| | ᠣᠶᠢᠷ᠎ᠠ ᠶᠢᠨ ᠬᠤᠭᠤᠴᠠᠭᠠᠨ ᠳᠤ ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ︽ ᠢᠳᠡᠬᠦ ᠠᠮᠤ ᠪᠤᠳᠠᠭ᠎ᠠ ᠪᠠᠨ | ᠬᠤᠳᠠᠯᠳᠤᠨ ᠠᠪᠴᠤ ᠳᠡᠶᠢᠯᠬᠦ ︾ ︽ ᠳᠠᠷᠢᠭᠰᠠᠨ ᠠᠮᠤ ᠪᠤᠳᠠᠭ᠎ᠠ ᠪᠠᠨ ᠬᠤᠳᠠᠯᠳᠤᠨ ᠭᠠᠷᠭᠠᠵᠤ ᠳᠡᠶᠢᠯᠬᠦ ︾ ᠶᠢ ᠪᠠᠲᠤᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠳ᠋ ᠪᠣᠳᠠᠰ ᠤᠨ ᠬᠠᠩᠭᠠᠯᠭ᠎ᠠ ︽ ᠲᠠᠰᠤᠯᠳᠠᠬᠤ ᠦᠭᠡᠢ ︾ ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ ᠃ | ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠪᠥᠬᠦ ᠣᠷᠣᠨ ᠤ ᠠᠮᠤ ᠲᠣᠰᠣᠨ ᠤ | ᠬᠢᠨᠠᠨ ᠰᠢᠨᠵᠢᠯᠡᠬᠦ 114 ᠴᠡᠭ ᠲᠤ ᠲᠣᠬᠢᠷᠠᠭᠤᠯᠤᠯᠲᠠ ᠬᠢᠵᠦ ᠠᠮᠤ ᠲᠣᠰᠣᠨ ᠤ ᠵᠠᠬ᠎ᠠ ᠳᠡᠯᠭᠡᠭᠦᠷ ᠤᠨ ᠬᠢᠨᠠᠨ ᠰᠢᠨᠵᠢᠯᠡᠯᠲᠡ ᠶᠢ ᠴᠢᠩᠭᠠᠳᠬᠠᠵᠤ ᠂ ᠬᠥᠬᠡᠬᠤᠲᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠭᠤᠯᠬᠤ ᠠᠵᠤ ᠠᠬᠤᠶᠢᠯᠠᠯ ᠂ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠴᠡᠭ ᠲᠤ ᠭᠤᠣᠯᠳᠠᠯᠭ᠎ᠠ ᠲᠠᠢ | ᠲᠣᠬᠢᠷᠠᠭᠤᠯᠤᠯᠲᠠ ᠬᠢᠵᠦ ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠪᠠᠲᠤᠯᠠᠭ᠎ᠠ ᠶᠢ | ᠡᠬᠢᠯᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠵᠤ ᠂ ᠠᠮᠤ ᠲᠣᠰᠣᠨ ᠤ ᠬᠠᠩᠭᠠᠯᠭ᠎ᠠ ᠶᠢᠨ ᠪᠣᠷᠤᠯᠠᠭᠤᠯᠭ᠎ᠠ ᠳᠠᠭᠤᠰᠬᠤ ᠦᠭᠡᠢ ᠂ ᠬᠠᠩᠭᠠᠯᠭ᠎ᠠ ᠲᠠᠰᠤᠯᠳᠠᠬᠤ ᠦᠭᠡᠢ | ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ | ᠨᠢᠭᠡᠳᠦᠯᠲᠡᠢ ᠲᠥᠯᠥᠪᠯᠡᠵᠦ ᠂ ᠪᠥᠬᠦ ᠣᠷᠣᠨ ᠤ ᠨᠠᠮᠤᠷ ᠤᠨ ᠬᠤᠷᠢᠶᠠᠯᠲᠠ ᠶᠢᠨ ᠠᠬᠢᠴᠠ ᠪᠠ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠢ ᠴᠠᠭ | ᠲᠤᠬᠠᠢ ᠳᠤ ᠨᠢ ᠬᠢᠨᠠᠨ ᠰᠢᠨᠵᠢᠯᠡᠵᠦ ᠂ ︽ ᠠᠮᠤ ᠪᠤᠳᠠᠭ᠎ᠠ ᠬᠤᠷᠢᠶᠠᠬᠤ ᠬᠥᠮᠥᠨ ᠲᠠᠢ ᠂ ᠠᠮᠤ ᠪᠤᠳᠠᠭ᠎ᠠ ᠬᠤᠷᠢᠶᠠᠬᠤ ᠵᠣᠭᠤᠰ ᠲᠠᠢ ᠂ ᠠᠮᠤ ᠪᠤᠳᠠᠭ᠎ᠠ ᠬᠠᠳᠠᠭᠠᠯᠠᠬᠤ | ᠬᠥᠮᠥᠷᠭᠡ ᠲᠠᠢ ᠂ ᠠᠮᠤ ᠪᠤᠳᠠᠭ᠎ᠠ ᠲᠡᠭᠡᠭᠡᠪᠦᠷᠢᠯᠡᠬᠦ ᠬᠥᠰᠬᠡ ᠲᠠᠢ ︾ ᠪᠠᠶᠢᠬᠤ ᠶᠢ ᠪᠠᠲᠤᠯᠠᠵᠤ ᠪᠠᠶᠢᠨ᠎ᠠ ᠃ ᠲᠦᠩᠯᠢᠶᠣᠣ ᠳᠠᠬᠢ ᠤᠯᠤᠰ ᠤᠨ ᠠᠮᠤ ᠪᠤᠳᠠᠭᠠᠨ ᠤ | ᠠᠷᠠᠯᠵᠢᠶ᠎ᠠ ᠶᠢᠨ ᠲᠥᠪ ᠠᠴᠠ ᠲᠤᠰᠬᠠᠢ ᠠᠷᠠᠯᠵᠢᠶ᠎ᠠ ᠶᠢᠨ ᠴᠤᠭᠯᠠᠭᠠᠨ ᠢ ᠵᠣᠬᠢᠶᠠᠨ ᠪᠠᠶᠢᠭᠤᠯᠬᠤ ᠶᠢ ᠢᠳᠡᠪᠬᠢᠲᠡᠢ ᠵᠣᠬᠢᠴᠠᠭᠤᠯᠵᠤ ᠂ ᠠᠮᠤ ᠪᠤᠳᠠᠭ᠎ᠠ ᠪᠣᠯᠪᠠᠰᠤᠷᠠᠭᠤᠯᠬᠤ | ᠠᠵᠤ ᠠᠬᠤᠶᠢᠯᠠᠯ ᠤᠨ ᠦᠢᠯᠡᠳᠪᠦᠷᠢᠯᠡᠯ ᠪᠠ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠪᠠ ᠃ 11 | ᠳ᠋ᠦ᠋ᠭᠡᠷ ᠰᠠᠷ᠎ᠠ ᠶᠢᠨ 10 ᠤ ᠡᠳᠦᠷ ᠪᠣᠯᠲᠠᠯ᠎ᠠ ᠂ ᠪᠥᠬᠦ ᠣᠷᠣᠨ ᠤ ᠨᠢᠭᠡᠳᠦᠯᠲᠡᠢ ᠪᠦᠷᠢᠳᠬᠡᠯ ᠳᠤ ᠣᠷᠣᠭᠰᠠᠨ ᠠᠵᠤ ᠠᠬᠤᠶᠢᠯᠠᠯ ᠨᠡᠶᠢᠲᠡ 190 ᠲᠦᠮᠡᠨ ᠲᠣᠨ ᠠᠮᠤ | ᠪᠤᠳᠠᠭ᠎ᠠ ᠬᠤᠳᠠᠯᠳᠤᠨ ᠠᠪᠴᠠᠢ ᠂ ᠡᠭᠦᠨ ᠳᠤ ᠡᠷᠳᠡᠨᠢ ᠰᠢᠰᠢ 185 ᠲᠦᠮᠡᠨ ᠲᠣᠨ ᠂ ᠰᠢᠷ᠎ᠠ ᠪᠤᠷᠴᠠᠭ 5 ᠲᠦᠮᠡᠨ ᠲᠣᠨ ᠪᠠᠶᠢᠵᠤ ᠂ ᠬᠢᠵᠢᠭ ᠤᠨ ᠪᠠᠶᠢᠳᠠᠯ ᠤᠨ | ᠨᠥᠯᠥᠭᠡ ᠠᠴᠠ ᠪᠣᠯᠵᠤ ᠠᠮᠤ ᠪᠤᠳᠠᠭ᠎ᠠ ᠬᠤᠳᠠᠯᠳᠤᠬᠤ ᠳᠤ ᠬᠦᠴᠢᠷᠲᠡᠢ ᠠᠰᠠᠭᠤᠳᠠᠯ ᠢᠯᠡᠷᠡᠭᠰᠡᠨ ᠦᠭᠡᠢ ᠃ | ᠡᠭᠦᠨ ᠠᠴᠠ ᠭᠠᠳᠠᠨ᠎ᠠ ᠂ 10 ᠳ᠋ᠤᠭᠠᠷ ᠰᠠᠷ᠎ᠠ ᠶᠢᠨ 2 ᠤᠨ ᠡᠳᠦᠷ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ ᠠᠴᠠ ᠪᠠᠴᠢᠮ ᠪᠠᠶᠢᠳᠠᠯ ᠢ ᠠᠷᠭᠠᠴᠠᠭᠠᠨ ᠨᠥᠭᠡᠴᠡᠯᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠦᠷᠭᠦᠯᠵᠢᠯᠡᠨ | ᠰᠢᠯᠵᠢᠭᠦᠯᠦᠨ ᠲᠡᠭᠡᠭᠡᠪᠦᠷᠢᠯᠡᠵᠦ ᠂ ᠬᠥᠬᠡᠬᠤᠲᠠ ᠂ ᠪᠤᠭᠤᠲᠤ ᠬᠤᠲᠠ ᠂ ᠤᠯᠠᠭᠠᠨᠴᠠᠪ ᠬᠤᠲᠠ ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ ᠂ ᠰᠤᠷᠭᠠᠨ ᠬᠥᠮᠦᠵᠢᠯ ᠤᠨ ᠲᠢᠩᠬᠢᠮ ᠂ ᠬᠠᠤᠯᠢ ᠴᠠᠭᠠᠵᠠ ᠶᠢᠨ ᠲᠢᠩᠬᠢᠮ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠂ ᠬᠥᠬᠡᠬᠤᠲᠠ ᠳᠠᠬᠢ ᠶᠡᠭᠡ ᠳᠡᠭᠡᠳᠦ | ᠰᠤᠷᠭᠠᠭᠤᠯᠢ ᠂ ᠬᠠᠩᠭᠠᠯᠭ᠎ᠠ ᠶᠢ ᠪᠠᠲᠤᠯᠠᠬᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠬᠥᠪᠥᠩ ᠬᠤᠪᠴᠠᠰᠤ ᠂ ᠬᠥᠪᠥᠩ ᠮᠠᠶᠢᠬᠠᠨ ᠂ ᠬᠥᠪᠥᠩ ᠬᠥᠨᠵᠢᠯᠡ ᠂ | ᠡᠪᠬᠡᠮᠡᠯ ᠣᠷᠣ ᠂ ᠴᠠᠬᠢᠯᠭᠠᠨ ᠳᠤᠯᠠᠭᠠᠮᠵᠢ ᠵᠡᠷᠭᠡ ᠪᠠᠴᠢᠮ ᠪᠠᠶᠢᠳᠠᠯ ᠢ ᠠᠷᠭᠠᠴᠠᠭᠠᠨ ᠨᠥᠭᠡᠴᠡᠯᠡᠬᠦ ᠨᠥᠭᠡᠴᠡ ᠡᠳ᠋ ᠪᠣᠳᠠᠰ ᠢ 20 ᠲᠥᠷᠥᠯ 9 ᠲᠦᠮᠡ ᠭᠠᠷᠤᠢ | ᠰᠢᠯᠵᠢᠭᠦᠯᠦᠨ ᠲᠡᠭᠡᠭᠡᠪᠦᠷᠢᠯᠡᠵᠦ ᠂ ᠲᠡᠷᠭᠡ ᠬᠦᠰᠭᠡ ᠶᠢ 280 ᠭᠠᠷᠤᠢ ᠤᠳᠠᠭ᠎ᠠ ᠬᠥᠳᠡᠯᠭᠡᠨ ᠬᠡᠷᠡᠭᠯᠡᠵᠦ ᠂ ᠥᠳᠥᠭᠡᠭᠴᠢ ᠶᠢ ᠪᠠᠶᠢᠴᠠᠭᠠᠨ ᠰᠢᠯᠭᠠᠬᠤ ᠤᠷᠪᠠᠯᠵᠢ ᠪᠠ | ᠬᠠᠮᠠᠭᠠᠯᠠᠯᠲᠠ ᠶᠢᠨ ᠬᠡᠷᠡᠭᠰᠡᠯ ᠢ 70 ᠭᠠᠷᠤᠢ ᠲᠦᠮᠡ ᠰᠢᠯᠵᠢᠭᠦᠯᠦᠨ ᠲᠣᠬᠢᠷᠠᠭᠤᠯᠵᠤ ᠂ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠪᠠ | ᠭᠤᠣᠯᠳᠠᠯᠭ᠎ᠠ ᠲᠠᠢ ᠭᠠᠵᠠᠷ ᠣᠷᠣᠨ ︵ ᠨᠢᠭᠡᠴᠢ ︶ ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠢ ᠳᠡᠮᠵᠢᠪᠡ ᠃ | | |