| | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 15 ᠤ ᠴᠠᠬᠢᠯᠭᠠᠨ ᠮᠡᠳᠡᠭᠡ 3 ᠰᠠᠷ᠎ᠠ ᠶᠢᠨ 16 ᠤ ᠡᠳᠦᠷ ᠬᠡᠪᠯᠡᠭᠳᠡᠭᠰᠡᠨ 6 ᠳ᠋ᠤᠭᠠᠷ | ᠬᠤᠭᠤᠴᠠᠭᠠᠨ ᠤ ︽ ᠦᠨᠡᠨ ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ ᠲᠥᠪ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠵᠢᠴᠢ ᠳᠤᠮᠳᠠᠳᠤ ᠤᠯᠤᠰ ᠤᠨ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ︾ ᠭᠡᠬᠦ ᠴᠢᠬᠤᠯᠠ ᠵᠤᠬᠢᠶᠠᠯ ᠢ | ᠨᠡᠶᠢᠲᠡᠯᠡᠪᠡ ᠃ | ᠵᠣᠬᠢᠶᠠᠯ ᠳᠤ ᠂ ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠂ ︽ ᠳᠥᠷᠪᠡᠨ ᠤᠬᠠᠮᠰᠠᠷ ︾ ᠢᠶᠠᠨ | ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠤ ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠭᠤᠣᠯ ᠲᠡᠩᠭᠡᠯᠢᠭ ᠪᠣᠯᠭᠠᠵᠤ ᠂ ︽ | ᠬᠤᠤᠰ ᠵᠠᠭᠤᠨ ᠵᠢᠯ ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠦᠶ᠋ᠯᠡᠴᠢᠯᠡᠬᠦ ᠪᠠᠷ ᠠᠵᠢᠯ ᠤᠨ ᠭᠤᠤᠯ ᠰᠢᠵᠢᠮ ᠪᠣᠯᠭᠠᠵᠤ ᠂ ᠦᠵᠡᠯ ᠰᠠᠨᠠᠭ᠎ᠠ ᠤᠯᠤᠰ | ᠲᠥᠷᠥ ᠶᠢᠨ ᠬᠦᠳᠦᠯᠦᠨ ᠵᠢᠯᠤᠭᠤᠳᠤᠯᠭ᠎ᠠ ᠶᠢ ᠴᠢᠩᠭᠠᠳᠬᠠᠬᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠭᠤᠤᠯ ᠭᠤᠭᠴᠤᠭ᠎ᠠ ᠪᠣᠯᠭᠠᠵᠤ ᠂ | ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ ᠂ ᠤᠯᠤᠰ ᠲᠥᠷᠥ ᠶᠢᠨ ᠵᠥᠪᠯᠡᠯᠭᠡ ᠬᠢᠬᠦ ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠂ | ᠲᠦᠷᠦ ᠶᠢᠨ ᠶᠠᠪᠤᠳᠠᠯ ᠳᠤ ᠣᠷᠣᠯᠴᠠᠵᠤ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠤ ᠂ ᠬᠠᠮᠲᠤ ᠶᠢᠨ ᠲᠠᠨᠢᠯᠲᠠ ᠶᠢ ᠨᠠᠩ ᠰᠠᠶᠢᠲᠤᠷ | ᠨᠢᠭᠲᠠᠷᠠᠭᠤᠯᠵᠤ ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ | ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ ᠃ | ᠵᠣᠬᠢᠶᠠᠯ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠯᠧᠨᠢᠨ ᠤ ᠦᠵᠡᠯ ᠤᠨ ᠨᠢᠭᠡᠳᠦᠮᠡᠯ | ᠹᠷᠣᠨᠲ ᠤᠨ ᠤᠨᠤᠯ ᠂ ᠲᠦᠷᠦ ᠶᠢᠨ ᠨᠠᠮ ᠤᠨ ᠤᠨᠤᠯ ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠡᠯ᠎ᠡ ᠠᠷᠠᠳᠴᠢᠯᠠᠭᠰᠠᠨ ᠨᠠᠮ ᠪᠦᠯᠦᠭ ᠂ ᠨᠠᠮ | ᠪᠦᠯᠦᠭ ᠤᠨ ᠪᠤᠰᠤ ᠬᠥᠮᠦᠰ ᠂ ᠠᠷᠠᠳ ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠤᠳᠤᠷᠢᠳᠤᠨ ᠤᠯᠤᠰ ᠲᠦᠷᠦ ᠶᠢᠨ | ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠮᠥᠨ ᠃ 70 ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠳᠣᠣᠷ᠎ᠠ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ ᠂ ᠨᠠᠮ ᠪᠣᠯᠤᠨ ᠤᠯᠤᠰ ᠤᠨ | ᠭᠤᠣᠯ ᠡᠭᠦᠷᠭᠡ ᠳᠤ ᠦᠢᠯᠡᠴᠢᠯᠡᠵᠦ ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠪᠠ ᠨᠡᠶᠢᠭᠡᠮ ᠵᠢᠷᠤᠮᠲᠤ ᠬᠤᠪᠢᠰᠬᠠᠯ ᠂ ᠪᠦᠲᠦᠭᠡᠨ ᠪᠠᠶᠢᠭᠤᠯᠤᠯᠲᠠ ᠂ | ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠲᠦᠢᠯ ᠤᠨ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠲᠤᠷᠰᠢᠯᠭ᠎ᠠ ᠪᠠᠨ ᠳ᠋ᠦᠩᠨᠡᠵᠦ ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠳᠤ ᠠᠯᠢ ᠤᠯᠠᠨ ᠰᠢᠨ᠎ᠡ ᠱᠠᠭᠠᠷᠳᠠᠯᠭ᠎ᠠ ᠳᠤᠷᠠᠳᠪᠠ ᠃ ᠨᠢᠭᠡ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠪᠠ ᠃ ᠬᠤᠶᠠᠷ ᠲᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ | ᠡᠵᠡᠮᠰᠢᠪᠡ ᠃ ᠭᠤᠷᠪᠠ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠪᠠ ᠃ | ᠲᠦᠷᠪᠡ ᠳᠤ ᠂ ᠮᠠᠨ ᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠪᠡ ᠃ ᠲᠠᠪᠤ ᠳᠤ ᠂ ᠬᠥᠮᠦᠰ ᠤᠨ ᠰᠡᠳᠭᠢᠯ | ᠪᠣᠯᠤᠨ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠪᠠ ᠃ ᠵᠢᠷᠭᠤᠭ᠎ᠠ ᠳᠤ ᠂ ᠨᠠᠮ ᠪᠣᠯᠤᠨ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠪᠡ ᠃ ᠲᠤᠯᠤᠭ᠎ᠠ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ | ᠪᠠᠷᠢᠮᠲᠠᠯᠠᠪᠠ ᠃ ᠨᠠᠢᠮᠠ ᠳᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ | ᠪᠠᠶᠢᠭᠤᠯᠤᠯᠲᠠ ᠶᠢ ᠠᠬᠢᠭᠤᠯᠪᠠ ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠨᠢ ᠤᠯᠠᠨ ᠲᠠᠯ᠎ᠠ ᠶᠢᠨ ᠥᠪᠡᠷᠮᠢᠴᠡ ᠳᠠᠪᠠᠭᠤᠯᠢᠭ ᠲᠠᠢ ᠭᠡᠳᠡᠭ ᠢ | ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠰᠢᠨ᠎ᠡ ᠪᠠᠶᠢᠳᠠᠯ ᠳᠣᠣᠷ᠎ᠠ ᠂ ᠪᠢᠳᠡ ᠡᠷᠬᠡᠪᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠢ ᠰᠠᠶᠢᠲᠤᠷ ᠪᠠᠷᠢᠮᠲᠠᠯᠠᠵᠤ ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠵᠦ ᠂ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠬᠦ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ ᠂ ᠨᠡᠩ ᠤᠯᠠᠨ ᠬᠥᠮᠦᠨ ᠢ ᠨᠠᠮ ᠤᠨ ᠲᠣᠭᠤᠷᠢᠨ ᠳᠤ ᠪᠦᠯᠬᠦᠮᠳᠡᠭᠦᠯᠬᠦ ᠬᠡᠷᠡᠭᠲᠡᠢ ᠃ ᠣᠳᠣᠬᠠᠨ ᠳᠤ ᠪᠠ ᠬᠤᠶᠢᠰᠢᠳᠠ ᠶᠢᠨ ᠬᠡᠰᠡᠭ | ᠬᠤᠭᠤᠴᠠᠭᠠᠨ ᠳᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠣᠨᠴᠠᠭᠠᠶᠢᠯᠠᠨ ᠳᠣᠣᠷᠠᠬᠢ ᠠᠵᠢᠯ ᠤᠳ ᠢ ᠰᠠᠶᠢᠲᠤᠷ ᠠᠳᠬᠤᠬᠤ ᠬᠡᠷᠡᠭᠲᠡᠢ ᠃ ᠨᠢᠭᠡᠳᠦᠭᠡᠷ ᠲᠤ ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ᠎ᠠ ᠃ ᠳᠤᠮᠳᠠᠳᠤ ᠤᠯᠤᠰ ᠤᠨ ᠨᠡᠶᠢᠭᠡᠮ | ᠵᠢᠷᠤᠮ ᠤᠨ ᠪᠠᠶᠢᠭᠤᠯᠤᠯ ᠳᠣᠣᠷ᠎ᠠ ᠂ ᠤᠴᠢᠷ ᠶᠠᠪᠤᠳᠠᠯ ᠢ ᠰᠠᠶᠢᠲᠤᠷ ᠵᠥᠪᠳᠡᠯᠴᠡᠵᠦ ᠂ ᠤᠯᠠᠨ ᠤ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠵᠦ ᠂ ᠪᠦᠬᠦ ᠨᠡᠶᠢᠭᠡᠮ ᠤᠨ | ᠬᠦᠰᠡᠯ ᠡᠷᠡᠮᠡᠯᠵᠡᠯ ᠪᠠ ᠱᠠᠭᠠᠷᠳᠠᠯᠭ᠎ᠠ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠤᠯᠬᠤ ᠪᠣᠯ ᠠᠷᠠᠳ ᠤᠨ ᠠᠷᠠᠳᠴᠢᠯᠠᠯ ᠤᠨ ᠦᠨᠡᠨ ᠶᠣᠰᠣ ᠮᠥᠨ ᠃ | ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠢ ᠬᠥᠭᠵᠢᠭᠦᠯᠬᠦ ᠳᠤ ᠠᠷᠠᠳᠴᠢᠯᠠᠯ ᠲᠥᠪᠯᠡᠷᠡᠯ ᠤᠨ ᠶᠣᠰᠣᠨ ᠤ ᠳᠠᠪᠠᠭᠤᠯᠢᠭ ᠢ ᠰᠠᠶᠢᠲᠤᠷ ᠬᠡᠷᠡᠭᠯᠡᠵᠦ ᠂ ︽ ᠪᠦᠯᠬᠦᠮᠳᠡᠬᠦ | — ᠰᠢᠭᠦᠮᠵᠢᠯᠡᠬᠦ — ᠪᠦᠯᠬᠦᠮᠳᠡᠬᠦ ︾ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠂ ᠶᠠᠷᠢᠶ᠎ᠠ ᠬᠡᠯᠡᠯᠴᠡᠭᠡᠨ ᠤ ᠵᠠᠮ ᠢ ᠥᠷᠭᠡᠨ ᠢᠶᠠᠷ ᠨᠡᠭᠡᠭᠡᠵᠦ ᠂ ᠲᠦᠮᠡᠨ ᠤ ᠰᠠᠨᠠᠯ ᠢ | ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ ᠂ ᠠᠳᠠᠯᠢ ᠪᠤᠰᠤ ᠦᠵᠡᠯ ᠰᠠᠨᠠᠭ᠎ᠠ ᠦᠵᠡᠯᠲᠡ ᠶᠢᠨ ᠭᠦᠢᠴᠡᠳ ᠢᠯᠡᠳᠭᠡᠯᠲᠡ ᠪᠠ ᠭᠦᠨᠵᠡᠭᠡᠢ ᠰᠣᠯᠢᠯᠴᠠᠭ᠎ᠠ ᠶᠢ | ᠠᠬᠢᠭᠤᠯᠵᠤ ᠂ ᠬᠠᠷᠢᠯᠴᠠᠨ ᠬᠦᠨᠳᠦᠳᠭᠡᠬᠦ ᠂ ᠡᠷᠬᠡ ᠲᠡᠭᠰᠢ ᠪᠠᠷ ᠵᠥᠪᠳᠡᠯᠴᠡᠬᠦ ᠠᠴᠠ ᠪᠢᠰᠢ ᠪᠤᠰᠤᠳ ᠲᠤ ᠠᠯᠪᠠ ᠪᠠᠷ ᠲᠤᠯᠭᠠᠬᠤ ᠦᠭᠡᠢ ᠪᠠᠶᠢᠬᠤ ᠶᠢ ᠪᠡᠶᠡᠯᠡᠭᠦᠯᠵᠦ ᠂ | ᠲᠦᠷᠢᠮ ᠢ ᠵᠢᠷᠤᠮᠯᠠᠨ ᠂ ᠡᠮᠬᠢ ᠵᠢᠷᠤᠮ ᠲᠠᠢ ᠵᠥᠪᠳᠡᠯᠴᠡᠬᠦ ᠠᠴᠠ ᠪᠢᠰᠢ ᠥᠪᠡᠷ ᠤᠨ ᠢᠶᠠᠨ ᠯᠡ ᠬᠡᠯᠡᠬᠦ ᠦᠭᠡᠢ ᠪᠠᠶᠢᠵᠤ ᠂ ᠠᠭᠤᠴᠢᠯᠠᠨ ᠪᠠᠭᠲᠠᠭᠠᠬᠤ ᠂ ᠦᠨᠡᠨᠴᠢ ᠪᠠᠷ | ᠵᠥᠪᠳᠡᠯᠴᠡᠬᠦ ᠠᠴᠠ ᠪᠢᠰᠢ ᠬᠡᠯᠪᠠᠶᠢᠭᠦᠦ ᠪᠠᠷ ᠵᠥᠷᠢᠭᠦᠳᠯᠡᠬᠦ ᠦᠭᠡᠢ ᠪᠠᠶᠢᠵᠤ ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ ᠂ ᠥᠪᠡᠷ ᠥᠪᠡᠷ ᠤᠨ | ᠰᠠᠨᠠᠯ ᠢᠶᠠᠨ ᠢᠯᠡᠳᠭᠡᠬᠦ ᠳᠡᠭᠡᠨ ᠤᠶᠤᠨᠯᠢᠭ ᠬᠡᠮᠵᠢᠶ᠎ᠡ ᠳᠤᠮᠵᠢᠶᠡ ᠲᠠᠢ ᠪᠠᠶᠢᠵᠤ ᠂ ᠬᠠᠤᠯᠢ ᠲᠦᠷᠢᠮ ᠳᠤ ᠨᠡᠶᠢᠴᠡᠭᠰᠡᠨ ᠰᠠᠶᠢᠨ ᠰᠠᠶᠢᠬᠠᠨ ᠵᠥᠪᠯᠡᠬᠦ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠢ ᠃ ᠬᠤᠶᠠᠳᠤᠭᠠᠷ ᠲᠤ ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠦᠲᠦᠮᠵᠢᠲᠡᠢ ᠠᠵᠢᠯᠯᠠᠭ᠎ᠠ ᠪᠠᠷ ᠳᠠᠮᠵᠢᠭᠤᠯᠤᠨ ᠂ ᠨᠠᠮ ᠤᠨ ᠡᠯ᠎ᠡ | ᠵᠦᠢᠯ ᠤᠨ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠵᠢᠭᠰᠠᠭᠠᠯ ᠤᠨ ᠭᠠᠵᠠᠷ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠡᠯ᠎ᠡ | ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ ᠬᠥᠮᠦᠰ ᠢ ᠪᠦᠯᠬᠦᠮᠳᠡᠭᠦᠯᠦᠨ ᠬᠥᠮᠦᠵᠢᠭᠦᠯᠬᠦ ᠴᠢᠬᠤᠯᠠ ᠲᠠᠪᠴᠠᠩ ᠂ ᠬᠠᠮᠲᠤ ᠶᠢᠨ ᠦᠵᠡᠯ ᠰᠠᠨᠠᠭ᠎ᠠ ᠤᠯᠤᠰ | ᠲᠦᠷᠦ ᠶᠢᠨ ᠰᠠᠭᠤᠷᠢᠨ ᠳᠡᠭᠡᠷ᠎ᠡ ᠵᠥᠷᠢᠴᠡᠯ ᠢ ᠰᠢᠢᠳᠪᠦᠷᠢᠯᠡᠬᠦ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠴᠢᠬᠤᠯᠠ ᠠᠷᠭ᠎ᠠ ᠵᠠᠮ ᠪᠣᠯᠬᠤ ᠪᠠᠷ ᠴᠢᠷᠮᠠᠶᠢᠬᠤ | ᠬᠡᠷᠡᠭᠲᠡᠢ ᠃ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠬᠡᠷᠡᠭᠲᠡᠢ ᠃ ᠭᠤᠷᠪᠠᠳᠤᠭᠠᠷ ᠲᠤ ᠂ ᠭᠡᠰᠢᠭᠦᠳ ᠤᠨ | ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠳᠡᠢ ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠣᠷᠣᠨ ᠤ ᠪᠠᠨ ᠲᠥᠯᠥᠭᠡ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠡᠳᠭᠢᠯᠭᠡ ᠶᠢ ᠪᠠᠷᠢᠮᠲᠠᠯᠠᠨ ᠂ ᠠᠵᠢᠯ | ᠦᠢᠯᠡᠰ ᠢᠶᠠᠨ ᠰᠡᠳᠭᠢᠯ ᠳᠡᠭᠡᠨ ᠪᠤᠳᠤᠵᠤ ᠂ ᠬᠠᠷᠢᠭᠤᠴᠠᠯᠭ᠎ᠠ ᠡᠭᠦᠷᠭᠡᠯᠡᠨ ᠂ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ ᠂ ᠤᠯᠤᠰ | ᠲᠦᠷᠦ ᠶᠢᠨ ᠵᠣᠭᠰᠣᠯᠲᠠ ᠪᠠᠯᠠᠷᠬᠠᠢ ᠪᠠᠶᠢᠵᠦ ᠪᠤᠯᠬᠤ ᠦᠬᠡᠢ ᠂ ᠤᠯᠤᠰ ᠲᠦᠷᠦ ᠶᠢᠨ ᠵᠠᠷᠴᠢᠮ ᠭᠤᠶᠢᠪᠢᠮᠠᠳᠠᠭᠠᠢ ᠪᠠᠶᠢᠵᠤ ᠪᠣᠯᠬᠤ ᠦᠭᠡᠢ ᠭᠡᠵᠦ ᠵᠢᠭᠠᠵᠤ ᠭᠠᠷᠭᠠᠪᠠ ᠃ | | | |