| ᠯᠢ ᠺᠧ ᠴᠢᠶᠠᠩ ᠴᠤᠬᠤᠯᠠᠪᠤᠷᠢ ᠦᠭᠴᠠᠢ | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 21 ᠤ ᠴᠠᠬᠢᠯᠭᠠᠨ ᠮᠡᠳᠡᠭᠡ 3 ᠰᠠᠷ᠎ᠠ ᠶᠢᠨ 21 ᠤ ᠡᠳᠦᠷ ᠤᠨ 14 ᠴᠠᠭ 38 ᠮᠢᠨᠦ᠋ᠲ ᠤᠨ | ᠦᠶ᠎ᠡ ᠪᠠᠷ ᠂ ᠳ᠋ᠦᠩ ᠹᠠᠩ ᠠᠭᠠᠷ ᠤᠨ ᠠᠶᠠᠯᠠᠯ ᠤᠨ ᠺᠣᠮᠫᠠᠨᠢ ᠶᠢᠨ MU5735 ᠡᠭᠡᠯᠵᠢ ᠶᠢᠨ ᠨᠢᠰᠭᠡᠯ ᠺᠦᠨᠮᠢᠩ — ᠭᠤᠸᠠᠩᠵᠧᠦ ᠬᠦᠷᠬᠦ ᠡᠭᠦᠷᠭᠡ ᠶᠢ | ᠭᠦᠢᠴᠡᠳᠭᠡᠬᠦ ᠦᠶ᠎ᠡ ᠳᠡᠭᠡᠨ ᠭᠤᠸᠠᠩᠰᠢ ᠶᠢᠨ ᠦᠵᠸᠤ ᠬᠤᠳᠠ ᠶᠢᠨ ᠤᠬᠳᠠᠷᠭᠤᠢ ᠳᠤ ᠬᠤᠯᠪᠣᠭ᠎ᠠ ᠲᠠᠰᠤᠷᠠᠨ ᠤᠨᠠᠵᠤ ᠰᠦᠢᠷᠡᠪᠡ ᠃ ᠨᠢᠰᠭᠡᠯ ᠳᠡᠭᠡᠷ᠎ᠡ 123 | ᠠᠶᠠᠨᠴᠢᠨ ᠂ 9 ᠨᠢᠰᠭᠡᠯ ᠤᠨ ᠠᠵᠢᠯᠲᠠᠨ ᠪᠠᠶᠢᠪᠠ ᠃ | ᠠᠳᠡᠯ ᠡᠭᠦᠰᠦᠭᠰᠡᠨ ᠤ ᠳᠠᠷᠠᠭ᠎ᠠ ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠡᠷᠡ ᠳᠠᠷᠤᠢ ᠳᠤᠨᠢ ᠴᠢᠬᠤᠯᠠ ᠵᠢᠭᠠᠪᠤᠷᠢ ᠥᠭᠴᠦ ᠂ ᠳ᠋ᠦᠩ ᠹᠠᠩ ᠠᠭᠠᠷ ᠤᠨ ᠠᠶᠠᠯᠠᠯ ᠤᠨ ᠺᠤᠮᠫᠠᠨᠢ ᠶᠢᠨ | MU5735 ᠡᠭᠡᠯᠵᠢ ᠶᠢᠨ ᠨᠢᠰᠭᠡᠯ ᠠᠳᠡᠭᠰᠡᠨ ᠢ ᠰᠣᠴᠢᠰᠭᠢᠨ ᠰᠣᠨᠣᠰᠤᠯ᠎ᠠ ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠳᠠᠷᠤᠢ ᠲᠦᠷᠭᠡᠨ ᠡᠬᠢᠯᠡᠭᠦᠯᠵᠦ ᠂ | ᠡᠷᠢᠵᠦ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠂ ᠬᠤᠶᠢᠲᠤᠬᠢ ᠶᠠᠪᠤᠳᠠᠯ ᠢ ᠲᠤᠬᠢᠳᠠᠢ ᠰᠢᠢᠳᠪᠦᠷᠢᠯᠡᠬᠦ ᠬᠡᠷᠡᠭᠲᠡᠢ ᠃ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠤᠳᠤᠷᠢᠳᠬᠤ ᠨᠥᠬᠦᠳ ᠲᠣᠮᠢᠯᠠᠨ ᠵᠣᠬᠢᠴᠠᠭᠤᠯᠤᠨ ᠰᠢᠶ᠋ᠳᠪᠦᠷᠢᠯᠡᠵᠦ ᠂ ᠠᠳᠡᠯ ᠭᠠᠷᠤᠭᠰᠠᠠ ᠰᠢᠯᠲᠠᠭᠠᠨ ᠢ ᠲᠦᠷᠬᠡᠨ ᠪᠠᠶᠢᠴᠠᠭᠠᠨ | ᠳᠣᠲᠣᠯᠠᠵᠤ ᠂ ᠨᠢᠭᠡ ᠠᠴᠠ ᠨᠥᠭᠦᠭᠡ ᠶᠢ ᠵᠦᠶ᠋ᠴᠢᠯᠡᠨ ᠮᠡᠳᠡᠵᠦ ᠂ ᠠᠷᠠᠳ ᠤᠨ ᠠᠭᠠᠷ ᠤᠨ ᠠᠶᠠᠯᠠᠯ ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠤᠭᠤᠭ ᠢ | ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠠᠭᠠᠷ ᠤᠨ ᠠᠶᠠᠯᠠᠯ ᠤᠨ ᠠᠵᠢᠯᠯᠠᠭᠠᠨ ᠤ | ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨ ᠬᠦ ᠪᠠᠲᠤᠯᠠᠵᠤ ᠂ ᠠᠷᠠᠳ ᠲᠦᠮᠡᠨ ᠤ ᠠᠮᠢ ᠨᠠᠰᠤᠨ ᠤ ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨ ᠬᠦ | ᠪᠠᠲᠤᠯᠠᠬᠤ ᠭᠡᠷᠡᠭᠲᠡᠢ ᠭᠡᠵᠠᠢ ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ ᠴᠣᠬᠤᠯᠠᠪᠤᠷᠢ ᠥᠭᠴᠦ ᠂ ᠵᠣᠯ ᠢᠶᠠᠷ ᠠᠮᠢᠳᠤ ᠦᠯᠡᠳᠡᠭᠰᠡᠳ ᠢ ᠪᠦᠬᠦ ᠬᠦᠴᠦᠨ ᠢᠶᠠᠷ ᠢᠶᠠᠨ ᠡᠷᠢᠵᠦ ᠂ ᠰᠢᠷᠬᠠᠲᠤᠭᠰᠠᠳ ᠢ ᠴᠢᠳᠠᠬᠤ ᠶᠢᠨ ᠬᠢᠷᠢ ᠪᠠᠷ | ᠠᠪᠤᠷᠠᠨ ᠡᠮᠨᠡᠵᠦ ᠂ ᠬᠤᠶᠢᠲᠤᠬᠢ ᠶᠠᠪᠤᠳᠠᠯ ᠢ ᠲᠤᠬᠢᠳᠠᠢ ᠰᠢᠢᠳᠪᠦᠷᠢᠯᠡᠵᠦ ᠂ ᠠᠳᠡᠭᠰᠡᠳ ᠤᠨ ᠭᠡᠷ ᠪᠦᠯᠢ ᠶᠢᠨ ᠬᠢᠨ ᠳᠤ ᠲᠣᠬᠤᠨᠢᠭᠤᠯᠬᠤ ᠪᠠ ᠦᠢᠯᠡᠴᠢᠯᠡᠭᠡ ᠬᠠᠩᠭᠠᠬᠤ | ᠠᠵᠢᠯ ᠢ ᠰᠠᠶᠢᠲᠤᠷ ᠬᠢᠵᠦ ᠂ ᠦᠨᠡᠨ ᠠᠴᠠ ᠵᠥᠪ ᠢ ᠡᠷᠢᠵᠦ ᠂ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠵᠦ ᠂ ᠠᠳᠡᠯ ᠤᠨ ᠰᠢᠯᠲᠠᠭᠠᠨ ᠢ ᠨᠠᠷᠢᠨ | ᠬᠢᠨᠠᠮᠠᠭᠠᠢ ᠲᠥᠪ ᠴᠢᠩᠭ᠎ᠠ ᠪᠠᠷ ᠪᠠᠶᠢᠴᠠᠭᠠᠨ ᠲᠤᠳᠤᠯᠠᠵᠤ ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ ᠠᠭᠠᠷ ᠤᠨ ᠠᠶᠠᠯᠠᠯ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠤ ᠱᠠᠭᠠᠷᠳᠠᠪᠠ ᠃ | ᠰᠢ ᠶᠢᠨ ᠫᠢᠩ ᠤᠨ ᠵᠢᠭᠠᠪᠤᠷᠢ ᠪᠣᠯᠤᠨ ᠯᠢ ᠺᠧ ᠴᠢᠶᠠᠩ ᠤᠨ ᠱᠠᠭᠠᠷᠳᠠᠯᠭ᠎ᠠ ᠶᠤᠰᠤᠭᠠᠷ ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ | ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠨᠲᠡ ᠠᠵᠢᠯᠯᠠᠬᠤ ᠳᠤᠭᠤᠶᠢᠯᠠᠩ | ᠲᠣᠮᠢᠯᠠᠨ ᠲᠤᠬᠠᠢ ᠶᠢᠨ ᠲᠠᠯᠠᠪᠠᠢ ᠳᠤ ᠬᠦᠷᠴᠦ ᠵᠢᠭᠠᠨ ᠵᠢᠯᠣᠭᠤᠳᠴᠤ ᠰᠢᠢᠳᠪᠦᠷᠢᠯᠡᠵᠤ ᠪᠠᠶᠢᠬᠤ ᠪᠥᠭᠡᠳ ᠭᠤᠸᠠᠩᠰᠢ ᠂ ᠭᠤᠸᠠᠩᠳᠦ᠋ᠩ ᠬᠤᠶᠠᠷ ᠭᠠᠵᠠᠷ ᠤᠨ ᠠᠪᠤᠷᠠᠨ | ᠲᠤᠰᠠᠯᠠᠬᠤ ᠬᠦᠴᠦᠨ ᠢ ᠲᠤᠬᠠᠢ ᠶᠢᠨ ᠲᠠᠯᠠᠪᠠᠢ ᠳᠤ ᠲᠤᠮᠢᠯᠠᠠ ᠣᠴᠢᠭᠤᠯᠵᠤ ᠠᠪᠤᠷᠠᠨ ᠲᠤᠰᠠᠯᠠᠬᠤ ᠳᠤ ᠣᠷᠣᠯᠴᠠᠭᠤᠯᠪᠠ ᠃ ᠣᠳᠣᠬᠠᠨ ᠳᠤ ᠲᠤᠬᠠᠶ ᠶᠢᠨ ᠲᠠᠯᠠᠪᠠᠶ ᠶᠢᠨ | ᠠᠪᠤᠷᠠᠨ ᠲᠤᠰᠠᠯᠠᠬᠤ ᠂ ᠬᠤᠶᠢᠲᠤᠬᠢ ᠶᠠᠪᠤᠳᠠᠯ ᠢ ᠰᠢᠶ᠋ᠳᠪᠦᠷᠢᠯᠡᠬᠦ ᠵᠢᠴᠢ ᠠᠳᠡᠯ ᠤᠨ ᠰᠢᠯᠲᠠᠭᠠᠨ ᠢ ᠪᠠᠶᠢᠴᠠᠭᠠᠬᠤ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ ᠃ | | |