ᠡᠨᠡᠬᠦ ᠨᠤᠳᠤᠭ ᠤᠨ ᠠᠵᠤ ᠠᠬᠤᠶᠢᠯᠠᠯᠳᠠᠨ ᠨᠤᠳᠤᠭ ᠤᠨ ᠭᠠᠷᠤᠯᠳᠡ ᠪᠠᠨ ᠬᠡᠷᠬᠢᠨ ᠠᠮᠧᠷᠢᠺᠡ ᠳᠤ ᠪᠤᠷᠤᠯᠠᠭᠤᠯᠤᠬᠰᠠᠨ ᠪᠤᠯ︖
ᠨᠡᠶᠢᠲᠡᠯᠡᠭᠰᠡᠨ ᠴᠠᠭ᠄
2022/1/24
     ᠸᠠᠩ ᠳ᠋ᠦᠡᠭ ᠪᠤᠯ ᠤᠷᠳᠤᠰ ᠤᠨ ᠸᠠᠩ ᠳ᠋ᠤᠤ ᠠᠷᠢᠬᠢᠨ ᠤ ᠬᠢᠵᠠᠭᠠᠷᠳᠤ ᠺᠤᠮᠫᠠᠨᠢ ᠶᠢᠨ ᠬᠦᠢᠴᠡᠳᠭᠡᠭᠴᠢ ᠬᠡᠷᠡᠭ ᠮᠡᠳᠡᠭᠴᠢ ᠪᠤᠯᠬᠤ ᠪᠦᠬᠡᠳ ᠵᠡᠭᠦᠨᠭᠠᠷ ᠬᠤᠰᠢᠭᠤᠨ ᠤ ᠤᠤᠭᠠᠯ ᠢᠷᠬᠡᠨ ᠮᠦᠨ᠃ 2016 ᠤᠨ ᠳᠤ᠂ ᠠᠵᠢᠯ ᠦᠢᠯᠡᠰ ᠦᠷᠨᠢᠨ ᠬᠦᠭᠵᠢᠵᠤ ᠠᠮᠧᠷᠢᠺᠡ ᠤᠯᠤᠰ ᠤᠨ ᠡᠷᠬᠡᠳᠦ ᠠᠷᠡᠳ ᠤᠨ ᠺᠠᠷᠲ ᠲᠠᠢ ᠪᠤᠯᠤᠬᠰᠠᠨ ᠤ ᠳᠠᠷᠠᠭ᠎ᠠ᠂ ᠳᠡᠷᠡ ᠡᠷᠡᠰ ᠰᠢᠭᠤᠷᠬᠠᠢ ᠪᠠᠷ ᠰᠢᠢᠳᠪᠤᠷᠢ ᠭᠠᠷᠭᠠᠨ ᠵᠡᠭᠦᠨᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠳᠤ ᠢᠷᠡᠵᠤ ᠪᠡᠯᠡ ᠤᠷᠤᠭᠤᠯᠤᠨ ᠸᠠᠩ ᠳ᠋ᠤᠤ ᠠᠷᠢᠬᠢᠨ ᠤ ᠦᠢᠯᠡᠰ ᠤᠨ ᠬᠢᠵᠠᠭᠠᠷᠳᠤ ᠺᠤᠮᠫᠠᠨᠢ ᠶᠢ ᠪᠠᠶᠢᠭᠤᠯᠪᠠ᠃ ᠺᠤᠮᠫᠠᠨᠢ ᠪᠠᠶᠢᠭᠤᠯᠤᠬᠳᠠᠬᠰᠠᠨ ᠬᠡᠳᠦᠨ ᠵᠢᠯ ᠤᠨ ᠳᠤᠷᠰᠢ᠂ ᠰᠢᠯᠢᠳᠡᠭ ᠦᠢᠯᠡᠳᠬᠦᠨ ᠤ ᠴᠢᠨᠡᠷ ᠴᠢᠨᠰᠠᠭ᠎ᠠ ᠪᠠ  ᠳᠠᠪᠰᠢᠩᠭᠤᠢ ᠦᠢᠯᠡᠰ ᠪᠦᠳᠦᠬᠡᠬᠦ ᠤᠬᠠᠮᠰᠠᠷ ᠲᠠᠭᠠᠨ ᠲᠦᠰᠢᠭᠯᠡᠭᠰᠡᠨ ᠠᠴᠠ ᠠᠵᠤ ᠦᠢᠯᠡᠰ ᠨᠢ ᠤᠯᠠᠮ ᠢᠶᠠᠷ ᠪᠤᠵᠠᠭᠠᠶᠢᠷᠠᠵᠤ ᠂ ᠦᠢᠯᠡᠳᠬᠦᠨ ᠨᠢ ᠤᠯᠤᠰ ᠤᠨ ᠳᠤᠳᠤᠭᠠᠳᠤ ᠳᠤ ᠵᠤᠬᠢᠬᠤ ᠵᠠᠬ᠎ᠠ ᠳᠡᠯᠬᠡᠬᠦᠷ ᠲᠠᠢ ᠪᠤᠯᠤᠬᠰᠠᠨ ᠪᠦᠬᠡᠳ ᠠᠮᠧᠷᠢᠺᠡ ᠳᠤ ᠭᠠᠷᠭᠠᠬᠤ ᠪᠠᠷ ᠪᠤᠯᠪᠠ᠃     ᠤᠷᠳᠤᠰ ᠤᠨ ᠸᠠᠩ ᠳ᠋ᠤᠤ ᠠᠷᠢᠬᠢᠨ ᠤ ᠦᠢᠯᠡᠰ ᠤᠨ ᠬᠢᠵᠠᠭᠠᠷᠳᠤ ᠺᠤᠮᠫᠠᠨᠢ ᠳᠤ ᠬᠦᠷᠪᠡᠯ᠂ ᠴᠡᠪᠡᠷ ᠳᠤᠬᠢᠯᠢᠭ ᠦᠢᠯᠡᠳᠪᠦᠷᠢ ᠶᠢᠨ ᠳᠠᠰᠤᠭ᠂ ᠳᠡᠷᠢᠬᠦᠨ ᠤ ᠳᠤᠨᠤᠭ ᠳᠦᠬᠦᠬᠡᠷᠦᠮᠵᠢ ᠨᠢ ᠦᠨᠢ ᠡᠷᠳᠡ ᠶᠢᠨ ᠠᠷᠢᠬᠢ ᠨᠡᠷᠡᠬᠦ ᠮᠡᠷᠬᠡᠵᠢᠯ ᠲᠠᠢ ᠤᠶᠠᠯᠳᠤᠵᠤ ᠬᠦᠮᠦᠰ ᠤᠨ  ᠪᠠᠭᠷᠬᠠᠯ ᠢ ᠳᠠᠳᠠᠨ᠎ᠠ᠃ ᠠᠵᠤ ᠠᠬᠤᠶᠢᠯᠡᠯ ᠢᠶᠠᠨ ᠤᠳᠤᠬᠢᠴᠢᠯᠠᠬᠰᠠᠨ ᠬᠦᠭ ᠠᠮᠢᠰᠬᠤᠯ ᠢᠶᠠᠷ ᠪᠢᠯᠬᠠᠭᠤᠯᠬᠤ ᠶᠢᠨ ᠬᠠᠮᠳᠤ ᠤᠯᠠᠮᠵᠢᠯᠠᠯᠳᠤ ᠠᠷᠢᠬᠢ ᠨᠡᠷᠡᠬᠦ ᠭᠠᠷ ᠤᠷᠠᠯᠠᠯ ᠢᠶᠠᠨ ᠬᠠᠳᠠᠭᠠᠯᠠᠬᠤ ᠨᠢ ᠸᠠᠩ ᠳ᠋ᠦᠡᠭ ᠤᠨ ᠠᠵᠤ ᠠᠬᠤᠶᠢᠯᠡᠯ ᠡᠷᠬᠢᠯᠡᠬᠦ ᠤᠭ ᠰᠠᠨᠠᠭ᠎ᠠ  ᠪᠠᠶᠢᠪᠠ᠃     ᠸᠠᠩ ᠳ᠋ᠦᠡᠭ ᠤᠨ ᠠᠯᠪᠠᠨ ᠬᠡᠷ ᠲᠤ᠂ ᠲᠤᠷᠤᠭ ᠴᠠᠷᠡᠰᠤᠨ ᠰᠠᠭᠤᠯᠠᠭ᠎ᠠ ᠨᠢ ᠤᠨᠴᠠ ᠶᠢᠨ ᠠᠩᠬᠠᠷᠤᠯ ᠢ ᠳᠠᠳᠠᠨ᠎ᠠ᠃ ᠳᠡᠬᠦᠨ ᠤ  ᠰᠤᠷᠪᠤᠯᠵᠢᠯᠠᠬᠴᠢ ᠳᠤ ᠲᠠᠨᠢᠯᠴᠠᠭᠤᠯᠤᠬᠰᠠᠨ ᠢᠶᠠᠷ᠂ ᠡᠨᠡ ᠪᠤᠯ ᠳᠡᠬᠦᠨ ᠤ ᠰᠢᠨ᠎ᠡ ᠶᠢ ᠡᠬᠦᠳᠴᠤ ᠪᠠᠶᠢᠭ᠎ᠠ ᠦᠢᠯᠡᠳᠬᠦᠨ ᠪᠤᠯᠤᠨ᠎ᠠ᠂ ᠳᠤᠮᠳᠠᠳᠤ ᠤᠯᠤᠰ ᠤᠨ ᠬᠠᠷ᠎ᠡ ᠠᠷᠢᠬᠢ ᠶᠢ ᠲᠤᠷᠤᠭ ᠴᠠᠷᠡᠰᠤᠨ ᠰᠠᠭᠤᠯᠠᠭ᠎ᠠ ᠳᠤ ᠬᠢᠵᠤ᠂ ᠤᠷᠳᠤ ᠬᠤᠭᠤᠴᠠᠭ᠎ᠠ ᠨᠡᠷᠡᠪᠡᠯ ᠳᠤᠮᠳᠠᠳᠤ ᠤᠯᠤᠰ ᠤᠨ ᠸᠢᠰᠺᠢ ᠶᠢ ᠨᠡᠷᠡᠬᠦ ᠪᠤᠯᠤᠮᠵᠢ ᠲᠠᠢ ᠬᠡᠨ᠎ᠠ᠃ ᠡᠨᠡ ᠪᠤᠯ ᠮᠦᠨᠴᠤ ᠸᠠᠩ ᠳ᠋ᠦᠡᠭ ᠳᠤᠮᠳᠠᠳᠤ ᠤᠯᠤᠰ ᠤᠨ ᠬᠠᠷ᠎ᠡ ᠠᠷᠢᠬᠢ ᠶᠢ ᠠᠪᠴᠤ ᠤᠯᠤᠰ ᠤᠨ ᠡᠬᠦᠳᠡᠨ ᠠᠴᠠ ᠭᠠᠷᠭᠠᠬᠤ ᠠᠩᠬᠠᠨ ᠤ ᠨᠢᠬᠡ ᠠᠯᠬᠤᠮ  ᠪᠤᠯᠤᠨ᠎ᠠ᠃ ᠨᠢᠬᠡ ᠵᠢᠯ ᠤᠨ ᠡᠮᠦᠨ᠎ᠡ᠂ ᠳᠡᠷᠡ ᠦᠢᠯᠡᠳᠬᠦᠨ ᠢᠶᠠᠨ ᠠᠮᠧᠷᠢᠺᠡ ᠳᠤ ᠭᠠᠷᠭᠠᠬᠤ ᠠᠵᠢᠯ ᠢᠶᠠᠨ ᠱᠠᠯᠠᠪᠳᠠᠨ ᠬᠢᠵᠦ᠂ ᠤᠳᠤᠬᠠᠨ ᠳᠤ ᠪᠡᠯᠡᠳᠬᠡᠯ ᠠᠵᠢᠯ ᠢᠶᠠᠨ ᠳᠠᠭᠤᠰᠬᠠᠵᠤ ᠦᠢᠯᠡᠳᠬᠦᠨ ᠢᠶᠠᠨ ᠠᠮᠧᠷᠢᠺᠡ ᠳᠤ ᠭᠠᠷᠭᠠᠬᠤ ᠪᠠᠷ ᠪᠡᠯᠡᠬᠡᠨ ᠪᠤᠯᠵᠠᠢ᠃     ᠸᠠᠩ ᠳ᠋ᠦᠡᠭ ᠶᠠᠷᠢᠬᠤ ᠪᠠᠷ᠂《ᠡᠨᠡ ᠵᠢᠯ ᠤᠨ 7 ᠰᠠᠷ᠎ᠡ ᠳᠤ ᠪᠢᠳᠡ ᠠᠮᠧᠷᠢᠺᠡ ᠳᠠᠬᠢ ᠭᠠᠭᠴᠠᠭᠠᠷ ᠪᠤᠷᠤᠯᠠᠭᠤᠯᠬᠤ ᠬᠡᠯᠡᠯᠴᠡᠬᠡᠷ ᠢᠶᠠᠨ ᠳᠤᠭᠳᠠᠵᠤ᠂ ᠬᠠᠷᠢᠵᠤ ᠢᠷᠡᠭᠰᠡᠨ ᠤ ᠳᠠᠷᠠᠭ᠎ᠠ ᠦᠢᠯᠡᠳᠬᠦᠨ ᠤ ᠪᠤᠭᠤᠳᠠᠯ ᠤᠨ ᠦᠯᠢᠬᠡᠷ ᠶᠠᠩᠵᠤ ᠶᠢ ᠶᠠᠭᠠᠷᠠᠯᠳᠡᠢ ᠵᠤᠬᠢᠶᠡᠪᠠ᠃ ᠤᠳᠤᠬᠠᠨ ᠳᠤ ᠪᠤᠭᠤᠳᠠᠯ ᠤᠨ ᠦᠯᠢᠬᠡᠷ ᠶᠠᠩᠵᠤ ᠶᠢ ᠵᠤᠬᠢᠶᠠᠨ ᠳᠠᠭᠤᠰᠬᠠᠵᠤ᠂ ᠠᠮᠧᠷᠢᠺᠡ ᠶᠢᠨ ᠪᠠᠷᠢᠮᠵᠢᠶᠠᠳᠤ ᠬᠠᠮᠢᠶᠠᠷᠤᠯᠳᠡ ᠶᠢᠨ ᠰᠠᠯᠠᠭ᠎ᠠ ᠮᠦᠴᠢᠷ ᠤᠨ ᠬᠢᠨᠠᠨ ᠬᠠᠷᠭᠤᠭᠤᠯᠳᠠ ᠶᠢ ᠳᠠᠮᠵᠢᠨ ᠦᠯᠢᠬᠡᠷ ᠶᠠᠩᠵᠤ ᠠᠪᠴᠠᠢ ᠃ ᠤᠳᠠᠯ ᠦᠬᠡᠢ ᠯᠤᠩᠬᠤᠨ ᠳᠤ ᠬᠢᠵᠤ ᠭᠠᠳᠠᠭᠠᠳᠤ ᠳᠤ ᠭᠠᠷᠭᠠᠬᠤ ᠪᠤᠯᠤᠨ᠎ᠠ᠃ ᠮᠠᠨ ᠤ ᠬᠠᠷ᠎ᠡ ᠠᠷᠢᠬᠢ ᠨᠡᠩ ᠤᠯᠠᠨ ᠠᠮᠧᠷᠢᠺᠠᠴᠤᠳ ᠴᠢᠨᠠᠬᠰᠢᠯᠡᠨ ᠪᠦᠬᠦ ᠪᠦᠮᠪᠦᠷᠴᠡᠭ ᠤᠨ ᠬᠦᠮᠦᠨ ᠠᠷᠡᠳ ᠤᠨ ᠲᠠᠭᠠᠰᠢᠶᠠᠯ ᠢ ᠤᠯᠵᠦ᠂ ᠮᠠᠨ ᠤ ᠳᠤᠮᠳᠠᠳᠤ ᠤᠯᠤᠰ ᠤᠨ ᠠᠷᠢᠬᠢᠨ ᠤ ᠰᠤᠶᠤᠯ ᠢ ᠤᠶᠢᠯᠠᠭᠠᠬᠤ ᠶᠢᠨ ᠬᠠᠮᠳᠤ ᠬᠦᠯᠢᠶᠡᠨ ᠠᠪᠬᠤ ᠶᠢ ᠬᠦᠰᠡᠵᠤ ᠪᠠᠶᠢᠨ᠎ᠠ 》ᠬᠡᠵᠡᠢ᠃      1995 ᠤᠨ ᠳᠤ ᠨᠠᠨᠵᠢᠩ ᠤᠨ ᠪᠠᠶᠢᠭᠠᠯᠢ ᠲᠧᠭᠨᠢᠭ ᠤᠨ ᠶᠡᠭᠡ ᠰᠤᠷᠭᠠᠭᠤᠯᠢ ᠠᠴᠠ ᠳᠡᠬᠦᠰᠦᠭᠰᠡᠨ ᠤ ᠳᠠᠷᠠᠭ᠎ᠠ᠂ ᠸᠠᠩ ᠳ᠋ᠦᠡᠭ ᠳᠤᠬᠠᠢ ᠶᠢᠨ ᠭᠠᠵᠠᠷ ᠤᠨ ᠨᠡᠷᠡᠳᠦ ᠠᠵᠤ ᠠᠬᠤᠶᠢᠯᠡᠯ ᠤᠨ ᠶᠠᠰᠤ ᠴᠢᠨᠡᠷ ᠪᠠᠶᠢᠴᠠᠭᠠᠬᠴᠢ ᠠᠴᠠ ᠡᠬᠢᠯᠡᠨ ᠬᠢᠵᠤ᠂ ᠠᠯᠬᠤᠮ ᠠᠯᠬᠤᠮ ᠢᠶᠠᠷ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠪᠤᠯᠵᠤ᠂ ᠰᠡᠬᠦᠯᠡᠷ ᠨᠢ ᠦᠪᠡᠷ ᠤᠨ ᠲᠡᠯᠪᠡᠴᠡᠬᠦ ᠺᠤᠮᠫᠠᠨᠢ ᠪᠠᠶᠢᠭᠤᠯᠬᠤ ᠶᠢᠨ ᠬᠠᠮᠳᠤ 2013 ᠤᠨ ᠳᠤ ᠠᠮᠧᠷᠢᠺᠡ ᠶᠢᠨ ᠡᠷᠬᠡᠳᠦ ᠠᠷᠡᠳ ᠤᠨ ᠺᠠᠷᠲ ᠲᠠᠢ ᠪᠤᠯᠪᠠ᠃ ᠠᠵᠢᠯ ᠦᠢᠯᠡᠰ ᠦᠬᠡᠳᠡ ᠡᠰᠡᠷᠡᠭ᠂ ᠠᠶᠢᠯ ᠬᠡᠷ ᠨᠢ ᠵᠤᠯ ᠵᠢᠷᠭᠠᠯ ᠲᠠᠢ᠂ ᠬᠡᠦᠬᠡᠳ ᠨᠢ ᠠᠮᠧᠷᠢᠺᠡ ᠳᠤ ᠰᠤᠷᠭᠠᠨ ᠬᠦᠮᠦᠵᠢᠯ ᠬᠦᠷᠳᠡᠵᠦ ᠪᠠᠶᠢᠪᠠᠴᠤ ᠸᠠᠩ ᠳ᠋ᠦᠡᠭ ᠢᠮᠠᠬᠳᠠ ᠨᠤᠳᠤᠭ ᠢᠶᠠᠨ ᠰᠠᠨᠠᠭᠠᠯᠵᠠᠳᠠᠭ ᠪᠠᠶᠢᠯ᠎ᠠ᠃      2016 ᠤᠨ ᠳᠤ᠂ ᠤᠷᠳᠤᠰ ᠬᠤᠳᠠ ᠶᠢᠨ ᠸᠠᠩ ᠳ᠋ᠤᠤ ᠠᠷᠢᠬᠢᠨ ᠤ ᠦᠢᠯᠡᠰ ᠤᠨ ᠬᠢᠵᠠᠭᠠᠷᠳᠤ  ᠺᠤᠮᠫᠠᠨᠢ ᠨᠢ ᠵᠡᠬᠦᠨᠭᠠᠷ ᠠᠵᠤ ᠠᠬᠤᠢ ᠶᠢᠨ ᠨᠡᠬᠡᠬᠡᠯᠳᠡ  ᠶᠢᠨ ᠤᠷᠤᠨ ᠳᠤ ᠪᠠᠷᠢᠯᠭ᠎ᠠ ᠪᠠᠨ ᠡᠬᠢᠯᠡᠬᠦᠯᠪᠡ᠃ ᠤᠬᠤᠷᠬᠠᠨ ᠬᠡᠳᠦᠨ ᠵᠢᠯ ᠤᠨ ᠬᠤᠭᠤᠷᠤᠨᠳᠤ ᠺᠤᠮᠫᠠᠨᠢ ᠶᠢᠨ ᠦᠢᠯᠡᠳᠪᠦᠷᠢᠯᠡᠭᠰᠡᠨ ᠰᠢᠷᠢᠰ ᠠᠷᠢᠬᠢ ᠨᠢ ᠨᠡᠷ᠎ᠡ ᠠᠯᠳᠠᠷ ᠮᠠᠨᠳᠤᠵᠠᠢ᠃ ᠸᠠᠩ ᠳ᠋ᠦᠡᠭ ᠠᠮᠧᠷᠢᠺᠡ ᠳᠤ ᠰᠤᠷᠤᠯᠴᠠᠬᠰᠠᠨ ᠳᠡᠷᠢᠬᠦᠨ ᠤ ᠬᠠᠮᠢᠶᠠᠷᠤᠯᠳᠡ ᠶᠢᠨ ᠳᠤᠷᠰᠢᠯᠭ᠎ᠠ ᠪᠠᠨ ᠺᠤᠮᠫᠠᠨᠢ ᠶᠢᠨ ᠡᠵᠡᠩᠨᠡᠯᠳᠡ ᠳᠤᠮᠳᠠ ᠪᠠᠨ ᠬᠡᠷᠡᠭᠯᠡᠵᠦ᠂ ᠳᠡᠷᠢᠬᠦᠨ ᠤ ᠰᠤᠳᠤᠯᠤᠨ ᠨᠡᠬᠡᠬᠡᠯᠳᠡ ᠶᠢᠨ ᠳᠤᠷᠰᠢᠯᠳᠡ ᠶᠢᠨ ᠳᠠᠰᠤᠭ᠂ ᠠᠦ᠋ᠲ᠋ᠤ᠋ ᠡᠵᠡᠮᠰᠢᠯ᠂ ᠴᠢᠮᠡᠭᠡ ᠵᠠᠩᠬᠢ ᠴᠤᠬᠯᠠᠭᠤᠯᠬᠤ᠂ ᠳᠤᠮᠤ ᠳ᠋ᠠᠶᠢᠲ᠋ᠠ ᠵᠡᠷᠬᠡ ᠳᠡᠬᠡᠳᠦ ᠰᠢᠨ᠎ᠡ ᠮᠡᠷᠬᠡᠵᠢᠯ ᠤᠨ ᠠᠷᠭ᠎ᠠ ᠠᠪᠴᠠᠯ ᠢᠶᠠᠨ ᠺᠤᠮᠫᠠᠨᠢ ᠳᠤ ᠪᠠᠶᠢᠡᠭᠭᠤ ᠬᠡᠷᠡᠭᠯᠡᠭᠳᠡᠳᠡᠭ ᠪᠤᠯᠪᠠ᠃ ᠳᠡᠷᠡ ᠪᠠᠷ ᠦᠢᠯᠡᠳᠬᠦᠨ ᠤ ᠴᠢᠨᠡᠷ ᠳᠡᠰ ᠢ ᠴᠢᠬᠤᠯᠠᠴᠢᠯᠠᠵᠤ᠂ ᠨᠠᠩ ᠴᠤ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠶᠢ ᠨᠡᠩ ᠴᠢᠬᠤᠯᠠᠴᠢᠯᠡᠳᠠᠭ ᠪᠠᠶᠢᠪᠠ᠃ ᠤᠳᠤᠬᠠᠨ ᠳᠤ ᠬᠡᠷᠡᠭᠯᠡᠬᠡᠨ ᠤ ᠰᠢᠨ᠎ᠡ ᠬᠡᠯᠪᠡᠷᠢ ᠶᠢᠨ ᠳᠤᠰᠬᠠᠢ ᠠᠰᠢᠭ 35᠂ ᠭᠠᠳᠠᠷ ᠦᠵᠡᠮᠵᠢ ᠶᠢᠨ ᠡᠬᠦᠳᠦᠯᠳᠡ ᠶᠢᠨ ᠳᠤᠰᠬᠠᠢ ᠠᠰᠢᠭ 10 ᠪᠠᠶᠢᠵᠦ᠂ ᠡᠬᠦᠨ ᠳᠤ 70% ᠶᠢᠨ ᠬᠡᠷᠡᠭᠯᠡᠬᠡᠨ ᠤ ᠰᠢᠨ᠎ᠡ ᠬᠡᠯᠪᠡᠷᠢ ᠶᠢᠨ ᠳᠤᠰᠬᠠᠢ ᠠᠰᠢᠭ ᠨᠢ ᠨᠢᠬᠡᠨᠳᠡ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠡ ᠪᠦᠳᠦᠬᠡᠯ  ᠢ ᠬᠤᠪᠢᠷᠠᠭᠤᠯᠬᠤ ᠶᠢ ᠪᠡᠶᠡᠯᠡᠬᠦᠯᠦᠭᠰᠡᠨ ᠪᠠᠶᠢᠨ᠎ᠠ᠃      ᠸᠠᠩ ᠳ᠋ᠦᠡᠭ ᠰᠤᠷᠪᠤᠯᠵᠢᠯᠠᠬᠴᠢ ᠳᠤ ᠶᠠᠷᠢᠬᠤ  ᠳᠠᠭᠠᠨ᠂ ᠦᠢᠯᠡᠳᠪᠦᠷᠢ ᠪᠠᠶᠢᠭᠤᠯᠤᠬᠰᠠᠨ 5 ᠵᠢᠯ ᠤᠨ ᠳᠤᠷᠰᠢ᠂ ᠳᠡᠳᠡ ᠮᠡᠷᠬᠡᠵᠢᠯ ᠤᠨ ᠳᠡᠰ ᠳᠡᠪᠰᠢᠬᠦ ᠦᠬᠡᠷᠡᠴᠢᠯᠡᠯᠳᠡ ᠶᠢ ᠳᠠᠰᠤᠷᠡᠯᠳᠡ ᠦᠬᠡᠢ ᠬᠢᠵᠤ᠂ ᠤᠳᠤᠬᠠᠨ ᠳᠤ ᠤᠶᠤᠨᠴᠢᠯᠡᠯᠳᠡ᠂ ᠠᠦ᠋ᠲ᠋ᠤᠴᠢᠯᠡᠯᠳᠡ᠂ ᠴᠢᠮᠡᠭᠡ ᠵᠠᠩᠬᠢᠵᠢᠯᠳᠡ ᠶᠢᠨ ᠦᠢᠯᠡᠳᠪᠦᠷᠢᠯᠡᠯ ᠤᠨ ᠶᠠᠪᠤᠴᠠ ᠶᠢ ᠪᠡᠶᠡᠯᠡᠬᠦᠯᠵᠤ᠂ ᠤᠯᠠᠮᠵᠢᠯᠠᠯᠳᠤ ᠭᠠᠷ ᠤᠷᠠᠯᠠᠯ ᠤᠨ ᠴᠢᠨᠡᠷ ᠴᠢᠨᠰᠠᠭ᠎ᠠ ᠶᠢ ᠤᠯᠠᠮ ᠨᠢᠬᠡ ᠠᠯᠬᠤᠮ ᠳᠡᠭᠡᠭᠰᠢᠯᠡᠬᠦᠯᠪᠡ᠃ ᠡᠬᠦᠨ ᠤ ᠬᠠᠮᠳᠤ ᠳᠡᠳᠡᠨᠡᠷ ᠪᠠᠰᠠ ᠤᠯᠤᠰ ᠤᠨ ᠳᠤᠳᠤᠭᠠᠳᠤ ᠭᠠᠳᠠᠭᠠᠳᠤ ᠶᠢᠨ ᠤᠳᠤᠬᠢᠴᠢᠯᠠᠬᠰᠠᠨ ᠦᠢᠯᠡᠳᠪᠦᠷᠢ ᠪᠠᠷ ᠬᠦᠷᠴᠤ ᠰᠢᠨᠵᠢᠯᠡᠨ ᠪᠠᠶᠢᠴᠠᠭᠠᠵᠦ᠂ ᠲᠡᠳᠡᠨ ᠤ ᠮᠡᠷᠬᠡᠵᠢᠯ ᠪᠠ ᠵᠠᠷᠢᠮ ᠤᠶᠤᠨᠴᠢᠯᠠᠬᠰᠠᠨ ᠬᠠᠮᠢᠶᠠᠷᠤᠯᠳᠡ ᠪᠠᠭᠳᠠᠪᠠ᠃  ᠲᠡᠷᠡᠴᠢᠯᠡᠨ ᠮᠠᠰᠢᠨ ᠬᠦᠮᠦᠨ ᠤ ᠠᠷᠢᠬᠢ ᠨᠡᠷᠡᠬᠦ ᠰᠢᠰᠲ᠋ᠧᠮ ᠢ ᠤᠷᠤᠭᠤᠯᠬᠤ ᠪᠠᠷ ᠰᠡᠳᠦᠵᠤ᠂ ᠸᠠᠩ ᠳ᠋ᠤᠤ ᠠᠷᠢᠬᠢᠨ  ᠤ ᠦᠢᠯᠡᠰ ᠤᠨ ᠦᠢᠯᠡᠳᠪᠦᠷᠢᠯᠡᠯ ᠤᠨ ᠶᠠᠪᠤᠴᠠ ᠶᠢ ᠨᠡᠩ ᠨᠠᠷᠢᠯᠢᠭ ᠤᠨᠤᠪᠴᠢᠳᠡᠢ ᠡᠵᠡᠮᠰᠢᠯᠳᠡ ᠳᠤ ᠬᠦᠷᠬᠡᠵᠤ᠂ ᠦᠢᠯᠡᠳᠬᠦᠨ ᠤ ᠴᠢᠨᠡᠷ ᠳᠡᠰ ᠢ ᠤᠯᠠᠮ ᠨᠢᠬᠡ ᠠᠯᠬᠤᠮ ᠳᠡᠭᠡᠭᠰᠢᠯᠡᠬᠦᠯᠦᠨ᠎ᠡ ᠬᠡᠪᠡ᠃     ᠵᠡᠬᠦᠨᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠳᠤ ᠠᠷᠢᠬᠢᠨ ᠤ ᠦᠢᠯᠡᠳᠪᠦᠷᠢ ᠪᠠᠶᠢᠭᠤᠯᠬᠤ ᠶᠢᠨ ᠪᠠᠰᠠ ᠨᠢᠬᠡ ᠴᠢᠬᠤᠯᠠ ᠰᠢᠯᠳᠠᠭᠠᠨ ᠪᠤᠯ ᠳᠤᠬᠠᠢ  ᠶᠢᠨ ᠭᠠᠵᠠᠷ ᠤᠨ ᠳᠠᠷᠢᠶᠠᠴᠢᠨ ᠢ ᠳᠠᠶᠢᠴᠢᠯᠠᠵᠤ ᠬᠠᠮᠳᠤᠪᠡᠷ ᠴᠢᠨᠡᠬᠡᠯᠢᠭᠵᠢᠬᠦ ᠪᠤᠯᠤᠨ᠎ᠠ᠃ ᠸᠠᠩ ᠳ᠋ᠦᠡᠭ ᠵᠢᠯ ᠪᠦᠷᠢ  ᠤᠶᠢᠷ᠎ᠡ ᠬᠠᠪᠢ ᠶᠢᠨ ᠳᠤᠰᠬᠤᠨ ᠬᠤᠷᠰᠢᠶ᠎ᠡ ᠲᠠᠢ ᠵᠠᠬᠢᠶᠠᠯᠠᠭ᠎ᠠ ᠶᠢᠨ ᠬᠡᠷ᠎ᠡ ᠳᠤᠬᠳᠠᠵᠤ᠂《 ᠳᠠᠷᠢᠶᠠᠴᠢᠨ ᠡᠷᠦᠬᠡ + ᠵᠠᠬᠢᠶᠠᠯᠠᠭ᠎ᠠ》 ᠶᠢᠨ ᠵᠠᠬᠪᠤᠷ ᠢᠶᠠᠷ ᠳᠦᠬᠦᠬᠡᠢ ᠮᠠᠲ᠋ᠧᠷᠢᠶᠡᠯ ᠤᠨ ᠬᠠᠨᠭ᠍ᠭᠠᠯᠭ᠎ᠠ ᠶᠢ ᠪᠠᠳᠤᠯᠠᠵᠤ᠂ ᠳᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠶᠢ ᠳᠠᠶᠢᠴᠢᠯᠠᠳᠠᠭ᠃ ᠠᠵᠤ ᠠᠬᠤᠶᠢᠯᠡᠯ ᠤᠨ ᠬᠦᠷᠢᠶ᠎ᠡ ᠬᠡᠪᠴᠢᠶ᠎ᠡ ᠪᠠᠨ ᠦᠷᠬᠡᠳᠬᠡᠬᠦ ᠶᠢᠨ ᠳᠤᠰᠠᠳᠠ᠂ ᠡᠨᠡ ᠵᠢᠯ  ᠤᠨ ᠡᠬᠢᠨ ᠳᠤ᠂ ᠸᠠᠩ ᠳ᠋ᠦᠡᠭ ᠤᠨ ᠪᠡᠯᠡ ᠤᠷᠤᠭᠤᠯᠤᠬᠰᠠᠨ ᠵᠢᠮᠢᠰ ᠤᠨ ᠳᠦᠯᠦᠪᠯᠡᠭᠡ ᠶᠢᠨ ᠳᠦᠷᠦᠯ ᠵᠦᠢᠯ ᠴᠤ ᠵᠡᠭᠦᠨᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠳᠤ ᠠᠮᠵᠢᠯᠳᠡ ᠲᠠᠢ ᠪᠠᠷᠢᠯᠭ᠎ᠠ ᠪᠠᠨ ᠡᠬᠢᠯᠡᠬᠦᠯᠵᠡᠢ᠃ ᠬᠤᠶᠡᠷ ᠳᠦᠷᠦᠯ ᠵᠦᠢᠯ ᠤᠨ ᠨᠤᠳᠤᠬᠰᠢᠬᠰᠠᠨ ᠨᠢ ᠳᠤᠬᠠᠢ ᠶᠢᠨ ᠭᠠᠵᠠᠷ ᠤᠨ ᠳᠠᠷᠢᠶᠠᠴᠢᠨ ᠡᠷᠦᠬᠡ  ᠳᠤ ᠨᠡᠩ ᠤᠯᠠᠨ ᠠᠰᠢᠭ ᠤᠷᠤᠯᠭ᠎ᠠ ᠠᠪᠴᠢᠷᠡᠬᠰᠠᠨ ᠪᠠᠶᠢᠨ᠎ᠠ᠃     ᠸᠠᠩ ᠳ᠋ᠦᠡᠭ ᠶᠠᠷᠢᠬᠤ ᠳᠠᠭᠠᠨ᠂ ᠪᠢ ᠵᠡᠭᠦᠨᠭᠠᠷ ᠬᠤᠰᠢᠭᠤᠨ ᠤ ᠬᠦᠮᠦᠨ᠂ ᠵᠡᠭᠦᠨᠭᠠᠷ ᠬᠤᠰᠢᠭᠤᠨ ᠳᠤ ᠦᠰᠦᠨ ᠪᠤᠶᠢᠵᠢᠪᠠ᠃   ᠬᠦᠭᠵᠢᠯᠳᠠ ᠶᠢ ᠡᠷᠢᠯᠬᠢᠯᠡᠵᠦ ᠪᠠᠶᠢᠭᠠᠳ᠂ ᠦᠨᠦᠳᠦᠷ ᠪᠠᠰᠠ ᠵᠡᠭᠦᠨᠭᠠᠷ ᠬᠤᠰᠢᠭᠤᠨ ᠳᠤ ᠢᠷᠡᠵᠦ  ᠪᠡᠯᠡ ᠤᠷᠤᠭᠤᠯᠤᠨ ᠦᠢᠯᠡᠳᠪᠦᠷᠢ ᠪᠠᠶᠢᠭᠤᠯᠵᠤ ᠦᠢᠯᠡᠰ ᠪᠦᠳᠦᠬᠡᠵᠡᠢ᠃ ᠤᠳᠤ ᠪᠡᠯᠡ ᠤᠷᠤᠭᠤᠯᠤᠬᠰᠠᠨ ᠬᠤᠶᠡᠷ ᠳᠦᠷᠦᠯ ᠵᠦᠢᠯ ᠤᠨ ᠳᠦᠬᠦᠬᠡᠢ ᠮᠠᠲ᠋ᠧᠷᠢᠶᠡᠯ ᠨᠢ ᠭᠤᠤᠯᠳᠠᠭᠤ ᠮᠠᠨ ᠤ ᠳᠤᠬᠠᠢ ᠶᠢᠨ ᠭᠠᠵᠠᠷ ᠤᠨ ᠬᠦᠳᠡᠭᠡ ᠳᠤᠰᠬᠤᠨ ᠠᠴᠠ  ᠢᠷᠡᠯᠳᠡ  ᠲᠠᠢ ᠪᠠᠶᠢᠵᠦ᠂ ᠨᠢᠬᠡ ᠨᠢ ᠰᠢᠰᠢ᠂ ᠨᠦᠬᠦᠬᠡ ᠨᠢ ᠳᠤᠬᠠᠢ ᠶᠢᠨ ᠭᠠᠵᠠᠷ ᠤᠨ ᠵᠢᠮᠢᠰ ᠤᠨ ᠵᠦᠢᠯ ᠪᠤᠯᠤᠨ᠎ᠠ᠃ ᠠᠵᠤ ᠠᠬᠤᠶᠢᠯᠡᠯ ᠢᠶᠠᠨ ᠬᠦᠭᠵᠢᠬᠦᠯᠬᠦ ᠶᠢᠨ ᠳᠠᠭᠠᠤ ᠳᠤᠬᠠᠢ ᠶᠢᠨ ᠭᠠᠵᠠᠷ ᠤᠨ ᠬᠦᠳᠡᠭᠡ ᠳᠤᠰᠬᠤᠨ ᠤ ᠠᠵᠤ ᠠᠬᠤᠢ ᠶᠢᠨ ᠬᠦᠭᠵᠢᠯᠳᠡ ᠶᠢ ᠳᠠᠶᠢᠴᠢᠯᠠᠵᠤ᠂ ᠠᠵᠤ ᠠᠬᠤᠶᠢᠯᠡᠯ ᠪᠠ ᠳᠠᠷᠢᠶᠠᠴᠢᠨ ᠤᠨ ᠬᠠᠮᠳᠤᠪᠡᠷ ᠠᠰᠢᠭ ᠬᠦᠷᠳᠡᠬᠦ ᠶᠢ ᠬᠦᠰᠡᠵᠤ ᠪᠠᠶᠢᠨ᠎ᠠ ᠬᠡᠵᠡᠢ᠃     ᠤᠳᠤᠬᠠᠨ ᠳᠤ᠂ ᠸᠠᠩ ᠳ᠋ᠦᠡᠭ ᠤᠨ ᠠᠵᠤ ᠦᠢᠯᠡᠰ ᠤᠯᠠᠮ ᠢᠶᠠᠷ ᠪᠤᠵᠠᠭᠠᠶᠢᠷᠡᠵᠤ᠂ ᠨᠢᠬᠡ ᠳᠠᠯ᠎ᠠ ᠪᠠᠷ ᠳᠠᠷᠢᠶᠠᠴᠢᠨ ᠡᠷᠦᠬᠡ ᠶᠢ ᠳᠠᠶᠢᠴᠢᠯᠡᠨ ᠴᠢᠨᠡᠬᠡᠯᠢᠭᠵᠢᠬᠦᠯᠵᠦ᠂ ᠨᠦᠬᠦᠬᠡ ᠳᠠᠯ᠎ᠠ ᠪᠠᠷ ᠨᠤᠳᠤᠭ ᠤᠨ ᠤᠯᠠᠨ ᠳᠦᠮᠡᠨ ᠤ ᠠᠵᠢᠯ ᠤᠯᠭᠤᠯᠳᠠ ᠶᠢ ᠰᠢᠢᠳᠪᠦᠷᠢᠯᠡᠵᠤ᠂ ᠨᠤᠳᠤᠭ ᠤᠷᠤᠨ ᠢᠶᠠᠨ ᠢᠪᠡᠬᠡᠭᠰᠡᠨ ᠵᠠᠭᠤᠨ ᠵᠢᠯ ᠤᠨ ᠪᠤᠬᠢᠷᠳᠤᠯ ᠦᠬᠡᠢ ᠠᠵᠤ ᠦᠢᠯᠡᠰ ᠢ ᠪᠠᠶᠢᠭᠤᠯᠬᠤ ᠪᠤᠯ ᠸᠠᠩ ᠳ᠋ᠦᠡᠭ ᠤᠨ ᠡᠴᠦᠰ ᠤᠨ ᠬᠠᠷᠠᠯᠳᠠ ᠪᠠᠶᠢᠪᠠ᠃      ᠸᠠᠩ ᠳ᠋ᠤᠤ ᠠᠷᠢᠬᠢᠨ ᠤ ᠦᠢᠯᠡᠰ ᠤᠳᠤ ᠨᠢᠬᠡᠨᠳᠡ150 ᠭᠠᠷᠤᠢ ᠬᠦᠮᠦᠨ ᠤ ᠠᠵᠢᠯ ᠤᠯᠭᠤᠯᠳᠠ ᠶᠢ ᠰᠢᠢᠳᠪᠦᠷᠢᠯᠡᠪᠡ᠃ ᠵᠢᠮᠢᠰ ᠤᠨ ᠳᠦᠯᠦᠪᠯᠡᠭᠡ ᠶᠢᠨ ᠳᠦᠷᠦᠯ ᠵᠦᠢᠯ ᠠᠰᠢᠬᠯᠠᠯᠳᠠ ᠳᠤ ᠤᠷᠤᠬᠰᠠᠨ ᠤ ᠳᠠᠷᠠᠭ᠎ᠠ᠂ ᠪᠠᠰᠠ 100 ᠭᠠᠷᠤᠢ ᠬᠦᠮᠦᠨ ᠳᠤ ᠠᠵᠢᠯ ᠤᠨ ᠪᠠᠶᠢᠷᠢ ᠬᠠᠨᠭ᠍ᠭᠠᠨ᠎ᠠ᠃ ᠳᠤᠰ ᠬᠤᠶᠡᠷ ᠳᠦᠷᠦᠯ ᠵᠦᠢᠯ  ᠢᠶᠠᠷ ᠳᠠᠮᠵᠢᠨ ᠳᠤᠬᠠᠢ ᠶᠢᠨ ᠭᠠᠵᠠᠷ ᠤᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠳᠤ ᠳᠡᠮᠵᠢᠯᠬᠡ ᠦᠵᠡᠬᠦᠯᠬᠦ ᠪᠤᠯᠤᠨ᠎ᠠ᠃ ᠲᠠᠷᠢᠶᠠᠴᠢᠳ ᠤᠨ ᠵᠢᠮᠢᠰ ᠤᠨ ᠮᠤᠳᠤ ᠲᠠᠷᠢᠬᠤ ᠶᠢ ᠵᠤᠷᠢᠭᠵᠢᠭᠤᠯᠬᠤ ᠪᠠᠷ ᠳᠠᠮᠵᠢᠨ ᠵᠡᠬᠦᠨᠭᠠᠷ ᠬᠤᠰᠢᠭᠤᠨ ᠤ ᠪᠤᠬᠢᠷᠳᠤᠯ ᠦᠬᠡᠢ ᠬᠦᠭᠵᠢᠯᠳᠡ ᠳᠤ ᠦᠪᠡᠷ ᠤᠨ ᠵᠢᠳᠬᠦᠯ  ᠢᠶᠠᠨ ᠭᠠᠷᠭᠠᠬᠤ ᠪᠤᠯᠤᠨ᠎ᠠ
ᠢᠷᠡᠯᠲᠡ᠄ ᠦᠨᠤᠳᠤᠷ ᠤᠨ ᠵᠡᠭᠦᠡᠭᠠᠷ