| | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ ᠠᠴᠠ ᠣᠶᠢᠯᠠᠭᠠᠭᠰᠠᠨ ᠢᠶᠠᠷ ᠂ ᠬᠢᠵᠢᠭ ᠤᠨ ᠪᠠᠶᠢᠳᠠᠯ ᠤᠨ | ᠬᠤᠭᠤᠴᠠᠭᠠᠨ ᠳᠤ ᠂ ᠲᠣᠰ ᠲᠥᠪ ᠠᠴᠠ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠪᠠᠷ ᠠᠵᠤ ᠠᠬᠤᠶᠢᠯᠠᠯ ᠢ ᠬᠠᠪᠰᠤᠷᠤᠨ ᠠᠷᠠᠳ ᠲᠤ ᠠᠰᠢᠭ ᠬᠦᠷᠲᠡᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠬᠢᠵᠢᠭ ᠤᠨ ᠪᠠᠶᠢᠳᠠᠯ ᠳᠤ | ᠨᠥᠯᠥᠭᠡᠯᠡᠭᠳᠡᠭᠰᠡᠨ ᠠᠵᠤ ᠠᠬᠤᠶᠢᠯᠠᠯ ᠪᠠ ᠲᠤᠰᠢᠶᠠᠨ ᠬᠠᠳᠠᠭᠠᠯᠠᠭᠤᠯᠤᠭᠴᠢᠳ ᠤᠨ ᠬᠦᠴᠢᠷ ᠪᠡᠷᠬᠡᠰᠢᠶᠡᠯ ᠢ ᠳᠠᠪᠠᠨ ᠳᠤᠭᠤᠯᠬᠤ ᠳᠤ ᠨᠢ ᠬᠠᠪᠰᠤᠷᠤᠯᠭ᠎ᠠ ᠦᠵᠡᠭᠦᠯᠵᠦ | ᠪᠠᠶᠢᠨ᠎ᠠ ᠃ ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ ᠤᠨ ᠰᠦᠯᠵᠢᠶᠡᠨ ᠤ ᠭᠠᠳᠠᠨᠠᠬᠢ | ᠴᠣᠩᠬᠤᠪᠴᠢ ᠶᠢᠨ ᠦᠢᠯᠡᠴᠢᠯᠡᠭᠡ ᠶᠢ ᠰᠡᠷᠭᠦᠭᠡᠬᠦ ᠠᠴᠠ ᠡᠮᠦᠨ᠎ᠡ ᠂ ᠥᠷᠭᠡᠨ ᠣᠯᠠᠨ ᠵᠢᠭᠡᠯᠡᠯᠭᠡ ᠵᠢᠭᠡᠯᠡᠭᠰᠡᠨ ᠠᠵᠢᠯᠲᠠᠳ ᠭᠠᠷ ᠤᠲᠠᠰᠤᠨ ᠤ ᠪᠠᠩᠬᠢ ᠪᠠᠷ ᠳᠠᠮᠵᠢᠭᠤᠯᠤᠨ | ᠵᠢᠭᠡᠯᠡᠯᠭᠡ ᠪᠤᠴᠠᠭᠠᠬᠤ ᠪᠡᠯᠡ ᠮᠥᠩᠭᠦ ᠶᠢ ᠰᠢᠯᠵᠢᠭᠦᠯᠦᠨ ᠬᠠᠳᠠᠭᠠᠯᠠᠬᠤ ᠦᠢᠯᠡᠴᠢᠯᠡᠭᠡ ᠶᠢ ᠬᠦᠷᠲᠡᠵᠦ ᠪᠣᠯᠣᠨ᠎ᠠ ᠂ ᠬᠡᠷᠪᠡ ᠵᠢᠭᠡᠯᠡᠯᠭᠡ ᠵᠢᠭᠡᠯᠡᠭᠰᠡᠨ ᠠᠵᠢᠯᠲᠠᠳ | ᠵᠢᠭᠡᠯᠡᠯᠭᠡ ᠪᠠᠨ ᠬᠡᠪ ᠤᠨ ᠶᠣᠰᠣᠭᠠᠷ ᠪᠤᠴᠠᠭᠠᠵᠤ ᠳᠡᠶᠢᠯᠬᠦ ᠦᠭᠡᠢ ᠪᠣᠯ ᠵᠢᠭᠡᠯᠡᠯᠭᠡ ᠪᠠᠨ ᠬᠤᠶᠢᠰᠢᠯᠠᠭᠤᠯᠤᠨ ᠪᠤᠴᠠᠭᠠᠬᠤ ᠪᠠᠷ ᠭᠤᠶᠤᠴᠢᠯᠠᠵᠤ ᠪᠣᠯᠣᠨ᠎ᠠ ᠃ ᠲᠣᠰ | ᠲᠥᠪ ᠠᠴᠠ ᠲᠤᠬᠠᠢ ᠶᠢᠨ ᠰᠠᠷ᠎ᠠ ᠶᠢᠨ ᠪᠤᠴᠠᠭᠠᠬᠤ ᠶᠣᠰᠣᠲᠠᠢ ᠪᠤᠯᠪᠠᠴᠦ ᠪᠤᠴᠠᠭᠠᠭᠰᠠᠨ ᠦᠭᠡᠢ ᠵᠢᠭᠡᠯᠡᠯᠭᠡ ᠶᠢ ᠬᠤᠭᠤᠴᠠᠭ᠎ᠠ ᠬᠡᠲᠦᠷᠡᠭᠦᠯᠦᠭᠰᠡᠨ ᠢᠶᠠᠷ ᠰᠢᠢᠳᠪᠦᠷᠢᠯᠡᠬᠦ | ᠦᠭᠡᠢ ᠂ ᠲᠣᠷᠭᠠᠭᠤᠯᠢ ᠶᠢᠨ ᠬᠦᠦ ᠮᠥᠩᠭᠦ ᠪᠤᠳᠤᠵᠤ ᠬᠤᠷᠢᠶᠠᠬᠤ ᠦᠭᠡᠢ ᠂ ᠬᠤᠭᠤᠴᠠᠭ᠎ᠠ ᠬᠡᠲᠦᠷᠡᠭᠦᠯᠦᠭᠰᠡᠨ ᠢᠶᠠᠷ ᠪᠦᠷᠢᠳᠬᠡᠬᠦ ᠦᠭᠡᠢ ︔ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠲᠤᠰᠢᠶᠠᠵᠤ ᠬᠠᠳᠠᠭᠠᠯᠠᠭᠤᠯᠬᠤ ᠶᠢᠨ ᠠᠷᠭ᠎ᠠ ᠦᠭᠡᠢ ᠠᠵᠤ | ᠠᠬᠤᠶᠢᠯᠠᠯ ᠠᠴᠠ ᠠᠵᠢᠯᠲᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠠᠵᠢᠯᠴᠢᠨ ᠤ ᠡᠪᠯᠡᠯ ᠢᠶᠠᠷ ᠢᠶᠠᠨ ᠶᠠᠷᠢᠯᠴᠠᠭᠤᠯᠤᠨ ᠪᠠᠲᠤᠯᠠᠭᠤᠯᠤᠭᠰᠠᠨ ᠤ ᠳᠠᠷᠠᠭ᠎ᠠ ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ ᠲᠤ ᠬᠤᠶᠢᠰᠢᠯᠠᠭᠤᠯᠤᠨ ᠲᠤᠰᠢᠶᠠᠬᠤ ᠪᠠᠷ ᠪᠢᠴᠢᠭ ᠢᠶᠠᠷ ᠭᠤᠶᠤᠴᠢᠯᠠᠵᠤ ᠪᠣᠯᠣᠨ᠎ᠠ ᠃ | ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ 12 ᠰᠠᠷ᠎ᠠ ᠶᠢᠨ 31 ᠤ ᠡᠳᠦᠷ ᠳᠠᠭᠤᠰᠴᠤ ᠂ ᠡᠨᠡ ᠬᠤᠭᠤᠴᠠᠭᠠᠨ ᠳᠤ ᠠᠵᠢᠯᠲᠠᠳ ᠤᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠬᠡᠪ ᠤᠨ ᠶᠣᠰᠣᠭᠠᠷ ᠭᠠᠷᠭᠠᠨ ᠠᠪᠬᠤ ᠪᠠ ᠭᠤᠶᠤᠴᠢᠯᠠᠬᠤ ᠶᠢ ᠨᠥᠯᠥᠭᠡᠯᠡᠬᠦ ᠦᠭᠡᠢ ᠃ | ᠠᠵᠢᠯᠲᠠᠳ ᠤᠨ ᠠᠵᠢᠯ ᠠᠴᠠ ᠪᠠᠨ ᠠᠮᠠᠷᠠᠬᠤ ᠪᠠ ᠭᠡᠷ ᠲᠦᠷᠢᠶᠡᠰᠦᠯᠡᠬᠦ ᠪᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ | ᠠᠪᠬᠤ ᠳᠤ ᠰᠦᠯᠵᠢᠶᠡᠨ ᠳᠡᠭᠡᠷᠡᠬᠢ ᠦᠢᠯᠡᠴᠢᠯᠡᠭᠡ ᠪᠠᠷ ᠳᠠᠮᠵᠢᠭᠤᠯᠤᠨ ᠴᠠᠭ ᠲᠤᠬᠠᠢ ᠳᠤ ᠨᠢ ᠭᠦᠢᠴᠡᠳᠬᠡᠨ ᠳᠠᠭᠤᠰᠬᠠᠵᠤ ᠂ ᠭᠠᠷᠭᠠᠨ ᠠᠪᠤᠭᠰᠠᠨ ᠪᠡᠯᠡ ᠮᠥᠩᠭᠦ ᠶᠢ | ᠴᠠᠭ ᠲᠤᠬᠠᠢ ᠳᠤ ᠨᠢ ᠲᠠᠩᠰᠠᠨ ᠳᠤ ᠣᠷᠣᠭᠤᠯᠤᠨ᠎ᠠ ᠃ ᠪᠤᠰᠤᠳ ᠰᠢᠯᠲᠠᠭᠠᠨ ᠢᠶᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠭᠠᠷᠭᠠᠨ ᠠᠪᠬᠤ ᠪᠠ ᠣᠨᠳᠣᠣ ᠭᠠᠵᠠᠷ ᠲᠤ ᠰᠢᠯᠵᠢᠭᠦᠯᠦᠨ ᠦᠷᠭᠦᠯᠵᠢᠯᠡᠭᠦᠯᠬᠦ ᠳᠤᠮᠳᠠᠬᠢ ᠰᠢᠯᠵᠢᠭᠦᠯᠦᠨ ᠭᠠᠷᠭᠠᠬᠤ ᠦᠢᠯᠡᠴᠢᠯᠡᠭᠡ ᠶᠢ ᠠᠵᠢᠯᠲᠠᠳ ᠰᠦᠯᠵᠢᠶᠡᠨ | ᠳᠡᠭᠡᠷ᠎ᠡ ᠭᠤᠶᠤᠴᠢᠯᠠᠬᠤ ᠪᠠ ᠲᠠᠭᠯᠠᠨ ᠮᠡᠳᠡᠭᠦᠯᠦᠭᠰᠡᠨ ᠤ ᠳᠠᠷᠠᠭ᠎ᠠ ᠂ ᠪᠡᠯᠡ ᠮᠥᠩᠭᠦ ᠶᠢᠨ ᠲᠥᠪ ᠠᠴᠠ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠨ᠎ᠠ ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠂ ᠨᠠᠶᠢᠳᠠᠭᠰᠠᠨ ᠪᠠᠩᠬᠢ ᠨᠢ ᠡᠯᠧᠺᠳ᠋ᠷᠣᠨ ᠭᠤᠪᠢᠭᠤᠯᠭ᠎ᠠ ᠶᠢᠨ ᠪᠠᠷᠢᠮᠲᠠ ᠶᠢ ᠳᠠᠮᠵᠢᠭᠤᠯᠬᠤ ᠶᠢᠨ | ᠠᠷᠭ᠎ᠠ ᠦᠭᠡᠢ ᠤᠴᠢᠷ ᠠᠴᠠ ᠣᠨᠳᠣᠣ ᠭᠠᠵᠠᠷ ᠲᠤ ᠰᠢᠯᠵᠢᠭᠦᠯᠦᠨ ᠦᠷᠭᠦᠯᠵᠢᠯᠡᠭᠦᠯᠬᠦ ᠳᠤᠮᠳᠠᠬᠢ ᠰᠢᠯᠵᠢᠭᠦᠯᠦᠨ ᠣᠷᠣᠭᠤᠯᠬᠤ ᠦᠢᠯᠡᠴᠢᠯᠡᠭᠡ ᠪᠠ ᠨᠢᠭᠡᠴᠢ ᠶᠢᠨ | ᠲᠤᠰᠢᠶᠠᠨ ᠬᠠᠳᠠᠭᠠᠯᠠᠭᠤᠯᠬᠤ ᠦᠢᠯᠡᠴᠢᠯᠡᠭᠡ ᠢ ᠲᠦᠷ ᠴᠠᠭ ᠭᠦᠢᠴᠡᠳᠬᠡᠬᠦ ᠶᠢᠨ ᠠᠷᠭ᠎ᠠ ᠦᠭᠡᠢ ᠪᠠᠶᠢᠵᠤ ᠂ ᠨᠠᠶᠢᠳᠠᠭᠰᠠᠨ ᠪᠠᠩᠬᠢ ᠬᠡᠪ ᠢᠶᠠᠷ ᠠᠵᠢᠯᠯᠠᠵᠤ ᠡᠬᠢᠯᠡᠭᠰᠡᠨ ᠤ | ᠳᠠᠷᠠᠭ᠎ᠠ ᠂ ᠲᠥᠪ ᠠᠴᠠ ᠡᠨᠡ ᠬᠤᠶᠠᠷ ᠵᠦᠢᠯ ᠤᠨ ᠦᠢᠯᠡᠴᠢᠯᠡᠭᠡ ᠶᠢ ᠴᠠᠭ ᠲᠤᠬᠠᠢ ᠳᠤ ᠨᠢ ᠰᠢᠢᠳᠪᠦᠷᠢᠯᠡᠨ᠎ᠡ ᠃ ᠡᠭᠦᠨ ᠠᠴᠠ ᠭᠠᠳᠠᠨ᠎ᠠ ᠂ 10 ᠳ᠋ᠤᠭᠠᠷ ᠰᠠᠷ᠎ᠠ ᠶᠢᠨ | 1 ᠤ ᠡᠳᠦᠷ ᠠᠴᠠ ᠬᠤᠶᠢᠰᠢ ᠣᠯᠭᠤᠭᠰᠠᠨ ᠬᠤᠪᠢ ᠬᠥᠮᠥᠨ ᠤ ᠠᠩᠬᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠳᠤ ᠬᠠᠮᠤᠭ ᠤᠨ ᠰᠢᠨ᠎ᠡ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠦᠨ᠎ᠡ ᠂ ᠲᠤᠬᠠᠶᠢᠯᠠᠪᠠᠯ 5 ᠵᠢᠯ ᠠᠴᠠ ᠳᠣᠭᠤᠭᠰᠢ ︵ 5 ᠵᠢᠯ ᠢ | ᠪᠠᠭᠲᠠᠭᠠᠨ᠎ᠠ ︶ 2. 