| | ᠤᠯᠤᠰ ᠤᠨ ᠲᠡᠷᠢᠭᠦᠯᠡᠭᠴᠢ ᠰᠢ ᠶᠢᠨ ᠫᠢᠩ 3 ᠰᠠᠷ᠎ᠠ ᠶᠢᠨ 8 ᠤ ᠦᠳᠡ ᠶᠢᠨ ᠬᠤᠶᠢᠨ᠎ᠠ ᠪᠡᠭᠡᠵᠢᠩ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠂ | ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠸᠢᠳᠢᠣ᠋ ᠲᠦ᠋ᠷᠦᠭᠦᠴᠦᠳ ᠤᠨ ᠬᠤᠷᠠᠯ ᠬᠤᠷᠠᠯᠳᠤᠭᠤᠯᠪᠠ ᠃ | ᠰᠢ ᠶᠢᠨ ᠫᠢᠩ ᠂ ᠣᠳᠣᠬᠠᠨ ᠤ ᠳᠡᠯᠡᠬᠡᠢ ᠶᠢᠷᠲᠢᠨᠴᠦ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠰᠣᠯᠪᠢᠴᠠᠵᠤ ᠂ | ᠪᠦᠬᠦ ᠪᠥᠮᠪᠥᠷᠴᠡᠭ ᠤᠨ ᠴᠢᠨᠠᠷᠲᠠᠢ ᠮᠠᠰᠢ ᠤᠯᠠᠨ ᠥᠷᠢᠰᠥᠯᠳᠦᠭᠡᠨ ᠳᠤ ᠲᠤᠯᠭᠠᠷᠠᠵᠠᠢ ᠂ ᠡᠬᠦᠨ ᠳᠤ ᠪᠦᠬᠦ ᠪᠥᠮᠪᠥᠷᠴᠡᠭ ᠤᠨ ᠴᠢᠨᠠᠷᠲᠠᠢ ᠬᠠᠮᠲᠤᠷᠠᠯᠴᠠᠭ᠎ᠠ ᠬᠢᠬᠦ | ᠴᠢᠬᠤᠯᠠᠳᠠᠢ ᠃ ᠳᠤᠮᠳᠠᠳᠤ ᠧᠦ᠋ᠷᠣᠫᠠ ᠡᠩᠬᠡ ᠲᠠᠶᠢᠪᠤᠩ ᠢ ᠡᠷᠢᠯᠬᠢᠯᠡᠬᠦ ᠂ ᠬᠥᠭᠵᠢᠯᠲᠡ ᠶᠢ ᠡᠷᠢᠯᠬᠢᠯᠡᠬᠦ ᠂ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠮᠠᠰᠢ ᠤᠯᠠᠨ | ᠬᠠᠮᠲᠤ ᠶᠢᠨ ᠦᠭᠡ ᠬᠡᠯᠡ ᠲᠠᠢ ᠶᠤᠮ ᠃ ᠪᠢᠳᠡ ᠬᠠᠷᠢᠭᠤᠴᠠᠯᠭ᠎ᠠ ᠡᠭᠦᠷᠭᠡᠯᠡᠵᠦ ᠂ ᠣᠷᠤᠭ᠎ᠠ ᠪᠤᠰᠬᠠᠭ᠎ᠠ ᠬᠤᠪᠢᠷᠠᠯᠲᠠ ᠶᠡᠬᠡᠲᠡᠢ ᠳᠡᠯᠡᠬᠡᠢ ᠶᠢᠷᠲᠢᠨᠴᠦ ᠳᠤ ᠨᠡᠩ ᠤᠯᠠᠨ | ᠲᠣᠭᠲᠠᠪᠤᠷᠢᠲᠤ ᠴᠢᠨᠠᠷ ᠪᠠ ᠲᠣᠭᠲᠠᠯᠭᠠᠳᠤ ᠴᠢᠨᠠᠷ ᠢ ᠨᠡᠮᠡᠷᠢᠯᠡᠶ᠎ᠡ ᠃ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠪᠠᠨ ᠴᠢᠩᠭᠠᠳᠬᠠᠵᠤ ᠂ ᠬᠠᠮᠲᠤᠷᠠᠯᠴᠠᠭ᠎ᠠ ᠪᠠᠨ ᠪᠠᠷᠢᠮᠲᠠᠯᠠᠵᠤ ᠂ | ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠶ᠎ᠠ ᠃ ᠳᠤᠮᠳᠠᠳᠤ ᠤᠯᠤᠰ ᠤᠨ ᠬᠥᠭᠵᠢᠯᠲᠡ ᠨᠢ ᠳᠤᠮᠳᠠᠳᠤ | ᠧᠦ᠋ᠷᠣᠫᠠ ᠶᠢᠨ ᠬᠠᠮᠲᠤᠷᠠᠯᠴᠠᠭ᠎ᠠ ᠳᠤ ᠨᠡᠩ ᠶᠡᠭᠡ ᠣᠷᠣᠨ ᠵᠠᠢ ᠠᠪᠴᠢᠷᠠᠬᠤ ᠪᠣᠯᠤᠨ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠳᠡᠬᠦ ᠵᠠᠷᠴᠢᠮ ᠢᠶᠠᠷ ᠪᠣᠬᠢᠷᠲᠤᠯ ᠦᠭᠡᠢ ᠂ ᠲᠣᠭᠠᠴᠢᠯᠠᠭᠰᠠᠨ ᠬᠠᠨᠢᠲᠠᠨ ᠤ ᠬᠠᠷᠢᠯᠴᠠᠭ᠎ᠠ ᠪᠣᠯᠤᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠦᠶ᠎ᠡ ᠃ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠦᠷᠭᠦᠯᠵᠢᠯᠡᠨ ᠪᠠᠷᠢᠮᠲᠠᠯᠠᠵᠤ ᠂ ᠪᠦᠬᠦ ᠪᠥᠮᠪᠥᠷᠴᠡᠭ ᠤᠨ ᠴᠢᠨᠠᠷᠲᠠᠢ | ᠴᠢᠬᠤᠯᠠ ᠵᠥᠪᠯᠡᠬᠦ ᠵᠦᠢᠯ ᠢ ᠠᠬᠢᠭᠤᠯᠤᠶ᠎ᠠ ᠭᠡᠵᠤ ᠵᠢᠭᠠᠵᠤ ᠭᠠᠷᠭᠠᠪᠠ ᠃ | ᠮᠠᠶᠢᠺᠷᠤᠨ ᠂ ᠱᠦᠸᠧᠷᠼᠢ ᠂ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠬᠢᠯᠡᠭᠰᠡᠨ ᠳᠤ ᠪᠠᠶᠠᠷ ᠬᠦᠷᠭᠡᠵᠦ ᠪᠠᠶᠢᠨ᠎ᠠ ᠃ ᠣᠳᠣᠬᠠᠨ ᠤ ᠳᠡᠯᠡᠬᠡᠢ ᠶᠢᠷᠲᠢᠨᠴᠦ ᠮᠠᠰᠢ ᠤᠯᠠᠨ ᠥᠷᠢᠰᠥᠯᠳᠦᠭᠡᠨ ᠳᠤ ᠲᠤᠯᠭᠠᠷᠠᠵᠤ ᠂ ᠭᠠᠭᠴᠠᠭᠠᠷ ᠲᠡᠮᠡᠴᠡᠬᠦ ᠨᠢ | ᠪᠠᠶᠢᠳᠠᠯ ᠢ ᠮᠠᠭᠤᠳᠠᠭᠤᠯᠬᠤ ᠲᠡᠳᠦᠢ ᠶᠤᠮ ᠃ ᠧᠦ᠋ᠷᠣᠫᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠬᠡᠷᠡᠭ ᠶᠠᠪᠤᠳᠠᠯ ᠳᠤᠮᠳᠠ ᠦᠵᠡᠭᠦᠯᠬᠦ ᠴᠢᠬᠤᠯᠠ ᠪᠥᠭᠡᠳ | ᠢᠳᠡᠪᠬᠢᠲᠡᠢ ᠦᠢᠯᠡᠳᠦᠯ ᠢ ᠴᠢᠬᠤᠯᠠᠴᠢᠯᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ ᠂ ᠠᠭᠤᠷ ᠠᠮᠢᠰᠬᠤᠯ ᠤᠨ ᠬᠤᠪᠢᠷᠠᠯᠲᠠ ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠴᠢᠬᠤᠯᠠ ᠶᠡᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠬᠠᠮᠲᠤ ᠪᠠᠷ ᠴᠢᠷᠮᠠᠶᠢᠨ ᠰᠢᠢᠳᠪᠦᠷᠢᠯᠡᠨ᠎ᠡ ᠃ | ᠧᠦ᠋ᠷᠣᠫᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠧᠦ᠋ᠷᠣᠫᠠ ᠳᠤᠮᠳᠠᠳᠤ ᠶᠢᠨ ᠤᠳᠤᠷᠢᠳᠬᠤ ᠬᠥᠮᠦᠰ ᠤᠨ ᠠᠭᠤᠯᠵᠠᠯᠲᠠ ᠶᠢ ᠰᠠᠶᠢᠲᠤᠷ | ᠡᠷᠬᠢᠯᠡᠵᠦ ᠂ ᠹᠷᠠᠨᠼᠢ ᠳᠤᠮᠳᠠᠳᠤ ᠂ ᠭᠧᠷᠮᠠᠨ ᠳᠤᠮᠳᠠᠳᠤ ᠵᠢᠴᠢ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ | ᠠᠬᠢᠭᠤᠯᠤᠨ᠎ᠠ ᠭᠡᠵᠦ ᠢᠯᠡᠳᠭᠡᠪᠡ ᠃ | ᠬᠤᠶᠠᠷ ᠲᠠᠯ᠎ᠠ ᠪᠠᠷ ᠢᠶᠠᠨ ᠭᠤᠣᠯᠳᠠᠭᠤ ᠣᠳᠣᠬᠠᠨ ᠤ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠪᠠ ᠃ | ᠮᠠᠶᠢᠺᠷᠤᠨ ᠂ ᠱᠦᠸᠧᠷᠼᠢ ᠣᠳᠣᠬᠠᠨ ᠤ ᠦᠺᠷᠠᠶᠢᠨ ᠤ ᠪᠠᠶᠢᠳᠠᠯ ᠤᠨ ᠲᠤᠬᠠᠶ ᠦᠵᠡᠯᠲᠡ ᠪᠠ ᠵᠣᠭᠰᠣᠯᠲᠠ ᠪᠠᠨ ᠲᠠᠨᠢᠯᠴᠠᠭᠤᠯᠵᠤ ᠂ ᠧᠦ᠋ᠷᠣᠫᠠ ᠲᠢᠪ ᠶᠠᠭ | ᠳᠡᠯᠡᠬᠡᠶ ᠶᠢᠨ ᠬᠤᠶᠠᠳᠤᠭᠠᠷ ᠳᠠᠶᠢᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠬᠢᠮᠤᠷᠠᠯ ᠳᠤ ᠲᠤᠯᠭᠠᠷᠠᠵᠤ ᠪᠠᠶᠢᠨ᠎ᠠ ᠂ ᠹᠷᠠᠨᠼᠢ ᠭᠧᠷᠮᠠᠨ ᠬᠡᠯᠡᠯᠴᠡᠭᠡ ᠪᠠᠷ | ᠳᠠᠮᠵᠢᠭᠤᠯᠤᠨ ᠠᠰᠠᠭᠤᠳᠠᠯ ᠢ ᠰᠢᠶ᠋ᠳᠪᠦᠷᠢᠯᠡᠬᠦ ᠶᠢ ᠳᠡᠮᠵᠢᠵᠦ ᠂ ᠡᠩᠬᠡ ᠲᠠᠶᠢᠪᠤᠩ ᠳᠤ ᠲᠣᠬᠢᠶᠠᠯ ᠣᠯᠭᠤᠨ᠎ᠠ ᠃ ᠳᠤᠮᠳᠠᠳᠤ ᠤᠯᠤᠰ ᠤᠨ ᠳᠤᠷᠠᠳᠤᠭᠰᠠᠨ ᠬᠥᠮᠦᠯᠢᠭ | ᠦᠵᠡᠯ ᠤᠨ ᠪᠠᠶᠢᠳᠠᠯ ᠤᠨ ᠰᠠᠨᠠᠭᠠᠴᠢᠯᠠᠭ᠎ᠠ ᠳᠤ ᠲᠠᠯᠠᠷᠬᠠᠵᠤ ᠪᠠᠶᠢᠨ᠎ᠠ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ | ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠵᠤ ᠂ ᠪᠠᠶᠢᠳᠠᠯ ᠤᠨ ᠤᠯᠠᠮ ᠴᠢᠨᠠᠭᠰᠢᠳᠠ ᠰᠢᠷᠦᠭᠦᠰᠭᠦ ᠠᠴᠠ ᠵᠠᠶᠢᠯᠠᠰᠭᠢᠵᠦ ᠂ ᠨᠡᠩ ᠬᠦᠨᠳᠦ ᠨᠣᠴᠢᠲᠠᠢ | ᠬᠥᠮᠦᠯᠢᠭ ᠦᠵᠡᠯ ᠤᠨ ᠬᠢᠮᠤᠷᠠᠯ ᠡᠭᠦᠰᠭᠦ ᠠᠴᠠ ᠵᠠᠶᠢᠯᠠᠰᠭᠢᠨ᠎ᠠ ᠭᠡᠵᠦ ᠢᠯᠡᠳᠭᠡᠵᠡᠭᠡᠪᠡ ᠃ | ᠰᠢ ᠶᠢᠨ ᠫᠢᠩ ᠂ ᠣᠳᠣᠬᠠᠨ ᠳᠤ ᠦᠺᠷᠠᠶᠢᠨ ᠤ ᠪᠠᠶᠢᠳᠠᠯ ᠬᠥᠮᠦᠰ ᠢ ᠰᠠᠨᠠᠭᠠᠰᠢᠷᠠᠭᠤᠯᠵᠤ ᠪᠠᠶᠢᠨ᠎ᠠ ᠂ ᠳᠤᠮᠳᠠᠳᠤ ᠤᠯᠤᠰ ᠧᠦ᠋ᠷᠣᠫᠠ ᠲᠢᠪ ᠤᠨ ᠡᠬᠡ | ᠬᠠᠭᠤᠷᠠᠢ ᠳᠤ ᠳᠠᠬᠢᠨ ᠳᠠᠶᠢᠨ ᠤ ᠭᠠᠯ ᠭᠠᠷᠤᠭᠰᠠᠨ ᠳᠤ ᠲᠦᠢᠯ ᠢᠶᠠᠷ ᠬᠠᠷᠠᠮᠰᠠᠵᠤ ᠪᠠᠶᠢᠨ᠎ᠠ ᠃ ᠡᠯ᠎ᠡ ᠤᠯᠤᠰ ᠤᠨ ᠡᠷᠬᠡ ᠮᠡᠳᠡᠯ ᠂ ᠨᠤᠲᠤᠭ ᠳᠡᠪᠢᠰᠭᠡᠷ ᠤᠨ ᠪᠦᠷᠢᠨ | ᠪᠦᠲᠦᠨ ᠪᠠᠶᠢᠬᠤ ᠶᠢ ᠴᠥᠮ ᠬᠦᠨᠳᠦᠳᠭᠡᠪᠡᠯ ᠵᠤᠬᠢᠨ᠎ᠠ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ | ᠴᠥᠮ ᠵᠢᠷᠤᠮᠯᠠᠪᠠᠯ ᠵᠤᠬᠢᠨ᠎ᠠ ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠴᠥᠮ ᠴᠢᠬᠤᠯᠠᠴᠢᠯᠠᠪᠠᠯ ᠵᠤᠬᠢᠨ᠎ᠠ ᠂ ᠬᠢᠮᠤᠷᠠᠯ ᠢ | ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠴᠢᠷᠮᠠᠶᠢᠯᠭ᠎ᠠ ᠪᠦᠬᠦᠨ ᠢ ᠴᠥᠮ ᠳᠡᠮᠵᠢᠪᠡᠯ ᠵᠤᠬᠢᠨ᠎ᠠ ᠭᠡᠵᠦ ᠳᠤᠮᠳᠠᠳᠤ ᠤᠯᠤᠰ ᠰᠠᠨᠠᠭᠠᠴᠢᠯᠠᠵᠤ ᠪᠠᠶᠢᠨ᠎ᠠ ᠃ ᠪᠠᠶᠢᠳᠠᠯ | ᠰᠢᠷᠦᠬᠦᠰᠬᠦ ᠂ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ ᠵᠠᠶᠢᠯᠠᠰᠭᠢᠬᠦ ᠪᠣᠯ ᠣᠳᠣᠬᠠᠨ ᠤ ᠪᠠᠴᠢᠮ ᠡᠭᠦᠷᠭᠡ ᠪᠣᠯᠤᠨ᠎ᠠ ᠃ ᠹᠷᠠᠨᠼᠢ ᠭᠧᠷᠮᠠᠨ ᠤ ᠬᠢᠨ ᠦᠺᠷᠠᠶᠢᠨ ᠤ | ᠪᠠᠶᠢᠳᠠᠯ ᠢ ᠵᠣᠬᠢᠴᠠᠭᠤᠯᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ ᠂ ᠳᠤᠷᠠᠲᠠᠶ᠎ᠠ ᠹᠷᠠᠨᠼᠢ ᠂ ᠭᠧᠷᠮᠠᠨ | ᠪᠣᠯᠤᠨ ᠧᠦ᠋ᠷᠣᠫᠠ ᠲᠢᠪ ᠤᠨ ᠬᠢᠨ ᠲᠠᠢ ᠤᠯᠤᠯᠴᠠᠭ᠎ᠠ ᠵᠣᠬᠢᠴᠠᠭᠤᠯᠭ᠎ᠠ ᠪᠠᠨ ᠪᠠᠲᠤᠯᠠᠵᠤ ᠂ ᠲᠤᠬᠠᠢ ᠶᠢᠨ ᠭᠠᠵᠠᠷ ᠤᠨ ᠡᠯ᠎ᠡ ᠲᠠᠯ᠎ᠠ ᠶᠢᠨ ᠬᠡᠷᠡᠭᠴᠡᠭᠡ ᠶᠢ ᠦᠨᠳᠦᠰᠦᠯᠡᠨ ᠂ | ᠳᠡᠯᠡᠬᠡᠢ ᠨᠡᠶᠢᠭᠡᠮ ᠲᠠᠢ ᠬᠠᠮᠲᠤ ᠪᠠᠷ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠪᠢᠳᠡ ᠤᠷᠤᠰ ᠦᠺᠷᠠᠶᠢᠠ ᠤ ᠨᠠᠶᠢᠷᠠᠮᠳᠠᠯ ᠤᠨ ᠬᠡᠯᠡᠯᠴᠡᠭᠡ ᠶᠢ ᠬᠠᠮᠲᠤ ᠪᠠᠷ ᠳᠡᠮᠵᠢᠵᠦ ᠂ ᠬᠤᠶᠠᠷ ᠲᠠᠯ᠎ᠠ ᠶᠢᠨ ᠬᠡᠯᠡᠯᠴᠡᠭᠡ ᠶᠢᠨ ᠬᠠᠨᠳᠤᠰᠢ ᠪᠠᠨ | ᠬᠠᠮᠠᠭᠠᠯᠠᠵᠤ ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠦᠷᠭᠦᠯᠵᠢᠯᠡᠨ ᠶᠠᠷᠢᠯᠴᠠᠵᠤ ᠂ ᠦᠷ᠎ᠡ ᠳ᠋ᠦᠩ ᠲᠠᠢ ᠪᠤᠯᠭᠠᠵᠦ ᠂ ᠬᠡᠯᠡᠯᠴᠡᠭᠡ ᠪᠠᠷ ᠡᠩᠬᠡ ᠲᠠᠶᠢᠪᠤᠩ | ᠠᠪᠴᠢᠷᠠᠬᠤ ᠶᠢ ᠠᠬᠢᠭᠤᠯᠤᠶ᠎ᠠ ᠃ ᠪᠢᠳᠠ ᠬᠠᠮᠤᠭ ᠤᠨ ᠶᠡᠭᠡ ᠬᠡᠮᠵᠢᠶᠡᠨ ᠤ ᠬᠦᠯᠢᠴᠡᠩᠭᠦᠢ ᠪᠠᠶᠢᠳᠠᠯ ᠢᠶᠠᠨ ᠪᠠᠳᠤᠯᠠᠬᠤ ᠶᠢ ᠤᠷᠢᠶᠠᠯᠠᠵᠤ ᠂ ᠶᠡᠭᠡ ᠬᠡᠪᠴᠢᠶᠡᠨ ᠤ | ᠬᠥᠮᠦᠯᠢᠭ ᠦᠵᠡᠯ ᠤᠨ ᠬᠢᠮᠤᠷᠠᠯ ᠡᠭᠦᠰᠭᠦ ᠶᠢ ᠰᠡᠷᠭᠡᠶᠢᠯᠡᠶ᠎ᠠ ᠃ ᠳᠤᠮᠳᠠᠳᠤ ᠤᠯᠤᠰ ᠦᠺᠷᠠᠶᠢᠨ ᠤ ᠬᠥᠮᠦᠯᠢᠭ ᠦᠵᠡᠯ ᠤᠨ ᠪᠠᠶᠢᠳᠠᠯ ᠤᠨ ᠲᠤᠬᠠᠶ ᠵᠢᠷᠭᠤᠭᠠᠨ ᠲᠠᠯ᠎ᠠ ᠶᠢᠨ | ᠰᠠᠨᠠᠭᠠᠴᠢᠯᠠᠭ᠎ᠠ ᠶᠢ ᠳᠤᠷᠠᠳᠴᠤ ᠂ ᠳᠤᠷᠠᠲᠠᠶ᠎ᠠ ᠦᠺᠷᠠᠶᠢᠨ ᠳᠤ ᠤᠯᠠᠮ ᠴᠢᠨᠠᠬᠰᠢᠳᠠ ᠬᠥᠮᠦᠯᠢᠭ ᠦᠵᠡᠯ ᠤᠨ ᠡᠳ᠋ ᠪᠣᠳᠠᠰ ᠤᠨ ᠲᠤᠰᠠᠯᠠᠮᠵᠢ ᠬᠠᠩᠭᠠᠨ᠎ᠠ ᠃ ᠪᠢᠳᠠ | ᠬᠠᠮᠲᠤ ᠪᠠᠷ ᠴᠢᠷᠮᠠᠶᠢᠵᠤ ᠬᠢᠮᠤᠷᠠᠯ ᠤᠨ ᠪᠤᠢ ᠪᠣᠯᠭᠠᠭᠰᠠᠨ ᠨᠠᠵᠠᠭᠠᠶ ᠨᠥᠯᠥᠭᠡ ᠶᠢ ᠪᠠᠭᠠᠰᠬᠠᠶ᠎ᠠ ᠃ ᠬᠤᠯᠪᠣᠭᠳᠠᠯ ᠪᠥᠬᠦᠶ ᠵᠠᠯᠬᠠᠭᠠᠯ ᠨᠢ ᠪᠥᠬᠦ ᠪᠥᠮᠪᠥᠷᠴᠡᠭ ᠤᠨ | ᠮᠥᠩᠭᠦᠨ ᠭᠦᠶ᠋ᠯᠭᠡᠭᠡ ᠂ ᠡᠨᠧᠷᠭᠢ ᠂ ᠵᠠᠮ ᠬᠠᠷᠢᠯᠴᠠᠭ᠎ᠠ ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠳᠤ ᠴᠥᠮ ᠲᠠᠭᠠᠷᠢᠯᠲᠠ ᠤᠴᠠᠷᠠᠭᠤᠯᠵᠤ ᠂ | ᠬᠢᠵᠢᠭ ᠤᠨ ᠪᠠᠶᠢᠳᠠᠯ ᠤᠨ ᠳᠤᠤᠷ᠎ᠠ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ ᠪᠠᠶᠢᠭ᠎ᠠ ᠳᠡᠯᠡᠬᠡᠶ ᠶᠢᠨ ᠠᠵᠤ ᠠᠬᠤᠶ ᠶᠢ ᠬᠤᠶᠢᠰᠢ ᠲᠠᠲᠠᠵᠦ ᠂ ᠡᠯ᠎ᠡ | ᠲᠠᠯ᠎ᠠ ᠶᠢᠨ ᠬᠢᠨ ᠳᠤ ᠴᠥᠮ ᠠᠰᠢᠭ ᠥᠬᠡᠶ ᠶᠤᠮ ᠃ ᠪᠢᠳᠡ ᠬᠠᠮᠲᠤ ᠶᠢᠨ ᠂ ᠶᠡᠷᠦᠩᠬᠡᠶᠢᠯᠡᠭᠰᠡᠨ ᠂ ᠬᠠᠮᠲᠤᠷᠠᠯᠴᠠᠭᠰᠠᠨ ᠂ ᠦᠷᠭᠦᠯᠵᠢᠯᠡᠬᠦ ᠠᠮᠤᠷ ᠲᠦᠪᠰᠢᠨ ᠤ | ᠦᠵᠡᠯᠲᠡ ᠶᠢ ᠢᠳᠡᠪᠬᠢᠲᠡᠢ ᠰᠠᠨᠠᠭᠠᠴᠢᠯᠠᠶ᠎ᠠ ᠃ ᠳᠤᠮᠳᠠᠳᠤ ᠤᠯᠤᠰ ᠹᠷᠠᠨᠼᠢ ᠭᠧᠷᠮᠠᠨ ᠬᠤᠶᠠᠷ ᠤᠯᠤᠰ ᠤᠨ ᠧᠦ᠋ᠷᠣᠫᠠ ᠲᠢᠪ ᠤᠨ ᠲᠤᠰ ᠪᠡᠶ᠎ᠡ ᠶᠢᠨ ᠠᠰᠢᠭ | ᠲᠤᠰᠠ ᠠᠴᠠ ᠡᠭᠦᠰᠴᠦ ᠂ ᠧᠦ᠋ᠷᠣᠫᠠ ᠲᠢᠪ ᠤᠨ ᠥᠨᠢ ᠤᠳᠠᠭᠠᠨ ᠤ ᠠᠮᠤᠷ ᠲᠦᠪᠰᠢᠨ ᠤ ᠲᠥᠯᠥᠭᠡ ᠪᠣᠳᠣᠯᠬᠢᠯᠠᠵᠤ ᠂ ᠪᠠᠶᠢᠯᠳᠤᠬᠤ ᠪᠤᠳᠤᠯᠭ᠎ᠠ ᠶᠢᠨ ᠪᠡᠶ᠎ᠡ ᠪᠠᠨ | ᠳᠠᠭᠠᠭᠠᠬᠤ ᠶᠢ ᠪᠠᠷᠢᠮᠲᠠᠯᠠᠵᠤ ᠂ ᠲᠡᠩᠴᠡᠭᠦᠷᠢᠲᠡᠢ ᠂ ᠪᠦᠲᠦᠮᠵᠢᠲᠡᠢ ᠂ ᠦᠷᠭᠦᠯᠵᠢᠯᠡᠬᠦ ᠧᠦ᠋ᠷᠣᠫᠠ ᠲᠢᠪ ᠤᠨ ᠠᠮᠤᠷ ᠲᠦᠪᠰᠢᠨ ᠤ ᠪᠣᠷᠣ ᠲᠥᠯᠥᠪ ᠤᠨ | ᠪᠠᠶᠢᠭᠤᠯᠤᠯᠳᠠ ᠶᠢ ᠠᠬᠢᠭᠤᠯᠬᠤ ᠶᠢ ᠲᠡᠮᠵᠢᠨ᠎ᠠ ᠃ ᠳᠤᠮᠳᠠᠳᠤ ᠤᠯᠤᠰ ᠪᠠᠰᠠ ᠧᠦ᠋ᠷᠣᠫᠠ ᠲᠢᠪ ᠤᠷᠤᠰ ᠠᠮᠧᠷᠢᠺᠠ ᠵᠢᠴᠢ ᠤᠮᠠᠷᠠᠲᠤ ᠠᠳ᠋ᠯᠠᠨᠲ ᠳᠠᠯᠠᠢ ᠶᠢᠨ ᠭᠡᠷ᠎ᠡ ᠶᠢᠨ | ᠵᠣᠬᠢᠶᠠᠨ ᠪᠠᠶᠢᠭᠤᠯᠤᠯᠲᠠ ᠡᠷᠬᠡ ᠲᠡᠭᠰᠢ ᠶᠠᠷᠢᠯᠴᠠᠭ᠎ᠠ ᠥᠷᠨᠢᠭᠦᠯᠬᠦ ᠶᠢ ᠠᠬᠢᠭᠤᠯᠬᠤ ᠲᠤᠷᠠᠲᠠᠢ ᠪᠠᠶᠢᠨ᠎ᠠ ᠭᠡᠵᠦ ᠴᠢᠬᠤᠯᠠᠴᠢᠯᠠᠪᠠ ᠃ | ᠬᠤᠶᠠᠷ ᠲᠠᠯ᠎ᠠ ᠪᠠᠷ ᠢᠶᠠᠨ ᠪᠠᠰᠠ ᠢᠷᠠᠨ ᠤ ᠴᠥᠮ᠎ᠡ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ | ᠳ᠋ᠢᠩ ᠰᠢᠤᠸᠠᠢ ᠰᠢᠶᠠᠩ ᠂ ᠶᠠᠩ ᠵᠢᠶᠧ ᠤᠤᠢ ᠂ ᠸᠠᠩ ᠢ ᠂ ᠡᡁᠧ ᠯᠢ ᠹᠧᠩ ᠨᠠᠷ ᠬᠤᠷᠠᠯ ᠳᠤ ᠣᠷᠣᠯᠴᠠᠵᠠᠢ ᠃ | | | |