| | ᠨᠢᠭᠡ ᠂ ᠮᠦᠬᠦ ᠶᠢᠨ ᠲᠦᠷᠦᠯ ᠤᠨ ᠢᠳᠡᠭᠡᠨ ᠃ | ᠦᠯᠡᠳᠡᠭᠰᠡᠨ ᠮᠥᠭᠦ ᠶᠢ ᠲᠠᠬᠢᠵᠦ ᠬᠠᠯᠠᠭᠤᠯᠠᠭᠠᠳ ᠢᠳᠡᠪᠡᠯ ᠭᠡᠳᠡᠰᠦ ᠡᠪᠡᠳᠬᠦ ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠴᠤ ᠮᠡᠳᠡᠨ᠎ᠡ ᠂ ᠵᠠᠯᠭ᠎ᠠ ᠢᠩᠭᠢᠵᠦ | ᠢᠳᠡᠪᠡᠯ ᠰᠢᠩᠭᠡᠭᠡᠯᠲᠡ ᠶᠢᠨ ᠰᠢᠰᠲ᠋ᠧᠮ ᠤᠨ ᠬᠠᠪᠤᠳᠠᠷ ᠲᠤ ᠨᠡᠷᠪᠡᠭᠳᠡᠬᠦ ᠪᠣᠯᠣᠯᠴᠠᠭ᠎ᠠ ᠲᠠᠢ ᠃ ᠡᠶᠢᠮᠦ ᠠᠴᠠ ᠮᠥᠭᠦ ᠶᠢ ᠬᠤᠶᠠᠳᠠᠬᠢ ᠤᠳᠠᠭ᠎ᠠ ᠬᠠᠯᠠᠭᠤᠯᠠᠵᠤ | ᠢᠳᠡᠭᠰᠡᠨ ᠤ ᠬᠡᠷᠡᠭ ᠦᠭᠡᠢ ᠃ | ᠬᠤᠶᠠᠷ ᠂ ᠳᠠᠯᠠᠢ ᠶᠢᠨ ᠢᠳᠡᠭᠡᠨ ᠃ | ᠰᠠᠮ ᠬᠤᠷᠣᠬᠠᠢ ᠂ ᠨᠠᠢᠮᠠᠯᠵᠢ ᠮᠡᠲᠦ ᠶᠢᠨ ᠳᠠᠯᠠᠢ ᠶᠢᠨ ᠢᠳᠡᠭᠡᠨ ᠤ ᠵᠦᠢᠯ ᠢ ᠬᠤᠶᠠᠳᠠᠬᠢ ᠤᠳᠠᠭ᠎ᠠ ᠬᠠᠯᠠᠭᠤᠯᠠᠵᠤ ᠢᠳᠡᠵᠤ ᠪᠣᠯᠬᠤ ᠦᠭᠡᠢ ᠃ ᠢᠳᠡᠵᠦ ᠪᠠᠷᠠᠭᠰᠠᠨ | ᠦᠭᠡᠢ ᠳᠠᠯᠠᠢ ᠶᠢᠨ ᠢᠳᠡᠭᠡᠨ ᠢ ᠤᠳᠠᠭᠠᠨ ᠲᠠᠯᠪᠢᠪᠠᠯ ᠠᠮᠠᠷᠬᠠᠨ ᠪᠠᠺᠲ᠋ᠧᠷᠢ ᠪᠠ ᠬᠤᠣᠷᠲᠤ ᠡᠳ᠋ ᠡᠭᠦᠰᠴᠦ ᠂ ᠡᠯᠢᠭᠡᠨ ᠤ ᠬᠤᠣᠷ ᠲᠠᠶᠢᠯᠬᠤ ᠳᠠᠷᠤᠭᠠᠰᠤ ᠶᠢ | ᠬᠦᠨᠳᠣᠷᠡᠬᠦᠯᠳᠡᠭ ᠃ ᠳᠠᠯᠠᠢ ᠶᠢᠨ ᠢᠳᠡᠭᠡᠨ ᠢ ᠪᠠᠷᠢᠨ ᠬᠢᠵᠦ ᠪᠠᠷᠢᠨ ᠢᠳᠡᠪᠡᠯ ᠬᠠᠮᠤᠭ ᠰᠠᠶᠢᠨ ᠃ | ᠭᠤᠷᠪᠠ ᠂ ᠥᠷᠭᠡᠰᠦᠲᠦ ᠨᠣᠭᠤᠭ᠎ᠠ ᠃ | ᠥᠷᠭᠡᠰᠦᠲᠦ ᠨᠣᠭᠤᠭ᠎ᠠ ᠶᠢᠨ ᠬᠦᠴᠢᠯ ᠤᠨ ᠠᠭᠤᠯᠤᠭᠳᠠᠴᠠ ᠶᠡᠭᠡ ᠪᠤᠯᠬᠤᠷ ᠣᠰᠣᠨ ᠳᠤ ᠪᠤᠴᠠᠯᠭᠠᠭᠰᠠᠨ ᠤ ᠳᠠᠷᠠᠭ᠎ᠠ ᠢᠳᠡᠬᠦ ᠬᠡᠷᠡᠭᠲᠡᠶ ᠂ ᠡᠭᠦᠨ ᠤ ᠳᠡᠭᠡᠷ᠎ᠡ | ᠥᠷᠭᠡᠰᠦᠲᠦ ᠨᠣᠭᠤᠭ᠎ᠠ ᠳᠤ ᠪᠠᠰᠠ ᠶᠡᠭᠡ ᠬᠡᠮᠵᠢᠶᠡᠨ ᠤ ᠠᠽᠣᠲ ᠬᠦᠴᠢᠯ ᠤᠨ ᠳᠠᠪᠤᠰᠤ ᠠᠭᠤᠯᠤᠭᠳᠠᠨ᠎ᠠ ᠂ ᠬᠡᠷᠪᠡ ᠬᠤᠶᠠᠳᠠᠬᠢ ᠤᠳᠠᠭ᠎ᠠ ᠬᠠᠯᠠᠭᠤᠯᠠᠪᠠᠯ ᠬᠥᠮᠦᠨ ᠤ | ᠪᠡᠶ᠎ᠡ ᠳᠤ ᠬᠤᠤᠷᠲᠠᠶ ᠪᠠᠶᠢᠳᠠᠭ ᠃ | ᠳᠥᠷᠪᠡ ᠂ ᠦᠨᠢᠶᠡᠨ ᠰᠦ ᠃ | ᠦᠨᠢᠶᠡᠨ ᠰᠦ ᠶᠢ ᠳᠠᠬᠢᠨ ᠳᠠᠪᠲᠠᠨ ᠬᠠᠯᠠᠭᠠᠵᠤ ᠪᠣᠯᠬᠤ ᠦᠭᠡᠢ ᠃ ᠴᠠᠭ ᠤᠳᠠᠪᠠᠯ ᠰᠦ ᠶᠢᠨ ᠴᠢᠨᠠᠷ ᠬᠤᠪᠢᠷᠠᠨ᠎ᠠ ᠂ ᠠᠮᠠᠷᠬᠠᠨ ᠬᠡᠳᠡᠰᠣ ᠡᠪᠡᠳᠴᠤ ᠰᠠᠭᠤᠯᠭᠠᠬᠤ | ᠪᠣᠯᠤᠨ᠎ᠠ ᠃ ᠡᠭᠦᠨ ᠠᠴᠠ ᠭᠠᠳᠠᠨ᠎ᠠ ᠂ ᠦᠨᠢᠶᠡᠨ ᠰᠦ ᠶᠢ ᠳᠠᠬᠢᠨ ᠳᠠᠪᠲᠠᠨ ᠬᠠᠯᠠᠭᠠᠪᠠᠯ ᠂ ᠦᠨᠢᠶᠡᠨ ᠰᠦ ᠳᠣᠲᠣᠷᠠᠬᠢ ᠤᠭᠤᠷᠠᠭ ᠤᠨ ᠴᠢᠨᠠᠷ ᠬᠤᠪᠢᠷᠠᠵᠤ ᠂ ᠰᠢᠮ᠎ᠡ | ᠲᠡᠵᠢᠭᠡᠯ ᠳᠤᠲᠠᠭᠳᠠᠬᠤ ᠪᠣᠯᠤᠨ᠎ᠠ ᠃ | ᠲᠠᠪᠤ ᠂ ᠴᠠᠭᠠᠨ ᠳᠡᠯᠳᠡᠦ ᠶᠢᠨ ᠱᠥᠯᠥ ᠃ | ᠴᠠᠭᠠᠨ ᠳᠡᠯᠳᠡᠦ ᠳᠣᠲᠣᠷ᠎ᠠ ᠨᠡᠯᠢᠶᠡᠳ ᠠᠷᠪᠢᠨ ᠠᠽᠣᠲ ᠬᠦᠴᠢᠯ ᠤᠨ ᠳᠠᠪᠤᠰᠤᠨ ᠤ ᠲᠦᠷᠦᠯ ᠠᠭᠤᠯᠤᠭᠳᠠᠵᠤ ᠪᠠᠶᠢᠳᠠᠭ ᠪᠤᠯᠬᠤᠷ ᠴᠠᠭᠠᠨ ᠳᠡᠯᠳᠡᠦ ᠶᠢᠨ ᠱᠥᠯᠥ ᠶᠢ | ᠤᠳᠠᠭᠠᠨ ᠲᠠᠯᠪᠢᠪᠠᠯ ᠠᠽᠣᠲ ᠬᠦᠴᠢᠯ ᠤᠨ ᠳᠠᠪᠤᠰᠤ ᠨᠢ ᠵᠠᠳᠠᠷᠠᠭᠠᠳ ᠳᠤᠲᠠᠮᠠᠭ ᠠᠽᠣᠲ ᠬᠦᠴᠢᠯ ᠤᠨ ᠳᠠᠪᠤᠰᠤ ᠪᠣᠯᠳᠠᠭ ᠃ ᠳᠤᠲᠠᠮᠠᠭ ᠠᠽᠣᠲ ᠬᠦᠴᠢᠯ ᠤᠨ | ᠳᠠᠪᠤᠰᠤ ᠨᠢ ᠴᠢᠰᠤᠨ ᠳᠣᠲᠣᠷᠠᠬᠢ ᠴᠢᠰᠤᠨ ᠤ ᠤᠯᠠᠭᠠᠨ ᠤᠭᠤᠷᠠᠭ ᠤᠨ ᠬᠦᠴᠢᠯᠲᠥ᠋ᠷᠥᠭᠴᠢ ᠠᠴᠢᠶᠠᠯᠠᠬᠤ ᠴᠢᠳᠠᠪᠤᠷᠢ ᠶᠢ ᠠᠯᠳᠠᠭᠤᠯᠵᠤ ᠂ ᠬᠥᠮᠦᠨ ᠤ ᠪᠡᠶ᠎ᠡ ᠶᠢᠨ | ᠬᠡᠪ ᠤᠨ ᠴᠢᠰᠤ ᠪᠦᠲᠦᠭᠡᠬᠦ ᠠᠵᠢᠯᠯᠠᠭ᠎ᠠ ᠶᠢ ᠡᠪᠳᠡᠵᠦ ᠂ ᠡᠷᠡᠭᠦᠯ ᠮᠡᠨᠳᠦ ᠶᠢ ᠨᠥᠯᠥᠭᠡᠯᠡᠳᠡᠭ ᠃ ᠡᠶᠢᠮᠦ ᠠᠴᠠ ᠦᠨᠵᠢᠭᠰᠡᠨ ᠴᠠᠭᠠᠨ ᠳᠡᠯᠳᠡᠦ ᠶᠢᠨ ᠱᠥᠯᠥ ᠶᠢ ᠬᠠᠮᠤᠭ | ᠰᠠᠶᠢᠨ ᠨᠢ ᠪᠤᠣ ᠤᠤᠭᠤ ᠃ | ᠵᠢᠷᠭᠤᠭ᠎ᠠ ᠂ ᠥᠨᠳᠡᠭᠡ ᠃ | ᠱᠦᠷᠬᠡᠢ ᠥᠨᠳᠡᠭᠡ ᠭᠡᠳᠡᠭ ᠨᠢ ᠲᠤᠲᠠᠭᠤ ᠪᠤᠯᠭᠤᠭᠰᠠᠨ ᠥᠨᠳᠡᠭᠡ ᠶᠢ ᠵᠢᠭᠠᠨ᠎ᠠ ᠂ ᠱᠦᠷᠬᠡᠢ ᠥᠨᠳᠡᠭᠡᠨ ᠳᠣᠲᠣᠷᠠᠬᠢ ᠰᠠᠯᠮᠤᠨᠧᠯ ᠪᠠᠺᠲ᠋ᠧᠷᠢ ᠲᠦᠢᠯᠪᠤᠷᠢᠲᠠᠶ ᠦᠬᠦᠬᠦ | ᠥᠬᠡᠶ ᠃ ᠬᠡᠷᠪᠡ ᠪᠠᠰᠠ ᠨᠢᠭᠡ ᠰᠥᠨᠢ ᠲᠠᠯᠪᠢᠪᠠᠯ ᠂ ᠪᠠᠺᠲ᠋ᠧᠷᠢ ᠶᠢᠨ ᠦᠷᠡᠵᠢᠬᠦ ᠪᠠ ᠬᠤᠤᠷ ᠡᠭᠦᠰᠭᠡᠬᠦ ᠵᠠᠪᠰᠢᠶᠠᠨ ᠨᠡᠮᠡᠭᠳᠡᠨ᠎ᠡ ᠃ ᠲᠠᠬᠢᠶᠠᠨ ᠥᠨᠳᠡᠭᠡ ᠶᠢ ᠭᠦᠢᠴᠡᠳ | ᠪᠤᠯᠭᠤᠭᠠᠪᠡᠯ ᠰᠠᠶ᠋ᠢ ᠳᠣᠲᠣᠷᠠᠬᠢ ᠪᠠᠺᠲ᠋ᠧᠷᠢ ᠶᠢ ᠨᠢ ᠤᠰᠠᠳᠬᠠᠵᠤ ᠲᠠᠶᠢᠯᠤᠨ᠎ᠠ ᠃ | | | | | |