ᠪᠦᠬᠦ ᠬᠤᠳᠠ ᠶᠢᠨ ᠲᠤᠮᠳᠠᠳᠤ ᠪᠠᠭ᠎ᠠ ᠰᠤᠷᠭᠠᠭᠤᠯᠢ᠂  ᠬᠡᠤᠭᠡᠳ ᠤᠨ ᠴᠡᠴᠡᠷᠯᠢᠭ 10 ᠰᠠᠷ᠎ᠠ ᠶᠢᠨ 8 ᠤ ᠡᠳᠤᠷ ᠠᠴᠠ 10 ᠤ ᠡᠳᠤᠷ ᠪᠤᠯᠳᠠᠯ᠎ᠠ ᠰᠤᠷᠭᠠᠭᠤᠯᠢ ᠡᠬᠢᠯᠡᠬᠦ ᠦᠭᠡᠢ
ᠨᠡᠶᠢᠲᠡᠯᠡᠭᠰᠡᠨ ᠴᠠᠭ᠄
2022/10/8
     ᠦᠢᠯᠠᠭᠠᠬᠰᠡᠨ  ᠢᠶᠠᠷ ᠂  ᠤᠳᠤᠬᠠᠨ  ᠳᠤ ᠮᠠᠨ  ᠤ ᠬᠤᠳᠠ  ᠶᠢᠨ ᠬᠢᠵᠢᠭ  ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠠᠶᠢᠳᠠᠯ ᠪᠤᠳᠤᠯᠢᠶᠠᠨᠳᠠᠢ‌‍ᠪᠤᠯᠵᠤ ᠂  ᠬᠢᠵᠢᠭ  ᠤᠨ ᠪᠠᠶᠢᠳᠠᠯ ᠰᠤᠷᠭᠠᠭᠤᠯᠢ  ᠶᠢᠨ ᠬᠦᠷᠢᠶᠡᠨ  ᠳᠤ ᠲᠡᠯᠭᠡᠷᠡᠬᠦ  ᠶᠢ ᠰᠡᠷᠭᠡᠶᠢᠯᠡᠬᠦ  ᠶᠢᠨ ᠲᠦᠯᠦᠭᠡ ᠬᠤᠳᠠ  ᠶᠢᠨ ᠰᠢᠨ᠎ᠡ‌‍ᠲ᠋ᠢᠳᠢᠮᠯᠢᠭ ᠠᠭᠤᠰᠬᠢᠨ ᠦᠷᠪᠢᠰᠦᠯ  ᠤᠨ ᠬᠢᠵᠢᠭ  ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠤᠭᠤᠳᠬᠤ ᠭᠠᠵᠠᠷ ᠡᠴᠨ‌ᠵᠦ᠋ᠪᠰᠢᠶᠡᠷᠡᠯ ᠤᠯᠤᠭᠠᠳ ᠪᠦᠬᠦ ᠬᠤᠳᠠ  ᠶᠢᠨ ᠡᠯ᠎ᠡ ᠱᠠᠳᠤᠨ  ᠤ ᠡᠯ᠎ᠡ ᠱᠠᠳᠤᠨ  ᠤ ᠡᠯ᠎ᠡ ᠲᠦᠷᠦᠯ  ᠤᠨ ᠰᠤᠷᠭᠠᠭᠤᠯᠢ  ᠶᠢᠨ ᠵᠢᠭᠠᠨ ᠰᠤᠷᠭᠠᠯᠳᠡ‌‍ᠳᠤ ᠲᠤᠬᠢᠷᠠᠭᠤᠯᠤᠯᠳᠡ ᠬᠢᠪᠡ ᠃  ᠪᠤᠳᠠᠳᠠᠢ ᠠᠭᠤᠯᠭ᠎ᠠ  ᠨᠢ ᠲᠤᠤᠷᠠᠬᠢ ᠮᠡᠳᠤ ᠄      1. ᠪᠦᠬᠦ ᠬᠤᠳᠠ  ᠶᠢᠨ ᠲᠤᠮᠳᠠᠳᠤ ᠪᠠᠭ᠎ᠠ ᠰᠤᠷᠭᠠᠭᠤᠯᠢ ᠂  ᠬᠡᠤᠭᠡᠳ  ᠤᠨ ᠴᠡᠴᠡᠷᠯᠢᠭ 10 ᠰᠠᠷ᠎ᠠ  ᠶᠢᠨ 8  ᠤ ᠡᠳᠤᠷ  ᠠᠴᠠ 10 ‍ᠤ‌ᠡᠳᠤᠷ ᠪᠤᠯᠳᠠᠯ᠎ᠠ ᠰᠤᠷᠭᠠᠭᠤᠯᠢ ᠡᠬᠢᠯᠡᠬᠦ ᠦᠭᠡᠢ ᠂  ᠡᠨᠡ ᠬᠤᠭᠤᠴᠠᠭᠠᠨ  ᠳᠤ ᠲᠤᠮᠳᠠᠳᠤ ᠪᠠᠭ᠎ᠠ ᠰᠤᠷᠭᠠᠭᠤᠯᠢ ᠰᠦᠯᠵᠢᠶᠡᠨ ᠲᠡᠭᠡᠷᠡᠬᠢ ᠵᠢᠭᠠᠨ‌‍ᠰᠤᠷᠭᠠᠯᠳᠡ  ᠶᠢ ᠦᠷᠨᠢᠭᠦᠯᠤᠨ᠎ᠡ ︵ ᠪᠠᠭ᠎ᠠ ᠰᠤᠷᠭᠠᠭᠤᠯᠢ  ᠶᠢᠨ 1  ᠠᠴᠠ 3 ᠳ᠋ᠤᠭᠠᠷ ᠤᠨ  ᠤ ᠰᠤᠷᠤᠬᠴᠢ ᠭᠡᠷ  ᠲᠡᠭᠡᠨ ᠰᠠᠭᠤᠵᠤ ᠨᠤᠮ‌ᠤᠡᠭᠰᠢᠬᠤ  ᠪᠠᠷ ᠭᠤᠤᠯ ᠪᠤᠯᠭᠠᠨ᠎ᠠ ︶       2. ᠨᠢᠭᠡᠨᠳᠡ ᠪᠢᠳᠡᠭᠦᠮᠵᠢᠯᠡᠨ ᠬᠠᠮᠢᠶᠠᠷᠤᠬᠰᠡᠨ ᠰᠤᠷᠭᠠᠭᠤᠯᠢ ︵ ᠬᠤᠳᠠ  ᠶᠢᠨ ᠬᠠᠷᠢᠶ᠎ᠠ ᠲᠡᠭᠡᠳᠤ ᠰᠤᠷᠭᠠᠭᠤᠯᠢ ᠪᠠᠭᠳᠠᠨ᠎ᠠ ︶ᠦᠷᠭᠦᠯᠵᠢᠯᠡᠨ ᠪᠢᠳᠡᠭᠦᠮᠵᠢᠯᠡᠭᠰᠡᠨ ᠬᠠᠮᠢᠶᠠᠷᠤᠯᠳᠡ  ᠶᠢ ᠬᠡᠷᠡᠭᠵᠢᠭᠦᠯᠵᠤ ᠂  ᠰᠤᠷᠤᠬᠴᠢᠳ  ᠤᠨ ᠰᠤᠷᠤᠯᠴᠠᠯᠭ᠎ᠠ ᠠᠮᠢᠳᠤᠷᠠᠯ  ᠢ ᠲᠤᠬᠢᠳᠠᠢ‌‍ᠲ᠋ᠤᠬᠢᠷᠠᠭᠤᠯᠬᠤ ᠬᠡᠷᠡᠭᠳᠠᠢ ᠃      ᠬᠡᠷᠪᠡ ᠤᠨᠴᠠᠭᠠᠢ ᠪᠠᠶᠢᠳᠠᠯ  ᠲᠠᠢ ᠪᠤᠯ ᠠᠰᠳᠠᠭᠠᠨ ᠮᠡᠳᠡᠭᠳᠡᠨ᠎ᠡ ᠃   
ᠢᠷᠡᠯᠲᠡ᠄ ᠤᠷᠳᠤᠰ  ᠤᠨ ᠮᠤᠩᠭᠤᠯ ᠬᠡᠯᠡᠨ  ᠤ ᠰᠤᠨᠢᠨ ᠮᠡᠳᠡᠬᠡᠨ  ᠤ ᠰᠦᠯᠵᠢᠶ᠎ᠡ