| | | | 《ᠠᠷᠠᠳ ᠢᠷᠬᠡᠳ ᠤᠨ ᠬᠦᠰᠡᠯ ᠪᠤᠯᠪᠠᠰᠤ ᠲᠦᠷᠦ ᠶᠢᠨ ᠬᠠᠨᠳᠤᠰᠢ ᠪᠤᠯᠤᠮᠤᠢ》 ᠃ ᠵᠠᠬᠦᠠᠭᠠᠷ ᠬᠤᠰᠢᠭᠤ ᠠᠷᠠᠳ ᠤᠯᠠᠨ ᠤ《 ᠵᠤᠯ ᠵᠢᠷᠭᠠᠯ ᠤᠨ ᠨᠠᠷᠢᠨ | ᠲᠠᠩᠰᠠ》 ᠶᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ《ᠬᠠᠷᠢᠭᠤᠴᠠᠯᠭ᠎ᠠ ᠶᠢᠨ ᠨᠠᠷᠢᠨ ᠲᠠᠩᠰᠠ》ᠪᠣᠯᠭᠠᠬᠤ ᠶᠢ ᠪᠠᠷᠢᠮᠳᠠᠯᠠᠵᠦ ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠪᠠᠷ ᠦᠷᠳᠡᠭ ᠤᠨ ᠬᠠᠨᠳᠤᠰᠢ ᠪᠠᠨ ᠪᠣᠯᠭᠠᠵᠤ ᠂ ᠤᠯᠠᠨ ᠲᠦᠮᠡᠨ ᠤ《ᠪᠠᠴᠢᠮ ᠬᠦᠴᠢᠷ ᠵᠣᠪᠠᠭᠤᠷᠢ》 ᠶᠢ | ᠬᠦᠴᠦᠯᠡᠨ ᠰᠢᠢᠳᠪᠦᠷᠢᠯᠡᠵᠦ ᠂ ᠡᠭᠦᠳᠬᠦ ᠪᠠᠷ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠂ ᠡᠭᠦᠳᠬᠦ ᠪᠠᠷ ᠥᠭᠡᠷᠡᠴᠢᠯᠡᠯᠲᠡ ᠶᠢ ᠠᠬᠢᠭᠤᠯᠬᠤ ᠪᠠᠷ ᠳᠠᠮᠵᠢᠭᠤᠯᠤᠨ ᠂ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠦᠨᠡᠨᠬᠦ ᠠᠷᠠᠳ ᠲᠤ ᠠᠰᠢᠭ ᠬᠦᠷᠲᠡᠭᠡᠬᠦ ᠠᠷᠠᠳ ᠤᠨ ᠰᠡᠳᠭᠢᠯ ᠤᠨ ᠢᠨᠵᠧᠨᠧᠷᠢᠩ ᠪᠣᠯᠭᠠᠵᠤ ᠂ ᠠᠷᠠᠳ | ᠤᠯᠠᠨ ᠳᠤ ᠨᠡᠩ ᠤᠯᠠᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠡᠳ᠋ᠯᠡᠬᠦᠯᠪᠡ ᠃ | | | | | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠬᠦᠴᠦᠯᠡᠨ ᠰᠠᠶᠢᠵᠢᠷᠠᠭᠤᠯᠪᠠ | ᠵᠡᠭᠦᠨᠭᠠᠷ ᠬᠤᠰᠢᠭᠤ ᠬᠤᠳᠠ ᠪᠠᠨ ᠰᠢᠨᠡᠴᠢᠯᠡᠬᠦ ᠶᠢ ᠶᠡᠬᠡᠪᠡᠷ ᠠᠬᠢᠭᠤᠯᠵᠦ ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠂ ᠦᠵᠡᠮᠵᠢ ᠶᠢᠨ ᠨᠣᠭᠤᠭᠠᠷᠠᠭᠤᠯᠤᠯᠲᠠ ᠂ | ᠣᠯᠠᠨ ᠨᠡᠶᠢᠲᠡ ᠶᠢᠨ ᠦᠢᠯᠡᠴᠢᠯᠡᠭᠡ ᠂ ᠬᠤᠳᠠᠯᠳᠤᠭ᠎ᠠ ᠶᠢᠨ ᠲᠦᠬᠦᠷᠵᠢᠬᠦᠯᠦᠯᠳᠠ《ᠳᠥᠷᠪᠡᠨ ᠶᠡᠭᠡ ᠲᠡᠭᠡᠭᠰᠢᠯᠡᠬᠦᠯᠬᠦ ᠪᠠᠷᠢᠯᠭ᠎ᠠ》 ᠶᠢ ᠬᠡᠷᠡᠭᠵᠢᠬᠦᠯᠵᠦ ᠂ ᠰᠢᠤᠸᠠᠢ | ᠵᠢᠶᠠ ᠸᠠᠨ ᠤ 1.2 ᠲᠡᠭᠰᠢ ᠳᠥᠷᠪᠡᠯᠵᠢᠨ ᠺᠢᠯᠣᠮᠧᠲᠷ ᠤᠨ ᠭᠤᠤᠯᠳᠠᠯᠭᠠᠳᠤ ᠬᠤᠲᠠ ᠶᠢᠨ ᠲᠣᠭᠤᠷᠢᠭ ᠲᠤ ᠭᠠᠵᠠᠷ ᠲᠤᠤᠷᠠᠬᠢ ᠬᠤᠭᠤᠯᠠᠶ ᠲᠤᠤᠷ ᠂ ᠳᠡᠪᠢᠰᠭᠦ ᠵᠠᠮ ᠂ | ᠪᠠᠷᠢᠯᠭ᠎ᠠ ᠶᠢᠨ ᠪᠤᠱᠤᠭ᠎ᠠ ᠲᠠᠯ᠎ᠠ ᠂ ᠦᠵᠡᠮᠵᠢ ᠶᠢᠨ ᠨᠤᠭᠤᠭᠠᠷᠠᠭᠤᠯᠤᠯᠳᠠ ᠬᠢᠬᠦ ᠵᠡᠷᠭᠡ ᠲᠠᠯ᠎ᠠ ᠪᠠᠷ ᠦᠬᠡᠷᠡᠴᠢᠯᠡᠨ ᠰᠠᠶᠢᠵᠢᠷᠠᠭᠤᠯᠬᠤ ᠠᠵᠢᠯ ᠢ ᠡᠬᠢᠯᠡᠭᠦᠯᠪᠡ ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠣᠯ ᠠᠷᠠᠳ ᠣᠯᠠᠨ ᠳᠤ ᠪᠤᠶᠠᠨ ᠦᠢᠯᠡᠳᠬᠦ ᠠᠷᠠᠳ ᠤᠨ ᠰᠡᠳᠭᠢᠯ ᠤᠨ ᠢᠨᠵᠧᠨᠧᠷᠢᠩ ᠮᠥᠨ ᠂ | ᠮᠦᠨᠴᠤ ᠬᠤᠲᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ ᠃ ᠣᠶᠢᠷ᠎ᠠ ᠶᠢᠨ ᠵᠢᠯ ᠳᠤ ᠂ ᠵᠡᠭᠦᠨᠭᠠᠷ ᠬᠤᠰᠢᠭᠤ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠭᠤᠤᠯᠳᠠᠯᠭ᠎ᠠ ᠲᠠᠢ ᠲᠥᠷᠥᠯ ᠵᠦᠢᠯ ᠪᠤᠯᠭᠠᠵᠦ ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠂ ᠰᠠᠭᠤᠭᠠᠯᠢ ᠠᠷᠠᠳ ᠤᠨ ᠬᠦᠰᠡᠯ ᠡᠷᠡᠮᠡᠯᠵᠡᠯ ᠢ ᠭᠦᠢᠴᠡᠳ ᠬᠠᠩᠭᠠᠭᠰᠠᠨ ᠰᠠᠭᠤᠷᠢᠨ ᠳᠡᠭᠡᠷ᠎ᠡ ᠂ ᠭᠠᠳᠠᠷ ᠬᠡᠷᠡᠮ ᠢ ᠰᠢᠨᠡᠳᠬᠡᠬᠦ ᠂ ᠵᠠᠮ ᠢ | ᠬᠠᠲᠠᠭᠤᠷᠠᠭᠤᠯᠬᠤ ᠂ ᠭᠠᠵᠠᠷ ᠨᠡᠮᠡᠵᠦ ᠨᠤᠭᠤᠭᠠᠷᠠᠭᠤᠯᠬᠤ ᠂ ᠲᠡᠷᠬᠡᠨ ᠵᠤᠬᠰᠤᠭᠠᠯ ᠢ ᠰᠢᠨ᠎ᠡ ᠪᠠᠷ ᠵᠢᠷᠤᠬᠤ ᠪᠠ ᠴᠡᠴᠡᠷᠯᠢᠭ ᠤᠨ ᠠᠭᠤᠳᠠᠮ ᠲᠠᠯᠠᠪᠠᠢ ᠶᠢ ᠰᠢᠨ᠎ᠠ ᠪᠠᠷ | ᠪᠠᠶᠢᠭᠤᠯᠬᠤ ᠵᠢᠴᠢ ᠦᠬᠡᠷᠡᠴᠢᠯᠡᠨ ᠪᠠᠶᠢᠭᠤᠯᠬᠤ ᠂ ᠰᠡᠯᠡᠬᠦᠴᠡᠵᠦ ᠵᠤᠭᠠᠨ ᠴᠡᠩᠬᠡᠬᠦ ᠲᠥᠬᠦᠭᠡᠷᠦᠮᠵᠢ ᠶᠢ ᠨᠡᠮᠡᠵᠦ ᠪᠠᠶᠢᠭᠤᠯᠪᠠ ᠃ 2010 ᠣᠨ ᠠᠴᠠ ᠡᠮᠦᠨ᠎ᠡ | ᠪᠠᠶᠢᠭᠤᠯᠤᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠷᠢ ᠲᠦᠷᠦᠯ ᠂ ᠲᠡᠭᠦᠯᠳᠡᠷᠵᠢᠭᠦᠯᠬᠦ ᠲᠦᠷᠦᠯ ᠂ ᠰᠠᠶᠢᠵᠢᠷᠠᠭᠤᠯᠬᠤ ᠲᠦᠷᠦᠯ ᠤᠨ ᠭᠤᠷᠪᠠᠨ | ᠶᠡᠭᠡ ᠲᠦᠷᠦᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠳᠠᠮᠵᠢᠭᠤᠯᠤᠨ ᠂《ᠴᠣᠩᠬᠤ ᠪᠠᠨ ᠨᠡᠬᠡᠬᠡᠪᠡᠯ ᠨᠣᠭᠤᠭᠠᠨ ᠦᠡᠭᠬᠡ ᠪᠠᠷ ᠪᠢᠯᠬᠠᠷᠠᠵᠦ ᠂ ᠡᠬᠦᠳᠡᠨ ᠠᠴᠠ | ᠪᠠᠨ ᠭᠠᠷᠪᠠᠯ ᠪᠠᠭ᠋ᠠᠳᠤᠮ᠎ᠠ ᠦᠵᠡᠮᠵᠢ ᠢᠯᠡᠷᠡᠵᠦ》 ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠭᠰᠡᠨ ᠠᠴᠠ ᠠᠮᠢᠵᠢᠷᠠᠯ ᠤᠨ ᠬᠦᠴᠦᠨ ᠢᠶᠠᠷ | ᠪᠢᠯᠬᠠᠷᠠᠯᠠ ᠃ 2022 ᠣᠨ ᠠᠴᠠ ᠨᠠᠭᠠᠰᠢ ᠂ 4 ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠬᠦᠯᠵᠦ ᠂ ᠭᠠᠭᠴᠠ ᠪᠡᠶᠡᠲᠦ ᠣᠷᠣᠨ ᠰᠠᠭᠤᠴᠠ ᠶᠢᠨ | ᠠᠰᠠᠷ ᠤᠨ ᠥᠭᠡᠷᠡᠴᠢᠯᠡᠯᠲᠡ ᠶᠢ 46 ᠪᠡᠶᠡᠯᠡᠬᠦᠯᠵᠦ ᠂ ᠨᠡᠶᠢᠲᠡ 31.7 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠦ ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢ | 15.94 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠬᠦᠯᠵᠦ ᠂ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠶᠠᠭ ᠰᠠᠶᠢᠬᠠᠨ ᠬᠢᠵᠦ ᠪᠠᠶᠢᠭ᠎ᠠ ᠬᠠᠭᠤᠴᠢᠨ | ᠲᠣᠭᠤᠷᠢᠭ ᠤᠨ ᠥᠭᠡᠷᠡᠴᠢᠯᠡᠯᠲᠡ ᠶᠢᠨ ᠪᠠᠷᠢᠯᠭ᠎ᠠ 5 ᠪᠠᠶᠢᠵᠦ ᠂ ᠨᠡᠶᠢᠲᠡ 34 ᠲᠦᠮᠡᠨ ᠲᠡᠭᠰᠢ ᠳᠥᠷᠪᠡᠯᠵᠢᠨ ᠮᠧᠲᠷ ᠪᠠᠶᠢᠬᠤ ᠶᠢᠨ ᠬᠠᠮᠳᠤ ᠡᠨᠧᠷᠭᠢ ᠠᠷᠪᠢᠯᠠᠬᠤ | ᠥᠭᠡᠷᠡᠴᠢᠯᠡᠯᠲᠡ ᠬᠢᠬᠦ ᠪᠠᠷ ᠪᠠᠶᠢᠭ᠎ᠠ ᠨᠢ 17.7 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ ᠃ | | | | | ᠨᠣᠭᠤᠭᠠᠷᠠᠭᠤᠯᠤᠯᠲᠠ ᠶᠢ ᠨᠡᠮᠡᠭᠳᠡᠬᠦᠯᠦᠨ ᠭᠤᠶᠤᠵᠢᠭᠤᠯᠬᠤ ᠶᠢ ᠬᠦᠴᠦᠯᠡᠨ ᠠᠬᠢᠭᠤᠯᠪᠠ | 《ᠴᠡᠴᠡᠷᠯᠢᠭ +》ᠵᠠᠭᠪᠤᠷ ᠶᠤᠰᠤᠭᠠᠷ ᠭᠤᠤᠯ ᠲᠠᠭᠠᠤ ᠨᠣᠭᠤᠭᠠᠷᠠᠭᠤᠯᠬᠤ ᠂ ᠵᠠᠮ ᠲᠠᠭᠠᠤ ᠨᠤᠭᠤᠭᠠᠷᠠᠭᠤᠯᠬᠤ ᠂ ᠵᠠᠩᠬᠢᠯᠠᠭ᠎ᠠ ᠶᠢᠨ ᠴᠡᠭ ᠤᠨ ᠨᠤᠭᠤᠭᠠᠷᠠᠭᠤᠯᠤᠯᠳᠠ | ᠶᠢ ᠨᠡᠮᠡᠭᠳᠡᠬᠦᠯᠬᠦ ᠂ ᠬᠡᠪᠴᠢᠶᠡᠵᠢᠬᠦᠯᠦᠨ ᠨᠣᠭᠤᠭᠠᠷᠠᠭᠤᠯᠬᠤ ᠪᠠᠷᠢᠯᠭ᠎ᠠ ᠶᠢ ᠬᠡᠷᠡᠭᠵᠢᠭᠦᠯᠵᠦ ᠂《 ᠬᠤᠲᠠ ᠶᠢᠨ ᠴᠡᠴᠡᠷᠯᠢᠭ ᠢ ᠭᠤᠶᠤᠵᠢᠭᠤᠯᠵᠦ ᠂ ᠣᠶ ᠶᠢᠨ ᠰᠡᠭᠦᠳᠡᠷᠲᠦ | ᠬᠤᠩᠭᠢᠯ ᠵᠠᠮ ᠢᠶᠠᠷ ᠰᠡᠯᠡᠬᠦᠴᠡᠬᠦ ᠂ ᠤᠭᠤᠳᠠᠳᠤ ᠴᠡᠴᠡᠷᠯᠢᠭ ᠢᠶᠠᠷ ᠴᠢᠮᠡᠭᠯᠡᠭᠰᠡᠨ》ᠴᠡᠴᠡᠷᠯᠢᠭ ᠤᠨ ᠬᠤᠲᠠ ᠶᠢᠨ ᠲᠤᠬᠳᠠᠯᠴᠠᠭ᠎ᠠ ᠶᠢ ᠪᠠᠶᠢᠷᠢᠯᠠᠭᠤᠯᠪᠠ ᠃ | 2021ᠣᠨ ᠳᠤ ᠂ ᠰᠢᠨ᠎ᠠ ᠪᠠᠷ ᠨᠡᠮᠡᠭᠳᠡᠬᠦᠯᠦᠭᠰᠡᠨ ᠨᠤᠭᠤᠭᠠᠨ ᠭᠠᠵᠠᠷ ᠤᠨ ᠲᠠᠯᠠᠪᠡᠢ ᠨᠢ 21.43 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠣ ᠂ ᠰᠢᠨ᠎ᠠ | ᠪᠠᠷ ᠨᠡᠮᠡᠭᠳᠡᠬᠦᠯᠵᠦ ᠰᠠᠶᠢᠵᠢᠷᠠᠭᠤᠯᠤᠨ ᠦᠬᠡᠷᠡᠴᠢᠯᠡᠭᠰᠡᠨ ᠲᠠᠯᠠᠪᠡᠢ ᠨᠢ 20.94 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠪᠡ ᠃ ᠣᠳᠣ ᠮᠠᠨ ᠤ ᠬᠤᠰᠢᠭᠤᠨ ᠤ | ᠠᠭᠠᠷ ᠲᠠᠬᠢ ᠬᠥᠭᠦᠷᠭᠡᠨ ᠵᠠᠮ 440.2 ᠲᠡᠭᠰᠢ ᠳᠥᠷᠪᠡᠯᠵᠢᠨ ᠮᠧᠲᠷ ᠪᠠᠶᠢᠵᠦ ᠂ ᠣᠶᠤᠨᠴᠢ ᠦᠵᠡᠮᠵᠢ ᠰᠤᠨᠢᠷᠬᠠᠬᠤ ᠵᠠᠭᠤᠨ ᠮᠧᠲᠷ ᠤᠨ ᠭᠦᠶᠦᠯᠲᠡ ᠶᠢᠨ ᠵᠠᠮ | 500 ᠲᠡᠭᠰᠢ ᠳᠥᠷᠪᠡᠯᠵᠢᠨ ᠮᠧᠲᠷ ᠪᠠᠶᠢᠵᠦ ᠂ ᠵᠢᠵᠢᠭ ᠮᠥᠷᠲᠡᠭᠡᠨ ᠨᠠᠷᠢᠯᠢᠭ ᠂ ᠴᠢᠳᠠᠮᠵᠢ ᠪᠠᠷ ᠪᠦᠷᠢᠨ 4 ᠤᠭᠤᠳᠠᠳᠤ ᠴᠡᠴᠡᠷᠯᠢᠭ ᠢ ᠪᠠᠶᠢᠭᠤᠯᠵᠤ ᠳᠠᠭᠤᠰᠬᠠᠪᠠ ᠃ | 2022 ᠣᠨ ᠳᠤ ᠦᠷᠭᠦᠯᠵᠢᠯᠡᠨ ᠪᠥᠬᠦ ᠬᠤᠰᠢᠭᠤᠨ ᠤ ᠨᠤᠭᠤᠭᠠᠨ ᠭᠠᠵᠠᠷ ᠤᠨ ᠰᠢᠰᠲ᠋ᠧᠮ ᠤᠨ ᠣᠳᠣᠬᠢ ᠪᠠᠶᠢᠳᠠᠯ ᠲᠠᠢ ᠤᠶᠠᠯᠳᠤᠭᠤᠯᠤᠨ ᠂ ᠬᠠᠭᠤᠴᠢᠨ | ᠴᠡᠴᠡᠷᠯᠢᠭ ᠢ ᠦᠬᠡᠷᠡᠴᠢᠯᠡᠨ ᠰᠠᠶᠢᠵᠢᠷᠠᠭᠤᠯᠵᠦ ᠂ ᠬᠤᠲᠠ ᠶᠢᠨ ᠶᠠᠪᠤᠳᠠᠯ ᠤᠨ ᠵᠠᠮ ᠤᠨ ᠬᠤᠶᠠᠷ ᠬᠠᠵᠠᠭᠤ ᠶᠢ ᠦᠬᠡᠷᠡᠴᠢᠯᠡᠨ ᠵᠠᠰᠠᠵᠦ ᠂ ᠬᠤᠲᠠ ᠲᠣᠭᠤᠷᠢᠭ ᠲᠤ | ᠣᠷᠣᠵᠤ ᠭᠠᠷᠬᠤ ᠠᠮᠠᠰᠠᠷ ᠢ ᠦᠬᠡᠷᠡᠴᠢᠯᠡᠨ ᠰᠠᠶᠢᠵᠢᠷᠠᠭᠤᠯᠵᠦ ᠂ ᠭᠤᠤᠯ ᠲᠡᠳ᠋ ᠵᠠᠮ ᠱᠤᠭᠤᠮ ᠤᠨ ᠵᠡᠭᠡᠯᠢ ᠶᠢᠨ ᠬᠠᠵᠠᠭᠤ ᠶᠢᠨ ᠨᠤᠭᠤᠭᠠᠨ ᠭᠠᠵᠠᠷ ᠂ ᠵᠡᠭᠡᠯᠢ ᠶᠢᠨ | ᠭᠤᠤᠯ ᠴᠡᠴᠡᠷᠯᠢᠭ ᠢ ᠦᠬᠡᠷᠡᠴᠢᠯᠡᠨ ᠰᠠᠶᠢᠵᠢᠷᠠᠭᠤᠯᠤᠬᠰᠠᠨ ᠲᠦᠷᠪᠡᠨ ᠲᠠᠯ᠎ᠠ ᠶᠢᠨ ᠠᠵᠢᠯ ᠤᠨ ᠲᠤᠭᠤᠷᠢᠨ ᠳᠤ ᠂ ᠰᠢᠨ᠎ᠠ ᠪᠠᠷ ᠨᠡᠮᠡᠭᠳᠡᠬᠦᠯᠦᠭᠰᠡᠨ ᠪᠥᠲᠥᠭᠡᠨ | ᠪᠠᠶᠢᠭᠤᠯᠤᠯᠲᠠ ᠶᠢᠨ ᠲᠠᠯᠠᠪᠠᠶ ᠨᠢ 17048 ᠲᠡᠭᠰᠢ ᠳᠥᠷᠪᠡᠯᠵᠢᠨ ᠮᠧᠲᠷ ᠪᠤᠯᠪᠠ ᠃ ᠡᠭᠦᠨ ᠤ ᠲᠠᠭᠠᠤ《300 ᠮᠧᠲᠷ ᠲᠤ ᠨᠣᠭᠤᠭᠠᠨ ᠦᠡᠭᠬᠡ ᠬᠠᠷᠠᠬᠳᠠᠬᠤ ᠂ | 500 ᠮᠧᠲᠷ ᠲᠤ ᠴᠡᠴᠡᠷᠯᠢᠭ ᠲᠠᠢ ᠪᠠᠶᠢᠬᠤ》ᠠᠮᠢ ᠠᠬᠤᠶ ᠶᠢᠨ ᠴᠡᠴᠡᠷᠯᠢᠭ ᠤᠨ ᠲᠤᠬᠳᠠᠯᠴᠠᠭᠠᠨ ᠤ ᠱᠠᠭᠠᠷᠳᠠᠯᠭ᠎ᠠ ᠶᠣᠰᠣᠭᠠᠷ ᠦᠪᠴᠢ ᠪᠦᠷᠢᠨ ᠨᠤᠭᠤᠭᠠᠷᠠᠭᠤᠯᠵᠦ ᠂ | ᠰᠠᠭᠤᠭᠠᠯᠢ ᠠᠷᠠᠳ ᠤᠨ ᠲᠣᠭᠤᠷᠢᠭ ᠤᠨ ᠡᠷᠬᠢᠨ ᠲᠣᠭᠤᠷᠢᠨ ᠳᠤ ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠴᠡᠴᠡᠷᠯᠢᠭ ᠂ ᠠᠮᠠᠷᠠᠯᠲᠠ ᠶᠢᠨ ᠴᠡᠭ ᠢ | ᠪᠠᠶᠢᠭᠤᠯᠵᠤ ᠂ ᠨᠣᠭᠤᠭᠠᠨ ᠥᠩᠭᠡ ᠪᠠᠷ ᠬᠤᠲᠠ ᠪᠠᠨ ᠲᠠᠪᠢᠰᠬᠡᠷᠯᠡᠵᠦ ᠂ ᠭᠤᠷᠪᠠᠨ ᠤᠯᠠᠷᠢᠯ ᠳᠤ ᠴᠡᠴᠡᠭ ᠬᠤᠸᠡᠷ ᠲᠠᠢ ᠂ ᠳᠥᠷᠪᠡᠨ ᠤᠯᠠᠷᠢᠯ ᠳᠤ ᠮᠥᠩᠬᠡ ᠨᠣᠭᠤᠭᠠᠨ | ᠪᠠᠶᠢᠯᠭᠠᠵᠦ ᠂ ᠡᠬᠦᠳᠡ ᠠᠴᠠ ᠪᠠᠨ ᠭᠠᠷᠤᠮᠠᠬᠴᠠ ᠦᠵᠡᠮᠵᠢ ᠰᠤᠨᠢᠷᠬᠠᠬᠤ ᠶᠢ ᠪᠡᠶᠡᠯᠡᠬᠦᠯᠪᠡ ᠃ | | | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠴᠦᠯᠡᠨ ᠰᠢᠯᠢᠳᠡᠭᠵᠢᠬᠦᠯᠪᠠ | ᠵᠡᠭᠦᠨᠭᠠᠷ ᠬᠤᠰᠢᠭᠤ《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ 》 ᠶᠢ ᠢᠳᠡᠪᠬᠢᠲᠡᠶ ᠠᠬᠢᠭᠤᠯᠵᠤ ᠂《ᠬᠠᠮᠲᠤᠷᠠᠭᠰᠠᠨ ᠮᠠᠶ᠋ᠢᠭ 》 ᠤᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠲᠣᠭᠲᠠᠴᠠ ᠶᠢ ᠪᠠᠶᠢᠭᠤᠯᠤᠨ ᠂《ᠲᠦᠷᠬᠡᠨ ᠪᠡᠶᠡᠯᠡᠬᠦᠯᠬᠦ ᠂ ᠰᠦᠯᠵᠢᠶ᠎ᠡ ᠪᠠᠷ ᠬᠦᠢᠴᠡᠳᠬᠡᠬᠦ ᠂ ᠣᠶᠢᠷ᠎ᠠ | ᠬᠠᠪᠢ ᠳᠠᠭᠠᠨ ᠬᠦᠢᠴᠡᠳᠬᠡᠬᠦ ᠂ ᠨᠢᠭᠡ ᠤᠳᠠᠭ᠎ᠠ ᠳᠤ ᠬᠦᠢᠴᠡᠳᠬᠡᠬᠦ》ᠬᠡᠷᠡᠭ ᠶᠠᠪᠤᠳᠠᠯ ᠢ ᠡᠮᠬᠢᠯᠡᠨ ᠤᠯᠠᠨ᠎ᠠ ᠨᠠᠶᠢᠳᠠᠯᠠᠵᠦ ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠣᠷᠴᠢᠨ ᠨᠥᠬᠦᠴᠡᠯ ᠠᠷᠠᠳ ᠲᠤ ᠨᠠᠩ ᠠᠰᠢᠭ ᠲᠠᠢ ᠲᠥᠬᠦᠮ ᠪᠤᠯᠵᠦ ᠂ ᠦᠢᠯᠡᠴᠢᠯᠡᠬᠡᠨ ᠤ ᠬᠢᠷᠢ ᠲᠦᠪᠰᠢᠨ ᠨᠢ ᠢᠯᠡᠳᠲᠡ ᠳᠡᠭᠡᠭᠰᠢᠯᠡᠵᠦ ᠂ | ᠬᠤᠲᠠ ᠶᠢᠨ ᠠᠷᠠᠳ ᠲᠤ ᠬᠤᠪᠢᠷᠠᠯᠲᠠ ᠶᠢᠨ ᠲᠤᠮᠳᠠᠬᠢ ᠪᠣᠯᠪᠠᠰᠤᠨ ᠂ ᠴᠢᠨᠠᠷ ᠰᠠᠶᠢᠲᠠᠶ ᠂ ᠥᠨᠳᠥᠷ ᠪᠦᠲᠦᠮᠵᠢᠲᠡᠶ ᠦᠢᠯᠡᠴᠢᠯᠡᠭᠡ ᠶᠢ ᠬᠦᠷᠳᠡᠬᠡᠪᠡ ᠃ ᠣᠳᠣᠬᠠᠨ ᠳᠤ ᠂ | ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ 34 