂ ᠬᠤᠶᠢᠳᠤ ᠠᠭᠤᠯᠠ ᠶᠢᠨ ᠬᠤᠶᠢᠳᠤ ᠭᠡᠰᠡᠭ ᠤᠨ ᠬᠤᠲᠠ ᠶᠢᠨ ᠶᠠᠪᠤᠳᠠᠯ ᠤᠨ ᠵᠠᠮ᠂ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠡᠭᠦᠨᠭᠠᠷ ᠤᠨ ᠳᠤᠮᠳᠠᠳᠤ ᠰᠤᠷᠭᠠᠭᠤᠯᠢ᠂ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ  ᠤᠶᠢᠯᠡᠴᠢᠯᠡᠭᠡᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠡᠷᠡᠭᠵᠢᠭᠦᠯᠦᠨ᠎ᠡ᠃ ᠨᠠᠷᠠᠲᠠᠶ ᠠᠵᠤ ᠠᠬᠤᠶᠢᠯᠠᠯ ᠢ ᠤᠷᠤᠭᠤᠯᠤᠨ ᠠᠪᠴᠢᠷᠠᠵᠤ ᠴᠢᠨᠠᠷ ᠰᠠᠶᠢᠲᠠᠶ ᠭᠠᠵᠠᠷ ᠬᠥᠷᠥᠩᠭᠡ ᠶᠢᠨ ᠲᠥᠷᠥᠯ ᠵᠤᠶᠢᠯ ᠢ ᠨᠡᠭᠡᠭᠡᠨ ᠬᠥᠭᠵᠢᠭᠦᠯᠵᠦ᠂ 100 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠲᠠᠸᠠᠷ ᠤᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠤᠨ᠎ᠠ᠃ ᠰᠢᠤᠸᠠᠢ ᠵᠢᠶᠠ ᠸᠠᠨ ᠳ᠋ᠡ ᠯᠤ᠋ ᠶᠢ ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠬᠤᠳᠠᠯᠳᠤᠭᠠᠨ ᠤ ᠢᠵᠢ ᠪᠦᠷᠢᠳᠦᠭᠦᠯᠦᠯᠲᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠳᠠ ᠶᠢᠨ ᠦᠢᠯᠡᠴᠢᠯᠡᠭᠡᠨ ᠤ ᠴᠢᠳᠠᠪᠬᠢ ᠶᠢ ᠴᠢᠨᠠᠭᠰᠢᠳᠠ ᠪᠦᠷᠢᠨᠰᠢᠬᠦᠯᠦᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠬᠤᠲᠠ ᠶᠢᠨ ᠠᠵᠢᠯᠯᠠᠭᠠᠨ ᠤ ︽ᠨᠢᠭᠡ  ᠰᠦᠯᠵᠢᠶ᠎ᠠ ᠪᠠᠷ ᠨᠢᠭᠡᠳᠦᠯᠲᠡᠶ ᠬᠠᠮᠢᠶᠠᠷᠬᠤ︾ ᠶᠢ ᠠᠬᠢᠭᠤᠯᠤᠨ᠂ ᠪᠥᠬᠦ ᠣᠷᠣᠨ ᠤ ᠳᠤᠭᠠᠴᠠᠯᠠᠬᠰᠠᠨ ᠬᠤᠲᠠ ᠶᠢᠨ ᠵᠠᠰᠠᠯᠳᠠ ᠶᠢᠨ ᠵᠠᠭᠪᠤᠷ ᠢ ᠪᠣᠶ ᠪᠣᠯᠭᠠᠨ᠎ᠠ᠃ ᠤᠰᠤ ᠪᠠᠷ ᠰᠦᠷᠴᠢᠬᠦ ᠮᠠᠶ᠋ᠢᠭ ᠤᠨ ᠨᠡᠶᠢᠲᠡ ᠶᠢᠨ ᠵᠣᠷᠯᠣᠩ ᠢ 22 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂  ᠭᠤᠤᠯᠳᠠᠯᠭᠠᠳᠤ ᠬᠤᠲᠠ ᠶᠢᠨ ᠲᠣᠭᠤᠷᠢᠭ ᠲᠤ ᠤᠰᠤ ᠪᠠᠷ ᠰᠦᠷᠴᠢᠬᠦ ᠮᠠᠶ᠋ᠢᠭ ᠤᠨ ᠵᠣᠷᠯᠣᠩ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠪᠦᠬᠦ ᠤᠯᠤᠰ ᠤᠨ ᠪᠣᠯᠪᠠᠰᠤᠨ ᠰᠢᠶᠠᠨ ᠤ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃     ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠳᠤᠬᠳᠠᠯᠴᠠᠭ᠎ᠠ ᠶᠢ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠭᠦᠨᠭᠠᠷ ᠠᠭᠤᠳᠠᠮ ᠲᠠᠯᠠᠪᠠᠶ ᠶᠢᠨ ᠭᠠᠵᠠᠷ ᠳᠣᠤᠷᠠᠬᠢ ᠲᠡᠷᠭᠡᠨ ᠵᠣᠭᠰᠣᠭᠠᠯ ᠢ ᠥᠭᠡᠷᠡᠴᠢᠯᠡᠬᠦ ᠲᠥᠷᠥᠯ ᠵᠤᠶᠢᠯ ᠢ ᠡᠬᠢᠯᠡᠭᠦᠯᠦᠨ ᠬᠡᠷᠡᠭᠵᠢᠭᠦᠯᠵᠦ᠂ ᠰᠢᠤᠸᠠᠢ ᠵᠢᠶᠠ ᠸᠠᠨ ᠠᠴᠠ ᠳ᠋ᠠ ᠯᠦ ᠰᠢᠨ᠎ᠡ ᠲᠣᠭᠤᠷᠢᠭ ᠬᠥᠷᠬᠦ ᠬᠤᠶᠠᠳᠤᠭᠠᠷ ᠱᠤᠭᠤᠮ ᠤᠨ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠤᠯᠠᠭᠠᠨ ᠬᠥᠭᠦᠷᠭᠡ ᠶᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠲᠡᠷᠭᠡ ᠵᠣᠭᠰᠣᠭᠠᠬᠤ ᠳᠤ ᠬᠦᠴᠢᠷ᠂ ᠲᠡᠷᠭᠡ ᠶᠠᠪᠤᠬᠤ ᠳᠤ ᠬᠦᠴᠢᠷ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ 5G ᠶᠢᠨ ᠰᠠᠭᠤᠷᠢ ᠥᠷᠲᠡᠭᠡ ᠶᠢ 400 ᠠᠴᠠ ᠳᠡᠭᠡᠭᠰᠢ ᠲᠥᠯᠥᠪᠵᠢᠭᠦᠯᠦᠨ ᠪᠠᠶᠢᠭᠤᠯᠵᠤ᠂ ᠰᠢᠤᠸᠠᠢ ᠵᠢᠶᠠ ᠸᠠᠨ᠂ ᠳ᠋ᠠ ᠯᠦ ᠰᠢᠨ᠎ᠡ ᠲᠣᠭᠤᠷᠢᠭ᠂  ᠱᠠᠬᠳᠠᠷ ᠭᠤᠤᠯ ᠬᠤᠲᠠ ᠶᠢᠨ ᠲᠣᠭᠤᠷᠢᠭ ᠤᠨ 5G ᠶᠢᠨ ᠰᠦᠯᠵᠢᠶ᠎ᠡ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠵᠦ᠂ ᠲᠣᠭᠠᠴᠠᠯᠠᠬᠰᠠᠨ ᠵᠡᠭᠦᠨᠭᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠰᠠᠭᠤᠷᠢ  ᠳᠦᠬᠦᠭᠡᠷᠤᠮᠵᠢ ᠪᠠ ᠶᠡᠷᠦᠩᠬᠡᠶᠢᠯᠡᠭᠰᠡᠨ ᠤᠶᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂  ᠱᠠᠬᠳᠠᠷ ᠤᠨ ᠬᠠᠭᠤᠴᠢᠨ ᠰᠠᠭᠤᠭᠠᠯᠢ ᠲᠣᠭᠤᠷᠢᠭ ᠪᠠ ᠵᠡᠭᠡᠯᠢ ᠭᠤᠳᠤᠮᠵᠢ ᠶᠢᠨ ᠬᠤᠭᠤᠯᠠᠶ ᠲᠣᠤᠷ᠂ ᠵᠠᠮ ᠤᠨ ᠲᠣᠤᠷ ᠢ ᠥᠭᠡᠷᠡᠴᠢᠯᠡᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠠᠯᠭᠠᠰᠤᠨ ᠤ ᠲᠣᠭᠤᠷᠢᠭ ᠤᠨ ᠳᠠᠭᠠᠭᠠᠴᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃  ᠨᠠᠷᠠᠰᠤᠨ ᠪᠠᠯᠭᠠᠰᠤ ᠠᠴᠠ ᠯᠦᠩ ᠺᠸᠤ ᠬᠦᠷᠬᠦ  ᠦᠨᠳᠤᠷ ᠬᠤᠷᠳᠤᠴᠠᠳᠤ ᠵᠠᠰᠠᠮᠠᠯ ᠵᠠᠮ᠂ ᠰᠢᠤᠸᠠᠢ ᠵᠢᠶᠠ ᠸᠠᠨ ᠠᠴᠠ ᠯᠢᠦ ᠴᠢᠩ ᠯᠢᠶᠠᠩ᠂  ᠯᠢᠤ ᠴᠢᠩ ᠯᠢᠶᠠᠩ ᠠᠴᠠ ᠴᠧᠩ  ᠫᠦᠸᠧ ᠬᠥᠷᠬᠦ  ᠵᠤᠭᠠᠴᠠᠯ ᠤᠨ ᠵᠠᠰᠠᠮᠠᠯ ᠵᠠᠮ ᠢ ᠡᠬᠢᠯᠡᠨ ᠪᠠᠶᠢᠭᠤᠯᠵᠤ᠂ ᠰᠢᠤᠸᠠᠢ ᠵᠢᠶᠠ ᠸᠠᠨ ᠠᠴᠠ ᠸᠧᠶ ᠵᠢᠶᠠ ᠮᠤᠤ ᠬᠦᠷᠬᠦ ᠱᠤᠭᠤᠮ᠂ ᠰᠢᠶᠤᠤ ᠾᠸᠢ ᠱᠤᠭᠤᠮ ᠵᠡᠷᠭᠡ ᠵᠠᠰᠠᠮᠠᠯ ᠵᠠᠮ ᠤᠨ  ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠤᠶᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠥᠮᠦᠰ ᠤᠨ ᠣᠷᠣᠰᠢᠨ ᠠᠮᠢᠳᠤᠷᠠᠬᠤ ᠣᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ︽ᠠᠶᠢᠯ ᠡᠷᠤᠭᠡ ᠶᠢᠨ ᠵᠣᠷᠯᠣᠩ ᠢ ᠥᠭᠡᠷᠡᠴᠢᠯᠡᠬᠦ︾ ᠶᠢ ᠦᠷᠭᠦᠯᠵᠢᠯᠡᠨ  ᠠᠬᠢᠭᠤᠯᠵᠤ᠂ ᠬᠤᠭ ᠨᠣᠪᠰᠢ ᠪᠣᠬᠢᠷ ᠤᠰᠤ ᠶᠢ ᠴᠡᠪᠡᠷᠯᠡᠨ  ᠰᠢᠢᠳᠪᠤᠷᠢᠯᠡᠬᠦ 6 ᠲᠥᠬᠦᠭᠡᠷᠦᠮᠵᠢ ᠶᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠬᠥᠮᠦᠨ ᠠᠮᠠ ᠲᠥᠪᠯᠡᠷᠡᠭᠰᠡᠨ ᠣᠷᠣᠨ ᠪᠦᠰᠡ ᠶᠢᠨ ᠬᠤᠭ ᠨᠣᠪᠰᠢ ᠪᠣᠬᠢᠷ ᠤᠰᠤ ᠶᠢ ᠴᠥᠮ ᠪᠦᠲᠦᠮᠵᠢᠲᠡᠶ ᠵᠠᠰᠠᠬᠤ ᠶᠢ ᠦᠨᠡᠨ ᠬᠦ ᠪᠠᠲᠤᠯᠠᠨ᠎ᠠ᠃ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠵᠤ ᠠᠰᠢᠭᠯᠠᠬᠤ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠥᠳᠥᠭᠡᠨ ᠪᠠᠶᠢᠭᠤᠯᠵᠤ᠂ ᠬᠤᠳᠠ ᠶᠢᠨ ᠲᠡᠬᠦᠷᠭᠡ ᠶᠢᠨ ᠠᠭᠤᠯᠵᠠᠷ ᠬᠡᠰᠡᠭ ᠤᠨ ᠬᠠᠶᠠᠭᠳᠠᠮᠠᠯ ᠡᠳ᠋  ᠢ ᠬᠤᠳᠠᠯᠳᠤᠨ ᠠᠪᠬᠤ ᠥᠷᠳᠡᠭᠡ  ᠴᠡᠭ ᠢ ᠳᠦᠷᠢᠮᠵᠢᠬᠦᠯᠤᠨ ᠬᠠᠮᠢᠶᠠᠷᠤᠨ᠎ᠠ᠃ 488 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ 4G ᠰᠠᠭᠤᠷᠢ ᠥᠷᠲᠡᠭᠡ ᠶᠢ 103 ᠰᠠᠭᠤᠷᠢ ᠠᠰᠢᠭᠯᠠᠯᠲᠠ ᠳᠤ ᠣᠷᠣᠭᠤᠯᠵᠤ᠂  ᠪᠤᠷᠤᠳᠤᠬᠤᠢ ᠰᠤᠮᠤ ᠶᠢᠨ ᠠᠮᠢ ᠠᠬᠤᠶ ᠶᠢᠨ ᠤᠰᠤᠨ ᠤ ᠰᠤᠷᠪᠤᠯᠵᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠤᠶᠢᠯᠡᠴᠢᠯᠡᠭᠡᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠠ᠃     ︵ᠲᠠᠪᠤ︶ ᠪᠤᠶᠠᠨ ᠬᠡᠰᠢᠭ  ᠨᠡᠩ ᠵᠤᠵᠠᠭᠠᠨ ᠵᠤᠯ ᠵᠢᠷᠭᠠᠯᠲᠤ ᠵᠡᠭᠦᠨᠭᠠᠷ ᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠳᠤᠯᠠᠬᠤ ᠠᠵᠢᠯ ᠢ ᠰᠠᠶᠢᠳᠤᠷ ᠬᠢᠵᠤ ᠨᠡᠶᠢᠭᠡᠮ ᠤᠨ ᠪᠠᠲᠤᠯᠠᠭ᠎ᠠ  ᠶᠢᠨ ᠬᠢᠷᠢ ᠳᠦᠪᠰᠢᠨ ᠢ ᠳᠡᠭᠡᠭᠰᠢᠯᠡᠬᠦᠯᠤᠨ᠎ᠠ᠃  ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠵᠦ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠨ ᠵᠣᠬᠢᠴᠠᠭᠤᠯᠬᠤ ᠪᠠᠶᠢᠩᠭᠤ ᠶᠢᠨ ᠲᠣᠭᠲᠠᠴᠠ ᠶᠢ ᠪᠦᠷᠢᠨᠰᠢᠬᠦᠯᠵᠦ᠂ ᠶᠡᠭᠡ ᠳᠡᠭᠡᠳᠦ ᠰᠤᠷᠭᠠᠭᠤᠯᠢ  ᠠᠴᠠ ᠲᠡᠭᠦᠰᠦᠭᠰᠡᠨ ᠤᠶᠤᠳᠠᠨ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤ ᠶᠢᠨ ᠬᠦᠴᠢᠷᠳᠡᠯᠲᠡᠶ ᠬᠥᠮᠦᠰ ᠵᠡᠷᠭᠡ ᠭᠤᠤᠯᠳᠠᠯᠭ᠎ᠠ ᠲᠠᠢ  ᠬᠦᠮᠤᠰ ᠤᠨ ᠠᠵᠢᠯ ᠣᠯᠵᠤ ᠠᠳᠠᠯ  ᠤᠶᠢᠯᠡᠰ ᠴᠣᠭᠴᠠᠯᠠᠬᠤ ᠶᠢ ᠬᠦᠴᠦᠯᠡᠨ ᠪᠠᠲᠤᠯᠠᠵᠤ᠂      ︽ᠠᠵᠢᠯ ᠲᠠᠢ ᠬᠦᠮᠤᠨ ᠥᠬᠡᠶ︾ ᠬᠡᠷ ᠪᠦᠯᠢ ᠶᠢ ᠬᠥᠳᠡᠯᠦᠩᠭᠦᠶ ᠪᠠᠷ  ᠦᠭᠡᠶᠢᠰᠭᠡᠬᠦ ᠶᠢ ᠠᠬᠢᠭᠤᠯᠵᠤ᠂ ᠬᠤᠲᠠ ᠪᠠᠯᠭᠠᠰᠤ ᠶᠢᠨ ᠠᠵᠢᠯ ᠣᠯᠭᠤᠯᠲᠠ ᠶᠢ 3200 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ᠂ ᠬᠥᠯᠥᠰᠥᠨ ᠠᠵᠢᠯᠴᠢᠨ ᠪᠠ ᠠᠮᠢᠳᠤᠯᠢᠭ ᠢᠶᠠᠷ ᠠᠵᠢᠯ ᠣᠯᠤᠭᠰᠠᠳ ᠢᠶᠠᠷ ᠭᠤᠣᠯᠳᠠᠯᠭ᠎ᠠ ᠪᠣᠯᠭᠠᠭᠰᠠᠨ ᠳᠠᠭᠠᠳᠬᠠᠯ ᠳᠤ ᠣᠷᠣᠯᠴᠠᠬᠤ ᠠᠵᠢᠯ ᠢ  ᠢᠯᠡᠷᠭᠡᠢ ᠰᠠᠶᠢᠲᠤᠷ ᠠᠳᠬᠤᠵᠤ᠂ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠷᠢᠮᠵᠢᠶ᠎ᠠ ᠶᠢ ᠳᠤᠮᠳᠠᠴᠢ ᠪᠠᠷ 40% ᠣᠷᠴᠢᠮ ᠳᠡᠭᠡᠭᠰᠢᠯᠡᠭᠦᠯᠦᠨ᠎ᠡ᠃ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠲᠤ ︽ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ ᠳᠠᠭᠠᠳᠬᠠᠯ︾ ᠬᠤᠳᠠᠯᠳᠤᠨ ᠠᠪᠴᠤ ᠥᠭᠭᠦᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠳᠤᠬᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠪᠦᠲᠦᠮᠵᠢᠲᠡᠶ ᠨᠡᠮᠡᠭᠳᠡᠭᠦᠯᠦᠨ᠎ᠡ᠃ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠨᠢᠯᠬ᠎ᠠ ᠬᠡᠤᠬᠡᠳ ᠢ ᠨᠠᠶᠢᠳᠠᠨ ᠬᠥᠮᠦᠵᠢᠭᠦᠯᠬᠦ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠤᠶᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠢᠯᠬ᠎ᠠ ᠬᠡᠤᠬᠡᠳ ᠢ ᠨᠠᠶᠢᠳᠠᠨ ᠬᠥᠮᠦᠵᠢᠭᠦᠯᠬᠦ ᠪᠠᠶᠢᠷᠢ ᠶᠢ 700 ᠰᠢᠨ᠎ᠡ ᠪᠠᠷ ᠨᠡᠮᠡᠭᠳᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠨᠠᠰᠤᠵᠢᠯ ᠤᠨ ᠠᠵᠤ ᠤᠶᠢᠯᠡᠰ ᠤᠨ ᠬᠥᠭᠵᠢᠯᠲᠡ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ  ᠳᠤᠬᠳᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠵᠦ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠂ ᠨᠡᠶᠢᠭᠡᠮ ᠤᠨ ᠠᠰᠠᠷᠠᠮᠵᠢ ᠶᠢᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠎ᠡ᠃ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠮᠠᠭᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠵᠡᠷᠭᠡ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠲᠡᠮᠵᠢᠨ᠎ᠡ᠃     ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠬᠦᠯᠤᠨ᠎ᠠ᠃ ︽ᠲᠡᠷᠢᠭᠦᠨ ᠵᠡᠷᠭᠡ ᠶᠢᠨ ᠰᠤᠷᠭᠠᠭᠤᠯᠢ ᠶᠢ ᠪᠥᠲᠥᠭᠡᠨ ᠪᠠᠶᠢᠭᠤᠯᠵᠤ᠂ ᠲᠡᠷᠢᠭᠦᠨ ᠵᠡᠷᠭᠡ ᠶᠢᠨ ᠰᠤᠷᠭᠠᠨ ᠬᠥᠮᠦᠵᠢᠯ ᠢ  ᠡᠬᠦᠳᠬᠦ︾ ᠬᠠᠷᠠᠯᠲᠠ ᠶᠢᠨ ᠲᠣᠭᠤᠷᠢᠨ ᠳᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ 12 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂  ᠰᠤᠷᠤᠭᠴᠢ ᠶᠢᠨ ᠤᠷᠤ ᠶᠢ 2430 ᠨᠡᠮᠡᠭᠳᠡᠭᠦᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠭᠡᠨ᠎ᠠ︔ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠶᠢ ᠭᠦᠨᠵᠡᠭᠡᠶ  ᠠᠬᠢᠭᠤᠯᠵᠤ᠂ ᠨᠡᠷᠡᠳᠤ ᠰᠢᠯᠢᠳᠡᠭ ᠪᠠᠭᠰᠢ ᠶᠢ 118 ᠬᠥᠮᠦᠵᠢᠭᠦᠯᠦᠨ  ᠤᠷᠢᠵᠤ ᠠᠪᠴᠢᠷᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭᠠᠨ ᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠵᠦᠷᠢᠶᠡᠳᠤ ᠬᠦᠭᠵᠢᠯᠳᠡ ᠶᠢ ᠠᠬᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ  ᠡᠵᠡᠮᠳᠡᠬᠦ ᠲᠥᠪ ᠤᠨ ᠪᠠᠷᠢᠮᠵᠢᠶᠠᠵᠢᠭᠤᠯᠤᠬᠰᠠᠨ ᠪᠦᠳᠤᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ︽ᠭᠤᠷᠪᠠᠨ ᠬᠥᠬᠡ︾  ᠳᠡᠰ ᠤᠨ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠠᠬᠢᠭᠤᠯᠤᠨ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ︾ ᠶᠢᠨ ᠳᠠᠬᠢᠨ  ᠰᠢᠯᠭᠠᠷᠠᠭᠤᠯᠤᠯᠳᠠ ᠶᠢ ᠦᠩᠭᠡᠷᠡᠭᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠰᠤᠷᠭᠠᠨ ᠬᠥᠮᠦᠵᠢᠯ᠂ ᠡᠮᠴᠢᠯᠡᠭᠡᠨ ᠤ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠠᠷᠠᠲᠤ ᠪᠠᠭᠰᠢ ᠨᠠᠷᠠᠲᠤ ᠡᠮᠴᠢ  ᠶᠢ ᠵᠠᠯᠠᠨ ᠠᠪᠴᠢᠷᠠᠵᠤ ᠭᠤᠤᠯᠯᠠᠭᠴᠢ ᠪᠠᠭᠰᠢ᠂ ᠡᠮᠴᠢ ᠶᠢ ᠳᠠᠭᠠᠭᠤᠯᠤᠨ ᠬᠥᠮᠦᠵᠢᠭᠦᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠡᠮᠴᠢᠯᠡᠭᠡᠨ ᠤ  ᠤᠶᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃  ᠱᠠᠬᠳᠠᠷ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠡᠬᠢᠯᠡᠨ ᠪᠦᠲᠦᠭᠡᠨ ᠪᠠᠶᠢᠭᠤᠯᠵᠤ᠂ ᠵᠡᠭᠡᠯᠢ ᠶᠢᠨ ᠲᠣᠭᠤᠷᠢᠭ ᠤᠨ ᠵᠢᠵᠢᠭ ᠬᠡᠯᠪᠡᠷᠢ ᠶᠢᠨ ᠠᠵᠢᠯᠯᠠᠭᠠᠨ ᠤ ᠲᠠᠯᠠᠪᠤᠷ ᠢ 3 ᠰᠢᠨ᠎ᠡ ᠪᠠᠷ ᠪᠠᠶᠢᠭᠤᠯᠵᠤ᠂  ᠤᠳᠠᠭᠠᠨ ᠠᠯᠬᠤᠯᠠᠵᠤ ᠶᠠᠪᠠᠭᠠᠨ ᠶᠠᠪᠤᠬᠤ ᠵᠠᠮ ᠢ  ᠰᠢᠨ᠎ᠡ ᠪᠠᠷ 6 ᠪᠠᠶᠢᠭᠤᠯᠵᠤ᠂ ᠨᠡᠩ ᠤᠯᠠᠨ ᠠᠵᠢᠯᠯᠠᠭᠠᠨ ᠤ ᠣᠷᠣᠨ ᠵᠠᠶ᠂  ᠤᠳᠠᠭᠠᠨ ᠠᠯᠬᠤᠯᠠᠬᠤ ᠣᠷᠣᠨ ᠵᠠᠶ ᠶᠢ ᠪᠤᠢ ᠪᠣᠯᠭᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠨᠥᠭᠴᠢᠭᠰᠡᠨ ᠪᠠᠭᠠᠲᠤᠷᠴᠤᠳ ᠤᠨ ᠰᠤᠪᠤᠷᠭ᠎ᠠ ᠶᠢ ᠰᠡᠯᠪᠢᠨ ᠵᠠᠰᠠᠵᠤ ᠥᠭᠡᠷᠡᠴᠢᠯᠡᠬᠦ ᠶᠢ ᠲᠦᠷᠭᠡᠪᠴᠢᠯᠡᠨ ᠬᠡᠷᠡᠭᠵᠢᠭᠦᠯᠵᠦ᠂ ᠮᠠ ᠵᠠ ᠶᠢᠨ ᠬᠤᠪᠢᠰᠬᠠᠯ ᠤᠨ ᠪᠠᠭᠤᠷᠢ ᠵᠡᠷᠭᠡ ᠬᠤᠪᠢᠰᠬᠠᠯ ᠤᠨ ᠳᠤᠷᠠᠰᠬᠠᠯᠲᠤ  ᠵᠤᠭᠠᠴᠠᠯ ᠤᠨ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠢ ᠴᠢᠩᠭᠠᠳᠬᠠᠨ᠎ᠠ᠃ ᠤᠳᠬ᠎ᠠ ᠤᠷᠠᠯᠢᠭ ᠤᠨ ᠪᠦᠲᠦᠭᠡᠯ ᠤᠨ  ᠴᠢᠨᠠᠷᠵᠢᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠥᠬᠦ ᠣᠷᠣᠨ ᠤ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ ᠢ ᠪᠣᠶ ᠪᠣᠯᠭᠠᠵᠤ᠂ ᠵᠡᠭᠦᠨᠭᠠᠷ ᠤᠨ ᠠᠯᠳᠠᠷᠰᠢᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ  ᠰᠢᠢᠳᠪᠤᠷᠢᠯᠡᠬᠦ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠶᠠᠩ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠᠲᠤ ᠠᠵᠢᠯᠯᠠᠭᠠᠨ ᠢ ᠠᠬᠢᠭᠤᠯᠵᠤ᠂ ᠲᠣᠰᠬᠤᠨ ᠤ ᠠᠷᠠᠳ ᠤᠨ ᠤᠴᠢᠷ ᠶᠠᠪᠤᠳᠠᠯ ᠢ  ᠳᠤᠭᠠᠴᠢᠬᠤ ᠲᠦᠷᠢᠮ ᠢ ᠤᠯᠠᠮ ᠨᠢᠭᠡ ᠠᠯᠬᠤᠮ ᠳᠦᠷᠢᠮᠵᠢᠬᠦᠯᠤᠨ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠣᠷᠣᠨ ᠪᠦᠰᠡ᠂ ᠴᠢᠳᠠᠮᠵᠢ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠵᠠᠬᠢᠳᠠᠯ ᠰᠤᠷᠪᠤᠯᠵᠢᠯᠠᠯ ᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠠᠬᠢᠳᠠᠯ ᠰᠤᠷᠪᠤᠯᠵᠢᠯᠠᠯ  ᠤᠨ ᠠᠰᠠᠭᠤᠳᠠᠯ ᠢ ᠬᠠᠤᠯᠢ ᠶᠣᠰᠣᠭᠠᠷ ᠴᠠᠭ ᠳᠠᠷᠤᠢ ᠳᠤᠨᠢ ᠲᠤᠬᠠᠶ ᠶᠢᠨ ᠭᠠᠵᠠᠷ ᠲᠤᠨᠢ  ᠰᠢᠢᠳᠪᠤᠷᠢᠯᠡᠬᠦ ᠶᠢ ᠠᠬᠢᠭᠤᠯᠤᠨ᠎ᠠ᠃ ︽  ᠠᠮᠤᠭᠤᠯᠠᠩ ᠵᠡᠭᠦᠨᠭᠠᠷ︾ ᠤᠨ ᠪᠥᠲᠥᠭᠡᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠵᠤ᠂ 110 ᠵᠢᠯᠣᠭᠤᠳᠬᠤ ᠲᠥᠪ ᠤᠨ ᠲᠥᠷᠥᠯ  ᠵᠤᠶᠢᠯ ᠢ ᠡᠬᠢᠯᠡᠭᠦᠯᠦᠨ ᠬᠡᠷᠡᠭᠵᠢᠭᠦᠯᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠠᠪᠴᠠᠩ ᠪᠠ ︽  ᠰᠢᠤᠸᠠᠢ ᠯᠢᠶᠠᠩ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠦᠵᠡᠯ ᠤᠬᠠᠮᠰᠠᠷ ᠢ ᠪᠠᠳᠤ ᠴᠤᠬᠴᠠᠯᠠᠬᠤ ᠶᠢ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠦᠨᠡᠨᠬᠦ  ᠳᠤᠭᠤᠰᠢᠯᠠᠭᠤᠯᠤᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠤᠨ᠎ᠠ᠃     ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠤᠷᠢᠭ᠎ᠠ ᠱᠤᠭᠤᠮ ᠤᠨ ᠰᠡᠳᠬᠢᠬᠦᠢ ᠪᠠᠷ ᠬᠥᠭᠵᠢᠯᠲᠡ ᠶᠢ ᠰᠦᠪᠡᠭᠴᠢᠯᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠢᠳᠡᠪᠬᠢᠲᠡᠢ ᠠᠷᠭᠠᠴᠠᠭᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ᠂ ᠠᠵᠤ ᠦᠢᠯᠡᠰ ᠤᠨ ᠭᠡᠯᠬᠢᠶ᠎ᠠ ᠬᠠᠩᠭᠠᠯᠭ᠎ᠠ ᠶᠢᠨ ᠭᠡᠯᠬᠢᠶ᠎ᠠ ᠶᠢᠨ ᠠᠮᠤᠷ ᠲᠦᠪᠰᠢᠨ᠂ ᠨᠡᠶᠢᠭᠡᠮ ᠤᠨ ᠬᠦᠷᠢᠶᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠢ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠲᠠᠪᠴᠠᠩ ᠪᠠ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠨ  ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ  ᠪᠠ ᠡᠮ ᠤᠨ ᠵᠤᠶᠢᠯ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠠᠮᠤᠷ ᠲᠣᠭᠲᠠᠭᠤᠨ ᠬᠥᠭᠵᠢᠯᠲᠡ ᠶᠢᠨ ᠣᠷᠴᠢᠨ  ᠠᠬᠤᠢ ᠶᠢ ᠬᠦᠴᠦᠯᠡᠨ ᠪᠤᠢ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠵᠡᠭᠦᠨᠭᠠᠷ ᠤᠨ ᠬᠠᠯᠬᠠᠪᠴᠢ ᠶᠢ ᠪᠠᠬᠢᠵᠢᠭᠦᠯᠦᠨ᠎ᠡ᠃     ᠲᠥᠯᠥᠭᠡᠯᠡᠭᠴᠢᠳ ᠡ᠂ ᠪᠢᠳᠡ ᠠᠷᠠᠳ ᠤᠯᠠᠨ ᠤ ᠠᠩᠬᠠᠷᠴᠤ ᠪᠠᠶᠢᠭ᠎ᠠ ᠤᠴᠢᠷ ᠶᠠᠪᠤᠳᠠᠯ ᠠᠴᠠ ᠡᠬᠢᠯᠡᠨ ᠬᠢᠵᠦ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠤᠴᠢᠷ ᠶᠠᠪᠤᠳᠠᠯ ᠠᠴᠠ ᠡᠬᠢᠯᠡᠨ ᠠᠳᠬᠤᠵᠤ᠂ ᠨᠢᠳᠤᠨ ᠳᠤ ᠦᠵᠡᠭᠳᠡᠵᠦ  ᠭᠠᠷ ᠲᠤ ᠪᠠᠷᠢᠬᠳᠠᠮ᠎ᠠ ᠬᠤᠪᠢᠷᠠᠯᠲᠠ ᠪᠠᠷ ᠵᠠᠰᠠᠭ ᠤᠨ ᠣᠷᠳᠣᠨ ᠤ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠤᠨ᠂ ᠠᠷᠠᠳ ᠤᠯᠠᠨ ᠢ ᠬᠤᠪᠢᠷᠠᠯᠲᠠ ᠶᠢᠨ ᠳᠤᠮᠳᠠ ᠠᠴᠠ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠢ ᠳᠡᠭᠡᠭᠰᠢᠯᠡᠭᠦᠯᠦᠨ᠎ᠡ︕     ᠲᠦᠷᠪᠡ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠲᠠᠢ ᠰᠢᠨ᠎ᠡ ᠲᠦᠷᠢ ᠲᠥᠷᠬᠦ ᠶᠢ  ᠢᠯᠡᠷᠡᠬᠦᠯᠤᠨ᠎ᠠ    ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠳᠠ ᠦᠬᠡᠢ ᠴᠢᠩᠭᠠᠳᠬᠠᠵᠤ᠂    ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠤ ᠶᠢ ᠡᠷᠬᠢᠮᠯᠡᠬᠦ ᠶᠢ ᠭᠠᠳᠠᠭᠠᠳᠤ ᠱᠠᠭᠠᠷᠳᠠᠯᠭ᠎ᠠ ᠠᠴᠠ ᠳᠣᠲᠣᠭᠠᠳᠤ ᠰᠠᠨᠠᠭᠠᠴᠢᠯᠠᠭᠠᠲᠤ ᠪᠠᠶᠢᠳᠠᠯ ᠪᠣᠯᠭᠠᠨ ᠬᠤᠪᠢᠷᠠᠭᠤᠯᠤᠨ᠎ᠠ᠃ ︽ᠬᠤᠶᠠᠷ ᠢ ᠲᠣᠭᠲᠠᠭᠠᠬᠤ︾ ᠶᠢᠨ ᠰᠢᠢᠳᠪᠤᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠶᠡᠭᠡ ᠲᠠᠯ᠎ᠠ︾ ᠳᠤ ᠰᠠᠭᠤᠷᠢᠯᠠᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ  ᠬᠦᠢᠴᠡᠳᠭᠡᠬᠦ ᠴᠢᠳᠠᠪᠤᠷᠢ  ᠶᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃     ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ  ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ ᠶᠢ ᠪᠠᠷᠢᠮᠲᠠᠯᠠᠨ᠎ᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠵᠢᠯᠯᠠᠭᠠᠨ ᠢ ᠬᠠᠤᠯᠢᠵᠢᠭᠤᠯᠬᠤ᠂  