| — 2022 ᠣᠨ ᠤ 1 ᠰᠠᠷ᠎ᠠ ᠶᠢᠨ 8 ᠤ ᠡᠳᠦᠷ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠠ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠰᠤᠷᠭᠠᠯᠳᠤ | ᠲᠥᠯᠥᠭᠡᠯᠡᠭᠴᠢᠳ ᠡ᠄ | ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ | ᠲᠡᠷᠡᠴᠢᠯᠡᠨ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠪᠣᠯᠤᠨ 2021 ᠣᠨ ᠤ ᠠᠵᠢᠯ ᠤᠨ ᠡᠷᠭᠢᠴᠡᠭᠦᠯᠦᠯ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠭᠠᠰᠢ᠂ | ᠵᠡᠭᠦᠨᠭᠠᠷ ᠬᠤᠰᠢᠭᠤ ᠲᠦᠢᠯ ᠤᠨ ᠶᠡᠷᠦ ᠪᠤᠰᠤ ᠶᠢᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠠ᠃ ᠠᠵᠤ ᠠᠬᠤᠶ ᠮᠠᠭᠤᠳᠠᠬᠰᠠᠨ ᠳᠠᠷᠤᠯᠳᠠ ᠶᠡᠬᠡᠰᠴᠦ᠂ ᠰᠢᠨ᠎ᠡ | ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠵᠡᠷᠭᠡ ᠠᠯᠢ ᠣᠯᠠᠨ ᠬᠦᠨᠳᠦ ᠬᠡᠴᠡᠭᠦᠦ ᠥᠷᠢᠰᠥᠯᠳᠦᠭᠡᠨ ᠤ ᠡᠮᠦᠨ᠎ᠡ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠲᠠᠢ ᠬᠠᠮᠳᠤᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠳᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ | ᠂ ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢ ᠠᠮᠵᠢᠯᠲᠠ ᠲᠠᠢ ᠲᠡᠭᠦᠰᠬᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠤᠷᠤᠭᠰᠢᠲᠠᠢ ᠬᠡᠷᠡᠭᠵᠢᠭᠦᠯᠤᠨ | ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠤᠬᠰᠠᠨ ᠰᠢᠯᠢᠳᠡᠭ ᠠᠮᠵᠢᠯᠲᠠ ᠶᠢᠨ ᠬᠠᠭᠤᠳᠠᠰᠤ ᠶᠢ ᠲᠤᠰᠢᠶᠠᠵᠤ᠂ | ᠣᠳᠣᠬᠢᠴᠢᠯᠠᠬᠰᠠᠨ ᠵᠡᠭᠦᠨᠭᠠᠷ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠴᠤᠭ ᠵᠢᠪᠬᠤᠭ᠎ᠠ ᠲᠠᠢ ᠮᠤᠷᠳᠠᠪᠠ᠃ | — ᠪᠢᠳᠡ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠢᠮᠠᠭᠲᠠ ᠪᠠᠷᠢᠮᠲᠠᠯᠠᠵᠤ᠂ ᠶᠡᠷᠦᠩᠬᠡᠶᠢᠯᠡᠭᠰᠡᠨ ᠠᠵᠤ ᠠᠬᠤᠶ ᠶᠢᠨ | ᠪᠣᠳᠠᠲᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠭᠡᠢ ᠥᠷᠲᠡᠭ ᠢ 3350.8 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 0.3% ᠪᠠᠷ ᠨᠡᠮᠡᠭᠳᠡᠪᠠ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ ᠵᠢᠯ | ᠳᠤᠮᠳᠠᠴᠢ ᠪᠠᠷ 4.2% ᠢᠶᠠᠷ ᠨᠡᠮᠡᠭᠳᠡᠵᠦ᠂ ᠭᠠᠶᠢᠯᠢ ᠶᠢᠨ ᠤᠷᠤᠯᠭ᠎ᠠ ᠶᠢᠨ ᠡᠵᠡᠯᠡᠬᠦ ᠬᠠᠷᠢᠴᠠᠯ ᠨᠢ ᠵᠠᠭᠤᠨ ᠤ ᠬᠤᠪᠢ ᠶᠢᠨ ᠬᠠᠷᠢᠴᠠᠯ ᠢᠶᠠᠷ 5 ᠨᠡᠮᠡᠭᠳᠡᠵᠦ᠂ | ᠣᠷᠣᠯᠭ᠎ᠠ ᠶᠢᠨ ᠴᠢᠨᠠᠷᠵᠢᠯ ᠨᠢ ᠢᠯᠡᠳᠲᠡ ᠳᠡᠭᠡᠭᠰᠢᠯᠡᠪᠡ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 378.3 ᠳ᠋ᠦᠩᠰᠢᠭᠤᠷ | ᠲᠥᠭᠦᠷᠢᠭ ᠲᠤ ᠬᠦᠷᠴᠦ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠭᠤᠤᠯᠳᠠᠯᠭ᠎ᠠ ᠲᠠᠢ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ︔ ᠨᠡᠶᠢᠭᠡᠮ ᠤᠨ ᠬᠡᠷᠡᠭᠯᠡᠭᠡᠨ ᠤ ᠵᠤᠶᠢᠯ ᠢ ᠵᠢᠵᠢᠭᠯᠡᠨ | ᠪᠤᠷᠤᠯᠠᠭᠤᠯᠤᠬᠰᠠᠨ ᠪᠥᠬᠦ ᠲᠤᠭ᠎ᠠ ᠵᠢᠯ ᠪᠦᠷᠢ ᠳᠤᠮᠳᠠᠴᠢ ᠪᠠᠷ 1.8% ᠨᠡᠮᠡᠭᠳᠡᠵᠦ᠂ ᠨᠡᠶᠢᠲᠡ 410.8 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭᠯᠡᠭᠡᠨ ᠤ | ᠲᠠᠰ ᠳᠡᠪᠰᠢᠬᠦ ᠠᠯᠬᠤᠴᠠ ᠲᠦᠷᠭᠡᠳᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠳᠤᠬᠢᠷᠠᠭᠤᠯᠵᠤ ᠪᠣᠯᠬᠤ ᠣᠷᠣᠯᠭ᠎ᠠ ᠶᠢ ᠵᠢᠯ ᠪᠦᠷᠢ | ᠳᠤᠮᠳᠠᠴᠢ ᠪᠠᠷ 4% ᠪᠠ 7% ᠪᠠᠷ ᠨᠡᠮᠡᠭᠳᠡᠭᠦᠯᠵᠦ᠂ ᠤᠯᠠᠨ ᠲᠦᠮᠡᠨ ᠤ ᠠᠮᠢᠳᠤᠷᠠᠯ ᠢ ᠨᠡᠩ ᠪᠠᠶᠠᠨ ᠴᠢᠨᠡᠭᠡᠯᠢᠭ ᠪᠣᠯᠭᠠᠪᠠ᠃ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠦᠷᠭᠦᠯᠵᠢᠯᠡᠨ ᠪᠦᠬᠦ ᠬᠤᠳᠠ᠂ ᠪᠦᠬᠦ ᠣᠷᠣᠨ ᠳᠤ ᠲᠦᠷᠦᠭᠦᠯᠡᠬᠦ ᠶᠢ ᠪᠠᠲᠤᠯᠠᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ | ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠨᠢ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ 21 ᠳ᠋ᠤᠭᠡᠷ ᠲᠤ ᠵᠢᠭᠰᠠᠭᠠᠭᠳᠠᠪᠠ᠃ | — ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠠᠯᠬᠤᠴᠠ ᠢᠳᠡᠷᠡᠬᠦᠨ ᠪᠣᠯᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠡᠬᠢᠯᠡᠬᠦᠯᠤᠨ ᠪᠠᠶᠢᠷᠢᠯᠠᠭᠤᠯᠵᠤ᠂ | ᠨᠡᠭᠦᠷᠡᠰᠦᠨ ᠤ ᠠᠵᠢᠯ ᠲᠦᠷᠦᠯ ᠤᠨ ᠪᠣᠬᠢᠷᠲᠤᠯ ᠦᠭᠡᠢ᠂ ᠤᠶᠤᠨᠴᠢᠯᠠᠯᠲᠠ᠂ ᠡᠷᠴᠢᠮᠵᠢᠭᠦᠯᠦᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠢᠤᠢ | ᠴᠤᠸᠠᠨ ᠤ ᠨᠡᠭᠦᠷᠡᠰᠦᠨ ᠠᠭᠤᠷᠬᠠᠶ᠂ ᠵᠦ ᠵᠢᠶᠠ ᠫᠢᠩ ᠤᠨ ᠴᠠᠬᠢᠯᠭᠠᠨ ᠦᠢᠯᠡᠳᠪᠦᠷᠢ᠂ ᠵᠢᠤ ᠲᠠᠢ ᠶᠢᠨ 60 ᠲᠦᠮᠡᠨ ᠲᠣᠨ ᠠᠯᠺᠧᠨ ᠤᠶᠢᠯᠡᠳᠪᠤᠷᠢᠯᠡᠬᠦ ᠵᠡᠷᠭᠡ | ᠴᠢᠬᠤᠯᠠ ᠶᠡᠭᠡ ᠠᠵᠤ ᠦᠢᠯᠡᠰ ᠤᠨ ᠳᠦᠷᠤᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠨᠡᠶᠢᠳᠡ 11.2 ᠳ᠋ᠦᠩᠰᠢᠭᠤᠷ ᠲᠣᠨ | ᠨᠡᠭᠦᠷᠡᠰᠦ ᠦᠢᠯᠡᠳᠪᠦᠷᠢᠯᠡᠨ ᠪᠣᠷᠣᠯᠠᠭᠤᠯᠵᠤ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 132 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 500 ᠲᠦᠮᠡᠨ ᠲᠣᠨ ᠠᠴᠠ ᠳᠠᠪᠠᠭᠤᠯᠪᠠ᠃ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠶᠢᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ | ᠳᠠᠪᠠᠭᠤᠯᠢᠭ ᠤᠨᠴᠠᠯᠢᠭᠳᠤ ᠠᠵᠤ ᠤᠶᠢᠯᠡᠰ ᠡᠳᠦᠷ ᠢᠷᠡᠬᠦᠶ᠎ᠡ ᠪᠤᠵᠠᠭᠠᠶᠢᠷᠠᠨ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭᠳᠤ | ᠭᠡᠷᠡᠴᠢᠯᠡᠯᠳᠡ ᠶᠢᠨ ᠲᠠᠸᠠᠷ ᠤᠨ ᠲᠡᠮᠳᠡᠭ ᠢ 2 ᠬᠤᠪᠢ ᠠᠮᠵᠢᠯᠲᠠ ᠲᠠᠢ ᠪᠠᠷ ᠳᠠᠩᠰᠠᠯᠠᠭᠤᠯᠵᠤ᠂ 7 ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠢ ᠪᠥᠬᠦ | ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠰᠣᠩᠭᠤᠨ ᠣᠷᠣᠭᠤᠯᠵᠤ᠂ ᠨᠢᠭᠡᠳᠦᠭᠡᠷ ᠠᠵᠤ ᠤᠶᠢᠯᠡᠰ ᠤᠨ ᠨᠡᠮᠡᠭᠳᠡᠯ | ᠥᠷᠲᠡᠭ ᠢ ᠵᠢᠯ ᠳᠤᠮᠳᠠᠴᠢ ᠪᠠᠷ 2% ᠢᠶᠠᠷ ᠨᠡᠮᠡᠭᠳᠡᠭᠦᠯᠪᠡ᠃ ᠣᠲᠣ ᠦᠶ᠎ᠡ ᠶᠢᠨ ᠤᠶᠢᠯᠡᠴᠢᠯᠡᠭᠡᠨ ᠤ ᠤᠶᠢᠯᠡᠰ ᠥᠷᠨᠢᠩᠭᠦᠶ ᠬᠥᠭᠵᠢᠵᠦ᠂ ᠰᠢᠨ ᠱᠦᠸᠧ ᠲᠡᠮᠦᠷ | ᠵᠠᠮ ᠤᠨ ᠺᠣᠮᠫᠠᠨᠢ ᠨᠢ ᠮᠠᠨ ᠤ ᠬᠤᠰᠢᠭᠤᠨ ᠳᠤ ᠳᠠᠩᠰᠠᠯᠠᠭᠤᠯᠤᠨ᠂ ᠬᠥᠬᠡᠬᠤᠲᠠ ᠵᠡᠭᠦᠨᠭᠠᠷ ᠣᠷᠳᠣᠰ ᠤᠨ ᠲᠡᠮᠦᠷ ᠵᠠᠮ ᠤᠨ ᠵᠡᠭᠦᠨᠭᠠᠷ ᠥᠷᠲᠡᠭᠡ ᠨᠢ ᠬᠦᠳᠡᠯᠭᠡᠬᠦ | ᠬᠦᠴᠤᠨᠳᠤ ᠴᠤᠪᠤᠭ᠎ᠠ ᠲᠡᠷᠭᠡ ᠶᠢ ᠨᠡᠪᠲᠡᠷᠡᠬᠦᠯᠤᠨ᠂ ᠵᠡᠬᠦᠠᠭᠠᠷ ᠠᠴᠠ ᠱᠦᠸᠧᠵᠸᠤ ᠬᠦᠷᠬᠦ ᠳᠡᠮᠤᠷ ᠵᠠᠮ ᠪᠠᠶᠢᠭᠤᠯᠤᠬᠳᠠᠨ ᠳᠡᠷᠭᠡ ᠨᠡᠪᠳᠡᠷᠡᠵᠤ᠂ ᠪᠥᠬᠦ ᠬᠤᠰᠢᠭᠤᠨ ᠤ | ᠰᠢᠨ᠎ᠡ ᠪᠠᠷ ᠨᠡᠮᠡᠭᠳᠡᠭᠰᠡᠨ ᠲᠡᠮᠦᠷ ᠵᠠᠮ ᠤᠨ ᠣᠷᠳᠣ ᠨᠢ 110 ᠺᠢᠯᠣᠮᠧᠲᠷ ᠪᠣᠯᠪᠠ᠃ ᠤᠯᠠᠨ ᠲᠠᠯ᠎ᠠ ᠪᠠᠷ ᠲᠤᠯᠭᠠᠭᠤᠷᠢᠯᠠᠭᠰᠠᠨ᠂ ᠤᠯᠠᠨ ᠡᠰᠢ ᠪᠠᠷ ᠬᠠᠷᠢᠯᠴᠠᠨ | ᠨᠥᠬᠦᠪᠥᠷᠢᠯᠡᠭᠰᠡᠨ ᠤᠳᠤ ᠦᠶ᠎ᠡ ᠶᠢᠨ ᠠᠵᠤ ᠦᠢᠯᠡᠰ ᠤᠨ ᠳᠤᠬᠳᠠᠯᠴᠠᠭ᠎ᠠ ᠶᠠᠭ ᠰᠠᠶᠢᠬᠠᠨ ᠠᠯᠬᠤᠮ ᠠᠯᠬᠤᠮ ᠢᠶᠠᠷ ᠪᠦᠷᠢᠯᠳᠦᠵᠦ ᠪᠠᠶᠢᠨ᠎ᠠ᠃ | — ᠪᠢᠳᠡ ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠬᠦᠬᠡ ᠣᠭᠲᠠᠷᠭᠤᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠨᠡᠶᠢᠳᠡ 446 ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠠᠭᠠᠷ ᠤᠨ ᠰᠢᠯᠢᠳᠡᠭ ᠰᠠᠶᠢᠨ | ᠨᠤᠷᠮ᠎ᠠ 89% ᠳᠤ ᠬᠦᠷᠴᠦ᠂ ᠲᠥᠪᠯᠡᠷᠡᠬᠦᠯᠦᠭᠰᠡᠨ ᠮᠠᠶ᠋ᠢᠭ ᠤᠨ ᠤᠤᠭᠤᠬᠤ ᠤᠰᠤᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 100% ᠳᠤ | ᠬᠦᠷᠪᠡ᠃ ᠪᠠᠶᠢᠭᠠᠯᠢᠯᠢᠭ ᠤᠢ ᠶᠢᠨ ᠬᠠᠮᠠᠭᠠᠯᠠᠯᠲᠠ᠂ ᠬᠠᠳᠤᠨ ᠭᠤᠣᠯ ᠳᠠᠭᠠᠤ ᠠᠮᠢ ᠠᠬᠤᠶ ᠶᠢᠨ ᠬᠤᠨᠭ᠍ᠭᠢᠯ ᠵᠠᠮ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠮᠢ | ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ | ᠨᠡᠶᠢᠳᠡ 60 ᠲᠦᠮᠡᠨ ᠮᠤ᠋ ᠪᠡᠶᠡᠯᠡᠭᠦᠯᠵᠦ᠂ ᠤᠢ ᠮᠤᠳᠤᠨ ᠤ ᠪᠠ ᠪᠦᠷᠬᠦᠪᠴᠢ ᠤᠷᠭᠤᠮᠠᠯ ᠤᠨ ᠨᠤᠷᠮ᠎ᠠ ᠨᠢ ᠲᠤᠰ ᠲᠤᠰ 36.4% ᠪᠠ 76.3% ᠳᠤ ᠬᠦᠷᠪᠡ᠃ | ᠪᠠᠷᠠᠭᠤᠨ ᠬᠠᠳᠠᠢ ᠲᠣᠰᠬᠤᠨ ᠨᠢ ᠤᠯᠤᠰ ᠤᠨ ᠤᠢ ᠰᠢᠭᠤᠢ ᠶᠢᠨ ᠬᠥᠳᠡᠭᠡ ᠲᠣᠰᠬᠤᠨ ᠢᠶᠠᠷ ᠦᠨᠡᠯᠡᠭᠳᠡᠪᠡ᠃ ᠠᠭᠤᠷᠬᠠᠶ ᠶᠢᠨ ᠣᠷᠣᠨ ᠤ ᠠᠮᠢ ᠠᠬᠤᠶ ᠣᠷᠴᠢᠨ | ᠲᠣᠭᠤᠷᠢᠨ ᠤ ᠵᠠᠰᠠᠯᠲᠠ ᠶᠢ ᠬᠦᠴᠦᠯᠡᠨ ᠴᠢᠩᠭᠠᠳᠬᠠᠵᠤ᠂ ᠠᠭᠤᠷᠬᠠᠶ ᠶᠢᠨ ᠣᠷᠣᠨ ᠢ 3 ᠲᠦᠮᠡᠨ ᠮᠥ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ᠂ ᠬᠠᠲᠤᠨ | ᠭᠤᠤᠯ ᠤᠨ ᠪᠠᠷᠠᠭᠤᠨ ᠡᠷᠭᠢ ᠶᠢᠨ ᠳᠡᠤᠭᠡᠨ ᠠᠴᠠ ᠦᠯᠡᠳᠡᠭᠳᠡᠵᠦ ᠢᠷᠡᠭᠰᠡᠨ 1.5 ᠲᠦᠮᠡᠨ ᠮᠥ ᠠᠭᠤᠷᠬᠠᠶ ᠶᠢᠨ ᠤᠷᠤᠨ ᠤ ᠠᠮᠢ ᠠᠬᠤᠶ ᠶᠢ ᠰᠡᠷᠭᠦᠭᠡᠬᠦ ᠶᠢ | ᠪᠡᠶᠡᠯᠡᠭᠦᠯᠵᠦ᠂ 67 ᠪᠣᠬᠢᠷᠲᠤᠯ ᠥᠬᠡᠶ ᠠᠭᠤᠷᠬᠠᠶ᠂ 18 ᠤᠶᠤᠨᠴᠢ ᠠᠭᠤᠷᠬᠠᠶ ᠶᠢ ᠪᠠᠶᠢᠭᠤᠯᠵᠤ ᠳᠠᠭᠤᠰᠬᠠᠪᠠ︔ ᠪᠥᠬᠦ ᠣᠷᠣᠨ ᠤ ᠪᠣᠬᠢᠷᠲᠤᠯ ᠥᠬᠡᠶ | ᠠᠭᠤᠷᠬᠠᠶ ᠶᠢᠨ ᠠᠬᠤᠢ ᠲᠠᠯᠠᠪᠠᠶ ᠶᠢᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠵᠡᠭᠦᠨᠭᠠᠷ ᠠᠭᠤᠷᠬᠠᠶ ᠶᠢᠨ ᠣᠷᠣᠨ ᠨᠢ ᠤᠯᠤᠰ ᠤᠨ ᠠᠭᠤᠷᠬᠠᠶ ᠶᠢᠨ | ᠤᠷᠤᠨ ᠤ ᠴᠡᠴᠡᠷᠯᠢᠭ ᠢᠶᠠᠷ ᠵᠥᠪᠰᠢᠶᠡᠷᠡᠭᠳᠡᠵᠦ᠂ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠤᠶᠢᠯᠡᠰ ᠤᠨ ᠬᠥᠭᠵᠢᠯᠲᠡ ᠶᠢᠨ ᠳᠠᠭᠤᠷᠢᠶᠠᠯ ᠦᠵᠡᠭᠦᠯᠬᠦ | ᠲᠣᠭᠤᠷᠢᠭ ᠢᠶᠠᠷ ᠵᠢᠭᠰᠠᠭᠠᠭᠳᠠᠪᠠ᠃ | — ᠪᠢᠳᠠ ᠥᠭᠡᠷᠡᠴᠢᠯᠡᠯᠲᠡ ᠨᠡᠬᠡᠬᠡᠯᠳᠡ ᠬᠢᠵᠤ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ | ᠬᠥᠳᠡᠯᠭᠡᠬᠦ ᠬᠦᠴᠦᠨ ᠲᠦᠷᠭᠡᠨ ᠢᠶᠠᠷ ᠲᠥᠪᠯᠡᠷᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠬᠤᠴᠣᠷᠤᠬᠳᠠᠩᠭᠤᠢ ᠦᠢᠯᠡᠳᠪᠦᠷᠢᠯᠡᠯ ᠤᠨ ᠴᠢᠳᠠᠪᠤᠷᠢ ᠶᠢ 660 ᠲᠦᠮᠡᠨ ᠲᠣᠨ ᠰᠢᠭᠰᠢᠭᠳᠡᠭᠦᠯᠦᠨ ᠰᠣᠯᠢᠵᠤ᠂ ᠲᠠᠸᠠᠷ ᠤᠨ ᠭᠡᠷ ᠪᠠᠶᠢᠰᠢᠩ ᠤᠨ ᠬᠥᠮᠥᠷᠭᠡᠯᠠᠯᠲᠠ ᠶᠢ | 109 ᠲᠦᠮᠡᠨ ᠲᠡᠭᠰᠢ ᠳᠥᠷᠪᠡᠯᠵᠢᠨ ᠮᠧᠲᠷ ᠰᠢᠩᠭᠡᠭᠡᠨ᠂ ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶ᠎ᠠ ᠶᠢ 155.5 ᠳ᠋ᠦᠩᠰᠢᠭᠤᠷ ᠭᠷᠠᠳᠦ᠋ᠰ ᠲᠤ ᠬᠦᠷᠭᠡᠵᠦ | ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 7.5 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠠᠵᠤ ᠠᠬᠤᠶ᠂ ᠠᠮᠢ ᠠᠬᠤᠶ ᠪᠠ | ᠨᠡᠶᠢᠭᠡᠮ ᠤᠨ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ 38 ᠪᠤᠢ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠠᠷᠯᠠᠨ ᠱᠠᠩᠨᠠᠨ ᠬᠦᠬᠢᠬᠦᠯᠵᠡᠢ᠃ ᠬᠤᠳᠠᠯᠳᠤᠭ᠎ᠠ ᠡᠷᠬᠢᠯᠡᠬᠦ | ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠬᠦᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ | ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠡᠮᠡᠭᠳᠡᠯ ᠦᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠤᠪᠢ ᠶᠢᠨ | ᠵᠢᠩ ᠢ 62% ᠲᠤ ᠬᠦᠷᠭᠡᠪᠡ᠃ ᠨᠡᠭᠡᠭᠡᠯᠲᠡ ᠬᠢᠵᠤ ᠬᠠᠮᠲᠤᠷᠠᠨ ᠠᠵᠢᠯᠯᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠬᠦᠯᠵᠤ᠂ ᠨᠡᠶᠢᠲᠡ 32 ᠭᠤᠤᠯᠳᠠᠯᠭ᠎ᠠ ᠲᠠᠢ | ᠲᠥᠷᠥᠯ ᠵᠤᠶᠢᠯ ᠢ ᠣᠷᠣᠭᠤᠯᠤᠨ ᠠᠪᠴᠢᠷᠠᠵᠤ᠂ 150 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠤᠷᠤᠨᠵᠢᠭᠤᠯᠪᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ 74 ᠲᠤᠰᠬᠠᠶ ᠲᠥᠷᠥᠯ ᠢ ᠬᠡᠷᠡᠭᠵᠢᠭᠦᠯᠦᠨ᠂ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ 9 ᠪᠤᠶᠢᠵᠢᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 23 ᠪᠣᠯᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ 5G + ᠤᠶᠤᠨᠴᠢ ᠨᠡᠭᠦᠷᠡᠰᠦᠨ ᠠᠭᠤᠷᠬᠠᠶ ᠶᠢ ᠪᠠᠶᠢᠭᠤᠯᠪᠠ᠃ | ᠪᠥᠬᠦ ᠤᠯᠤᠰ ᠤᠨ ᠠᠩᠬᠠᠳᠠᠭᠴᠢ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠪᠣᠯᠪᠠ᠃ | — ᠪᠢᠳᠡ ᠨᠢᠭᠡᠳᠦᠯᠲᠡᠶ ᠲᠥᠯᠥᠪᠯᠡᠨ ᠵᠣᠬᠢᠴᠠᠩᠭᠤᠶ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠤᠳᠠ ᠬᠥᠳᠡᠭᠡ ᠶᠢᠨ ᠴᠢᠨᠠᠷᠯᠢᠭ ᠳᠦᠷᠢ ᠳᠦᠷᠬᠦ | ᠶᠡᠭᠡ ᠪᠠᠷ ᠰᠠᠶᠢᠵᠢᠷᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ 158 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠢ ᠳᠠᠪᠠᠵᠤ᠂ ᠨᠢᠭᠲᠠ | ᠬᠡᠯᠪᠡᠷᠢ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠯ ᠤᠨ ᠬᠠᠷᠢᠴᠠᠯ 70% ᠶᠢ ᠳᠠᠪᠠᠪᠠ᠃ ᠬᠥᠳᠡᠭᠡ ᠲᠣᠰᠬᠤᠨ ᠤ ᠬᠥᠮᠦᠨ | ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠮᠵᠢ ᠢᠯᠡᠷᠭᠡᠢ ᠪᠤᠯᠵᠤ᠂ ᠬᠤᠭ | ᠨᠣᠪᠰᠢ᠂ ᠪᠣᠬᠢᠷ ᠤᠰᠤ ᠰᠢᠢᠳᠪᠤᠷᠢᠯᠡᠬᠦ ᠳᠦᠬᠦᠭᠡᠷᠤᠮᠵᠢ ᠶᠢ 54 ᠪᠠᠶᠢᠭᠤᠯᠵᠤ᠂ ᠵᠡᠭᠦᠨᠭᠠᠷ ᠵᠣᠣ ᠪᠠᠯᠭᠠᠰᠤ᠂ ᠰᠢᠤᠸᠠᠢ ᠵᠢᠶᠠ ᠸᠠᠨ ᠪᠠᠯᠭᠠᠰᠤᠨ ᠤ ᠴᠠᠩ ᠲᠠᠨ | ᠲᠣᠰᠬᠤᠨ ᠨᠢ ᠭᠤᠷᠪᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ ᠦᠵᠡᠮᠵᠢ ᠶᠢᠨ ᠵᠤᠭᠠᠴᠠᠯ ᠤᠨ ᠨᠠᠷᠠᠲᠤ ᠪᠠᠯᠭᠠᠰᠤ ᠨᠠᠷᠠᠲᠤ ᠲᠣᠰᠬᠤᠨ ᠤ | ᠨᠡᠷᠡᠰ ᠤᠨ ᠵᠢᠭᠰᠠᠭᠠᠯᠲᠠ ᠳᠤ ᠣᠷᠣᠪᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠦᠷᠭᠡᠳᠬᠡᠵᠦ᠂ | ᠬᠤᠲᠠ ᠪᠠᠯᠭᠠᠰᠤ ᠶᠢᠨ ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ 2000 ᠡᠷᠦᠬᠡ ᠶᠢᠨ ᠦᠭᠡᠷᠡᠴᠢᠯᠡᠨ ᠵᠠᠰᠠᠬᠤ ᠠᠵᠢᠯ ᠢ ᠪᠡᠶᠡᠯᠡᠭᠦᠯᠵᠦ᠂ 1.1 | ᠲᠦᠮᠡᠨ ᠢᠵᠢ 130 ᠲᠦᠮᠡᠨ ᠲᠡᠭᠰᠢ ᠳᠥᠷᠪᠡᠯᠵᠢᠨ ᠮᠧᠲᠷ ᠤᠨ ᠲᠠᠸᠠᠷ ᠤᠨ ᠣᠷᠣᠨ ᠰᠠᠭᠤᠴᠠ ᠶᠢ ᠰᠢᠨ᠎ᠡ ᠪᠠᠷ ᠨᠡᠮᠡᠭᠳᠡᠭᠦᠯᠦᠨ᠂ ᠨᠡᠶᠢᠲᠡ ᠶᠢᠨ ᠳᠡᠷᠭᠡᠨ | ᠵᠤᠬᠰᠤᠭᠠᠯ ᠢ 3050 ᠨᠡᠮᠡᠭᠳᠡᠭᠦᠯᠵᠦ᠂ ᠪᠠᠶᠢᠭᠤᠯᠤᠭᠰᠠᠨ ᠲᠣᠭᠤᠷᠢᠭ ᠤᠨ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠳᠠ ᠶᠢᠨ ᠲᠠᠯᠠᠪᠠᠶ 1130 ᠲᠦᠮᠡᠨ ᠲᠡᠭᠰᠢ | ᠳᠥᠷᠪᠡᠯᠵᠢᠨ ᠮᠧᠲᠷ ᠢ ᠳᠠᠪᠠᠵᠤ᠂ ᠬᠤᠲᠠ ᠪᠠᠯᠭᠠᠰᠤᠵᠢᠯᠲᠠ ᠶᠢᠨ ᠨᠣᠷᠮ᠎ᠠ 70% ᠳᠤ ᠬᠥᠷᠪᠡ᠃ ᠪᠥᠬᠦ ᠤᠯᠤᠰ ᠤᠨ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢᠨ ᠵᠠᠭᠤᠨ ᠬᠦᠴᠦᠷᠬᠡᠭ ᠰᠢᠶᠠᠨ ᠢᠶᠠᠷ ᠦᠨᠡᠯᠡᠭᠳᠡᠵᠦ᠂ ᠤᠯᠤᠰ ᠤᠨ ᠴᠡᠴᠡᠷᠯᠢᠭᠵᠢᠬᠦᠯᠦᠯᠳᠡ ᠶᠢᠨ ᠰᠢᠶᠠᠨ ᠤ ᠬᠤᠲᠠ᠂ | ᠪᠥᠬᠦ ᠤᠯᠤᠰ ᠤᠨ ᠪᠣᠯᠪᠠᠰᠤᠨ ᠰᠢᠶᠠᠨ ᠤ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠳ᠋ᠠ ᠯᠤ᠋ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ᠂ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠬᠤᠶᠠᠳᠤᠭᠠᠷ | ᠬᠤᠭᠤᠴᠠᠭᠠᠨ ᠤ ᠪᠠᠷᠢᠯᠭ᠎ᠠ᠂ ᠮᠧᠩ ᠰᠢ ᠠᠴᠠ ᠱᠠᠨ ᠰᠢ ᠶᠢᠨ ᠳᠤᠮᠳᠠ ᠬᠡᠰᠡᠭ ᠬᠥᠷᠬᠦ ᠣᠨᠴᠠ ᠥᠨᠳᠥᠷ ᠬᠦᠴᠤᠳᠡᠯᠳᠤ ᠴᠠᠬᠢᠯᠭᠠᠨ ᠱᠤᠭᠤᠮ ᠤᠨ ᠬᠤᠶᠠᠳᠤᠭᠠᠷ | ᠬᠤᠭᠤᠴᠠᠭᠠᠨ ᠤ ᠪᠠᠷᠢᠯᠭ᠎ᠠ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠰᠠᠭᠤᠷᠢ ᠳᠦᠬᠦᠭᠡᠷᠤᠮᠵᠢ ᠶᠢᠨ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠤᠨ᠂ ᠬᠤᠲᠠ ᠬᠥᠳᠡᠭᠡ ᠶᠢᠨ ᠵᠠᠮ ᠢ 594 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠬᠠᠲᠤᠨ ᠭᠤᠤᠯ ᠤᠨ ᠬᠠᠰᠢᠯᠭ᠎ᠠ ᠶᠢ 58 ᠺᠢᠯᠣᠮᠧᠲᠷ ᠰᠢᠨ᠎ᠡ ᠪᠠᠷ | ᠪᠠᠶᠢᠭᠤᠯᠤᠭᠰᠠᠨ ᠪᠤᠶᠤ ᠰᠡᠯᠪᠢᠨ ᠵᠠᠰᠠᠵᠤ᠂ 35 ᠺᠢᠯᠣᠸᠠᠲ ᠠᠴᠠ ᠳᠡᠭᠡᠭᠰᠢᠬᠢ ᠴᠠᠬᠢᠯᠭᠠᠨ ᠱᠤᠭᠤᠮ ᠢ 465.7 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠴᠢᠮᠡᠭᠡ | ᠬᠤᠯᠪᠣᠭᠠᠨ ᠤ ᠳᠣᠬᠢᠶᠠᠨ ᠤ ᠰᠤᠪᠤᠷᠭ᠎ᠠ ᠶᠢ 562 ᠰᠢᠨ᠎ᠡ ᠪᠠᠷ ᠪᠠᠶᠢᠭᠤᠯᠵᠤ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠂ ᠪᠥᠬᠦ | ᠤᠯᠤᠰ ᠤᠨ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ | — ᠪᠢᠳᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠴᠢᠩᠭᠠᠷᠠᠪᠠ᠃ ᠡᠳ᠋ ᠤᠨ ᠵᠠᠰᠠᠭ ᠠᠴᠠ ᠠᠷᠠᠳ ᠤᠨ | ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 189.3 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 52. | 6% ᠶᠢ ᠡᠵᠡᠯᠡᠪᠡ᠃ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ 427 ᠲᠥᠷᠥᠯ ᠵᠤᠶᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ | ᠠᠮᠠ ᠶᠢᠨ ᠬᠥᠮᠦᠨ ᠳᠤᠮᠳᠠᠴᠢ ᠴᠡᠪᠡᠷ ᠣᠷᠣᠯᠭ᠎ᠠ 1.9 ᠲᠦᠮᠡᠨ ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 23.3% ᠪᠠᠷ ᠨᠡᠮᠡᠭᠳᠡᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠤᠯᠪᠠ᠃ ᠬᠤᠰᠢᠭᠤᠨ ᠤ ᠱᠠᠳᠤᠨ ᠤ ᠠᠷᠠᠳ ᠤᠨ ᠠᠮᠢᠳᠤᠷᠠᠯ ᠤᠨ | ᠪᠣᠳᠠᠳᠤ ᠶᠠᠪᠤᠳᠠᠯ ᠤᠨ 28 ᠲᠥᠷᠥᠯ ᠵᠤᠶᠢᠯ ᠢ ᠬᠡᠷᠡᠭᠵᠢᠭᠦᠯᠵᠦ᠂ ᠨᠢᠭᠡ ᠪᠦᠯᠦᠭ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ | ᠬᠦᠴᠢᠷ ᠠᠰᠠᠭᠤᠳᠠᠯ ᠢ ᠰᠢᠢᠳᠪᠤᠷᠢᠯᠡᠪᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠠᠷᠭ᠎ᠠ ᠬᠡᠮᠵᠢᠶ᠎ᠡ | ᠬᠦᠴᠦᠲᠡᠶ ᠪᠠᠶᠢᠵᠤ᠂ ᠬᠤᠳᠠ ᠪᠠᠯᠭᠠᠰᠤᠨ ᠤ 1.7 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠠᠬ᠎ᠠ ᠳᠡᠯᠭᠡᠭᠦᠷ ᠤᠨ ᠭᠤᠤᠯ ᠴᠣᠭᠴᠠ 1.8 ᠲᠦᠮᠡᠨ | ᠡᠷᠤᠭᠡ ᠰᠢᠨ᠎ᠡ ᠪᠠᠷ ᠨᠡᠮᠡᠭᠳᠡᠪᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ | ᠳᠠᠭᠠᠳᠬᠠᠯ ᠵᠡᠷᠭᠡ ᠪᠠᠷᠢᠮᠵᠢᠶ᠎ᠠ ᠶᠢ ᠵᠢᠯ ᠳᠠᠷᠠᠭᠠᠯᠠᠨ ᠨᠡᠮᠡᠭᠳᠡᠬᠦᠯᠪᠡ᠃ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ | ᠨᠡᠮᠡᠭᠳᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 6 ᠪᠠᠶᠢᠭᠤᠯᠵᠤ᠂ 1389 ᠪᠠᠭᠰᠢ ᠤᠷᠢᠨ᠂ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢᠨ ᠬᠢᠨᠠᠨ ᠬᠡᠮᠵᠢᠯᠲᠡ ᠶᠢᠨ ᠦᠯᠢᠬᠡᠷ ᠰᠢᠶᠠᠨ ᠢᠶᠠᠷ ᠲᠣᠭᠳᠠᠭᠠᠭᠳᠠᠭᠰᠠᠨ ᠪᠥᠭᠡᠳ ᠰᠢᠯᠭᠠᠨ ᠬᠤᠷᠢᠶᠠᠯᠳᠠ ᠳᠤ ᠬᠢᠷᠢ | ᠲᠡᠩᠴᠡᠪᠡ᠃ ᠤᠯᠤᠰ ᠤᠨ ᠲᠠᠰ ᠤᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠲᠤ ᠰᠣᠩᠭᠤᠭᠳᠠᠨ ᠣᠷᠣᠵᠤ᠂ ᠵᠠᠯᠭᠠᠭ᠎ᠠ ᠪᠠᠷ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢᠨ ᠢᠷᠠᠭᠤ ᠠᠯᠳᠠᠷ ᠢ ᠬᠦᠷᠳᠡᠪᠡ᠃ | ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠤᠶᠢᠯᠡᠴᠢᠯᠡᠭᠡᠨ ᠤ ᠲᠥᠪ ᠤᠨ ᠪᠦᠷᠬᠦᠴᠡ ᠶᠢᠨ ᠨᠣᠷᠮ᠎ᠠ 100% ᠳᠤ ᠬᠦᠷᠴᠦ᠂ ᠮᠠᠩᠬᠠᠨ ᠠᠶᠠᠯᠭᠤ ᠶᠢᠨ | ᠳᠠᠭᠤᠤ ᠬᠥᠭᠵᠢᠮᠲᠦ ᠵᠦᠴᠦᠭᠡ ︽ ᠰᠡᠳᠬᠢᠯ ᠤᠨ ᠠᠷᠭᠠᠮᠵᠢᠶ᠎ᠠ︾ ᠨᠢ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ | ᠨᠢᠭᠡ ᠶᠢᠨ ᠢᠨᠵᠧᠨᠧᠷᠢᠩ︾ ᠤᠨ ᠱᠠᠩᠨᠠᠯ ᠢ ᠭᠥᠷᠳᠡᠵᠦ᠂ ᠬᠠᠲᠤᠨ ᠭᠤᠤᠯ ᠤᠨ ᠶᠡᠭᠡ ᠬᠠᠪᠴᠢᠯ ᠤᠨ ᠤᠷᠤᠨ ᠨᠢ 4A ᠲᠠᠰ ᠤᠨ ᠵᠤᠭᠠᠴᠠᠯ ᠤᠨ ᠦᠵᠡᠮᠵᠢ ᠶᠢᠨ | ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠠᠮᠤᠭᠤᠯᠠᠩ ᠵᠡᠭᠦᠨᠭᠠᠷ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠶᠤᠯᠭᠦᠶ | ᠤᠶᠢᠯᠡᠳᠪᠤᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠠ᠃ ᠪᠥᠬᠦ ᠤᠯᠤᠰ ᠤᠨ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ | ᠲᠡᠷᠢᠭᠦᠨ ᠤ ᠬᠤᠰᠢᠭᠤ ᠶᠢᠨ ᠢᠷᠠᠭᠤ ᠠᠯᠳᠠᠷ ᠢ ᠬᠦᠷᠳᠡᠵᠤ ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ᠵᠠᠯᠭᠠᠭ᠎ᠠ ᠪᠠᠷ | ᠦᠨᠡᠯᠡᠭᠳᠡᠪᠡ᠃ | ᠡᠭᠦᠨ ᠠᠴᠠ ᠭᠠᠳᠠᠨ᠎ᠠ᠂ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ | ᠪᠤᠳᠠᠭ᠎ᠠ ᠬᠠᠩᠭᠠᠨ ᠪᠣᠷᠣᠯᠠᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ | ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠵᠡᠮᠭᠳᠡᠭᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠶᠢᠨ ᠦᠢᠯᠡᠰ ᠰᠢᠨ᠎ᠡ ᠲᠠᠪᠰᠢᠯᠳᠠ ᠲᠠᠢ ᠪᠣᠯᠪᠠ᠃ | ᠡᠯ᠎ᠡ ᠳᠦᠷᠤᠯ ᠤᠨ ᠠᠵᠢᠯ ᠢ ᠰᠠᠶᠢᠲᠤᠷ ᠬᠢᠬᠦ ᠶᠢᠨ ᠬᠠᠮᠳᠤ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠪᠡ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ | ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠡᠭᠦᠷᠡᠰᠦᠨ ᠤ ᠡᠬᠢ | ᠪᠠᠶᠠᠯᠢᠭ᠂ ᠠᠷᠠᠳ ᠤᠨ ᠠᠭᠠᠷ ᠤᠨ ᠰᠡᠷᠭᠡᠶᠢᠯᠡᠯᠲᠡ᠂ ᠣᠶ ᠰᠢᠭᠤᠶ ᠨᠤᠳᠤᠭ ᠪᠡᠯᠴᠢᠭᠡᠷ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ | ᠵᠠᠰᠠᠯᠲᠠ ᠶᠢ ᠶᠡᠬᠡᠪᠡᠷ ᠠᠬᠢᠭᠤᠯᠵᠤ᠂ ᠡᠯ᠎ᠡ ᠲᠥᠷᠥᠯ ᠤᠨ ᠲᠣᠭᠤᠷᠢᠨ ᠦᠵᠡᠵᠤ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠥᠩᠭᠡᠨ ᠲᠠᠯ᠎ᠠ ᠪᠠ ᠦᠨᠳᠤᠰᠤᠨ ᠠᠴᠠ ᠨᠢ ᠵᠡᠷᠭᠡᠪᠡᠷ ᠰᠠᠶᠢᠲᠤᠷ ᠠᠳᠬᠤᠵᠤ᠂ ᠭᠡᠯᠪᠡᠷᠢᠴᠢ ᠦᠵᠡᠯ᠂ ᠨᠣᠶᠠᠨᠴᠢ ᠰᠤᠷᠲᠠᠯ ᠢ ᠣᠷᠳᠣ ᠬᠤᠭᠤᠴᠠᠭ᠎ᠠ ᠪᠠᠷ ᠴᠡᠭᠴᠡᠯᠡᠨ | ᠵᠠᠰᠠᠬᠤ ᠶᠢ ᠪᠠᠷᠢᠮᠲᠠᠯᠠᠪᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠳᠤᠬᠳᠠᠬᠰᠠᠨ ᠬᠤᠭᠤᠴᠠᠭᠠᠨ ᠳᠤ ᠨᠢ ᠪᠡᠶᠡᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠳᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ 685 ᠬᠦᠢᠴᠡᠳᠭᠡᠨ ᠳᠠᠭᠤᠰᠬᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ᠂ | ᠬᠤᠰᠢᠭᠤᠨ ᠤ ᠢᠵᠢ ᠪᠥᠷᠢᠳᠦᠭᠦᠯᠬᠦ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ︽ ᠠᠯᠪᠠᠨ ᠤ | ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠪᠠ ᠠᠵᠢᠯ ᠤᠨ ᠴᠢᠳᠠᠪᠤᠷᠢ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2021 ᠣᠨ ᠳᠤ᠂ ᠪᠢᠳᠡ ᠰᠢᠨ᠎ᠡ ᠭᠠᠷᠤᠭ᠎ᠠ ᠳᠤ ᠰᠠᠭᠤᠷᠢᠯᠠᠨ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ | ᠨᠢᠭᠡ ᠳᠤ ᠨᠠᠷᠢᠯᠢᠭ ᠣᠨᠣᠴᠠᠲᠠᠶ ᠪᠠᠷ ᠬᠦᠴᠦᠯᠡᠵᠦ ᠲᠣᠭᠲᠠᠭᠤᠨ ᠢᠶᠠᠷ ᠨᠡᠮᠡᠭᠳᠡᠭᠦᠯᠪᠠ᠃ ᠵᠢᠱᠢᠯᠲᠡ ᠪᠠᠷ ᠪᠥᠬᠦ ᠬᠤᠰᠢᠭᠤᠨ ᠤ ᠭᠠᠵᠠᠷ ᠣᠷᠣᠨ ᠤ | ᠤᠶᠢᠯᠡᠳᠪᠤᠷᠢᠯᠡᠯ ᠤᠨ ᠶᠡᠷᠦᠩᠬᠡᠶ ᠥᠷᠲᠡᠭ ᠨᠢ ᠮᠢᠩᠭᠠᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ 7% ᠪᠠᠷ ᠨᠡᠮᠡᠭᠳᠡᠨ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 17% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠶ ᠬᠡᠮᠵᠢᠶ᠎ᠡ 106 | ᠳ᠋ᠦᠩᠰᠢᠭᠤᠷ ᠲᠥᠭᠦᠷᠢᠭ ᠲᠤ ᠬᠦᠷᠴᠤ᠂ 7% ᠪᠠᠷ ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠳᠤᠬᠢᠷᠠᠭᠤᠯᠵᠤ ᠪᠣᠯᠬᠤ | ᠣᠷᠣᠯᠭ᠎ᠠ ᠨᠢ 53000 ᠲᠥᠭᠦᠷᠢᠭ᠂ 22000 ᠲᠥᠭᠦᠷᠢᠭ ᠲᠤ ᠬᠦᠷᠴᠦ᠂ ᠲᠣᠰ ᠲᠣᠰ 3% ᠪᠠ 5% ᠪᠠᠷ ᠨᠡᠮᠡᠭᠳᠡᠪᠠ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 88 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.4% ᠪᠠᠷ ᠨᠡᠮᠡᠭᠳᠡᠪᠡ᠃ ᠬᠤᠩ ᠱᠤ᠋ ᠯᠢᠶᠠᠩ ᠤᠨ ᠨᠡᠭᠦᠷᠡᠰᠦᠨ ᠠᠭᠤᠷᠬᠠᠶ ᠵᠡᠷᠭᠡ | 11 ᠭᠤᠣᠯᠳᠠᠯᠭ᠎ᠠ ᠲᠠᠢ ᠳᠦᠷᠤᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ | 1340 ᠲᠦᠮᠡᠨ ᠲᠣᠨ ᠬᠠᠷᠭᠤᠭᠤᠯᠤᠨ ᠨᠡᠮᠡᠭᠳᠡᠭᠦᠯᠵᠦ᠂ ᠣᠷᠣᠨ ᠤ ᠳᠣᠲᠣᠷ᠎ᠠ ᠭᠠᠳᠠᠨᠠᠬᠢ 37 ᠠᠵᠤ ᠠᠬᠤᠶᠢᠯᠠᠯ ᠲᠠᠢ ᠳᠤᠮᠳᠠ ᠪᠠ ᠤᠷᠲᠤ ᠬᠤᠭᠤᠴᠠᠭᠠᠨ ᠤ | ᠬᠠᠩᠭᠠᠨ ᠪᠣᠷᠣᠯᠠᠭᠤᠯᠬᠤ ᠭᠡᠷ᠎ᠡ ᠲᠣᠭᠲᠠᠵᠤ᠂ ᠨᠡᠭᠦᠷᠡᠰᠦᠨ ᠤ ᠪᠣᠷᠣᠯᠠᠭᠤᠯᠭ᠎ᠠ ᠶᠢᠨ ᠬᠡᠮᠵᠢᠶ᠎ᠡ ᠵᠢᠴᠢ ᠴᠠᠬᠢᠯᠭᠠᠨ ᠭᠠᠷᠭᠠᠬᠤ ᠬᠡᠮᠵᠢᠶ᠎ᠡ ᠲᠤᠰ ᠲᠤᠰ 4.7% ᠪᠠ 6. | 9% ᠪᠠᠷ ᠨᠡᠮᠡᠭᠳᠡᠪᠡ᠃ ︽ᠮᠢᠩᠭᠠᠨ ᠳ᠋ᠦᠩᠰᠢᠭᠤᠷ ᠤᠨ ᠪᠣᠳᠠᠲᠤ ᠬᠦᠴᠦᠨ ᠤ ᠬᠤᠰᠢᠭᠤ ᠳᠤᠭᠤᠷᠢᠭ︾᠂ ︽ᠮᠢᠩᠭᠠᠨ ᠳ᠋ᠦᠩᠰᠢᠭᠤᠷ ᠤᠨ ᠨᠡᠭᠦᠷᠡᠰᠦᠨ ᠤ ᠠᠵᠤ | ᠤᠶᠢᠯᠡᠰ ᠤᠨ ᠪᠦᠯᠦᠭᠯᠡᠯ︾ ᠤᠨ ᠬᠠᠷᠠᠯᠲᠠ ᠶᠢ ᠤᠷᠢᠳ ᠢᠶᠠᠷ ᠪᠡᠶᠡᠯᠡᠬᠦᠯᠪᠡ᠃ | ᠬᠤᠶᠠᠷ ᠲᠤ ᠪᠦᠲᠦᠴᠡ ᠶᠢᠨ ᠳᠤᠬᠢᠷᠠᠭᠤᠯᠤᠯᠳᠠ ᠶᠢ ᠭᠤᠶᠢᠪᠢᠰᠢ ᠦᠭᠡᠢ ᠬᠢᠪᠡ᠃ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢ ᠶᠡᠬᠡᠪᠡᠷ | ᠬᠥᠭᠵᠢᠭᠦᠯᠵᠦ᠂ ᠨᠡᠭᠦᠷᠡᠰᠦ᠂ ᠴᠠᠬᠢᠯᠭᠠᠨ ᠬᠦᠴᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠦᠢᠯᠡᠳᠬᠦᠨ ᠤ ᠶᠡᠷᠦᠩᠬᠡᠶ ᠦᠷᠳᠡᠭ ᠢ | 70% ᠪᠠᠷ ᠨᠡᠮᠡᠭᠳᠡᠬᠦᠯᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠴᠣᠩᠬᠤᠪᠴᠢ ᠬᠤᠭᠤᠴᠠᠭ᠎ᠠ ᠶᠢ ᠡᠵᠡᠮᠳᠡᠨ ᠠᠳᠬᠤᠵᠤ᠂ ᠲᠢᠶᠠᠨ ᠾᠧ᠂ | ᠶᠠᠩ ᠭᠤᠸᠠᠩ᠂ ᠴᠦᠩ ᠰᠤ᠋᠂ ᠶᠤᠸᠠᠨ ᠵᠢᠩ ᠵᠡᠷᠭᠡ ᠨᠢᠭᠡ ᠪᠦᠯᠦᠭ ︽ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠬᠤ ᠲᠡᠷᠭᠡ︾ ᠶᠢᠨ ᠠᠵᠤ | ᠤᠶᠢᠯᠡᠰ ᠤᠨ ᠬᠡᠯᠬᠢᠶ᠎ᠡ ᠶᠢᠨ ᠲᠥᠷᠥᠯ ᠵᠤᠶᠢᠯ ᠢ ᠣᠷᠣᠭᠤᠯᠤᠨ ᠠᠪᠴᠢᠷᠠᠵᠤ᠂ 65.5 ᠲᠦᠮᠡᠨ ᠺᠢᠯᠣᠸᠠᠲ ᠤᠨ ᠬᠡᠷᠡᠯ ᠴᠡᠨᠡᠭ ᠤᠨ ᠬᠦᠢᠴᠡᠳᠭᠡᠯ ᠲᠤᠭ᠎ᠠ ᠶᠢ | ᠵᠥᠪᠰᠢᠶᠡᠷᠡᠨ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠤᠶᠢᠯᠡᠰ ᠨᠢ 0 — 1 ᠳᠤ ᠬᠦᠷᠦᠭᠰᠡᠨ ᠰᠢᠪᠲᠤᠯᠤᠯᠲᠠ ᠶᠢ ᠪᠡᠶᠡᠯᠡᠭᠦᠯᠪᠡ᠃ ᠤᠯᠤᠰ ᠤᠨ ᠪᠦᠬᠦ | ᠰᠢᠶᠠᠨ ᠤ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠲᠤ ᠰᠣᠩᠭᠤᠭᠳᠠᠨ ᠣᠷᠣᠵᠤ᠂ | ᠮᠧᠩ ᠲᠠᠢ ᠶᠢᠨ ᠪᠦᠯᠢᠶᠡᠨ ᠭᠤᠤᠯ᠂ ᠤᠮᠠᠷᠠᠲᠤ ᠶᠢᠨ ᠸᠧᠶ ᠵᠢᠶᠠ ᠮᠤᠤ ᠵᠢᠱᠢᠶ᠎ᠡ ᠦᠵᠡᠭᠦᠯᠬᠦ ᠲᠥᠷᠥᠯ ᠵᠤᠶᠢᠯ ᠨᠢ ᠲᠣᠤᠷ ᠨᠡᠶᠢᠯᠡᠭᠦᠯᠦᠨ ᠴᠠᠬᠢᠯᠭᠠᠨ ᠭᠠᠷᠭᠠᠵᠤ᠂ | ᠪᠥᠬᠦ ᠣᠷᠣᠨ ᠤ ᠠᠩᠬᠠᠳᠠᠭᠴᠢ ᠨᠡᠭᠦᠷᠡᠰᠦᠲᠥ᠋ᠷᠥᠭᠴᠢ ᠥᠬᠡᠶ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠪᠡ᠃ ᠰᠢᠨ᠎ᠡ ᠪᠠᠷ ᠬᠦᠭᠵᠢᠵᠤ ᠪᠠᠶᠢᠭ᠎ᠠ ᠠᠵᠤ ᠤᠶᠢᠯᠡᠰ ᠢ ᠲᠦᠷᠭᠡᠳᠬᠡᠨ ᠪᠤᠶᠢᠵᠢᠭᠤᠯᠵᠤ᠂ ᠢᠦᠶ ᠵᠢᠩ ᠤᠨ ᠣᠨᠴᠠ ᠲᠥᠷᠥᠯ ᠤᠨ ᠰᠢᠯ ᠤᠨ ᠲᠥᠷᠥᠯ | ᠵᠤᠶᠢᠯ ᠢ ᠨᠤᠳᠤᠬᠰᠢᠭᠤᠯᠤᠨ ᠪᠥᠲᠥᠭᠡᠨ ᠪᠠᠶᠢᠭᠤᠯᠵᠤ᠂ ᡁᠢ ᠰᠢᠨ ᠤ ᠨᠢᠭᠲᠠ ᠪᠢᠲᠡᠭᠦᠮᠵᠢᠯᠡᠭᠰᠡᠨ ᠨᠠᠭᠠᠯᠲᠠ᠂ ᠱᠧᠩ ᠶᠤᠸᠠᠢ ᠭᠤᠤᠯᠢᠩ ᠰᠢᠷᠣᠶ᠂ ᠢᠦᠶ ᠬᠤᠸᠠ | ᠱᠠᠭᠠᠵᠠᠩ ᠤᠨ ᠤᠶᠢᠯᠡᠰ᠂ ᠲᠢᠶᠧ ᠴᠧᠨ ᠤ ᠳᠤᠨᠤᠬᠯᠠᠯ ᠤᠶᠢᠯᠡᠳᠬᠦ ᠵᠡᠷᠭᠡ ᠲᠥᠷᠥᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠰᠧ ᠳ᠋ᠤᠤ ᠯᠢᠤ ᠶᠢᠨ ᠳᠦᠪᠯᠡᠷᠡᠬᠦᠯᠤᠨ ᠵᠦᠭᠡᠭᠡᠪᠤᠷᠢᠯᠡᠬᠦ ᠦᠷᠳᠡᠭᠡ ᠶᠢᠨ ᠲᠡᠮᠤᠷ | ᠵᠠᠮ ᠤᠨ ᠲᠤᠰᠬᠠᠶ ᠱᠤᠭᠤᠮ᠂ ᠴᠢᠶᠠᠨ ᠶᠤᠸᠠᠨ ᠤ ᠡᠦ ᠽᠢ ᠸᠠᠨ ᠲᠡᠮᠤᠷ ᠵᠠᠮ ᠤᠨ ᠲᠤᠰᠬᠠᠶ ᠱᠤᠭᠤᠮ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠲᠡᠮᠤᠷ ᠵᠠᠮ ᠤᠨ ᠲᠡᠭᠡᠭᠡᠪᠦᠷᠢ ᠶᠢᠨ ᠬᠦᠴᠦᠨ ᠢ 2000 ᠲᠦᠮᠡᠨ ᠲᠣᠨ ᠰᠢᠨ᠎ᠡ ᠪᠠᠷ ᠨᠡᠮᠡᠭᠳᠡᠭᠦᠯᠪᠡ︔ ᠬᠡᠪᠴᠢᠶᠡᠵᠢᠯ ᠠᠴᠠ ᠳᠡᠭᠡᠭᠰᠢᠬᠢ | ᠤᠶᠢᠯᠡᠴᠢᠯᠡᠭᠡᠨ ᠤ ᠤᠶᠢᠯᠡᠰ ᠤᠨ ᠡᠵᠡᠩᠨᠡᠯᠲᠡ ᠶᠢᠨ ᠣᠷᠣᠯᠭ᠎ᠠ ᠶᠢ 55 ᠳ᠋ᠦᠩᠰᠢᠭᠤᠷ ᠲᠥᠭᠦᠷᠢᠭ ᠲᠤ ᠬᠦᠷᠭᠡᠵᠤ᠂ 20% ᠪᠠᠷ ᠨᠡᠮᠡᠭᠳᠡᠭᠦᠯᠦᠨ᠂ ᠵᠤᠭᠠᠴᠠᠯ ᠤᠨ | ᠤᠶᠢᠯᠡᠰ ᠢ ᠠᠯᠬᠤᠮ ᠠᠯᠬᠤᠮ ᠢᠶᠠᠷ ᠬᠢᠵᠢᠭ ᠤᠨ ᠪᠠᠶᠢᠳᠠᠯ ᠠᠴᠠ ᠡᠮᠦᠨᠡᠬᠢ ᠬᠢᠷᠢ ᠳᠦᠪᠰᠢᠨ ᠳᠤ ᠬᠦᠷᠭᠡᠨ ᠰᠡᠷᠬᠦᠭᠡᠪᠡ᠃ | ᠭᠤᠷᠪᠠ ᠳᠤ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠪᠠ᠃ ︽ᠳᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ︽ ᠮᠦᠩᠭᠡ ᠰᠤᠪᠠᠭ︾ ᠢ ᠪᠥᠬᠦ ᠲᠠᠯ᠎ᠠ ᠪᠠᠷ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠤᠴᠢᠷ ᠶᠠᠪᠤᠳᠠᠯ ᠢ | ᠰᠦᠯᠵᠢᠶᠡᠨ ᠳᠡᠭᠡᠷ᠎ᠡ ᠬᠦᠢᠴᠡᠳᠭᠡᠵᠤ ᠪᠣᠯᠬᠤ ᠨᠣᠷᠮ᠎ᠠ 99% ᠳᠤ ᠬᠥᠷᠪᠡ᠃ 110 ᠳᠦᠷᠤᠯ ᠤᠨ ︽ᠨᠢᠭᠡ ᠶᠠᠪᠤᠳᠠᠯ︾ ᠤᠨ ᠭᠤᠤᠯ ᠰᠡᠳᠦᠪᠲᠦ ᠢᠵᠢ | ᠪᠦᠷᠢᠳᠦᠬᠦᠯᠦᠭᠰᠡᠨ ᠤᠶᠢᠯᠡᠴᠢᠯᠡᠭᠡ ᠶᠢ ᠳᠡᠯᠭᠡᠷᠡᠬᠦᠯᠤᠨ᠂ ᠪᠠᠷᠢᠯᠭ᠎ᠠ ᠪᠠᠷᠢᠬᠤ ᠵᠥᠪᠰᠢᠶᠡᠷᠡᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠡᠷᠭᠢᠯᠡᠬᠦ︾᠂ ︽ | ᠨᠢᠭᠤᠷᠳᠠᠨ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠬᠦ︾ ᠶᠢ ᠪᠥᠬᠦ ᠬᠤᠲᠠ ᠳᠤ ᠤᠷᠢᠳ ᠢᠶᠠᠷ ᠪᠡᠶᠡᠯᠡᠭᠦᠯᠪᠡ᠃ ᠠᠵᠤ ᠠᠬᠤᠶᠢᠯᠠᠯ ᠤᠨ ᠡᠯ᠎ᠡ ᠲᠦᠷᠦᠯ ᠤᠨ ᠭᠠᠶᠢᠯᠢ | ᠰᠦᠢᠳᠬᠡᠯ ᠢ 19.6 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ 5103 ᠡᠷᠦᠬᠡ | ᠰᠢᠨ᠎ᠡ ᠪᠠᠷ ᠨᠡᠮᠡᠭᠳᠡᠭᠦᠯᠪᠡ᠃ ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠦᠪ ᠤᠨ ᠪᠠᠯᠠ ᠮᠥᠩᠭᠦ ᠶᠢ 1.3 ᠳ᠋ᠦᠩᠰᠢᠭᠤᠷ ᠲᠥᠭᠦᠷᠢᠭ ᠳᠣᠭᠢᠷᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠳᠥᠷᠪᠡᠨ ᠠᠷᠭ᠎ᠠ᠂ ᠨᠢᠭᠡ ᠨᠠᠷᠢᠨ ᠲᠦᠷᠢᠮ︾ ᠢ ᠲᠣᠭᠲᠠᠭᠠᠵᠤ᠂ 17 ᠭᠡᠪᠴᠢᠶᠡᠵᠢᠯ ᠠᠴᠠ | ᠳᠡᠭᠡᠭᠰᠢᠬᠢ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ︽ᠭᠤᠷᠪᠠ ᠶᠢ ᠦᠭᠡᠶᠢᠰᠭᠡᠬᠦ︾ ᠶᠢ ᠪᠡᠶᠡᠯᠡᠭᠦᠯᠬᠦ ᠶᠢ ᠠᠬᠢᠭᠤᠯᠵᠤ᠂ 647 ᠬᠤᠪᠢ ᠲᠤᠰᠬᠠᠶ | ᠠᠰᠢᠭ ᠤᠨ ᠡᠷᠬᠡ ᠣᠯᠭᠤᠯᠲᠠ ᠶᠢ ᠤᠯᠪᠠ᠃ ᠵᠢᠦ ᠲᠠᠢ ᠶᠠᠰᠤ ᠴᠢᠨᠠᠷ ᠢ ᠰᠢᠯᠭᠠᠨ ᠪᠠᠶᠢᠴᠠᠭᠠᠬᠤ ᠭᠡᠯᠳᠡᠰ ᠤᠨ ᠲᠤᠷᠰᠢᠯᠲᠠ ᠶᠢᠨ ᠲᠠᠰᠤᠭ ᠨᠢ ᠤᠯᠤᠰ ᠤᠨ ᠳᠡᠰ ᠤᠨ | ᠭᠡᠷᠡᠴᠢᠯᠡᠯᠳᠡ ᠶᠢ ᠦᠩᠭᠡᠷᠡᠭᠡᠵᠤ᠂ ᠲᠡᠷᠢᠭᠦᠨ ᠤ ᠸᠠᠭᠠᠷ ᠱᠠᠭᠠᠵᠠᠩ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠢ | ᠪᠠᠶᠢᠭᠤᠯᠵᠤ ᠳᠠᠭᠤᠰᠬᠠᠭᠠᠳ ᠠᠰᠢᠬᠯᠠᠯᠳᠠ ᠳᠤ ᠤᠷᠤᠭᠤᠯᠪᠠ᠃ | ᠲᠦᠷᠪᠡ ᠳᠤ᠂ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠢ ᠣᠷᠭᠢᠯ | ᠭᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠤᠷᠢᠳ ᠢᠶᠠᠷ ᠡᠬᠢᠯᠡᠨ ᠨᠠᠶᠢᠷᠠᠭᠤᠯᠤᠨ ᠵᠣᠬᠢᠶᠠᠵᠤ᠂ ᠡᠨᠧᠷᠭᠢ ᠶᠢᠨ ᠬᠤᠷᠣᠭᠳᠠᠯ ᠤᠨ ᠲᠥᠰᠦᠪ ᠤᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠪᠠ᠃ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠬᠤᠶᠠᠷ ᠱᠤᠭᠤᠮ ᠭᠤᠷᠪᠠᠨ ᠣᠷᠣᠨ︾ ᠤ ᠵᠠᠭᠠᠭᠯᠠᠬᠤ ᠠᠵᠢᠯ ᠢ | ᠪᠡᠶᠡᠯᠡᠭᠦᠯᠵᠦ᠂ ᠭᠤᠤᠯ ᠳᠠᠭᠠᠤ 23 ᠤᠶᠢᠯᠡᠳᠪᠤᠷᠢ ᠠᠭᠤᠷᠬᠠᠶ ᠶᠢᠨ ᠠᠵᠤ ᠠᠬᠤᠶᠢᠯᠠᠯ ᠢ ᠬᠠᠭᠠᠵᠤ ᠵᠣᠭᠰᠣᠭᠠᠨ ᠬᠦᠴᠦᠨ ᠥᠬᠡᠶ ᠪᠣᠯᠭᠠᠵᠤ᠂ ᠬᠠᠲᠤᠨ ᠭᠤᠤᠯ | ᠳᠠᠭᠠᠤ 10.6 ᠲᠦᠮᠡᠨ ᠮᠥ ᠶᠢᠨ ᠭᠠᠵᠠᠷ ᠲᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠪᠡ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠭᠡᠢ᠂ | ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠪᠠ 1987 ᠡᠷᠥᠭᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ | 5 ᠠᠵᠤ ᠠᠬᠤᠶᠢᠯᠠᠯ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠪᠠ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ ᠪᠡᠶᠡᠯᠡᠭᠦᠯᠵᠦ᠂ | ᠳᠠᠪᠤᠰᠤ ᠶᠡᠬᠡᠲᠡᠶ ᠤᠰᠤ ᠶᠢ ᠵᠠᠰᠠᠬᠤ 5 ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠪᠤᠨ ᠵᠢᠯ ᠤᠨ ᠶᠡᠷᠦᠩᠬᠡᠶ ᠲᠥᠯᠥᠪᠵᠢᠭᠦᠯᠭᠡ︾ | ᠶᠢ ᠠᠩᠬ᠎ᠠ ᠠᠯᠬᠤᠮ ᠨᠠᠶᠢᠷᠠᠭᠤᠯᠤᠨ ᠵᠣᠬᠢᠶᠠᠵᠤ᠂ ᠪᠣᠬᠢᠷᠲᠤᠯ ᠥᠭᠡᠢ ᠠᠭᠤᠷᠬᠠᠶ ᠶᠢ 25 ᠪᠠᠶᠢᠭᠤᠯᠵᠤ᠂ 2 ᠲᠦᠮᠡᠨ ᠮᠤ᠋ ᠭᠠᠵᠠᠷ ᠲᠤ ᠲᠥᠪᠯᠡᠷᠡᠭᠦᠯᠦᠨ | ᠵᠠᠯᠭᠠᠯᠳᠤᠭᠤᠯᠤᠨ ᠵᠠᠰᠠᠬᠤ ᠶᠢ ᠪᠡᠶᠡᠯᠡᠭᠦᠯᠵᠦ᠂ ᠠᠭᠤᠷᠬᠠᠶ ᠶᠢᠨ ᠣᠷᠣᠨ ᠤ ᠠᠮᠢ ᠠᠬᠤᠶ ᠶᠢ ᠵᠠᠰᠠᠨ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ ᠬᠢᠷᠢ ᠳᠦᠪᠰᠢᠨ ᠢ | ᠪᠦᠲᠦᠮᠵᠢᠲᠡᠶ ᠪᠠᠷ ᠳᠡᠭᠡᠭᠰᠢᠯᠡᠭᠦᠯᠪᠡ᠃ | ᠲᠠᠪᠤ ᠳᠤ ᠬᠤᠲᠠ ᠬᠥᠳᠡᠭᠡ ᠶᠢ ᠠᠭᠤᠰᠤᠯᠴᠠᠭᠤᠯᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠪᠠ᠃ 1.7 ᠳ᠋ᠦᠩᠰᠢᠭᠤᠷ ᠲᠥᠭᠦᠷᠢᠭ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠣᠷᠣᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠪᠡ᠃ ᠭᠤᠷᠪᠠᠳᠤᠭᠠᠷ ᠪᠦᠯᠦᠭ ᠤᠯᠤᠰ ᠤᠨ ᠬᠥᠳᠡᠭᠡ ᠲᠣᠰᠬᠤᠨ ᠤ ᠠᠵᠤ ᠤᠶᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ | ᠬᠦᠷᠢᠶᠡᠯᠡᠩ ᠢ ᠡᠭᠦᠳᠦᠨ ᠪᠠᠶᠢᠭᠤᠯᠬᠤ ᠨᠡᠷᠡᠰ ᠲᠤ ᠵᠢᠭᠰᠠᠭᠠᠭᠳᠠᠨ ᠤᠷᠤᠵᠤ᠂ 2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ | 41.2 ᠲᠦᠮᠡᠨ ᠮᠥ ᠪᠠᠷᠢᠮᠵᠢᠶᠠᠵᠢᠭᠤᠯᠤᠨ ᠳᠠᠷᠢᠬᠤ ᠶᠢ ᠬᠡᠷᠡᠭᠵᠢᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ | ᠤᠯᠠᠷᠢᠭᠤᠯᠤᠨ ᠬᠤᠪᠢᠷᠠᠭᠤᠯᠬᠤ ᠨᠣᠷᠮ᠎ᠠ ᠶᠢ 68% ᠳᠤ ᠬᠦᠷᠭᠡᠵᠤ᠂ ᠯᠢᠶᠠᠩ ᠶᠦᠨ ᠭᠠᠭ᠋ᠠᠢ ᠳᠡᠵᠢᠭᠡᠬᠦ ᠪᠦᠬᠦ ᠠᠵᠤ ᠤᠶᠢᠯᠡᠰ ᠤᠨ ᠬᠡᠯᠬᠢᠶᠡᠨ ᠤ ᠲᠥᠷᠥᠯ | ᠵᠤᠶᠢᠯ ᠢ ᠲᠦᠷᠭᠡᠳᠬᠡᠨ ᠪᠠᠶᠢᠭᠤᠯᠵᠤ᠂ ᠮᠢᠩᠭᠠᠨ ᠮᠥ ᠲᠤᠲᠤᠷᠭ᠎ᠠ ᠵᠢᠭᠠᠰᠤᠨ ᠤ ᠪᠣᠰᠤᠭ᠎ᠠ ᠴᠣᠭᠴᠠᠲᠤ ᠳᠠᠷᠢᠵᠤ ᠲᠡᠵᠢᠭᠡᠬᠦ ᠲᠥᠷᠥᠯ ᠵᠤᠶᠢᠯ ᠢ ᠡᠵᠡᠩᠨᠡᠯᠲᠡ ᠳᠤ | ᠣᠷᠣᠭᠤᠯᠪᠠ᠃ ᠱᠢ ᠡᠯ ᠯᠢᠶᠠᠨ ᠴᠧᠩ ᠰᠢᠶᠠᠩ ᠨᠢ ︽ᠪᠥᠬᠦ ᠤᠯᠤᠰ ᠤᠨ ᠵᠢᠱᠢᠶ᠎ᠡ ᠦᠵᠡᠭᠦᠯᠬᠦ ᠪᠠᠯᠭᠠᠰᠤ ᠲᠣᠰᠬᠤᠨ︾ ᠂ ᠨᠤᠸᠠᠨ ᠱᠦᠶ ᠰᠢᠶᠠᠩ ᠤᠨ ᠳ᠋ᠧ | ᠱᠧᠩ ᠶᠢᠤ ᠯᠢᠶᠠᠩ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ︽ᠨᠢᠭᠡ ᠲᠣᠰᠬᠤᠨ ᠨᠢᠭᠡ ᠳᠦᠷᠤᠯ ᠳᠡᠮᠳᠡᠭ ᠢ ᠡᠬᠦᠳᠬᠦ︾ ᠵᠢᠱᠢᠶ᠎ᠡ ᠦᠵᠡᠭᠦᠯᠬᠦ | ᠲᠣᠰᠬᠤᠨ ᠢᠶᠠᠷ ᠦᠨᠡᠯᠡᠭᠳᠡᠪᠡ᠃ ︽ᠵᠠᠭᠤᠨ ᠲᠣᠰᠬᠤᠨ ᠳᠤ ᠰᠠᠭᠤᠵᠤ᠂ ᠠᠷᠠᠳ ᠤᠨ ᠪᠠᠶᠢᠳᠠᠯ ᠢ ᠠᠰᠠᠭᠤᠨ ᠰᠤᠷᠪᠤᠯᠵᠢᠯᠠᠵᠤ᠂ ᠠᠵᠤ ᠤᠶᠢᠯᠡᠰ ᠢ | ᠬᠦᠴᠦᠷᠬᠡᠭᠵᠢᠭᠦᠯᠤᠨ᠂ ᠪᠣᠳᠠᠲᠤ ᠶᠠᠪᠤᠳᠠᠯ ᠬᠢᠬᠦ︾ ᠭᠤᠤᠯ ᠰᠡᠳᠦᠪᠲᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠳᠤᠮᠳᠠᠴᠢ ᠪᠠᠷ 121% ᠪᠠᠷ ᠨᠡᠮᠡᠭᠳᠡᠭᠦᠯᠪᠡ᠃ ᠰᠢᠤᠸᠠᠢ ᠵᠢᠶᠠ ᠸᠠᠨ ᠤ ᠬᠤᠶᠢᠲᠤ ᠠᠭᠤᠯᠠ ᠶᠢᠨ ᠬᠤᠶᠢᠲᠤ | ᠬᠡᠰᠡᠭ ᠤᠨ ᠵᠠᠯᠭᠠᠯᠳᠤᠭᠰᠠᠨ ᠣᠷᠣᠨ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠪᠠ ᠬᠠᠭᠤᠴᠢᠨ ᠬᠤᠳᠠ ᠶᠢᠨ ᠲᠣᠭᠤᠷᠢᠭ ᠢ ᠰᠢᠨᠡᠳᠬᠡᠨ ᠥᠭᠡᠷᠡᠴᠢᠯᠡᠨ | ᠵᠠᠰᠠᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ 54 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠵᠠᠰᠠᠬᠤ᠂ 41 ᠴᠠᠬᠢᠯᠭᠠᠨ ᠱᠠᠳᠤ ᠨᠡᠮᠡᠵᠦ ᠤᠭᠰᠠᠷᠠᠬᠤ᠂ 30 ᠲᠦᠮᠡᠨ ᠲᠡᠭᠰᠢ ᠳᠥᠷᠪᠡᠯᠵᠢᠨ ᠮᠧᠲᠷ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠪᠡᠶᠡᠯᠡᠭᠦᠯᠵᠦ᠂ | ᠪᠠᠶᠢᠭᠠᠯᠢ ᠶᠢᠨ ᠰᠢᠲᠠᠮᠠᠬᠠᠶ ᠬᠡᠢ ᠶᠢ 2.1 ᠲᠦᠮᠡᠨ ᠡᠷᠤᠭᠡ ᠳᠤ ᠰᠢᠨ᠎ᠠ ᠪᠠᠷ ᠤᠷᠤᠭᠤᠯᠤᠨ᠂ ᠵᠡᠬᠦᠠᠭᠠᠷ ᠬᠤᠰᠢᠭᠤᠨ ᠤ ᠭᠤᠷᠪᠠᠳᠤᠭᠠᠷ ᠳᠤᠮᠳᠠᠳᠤ | ᠰᠤᠷᠭᠠᠭᠤᠯᠢ ᠶᠢᠨ ᠵᠡᠭᠡᠯᠢ ᠪᠠᠷ ᠥᠩᠭᠡᠷᠡᠬᠦ ᠵᠠᠮ ᠂ ᠲᠠᠬᠠᠷ ᠤᠨ ᠭᠤᠣᠯ ᠤᠨ ᠪᠢᠩ ᠾᠧ ᠴᠡᠩᠭᠡᠯ ᠤᠨ ᠬᠦᠷᠢᠶᠡᠯᠡᠩ᠂ ᠬᠤ᠋ ᠳ᠋ᠦᠩ ᠤᠶᠤᠨᠴᠢ ᠴᠡᠴᠡᠷᠯᠢᠭ ᠢ | ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ 5G ᠶᠢᠨ ᠰᠠᠭᠤᠷᠢ ᠥᠷᠲᠡᠭᠡ ᠶᠢ 310 ᠪᠠᠶᠢᠭᠤᠯᠵᠤ᠂ 466 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ | ᠰᠢᠨ᠎ᠡ ᠪᠠᠷ ᠪᠠᠶᠢᠭᠤᠯᠵᠤ ᠥᠭᠡᠷᠡᠴᠢᠯᠡᠨ᠂ ᠪᠤᠷᠤᠳᠤᠬᠤᠢ ᠰᠤᠮᠤ ᠶᠢᠨ ᠠᠮᠢ ᠠᠬᠤᠶ ᠶᠢᠨ ᠤᠰᠤᠨ ᠤ ᠰᠤᠷᠪᠤᠯᠵᠢ ᠶᠢᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠪᠠ | ᠃ | ᠵᠢᠷᠭᠤᠭ᠎ᠠ ᠳᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠠ᠃ ᠬᠤᠰᠢᠭᠤ ᠰᠢᠶᠠᠩ ᠬᠤᠶᠠᠷ ᠱᠠᠲᠤᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ 33 ᠪᠡᠶᠡᠯᠡᠭᠦᠯᠪᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ | ᠢᠷᠡᠭᠰᠡᠨ 66 ᠠᠰᠠᠭᠤᠳᠠᠯ ᠢ ᠰᠢᠢᠳᠪᠤᠷᠢᠯᠡᠵᠤ᠂ 3.1 ᠲᠦᠮᠡᠨ ᠢᠵᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠲᠠᠩᠰᠠᠯᠠᠯᠳᠠ ᠬᠢᠯᠭᠡᠪᠡ᠃ ᠰᠡᠳᠬᠢᠯ ᠢ | ᠳᠤᠯᠠᠭᠠᠴᠠᠭᠤᠯᠬᠤ10 ᠲᠦᠮᠡᠨ ᠲᠣᠨ ᠨᠡᠭᠦᠷᠡᠰᠦ ᠶᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ 4.7 ᠲᠦᠮᠡᠨ ᠪᠠᠶᠢᠩᠭᠤ ᠰᠠᠭᠤᠭ᠎ᠠ ᠲᠠᠷᠢᠶᠠᠴᠢᠨ | ᠡᠷᠦᠬᠡ ᠶᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃ ᠬᠤᠳᠠ ᠪᠠᠯᠭᠠᠰᠤᠨ ᠤ 4041 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 2.7% ᠪᠠᠷ ᠬᠢᠵᠠᠭᠠᠷᠯᠠᠪᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠲᠤᠰ ᠲᠤᠰ 6% ᠪᠠ 7% ᠪᠠᠷ ᠳᠡᠭᠡᠭᠰᠢᠯᠡᠭᠦᠯᠵᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 90% ᠳᠤ ᠬᠦᠷᠭᠡᠵᠦ᠂ ᠭᠤᠷᠪᠠᠨ ᠱᠠᠳᠤᠨ ᠤ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠨᠡᠶᠢᠳᠡᠮ ᠬᠠᠮᠤᠷᠬᠤ ᠶᠢ ᠪᠡᠶᠡᠯᠡᠭᠦᠯᠪᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ | ᠲᠠᠯ᠎ᠠ ᠪᠠᠷ ᠳᠡᠯᠭᠡᠷᠡᠭᠦᠯᠪᠡ︔ ᠨᠠᠷᠠᠲᠤ ᠰᠢᠯᠢᠳᠡᠭ ᠰᠤᠷᠭᠠᠭᠤᠯᠢ ᠴᠡᠴᠡᠷᠯᠢᠭ ᠤᠨ ᠵᠠᠬᠢᠷᠤᠯ᠂ ᠪᠠᠭᠰᠢ ᠶᠢᠨ ︽ᠵᠢᠷᠭᠤᠭᠠᠨ ᠨᠢᠭᠡ ᠶᠢᠨ ᠢᠨᠵᠧᠨᠧᠷᠢᠩ︾ ᠢ ᠪᠥᠬᠦ | ᠲᠠᠯ᠎ᠠ ᠪᠠᠷ ᠡᠬᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠬᠳᠠᠨ ᠤᠷᠤᠭᠰᠠᠨ ᠨᠣᠷᠮ᠎ᠠ ᠶᠢ | ᠵᠠᠭᠤᠨ ᠤ ᠬᠤᠪᠢ ᠶᠢᠨ ᠬᠠᠷᠢᠴᠠᠯ ᠢᠶᠠᠷ 10 ᠳᠡᠭᠡᠭᠰᠢᠯᠡᠭᠦᠯᠵᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ︔ ᠱᠢ ᠵᠢᠢ ᠳᠤᠮᠳᠠᠳᠤ ᠰᠤᠷᠭᠠᠭᠤᠯᠢ ᠨᠢ ᠪᠥᠬᠦ | ᠤᠯᠤᠰ ᠤᠨ ᠵᠠᠯᠠᠭᠤᠴᠤᠳ ᠪᠠᠭᠠᠴᠤᠳ ᠤᠨ ᠵᠣᠬᠢᠶᠠᠮᠠᠯ ᠣᠶᠤᠨᠴᠢ ᠠᠵᠢᠯᠯᠠᠭ᠎ᠠ ᠶᠢᠨ ᠤᠨᠴᠠᠯᠢᠬᠳᠤ ᠨᠢᠭᠡᠴᠢ ᠪᠠᠷ ᠰᠤᠩᠭᠤᠬᠳᠠᠪᠠ᠃ ᠭᠤᠤᠯᠳᠠᠯᠭᠠᠳᠤ ᠡᠮᠨᠡᠯᠭᠡ ᠶᠢᠨ | ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠤᠷᠤᠭᠰᠢᠲᠠᠶ ᠳᠠᠭᠤᠰᠬᠠᠵᠤ᠂ ᠳ᠋ᠠ ᠯᠦ ᠪᠠᠯᠭᠠᠰᠤᠨ ᠤ ᠭᠤᠤᠯᠳᠠᠯᠭᠠᠳᠤ ᠡᠷᠡᠭᠦᠯ | ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ 82 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠡᠶᠡᠯᠡᠭᠦᠯᠪᠡ︔ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ᠱᠠᠳᠤ ᠬᠤᠪᠢᠶᠠᠨ ᠣᠨᠣᠰᠢᠯᠠᠨ | ᠡᠮᠨᠡᠬᠦ ᠠᠵᠢᠯ ᠢ ᠲᠦᠷᠭᠡᠳᠬᠡᠨ ᠠᠬᠢᠭᠤᠯᠵᠤ᠂ ᠠᠯᠤᠰ ᠡᠵᠡᠮᠰᠢᠯᠲᠦ ᠡᠮᠴᠢᠯᠡᠭᠡᠨ ᠤ ᠰᠢᠰᠲ᠋ᠧᠮ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ | ᠠᠵᠢᠯᠲᠠᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠠᠰᠢᠭᠯᠠᠯᠲᠠ ᠳᠤ ᠣᠷᠣᠵᠤ᠂ ᠬᠤᠰᠢᠭᠤᠨ ᠤ ᠰᠣᠶᠣᠯ ᠤᠨ ᠣᠷᠳᠣᠨ ᠨᠢ ᠤᠯᠤᠰ ᠤᠨ ᠨᠢᠭᠡᠳᠦᠭᠡᠷ | ᠳᠡᠰ ᠤᠨ ᠰᠣᠶᠣᠯ ᠤᠨ ᠣᠷᠳᠣᠨ ᠢᠶᠠᠷ ᠦᠨᠡᠯᠡᠭᠳᠡᠵᠦ᠂ ᠮᠠᠨ ᠤ ᠬᠤᠰᠢᠭᠤ ᠨᠢ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠢᠶᠠᠷ | ᠦᠨᠡᠯᠡᠭᠳᠡᠪᠡ᠃ | ᠲᠤᠯᠤᠭ᠎ᠠ ᠳᠤ ᠳᠤᠬᠳᠠᠭᠤᠨ ᠪᠠᠶᠢᠳᠠᠯ ᠢ ᠪᠠᠳᠤᠯᠠᠬᠤ ᠶᠢ ᠴᠥᠬᠦᠷᠡᠰᠢ ᠦᠭᠡᠢ ᠪᠦᠭᠡᠳ ᠪᠠᠶᠢᠩᠭᠤ ᠠᠳᠬᠤᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠦᠯᠦ ᠣᠷᠣᠭᠤᠯᠬᠤ᠂ ᠦᠯᠦ ᠬᠠᠯᠳᠠᠪᠤᠷᠢᠯᠠᠬᠤ᠂ ᠦᠯᠦ ᠣᠨᠣᠰᠢᠯᠠᠬᠤ ᠰᠡᠷᠭᠡᠶᠢᠯᠡᠯᠲᠡ ᠶᠢᠨ | ᠱᠤᠭᠤᠮ ᠢ ᠪᠠᠲᠤ ᠰᠠᠬᠢᠪᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠦᠷᠭᠦᠯᠵᠢᠯᠡᠨ | ᠪᠠᠭᠠᠰᠪᠠ᠃ ᠪᠦᠬᠦ ᠤᠯᠤᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠣᠷᠣᠨ ᠪᠦᠰᠡ | ᠠᠯᠤᠰᠯᠠᠭᠰᠠᠨ ᠪᠣᠳᠠᠲᠤ ᠳᠠᠶᠢᠯᠠᠯᠳᠤᠭᠠᠨ ᠤ ᠰᠣᠷᠢᠯᠲᠠ ᠳ᠋ᠠ ᠯᠤ᠋ ᠬᠦᠷᠢᠶᠡᠯᠡᠩ ᠲᠣᠭᠤᠷᠢᠭ ᠲᠤ ᠠᠮᠵᠢᠯᠲᠠ ᠲᠠᠢ ᠶᠠᠪᠤᠭᠳᠠᠪᠠ᠃ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ 15.43 ᠳ᠋ᠦᠩᠰᠢᠭᠤᠷ ᠲᠥᠭᠦᠷᠢᠭ ᠠᠷᠢᠯᠭᠠᠵᠤ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠬᠠᠷᠠᠯᠲᠠ ᠶᠢᠨ 164% ᠶᠢ | ᠪᠡᠶᠡᠯᠡᠭᠦᠯᠪᠡ᠃ ᠬᠠᠤᠯᠢ ᠪᠤᠰᠤ ᠪᠠᠷ ᠴᠤᠭᠯᠠᠭᠤᠯᠤᠭᠰᠠᠨ 925 ᠲᠦᠮᠡᠨ ᠲᠥᠭᠦᠷᠢᠭ ᠤᠨ ᠪᠠᠯᠠ ᠮᠥᠩᠭᠦ ᠶᠢ ᠰᠢᠢᠳᠪᠤᠷᠢᠯᠡᠵᠤ᠂ ᠮᠥᠩᠭᠦᠨ ᠬᠦᠢᠯᠭᠡᠭᠡᠨ ᠤ | ᠪᠠᠶᠢᠭᠤᠯᠤᠮᠵᠢ ᠶᠢᠨ ᠡᠷᠡᠭᠦᠯ ᠪᠤᠰᠤ ᠡᠳ᠋ ᠬᠥᠷᠥᠩᠭᠡ ᠶᠢ 16.32 ᠳ᠋ᠦᠩᠰᠢᠭᠤᠷ ᠲᠥᠭᠦᠷᠢᠭ ᠠᠷᠢᠯᠭᠠᠪᠠ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠲᠤ ᠴᠥᠮ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠦᠷᠢᠮ ᠢ ᠳᠤᠬᠳᠠᠭᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠴᠤᠬᠴᠠᠯᠠᠵᠤ᠂ ᠦᠨᠳᠦᠰᠦᠲᠡᠨ ᠤ ᠠᠵᠢᠯ ᠢ ᠦᠨᠡᠨ ᠬᠦ ᠴᠢᠩᠭᠠᠳᠬᠠᠨ | ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠪᠠ᠃ | ᠲᠥᠯᠥᠭᠡᠯᠡᠭᠴᠢᠳ ᠡ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠪᠢᠳᠡ ᠨᠠᠮ ᠤᠨ | ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠢᠷᠢᠰ | ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ | ᠨᠡᠶᠢᠭᠡᠮ ᠵᠢᠷᠤᠮ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠤᠯᠠᠮ ᠨᠢᠭᠡ ᠠᠯᠬᠤᠮ ᠣᠷᠭᠢᠯᠣᠨ ᠪᠠᠳᠠᠷᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠨᠡᠶᠢᠭᠡᠮ | ᠵᠢᠷᠤᠮ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ᠃ | ᠲᠥᠯᠥᠭᠡᠯᠡᠭᠴᠢᠳ ᠡ᠂ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠭᠰᠡᠨ ᠤ ᠦᠷ᠎ᠡ ᠳ᠋ᠦᠩ ᠮᠥᠨ᠂ ᠬᠤᠭᠤᠴᠠᠭ᠎ᠠ ᠪᠦᠷᠢ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠰᠠᠭᠤᠷᠢ ᠲᠠᠯᠪᠢᠵᠤ᠂ ᠦᠷᠭᠦᠯᠵᠢᠯᠡᠨ | ᠲᠡᠮᠡᠴᠡᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠤ ᠦᠷ᠎ᠡ ᠳ᠋ᠦᠩ ᠮᠥᠨ᠂ ᠨᠠᠩ ᠴᠤ ᠪᠥᠬᠦ | ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ | ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠵᠡᠭᠦᠨᠭᠠᠷ ᠤᠨ | ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠬᠠᠯᠠᠮᠵᠢᠯᠠᠨ ᠳᠡᠮᠵᠢᠵᠤ ᠢᠷᠡᠭᠰᠡᠨ᠂ ᠣᠷᠣᠯᠴᠠᠭᠰᠠᠨ ᠪᠦᠬᠦ ᠨᠥᠬᠦᠳ᠂ ᠨᠠᠶᠢᠵᠢ ᠨᠠᠷ ᠲᠤ ᠡᠷᠬᠢᠮ ᠳᠡᠭᠡᠳᠦ | ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ ᠪᠤᠯᠬᠤᠷ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠃ ᠥᠩᠭᠡᠷᠡᠭᠰᠡᠨ ᠢᠶᠠᠨ | ᠡᠷᠭᠢᠴᠡᠭᠦᠯᠬᠦᠶ᠎ᠡ᠂ ᠵᠠᠰᠠᠭ ᠤᠨ ᠣᠷᠳᠣᠨ ᠤ ᠠᠵᠢᠯ ᠢ ᠴᠢᠩᠭᠠᠳᠬᠠᠵᠤ᠂ ᠵᠡᠭᠦᠨᠭᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠠᠲᠤ ᠪᠠᠷ ᠪᠡᠶᠡᠯᠡᠭᠦᠯᠪᠡᠯ ᠰᠠᠶ᠋ᠢ ᠡᠯ᠎ᠡ ᠳᠦᠷᠤᠯ ᠤᠨ ᠠᠵᠢᠯ ᠦᠢᠯᠡᠰ | ᠢᠮᠠᠭᠲᠠ ᠵᠥᠪ ᠴᠢᠭᠯᠡᠯ ᠢᠶᠠᠷ ᠡᠷᠡᠭᠦᠯ ᠢᠶᠠᠷ ᠬᠥᠭᠵᠢᠬᠦ ᠶᠢ ᠪᠠᠲᠤᠯᠠᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠡᠷᠬᠡᠪᠰᠢ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠳᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠪᠠᠯ ᠰᠠᠶ᠋ᠢ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠯᠠᠪᠳᠠᠭᠤᠨ ᠢᠶᠠᠷ ᠠᠯᠤᠰ ᠢ ᠵᠣᠷᠢᠨ ᠤᠷᠤᠭᠰᠢᠯᠠᠵᠤ ᠴᠢᠳᠠᠨ᠎ᠠ ᠭᠡᠳᠡᠭ ᠢ ᠪᠢᠳᠡ | ᠭᠦᠨᠵᠡᠭᠡᠢ ᠣᠶᠢᠯᠠᠭᠠᠵᠠᠢ᠃ ᠡᠷᠬᠡᠪᠰᠢ ᠥᠭᠡᠷᠡᠴᠢᠯᠡᠯᠲᠡ ᠨᠡᠭᠡᠭᠡᠯᠳᠡ ᠬᠢᠵᠤ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠪᠣᠭᠤᠮᠢ ᠶᠢᠨ ᠬᠠᠷᠰᠢ ᠰᠠᠭᠠᠳ ᠢ ᠬᠦᠴᠦᠯᠡᠨ ᠠᠷᠢᠯᠭᠠᠪᠠᠯ ᠰᠠᠶ᠋ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ | ᠳᠠᠪᠠᠭᠤᠯᠢᠭ ᠢ ᠪᠤᠢ ᠪᠣᠯᠭᠠᠵᠤ᠂ ᠰᠢᠨ᠎ᠡ ᠪᠠᠶᠢᠳᠠᠯ ᠢ ᠡᠭᠦᠳᠴᠦ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠡᠷᠬᠡᠪᠰᠢ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠᠯ ᠰᠠᠶ᠋ᠢ ᠣᠳᠣᠬᠢᠴᠢᠯᠠᠬᠰᠠᠨ ᠵᠡᠭᠦᠨᠭᠠᠷ ᠢ ᠪᠦᠳᠦᠭᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ ᠡᠷᠬᠡᠪᠰᠢ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ | ᠰᠢᠨᠲᠠᠷᠠᠰᠢ ᠦᠭᠡᠢ ᠪᠠᠷ ᠵᠠᠰᠠᠭ ᠤᠨ ᠰᠤᠷᠲᠠᠯ ᠢ ᠬᠤᠪᠢᠷᠠᠭᠤᠯᠵᠤ᠂ ᠣᠷᠴᠢᠨ ᠠᠬᠤᠢ ᠶᠢ ᠰᠢᠯᠢᠳᠡᠭᠵᠢᠭᠦᠯᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠪᠠᠯ ᠰᠠᠶ᠋ᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠠᠢ᠃ | ᠠᠮᠵᠢᠯᠲᠠ ᠪᠠ ᠲᠤᠷᠰᠢᠯᠭ᠎ᠠ ᠪᠠᠨ ᠳ᠋ᠦᠩᠨᠡᠬᠦ ᠶᠢᠨ ᠬᠠᠮᠲᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ | ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠪᠢᠳᠠ ᠴᠦ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠄ ᠠᠵᠤ ᠤᠶᠢᠯᠡᠰ ᠤᠨ ᠪᠦᠲᠦᠴᠡ ᠳᠤ ᠲᠦᠰᠢᠭᠯᠡᠨ | ᠡᠨᠧᠷᠭᠢ ᠶᠢ ᠴᠢᠬᠤᠯᠠᠴᠢᠯᠠᠬᠤ᠂ ᠬᠥᠭᠵᠢᠯᠲᠡ ᠬᠦᠢᠴᠡᠳ ᠪᠤᠰᠤ ᠲᠡᠩᠴᠡᠭᠦᠷᠢ ᠥᠬᠡᠶ ᠪᠠᠶᠢᠬᠤ ᠪᠣᠯ ᠮᠥᠨ ᠬᠦ ᠮᠠᠨ ᠤ ᠬᠤᠰᠢᠭᠤᠨ ᠤ ᠬᠠᠮᠤᠭ ᠤᠨ ᠶᠡᠭᠡ ᠪᠣᠳᠠᠲᠤ | ᠪᠠᠶᠢᠳᠠᠯ ᠮᠥᠨ᠂ ᠰᠢᠨ᠎ᠡ ᠬᠠᠭᠤᠴᠢᠨ ᠬᠥᠳᠡᠯᠭᠡᠭᠴᠢ ᠬᠦᠴᠤᠨ ᠤ ᠰᠣᠯᠢᠭᠳᠠᠯ ᠪᠠ ᠴᠢᠨᠠᠷ ᠰᠠᠶᠢᠲᠠᠶ ᠬᠥᠭᠵᠢᠯᠲᠡ ᠶᠢᠨ ᠡᠭᠦᠷᠭᠡ ᠮᠥᠨ ᠬᠦ ᠬᠠᠲᠠᠭᠤ ᠪᠡᠷᠬᠡᠰᠢᠶᠡᠯᠲᠡᠶ | ᠪᠠᠶᠢᠭᠰᠠᠭᠠᠷ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ | ᠬᠤᠪᠢᠷᠠᠭᠤᠯᠬᠤ ᠴᠢᠳᠠᠪᠤᠷᠢ ᠣᠯᠭᠤᠬᠤ ᠶᠠᠰᠤ ᠴᠢᠨᠠᠷ ᠦᠷ᠎ᠡ ᠠᠰᠢᠭ ᠢ ᠪᠠᠰᠠ ᠲᠦᠷᠭᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠬᠤᠳᠠᠯᠳᠤᠭ᠎ᠠ ᠡᠷᠬᠢᠯᠡᠬᠦ ᠤᠷᠴᠢᠨ | ᠠᠬᠤᠢ ᠳᠤ ᠪᠠᠰᠠ ᠴᠥᠭᠡᠨ ᠪᠤᠰᠤ ᠬᠦᠴᠢᠷᠳᠡᠯ᠂ ᠲᠦᠭᠵᠢᠷᠡᠯ᠂ ᠡᠪᠡᠷᠰᠢᠶᠡᠯ ᠲᠠᠢ ᠭᠠᠵᠠᠷ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠷᠲᠡᠮᠵᠢ ᠶᠢᠨ | ᠲᠦᠷᠦᠭᠳᠡᠯ ᠴᠢᠩᠭ᠎ᠠ ᠪᠤᠰᠤ᠂ ᠠᠮᠢᠵᠢᠷᠠᠯ ᠤᠨ ᠬᠦᠴᠦᠨ ᠢᠶᠠᠷ ᠳᠤᠲᠠᠮᠠᠭ ᠪᠠᠶᠢᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ᠂ ᠠᠮᠢ | ᠠᠬᠤᠢ ᠣᠷᠴᠢᠨ ᠲᠣᠭᠤᠷᠢᠨ ᠤ ᠬᠦᠷᠢᠶᠡᠨ ᠳᠤ ᠮᠦᠨ ᠯᠠ ᠴᠥᠭᠡᠨ ᠪᠤᠰᠤ ᠪᠠᠭᠤᠷᠠᠢ ᠲᠠᠯ᠎ᠠ ᠣᠷᠣᠰᠢᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠪᠠᠰᠠ ᠨᠡᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠢ ᠪᠠᠶᠢᠨ᠎ᠠ᠃ ᠡᠭᠦᠨ ᠳᠤ᠂ ᠪᠢᠳᠡ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠪᠤᠭᠤᠮᠳᠠ ᠰᠢᠪᠳᠤᠯᠤᠨ᠂ ᠪᠤᠭᠤᠮᠢ ᠶᠢᠨ ᠠᠰᠠᠭᠤᠳᠠᠯ ᠢ | ᠳᠦᠷᠭᠡᠨ ᠰᠢᠢᠳᠪᠤᠷᠢᠯᠡᠵᠤ᠂ ᠵᠠᠰᠠᠭ ᠤᠨ ᠣᠷᠳᠣᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠠᠷᠠᠳ ᠤᠯᠠᠨ ᠤ ᠬᠦᠨᠳᠦ | ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠵᠤ ᠪᠤᠯᠬᠤ ᠥᠬᠡᠶ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠤᠬᠠᠶ ᠪᠠᠷᠠᠯᠠᠯ | ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠰᠢᠭᠤᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠴᠢᠬᠤᠯᠠ ᠴᠣᠩᠬᠤᠪᠴᠢ ᠬᠤᠭᠤᠴᠠᠭ᠎ᠠ ᠪᠠ | ᠲᠡᠤᠬᠡ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠂ ᠮᠥᠨ ᠴᠦ ᠪᠢᠳᠡᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠵᠤ᠂ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠡᠭᠦᠨᠭᠠᠷ ᠤᠨ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ | ᠪᠣᠯᠤᠨ᠎ᠠ᠃ ᠤᠯᠤᠰ ᠤᠨ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ | ᠭᠡᠮᠵᠢᠭᠳᠡᠯ ᠳᠤ ᠬᠦᠷᠭᠡᠵᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠭᠰᠡᠨ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠵᠢᠴᠢ ᠣᠷᠳᠣᠰ ᠤᠨ | ᠤᠯᠤᠰ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢ ᠪᠠᠶᠢᠭᠤᠯᠬᠤ ᠵᠡᠷᠭᠡ ᠴᠢᠬᠤᠯᠠ ᠠᠵᠠ ᠲᠣᠬᠢᠶᠠᠯ ᠨᠢ ᠮᠠᠨ ᠤ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠯᠤᠲᠤ ᠶᠡᠭᠡ ᠣᠷᠣᠨ ᠵᠠᠶ ᠶᠢ ᠡᠭᠦᠳᠦᠨ ᠥᠭᠴᠡᠶ᠃ ᠪᠢᠳᠡ ᠪᠠᠶᠢᠯᠳᠤᠬᠤ ᠪᠤᠳᠤᠯᠭ᠎ᠠ ᠶᠢᠨ ᠴᠢᠬᠤᠯᠠ | ᠠᠵᠠ ᠲᠣᠬᠢᠶᠠᠯᠳᠤ ᠴᠠᠭ ᠬᠤᠭᠤᠴᠠᠭ᠎ᠠ ᠶᠢ ᠡᠵᠡᠮᠳᠡᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠲᠤᠰ ᠪᠡᠶ᠎ᠡ ᠶᠢᠨ | ᠬᠥᠭᠵᠢᠯᠲᠡ ᠪᠠᠨ ᠠᠬᠢᠭᠤᠯᠵᠤ᠂ ᠪᠣᠳᠠᠲᠠᠢ ᠠᠴᠠ ᠡᠭᠦᠰᠦᠨ᠂ ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠬᠤᠶᠢᠰᠢᠳᠠ ᠶᠢᠨ ᠲᠠᠪᠤᠨ ᠵᠢᠯ ᠳᠤ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠶ ᠳᠤᠭᠤᠰᠢᠯᠠᠭᠤᠯᠤᠨ᠂ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠳᠡ ᠪᠠ ᠠᠮᠤᠷ ᠲᠦᠪᠰᠢᠨ ᠢ | ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠶ ᠪᠠᠲᠤ ᠴᠤᠬᠴᠠᠯᠠᠵᠤ᠂ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠳᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ | ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ᠣᠳᠣᠬᠢᠴᠢᠯᠠᠭᠰᠠᠨ ᠠᠵᠤ | ᠠᠬᠤᠢ ᠶᠢᠨ ᠳᠤᠬᠳᠠᠯᠴᠠᠭ᠎ᠠ ᠶᠢ ᠲᠦᠷᠭᠡᠨ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ | ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠪᠠᠷ ᠬᠦᠴᠦᠯᠡᠨ ᠴᠢᠷᠮᠠᠶᠢᠨ᠎ᠠ᠃ | ᠡᠨᠡ ᠬᠦ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠪᠢᠳᠡ ︽ᠲᠠᠪᠤᠨ ᠬᠠᠷᠠᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠪᠥᠬᠦ ᠲᠠᠯ᠎ᠠ︾ | ᠶᠢ ᠪᠡᠶᠡᠯᠡᠭᠦᠯᠦᠨ᠎ᠡ᠄ | ︵ᠨᠢᠭᠡ︶ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ | ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠪᠥᠬᠦ ᠲᠠᠯ᠎ᠠ ᠪᠠᠷ ᠤᠶᠢᠯᠡᠴᠢᠯᠡᠬᠦ ᠪᠠ | ᠠᠭᠤᠰᠤᠯᠴᠠᠨ᠎ᠠ᠃ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ ᠮᠢᠩᠭᠠᠨ ᠳ᠋ᠦᠩᠰᠢᠭᠤᠷ ᠲᠥᠭᠦᠷᠢᠭ ᠲᠤ ᠲᠣᠭᠲᠠᠪᠤᠷᠢᠵᠢᠭᠤᠯᠵᠤ᠂ ᠡᠳ᠋ ᠤᠨ | ᠵᠠᠰᠠᠭ ᠤᠨ ᠣᠷᠣᠯᠭ᠎ᠠ ᠶᠢ ᠵᠠᠭᠤᠨ ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠦᠯᠳᠦᠬᠦ | ᠬᠦᠴᠦᠨ ᠢ ᠪᠥᠬᠦ ᠤᠯᠤᠰ ᠤᠨ 20 ᠬᠦᠴᠦᠷᠬᠡᠭ ᠲᠤ ᠳᠠᠪᠰᠢᠭᠤᠯᠬᠤ ᠡᠷᠡᠮᠡᠭᠡᠶᠢᠯᠡᠨ ᠤᠷᠤᠭᠰᠢᠯᠠᠬᠤ ᠬᠠᠷᠠᠯᠲᠠ ᠶᠢᠨ ᠲᠣᠭᠤᠷᠢᠨ ᠳᠤ᠂ ᠤᠯᠤᠰ ᠤᠨ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂ ᠠᠷᠢᠭᠤᠨ | ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠥᠨᠳᠥᠷ ᠪᠦᠲᠦᠮᠵᠢᠲᠡᠶ ᠰᠢᠨ᠎ᠡ ᠬᠡᠯᠪᠡᠷᠢ ᠶᠢᠨ ᠠᠵᠤ ᠤᠶᠢᠯᠡᠰ ᠤᠨ ᠳᠤᠬᠳᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ᠵᠡᠭᠦᠨᠭᠠᠷ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠠᠬᠢ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠴᠢᠨᠠᠷ ᠰᠠᠶᠢᠲᠠᠶ ᠬᠥᠭᠵᠢᠯᠲᠡ ᠶᠢᠨ ᠲᠠᠪᠤᠨ ᠵᠢᠯ ᠤᠨ ᠲᠥᠯᠥᠪᠵᠢᠭᠦᠯᠭᠡ︾ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠰᠢᠭᠤ ᠪᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠶᠡᠭᠡ ᠪᠠᠷ ᠭᠡᠷᠡᠭᠵᠢᠬᠦᠯᠤᠨ᠎ᠠ᠃ ᠠᠵᠤ | ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠢᠵᠠᠭᠠᠷᠯᠠᠵᠤ ᠪᠠᠶᠢᠭ᠎ᠠ ᠢᠯᠡᠷᠭᠡᠢ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ | ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠤᠶᠢᠯᠡᠳᠪᠤᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠤᠨᠤᠬᠯᠠᠯ ᠤᠶᠢᠯᠡᠳᠬᠦ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠶᠢ ᠥᠷᠨᠢᠭᠦᠯᠵᠦ᠂ | ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠤᠷᠢᠳ ᠢᠶᠠᠷ ᠬᠡᠷᠡᠭᠵᠢᠭᠦᠯᠬᠦ ᠣᠷᠣᠨ ᠢ | ᠪᠠᠶᠢᠭᠤᠯᠤᠨ᠎ᠠ᠃ ᠡᠨᠧᠷᠭᠢ ᠶᠢᠨ ᠠᠵᠤ ᠠᠬᠤᠶ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠᠷ | ᠪᠦᠲᠦᠴᠡ ᠶᠢᠨ ᠲᠣᠬᠢᠷᠠᠭᠤᠯᠤᠯᠲᠠ ᠶᠢ ᠭᠡᠳᠡᠷᠭᠦ ᠰᠢᠬᠠᠵᠤ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠢ ᠤᠯᠤᠰ ᠤᠨ ᠲᠠᠰ ᠤᠨ ᠣᠲᠣ ᠦᠶ᠎ᠡ ᠶᠢᠨ | ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠣᠲᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠤᠶᠢᠯᠡᠳᠪᠤᠷᠢ ᠵᠢᠴᠢ ᠳᠣᠤᠷᠠᠳᠤ ᠭᠡᠯᠬᠢᠶᠠᠨ ᠤ ᠳᠡᠭᠡᠳᠦ ᠲᠠᠰ ᠤᠨ ᠬᠢᠮᠢ ᠶᠢᠨ ᠪᠣᠳᠠᠰ ᠤᠶᠢᠯᠡᠳᠪᠤᠷᠢᠯᠡᠬᠦ ᠴᠢᠳᠠᠪᠤᠷᠢ ᠶᠢ 1000 ᠲᠦᠮᠡᠨ | ᠲᠣᠨ ᠠᠴᠠ ᠳᠠᠪᠠᠭᠤᠯᠤᠨ᠎ᠠ᠃ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠤᠶᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ | ᠤᠯᠤᠰ ᠤᠨ ︽ ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠬᠤ ᠲᠡᠷᠭᠡ︾ ᠶᠢᠨ ᠠᠵᠤ ᠤᠶᠢᠯᠡᠰ ᠤᠨ ᠰᠦᠷᠦᠭᠵᠢᠯ ᠤᠨ ᠵᠢᠱᠢᠶ᠎ᠡ ᠦᠵᠡᠭᠦᠯᠬᠦ ᠲᠥᠷᠥᠯ | ᠵᠤᠶᠢᠯ ᠢ ᠨᠤᠳᠤᠬᠰᠢᠭᠤᠯᠤᠨ ᠪᠥᠲᠥᠭᠡᠨ ᠪᠠᠶᠢᠭᠤᠯᠬᠤ ᠪᠠᠷ ᠭᠤᠤᠯᠳᠠᠯᠭ᠎ᠠ ᠲᠠᠢ ᠴᠢᠷᠮᠠᠶᠢᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1100 ᠲᠦᠮᠡᠨ | ᠺᠢᠯᠣᠸᠠᠲ ᠠᠴᠠ ᠳᠡᠭᠡᠭᠰᠢ ᠳᠤ ᠬᠦᠷᠭᠡᠵᠤ᠂ ᠮᠢᠩᠭᠠᠨ ᠳ᠋ᠦᠩᠰᠢᠭᠤᠷ ᠤᠨ ᠲᠠᠰ ᠤᠨ ᠰᠢᠨ᠎ᠡ ᠡᠨᠧᠷᠭᠢ ᠶᠢᠨ ᠠᠵᠤ ᠤᠶᠢᠯᠡᠰ ᠤᠨ ᠰᠦᠷᠦᠭᠵᠢᠯ ᠢ ᠪᠣᠶ ᠪᠣᠯᠭᠠᠨ᠎ᠠ᠃ | ᠰᠢᠨ᠎ᠡ ᠪᠠᠷ ᠬᠦᠭᠵᠢᠵᠤ ᠪᠠᠶᠢᠭ᠎ᠠ ᠠᠵᠤ ᠤᠶᠢᠯᠡᠰ ᠤᠨ ᠰᠦᠷᠦᠭᠵᠢᠯ ᠢ ᠪᠤᠶᠢᠵᠢᠭᠤᠯᠵᠦ᠂ ᠤᠯᠤᠰ ᠤᠨ ᠳᠣᠲᠣᠭᠠᠳᠤ ᠳᠤ ᠲᠡᠷᠢᠭᠦᠯᠡᠭᠰᠡᠨ ᠳᠡᠭᠡᠳᠦ ᠲᠠᠰ ᠤᠨ ᠣᠨᠴᠠ | ᠲᠥᠷᠥᠯ ᠤᠨ ᠰᠢᠯ᠂ ᠳᠡᠭᠡᠳᠦ ᠲᠠᠰ ᠤᠨ ᠸᠠᠭᠠᠷ ᠱᠠᠭᠠᠵᠠᠩ᠂ ᠳᠡᠭᠡᠳᠦ ᠰᠢᠨ᠎ᠡ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠳᠤᠨᠤᠬᠯᠠᠯ | ᠤᠶᠢᠯᠡᠳᠬᠦ ᠠᠵᠤ ᠤᠶᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠰᠢᠨ᠎ᠡ ᠪᠠᠷ ᠬᠦᠭᠵᠢᠵᠤ ᠪᠠᠶᠢᠭ᠎ᠠ ᠠᠵᠤ ᠤᠶᠢᠯᠡᠰ ᠤᠨ ᠰᠦᠷᠦᠭᠵᠢᠯ ᠤᠨ ᠡᠵᠡᠩᠨᠡᠯᠲᠡ ᠶᠢᠨ | ᠣᠷᠣᠯᠭ᠎ᠠ ᠶᠢ ᠵᠢᠯ ᠳᠤᠮᠳᠠᠴᠢ ᠪᠠᠷ 5% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠲᠡᠷᠢᠭᠦᠨ ᠵᠡᠷᠭᠡ ᠶᠢᠨ ᠬᠥᠭᠵᠢᠯᠲᠡ ᠶᠢᠨ ᠣᠷᠴᠢᠨ ᠠᠬᠤᠢ ᠶᠢ ᠪᠣᠶ | ᠪᠣᠯᠭᠠᠵᠤ᠂ ᠡᠯ᠎ᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠲᠤᠨ ᠭᠤᠤᠯ ᠤᠨ ᠳᠤᠬᠤᠢ ᠶᠢᠨ ᠬᠤᠲᠠ ᠶᠢᠨ | ᠴᠠᠭᠠᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠰᠦᠷᠦᠭᠵᠢᠯ ᠤᠨ ᠪᠥᠲᠥᠭᠡᠨ ᠪᠠᠶᠢᠭᠤᠯᠤᠯᠲᠠ ᠪᠠ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠨᠢᠭᠡ ᠴᠣᠠᠠᠴᠠᠵᠢᠭᠤᠯᠥᠠᠠᠰᠠᠨ ᠬᠥᠭᠵᠢᠯᠲᠡ ᠳᠤ ᠢᠳᠡᠪᠬᠢᠲᠡᠶ ᠣᠷᠣᠯᠴᠠᠨ᠎ᠠ᠃ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠬᠦ︾ | ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ | ᠳᠤᠭᠤᠯᠬᠤ ᠡᠯ᠎ᠡ ᠳᠦᠷᠤᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠤᠴᠢᠷ | ᠶᠠᠪᠤᠳᠠᠯ ᠤᠨ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠬᠦ ᠨᠣᠷᠮ᠎ᠠ ᠶᠢ 90% ᠠᠴᠠ ᠳᠠᠪᠠᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ ᠳᠤᠬᠳᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠠᠭᠤᠰᠬᠠᠵᠤ᠂ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ᠂ | ᠠᠷᠠᠳ ᠲᠤ ᠲᠥᠬᠦᠮ ᠦᠵᠡᠭᠦᠯᠦᠭᠰᠡᠨ ᠮᠦᠷᠳᠡᠭᠡᠨ ᠪᠣᠳᠠᠲᠠᠶ ᠶᠢ ᠡᠷᠬᠢᠮᠯᠡᠭᠰᠡᠨ᠂ ᠰᠤᠷᠲᠠᠯ ᠴᠢᠬᠡᠴᠢ ᠣᠪᠣᠷ ᠲᠥᠪ ᠬᠥᠭᠵᠢᠯᠲᠡ ᠶᠢᠨ ᠣᠷᠴᠢᠨ ᠠᠬᠤᠢ ᠶᠢ ᠪᠣᠶ | ᠪᠣᠯᠭᠠᠨ᠎ᠠ᠃ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠦᠷᠢᠶᠡᠯᠡᠩ ᠲᠣᠭᠤᠷᠢᠭ ᠢ ᠨᠡᠶᠢᠳᠬᠡᠬᠦ | ᠠᠯᠬᠤᠴᠠ ᠶᠢ ᠲᠦᠷᠭᠡᠳᠬᠡᠨ᠂ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠪᠡᠯᠡ ᠮᠥᠩᠭᠦ ᠭᠠᠷᠭᠠᠵᠤ᠂ | ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠤᠯᠠᠨ ᠲᠠᠯ᠎ᠠ ᠪᠠᠷ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ | ᠴᠢᠨᠠᠷᠵᠢᠯ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠢ ᠪᠣᠳᠠᠲᠤ ᠴᠣᠭᠴᠠ ᠶᠢᠨ ᠠᠵᠤ ᠠᠬᠤᠢ ᠶᠢᠨ | ᠬᠥᠭᠵᠢᠯᠲᠡ ᠶᠢᠨ ᠭᠤᠣᠯ ᠠᠴᠢᠶᠠᠯᠠᠪᠤᠷᠢ ᠪᠣᠯᠭᠠᠨ᠎ᠠ᠃ | ︵ᠬᠤᠶᠠᠷ︶ ᠪᠥᠬᠦ ᠣᠷᠣᠨ ᠤ ᠬᠠᠮᠲᠤᠪᠠᠷ ᠪᠠᠶᠠᠵᠢᠬᠤ ᠤᠷᠢᠳ ᠢᠶᠠᠷ ᠬᠡᠷᠡᠭᠵᠢᠭᠦᠯᠬᠦ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ᠂ ᠥᠨᠳᠥᠷ ᠭᠡᠪᠴᠢᠶᠡᠵᠢᠯ ᠢᠶᠠᠷ ᠠᠬᠢᠭᠤᠯᠵᠤ᠂ ᠬᠤᠳᠠ ᠬᠥᠳᠡᠭᠡ ᠶᠢᠨ | ᠭᠦᠨᠵᠡᠭᠡᠶ ᠠᠭᠤᠰᠤᠯᠴᠠᠯ᠂ ᠵᠣᠬᠢᠴᠠᠩᠭᠤᠶ ᠬᠥᠭᠵᠢᠯᠲᠡ ᠶᠢ ᠲᠦᠷᠭᠡᠳᠬᠡᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠵᠢᠯ ᠪᠤᠯᠭᠠᠨ 2 ᠳ᠋ᠦᠩᠰᠢᠭᠤᠷ ᠲᠥᠭᠦᠷᠢᠭ ᠠᠴᠠ ᠳᠣᠤᠷ᠎ᠠ ᠥᠬᠡᠶ | ᠲᠤᠰᠬᠠᠶ ᠪᠠᠯᠠ ᠮᠥᠩᠭᠦ ᠳᠣᠭᠢᠷᠠᠭᠤᠯᠤᠨ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠠᠵᠤ ᠤᠶᠢᠯᠡᠰ ᠢ ᠬᠥᠭᠵᠢᠭᠦᠯᠦᠨ | ᠮᠠᠨᠳᠤᠭᠤᠯᠬᠤ ᠶᠢ ᠳᠣᠪᠤᠶᠢᠯᠭᠠᠨ᠂ ᠣᠲᠣ ᠶᠢᠨ ᠪᠠᠶᠢᠭ᠎ᠠ ᠤᠨᠴᠠᠯᠢᠭᠳᠤ ᠠᠵᠤ ᠤᠶᠢᠯᠡᠰ ᠢ ᠪᠤᠵᠠᠭᠠᠶᠢᠷᠠᠭᠤᠯᠤᠭᠰᠠᠨ ᠰᠠᠭᠤᠷᠢᠨ ᠳᠡᠭᠡᠷ᠎ᠡ᠂ ᠪᠣᠬᠢᠷᠲᠤᠯ ᠥᠬᠡᠶ | ᠣᠷᠭᠠᠨᠢᠭ ᠳᠡᠭᠡᠳᠦ ᠲᠠᠰ ᠤᠨ ᠲᠠᠷᠢᠶᠠᠯᠠᠩ ᠮᠠᠯ ᠠᠵᠤ ᠠᠬᠤᠶ ᠶᠢ ᠬᠦᠴᠦᠯᠡᠨ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 25 ᠲᠦᠮᠡᠨ ᠮᠥ ᠳᠤ | ᠬᠦᠷᠭᠡᠵᠤ᠂ ᠪᠣᠬᠢᠷᠲᠤᠯ ᠥᠬᠡᠶ ᠣᠷᠭᠠᠨᠢᠭ ᠭᠡᠷᠡᠴᠢᠯᠡᠯᠳᠡ ᠲᠠᠢ ᠳᠠᠷᠢᠶᠠᠨ ᠭᠠᠵᠠᠷ ᠢ 10 ᠲᠦᠮᠡᠨ ᠮᠥ ᠠᠴᠠ ᠳᠠᠪᠠᠭᠤᠯᠤᠨ᠂ ᠵᠠᠭᠤᠨ ᠲᠦᠮᠡᠨ ᠰᠡᠷᠭᠡ᠂ ᠬᠤ᠋ ᠶᠠᠩ | ᠬᠤᠨᠢ ᠪᠠ 10 ᠲᠦᠮᠡᠨ ᠲᠣᠯᠣᠭᠠᠶ ᠳᠡᠭᠡᠳᠦ ᠲᠠᠰ ᠤᠨ ᠠᠯᠠᠰᠢᠨ ᠦᠬᠡᠷ ᠳᠡᠵᠢᠭᠡᠬᠦ ᠵᠡᠷᠭᠡ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠰᠦᠷᠦᠭᠵᠢᠯ ᠢ | ᠪᠤᠶᠢᠵᠢᠭᠤᠯᠤᠨ᠂ ᠪᠣᠬᠢᠷᠲᠤᠯ ᠥᠬᠡᠶ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠤᠶᠢᠯᠡᠳᠪᠤᠷᠢᠯᠡᠵᠤ ᠡᠳ᠋ᠰᠢᠭᠦᠯᠦᠨ ᠭᠠᠷᠭᠠᠬᠤ ᠰᠠᠭᠤᠷᠢᠨ | ᠭᠠᠵᠠᠷ ᠢ ᠪᠣᠶ ᠪᠣᠯᠭᠠᠨ᠎ᠠ︔ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠬᠦᠯᠳᠡᠬᠦᠦ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠵᠡᠷᠭᠡ ᠪᠠᠷ ᠠᠬᠢᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠤ ᠠᠵᠤ ᠤᠶᠢᠯᠡᠰ ᠢ ᠠᠭᠤᠰᠤᠯᠴᠠᠭᠤᠯᠤᠨ ᠬᠥᠭᠵᠢᠭᠦᠯᠬᠦ | ᠵᠢᠱᠢᠶ᠎ᠡ ᠦᠵᠡᠭᠦᠯᠬᠦ ᠬᠦᠷᠢᠶᠡᠯᠡᠩ ᠳᠤᠭᠤᠷᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠳᠤᠭᠤᠷᠢᠭ ᠢ ᠪᠠᠶᠢᠭᠤᠯᠤᠨ᠎ᠠ | ᠃ ᠴᠢᠳᠠᠪᠤᠷᠢᠲᠠᠨ ᠢᠶᠠᠷ ᠬᠥᠭᠵᠢᠭᠦᠯᠦᠨ ᠮᠠᠨᠳᠤᠭᠤᠯᠬᠤ ᠠᠷᠭ᠎ᠠ ᠪᠤᠳᠤᠯᠭ᠎ᠠ ᠶᠢ ᠪᠣᠳᠠᠲᠠᠶ ᠠᠳᠬᠤᠵᠤ᠂ ᠬᠥᠳᠡᠭᠡ ᠲᠣᠰᠬᠤᠨ ᠳᠤ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠪᠠ ᠬᠥᠮᠦᠵᠢᠭᠦᠯᠬᠦ ᠶᠢ ᠴᠢᠩᠭᠠᠳᠬᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠷᠠᠭᠤᠯᠵᠤ᠂ | ᠤᠶᠢᠯᠡᠳᠪᠤᠷᠢᠯᠡᠯ ᠰᠤᠷᠭᠠᠭᠤᠯᠢ ᠰᠤᠳᠤᠯᠭᠠᠨ ᠢ ᠨᠢᠭᠲᠠ ᠤᠶᠠᠯᠳᠤᠭᠤᠯᠤᠭᠰᠠᠨ ᠣᠲᠣ ᠦᠶ᠎ᠡ ᠶᠢᠨ ᠲᠠᠷᠢᠶᠠᠯᠠᠩ ᠤᠨ ᠰᠢᠨ᠎ᠡ ᠶᠢ ᠡᠭᠦᠳᠬᠦ ᠳᠤᠬᠳᠠᠯᠴᠠᠭ᠎ᠠ ᠶᠢ ᠪᠣᠶ | ᠪᠣᠯᠭᠠᠬᠤ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ ᠶᠢ | 30% ᠠᠴᠠ ᠳᠠᠪᠠᠭᠤᠯᠵᠤ᠂ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ ᠶᠢ 85% ᠠᠴᠠ ᠳᠠᠪᠠᠭᠤᠯᠤᠨ᠎ᠠ᠃ ᠰᠣᠶᠣᠯ ᠢᠶᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠤᠶᠢᠯᠡᠴᠢᠯᠡᠭᠡᠨ ᠤ ᠳᠤᠬᠳᠠᠯᠴᠠᠭ᠎ᠠ ᠶᠢ ᠬᠦᠴᠦᠯᠡᠨ ᠲᠡᠭᠦᠯᠳᠡᠷᠵᠢᠭᠦᠯᠵᠦ᠂ ᠪᠤᠷᠤᠳᠤᠬᠤᠢ᠂ | ᠯᠦᠩ ᠺᠸᠤ᠂ ᠱᠠᠬᠳᠠᠷ᠂ ᠵᠡᠭᠦᠨᠭᠠᠷ ᠵᠣᠣ ᠶᠢ ᠰᠣᠶᠣᠯ ᠵᠤᠭᠠᠴᠠᠯ ᠤᠨ ᠤᠨᠴᠠᠯᠢᠬᠳᠤ ᠵᠢᠵᠢᠭ ᠪᠠᠯᠭᠠᠰᠤ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠠᠮᠢ ᠠᠬᠤᠶ ᠶᠢ | ᠤᠷᠢᠳ ᠢᠶᠠᠷ ᠪᠤᠳᠤᠯᠬᠢᠯᠠᠨ ᠬᠥᠭᠵᠢᠭᠦᠯᠦᠨ ᠮᠠᠨᠳᠤᠭᠤᠯᠵᠤ᠂ ᠬᠥᠳᠡᠭᠡ ᠲᠣᠰᠬᠤᠨ ᠤ ᠬᠥᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠳᠤᠭᠤᠷᠢᠨ ᠢ | ᠴᠡᠭᠴᠡᠯᠡᠨ ᠵᠠᠰᠠᠬᠤ ᠲᠠᠪᠤᠨ ᠵᠢᠯ ᠤᠨ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠢᠯ ᠲᠣᠰᠬᠤᠨ ᠢ ᠨᠣᠭᠤᠭᠠᠷᠠᠭᠤᠯᠬᠤ᠂ ᠬᠤᠭ ᠨᠣᠪᠰᠢ ᠪᠣᠬᠢᠷ | ᠤᠰᠤ ᠶᠢ ᠴᠡᠪᠡᠷᠯᠡᠨ ᠰᠢᠢᠳᠪᠤᠷᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠠᠶᠢᠯ ᠡᠷᠦᠭᠡ ᠶᠢᠨ ᠵᠣᠷᠯᠣᠩ ᠢ ᠥᠭᠡᠷᠡᠴᠢᠯᠡᠬᠦ ᠵᠡᠷᠭᠡ ᠰᠠᠭᠤᠷᠢ | ᠪᠠᠲᠤᠯᠠᠭ᠎ᠠ ᠶᠢᠨ ᠴᠢᠨᠠᠷᠲᠠᠶ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠵᠢᠭᠦᠯᠵᠦ᠂ ᠣᠷᠣᠰᠢᠨ ᠠᠮᠢᠳᠤᠷᠠᠬᠤ ᠳᠤ ᠳᠠᠭᠠᠯᠠᠮᠵᠢᠳᠠᠢ ᠪᠥᠭᠡᠳ ᠠᠵᠢᠯ | ᠦᠢᠯᠡᠰ ᠪᠦᠲᠦᠭᠡᠬᠦ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ ᠵᠣᠬᠢᠶᠠᠨ ᠪᠠᠶᠢᠭᠤᠯᠤᠯᠳᠠ ᠪᠠᠷ | ᠬᠥᠭᠵᠢᠭᠦᠯᠦᠨ ᠮᠠᠨᠳᠤᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ ᠬᠦᠭᠵᠢᠬᠦᠯᠤᠨ ᠮᠠᠨᠳᠤᠭᠤᠯᠬᠤ︾ ᠠᠵᠢᠯᠯᠠᠭ᠎ᠠ ᠲᠠᠢ ᠭᠦᠨᠵᠡᠭᠡᠶ ᠤᠶᠠᠯᠳᠤᠭᠤᠯᠤᠨ᠂ ᠤᠯᠠᠨ | ᠬᠡᠯᠪᠡᠷᠢ ᠮᠠᠶ᠋ᠢᠭ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠠᠶᠢᠭᠤᠯᠵᠤ᠂ 158 ᠲᠣᠰᠬᠤᠨ ᠤ ᠬᠠᠮᠲᠤ ᠶᠢᠨ ᠠᠵᠤ ᠠᠬᠤᠶ ᠶᠢᠨ ᠳᠦᠷᠤᠯ | ᠵᠤᠶᠢᠯ ᠤᠨ ᠵᠢᠯ ᠤᠨ ᠣᠷᠣᠯᠭ᠎ᠠ ᠶᠢ ᠴᠥᠮ 50 ᠲᠦᠮᠡᠨ ᠲᠥᠭᠦᠷᠢᠭ ᠠᠴᠠ ᠳᠠᠪᠠᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ | ᠳᠤᠬᠢᠷᠠᠭᠤᠯᠵᠤ ᠪᠣᠯᠬᠤ ᠣᠷᠣᠯᠭ᠎ᠠ ᠶᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠤᠷᠤᠭᠤᠯᠵᠤ᠂ ᠲᠠᠷᠢᠶᠠᠴᠢᠳ ᠤᠨ ᠣᠷᠣᠯᠭ᠎ᠠ ᠶᠢ ᠵᠢᠯ ᠳᠤᠮᠳᠠᠴᠢ 2000 | ᠲᠥᠭᠦᠷᠢᠭ ᠠᠴᠠ ᠳᠡᠭᠡᠭᠰᠢ ᠨᠡᠮᠡᠭᠳᠡᠬᠦᠯᠵᠤ᠂ ᠠᠵᠤ ᠤᠶᠢᠯᠡᠰ ᠤᠨ ᠲᠥᠷᠥᠯ ᠵᠤᠶᠢᠯ ᠤᠨ ᠡᠭᠦᠳᠦᠭᠰᠡᠨ ᠣᠷᠣᠯᠭ᠎ᠠ ᠶᠢ ᠲᠠᠷᠢᠶᠠᠴᠢᠳ ᠤᠨ ᠬᠥᠮᠦᠨ ᠳᠤᠮᠳᠠᠴᠢ | ᠳᠤᠬᠢᠷᠠᠭᠤᠯᠵᠤ ᠪᠣᠯᠬᠤ ᠣᠷᠣᠯᠭ᠎ᠠ ᠶᠢᠨ 50% ᠠᠴᠠ ᠳᠡᠭᠡᠭᠰᠢᠬᠢ ᠶᠢ ᠡᠵᠡᠯᠡᠬᠦᠯᠤᠨᠠ᠃ ᠴᠢᠨᠠᠷᠯᠢᠭ ᠠᠮᠢᠳᠤᠷᠠᠯ ᠤᠨ ᠣᠷᠣᠰᠢᠨ ᠠᠮᠢᠳᠤᠷᠠᠬᠤ ᠳᠤ ᠲᠣᠬᠢᠷᠠᠮᠵᠢᠲᠠᠶ | ᠭᠠᠵᠠᠷ ᠢ ᠪᠠᠶᠢᠭᠤᠯᠵᠤ᠂ ᠪᠠᠷᠠᠭᠤᠨ ᠣᠷᠣᠨ ᠤ ᠲᠡᠷᠢᠭᠦᠨ ᠵᠡᠷᠭᠡ ᠶᠢᠨ ᠣᠳᠣᠬᠢᠴᠢᠯᠠᠭᠰᠠᠨ ᠴᠢᠨᠠᠷᠯᠢᠭ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ ᠤᠯᠤᠰ ᠤᠨ 4A ᠲᠠᠰ ᠤᠨ ᠵᠤᠭᠠᠴᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠪᠠᠷ ᠬᠦᠳᠤᠯᠤᠨ ᠳᠠᠭᠠᠭᠤᠯᠵᠤ᠂ ᠬᠤᠲᠠ ᠶᠢᠨ ᠶᠠᠪᠤᠳᠠᠯ ᠤᠨ | ᠳᠦᠬᠦᠭᠡᠷᠤᠮᠵᠢ᠂ ᠦᠵᠡᠮᠵᠢ ᠶᠢᠨ ᠨᠣᠭᠤᠭᠠᠷᠠᠭᠤᠯᠤᠯᠲᠠ᠂ ᠣᠯᠠᠨ ᠨᠡᠶᠢᠲᠡ ᠶᠢᠨ ᠤᠶᠢᠯᠡᠴᠢᠯᠡᠭᠡ᠂ ᠬᠤᠳᠠᠯᠳᠤᠭᠠᠨ ᠤ ᠢᠵᠢ ᠪᠥᠷᠢᠳᠦᠭᠦᠯᠬᠦ ︽ᠳᠥᠷᠪᠡᠨ ᠶᠡᠭᠡ | ᠰᠠᠶᠢᠵᠢᠷᠠᠭᠤᠯᠬᠤ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂ ᠬᠠᠭᠤᠴᠢᠨ ᠣᠷᠣᠨ ᠰᠠᠭᠤᠴᠠ ᠶᠢᠨ ᠲᠣᠭᠤᠷᠢᠭ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠪᠠ ᠲᠠᠬᠠᠷ ᠤᠨ ᠭᠤᠤᠯ ᠤᠨ ᠭᠤᠤᠯ ᠤᠨ ᠵᠠᠮ ᠤᠨ ᠴᠢᠳᠠᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠢᠳᠡᠪᠬᠢᠲᠡᠶ ᠪᠠᠷ ᠠᠬᠢᠭᠤᠯᠵᠤ᠂ | ᠰᠢᠤᠸᠠᠢ ᠵᠢᠶᠠ ᠸᠠᠨ ᠪᠠᠯᠭᠠᠰᠤ ᠶᠢ ᠴᠢᠨᠠᠷ ᠰᠠᠶᠢᠲᠠᠶ ᠠᠮᠢ ᠠᠬᠤᠶ ᠶᠢᠨ ᠬᠤᠲᠠ᠂ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠪᠣᠯᠭᠠᠨ ᠪᠥᠲᠥᠭᠡᠨ ᠪᠠᠶᠢᠭᠤᠯᠬᠤ ᠪᠠᠷ | ᠴᠢᠷᠮᠠᠶᠢᠨ᠎ᠠ᠃ ᠬᠤᠶᠢᠳᠤ ᠠᠭᠤᠯᠠ ᠶᠢᠨ ᠬᠤᠶᠢᠲᠤ ᠬᠡᠰᠡᠭ ᠤᠨ ᠵᠠᠯᠭᠠᠯᠳᠤᠭᠰᠠᠨ ᠣᠷᠣᠨ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠶᠢ | ᠭᠤᠣᠯᠳᠠᠯᠭ᠎ᠠ ᠲᠠᠢ ᠪᠠᠷ ᠠᠬᠢᠭᠤᠯᠵᠤ᠂ ᠲᠤᠮᠤ ᠬᠤᠳᠠ ᠶᠢᠨ ᠪᠣᠷᠣ ᠲᠥᠯᠥᠪ ᠢ ᠤᠯᠠᠮ ᠨᠢᠭᠡ ᠠᠯᠬᠤᠮ ᠥᠷᠭᠡᠳᠬᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠰᠤᠷᠭᠠᠨ ᠬᠥᠮᠦᠵᠢᠯ᠂ ᠡᠮ ᠡᠮᠨᠡᠯᠭᠡ᠂ ᠬᠤᠳᠠᠯᠳᠤᠭ᠎ᠠ ᠵᠡᠷᠭᠡ ᠳᠡᠭᠡᠳᠦ ᠲᠡᠰ ᠤᠨ ᠡᠬᠢ ᠪᠠᠶᠠᠯᠢᠭ ᠤᠨ ᠴᠤᠭᠯᠠᠷᠠᠯ ᠢ ᠲᠠᠲᠠᠵᠤ᠂ ᠬᠤᠳᠠᠯᠳᠤᠭᠠᠨ ᠤ ᠰᠢᠨ᠎ᠡ ᠬᠡᠪ | ᠳᠠᠭᠤᠷᠢᠶᠠᠯ᠂ ᠬᠤᠳᠠ ᠶᠢᠨ ᠰᠢᠨ᠎ᠡ ᠭᠠᠵᠠᠷ ᠤᠨ ᠳᠡᠮᠳᠡᠭᠳᠤ ᠶᠢ ᠪᠦᠳᠦᠭᠡᠨ ᠪᠠᠶᠢᠭᠤᠯᠤᠨ᠎ᠠ᠃ ᠰᠢᠤᠸᠠᠢ ᠵᠢᠶᠠ ᠸᠠᠨ ᠳ᠋ᠡ ᠯᠤ᠋ ᠶᠢᠨ ᠨᠢᠭᠡ ᠴᠤᠭᠴᠠᠵᠢᠭᠰᠠᠨ | ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠤᠶᠤᠨᠴᠢ ᠵᠠᠮ ᠤᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠬᠠᠶᠢᠮᠢᠶᠠᠨ ᠬᠤᠳᠠ᠂ ᠤᠶᠤᠨᠴᠢ | ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠠᠵᠤ ᠦᠢᠯᠡᠰ ᠪᠠ ᠬᠤᠳᠠ ᠠᠭᠤᠰᠤᠯᠴᠠᠭᠰᠠᠨ ᠴᠢᠨᠠᠷ ᠰᠠᠶᠢᠲᠠᠢ ᠣᠷᠣᠨ ᠢ ᠪᠠᠶᠢᠭᠤᠯᠤᠨ᠎ᠠ᠃ ᠰᠤᠮᠤ | ᠰᠢᠶᠠᠩ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠨᠢ ᠪᠦᠷᠢᠨ ᠲᠡᠭᠦᠯᠳᠡᠷ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ | ᠬᠠᠮᠢᠶᠠᠷᠤᠯᠲᠠ ᠨᠢ ᠡᠮᠬᠢ ᠳᠢᠭᠯᠢᠮ ᠲᠠᠢ ᠤᠨᠴᠠᠯᠢᠭᠳᠤ ᠵᠢᠵᠢᠭ ᠬᠤᠲᠠ ᠪᠠᠯᠭᠠᠰᠤ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠰᠠᠭᠤᠷᠢ | ᠳᠦᠬᠦᠭᠡᠷᠤᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠣᠷᠣᠨ ᠪᠦᠰᠡ ᠶᠢᠨ ᠰᠠᠭᠤᠷᠢ ᠳᠦᠬᠦᠭᠡᠷᠤᠮᠵᠢ ᠶᠢᠨ | ᠥᠭᠡᠷᠡᠴᠢᠯᠡᠯᠲᠡ ᠶᠢ ᠲᠦᠷᠭᠡᠳᠬᠡᠨ᠂ ᠴᠠᠬᠢᠯᠭᠠᠨ ᠱᠠᠲᠤ ᠨᠡᠮᠡᠵᠦ ᠤᠭᠰᠠᠷᠠᠬᠤ᠂ ᠪᠠᠶᠢᠭᠠᠯᠢ ᠶᠢᠨ ᠰᠢᠲᠠᠮᠠᠬᠠᠶ ᠬᠡᠶ ᠶᠢ ᠡᠷᠦᠬᠡ ᠳᠤ ᠣᠷᠣᠭᠤᠯᠬᠤ᠂ ᠴᠡᠴᠡᠷᠯᠢᠭ ᠤᠨ | ᠨᠤᠭᠤᠭᠠᠷᠠᠭᠤᠯᠤᠯᠳᠠ ᠶᠢᠨ ᠭᠠᠵᠠᠷ ᠢ ᠪᠥᠲᠥᠭᠡᠨ ᠪᠠᠶᠢᠭᠤᠯᠬᠤ ᠪᠠ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠬᠢᠬᠦ ᠵᠡᠷᠭᠡ ᠠᠷᠠᠳ ᠲᠤ ᠠᠰᠢᠭ | ᠬᠦᠷᠲᠡᠭᠡᠬᠦ ᠲᠥᠷᠥᠯ ᠵᠤᠶᠢᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠬᠠᠲᠤᠨ ᠭᠤᠤᠯ ᠳᠠᠭᠠᠤ ᠲᠣᠭᠤᠷᠢᠨ ᠦᠵᠡᠬᠦ ᠵᠠᠰᠠᠮᠠᠯ ᠵᠠᠮ ᠢ ᠲᠥᠯᠥᠪᠵᠢᠭᠦᠯᠦᠨ | ᠪᠥᠲᠥᠭᠡᠨ ᠪᠠᠶᠢᠭᠤᠯᠵᠤ᠂ ᠨᠠᠷᠠᠰᠤᠨ ᠪᠠᠯᠭᠠᠰᠤᠨ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ᠂ ᠳ᠋ᠠ ᠯᠤ᠋ ᠠᠴᠠ ᠮᠠ ᠵᠠ ᠬᠦᠷᠬᠦ ᠲᠡᠮᠦᠷ ᠵᠠᠮ | ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠤᠰᠢᠭᠤᠨ ᠤ ᠳᠣᠲᠣᠷᠠᠬᠢ ᠬᠤᠶᠠᠷ᠂ | ᠭᠤᠷᠪᠠᠳᠤᠭᠠᠷ ᠳᠡᠰ ᠤᠨ ᠵᠠᠰᠠᠮᠠᠯ ᠵᠠᠮ ᠪᠠ ᠬᠥᠳᠡᠭᠡ ᠲᠣᠰᠬᠤᠨ ᠤ ᠵᠠᠮ ᠢ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ ᠪᠦᠰᠡ ᠶᠢᠨ ᠴᠢᠨᠠᠷᠲᠠᠶ | ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠤᠷ ᠢ ᠪᠦᠷᠢᠯᠳᠦᠬᠦᠯᠤᠨ᠎ᠠ᠃ ᠤᠰᠤᠨ ᠠᠰᠢᠭᠯᠠᠯᠲᠠ᠂ ᠴᠠᠬᠢᠯᠭᠠᠨ ᠬᠠᠩᠭᠠᠯᠭ᠎ᠠ᠂ ᠰᠢᠨ᠎ᠡ | ᠬᠡᠯᠪᠡᠷᠢ ᠶᠢᠨ ᠰᠠᠭᠤᠷᠢ ᠳᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠤᠯ ᠬᠤᠲᠠ ᠲᠣᠭᠤᠷᠢᠭ ᠪᠠ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ 5G ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠦᠨ᠎ᠡ᠃ | ︵ᠭᠤᠷᠪᠠ︶ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ | ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠬᠰᠢᠯᠠᠭᠤᠯᠬᠤ ᠡᠷᠬᠢᠯᠳᠡᠳᠦ | ᠬᠥᠭᠵᠢᠯᠲᠡ ᠵᠢᠨᠲ᠋ᠤᠬᠳᠠᠯᠴᠠᠭᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠳᠤᠭᠤᠰᠢᠯᠠᠭᠤᠯᠤᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠭᠡᠪᠴᠢᠶ᠎ᠠ ᠂ ᠪᠦᠬᠦ ᠲᠠᠯ᠎ᠠ ᠪᠠᠷ ᠴᠢᠩᠭᠠᠳᠬᠠᠵᠤ᠂ ᠰᠡᠷᠭᠦᠭᠡᠨ ᠵᠠᠰᠠᠬᠤ ᠶᠢ | ᠠᠬᠢᠭᠤᠯᠵᠤ᠂ ᠡᠭᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠵᠡᠭᠦᠨᠭᠠᠷ ᠤᠨ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ︽ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ︾᠂ ︽ᠭᠠᠵᠠᠷ ᠵᠦᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾ ᠶᠢ | ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ | ᠮᠥᠩᠭᠦ ᠶᠢ ᠬᠦᠢᠴᠡᠳ ᠬᠤᠷᠢᠶᠠᠨ ᠴᠤᠬᠯᠠᠭᠤᠯᠵᠤ ᠰᠠᠶᠢᠲᠤᠷ ᠬᠠᠮᠢᠶᠠᠷᠤᠨ ᠬᠡᠷᠡᠭᠯᠡᠵᠦ᠂ ᠨᠡᠭᠦᠷᠡᠰᠦ ᠮᠠᠯᠲᠠᠭᠰᠠᠨ ᠠᠴᠠ ᠪᠣᠯᠵᠣ ᠳᠣᠷᠣᠭᠰᠢ ᠰᠠᠭᠤᠭᠰᠠᠨ ᠣᠷᠣᠨ᠂ | ᠳᠠᠬᠢᠨ ᠬᠠᠭᠠᠯᠪᠤᠷᠢᠯᠠᠭᠰᠠᠨ ᠣᠷᠣᠨ᠂ ᠣᠯᠠᠨ ᠨᠡᠶᠢᠲᠡ ᠶᠢᠨ ᠣᠷᠣᠨ ᠪᠦᠰᠡ ᠪᠠ ᠬᠠᠷᠢᠶ᠎ᠠ ᠭᠠᠵᠠᠷ ᠤᠨ ᠰᠢᠶᠠᠩ ᠪᠠᠯᠭᠠᠰᠤ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ | ᠂ ᠪᠥᠬᠦ ᠬᠤᠰᠢᠭᠤᠨ ᠤ ᠪᠣᠶ ᠪᠥᠬᠦᠶ ᠠᠭᠤᠷᠬᠠᠶ ᠶᠢ ᠪᠣᠬᠢᠷᠲᠤᠯ ᠥᠬᠡᠶ ᠠᠭᠤᠷᠬᠠᠶ᠂ ᠤᠶᠤᠨᠴᠢ ᠠᠭᠤᠷᠬᠠᠶ ᠪᠣᠯᠭᠠᠨ ᠪᠥᠲᠥᠭᠡᠨ ᠪᠠᠶᠢᠭᠤᠯᠬᠤ ᠶᠢ ᠪᠠᠲᠤᠯᠠᠨ᠎ᠠ᠃ | ᠬᠠᠶᠠᠭᠳᠠᠮᠠᠯ ᠠᠭᠤᠷᠬᠠᠶ᠂ ᠥᠮᠴᠢᠲᠡᠨ ᠥᠬᠡᠶ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠵᠠᠬ᠎ᠠ ᠳᠡᠯᠭᠡᠭᠦᠷᠴᠢᠯᠡᠬᠦ ᠠᠷᠭ᠎ᠠ | ᠮᠠᠶ᠋ᠢᠭ ᠢᠶᠠᠷ ᠠᠬᠢᠭᠤᠯᠬᠤ ᠶᠢ ᠰᠦᠪᠡᠭᠴᠢᠯᠡᠨ᠎ᠡ᠃ ᠠᠭᠤᠷᠬᠠᠶ ᠶᠢᠨ ᠣᠷᠣᠨ ᠤ ᠦᠵᠡᠮᠵᠢᠳᠤ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠰᠡᠯᠡᠬᠦᠴᠡᠯ ᠵᠤᠭᠠᠴᠠᠯ ᠵᠢᠴᠢ ᠠᠵᠤ ᠤᠶᠢᠯᠡᠳᠪᠤᠷᠢ ᠶᠢᠨ ᠵᠤᠭᠠᠴᠠᠯ ᠢ | ᠨᠢᠭᠡ ᠴᠣᠠᠠᠴᠠᠵᠢᠭᠤᠯᠥᠠᠠᠰᠠᠨ ᠣᠨᠴᠠᠯᠢᠠᠠᠳᠣ ᠠᠵᠤ ᠤᠶᠢᠯᠡᠰ ᠤᠨ ᠵᠠᠭᠪᠤᠷ ᠢ ᠴᠢᠷᠮᠠᠶᠢᠨ ᠪᠦᠷᠢᠯᠳᠦᠬᠦᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠶᠡᠭᠡ ᠬᠡᠪᠴᠢᠶᠡᠨ ᠤ | ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠳᠠᠯ᠎ᠠ ᠨᠤᠲᠤᠭ ᠤᠨ ᠠᠮᠢ ᠠᠬᠤᠶ ᠶᠢ ᠰᠡᠷᠭᠦᠭᠡᠬᠦ᠂ ᠡᠯᠡᠰᠦ ᠶᠢ ᠬᠠᠰᠢᠵᠤ | ᠡᠯᠡᠰᠦ ᠶᠢ ᠵᠠᠰᠠᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠭᠦᠨᠵᠡᠭᠡᠶ ᠠᠬᠢᠭᠤᠯᠵᠤ᠂ ᠨᠣᠭᠤᠭᠠᠷᠠᠭᠤᠯᠤᠯᠲᠠ ᠶᠢᠨ ᠲᠥᠷᠥᠯ ᠵᠤᠶᠢᠯ ᠢ 34 ᠲᠦᠮᠡᠨ ᠮᠥ ᠠᠴᠠ | ᠳᠡᠭᠡᠭᠰᠢ ᠬᠡᠷᠡᠭᠵᠢᠭᠦᠯᠦᠨ᠎ᠡ᠃ ᠬᠠᠲᠤᠨ ᠭᠤᠤᠯ ᠤᠨ ᠭᠤᠤᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠤᠨ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ | ᠪᠡᠶᠡᠯᠡᠭᠦᠯᠵᠦ᠂ ᠬᠠᠲᠤᠨ ᠭᠤᠤᠯ ᠤᠨ ᠤᠰᠤᠨ ᠴᠣᠭᠴᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ | ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ | ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ | ᠲᠠᠰᠤᠷᠠᠯᠲᠠ ᠦᠭᠡᠶ ᠰᠠᠶᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ | ᠪᠤᠶ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠱᠤᠷᠪᠤᠭ ᠤᠰᠤ ᠶᠢ ︽ᠦᠯᠤ ᠭᠠᠳᠠᠭᠰᠢᠯᠠᠭᠤᠯᠬᠤ︾ ᠪᠠ ᠰᠢᠲᠠᠮᠠᠬᠠᠶ ᠬᠡᠶ ᠶᠢᠨ ᠬᠡᠳᠦ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠵᠤ ᠤᠶᠢᠯᠡᠳᠪᠤᠷᠢ ᠶᠢᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠪᠠ | ᠠᠰᠢᠭᠯᠠᠬᠤ ᠶᠢ ᠤᠯᠠᠮ ᠨᠢᠭᠡ ᠠᠯᠬᠤᠮ ᠳᠦᠷᠢᠮᠵᠢᠬᠦᠯᠵᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ | ᠵᠠᠰᠠᠬᠤ ᠶᠢ ᠦᠷᠭᠦᠯᠵᠢᠯᠡᠨ ᠴᠢᠩᠭᠠᠳᠬᠠᠨ᠂ ᠴᠡᠪᠡᠷ ᠡᠨᠧᠷᠭᠢ ᠶᠢᠨ ᠤᠶᠢᠯᠡᠳᠪᠤᠷᠢᠯᠡᠯ ᠪᠠ ᠠᠰᠢᠭᠯᠠᠯᠲᠠ ᠶᠢ ᠥᠷᠭᠡᠨ ᠢᠶᠠᠷ ᠳᠡᠯᠭᠡᠷᠡᠭᠦᠯᠵᠤ᠂ ᠭᠤᠤᠯ ᠨᠠᠭᠤᠷ ᠤᠨ ︽ | ᠳᠥᠷᠪᠡᠨ ᠳᠤᠷᠠᠪᠠᠷ︾ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠪᠠ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ | ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠬᠤᠰᠢᠭᠤᠨ ᠤ ᠤᠰᠤ ᠪᠠ ᠬᠥᠷᠥᠰᠥ ᠰᠢᠷᠣᠶ ᠶᠢᠨ ᠠᠮᠢ ᠠᠬᠤᠶ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠵᠤ᠂ ᠠᠭᠠᠷ ᠤᠨ ᠴᠢᠨᠠᠷ ᠤᠨ ᠰᠢᠯᠢᠳᠡᠭ ᠨᠣᠷᠮ᠎ᠠ ᠶᠢ 90% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠪᠣᠬᠢᠷᠲᠤᠯ ᠥᠬᠡᠶ | ᠬᠥᠭᠵᠢᠯᠲᠡ ᠶᠢᠨ ᠳᠤᠬᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ︽ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ︾ ᠤᠨ ᠡᠭᠦᠷᠭᠡ ᠶᠢ ᠡᠷᠡᠰ ᠪᠡᠶᠡᠯᠡᠭᠦᠯᠵᠦ᠂ | ︽ᠬᠤᠶᠠᠷ ᠥᠨᠳᠥᠷ︾ ᠲᠥᠷᠥᠯ ᠵᠤᠶᠢᠯ ᠢ ᠰᠣᠬᠤᠷ ᠪᠠᠯᠠᠶ ᠪᠠᠷ ᠬᠥᠭᠵᠢᠬᠦᠯᠬᠦ ᠶᠢ ᠬᠤᠷᠢᠭᠯᠠᠨ᠎ᠠ᠃ ᠬᠦᠷᠢᠶᠡᠯᠡᠩ ᠲᠣᠭᠤᠷᠢᠭ ᠤᠨ ᠰᠠᠶᠢᠨ ᠤᠷᠴᠢᠯ ᠲᠠᠢ ᠪᠤᠯᠭᠠᠬᠤ | ᠥᠭᠡᠷᠡᠴᠢᠯᠡᠯᠲᠡ ᠶᠢᠨ ᠲᠤᠷᠰᠢᠯᠲᠠ ᠶᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ | ᠤᠶᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠳᠡᠮᠵᠢᠵᠦ᠂ ᠱᠧᠨ ᠬᠤᠸᠠ ᠶᠢᠨ 30 ᠲᠦᠮᠡᠨ ᠲᠣᠨ ᠤ ᠬᠥᠩᠭᠡᠨᠴᠠᠭᠠᠨ ᠤ ᠢᠰᠦᠯ ᠤᠨ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠠᠲᠤᠨ ᠭᠤᠣᠯ ᠤᠨ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ | ᠬᠠᠲᠤᠨ ᠭᠤᠣᠯ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠠᠲᠤᠨ ᠭᠤᠤᠯ ᠤᠨ ᠳᠤᠮᠤ ᠬᠠᠪᠴᠢᠯ᠂ ᠬᠠᠲᠤᠨ | ᠭᠤᠤᠯ ᠤᠨ ᠶᠡᠭᠡ ᠡᠯᠡᠰᠦᠨ ᠴᠥᠯ᠂ ᠭᠠᠶᠢᠬᠠᠮᠰᠢᠭᠲᠤ ᠲᠣᠮᠣ ᠨᠠᠷᠠᠰᠤᠨ ᠮᠣᠳᠣ︾ ᠶᠢᠨ ᠵᠤᠭᠠᠴᠠᠯ ᠤᠨ ᠨᠠᠷᠠᠲᠤ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠪᠥᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠡᠭᠦᠳᠦᠨ ᠪᠠᠶᠢᠭᠤᠯᠵᠤ᠂ ᠪᠥᠬᠦ ᠬᠤᠰᠢᠭᠤᠨ ᠤ | ᠵᠤᠭᠠᠴᠠᠬᠰᠠᠳ ᠢ ᠭᠥᠯᠢᠶᠡᠨ ᠠᠪᠬᠤ ᠬᠡᠮᠵᠢᠶ᠎ᠡ ᠪᠠ ᠵᠤᠭᠠᠴᠠᠯ ᠤᠨ ᠣᠷᠣᠯᠭ᠎ᠠ ᠶᠢ ᠵᠢᠯ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠦᠨ᠎ᠡ᠃ | ︵ᠳᠥᠷᠪᠡ︶ ᠪᠥᠬᠦ ᠣᠷᠣᠨ ᠤ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠥᠯᠢᠭᠡᠷ ᠳᠠᠭᠤᠷᠢᠶᠠᠯᠳᠤ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠪᠥᠬᠦ ᠲᠠᠯ᠎ᠠ ᠪᠠᠷ ᠪᠠᠲᠤᠯᠠᠨ ᠳᠡᠭᠡᠭᠰᠢᠯᠡᠭᠦᠯᠦᠨ᠎ᠡ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ | ᠲᠠᠰᠤᠷᠠᠯᠲᠠ ᠦᠭᠡᠢ ᠪᠦᠷᠢᠨᠰᠢᠬᠦᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ | ᠨᠥᠬᠦᠪᠥᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠦᠨ᠎ᠡ᠃ | ᠡᠯ᠎ᠡ ᠳᠦᠷᠤᠯ ᠤᠨ ᠨᠡᠶᠢᠭᠡᠮ ᠤᠨ ᠤᠶᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠵᠦ᠂ ᠰᠤᠷᠭᠠᠨ ᠬᠥᠮᠦᠵᠢᠯ ᠤᠨ ᠣᠳᠣᠬᠢᠴᠢᠯᠠᠬᠰᠠᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠣᠯᠠᠨ ᠠᠷᠭ᠎ᠠ ᠬᠡᠮᠵᠢᠶ᠎ᠡ ᠪᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ | ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠡᠰᠢᠲᠦ ᠤᠨᠴᠠᠯᠢᠭᠳᠤ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ | ᠬᠥᠭᠵᠢᠯᠲᠡ᠂ ᠣᠨᠴᠠᠭᠠᠶ ᠰᠤᠷᠭᠠᠨ ᠬᠥᠮᠦᠵᠢᠯ ᠤᠨ ᠠᠭᠤᠰᠤᠯᠴᠠᠬᠰᠠᠨ ᠬᠥᠭᠵᠢᠯᠳᠡ ᠶᠢ ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ ᠴᠢᠨᠠᠷ ᠰᠠᠶᠢᠲᠠᠶ | ᠰᠤᠷᠭᠠᠨ ᠬᠥᠮᠦᠵᠢᠯ ᠤᠨ ᠤᠶᠢᠯᠡᠴᠢᠯᠡᠭᠡᠨ ᠤ ᠳᠤᠬᠳᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠡᠷᠡᠭᠦᠯ ᠡᠩᠬᠡ ᠵᠡᠭᠦᠨᠭᠠᠷ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠪᠠᠶᠢᠩᠭᠤᠵᠢᠭᠤᠯᠵᠤ᠂ ᠬᠤᠰᠢᠭᠤᠨ ᠤ ᠱᠠᠳᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠤᠯᠤᠰ ᠤᠨ ᠬᠢᠲᠠᠳ ᠡᠮ | ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ ᠶᠢ ᠪᠣᠶ ᠪᠣᠯᠭᠠᠵᠤ᠂ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠬᠤ ᠪᠠ | ᠤᠶᠢᠯᠡᠳᠤᠯᠭᠡᠵᠢᠬᠦᠯᠬᠦ ᠶᠢ ᠪᠠᠷᠢᠮᠲᠠᠯᠠᠨ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ ᠳᠤᠬᠳᠠᠯᠴᠠᠭ᠎ᠠ ᠶᠢ ᠨᠢᠭᠡ ᠴᠤᠭᠴᠠᠵᠢᠭᠤᠯᠤᠨ | ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠤᠯᠠᠭᠠᠨᠮᠥ᠋ᠴᠢᠷ ᠤᠨ ᠤᠶᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ | ᠪᠠᠶᠢᠭᠤᠯᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠬᠦ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠤᠳᠤᠯᠬᠢᠯᠠᠬᠤ ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠢ ᠶᠢᠨ ᠨᠡᠮᠡᠭᠳᠡᠯ ᠳᠠᠬᠢ ᠠᠵᠢᠯ ᠣᠯᠭᠤᠯᠲᠠ ᠶᠢᠨ | ᠳᠠᠶᠢᠴᠢᠯᠠᠬᠤ ᠬᠦᠴᠦᠨ ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠳᠠᠨ᠂ ᠬᠤᠲᠠ ᠪᠠᠯᠭᠠᠰᠤᠨ ᠤ ᠠᠵᠢᠯ ᠤᠯᠬᠤ ᠳᠤ | ᠬᠦᠴᠢᠷᠲᠡᠶ ᠬᠥᠮᠦᠰ᠂ ᠬᠥᠳᠡᠭᠡ ᠲᠣᠰᠬᠤᠨ ᠠᠴᠠ ᠰᠢᠯᠵᠢᠨ ᠭᠠᠷᠤᠬᠰᠠᠨ ᠬᠥᠳᠡᠯᠮᠦᠷᠢ ᠬᠦᠴᠦᠨ ᠪᠠ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ | ᠬᠦᠮᠤᠰ ᠲᠤ ᠠᠵᠢᠯ ᠣᠯᠭᠤᠬᠤ ᠠᠵᠢᠯ ᠢ ᠲᠤᠪᠤᠶᠢᠯᠭᠠᠨ ᠰᠠᠶᠢᠲᠤᠷ ᠬᠢᠵᠦ᠂ ᠪᠠᠭ᠎ᠠ ᠲᠣᠭᠠᠨ ᠤ ᠵᠢᠭᠡᠯᠡᠯᠭᠡ᠂ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠬᠤ ᠵᠡᠷᠭᠡ ᠬᠠᠷᠠᠭᠠᠯᠵᠠᠯᠳᠤ ᠲᠦᠷᠦ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠠᠵᠢᠯ ᠲᠠᠢ ᠬᠦᠮᠤᠨ ᠦᠭᠡᠢ ᠭᠡᠷ ᠪᠦᠯᠢ ᠶᠢ ᠴᠠᠭ ᠲᠤᠬᠠᠶ ᠳᠤᠨᠢ ᠬᠥᠳᠡᠯᠦᠩᠭᠦᠶ ᠪᠠᠷ | ᠠᠷᠢᠯᠭᠠᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠨ᠎ᠠ᠃ ᠤᠯᠠᠨ ᠲᠡᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠳᠤᠬᠳᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠣᠷᠣᠯᠭ᠎ᠠ ᠪᠠᠭ᠎ᠠ ᠬᠥᠮᠦᠰ᠂ ᠬᠥᠭᠰᠢᠨ ᠪᠠᠭᠤᠷᠠᠶ | ᠡᠪᠡᠳᠴᠢᠨ ᠲᠠᠢ ᠵᠡᠮᠳᠡᠭ ᠵᠡᠷᠭᠡ ᠭᠤᠣᠯᠳᠠᠯᠭ᠎ᠠ ᠲᠠᠢ ᠬᠦᠮᠤᠰ ᠢ ᠦᠷᠭᠦᠯᠵᠢᠯᠡᠨ ᠠᠩᠬᠠᠷᠴᠤ᠂ ᠨᠡᠶᠢᠭᠡᠮ ᠤᠨ ᠠᠪᠤᠷᠠᠨ ᠲᠤᠰᠠᠯᠠᠬᠤ ᠳᠤᠬᠳᠠᠯᠴᠠᠭ᠎ᠠ ᠶᠢ | ᠲᠡᠭᠦᠯᠳᠡᠷᠵᠢᠭᠦᠯᠦᠨ᠂ ᠪᠦᠬᠦ ᠲᠠᠯ᠎ᠠ ᠪᠠᠷ ᠪᠠᠲᠤᠯᠠᠬᠤ ᠪᠠᠲᠤᠯᠠᠭ᠎ᠠ ᠶᠢᠨ ᠲᠣᠣᠷ ᠢ ᠨᠢᠭᠲᠠ ᠪᠠᠬᠢᠵᠢᠭᠦᠯᠦᠨ᠎ᠡ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠᠷ ᠲᠦᠰᠢᠭ ᠪᠣᠯᠭᠠᠭᠰᠠᠨ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠪᠠᠷ | ᠨᠥᠬᠦᠪᠥᠷᠢ ᠪᠣᠯᠭᠠᠭᠰᠠᠨ᠂ ᠡᠮᠴᠢᠯᠡᠭᠡ ᠪᠠ ᠰᠤᠪᠢᠯᠠᠯᠳᠠ ᠶᠢ ᠤᠶᠠᠯᠳᠤᠭᠤᠯᠤᠭᠰᠠᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ | ᠢᠳᠡᠪᠬᠢᠲᠡᠶ ᠪᠠᠶᠢᠭᠤᠯᠤᠨ᠎ᠠ᠃ | ︵ᠲᠠᠪᠤ︶ ᠪᠥᠬᠦ ᠣᠷᠣᠨ ᠤ ᠨᠡᠶᠢᠭᠡᠮ ᠤᠨ ᠵᠠᠰᠠᠯᠲᠠ ᠶᠢᠨ ᠬᠡᠪ ᠳᠠᠭᠤᠷᠢᠶᠠᠯ ᠦᠵᠡᠬᠦᠯᠬᠦ ᠣᠷᠣᠨ ᠢ ᠪᠥᠲᠥᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠵᠠᠰᠠᠯᠲᠠ ᠶᠢᠨ ᠳᠤᠬᠳᠠᠯᠴᠠᠭ᠎ᠠ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠬᠦ ᠲᠠᠯ᠎ᠠ ᠪᠠᠷ | ᠪᠠᠶᠢᠭᠤᠯᠤᠨ᠎ᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠨ᠂ ᠨᠡᠶᠢᠭᠡᠮ ᠤᠨ ᠵᠠᠰᠠᠯᠲᠠ ᠶᠢᠨ | ᠰᠢᠨ᠎ᠡ ᠶᠢ ᠡᠭᠦᠳᠴᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠦᠯᠦᠭᠡᠯᠡᠯᠴᠡᠯ ᠢ ᠠᠬᠢᠭᠤᠯᠵᠤ᠂ ᠡᠶ᠎ᠡ | ᠵᠣᠬᠢᠴᠠᠩᠭᠤᠢ ᠠᠮᠤᠷ ᠲᠣᠭᠲᠠᠭᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠴᠢᠨ ᠠᠬᠤᠢ ᠶᠢ ᠪᠤᠢ ᠪᠣᠯᠭᠠᠨ᠎ᠠ᠃ | ᠠᠮᠤᠷ ᠲᠦᠪᠰᠢᠨ ᠬᠥᠭᠵᠢᠯᠳᠡ ᠶᠢᠨ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ᠂ ᠠᠶᠤᠯᠬᠦᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠤᠶᠢᠯᠡᠳᠪᠤᠷᠢᠯᠡᠯ ᠤᠨ ᠠᠮᠤᠷ ᠲᠦᠪᠰᠢᠨ᠂ ᠢᠳᠡᠭᠡᠨ ᠤ ᠪᠠ ᠡᠮ ᠤᠨ ᠵᠤᠶᠢᠯ ᠤᠨ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠪᠠ ᠭᠡᠨᠡᠳᠲᠡ ᠶᠢᠨ ᠠᠳᠡᠯ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠤᠬᠳᠠᠯᠴᠠᠭ᠎ᠠ ᠶᠢ ᠪᠦᠷᠢᠨᠰᠢᠬᠦᠯᠤᠨ | ᠳᠡᠬᠦᠯᠳᠡᠷᠵᠢᠬᠦᠯᠤᠨ᠎ᠠ᠃ ᠲᠣᠭᠲᠠᠭᠤᠨ ᠢᠶᠠᠷ ᠨᠡᠮᠡᠭᠳᠡᠭᠦᠯᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠬᠠᠷᠢᠴᠠᠭ᠎ᠠ ᠶᠢ ᠰᠠᠶᠢᠲᠤᠷ ᠲᠡᠩᠴᠡᠭᠦᠷᠢᠰᠢᠭᠦᠯᠵᠦ᠂ ᠡᠯ᠎ᠡ | ᠠᠵᠢᠯ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠩ ᠠᠮᠤᠷ | ᠲᠦᠪᠰᠢᠨ᠂ ᠨᠡᠩ ᠦᠷᠭᠦᠯᠵᠢᠯᠡᠬᠦᠶᠢᠴᠡ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠳᠤᠬᠳᠠᠯᠴᠠᠭ᠎ᠠ ᠶᠢ ᠪᠥᠬᠦ ᠬᠦᠴᠦᠨ ᠢᠶᠠᠷ ᠢᠶᠠᠨ | ᠰᠢᠨᠡᠴᠢᠯᠡᠵᠤ᠂ ᠵᠦᠷᠢᠴᠡᠯ ᠵᠢᠭᠤᠷᠠᠯᠳᠤᠭᠠᠨ ᠢ ᠪᠠᠶᠢᠴᠠᠭᠠᠵᠤ ᠡᠶᠡᠳᠡᠬᠦᠯᠬᠦ ᠡᠷᠴᠢᠮ ᠢ ᠴᠢᠩᠭᠠᠷᠠᠭᠤᠯᠤᠨ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ | ᠪᠦᠲᠦᠮᠵᠢᠲᠡᠶ ᠰᠢᠢᠳᠪᠤᠷᠢᠯᠡᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠤᠨ᠂ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ︽ᠠᠮᠤᠭᠤᠯᠠᠩ ᠵᠡᠭᠦᠨᠭᠠᠷ︾ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠳᠡᠭᠡᠭᠰᠢᠯᠡᠭᠦᠯᠬᠦ᠂ ᠠᠭᠤᠷᠬᠠᠶ ᠶᠢᠨ ᠣᠷᠣᠨ ᠤ ᠨᠡᠶᠢᠭᠡᠮ ᠤᠨ | ᠵᠠᠰᠠᠯᠲᠠ ᠶᠢ ᠴᠢᠩᠭᠠᠳᠬᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠶᠢ ᠪᠠᠷᠢᠮᠲᠠᠯᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠢᠮᠠᠭᠲᠠ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠤᠯᠭᠠᠨ᠎ᠠ᠃ | ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠬᠤ᠂ ᠬᠢᠨᠠᠨ ᠪᠤᠳᠤᠵᠤ ᠱᠠᠯᠠᠪᠳᠠᠭᠤᠯᠤᠨ | ᠪᠠᠶᠢᠴᠠᠭᠠᠬᠤ ᠵᠡᠷᠭᠡ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠦᠷ᠎ᠡ ᠪᠦᠲᠦᠮᠵᠢᠲᠡᠢ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠤᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ | ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ | ᠲᠥᠯᠥᠭᠡᠯᠡᠭᠴᠢᠳ ᠡ᠂ ᠳᠡᠭᠡᠷᠡᠬᠢ ︽ᠲᠠᠪᠤᠨ ᠬᠠᠷᠠᠯᠲᠠ︾᠂ ︽ᠲᠠᠪᠤᠨ ᠪᠥᠬᠦ ᠲᠠᠯ᠎ᠠ︾ ᠨᠢ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠵᠡᠭᠦᠨᠭᠠᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠢᠯᠡᠷᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠢ ᠬᠦᠰᠡᠨ ᠡᠷᠡᠮᠡᠯᠵᠡᠵᠦ ᠪᠠᠶᠢᠭ᠎ᠠ ᠬᠠᠮᠲᠤ ᠶᠢᠨ ᠬᠦᠰᠡᠯ ᠱᠠᠭᠠᠷᠳᠠᠯᠭ᠎ᠠ ᠶᠢ ᠠᠴᠢᠶᠠᠯᠠᠨ᠂ ᠵᠡᠭᠦᠨᠭᠠᠷ ᠤᠨ ᠴᠢᠨᠠᠷ ᠰᠠᠶᠢᠲᠠᠶ ᠬᠥᠭᠵᠢᠯᠲᠡ ᠶᠢᠨ ᠰᠠᠶᠢᠨ | ᠰᠠᠶᠢᠬᠠᠨ ᠢᠷᠡᠭᠡᠳᠦᠶ ᠶᠢ ᠬᠠᠷᠠᠭᠤᠯᠵᠤ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠲᠠᠶᠠᠭᠠᠷ ᠢᠶᠠᠨ | ᠪᠦᠯᠬᠦᠮᠳᠡᠨ ᠨᠢᠭᠲᠠᠷᠠᠵᠤ᠂ ᠡᠷᠡᠮᠡᠬᠡᠶᠢᠯᠡᠨ ᠤᠷᠤᠭᠰᠢᠯᠠᠵᠤ᠂ ᠵᠠᠮ ᠨᠡᠭᠡᠭᠡᠨ ᠤᠷᠤᠭᠰᠢᠯᠠᠳᠠᠭ ᠯᠠ ᠶᠤᠮ ᠪᠤᠯ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠰᠢᠨ᠎ᠡ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠳᠡᠯᠭᠡᠨ | ᠦᠵᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠬᠦ ᠨᠢ ᠯᠠᠪᠲᠠᠶ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ | ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ | ᠡᠨᠡ ᠵᠢᠯ ᠪᠣᠯ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢᠶᠠᠨ ᠡᠬᠢᠯᠡᠨ | ᠪᠠᠶᠢᠷᠢᠯᠠᠭᠤᠯᠵᠤ᠂ ᠬᠠᠷᠢᠭᠤᠴᠠᠯᠭ᠎ᠠ ᠡᠬᠦᠷᠭᠡᠯᠡᠨ ᠠᠵᠢᠯᠯᠠᠬᠤ ᠡᠬᠢᠯᠡᠯᠲᠡ ᠶᠢᠨ ᠵᠢᠯ ᠮᠥᠨ᠃ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ | ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 8% ᠣᠷᠴᠢᠮ ᠢᠶᠠᠷ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 25% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠬᠤ ᠪᠦᠬᠦ ᠲᠤᠭ᠎ᠠ ᠶᠢ 10% | ᠣᠷᠴᠢᠮ ᠢᠶᠠᠷ ᠨᠡᠮᠡᠭᠳᠡᠭᠦᠯᠦᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3% ᠣᠷᠴᠢᠮ ᠢᠶᠠᠷ ᠨᠡᠮᠡᠭᠳᠡᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠳᠤᠬᠢᠷᠠᠭᠤᠯᠵᠤ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠶ ᠶᠢᠨ ᠨᠡᠮᠡᠭᠳᠡᠯ ᠤᠨ | ᠬᠤᠷᠳᠤᠴᠠ ᠠᠴᠠ ᠥᠨᠳᠥᠷ ᠪᠠᠶᠢᠯᠭᠠᠨ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.5% ᠶᠢᠨ ᠳᠣᠲᠣᠷ᠎ᠠ ᠬᠢᠵᠠᠭᠠᠷᠯᠠᠵᠤ | ᠂ ᠭᠤᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠬᠥᠳᠡᠯᠭᠡᠬᠦ ᠬᠦᠴᠦᠨ ᠨᠡᠩ ᠲᠡᠭᠦᠯᠳᠡᠷ ᠠᠮᠢᠵᠢᠷᠠᠯ ᠪᠢᠯᠬᠠᠬᠰᠠᠨ ᠵᠡᠭᠦᠨᠭᠠᠷ ᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠯᠭᠠᠭᠤᠷᠢᠯᠠᠯ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠯᠠ | ᠮᠥᠩᠭᠦ ᠶᠢ 1 ᠳ᠋ᠦᠩᠰᠢᠭᠤᠷ ᠲᠥᠭᠦᠷᠢᠭ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠯᠠ ᠮᠥᠩᠭᠦ ᠶᠢ 700 ᠲᠦᠮᠡᠨ ᠲᠥᠭᠦᠷᠢᠭ ᠳᠣᠭᠢᠷᠠᠭᠤᠯᠤᠨ᠂ ᠨᠡᠶᠢᠭᠡᠮ | ᠳᠠᠶᠠᠭᠠᠷ ᠤᠨ ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠶᠢ ᠳᠡᠮᠵᠢᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠤᠷ ᠮᠣᠩᠭᠤᠯ ᠢᠶᠠᠨ ᠬᠥᠭᠵᠢᠭᠦᠯᠬᠦ | ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠵᠢᠤ ᠲᠠᠢ ᠶᠢᠨ ᠦᠨᠦᠷᠲᠦ ᠨᠡᠭᠦᠷᠦᠭᠴᠢ ᠶᠢᠨ ᠲᠤᠷᠰᠢᠯᠲᠠ ᠵᠡᠷᠭᠡ 4 ᠲᠥᠷᠥᠯ ᠵᠤᠶᠢᠯ ᠤᠨ ᠮᠡᠷᠭᠡᠵᠢᠯ ᠤᠨ ᠪᠣᠭᠤᠮᠲᠠ | ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠠᠵᠤ ᠤᠶᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ | ᠬᠡᠯᠬᠢᠶ᠎ᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠲᠣᠭᠤᠷᠢᠨ ᠳᠤ᠂ ᠵᠢᠤ ᠲᠠᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠯᠡᠮᠡᠯ ᠲᠣᠰᠣ ᠵᠡᠷᠭᠡ ᠰᠢᠨ᠎ᠡ ᠮᠠᠲ᠋ᠧᠷᠢᠶᠠᠯ ᠪᠠ ᠨᠡᠭᠦᠷᠡᠰᠦ ᠶᠢ ᠥᠨᠳᠥᠷ ᠪᠦᠲᠦᠮᠵᠢᠲᠡᠶ ᠪᠠᠷ ᠤᠯᠠᠷᠢᠭᠤᠯᠤᠨ ᠬᠤᠪᠢᠷᠠᠭᠤᠯᠬᠤ᠂ ᠣᠷᠭᠠᠨᠢᠭ ᠪᠤᠰᠤ ᠲᠡᠮᠦᠷᠯᠢᠭ ᠪᠤᠰᠤ᠂ | ᠳᠤᠨᠤᠭᠯᠠᠯ ᠤᠶᠢᠯᠡᠳᠬᠦ ᠠᠵᠤ ᠤᠶᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ ᠴᠢᠨᠠᠷ ᠰᠠᠶᠢᠲᠠᠶ | ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠴᠢᠬᠤᠯᠠ ᠶᠡᠭᠡ ᠲᠤᠰᠬᠠᠶ ᠵᠤᠶᠢᠯ ᠪᠠ ᠤᠶᠢᠯᠡᠳᠪᠤᠷᠢᠯᠡᠯ ᠵᠢᠭᠠᠨ | ᠰᠤᠷᠭᠠᠯᠳᠠ ᠰᠤᠳᠤᠯᠭᠠᠨ ᠤ ᠬᠠᠮᠲᠤᠷᠠᠯᠴᠠᠭᠠᠨ ᠤ ᠲᠥᠷᠥᠯ ᠵᠤᠶᠢᠯ ᠢ 15 ᠠᠴᠠ ᠳᠡᠭᠡᠭᠰᠢ ᠶᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | 8 ᠠᠴᠠ ᠳᠡᠭᠡᠭᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 5 ᠠᠴᠠ ᠳᠡᠭᠡᠭᠰᠢ ᠶᠢ ᠪᠤᠶᠢᠵᠢᠭᠤᠯᠤᠨ ᠬᠥᠭᠵᠢᠭᠦᠯᠵᠦ᠂ | ᠪᠥᠬᠦ ᠣᠷᠣᠨ ᠤ ᠲᠡᠷᠢᠭᠦᠨ ᠤ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ | ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠥᠲᠥᠯᠥᠨ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ | ᠬᠠᠮᠤᠭ ᠤᠨ ᠶᠡᠭᠡ ᠬᠡᠮᠵᠢᠶ᠎ᠡ ᠪᠠᠷ ᠲᠥᠪᠯᠡᠷᠡᠭᠦᠯᠦᠨ ᠰᠠᠶᠢᠲᠤᠷ ᠬᠡᠷᠡᠭᠯᠡᠨ᠎ᠡ᠃ | ᠪᠦᠲᠦᠮᠵᠢᠲᠡᠶ ᠪᠡᠯᠡ ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠨ᠎ᠡ᠃ ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ | ᠠᠳᠬᠤᠬᠰᠠᠨ ᠶᠠᠪᠤᠳᠠᠯ ᠮᠦᠨ᠂ ᠳᠤᠬᠳᠠᠭᠤᠨ ᠢᠶᠠᠷ ᠨᠡᠮᠡᠭᠳᠡᠬᠦᠯᠬᠦ ᠳᠤ ᠡᠷᠬᠡᠪᠰᠢ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠤᠢᠢᠯᠠᠭᠠᠭᠳᠠᠬᠤᠨ ᠢ | ᠪᠠᠷᠢᠮᠲᠠᠯᠠᠵᠤ᠂ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ 193 ᠬᠡᠷᠡᠭᠵᠢᠭᠦᠯᠵᠦ᠂ ᠰᠢᠩ ᠶᠠᠩ ᠳᠡᠭᠡᠳᠦ ᠰᠢᠨ᠎ᠡ | ᠮᠡᠷᠭᠡᠵᠢᠯ ᠤᠨ ᠴᠠᠬᠢᠭᠤᠷ ᠤᠨ ᠰᠠᠭᠤᠷᠢ ᠮᠠᠲ᠋ᠧᠷᠢᠶᠠᠯ ᠤᠶᠢᠯᠡᠳᠪᠤᠷᠢᠯᠡᠬᠦ ᠵᠡᠷᠭᠡ 159 ᠰᠢᠨ᠎ᠡ ᠪᠠᠷ ᠪᠠᠶᠢᠭᠤᠯᠬᠤ ᠲᠦᠷᠦᠯ ᠵᠦᠢᠯ ᠪᠠ ᠤᠯᠤᠰ ᠤᠨ ᠴᠠᠬᠢᠯᠭᠠᠨ | ᠬᠦᠴᠦᠨ ᠤ ᠴᠠᠩ ᠲᠠᠨ ᠤ ᠴᠠᠬᠢᠯᠭᠠᠨ ᠦᠢᠯᠡᠳᠪᠦᠷᠢ ᠪᠠᠶᠢᠭᠤᠯᠬᠤ ᠵᠡᠷᠭᠡ 34 ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠤᠢ ᠨᠧᠩ ᠤᠨ ᠴᠠᠩ ᠲᠠᠨ ᠤ ᠴᠠᠬᠢᠯᠭᠠᠨ ᠦᠢᠯᠡᠳᠪᠦᠷᠢ ᠵᠡᠷᠭᠡ 57 ᠲᠦᠷᠦᠯ ᠵᠦᠢᠯ ᠢ ᠪᠦᠳᠦᠭᠡᠨ ᠪᠠᠶᠢᠭᠤᠯᠵᠤ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠵᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 150 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠳᠡᠭᠡᠳᠦ | ᠱᠠᠲᠤᠨ ᠤ ᠪᠠᠯᠠ ᠮᠥᠩᠭᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠬᠤᠪᠢᠳᠠᠨ ᠣᠯᠵᠤ᠂ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠳᠠᠶᠢᠴᠢᠯᠠᠬᠤ ᠤᠶᠢᠯᠡᠳᠤᠯ ᠢ ᠪᠠᠳᠠᠷᠠᠭᠤᠯᠤᠨ᠂ ᠠᠷᠠᠳ ᠤᠨ ᠪᠠᠯᠠ ᠣᠷᠣᠭᠤᠯᠤᠯᠲᠠ ᠶᠢ 80 ᠳ᠋ᠦᠩᠰᠢᠭᠤᠷ ᠲᠥᠭᠦᠷᠢᠭ | ᠠᠴᠠ ᠳᠠᠪᠠᠭᠤᠯᠤᠨ᠎ᠠ᠃ ᠲᠥᠷᠥᠯ ᠵᠤᠶᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠤᠶᠢᠯᠡᠴᠢᠯᠡᠭᠡ ᠶᠢ | ᠳᠡᠭᠡᠭᠰᠢᠯᠡᠭᠦᠯᠦᠨ᠂ ᠳᠠᠪᠠᠭᠤᠯᠢᠭ ᠣᠨᠴᠠᠯᠢᠭ ᠲᠤ ᠰᠠᠭᠤᠷᠢᠯᠠᠨ ᠥᠨᠳᠥᠷ ᠦᠷ᠎ᠡ ᠪᠦᠲᠦᠮᠵᠢᠲᠡᠶ ᠪᠠᠷ ᠠᠷᠠᠯᠵᠢᠶᠠᠴᠢᠨ ᠤᠷᠢᠬᠤ ᠶᠢ ᠭᠤᠤᠯᠳᠠᠯᠭ᠎ᠠ ᠲᠠᠢ ᠠᠳᠬᠤᠵᠤ᠂ | ᠠᠵᠤ ᠤᠶᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ | ᠭᠡᠯᠡᠯᠴᠡᠭᠡᠷ ᠳᠤᠬᠳᠠᠵᠤ 1774 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠶᠢ ᠪᠠᠲᠤᠯᠠᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠳᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠨᠡᠶᠢᠯᠡᠭᠦᠯᠦᠨ ᠬᠢᠨᠠᠨ | ᠵᠥᠪᠰᠢᠶᠡᠷᠡᠬᠦ ᠶᠢ ᠪᠡᠶᠡᠯᠡᠭᠦᠯᠵᠦ᠂ ᠲᠥᠷᠥᠯ ᠵᠤᠶᠢᠯ ᠲᠣᠭᠲᠠᠭᠠᠬᠤ ᠠᠴᠠ ᠠᠵᠢᠯ ᠳᠠᠭᠤᠰᠤᠭᠰᠠᠨ ᠢ ᠰᠢᠯᠭᠠᠨ ᠬᠤᠷᠢᠶᠠᠬᠤ ᠬᠦᠷᠲᠡᠯᠡᠬᠢ ᠶᠢ 80 ᠠᠵᠢᠯᠯᠠᠬᠤ ᠡᠳᠦᠷ ᠲᠤ | ᠬᠦᠢᠴᠡᠳᠭᠡᠵᠤ ᠳᠠᠭᠤᠰᠬᠠᠬᠤ ᠶᠢ ᠦᠨᠡᠨ ᠬᠦ ᠪᠠᠲᠤᠯᠠᠨ᠎ᠠ᠃ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ | ᠳᠤᠬᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠪᠤᠴᠠ ᠶᠢ ᠳᠠᠬᠢᠨ ᠵᠤᠬᠢᠶᠠᠬᠤ᠂ ᠲᠤᠭ᠎ᠠ ᠪᠠᠷᠢᠮᠲᠠ ᠶᠢ | ᠬᠠᠮᠲᠤᠪᠠᠷ ᠡᠳ᠋ᠯᠡᠬᠦ ᠶᠢ ᠠᠬᠢᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ᠂ ᠨᠢᠭᠤᠷᠳᠠᠨ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠬᠦ︾ ᠶᠢ ᠭᠦᠨᠵᠡᠭᠡᠶ | ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠤᠴᠢᠷ ᠶᠠᠪᠤᠳᠠᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠭᠡᠬᠦ ᠨᠣᠷᠮ᠎ᠠ ᠶᠢ | 80% ᠠᠴᠠ ᠳᠡᠭᠡᠭᠰᠢ ᠳᠤ ᠬᠦᠷᠭᠡᠨ᠎ᠠ᠃ ᠡᠯ᠎ᠡ ᠲᠥᠷᠥᠯ ᠤᠨ ᠭᠠᠶᠢᠯᠢ ᠶᠢ ᠭᠦᠩᠭᠡᠷᠡᠬᠦᠯᠵᠤ ᠰᠤᠶᠢᠳᠭᠡᠯ ᠢ ᠪᠠᠭᠤᠷᠠᠭᠤᠯᠬᠤ᠂ ᠠᠵᠤ ᠠᠬᠤᠶᠢᠯᠠᠯ ᠳᠤ ᠠᠰᠢᠭ | ᠬᠦᠷᠲᠡᠭᠡᠵᠦ ᠬᠦᠴᠢᠷᠳᠡᠯ ᠢ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠣᠶᠤᠨᠴᠢ ᠮᠥᠩᠭᠦᠨ ᠬᠦᠢᠯᠭᠡᠭᠡᠨ ᠤ | ᠤᠶᠢᠯᠡᠴᠢᠯᠡᠭᠡᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠳᠠᠲᠤ | ᠴᠣᠭᠴᠠ ᠶᠢᠨ ᠠᠵᠤ ᠠᠬᠤᠶ ᠶᠢᠨ ᠪᠠᠯᠠ ᠴᠤᠬᠯᠠᠭᠤᠯᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ | ᠴᠤᠬᠯᠠᠭᠤᠯᠬᠤ ᠨᠡᠮᠡᠭᠳᠡᠯ ᠤᠨ ᠬᠡᠮᠵᠢᠶ᠎ᠡ᠂ ᠬᠡᠪᠴᠢᠶ᠎ᠡ ᠶᠢ ᠥᠷᠭᠡᠳᠬᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ 12% ᠠᠴᠠ ᠳᠠᠪᠠᠭᠤᠯᠤᠨ᠎ᠠ᠃ ᠣᠯᠠᠨ ᠲᠠᠰ | ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠵᠢᠦ ᠲᠠᠢ ᠶᠢᠨ ᠡᠨᠧᠷᠭᠢ ᠵᠡᠷᠭᠡ ᠠᠵᠤ | ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠪᠥᠬᠦ ᠬᠦᠴᠤᠨ ᠢᠶᠠᠷ ᠢᠶᠠᠨ ᠠᠬᠢᠭᠤᠯᠤᠨ᠎ᠠ᠃ ᠵᠠᠰᠠᠭ ᠠᠵᠤ ᠠᠬᠤᠶᠢᠯᠠᠯ ᠤᠨ ᠰᠠᠶᠢᠨ ᠴᠢᠨᠠᠷ ᠤᠨ ᠬᠠᠷᠢᠯᠴᠠᠨ | ᠨᠦᠯᠦᠭᠡᠯᠡᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠠᠰᠠᠭ ᠤᠨ ᠣᠷᠳᠣᠨ ᠤ ᠠᠮᠠᠯᠠᠯᠲᠠ ᠪᠠᠨ ᠡᠷᠡᠰ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠥᠪ ᠭᠤᠤᠯᠴᠢ᠂ ᠡᠷᠬᠡ ᠲᠡᠭᠰᠢ᠂ ᠠᠮᠤᠷ ᠲᠦᠪᠰᠢᠨ᠂ ᠵᠢᠱᠢᠵᠦ ᠪᠣᠯᠬᠤᠶᠢᠴᠠ ᠣᠷᠴᠢᠨ ᠠᠬᠤᠢ ᠶᠢᠨ ᠪᠠᠲᠤᠯᠠᠭ᠎ᠠ ᠶᠢ | ᠬᠠᠩᠭᠠᠵᠤ᠂ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠬᠦᠳᠤᠨ᠎ᠠ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠡᠯ᠎ᠡ ᠱᠠᠲᠤᠨ ᠤ ᠴᠢᠬᠤᠯᠠ ᠶᠡᠭᠡ ᠥᠭᠡᠷᠡᠴᠢᠯᠡᠯᠲᠡ ᠶᠢᠨ ᠤᠴᠢᠷ ᠶᠠᠪᠤᠳᠠᠯ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠪᠴᠢᠯᠡᠨ | ᠠᠬᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠯᠧᠮᠧᠨ᠋ᠲ ᠤᠨ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠴᠢᠩᠭᠠᠳᠬᠠᠨ᠂ ᠡᠨᠧᠷᠭᠢ ᠶᠢᠨ ᠰᠤᠷᠪᠤᠯᠵᠢ᠂ ᠭᠠᠵᠠᠷ ᠰᠢᠷᠣᠶ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠶᠢ | ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠡᠳ᠋ ᠤᠨ ᠵᠠᠰᠠᠭ ᠭᠠᠶᠢᠯᠢ ᠶᠢᠨ ᠲᠦᠷᠢᠮ ᠪᠠ ᠮᠥᠩᠭᠦᠨ ᠭᠦᠢᠯᠭᠡᠭᠡᠨ ᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠭᠠᠶᠢᠯᠢ ᠶᠢᠨ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠬᠦ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠤᠶᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠠᠬᠢᠭᠤᠯᠤᠨ᠎ᠠ᠃ ᠤᠯᠤᠰ ᠤᠨ | ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠳᠤ ᠠᠵᠤ | ᠠᠬᠤᠶᠢᠯᠠᠯ ᠤᠨ ᠵᠠᠬ᠎ᠠ ᠳᠡᠯᠭᠡᠭᠦᠷᠴᠢᠯᠡᠯᠲᠡ᠂ ᠪᠣᠳᠠᠲᠤ ᠴᠣᠭᠴᠠᠲᠤ ᠬᠥᠭᠵᠢᠯᠲᠡ ᠶᠢ ᠠᠬᠢᠭᠤᠯᠵᠤ᠂ ᠤᠯᠤᠰ ᠤᠨ ᠥᠮᠴᠢᠯᠡᠯᠳᠤ ᠬᠥᠷᠥᠩᠭᠡ ᠶᠢᠨ ᠪᠦᠬᠦᠯᠢ ᠴᠤᠬᠴᠠ | ᠶᠢᠨ ᠠᠰᠢᠬᠯᠠᠮᠵᠢ ᠶᠢ ᠳᠡᠭᠡᠭᠰᠢᠯᠡᠬᠦᠯᠤᠨ᠎ᠠ᠃ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠠᠵᠢᠯ ᠤᠨ ᠬᠠᠷᠢᠴᠠᠭ᠎ᠠ ᠶᠢ | ᠪᠦᠬᠦ ᠲᠠᠯ᠎ᠠ ᠪᠠᠷ ᠰᠢᠯᠤᠭᠤᠳᠬᠠᠵᠤ᠂ ᠡᠷᠬᠡ ᠪᠠ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠬᠥᠬᠡᠬᠤᠲᠠ | ᠪᠤᠭᠤᠲᠤ ᠤᠷᠳᠤᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠱᠠᠨ ᠰᠢ ᠱᠠᠨᠰᠢ ᠨᠢᠩᠰᠢᠶᠠ ᠵᠡᠷᠭᠡ ᠭᠠᠵᠠᠷ | ᠣᠷᠣᠨ ᠯᠤᠭ᠎ᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠤᠨ᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ | ᠭᠠᠵᠠᠷ ᠣᠷᠣᠨ ᠯᠤᠭ᠎ᠠ ᠶᠢᠨ ᠬᠠᠮᠲᠤᠷᠠᠯᠴᠠᠭᠠᠨ ᠤ ᠶᠠᠪᠤᠯᠴᠠᠭ᠎ᠠ ᠶᠢ ᠥᠷᠭᠡᠳᠬᠡᠵᠦ᠂ ᠠᠵᠤ ᠦᠢᠯᠡᠰ ᠤᠨ ᠰᠢᠯᠵᠢᠯᠲᠡ ᠶᠢ ᠤᠨᠢᠨ ᠳᠡᠭᠡᠷ᠎ᠡ ᠨᠢ ᠬᠦᠯᠢᠶᠡᠨ ᠠᠪᠴᠤ᠂ | ᠠᠵᠤ ᠠᠬᠤᠢ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠨ᠎ᠡ᠃ | ︵ᠬᠤᠶᠠᠷ︶ ᠠᠵᠤ ᠠᠬᠤᠶ ᠨᠠᠩ ᠬᠦᠴᠦᠷᠬᠡᠭ ᠪᠣᠳᠠᠲᠤ ᠬᠦᠴᠦᠨ ᠲᠠᠢ ᠵᠡᠭᠦᠨᠭᠠᠷ ᠢ ᠪᠥᠲᠥᠭᠡᠨ ᠪᠠᠶᠢᠭᠤᠯᠬᠤ ᠶᠢ ᠪᠠᠷᠢᠮᠲᠠᠯᠠᠵᠤ᠂ ᠠᠵᠤ ᠤᠶᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠢᠨ᠎ᠡ ᠳᠠᠪᠠᠭᠤᠯᠢᠭ ᠢ ᠪᠣᠶ ᠪᠣᠯᠭᠠᠨ᠎ᠠ | ᠨᠡᠭᠦᠷᠡᠰᠦᠨ ᠤ ᠠᠵᠤ ᠦᠢᠯᠡᠰ ᠤᠨ ᠴᠡᠪᠡᠷᠵᠢᠯᠲᠡ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠣᠷᠭᠢᠯ | ᠭᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠵᠥᠪ ᠢᠶᠠᠷ ᠲᠠᠨᠢᠨ ᠡᠵᠡᠮᠳᠡᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ | ᠪᠦᠲᠦᠮᠵᠢᠲᠡᠶ ᠠᠰᠢᠭᠯᠠᠬᠤ ᠶᠢ ᠴᠢᠩᠭ᠎ᠠ ᠠᠳᠬᠤᠨ᠂ ᠾᠧ ᠲᠠᠢ ᠵᠡᠷᠭᠡ 13 ᠨᠡᠭᠦᠷᠡᠰᠦᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠪᠣᠯᠭᠠᠨ ᠪᠥᠲᠥᠭᠡᠨ | ᠪᠠᠶᠢᠭᠤᠯᠵᠤ᠂ ᠬᠤᠩ ᠼᠧ ᠵᠡᠷᠭᠡ 25 ᠨᠡᠭᠦᠷᠡᠰᠦᠨ ᠠᠭᠤᠷᠬᠠᠶ ᠶᠢ ᠤᠶᠤᠨᠴᠢ ᠠᠭᠤᠷᠬᠠᠶ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠨᠡᠭᠦᠷᠡᠰᠦᠨ ᠤ | ᠭᠠᠷᠤᠯᠲᠠ ᠶᠢ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠢᠨ ᠲᠠᠢ ᠴᠧᠩ ᠲᠠ ᠵᠡᠷᠭᠡ ᠰᠢᠨ᠎ᠡ ᠪᠠᠷ | ᠪᠠᠶᠢᠭᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠬᠢᠭᠰᠡᠨ 8 ᠨᠡᠭᠦᠷᠡᠰᠦᠨ ᠠᠭᠤᠷᠬᠠᠶ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ | ᠂ ᠨᠡᠬᠦᠷᠡᠰᠤᠨ ᠤ ᠤᠶᠢᠯᠡᠳᠪᠤᠷᠢᠯᠡᠯ ᠤᠨ ᠴᠢᠳᠠᠪᠤᠷᠢ ᠶᠢ 1190 ᠲᠦᠮᠡᠨ ᠲᠣᠨ ᠰᠢᠨ᠎ᠡ ᠪᠠᠷ ᠨᠡᠮᠡᠭᠳᠡᠭᠦᠯᠵᠦ᠂ ᠰᠢᠨ ᠰᠢᠨ ᠵᠡᠷᠭᠡ 37 ᠨᠡᠭᠦᠷᠡᠰᠦᠨ ᠠᠭᠤᠷᠬᠠᠶ ᠶᠢᠨ | ᠤᠶᠢᠯᠡᠳᠪᠤᠷᠢᠯᠡᠯ ᠤᠨ ᠴᠢᠳᠠᠪᠤᠷᠢ ᠶᠢ 4800 ᠲᠦᠮᠡᠨ ᠲᠣᠨ ᠣᠷᠴᠢᠮ ᠬᠠᠷᠭᠤᠭᠤᠯᠤᠨ ᠨᠡᠮᠡᠭᠳᠡᠭᠦᠯᠵᠦ᠂ ᠪᠥᠬᠦ ᠵᠢᠯ ᠤᠨ ᠨᠡᠭᠦᠷᠡᠰᠦ ᠤᠶᠢᠯᠡᠳᠪᠤᠷᠢᠯᠡᠵᠤ | ᠪᠣᠷᠣᠯᠠᠭᠤᠯᠬᠤ ᠬᠡᠮᠵᠢᠶ᠎ᠡ ᠶᠢ 2.8 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠤᠨ᠎ᠠ᠃ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ ᠤᠨ | ᠦᠵᠦᠭᠦᠷᠴᠢᠯᠡᠯᠲᠡ ᠶᠢ ᠠᠬᠢᠭᠤᠯᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ ᠡᠨᠧᠷᠭᠢ ᠶᠢᠨ ᠬᠢᠮᠢ ᠶᠢᠨ ᠠᠵᠤ ᠤᠶᠢᠯᠡᠳᠪᠤᠷᠢ ᠶᠢᠨ ᠭᠡᠯᠬᠢᠶ᠎ᠠ ᠶᠢ ᠤᠷᠲᠤᠳᠬᠠᠨ | ᠭᠡᠯᠬᠢᠶ᠎ᠠ ᠶᠢ ᠨᠥᠬᠦᠪᠥᠷᠢᠯᠡᠵᠦ ᠭᠡᠯᠬᠢᠶ᠎ᠠ ᠶᠢ ᠬᠦᠴᠦᠷᠭᠡᠭᠵᠢᠬᠦᠯᠬᠦ ᠲᠣᠭᠤᠷᠢᠨ ᠳᠤ᠂ ᠲᠥᠷᠥᠯ ᠵᠤᠶᠢᠯ ᠢ ᠲᠥᠯᠥᠪᠵᠢᠭᠦᠯᠵᠦ᠂ ᠠᠵᠤ ᠤᠶᠢᠯᠡᠰ ᠢ ᠪᠠᠶᠢᠷᠢᠰᠢᠭᠤᠯᠤᠨ᠂ | ᠰᠢᠩ ᠲᠠᠢ ᠡᠯᠧᠺᠲᠷᠣᠨ ᠤ ᠬᠢᠮᠢ ᠶᠢᠨ ᠪᠣᠳᠠᠰ ᠤᠶᠢᠯᠡᠳᠪᠤᠷᠢᠯᠡᠬᠦ ᠵᠡᠷᠭᠡ ᠲᠥᠷᠥᠯ ᠵᠤᠶᠢᠯ ᠢ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ | ᠢ ᠲᠠᠢ ᠶᠢᠨ ᠨᠡᠭᠦᠷᠡᠰᠦ ᠪᠠᠷ ᠲᠣᠰᠣ ᠤᠶᠢᠯᠡᠳᠪᠤᠷᠢᠯᠡᠬᠦ᠂ ᠪᠡᠭᠡᠵᠢᠩ ᠤᠨ ᠬᠤᠪᠢ ᠡᠵᠡᠮᠳᠡᠯ ᠤᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠨᠡᠭᠦᠷᠡᠰᠦ ᠪᠠᠷ ᠬᠡᠶ | ᠤᠶᠢᠯᠡᠳᠪᠤᠷᠢᠯᠡᠬᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠤᠶᠢᠯᠡᠳᠪᠤᠷᠢ ᠶᠢᠨ ᠪᠦᠯᠦᠭᠯᠡᠯ ᠤᠨ ᠨᠡᠭᠦᠷᠡᠰᠦ ᠪᠠᠷ ᠠᠯᠺᠧᠨ ᠤᠶᠢᠯᠡᠳᠪᠤᠷᠢᠯᠡᠬᠦ | ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠶᠢᠨ | ᠤᠶᠢᠯᠡᠳᠬᠦᠨ ᠤ ᠥᠷᠲᠡᠭ ᠢ ᠭᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠤᠶᠢᠯᠡᠳᠬᠦᠨ ᠤ ᠶᠡᠷᠦᠩᠬᠡᠶ ᠥᠷᠲᠡᠭ ᠤᠨ 10% ᠠᠴᠠ ᠳᠡᠭᠡᠭᠰᠢᠬᠢ ᠶᠢ | ᠡᠵᠡᠯᠡᠬᠦᠯᠤᠨᠠ᠃ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠰᠦᠷᠦᠭᠵᠢᠯ ᠢ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ ᠤᠶᠢᠯᠡᠰ ᠪᠠ ᠠᠷᠠᠯᠵᠢᠶᠠᠴᠢᠨ | ᠤᠷᠢᠵᠤ ᠪᠠᠯᠠ ᠣᠷᠣᠭᠤᠯᠤᠨ ᠬᠥᠭᠵᠢᠭᠦᠯᠬᠦ ᠶᠢ ᠬᠥᠲᠥᠯᠦᠨ ᠳᠠᠭᠠᠭᠤᠯᠬᠤ ᠪᠠᠯᠠ ᠮᠥᠩᠭᠦ ᠶᠢ 10 ᠳ᠋ᠦᠩᠰᠢᠭᠤᠷ ᠲᠥᠭᠦᠷᠢᠭ ᠳᠣᠭᠢᠷᠠᠭᠤᠯᠵᠤ᠂ ᠡᠨᠧᠷᠭᠢ ᠶᠢᠨ | ᠤᠶᠢᠯᠡᠳᠪᠤᠷᠢᠯᠡᠯ᠂ ᠳᠤᠨᠤᠬᠯᠠᠯ ᠤᠶᠢᠯᠡᠳᠬᠦ᠂ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠨᠢᠭᠡ ᠴᠤᠭᠴᠠᠵᠢᠭᠤᠯᠤᠭᠰᠠᠨ ︽ ᠰᠠᠯᠬᠢ ᠭᠡᠷᠡᠯ ᠴᠡᠨᠡᠭ ᠤᠰᠤᠲᠥ᠋ᠷᠥᠭᠴᠢ | ᠬᠠᠳᠠᠭᠠᠯᠠᠬᠤ ᠲᠡᠷᠭᠡ︾ ᠶᠢᠨ ᠠᠵᠤ ᠤᠶᠢᠯᠡᠰ ᠤᠨ ᠰᠦᠷᠦᠭᠵᠢᠯ ᠢ ᠲᠦᠷᠭᠡᠳᠬᠡᠨ ᠪᠠᠶᠢᠭᠤᠯᠤᠨ᠎ᠠ᠃ ᠪᠥᠬᠦ ᠬᠤᠰᠢᠭᠤᠨ ᠤ ᠬᠡᠷ ᠤᠨ ᠣᠷᠣᠶ᠂ ᠶᠡᠷᠦᠩᠬᠡᠶᠢᠯᠡᠭᠰᠡᠨ | ᠤᠶᠤᠨᠴᠢ ᠡᠨᠧᠷᠭᠢ ᠶᠢᠨ ᠬᠤᠲᠠ ᠶᠢᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠥᠷᠥᠯ ᠵᠤᠶᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ᠤᠰᠤᠲᠥ᠋ᠷᠥᠭᠴᠢ ᠶᠢᠨ ᠡᠨᠧᠷᠭᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠢᠳᠡᠪᠬᠢᠲᠡᠶ ᠪᠠᠷ ᠠᠬᠢᠭᠤᠯᠵᠤ᠂ ᠨᠠᠷᠠᠰᠤᠨ ᠪᠠᠯᠭᠠᠰᠤᠨ ᠤ 40 ᠲᠦᠮᠡᠨ ᠺᠢᠯᠣᠸᠠᠲ ᠤᠨ | ᠬᠡᠷᠡᠯ ᠴᠡᠨᠡᠭ ᠢᠶᠠᠷ ᠤᠰᠤᠲᠥ᠋ᠷᠥᠭᠴᠢ ᠤᠶᠢᠯᠡᠳᠪᠤᠷᠢᠯᠡᠬᠦ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ︽ ᠪᠤᠬᠢᠷᠳᠤᠯ ᠦᠭᠡᠢ | ᠤᠰᠤᠲᠥ᠋ᠷᠥᠭᠴᠢ︾ ᠶᠢ ᠤᠶᠢᠯᠡᠳᠪᠤᠷᠢᠯᠡᠵᠤ ᠭᠠᠷᠭᠠᠬᠤ᠂ ᠬᠠᠳᠠᠭᠠᠯᠠᠵᠤ ᠵᠥᠭᠡᠭᠡᠪᠦᠷᠢᠯᠡᠬᠦ ᠪᠠ ᠣᠯᠠᠨ ᠲᠠᠯᠠᠪᠤᠷ ᠲᠤ ᠬᠡᠷᠡᠭᠯᠡᠬᠦ ᠶᠢ ᠠᠬᠢᠭᠤᠯᠤᠨ᠎ᠠ᠃ ᠪᠣᠬᠢᠷᠲᠤᠯ | ᠥᠬᠡᠶ ᠴᠠᠬᠢᠯᠭᠠᠨ ᠢ ᠠᠭᠤᠷᠬᠠᠶ ᠶᠢᠨ ᠣᠷᠣᠨ ᠳᠤ ᠣᠷᠣᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠤᠶᠤᠨᠴᠢ ᠠᠭᠤᠷᠬᠠᠶ ᠶᠢᠨ ᠺᠠᠷᠲ ᠢ | ᠶᠡᠬᠡᠪᠡᠷ ᠬᠥᠭᠵᠢᠭᠦᠯᠦᠨ᠂ ᠲᠢᠶᠧ ᠴᠧᠨ ᠤ ᠵᠢᠯᠣᠭᠤᠴᠢ ᠥᠬᠡᠶ ᠰᠢᠨ᠎ᠡ ᠡᠨᠧᠷᠭᠢ ᠶᠢᠨ ᠠᠭᠤᠷᠬᠠᠶ ᠶᠢᠨ ᠲᠥᠬᠦᠭᠡᠷᠦᠮᠵᠢ ᠶᠢᠨ ᠤᠶᠢᠯᠡᠳᠪᠤᠷᠢᠯᠡᠯ ᠤᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠭᠤᠷᠬᠠᠶ ᠶᠢᠨ ᠣᠷᠣᠨ ᠤ ᠲᠡᠭᠡᠭᠡᠪᠦᠷᠢ ᠶᠢᠨ ᠲᠡᠷᠭᠡ ᠤᠨᠤᠭ᠎ᠠ ᠪᠠ ᠠᠭᠤᠷᠬᠠᠶ ᠶᠢᠨ ᠲᠥᠬᠦᠭᠡᠷᠦᠮᠵᠢ ᠶᠢ | ᠴᠡᠪᠡᠷᠰᠢᠭᠦᠯᠦᠨ ᠣᠷᠣᠯᠠᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠤᠶᠢᠯᠡᠰ ᠤᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠶᠤᠸᠠᠨ ᠵᠢᠩ ᠰᠠᠯᠬᠢᠨ ᠬᠦᠴᠦᠨ ᠤ ᠮᠠᠰᠢᠨ ᠴᠤᠬᠴᠠᠯᠠᠪᠤᠷᠢ ᠶᠢᠨ ᠭᠤᠤᠯ ᠮᠠᠰᠢᠨ ᠵᠢᠴᠢ ᠬᠦᠷᠳᠦᠨ ᠪᠤᠯᠤ | ᠤᠶᠢᠯᠡᠳᠪᠤᠷᠢᠯᠡᠬᠦ ᠲᠥᠷᠥᠯ ᠵᠤᠶᠢᠯ᠂ ᠲᠢᠶᠠᠨ ᠾᠧ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠵᠢᠴᠢ ᠲᠠᠩ ᠲᠠᠯᠠᠰᠲᠤ ᠲᠠᠲᠠᠭᠤᠷ ᠰᠠᠪᠠᠭ᠎ᠠ᠂ ᠨᠡᠷᠡᠨ ᠬᠡᠷᠡᠯ ᠤᠨ | ᠰᠥᠷᠬᠦ ᠬᠤᠪᠢᠷᠠᠭᠠᠭᠤᠷ᠂ ᠬᠠᠨ ᠰᠢᠶᠠ ᠤᠰᠤᠲᠥ᠋ᠷᠥᠭᠴᠢ ᠤᠶᠢᠯᠡᠳᠪᠤᠷᠢᠯᠡᠬᠦ ᠥᠷᠲᠡᠭᠡ ᠵᠡᠷᠭᠡ ᠲᠥᠷᠥᠯ ᠵᠤᠶᠢᠯ ᠢ ᠠᠯᠢ ᠲᠦᠷᠭᠡᠨ ᠢᠶᠠᠷ ᠠᠵᠢᠯ ᠡᠬᠢᠯᠡᠭᠦᠯᠬᠦ ᠶᠢ | ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠵᠦᠬᠦᠷᠰᠢᠯᠳᠡ ᠶᠢ ᠠᠬᠢᠭᠤᠯᠤᠨ᠎ᠠ᠃ ᠭᠤᠣᠯᠢᠩ ᠰᠢᠷᠣᠶ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠳᠡᠭᠡᠳᠦ | ᠦᠵᠦᠭᠦᠷᠵᠢᠭᠰᠡᠨ ᠦᠢᠯᠡᠳᠪᠦᠷᠢᠯᠡᠯ ᠢ ᠲᠦᠷᠭᠡᠪᠴᠢᠯᠡᠨ ᠠᠬᠢᠭᠤᠯᠵᠤ᠂ ᠤᠯᠤᠰ ᠠᠴᠠ ᠪᠡᠯᠡ ᠣᠷᠣᠭᠤᠯᠤᠭᠰᠠᠨ 150 ᠲᠦᠮᠡᠨ ᠲᠣᠨ ᠤ ᠭᠤᠣᠯᠢᠩ ᠰᠢᠷᠣᠶ ᠶᠢ | ᠨᠠᠷᠢᠯᠢᠭ ᠡᠳ᠋ᠰᠢᠭᠦᠯᠬᠦ ᠵᠢᠱᠢᠶ᠎ᠡ ᠦᠵᠡᠭᠦᠯᠬᠦ ᠳᠦᠷᠤᠯ ᠵᠤᠶᠢᠯ ᠢ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠴᠢᠨᠠᠷ ᠰᠠᠶᠢᠲᠠᠶ᠂ ᠪᠠᠷᠢᠮᠵᠢᠶᠠᠵᠢᠭᠰᠠᠨ ᠲᠦᠭᠦᠬᠡᠶ | ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠳᠡᠭᠡᠳᠦ ᠲᠠᠰ ᠤᠨ ᠪᠠᠶᠢᠷᠢ ᠲᠣᠭᠲᠠᠭᠠᠯᠲᠠ ᠬᠢᠵᠤ᠂ ᠱᠠᠲᠤ ᠱᠠᠲᠤ ᠪᠠᠷ | ᠪᠤᠶᠢᠵᠢᠭᠤᠯᠬᠤ︾ ᠵᠠᠷᠴᠢᠮ ᠶᠣᠰᠣᠭᠠᠷ᠂ ᠸᠠᠭᠠᠷ ᠱᠠᠭᠠᠵᠠᠩ ᠤᠨ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠮᠡᠳᠡᠭᠡ ᠵᠠᠩᠭᠢ ᠶᠢᠨ ᠤᠶᠢᠯᠡᠴᠢᠯᠡᠭᠡᠨ ᠤ ᠲᠥᠪ᠂ | ᠠᠵᠤ ᠤᠶᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠲᠠᠪᠴᠠᠩ ᠢ ᠪᠠᠶᠢᠭᠤᠯᠵᠤ᠂ ᠸᠠᠭᠠᠷ ᠱᠠᠭᠠᠵᠠᠩ ᠤᠨ ᠵᠢᠵᠢᠭ ᠪᠠᠯᠭᠠᠰᠤᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠭᠠᠯ ᠳᠤ ᠳᠡᠰᠪᠤᠷᠢᠳᠡᠢ ᠮᠠᠲ᠋ᠧᠷᠢᠶᠠᠯ᠂ ᠪᠠᠯ ᠴᠢᠯᠠᠭᠤᠨ ᠠᠯᠺᠧᠨ᠂ ᠴᠠᠬᠢᠭᠤᠷ ᠤᠨ ᠰᠠᠭᠤᠷᠢ ᠵᠡᠷᠭᠡ ᠰᠢᠨ᠎ᠡ ᠮᠠᠲ᠋ᠧᠷᠢᠶᠠᠯ ᠤᠨ | ᠠᠵᠤ ᠤᠶᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠦᠶ ᠵᠢᠩ ᠣᠨᠴᠠ ᠲᠥᠷᠥᠯ ᠤᠨ ᠰᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠲᠥᠷᠥᠯ | ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ 5G ᠶᠢᠨ ᠴᠢᠮᠡᠭᠡ ᠬᠤᠯᠪᠣᠭᠠᠨ ᠤ ᠬᠡᠷᠡᠭᠯᠡᠭᠡ ᠪᠠ ᠲᠣᠮᠣ ᠳ᠋ᠠᠶᠢᠲ᠋ᠠ᠂ | ᠪᠤᠳᠠᠰ ᠤᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠳᠤᠭᠠᠴᠠᠯᠠᠬᠰᠠᠨ ᠠᠵᠤ ᠤᠶᠢᠯᠡᠰ ᠢ ᠢᠳᠡᠪᠬᠢᠲᠡᠶ ᠪᠠᠷ ᠪᠠᠶᠢᠷᠢᠰᠢᠭᠤᠯᠵᠤ᠂ ᠨᠢᠭᠡ | ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠤᠶᠢᠯᠡᠰ ᠤᠨ ᠰᠦᠷᠦᠭᠵᠢᠯ ᠢ ᠴᠢᠷᠮᠠᠶᠢᠨ ᠪᠣᠶ ᠪᠣᠯᠭᠠᠨ᠎ᠠ᠃ | ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠡᠷᠴᠢᠮᠵᠢᠭᠦᠯᠦᠯᠲᠡ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠵᠢᠯᠯᠠᠭᠠᠨ ᠤ | ᠲᠣᠭᠲᠠᠴᠠ ᠶᠢ ᠪᠥᠬᠦ ᠲᠠᠯ᠎ᠠ ᠪᠠᠷ ᠰᠢᠯᠤᠭᠤᠳᠬᠠᠵᠤ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠪᠠ | ᠪᠠᠶᠢᠭᠤᠯᠤᠮᠵᠢ ᠶᠢ ᠪᠠᠶᠢᠷᠢᠯᠠᠭᠤᠯᠬᠤ ᠶᠢ ᠪᠡᠶᠡᠯᠡᠭᠦᠯᠦᠨ᠎ᠡ᠃ ᠤᠶᠤᠨᠴᠢ ᠬᠦᠷᠢᠶᠡᠯᠡᠩ ᠲᠣᠭᠤᠷᠢᠭ ᠢ ᠨᠢᠭᠡ ᠴᠤᠭᠴᠠᠵᠢᠭᠤᠯᠬᠤ ᠲᠠᠪᠴᠠᠩ ᠤᠨ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠰᠤᠯᠠ ᠪᠠᠶᠢᠬᠤ ᠪᠠ ᠳᠣᠤᠷ᠎ᠠ ᠠᠰᠢᠭᠯᠠᠮᠵᠢ ᠲᠠᠢ ᠭᠠᠵᠠᠷ ᠢ ᠠᠰᠢᠬᠯᠠᠬᠤ ᠶᠢ ᠲᠦᠷᠭᠡᠳᠬᠡᠨ᠂ ︽ᠦᠬᠦᠰᠢᠷᠡᠮᠡᠯ ᠠᠵᠤ | ᠠᠬᠤᠶᠢᠯᠠᠯ︾ ᠢ ᠵᠠᠬ᠎ᠠ ᠳᠡᠯᠭᠡᠭᠦᠷᠴᠢᠯᠡᠨ ᠠᠮᠢᠳᠤᠯᠢᠬᠵᠢᠭᠤᠯᠬᠤ ᠶᠢ ᠠᠬᠢᠭᠤᠯᠵᠤ᠂ ᠮᠥ ᠪᠦᠷᠢ ᠶᠢᠨ ᠪᠠᠯᠠ ᠣᠷᠣᠭᠤᠯᠤᠯᠲᠠ ᠶᠢᠨ ᠡᠷᠴᠢᠮ ᠪᠠ ᠭᠠᠷᠭᠠᠯᠲᠠ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠪᠠᠨ | ᠴᠢᠩᠭᠠᠳᠬᠠᠵᠤ᠂ ᠡᠬᠢ ᠪᠠᠶᠠᠯᠢᠭ᠂ ᠭᠠᠵᠠᠷ ᠰᠢᠷᠣᠶ᠂ ᠡᠨᠧᠷᠭᠢ ᠶᠢᠨ ᠬᠤᠷᠣᠭᠳᠠᠯ ᠵᠡᠷᠭᠡ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠬᠦᠷᠢᠶᠡᠯᠡᠩ ᠲᠣᠭᠤᠷᠢᠭ | ᠳᠡᠶᠢᠰᠢ ᠲᠥᠪᠯᠡᠷᠡᠭᠦᠯᠬᠦ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠤᠶᠢᠯᠡᠰ ᠤᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠬᠤ ᠶᠢᠨ ᠲᠣᠭᠤᠷᠢᠨ ᠳᠤ᠂ ᠪᠠᠷᠢᠮᠵᠢᠶᠠᠵᠢᠭᠰᠠᠨ ᠤᠶᠢᠯᠡᠳᠪᠤᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠣᠯᠠᠨ | ᠨᠡᠶᠢᠲᠡ ᠶᠢᠨ ᠣᠷᠣᠨ ᠪᠦᠰᠡ ᠶᠢᠨ ᠵᠠᠮ᠂ ᠬᠤᠭᠤᠯᠠᠶ ᠲᠣᠤᠷ᠂ ᠴᠢᠮᠡᠭᠡ ᠬᠤᠯᠪᠣᠭ᠎ᠠ ᠵᠡᠷᠭᠡ ᠰᠠᠭᠤᠷᠢ ᠳᠦᠬᠦᠭᠡᠷᠤᠮᠵᠢ ᠶᠢᠨ ᠳᠤᠬᠳᠠᠯᠴᠠᠭ᠎ᠠ ᠶᠢ ᠢᠵᠢ ᠪᠥᠷᠢᠳᠦᠭᠦᠯᠦᠨ | ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠢ ᠣᠷᠣᠨ ᠪᠦᠰᠡ ᠶᠢᠨ ᠠᠵᠤ ᠠᠬᠤᠶ ᠶᠢᠨ ᠨᠡᠮᠡᠭᠳᠡᠯ ᠤᠨ ᠲᠦᠢᠯ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ | ᠵᠢᠭᠰᠠᠭᠠᠯ ᠤᠨ ᠭᠠᠵᠠᠷ ᠪᠣᠯᠭᠠᠨ ᠪᠠᠶᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠮᠥᠩᠭᠦᠨ ᠭᠦᠢᠯᠭᠡᠭᠡᠨ ᠤ | ᠦᠢᠯᠡᠴᠢᠯᠡᠭᠡ᠂ ᠮᠡᠳᠡᠭᠡ ᠵᠠᠩᠭᠢ ᠶᠢᠨ ᠮᠡᠷᠭᠡᠵᠢᠯ᠂ ᠰᠢᠯᠭᠠᠨ ᠬᠤᠷᠢᠶᠠᠵᠤ ᠪᠠᠶᠢᠴᠠᠭᠠᠨ ᠬᠡᠮᠵᠢᠬᠦ ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠬᠥᠭᠵᠢᠭᠦᠯᠦᠨ ᠪᠤᠵᠠᠭᠠᠶᠢᠷᠠᠭᠤᠯᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠦᠵᠦᠬᠦᠷᠰᠢᠬᠦᠯᠬᠦ ᠳᠡᠶᠢᠰᠢ | ᠤᠷᠲᠤᠳᠬᠠᠬᠤ ᠶᠢ ᠠᠬᠢᠭᠤᠯᠤᠨ᠎ᠠ᠃ ᠣᠲᠣ ᠦᠶ᠎ᠡ ᠶᠢᠨ ᠪᠠᠷᠠᠭᠠᠨ ᠤ ᠬᠦᠢᠯᠭᠡᠭᠡᠨ ᠤ ᠠᠵᠤ ᠤᠶᠢᠯᠡᠰ ᠢ ᠲᠦᠷᠭᠡᠳᠬᠡᠨ ᠬᠥᠭᠵᠢᠭᠦᠯᠵᠦ᠂ ᠭᠤᠷᠪᠠᠨ ᠱᠤᠭᠤᠮ ᠤᠨ | ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠵᠡᠷᠭᠡ 3 ᠪᠠᠷᠠᠭᠠᠨ ᠤ ᠬᠦᠢᠯᠭᠡᠭᠡᠨ ᠤ ᠲᠥᠷᠥᠯ ᠵᠤᠶᠢᠯ ᠢ ᠡᠬᠢᠯᠡᠭᠦᠯᠵᠦ᠂ ᠯᠦᠩ ᠸᠠᠩ ᠴᠢᠦᠶ ᠶᠢᠨ | ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠵᠡᠷᠭᠡ 5 ᠪᠠᠶᠢᠭᠤᠯᠵᠤ ᠪᠠᠶᠢᠭ᠎ᠠ ᠪᠠᠷᠠᠭᠠᠨ ᠤ ᠬᠦᠢᠯᠭᠡᠭᠡᠨ ᠤ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠯᠦᠩ ᠸᠠᠩ ᠭᠸᠦ᠂ ᠮᠢᠩ ᠸᠠᠩ ᠳ᠋ᠠ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠪᠣᠯᠤᠨ ᠭᠤᠸᠠᠨ ᠽᠢ ᠭᠸᠦ ᠶᠢᠨ | ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠶᠢᠨ ᠲᠥᠷᠥᠯ ᠵᠤᠶᠢᠯ ᠢ ᠪᠠᠶᠢᠭᠤᠯᠤᠨ ᠠᠵᠢᠯᠯᠠᠭᠤᠯᠬᠤ ᠪᠠᠷ ᠴᠢᠷᠮᠠᠶᠢᠵᠤ᠂ ᠵᠢᠯ ᠤᠨ ᠳᠣᠲᠣᠷ᠎ᠠ ᠲᠡᠮᠦᠷ ᠵᠠᠮ ᠤᠨ | ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢᠯᠡᠬᠦ ᠴᠢᠳᠠᠪᠤᠷᠢ ᠶᠢ 3000 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠤᠨ ᠬᠠᠩᠭᠠᠯᠭ᠎ᠠ ᠶᠢ ᠥᠷᠭᠡᠳᠬᠡᠵᠦ᠂ ᠭᠤᠣᠯᠳᠠᠯᠭ᠎ᠠ ᠲᠠᠢ ᠬᠤᠳᠠᠯᠳᠤᠭᠠᠨ ᠤ ᠬᠦᠷᠢᠶ᠎ᠡ ᠪᠠ ᠤᠨᠴᠠᠯᠢᠬᠳᠤ ᠵᠡᠭᠡᠯᠢ ᠲᠣᠭᠤᠷᠢᠭ ᠤᠨ ᠦᠢᠯᠡᠴᠢᠯᠡᠭᠡᠨ ᠤ | ᠴᠢᠳᠠᠮᠵᠢ ᠶᠢ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠬᠡᠷᠡᠭᠯᠡᠭᠡ᠂ ᠭᠡᠷ ᠤᠨ ᠶᠠᠪᠤᠳᠠᠯ ᠤᠨ ᠦᠢᠯᠡᠴᠢᠯᠡᠭᠡ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠵᠡᠷᠭᠡ | ᠦᠢᠯᠡᠴᠢᠯᠡᠭᠡᠨ ᠤ ᠬᠡᠷᠡᠭᠯᠡᠭᠡ ᠶᠢ ᠪᠦᠬᠦ ᠲᠠᠯ᠎ᠠ ᠪᠠᠷ ᠥᠷᠭᠡᠳᠬᠡᠵᠦ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠡᠭᠦᠳᠦᠨ | ᠪᠠᠶᠢᠭᠤᠯᠤᠨ᠎ᠠ᠃ ᠰᠢᠤᠸᠠᠢ ᠵᠢᠶᠠ ᠸᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠢᠭᠡᠳᠦᠭᠡᠷ ᠳᠡᠰ ᠤᠨ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ ᠪᠣᠯᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠨᠡᠪᠲᠡᠷᠡᠬᠦ ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭᠠᠨ ᠤ | ᠬᠦᠢᠯᠭᠡᠭᠡᠨ ᠤ ᠳᠤᠬᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠠᠶᠢᠭᠤᠯᠤᠮᠵᠢᠳᠤ ᠲᠣᠰᠬᠤᠨ ᠤ ᠲᠦᠷᠭᠡᠨ ᠬᠦᠷᠭᠡᠬᠦ ᠤᠶᠢᠯᠡᠴᠢᠯᠡᠭᠡ ᠨᠡᠪᠲᠡᠷᠡᠬᠦ ᠨᠣᠷᠮ᠎ᠠ ᠶᠢ | 90% ᠳᠤ ᠬᠦᠷᠭᠡᠨ᠎ᠠ᠃ ᠤᠯᠤᠰ ᠤᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠤᠭᠠᠴᠠᠯ ᠤᠨ | ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠳᠦᠷᠤᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠬᠡᠷᠡᠭᠵᠢᠭᠦᠯᠵᠦ᠂ ᠬᠠᠲᠤᠨ | ᠭᠤᠣᠯ ᠤᠨ ᠳᠤᠮᠤ ᠬᠠᠪᠴᠢᠯ ᠤᠨ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ | ᠵᠤᠭᠠᠴᠠᠯ ᠤᠨ ᠣᠷᠣᠯᠭ᠎ᠠ ᠪᠠ ᠵᠤᠭᠠᠴᠠᠬᠰᠠᠳ ᠢ ᠬᠦᠯᠢᠶᠡᠨ ᠠᠪᠬᠤ ᠬᠥᠮᠦᠨ ᠤ ᠲᠤᠭ᠎ᠠ ᠶᠢ ᠲᠤᠰ ᠲᠤᠰ 10% ᠪᠠ 15% ᠠᠴᠠ ᠳᠡᠭᠡᠭᠰᠢ ᠨᠡᠮᠡᠭᠳᠡᠭᠦᠯᠦᠨ᠎ᠡ᠃ | ︵ᠭᠤᠷᠪᠠ︶ ᠠᠮᠢ ᠠᠬᠤᠶ ᠪᠠᠷ ᠨᠠᠩ ᠰᠢᠯᠢᠳᠡᠭ ᠪᠣᠬᠢᠷᠲᠤᠯ ᠥᠬᠡᠶ ᠵᠡᠭᠦᠨᠭᠠᠷ ᠢ ᠪᠥᠲᠥᠭᠡᠨ ᠪᠠᠶᠢᠭᠤᠯᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ | ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ︾ ᠶᠢ ᠨᠡᠩ ᠡᠷᠴᠢᠮᠳᠡᠢ ᠬᠢᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭ᠎ᠠ ᠠᠳᠬᠤᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠡᠨᠧᠷᠭᠢ ᠶᠢᠨ ᠬᠤᠷᠣᠭᠳᠠᠯ ᠤᠨ ︽ | ᠬᠤᠤᠰ ᠡᠵᠡᠮᠳᠡᠯ︾ ᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠤᠯ ᠢ ᠭᠠᠳᠠᠭᠰᠢᠯᠠᠭᠤᠯᠬᠤ ᠪᠦᠬᠦ ᠬᠡᠮᠵᠢᠶ᠎ᠡ ᠪᠣᠯᠤᠨ ᠬᠦᠴᠦᠯᠡᠴᠡ ᠶᠢᠨ ︽ ᠬᠤᠤᠰ ᠡᠵᠡᠮᠳᠡᠯ︾ | ᠪᠣᠯᠭᠠᠨ ᠬᠤᠪᠢᠷᠠᠭᠤᠯᠬᠤ ᠶᠢ ᠡᠷᠲᠡᠬᠡᠨ ᠪᠡᠶᠡᠯᠡᠭᠦᠯᠦᠨ᠎ᠡ᠃ ᠬᠤᠴᠣᠷᠤᠬᠳᠠᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠪᠴᠢᠯᠡᠨ ᠳᠠᠶᠠᠬᠳᠠᠭᠤᠯᠵᠤ᠂ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠳ᠋ᠦᠩ ᠢ ᠬᠢᠮᠢ ᠶᠢᠨ | ᠠᠵᠤ ᠦᠢᠯᠡᠳᠪᠦᠷᠢ ᠪᠠ ᠵᠡᠭᠦᠨᠭᠠᠷ ᠤᠨ ᠲᠤᠮᠤ ᠴᠠᠬᠢᠯᠭᠠᠨ ᠦᠢᠯᠡᠳᠪᠦᠷᠢ ᠶᠢᠨ ᠦᠢᠯᠡᠳᠪᠦᠷᠢᠯᠡᠯ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠶᠡᠬᠡᠪᠡᠷ ᠠᠬᠢᠭᠤᠯᠵᠤ᠂ ᠬᠦᠸᠧ ᠬᠤᠸᠠ 4 ᠳ᠋ᠤᠭᠡᠷ ᠨᠣᠮᠧᠷᠲᠤ ᠮᠠᠰᠢᠨ ᠴᠣᠭᠴᠠᠯᠠᠪᠤᠷᠢ᠂ ᠲᠢᠶᠠᠨ ᠷᠦᠨ ᠬᠢᠮᠢ ᠶᠢᠨ ᠪᠤᠷᠳᠤᠭᠤᠷ ᠤᠨ ᠦᠢᠯᠡᠳᠪᠦᠷᠢᠯᠡᠯ ᠤᠨ | ᠱᠤᠭᠤᠮ ᠵᠡᠷᠭᠡ 7 ᠳᠦᠷᠤᠯ ᠵᠤᠶᠢᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠵᠤ ᠣᠷᠴᠢᠨ ᠳᠤᠭᠤᠷᠢᠨ ᠢ | ᠬᠠᠮᠠᠭᠠᠯᠠᠬᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠤᠨ ᠬᠦᠴᠦᠯᠡᠴᠡ ᠶᠢ ᠦᠷᠭᠦᠯᠵᠢᠯᠡᠨ ᠪᠠᠭᠤᠷᠠᠭᠤᠯᠤᠨ᠎ᠠ᠃ | ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠨᠥᠬᠦᠴᠡᠯ | ᠪᠦᠷᠢᠳᠦᠭᠦᠯᠦᠭᠰᠡᠨ ᠲᠣᠰᠬᠤᠨ ᠤ ᠱᠠᠲᠤᠨ ᠤ ᠵᠢᠭᠰᠠᠭᠠᠯ ᠤᠨ ᠭᠠᠵᠠᠷ ᠪᠣᠯᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ | ᠪᠠᠶᠢᠭᠤᠯᠤᠮᠵᠢ ᠳᠤ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ | ᠶᠡᠷᠦᠩᠬᠡᠶᠢᠯᠡᠭᠰᠡᠨ ᠵᠠᠰᠠᠯᠲᠠ ᠶᠢ 1 ᠲᠦᠮᠡᠨ ᠡᠷᠦᠬᠡ ᠠᠴᠠ ᠳᠡᠭᠡᠭᠰᠢ ᠪᠡᠶᠡᠯᠡᠭᠦᠯᠦᠨ᠎ᠡ᠃ ᠬᠠᠭᠤᠴᠢᠨ ᠰᠠᠭᠤᠭᠠᠯᠢ ᠲᠣᠭᠤᠷᠢᠭ ᠤᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠡᠮᠬᠢ ᠳᠢᠭᠯᠢᠮ ᠲᠠᠢ ᠪᠠᠷ ᠠᠬᠢᠭᠤᠯᠤᠨ᠎ᠠ᠃ ᠪᠣᠬᠢᠷᠲᠤᠯ ᠥᠬᠡᠶ ᠬᠡᠷᠡᠭᠯᠡᠭᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠶᠢ | ᠵᠣᠷᠢᠭᠵᠢᠭᠤᠯᠵᠤ᠂ ᠠᠮᠢᠳᠤᠷᠠᠯ ᠤᠨ ᠠᠷᠭ᠎ᠠ ᠮᠠᠶ᠋ᠢᠭ᠂ ᠬᠡᠷᠡᠭᠯᠡᠭᠡ ᠶᠢᠨ ᠵᠠᠭᠪᠤᠷ ᠢ ᠲᠥᠬᠦᠮ ᠪᠥᠭᠡᠳ ᠲᠣᠬᠢᠷᠠᠮᠵᠢᠲᠠᠶ᠂ ᠪᠣᠯᠪᠠᠰᠤᠨ ᠡᠷᠡᠭᠦᠯ ᠳᠡᠶᠢᠰᠢ ᠲᠦᠷᠭᠡᠨ | ᠬᠤᠪᠢᠷᠠᠭᠤᠯᠬᠤ ᠶᠢ ᠠᠬᠢᠭᠤᠯᠤᠨ᠎ᠠ᠃ | ︽ᠪᠣᠬᠢᠷᠲᠤᠯ ᠢ ᠵᠠᠰᠠᠬᠤ︾ ᠶᠢ ᠨᠡᠩ ᠴᠢᠩᠭ᠎ᠠ ᠠᠷᠭ᠎ᠠ ᠬᠡᠮᠵᠢᠶ᠎ᠡ ᠪᠠᠷ ᠶᠠᠪᠤᠬᠳᠠᠭᠤᠯᠤᠨ᠎ᠠ ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠪᠥᠬᠦ ᠬᠦᠴᠦᠨ ᠢᠶᠠᠷ ᠢᠶᠠᠨ ᠥᠷᠨᠢᠭᠦᠯᠵᠦ᠂ ᠵᠢᠤ ᠲᠠᠢ᠂ ᠳ᠋ᠦᠩ ᠬᠤᠸᠠ ᠵᠡᠷᠭᠡ 7 ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ | ᠪᠡᠶᠡᠯᠡᠭᠦᠯᠵᠦ᠂ ᠪᠠᠷᠢᠯᠭ᠎ᠠ ᠶᠢᠨ ᠲᠤᠬᠠᠶ ᠶᠢᠨ ᠭᠠᠵᠠᠷ ᠪᠠ ᠵᠠᠮ ᠤᠨ ᠲᠣᠭᠤᠰᠣ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠨ᠂ ᠬᠤᠸᠠᠷ ᠫᠤᠤᠵᠢᠩ ᠪᠣᠷᠣᠯᠠᠭᠤᠯᠬᠤ ᠶᠢ | ᠴᠢᠩᠭ᠎ᠠ ᠬᠠᠮᠢᠶᠠᠷᠤᠨ ᠡᠵᠡᠮᠳᠡᠵᠦ᠂ ᠠᠭᠠᠷ ᠤᠨ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠭᠦᠨᠵᠡᠭᠡᠶ ᠭᠡᠷᠡᠭᠵᠢᠬᠦᠯᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠪᠠ ᠤᠤᠭᠤᠬᠤ ᠤᠰᠤᠨ ᠤ ᠤᠰᠤᠨ ᠰᠤᠷᠪᠤᠯᠵᠢ ᠶᠢᠨ ᠲᠤᠰᠬᠠᠶ | ᠴᠡᠭᠴᠡᠯᠡᠨ ᠵᠠᠰᠠᠯᠲᠠ ᠶᠢ ᠴᠢᠩᠭ᠎ᠠ ᠠᠳᠬᠤᠵᠤ᠂ ᠯᠦᠩ ᠸᠠᠩ ᠭᠸᠤ ᠶᠢᠨ ᠰᠠᠪᠠ ᠭᠠᠵᠠᠷ ᠤᠨ ᠭᠤᠤᠯ ᠤᠨ ᠵᠠᠮ ᠢ ᠵᠠᠰᠠᠬᠤ ᠶᠢ ᠴᠢᠩᠭᠠᠳᠬᠠᠵᠤ᠂ ᠬᠠᠲᠤᠨ ᠭᠤᠤᠯ ᠤᠨ | ᠵᠡᠭᠦᠨᠭᠠᠷ ᠲᠠᠬᠢ ᠬᠡᠰᠡᠭ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠠᠳᠠᠢ ᠭᠤᠤᠯ ᠤᠨᠰᠠᠪᠠ ᠭᠠᠵᠠᠷ ᠤᠨ ᠤᠰᠤᠨ ᠤ | ᠣᠷᠴᠢᠨ ᠲᠣᠭᠤᠷᠢᠨ ᠢ ᠶᠡᠷᠦᠩᠬᠡᠶᠢᠯᠡᠨ ᠰᠠᠶᠢᠵᠢᠷᠠᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ᠂ ᠬᠤᠲᠠ ᠪᠠᠯᠭᠠᠰᠤ ᠶᠢᠨ ᠪᠣᠬᠢᠷ | ᠤᠰᠤ ᠶᠢ ᠴᠡᠪᠡᠷᠰᠢᠬᠦᠯᠤᠨ ᠰᠢᠢᠳᠪᠤᠷᠢᠯᠡᠬᠦ ᠳᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠪᠠ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠩᠭᠠᠳᠬᠠᠨ᠂ | ᠳᠠᠬᠢᠨ ᠠᠰᠢᠬᠯᠠᠵᠤ ᠪᠤᠯᠬᠤ ᠤᠰᠤ ᠶᠢ ᠡᠭᠡᠭᠦᠯᠦᠨ ᠬᠡᠷᠡᠭᠯᠡᠬᠦ ᠪᠠ ᠤᠰᠤ ᠲᠠᠲᠠᠷᠠᠭᠤᠯᠬᠤ ᠬᠤᠭᠤᠯᠠᠶ ᠲᠣᠤᠷ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ | ᠴᠢᠩᠭᠠᠷᠠᠭᠤᠯᠤᠨ᠎ᠠ᠃ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠪᠠ ᠠᠶᠤᠯᠲᠠᠶ ᠬᠠᠶᠠᠭᠳᠠᠮᠠᠯ ᠪᠣᠳᠠᠰ ᠢ ᠤᠶᠢᠯᠡᠳᠪᠤᠷᠢᠯᠡᠳᠡᠭ ᠠᠵᠤ ᠠᠬᠤᠶᠢᠯᠠᠯ ᠤᠨ | ᠭᠠᠳᠠᠭᠰᠢᠯᠠᠭᠤᠯᠤᠯᠲᠠ ᠶᠢ ᠬᠢᠨᠠᠨ ᠬᠠᠮᠢᠶᠠᠷᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠮᠢᠳᠤ ᠪᠣᠳᠠᠰ ᠤᠨ ᠮᠠᠰ ᠤᠨ ᠵᠠᠳᠠᠷᠠᠭᠤᠯᠵᠤ ᠪᠤᠯᠬᠤ ᠰᠦᠯᠢᠶᠣᠣ | ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠪᠦᠯᠢᠶᠠᠨ ᠭᠤᠤᠯ ᠤᠨ ᠨᠡᠭᠦᠷᠡᠰᠦᠨ ᠴᠢᠯᠠᠭᠤ ᠶᠢᠨ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠭᠤᠷᠬᠠᠶ ᠶᠢᠨ | ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠭᠤᠷᠬᠠᠶ ᠶᠢᠨ ᠤᠷᠤᠨ ᠤ ᠭᠠᠵᠠᠷ ᠵᠦᠢ ᠶᠢᠨ ᠣᠷᠴᠢᠨ ᠲᠣᠭᠤᠷᠢᠨ ᠢ | ᠰᠡᠷᠭᠦᠭᠡᠨ ᠵᠠᠰᠠᠬᠤ ᠰᠠᠭᠤᠷᠢ ᠮᠥᠩᠭᠦ ᠶᠢ ᠬᠦᠢᠴᠡᠳ ᠠᠰᠢᠭᠯᠠᠨ᠂ ᠠᠭᠤᠷᠬᠠᠶ ᠶᠢᠨ ᠣᠷᠣᠨ ᠤ ᠣᠯᠠᠨ ᠨᠡᠶᠢᠲᠡ ᠶᠢᠨ ᠣᠷᠣᠨ ᠪᠦᠰᠡ ᠶᠢ 79 ᠭᠠᠵᠠᠷ 3 ᠲᠦᠮᠡᠨ | ᠮᠥ ᠥᠨᠳᠥᠷ ᠪᠠᠷᠢᠮᠵᠢᠶ᠎ᠠ ᠲᠠᠢ ᠪᠠᠷ ᠵᠠᠰᠠᠨ᠎ᠠ᠃ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠵᠢᠴᠢ ᠠᠮᠢ ᠠᠬᠤᠢ ᠣᠷᠴᠢᠨ | ᠲᠣᠭᠤᠷᠢᠨ ᠤ ᠭᠤᠣᠯᠳᠠᠯᠭ᠎ᠠ ᠲᠠᠢ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠳᠤᠭᠠᠷ | ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢ ᠬᠦᠯᠢᠶᠡᠬᠦ ᠡᠯ᠎ᠡ ᠳᠦᠷᠤᠯ ᠤᠨ ᠠᠵᠢᠯ ᠢ ᠪᠦᠬᠦ ᠬᠦᠴᠦᠨ ᠢᠶᠠᠷ | ᠢᠶᠠᠨ ᠰᠠᠶᠢᠳᠤᠷ ᠬᠢᠨ᠎ᠠ᠃ | ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠶᠢ ᠨᠠᠩ ᠥᠨᠳᠥᠷ ᠪᠠᠷᠢᠮᠵᠢᠶ᠎ᠠ ᠲᠠᠢ ᠪᠠᠷ ᠶᠠᠪᠤᠬᠳᠠᠭᠤᠯᠤᠨ᠎ᠠ᠃ ᠶᠡᠭᠡ ᠬᠡᠪᠴᠢᠶᠡᠨ ᠤ ᠤᠯᠤᠰ ᠤᠨ ᠭᠠᠵᠠᠷ | ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠥᠷᠥᠰᠥ ᠰᠢᠷᠣᠶ ᠶᠢᠨ | ᠬᠠᠮᠠᠭᠠᠯᠠᠯᠲᠠ ᠶᠢᠨ ᠵᠠᠰᠠᠯᠲᠠ ᠶᠢ ᠭᠦᠨᠵᠡᠭᠡᠶ ᠬᠡᠷᠡᠭᠵᠢᠭᠦᠯᠦᠨ᠂ 6.3 ᠲᠦᠮᠡᠨ ᠮᠥ ᠣᠶ ᠮᠤᠳᠤ ᠨᠤᠳᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠵᠦ᠂ 1.2 ᠲᠦᠮᠡᠨ ᠮᠥ ᠠᠭᠤᠷᠬᠠᠶ ᠶᠢᠨ ᠣᠷᠣᠨ ᠢ ᠰᠡᠷᠭᠦᠭᠡᠨ ᠳᠠᠬᠢᠨ ᠬᠠᠭᠠᠯᠪᠤᠷᠢᠯᠠᠵᠤ ᠨᠣᠭᠤᠭᠠᠷᠠᠭᠤᠯᠤᠨ᠂ 4.5 ᠲᠦᠮᠡᠨ ᠮᠥ | ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠤᠨ᠎ᠠ᠃ ᠤᠶᠢᠯᠡᠳᠪᠤᠷᠢᠯᠡᠯ ᠢᠶᠠᠨ ᠵᠤᠬᠰᠤᠭᠠᠬᠰᠠᠨ ᠠᠭᠤᠷᠬᠠᠶ ᠶᠢᠨ ᠠᠮᠢ | ᠠᠬᠤᠶ ᠶᠢ ᠰᠡᠷᠭᠦᠭᠡᠬᠦ ᠪᠠ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃ ᠤᠯᠤᠰ ᠤᠨ ᠴᠡᠴᠡᠷᠯᠢᠭᠵᠢᠬᠦᠯᠦᠯᠳᠡ ᠶᠢᠨ ᠰᠢᠶᠠᠨ ᠤ ᠬᠤᠲᠠ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠠᠯᠭᠠᠰᠤ ᠶᠢᠨ ᠳᠣᠲᠣᠷᠠᠬᠢ 11 ᠴᠡᠴᠡᠷᠯᠢᠭ ᠤᠨ ᠨᠣᠭᠤᠭᠠᠷᠠᠭᠤᠯᠤᠯᠲᠠ ᠶᠢ ᠰᠠᠶᠢᠵᠢᠷᠠᠭᠤᠯᠤᠨ | ᠥᠭᠡᠷᠡᠴᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠨᠱᠠᠨ ᠴᠡᠴᠡᠷᠯᠢᠭ᠂ ᠾᠧ ᠰᠢᠶᠧ ᠴᠡᠴᠡᠷᠯᠢᠭ ᠢ ᠳᠡᠰᠵᠢᠬᠦᠯᠬᠦ ᠶᠢ ᠪᠡᠶᠡᠯᠡᠭᠦᠯᠵᠦ᠂ ᠵᠢᠯ ᠤᠨ | ᠳᠣᠲᠣᠷ᠎ᠠ 139 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠯᠳᠠ ᠶᠢᠨ ᠭᠠᠵᠠᠷ ᠢ ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠨ᠎ᠡ᠃ ᠬᠠᠲᠤᠨ ᠭᠤᠤᠯ ᠤᠨ | ᠳᠤᠬᠤᠢ ᠶᠢᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ︵ᠲᠦᠷᠪᠡ︶ ᠬᠤᠳᠠ ᠬᠥᠳᠡᠭᠡ ᠨᠡᠩ ᠦᠵᠡᠰᠬᠦᠯᠡᠩᠲᠦ ᠰᠠᠶᠢᠬᠠᠨ ᠰᠠᠭᠤᠷᠢᠰᠢᠬᠤ ᠳᠤ ᠲᠣᠬᠢᠷᠠᠮᠵᠢᠲᠠᠢ ᠵᠡᠭᠦᠨᠭᠠᠷ ᠢ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ | ᠬᠤᠳᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ | ᠬᠦᠳᠡᠭᠡ ᠳᠤᠰᠬᠤᠨ ᠢ ᠪᠦᠬᠦ ᠳᠠᠯ᠎ᠠ ᠪᠠᠷ ᠬᠦᠭᠵᠢᠬᠦᠯᠤᠨ ᠮᠠᠨᠳᠤᠭᠤᠯᠬᠤ ᠶᠢ ᠦᠨᠳᠤᠷ ᠪᠠᠷᠢᠮᠵᠢᠶ᠎ᠠ ᠲᠠᠢ ᠪᠠᠷ ᠠᠬᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠵᠦ᠂ ᠤᠢ ᠵᠢᠮᠢᠰ ᠤᠨ ᠮᠤᠳᠤ᠂ ᠡᠯᠳᠡᠪ ᠠᠮᠤ ᠵᠡᠷᠭᠡ ᠠᠵᠤ ᠦᠢᠯᠡᠰ ᠤᠨ ᠬᠥᠭᠵᠢᠯᠲᠡ ᠶᠢᠨ ᠨᠡᠶᠢᠭᠡᠮᠯᠢᠭ ᠪᠣᠯᠤᠨ ᠬᠡᠷᠡᠭᠯᠡᠭᠡᠨ ᠤ ᠬᠠᠪᠰᠤᠷᠤᠨ ᠲᠡᠳᠬᠦᠬᠦ | ᠲᠤᠰᠬᠠᠢ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠯᠢᠶᠠᠩ ᠶᠦᠨ ᠭᠠᠭ᠋ᠠᠢ ᠳᠡᠵᠢᠭᠡᠬᠦ ᠤᠶᠢᠯᠡᠰ᠂ ᠬᠠᠳᠤᠨ ᠭᠤᠣᠯ ᠤᠨ ᠲᠤᠲᠤᠷᠭ᠎ᠠ ᠵᠢᠭᠠᠰᠤᠨ ᠠᠵᠤ | ᠠᠬᠤᠢ ᠶᠢᠨ ᠤᠰᠤ ᠠᠷᠪᠢᠯᠠᠬᠤ ᠵᠢᠱᠢᠶ᠎ᠠ ᠦᠵᠡᠭᠦᠯᠬᠦ ᠳᠦᠷᠤᠯ ᠵᠤᠶᠢᠯ᠂ ᠨᠤᠸᠠᠨ ᠱᠦᠢ ᠶᠢᠨ ᠠᠯᠮᠤᠷᠠᠳ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠠᠰᠢᠭ ᠲᠤᠰᠠ ᠶᠢ ᠬᠤᠯᠪᠣᠭᠰᠠᠨ ᠲᠠᠷᠢᠶᠠᠴᠢᠨ ᠡᠷᠦᠬᠡ ᠶᠢ 1.1 ᠲᠦᠮᠡᠨ | ᠡᠷᠦᠬᠡ ᠳᠤ ᠬᠦᠷᠭᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠳᠤ ᠶᠢ | ᠡᠬᠦᠳᠬᠦ ᠶᠢ ᠳᠦᠷᠭᠡᠳᠭᠡᠨ᠂ ᠵᠠᠳᠠᠭᠠᠶ ᠨᠡᠬᠦᠷᠡᠰᠤᠨ ᠠᠭᠤᠷᠬᠠᠶ ᠶᠢᠨ ᠳᠠᠬᠢᠨ ᠬᠠᠭᠠᠯᠪᠤᠷᠢᠯᠠᠬᠤ ᠣᠷᠣᠨ ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤᠭᠤᠷᠢᠭ ᠪᠠᠶᠢᠭᠤᠯᠬᠤ᠂ ᠨᠡᠭᠡᠭᠡᠯᠲᠡ ᠶᠢᠨ ᠤᠷᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠪᠥᠲᠥᠭᠡᠨ ᠪᠠᠶᠢᠭᠤᠯᠤᠯᠲᠠ ᠬᠢᠬᠦ ᠶᠢ ᠡᠬᠢᠯᠡᠭᠦᠯᠵᠦ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠯᠧᠺᠲᠷᠣᠨ | ᠬᠤᠳᠠᠯᠳᠤᠭᠠᠨ ᠤ ᠠᠵᠤ ᠤᠶᠢᠯᠡᠰ ᠤᠨ ᠬᠦᠷᠢᠶᠡᠯᠡᠩ ᠳᠤᠭᠤᠷᠢᠭ ᠪᠠᠶᠢᠭᠤᠯᠬᠤ ᠶᠢ ᠰᠦᠪᠡᠭᠴᠢᠯᠡᠨ ᠠᠬᠢᠭᠤᠯᠵᠤ᠂ ᠠᠮᠳᠠᠳᠠᠢ ᠢᠳᠡᠰᠢᠨ ᠨᠣᠭᠤᠭ᠎ᠠ᠂ ᠬᠤᠵᠢᠷᠯᠢᠭ | ᠭᠠᠵᠠᠷ ᠤᠨ ᠠᠮᠤ ᠪᠤᠳᠠᠭ᠎ᠠ᠂ ᠡᠯᠳᠡᠪ ᠠᠮᠤ᠂ ᠣᠶ ᠵᠢᠮᠢᠰ ᠤᠨ ᠮᠤᠳᠤ᠂ ᠰᠡᠷᠭᠡ ᠪᠠ ᠠᠯᠠᠰᠢᠨ ᠦᠬᠡᠷ ᠢᠶᠠᠷ ᠭᠤᠤᠯᠯᠠᠭᠤᠯᠤᠭᠰᠠᠨ ᠪᠣᠬᠢᠷᠲᠤᠯ ᠥᠬᠡᠶ ᠲᠠᠷᠢᠶᠠᠯᠠᠩ | ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠤᠶᠢᠯᠡᠰ ᠤᠨ ᠬᠡᠯᠬᠢᠶ᠎ᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠪᠥᠬᠦ ᠠᠵᠤ | ᠤᠶᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠬᠢ ᠪᠠᠶᠠᠯᠢᠭ ᠤᠨ ᠨᠡᠭᠡᠭᠡᠯᠲᠡ ᠶᠢ ᠴᠢᠩᠭᠠᠳᠬᠠᠵᠤ᠂ ᠬᠥᠳᠡᠭᠡ | ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠲᠥᠯᠥᠪᠯᠡᠭᠡ ᠶᠢ ᠲᠦᠷᠭᠡᠳᠬᠡᠨ ᠬᠡᠷᠡᠭᠵᠢᠭᠦᠯᠵᠦ᠂ | ᠲᠠᠷᠢᠶᠠᠯᠠᠩ ᠬᠥᠳᠡᠭᠡ ᠲᠣᠰᠬᠤᠨ ᠤ ᠤᠶᠢᠯᠡᠳᠪᠤᠷᠢᠯᠡᠯ ᠡᠵᠡᠩᠨᠡᠯᠲᠡ᠂ ᠠᠵᠤ ᠤᠶᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠤᠤᠯ ᠪᠣᠯᠬᠤ ᠲᠠᠷᠢᠮᠠᠯ ᠤᠨ | ᠰᠠᠶᠢᠨ ᠳᠦᠷᠤᠯ ᠵᠤᠶᠢᠯ ᠤᠨ ᠪᠦᠷᠬᠦᠴᠡ ᠨᠣᠷᠮ᠎ᠠ ᠶᠢ 98% ᠠᠴᠠ ᠳᠠᠪᠠᠭᠤᠯᠤᠨ᠎ᠠ᠃ ᠵᠣᠬᠢᠶᠠᠨ ᠪᠠᠶᠢᠭᠤᠯᠤᠯᠳᠠ ᠶᠢᠨ ᠬᠥᠭᠵᠢᠭᠦᠯᠬᠦ ᠪᠠᠲᠤᠯᠠᠬᠤ ᠴᠢᠳᠠᠪᠤᠷᠢ ᠶᠢ | ᠳᠡᠭᠡᠭᠰᠢᠯᠡᠭᠦᠯᠤᠨ᠂ ᠬᠤᠲᠠ ᠶᠢᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠴᠠᠭ᠎ᠠ ᠲᠣᠰᠬᠤᠨ ᠢ ᠳᠡᠮᠵᠢᠨ ᠬᠥᠲᠥᠯᠦᠨ ᠵᠢᠯᠣᠭᠤᠳᠴᠤ ᠪᠠᠶᠢᠭᠠᠳ ᠲᠣᠰᠬᠤᠨ ᠤ ᠬᠠᠮᠲᠤ ᠶᠢᠨ ᠠᠵᠤ | ᠠᠬᠤᠶ ᠶᠢᠨ ᠭᠤᠤᠯᠯᠠᠬᠤ ᠤᠨᠴᠠᠯᠢᠬᠳᠤ ᠲᠥᠷᠥᠯ ᠵᠤᠶᠢᠯ ᠢ ᠪᠠᠶᠢᠭᠤᠯᠵᠤ ᠂ ᠵᠢᠯ ᠤᠨ ᠳᠣᠲᠣᠷ᠎ᠠ 60 ᠬᠠᠪᠰᠤᠷᠤᠨ ᠲᠡᠳᠬᠦᠬᠦ ᠲᠥᠷᠥᠯ ᠵᠤᠶᠢᠯ᠂ 1000 ᠲᠦᠮᠡᠨ | ᠲᠥᠭᠦᠷᠢᠭ ᠣᠷᠴᠢᠮ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ | ᠣᠷᠣᠯᠭ᠎ᠠ ᠶᠢᠨ ᠶᠡᠷᠦᠩᠬᠡᠶ ᠬᠡᠮᠵᠢᠶ᠎ᠡ ᠶᠢ 5500 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠰᠢᠤᠸᠠᠢ ᠵᠢᠶᠠ ᠸᠠᠨ ᠤ ᠲᠥᠪ ᠬᠤᠳᠠ ᠶᠢᠨ ᠲᠣᠭᠤᠷᠢᠭ ᠤᠨ 1.2 ᠲᠡᠭᠰᠢ ᠳᠥᠷᠪᠡᠯᠵᠢᠨ ᠺᠢᠯᠣᠮᠧᠲᠷ ᠤᠷᠳᠤ | ᠭᠠᠵᠠᠷ ᠳᠣᠣᠷᠠᠬᠢ ᠬᠤᠭᠤᠯᠠᠶ ᠲᠣᠣᠷ᠂ ᠵᠠᠮ ᠳᠡᠪᠢᠰᠬᠦ᠂ ᠪᠠᠷᠢᠯᠭ᠎ᠠ ᠶᠢᠨ ᠪᠣᠰᠤᠭ᠎ᠠ ᠲᠠᠯ᠎ᠠ᠂ ᠦᠵᠡᠮᠵᠢ ᠶᠢᠨ ᠨᠣᠭᠤᠭᠠᠷᠠᠭᠤᠯᠤᠯᠲᠠ ᠵᠡᠷᠭᠡ ᠲᠠᠯ᠎ᠠ ᠪᠠᠷ ᠲᠡᠰ | ᠳᠡᠪᠰᠢᠭᠦᠯᠦᠨ ᠥᠭᠡᠷᠡᠴᠢᠯᠡᠬᠦ ᠠᠵᠢᠯ ᠢ ᠡᠬᠢᠯᠡᠭᠦᠯᠤᠨ᠎ᠠ᠃ 2010 ᠣᠨ ᠠᠴᠠ ᠡᠮᠦᠨ᠎ᠡ ᠪᠠᠶᠢᠭᠤᠯᠤᠭᠰᠠᠨ 71 ᠬᠠᠭᠤᠴᠢᠨ ᠰᠠᠭᠤᠭᠠᠯᠢ ᠲᠣᠭᠤᠷᠢᠭ ᠢ ᠵᠣᠬᠢᠰᠲᠠᠶ ᠪᠠᠷ | ᠥᠭᠡᠷᠡᠴᠢᠯᠡᠨ ᠪᠠᠶᠢᠭᠤᠯᠵᠤ᠂ ᠵᠢᠶᠠ ᠵᠢᠶᠠ ᠸᠠᠨ᠂ ᠵᠧᠦ ᠵᠢᠶᠠ ᠸᠠᠨ ᠤ ᠬᠠᠭᠤᠴᠢᠨ ᠣᠷᠣᠨ ᠰᠠᠭᠤᠴᠠ ᠶᠢᠨ ᠲᠣᠭᠤᠷᠢᠭ ᠢ ᠨᠤᠷᠠᠭᠠᠵᠤ ᠨᠡᠭᠦᠯᠭᠡᠬᠦ | ᠥᠭᠡᠷᠡᠴᠢᠯᠡᠯᠲᠡ ᠶᠢ ᠲᠦᠷᠭᠡᠳᠬᠡᠨ᠎ᠡ᠃ ᠰᠢᠤᠸᠠᠢ ᠵᠢᠶᠠ ᠸᠠᠨ ᠤ ᠬᠤᠳᠠ ᠲᠣᠭᠤᠷᠢᠭᠰᠠᠨ ᠵᠠᠮ ᠢ ᠲᠥᠯᠥᠪᠵᠢᠭᠦᠯᠦᠨ ᠪᠠᠶᠢᠭᠤᠯᠵᠤ᠂ ᠬᠤᠳᠠ ᠶᠢᠨ ᠶᠠᠪᠤᠳᠠᠯ ᠤᠨ ᠵᠠᠮ ᠢ | 24 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠤᠳᠠ ᠶᠢᠨ ᠲᠣᠭᠤᠷᠢᠭ ᠤᠨ ᠵᠠᠮ ᠬᠠᠷᠢᠯᠴᠠᠭᠠᠨ ᠤ ︽ᠡᠷᠭᠢᠯᠲᠡ︾ ᠶᠢ ᠰᠠᠭᠠᠳ ᠦᠭᠡᠢ ᠨᠡᠪᠲᠡᠷᠡᠭᠦᠯᠦᠨ᠎ᠡ᠃ ᠲᠥᠪ | ᠬᠤᠲᠠ ᠶᠢᠨ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠲᠣᠤᠷ ᠢ ᠳᠡᠪᠢᠰᠴᠤ ᠵᠠᠯᠭᠠᠯᠳᠤᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠬᠦᠯᠤᠨ᠎ᠠ᠃ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠵᠦ᠂ ᠵᠢᠵᠢᠭ ᠴᠡᠴᠡᠷᠯᠢᠭ᠂ ᠨᠡᠶᠢᠭᠡᠮ ᠲᠣᠭᠤᠷᠢᠭ ᠤᠨ ᠵᠤᠭᠠᠴᠠᠯ ᠤᠨ | ᠴᠡᠴᠡᠷᠯᠢᠭ ᠢ ᠰᠢᠨ᠎ᠡ ᠪᠠᠷ 6 ᠪᠠᠶᠢᠭᠤᠯᠵᠤ᠂ 7.5 ᠺᠢᠯᠣᠮᠧᠲᠷ ᠭᠤᠤᠯ ᠵᠠᠮ ᠤᠨ ᠵᠡᠭᠡᠯᠢ ᠶᠢᠨ ᠦᠵᠡᠮᠵᠢ ᠶᠢ ᠥᠭᠡᠷᠡᠴᠢᠯᠡᠨ ᠵᠠᠰᠠᠵᠤ᠂ ︽ᠨᠢᠭᠡ ᠵᠡᠭᠡᠯᠢ ᠨᠢᠭᠡ | ᠦᠵᠡᠮᠵᠢ ᠲᠠᠢ ᠨᠢᠭᠡ ᠳᠦᠷᠬᠦ ᠪᠠᠶᠢᠳᠠᠯ ᠲᠠᠢ︾᠂ ︽ᠨᠢᠭᠡ ᠥᠨᠴᠥᠭ ᠨᠢᠭᠡ ᠳᠦᠷᠤᠯ ᠳᠡᠮᠳᠡᠭ ᠲᠠᠢ ᠨᠢᠭᠡ ᠣᠨᠴᠠᠯᠢᠭ ᠲᠠᠢ︾ ᠪᠠᠶᠢᠬᠤ ᠶᠢ ᠪᠡᠶᠡᠯᠡᠭᠦᠯᠦᠨ᠎ᠡ᠃ | ᠡᠵᠡᠩᠨᠡᠯᠲᠡ ᠶᠢᠨ ᠬᠤᠲᠠ ᠶᠢᠨ ᠠᠷᠭ᠎ᠠ ᠮᠠᠶ᠋ᠢᠭ ᠢᠶᠠᠷ᠂ ᠬᠤᠶᠢᠳᠤ ᠠᠭᠤᠯᠠ ᠶᠢᠨ ᠬᠤᠶᠢᠳᠤ ᠭᠡᠰᠡᠭ ᠤᠨ ᠬᠤᠲᠠ ᠶᠢᠨ ᠶᠠᠪᠤᠳᠠᠯ ᠤᠨ ᠵᠠᠮ᠂ ᠬᠤᠭᠤᠯᠠᠶ ᠲᠣᠤᠷ ᠤᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠡᠭᠦᠨᠭᠠᠷ ᠤᠨ ᠳᠤᠮᠳᠠᠳᠤ ᠰᠤᠷᠭᠠᠭᠤᠯᠢ᠂ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠵᠡᠷᠭᠡ ᠣᠯᠠᠨ ᠨᠡᠶᠢᠲᠡ ᠶᠢᠨ ᠤᠶᠢᠯᠡᠴᠢᠯᠡᠭᠡᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠡᠷᠡᠭᠵᠢᠭᠦᠯᠦᠨ᠎ᠡ᠃ ᠨᠠᠷᠠᠲᠠᠶ ᠠᠵᠤ ᠠᠬᠤᠶᠢᠯᠠᠯ ᠢ | ᠤᠷᠤᠭᠤᠯᠤᠨ ᠠᠪᠴᠢᠷᠠᠵᠤ ᠴᠢᠨᠠᠷ ᠰᠠᠶᠢᠲᠠᠶ ᠭᠠᠵᠠᠷ ᠬᠥᠷᠥᠩᠭᠡ ᠶᠢᠨ ᠲᠥᠷᠥᠯ ᠵᠤᠶᠢᠯ ᠢ ᠨᠡᠭᠡᠭᠡᠨ ᠬᠥᠭᠵᠢᠭᠦᠯᠵᠦ᠂ 100 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠲᠠᠸᠠᠷ ᠤᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠤᠨ᠎ᠠ᠃ ᠰᠢᠤᠸᠠᠢ ᠵᠢᠶᠠ ᠸᠠᠨ ᠳ᠋ᠡ ᠯᠤ᠋ ᠶᠢ ᠨᠢᠭᠡ ᠴᠤᠭᠴᠠᠵᠢᠭᠤᠯᠬᠤ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠬᠤᠳᠠᠯᠳᠤᠭᠠᠨ ᠤ ᠢᠵᠢ ᠪᠦᠷᠢᠳᠦᠭᠦᠯᠦᠯᠲᠡ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠬᠤᠳᠠ ᠶᠢᠨ ᠦᠢᠯᠡᠴᠢᠯᠡᠭᠡᠨ ᠤ ᠴᠢᠳᠠᠪᠬᠢ ᠶᠢ ᠴᠢᠨᠠᠭᠰᠢᠳᠠ ᠪᠦᠷᠢᠨᠰᠢᠬᠦᠯᠦᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠨ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠬᠤᠲᠠ ᠶᠢᠨ ᠠᠵᠢᠯᠯᠠᠭᠠᠨ ᠤ ︽ᠨᠢᠭᠡ | ᠰᠦᠯᠵᠢᠶ᠎ᠠ ᠪᠠᠷ ᠨᠢᠭᠡᠳᠦᠯᠲᠡᠶ ᠬᠠᠮᠢᠶᠠᠷᠬᠤ︾ ᠶᠢ ᠠᠬᠢᠭᠤᠯᠤᠨ᠂ ᠪᠥᠬᠦ ᠣᠷᠣᠨ ᠤ ᠳᠤᠭᠠᠴᠠᠯᠠᠬᠰᠠᠨ ᠬᠤᠲᠠ ᠶᠢᠨ ᠵᠠᠰᠠᠯᠳᠠ ᠶᠢᠨ ᠵᠠᠭᠪᠤᠷ ᠢ ᠪᠣᠶ ᠪᠣᠯᠭᠠᠨ᠎ᠠ᠃ | ᠤᠰᠤ ᠪᠠᠷ ᠰᠦᠷᠴᠢᠬᠦ ᠮᠠᠶ᠋ᠢᠭ ᠤᠨ ᠨᠡᠶᠢᠲᠡ ᠶᠢᠨ ᠵᠣᠷᠯᠣᠩ ᠢ 22 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠭᠤᠤᠯᠳᠠᠯᠭᠠᠳᠤ ᠬᠤᠲᠠ ᠶᠢᠨ | ᠲᠣᠭᠤᠷᠢᠭ ᠲᠤ ᠤᠰᠤ ᠪᠠᠷ ᠰᠦᠷᠴᠢᠬᠦ ᠮᠠᠶ᠋ᠢᠭ ᠤᠨ ᠵᠣᠷᠯᠣᠩ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ | ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠪᠦᠬᠦ ᠤᠯᠤᠰ ᠤᠨ ᠪᠣᠯᠪᠠᠰᠤᠨ ᠰᠢᠶᠠᠨ ᠤ ᠬᠤᠳᠠ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠳᠤᠬᠳᠠᠯᠴᠠᠭ᠎ᠠ ᠶᠢ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ ᠭᠤᠤᠯᠳᠠᠯᠭ᠎ᠠ ᠲᠠᠢ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠭᠦᠨᠭᠠᠷ ᠠᠭᠤᠳᠠᠮ ᠲᠠᠯᠠᠪᠠᠶ ᠶᠢᠨ ᠭᠠᠵᠠᠷ ᠳᠣᠤᠷᠠᠬᠢ ᠲᠡᠷᠭᠡᠨ ᠵᠣᠭᠰᠣᠭᠠᠯ ᠢ ᠥᠭᠡᠷᠡᠴᠢᠯᠡᠬᠦ ᠲᠥᠷᠥᠯ ᠵᠤᠶᠢᠯ ᠢ | ᠡᠬᠢᠯᠡᠭᠦᠯᠦᠨ ᠬᠡᠷᠡᠭᠵᠢᠭᠦᠯᠵᠦ᠂ ᠰᠢᠤᠸᠠᠢ ᠵᠢᠶᠠ ᠸᠠᠨ ᠠᠴᠠ ᠳ᠋ᠠ ᠯᠦ ᠰᠢᠨ᠎ᠡ ᠲᠣᠭᠤᠷᠢᠭ ᠬᠥᠷᠬᠦ ᠬᠤᠶᠠᠳᠤᠭᠠᠷ ᠱᠤᠭᠤᠮ ᠤᠨ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠤᠯᠠᠭᠠᠨ ᠬᠥᠭᠦᠷᠭᠡ ᠶᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠲᠡᠷᠭᠡ | ᠵᠣᠭᠰᠣᠭᠠᠬᠤ ᠳᠤ ᠬᠦᠴᠢᠷ᠂ ᠲᠡᠷᠭᠡ ᠶᠠᠪᠤᠬᠤ ᠳᠤ ᠬᠦᠴᠢᠷ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ 5G ᠶᠢᠨ ᠰᠠᠭᠤᠷᠢ ᠥᠷᠲᠡᠭᠡ ᠶᠢ 400 ᠠᠴᠠ | ᠳᠡᠭᠡᠭᠰᠢ ᠲᠥᠯᠥᠪᠵᠢᠭᠦᠯᠦᠨ ᠪᠠᠶᠢᠭᠤᠯᠵᠤ᠂ ᠰᠢᠤᠸᠠᠢ ᠵᠢᠶᠠ ᠸᠠᠨ᠂ ᠳ᠋ᠠ ᠯᠦ ᠰᠢᠨ᠎ᠡ ᠲᠣᠭᠤᠷᠢᠭ᠂ ᠱᠠᠬᠳᠠᠷ ᠭᠤᠤᠯ ᠬᠤᠲᠠ ᠶᠢᠨ ᠲᠣᠭᠤᠷᠢᠭ ᠤᠨ 5G ᠶᠢᠨ | ᠰᠦᠯᠵᠢᠶ᠎ᠡ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠵᠦ᠂ ᠲᠣᠭᠠᠴᠠᠯᠠᠬᠰᠠᠨ ᠵᠡᠭᠦᠨᠭᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠤᠮᠤ | ᠰᠢᠶᠠᠩ ᠪᠠᠯᠭᠠᠰᠤ ᠶᠢᠨ ᠰᠠᠭᠤᠷᠢ ᠳᠦᠬᠦᠭᠡᠷᠤᠮᠵᠢ ᠪᠠ ᠶᠡᠷᠦᠩᠬᠡᠶᠢᠯᠡᠭᠰᠡᠨ ᠤᠶᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠱᠠᠬᠳᠠᠷ ᠤᠨ | ᠬᠠᠭᠤᠴᠢᠨ ᠰᠠᠭᠤᠭᠠᠯᠢ ᠲᠣᠭᠤᠷᠢᠭ ᠪᠠ ᠵᠡᠭᠡᠯᠢ ᠭᠤᠳᠤᠮᠵᠢ ᠶᠢᠨ ᠬᠤᠭᠤᠯᠠᠶ ᠲᠣᠤᠷ᠂ ᠵᠠᠮ ᠤᠨ ᠲᠣᠤᠷ ᠢ ᠥᠭᠡᠷᠡᠴᠢᠯᠡᠨ ᠲᠠᠰ ᠳᠡᠪᠰᠢᠭᠦᠯᠬᠦ ᠶᠢ ᠦᠷᠭᠦᠯᠵᠢᠯᠡᠨ | ᠠᠬᠢᠭᠤᠯᠵᠤ᠂ ᠪᠠᠯᠭᠠᠰᠤᠨ ᠤ ᠲᠣᠭᠤᠷᠢᠭ ᠤᠨ ᠳᠠᠭᠠᠭᠠᠴᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠷᠠᠰᠤᠨ ᠪᠠᠯᠭᠠᠰᠤ ᠠᠴᠠ ᠯᠦᠩ ᠺᠸᠤ | ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ᠂ ᠰᠢᠤᠸᠠᠢ ᠵᠢᠶᠠ ᠸᠠᠨ ᠠᠴᠠ ᠯᠢᠦ ᠴᠢᠩ ᠯᠢᠶᠠᠩ᠂ ᠯᠢᠤ ᠴᠢᠩ ᠯᠢᠶᠠᠩ ᠠᠴᠠ ᠴᠧᠩ ᠫᠦᠸᠧ ᠬᠥᠷᠬᠦ | ᠵᠤᠭᠠᠴᠠᠯ ᠤᠨ ᠵᠠᠰᠠᠮᠠᠯ ᠵᠠᠮ ᠢ ᠡᠬᠢᠯᠡᠨ ᠪᠠᠶᠢᠭᠤᠯᠵᠤ᠂ ᠰᠢᠤᠸᠠᠢ ᠵᠢᠶᠠ ᠸᠠᠨ ᠠᠴᠠ ᠸᠧᠶ ᠵᠢᠶᠠ ᠮᠤᠤ ᠬᠦᠷᠬᠦ ᠱᠤᠭᠤᠮ᠂ ᠰᠢᠶᠤᠤ ᠾᠸᠢ ᠱᠤᠭᠤᠮ ᠵᠡᠷᠭᠡ ᠵᠠᠰᠠᠮᠠᠯ | ᠵᠠᠮ ᠤᠨ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠤᠶᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠥᠮᠦᠰ ᠤᠨ ᠣᠷᠣᠰᠢᠨ ᠠᠮᠢᠳᠤᠷᠠᠬᠤ ᠣᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ︽ | ᠠᠶᠢᠯ ᠡᠷᠤᠭᠡ ᠶᠢᠨ ᠵᠣᠷᠯᠣᠩ ᠢ ᠥᠭᠡᠷᠡᠴᠢᠯᠡᠬᠦ︾ ᠶᠢ ᠦᠷᠭᠦᠯᠵᠢᠯᠡᠨ ᠠᠬᠢᠭᠤᠯᠵᠤ᠂ ᠬᠤᠭ ᠨᠣᠪᠰᠢ ᠪᠣᠬᠢᠷ ᠤᠰᠤ ᠶᠢ ᠴᠡᠪᠡᠷᠯᠡᠨ ᠰᠢᠢᠳᠪᠤᠷᠢᠯᠡᠬᠦ 6 | ᠲᠥᠬᠦᠭᠡᠷᠦᠮᠵᠢ ᠶᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠬᠥᠮᠦᠨ ᠠᠮᠠ ᠲᠥᠪᠯᠡᠷᠡᠭᠰᠡᠨ ᠣᠷᠣᠨ ᠪᠦᠰᠡ ᠶᠢᠨ ᠬᠤᠭ ᠨᠣᠪᠰᠢ ᠪᠣᠬᠢᠷ ᠤᠰᠤ ᠶᠢ ᠴᠥᠮ | ᠪᠦᠲᠦᠮᠵᠢᠲᠡᠶ ᠵᠠᠰᠠᠬᠤ ᠶᠢ ᠦᠨᠡᠨ ᠬᠦ ᠪᠠᠲᠤᠯᠠᠨ᠎ᠠ᠃ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠵᠤ ᠠᠰᠢᠭᠯᠠᠬᠤ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ | ᠪᠥᠳᠥᠭᠡᠨ ᠪᠠᠶᠢᠭᠤᠯᠵᠤ᠂ ᠬᠤᠳᠠ ᠶᠢᠨ ᠲᠡᠬᠦᠷᠭᠡ ᠶᠢᠨ ᠠᠭᠤᠯᠵᠠᠷ ᠬᠡᠰᠡᠭ ᠤᠨ ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠳᠡᠭᠡ ᠴᠡᠭ ᠢ ᠳᠦᠷᠢᠮᠵᠢᠬᠦᠯᠤᠨ | ᠬᠠᠮᠢᠶᠠᠷᠤᠨ᠎ᠠ᠃ 488 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ | 4G ᠰᠠᠭᠤᠷᠢ ᠥᠷᠲᠡᠭᠡ ᠶᠢ 103 ᠰᠠᠭᠤᠷᠢ ᠠᠰᠢᠭᠯᠠᠯᠲᠠ ᠳᠤ ᠣᠷᠣᠭᠤᠯᠵᠤ᠂ ᠪᠤᠷᠤᠳᠤᠬᠤᠢ ᠰᠤᠮᠤ ᠶᠢᠨ ᠠᠮᠢ ᠠᠬᠤᠶ ᠶᠢᠨ ᠤᠰᠤᠨ ᠤ ᠰᠤᠷᠪᠤᠯᠵᠢ ᠶᠢᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠤᠶᠢᠯᠡᠴᠢᠯᠡᠭᠡᠨ ᠤ ᠳᠤᠲᠠᠭᠤᠳᠠᠯ ᠢ | ᠬᠦᠴᠦᠯᠡᠨ ᠨᠥᠬᠦᠪᠥᠷᠢᠯᠡᠨ᠎ᠠ᠃ | ︵ᠲᠠᠪᠤ︶ ᠪᠤᠶᠠᠨ ᠬᠡᠰᠢᠭ ᠨᠡᠩ ᠵᠤᠵᠠᠭᠠᠨ ᠵᠤᠯ ᠵᠢᠷᠭᠠᠯᠲᠤ ᠵᠡᠭᠦᠨᠭᠠᠷ ᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠳᠤᠯᠠᠬᠤ | ᠠᠵᠢᠯ ᠢ ᠰᠠᠶᠢᠳᠤᠷ ᠬᠢᠵᠤ ᠨᠡᠶᠢᠭᠡᠮ ᠤᠨ ᠪᠠᠲᠤᠯᠠᠭ᠎ᠠ ᠶᠢᠨ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠵᠦ᠂ | ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠨ ᠵᠣᠬᠢᠴᠠᠭᠤᠯᠬᠤ ᠪᠠᠶᠢᠩᠭᠤ ᠶᠢᠨ ᠲᠣᠭᠲᠠᠴᠠ ᠶᠢ ᠪᠦᠷᠢᠨᠰᠢᠬᠦᠯᠵᠦ᠂ ᠶᠡᠭᠡ ᠳᠡᠭᠡᠳᠦ ᠰᠤᠷᠭᠠᠭᠤᠯᠢ | ᠠᠴᠠ ᠲᠡᠭᠦᠰᠦᠭᠰᠡᠨ ᠤᠶᠤᠳᠠᠨ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤ ᠶᠢᠨ ᠬᠦᠴᠢᠷᠳᠡᠯᠲᠡᠶ | ᠬᠥᠮᠦᠰ ᠵᠡᠷᠭᠡ ᠭᠤᠤᠯᠳᠠᠯᠭ᠎ᠠ ᠲᠠᠢ ᠬᠦᠮᠤᠰ ᠤᠨ ᠠᠵᠢᠯ ᠣᠯᠵᠤ ᠠᠳᠠᠯ ᠤᠶᠢᠯᠡᠰ ᠴᠣᠭᠴᠠᠯᠠᠬᠤ ᠶᠢ ᠬᠦᠴᠦᠯᠡᠨ ᠪᠠᠲᠤᠯᠠᠵᠤ᠂ ︽ᠠᠵᠢᠯ ᠲᠠᠢ ᠬᠦᠮᠤᠨ | ᠥᠬᠡᠶ︾ ᠬᠡᠷ ᠪᠦᠯᠢ ᠶᠢ ᠬᠥᠳᠡᠯᠦᠩᠭᠦᠶ ᠪᠠᠷ ᠦᠭᠡᠶᠢᠰᠭᠡᠬᠦ ᠶᠢ ᠠᠬᠢᠭᠤᠯᠵᠤ᠂ ᠬᠤᠲᠠ ᠪᠠᠯᠭᠠᠰᠤ ᠶᠢᠨ ᠠᠵᠢᠯ ᠣᠯᠭᠤᠯᠲᠠ ᠶᠢ 3200 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠠᠵᠢᠯ ᠡᠷᠬᠢᠯᠡᠭᠰᠡᠳ᠂ ᠬᠥᠯᠥᠰᠥᠨ ᠠᠵᠢᠯᠴᠢᠨ ᠪᠠ ᠠᠮᠢᠳᠤᠯᠢᠭ ᠢᠶᠠᠷ ᠠᠵᠢᠯ ᠣᠯᠤᠭᠰᠠᠳ ᠢᠶᠠᠷ ᠭᠤᠣᠯᠳᠠᠯᠭ᠎ᠠ ᠪᠣᠯᠭᠠᠭᠰᠠᠨ ᠳᠠᠭᠠᠳᠬᠠᠯ ᠳᠤ | ᠣᠷᠣᠯᠴᠠᠬᠤ ᠠᠵᠢᠯ ᠢ ᠢᠯᠡᠷᠭᠡᠢ ᠰᠠᠶᠢᠲᠤᠷ ᠠᠳᠬᠤᠵᠤ᠂ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠪᠠᠷᠢᠮᠵᠢᠶ᠎ᠠ ᠶᠢ ᠳᠤᠮᠳᠠᠴᠢ ᠪᠠᠷ 40% ᠣᠷᠴᠢᠮ ᠳᠡᠭᠡᠭᠰᠢᠯᠡᠭᠦᠯᠦᠨ᠎ᠡ᠃ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠲᠤ ︽ᠠᠷᠠᠳ ᠤᠨ ᠠᠮᠢᠳᠤᠷᠠᠯ ᠤᠨ | ᠠᠪᠤᠷᠠᠨ ᠲᠤᠰᠠᠯᠠᠬᠤ ᠳᠠᠭᠠᠳᠬᠠᠯ︾ ᠬᠤᠳᠠᠯᠳᠤᠨ ᠠᠪᠴᠤ ᠥᠭᠭᠦᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠳᠤᠬᠳᠠᠯᠴᠠᠭᠠᠨ ᠤ ᠪᠠᠶᠢᠭᠤᠯᠤᠯᠲᠠ ᠶᠢ | ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠪᠦᠲᠦᠮᠵᠢᠲᠡᠶ ᠨᠡᠮᠡᠭᠳᠡᠭᠦᠯᠦᠨ᠎ᠡ᠃ ᠵᠠᠰᠠᠭ ᠤᠨ ᠣᠷᠳᠣᠨ᠂ ᠠᠵᠤ ᠠᠬᠤᠶᠢᠯᠠᠯ᠂ | ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠨᠢᠯᠬ᠎ᠠ ᠬᠡᠤᠬᠡᠳ ᠢ ᠨᠠᠶᠢᠳᠠᠨ | ᠬᠥᠮᠦᠵᠢᠭᠦᠯᠬᠦ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠤᠶᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠢᠯᠬ᠎ᠠ ᠬᠡᠤᠬᠡᠳ ᠢ | ᠨᠠᠶᠢᠳᠠᠨ ᠬᠥᠮᠦᠵᠢᠭᠦᠯᠬᠦ ᠪᠠᠶᠢᠷᠢ ᠶᠢ 700 ᠰᠢᠨ᠎ᠡ ᠪᠠᠷ ᠨᠡᠮᠡᠭᠳᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠨᠠᠰᠤᠵᠢᠯ ᠤᠨ | ᠠᠵᠤ ᠤᠶᠢᠯᠡᠰ ᠤᠨ ᠬᠥᠭᠵᠢᠯᠲᠡ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ | ᠳᠤᠬᠳᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠵᠦ᠂ ᠬᠦᠴᠢᠷᠳᠡᠯ ᠲᠠᠢ | ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠂ ᠨᠡᠶᠢᠭᠡᠮ ᠤᠨ ᠠᠰᠠᠷᠠᠮᠵᠢ ᠶᠢᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠎ᠡ᠃ | ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠮᠠᠭᠠᠯᠠᠯᠲᠠ᠂ ᠰᠠᠶᠢᠨ | ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠵᠡᠷᠭᠡ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠲᠡᠮᠵᠢᠨ᠎ᠡ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠬᠦᠯᠤᠨ᠎ᠠ᠃ ︽ᠲᠡᠷᠢᠭᠦᠨ ᠵᠡᠷᠭᠡ ᠶᠢᠨ ᠰᠤᠷᠭᠠᠭᠤᠯᠢ ᠶᠢ ᠪᠥᠲᠥᠭᠡᠨ ᠪᠠᠶᠢᠭᠤᠯᠵᠤ᠂ ᠲᠡᠷᠢᠭᠦᠨ | ᠵᠡᠷᠭᠡ ᠶᠢᠨ ᠰᠤᠷᠭᠠᠨ ᠬᠥᠮᠦᠵᠢᠯ ᠢ ᠡᠬᠦᠳᠬᠦ︾ ᠬᠠᠷᠠᠯᠲᠠ ᠶᠢᠨ ᠲᠣᠭᠤᠷᠢᠨ ᠳᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ 12 ᠰᠢᠨ᠎ᠡ ᠪᠠᠷ | ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠤᠷᠤᠭᠴᠢ ᠶᠢᠨ ᠤᠷᠤ ᠶᠢ 2430 ᠨᠡᠮᠡᠭᠳᠡᠭᠦᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ | ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠭᠡᠨ᠎ᠠ︔ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠶᠢ ᠭᠦᠨᠵᠡᠭᠡᠶ | ᠠᠬᠢᠭᠤᠯᠵᠤ᠂ ᠨᠡᠷᠡᠳᠤ ᠰᠢᠯᠢᠳᠡᠭ ᠪᠠᠭᠰᠢ ᠶᠢ 118 ᠬᠥᠮᠦᠵᠢᠭᠦᠯᠦᠨ ᠤᠷᠢᠵᠤ ᠠᠪᠴᠢᠷᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ | ᠤᠶᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠥᠭᠵᠢᠯᠲᠡ ᠶᠢᠨ ᠲᠠᠪᠤᠨ | ᠵᠢᠯ ᠤᠨ ᠠᠵᠢᠯᠯᠠᠭᠠᠨ ᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ | ᠲᠤᠬᠠᠶᠢᠯᠠᠭᠰᠠᠨ ᠠᠵᠢᠯ ᠤᠨ ᠵᠦᠷᠢᠶᠡᠳᠤ ᠬᠦᠭᠵᠢᠯᠳᠡ ᠶᠢ ᠠᠬᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠠᠷᠢᠮᠵᠢᠶᠠᠵᠢᠭᠤᠯᠤᠬᠰᠠᠨ | ᠪᠦᠳᠤᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ︽ᠭᠤᠷᠪᠠᠨ ᠬᠥᠬᠡ︾ ᠳᠡᠰ ᠤᠨ ᠮᠣᠩᠭᠤᠯ ᠡᠮᠨᠡᠯᠭᠡ ᠬᠢᠲᠠᠳ | ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠠᠬᠢᠭᠤᠯᠤᠨ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠲᠡᠷᠢᠭᠦᠨ ᠤ ᠬᠤᠰᠢᠭᠤ︾ ᠶᠢᠨ ᠳᠠᠬᠢᠨ ᠰᠢᠯᠭᠠᠷᠠᠭᠤᠯᠤᠯᠳᠠ ᠶᠢ ᠦᠩᠭᠡᠷᠡᠭᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠰᠤᠷᠭᠠᠨ ᠬᠥᠮᠦᠵᠢᠯ᠂ | ᠡᠮᠴᠢᠯᠡᠭᠡᠨ ᠤ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠠᠷᠠᠲᠤ ᠪᠠᠭᠰᠢ ᠨᠠᠷᠠᠲᠤ ᠡᠮᠴᠢ ᠶᠢ ᠵᠠᠯᠠᠨ ᠠᠪᠴᠢᠷᠠᠵᠤ | ᠭᠤᠤᠯᠯᠠᠭᠴᠢ ᠪᠠᠭᠰᠢ᠂ ᠡᠮᠴᠢ ᠶᠢ ᠳᠠᠭᠠᠭᠤᠯᠤᠨ ᠬᠥᠮᠦᠵᠢᠭᠦᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠡᠮᠴᠢᠯᠡᠭᠡᠨ ᠤ ᠤᠶᠢᠯᠡᠴᠢᠯᠡᠭᠡᠨ ᠤ ᠬᠢᠷᠢ ᠲᠦᠪᠰᠢᠨ ᠢ | ᠬᠦᠴᠦᠯᠡᠨ ᠳᠡᠭᠡᠭᠰᠢᠯᠡᠭᠦᠯᠦᠨ᠎ᠡ᠃ ᠱᠠᠬᠳᠠᠷ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠡᠬᠢᠯᠡᠨ ᠪᠦᠲᠦᠭᠡᠨ ᠪᠠᠶᠢᠭᠤᠯᠵᠤ᠂ ᠵᠡᠭᠡᠯᠢ ᠶᠢᠨ | ᠲᠣᠭᠤᠷᠢᠭ ᠤᠨ ᠵᠢᠵᠢᠭ ᠬᠡᠯᠪᠡᠷᠢ ᠶᠢᠨ ᠠᠵᠢᠯᠯᠠᠭᠠᠨ ᠤ ᠲᠠᠯᠠᠪᠤᠷ ᠢ 3 ᠰᠢᠨ᠎ᠡ ᠪᠠᠷ ᠪᠠᠶᠢᠭᠤᠯᠵᠤ᠂ ᠤᠳᠠᠭᠠᠨ ᠠᠯᠬᠤᠯᠠᠵᠤ ᠶᠠᠪᠠᠭᠠᠨ ᠶᠠᠪᠤᠬᠤ ᠵᠠᠮ ᠢ ᠰᠢᠨ᠎ᠡ ᠪᠠᠷ 6 | ᠪᠠᠶᠢᠭᠤᠯᠵᠤ᠂ ᠨᠡᠩ ᠤᠯᠠᠨ ᠠᠵᠢᠯᠯᠠᠭᠠᠨ ᠤ ᠣᠷᠣᠨ ᠵᠠᠶ᠂ ᠤᠳᠠᠭᠠᠨ ᠠᠯᠬᠤᠯᠠᠬᠤ ᠣᠷᠣᠨ ᠵᠠᠶ ᠶᠢ ᠪᠤᠢ ᠪᠣᠯᠭᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠪᠠ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠨᠥᠭᠴᠢᠭᠰᠡᠨ ᠪᠠᠭᠠᠲᠤᠷᠴᠤᠳ ᠤᠨ ᠰᠤᠪᠤᠷᠭ᠎ᠠ ᠶᠢ ᠰᠡᠯᠪᠢᠨ ᠵᠠᠰᠠᠵᠤ | ᠥᠭᠡᠷᠡᠴᠢᠯᠡᠬᠦ ᠶᠢ ᠲᠦᠷᠭᠡᠪᠴᠢᠯᠡᠨ ᠬᠡᠷᠡᠭᠵᠢᠭᠦᠯᠵᠦ᠂ ᠮᠠ ᠵᠠ ᠶᠢᠨ ᠬᠤᠪᠢᠰᠬᠠᠯ ᠤᠨ ᠪᠠᠭᠤᠷᠢ ᠵᠡᠷᠭᠡ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠡᠬᠢ | ᠪᠠᠶᠠᠯᠢᠭ ᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠢ ᠴᠢᠩᠭᠠᠳᠬᠠᠨ᠎ᠠ᠃ ᠤᠳᠬ᠎ᠠ ᠤᠷᠠᠯᠢᠭ ᠤᠨ ᠪᠦᠲᠦᠭᠡᠯ ᠤᠨ ᠴᠢᠨᠠᠷᠵᠢᠯ ᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠪᠥᠬᠦ ᠣᠷᠣᠨ ᠤ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ ᠢ ᠪᠣᠶ ᠪᠣᠯᠭᠠᠵᠤ᠂ ᠵᠡᠭᠦᠨᠭᠠᠷ ᠤᠨ ᠠᠯᠳᠠᠷᠰᠢᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠤᠷᠢᠯᠡᠬᠦ ᠲᠣᠭᠲᠠᠴᠠ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠰᠢᠶᠠᠩ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠᠲᠤ ᠠᠵᠢᠯᠯᠠᠭᠠᠨ ᠢ ᠠᠬᠢᠭᠤᠯᠵᠤ᠂ ᠲᠣᠰᠬᠤᠨ ᠤ | ᠠᠷᠠᠳ ᠤᠨ ᠤᠴᠢᠷ ᠶᠠᠪᠤᠳᠠᠯ ᠢ ᠳᠤᠭᠠᠴᠢᠬᠤ ᠲᠦᠷᠢᠮ ᠢ ᠤᠯᠠᠮ ᠨᠢᠭᠡ ᠠᠯᠬᠤᠮ ᠳᠦᠷᠢᠮᠵᠢᠬᠦᠯᠤᠨ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠣᠷᠣᠨ ᠪᠦᠰᠡ᠂ | ᠴᠢᠳᠠᠮᠵᠢ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠵᠠᠬᠢᠳᠠᠯ ᠰᠤᠷᠪᠤᠯᠵᠢᠯᠠᠯ ᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ | ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠠᠤᠯᠢ ᠶᠣᠰᠣᠭᠠᠷ ᠴᠠᠭ ᠳᠠᠷᠤᠢ ᠳᠤᠨᠢ ᠲᠤᠬᠠᠶ ᠶᠢᠨ ᠭᠠᠵᠠᠷ ᠲᠤᠨᠢ | ᠰᠢᠢᠳᠪᠤᠷᠢᠯᠡᠬᠦ ᠶᠢ ᠠᠬᠢᠭᠤᠯᠤᠨ᠎ᠠ᠃ ︽ ᠠᠮᠤᠭᠤᠯᠠᠩ ᠵᠡᠭᠦᠨᠭᠠᠷ︾ ᠤᠨ ᠪᠥᠲᠥᠭᠡᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠵᠤ᠂ 110 ᠵᠢᠯᠣᠭᠤᠳᠬᠤ | ᠲᠥᠪ ᠤᠨ ᠲᠥᠷᠥᠯ ᠵᠤᠶᠢᠯ ᠢ ᠡᠬᠢᠯᠡᠭᠦᠯᠦᠨ ᠬᠡᠷᠡᠭᠵᠢᠭᠦᠯᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠠᠪᠴᠠᠩ ᠪᠠ ︽ ᠰᠢᠤᠸᠠᠢ ᠯᠢᠶᠠᠩ | ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤ ᠴᠤᠬᠴᠠᠯᠠᠬᠤ ᠶᠢ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠪᠥᠬᠦ | ᠶᠠᠪᠤᠴᠠ ᠶᠢᠨ ᠡᠯ᠎ᠡ ᠲᠠᠯ᠎ᠠ ᠳᠤ ᠦᠨᠡᠨᠬᠦ ᠳᠤᠭᠤᠰᠢᠯᠠᠭᠤᠯᠤᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠤᠨ᠎ᠠ᠃ | ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠤᠷᠢᠭ᠎ᠠ ᠱᠤᠭᠤᠮ ᠤᠨ ᠰᠡᠳᠬᠢᠬᠦᠢ ᠪᠠᠷ ᠬᠥᠭᠵᠢᠯᠲᠡ ᠶᠢ ᠰᠦᠪᠡᠭᠴᠢᠯᠡᠬᠦ ᠶᠢ | ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠢᠳᠡᠪᠬᠢᠲᠡᠢ ᠠᠷᠭᠠᠴᠠᠭᠠᠵᠤ᠂ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠠᠮᠤ ᠪᠤᠳᠠᠭᠠᠨ ᠤ | ᠠᠮᠤᠷ ᠲᠦᠪᠰᠢᠨ᠂ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ᠂ ᠠᠵᠤ ᠦᠢᠯᠡᠰ ᠤᠨ ᠭᠡᠯᠬᠢᠶ᠎ᠠ | ᠬᠠᠩᠭᠠᠯᠭ᠎ᠠ ᠶᠢᠨ ᠭᠡᠯᠬᠢᠶ᠎ᠠ ᠶᠢᠨ ᠠᠮᠤᠷ ᠲᠦᠪᠰᠢᠨ᠂ ᠨᠡᠶᠢᠭᠡᠮ ᠤᠨ ᠬᠦᠷᠢᠶᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠨ᠎ᠠ᠃ | ᠠᠶᠤᠯᠭᠦᠢ ᠦᠢᠯᠡᠳᠪᠦᠷᠢᠯᠡᠯ ᠢ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠭᠡᠮ ᠰᠣᠭᠤᠭ ᠢ ᠪᠦᠬᠦ | ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠲᠠᠪᠴᠠᠩ ᠪᠠ ᠠᠪᠤᠷᠠᠨ | ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ | ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠪᠠ ᠡᠮ ᠤᠨ ᠵᠤᠶᠢᠯ ᠤᠨ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ ᠠᠮᠤᠷ ᠲᠣᠭᠲᠠᠭᠤᠨ ᠬᠥᠭᠵᠢᠯᠲᠡ ᠶᠢᠨ ᠣᠷᠴᠢᠨ ᠠᠬᠤᠢ ᠶᠢ ᠬᠦᠴᠦᠯᠡᠨ ᠪᠤᠢ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ | ᠵᠡᠭᠦᠨᠭᠠᠷ ᠤᠨ ᠬᠠᠯᠬᠠᠪᠴᠢ ᠶᠢ ᠪᠠᠬᠢᠵᠢᠭᠦᠯᠦᠨ᠎ᠡ᠃ | ᠲᠥᠯᠥᠭᠡᠯᠡᠭᠴᠢᠳ ᠡ᠂ ᠪᠢᠳᠡ ᠠᠷᠠᠳ ᠤᠯᠠᠨ ᠤ ᠠᠩᠬᠠᠷᠴᠤ ᠪᠠᠶᠢᠭ᠎ᠠ ᠤᠴᠢᠷ ᠶᠠᠪᠤᠳᠠᠯ ᠠᠴᠠ ᠡᠬᠢᠯᠡᠨ ᠬᠢᠵᠦ᠂ ᠠᠷᠠᠳ ᠲᠦᠮᠡᠨ ᠢ ᠰᠡᠳᠬᠢᠯ ᠬᠠᠨᠤᠮᠵᠢᠲᠠᠶ | ᠪᠣᠯᠭᠠᠬᠤ ᠤᠴᠢᠷ ᠶᠠᠪᠤᠳᠠᠯ ᠠᠴᠠ ᠡᠬᠢᠯᠡᠨ ᠠᠳᠬᠤᠵᠤ᠂ ᠨᠢᠳᠤᠨ ᠳᠤ ᠦᠵᠡᠭᠳᠡᠵᠦ ᠭᠠᠷ ᠲᠤ ᠪᠠᠷᠢᠬᠳᠠᠮ᠎ᠠ ᠬᠤᠪᠢᠷᠠᠯᠲᠠ ᠪᠠᠷ ᠵᠠᠰᠠᠭ ᠤᠨ ᠣᠷᠳᠣᠨ ᠤ | ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠤᠨ᠂ ᠠᠷᠠᠳ ᠤᠯᠠᠨ ᠢ ᠬᠤᠪᠢᠷᠠᠯᠲᠠ ᠶᠢᠨ ᠳᠤᠮᠳᠠ ᠠᠴᠠ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠢ ᠨᠢ ᠳᠡᠭᠡᠭᠰᠢᠯᠡᠭᠦᠯᠦᠨ᠎ᠡ︕ | ᠲᠦᠷᠪᠡ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠲᠠᠢ ᠰᠢᠨ᠎ᠡ ᠲᠦᠷᠢ ᠲᠥᠷᠬᠦ ᠶᠢ ᠢᠯᠡᠷᠡᠬᠦᠯᠤᠨ᠎ᠠ | ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠳᠠ | ᠦᠬᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠤ ᠶᠢ | ᠡᠷᠬᠢᠮᠯᠡᠬᠦ ᠶᠢ ᠭᠠᠳᠠᠭᠠᠳᠤ ᠱᠠᠭᠠᠷᠳᠠᠯᠭ᠎ᠠ ᠠᠴᠠ ᠳᠣᠲᠣᠭᠠᠳᠤ ᠰᠠᠨᠠᠭᠠᠴᠢᠯᠠᠭᠠᠲᠤ ᠪᠠᠶᠢᠳᠠᠯ ᠪᠣᠯᠭᠠᠨ ᠬᠤᠪᠢᠷᠠᠭᠤᠯᠤᠨ᠎ᠠ᠃ ︽ᠬᠤᠶᠠᠷ ᠢ ᠲᠣᠭᠲᠠᠭᠠᠬᠤ︾ ᠶᠢᠨ | ᠰᠢᠢᠳᠪᠤᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠶᠡᠭᠡ ᠲᠠᠯ᠎ᠠ︾ ᠳᠤ ᠰᠠᠭᠤᠷᠢᠯᠠᠨ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠠᠤᠯᠢᠵᠢᠯ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ | ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ ᠶᠢ ᠪᠠᠷᠢᠮᠲᠠᠯᠠᠨ᠎ᠠ᠃ ᠬᠠᠤᠯᠢᠵᠢᠯ ᠵᠠᠰᠠᠭ ᠤᠨ | ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠵᠢᠯᠯᠠᠭᠠᠨ ᠢ ᠬᠠᠤᠯᠢᠵᠢᠭᠤᠯᠬᠤ᠂ ᠳᠦᠷᠢᠮᠵᠢᠬᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠭᠡ ᠶᠢᠨ ᠠᠵᠢᠯᠯᠠᠭᠠᠨ | ᠢ ᠢᠯᠡ ᠪᠠᠷ ᠶᠠᠪᠤᠬᠳᠠᠭᠤᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ | ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠎ᠠ᠃ | ᠠᠯᠢᠪᠠ ᠭᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ | ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠨ᠎ᠠ᠃ ᠲᠣᠭᠤᠷᠢᠨ ᠴᠠᠬᠳᠠᠬᠤ᠂ ᠴᠠᠬᠳᠠᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠳᠠᠯᠪᠢᠬᠤ ᠶᠢ ᠤᠬᠠᠮᠰᠠᠷ ᠠᠴᠠ ᠪᠠᠨ | ᠬᠦᠯᠢᠶᠡᠨ᠎ᠠ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠢᠯᠵᠠᠷᠠᠬᠤ ᠠᠴᠠ ᠵᠢᠷᠤᠭᠡᠰᠢᠶᠡᠬᠦ᠂ ᠢᠯᠵᠠᠷᠠᠵᠤ | ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠣᠨᠣᠪᠴᠢ ᠶᠢᠨ | ᠬᠡᠮᠵᠢᠶ᠎ᠡ ᠪᠠ ᠴᠠᠭ ᠬᠤᠭᠤᠴᠠᠭᠠᠲᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠢ ᠠᠵᠤ ᠠᠬᠤᠶᠢᠯᠠᠯ ᠪᠠ ᠣᠯᠠᠨ ᠲᠦᠮᠡᠨ ᠤ | ᠬᠦᠰᠡᠯ ᠡᠷᠡᠮᠡᠯᠵᠡᠯ ᠳᠤ ᠨᠠᠩ ᠢᠯᠡᠭᠦᠤ ᠨᠡᠶᠢᠴᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠲᠤᠷ ᠲᠤᠰᠬᠠᠬᠤ ᠶᠢ | ᠠᠬᠢᠭᠤᠯᠤᠨ᠎ᠠ᠃ ᠠᠵᠤ ᠠᠬᠤᠶ ᠶᠢᠨ ᠠᠷᠭ᠎ᠠ ᠪᠠᠷᠢᠯ᠂ ᠵᠠᠰᠠᠭ ᠵᠠᠬᠢᠷᠭᠠᠨ ᠤ ᠠᠷᠭ᠎ᠠ ᠪᠠᠷᠢᠯ᠂ ᠬᠠᠤᠯᠢ ᠪᠠᠷ ᠵᠠᠰᠠᠬᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ | ᠬᠦᠴᠢᠷ ᠠᠰᠠᠭᠤᠳᠠᠯ ᠢ ᠰᠢᠢᠳᠪᠤᠷᠢᠯᠡᠨ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠬᠤ ᠶᠢ ᠨᠠᠩ ᠢᠯᠡᠭᠦᠤ ᠴᠢᠬᠤᠯᠠᠴᠢᠯᠠᠵᠤ᠂ ᠠᠳᠠᠯ ᠤᠶᠢᠯᠡᠰ ᠴᠣᠭᠴᠠᠯᠠᠬᠤ | ᠠᠮᠢ ᠠᠬᠤᠶ ᠶᠢ ᠪᠣᠶ ᠪᠣᠯᠭᠠᠵᠤ᠂ ᠪᠦᠯᠬᠦᠮᠳᠡᠨ ᠤᠷᠤᠭᠰᠢᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠳᠦᠷᠤᠯ ᠤᠨ ᠰᠢᠢᠳᠪᠤᠷᠢᠳᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | ᠲᠥᠯᠥᠭᠡᠯᠡᠭᠴᠢᠳ ᠡ᠂ ᠬᠠᠷᠠᠯᠲᠠ ᠨᠢ ᠬᠥᠮᠦᠰ ᠢ ᠤᠷᠮᠠᠰᠢᠭᠤᠯᠤᠨ ᠵᠤᠷᠢᠬᠵᠢᠭᠤᠯᠵᠤ᠂ ᠪᠣᠳᠠᠲᠠᠢ ᠠᠵᠢᠯᠯᠠᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠤ ᠴᠢᠳᠠᠨ᠎ᠠ | ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠦᠷᠭᠦᠯᠵᠢᠯᠡᠨ ᠲᠡᠮᠡᠴᠡᠵᠦ᠂ ᠭᠤᠶᠢᠪᠢᠰᠢ ᠦᠭᠡᠢ ᠰᠠᠶᠢᠨ ᠲᠠᠭᠠᠭᠤᠯᠤᠭᠴᠢ ᠪᠤᠯᠵᠤ᠂ ᠰᠢᠨ᠎ᠡ | ᠵᠠᠮ ᠢᠶᠠᠷ ᠰᠠᠶᠢᠲᠤᠷ ᠵᠠᠮᠨᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ | ᠤᠭᠲᠤᠵᠠᠭᠠᠶ᠎ᠠ︕ |