6% ︵ ᠤᠤᠯ ᠨᠢ 2.75% ︶ ᠂ 5 ᠵᠢᠯ ᠠᠴᠠ ᠳᠡᠭᠡᠭᠰᠢ 3.1% ︵ ᠤᠤᠯ ᠨᠢ 3.25% ︶ ᠪᠣᠯᠣᠨ᠎ᠠ ᠃ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠮᠦᠨ᠎ᠡ ᠣᠯᠭᠤᠭᠰᠠᠨ ᠬᠤᠪᠢ ᠬᠥᠮᠥᠨ ᠤ ᠠᠩᠬᠠᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ | ᠬᠦᠦ ᠮᠥᠩᠭᠦ ᠶᠢᠨ ᠨᠣᠷᠮ᠎ᠠ ᠳᠤ ᠲᠦᠷ ᠲᠣᠬᠢᠷᠠᠭᠤᠯᠤᠯᠲᠠ ᠬᠢᠬᠦ ᠦᠭᠡᠢ ᠃ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠭᠡᠯᠡᠯᠭᠡ ᠶᠢᠨ | ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠵᠦ ᠬᠡᠷᠡᠭᠵᠢᠭᠦᠯᠦᠨ᠎ᠡ ᠃ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠦᠶ᠎ᠡ ᠳᠤ ᠵᠢᠭᠡᠯᠡᠯᠭᠡ | ᠵᠢᠭᠡᠯᠡᠭᠰᠡᠨ ᠠᠵᠢᠯᠲᠠᠳ ᠶᠠᠮᠠᠷ ᠴᠤ ᠭᠠᠷ ᠭᠦᠢᠴᠡᠳᠬᠡᠯ ᠬᠢᠬᠦ ᠴᠢᠬᠤᠯᠠ ᠦᠭᠡᠢ ᠪᠠᠶᠢᠵᠤ ᠂ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ | ᠪᠤᠴᠠᠭᠠᠬᠤ ᠵᠣᠭᠤᠰ ᠤᠨ ᠲᠤᠭ᠎ᠠ ᠶᠢ ᠲᠥᠪ ᠠᠴᠠ ᠵᠢᠭᠡᠯᠡᠯᠭᠡ ᠵᠢᠭᠡᠯᠡᠭᠰᠡᠨ ᠠᠵᠢᠯᠲᠠᠳ ᠲᠤ ᠣᠬᠤᠷ ᠮᠡᠳᠡᠭᠡᠨ ᠤ ᠬᠡᠯᠪᠡᠷᠢ ᠪᠠᠷ ᠮᠡᠳᠡᠭᠳᠡᠨ᠎ᠡ ᠃ ᠬᠤᠪᠢ ᠬᠥᠮᠥᠨ ᠤ | ᠬᠤᠶᠠᠳᠠᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠨᠣᠷᠮ᠎ᠠ ᠳᠤ ᠲᠣᠬᠢᠷᠠᠭᠤᠯᠤᠯᠲᠠ ᠬᠢᠬᠦ ᠦᠭᠡᠢ ᠃ | | |