| | ᠨᠠᠮ ᠤᠨ ᠬᠤᠷᠢᠳᠤᠭᠠᠷ ᠶᠡᠭᠡ ᠬᠤᠷᠡᠯ ᠠᠮᠵᠢᠯᠳᠠ ᠲᠠᠢ ᠬᠤᠷᠠᠯᠳᠤᠵᠤ ᠂ ᠵᠢᠷᠤᠭ ᠲᠦᠯᠦᠪᠯᠡᠭᠡ ᠶᠢ ᠵᠢᠷᠤᠬᠯᠠᠭᠠᠳ ᠲᠠᠶᠢᠴᠢᠯᠠᠯᠳᠠ ᠶᠢᠨ ᠪᠦᠷᠢᠶ᠎ᠡ ᠶᠢ | ᠬᠠᠨᠭ᠍ᠬᠢᠨᠠᠭᠤᠯᠪᠠ ᠃ ᠤᠳᠤᠬᠠᠨ ᠳᠤ ᠂ ᠵᠡᠬᠦᠡᠭᠠᠷ ᠤᠨ ᠡᠯ᠎ᠠ ᠭᠠᠵᠠᠷ ᠲᠤ ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠵᠦ ᠨᠠᠶᠢᠳᠠᠪᠤᠷᠢᠵᠢᠭᠤᠯᠬᠤ ᠬᠠᠯᠠᠭᠤᠨ ᠦᠷᠨᠢᠯᠳᠡ ᠭᠠᠷᠴᠤ ᠂ ᠪᠦᠬᠦ ᠬᠤᠰᠢᠭᠤᠨ ᠤ ᠡᠯ᠎ᠡ ᠬᠦᠷᠢᠶᠡᠯᠡᠩ ᠳᠤᠭᠤᠷᠢᠭ ᠂ ᠰᠤᠮᠤ ᠰᠢᠶᠠᠩ ᠪᠠᠯᠭᠠᠰᠤ ᠂ | ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠰᠠᠯᠠᠭ᠎ᠠ ᠮᠦᠴᠢᠷ ᠤᠨ ᠬᠢᠨ ᠪᠤᠳᠠᠳᠤ ᠪᠠᠶᠢᠳᠠᠯ ᠳᠠᠭᠠᠨ ᠰᠠᠭᠤᠷᠢᠯᠡᠵᠤ ᠂ ᠡᠷᠴᠢ ᠵᠤᠷᠢᠭ ᠢᠶᠠᠨ ᠬᠦᠪᠴᠢᠯᠡᠨ | ᠡᠷᠡᠮᠡᠬᠡᠶᠢᠯᠡᠨ ᠤᠷᠤᠬᠰᠢᠯᠠᠵᠤ ᠂ ᠠᠯᠢ ᠤᠯᠠᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠳᠦᠯᠦᠪᠵᠢᠬᠦᠯᠬᠡ ᠶᠢ ᠳᠤᠬᠳᠠᠭᠠᠵᠤ ᠂ ᠬᠠᠨᠴᠤᠢ ᠰᠢᠮᠡᠯᠡᠨ ᠴᠢᠷᠮᠠᠶᠢᠨ | ᠠᠵᠢᠯᠯᠠᠬᠤ ᠪᠠᠷ ᠵᠤᠷᠢᠭ ᠰᠢᠭᠤᠳᠴᠤ ᠂ ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠡᠯ ᠠᠴᠠ ᠳᠤᠬᠳᠠᠭᠠᠬᠰᠠᠨ ᠴᠢᠬᠤᠯᠠ ᠶᠡᠭᠡ | ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠤ ᠠᠵᠢᠯᠯᠠᠭ᠎ᠠ ᠪᠤᠯᠭᠠᠨ ᠰᠠᠶᠢᠳᠤᠷ ᠨᠠᠶᠢᠳᠠᠪᠤᠷᠢᠵᠢᠭᠤᠯᠵᠤ ᠂ ᠨᠡᠩ ᠬᠡᠷᠡᠯ ᠰᠠᠴᠤᠷᠠᠩᠭᠤᠢ ᠵᠡᠬᠦᠡᠭᠠᠷ ᠢ | ᠪᠦᠳᠦᠬᠡᠨ ᠪᠠᠶᠢᠭᠤᠯᠵᠤ ᠪᠠᠶᠢᠨ᠎ᠠ ᠃ 《 ᠵᠡᠬᠦᠡᠭᠠᠷ ᠨᠡᠶᠢᠳᠡᠯᠡᠯ 》 ᠨᠢ 《 ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠰᠤᠷᠤᠯᠴᠠᠨ | ᠳᠤᠭᠤᠰᠢᠯᠠᠭᠤᠯᠤᠶᠡ 》ᠬᠡᠬᠦ ᠳᠤᠰᠬᠠᠢ ᠪᠤᠯᠤᠩ ᠳᠠᠭᠠᠨ ᠰᠢᠷᠢᠰ ᠳᠤᠰᠬᠠᠢ ᠰᠤᠷᠪᠤᠯᠵᠢᠯᠠᠭ᠎ᠠ ᠨᠡᠶᠢᠳᠡᠯᠡᠵᠤ ᠂ ᠵᠡᠬᠦᠡᠭᠠᠷ ᠬᠤᠰᠢᠭᠤᠨ ᠤ ᠡᠯ᠎ᠡ ᠬᠦᠷᠢᠶᠡᠯᠡᠩ ᠳᠤᠭᠤᠷᠢᠭ ᠂ | ᠰᠤᠮᠤ ᠰᠢᠶᠠᠩ ᠪᠠᠯᠭᠠᠰᠤ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠰᠠᠯᠠᠭ᠎ᠠ ᠮᠦᠴᠢᠷ ᠤᠨ ᠰᠤᠷᠤᠯᠴᠠᠨ ᠲᠤᠭᠤᠰᠢᠯᠠᠭᠤᠯᠵᠦ ᠨᠠᠶᠢᠳᠠᠪᠤᠷᠢᠵᠢᠭᠤᠯᠤᠬᠰᠠᠨ | ᠪᠤᠳᠠᠳᠤ ᠦᠢᠯᠡᠳᠦᠯᠬᠡ ᠶᠢ ᠳᠦᠪᠯᠡᠷᠡᠬᠦᠯᠦᠨ ᠬᠠᠷᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠵᠡᠬᠦᠡᠭᠠᠷ ᠤᠨ ᠡᠯ᠎ᠠ ᠭᠠᠵᠠᠷ ᠲᠤ | ᠦᠨᠳᠦᠰᠦᠯᠡᠬᠦᠯᠦᠨ ᠴᠡᠴᠡᠭ ᠲᠡᠯᠬᠡᠷᠡᠬᠦᠯᠵᠦ ᠵᠢᠮᠢᠰᠯᠡᠬᠦᠯᠦᠨᠠ ᠃ | ᠶᠢᠩ ᠽᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠂ ᠨᠠᠮ ᠪᠠ ᠤᠯᠠᠨ ᠲᠦᠮᠡᠨ ᠤ ᠦᠢᠯᠡᠴᠢᠯᠡᠬᠡᠨ | ᠤ ᠲᠦᠪ ᠤᠨ ᠡᠷᠬᠢᠯᠡᠭᠴᠢ ᠹᠦ᠋ ᠢᠤᠢ | | | | | | ᠨᠠᠮ ᠤᠨ ᠬᠤᠷᠢᠳᠤᠭᠠᠷ ᠶᠡᠭᠡ ᠬᠤᠷᠡᠯ ᠪᠤᠯ ᠪᠦᠬᠦ ᠨᠠᠮ ᠪᠦᠬᠦ ᠤᠯᠤᠰ ᠤᠨ ᠦᠨᠳᠦᠰᠤᠳᠠᠨ ᠨᠦᠭᠦᠳ ᠤᠨ ᠠᠷᠡᠳ ᠳᠦᠮᠡᠨ ᠤ ᠨᠡᠶᠢᠬᠡᠮ ᠵᠢᠷᠤᠮᠳᠤ | ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠨ ᠳᠤ ᠮᠤᠷᠳᠡᠵᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠡᠯᠳᠡ ᠵᠦᠭ | ᠤᠷᠤᠬᠰᠢᠯᠠᠬᠰᠠᠨ ᠵᠠᠩᠬᠢᠯᠠᠭ᠎ᠠ ᠶᠢᠨ ᠴᠠᠭ ᠮᠦᠴᠡ ᠳᠤ ᠬᠤᠷᠠᠯᠳᠤᠬᠰᠠᠨ ᠴᠢᠬᠤᠯᠠ ᠬᠤᠷᠡᠯ ᠪᠠᠶᠢᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ | ᠲᠠᠢ ᠨᠡᠶᠢᠬᠡᠮ ᠵᠢᠷᠤᠮ ᠤᠨ ᠠᠤᠭ᠎ᠠ ᠶᠡᠭᠡ ᠵᠢᠷᠤᠭ ᠲᠦᠯᠦᠪᠯᠡᠭᠡ ᠶᠢ ᠵᠢᠷᠤᠬᠯᠠᠵᠤ ᠂ ᠪᠢᠳᠠᠨ ᠤ ᠡᠯ᠎ᠡ ᠳᠦᠷᠦᠯ ᠤᠨ ᠠᠵᠢᠯ ᠦᠢᠯᠡᠰ ᠤᠨ ᠬᠦᠭᠵᠢᠯᠳᠡ ᠳᠤ | ᠤᠷᠤᠬᠰᠢᠯᠠᠬᠤ ᠴᠢᠭᠯᠡᠯ ᠢ ᠵᠢᠭᠠᠨ ᠦᠭᠪᠡ ᠃ ᠶᠢᠩ ᠽᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠶᠢ ᠤᠳᠤᠬᠠᠨ ᠪᠠ ᠬᠤᠶᠢᠰᠢᠳᠡ ᠶᠢᠨ ᠨᠢᠬᠡᠨ ᠬᠤᠭᠤᠴᠠᠭᠠᠨ ᠤ ᠳᠡᠷᠢᠬᠦᠨ ᠴᠢᠬᠤᠯᠠ ᠤᠯᠤᠰ ᠳᠦᠷᠦ ᠶᠢᠨ | ᠡᠬᠦᠷᠬᠡ ᠪᠤᠯᠭᠠᠵᠤ ᠂ ᠬᠦᠨᠵᠡᠬᠡᠢ ᠰᠤᠷᠤᠯᠴᠠᠵᠤ ᠂ ᠰᠢᠨ᠎ᠡ ᠶᠢ ᠰᠦᠪᠡᠭᠴᠢᠯᠡᠵᠦ ᠂ ᠪᠤᠳᠠᠳᠠᠢ ᠠᠵᠢᠯᠯᠠᠬᠤ ᠪᠠᠷ ᠴᠢᠷᠮᠠᠶᠢᠪᠠ ᠃ ᠠᠷᠡᠳ ᠳᠦᠮᠡᠨ ᠤ ᠰᠠᠶᠢᠨ ᠰᠠᠶᠢᠬᠠᠨ | ᠠᠮᠢᠳᠤᠷᠡᠯ ᠤᠨ ᠬᠦᠰᠡᠯ ᠡᠷᠡᠮᠡᠯᠵᠡᠯ ᠢ ᠦᠨᠡᠨᠬᠦ ᠳᠡᠮᠡᠴᠡᠯ ᠤᠨ ᠬᠠᠷᠠᠯᠳᠠ ᠪᠠᠨ ᠪᠤᠯᠭᠠᠵᠤ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠬᠡᠮ ᠳᠤᠭᠤᠷᠢᠭ ᠤᠨ | ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠢ ᠪᠦᠯᠬᠦᠮᠳᠡᠬᠦᠯᠦᠨ ᠳᠠᠶᠢᠴᠢᠯᠠᠵᠤ ᠂ ᠦᠨᠳᠦᠰᠦᠨ ᠱᠠᠳᠤᠨ ᠤ ᠦᠢᠯᠡᠴᠢᠯᠡᠬᠡᠨ ᠤ ᠴᠢᠳᠠᠪᠤᠷᠢ ᠪᠠᠨ ᠳᠠᠰᠤᠷᠠᠯᠳᠠ | ᠦᠬᠡᠢ ᠳᠡᠭᠡᠭᠰᠢᠯᠡᠬᠦᠯᠵᠤ ᠂ ᠠᠷᠡᠳ ᠤᠨ ᠠᠮᠢᠳᠤᠷᠠᠯ ᠤᠨ ᠪᠤᠶᠡᠨ ᠬᠡᠰᠢᠭ ᠢ ᠨᠡᠮᠡᠭᠳᠡᠬᠦᠯᠵᠤ ᠂ ᠠᠮᠢᠳᠤᠷᠡᠯ ᠤᠨ ᠴᠢᠨᠡᠷ ᠳᠡᠰ ᠢ ᠳᠡᠭᠡᠭᠰᠢᠯᠡᠬᠦᠯᠵᠤ ᠂ ᠪᠤᠳᠠᠳᠤ ᠦᠢᠯᠡ | ᠠᠵᠢᠯᠯᠠᠭ᠎ᠠ ᠪᠠᠷ ᠢᠶᠠᠨ ᠪᠤᠯᠪᠠᠰᠤᠨ ᠂ ᠡᠶ᠎ᠡ ᠵᠤᠬᠢᠴᠠᠩᠭᠤᠢ ᠂ ᠦᠵᠡᠰᠬᠦᠯᠡᠩᠳᠦ ᠰᠠᠶᠢᠬᠠᠨ ᠂ ᠵᠤᠯ ᠵᠢᠷᠭᠠᠯᠳᠠᠢ ᠵᠡᠬᠦᠡᠭᠠᠷ ᠤᠨ ᠪᠦᠳᠦᠬᠡᠨ ᠪᠠᠶᠢᠭᠤᠯᠤᠯᠳᠠ ᠳᠤ ᠬᠤᠪᠢ | ᠨᠡᠮᠡᠷᠢ ᠪᠠᠨ ᠦᠵᠡᠬᠦᠯᠵᠤ ᠂ ᠬᠡᠷᠡᠯ ᠬᠢᠯᠪᠠᠭ᠎ᠠ ᠨᠡᠮᠡᠷᠢᠯᠠᠨ᠎ᠠ ᠃ | ᠨᠢᠬᠡ ᠳᠤ ᠨᠠᠮ ᠤᠨ ᠪᠠᠶᠢᠭᠤᠯᠤᠯᠳᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ ᠂ ᠦᠨᠳᠦᠰᠦᠨ ᠱᠠᠳᠤᠨ ᠤ ᠦᠢᠯᠡᠴᠢᠯᠡᠬᠡᠨ ᠤ ᠴᠢᠳᠠᠪᠤᠷᠢ ᠪᠠᠨ | ᠳᠠᠰᠤᠷᠡᠯᠳᠡ ᠦᠬᠡᠢ ᠲᠡᠭᠡᠭᠰᠢᠯᠡᠬᠦᠯᠦᠨ᠎ᠠ | 《 ᠨᠢᠬᠡ ᠪᠠᠷ ᠭᠤᠤᠯᠯᠠᠵᠦ ᠭᠤᠷᠪᠠ ᠶᠢ ᠨᠡᠶᠢᠯᠡᠬᠦᠯᠬᠦ》ᠨᠠᠮ ᠤᠨ ᠪᠠᠶᠢᠭᠤᠯᠤᠯᠳᠠ ᠶᠢᠨ ᠠᠵᠢᠯ ᠤᠨ ᠳᠤᠬᠳᠠᠴᠠ ᠶᠢ ᠪᠦᠬᠦ ᠳᠠᠯ᠎ᠠ ᠪᠠᠷ ᠬᠡᠷᠡᠭᠵᠢᠬᠦᠯᠵᠤ ᠂ 650 | ᠳᠦᠮᠡᠨ ᠳᠦᠬᠦᠷᠢᠭ ᠤᠨ ᠪᠡᠯᠡ ᠤᠷᠤᠭᠤᠯᠵᠦ ᠨᠠᠨ ᠶᠤᠸᠠᠨ ᠨᠡᠶᠢᠬᠡᠮ ᠳᠤᠭᠤᠷᠢᠭ ᠤᠨ ᠤᠶᠤᠨᠴᠢᠯᠠᠬᠰᠠᠨ ᠶᠡᠷᠦᠩᠬᠡᠶᠢᠯᠡᠭᠰᠡᠨ ᠦᠢᠯᠡᠴᠢᠯᠡᠬᠡᠨ ᠤ ᠳᠦᠪ ᠢ ᠳᠡᠰ | ᠳᠡᠪᠰᠢᠬᠦᠯᠦᠨ ᠦᠬᠡᠷᠡᠴᠢᠯᠡᠨ ᠪᠠᠶᠢᠭᠤᠯᠵᠦ ᠂ 4000 ᠳᠦᠮᠡᠨ ᠳᠦᠬᠦᠷᠢᠭ ᠤᠨ ᠪᠡᠯᠡ ᠤᠷᠤᠭᠤᠯᠵᠦ ᠭᠤᠸᠠᠩ ᠾᠧ ᠨᠡᠶᠢᠬᠡᠮ ᠳᠤᠭᠤᠷᠢᠭ ᠤᠨ ᠶᠡᠷᠦᠩᠬᠡᠶᠢᠯᠡᠭᠰᠡᠨ | ᠦᠢᠯᠡᠴᠢᠯᠡᠬᠡᠨ ᠤ ᠳᠦᠪ ᠪᠠ ᠨᠠᠨ ᠱᠠᠨ ᠨᠡᠶᠢᠬᠡᠮ ᠳᠤᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠳᠦᠪ ᠢ ᠰᠢᠨ᠎ᠡ ᠪᠠᠷ ᠪᠠᠶᠢᠭᠤᠯᠵᠦ ᠂ 100 ᠳᠦᠮᠡᠨ | ᠳᠦᠬᠦᠷᠢᠭ ᠤᠨ ᠪᠡᠯᠡ ᠤᠷᠤᠭᠤᠯᠵᠦ ᠬᠤ᠋ ᠰᠢ ᠂ ᠨᠠᠨ ᠶᠤᠸᠠᠨ 2 ᠨᠡᠶᠢᠭᠡᠮ ᠳᠤᠭᠤᠷᠢᠭ ᠤᠨ ᠠᠵᠢᠯ ᠠᠴᠠ ᠪᠠᠨ ᠰᠠᠯᠵᠦ ᠠᠮᠠᠷᠠᠬᠰᠠᠨ ᠺᠠᠳ᠋ᠷ ᠠᠵᠢᠯᠳᠠᠨ ᠤ | ᠠᠵᠢᠯᠯᠠᠭᠠᠨ ᠤ ᠳᠦᠪ ᠢ ᠳᠡᠰ ᠳᠡᠪᠰᠢᠬᠦᠯᠦᠨ ᠦᠬᠡᠷᠡᠴᠢᠯᠡᠨ ᠪᠠᠶᠢᠭᠤᠯᠬᠤ ᠪᠠᠷ ᠲᠦᠯᠦᠪᠯᠡᠵᠦ ᠂ ᠨᠢᠬᠡ ᠪᠦᠯᠦᠭ ᠨᠡᠶᠢᠬᠡᠮ ᠳᠤᠭᠤᠷᠢᠭ ᠤᠨ ᠨᠠᠰᠤᠳᠠᠶᠢᠴᠤᠳ ᠲᠤ | ᠦᠢᠯᠡᠴᠢᠯᠡᠬᠦ ᠦᠷᠳᠡᠭᠡ ᠪᠠ ᠰᠠᠭᠤᠭᠠᠯᠢ ᠠᠷᠡᠳ ᠤᠨ ᠳᠤᠭᠤᠷᠢᠭ ᠤᠨ ᠨᠠᠮ ᠪᠠ ᠤᠯᠠᠨ ᠳᠦᠮᠡᠨ ᠤ ᠦᠢᠯᠡᠴᠢᠯᠡᠬᠡᠨ ᠤ ᠦᠷᠳᠡᠭᠡ ᠶᠢ ᠪᠦᠬᠦ ᠬᠦᠴᠤᠨ ᠢᠶᠠᠷ | ᠴᠤᠬᠴᠠᠯᠠᠵᠤ ᠂ ᠨᠠᠮ ᠤᠨ ᠪᠠᠶᠢᠭᠤᠯᠤᠯᠳᠠ ᠪᠠᠷ ᠦᠨᠳᠦᠰᠤᠨ ᠱᠠᠳᠤᠨ ᠤ ᠵᠠᠰᠠᠯᠳᠡ ᠶᠢ ᠬᠦᠳᠦᠯᠦᠨ ᠳᠠᠭᠠᠭᠤᠯᠬᠤ ᠪᠠᠳᠤ ᠪᠠᠬᠢ ᠵᠢᠬᠰᠠᠭᠠᠯ ᠤᠨ ᠭᠠᠵᠠᠷ ᠪᠤᠯᠭᠠᠵᠦ ᠂ | ᠤᠯᠠᠨ ᠳᠦᠮᠡᠨ ᠲᠠᠢ ᠬᠠᠷᠢᠯᠴᠠᠬᠤ ᠦᠢᠯᠡᠴᠢᠯᠡᠬᠡᠨ ᠤ《ᠡᠴᠦᠰ ᠤᠨ ᠵᠠᠭᠤᠨ ᠮᠧᠲᠷ 》 ᠢ ᠨᠡᠪᠳᠡᠷᠡᠬᠦᠯᠵᠤ ᠂ ᠦᠨᠳᠦᠰᠤᠨ ᠱᠠᠳᠤᠨ ᠤ ᠵᠠᠰᠠᠯᠳᠠ ᠶᠢᠨ | ᠤᠳᠤᠬᠢᠴᠢᠯᠠᠬᠰᠠᠨ ᠪᠦᠳᠦᠬᠡᠨ ᠪᠠᠶᠢᠭᠤᠯᠤᠯᠳᠠ ᠶᠢᠨ ᠬᠢᠷᠢ ᠳᠦᠪᠰᠢᠨ ᠪᠠ ᠦᠨᠳᠦᠰᠦᠨ ᠱᠠᠳᠤᠨ ᠤ ᠦᠢᠯᠡᠴᠢᠯᠡᠬᠡᠨ ᠤ ᠴᠢᠳᠠᠪᠤᠷᠢ ᠪᠠᠨ ᠬᠦᠴᠦᠯᠡᠨ | ᠳᠡᠭᠡᠭᠰᠢᠯᠡᠬᠦᠯᠦᠨ᠎ᠡ ᠃ | ᠬᠤᠶᠡᠷ ᠲᠤ ᠠᠷᠡᠳ ᠤᠨ ᠠᠮᠢᠳᠤᠷᠡᠯ ᠤᠨ ᠪᠤᠶᠡᠨ ᠬᠡᠰᠢᠭ ᠢ ᠨᠡᠮᠡᠭᠳᠡᠬᠦᠯᠵᠤ ᠂ ᠬᠤᠳᠠ ᠶᠢᠨ ᠠᠮᠢᠳᠤᠷᠡᠯ ᠤᠨ ᠴᠢᠨᠡᠷ ᠳᠡᠰ ᠢ ᠪᠦᠬᠦ ᠳᠠᠯ᠎ᠠ ᠪᠠᠷ | ᠳᠡᠭᠡᠭᠰᠢᠯᠡᠬᠦᠯᠦᠨ᠎ᠡ | ᠤᠯᠠᠨ ᠳᠦᠮᠡᠨ ᠳᠤ ᠦᠢᠯᠡᠴᠢᠯᠡᠬᠦ ᠪᠠᠷ ᠬᠠᠷᠠᠯᠳᠠ ᠪᠠᠨ ᠪᠤᠯᠭᠠᠵᠤ ᠂《ᠤᠶᠤᠨᠴᠢ ᠨᠡᠶᠢᠬᠡᠮ ᠳᠤᠭᠤᠷᠢᠭ 》 ᠢ ᠪᠠᠶᠢᠭᠤᠯᠬᠤ ᠪᠠᠷ ᠰᠢᠪᠳᠤᠯᠤᠯᠳᠠ ᠪᠤᠯᠭᠠᠵᠤ ᠂《 | ᠢᠨᠲ᠋ᠧᠷ ᠰᠦᠯᠵᠢᠶ᠎ᠡ + ᠤᠶᠤᠨᠴᠢ ᠡᠬᠦᠯᠡᠨ ᠲᠠᠪᠴᠠᠩ》 ᠤᠨ ᠪᠦᠳᠦᠬᠡᠨ ᠪᠠᠶᠢᠭᠤᠯᠤᠯᠳᠠ ᠶᠢᠨ ᠬᠦᠴᠦᠯᠡᠴᠡ ᠪᠠᠨ ᠨᠡᠮᠡᠭᠳᠡᠬᠦᠯᠵᠤ ᠂《 ᠳᠤᠮᠤ ᠳ᠋ᠠᠶᠢᠲ᠋ᠠ 》 ᠂《 | ᠲᠤᠤᠷᠵᠢᠯᠳᠠ 》 ᠶᠢ ᠦᠨᠳᠦᠰᠤᠨ ᠱᠠᠳᠤᠨ ᠤ ᠵᠠᠰᠠᠯᠳᠡ ᠲᠠᠢ ᠵᠤᠯᠭᠠᠭᠤᠯᠤᠨ᠎ᠠ ᠃《 ᠲᠠᠪᠤᠨ ᠨᠡᠶᠢᠬᠡᠮ ᠲᠤᠭᠤᠷᠢᠭ ᠬᠠᠮᠳᠤᠪᠡᠷ ᠬᠦᠳᠡᠯᠦᠯᠴᠡᠬᠦ 》ᠵᠠᠰᠠᠭ ᠤᠨ | ᠤᠷᠳᠤᠨ ᠬᠤᠳᠠᠯᠳᠤᠨ ᠠᠪᠬᠤ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠦ ᠂ ᠬᠠᠷᠢᠶ᠎ᠡ ᠳᠤᠭᠤᠷᠢᠭ ᠤᠨ ᠠᠵᠤ ᠠᠬᠤᠶᠢᠯᠡᠯ ᠠᠵᠢᠯ ᠦᠢᠯᠡᠰ ᠤᠨ ᠪᠠᠶᠢᠭᠤᠯᠭ᠎ᠠ | ᠨᠢᠬᠡᠴᠢ ᠪᠠ ᠬᠠᠮᠳᠤᠪᠡᠷ ᠪᠠᠶᠢᠭᠤᠯᠬᠤ ᠪᠠᠶᠢᠭᠤᠯᠭ᠎ᠠ ᠨᠢᠬᠡᠴᠢ ᠶᠢᠨ ᠡᠬᠢ ᠪᠠᠶᠠᠯᠢᠭ ᠲᠠᠢ ᠨᠢᠬᠡᠳᠦᠬᠦᠯᠵᠦ ᠂《 ᠭᠤᠷᠪᠡᠨ ᠢᠵᠢ ᠨᠠᠷᠢᠨ ᠲᠠᠩᠰᠠ》 ᠶᠢ | ᠳᠡᠬᠦᠯᠳᠡᠷᠵᠢᠬᠦᠯᠵᠤ ᠂ ᠰᠠᠭᠤᠭᠠᠯᠢ ᠠᠷᠡᠳ ᠲᠤ ᠨᠡᠩ ᠲᠤᠰᠬᠠᠶᠢᠵᠢᠬᠰᠠᠨ ᠂ ᠤᠯᠠᠨ ᠶᠠᠩᠵᠤᠳᠤ ᠂ ᠰᠢᠰᠲ᠋ᠧᠮᠵᠢᠭᠰᠡᠨ ᠦᠢᠯᠡᠴᠢᠯᠡᠭᠡ ᠬᠠᠨᠭ᠍ᠭᠠᠨ᠎ᠠ ᠃《ᠬᠤᠪᠢᠰᠬᠠᠯᠳᠤ | ᠠᠳᠠᠯ ᠠᠬᠤᠢ》 ᠶᠢᠨ ᠬᠤᠯᠪᠤᠭᠠᠯᠠᠨ ᠬᠦᠳᠡᠯᠦᠯᠴᠡᠬᠦ ᠬᠠᠮᠢᠶᠠᠷᠤᠯᠳᠡ ᠶᠢᠨ ᠳᠤᠬᠳᠠᠴᠠ ᠶᠢ ᠪᠠᠶᠢᠭᠤᠯᠵᠤ ᠂ ᠤᠯᠠᠨ ᠳᠦᠮᠡᠨ ᠤ ᠪᠠᠴᠢᠮ ᠳᠤᠯᠭᠠᠮ ᠬᠦᠴᠢᠷ | ᠵᠤᠪᠠᠭᠤᠷᠢᠳᠤ ᠠᠰᠠᠭᠤᠳᠠᠯ ᠢ ᠰᠡᠳᠬᠢᠯ ᠳᠠᠯᠪᠢᠨ ᠬᠦᠴᠦᠯᠡᠨ ᠰᠢᠢᠳᠪᠦᠷᠢᠯᠡᠵᠤ ᠂ ᠬᠤᠳᠠ ᠳᠤᠭᠤᠷᠢᠭ ᠤᠨ ᠨᠡᠶᠢᠬᠡᠮ ᠤᠨ ᠵᠠᠰᠠᠯᠳᠠ ᠶᠢᠨ ᠰᠢᠨ᠎ᠡ ᠵᠠᠬᠪᠤᠷ ᠢ ᠪᠦᠬᠦ | ᠬᠦᠴᠦᠨ ᠢᠶᠠᠷ ᠴᠤᠬᠴᠠᠯᠠᠨ᠎ᠠ ᠃ | ᠭᠤᠷᠪᠡ ᠳᠤ ᠳᠤᠳᠠᠭᠤᠳᠠᠯ ᠢᠶᠠᠨ ᠨᠦᠬᠦᠪᠦᠷᠢᠯᠡᠵᠦ ᠂ ᠳᠠᠪᠠᠭᠤᠯᠢᠭ ᠢᠶᠠᠨ ᠪᠠᠳᠠᠷᠠᠭᠤᠯᠤᠨ ᠂ ᠪᠤᠯᠪᠠᠰᠤᠨ ᠢ ᠡᠬᠦᠳᠦᠨ ᠪᠠᠶᠢᠭᠤᠯᠬᠤ ᠬᠢᠷᠢ ᠳᠦᠪᠰᠢᠨ ᠢ ᠦᠨᠡᠨᠬᠦ | ᠳᠡᠭᠡᠭᠰᠢᠯᠡᠬᠦᠯᠦᠨ᠎ᠡ | ᠪᠠᠶᠢᠡᠭᠭᠤᠵᠢᠬᠰᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠬᠠᠮᠳᠤ ᠂ ᠤᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠂ | ᠰᠠᠶᠢᠨ ᠳᠤᠷ᠎ᠡ ᠶᠢᠨ ᠦᠢᠯᠡᠴᠢᠯᠡᠭᠡ ᠂ ᠬᠤᠳᠠ ᠶᠢᠨ ᠠᠷᠡᠳ ᠤᠨ ᠬᠡᠪ ᠴᠢᠨᠡᠷ ᠢ ᠳᠡᠭᠡᠭᠰᠢᠯᠡᠬᠦᠯᠬᠦ ᠂ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠵᠡᠷᠬᠡ | ᠠᠵᠢᠯ ᠢ ᠬᠦᠨᠵᠡᠬᠡᠢ ᠦᠷᠨᠢᠬᠦᠯᠵᠤ ᠂ ᠬᠠᠷᠢᠶ᠎ᠡ ᠳᠤᠭᠤᠷᠢᠭ ᠤᠨ ᠤᠷᠴᠢᠨ ᠳᠤᠭᠤᠷᠢᠨ ᠤ ᠴᠢᠨᠡᠷ ᠳᠡᠰ ᠢ ᠪᠦᠬᠦ ᠳᠠᠯ᠎ᠠ ᠪᠠᠷ ᠳᠡᠭᠡᠭᠰᠢᠯᠡᠬᠦᠯᠵᠤ ᠂ ᠪᠤᠯᠪᠠᠰᠤᠨ ᠬᠤᠳᠠ ᠶᠢ | ᠡᠬᠦᠳᠦᠨ ᠪᠠᠶᠢᠭᠤᠯᠤᠬᠰᠠᠨ ᠦᠷ᠎ᠡ ᠪᠦᠳᠦᠬᠡᠯ ᠢᠶᠠᠨ ᠪᠠᠶᠢᠡᠭᠭᠤᠵᠢᠭᠤᠯᠤᠨ ᠪᠠᠬᠢᠵᠢᠬᠦᠯᠦᠨ᠎ᠠ ᠃ ᠠᠷᠡᠳ ᠳᠦᠮᠡᠨ ᠢᠶᠠᠷ ᠭᠤᠤᠯ ᠪᠤᠯᠭᠠᠬᠰᠠᠨ ᠬᠦᠭᠵᠢᠯᠳᠡ ᠶᠢᠨ | ᠦᠢᠯᠠᠭᠠᠬᠳᠠᠬᠤᠨ ᠢ ᠪᠠᠷᠢᠮᠳᠡᠯᠡᠵᠤ ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠡᠳ ᠤᠨ ᠠᠮᠢᠳᠤᠷᠡᠯ ᠤᠨ ᠢᠨᠵᠧᠨᠧᠷᠢᠩ ᠢ ᠰᠠᠶᠢᠳᠤᠷ ᠬᠡᠷᠡᠭᠵᠢᠬᠦᠯᠵᠤ ᠂ | ᠠᠷᠡᠳ ᠤᠨ ᠠᠮᠢᠳᠤᠷᠡᠯ ᠤᠨ ᠡᠯ᠎ᠡ ᠳᠦᠷᠦᠯ ᠤᠨ ᠪᠤᠳᠠᠳᠤ ᠶᠠᠪᠤᠳᠠᠯ ᠢ ᠰᠠᠶᠢᠳᠤᠷ ᠬᠢᠵᠤ ᠂ ᠠᠷᠡᠳ ᠤᠨ ᠠᠮᠢᠳᠤᠷᠡᠯ ᠤᠨ ᠬᠠᠯᠠᠮᠵᠢᠯᠠᠵᠦ ᠪᠠᠶᠢᠭ᠎ᠠ ᠶᠠᠪᠤᠳᠠᠯ ᠪᠦᠬᠦᠨ ᠢ | ᠰᠡᠳᠬᠢᠯ ᠢ ᠳᠤᠯᠠᠭᠠᠴᠠᠭᠤᠯᠤᠬᠰᠠᠨ ᠶᠠᠪᠤᠳᠠᠯ ᠂ ᠰᠡᠳᠬᠢᠯ ᠳᠤ ᠳᠠᠭᠠᠳᠡᠢ ᠶᠠᠪᠤᠳᠠᠯ ᠪᠤᠯᠭᠠᠨ᠎ᠠ ᠃ ᠳᠤᠳᠠᠭᠤᠳᠠᠯ ᠢᠶᠠᠨ ᠨᠦᠬᠦᠪᠦᠷᠢᠯᠡᠨ ᠳᠠᠪᠠᠭᠤᠯᠢᠭ ᠢᠶᠠᠨ ᠪᠠᠳᠠᠷᠠᠭᠤᠯᠬᠤ | ᠶᠢ ᠪᠠᠷᠢᠮᠳᠡᠯᠡᠵᠤ ᠂《 15 ᠮᠢᠨᠦ᠋ᠲ ᠤᠨ ᠨᠡᠶᠢᠬᠡᠮ ᠳᠤᠭᠤᠷᠢᠭ ᠤᠨ ᠠᠮᠢᠳᠤᠷᠡᠯ ᠤᠨ ᠳᠤᠭᠤᠷᠢᠭ》 ᠤᠨ ᠪᠠᠶᠢᠭᠤᠯᠤᠯᠳᠠ ᠶᠢ ᠦᠷᠬᠦᠯᠵᠢᠯᠡᠨ ᠳᠡᠬᠦᠯᠳᠡᠷᠵᠢᠬᠦᠯᠵᠤ ᠂ | ᠤᠰᠤ ᠂ ᠴᠠᠬᠢᠯᠭᠠᠨ ᠂ ᠵᠠᠮ ᠂ ᠬᠡᠢ ᠵᠡᠷᠬᠡ ᠰᠠᠭᠤᠷᠢ ᠳᠦᠬᠦᠬᠡᠷᠦᠮᠵᠢ ᠶᠢ ᠦᠬᠡᠷᠡᠴᠢᠯᠡᠨ ᠲᠡᠰᠵᠢᠬᠦᠯᠬᠦ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠤ ᠂ ᠬᠠᠷᠢᠶ᠎ᠡ | ᠳᠤᠭᠤᠷᠢᠭ ᠤᠨ ᠤᠯᠠᠨ ᠳᠦᠮᠡᠨ ᠤ ᠠᠮᠢᠳᠤᠷᠡᠯ ᠢ ᠨᠡᠩ ᠰᠠᠨᠠᠭ᠎ᠠ ᠠᠮᠤᠷ ᠂ ᠰᠡᠳᠬᠢᠯ ᠳᠤ ᠳᠠᠭᠠᠯᠠᠮᠵᠢᠳᠡᠢ ᠪᠤᠯᠭᠠᠵᠤ ᠂ ᠨᠡᠩ ᠴᠢᠩᠭ᠎ᠠ ᠬᠦᠷᠳᠡᠬᠡᠮᠵᠢ ᠶᠢᠨ ᠳᠦᠷᠦᠭᠳᠡᠯ ᠂ | ᠠᠮᠤᠷ ᠳᠦᠪᠰᠢᠨ ᠤ ᠳᠦᠷᠦᠭᠳᠡᠯ ᠪᠠ ᠵᠤᠯ ᠵᠢᠷᠭᠠᠯᠳᠤ ᠳᠦᠷᠦᠭᠳᠡᠯ ᠢ ᠤᠯᠭᠤᠬᠤ ᠪᠠᠷ ᠴᠢᠷᠮᠠᠶᠢᠨ᠎ᠠ ᠃ | ᠳᠦᠷᠪᠡ ᠳᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠤ ᠂ ᠠᠮᠢ ᠠᠬᠤᠢ ᠶᠢᠨ ᠤᠷᠤᠰᠢᠨ ᠰᠠᠭᠤᠷᠢᠰᠢᠬᠤ ᠳᠤ ᠳᠠᠭᠠᠯᠠᠮᠵᠢᠳᠡᠢ | ᠦᠵᠡᠰᠬᠦᠯᠡᠩᠳᠦ ᠰᠠᠶᠢᠬᠠᠨ ᠬᠦᠳᠡᠭᠡ ᠳᠤᠰᠬᠤᠨ ᠢ ᠳᠦᠷᠬᠡᠳᠬᠡᠨ ᠪᠦᠳᠦᠬᠡᠨ ᠪᠠᠶᠢᠭᠤᠯᠤᠨ᠎ᠠ | ᠤᠷᠤᠨ ᠪᠠᠶᠢᠷᠢ ᠶᠢᠨ ᠳᠠᠪᠠᠭᠤᠯᠢᠭ ᠲᠠᠭᠠᠨ ᠳᠦᠰᠢᠭᠯᠡᠵᠤ ᠂ ᠬᠦᠢᠳᠡᠨ ᠬᠦᠮᠦᠷᠬᠡ ᠂ ᠳᠤᠯᠠᠭᠠᠨ ᠬᠦᠯᠡᠮᠵᠢ ᠂ ᠵᠠᠮ ᠢ ᠬᠠᠳᠠᠭᠤᠷᠠᠭᠤᠯᠬᠤ ᠂ ᠬᠡᠷ ᠤᠨ ᠤᠷᠤᠢ ᠳᠠᠬᠢ | ᠳᠠᠷᠬᠠᠬᠤ ᠬᠡᠯᠪᠡᠷᠢ ᠶᠢᠨ ᠬᠡᠷᠡᠯᠯᠢᠭ ᠬᠠᠪᠳᠠᠰᠤ ᠶᠢᠨ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠵᠤ ᠂ 500 ᠳᠦᠮᠡᠨ | ᠳᠦᠬᠦᠷᠢᠭ ᠤᠨ ᠪᠡᠯᠡ ᠤᠷᠤᠭᠤᠯᠵᠦ ᠪᠠᠭ᠋ᠠᠨᠳᠤ ᠳᠤᠰᠬᠤᠨ ᠳᠤ 2000 ᠬᠠᠪᠳᠠᠭᠠᠢ ᠳᠦᠷᠪᠡᠯᠵᠢᠨ ᠮᠧᠲᠷ ᠤᠨ ᠬᠦᠢᠳᠡᠨ ᠬᠦᠮᠦᠷᠬᠡ ᠶᠢᠨ ᠳᠦᠷᠦᠯ ᠵᠦᠢᠯ ᠢ ᠰᠢᠨ᠎ᠡ | ᠪᠠᠷ 1 ᠪᠠᠶᠢᠭᠤᠯᠵᠤ ᠂300 ᠳᠦᠮᠡᠨ ᠳᠦᠬᠦᠷᠢᠭ ᠤᠨ ᠪᠡᠯᠡ ᠤᠷᠤᠭᠤᠯᠵᠤ ᠪᠠᠭ᠋ᠠᠨᠳᠤ ᠳᠤᠰᠬᠤᠨ ᠳᠤ 14 ᠳᠤᠯᠠᠭᠠᠨ ᠬᠦᠯᠡᠮᠵᠢ ᠪᠠᠶᠢᠭᠤᠯᠬᠤ ᠪᠠᠷ ᠲᠦᠯᠦᠪᠯᠡᠵᠦ ᠂ | ᠳᠤᠰᠬᠤᠨ ᠤ ᠬᠠᠮᠳᠤ ᠶᠢᠨ ᠠᠵᠤ ᠠᠬᠤᠢ ᠶᠢ ᠳᠠᠰᠤᠷᠡᠯᠳᠡ ᠦᠬᠡᠢ ᠬᠦᠭᠵᠢᠬᠦᠯᠦᠨ ᠪᠤᠵᠠᠭᠠᠶᠢᠷᠠᠭᠤᠯᠵᠤ ᠂ ᠳᠠᠷᠢᠶᠠᠴᠢᠳ ᠢ ᠳᠠᠶᠢᠴᠢᠯᠡᠨ ᠤᠷᠤᠯᠭ᠎ᠠ ᠶᠢ ᠨᠢ | ᠨᠡᠮᠡᠭᠳᠡᠬᠦᠯᠵᠤ ᠴᠢᠨᠡᠬᠡᠯᠢᠭᠵᠢᠬᠦᠯᠦᠨᠠ ᠃ ᠬᠦᠳᠡᠭᠡ ᠳᠤᠰᠬᠤᠨ ᠤ ᠤᠷᠴᠢᠨ ᠳᠤᠭᠤᠷᠢᠨ ᠤ ᠴᠡᠭᠴᠡᠯᠡᠨ ᠵᠠᠰᠠᠯᠳᠠ ᠶᠢ ᠵᠠᠬ᠎ᠠ ᠲᠡᠯᠬᠡᠬᠦᠷᠴᠢᠯᠠᠯᠳᠠ ᠪᠤᠯᠭᠠᠬᠤ ᠶᠢ | ᠢᠳᠡᠪᠬᠢᠳᠡᠢ ᠠᠬᠢᠭᠤᠯᠵᠤ ᠂ ᠪᠠᠭ᠋ᠠᠨᠳᠤ ᠳᠤᠰᠬᠤᠨ ᠂ ᠭᠧ ᠯᠢᠦ ᠭᠸᠦ ᠶᠢᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠢ ᠭᠤᠤᠯᠳᠠᠯᠭ᠎ᠠ ᠲᠠᠢ | ᠰᠠᠶᠢᠳᠤᠷ ᠠᠳᠬᠤᠵᠤ ᠂ ᠳᠡᠭᠷᠢ ᠨᠢ ᠨᠡᠩ ᠴᠡᠯᠮᠡᠭ ᠂ ᠠᠭᠤᠯᠠ ᠨᠢ ᠨᠤᠮᠢᠨ ᠨᠤᠭᠤᠭᠠᠨ ᠂ ᠤᠰᠤ ᠨᠢ ᠲᠤᠩᠭᠠᠯᠠᠭ ᠠᠮᠢ ᠠᠬᠤᠢ ᠶᠢᠨ ᠤᠷᠴᠢᠨ ᠳᠤᠭᠤᠷᠢᠨ ᠢ ᠨᠡᠩ | ᠭᠤᠶᠤ ᠪᠤᠯᠭᠠᠨ᠎ᠠ ᠃ | | | | | | | | | | | | | | | |