| | ᠠᠯᠳᠠᠨ ᠨᠠᠮᠤᠷ ᠤᠨ ᠤᠯᠠᠷᠢᠯ ᠳᠤ ᠨᠤᠸᠠᠨ ᠱᠦᠢ ᠶᠢᠨ ᠡᠭᠡ ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠨ᠎ᠡ ᠃ | ᠨᠤᠸᠡᠨ ᠱᠦᠢ ᠰᠢᠶᠠᠩ ᠤᠨ ᠢᠦᠶ ᠱᠤ᠋ ᠬᠤᠤ ᠲᠣᠰᠬᠤᠨ ᠤ ᠰᠠᠭᠠᠭ ᠤᠨ ᠲᠠᠷᠢᠮᠠᠯ ᠤᠨ ᠰᠠᠭᠤᠷᠢᠨ ᠳᠤ ᠬᠦᠷᠬᠦ ᠳᠤ ᠂ ᠲᠣᠰᠬᠤᠨ ᠤ | ᠠᠷᠠᠳ ᠶᠠᠭ ᠰᠠᠶᠢᠬᠠᠨ ᠲᠤᠩᠭᠠᠯᠠᠭ ᠰᠠᠶᠢᠬᠠᠨ ᠡᠳᠦᠷ ᠢ ᠠᠮᠵᠢᠵᠤ ᠂ ᠨᠠᠮᠤᠷ ᠤᠨ ᠬᠤᠷᠢᠶᠠᠯᠲᠠ ᠶᠢᠨ ᠠᠵᠢᠯ ᠳᠤ ᠶᠠᠭᠠᠷᠠᠯᠳᠤᠵᠤ ᠪᠠᠶᠢᠯ᠎ᠠ ᠃ | ᠬᠠᠳᠤᠵᠤ ᠬᠤᠷᠢᠶᠠᠬᠤ ᠮᠠᠰᠢᠨ ᠰᠠᠭᠠᠭ ᠤᠨ ᠲᠠᠷᠢᠶᠠᠨ ᠳᠤ ᠰᠦᠯᠵᠢᠯᠳᠦᠨ ᠂ ᠳᠦᠭᠦᠷᠡᠩ ᠰᠠᠭᠤᠬᠰᠠᠨ ᠰᠠᠭᠠᠭ ᠤᠨ ᠳᠦᠷᠦᠬᠦᠦ ᠨᠢ ᠬᠠᠳᠤᠵᠤ | ᠬᠤᠷᠢᠶᠠᠬᠤ ᠮᠠᠰᠢᠨ ᠤ ᠬᠥᠮᠥᠷᠭᠡ ᠶᠢᠨ ᠡᠭᠦᠳᠡ ᠪᠠᠷ ᠬᠠᠵᠠᠭᠤᠰᠢ ᠪᠠᠨ ᠪᠠᠭᠤᠭᠠᠳ ᠠᠮᠤ ᠪᠤᠳᠠᠭ᠎ᠠ ᠵᠥᠭᠡᠭᠡᠪᠦᠷᠢᠯᠡᠬᠦ ᠲᠡᠷᠭᠡᠨ ᠳᠤ ᠲᠠᠰᠤᠷᠠᠯ ᠦᠭᠡᠢ | ᠬᠦᠷᠭᠡᠭᠳᠡᠨᠠ ᠃ ᠨᠢᠭᠡ ᠬᠤᠪᠢ ᠶᠢᠨ ᠴᠢᠷᠮᠠᠶᠢᠯᠭ᠎ᠠ ᠂ ᠨᠢᠭᠡ ᠬᠤᠪᠢ ᠶᠢᠨ ᠬᠤᠷᠢᠶᠠᠯᠲᠠ ᠲᠠᠢ ᠂ ᠰᠢᠷᠭᠠᠭᠤ ᠬᠥᠳᠡᠯᠮᠦᠷᠢ ᠶᠢᠨ ᠬᠦᠴᠦ | ᠬᠥᠯᠥᠰᠥ ᠪᠠᠷ ᠰᠤᠯᠢᠵᠤ ᠤᠯᠤᠬᠰᠠᠨ ᠳᠠᠷᠢᠶ᠎ᠠ ᠪᠤᠳᠠᠭ᠎ᠠ ᠨᠢ ᠬᠥᠮᠥᠷᠭᠡ ᠳᠤ ᠣᠷᠣᠵᠤ ᠂ ᠲᠣᠰᠬᠤᠨ ᠤ ᠠᠷᠠᠳ ᠤᠨ ᠴᠢᠷᠠᠶ ᠳᠤ ᠴᠥᠮ ᠡᠯᠪᠡᠭ | ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ ᠪᠠᠶᠢᠯ᠎ᠠ ᠃ | | | | | 《ᠡᠨᠡ ᠵᠢᠯ ᠡᠯᠪᠡᠭ ᠬᠤᠷᠢᠶᠠᠯᠲᠠ ᠣᠯᠵᠠᠶ ᠃》 ᠲᠣᠰᠬᠤᠨ ᠤ ᠠᠷᠠᠳ ᠴᠧᠨ ᠸᠧᠨ ᠴᠢᠩ ᠲᠠᠢ ᠠᠭᠤᠯᠵᠠᠬᠤ ᠦᠶ᠎ᠡ ᠳᠤ ᠂ ᠰᠠᠭᠠᠭ ᠤᠨ | ᠲᠠᠷᠢᠮᠠᠯ ᠤᠨ ᠰᠠᠭᠤᠷᠢᠨ ᠠᠴᠠ ᠰᠠᠶ᠋ᠢᠬᠠᠨ ᠬᠠᠳᠤᠵᠤ ᠠᠪᠤᠭᠰᠠᠨ ᠰᠠᠭᠠᠭ ᠢᠶᠠᠨ ᠬᠠᠲᠠᠭᠠᠵᠤ ᠪᠠᠶᠢᠯ᠎ᠠ ᠃ ᠮᠦᠬᠦᠯᠢᠭ ᠪᠦᠳᠤᠬᠦᠨ ᠰᠠᠭᠠᠭ ᠢᠶᠠᠨ | ᠬᠠᠷᠠᠭᠠᠳ ᠴᠧᠨ ᠸᠧᠨ ᠴᠢᠩ ᠤᠨ ᠴᠢᠷᠠᠢ ᠳᠤ ᠪᠠᠶᠠᠷ ᠬᠦᠷ ᠢᠶᠠᠷ ᠳᠦᠭᠦᠷᠴᠦ ᠪᠠᠶᠢᠪᠠ ᠂ ᠥᠩᠭᠡᠷᠡᠭᠰᠡᠨ ᠳᠤ ᠂ ᠡᠳᠡᠭᠡᠷ ᠤᠰᠤ | ᠳᠤᠲᠠᠭᠳᠠᠳᠠᠭ ᠲᠠᠴᠢᠷ ᠨᠢᠮᠭᠡᠨ ᠭᠠᠵᠠᠷ ᠰᠢᠷᠣᠢ ᠳᠤ ᠵᠥᠪᠬᠡᠨ ᠮᠣᠩᠭᠤᠯ ᠠᠮᠤ ᠂ ᠰᠢᠯᠦᠬᠡᠶ ᠠᠮᠤ ᠵᠡᠷᠭᠡ ᠭᠠᠩ ᠳᠤ ᠲᠡᠰᠪᠦᠷᠢᠲᠡᠢ ᠲᠠᠷᠢᠮᠠᠯ ᠲᠠᠷᠢᠵᠦ | ᠪᠠᠶᠢᠵᠠᠢ ᠂ ᠬᠤᠷᠢᠶᠠᠯᠲᠠ ᠨᠢ ᠥᠨᠳᠥᠷ ᠪᠢᠰᠢ ᠪᠥᠭᠡᠳ ᠠᠭᠤᠷ ᠠᠮᠢᠰᠬᠤᠯ ᠤᠨ ᠨᠥᠯᠥᠭᠡ ᠶᠢ ᠨᠡᠯᠢᠶᠡᠳ ᠶᠡᠭᠡ ᠬᠦᠷᠳᠡᠵᠤ ᠂ ᠭᠠᠮᠰᠢᠭ ᠲᠤ | ᠳᠠᠭᠠᠷᠢᠭᠳᠠᠭᠰᠠᠨ ᠵᠢᠯ ᠳᠤ ᠦᠨᠳᠦᠰᠦᠨ ᠳᠡᠭᠡᠨ ᠬᠤᠷᠢᠶᠠᠯᠳᠠ ᠦᠭᠡᠢ ᠪᠠᠶᠢᠪᠠ ᠂ ᠨᠢᠭᠡ ᠨᠠᠰᠤ ᠪᠠᠷ ᠢᠶᠠᠨ ᠲᠠᠷᠢᠶᠠᠴᠢᠨ ᠪᠣᠯᠤᠭᠰᠠᠨ ᠴᠧᠨ ᠸᠧᠨ ᠴᠢᠩ | ᠡᠨᠡᠬᠦ ᠭᠠᠵᠠᠷ ᠰᠢᠷᠣᠢ ᠶᠢ ᠶᠠᠭᠠᠬᠢᠵᠤ ᠡᠵᠡᠩᠨᠡᠬᠦ ᠪᠠᠨ ᠮᠡᠳᠡᠬᠦ ᠦᠭᠡᠢ ᠠᠷᠭ᠎ᠠ ᠮᠤᠬᠤᠷᠳᠠᠨ᠎ᠠ ᠃ | | | | | ᠣᠢᠢᠷ᠎ᠠ ᠶᠢᠨ ᠬᠡᠳᠦᠨ ᠵᠢᠯ ᠳᠤ ᠂ ᠲᠣᠰᠬᠤᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠰᠠᠭᠠᠭ ᠢ ᠬᠡᠪᠴᠢᠶᠡᠵᠢᠭᠦᠯᠦᠨ ᠳᠠᠷᠢᠬᠤ | ᠳᠤ ᠂ ᠴᠧᠨ ᠸᠧᠨ ᠴᠢᠩ ᠡᠷᠡᠰ ᠰᠢᠭᠤᠷᠬᠠᠶ ᠪᠠᠷ ᠥᠪᠡᠷ ᠤᠨ ᠭᠠᠵᠠᠷ ᠰᠢᠷᠣᠶ ᠪᠠᠨ ᠡᠷᠭᠢᠯᠲᠡ ᠳᠤ ᠣᠷᠣᠭᠤᠯᠤᠭᠰᠠᠨ ᠪᠠᠶᠢᠨ᠎ᠠ ᠃ ︽ ᠡᠨᠡ | ᠵᠢᠯ 60 ᠭᠠᠷᠤᠢ ᠨᠠᠰᠤᠯᠠᠬᠰᠠᠨ ᠪᠢ ᠂ ᠲᠠᠷᠢᠶ᠎ᠠ ᠲᠠᠷᠢᠬᠤ ᠳᠤ ᠴᠤ ᠳᠥᠭᠦᠮ ᠦᠭᠡᠢ ᠪᠤᠯᠵᠠᠢ ᠃ ᠶᠠᠭ ᠰᠠᠶᠢᠬᠠᠨ ᠲᠣᠰᠬᠤᠨ ᠤ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠵᠤ ᠬᠡᠪᠴᠢᠶᠡᠵᠢᠭᠦᠯᠦᠨ ᠳᠠᠷᠢᠬᠤ ᠲᠠᠢ ᠳᠠᠭᠠᠷᠠᠯᠳᠤᠨ ᠂ ᠬᠡᠪᠴᠢᠶᠡᠵᠢᠭᠦᠯᠦᠨ ᠳᠠᠷᠢᠬᠤ ᠨᠢ ᠪᠢᠳᠡᠨ ᠤ ᠥᠩᠭᠡᠷᠡᠭᠰᠡᠨ ᠤ ᠥᠪᠡᠷ | ᠢᠶᠠᠨ ᠳᠠᠷᠢᠳᠠᠭ ᠠᠴᠠ ᠦᠷ᠎ᠡ ᠠᠰᠢᠭ ᠶᠡᠭᠡ ᠪᠠᠶᠢᠬᠤ ᠶᠢ ᠤᠯᠵᠤ ᠮᠡᠳᠡᠨ ᠂ ᠥᠪᠡᠷ ᠤᠨ ᠭᠠᠵᠠᠷ ᠰᠢᠷᠣᠶ ᠪᠠᠨ ᠡᠷᠭᠢᠯᠲᠡ ᠳᠤ ᠣᠷᠣᠭᠤᠯᠵᠤ ᠂ | ᠮᠥ ᠪᠦᠷᠢ ᠠᠴᠠ 120 ᠲᠥᠭᠦᠷᠢᠭ ᠤᠨ ᠲᠦᠷᠢᠶᠡᠰᠦᠨ ᠮᠥᠩᠭᠦ ᠤᠯᠬᠤ ᠶᠢᠨ ᠬᠠᠮᠲᠤ ᠰᠠᠭᠠᠭ ᠳᠠᠷᠢᠬᠤ ᠪᠠ ᠬᠤᠷᠢᠶᠠᠯᠲᠠ ᠬᠢᠬᠦ ᠦᠶ᠎ᠡ ᠳᠤ ᠰᠠᠭᠠᠭ ᠳᠠᠷᠢᠬᠤ | ᠰᠠᠭᠤᠷᠢᠨ ᠭᠠᠵᠠᠷ ᠲᠤ ᠢᠷᠡᠵᠦ ᠬᠥᠯᠥᠰᠥᠨ ᠠᠵᠢᠯ ᠬᠢᠵᠦ ᠂ ᠡᠳᠦᠷ ᠪᠦᠷᠢ 200 ᠲᠥᠭᠦᠷᠢᠭ ᠤᠯᠬᠤ ᠪᠤᠯᠤᠬᠰᠠᠨ ᠳᠠᠭᠠᠨ ᠮᠠᠰᠢ ᠰᠡᠳᠬᠢᠯ ᠬᠠᠨᠤᠮᠵᠢᠲᠠᠶ | ᠪᠠᠶᠢᠨ᠎ᠠ ︾ ᠭᠡᠮᠡᠨ ᠴᠧᠨ ᠸᠧᠨ ᠴᠢᠩ ᠶᠠᠷᠢᠨ᠎ᠠ ᠃ | ᠢᠦᠶ ᠱᠤ᠋ ᠬᠤᠤ ᠲᠣᠰᠬᠤᠨ ᠶᠡᠷᠦᠨᠢ ᠰᠠᠭᠠᠭ ᠲᠠᠷᠢᠬᠰᠠᠨ ᠲᠡᠦᠬᠡ ᠲᠠᠢ ᠶᠤᠮ ᠂ ᠤᠢᠢᠷ᠎ᠠ ᠶᠢᠨ ᠵᠢᠯ ᠠᠴᠠ ᠨᠠᠭᠠᠰᠢ ᠂ ᠳᠤᠰᠬᠤᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ ᠂ ︽ ᠨᠠᠮ ᠤᠨ ᠡᠭᠦᠷ + ᠶᠠᠳᠠᠭᠤ ᠠᠴᠠ ᠠᠩᠭᠢᠵᠢᠷᠠᠭᠰᠠᠨ 6 ᠡᠷᠦᠬᠡ ︾ ᠪᠠᠷ ᠪᠦᠷᠢᠯᠳᠦᠭᠰᠡᠨ | ᠨᠤᠸᠠᠨ ᠱᠦᠢ ᠰᠢᠶᠠᠩ ᠤᠨ ᠢᠦᠶ ᠱᠤ᠋ ᠬᠤᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ ᠢ ᠪᠠᠶᠢᠭᠤᠯᠵᠤ ᠂ ᠰᠠᠭᠠᠭ | ᠲᠠᠷᠢᠬᠤ ᠶᠢ ᠶᠡᠬᠡᠪᠡᠷ ᠬᠥᠭᠵᠢᠭᠦᠯᠵᠡᠢ ᠃ ᠳᠤᠰ ᠨᠤᠳᠤᠭ ᠤᠨ ᠤᠨᠴᠠᠯᠢᠭ ᠢ ᠳᠤᠪᠤᠶᠢᠯᠭᠠᠨ ᠂ ᠨᠤᠲᠤᠭ ᠤᠰᠤᠨ ᠤ ᠮᠥᠷᠥᠭᠡᠳᠦᠯ ᠢ | ᠦᠯᠡᠳᠡᠭᠡᠬᠦ ᠶᠢᠨ ᠬᠠᠮᠲᠤ ᠂ ᠠᠮᠤ ᠪᠤᠳᠠᠭᠠᠨ ᠤ ᠠᠮᠤᠷ ᠲᠦᠪᠰᠢᠨ ᠢ ᠥᠪᠡᠷ ᠤᠨ ᠭᠠᠷ ᠲᠠᠭᠠᠨ ᠴᠢᠩᠭ᠎ᠠ ᠠᠳᠬᠤᠵᠤ ᠂ ︽ ᠳᠠᠷᠢᠶᠠᠨ ᠭᠠᠵᠠᠷ | ᠤᠨ ᠠᠮᠤ ᠪᠤᠳᠠᠭᠠᠨ ᠤ ᠤᠶᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠨ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ ︾ ᠪᠠᠶᠢᠯᠳᠤᠬᠤ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠬᠤᠷᠰᠢᠶᠠᠵᠢᠯ ᠤᠨ ᠡᠵᠡᠩᠨᠡᠯᠲᠡ ᠵᠡᠷᠭᠡ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ | ᠠᠷᠭ᠎ᠠ ᠬᠡᠯᠪᠡᠷᠢ ᠪᠠᠷ ᠳᠠᠮᠵᠢᠭᠤᠯᠤᠨ ᠂ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ | ᠪᠠᠶᠢᠨ᠎ᠠ ᠃ | | | | | ︽ ᠢᠦᠶ ᠱᠤ᠋ ᠬᠤᠤ ᠲᠣᠰᠬᠤᠨ ᠳᠤ ᠰᠠᠭᠠᠭ ᠳᠠᠷᠢᠭᠰᠠᠨ ᠲᠡᠦᠬᠡ ᠨᠢᠭᠡᠨᠲᠡ 100 ᠭᠠᠷᠤᠢ ᠵᠢᠯ ᠪᠣᠯᠵᠠᠢ ᠂ ᠰᠠᠭᠠᠭ ᠳᠠᠷᠢᠬᠤ ᠳᠤ ᠳᠥᠭᠦᠮ | ᠳᠥᠲᠡ ᠂ ᠮᠠᠨ ᠤ ᠰᠢᠯᠢᠷᠭᠡᠭ ᠳᠤᠪᠤᠴᠠᠭ ᠣᠷᠣᠨ ᠳᠤ ᠳᠠᠷᠢᠬᠤ ᠳᠤ ᠲᠤᠬᠢᠷᠠᠨ᠎ᠠ ᠂ ᠰᠠᠭᠠᠭ ᠳᠠᠷᠢᠬᠰᠠᠨ ᠣᠷᠣᠯᠭ᠎ᠠ ᠴᠤ ᠨᠡᠯᠢᠶᠡᠳ ᠰᠠᠶᠢᠨ | ᠪᠠᠶᠢᠨ᠎ᠠ ᠂ ᠡᠨᠡ ᠵᠢᠯ ᠤᠨ ᠳᠠᠷᠢᠬᠰᠠᠨ ᠲᠠᠯᠠᠪᠠᠢ 200 ᠭᠠᠷᠤᠢ ᠮᠦ ᠳᠤ ᠬᠦᠷᠴᠦ ᠂ ᠮᠦ ᠪᠦᠷᠢ ᠶᠢᠨ ᠤᠨᠠᠯᠲᠠ 100 ᠭᠠᠷᠤᠢ ᠵᠢᠩ ᠳᠤ | ᠬᠦᠷᠴᠦ ᠂ ᠲᠣᠰᠬᠤᠨ ᠤ ᠬᠠᠮᠳᠤ ᠶᠢᠨ ᠤᠷᠤᠯᠭ᠎ᠠ ᠨᠢ ᠵᠢᠱᠢᠯᠲᠡ ᠪᠠᠷ 10 ᠲᠦᠮᠡᠨ ᠲᠥᠭᠦᠷᠢᠭ ᠣᠷᠴᠢᠮ ᠳᠤ ᠬᠦᠷᠤᠨ᠎ᠠ ︾ ᠭᠡᠮᠡᠨ ᠨᠤᠸᠠᠨ | ᠱᠦᠶ ᠰᠢᠶᠠᠩ ᠤᠨ ᠢᠦᠶ ᠱᠤ᠋ ᠬᠤᠤ ᠲᠣᠰᠬᠤᠨ ᠤ ᠨᠠᠮ ᠤᠨ ᠡᠭᠦᠷ ᠤᠨ ᠱᠦᠵᠢ ᠭᠤᠤ ᠶᠠᠨ ᠲᠠᠨᠢᠯᠴᠠᠭᠤᠯᠤᠨ ᠶᠠᠷᠢᠵᠤ ᠂ ᠰᠠᠭᠠᠭ ᠤᠨ | ᠬᠡᠪᠴᠢᠶᠡᠵᠢᠭᠰᠡᠨ ᠲᠠᠷᠢᠮᠠᠯ ᠢ ᠬᠥᠭᠵᠢᠭᠦᠯᠬᠦ ᠨᠢ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠣᠰᠬᠤᠨ ᠤ | ᠬᠥᠳᠡᠯᠮᠦᠷᠢ ᠬᠦᠴᠦᠨ ᠢ 30 ᠭᠠᠷᠤᠶ ᠬᠥᠮᠦᠨ ᠤᠳᠠᠭ᠎ᠠ ᠳᠠᠶᠢᠴᠢᠯᠠᠨ ᠂ ᠬᠥᠮᠦᠨ ᠳᠤᠮᠳᠠᠴᠢ ᠣᠷᠣᠯᠭ᠎ᠠ ᠶᠢ ᠨᠢ 300 ᠭᠠᠷᠤᠶ ᠲᠥᠭᠦᠷᠢᠭ | ᠨᠡᠮᠡᠭᠳᠡᠭᠦᠯᠵᠡᠶ ᠃ | |