| ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠵᠦᠪᠯᠡᠵᠥ | ᠳᠠᠭᠤᠰᠬᠠᠭᠠᠳ ᠂ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠳᠠᠩᠬᠢᠮ ᠳᠤ ᠳᠡᠬᠦᠰᠪᠡ ᠃ ᠬᠤᠷᠠᠯ ᠠᠴᠠ ᠂ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠂ ᠡᠯ᠎ᠡ ᠣᠷᠣᠯᠴᠠᠬᠴᠢ ᠨᠢᠭᠡᠴᠢ ᠪᠤᠯᠤᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ ᠂ ᠡᠷᠡᠯᠬᠡᠭᠯᠡᠨ ᠳᠡᠮᠡᠴᠡᠵᠥ ᠂ ᠡᠷᠡᠰ ᠰᠢᠭᠤᠷᠬᠠᠢ ᠪᠠᠷ ᠤᠷᠤᠭᠰᠢᠯᠠᠵᠤ ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠣᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠳᠦᠬᠡᠢ ᠬᠡᠵᠥ ᠤᠷᠢᠶᠠᠯᠠᠪᠠ ᠃ | ᠬᠤᠷᠠᠯ ᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠡᠷᠬᠢᠯᠡᠪᠡ ᠃ ᠪᠥᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠴᠢᠩ ᠯᠢ ᠂ ᠯᠢᠦ ᠴᠢ ᠪᠣᠤ ᠂ ᠫᠠᠪᠠᠯᠠ · ᠭᠧᠯᠧᠭ᠌ᠨᠠᠮᠵᠢᠯ ᠂ ᠸᠠᠨ ᠭᠠᠩ ᠂ ᠾᠧ ᠾᠧᠦ ᠬᠤᠸᠠ ᠂ ᠯᠦ ᠵᠠᠨ ᠬᠥᠩ ᠂ ᠮᠠ | ᠪᠢᠶᠣᠣ ᠂ ᠴᠧᠨ ᠰᠢᠶᠣᠣ ᠭᠤᠸᠠᠩ ᠂ ᠯᠢᠶᠠᠩ ᠵᠧᠨ ᠶᠢᠩ ᠂ ᠰᠢᠶᠠ ᠪᠣᠤ ᠯᠦᠩ ᠂ ᠯᠢ ᠪᠢᠨ ᠂ ᠪᠠᠭᠠᠲᠤᠷ ᠂ ᠸᠠᠩ ᠶᠦᠩ ᠴᠢᠩ ᠂ ᠾᠧ ᠯᠢ ᠹᠧᠩ ᠂ ᠰᠤ᠋ ᠬᠤᠶ ᠂ | ᠵᠧᠩ ᠵᠢᠶᠠᠨ ᠪᠠᠩ ᠂ ᠬᠥ᠋ ᠱᠧᠩ ᠽᠦ ᠂ ᠯᠢᠦ ᠰᠢᠨ ᠴᠧᠩ ᠂ ᠾᠧ ᠸᠧᠢ ᠂ ᠱᠣᠤ ᠬᠤᠩ ᠂ ᠭᠤᠤ ᠶᠦᠨ ᠯᠦᠩ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ | ᠮᠥᠷ ᠲᠤ ᠰᠠᠭᠠᠲᠠᠪᠠ ᠃ | | | ᠰᠢ ᠶᠢᠨ ᠫᠢᠩ ᠂ ᠯᠢ ᠺᠧ ᠴᠢᠶᠠᠩ ᠂ ᠯᠢ ᠵᠠᠨ ᠱᠤ᠋ ᠂ ᠸᠠᠩ ᠬᠤ᠋ ᠨᠢᠩ ᠂ ᠵᠤᠤ ᠯᠧ ᠵᠢᠢ ᠂ ᠬᠠᠨ ᠵᠧᠩ ᠂ ᠸᠠᠩ ᠴᠢ ᠱᠠᠨ ᠨᠠᠷ ᠲᠡᠷᠢᠭᠦᠯᠡᠭᠴᠢᠳ ᠤᠨ | ᠲᠠᠶᠢᠰᠠᠨ ᠳᠤ ᠰᠠᠭᠠᠲᠠᠪᠠ ᠃ | ᠦᠳᠡ ᠶᠢᠨ ᠡᠮᠦᠨᠡᠬᠢ 9 ᠴᠠᠭ ᠲᠤ ᠂ ᠲᠡᠭᠦᠰᠭᠦ ᠬᠤᠷᠠᠯ ᠡᠬᠢᠯᠡᠪᠡ ᠃ ᠸᠠᠩ ᠶᠠᠩ ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 2157 ᠬᠥᠮᠦᠨ ᠂ | ᠪᠣᠳᠠᠲᠠᠢ ᠣᠷᠣᠯᠴᠠᠭᠰᠠᠨ ᠨᠢ 1969 ᠬᠥᠮᠦᠨ ᠪᠠᠶᠢᠵᠤ ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ ᠭᠡᠵᠦ ᠨᠡᠶᠢᠲᠡᠯᠡᠪᠡ ᠃ | ᠬᠤᠷᠠᠯ ᠠᠴᠠ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠠ ᠶᠢᠨ ᠲᠤᠬᠠᠢ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠲᠠᠪᠤᠳᠤᠭᠠᠷ ᠬᠤᠷᠠᠯ ᠤᠨ ᠰᠢᠢᠳᠪᠦᠷᠢ ᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠳᠥᠷᠪᠡᠳᠦᠭᠡᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ | ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠲᠠᠪᠤᠳᠤᠭᠠᠷ ᠬᠤᠷᠠᠯ ᠤᠨ ᠰᠢᠢᠳᠪᠦᠷᠢ ᠂ ᠤᠯᠤᠰ | ᠲᠦᠷᠦ ᠶᠢᠨ ᠵᠦᠪᠯᠡᠯᠭᠡᠨ ᠤ ᠠᠷᠪᠡᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ | ᠪᠠᠶᠢᠳᠠᠯ ᠤᠨ ᠲᠤᠬᠠᠢ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠰᠠᠨᠠᠯ ᠳᠤᠷᠠᠳᠤᠯᠭ᠎ᠠ ᠶᠢᠨ | ᠵᠥᠪᠯᠡᠯ ᠤᠨ ᠮᠡᠳᠡᠭᠦᠯᠦᠯᠲᠡ ᠂ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠠᠨ ᠤ ᠲᠠᠪᠤᠳᠤᠭᠠᠷ | ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠪᠠᠳᠤᠯᠠᠪᠠ ᠃ | | | ᠸᠠᠩ ᠶᠠᠩ ᠶᠠᠷᠢᠶᠠᠨ ᠳᠠᠭᠠᠨ ᠂ ᠡᠨᠡ ᠤᠳᠠᠭ᠎ᠠ ᠶᠢᠨ ᠬᠤᠷᠠᠯ ᠨᠢ ᠢᠳᠡᠪᠬᠢ ᠬᠦᠴᠦᠨ ᠢ ᠥᠷᠭᠡᠨ ᠢᠶᠠᠷ ᠨᠢᠬᠳᠠᠷᠠᠭᠤᠯᠵᠤ ᠂ ᠴᠤᠭ ᠵᠢᠪᠬᠤᠭ᠎ᠠ ᠪᠠᠳᠠᠷᠠᠩᠭᠤᠢ ᠂ | ᠲᠤᠭ ᠢ ᠥᠨᠳᠥᠷ ᠮᠠᠨᠳᠤᠭᠤᠯᠤᠭᠰᠠᠨ ᠂ ᠠᠷᠠᠳᠴᠢᠯᠠᠯ ᠲᠠᠢ ᠪᠦᠯᠬᠦᠮᠳᠡᠯ ᠲᠠᠢ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠂ ᠤᠬᠤᠷ ᠠᠪᠰᠠᠷᠬᠠᠨ ᠳᠥᠲᠡ | ᠥᠨᠳᠥᠷ ᠪᠦᠲᠦᠮᠵᠢᠲᠡᠢ ᠶᠡᠭᠡ ᠬᠤᠷᠠᠯ ᠪᠣᠯᠵᠠᠢ ᠃ ᠳᠣᠮᠳᠠᠳᠤ ᠤᠯᠣᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠂ ᠤᠯᠣᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠨᠥᠬᠦᠳ ᠶᠡᠭᠡ | ᠬᠤᠷᠠᠯ ᠤᠨ ᠡᠬᠢᠯᠡᠬᠦ ᠬᠤᠷᠠᠯ ᠪᠠ ᠲᠡᠭᠦᠰᠭᠦ ᠬᠤᠷᠠᠯ ᠳᠤ ᠣᠷᠣᠯᠴᠠᠵᠤ ᠂ ᠡᠲᠡᠭᠡᠳ ᠢᠯᠭᠠᠯ ᠤᠨ ᠳᠤᠭᠤᠶᠢᠯᠠᠩ ᠳᠤ ᠭᠦᠨᠵᠡᠭᠡᠶᠢᠷᠡᠨ ᠰᠠᠨᠠᠯ ᠢ ᠰᠣᠨᠣᠰᠴᠤ ᠂ | ᠭᠡᠰᠢᠭᠦᠳ ᠲᠠᠢ ᠬᠠᠮᠲᠤ ᠪᠠᠷ ᠲᠥᠷᠥ ᠶᠢᠨ ᠶᠠᠪᠤᠳᠠᠯ ᠢ ᠵᠥᠪᠯᠡᠪᠡ ᠃ ᠪᠦᠬᠦ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠪᠠ ᠪᠤᠰᠤᠳ | ᠮᠡᠳᠡᠬᠦᠯᠦᠯᠳᠠ ᠶᠢ ᠨᠠᠷᠢᠨ ᠬᠢᠨᠠᠮᠠᠭᠠᠶ ᠶᠠᠷᠢᠯᠴᠠᠵᠤ ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠠ | ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠵᠤ ᠂ ᠨᠠᠮ ᠪᠠ ᠲᠦᠷᠦ ᠶᠢᠨ ᠭᠤᠣᠯ ᠠᠵᠢᠯ ᠲᠠᠢ ᠤᠶᠠᠯᠳᠤᠭᠤᠯᠤᠨ ᠭᠦᠨᠵᠡᠭᠡᠶ ᠵᠥᠪᠯᠡᠯᠭᠡ ᠬᠢᠵᠦ ᠵᠠᠰᠠᠭ ᠤᠨ ᠶᠠᠪᠤᠳᠠᠯ ᠢ | ᠵᠥᠪᠯᠡᠪᠡ ᠃ ᠭᠡᠰᠢᠭᠦᠳ ᠂ ︽ ᠬᠤᠶᠠᠷ ᠢ ᠲᠣᠭᠲᠠᠭᠠᠬᠤ ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠰᠢᠨ᠎ᠡ ᠴᠠᠭ | ᠦᠶ᠎ᠡ ᠶᠢᠨ ᠤᠤᠭᠠᠯ ᠡᠭᠦᠳᠦᠯᠲᠡ ᠶᠢᠨ ᠴᠢᠨᠠᠷᠲᠠᠢ ᠦᠵᠡᠯ ᠰᠠᠨᠠᠭ᠎ᠠ ᠂ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠂ ᠰᠢᠪᠲᠤᠯᠤᠯᠲᠠ ᠶᠢᠨ ᠴᠢᠨᠠᠷᠲᠠᠢ ᠠᠬᠢᠴᠠ ᠂ | ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠭᠦᠨᠵᠡᠭᠡᠢ ᠲᠠᠨᠢᠵᠤ ᠂ ︽ ᠬᠤᠶᠠᠷ ᠢ ᠬᠠᠮᠠᠭᠠᠯᠠᠬᠤ ︾ ᠤᠯᠤᠰ ᠲᠦᠷᠦ ᠶᠢᠨ ᠤᠬᠠᠮᠰᠠᠷ ᠢᠶᠠᠨ ᠦᠨᠡᠨ ᠬᠦ | ᠴᠢᠩᠭᠠᠳᠬᠠᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠡᠨᠡ ᠵᠢᠯ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ ᠂ ᠦᠵᠡᠯ ᠰᠠᠨᠠᠭᠠᠨ ᠤ | ᠵᠢᠯᠣᠭᠤᠳᠤᠯᠭ᠎ᠠ ᠶᠢᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠶᠢ ᠡᠷᠬᠢᠮᠯᠡᠵᠦ ᠂ ᠵᠥᠪᠯᠡᠯᠭᠡ ᠬᠢᠵᠤ ᠰᠠᠨᠠᠯ ᠰᠠᠨᠠᠭᠤᠯᠭ᠎ᠠ ᠳᠤᠷᠠᠳᠬᠤ ᠲᠠᠯ᠎ᠠ ᠪᠠᠷ ᠦᠷ᠎ᠡ | ᠪᠦᠲᠦᠭᠡᠯ ᠭᠠᠷᠭᠠᠵᠤ ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠵᠢᠳᠭᠦᠯ ᠴᠢᠷᠮᠠᠶᠢᠯᠭ᠎ᠠ ᠭᠠᠷᠭᠠᠵᠦ ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠨᠦᠬᠦᠴᠡᠯ ᠂ | ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠨᠦᠬᠦᠴᠡᠯ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠨᠦᠬᠦᠴᠡᠯ ᠢ | ᠪᠠᠲᠤᠯᠠᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠨ᠎ᠠ ᠬᠡᠵᠥ ᠰᠠᠨᠠᠯ ᠨᠢᠭᠡᠲᠡᠢ ᠢᠯᠡᠳᠬᠡᠵᠠᠬᠡᠵᠡᠢ ᠬᠡᠪᠡ ᠃ | ᠸᠠᠩ ᠶᠠᠩ ᠂ ᠡᠨᠡ ᠵᠢᠯ ᠪᠣᠯ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠡᠴᠤᠰ ᠤᠨ ᠨᠢᠭᠡ ᠵᠢᠯ ᠪᠣᠯᠣᠨ᠎ᠠ ᠃ ᠲᠤᠰ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠠᠩᠬᠠᠳᠤᠭᠠᠷ ᠬᠤᠷᠠᠯ ᠤᠨ ᠲᠡᠭᠦᠰᠬᠦ ᠬᠤᠷᠠᠯ | ᠳᠡᠭᠡᠷ᠎ᠡ ᠪᠢᠳᠡ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠨᠡ ᠬᠦ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠠᠴᠠ ᠪᠢᠳᠡᠨ ᠳᠤ | ᠤᠯᠭᠤᠭᠰᠠᠠ ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠬᠦ ᠭᠡᠷᠡᠭᠲᠡᠢ ᠭᠡᠵᠦ ᠳᠤᠷᠠᠳᠤᠨ ᠂ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ | ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠡᠷᠬᠡᠪᠰᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ | ᠵᠥᠪᠯᠡᠬᠦ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠬᠰᠠᠨ ᠶᠤᠮ ᠃ ᠲᠦᠷᠪᠡᠨ ᠵᠢᠯ ᠤᠨ ᠲᠤᠷᠰᠢ ᠪᠢᠳᠡ ᠡᠳᠡᠭᠡᠷ ᠠᠵᠢᠯ ᠤᠨ | ᠵᠠᠷᠴᠢᠮ ᠪᠠ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ ᠂ ᠤᠯᠤᠰ ᠲᠦᠷᠦ ᠶᠢᠨ ᠴᠢᠳᠠᠪᠤᠷᠢ ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠ | ᠵᠥᠪᠯᠡᠬᠦ ᠴᠢᠳᠠᠪᠤᠷᠢ ᠪᠠᠨ ᠨᠡᠮᠡᠭᠳᠡᠭᠦᠯᠪᠡ ᠃ ᠰᠢᠨ᠎ᠡ ᠠᠶᠠᠨ ᠳᠤ ᠂ ᠡᠳᠡᠭᠡᠷ ᠵᠠᠷᠴᠢᠮ ᠪᠣᠯᠣᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠳᠤ ᠡᠷᠬᠡᠪᠰᠢ ᠢᠮᠠᠭᠲᠠ | ᠲᠤᠭᠤᠰᠢᠯᠠᠭᠤᠯᠵᠦ ᠂ ᠨᠡᠩ ᠰᠠᠶᠢᠲᠤᠷ ᠬᠢᠬᠦ ᠬᠡᠷᠡᠭᠲᠡᠢ ᠃ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ ᠂ ᠤᠯᠤᠰ | ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠤᠬᠠᠮᠰᠠᠷ ᠠᠴᠠ ᠪᠠᠨ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠦᠨᠡᠡ ᠬᠦ ᠨᠠᠶᠢᠳᠠᠪᠤᠷᠢᠵᠢᠭᠤᠯᠬᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ | ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ ᠃ | ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ ᠂ ᠪᠣᠳᠠᠲᠤ ᠪᠠᠶᠢᠳᠠᠯ ᠳᠤ ᠭᠦᠨᠵᠡᠭᠡᠶᠢᠷᠡᠨ ᠠᠷᠠᠳ ᠤᠨ ᠪᠠᠶᠢᠳᠠᠯ ᠢ ᠪᠠᠶᠢᠴᠠᠭᠠᠵᠤ ᠂ | ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ ᠂ ᠤᠷᠢᠬᠠᠨ ᠰᠠᠯᠬᠢ ᠦᠭᠬᠢᠶᠡᠮᠤᠷ ᠬᠤᠷ᠎ᠡ ᠪᠠᠷ ᠠᠷᠠᠳ ᠤᠨ ᠰᠡᠳᠬᠢᠯ ᠢ ᠨᠢᠭᠲᠠᠷᠠᠭᠤᠯᠵᠤ ᠂ ᠠᠷᠠᠳ | ᠲᠦᠮᠡᠨ ᠤ ᠭᠡᠷᠡᠭᠴᠡᠭᠡ ᠱᠠᠭᠠᠷᠳᠠᠯᠭ᠎ᠠ ᠶᠢ ᠰᠣᠨᠣᠰᠴᠤ ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ ᠂ ᠠᠷᠠᠳ ᠲᠦᠮᠡᠨ ᠤ ᠤᠶᠤᠨ ᠤᠬᠠᠭᠠᠨ ᠢ | ᠲᠥᠪᠯᠡᠷᠡᠭᠦᠯᠵᠦ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠤᠨ ᠵᠠᠰᠠᠭ ᠤᠨ ᠶᠠᠪᠤᠳᠠᠯ ᠢ | ᠵᠥᠪᠯᠡᠨ ᠰᠠᠨᠠᠯ ᠵᠥᠪᠯᠡᠯᠭᠡ ᠳᠤᠷᠠᠳᠴᠤ ᠂ ᠭᠡᠰᠢᠭᠦᠳ ᠤᠨ ᠳᠠᠰᠬᠠᠯ ᠢ ᠳᠤᠮᠳᠠᠳᠤ ᠶᠢᠨ ᠡᠬᠡ ᠭᠠᠵᠠᠷ ᠳᠡᠭᠡᠷ᠎ᠡ ᠪᠢᠴᠢᠵᠦ ᠂ ᠡᠲᠡᠭᠡᠳ ᠢᠯᠭᠠᠯ ᠤᠯᠠᠨ ᠲᠦᠮᠡᠨ ᠳᠤ | ᠮᠡᠳᠡᠷᠡᠭᠳᠡᠳᠡᠯᠠ ᠪᠢᠴᠢᠬᠦ ᠭᠡᠷᠡᠭᠲᠡᠢ ᠃ ᠤᠯᠠᠮ ᠴᠢᠨᠠᠭᠰᠢᠳᠠ ᠵᠥᠪᠯᠡᠬᠦ ᠶᠠᠰᠤ ᠴᠢᠨᠠᠷ ᠢ ᠳᠡᠭᠡᠭᠰᠢᠯᠡᠬᠦᠯᠤᠨ ᠂ ᠵᠥᠪᠯᠡᠬᠦ ᠳᠦᠷᠢᠮ ᠢ ᠪᠦᠷᠢᠨᠰᠢᠭᠦᠯᠵᠤ ᠂ ᠵᠥᠪᠯᠡᠬᠦ ᠰᠣᠶᠣᠯ ᠢ | ᠪᠤᠶᠢᠵᠢᠭᠤᠯᠤᠨ ᠂ ᠰᠢᠨ᠎ᠡ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠬᠦ ᠶᠢ ᠠᠩᠬᠠᠷᠴᠤ ᠂ ᠤᠴᠢᠷ ᠶᠠᠪᠤᠳᠠᠯ ᠪᠠᠶᠢᠪᠠᠯ ᠰᠠᠶᠢᠲᠤᠷ ᠵᠥᠪᠳᠡᠯᠴᠡᠬᠦ ᠂ ᠤᠯᠠᠨ ᠤ ᠶᠠᠪᠤᠳᠠᠯ ᠢ | ᠤᠯᠠᠨ ᠢᠶᠠᠷ ᠢᠶᠠᠨ ᠵᠥᠪᠳᠡᠯᠴᠡᠬᠦ ᠳᠦᠷᠢᠮᠵᠢᠭᠰᠡᠨ ᠦᠢᠯᠡᠳᠦᠯᠭᠡ ᠶᠢ ᠲᠠᠰᠤᠷᠠᠯᠳᠠ ᠦᠭᠡᠢ ᠪᠠᠶᠠᠯᠢᠭᠵᠢᠭᠤᠯᠵᠤ ᠂ ᠠᠰᠠᠭᠤᠳᠠᠯ ᠲᠤᠯᠭᠠᠷᠠᠪᠠᠯ ᠢᠯᠡᠬᠦᠭᠡᠨ ᠵᠥᠪᠳᠡᠯᠴᠡᠬᠦ ᠂ | ᠬᠤᠣᠰ ᠴᠢᠭᠯᠡᠯ ᠢᠶᠠᠷ ᠬᠤᠷᠰᠢᠯᠴᠠᠨ ᠵᠥᠪᠳᠡᠯᠴᠡᠬᠦ ᠂ ᠦᠨᠡᠨ ᠪᠤᠳᠤᠯ ᠢᠶᠠᠨ ᠲᠡᠯᠭᠡᠨ ᠦᠨᠡᠨᠴᠢ ᠪᠠᠷ ᠵᠥᠪᠳᠡᠯᠴᠡᠬᠦ ᠂ ᠰᠠᠨᠠᠯ ᠢᠶᠠᠨ ᠭᠦᠢᠴᠡᠳ ᠰᠣᠯᠢᠯᠴᠠᠵᠤ ᠭᠦᠨᠵᠡᠭᠡᠢ | ᠵᠥᠪᠳᠡᠯᠴᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠸᠠᠩ ᠶᠠᠩ ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠲᠦᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ | ᠶᠢ ᠪᠡᠶᠡᠯᠡᠭᠦᠯᠵᠦ ᠂ ᠬᠦᠰᠡᠯᠡᠩ ᠢᠲᠡᠭᠡᠯ ᠪᠢᠰᠢᠷᠡᠯ ᠤᠨ ᠲᠤᠭ ᠢ ᠥᠨᠳᠥᠷ ᠮᠠᠨᠳᠤᠭᠤᠯᠵᠤ ᠂ ᠪᠦᠯᠬᠦᠮᠳᠡᠯ ᠲᠡᠮᠡᠴᠡᠯ ᠤᠨ ᠳᠠᠷᠪᠠᠭᠤᠯ ᠢ ᠥᠨᠳᠥᠷ ᠮᠠᠨᠳᠤᠭᠤᠯᠵᠤ ᠂ | ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠢᠷᠠᠭᠤ ᠬᠠᠭᠤᠳᠠᠰᠤ ᠶᠢ ᠦᠷᠬᠦᠯᠵᠢᠯᠡᠨ ᠪᠢᠴᠢᠭᠯᠡᠵᠤ ᠂ ᠲᠠᠪᠤᠨ | ᠵᠢᠯ ᠤᠨ ᠬᠤᠭᠤᠴᠠᠭ᠎ᠠ ᠲᠠᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠤ ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠭᠡᠷᠡᠭᠲᠡᠢ ᠭᠡᠵᠦ ᠴᠢᠬᠤᠯᠠᠴᠢᠯᠠᠪᠠ ᠃ | | | ᠲᠡᠭᠦᠰᠬᠦ ᠬᠤᠷᠠᠯ ᠳᠤ ᠣᠷᠣᠯᠴᠠᠭᠰᠠᠨ ᠤᠳᠤᠷᠢᠳᠬᠤ ᠨᠥᠬᠦᠳ ᠲᠤ ᠪᠠᠰᠠ ᠳ᠋ᠢᠩ ᠰᠢᠤᠸᠠᠢ ᠰᠢᠶᠠᠩ ᠂ ᠸᠠᠩ ᠴᠧᠨ ᠂ ᠯᠢᠦ ᠾᠧ ᠂ ᠰᠢᠤᠢ ᠴᠢ ᠯᠢᠶᠠᠩ ᠂ | ᠰᠦᠨ ᠴᠦᠨ ᠯᠠᠨ ᠂ ᠯᠢ ᠰᠢ ᠂ ᠯᠢ ᠴᠢᠶᠠᠩ ᠂ ᠯᠢ ᠬᠤᠩ ᠵᠦᠩ ᠂ ᠶᠠᠩ ᠵᠢᠶᠧ ᡂᠢ ᠂ ᠶᠠᠩ ᠰᠢᠶᠣᠣ ᠳ᠋ᠦ᠋ ᠂ ᠵᠠᠩ ᠶᠢᠦ ᠰᠢᠶᠠ ᠂ ᠴᠧᠨ ᠰᠢ ᠂ ᠴᠧᠨ ᠴᠢᠤᠸᠠᠨ | ᠭᠦᠸᠧ ᠂ ᠴᠧᠨ ᠮᠢᠨ ᠡᠯ ᠂ ᠬᠤ᠋ ᠴᠦᠨ ᠬᠤᠸᠠ ᠂ ᠭᠦᠸᠧ ᠱᠧᠩ ᠺᠦᠨ ᠂ ᠬᠤᠸᠠᠩ ᠺᠦᠨ ᠮᠢᠩ ᠂ ᠼᠠᠢ ᠴᠢ ᠂ ᠶᠢᠦ ᠴᠢᠤᠸᠠᠨ ᠂ ᠼᠤᠤ ᠵᠢᠶᠠᠨ ᠮᠢᠩ ᠂ ᠵᠠᠩ | ᠴᠦᠨ ᠰᠢᠶᠠᠨ ᠂ ᠱᠧᠨ ᠶᠤᠸᠠᠢ ᠶᠤᠸᠠᠢ ᠂ ᠵᠢᠢ ᠪᠢᠩ ᠰᠢᠤᠸᠠᠨ ᠂ ᠡ᠋ᠶᠢᠯᠢᠭᠧᠩ · ᠢᠮᠢᠩᠪᠠᠭ᠋ᠠᠢ ᠂ ᠸᠠᠨ ᠧ ᠰᠢᠶᠠᠩ ᠂ ᠴᠧᠨ ᠵᠦ ᠂ ᠸᠠᠩ ᠳ᠋ᠦᠩ ᠮᠢᠩ ᠂ | ᠪᠠᠳᠮᠠᠫᠧᠷᠠᠩᠯᠠᠢ ᠂ ᠳ᠋ᠢᠩ ᠵᠦᠩ ᠯᠢ ᠂ ᠬᠤᠤ ᠮᠢᠩ ᠶᠢᠨ ᠂ ᠼᠠᠢ ᠳ᠋ᠠ ᠹᠧᠩ ᠂ ᠦ᠋ ᠸᠧᠢ ᠬᠤᠸᠠ ᠂ ᠸᠧᠢ ᠹᠧᠩ ᠡᡁᠧ ᠂ ᠸᠠᠩ ᠶᠦᠩ ᠂ ᠸᠠᠩ ᠢ ᠂ ᠰᠢᠶᠣᠣ ᠵᠢᠶᠧ ᠂ | ᠵᠤᠤ ᠺᠧ ᡁᠢ ᠂ ᠵᠧᠦ ᠴᠢᠶᠠᠩ ᠂ ᠵᠠᠩ ᠵᠢᠶᠦ᠋ᠨ ᠨᠠᠷ ᠪᠠᠶᠢᠨ᠎ᠠ ᠃ | ᠳᠤᠮᠳᠠᠳᠤ ᠤᠯᠤᠰ ᠤᠨ ᠡᠪ ᠬᠠᠮᠳᠦ ᠨᠠᠮ ᠤᠨ ᠲᠥᠪ ᠬᠤᠷᠢᠶ᠎ᠠ ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠲᠡᠭᠦᠰᠬᠦ ᠬᠤᠷᠠᠯ ᠳᠤ ᠰᠤᠯᠠ | ᠤᠷᠤᠯᠴᠠᠵᠠᠢ ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠨᠠᠷ ᠤᠷᠢᠯᠭ᠎ᠠ ᠪᠠᠷ ᠲᠡᠭᠦᠰᠬᠦ ᠬᠤᠷᠠᠯ ᠳᠤ ᠣᠷᠣᠯᠴᠠᠭᠰᠠᠨ ᠪᠠᠶᠢᠨ᠎ᠠ ᠃ | ᠶᠡᠭᠡ ᠬᠤᠷᠠᠯ ᠰᠦᠷ ᠵᠢᠪᠬᠤᠯᠠᠩᠲᠠᠢ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ ᠃ | | | |