ᠥᠪᠡᠷᠲᠡᠭᠡᠨ ᠵᠠᠰᠠᠬᠤ ᠣᠷᠣᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠸᠢᠳᠢᠤ᠋ ᠪᠠᠷ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2022/11/14
        11 ᠳ᠋ᠦ᠋ᠭᠡᠷ ᠰᠠᠷ᠎ᠠ ᠶᠢᠨ 9 ᠤ ᠡᠳᠦᠷ ᠂ ᠥᠪᠡᠷᠲᠡᠭᠡᠨ ᠵᠠᠰᠠᠬᠤ ᠣᠷᠣᠨ ᠸᠢᠳᠢᠤ᠋ ᠬᠤᠷᠠᠯ ᠬᠤᠷᠠᠯᠳᠤᠭᠤᠯᠵᠤ ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠱᠣᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠩᠬ᠎ᠠ ᠤᠳᠠᠭ᠎ᠠ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠭᠦᠨᠵᠡᠭᠡᠢ ᠠᠬᠢᠭᠤᠯᠬᠤ ᠶᠢ ᠢᠯᠡᠳᠬᠡᠯ ᠳᠤ ᠪᠢᠴᠢᠵᠦ ᠣᠷᠣᠭᠤᠯᠤᠭᠰᠠᠨ ᠨᠢ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ ᠂ ᠤᠬᠠᠮᠰᠠᠷ ᠠᠴᠠ ᠪᠠᠨ ︽ ᠬᠤᠶᠠᠷ ᠢ ᠲᠣᠭᠲᠠᠭᠠᠬᠤ ︾ ᠶᠢ ᠬᠦᠷᠢᠶᠡᠯᠡᠬᠦ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠳᠤ ᠵᠣᠭᠰᠣᠵᠤ ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠬᠤᠷᠠᠯ ᠠᠴᠠ ᠂ ᠲᠠᠩᠰᠠ ᠮᠡᠳᠡᠭᠦᠯᠬᠦ ᠤᠬᠠᠮᠰᠠᠷ ᠂ ᠰᠢᠯᠭᠠᠯᠲᠠ ᠲᠤᠰᠢᠶᠠᠬᠤ ᠤᠬᠠᠮᠰᠠᠷ ᠂ ᠦᠷ᠎ᠡ ᠪᠦᠲᠦᠭᠡᠯ ᠤᠨ ᠤᠬᠠᠮᠰᠠᠷ ᠢ ᠯᠠᠪᠳᠠᠭᠤᠨ ᠪᠠᠲᠤᠲᠠᠢ ᠪᠤᠢ ᠪᠣᠯᠭᠠᠵᠤ ᠂ ᠠᠶᠢᠮᠠᠭ ᠬᠤᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠬᠤᠷᠳᠤᠴᠠ ᠂ ᠶᠠᠰᠤ ᠴᠢᠨᠠᠷ ᠪᠠ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠥᠯ ᠤᠨ ᠱᠠᠭᠠᠷᠳᠠᠯᠭ᠎ᠠ ᠶᠣᠰᠣᠭᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