| ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠲᠣᠰ | ᠡᠳᠦᠷ ᠠᠴᠠ ᠡᠬᠢᠯᠡᠨ ᠂ ᠮᠠᠨ ᠤ ᠣᠷᠣᠨ ᠠᠵᠢᠯ ᠣᠯᠭᠤᠯᠲᠠ ᠳᠤ ᠲᠤᠰᠠᠯᠠᠮᠵᠢ ᠦᠵᠡᠭᠦᠯᠬᠦ ︽ ᠬᠠᠶᠢᠷ᠎ᠠ ᠬᠠᠯᠠᠮᠵᠢ ᠶᠢᠨ ᠠᠵᠢᠯᠯᠠᠭ᠎ᠠ ︾ ᠶᠢ ᠦᠷᠭᠦᠯᠵᠢᠯᠡᠭᠦᠯᠦᠨ | ᠥᠷᠨᠢᠭᠦᠯᠵᠦ ᠂ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠲᠥᠪᠯᠡᠷᠡᠭᠦᠯᠦᠨ ᠬᠠᠪᠰᠤᠷᠴᠤ ᠂ ᠨᠥᠬᠦᠪᠦᠷᠢ ᠶᠢᠨ ᠲᠥᠷᠥᠯ ᠤᠨ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ ᠲᠣᠰ ᠤᠳᠠᠭᠠᠨ ᠤ ᠲᠤᠰᠠᠯᠠᠮᠵᠢ ᠦᠵᠡᠭᠦᠯᠬᠦ ᠠᠵᠢᠯᠯᠠᠭ᠎ᠠ ᠳᠤ ᠠᠵᠤ ᠠᠬᠤᠶᠢᠯᠠᠯ ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠵᠡᠷᠭᠡ ᠶᠢ ᠥᠷᠭᠡᠨ ᠢᠶᠠᠷ ᠳᠠᠶᠢᠴᠢᠯᠠᠵᠤ ᠂ ᠠᠵᠢᠯᠯᠠᠬᠤ ᠱᠠᠭᠠᠷᠳᠠᠯᠭ᠎ᠠ ᠪᠠᠷ ᠳᠣᠣᠷ᠎ᠠ ᠂ ᠪᠠᠲᠤᠯᠠᠭ᠎ᠠ ᠲᠠᠢ ᠬᠠᠶᠢᠷ᠎ᠠ ᠬᠠᠯᠠᠮᠵᠢ ᠶᠢᠨ ᠠᠵᠢᠯ ᠤᠨ | ᠪᠠᠶᠢᠷᠢ ᠪᠠ ᠬᠦᠴᠢᠷᠳᠡᠯᠲᠡᠢ ᠲᠡᠭᠦᠰᠬᠦ ᠰᠤᠷᠤᠭᠴᠢᠳ ᠲᠤ ᠲᠣᠬᠢᠷᠠᠬᠤ ᠮᠡᠳᠡᠯᠭᠡ ᠶᠢᠨ ᠬᠡᠯᠪᠡᠷᠢ ᠶᠢᠨ ᠪᠠ ᠮᠡᠷᠭᠡᠵᠢᠯ ᠤᠨ ᠬᠡᠯᠪᠡᠷᠢ ᠶᠢᠨ ᠠᠵᠢᠯ ᠤᠨ ᠪᠠᠶᠢᠷᠢ ᠶᠢ | ᠬᠠᠩᠭᠠᠨ᠎ᠠ ᠃ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠦᠨᠳᠦᠰᠦᠨ ᠱᠠᠲᠤᠨ ᠳᠤ | ᠰᠤᠷᠪᠤᠯᠵᠢᠯᠠᠭ᠎ᠠ ᠬᠢᠵᠦ ᠪᠠᠶᠢᠳᠠᠯ ᠢ ᠣᠶᠢᠯᠠᠭᠠᠬᠤ ᠂ ᠠᠵᠢᠯ ᠣᠯᠭᠤᠬᠤ ᠡᠲᠡᠭᠡᠳ ᠢ ᠣᠨᠣᠴᠠᠲᠠᠢ ᠮᠠᠭᠠᠳᠯᠠᠨ ᠲᠣᠭᠲᠠᠭᠠᠬᠤ ᠂ ᠬᠠᠪᠰᠤᠷᠤᠨ ᠲᠡᠳᠬᠦᠬᠦ ᠶᠢ | ᠲᠥᠪᠯᠡᠷᠡᠭᠦᠯᠦᠨ ᠥᠷᠨᠢᠭᠦᠯᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠬᠦᠴᠢᠷᠳᠡᠯᠲᠡᠢ ᠬᠦᠮᠦᠰ ᠂ ᠢᠯᠠᠩᠭᠤᠶ᠎ᠠ ᠬᠢᠵᠢᠭ ᠤᠨ ᠪᠠᠶᠢᠳᠠᠯ ᠳᠤ | ᠨᠥᠯᠥᠭᠡᠯᠡᠭᠳᠡᠭᠰᠡᠨ ᠬᠦᠴᠢᠷᠳᠡᠯᠲᠡᠢ ᠣᠯᠠᠨ ᠲᠦᠮᠡᠨ ᠳᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠪᠠ ᠠᠵᠢᠯ ᠣᠯᠭᠤᠯᠲᠠ ᠶᠢᠨ | ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠵᠦ ᠂ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ | ᠬᠡᠷᠡᠭᠲᠡᠢ ᠃ ᠡᠭᠦᠨ ᠤ ᠬᠠᠮᠲᠤ ᠂ ᠣᠯᠠᠨ ᠬᠡᠯᠪᠡᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯᠯᠠᠭ᠎ᠠ ᠶᠢ ᠥᠷᠨᠢᠭᠦᠯᠵᠦ ᠂ ᠠᠵᠤ ᠠᠬᠤᠶᠢᠯᠠᠯ ᠢ | ᠬᠠᠪᠰᠤᠷᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ ᠃ ᠣᠶᠢᠯᠠᠭᠠᠭᠰᠠᠨ ᠢᠶᠠᠷ ᠂ ᠡᠨᠡ ᠵᠢᠯ ᠤᠨ 7 ᠳ᠋ᠤᠭᠠᠷ ᠰᠠᠷ᠎ᠠ ᠶᠢᠨ 31 ᠤ ᠡᠳᠦᠷ ᠂ ᠮᠠᠨ ᠤ | ᠣᠷᠣᠨ 3 ᠰᠠᠷ᠎ᠠ ᠶᠢᠨ ᠬᠤᠭᠤᠴᠠᠭ᠎ᠠ ᠲᠠᠢ ᠠᠵᠢᠯ ᠣᠯᠭᠤᠯᠲᠠ ᠳᠤ ᠲᠤᠰᠠᠯᠠᠮᠵᠢ ᠦᠵᠡᠭᠦᠯᠬᠦ ︽ ᠬᠠᠶᠢᠷ᠎ᠠ ᠬᠠᠯᠠᠮᠵᠢ ᠶᠢᠨ ᠠᠵᠢᠯᠯᠠᠭ᠎ᠠ ︾ ᠶᠢ ᠡᠬᠢᠯᠡᠭᠦᠯᠵᠦ ᠂ | ᠲᠥᠪᠯᠡᠷᠡᠭᠦᠯᠦᠨ ᠠᠵᠢᠯ ᠤᠨ ᠪᠠᠶᠢᠷᠢ ᠬᠠᠩᠭᠠᠬᠤ ᠂ ᠦᠢᠯᠡᠴᠢᠯᠡᠭᠡ ᠬᠠᠩᠭᠠᠬᠤ ᠂ ᠲᠥᠷᠥ ᠶᠢᠨ ᠪᠣᠳᠣᠯᠭ᠎ᠠ ᠬᠠᠩᠭᠠᠬᠤ ᠂ ᠬᠠᠶᠢᠷ᠎ᠠ ᠬᠠᠯᠠᠮᠵᠢ ᠬᠦᠷᠲᠡᠭᠡᠬᠦ ᠠᠷᠭ᠎ᠠ | ᠮᠠᠶ᠋ᠢᠭ ᠢᠶᠠᠷ ᠳᠠᠮᠵᠢᠭᠤᠯᠤᠨ ᠂ ᠬᠦᠴᠢᠷᠳᠡᠯᠲᠡᠢ ᠬᠥᠮᠥᠰ ᠢ ᠬᠠᠪᠰᠤᠷᠤᠨ ᠠᠵᠢᠯ ᠣᠯᠭᠤᠪᠠ ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠂ ᠨᠡᠶᠢᠲᠡ 17457 | ᠲᠤᠰᠠᠯᠠᠮᠵᠢ ᠦᠵᠡᠭᠦᠯᠬᠦ ᠡᠲᠡᠭᠡᠳ ᠢ ᠮᠠᠭᠠᠳᠯᠠᠨ ᠲᠣᠭᠲᠠᠭᠠᠵᠤ ᠂ 3745 ᠬᠥᠮᠥᠨ ᠤᠳᠠᠭ᠎ᠠ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ ︔ ᠪᠥᠬᠦ ᠣᠷᠣᠨ ᠳᠤ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 366 ᠲᠠᠯᠠᠪᠤᠷ ᠡᠷᠭᠢᠯᠡᠵᠦ ᠂ 13.9 ᠲᠦᠮᠡᠨ ᠠᠵᠢᠯ ᠤᠨ | ᠪᠠᠶᠢᠷᠢ ᠬᠠᠩᠭᠠᠵᠤ ᠂ ᠨᠡᠶᠢᠲᠡ 1.67 ᠲᠦᠮᠡᠨ ᠲᠤᠰᠠᠯᠠᠮᠵᠢ ᠦᠵᠡᠭᠦᠯᠬᠦ ᠡᠲᠡᠭᠡᠳ ᠢ ᠬᠠᠪᠰᠤᠷᠤᠨ ᠠᠵᠢᠯ ᠣᠯᠭᠤᠪᠠ ᠃ | |