| 3 ᠰᠠᠷ᠎ᠠ ᠶᠢᠨ 7 ᠤ ᠦᠳᠡ ᠶᠢᠨ ᠬᠤᠶᠢᠨ᠎ᠠ ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯ ᠤᠨ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠬᠦᠳᠡ | ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ | | | | | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ 7 ᠤ ᠦᠳᠡ ᠶᠢᠨ ᠬᠤᠶᠢᠨ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯ ᠤᠨ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠳᠤ | ᠣᠷᠣᠯᠴᠠᠬᠤ ᠳᠠᠭᠠᠨ ᠂ ᠬᠠᠤᠯᠢ ᠪᠠᠷ ᠴᠡᠷᠢᠭ ᠢ ᠵᠠᠰᠠᠬᠤ ᠪᠣᠯ ᠮᠠᠨ ᠤ ᠨᠠᠮ ᠤᠨ ᠴᠡᠷᠢᠭ ᠢ ᠪᠠᠶᠢᠭᠤᠯᠬᠤ ᠴᠡᠷᠢᠭ ᠢ ᠵᠠᠰᠠᠬᠤ ᠦᠨᠳᠦᠰᠦᠨ ᠠᠷᠭ᠎ᠠ ᠬᠡᠯᠪᠡᠷᠢ ᠮᠥᠨ ᠂ | ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠬᠠᠤᠯᠢ ᠪᠠᠷ ᠴᠡᠷᠢᠭ ᠢ | ᠵᠠᠰᠠᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠵᠥ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠬᠠᠤᠯᠢᠵᠢᠯ ᠤᠨ | ᠲᠦᠪᠰᠢᠨ ᠢ ᠳᠡᠭᠡᠭᠰᠢᠯᠡᠭᠦᠯᠵᠦ ᠂ ᠴᠡᠷᠢᠭ ᠢ ᠬᠦᠴᠦᠷᠬᠡᠭᠵᠢᠭᠦᠯᠬᠦ ᠦᠢᠯᠡᠰ ᠢ ᠠᠬᠢᠭᠤᠯᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠬᠡᠵᠥ | ᠴᠢᠬᠤᠯᠠᠴᠢᠯᠠᠪᠠ ᠃ | ᠬᠤᠷᠠᠯ ᠳᠡᠭᠡᠷ᠎ᠡ ᠂ ᠾᠧ ᠯᠸᠢ ᠂ ᠰᠢᠤᠢ ᠰᠢ ᠱᠧᠩ ᠂ ᠯᠢᠶᠠᠩ ᠶᠠᠩ ᠂ ᠵᠢᠶᠠᠩ ᠴᠢᠩ ᠴᠢᠶᠦ᠋ᠨ ᠂ ᠸᠠᠩ ᠵᠧᠨ ᠭᠦᠸᠧ ᠂ ᠭᠤᠤ ᠪᠦ᠋ ᠮᠢᠩ ᠵᠡᠷᠭᠡ 6 | ᠲᠥᠯᠥᠭᠡᠯᠡᠭᠴᠢ ᠲᠤᠰ ᠲᠤᠰ ᠦᠭᠡ ᠬᠡᠯᠡᠵᠦ ᠂ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠯ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠂ ᠴᠡᠷᠢᠭ ᠤᠨ | ᠶᠠᠪᠤᠳᠠᠯ ᠤᠨ ᠲᠡᠮᠡᠴᠡᠯ ᠤᠨ ᠬᠠᠤᠯᠢ ᠶᠣᠰᠣᠨ ᠤ ᠪᠡᠯᠡᠳᠭᠡᠯ ᠢ ᠰᠠᠶᠢᠲᠤᠷ ᠬᠢᠬᠦ ᠂ ᠴᠡᠷᠢᠭ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠪᠠᠲᠤᠯᠠᠬᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠥᠷᠭᠡᠳᠬᠡᠬᠦ ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ ᠃ | ᠲᠥᠯᠥᠭᠡᠯᠡᠭᠴᠢᠳ ᠤᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠥᠩᠭᠡᠷᠡᠭᠰᠡᠨ ᠨᠢᠭᠡ | ᠵᠢᠯ ᠳᠤ ᠂ ᠪᠥᠬᠦ ᠴᠡᠷᠢᠭ ᠤᠨ ᠬᠢᠨ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠵᠢᠭᠠᠪᠤᠷᠢ ᠶᠢ | ᠡᠷᠡᠰ ᠲᠤᠭᠤᠰᠢᠯᠠᠭᠤᠯᠵᠤ ᠂ ᠲᠡᠮᠡᠴᠡᠯ ᠬᠢᠬᠦ ᠶᠢᠨ ᠳᠠᠭᠠᠤ ᠲᠡᠶᠢᠨ ᠳᠤ ᠪᠡᠯᠡᠳᠭᠡᠨ ᠪᠥᠲᠥᠭᠡᠨ ᠪᠠᠶᠢᠭᠤᠯᠤᠯᠲᠠ ᠬᠢᠵᠦ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ | ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠦ ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ ᠬᠡᠵᠥ | ᠵᠢᠭᠠᠵᠥ ᠭᠠᠷᠭᠠᠪᠠ ᠃ | ᠰᠢ ᠶᠢᠨ ᠫᠢᠩ ᠬᠠᠤᠯᠢ ᠪᠠᠷ ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠬᠤ ᠲᠤᠬᠠᠢ ᠭᠤᠣᠯᠳᠠᠯᠭ᠎ᠠ ᠲᠠᠢ ᠴᠢᠬᠤᠯᠠᠴᠢᠯᠠᠪᠠ ᠃ ᠲᠡᠷᠡ ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠡ ᠬᠠᠤᠯᠢ ᠪᠠᠷ ᠴᠡᠷᠢᠭ ᠢ ᠵᠠᠰᠠᠬᠤ ᠶᠢ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠡᠷᠦᠩᠬᠡᠢ ᠪᠠᠶᠢᠳᠠᠯ ᠳᠤ ᠣᠷᠣᠭᠤᠯᠵᠤ ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠠ | ᠬᠤᠷᠠᠯ ᠠᠴᠠ ᠬᠠᠤᠯᠢ ᠪᠠᠷ ᠴᠡᠷᠢᠭ ᠢ ᠵᠠᠰᠠᠬᠤ ᠲᠤᠬᠠᠢ ᠴᠢᠬᠤᠯᠠ ᠪᠠᠶᠢᠷᠢᠯᠠᠭᠤᠯᠤᠯᠲᠠ ᠬᠢᠵᠦ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠡ ᠠᠴᠠ ᠰᠢᠨ᠎ᠡ ᠪᠠᠶᠢᠳᠠᠯ | ᠳᠣᠣᠷ᠎ᠠ ᠬᠠᠤᠯᠢ ᠪᠠᠷ ᠴᠡᠷᠢᠭ ᠢ ᠵᠠᠰᠠᠬᠤ ᠴᠡᠷᠢᠭ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠣᠭᠲᠠᠭᠠᠯ ᠢ ᠲᠤᠰᠬᠠᠶᠢᠯᠠᠨ ᠲᠣᠭᠲᠠᠭᠠᠪᠠ ᠃ ᠡᠳᠡᠭᠡᠷ ᠵᠢᠯ ᠤᠨ | ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ᠂ ᠬᠠᠤᠯᠢ ᠪᠠᠷ ᠴᠡᠷᠢᠭ ᠢ ᠵᠠᠰᠠᠬᠤ ᠦᠢᠯᠡᠳᠦᠯᠭᠡ ᠴᠢᠬᠤᠯᠠ ᠶᠡᠭᠡ ᠠᠬᠢᠯᠲᠠ ᠲᠠᠢ ᠪᠣᠯᠪᠠ ᠃ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠠᠴᠠ ᠬᠠᠤᠯᠢ ᠪᠠᠷ ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ | ᠲᠤᠭᠤᠰᠢᠯᠠᠭᠤᠯᠬᠤ ᠬᠡᠷᠡᠭᠲᠡᠢ ᠭᠡᠵᠦ ᠳᠤᠷᠠᠳᠴᠠᠢ ᠂ ᠡᠨᠡ ᠪᠣᠯ ᠨᠠᠮ ᠤᠨ ᠲᠥᠪ ᠬᠤᠷᠢᠶ᠎ᠡ ᠠᠴᠠ ᠰᠢᠨ᠎ᠡ ᠴᠠᠭ ᠦᠶ᠎ᠡ ᠶᠢᠨ ᠴᠡᠷᠢᠭ ᠢ ᠪᠠᠶᠢᠭᠤᠯᠬᠤ ᠴᠡᠷᠢᠭ ᠢ ᠵᠠᠰᠠᠬᠤ | ᠣᠨᠴᠠᠯᠢᠭ ᠵᠢᠮ᠎ᠡ ᠶᠣᠰᠣ ᠶᠢ ᠡᠵᠡᠮᠳᠡᠵᠦ ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠪᠦᠬᠦ ᠲᠠᠯ᠎ᠠ ᠠᠴᠠ ᠡᠭᠦᠰᠴᠦ ᠭᠠᠷᠭᠠᠭᠰᠠᠨ ᠴᠢᠬᠤᠯᠠ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ ᠬᠡᠵᠥ ᠵᠢᠭᠠᠵᠥ ᠭᠠᠷᠭᠠᠪᠠ ᠃ | ᠰᠢ ᠶᠢᠨ ᠫᠢᠩ ᠂ ᠬᠠᠤᠯᠢ ᠪᠠᠷ ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠡᠵᠡᠮᠳᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠨᠠᠮ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠠᠤᠯᠢᠵᠢᠯ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠮᠠᠨ ᠤ ᠴᠡᠷᠢᠭ ᠤᠨ ᠬᠤᠪᠢᠰᠬᠠᠯᠵᠢᠬᠤ ᠣᠳᠣᠬᠢᠴᠢᠯᠠᠬᠤ ᠵᠢᠩᠬᠢᠨᠢᠴᠢᠯᠡᠬᠦ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠬᠤ ᠳᠤ ᠠᠩᠬᠠᠷᠤᠯ ᠢᠶᠠᠨ ᠳᠦᠪᠯᠡᠷᠡᠬᠦᠯᠵᠥ ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ ᠶᠠᠪᠤᠳᠠᠯ ᠤᠨ ᠬᠠᠤᠯᠢᠵᠢᠯ ᠤᠨ ᠰᠢᠰᠲ᠋ᠧᠮ ᠢ | ᠪᠠᠶᠢᠭᠤᠯᠵᠤ ᠂ ᠴᠡᠷᠢᠭ ᠢ ᠵᠠᠰᠠᠬᠤ ᠠᠷᠭ᠎ᠠ ᠬᠡᠯᠪᠡᠷᠢ ᠶᠢᠨ ᠦᠨᠳᠦᠰᠦᠨ ᠴᠢᠨᠠᠷᠲᠠᠢ ᠬᠤᠪᠢᠷᠠᠯᠲᠠ ᠶᠢ ᠲᠦᠷᠭᠡᠳᠭᠡᠵᠦ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ | ᠴᠡᠷᠢᠭ ᠠᠩᠬᠢ ᠶᠢᠨ ᠪᠠᠶᠢᠭᠤᠯᠤᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠃ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ | ᠤᠳᠤᠷᠢᠳᠤᠯᠭ᠎ᠠ ᠶᠢ ᠪᠠᠷᠢᠮᠲᠠᠯᠠᠵᠤ ᠂ ᠪᠠᠶᠢᠯᠳᠤᠬᠤ ᠬᠦᠴᠦᠨ ᠤ ᠪᠠᠷᠢᠮᠵᠢᠶ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ ᠶᠠᠪᠤᠳᠠᠯ ᠤᠨ | ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠬᠤ ᠶᠢ ᠪᠠᠷᠢᠮᠲᠠᠯᠠᠵᠤ ᠂ ᠬᠠᠤᠯᠢ ᠪᠠᠷ ᠵᠠᠰᠠᠬᠤ ᠱᠠᠭᠠᠷᠳᠠᠯᠭ᠎ᠠ ᠶᠣᠰᠣᠭᠠᠷ ᠴᠡᠷᠢᠭ ᠢ ᠵᠠᠰᠠᠬᠤ ᠠᠷᠭ᠎ᠠ ᠮᠠᠶ᠋ᠢᠭ ᠢᠶᠠᠨ | ᠬᠤᠪᠢᠷᠠᠭᠤᠯᠬᠤ ᠶᠢ ᠪᠠᠷᠢᠮᠲᠠᠯᠠᠵᠤ ᠂ ᠴᠡᠷᠢᠭ ᠢ ᠴᠢᠩᠭ᠎ᠠ ᠵᠠᠰᠠᠬᠤ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠶᠢ ᠪᠠᠷᠢᠮᠲᠠᠯᠠᠵᠤ ᠂ ᠤᠳᠤᠷᠢᠳᠬᠤ ᠺᠠᠳ᠋ᠷ ᠭᠡᠬᠦ ᠡᠨᠡ ᠬᠦ ︽ | ᠵᠠᠩᠭᠢᠯᠠᠭ᠎ᠠ ᠶᠢᠨ ᠴᠥᠭᠡᠨ ᠲᠣᠭᠠᠲᠠᠨ ︾ ᠢ ᠠᠳᠬᠤᠬᠤ ᠶᠢ ᠪᠠᠷᠢᠮᠲᠠᠯᠠᠵᠤ ᠂ ᠳᠠᠷᠤᠭ᠎ᠠ ᠪᠠᠶᠢᠯᠳᠤᠭᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ ᠂ | ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠱᠠᠭᠠᠷᠳᠠᠯᠭ᠎ᠠ ᠶᠢ ᠲᠤᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠪᠠ ᠃ | ᠰᠢ ᠶᠢᠨ ᠫᠢᠩ ᠂ ᠬᠠᠤᠯᠢ ᠪᠠᠷ ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠬᠤ ᠪᠣᠯ ᠰᠢᠰᠲ᠋ᠧᠮᠲᠦ ᠢᠨᠵᠧᠨᠧᠷᠢᠩ ᠮᠥᠨ ᠂ ᠪᠦᠬᠦ ᠲᠠᠯ᠎ᠠ ᠶᠢ | ᠨᠢᠭᠡᠳᠦᠯᠲᠡᠢ ᠲᠥᠯᠥᠪᠵᠢᠭᠦᠯᠵᠦ ᠂ ᠭᠤᠣᠯᠳᠠᠯᠭ᠎ᠠ ᠶᠢ ᠲᠤᠪᠤᠶᠢᠯᠭᠠᠵᠤ ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠪᠠᠷ ᠠᠬᠢᠭᠤᠯᠬᠤ ᠶᠢ ᠳᠠᠶᠢᠴᠢᠯᠠᠬᠤ | ᠬᠡᠷᠡᠭᠲᠡᠢ ᠃ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠬᠤ ᠠᠵᠢᠯ ᠢ ᠭᠦᠨᠵᠡᠭᠡᠶᠢᠷᠡᠭᠦᠯᠵᠦ ᠂ ᠲᠦᠷᠦ ᠶᠢᠨ ᠪᠤᠳᠤᠯᠭ᠎ᠠ ᠲᠦᠷᠢᠮ ᠤᠨ ᠥᠭᠡᠷᠡᠴᠢᠯᠡᠯᠲᠡ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠵᠦ ᠂ ᠬᠠᠤᠯᠢ ᠲᠣᠭᠲᠠᠭᠠᠬᠤ ᠰᠢᠰᠲ᠋ᠧᠮᠳᠤ ᠴᠢᠨᠠᠷ ᠂ | ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠃ ᠬᠠᠤᠯᠢ ᠲᠣᠭᠲᠠᠭᠠᠯ ᠲᠦᠷᠢᠮ ᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ ᠂ | ᠬᠠᠮᠲᠤᠷᠠᠨ ᠪᠠᠶᠢᠯᠳᠤᠬᠤ ᠬᠠᠤᠯᠢ ᠲᠣᠭᠲᠠᠭᠠᠯ ᠲᠦᠷᠢᠮ ᠢ ᠨᠠᠶᠢᠳᠠᠪᠤᠷᠢᠵᠢᠭᠤᠯᠤᠨ ᠂ ᠬᠠᠤᠯᠢ ᠶᠣᠰᠣᠭᠠᠷ ᠪᠤᠯᠪᠠᠰᠤᠷᠠᠯ ᠢ ᠵᠠᠰᠠᠬᠤ ᠂ ᠬᠥᠲᠥᠯᠪᠦᠷᠢ ᠶᠣᠰᠣᠭᠠᠷ | ᠪᠤᠯᠪᠠᠰᠤᠷᠠᠯ ᠬᠢᠬᠦ ᠶᠢ ᠭᠦᠨᠵᠡᠭᠡᠶᠢᠷᠡᠭᠦᠯᠵᠦ ᠂ ᠮᠠᠨ ᠤ ᠴᠡᠷᠢᠭ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠲᠥᠯᠥᠪᠯᠡᠭᠡ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠨ ᠂ | ᠴᠡᠷᠢᠭ ᠠᠩᠭᠢ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭ᠎ᠠ ᠴᠢᠩᠭᠠᠳᠬᠠᠬᠤ ᠬᠡᠷᠡᠭᠲᠡᠢ ᠃ ᠬᠠᠤᠯᠢ ᠲᠣᠭᠲᠠᠭᠠᠯ ᠲᠦᠷᠢᠮ ᠤᠨ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠠᠵᠢᠯ ᠢ ᠴᠢᠩᠭᠠᠳᠬᠠᠵᠤ ᠂ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ ᠦᠨᠡᠯᠡᠨ ᠵᠢᠱᠢᠬᠦ ᠪᠠᠷᠢᠮᠵᠢᠶ᠎ᠠ ᠶᠢ ᠲᠣᠳᠣᠷᠬᠠᠶᠢᠯᠠᠵᠤ ᠂ ᠬᠢᠨᠠᠯᠲᠠ ᠲᠠᠯᠪᠢᠬᠤ | ᠲᠣᠭᠲᠠᠴᠠ ᠶᠢ ᠪᠦᠷᠢᠨᠰᠢᠬᠦᠯᠤᠨ ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ ᠂ ᠬᠠᠤᠯᠢ ᠲᠣᠭᠲᠠᠭᠠᠯ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠃ ᠭᠠᠳᠠᠭᠠᠳᠤ ᠳᠤ ᠬᠤᠯᠪᠣᠭᠳᠠᠬᠤ ᠴᠡᠷᠢᠭ ᠤᠨ ᠶᠠᠪᠤᠳᠠᠯ ᠤᠨ ᠬᠠᠤᠯᠢᠵᠢᠯ ᠤᠨ ᠠᠵᠢᠯ ᠢ ᠴᠢᠩᠭᠠᠳᠬᠠᠵᠤ ᠂ ᠴᠡᠷᠢᠭ ᠤᠨ | ᠶᠠᠪᠤᠳᠠᠯ ᠤᠨ ᠠᠵᠢᠯᠯᠠᠭ᠎ᠠ ᠪᠣᠯᠤᠨ ᠬᠠᠤᠯᠢᠵᠢᠯ ᠤᠨ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ ᠂ ᠴᠡᠷᠢᠭ ᠤᠨ ᠶᠠᠪᠤᠳᠠᠯ ᠤᠨ ᠬᠦᠷᠢᠶᠡᠨ ᠳᠠᠬᠢ | ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠬᠦᠯᠵᠤ ᠂ ᠬᠠᠤᠯᠢᠵᠢᠯ ᠢᠶᠠᠷ ᠤᠯᠤᠰ ᠤᠨ ᠠᠰᠢᠭ ᠲᠤᠰᠠ ᠶᠢ ᠨᠡᠩ ᠰᠠᠶᠢᠳᠤᠷ | ᠬᠠᠮᠠᠭᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ ᠃ | ᠰᠢ ᠶᠢᠨ ᠫᠢᠩ ᠂ ᠬᠠᠤᠯᠢ ᠪᠠᠷ ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ | ᠬᠡᠷᠡᠭᠲᠡᠢ ᠃ ᠴᠡᠷᠢᠭ ᠤᠨ ᠶᠠᠪᠤᠳᠠᠯ ᠤᠨ ᠬᠤᠷᠢᠶ᠎ᠠ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠡᠯ᠎ᠡ ᠱᠠᠲᠤᠨ ᠤ ᠬᠢᠨ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠭᠡᠵᠦ ᠂ ᠬᠠᠤᠯᠢᠵᠢᠯ ᠤᠨ ᠠᠵᠢᠯ ᠤᠨ ᠪᠠᠶᠢᠭᠤᠯᠤᠮᠵᠢ ᠡᠭᠦᠷᠭᠡ ᠴᠢᠳᠠᠪᠬᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠂ ᠤᠳᠤᠷᠢᠳᠬᠤ | ᠺᠠᠳ᠋ᠷ ᠲᠦᠷᠦᠭᠦᠯᠡᠨ ᠬᠠᠤᠯᠢ ᠶᠣᠰᠣᠭᠠᠷ ᠠᠵᠢᠯ ᠢᠶᠠᠨ ᠵᠢᠯᠣᠭᠤᠳᠤᠨ ᠥᠷᠨᠢᠭᠦᠯᠬᠦ ᠬᠡᠷᠡᠭᠲᠡᠢ ᠃ ᠲᠥᠪ ᠤᠨ ᠪᠠ ᠲᠦᠷᠦ ᠶᠢᠨ ᠪᠠᠶᠢᠭᠤᠯᠭ᠎ᠠ ᠂ ᠣᠷᠣᠨ ᠨᠤᠲᠤᠭ ᠤᠨ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ ᠂ ᠬᠠᠤᠯᠢ ᠪᠠᠷ | ᠲᠣᠭᠲᠠᠭᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠵᠦ ᠂ | ᠴᠡᠷᠢᠭ ᠠᠩᠭᠢ ᠶᠢᠨ ᠪᠦᠳᠦᠭᠡᠨ ᠪᠠᠶᠢᠭᠤᠯᠤᠯᠲᠠ ᠂ ᠴᠡᠷᠢᠭ ᠤᠨ ᠶᠠᠪᠤᠳᠠᠯ ᠤᠨ ᠠᠵᠢᠯᠯᠠᠭ᠎ᠠ ᠪᠠ ᠴᠡᠷᠢᠭ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠰᠠᠶᠢᠲᠤᠷ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ ᠃ | ᠰᠢ ᠶᠢᠨ ᠫᠢᠩ ᠬᠠᠮᠤᠭ ᠤᠨ ᠡᠴᠦᠰ ᠲᠤ ᠂ ᠪᠦᠬᠦ ᠴᠡᠷᠢᠭ ᠤᠨ ᠬᠢᠨ ᠳᠠᠶᠢᠨ ᠳᠤ ᠪᠡᠯᠡᠳᠭᠡᠵᠦ ᠪᠠᠶᠢᠯᠳᠤᠭᠠᠨ ᠬᠢᠬᠦ ᠠᠵᠢᠯ ᠢ ᠴᠢᠩᠭ᠎ᠠ ᠪᠣᠳᠠᠲᠠᠢ ᠠᠳᠬᠤᠵᠤ ᠂ | ᠣᠷᠣᠨ ᠨᠤᠲᠤᠭ ᠢ ᠬᠠᠮᠵᠢᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ | ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ ᠂ ᠤᠯᠤᠰ ᠤᠨ ᠠᠮᠤᠷ ᠲᠦᠪᠰᠢᠨ ᠲᠣᠭᠲᠠᠭᠤᠨ ᠢ ᠪᠠᠲᠤᠯᠠᠵᠤ ᠂ ᠨᠠᠮ ᠪᠣᠯᠤᠨ ᠠᠷᠠᠳ ᠲᠦᠮᠡᠨ ᠠᠴᠠ | ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠳ᠋ ᠲᠡᠷᠢᠭᠦᠯᠡᠭᠴᠢ | ᠰᠢᠤᠢ ᠴᠢ ᠯᠢᠶᠠᠩ ᠬᠤᠷᠠᠯ ᠢ ᠡᠷᠬᠢᠯᠡᠵᠦ ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠳᠡᠳ᠋ ᠲᠡᠷᠢᠭᠦᠯᠡᠭᠴᠢ ᠵᠠᠩ ᠶᠢᠦ ᠰᠢᠶᠠ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠸᠧᠢ ᠹᠧᠩ ᠾᠧ ᠂ ᠯᠢ ᠽᠦᠸᠧ ᠴᠧᠩ ᠂ | ᠮᠢᠶᠣᠣ ᠬᠤᠸᠠ ᠂ ᠵᠠᠩ ᠱᠧᠩ ᠮᠢᠨ ᠬᠤᠷᠠᠯ ᠳᠤ ᠣᠷᠣᠯᠴᠠᠵᠠᠢ ᠃ | | | |