ᠪᠠᠶᠢᠭᠤᠯᠭ᠎ᠠ ᠨᠢᠭᠡᠴᠡ ᠠᠯᠪᠠᠯᠠᠵᠦ ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠬᠡᠷᠡᠭ ᠶᠠᠪᠤᠳᠠᠯ ᠤᠨ 1281 ᠵᠦᠢᠯ ᠢ ᠨᠢ ᠬᠦᠢᠴᠡᠳᠬᠡᠬᠦ ᠪᠤᠯᠵᠦ ᠂ ᠰᠦᠯᠵᠢᠶᠡᠨ ᠳᠤ ᠬᠦᠢᠴᠡᠳᠬᠡᠭᠰᠡᠨ ᠨᠣᠷᠮ᠎ᠠ ᠨᠢ 97.6% ᠲᠤ ᠬᠥᠷᠪᠡ ᠃ | ᠡᠭᠦᠨ ᠤ ᠬᠠᠮᠲᠤ ᠠᠷᠠᠳ ᠤᠨ ᠶᠠᠪᠤᠳᠠᠯ ᠂ ᠨᠡᠶᠢᠭᠡᠮ ᠤᠨ ᠳᠠᠭᠠᠳᠬᠠᠯ ᠂ ᠡᠮ ᠡᠮᠨᠡᠯᠭᠡ ᠶᠢᠨ ᠳᠠᠭᠠᠳᠬᠠᠯ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠴᠡᠷᠢᠭ ᠤᠨ ᠬᠦᠮᠦᠨ | ᠳᠤ ᠦᠢᠯᠡᠴᠢᠯᠡᠬᠦ ᠵᠡᠷᠭᠡ ᠰᠠᠯᠠᠭ᠎ᠠ ᠮᠥᠴᠢᠷ ᠤᠨ ᠦᠢᠯᠡᠴᠢᠯᠡᠬᠦ ᠵᠦᠢᠯ ᠢ ᠵᠡᠭᠡᠯᠢ ᠭᠤᠳᠤᠮᠵᠢ ᠂ ᠨᠡᠶᠢᠭᠡᠮ ᠲᠣᠭᠤᠷᠢᠭ ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠬᠡᠨ ᠤ ᠣᠷᠣᠯᠠᠨ ᠬᠦᠢᠴᠡᠳᠬᠡᠬᠦ ᠴᠡᠭ ᠲᠤ ᠪᠠᠭᠤᠯᠭᠠᠵᠤ ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠬᠡᠨ ᠤ ᠣᠷᠣᠯᠠᠨ ᠬᠦᠢᠴᠡᠳᠬᠡᠬᠦ ᠴᠡᠭ ᠤᠨ ᠪᠠᠷᠢᠮᠵᠢᠶᠠᠵᠢᠬᠰᠠᠨ ᠪᠦᠳᠦᠬᠡᠨ ᠪᠠᠶᠢᠭᠤᠯᠤᠯᠳᠠ ᠶᠢᠨ ᠪᠦᠷᠬᠦᠴᠡ ᠶᠢᠨ ᠨᠣᠷᠮ᠎ᠠ ᠨᠢ 100% ᠳᠤ ᠬᠦᠷᠴᠤ ᠂ | 《ᠬᠠᠮᠤᠭ ᠤᠨ ᠤᠯᠠᠨ ᠳᠠᠭᠠᠨ ᠨᠢᠭᠡ ᠤᠳᠠᠭ᠎ᠠ ᠬᠦᠶᠦᠯᠬᠡᠬᠦ》ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠥᠭᠡᠷᠡᠴᠢᠯᠡᠯᠲᠡ ᠶᠢᠨ ᠦᠷ᠎ᠡ ᠪᠦᠲᠦᠮᠵᠢ ᠨᠢ ᠢᠯᠡᠳᠲᠡ | ᠪᠤᠯᠪᠠ ᠃ | | | | |