| | 11 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠠᠢᠮᠠᠳᠤᠭᠠᠷ ᠬᠤᠷᠠᠯ ᠡᠬᠢᠯᠡᠭᠰᠡᠨ ᠤ ᠬᠠᠮᠲᠤ ᠠᠩᠬᠠᠳᠤᠭᠠᠷ ᠪᠥᠬᠦᠳᠡ ᠬᠤᠷᠠᠯ ᠬᠢᠪᠡ ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠣᠲᠣ 61 ᠬᠥᠮᠥᠨ ᠢᠶᠠᠷ ᠪᠦᠷᠢᠯᠳᠦᠵᠦ ᠂ 40 ᠬᠥᠮᠥᠨ ᠨᠢ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠵᠤ ᠂ 15 ᠬᠥᠮᠥᠨ ᠨᠢ ᠸᠢᠳᠢᠤ᠋ ᠪᠠᠷ ᠬᠤᠷᠠᠯ ᠳᠤ | ᠣᠷᠣᠯᠴᠠᠨ ᠂ ᠲᠣᠰ ᠤᠳᠠᠭᠠᠨ ᠤ ᠬᠤᠷᠠᠯ ᠳᠤ ᠨᠡᠶᠢᠲᠡ 55 ᠬᠥᠮᠥᠨ ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ | ᠱᠣᠤ ᠴᠦᠨ ᠬᠤᠷᠠᠯ ᠢ ᠡᠷᠭᠢᠯᠡᠵᠦ ᠂ ᠳᠡᠳ᠋ ᠡᠷᠬᠢᠯᠡᠭᠴᠢ ᠵᠠᠩ ᠶᠤᠸᠠᠨ ᠵᠥᠩ ᠂ ᠳ᠋ᠤᠸᠠᠨ ᡁᠢ ᠴᠢᠶᠠᠩ ᠂ ᠾᠧ ᠶᠠᠨ ᠯᠢᠩ ᠂ ᠨᠠᠷᠢᠨ ᠪᠢᠴᠢᠭ ᠤᠨ ᠳᠠᠷᠤᠭ᠎ᠠ ᠱᠢ ᠸᠧᠨ | ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠷᠧᠨ ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ ᠃ ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ | ᠲᠠᠷᠠᠭ᠎ᠠ ᠂ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠ ᠲᠤᠭᠤᠰᠢᠯᠠᠭᠤᠯᠵᠤ ᠂ ᠯᠢᠨ ᠱᠤᠤ ᠴᠦᠨ | ᠵᠢᠯᠣᠭᠤᠳᠤᠮᠵᠢ ᠶᠢᠨ ᠮᠡᠳᠡᠭᠦᠯᠦᠯᠲᠡ ᠬᠢᠪᠡ ᠃ ᠬᠤᠷᠠᠯ ᠠᠴᠠ ᠳ᠋ᠤᠸᠠᠨ ᡁᠢ ᠴᠢᠶᠠᠩ ᠤᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ | ᠣᠭᠴᠣᠷᠠᠭᠤᠯᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ ᠰᠠᠷᠠᠨ ᠤ ᠬᠢᠭᠰᠡᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ | ︵ ᠲᠥᠰᠥᠯ ︶ ︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠹᠧᠩ ᠢᠦᠢ ᠵᠧᠨ ᠤ ᠬᠢᠭᠰᠡᠨ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ ︵ ᠲᠥᠰᠥᠯ ︶ ︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ | ᠴᠦᠨ ᠤ ᠬᠢᠭᠰᠡᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠳᠦᠷᠢᠮ ︵ ᠲᠥᠰᠥᠯ ︶ ︾ | ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ ︵ ᠵᠠᠰᠠᠪᠤᠷᠢ ᠣᠷᠣᠭᠤᠯᠤᠭᠰᠠᠨ ᠲᠥᠰᠥᠯ ︶ ︾ ᠢ ᠬᠢᠨᠠᠨ ᠵᠥᠪᠯᠡᠭᠰᠡᠨ | ᠦᠷ᠎ᠡ ᠳ᠋ᠦᠩ ᠤᠨ ᠲᠤᠬᠠᠢ ᠮᠡᠳᠡᠭᠦᠯᠦᠯᠲᠡ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠳᠠᠷᠤᠭ᠎ᠠ ᠵᠢᠦᠢ | ᠱᠦ ᠸᠧᠨ ᠤ ᠬᠢᠭᠰᠡᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ ︵ ᠵᠠᠰᠠᠪᠤᠷᠢ ᠣᠷᠣᠭᠤᠯᠤᠭᠰᠠᠨ | ᠲᠥᠰᠥᠯ ︶ ︾ ᠤᠨ ᠲᠤᠬᠠᠢ ᠲᠣᠳᠣᠷᠬᠠᠶᠢᠯᠠᠯᠲᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠦ᠋ ᠰᠢᠤ ᠴᠢᠤᠸᠠᠨ ᠤ | ᠬᠢᠭᠰᠡᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠦᠷᠢᠮ ︵ ᠵᠠᠰᠠᠪᠤᠷᠢ ᠣᠷᠣᠭᠤᠯᠤᠭᠰᠠᠨ | ᠲᠥᠰᠥᠯ ︶ ︾ ᠤᠨ ᠲᠤᠬᠠᠢ ᠲᠣᠳᠣᠷᠬᠠᠶᠢᠯᠠᠯᠲᠠ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠢ ᠶᠦᠩ ᠫᠢᠩ ᠤᠨ ᠬᠢᠭᠰᠡᠨ | ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠳᠦᠷᠢᠮ ︾ ᠵᠡᠷᠭᠡ 3 ᠬᠤᠪᠢ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ︵ ᠵᠠᠰᠠᠪᠤᠷᠢ ᠣᠷᠣᠭᠤᠯᠤᠭᠰᠠᠨ ᠡᠬᠡ ᠨᠣᠣᠷᠠᠭ ︶ ᠤᠨ ᠲᠤᠬᠠᠢ ᠲᠣᠳᠣᠷᠬᠠᠶᠢᠯᠠᠯᠲᠠ ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠱᠢ | ᠵᠢᠢ ᠠᠨ ᠤ ᠬᠢᠭᠰᠡᠨ ︽ ᠠᠵᠤ ᠠᠬᠤᠢ ᠶᠢᠨ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ ᠲᠥᠰᠥᠯ ︶ ︾ ᠤᠨ ᠲᠤᠬᠠᠢ ᠲᠣᠳᠣᠷᠬᠠᠶᠢᠯᠠᠯᠲᠠ ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ ᠵᠢᠶᠠᠩ ᠬᠤᠩ ᠤᠨ ᠬᠢᠭᠰᠡᠨ ︽ ᠬᠤᠷᠢᠭ᠎ᠠ ᠱᠤᠭᠤᠮ ᠢ ᠰᠠᠬᠢᠵᠤ ᠂ ᠦᠨᠳᠦᠰᠦᠨ ᠵᠦᠢᠯ ᠢ | ᠪᠠᠲᠤᠯᠠᠨ ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠴᠢᠩᠭᠠᠳᠬᠠᠬᠤ ︾ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ ᠃ | ᠬᠤᠷᠠᠯ ᠠᠴᠠ ᠪᠠᠰᠠ ᠬᠡᠰᠡᠭ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠣᠳᠣᠷᠬᠠᠶᠢᠯᠠᠯᠲᠠ ᠶᠢ ᠬᠢᠨᠠᠨ ᠵᠥᠪᠯᠡᠵᠦ ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠷᠠᠳ ᠤᠨ ᠡᠶᠡᠳᠡᠭᠦᠯᠦᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠂ ᠦᠷᠡᠵᠢᠯ ᠤᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠪᠠᠶᠢᠳᠠᠯ ᠤᠨ ᠲᠤᠬᠠᠢ ᠮᠡᠳᠡᠭᠦᠯᠦᠯᠲᠡ ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ ᠂ 2022 ᠣᠨ ᠤ ᠡᠨᠧᠷᠭᠢ ᠠᠷᠪᠢᠯᠠᠬᠤ | ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ︽ ᠨᠢᠭᠡ ᠬᠠᠤᠯᠢ ᠨᠢᠭᠡ ᠳᠦᠷᠢᠮ ︾ ᠤᠨ ᠬᠠᠤᠯᠢ ᠬᠡᠷᠡᠭᠵᠢᠭᠦᠯᠵᠦ ᠪᠠᠶᠢᠴᠠᠭᠠᠯᠲᠠ ᠬᠢᠭᠰᠡᠨ | ᠮᠡᠳᠡᠭᠦᠯᠦᠯᠲᠡ ᠪᠠ ᠠᠰᠠᠭᠤᠳᠠᠯ ᠤᠨ ᠨᠠᠷᠢᠨ ᠲᠠᠩᠰᠠ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠭᠡᠰᠢᠭᠦᠨ ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠂ ᠠᠶᠢᠮᠠᠭ ᠤᠨ ᠠᠵᠢᠯ ᠤᠨ ᠵᠥᠪᠯᠡᠯ ᠂ | ᠡᠯ᠎ᠡ ᠲᠣᠭᠤᠷᠢᠭ ᠪᠠᠶᠢᠭᠤᠯᠤᠭᠰᠠᠨ ᠬᠤᠲᠠ ᠪᠠ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ ᠃ | | | | |