| | ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠠᠷᠭ᠎ᠠ | ᠬᠡᠮᠵᠢᠶ᠎ᠡ ᠶᠢ ᠨᠡᠶᠢᠲᠡᠯᠡᠵᠦ ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ ᠳᠤ ᠬᠦᠴᠢᠷᠲᠡᠢ ᠠᠰᠠᠭᠤᠳᠠᠯ ᠢ | ᠦᠨᠡᠨ ᠬᠦ ᠰᠢᠢᠳᠪᠦᠷᠢᠯᠡᠵᠦ ᠪᠤᠢ ᠃ ᠣᠶᠢᠯᠠᠭᠠᠭᠰᠠᠨ ᠢᠶᠠᠷ ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ | ᠦᠶ᠎ᠡ ᠳᠤ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢᠶᠠᠨ ᠲᠡᠷᠡ ᠳᠠᠷᠤᠢ ᠳᠤ ᠨᠢ ᠲᠡᠰᠦᠯᠦᠨ ᠪᠤᠳᠤᠬᠤ ᠶᠢᠨ ᠠᠷᠭ᠎ᠠ ᠦᠭᠡᠢ ᠪᠣᠯ ᠤᠷᠢᠳ ᠢᠶᠠᠷ ᠥᠪᠡᠷᠲᠡᠭᠡᠨ | ᠲᠡᠰᠦᠯᠦᠨ ᠪᠤᠳᠤᠵᠤ ᠂ ᠳᠠᠷᠠᠭᠠᠴᠢ ᠪᠠᠷ ᠨᠥᠬᠦᠵᠦ ᠲᠠᠩᠰᠠ ᠳᠡᠶᠢᠯᠵᠦ ᠪᠣᠯᠣᠨ᠎ᠠ ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠪᠠ ᠡᠭᠦᠳᠡᠨ | ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠬᠠᠷᠠᠭᠠᠯᠵᠠᠯ ᠢ ᠴᠠᠭ ᠲᠤᠬᠠᠢ ᠳᠤ ᠨᠢ ᠮᠡᠳᠡᠭᠦᠯᠵᠦ ᠴᠢᠳᠠᠬᠤ ᠦᠭᠡᠢ ᠪᠠᠶᠢᠪᠠᠯ ᠂ ᠲᠣᠰ ᠭᠠᠵᠠᠷ ᠪᠤᠶᠤ ᠣᠨᠳᠣᠣ ᠭᠠᠵᠠᠷ ᠤᠨ | ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ ᠳᠤ ᠡᠮᠴᠢᠯᠡᠭᠦᠯᠵᠦ ᠡᠮ ᠬᠤᠳᠠᠯᠳᠤᠨ ᠠᠪᠬᠤ ᠳᠤ ᠪᠠᠨ ᠤᠷᠢᠳ ᠢᠶᠠᠷ ᠥᠪᠡᠷᠲᠡᠭᠡᠨ ᠳ᠋ᠦᠩᠨᠡᠨ ᠪᠤᠳᠤᠵᠤ ᠂ 6 | ᠰᠠᠷ᠎ᠠ ᠶᠢᠨ ᠳᠣᠲᠣᠷ᠎ᠠ ᠨᠥᠬᠦᠵᠦ ᠮᠡᠳᠡᠭᠦᠯᠵᠦ ᠪᠣᠯᠣᠨ᠎ᠠ ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠪᠠ ᠡᠭᠦᠳᠡᠨ ᠡᠮᠨᠡᠯᠭᠡ ᠶᠢᠨ | ᠣᠨᠴᠠᠭᠠᠢ ᠡᠮ ᠬᠡᠷᠡᠭᠯᠡᠬᠦ ᠬᠠᠷᠠᠭᠠᠯᠵᠠᠯ ᠬᠦᠷᠲᠡᠭᠰᠡᠳ ᠣᠨᠴᠠᠭᠠᠢ ᠰᠢᠯᠲᠠᠭᠠᠨ ᠠᠴᠠ ᠪᠣᠯᠵᠤ ᠤᠤᠯ ᠤᠨ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ ᠳᠤ | ᠡᠮᠨᠡᠭᠦᠯᠵᠦ ᠡᠮ ᠬᠤᠳᠠᠯᠳᠤᠨ ᠠᠪᠴᠤ ᠳᠡᠶᠢᠯᠬᠦ ᠦᠭᠡᠢ ᠪᠣᠯ ᠤᠷᠢᠳ ᠢᠶᠠᠷ ᠥᠪᠡᠷᠲᠡᠭᠡᠨ ᠳ᠋ᠦᠩᠨᠡᠨ ᠪᠤᠳᠤᠵᠤ ᠂ ᠳᠠᠷᠠᠭᠠᠴᠢ ᠪᠠᠷ ᠨᠥᠬᠦᠵᠦ ᠲᠠᠩᠰᠠ ᠳᠡᠶᠢᠯᠵᠦ | ᠪᠣᠯᠣᠨ᠎ᠠ ᠃ ᠣᠨᠳᠣᠣ ᠭᠠᠵᠠᠷ ᠲᠤ ᠡᠮᠨᠡᠭᠦᠯᠬᠦ ᠳᠠᠩᠰᠠᠯᠠᠭᠤᠯᠤᠯᠲᠠ ᠶᠢ ᠭᠦᠢᠴᠡᠳᠬᠡᠭᠰᠡᠨ ᠦᠭᠡᠢ ᠮᠥᠷᠲᠡᠭᠡᠨ ᠨᠢᠭᠡᠨᠲᠡ ᠥᠪᠡᠷᠲᠡᠭᠡᠨ ᠳ᠋ᠦᠩᠨᠡᠨ ᠪᠣᠳᠣᠭᠰᠠᠨ ᠪᠠᠶᠢᠪᠠᠯ ᠂ | ᠳᠠᠷᠠᠭᠠᠴᠢ ᠪᠠᠷ ᠨᠥᠬᠦᠨ ᠳᠠᠩᠰᠠᠯᠠᠭᠤᠯᠤᠭᠰᠠᠨ ᠤ ᠳᠠᠷᠠᠭ᠎ᠠ ᠳᠠᠬᠢᠨ ᠳᠠᠩᠰᠠ ᠲᠠᠶᠢᠯᠵᠤ ᠪᠣᠯᠣᠨ᠎ᠠ ᠃ | | |