ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/15
     11 ᠰᠠᠷ᠎ᠠ ᠶᠢᠨ 13 ᠤ ᠡᠳᠦᠷ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ︽ ᠬᠤᠶᠠᠷ ᠬᠠᠯᠬᠠᠪᠴᠢ ︾ ᠂ ︽ ᠬᠤᠶᠠᠷ ᠰᠠᠭᠤᠷᠢᠨ ︾ ᠂ ︽ ᠨᠢᠭᠡ ᠪᠠᠬᠢᠯᠡᠯᠲᠡ ︾ ᠶᠢᠨ ᠪᠦᠲᠦᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠠᠪᠤᠨ ᠶᠡᠭᠡ ᠡᠭᠦᠷᠭᠡ ᠶᠢᠨ ᠬᠡᠷᠡᠭᠵᠢᠭᠦᠯᠬᠦ ᠲᠥᠰᠥᠯ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷᠡᠬᠢ ᠠᠵᠢᠯ ᠤᠨ ᠢᠯᠡᠳᠬᠡᠯ ᠪᠣᠯᠣᠨ ᠴᠢᠬᠤᠯᠠ ᠶᠠᠷᠢᠶ᠎ᠠ ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠂ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠲᠤ ᠪᠠᠷᠠᠳᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠱᠠᠨᠰᠢ ᠶᠢᠨ ᠶᠠᠨ ᠠᠨ ᠪᠣᠯᠣᠨ ᠾᠧᠨᠠᠨ ᠤ ᠠᠨᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ︽ ᠭᠤᠷᠪᠠᠨ ᠪᠦᠭᠦ ᠲᠠᠯ᠎ᠠ ︾ ᠶᠢᠨ ᠴᠢᠬᠤᠯᠠ ᠱᠠᠭᠠᠷᠳᠠᠯᠭ᠎ᠠ ᠶᠣᠰᠣᠭᠠᠷ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ ᠃ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ ᠂ ︽ ᠬᠦᠴᠢᠷ ᠠᠴᠠ ᠠᠶᠤᠬᠤ ᠦᠭᠡᠢ ᠂ ᠴᠤᠴᠠᠯᠲᠠ ᠦᠭᠡᠢ ᠤᠷᠤᠭᠰᠢᠯᠠᠵᠤ ᠂ ᠵᠣᠷᠢᠭᠰᠠᠨ ᠳᠠᠭᠠᠨ ᠵᠠᠪᠠᠯ ᠬᠦᠷᠬᠦ ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠠᠭᠤᠯᠠ ᠳᠠᠭᠠᠷᠠᠪᠠᠯ ᠵᠠᠮ ᠨᠡᠭᠡᠭᠡᠵᠦ ᠂ ᠤᠰᠤ ᠳᠠᠭᠠᠷᠠᠪᠠᠯ ᠬᠥᠭᠦᠷᠭᠡ ᠲᠠᠯᠪᠢᠨ ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠮᠡᠷᠡᠶᠢᠨ ᠴᠢᠷᠮᠠᠶᠢᠨ ᠵᠢᠳᠬᠦᠯ ᠴᠢᠷᠮᠠᠶᠢᠯᠭ᠎ᠠ ᠭᠠᠷᠭᠠᠵᠤ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ︽ ᠤᠯᠤᠰ ᠤᠨ ᠶᠡᠭᠡ ᠶᠠᠪᠤᠳᠠᠯ ︾ ᠢ ᠪᠠᠲᠤ ᠴᠡᠭᠡᠵᠢᠯᠡᠵᠦ ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠪᠠ ᠪᠠᠲᠤᠯᠠᠬᠤ ᠥᠨᠳᠥᠷᠴᠡ ᠠᠴᠠ ᠡᠭᠦᠰᠴᠦ ᠂ ᠡᠯ᠎ᠡ ᠬᠡᠷᠡᠭᠵᠢᠭᠦᠯᠬᠦ ᠲᠥᠰᠥᠯ ᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠵᠢᠭᠦᠯᠬᠦ ᠲᠥᠰᠥᠯ ᠲᠠᠢ ᠬᠠᠷᠭᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠣᠨ ᠤ ᠡᠭᠦᠷᠭᠡ ᠶᠢᠨ ᠨᠠᠷᠢᠨ ᠲᠠᠩᠰᠠ ᠪᠠᠨ ᠲᠣᠳᠣᠷᠬᠠᠶᠢᠯᠠᠨ ᠂ ᠱᠠᠯᠠᠪᠳᠠᠨ ᠬᠥᠳᠡᠯᠦᠯᠴᠡᠵᠦ ᠂ ᠰᠠᠶᠢᠲᠤᠷ ᠬᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ︽ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠣᠭᠲᠠᠭᠠᠯ ᠤᠳ ︾ ᠂ ︽ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠨᠠᠷᠢᠨ ᠳᠦᠷᠢᠮ ︾ ᠢ ᠤᠯᠠᠮᠵᠢᠯᠠᠨ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠦᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠂ ᠮᠤᠵᠢ ᠶᠢᠨ ᠲᠡᠰ ᠤᠨ ᠤᠳᠤᠷᠢᠳᠬᠤ ᠨᠥᠬᠦᠳ ᠲᠦᠷᠦᠭᠦᠯᠡᠨ ᠡᠯ᠎ᠡ ᠵᠦᠢᠯ ᠤᠨ ᠲᠣᠭᠲᠠᠭᠠᠯ ᠱᠠᠭᠠᠷᠳᠠᠯᠭ᠎ᠠ ᠶᠢ ᠵᠢᠷᠤᠮᠯᠠᠵᠤ ᠂ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ᠶᠣᠰᠣ ᠳᠦᠷᠢᠮ ᠢ ᠰᠠᠬᠢᠵᠤ ᠂ ᠴᠥᠬᠦᠷᠡᠰᠢ ᠦᠭᠡᠢ ᠪᠠᠷ ᠰᠤᠷᠲᠠᠯ ᠢᠶᠠᠨ ᠬᠤᠪᠢᠷᠠᠭᠤᠯᠵᠤ ᠂ ᠰᠢᠨ᠎ᠡ ᠰᠤᠷᠲᠠᠯ ᠢ ᠪᠤᠢ ᠪᠤᠯᠭᠠᠵᠤ ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠵᠢᠱᠢᠶ᠎ᠡ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ︽ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ︾ ᠢ ᠰᠤᠳᠤᠯᠪᠠ ᠃ ᠬᠤᠷᠠᠯ ᠠᠴᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯ ᠢ 11 ᠰᠠᠷ᠎ᠠ ᠶᠢᠨ 18 ᠤ ᠡᠳᠦᠷ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠵᠤ ᠂ ᠭᠤᠣᠯ ᠡᠭᠦᠷᠭᠡ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠭᠦ ᠪᠣᠯᠣᠨ᠎ᠠ ᠃ ᠬᠤᠷᠠᠯ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ ︵ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ ︶ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠳᠦᠷᠢᠮ ︵ ᠵᠠᠰᠠᠪᠤᠷᠢ ᠣᠷᠣᠭᠤᠯᠤᠭᠰᠠᠨ ᠨᠣᠣᠷᠠᠭ ︶ ︾ ᠢ ᠰᠤᠳᠤᠯᠵᠤ ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠵᠢᠷᠦᠮᠵᠢᠯᠲᠡ ᠶᠢᠨ ᠪᠠᠶᠢᠭᠤᠯᠤᠯᠲᠠ ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠣᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