| | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 16 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 3 ᠰᠠᠷ᠎ᠠ ᠶᠢᠨ 16 ᠤ | ᠦᠳᠡ ᠶᠢᠨ ᠬᠤᠶᠢᠨ᠎ᠠ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠤᠲᠠᠰᠤ ᠪᠠᠷ ᠶᠠᠷᠢᠯᠴᠠᠪᠠ ᠃ | ᠰᠢ ᠶᠢᠨ ᠫᠢᠩ ᠂ ᠳᠤᠮᠳᠠᠳᠤ ᠤᠯᠤᠰ ᠪᠣᠯᠤᠨ ᠢᠨᠳᠣᠨᠧᠰᠢᠶ᠎ᠠ ᠪᠣᠯ ᠴᠥᠮ ᠬᠥᠭᠵᠢᠵᠦ ᠪᠠᠶᠢᠭ᠎ᠠ ᠲᠤᠮᠤ ᠤᠯᠤᠰ ᠪᠣᠯᠤᠨ ᠰᠢᠨ᠎ᠡ ᠪᠠᠷ ᠮᠠᠨᠳᠤᠭᠰᠠᠨ ᠠᠵᠤ | ᠠᠬᠤᠢ ᠶᠢᠨ ᠴᠣᠭᠴᠠ ᠶᠢᠨ ᠲᠥᠯᠥᠭᠡᠯᠡᠭᠴᠢ ᠮᠥᠨ ᠂ ᠳᠡᠯᠡᠬᠡᠢ ᠳ᠋ᠠᠬᠢᠨ ᠳᠤ ᠵᠠᠭᠤᠨ ᠵᠢᠯ ᠳᠤᠬᠢᠶᠠᠯᠳᠤᠭ᠎ᠠ ᠦᠭᠡᠢ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ | ᠪᠠᠶᠢᠳᠠᠯ ᠤᠨ ᠡᠮᠦᠨ᠎ᠡ ᠂ ᠬᠤᠶᠠᠷ ᠤᠯᠤᠰ ᠢᠶᠠᠷ ᠢᠶᠠᠨ ᠭᠠᠷ ᠬᠤᠯᠪᠣᠨ ᠤᠷᠤᠭᠰᠢᠯᠠᠵᠤ ᠂ ᠬᠦᠴᠢᠷ ᠢ ᠰᠦᠷᠦᠨ ᠤᠷᠤᠭᠰᠢᠯᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠨᠢ | ᠤᠯᠤᠰ ᠲᠦᠷᠦ ᠂ ᠠᠵᠤ ᠠᠬᠤᠢ ᠂ ᠰᠣᠶᠣᠯ ᠢᠷᠭᠡᠨᠰᠢᠯ ᠂ ᠲᠠᠯᠠᠢ ᠳᠡᠭᠡᠷᠡᠬᠢ ᠬᠠᠮᠲᠤᠷᠠᠯᠴᠠᠭ᠎ᠠ ᠶᠢᠨ ︽ ᠲᠦᠷᠪᠡᠨ ᠬᠦᠷᠳᠤ ᠪᠠᠷ ᠬᠥᠳᠡᠯᠭᠡᠭᠦᠷ ᠪᠣᠯᠭᠠᠬᠤ ︾ ᠰᠢᠨ᠎ᠡ | ᠪᠠᠶᠢᠷᠢᠰᠢᠯ ᠢ ᠪᠠᠶᠢᠭᠤᠯᠵᠤ ᠂ ᠪᠦᠯᠬᠦᠮᠳᠡᠨ ᠬᠢᠵᠢᠭ ᠲᠠᠢ ᠲᠡᠮᠡᠴᠡᠬᠦ ᠪᠠ ᠬᠠᠮᠲᠤ ᠪᠠᠷ ᠬᠥᠭᠵᠢᠬᠦ ᠭᠤᠣᠯ ᠬᠦᠭ ᠠᠶᠠᠰ ᠢ ᠪᠠᠳᠠᠷᠠᠭᠤᠯᠵᠤ ᠂ ᠳᠤᠮᠳᠠᠳᠤ ᠢᠨᠳᠣᠨᠧᠰᠢᠶ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠡᠭᠡ ᠴᠢᠭᠯᠡᠯ ᠢ ᠲᠣᠳᠣᠷᠬᠠᠶᠢᠯᠠᠵᠤ ᠂ ᠬᠥᠭᠵᠢᠵᠦ ᠪᠠᠶᠢᠭ᠎ᠠ ᠲᠤᠮᠤ ᠤᠯᠤᠰ ᠤᠨ ᠤᠬᠢ | ᠰᠢᠯᠢᠳᠡᠭ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ ᠃ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠯᠤᠭ᠎ᠠ ᠨᠢᠭᠲᠠ ᠤᠯᠤᠯᠴᠠᠭ᠎ᠠ ᠪᠠᠨ ᠪᠠᠲᠤᠯᠠᠵᠤ ᠂ | ᠳᠤᠮᠳᠠᠳᠤ ᠢᠨᠳᠣᠨᠧᠰᠢᠶ᠎ᠠ ᠶᠢᠨ ᠨᠥᠬᠦᠷᠰᠡᠭ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠵᠤ ᠂ ᠭᠠᠵᠠᠷ ᠣᠷᠣᠨ ᠪᠣᠯᠤᠨ | ᠪᠦᠬᠦ ᠪᠥᠮᠪᠥᠷᠴᠡᠭ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠤᠯᠠᠨ ᠲᠣᠭᠲᠠᠭᠤᠨ ᠴᠢᠨᠠᠷ ᠪᠣᠯᠤᠨ ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠬᠤᠶᠠᠷ ᠲᠠᠯ᠎ᠠ ᠪᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ | ᠲᠠᠯ᠎ᠠ ᠪᠠᠷ ᠲᠤᠬᠢᠷᠠᠯᠴᠠᠭᠰᠠᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ | ᠴᠢᠩᠭᠠᠳᠬᠠᠶ᠎ᠠ ᠃ ᠵᠠᠺᠠᠷᠲ᠋ᠠ — ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠬᠦ ᠶᠢ | ᠪᠠᠲᠤᠯᠠᠵᠤ ᠂ ︽ ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠬᠢᠯ ︾ ᠂ ︽ ᠬᠤᠶᠠᠷ ᠤᠯᠤᠰ ᠤᠨ ᠬᠤᠶᠠᠷ ᠬᠦᠷᠢᠶᠡᠯᠡᠩ ︾ ᠵᠡᠷᠭᠡ | ᠭᠤᠣᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠳᠦᠭᠡᠨ ᠪᠠᠶᠢᠭᠤᠯᠵᠤ ᠂ | ᠢᠨᠳᠣᠨᠧᠰᠢᠶ᠎ᠠ ᠶᠢᠨ ᠬᠥᠭᠵᠢᠯᠲᠡ ᠪᠠ ᠬᠤᠶᠠᠷ ᠤᠯᠤᠰ ᠤᠨ ᠬᠠᠮᠲᠤᠷᠠᠯᠴᠠᠭ᠎ᠠ ᠶᠢᠨ ᠬᠤᠷᠳᠤᠴᠠ ᠪᠠᠨ ᠲᠦᠷᠭᠡᠳᠭᠡᠶ᠎ᠡ ᠃ ᠢᠨᠳᠣᠨᠧᠰᠢᠶ᠎ᠠ ᠶᠢᠨ ᠬᠥᠭᠵᠢᠯᠲᠡ ᠳᠤ | ᠠᠰᠢᠭᠲᠠᠢ ᠂ ᠬᠤᠶᠠᠷ ᠤᠯᠤᠰ ᠤᠨ ᠬᠠᠮᠲᠤᠷᠠᠯᠴᠠᠭ᠎ᠠ ᠳᠤ ᠠᠰᠢᠭᠲᠠᠢ ᠲᠦᠷᠦᠯ ᠵᠦᠢᠯ ᠳᠤ ᠳᠤᠮᠳᠠᠳᠤ ᠤᠯᠤᠰ ᠴᠥᠮ ᠢᠳᠡᠪᠬᠢᠲᠡᠢ ᠣᠪᠣᠷ ᠠᠪᠴᠤ ᠪᠠᠶᠢᠨ᠎ᠠ ᠃ | ᠬᠤᠶᠠᠷ ᠲᠠᠯ᠎ᠠ ᠪᠠᠷ ᠢᠶᠠᠨ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠪᠣᠯᠤᠨ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ | ᠨᠡᠪᠲᠡᠷᠡᠬᠦ ᠶᠢ ᠬᠠᠮᠠᠭᠠᠯᠠᠵᠤ ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠪᠣᠯᠭᠠᠭᠰᠠᠨ ᠂ ᠨᠡᠭᠡᠭᠡᠯᠲᠡᠲᠡᠢ ᠪᠠᠭᠲᠠᠭᠠᠮᠵᠢᠲᠠᠢ ᠣᠷᠣᠨ ᠪᠦᠰᠡ ᠶᠢᠨ ᠪᠦᠲᠦᠴᠡ ᠶᠢ ᠡᠷᠡᠰ ᠬᠠᠮᠠᠭᠠᠯᠠᠵᠤ ᠂ | ᠪᠦᠯᠬᠦᠮᠳᠡᠨ ᠬᠠᠮᠲᠤᠷᠠᠯᠴᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠶ᠎ᠠ ᠃ ᠳᠤᠮᠳᠠᠳᠤ ᠤᠯᠤᠰ ᠢᠨᠳᠣᠨᠧᠰᠢᠶ᠎ᠠ ᠶᠢᠨ ᠬᠢᠨ ᠤ ᠬᠤᠷᠢᠨ | ᠤᠯᠤᠰ ᠤᠨ ᠪᠦᠯᠦᠭᠯᠡᠯ ᠤᠨ ᠲᠡᠷᠢᠭᠦᠯᠡᠭᠴᠢ ᠤᠯᠤᠰ ᠤᠨ ᠦᠶ᠋ᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ ᠂ ︽ ᠬᠠᠮᠲᠤ ᠰᠡᠷᠬᠦᠬᠦ ᠡᠷᠴᠢᠮᠲᠡᠶ ᠰᠡᠷᠭᠦᠬᠦ ︾ ᠭᠤᠤᠯ | ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ ᠂ ᠪᠠᠯᠢ ᠠᠷᠠᠯ ᠤᠨ ᠲᠦᠷᠦᠭᠦᠴᠦᠳ ᠤᠨ ᠬᠤᠷᠠᠯ ᠢ ᠰᠠᠶᠢᠲᠤᠷ ᠡᠷᠭᠢᠯᠡᠨ᠎ᠡ ᠭᠡᠵᠦ ᠴᠢᠬᠤᠯᠠᠴᠢᠯᠠᠪᠠ ᠃ | ᠽᠦᠸᠧᠺᠧ ᠂ ᠳᠤᠮᠳᠠᠳᠤ ᠤᠯᠤᠰ ᠤᠨ ᠪᠦᠬᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠲᠡᠭᠦᠰᠦᠭᠰᠡᠨ ᠳᠤ ᠪᠠᠶᠠᠷ ᠬᠦᠷᠭᠡᠵᠦ ᠪᠠᠶᠢᠨ᠎ᠠ ᠂ ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠲᠡᠭᠦᠰ | ᠠᠮᠵᠢᠯᠲᠠ ᠣᠯᠤᠭᠰᠠᠨ ᠳᠤ ᠪᠠᠶᠠᠷ ᠬᠦᠷᠭᠡᠵᠦ ᠪᠠᠶᠢᠨ᠎ᠠ ᠃ ᠣᠳᠣᠬᠠᠨ ᠳᠤ ᠢᠨᠳᠣᠨᠧᠰᠢᠶ᠎ᠠ ᠪᠣᠯᠤᠨ ᠳᠤᠮᠳᠠᠳᠤ ᠤᠯᠤᠰ ᠤᠨ ᠬᠤᠶᠠᠷ ᠲᠠᠯ᠎ᠠ ᠶᠢᠨ ᠠᠷᠠᠯᠵᠢᠶ᠎ᠠ ᠂ ᠪᠡᠯᠡ | ᠣᠷᠣᠭᠤᠯᠤᠯᠲᠠ ᠶᠢᠨ ᠬᠠᠮᠲᠤᠷᠠᠯᠴᠠᠭ᠎ᠠ ᠦᠳᠲᠡᠷ ᠲᠦᠷᠭᠡᠨ ᠨᠡᠮᠡᠭᠳᠡᠵᠦ ᠪᠠᠶᠢᠨ᠎ᠠ ᠃ ᠢᠨᠳᠣᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠂ | ᠵᠠᠺᠠᠷᠲ᠋ᠠ — ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠢ ᠲᠣᠭᠲᠠᠭᠰᠠᠨ ᠬᠤᠭᠤᠴᠠᠭᠠᠨ ᠳᠤ ᠪᠥᠲᠥᠭᠡᠨ ᠪᠠᠶᠢᠭᠤᠯᠵᠤ ᠂ ᠬᠤᠶᠠᠷ ᠤᠯᠤᠰ ᠤᠨ ᠠᠷᠠᠳ | ᠲᠦᠮᠡᠨ ᠳᠤ ᠪᠤᠶᠠᠨ ᠦᠶ᠋ᠯᠡᠳᠦᠨᠡ ᠃ ᠢᠨᠳᠣᠨᠧᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ ᠂ | ᠢᠨᠳᠣᠨᠧᠰᠢᠶ᠎ᠠ ᠶᠢᠨ ᠰᠢᠨ᠎ᠡ ᠨᠡᠶᠢᠰᠯᠡᠯ ᠤᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠢᠨᠳᠣᠨᠧᠰᠢᠶ᠎ᠠ ᠶᠢᠨ ︽ | ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠬᠢᠯ ︾ ᠤᠨ ᠪᠦᠳᠦᠭᠡᠨ ᠪᠠᠶᠢᠭᠤᠯᠤᠯᠲᠠ ᠪᠣᠯᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠬᠦ ᠶᠢ ᠬᠦᠰᠡᠵᠦ ᠪᠠᠶᠢᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ | ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯᠡᠰ ᠢ ᠪᠡᠶᠡᠯᠡᠭᠦᠯᠬᠦ ᠳᠤ ᠠᠰᠢᠭᠲᠠᠢ ᠶᠤᠮ ᠂ ᠢᠨᠳᠣᠨᠧᠰᠢᠶ᠎ᠠ ᠶᠢᠨ ᠬᠢᠨ ᠪᠦᠬᠦ ᠬᠦᠴᠦ ᠪᠠᠷ ᠢᠶᠠᠨ ᠳᠡᠮᠵᠢᠵᠦ ᠂ ᠳᠤᠷᠠᠲᠠᠶ᠎ᠠ ᠳᠤᠮᠳᠠᠳᠤ | ᠤᠯᠤᠰ ᠯᠤᠭ᠎ᠠ ᠨᠢᠭᠳᠠ ᠤᠯᠤᠯᠴᠠᠵᠤ ᠂ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠪᠦᠬᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢ | ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠃ ᠢᠨᠳᠣᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠳᠠ ᠤᠯᠤᠯᠴᠠᠬᠤ ᠪᠠ ᠵᠣᠬᠢᠴᠠᠭᠤᠯᠵᠤ ᠂ | ᠬᠤᠷᠢᠨ ᠤᠯᠤᠰ ᠤᠨ ᠪᠦᠯᠦᠭᠯᠡᠯ ᠤᠨ ᠠᠵᠢᠯ ᠤᠨ ᠠᠵᠤ ᠠᠬᠤᠢ ᠶᠢᠨ ᠰᠡᠷᠭᠦᠯᠲᠡ ᠪᠣᠯᠤᠨ ᠪᠦᠬᠦ ᠪᠥᠮᠪᠥᠷᠴᠡᠭ ᠤᠨ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠬᠦ ᠶᠢ ᠠᠬᠢᠭᠤᠯᠵᠤ ᠂ ᠪᠦᠬᠦ ᠪᠥᠮᠪᠥᠷᠴᠡᠭ ᠤᠨ ᠴᠢᠨᠠᠷᠲᠠᠢ ᠪᠠᠴᠢᠮ ᠲᠤᠯᠭᠠᠮ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠨ᠎ᠡ ᠭᠡᠵᠦ | ᠢᠯᠡᠳᠭᠡᠪᠡ ᠃ | ᠬᠤᠶᠠᠷ ᠲᠠᠯ᠎ᠠ ᠪᠠᠷ ᠢᠶᠠᠨ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠂ ᠡᠯ᠎ᠡ ᠲᠠᠯ᠎ᠠ ᠶᠢᠨ ᠬᠢᠨ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ | ᠠᠬᠢᠭᠤᠯᠬᠤ ᠶᠢ ᠪᠠᠷᠢᠮᠲᠠᠯᠠᠵᠤ ᠂ ᠶᠡᠭᠡ ᠬᠡᠪᠴᠢᠶᠡᠨ ᠤ ᠬᠥᠮᠦᠯᠢᠭ ᠦᠵᠡᠯ ᠤᠨ ᠬᠢᠮᠤᠷᠠᠯ ᠭᠠᠷᠬᠤ ᠶᠢ ᠰᠡᠷᠭᠡᠶᠢᠯᠡᠵᠦ ᠂ ᠵᠠᠯᠬᠠᠭᠠᠯ ᠤᠨ ᠳᠡᠯᠡᠬᠡᠶ ᠶᠢᠨ ᠠᠵᠤ ᠠᠬᠤᠶ ᠳᠤ | ᠦᠵᠡᠭᠦᠯᠬᠦ ᠨᠠᠵᠠᠭᠠᠶ ᠨᠥᠯᠥᠭᠡ ᠶᠢ ᠬᠢᠵᠠᠭᠠᠷᠯᠠᠵᠤ ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠶᠢᠨ ᠠᠬᠢᠴᠠ ᠶᠢ ᠤᠳᠠᠭᠠᠰᠢᠷᠠᠭᠤᠯᠬᠤ ᠠᠴᠠ ᠵᠠᠶᠢᠯᠠᠰᠭᠢᠪᠡᠯ ᠵᠣᠬᠢᠨ᠎ᠠ | ᠭᠡᠵᠦ ᠰᠠᠨᠠᠯ ᠨᠢᠭᠡᠲᠡᠶ ᠦᠵᠡᠪᠡ ᠃ | | | |