2021 ᠤᠨ ᠤ ᠠᠷᠪᠠᠨ ᠬᠤᠶᠠᠳᠤᠭᠠᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ  ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/1/25
     12 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ︽ᠨᠢᠭᠡᠳᠦᠭᠡᠷ ᠪᠦᠯᠦᠭ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︿ᠨᠢᠭᠡ ᠲᠣᠰᠬᠤᠨ ᠳᠤ ᠨᠢᠭᠡ ᠳᠠᠸᠠᠷ ᠤᠨ ᠳᠡᠮᠳᠡᠭ ᠲᠠᠢ﹀  ᠳᠠᠭᠤᠷᠢᠶᠠᠯ ᠦᠵᠡᠭᠦᠯᠬᠦ ᠲᠣᠰᠬᠤᠨ ᠪᠠᠯᠭᠠᠰᠤ ᠶᠢᠨ ᠨᠡᠷᠡᠰ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠡᠭᠦᠨᠭᠠᠷ ᠬᠤᠰᠢᠭᠤᠨ ᠤ  ᠨᠤᠸᠠᠨ ᠱᠦᠢ ᠰᠢᠶᠠᠩ ᠤᠨ ᠳ᠋ᠧ ᠱᠧᠩ ᠶᠢᠤ ᠯᠢᠶᠠᠩ ᠲᠣᠰᠬᠤᠨ ᠤ ᠣᠨᠴᠠᠯᠢᠭᠲᠤ ᠲᠠᠷᠢᠮᠠᠯ ᠤᠨ ᠭᠤᠣᠯᠯᠠᠬᠤ ᠠᠵᠤ ᠦᠢᠯᠡᠰ ᠤᠨ ᠠᠯᠮᠤᠷᠠᠳ ᠨᠢ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︿ᠨᠢᠭᠡ ᠲᠣᠰᠬᠤᠨ ᠳᠤ ᠨᠢᠭᠡ  ᠳᠠᠸᠠᠷ ᠤᠨ ᠳᠡᠮᠳᠡᠭ ᠲᠠᠢ﹀ ᠳᠠᠭᠤᠷᠢᠶᠠᠯ ᠦᠵᠡᠭᠦᠯᠬᠦ ᠲᠣᠰᠬᠤᠨ ᠪᠠᠯᠭᠠᠰᠤ  ᠪᠠᠷ ᠰᠣᠩᠭᠤᠭᠳᠠᠪᠠ᠃     12 ᠰᠠᠷ᠎ᠠ ᠶᠢᠨ 7 ᠤ ᠡᠳᠦᠷ᠂ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠵᠠᠩ ᠶᠠ ᠨᠠᠨ᠂ ᠬᠤᠶᠠᠷ ᠬᠦᠷᠢᠶᠡᠯᠡᠩ ᠲᠣᠭᠤᠷᠢᠭ᠂ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠨᠬᠤᠸᠠ ᠬᠤᠷᠠᠯ ᠳᠤ ᠣᠷᠣᠯᠴᠠᠪᠠ᠃    12 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠦᠷᠢ  ᠪᠡᠯᠡ ᠮᠥᠩᠭᠦ ᠂ ᠠᠵᠤ ᠠᠬᠤᠶᠢᠯᠠᠯ ᠤᠨ ᠦᠷᠨᠢᠬᠦᠯᠵᠤ ᠪᠠᠶᠢᠭ᠎ᠠ ︽ᠨᠢᠭᠡ ᠶᠠᠪᠤᠳᠠᠯ︾ ᠤᠨ ᠥᠭᠡᠷᠡᠴᠢᠯᠡᠯᠲᠡ᠂  ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ  ᠨᠠᠷ ᠤᠨ  ᠤᠨᠴᠠᠭᠠᠢ  ᠵᠢᠭᠠᠨ ᠰᠤᠷᠭᠠᠯᠳᠠ ᠶᠢᠨ ᠠᠵᠢᠯ ᠤᠨ ᠪᠠᠶᠢᠷᠢ ᠶᠢᠨ  ᠨᠦᠬᠦᠪᠤᠷᠢ᠂ ᠡᠯ᠎ᠡ ᠰᠠᠯᠠᠭ᠎ᠠ ᠮᠥᠴᠢᠷ ᠤᠨ ᠢᠯᠡ ᠪᠠᠷ ᠡᠯᠰᠡᠭᠰᠡᠨ‌ᠠᠵᠢᠯᠲᠠᠨ ᠤ ᠣᠯᠭᠤᠮᠵᠢ ᠶᠢ ᠳᠡᠭᠡᠭᠰᠢᠯᠡᠭᠦᠯᠬᠦ᠂ ᠬᠠᠭᠤᠴᠢᠨ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠬᠦ᠂ ᠵᠡᠭᠦᠨᠭᠠᠷ ᠬᠤᠰᠢᠭᠤᠨ ᠤ ᠪᠠᠷᠠᠭᠤᠨ ᠬᠡᠰᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠥᠪ ᠢ ᠪᠠᠶᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠪᠠ ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠳᠠᠯᠳᠤᠨ ᠠᠪᠬᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠤᠳᠤᠷᠠᠬᠢ ᠬᠥᠮᠥᠰ ᠲᠤ ︽ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ ᠳᠠᠭᠠᠳᠬᠠᠯ︾ ᠬᠤᠳᠠᠯᠳᠤᠨ ᠠᠪᠴᠤ ᠥᠭᠬᠦ ᠵᠡᠷᠭᠡ ᠶᠠᠪᠤᠳᠠᠯ ᠢ ᠶᠢ ᠰᠤᠳᠤᠯᠤᠨ ᠶᠠᠷᠢᠯᠴᠠᠪᠠ᠃ ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ᠂ ᠸᠠᠩ ᠵᠢᠩ ᠯᠦᠩ᠂ ᠵᠤᠸᠠᠩ ᠰᠢᠤᠸᠠᠢ ᠱᠤᠸᠠᠩ᠂ ᠤᠶᠤᠨᠪᠢᠯᠢᠭ᠌᠂ ᠦ᠋ ᠰᠢᠦᠢ ᠳ᠋ᠦᠩ᠂ ᠵᠠᠩ ᠶᠠ ᠨᠠᠨ᠂ ᠷᠧᠨ ᡁᠢ ᠶᠤᠸᠠᠨ ᠨᠠᠷ ᠬᠤᠷᠠᠯ ᠳᠤ ᠣᠷᠣᠯᠴᠠᠵᠤ᠂ ᠵᠠᠩ ᠪᠢᠩ ᡁᠢ᠂ ᠭᠦᠸᠧ ᠶᠦᠩ ᠯᠢᠨ᠂ ᠶᠠᠩ ᡁᠢ᠂  ᠬᠤᠯᠪᠤᠬᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃    12 ᠰᠠᠷ᠎ᠠ ᠶᠢᠨ 10 ᠤ ᠡᠳᠦᠷ᠂ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠵᠤᠸᠠᠩ ᠰᠢᠤᠸᠠᠢ ᠱᠤᠸᠠᠩ᠂ ᠤᠶᠤᠨᠪᠢᠯᠢᠭ᠌᠂ ᠵᠠᠩ ᠶᠠ ᠨᠠᠨ᠂  ᠬᠤᠪᠤᠯᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ   ᠳ᠋ᠢᠶᠠᠨᠬᠤᠸᠠ ᠬᠤᠷᠠᠯ ᠳᠤ ᠣᠷᠣᠯᠴᠠᠪᠠ᠃    12 ᠰᠠᠷ᠎ᠠ ᠶᠢᠨ 10 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠸᠠᠩ ᠰᠢᠤᠸᠠᠢ ᠱᠤᠸᠠᠩ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ              ︽ᠭᠤᠷᠪᠠ ᠶᠢ  ᠦᠭᠡᠶᠢᠰᠭᠡᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠶᠢᠨ ᠬᠠᠷᠢᠭᠤᠴᠠᠯᠭᠠᠲᠠᠨ ᠵᠢᠴᠢ ᠬᠤᠯᠪᠣᠭᠠᠴᠢᠨ᠂ ᠵᠡᠭᠦᠨᠭᠠᠷ ᠠᠵᠤ ᠠᠬᠤᠢ ᠶᠢᠨ  ᠨᠡᠭᠡᠭᠡᠯᠳᠡ ᠶᠢᠨ  ᠤᠷᠤᠨ᠂ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠥᠪᠯᠡᠯ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠠᠷᠢᠭᠤᠴᠠᠯᠭᠠᠲᠠᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢᠳᠤ ᠳᠤᠮᠳᠠ ᠵᠢᠵᠢᠭ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠵᠢᠴᠢ ᠲᠤᠭ᠎ᠠ ᠪᠦᠷᠢᠳᠬᠡᠯ ᠤᠨ ᠠᠵᠢᠯᠲᠠᠨ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠠᠬᠢᠭᠤᠯᠬᠤ ᠬᠤᠷᠠᠯ ᠳᠤ ᠣᠷᠣᠯᠴᠠᠪᠠ᠃     12 ᠰᠠᠷ᠎ᠠ ᠶᠢᠨ 10 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠰᠢᠦᠢ ᠳ᠋ᠦᠩ ᠪᠥᠬᠦ ᠬᠤᠰᠢᠭᠤᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠳᠤ ᠣᠷᠣᠯᠴᠠᠪᠠ᠃    12 ᠰᠠᠷ᠎ᠠ ᠶᠢᠨ 14 ᠤ ᠡᠳᠦᠷ᠂ ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ᠂ ᠵᠠᠩ ᠪᠢᠩ ᡁᠢ᠂ ᠶᠠᠩ ᡁᠢ᠂ ᠬᠤᠶᠠᠷ ᠬᠦᠷᠢᠶᠡᠯᠡᠩ ᠲᠣᠭᠤᠷᠢᠭ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠲᠠ ᠶᠢᠨ ᠨᠡᠭᠡᠭᠡᠯᠲᠡ ᠶᠢᠨ  ᠤᠷᠤᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ  ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠱᠠᠯᠠᠪᠳᠠᠭᠤᠯᠤᠨ  ᠵᠢᠯᠤᠭᠤᠳᠬᠤ ᠬᠤᠷᠠᠯ ᠳᠤ ᠣᠷᠣᠯᠴᠠᠪᠠ᠃   12 ᠰᠠᠷ᠎ᠠ ᠶᠢᠨ 14 ᠤ ᠡᠳᠦᠷ᠂ ︽ᠬᠠᠲᠤᠨ ᠭᠤᠣᠯ ᠤᠨ ᠳᠤᠮᠤ ᠬᠠᠪᠴᠢᠯ ᠤᠨ  ᠦᠵᠡᠰᠬᠦᠯᠡᠩᠳᠤ ᠰᠠᠶᠢᠬᠠᠨ ᠵᠡᠭᠦᠨᠭᠠᠷ ᠨᠤᠳᠤᠭ︾  ᠭᠡᠬᠦ ᠵᠢᠷᠤᠭ ᠥᠰᠥᠭ ᠲᠤ ᠨᠡᠷ᠎ᠡ ᠬᠠᠲᠠᠭᠰᠠᠨ ᠪᠥᠬᠦ ᠣᠷᠣᠨ ᠤ ᠠᠩᠬᠠᠳᠠᠭᠴᠢ ᠾᠧ ᠰᠢᠶᠧ ᠨᠡᠷᠡᠮᠵᠢᠲᠦ  ᠵᠤᠭᠠᠴᠠᠯ ᠤᠨ  ᠬᠦᠳᠡᠯᠭᠡᠬᠦ ᠬᠦᠴᠤᠨᠳᠤ ᠴᠤᠪᠤᠭ᠎ᠠ ᠲᠡᠷᠭᠡ  ᠨᠢ ᠬᠥᠬᠡᠬᠤᠲᠠ ᠵᠡᠭᠦᠨ ᠥᠷᠲᠡᠭᠡ ᠠᠴᠠ  ᠬᠦᠳᠡᠯᠵᠤ᠂ ︽ᠬᠠᠲᠤᠨ ᠭᠤᠣᠯ ᠤᠨ ᠳᠤᠮᠤ ᠬᠠᠪᠴᠢᠯ ᠤᠨ  ᠦᠵᠡᠰᠬᠦᠯᠡᠩᠳᠤ ᠰᠠᠶᠢᠬᠠᠨ ᠵᠡᠭᠦᠨᠭᠠᠷ ᠨᠤᠳᠤᠭ︾ ᠭᠡᠬᠦ ᠵᠢᠷᠤᠭ ᠥᠰᠥᠭ  ᠢᠶᠠᠷ  D5050 ︵ᠲᠡᠷᠭᠡᠨ ᠳ᠋ᠤᠭᠠᠷ︶ ᠡᠭᠡᠯᠵᠢ ᠶᠢᠨ ᠴᠤᠪᠤᠭ᠎ᠠ ᠲᠡᠷᠭᠡᠨ  ᠤ  ᠠᠷᠤ ᠦᠵᠡᠭᠳᠡᠯ ᠪᠤᠯᠭᠠᠵᠠᠢ᠃    12 ᠰᠠᠷ᠎ᠠ ᠶᠢᠨ 15 ᠤ ᠡᠳᠦᠷ᠂ ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ᠂ ᠵᠠᠩ ᠪᠢᠩ ᡁᠢ᠂ ᠵᠠᠩ ᠶᠠ ᠨᠠᠨ᠂ ᠬᠤᠶᠠᠷ ᠬᠦᠷᠢᠶᠡᠯᠡᠩ ᠲᠣᠭᠤᠷᠢᠭ ᠵᠢᠴᠢ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠪᠣᠯᠣᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠠᠵᠢᠯ ᠤᠨ ᠳᠤᠭᠤᠶᠢᠯᠠᠩ᠂ ᠡᠯ᠎ᠡ ᠪᠦᠷᠢᠯᠳᠦᠭᠦᠨ ᠨᠢᠭᠡᠴᠢ᠂ ᠠᠵᠢᠯ ᠤᠨ ᠲᠤᠰᠬᠠᠢ ᠠᠩᠭᠢ ᠪᠣᠯᠣᠨ ᠬᠤᠰᠢᠭᠤᠨ ᠤ ᠰᠢᠭᠤᠳ ᠬᠠᠷᠢᠶ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ︽ᠬᠤᠶᠠᠷ ᠪᠠᠶᠠᠷ︾ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃   12 ᠰᠠᠷ᠎ᠠ ᠶᠢᠨ 20 ᠤ ᠡᠳᠦᠷ᠂ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠵᠤᠸᠠᠩ ᠰᠢᠤᠸᠠᠢ ᠱᠤᠸᠠᠩ᠂ ᠦ᠋ ᠰᠢᠦᠢ ᠳ᠋ᠦᠩ᠂ ᠵᠠᠩ ᠶᠠ ᠨᠠᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠪᠠ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ᠂  ᠨᠢᠭᠡᠴᠢ ᠶᠢᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠣᠷᠣᠨ ᠤ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠸᠢᠳᠢᠤ᠋ ᠬᠤᠷᠠᠯ ᠵᠢᠴᠢ ᠬᠠᠤᠯᠢ ᠶᠣᠰᠣᠭᠠᠷ ᠵᠠᠰᠠᠭ ᠶᠠᠪᠤᠭᠤᠯᠬᠤ ᠤᠳᠤᠷᠢᠳᠬᠤ ᠳᠤᠭᠤᠶᠢᠯᠠᠩ ᠤᠨ  ᠪᠦᠬᠦ ᠭᠡᠰᠢᠬᠦᠳ ᠤᠨ ᠬᠤᠷᠠᠯ ᠳᠤ ᠣᠷᠣᠯᠴᠠᠪᠠ᠃   12 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠢᠦᠢ ᠱᠤ᠋ ᠴᠢᠩ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠪᠠ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠪᠦᠭᠦ ᠣᠷᠣᠨ ᠤ  ᠡᠨᠡ ᠵᠢᠯ ᠤᠨ ᠡᠴᠦᠰ  ᠢᠷᠡᠬᠦ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠵᠢᠴᠢ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠶᠤᠯᠭᠦᠢ ᠪᠠᠶᠢᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ  ᠳ᠋ᠢᠶᠠᠨᠬᠤᠸᠠ ᠬᠤᠷᠠᠯ ᠳᠤ ᠣᠷᠣᠯᠴᠠᠪᠠ᠃   12 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ  ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂  ᠬᠤᠯᠪᠤᠬᠳᠠᠯ ᠪᠦᠬᠦᠢ ᠠᠵᠢᠯ ᠢ ᠰᠤᠳᠤᠯᠤᠨ ᠶᠠᠷᠢᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ᠂ ᠤᠶᠤᠨᠪᠢᠯᠢᠭ᠌᠂ ᠦ᠋ ᠰᠢᠦᠢ ᠳ᠋ᠦᠩ᠂ ᠵᠠᠩ ᠶᠠ ᠨᠠᠨ᠂ ᠷᠧᠨ ᡁᠢ ᠶᠤᠸᠠᠨ ᠬᠤᠷᠠᠯ ᠳᠤ ᠣᠷᠣᠯᠴᠠᠵᠤ᠂ ᠬᠤᠰᠢᠭᠤᠨ ᠤ ᠤᠳᠤᠷᠢᠳᠤᠯᠭ᠎ᠠ ᠵᠠᠩ ᠪᠢᠩ ᡁᠢ᠂ ᠭᠦᠸᠧ ᠶᠦᠩ ᠯᠢᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ᠂ ᠳ᠋ᠠ ᠯᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃   12 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠵᠡᠭᠦᠨᠭᠠᠷ ᠵᠤᠤ ᠪᠠᠯᠭᠠᠰᠤᠨ ᠳᠤ ᠭᠦᠨᠵᠡᠭᠡᠶᠢᠷᠡᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠣᠷᠴᠢᠨ  ᠳᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠣᠰᠬᠤᠨ ᠠᠵᠤ ᠠᠬᠤᠶᠢᠯᠠᠯ ᠬᠠᠮᠲᠤ ᠪᠠᠷ ᠪᠦᠲᠦᠭᠡᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠷᠧᠨ ᡁᠢ ᠶᠤᠸᠠᠨ᠂ ᠵᠡᠭᠦᠨᠭᠠᠷ ᠵᠤᠤ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ   ᠵᠢᠯᠤᠭᠤᠳᠤᠬᠴᠢ  ᠰᠤᠷᠭᠠᠯᠳᠤ᠂  ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ ᠤᠶᠤᠨᠪᠢᠯᠢᠭ᠌᠂  ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ ᠵᠠᠩ ᠶᠠ ᠨᠠᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠠᠵᠢᠯ ᠤᠨ ᠳᠤᠭᠤᠶᠢᠯᠠᠩ᠂ ᠲᠤᠰᠬᠠᠢ ᠠᠩᠭᠢ ᠶᠢᠨ ᠭᠤᠣᠯ ᠬᠠᠷᠢᠭᠤᠴᠠᠯᠭᠠᠲᠠᠨ᠂ ᠡᠯ᠎ᠡ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠣᠷᠳᠣᠰ ᠬᠤᠲᠠ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ  ᠰᠢᠯᠭᠠᠨ ᠪᠠᠶᠢᠴᠠᠭᠠᠬᠤ ᠰᠣᠷᠢᠯᠲᠠ ᠶᠢᠨ ᠦᠵᠡᠭᠦᠯᠭᠡ ᠶᠢᠨ ᠬᠤᠷᠠᠯ ᠳᠤ ᠣᠷᠣᠯᠴᠠᠪᠠ᠃   12 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤᠨ ᠤ ᠳᠡᠳ᠋ ᠳᠠᠷᠤᠭ᠎ᠠ ᠴᠢᠦᠢ ᠱᠤ᠋ ᠴᠢᠩ ᠪᠦᠭᠦ ᠬᠤᠰᠢᠭᠤᠨ ᠤ  ᠡᠨᠡ ᠵᠢᠯ ᠤᠨ ᠡᠴᠦᠰ ᠢᠷᠡᠬᠦ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠡᠷ ᠰᠡᠷᠭᠡᠶᠢᠯᠡᠬᠦ᠂ ᠰᠢᠲᠠᠮᠠᠬᠠᠢ ᠬᠡᠢ ᠶᠢ ᠲᠤᠰᠬᠠᠢ ᠴᠡᠭᠴᠡᠯᠡᠨ ᠵᠠᠰᠠᠬᠤ ᠪᠠ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠷᠠᠯ ᠳᠤ ᠣᠷᠣᠯᠴᠠᠵᠠᠢ᠃   12 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ  ᠯᠦᠩ ᠺᠸᠤ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠤᠳᠤᠷᠢᠳᠤᠯᠭ᠎ᠠ ᠷᠧᠨ ᡁᠢ ᠶᠤᠸᠠᠨ᠂ ᠯᠥᠩ ᠺᠧᠦ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃   △ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ 2021 ᠣᠨ ᠤ ᠬᠤᠶᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠤᠨ ᠨᠡᠷᠡᠰ ᠲᠤ ᠠᠮᠵᠢᠯᠳᠠ ᠲᠠᠢ ᠰᠤᠩᠭᠤᠬᠳᠠᠨ ᠤᠷᠤᠪᠠ᠃   △  ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠠᠴᠠ  ᠵᠡᠬᠦᠠᠭᠠᠷ ᠬᠤᠰᠢᠭᠤᠨ ᠳᠤ 2021 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠰᠢᠶᠠᠨ ᠤ ᠱᠠᠲᠤᠨ ᠤ ᠰᠢᠯᠢᠳᠡᠭ ᠵᠣᠬᠢᠶᠠᠨ ᠪᠠᠶᠢᠭᠤᠯᠤᠬᠰᠠᠨ ᠨᠢᠭᠡᠴᠢ ᠶᠢᠨ ᠢᠷᠠᠭᠤ ᠠᠯᠳᠠᠷ ᠢ ᠤᠯᠭᠤᠪᠠ᠃
ᠢᠷᠡᠯᠲᠡ᠄ ᠲᠤᠰ ᠰᠦᠯᠵᠢᠶ᠎ᠡ