ᠳᠦᠷᠢᠮᠵᠢᠬᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂  ᠡᠷᠭᠡ ᠶᠢᠨ ᠠᠵᠢᠯᠯᠠᠭᠠᠨ  ᠢ ᠢᠯᠡ ᠪᠠᠷ ᠶᠠᠪᠤᠬᠳᠠᠭᠤᠯᠤᠨ᠎ᠠ᠃    ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠎ᠠ᠃ ᠠᠯᠢᠪᠠ  ᠭᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠨ᠎ᠠ᠃ ᠲᠣᠭᠤᠷᠢᠨ ᠴᠠᠬᠳᠠᠬᠤ᠂  ᠴᠠᠬᠳᠠᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠎ᠠ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠢᠯᠵᠠᠷᠠᠬᠤ  ᠠᠴᠠ ᠵᠢᠷᠤᠭᠡᠰᠢᠶᠡᠬᠦ᠂ ᠢᠯᠵᠠᠷᠠᠵᠤ  ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃     ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠣᠨᠣᠪᠴᠢ ᠶᠢᠨ ᠬᠡᠮᠵᠢᠶ᠎ᠡ ᠪᠠ ᠴᠠᠭ ᠬᠤᠭᠤᠴᠠᠭᠠᠲᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠢ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠠᠩ ᠢᠯᠡᠭᠦᠤ ᠨᠡᠶᠢᠴᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠲᠤᠷ ᠲᠤᠰᠬᠠᠬᠤ ᠶᠢ  ᠠᠬᠢᠭᠤᠯᠤᠨ᠎ᠠ᠃ ᠠᠵᠤ ᠠᠬᠤᠶ ᠶᠢᠨ ᠠᠷᠭ᠎ᠠ ᠪᠠᠷᠢᠯ᠂ ᠵᠠᠰᠠᠭ ᠵᠠᠬᠢᠷᠭᠠᠨ ᠤ ᠠᠷᠭ᠎ᠠ ᠪᠠᠷᠢᠯ᠂ ᠬᠠᠤᠯᠢ ᠪᠠᠷ ᠵᠠᠰᠠᠬᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠬᠦᠴᠢᠷ ᠠᠰᠠᠭᠤᠳᠠᠯ ᠢ  ᠰᠢᠢᠳᠪᠤᠷᠢᠯᠡᠨ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠬᠤ ᠶᠢ ᠨᠠᠩ ᠢᠯᠡᠭᠦᠤ ᠴᠢᠬᠤᠯᠠᠴᠢᠯᠠᠵᠤ᠂ ᠠᠳᠠᠯ ᠤᠶᠢᠯᠡᠰ ᠴᠣᠭᠴᠠᠯᠠᠬᠤ ᠠᠮᠢ ᠠᠬᠤᠶ ᠶᠢ ᠪᠣᠶ ᠪᠣᠯᠭᠠᠵᠤ᠂ ᠪᠦᠯᠬᠦᠮᠳᠡᠨ ᠤᠷᠤᠭᠰᠢᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ  ᠳᠦᠷᠤᠯ ᠤᠨ  ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃     ᠲᠥᠯᠥᠭᠡᠯᠡᠭᠴᠢᠳ ᠡ᠂ ᠬᠠᠷᠠᠯᠲᠠ ᠨᠢ ᠬᠥᠮᠦᠰ ᠢ ᠤᠷᠮᠠᠰᠢᠭᠤᠯᠤᠨ  ᠵᠤᠷᠢᠬᠵᠢᠭᠤᠯᠵᠤ᠂ ᠪᠣᠳᠠᠲᠠᠢ ᠠᠵᠢᠯᠯᠠᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠤ ᠴᠢᠳᠠᠨ᠎ᠠ ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠦᠷᠭᠦᠯᠵᠢᠯᠡᠨ ᠲᠡᠮᠡᠴᠡᠵᠦ᠂ ᠭᠤᠶᠢᠪᠢᠰᠢ ᠦᠭᠡᠢ ᠰᠠᠶᠢᠨ ᠲᠠᠭᠠᠭᠤᠯᠤᠭᠴᠢ ᠪᠤᠯᠵᠤ᠂ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠠᠭᠠᠶ᠎ᠠ︕
ᠢᠷᠡᠯᠲᠡ᠄ ᠲᠤᠰ ᠰᠦᠯᠵᠢᠶ᠎ᠡ