| | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ | ︵ 2022 ᠣᠨ ᠤ 11 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠠᠴᠠ ᠪᠠᠲᠤᠯᠠᠪᠠ ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠪᠦᠭᠦᠳᠡ ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ | ᠲᠤᠭᠤᠰᠢᠯᠠᠭᠤᠯᠤᠨ ᠂ ᠴᠢᠷᠮᠠᠶᠢᠨ ᠲᠡᠮᠡᠴᠡᠵᠦ ᠠᠮᠵᠢᠯᠲᠠ ᠪᠦᠲᠦᠮᠵᠢ ᠭᠠᠷᠭᠠᠨ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠲᠤᠬᠠᠢ ᠳᠣᠣᠷᠠᠬᠢ ᠲᠣᠭᠲᠠᠭᠠᠯ ᠢ ᠭᠠᠷᠭᠠᠪᠠ ᠃ | ᠨᠢᠭᠡ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ᠎ᠠ | ᠶᠡᠷᠦᠩᠬᠡᠢ ᠱᠦᠵᠢ ᠰᠢ ᠶᠢᠨ ᠫᠢᠩ ᠤᠨ ᠪᠦᠭᠦ ᠲᠠᠯ᠎ᠠ ᠪᠠᠷ ᠰᠤᠷᠤᠯᠴᠠᠬᠤ ᠂ ᠪᠦᠭᠦ ᠲᠠᠯ᠎ᠠ ᠪᠠᠷ ᠡᠵᠡᠮᠰᠢᠬᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ | ᠲᠠᠯᠪᠢᠬᠤ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠦᠵᠡᠯ ᠰᠠᠨᠠᠭ᠎ᠠ | ᠦᠵᠡᠯᠲᠡ ᠲᠠᠨᠢᠯᠲᠠ ᠪᠠᠨ ᠭᠦᠨᠵᠡᠭᠡᠶᠢᠷᠡᠭᠦᠯᠵᠦ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠴᠢᠩᠭ᠎ᠠ ᠠᠳᠬᠤᠵᠤ ᠂ ᠭᠦᠨᠵᠡᠭᠡᠢ ᠠᠬᠢᠭᠤᠯᠵᠤ ᠂ ᠪᠣᠳᠠᠲᠠᠢ ᠬᠢᠬᠦ ᠬᠡᠷᠡᠭᠲᠡᠢ ᠃ | ︵ ᠨᠢᠭᠡ ︶ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠪᠣᠯ | ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠵᠤ ᠂ ᠬᠦᠴᠦᠨ ᠴᠢᠳᠠᠯ ᠢ ᠨᠢᠭᠲᠠᠷᠠᠭᠤᠯᠤᠭᠰᠠᠨ ᠂ ᠪᠦᠯᠬᠦᠮᠳᠡᠯ ᠳᠠᠪᠰᠢᠯ ᠤᠨ ᠶᠡᠭᠡ ᠬᠤᠷᠠᠯ ᠮᠥᠨ ᠂ ᠲᠡᠷᠡ ᠨᠢ | ᠤᠯᠤᠰ ᠲᠦᠷᠦ ᠂ ᠤᠨᠤᠯ ᠂ ᠦᠢᠯᠡᠳᠦᠯᠭᠡ ᠶᠢᠨ ᠲᠠᠯ᠎ᠠ ᠪᠠᠷ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠣᠭᠰᠠᠨ ᠶᠤᠮ ᠃ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢ ᠲᠥᠯᠥᠭᠡᠯᠡᠵᠦ ᠬᠢᠭᠰᠡᠨ ᠢᠯᠡᠳᠬᠡᠯ ᠨᠢ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ | ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠤᠷᠤᠭᠰᠢᠯᠠᠯᠲᠠ ᠶᠢᠨ ᠴᠢᠭᠯᠡᠯ ᠢ | ᠲᠣᠳᠣᠷᠬᠠᠢ ᠵᠢᠭᠠᠵᠤ ᠂ ᠠᠵᠢᠯᠯᠠᠭᠠᠨ ᠤ ᠵᠦᠭᠯᠡᠭᠦᠷ ᠢ ᠲᠣᠭᠲᠠᠭᠠᠪᠠ ᠃ ᠶᠡᠭᠡ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠪ ᠬᠤᠷᠢᠶ᠎ᠠ ᠪᠣᠯᠣᠨ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠵᠤ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ | ᠠᠴᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠰᠢᠨ᠎ᠡ ᠨᠢᠭᠡ ᠬᠤᠭᠤᠴᠠᠭᠠᠨ ᠤ ᠲᠥᠪ ᠤᠨ ᠤᠳᠤᠷᠢᠳᠬᠤ ᠬᠠᠮᠲᠤ ᠶᠢ ᠰᠣᠩᠭᠤᠨ ᠭᠠᠷᠭᠠᠵᠤ ᠂ ᠢᠯᠠᠩᠭᠤᠶ᠎ᠠ | ᠰᠢ ᠶᠢᠨ ᠫᠢᠩ ᠨᠥᠬᠦᠷ ᠢ ᠦᠷᠭᠦᠯᠵᠢᠯᠡᠨ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠶᠢᠨ ᠲᠤᠰᠢᠶᠠᠯ ᠢ ᠡᠭᠦᠷᠭᠡᠯᠡᠭᠦᠯᠬᠦ ᠪᠠᠷ ᠰᠣᠩᠭᠤᠭᠰᠠᠨ ᠨᠢ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠥᠨᠳᠥᠷ ᠰᠦᠷᠯᠢᠭ ᠠᠪᠤᠷᠭᠤ ᠬᠥᠯᠭᠡ ᠣᠩᠭᠤᠴᠠ ᠰᠠᠯᠬᠢ ᠳᠠᠪᠠᠯᠭᠠᠨ ᠢ ᠵᠦᠰᠦᠨ ᠯᠠᠪᠳᠠᠭᠤᠨ ᠢᠶᠠᠷ ᠠᠯᠤᠰ ᠢ | ᠵᠣᠷᠢᠨ ᠠᠶᠠᠯᠠᠬᠤ ᠳᠤ ᠤᠯᠤᠰ ᠲᠦᠷᠦ ᠶᠢᠨ ᠦᠨᠳᠦᠰᠦᠨ ᠪᠠᠲᠤᠯᠠᠭ᠎ᠠ ᠬᠠᠩᠭᠠᠪᠠ ᠃ ᠶᠡᠭᠡ ᠬᠤᠷᠠᠯ ᠠᠴᠠ ᠪᠠᠲᠤᠯᠠᠭᠰᠠᠨ ︽ ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠦᠷᠢᠮ ︵ ᠵᠠᠰᠠᠪᠤᠷᠢ ᠣᠷᠣᠭᠤᠯᠤᠭᠰᠠᠨ ᠲᠥᠰᠥᠯ ︶ ︾ ᠨᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠂ ᠨᠠᠮ ᠤᠨ ᠪᠠᠶᠢᠭᠤᠯᠤᠯᠲᠠ ᠶᠢ ᠪᠠᠷᠢᠮᠲᠠᠯᠠᠨ ᠲᠡᠭᠦᠯᠳᠡᠷᠵᠢᠭᠦᠯᠬᠦ ᠂ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠨᠢ ᠨᠠᠮ ᠪᠠ ᠤᠯᠤᠰ ᠤᠨ ᠠᠵᠢᠯ ᠦᠢᠯᠡᠰ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠬᠦ ᠲᠠᠢ ᠬᠤᠯᠪᠣᠭᠳᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠵᠤ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠳᠠᠶᠢᠴᠢᠯᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ | ᠬᠤᠯᠪᠣᠭᠳᠠᠯ ᠲᠠᠢ ᠶᠤᠮ ᠃ | ︵ ᠬᠤᠶᠠᠷ ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠨ᠎ᠠ ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠳᠤ ᠂ ᠡᠷᠬᠡᠪᠰᠢ ᠪᠦᠭᠦ ᠲᠠᠯ᠎ᠠ ᠪᠠᠷ ᠣᠨᠣᠪᠴᠢᠲᠠᠢ ᠪᠠᠶᠢᠬᠤ ᠶᠢ ᠪᠠᠷᠢᠮᠲᠠᠯᠠᠵᠤ ᠂ | ᠠᠭᠤᠯᠤᠭᠳᠠᠬᠤᠨ ᠢ ᠭᠦᠨᠵᠡᠭᠡᠢ ᠣᠶᠢᠯᠠᠭᠠᠵᠤ ᠂ ᠠᠭᠤᠯᠬᠤᠨ ᠢ ᠣᠨᠣᠪᠴᠢᠲᠠᠢ ᠡᠵᠡᠮᠳᠡᠬᠦ ᠬᠡᠷᠡᠭᠲᠡᠢ ᠃ ᠤᠭ ᠵᠣᠬᠢᠶᠠᠯ ᠢ ᠤᠩᠰᠢᠬᠤ ᠂ ᠤᠭ ᠵᠣᠬᠢᠶᠠᠯ ᠢ ᠰᠤᠷᠤᠯᠴᠠᠬᠤ ᠂ | ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠂ ᠨᠠᠮ ᠤᠨ ᠳᠦᠷᠢᠮ ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠣᠶᠢᠷ᠎ᠠ ᠶᠢᠨ | ᠬᠤᠭᠤᠴᠠᠭᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠰᠢᠷᠢᠰ ᠴᠢᠬᠤᠯᠠ | ᠶᠠᠷᠢᠶ᠎ᠠ ᠲᠠᠢ ᠨᠠᠪᠲᠠᠷᠡᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠬᠤ ᠶᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ | ᠢᠯᠡᠳᠬᠡᠯ ᠂ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ ᠂ ︽ ᠲᠠᠪᠤ ᠶᠢ ᠪᠠᠲᠤ ᠡᠵᠡᠮᠳᠡᠬᠦ ︾ ᠂ | ︽ ᠶᠢᠰᠦ ᠶᠢ ᠭᠦᠨᠵᠡᠭᠡᠢ ᠣᠶᠢᠯᠠᠭᠠᠬᠤ ︾ ᠵᠡᠷᠭᠡ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠃ | ︵ ᠭᠤᠷᠪᠠ ︶ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠪᠣᠯᠪᠠᠰᠤᠷᠠᠯ ᠢ ᠰᠠᠶᠢᠲᠤᠷ | ᠠᠳᠬᠤᠨ᠎ᠠ ᠃ ᠨᠠᠮ ᠤᠨ ᠲᠥᠪ ᠬᠤᠷᠢᠶᠠᠨ ᠠᠴᠠ ᠪᠦᠭᠦ ᠨᠠᠮ ᠤᠨ ᠬᠡᠪᠴᠢᠶᠡᠨ ᠳᠤ ᠥᠷᠨᠢᠭᠦᠯᠬᠦ ᠪᠠᠷ ᠪᠠᠶᠢᠭ᠎ᠠ ᠭᠤᠣᠯ ᠰᠡᠳᠦᠪᠲᠦ ᠬᠥᠮᠦᠵᠢᠯ ᠪᠠ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠬᠤ ᠲᠠᠢ ᠤᠶᠠᠯᠳᠤᠭᠤᠯᠤᠨ ᠂ ᠣᠯᠠᠨ | ᠭᠡᠯᠪᠡᠷᠢ ᠶᠢᠨ ᠂ ᠲᠠᠰ ᠳᠠᠪᠬᠤᠷᠭ᠎ᠠ ᠬᠤᠪᠢᠶᠠᠭᠰᠠᠨ ᠂ ᠪᠦᠭᠦᠨ ᠢ ᠬᠠᠮᠤᠷᠤᠭᠰᠠᠨ ᠪᠦᠭᠦ ᠬᠥᠮᠥᠰ ᠤᠨ ᠪᠣᠯᠪᠠᠰᠤᠷᠠᠯ ᠢ ᠥᠷᠨᠢᠭᠦᠯᠦᠨ᠎ᠡ ᠃ ᠡᠯ᠎ᠡ ᠱᠠᠲᠤᠨ ᠤ ᠨᠠᠮ ᠤᠨ | ᠬᠤᠷᠢᠶᠠᠨ ︵ ᠨᠠᠮ ᠤᠨ ᠤᠳᠤᠷᠢᠳᠬᠤ ᠳᠤᠭᠤᠶᠢᠯᠠᠩ ︶ ᠤ ᠤᠨᠤᠯ ᠰᠤᠷᠤᠯᠴᠠᠬᠤ ᠭᠤᠣᠯ ᠳᠤᠭᠤᠶᠢᠯᠠᠩ ᠰᠢᠰᠲ᠋ᠧᠮ ᠲᠠᠢ ᠰᠤᠷᠤᠯᠴᠠᠬᠤ ᠲᠥᠯᠥᠪᠯᠡᠭᠡ ᠲᠣᠭᠲᠠᠭᠠᠵᠤ ᠂ | ᠲᠤᠰᠬᠠᠢ ᠰᠡᠳᠦᠪ ᠭᠠᠷᠭᠠᠵᠤ ᠰᠤᠳᠤᠯᠤᠨ ᠶᠠᠷᠢᠯᠴᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠶᠢᠮᠠᠭ ᠬᠤᠲᠠ ᠶᠢᠨ ᠲᠢᠩᠬᠢᠮ | ᠲᠣᠪᠴᠢᠶ᠎ᠠ ᠶᠢᠨ ᠲᠠᠰ ᠤᠨ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠂ ᠡᠭᠡᠯᠵᠢᠯᠡᠨ ᠪᠤᠯᠪᠠᠰᠤᠷᠠᠭᠤᠯᠬᠤ ᠠᠩᠭᠢ ᠶᠢ ᠡᠷᠭᠢᠯᠡᠵᠦ ᠂ ᠲᠢᠩᠬᠢᠮ | ᠲᠣᠪᠴᠢᠶ᠎ᠠ ᠶᠢᠨ ᠲᠠᠰ ᠤᠨ ᠺᠠᠳ᠋ᠷ ᠢ ᠪᠦᠭᠦᠨ ᠢ ᠨᠢᠭᠡ ᠤᠳᠠᠭ᠎ᠠ ᠡᠭᠡᠯᠵᠢᠯᠡᠨ ᠪᠤᠯᠪᠠᠰᠤᠷᠠᠭᠤᠯᠬᠤ ᠬᠡᠷᠡᠭᠲᠡᠢ ᠃ ᠠᠶᠢᠮᠠᠭ ᠬᠤᠲᠠ ᠪᠣᠯᠣᠨ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠴᠠᠭ ᠢᠶᠠᠨ ᠲᠥᠪᠯᠡᠷᠡᠭᠦᠯᠦᠨ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠡᠭᠡᠯᠵᠢᠯᠡᠨ | ᠪᠤᠯᠪᠠᠰᠤᠷᠠᠭᠤᠯᠵᠤ ᠂ ᠬᠤᠭᠤᠴᠠᠭ᠎ᠠ ᠪᠦᠯᠦᠭ ᠬᠤᠪᠢᠶᠠᠨ ᠨᠠᠮ ᠤᠨ ᠭᠡᠰᠢᠭᠦᠨ ᠺᠠᠳ᠋ᠷᠴᠤᠳ ᠢ ᠪᠤᠯᠪᠠᠰᠤᠷᠠᠭᠤᠯᠬᠤ ᠬᠡᠷᠡᠭᠲᠡᠢ ᠃ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠥᠷᠭᠡᠨ ᠤᠯᠠᠨ ᠨᠠᠮ ᠤᠨ ᠭᠡᠰᠢᠭᠦᠨ ᠤ ᠰᠤᠷᠤᠯᠴᠠᠯᠭ᠎ᠠ ᠪᠣᠯᠪᠠᠰᠤᠷᠠᠯ ᠢ ᠰᠠᠶᠢᠲᠤᠷ ᠵᠣᠬᠢᠶᠠᠨ ᠪᠠᠶᠢᠭᠤᠯᠵᠤ ᠂ ᠨᠠᠮ ᠤᠨ ᠡᠭᠦᠷ ᠨᠢᠭᠡ | ᠪᠦᠷᠢ ᠳᠤ ᠭᠦᠷᠲᠡᠯ᠎ᠡ ᠤᠷᠲᠤᠳᠬᠠᠵᠤ ᠂ ᠨᠠᠮ ᠤᠨ ᠭᠡᠰᠢᠭᠦᠨ ᠪᠦᠭᠦᠨ ᠢ ᠬᠠᠮᠤᠷᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠰᠤᠷᠭᠠᠭᠤᠯᠢ ︵ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠂ ᠺᠠᠳ᠋ᠷ ᠤᠨ ᠳᠡᠭᠡᠳᠦ ᠰᠤᠷᠭᠠᠭᠤᠯᠢ ᠶᠢᠨ | ᠬᠥᠮᠦᠵᠢᠯ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠤᠯᠭᠠᠵᠤ ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠴᠢᠬᠤᠯᠠ ᠠᠭᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ | ᠣᠷᠣᠭᠤᠯᠬᠤ ᠂ ᠬᠢᠴᠢᠶᠡᠯ ᠤᠨ ᠲᠠᠩᠬᠢᠮ ᠳᠤ ᠣᠷᠣᠭᠤᠯᠬᠤ ᠂ ᠲᠠᠷᠢᠬᠢ ᠲᠣᠯᠣᠭᠠᠢ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠃ | ︵ ᠳᠥᠷᠪᠡ ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠭᠡᠨ ᠳᠡᠯᠭᠡᠷ ᠭᠦᠨᠵᠡᠭᠡᠢ | ᠥᠷᠨᠢᠭᠦᠯᠦᠨ᠎ᠡ ᠃ ᠣᠲᠣ ᠠᠴᠠ ᠡᠬᠢᠯᠡᠨ ᠳᠠᠷᠠᠭ᠎ᠠ ᠵᠢᠯ ᠤᠨ ᠡᠬᠢ ᠪᠤᠯᠲᠠᠯ᠎ᠠ ᠂ ᠪᠦᠭᠦ ᠣᠷᠣᠨ ᠤ ᠬᠡᠪᠴᠢᠶᠡᠨ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ | ᠲᠥᠪᠯᠡᠷᠡᠭᠦᠯᠦᠨ ᠥᠷᠨᠢᠭᠦᠯᠵᠦ ᠂ ᠤᠬᠠᠭᠤᠯᠤᠨ ᠲᠠᠶᠢᠯᠪᠤᠷᠢᠯᠠᠬᠤ ᠪᠦᠯᠭᠦᠮ ᠢ ᠪᠦᠷᠢᠯᠳᠦᠭᠦᠯᠵᠦ ᠪᠠᠶᠢᠭᠤᠯᠭ᠎ᠠ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠂ | ᠬᠤᠲᠠ ᠬᠥᠳᠡᠭᠡ ᠨᠡᠶᠢᠭᠡᠮ ᠲᠣᠭᠤᠷᠢᠭ ᠂ ᠰᠤᠷᠭᠠᠭᠤᠯᠢ ᠶᠢᠨ ᠬᠦᠷᠢᠶ᠎ᠡ ᠂ ᠴᠡᠷᠢᠭ ᠤᠨ ᠬᠤᠸᠠᠷᠠᠨ ᠂ ᠡᠯ᠎ᠡ ᠲᠥᠷᠥᠯ ᠤᠨ ᠰᠢᠨ᠎ᠡ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠪᠣᠯᠣᠨ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠭᠦᠨᠵᠡᠭᠡᠶᠢᠷᠡᠨ ᠂ ᠨᠢᠭᠤᠷᠳᠠᠨ ᠶᠠᠷᠢᠯᠴᠠᠬᠤ ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ | ᠶᠠᠷᠢᠯᠴᠠᠭ᠎ᠠ ᠤᠬᠠᠭᠤᠯᠤᠨ ᠲᠠᠶᠢᠯᠪᠤᠷᠢᠯᠠᠯᠲᠠ ᠥᠷᠨᠢᠭᠦᠯᠦᠨ᠎ᠡ ᠃ ᠠᠶᠢᠮᠠᠭ ᠬᠤᠲᠠ ᠂ ᠬᠤᠰᠢᠭᠤ ᠰᠢᠶᠠᠨ ︵ ᠬᠤᠲᠠ ᠂ ᠲᠣᠭᠤᠷᠢᠭ ︶ ᠨᠤᠭᠤᠳ ᠪᠣᠳᠠᠲᠠᠢ ᠲᠠᠢ ᠪᠠᠨ | ᠤᠶᠠᠯᠳᠤᠭᠤᠯᠤᠨ ᠬᠤᠪᠢᠶᠠᠷᠢᠴᠢᠯᠠᠬᠰᠠᠨ ᠤᠬᠠᠭᠤᠯᠤᠨ ᠲᠠᠶᠢᠯᠪᠤᠷᠢᠯᠠᠯᠲᠠ ᠥᠷᠨᠢᠭᠦᠯᠬᠦ ᠬᠡᠷᠡᠭᠲᠡᠢ ᠃ ᠮᠤᠵᠢ ᠶᠢᠨ ᠲᠡᠰ ᠤᠨ ᠺᠠᠳ᠋ᠷ ᠪᠣᠯᠣᠨ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠦᠷᠦᠭᠦᠯᠡᠨ ᠤᠬᠠᠭᠤᠯᠤᠨ ᠲᠠᠶᠢᠯᠪᠤᠷᠢᠯᠠᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠰᠣᠨᠢᠨ ᠂ ᠨᠠᠮ ᠤᠨ | ᠰᠡᠳᠬᠦᠯ ᠂ ᠷᠠᠳᠢᠣ᠋ ᠬᠤᠷᠢᠶ᠎ᠠ ᠂ ᠲᠧᠯᠸᠢᠰ ᠬᠤᠷᠢᠶ᠎ᠠ ᠨᠤᠭᠤᠳ ᠴᠢᠬᠤᠯᠠ ᠬᠡᠪᠯᠡᠯ ᠤᠨ ᠨᠢᠭᠤᠷ ᠂ ᠭᠤᠣᠯᠳᠠᠯᠭ᠎ᠠ ᠲᠠᠢ ᠴᠠᠭ ᠬᠤᠭᠤᠴᠠᠭ᠎ᠠ ᠂ ᠢᠯᠡᠷᠬᠡᠢ ᠪᠠᠶᠢᠷᠢᠨ ᠳᠤ | ᠲᠤᠰᠬᠠᠢ ᠰᠡᠳᠦᠪᠲᠦ ᠲᠤᠰᠬᠠᠢ ᠪᠤᠯᠤᠩ ᠭᠠᠷᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠶᠡᠭᠡ ᠪᠠᠷ ᠤᠬᠠᠭᠤᠯᠤᠨ ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠰᠤᠷᠤᠯᠴᠠᠨ ᠲᠤᠭᠤᠰᠢᠯᠠᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠪᠣᠯᠣᠨ ᠠᠮᠢᠳᠤᠯᠢᠭ ᠦᠢᠯᠡᠳᠦᠯᠭᠡ ᠶᠢ ᠤᠬᠠᠭᠤᠯᠵᠤ ᠂ ᠦᠨᠳᠦᠰᠦᠨ | ᠱᠠᠲᠤᠨ ᠤ ᠺᠠᠳ᠋ᠷ ᠣᠯᠠᠨ ᠲᠦᠮᠡᠨ ᠤ ᠰᠤᠷᠤᠯᠴᠠᠨ ᠲᠤᠭᠤᠰᠢᠯᠠᠭᠤᠯᠤᠭᠰᠠᠨ ᠨᠡᠶᠢᠲᠡᠯᠢᠭ ᠦᠶ᠋ᠯᠡ ᠠᠵᠢᠯᠯᠠᠭ᠎ᠠ ᠪᠣᠯᠣᠨ ᠰᠠᠶᠢᠨ ᠰᠠᠶᠢᠬᠠᠨ ᠳᠦᠷᠰᠦ ᠪᠠᠶᠢᠳᠠᠯ ᠢ | ᠤᠬᠠᠭᠤᠯᠬᠤ ᠬᠡᠷᠡᠭᠲᠡᠢ ᠃ ᠡᠯ᠎ᠡ ᠵᠦᠢᠯ ᠤᠨ ᠤᠬᠠᠭᠤᠯᠭ᠎ᠠ ᠶᠢᠨ ᠭᠡᠯᠪᠡᠷᠢ ᠮᠠᠶ᠋ᠢᠭ ᠪᠣᠯᠣᠨ ᠠᠷᠭ᠎ᠠ ᠪᠠᠷᠢᠯ ᠢ ᠭᠦᠢᠴᠡᠳ ᠠᠰᠢᠭᠯᠠᠨ ᠂ ᠣᠯᠠᠨ ᠲᠦᠮᠡᠨ ᠤ ᠦᠵᠡᠵᠦ | ᠰᠣᠨᠣᠰᠬᠤ ᠳᠤᠷᠠᠲᠠᠢ ᠂ ᠣᠷᠤᠯᠴᠠᠬᠤ ᠳᠤ ᠲᠥᠭᠦᠮ ᠠᠷᠭ᠎ᠠ ᠮᠠᠶ᠋ᠢᠭ ᠢᠶᠠᠷ ᠂ ᠣᠯᠠᠨ ᠠᠴᠢᠶᠠᠯᠠᠪᠤᠷᠢ ᠪᠠᠷ ᠨᠡᠶᠢᠭᠡᠮ ᠤᠨ ᠤᠬᠠᠭᠤᠯᠭ᠎ᠠ ᠶᠢ ᠥᠷᠨᠢᠭᠦᠯᠦᠨ ᠂ ᠣᠯᠠᠨ ᠠᠷᠭ᠎ᠠ | ᠵᠠᠮ ᠢᠶᠠᠷ ᠭᠠᠳᠠᠭᠠᠳᠤ ᠤᠬᠠᠭᠤᠯᠭ᠎ᠠ ᠶᠢ ᠵᠣᠬᠢᠶᠠᠨ ᠪᠠᠶᠢᠭᠤᠯᠵᠤ ᠂ ᠰᠦᠯᠵᠢᠶᠡᠨ ᠳᠡᠭᠡᠷᠡᠬᠢ ᠤᠬᠠᠭᠤᠯᠭ᠎ᠠ ᠶᠢ ᠪᠣᠰᠤᠭ᠎ᠠ ᠴᠣᠭᠴᠠᠵᠢᠭᠤᠯᠤᠨ ᠠᠬᠢᠭᠤᠯᠵᠤ ᠂ ᠪᠦᠭᠦ | ᠣᠷᠣᠨ ᠤ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠣᠮᠣ ᠭᠡᠯᠪᠡᠷᠢ ᠶᠢᠨ ᠭᠤᠣᠯ ᠰᠡᠳᠦᠪᠲᠦ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠣᠯᠠᠨ ᠲᠦᠮᠡᠨ ᠲᠠᠢ | ᠣᠶᠢᠷᠠᠲᠤᠭᠰᠠᠨ ᠂ ᠴᠢᠨᠠᠷ ᠰᠠᠶᠢᠲᠠᠢ ᠂ ᠬᠥᠮᠥᠰ ᠤᠨ ᠰᠡᠳᠬᠢᠯ ᠢ ᠬᠥᠳᠡᠯᠭᠡᠮ᠎ᠡ ᠨᠢᠭᠡ ᠪᠦᠯᠦᠭ ᠤᠬᠠᠭᠤᠯᠭ᠎ᠠ ᠮᠡᠳᠡᠭᠡᠯᠡᠯ ᠢ ᠲᠥᠪᠯᠡᠷᠡᠭᠦᠯᠦᠨ ᠭᠠᠷᠭᠠᠬᠤ ᠬᠡᠷᠡᠭᠲᠡᠢ ᠃ | ᠰᠤᠳᠤᠯᠤᠨ ᠲᠠᠶᠢᠯᠪᠤᠷᠢᠯᠠᠬᠤ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠂ ᠪᠦᠭᠦ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠤᠨᠤᠯ ᠤᠨ ᠵᠣᠬᠢᠶᠠᠯ ᠢ ᠵᠣᠬᠢᠶᠠᠨ ᠪᠠᠶᠢᠭᠤᠯᠤᠨ | ᠲᠤᠭᠤᠷᠪᠢᠨ ᠪᠢᠴᠢᠵᠦ ᠨᠡᠶᠢᠲᠡᠯᠡᠬᠦ ᠬᠡᠷᠡᠭᠲᠡᠢ ᠃ | ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠶᠢ ᠡᠳᠦᠷ ᠳᠤᠳᠤᠮ ᠤᠨ ᠴᠢᠬᠤᠯᠠ ᠵᠥᠪᠯᠡᠭᠦ ᠵᠦᠢᠯ ᠳᠡᠭᠡᠨ ᠣᠷᠣᠭᠤᠯᠵᠤ ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ | ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ ᠃ ᠡᠯ᠎ᠡ ᠱᠠᠲᠤᠨ ᠤ ᠵᠣᠬᠢᠶᠠᠨ ᠪᠠᠶᠢᠭᠤᠯᠬᠤ ᠂ ᠤᠬᠠᠭᠤᠯᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠂ ᠨᠠᠮ ᠤᠨ ᠬᠤᠷᠢᠶᠠᠨ ︵ ᠨᠠᠮ ᠤᠨ ᠤᠳᠤᠷᠢᠳᠬᠤ ᠳᠤᠭᠤᠶᠢᠯᠠᠩ ︶ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ ᠨᠢᠭᠲᠠ ᠬᠠᠮᠵᠢᠯᠴᠠᠵᠤ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠬᠤᠶᠢᠰᠢᠳᠠ ᠶᠢᠨ ᠠᠵᠢᠯ ᠢᠶᠠᠨ ᠲᠥᠯᠥᠪᠵᠢᠭᠦᠯᠬᠦ | ᠪᠠ ᠶᠠᠭ ᠬᠢᠵᠦ ᠪᠠᠶᠢᠭ᠎ᠠ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ ᠂ ᠬᠦᠴᠦᠯᠡᠬᠦ ᠴᠡᠭ ᠢᠶᠠᠨ ︽ ᠲᠤᠯᠤᠭᠠᠨ ᠲᠥᠪᠯᠡᠷᠡᠯ ︾ ᠳᠡᠭᠡᠷ᠎ᠡ ᠲᠠᠯᠪᠢᠵᠤ ᠂ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠃ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ | ᠲᠦᠷᠦᠭᠦᠯᠡᠨ ᠰᠤᠷᠤᠯᠴᠠᠵᠤ ᠂ ᠲᠦᠷᠦᠭᠦᠯᠡᠨ ᠶᠠᠷᠢᠵᠤ ᠂ ᠲᠦᠷᠦᠭᠦᠯᠡᠨ ᠬᠢᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠵᠦᠢᠯ ᠤᠨ | ᠠᠵᠢᠯ ᠳᠠᠭᠠᠨ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ ᠃ | ᠬᠤᠶᠠᠷ ᠂ ︽ ᠬᠤᠶᠠᠷ ᠢ ᠲᠣᠭᠲᠠᠭᠠᠭᠰᠠᠨ ︾ ᠢ ᠨᠠᠩ ᠡᠷᠡᠰ ᠪᠠᠲᠤ ᠤᠬᠠᠮᠰᠠᠷ ᠠᠴᠠ ᠪᠠᠨ ᠬᠦᠷᠢᠶᠡᠯᠡᠵᠦ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠨ᠎ᠡ | ︽ ᠬᠤᠶᠠᠷ ᠢ ᠲᠣᠭᠲᠠᠭᠠᠭᠰᠠᠨ ︾ ᠢ ᠬᠦᠷᠢᠶᠡᠯᠡᠬᠦ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠶᠢ ᠬᠠᠮᠤᠭ ᠤᠨ ᠶᠡᠭᠡ ᠤᠯᠤᠰ ᠲᠦᠷᠦ ᠂ ᠬᠠᠮᠤᠭ ᠤᠨ ᠶᠡᠭᠡ | ᠶᠡᠭᠡ ᠲᠠᠯ᠎ᠠ ᠂ ᠬᠠᠮᠤᠭ ᠤᠨ ᠶᠡᠭᠡ ︽ ᠤᠯᠤᠰ ᠤᠨ ᠶᠡᠭᠡ ᠶᠠᠪᠤᠳᠠᠯ ︾ ᠪᠤᠯᠭᠠᠵᠤ ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ ᠃ | ︵ ᠨᠢᠭᠡ ︶ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠎ᠠ ᠃ ︽ ᠬᠤᠶᠠᠷ ᠢ ᠲᠣᠭᠲᠠᠭᠠᠭᠰᠠᠨ ︾ | ᠪᠣᠯ ᠨᠠᠮ ᠤᠨ ᠰᠢᠨ᠎ᠡ ᠴᠠᠭ ᠦᠶ᠎ᠡ ᠳᠤ ᠣᠯᠣᠭᠰᠠᠨ ᠴᠢᠬᠤᠯᠠ ᠶᠡᠭᠡ ᠤᠯᠤᠰ ᠲᠦᠷᠦ ᠶᠢᠨ ᠦᠷ᠎ᠡ ᠪᠦᠲᠦᠭᠡᠯ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠂ ᠨᠠᠮ ᠪᠣᠯᠣᠨ ᠤᠯᠤᠰ ᠤᠨ ᠠᠵᠢᠯ ᠦᠢᠯᠡᠰ ᠲᠤ ᠠᠭᠤᠤ ᠶᠡᠭᠡ ᠬᠤᠪᠢᠰᠤᠯᠲᠠ ᠣᠯᠣᠭᠰᠠᠨ ᠤ ᠦᠨᠳᠦᠰᠦᠨ ᠰᠢᠯᠲᠠᠭᠠᠨ ᠨᠢ ᠳᠠᠷᠤᠢ ︽ | ᠬᠤᠶᠠᠷ ᠢ ᠲᠣᠭᠲᠠᠭᠠᠭᠰᠠᠨ ︾ ᠳᠤ ᠪᠤᠢ ᠃ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ | ᠶᠠᠪᠤᠳᠠᠯ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠬᠠᠮᠤᠭ ᠤᠨ ᠴᠢᠬᠤᠯᠠ ᠡᠭᠦᠷᠭᠡ | ᠪᠤᠯᠭᠠᠬᠤ ᠬᠡᠷᠡᠭᠲᠡᠢ ᠂ ︽ ᠬᠤᠶᠠᠷ ᠢ ᠲᠣᠭᠲᠠᠭᠠᠭᠰᠠᠨ ︾ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯᠯᠠᠭᠴᠢ ᠬᠦᠴᠦᠨ ᠢ ᠲᠣᠭᠲᠠᠭᠠᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡᠨ ᠬᠠᠨᠳᠤᠰᠢ ᠶᠢ ᠲᠣᠭᠲᠠᠭᠠᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠵᠤ ᠂ ᠳᠤᠮᠳᠠᠳᠤ ᠤᠯᠤᠰ ᠤᠨ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩᠲᠤ ᠢᠷᠡᠭᠡᠳᠦᠢ ᠶᠢᠨ ᠬᠤᠪᠢ | ᠵᠠᠶᠠᠭ᠎ᠠ ᠶᠢ ᠲᠣᠭᠲᠠᠭᠠᠭᠰᠠᠨ ᠢ ᠭᠦᠨᠵᠡᠭᠡᠢ ᠲᠠᠨᠢᠵᠤ ᠂ ︽ ᠬᠤᠶᠠᠷ ᠢ ᠲᠣᠭᠲᠠᠭᠠᠭᠰᠠᠨ ︾ ᠨᠢ ᠨᠠᠮ ᠠᠴᠠ ᠠᠯᠢᠪᠠ ᠲᠣᠭᠲᠠᠪᠤᠷᠢᠲᠤ ᠪᠤᠰᠤ ᠴᠢᠨᠠᠷ ᠢ ᠠᠷᠭᠠᠴᠠᠭᠠᠬᠤ | ᠬᠠᠮᠤᠭ ᠤᠨ ᠶᠡᠭᠡ ᠲᠣᠭᠲᠠᠪᠤᠷᠢᠲᠤ ᠴᠢᠨᠠᠷ ᠂ ᠬᠠᠮᠤᠭ ᠤᠨ ᠶᠡᠭᠡ ᠢᠲᠡᠭᠡᠯ ᠵᠣᠷᠢᠭ ᠂ ᠬᠠᠮᠤᠭ ᠤᠨ ᠶᠡᠭᠡ ᠪᠠᠲᠤᠯᠠᠭ᠎ᠠ ᠮᠥᠨ ᠭᠡᠳᠡᠭ ᠢ ᠭᠦᠨᠵᠡᠭᠡᠢ ᠲᠠᠨᠢᠵᠤ ᠂ ᠶᠡᠷᠦᠩᠬᠡᠢ | ᠱᠦᠵᠢ ᠰᠢ ᠶᠢᠨ ᠫᠢᠩ ᠤᠨ ᠭᠤᠣᠯᠯᠠᠭᠴᠢ ᠶᠢᠨ ᠪᠠᠶᠢᠷᠢ ᠰᠠᠭᠤᠷᠢ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠵᠢᠯᠤᠭᠤᠳᠬᠤ ᠪᠠᠶᠢᠷᠢ ᠰᠠᠭᠤᠷᠢ ᠶᠢᠨ ᠤᠷᠳᠤ ᠬᠤᠭᠤᠴᠠᠭ᠎ᠠ ᠲᠣᠭᠲᠠᠭᠤᠨ ᠪᠠᠶᠢᠬᠤ ᠶᠢ ᠨᠠᠩ ᠡᠷᠡᠰ ᠪᠠᠲᠤ ᠤᠬᠠᠮᠰᠠᠷ ᠠᠴᠠ ᠪᠠᠨ | ᠬᠠᠮᠠᠭᠠᠯᠠᠬᠤ ᠬᠡᠷᠡᠭᠲᠡᠢ ᠃ | ︵ ᠬᠤᠶᠠᠷ ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ ᠂ ᠪᠦᠭᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ | ᠡᠷᠡᠰ ᠬᠠᠮᠠᠭᠠᠯᠠᠵᠤ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ ᠃ ︽ ᠲᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠲᠦᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ | ᠬᠠᠮᠠᠭᠠᠯᠠᠬᠤ ︾ ᠶᠢ ᠡᠷᠡᠰ ᠪᠡᠶᠡᠯᠡᠭᠦᠯᠵᠦ ᠂ ︽ ᠤᠯᠤᠰ ᠤᠨ ᠶᠡᠭᠡ ᠶᠠᠪᠤᠳᠠᠯ ︾ ᠢ ᠢᠮᠠᠭᠲᠠ ᠪᠠᠲᠤ ᠴᠡᠭᠡᠵᠢᠯᠡᠵᠦ ᠂ ᠨᠠᠮ ᠤᠨ ᠲᠥᠪ ᠬᠤᠷᠢᠶᠠᠨ ᠤ ᠶᠠᠭᠤ ᠶᠢ | ᠬᠠᠯᠠᠮᠵᠢᠯᠠᠵᠤ ᠪᠠᠶᠢᠬᠤ ᠂ ᠶᠠᠭᠤ ᠶᠢ ᠴᠢᠬᠤᠯᠠᠴᠢᠯᠠᠵᠤ ᠪᠠᠶᠢᠬᠤ ᠶᠢ ᠴᠠᠭ ᠢᠮᠠᠭᠲᠠ ᠠᠩᠬᠠᠷᠴᠤ ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠂ | ᠤᠯᠤᠰ ᠠᠴᠠ ᠬᠡᠷᠡᠭᠴᠡᠭᠡ ᠲᠠᠢ ᠯᠡ ᠶᠤᠮ ᠪᠣᠯ ᠡᠷᠡᠰ ᠬᠢᠵᠦ ᠂ ᠳᠠᠷᠦ᠋ᠢᠬᠠᠨ ᠬᠢᠵᠦ ᠂ ᠪᠣᠳᠠᠲᠠᠢ ᠠᠳᠬᠤᠵᠤ ᠂ ᠨᠠᠮ ᠤᠨ ᠲᠥᠪ ᠬᠤᠷᠢᠶ᠎ᠠ ᠶᠠᠭᠠᠬᠢᠵᠤ ᠱᠠᠭᠠᠷᠳᠠᠵᠤ | ᠪᠠᠶᠢᠪᠠᠯ ᠶᠠᠭᠠᠬᠢᠵᠤ ᠬᠢᠬᠦ ᠶᠢ ᠦᠨᠡᠨ ᠬᠦ ᠪᠡᠶᠡᠯᠡᠭᠦᠯᠵᠦ ᠂ ᠶᠡᠷᠦᠩᠬᠡᠢ ᠱᠦᠵᠢ ᠰᠢ ᠶᠢᠨ ᠫᠢᠩ ᠬᠠᠮᠢᠭᠠᠰᠢ ᠵᠢᠭᠠᠪᠠᠯ ᠲᠡᠨᠳᠡ ᠬᠦᠷᠴᠦ ᠭᠦᠢᠴᠡᠳᠬᠡᠬᠦ ᠬᠡᠷᠡᠭᠲᠡᠢ ᠃ | ᠠᠯᠢᠪᠠ ᠠᠵᠢᠯ ᠢ ᠥᠷᠨᠢᠭᠦᠯᠬᠦ ᠳᠤ ᠴᠥᠮ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠪᠠᠷ ᠤᠷᠢᠲᠠᠯ | ᠪᠤᠯᠭᠠᠵᠤ ᠂ ᠠᠵᠢᠯ ᠤᠨ ᠰᠡᠳᠬᠢᠴᠡ ᠪᠠᠨ ᠲᠣᠭᠲᠠᠭᠠᠬᠤ ᠂ ᠠᠵᠢᠯ ᠤᠨ ᠠᠷᠭ᠎ᠠ ᠬᠡᠮᠵᠢᠶ᠎ᠡ ᠪᠠᠨ ᠲᠣᠭᠲᠠᠭᠠᠬᠤ ᠳᠠᠭᠠᠨ ᠤᠬᠠᠮᠰᠠᠷ ᠠᠴᠠ ᠪᠠᠨ ᠨᠠᠮ ᠤᠨ ᠤᠨᠤᠯ ᠪᠠ | ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠢ ᠡᠷᠡᠰ ᠴᠤᠤᠷᠢᠶᠠᠲᠤᠨ | ᠲᠠᠭᠠᠵᠤ ᠂ ᠨᠠᠮ ᠤᠨ ᠲᠥᠪ ᠬᠤᠷᠢᠶᠠᠨ ᠤ ᠲᠣᠭᠲᠠᠭᠠᠯ ᠢ ᠡᠷᠡᠰ ᠵᠢᠷᠤᠮᠯᠠᠨ ᠭᠦᠢᠴᠡᠳᠬᠡᠵᠦ ᠂ ᠨᠠᠮ ᠤᠨ ᠲᠥᠪ ᠬᠤᠷᠢᠶᠠᠨ ᠤ ᠴᠠᠭᠠᠵᠠᠯᠠᠭᠰᠠᠨ ᠢ ᠡᠷᠡᠰ ᠬᠢᠬᠦ ᠦᠭᠡᠢ | ᠪᠠᠶᠢᠬᠤ ᠶᠢ ᠪᠡᠶᠡᠯᠡᠭᠦᠯᠬᠦ ᠬᠡᠷᠡᠭᠲᠡᠢ ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ ᠂ ︽ | ᠬᠤᠶᠠᠷ ᠢ ᠬᠠᠮᠠᠭᠠᠯᠠᠬᠤ ︾ ᠶᠢ ᠪᠠᠲᠤᠯᠠᠬᠤ ᠳᠦᠷᠢᠮ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ | ᠮᠡᠳᠡᠭᠦᠯᠭᠦ ᠵᠡᠷᠭᠡ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠤᠯᠤᠰ ᠲᠥᠷᠥ ᠶᠢ ᠡᠷᠭᠢᠮᠯᠡᠭᠦ ᠂ ᠶᠣᠰᠣ ᠳᠦᠷᠢᠮ ᠢ ᠣᠶᠢᠯᠠᠭᠠᠬᠤ ᠂ ᠰᠠᠬᠢᠯᠭ᠎ᠠ ᠪᠠᠲᠤ ᠶᠢ | ᠰᠠᠬᠢᠬᠤ ᠶᠢ ᠦᠭᠡ ᠶᠠᠷᠢᠶ᠎ᠠ ᠦᠶ᠋ᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠭᠦ ᠬᠡᠷᠡᠭᠲᠡᠢ ᠃ | ︵ ᠭᠤᠷᠪᠠ ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢᠶᠠᠨ ᠨᠢᠭᠡᠳᠬᠡᠵᠦ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨ᠎ᠠ ᠃ ︽ ᠠᠷᠪᠠᠨ ᠲᠣᠳᠣᠷᠬᠠᠢ ︾ ᠂ ︽ ᠠᠷᠪᠠᠨ ᠳᠥᠷᠪᠡᠨ | ᠪᠠᠷᠢᠮᠲᠠᠯᠠᠯ ︾ ᠂ ︽ ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ ︾ ᠶᠢᠨ ᠭᠤᠣᠯ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠭᠦᠨᠵᠡᠭᠡᠢ | ᠣᠶᠢᠯᠠᠭᠠᠨ ᠡᠵᠡᠮᠰᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠠᠭᠠᠨ ᠰᠤᠷᠤᠯᠴᠠᠵᠤ ᠂ ᠡᠨᠡ ᠬᠦ | ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠂ ᠦᠵᠡᠯ ᠰᠠᠨᠠᠭᠠᠨ ᠤ ᠰᠢᠰᠲ᠋ᠧᠮ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠣᠨᠣᠪᠴᠢᠲᠠᠶ | ᠣᠶᠢᠯᠠᠭᠠᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ | ᠵᠢᠷᠭᠤᠭ᠎ᠠ ᠶᠢ ᠪᠠᠷᠢᠮᠲᠠᠯᠠᠬᠤ ︾ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ ᠂ ᠲᠡᠭᠦᠨ ᠳᠤ ᠠᠭᠤᠯᠤᠭᠳᠠᠵᠤ | ᠪᠠᠶᠢᠭ᠎ᠠ ᠮᠠᠷᠺᠰ ᠤᠨ ᠦᠵᠡᠯ ᠤᠨ ᠦᠨᠳᠦᠰᠦᠨ ᠦᠷᠳᠡᠭ ᠤᠨ ᠬᠥᠭᠡᠭᠡᠴᠡᠯᠳᠦᠯ ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠤᠨᠤᠯ ᠤᠨ ᠬᠡᠪ ᠴᠢᠨᠠᠷ ᠂ ᠪᠣᠳᠠᠲᠠᠢ | ᠠᠰᠠᠭᠤᠳᠠᠯ ᠢ ᠪᠣᠳᠠᠲᠠᠢ ᠵᠠᠳᠠᠯᠬᠤ ᠰᠦᠭ ᠰᠦᠨᠡᠰᠦ ᠂ ᠪᠣᠳᠠᠰᠴᠢ ᠬᠤᠪᠢᠰᠤᠩᠭᠤᠢ ᠠᠷᠭ᠎ᠠ ᠶᠢᠨ ᠦᠨᠳᠦᠰᠦᠨ ᠠᠷᠭ᠎ᠠ ᠶᠢᠨ ᠤᠨᠤᠯ ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠭᠢᠮᠯᠡᠭᠦ ᠦᠢᠯᠡᠳᠦᠯᠭᠡ ᠶᠢᠨ ᠦᠵᠡᠯᠲᠡ ᠂ ᠪᠦᠭᠦ ᠬᠥᠮᠥᠨ ᠲᠥᠷᠥᠯᠬᠢᠲᠡᠨ ᠢ ᠴᠢᠯᠦᠭᠡᠯᠡᠨ ᠪᠤᠶᠠᠨ ᠦᠢᠯᠡᠳᠭᠦ ᠠᠤᠭ᠎ᠠ ᠬᠠᠷᠠᠭ᠎ᠠ ᠶᠢ ᠭᠦᠨᠵᠡᠭᠡᠢ | ᠣᠶᠢᠯᠠᠭᠠᠵᠤ ᠂ ᠡᠨᠡ ᠬᠦ ᠦᠵᠡᠯ ᠰᠠᠨᠠᠭ᠎ᠠ ᠪᠠᠷ ᠪᠣᠳᠠᠲᠠᠢ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠡᠨᠡ ᠬᠦ | ᠦᠵᠡᠯ ᠰᠠᠨᠠᠭ᠎ᠠ ᠶᠢ ᠠᠮᠢᠳᠤᠯᠢᠭ ᠢᠶᠠᠷ ᠰᠤᠷᠴᠤ ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠳᠤ ᠠᠮᠢᠳᠤᠯᠢᠭ ᠢᠶᠠᠷ | ᠬᠡᠷᠡᠭᠯᠡᠬᠦ ᠬᠡᠷᠡᠭᠲᠡᠢ ᠃ | ︵ ᠳᠥᠷᠪᠡ ︶ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠤᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠰᠢᠨ᠎ᠡ ᠴᠠᠭ | ᠦᠶ᠎ᠡ ᠶᠢᠨ ᠥᠪᠥᠷ ᠮᠣᠩᠭᠤᠯ ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠯᠠᠯᠲᠠ ᠶᠢᠨ ᠴᠢᠭᠯᠡᠯ ᠂ | ᠪᠣᠳᠠᠲᠠᠢ ᠠᠷᠭ᠎ᠠ ᠵᠠᠮ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠳᠣᠷᠬᠠᠶᠢᠯᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ ᠥᠪᠥᠷ ᠮᠣᠩᠭᠤᠯ ᠤᠨ ᠬᠠᠭᠤᠳᠠᠰᠤ ︾ ᠪᠣᠯᠣᠨ᠎ᠠ ᠃ ᠭᠦᠨᠵᠡᠭᠡᠢ ᠰᠤᠷᠤᠯᠴᠠᠨ | ᠨᠡᠪᠲᠡᠷᠡᠲᠡᠯ᠎ᠡ ᠣᠶᠢᠯᠠᠭᠠᠨ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ ᠂ ᠡᠭᠦᠨ ᠤ ᠳᠤᠮᠳᠠ ᠠᠴᠠ ᠲᠠᠰᠤᠷᠠᠯᠲᠠ ᠦᠭᠡᠢ ᠠᠴᠢ ᠬᠠᠷᠢᠭᠤᠯᠤᠨ | ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠬᠦᠴᠦᠨ ᠢ ᠰᠢᠩᠭᠡᠬᠡᠨ ᠠᠪᠴᠤ ᠂ ᠠᠵᠢᠯ ᠢᠶᠠᠨ ᠰᠠᠶᠢᠲᠤᠷ ᠬᠢᠬᠦ ᠰᠡᠳᠬᠢᠮᠵᠢ ᠪᠠ ᠠᠷᠭ᠎ᠠ ᠶᠢ ᠠᠭᠤᠳᠠᠯᠵᠤ ᠂ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ | ᠬᠡᠷᠡᠭᠲᠡᠢ ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠡᠭᠦᠷᠭᠡ ᠶᠢᠨ ᠠᠵᠢᠯ ᠤᠨ | ᠬᠤᠪᠢᠶᠠᠷᠢᠯᠠᠯ ᠂ ᠪᠠᠶᠢᠳᠠᠯ ᠢ ᠮᠡᠳᠡᠭᠳᠡᠬᠦ ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ ᠂ ᠲᠣᠭᠲᠠᠮᠠᠯ | ᠬᠤᠭᠤᠴᠠᠭ᠎ᠠ ᠲᠠᠢ ᠪᠠᠷ ᠮᠥᠷᠳᠡᠨ ᠱᠠᠯᠠᠪᠳᠠᠭᠤᠯᠤᠨ ᠪᠠᠶᠢᠴᠠᠭᠠᠵᠤ ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠲᠥᠪ ᠬᠤᠷᠢᠶ᠎ᠠ ᠳᠤ ᠲᠠᠩᠰᠠ ᠮᠡᠳᠡᠭᠦᠯᠵᠦ ᠂ | ᠲᠠᠩᠰᠠ ᠲᠤᠰᠢᠶᠠᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶᠠᠨ ︵ ᠨᠠᠮ ᠤᠨ ᠤᠳᠤᠷᠢᠳᠬᠤ ᠳᠤᠭᠤᠶᠢᠯᠠᠩ ︶ ᠤ ᠭᠤᠣᠯ ᠬᠠᠷᠢᠭᠤᠴᠠᠯᠭᠠᠲᠠᠨ ᠶᠡᠷᠦᠩᠬᠡᠢ | ᠬᠠᠷᠢᠭᠤᠴᠠᠯᠭ᠎ᠠ ᠡᠭᠦᠷᠭᠡᠯᠡᠵᠦ ᠂ ᠪᠡᠶ᠎ᠡ ᠪᠠᠷ ᠢᠶᠠᠨ ᠠᠳᠬᠤᠵᠤ ᠂ ᠦᠨᠡᠨ ᠪᠣᠳᠠᠲᠠᠢ ᠦᠷ᠎ᠡ ᠪᠦᠲᠦᠮᠵᠢ ᠪᠠᠷ ︽ ᠬᠤᠶᠠᠷ ᠢ ᠬᠠᠮᠠᠭᠠᠯᠠᠬᠤ ︾ ᠶᠢ ᠦᠢᠯᠡᠳᠦᠯᠭᠡᠵᠢᠭᠦᠯᠬᠦ | ᠬᠡᠷᠡᠭᠲᠡᠢ ᠃ | ᠭᠤᠷᠪᠠ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ | ᠥᠭᠡᠷᠡᠴᠢᠯᠡᠯᠲᠡ ᠬᠥᠭᠵᠢᠯᠲᠡ ᠶᠢᠨ ᠲᠣᠭᠲᠠᠭᠤᠨ ᠤ ᠠᠵᠢᠯ ᠢ ᠰᠠᠶᠢᠲᠤᠷ ᠬᠢᠨ᠎ᠡ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠂ ᠣᠷᠣᠨ ᠤ ᠪᠠᠶᠢᠳᠠᠯ ᠤᠨ ᠲᠤᠬᠠᠢ ᠲᠠᠨᠢᠯᠲᠠ ᠪᠠᠨ | ᠭᠦᠨᠵᠡᠭᠡᠶᠢᠷᠡᠭᠦᠯᠵᠦ ᠂ ᠬᠦᠴᠦᠯᠡᠬᠦ ᠭᠤᠣᠯᠳᠠᠯᠭ᠎ᠠ ᠪᠠᠨ ᠣᠨᠣᠪᠴᠢᠲᠠᠢ ᠣᠯᠵᠤ ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠲᠠᠰᠤᠷᠠᠯᠳᠠ ᠦᠭᠡᠢ ᠡᠯᠪᠡᠭ ᠪᠠᠶᠠᠯᠢᠭ ᠦᠷ᠎ᠡ ᠪᠦᠲᠦᠭᠡᠯ | ᠣᠯᠬᠤ ᠶᠢ ᠠᠬᠢᠭᠤᠯᠤᠨ᠎ᠠ ᠃ | ︵ ᠨᠢᠭᠡ ︶ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ ᠃ ᠬᠥᠭᠵᠢᠯᠲᠡ ᠪᠠᠷ ᠠᠨᠠᠢ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ ᠂ | ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠤᠯᠭᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠎ᠠ ᠃ ᠬᠥᠭᠵᠢᠯᠲᠡ ᠶᠢᠨ ᠠᠷᠭ᠎ᠠ | ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠬᠥᠭᠵᠢᠭᠦᠯᠵᠦ ᠂ ᠠᠵᠤ ᠦᠢᠯᠡᠰ ᠤᠨ ᠪᠦᠲᠦᠴᠡ ᠂ ᠡᠨᠧᠷᠭᠢ ᠶᠢᠨ ᠪᠦᠲᠦᠴᠡ ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠂ ᠭᠠᠵᠠᠷ ᠰᠢᠷᠣᠢ ᠬᠡᠷᠡᠭᠯᠡᠬᠦ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠂ ᠪᠣᠬᠢᠷᠳᠤᠯ ᠦᠭᠡᠢ ᠬᠥᠭᠵᠢᠯᠲᠡ ᠶᠢ | ᠳᠡᠮᠵᠢᠭᠦ ᠡᠳ᠋ ᠤᠨ ᠵᠠᠰᠠᠭ ᠤᠨ ᠭᠠᠶᠢᠯᠢ ᠂ ᠮᠥᠩᠭᠦᠨ ᠭᠦᠢᠯᠭᠡᠭᠡᠨ ᠂ ᠪᠡᠯᠡ ᠣᠷᠣᠭᠤᠯᠤᠯᠲᠠ ᠂ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ ᠂ ︽ 8 ᠲᠣᠮᠣ ᠠᠵᠤ ᠦᠢᠯᠡᠰ ᠤᠨ ᠪᠦᠯᠦᠭᠵᠢᠯ ︾ ᠂ ︽ 12 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ︾ ᠶᠢᠨ ᠪᠣᠬᠢᠷᠳᠤᠯ | ᠦᠭᠡᠢ ᠠᠭᠤᠯᠤᠭᠳᠠᠴᠠ ᠂ ᠦᠨ᠎ᠡ ᠴᠠᠨ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠠᠬᠢᠭᠤᠯᠵᠤ ᠂ ᠥᠪᠥᠷ ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠤᠨ᠎ᠠ ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ | ᠪᠠᠷᠢᠮᠲᠠᠯᠠᠵᠤ ᠂ ᠳᠡᠭᠡᠳᠦ ᠲᠡᠰᠵᠢᠭᠦᠯᠭᠦ ᠂ ᠣᠶᠤᠨᠴᠢᠯᠠᠬᠤ ᠂ ᠪᠣᠬᠢᠷᠳᠤᠯ ᠦᠭᠡᠢ ᠪᠤᠯᠭᠠᠬᠤ ᠴᠢᠭᠯᠡᠯ ᠢ ᠪᠠᠷᠢᠮᠲᠠᠯᠠᠵᠤ ᠂ ᠡᠨᠧᠷᠭᠢ ᠂ ᠬᠢᠮᠢ ᠶᠢᠨ ᠠᠵᠤ ᠦᠢᠯᠡᠳᠪᠦᠷᠢ ᠂ | ᠪᠠᠷᠢᠯᠭ᠎ᠠ ᠶᠢᠨ ᠮᠠᠲ᠋ᠧᠷᠢᠶᠠᠯ ᠂ ᠲᠡᠮᠦᠷᠯᠢᠭ ᠪᠤᠯᠪᠠᠰᠤᠷᠠᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦ ᠶᠢ | ᠠᠬᠢᠭᠤᠯᠵᠤ ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠂ ᠠᠮᠢᠳᠤ ᠪᠣᠳᠠᠰ ᠤᠨ ᠡᠮ ᠡᠮᠨᠡᠯᠭᠡ ᠂ ᠳᠡᠭᠡᠳᠦ | ᠲᠡᠰ ᠤᠨ ᠲᠣᠨᠣᠭᠯᠠᠯ ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠠᠭᠤᠰᠤᠯᠴᠠᠵᠤ | ᠪᠦᠯᠦᠭᠵᠢᠨ ᠭᠦᠭᠵᠢᠭᠦ ᠶᠢ ᠠᠬᠢᠭᠤᠯᠵᠤ ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠬᠤ ᠪᠠ ᠦᠷᠳᠡᠭ ᠤᠨ ᠬᠡᠯᠬᠢᠶ᠎ᠡ ᠶᠢᠨ ᠳᠡᠭᠡᠳᠦ | ᠲᠡᠰ ᠲᠡᠶᠢᠰᠢ ᠤᠷᠲᠤᠰᠬᠠᠬᠤ ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠢ ᠪᠠ ᠤᠯᠠᠨ ᠶᠠᠩᠵᠤᠴᠢᠯᠠᠬᠤ ᠲᠡᠶᠢᠰᠢ ᠲᠡᠰ | ᠳᠡᠪᠰᠢᠭᠦᠯᠭᠦ ᠶᠢ ᠠᠬᠢᠭᠤᠯᠵᠤ ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠭᠦ ᠦᠢᠯᠡᠰ ᠂ ᠤᠳᠤ ᠦᠶ᠎ᠡ ᠶᠢᠨ ᠮᠠᠯ ᠠᠵᠤ ᠠᠬᠤᠢ | ᠲᠠᠷᠢᠶᠠᠯᠠᠩ ᠯᠤᠭ᠎ᠠ ᠭᠦᠨᠵᠡᠭᠡᠢ ᠠᠭᠤᠰᠤᠯᠴᠠᠭᠤᠯᠤᠨ᠎ᠠ ᠃ ᠲᠣᠭᠠᠴᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠲᠣᠭᠠᠴᠢᠯᠠᠭᠰᠠᠨ ᠠᠵᠤ ᠠᠬᠤᠢ ᠪᠣᠯᠣᠨ | ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠯ ᠢ ᠲᠦᠷᠭᠡᠳᠬᠡᠨ ᠠᠬᠢᠭᠤᠯᠤᠨ᠎ᠠ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠵᠤ ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠮᠠᠯ ᠠᠵᠤ ᠠᠬᠤᠢ ᠲᠠᠷᠢᠶᠠᠯᠠᠩ ᠤᠨ ︽ ᠦᠷᠭᠦᠯᠵᠢᠯᠡᠨ ᠭᠦᠭᠵᠢᠭᠦ ︾ ᠡᠷᠴᠢᠮ ᠢ ᠴᠢᠩᠭᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠪᠣᠳᠠᠲᠤ ᠪᠠᠶᠢᠳᠠᠯ ᠳᠤ ᠰᠠᠭᠤᠷᠢᠯᠠᠨ ᠲᠣᠰᠬᠤᠨ ᠤ ᠳᠦᠷᠰᠦ ᠪᠠᠶᠢᠳᠠᠯ ᠢ | ᠰᠠᠶᠢᠵᠢᠷᠠᠭᠤᠯᠵᠤ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ | ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ ᠂ ᠣᠷᠣᠰᠢᠨ ᠰᠠᠭᠤᠷᠢᠰᠢᠵᠤ ᠦᠢᠯᠡᠰ ᠪᠣᠰᠬᠠᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ ᠃ ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢ ᠭᠦᠨᠵᠡᠭᠡᠢ ᠠᠬᠢᠭᠤᠯᠵᠤ ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠵᠤ ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠂ ᠤᠶᠠᠨ ᠬᠠᠲᠠᠨ ᠴᠢᠨᠠᠷᠲᠠᠢ ᠂ ᠣᠶᠤᠨᠲᠤ ᠬᠤᠲᠠ ᠶᠢ ᠴᠣᠭᠴᠠᠯᠠᠨ ᠪᠠᠶᠢᠭᠤᠯᠵᠤ ᠂ ᠭᠦᠭᠡᠬᠤᠲᠠ | ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠦᠯᠦᠭᠵᠢᠯ ᠪᠣᠯᠣᠨ ᠤᠯᠠᠭᠠᠨᠬᠠᠳᠠ ᠂ ᠲᠦᠩᠯᠢᠶᠣᠣ ︽ ᠵᠦᠢᠷᠡᠢ ᠣᠳᠣᠨ ᠣᠷᠣᠨ ︾ ᠢ ᠭᠤᠣᠯᠳᠠᠯᠭ᠎ᠠ ᠲᠠᠢ | ᠪᠦᠲᠦᠭᠡᠨ ᠪᠠᠶᠢᠭᠤᠯᠵᠤ ᠂ ᠶᠡᠭᠡ ᠳᠤᠮᠳᠠ ᠪᠠᠭ᠎ᠠ ᠬᠤᠲᠠ ᠪᠣᠯᠣᠨ ᠪᠠᠭ᠎ᠠ ᠬᠤᠲᠠ ᠪᠠᠯᠭᠠᠰᠤ ᠶᠢᠨ ᠬᠠᠮᠵᠢᠯᠴᠠᠨ ᠬᠥᠳᠡᠯᠦᠯᠴᠡᠬᠦ ᠂ ᠥᠪᠡᠷᠮᠢᠴᠡ ᠣᠨᠴᠠᠯᠢᠭ ᠢᠶᠠᠨ | ᠪᠠᠳᠠᠷᠠᠭᠤᠯᠬᠤ ᠂ ᠳᠣᠲᠣᠭᠠᠳᠤ ᠠᠭᠤᠯᠤᠭᠳᠠᠬᠤᠨ ᠤ ᠭᠡᠯᠪᠡᠷᠢ ᠪᠠᠷ ᠭᠦᠭᠵᠢᠭᠦ ᠶᠢ ᠠᠬᠢᠭᠤᠯᠤᠨ᠎ᠠ ᠃ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ | ᠬᠥᠭᠵᠢᠭᠦᠯᠬᠦ ᠵᠠᠭᠠᠭ ᠢ ᠴᠢᠩᠭ᠎ᠠ ᠲᠣᠭᠲᠠᠭᠠᠵᠤ ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠲᠥᠰᠥᠪ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ ᠂ ᠬᠤᠲᠠ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠱᠠᠯᠢᠨ ᠪᠦᠷᠢᠯᠭᠡᠬᠦ ᠬᠡᠪ ᠰᠤᠷᠲᠠᠯ ᠢ ᠡᠷᠡᠰ ᠬᠤᠪᠢᠷᠠᠭᠤᠯᠤᠨ᠎ᠠ ᠃ ᠵᠡᠭᠦᠨ ᠳᠤᠮᠳᠠ ᠪᠠᠷᠠᠭᠤᠨ ᠬᠡᠰᠡᠭ ᠤᠨ ᠠᠶᠢᠮᠠᠭ | ᠬᠤᠲᠠ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠃ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠪᠠ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ | ᠪᠠᠶᠢᠭᠤᠯᠤᠨ᠎ᠠ ᠃ ᠬᠥᠷᠥᠩᠭᠡ ᠶᠢᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠪᠤᠶᠢᠵᠢᠭᠤᠯᠤᠨ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ︽ ᠲᠢᠶᠠᠨ ᠵᠢᠶᠦ᠋ᠨ | ᠲᠥᠯᠥᠪᠯᠡᠭᠡ ︾ ᠶᠢ ᠬᠡᠷᠡᠭᠵᠢᠭᠦᠯᠵᠦ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ ᠃ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠬᠥᠲᠥᠯᠥᠨ ᠵᠢᠯᠤᠭᠤᠳᠬᠤ ᠪᠠ ᠬᠥᠰᠢᠭᠦᠷᠭᠡ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠂ ᠠᠷᠠᠳ ᠤᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠭᠦᠢᠴᠡᠳ ᠬᠥᠭᠵᠢᠭᠡᠵᠦ ᠂ ︽ ᠬᠤᠶᠠᠷ ᠰᠢᠨ᠎ᠡ ᠨᠢᠭᠡ ᠬᠦᠨᠳᠦ ︾ ᠪᠠ ᠳᠤᠲᠠᠭᠤᠳᠠᠯ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠦᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠭᠡᠨ᠎ᠡ ︔ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠤᠯᠠᠮᠵᠢᠯᠠᠯᠲᠤ ᠬᠡᠷᠡᠭᠯᠡᠭᠡ ᠶᠢ ᠳᠡᠭᠡᠭᠰᠢᠯᠡᠭᠦᠯᠵᠦ ᠂ ᠰᠢᠨ᠎ᠡ ᠪᠠᠷ ᠬᠥᠭᠵᠢᠭᠰᠡᠨ ᠬᠡᠷᠡᠭᠯᠡᠭᠡ ᠶᠢ ᠪᠤᠶᠢᠵᠢᠭᠤᠯᠤᠨ ᠂ ᠳᠠᠯᠳᠠ ᠬᠡᠷᠡᠭᠯᠡᠭᠡ ᠶᠢ ᠬᠥᠭᠵᠢᠭᠡᠵᠦ ᠂ ᠬᠡᠷᠡᠭᠯᠡᠭᠡ ᠶᠢ | ᠬᠥᠭᠵᠢᠭᠡᠬᠦ ᠪᠠᠷ ᠬᠥᠮᠥᠰ ᠤᠨ ᠤᠷᠮ᠎ᠠ ᠵᠣᠷᠢᠭ ᠢ ᠳᠠᠶᠢᠴᠢᠯᠠᠵᠤ ᠂ ᠬᠤᠳᠠᠯᠳᠤᠭ᠎ᠠ ᠶᠢ ᠬᠥᠭᠵᠢᠶᠡᠨᠲᠡᠢ ᠪᠣᠯᠭᠠᠨ᠎ᠠ ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠂ ᠳᠥᠭᠦᠮᠴᠢᠯᠡᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ | ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠵᠤ ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠠᠵᠤ ᠠᠬᠤᠶᠢᠯᠠᠯᠲᠠᠨ ᠲᠠᠢ ᠲᠥᠪ | ᠴᠢᠬᠡᠴᠢ ᠪᠠᠷ ᠶᠠᠪᠤᠯᠴᠠᠬᠤ ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠦᠢᠯᠡᠴᠢᠯᠡᠬᠦ ᠶᠢ ᠵᠣᠷᠢᠭᠵᠢᠭᠤᠯᠤᠨ ᠳᠡᠮᠵᠢᠵᠦ ᠂ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠰᠢᠨ᠎ᠡ ᠭᠡᠯᠪᠡᠷᠢ ᠶᠢᠨ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠤᠨ᠎ᠠ ᠃ ︽ ᠬᠤᠶᠠᠷ ᠭᠤᠶᠢᠪᠢᠰᠢ ᠦᠭᠡᠢ ︾ | ᠶᠢ ᠪᠠᠷᠢᠮᠲᠠᠯᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠂ ᠣᠷᠣᠨ ᠨᠤᠲᠤᠭ ᠤᠨ ᠠᠵᠤ | ᠠᠬᠤᠶᠢᠯᠠᠯ ᠪᠣᠯᠣᠨ ᠣᠷᠣᠨ ᠤ ᠭᠠᠳᠠᠨᠠᠬᠢ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ ᠂ ᠡᠷᠬᠡ ᠲᠡᠭᠰᠢ ᠪᠠᠷ ᠬᠠᠨᠳᠤᠵᠤ ᠂ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠤᠯᠤᠰ ᠤᠨ ᠥᠮᠴᠢᠯᠡᠯᠲᠦ ᠬᠥᠷᠥᠩᠭᠡ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠠᠬᠢᠭᠤᠯᠵᠤ ᠂ ᠬᠦᠴᠢᠷᠳᠡᠯ ᠶᠡᠬᠡᠲᠡᠢ ᠠᠵᠢᠯ ᠲᠥᠷᠥᠯ ᠂ ᠠᠵᠤ ᠠᠬᠤᠶᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ | ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠤᠨ ᠂ ᠡᠯ᠎ᠡ ᠱᠠᠲᠤᠨ ᠤ ᠵᠠᠰᠠᠭ ᠤᠨ | ᠣᠷᠳᠣᠨ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠢᠨ᠎ᠡ ᠪᠠᠷ ᠥᠷᠢᠲᠦᠵᠦ ᠪᠤᠯᠬᠤ ᠦᠭᠡᠢ ᠃ | ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠂ ᠲᠤᠨᠤᠮᠠᠯ ᠪᠡᠯᠡ ᠮᠥᠩᠭᠦ ᠂ ︽ ᠬᠠᠭᠠᠰ ᠳᠤᠲᠠᠭᠤ | ᠤᠷᠭᠢᠬᠰᠠᠨ ︾ ᠪᠠᠷᠢᠯᠭ᠎ᠠ ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ︽ ᠲᠠᠪᠤ ᠶᠢ ᠲᠦᠢᠯᠪᠤᠷᠢᠲᠠᠢ ᠪᠠᠶᠢᠴᠠᠭᠠᠬᠤ ︾ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ ᠂ ᠦᠯᠡᠳᠡᠭᠡᠯ ᠬᠥᠷᠥᠩᠭᠡ ᠶᠢ ᠪᠦᠭᠦ ᠲᠠᠯ᠎ᠠ ᠪᠠᠷ ᠠᠮᠢᠳᠤᠯᠢᠭ ᠪᠤᠯᠭᠠᠵᠤ ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ ᠃ ᠭᠠᠵᠠᠷ ᠰᠢᠷᠣᠢ ᠶᠢ ᠡᠵᠡᠩᠨᠡᠬᠦ ᠣᠶᠢᠯᠠᠭᠠᠭᠳᠠᠬᠤᠨ ᠢ ᠴᠢᠩᠭᠠᠷᠠᠭᠤᠯᠵᠤ ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ ᠃ | ︵ ᠬᠤᠶᠠᠷ ︶ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ ᠃ ᠰᠤᠷᠭᠠᠨ | ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠦᠲᠦᠭᠡᠨ ᠪᠠᠶᠢᠭᠤᠯᠵᠤ ᠂ | ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢ ᠤᠯᠠᠨ ᠶᠠᠩᠵᠤᠴᠢᠯᠠᠨ ᠬᠥᠭᠵᠢᠭᠦᠯᠬᠦ ᠶᠢ ᠲᠦᠷᠭᠡᠳᠬᠡᠵᠦ ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠠᠮᠢᠳᠤ ᠪᠣᠳᠠᠰ ᠤᠨ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ︽ ᠬᠤᠣᠰ ᠲᠡᠷᠢᠭᠦᠨ ︾ ᠤ ᠪᠠᠶᠢᠭᠤᠯᠤᠯᠲᠠ ᠶᠢ ᠠᠬᠢᠭᠤᠯᠵᠤ ᠂ ᠨᠠᠩ ᠣᠯᠠᠨ ᠶᠡᠭᠡ | ᠳᠡᠭᠡᠳᠦ ᠰᠤᠷᠭᠠᠭᠤᠯᠢ ᠂ ᠰᠢᠨᠵᠢᠯᠡᠭᠡᠨ ᠤ ᠰᠠᠯᠠᠭ᠎ᠠ ᠶᠢᠨ ︽ ᠬᠤᠣᠰ ᠲᠡᠷᠢᠭᠦᠨ ︾ ᠤ ᠡᠩᠨᠡᠭᠡ ᠲᠡᠶᠢᠰᠢ ᠤᠷᠤᠭᠰᠢᠯᠠᠬᠤ ᠶᠢ ᠠᠬᠢᠭᠤᠯᠤᠨ ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ︽ ᠬᠤᠣᠰ ᠥᠨᠳᠥᠷ ︾ ᠂ ︽ ᠬᠤᠣᠰ ᠰᠢᠯᠢᠳᠡᠭ ︾ ᠪᠠᠶᠢᠭᠤᠯᠤᠯᠲᠠ ᠶᠢ ᠲᠦᠷᠭᠡᠳᠬᠡᠵᠦ ᠂ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢᠨ ᠲᠣᠭᠤᠷᠢᠨ ᠳᠤ ᠨᠠᠩ ᠣᠯᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠭᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠦᠨ᠎ᠡ ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠂ ᠣᠨᠴᠠᠭᠠᠶ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠴᠢᠩᠭᠠᠷᠠᠭᠤᠯᠵᠤ ᠂ ᠠᠷᠠᠳ ᠠᠴᠠ | ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ ᠂ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ ᠪᠣᠳᠠᠲᠤ | ᠪᠠᠶᠢᠳᠠᠯ ᠳᠤ ᠰᠠᠭᠤᠷᠢᠯᠠᠨ ︽ ᠢᠨᠲ᠋ᠧᠷ ᠰᠦᠯᠵᠢᠶ᠎ᠡ + ᠰᠤᠷᠭᠠᠨ ᠬᠥᠮᠦᠵᠢᠯ ︾ ᠢ ᠶᠡᠭᠡ ᠪᠠᠷ ᠬᠥᠭᠵᠢᠭᠦᠯᠦᠨ᠎ᠡ ᠃ ᠰᠤᠷᠭᠠᠨ ᠬᠥᠮᠦᠵᠢᠯ ᠤᠨ ᠬᠦᠷᠢᠶᠡᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ ᠂ ᠥᠨᠳᠥᠷ ᠬᠡᠪ | ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ᠎ᠡ ᠃ ᠰᠢᠨ᠎ᠡ ᠶᠢ ᠡᠭᠦᠳᠭᠦ ᠪᠠᠷ ᠬᠥᠳᠡᠯᠭᠡᠭᠦᠷ ᠪᠤᠯᠭᠠᠬᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠲᠦᠷᠭᠡᠳᠬᠡᠨ ᠬᠡᠷᠡᠭᠵᠢᠭᠦᠯᠵᠦ ᠂ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢ ᠭᠦᠨᠵᠡᠭᠡᠢ ᠠᠬᠢᠭᠤᠯᠤᠨ ᠂ | ᠰᠦ ᠶᠢᠨ ᠦᠢᠯᠡᠰ ᠂ ᠦᠷ᠎ᠡ ᠶᠢᠨ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠨᠡᠭᠦᠷᠡᠰᠦᠲᠥ᠋ᠷᠥᠭᠴᠢ ᠳᠤ ᠰᠠᠭᠤᠷᠢᠯᠠᠭᠰᠠᠨ ᠰᠢᠨ᠎ᠡ ᠮᠠᠲ᠋ᠧᠷᠢᠶᠠᠯ ᠂ ᠰᠢᠨ᠎ᠡ | ᠡᠨᠧᠷᠭᠢ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ ︽ | ᠪᠣᠭᠤᠮᠢ ︾ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠴᠢᠷᠮᠠᠶᠢᠨ ᠰᠢᠪᠲᠤᠯᠤᠯᠲᠠ ᠭᠠᠷᠭᠠᠨ᠎ᠠ ᠃ ᠰᠢᠨ᠎ᠡ ᠶᠢ ᠡᠭᠦᠳᠭᠦ ᠲᠠᠪᠴᠠᠩ ᠤᠨ ᠰᠢᠰᠲ᠋ᠧᠮ ᠢ ᠤᠯᠠᠮ ᠢᠶᠠᠷ | ᠲᠡᠭᠦᠯᠳᠡᠷᠵᠢᠭᠦᠯᠵᠦ ᠂ ᠰᠦ ᠶᠢᠨ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠥᠨᠳᠥᠷ ᠪᠠᠷᠢᠮᠵᠢᠶ᠎ᠠ ᠪᠠᠷ ᠴᠣᠭᠴᠠᠯᠠᠨ ᠪᠠᠶᠢᠭᠤᠯᠵᠤ ᠂ | ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠡᠪᠡᠰᠦᠨ ︵ ᠦᠷ᠎ᠡ ︶ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠢᠳᠡᠪᠬᠢᠲᠡᠢ ᠡᠭᠦᠳᠦᠨ | ᠪᠠᠶᠢᠭᠤᠯᠵᠤ ᠂ ᠭᠦᠭᠡᠬᠤᠳᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠶᠢ ᠡᠭᠦᠳᠭᠦ ᠵᠢᠱᠢᠶ᠎ᠡ ᠦᠵᠡᠭᠦᠯᠭᠦ ᠲᠣᠭᠤᠷᠢᠭ ᠂ ᠣᠷᠳᠣᠰ ᠤᠨ | ᠤᠯᠤᠰ ᠤᠨ ᠦᠷᠭᠦᠯᠵᠢᠯᠡᠨ ᠬᠥᠭᠵᠢᠭᠦᠯᠬᠦ ᠵᠥᠪᠯᠡᠭᠦ ᠵᠦᠢᠯ ᠤᠨ ᠰᠢᠨ᠎ᠡ ᠶᠢ ᠡᠭᠦᠳᠭᠦ ᠵᠢᠱᠢᠶ᠎ᠡ ᠦᠵᠡᠭᠦᠯᠭᠦ ᠲᠣᠭᠤᠷᠢᠭ ᠂ ᠪᠠᠶᠠᠨᠨᠠᠭᠤᠷ ᠤᠨ ᠤᠯᠤᠰ ᠤᠨ | ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠂ ᠲᠦᠩᠯᠢᠶᠣᠣ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠪᠠ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠂ ᠬᠢᠩᠭᠠᠨ | ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠲᠣᠭᠤᠷᠢᠭ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠂ | ᠤᠯᠤᠰ ᠤᠨ ᠲᠤᠷᠰᠢᠯᠲᠠ ᠶᠢᠨ ᠲᠠᠰᠤᠭ ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠥᠪᠥᠷ ᠮᠣᠩᠭᠤᠯ ᠳᠤ | ᠨᠤᠲᠤᠭᠰᠢᠭᠤᠯᠬᠤ ᠪᠠᠷ ᠢᠳᠡᠪᠬᠢᠲᠡᠢ ᠴᠢᠷᠮᠠᠶᠢᠨ᠎ᠠ ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠤᠨ ᠂ ᠰᠤᠳᠤᠯᠤᠨ | ᠨᠡᠭᠡᠭᠡᠬᠦ ᠠᠵᠢᠯᠯᠠᠭ᠎ᠠ ᠥᠷᠨᠢᠭᠦᠯᠵᠦ ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ︽ ᠬᠤᠣᠰ ᠳᠠᠭᠢᠨ ᠢᠶᠠᠷ ᠨᠡᠮᠡᠭᠳᠡᠭᠦᠯᠬᠦ ︾ ᠠᠵᠢᠯᠯᠠᠭ᠎ᠠ | ᠬᠡᠷᠡᠭᠵᠢᠭᠦᠯᠵᠦ ᠂ ᠨᠢᠭᠡ ᠪᠦᠯᠦᠭ ︽ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ︾ ᠳᠤᠮᠳᠠ ᠵᠢᠵᠢᠭ ᠠᠵᠤ ᠠᠬᠤᠶᠢᠯᠠᠯ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ ᠂ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠭᠦ ᠬᠤᠯᠪᠣᠭᠠᠲᠤ ᠴᠣᠭᠴᠠ ᠶᠢ | ᠵᠣᠬᠢᠶᠠᠨ ᠪᠠᠶᠢᠭᠤᠯᠤᠨ ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠢ ᠡᠭᠦᠷᠭᠡᠯᠡᠬᠦ ᠶᠢ ᠳᠡᠮᠵᠢᠨ᠎ᠡ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠯᠠᠨ ᠡᠰᠢᠵᠢᠭᠰᠡᠨ ᠣᠷᠣᠭᠤᠯᠤᠯᠲᠠ ᠶᠢ ᠨᠡᠮᠡᠭᠳᠡᠭᠦᠯᠦᠨ ᠂ ᠰᠢᠨ᠎ᠡ ᠶᠢ ᠡᠭᠦᠳᠭᠦ ᠰᠣᠶᠣᠯ ᠢ | ᠢᠳᠡᠪᠬᠢᠲᠡᠢ ᠪᠤᠶᠢᠵᠢᠭᠤᠯᠤᠨ᠎ᠠ ᠃ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ ᠂ 2022-2025 | ᠣᠨ ᠤ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ ᠂ ︽ ᠨᠢᠭᠡ ᠲᠥᠪ ᠣᠯᠠᠨ ᠴᠡᠭ ︾ | ᠤᠨ ᠴᠢᠳᠠᠪᠤᠷᠢᠲᠠᠨ ᠤ ᠠᠵᠢᠯ ᠤᠨ ᠶᠡᠭᠡ ᠪᠠᠶᠢᠷᠢᠰᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠂ ᠨᠠᠩ ᠢᠳᠡᠪᠬᠢᠲᠡᠢ ᠂ ᠨᠠᠩ ᠨᠡᠭᠡᠭᠡᠯᠲᠡᠲᠡᠢ ᠂ ᠨᠠᠩ ᠪᠦᠲᠦᠮᠵᠢᠲᠡᠶ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ︽ ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ ︾ ᠤ ᠢᠨᠵᠧᠨᠧᠷᠢᠩ ᠂ ︽ ᠮᠡᠷᠭᠡᠵᠢᠯ ᠤᠷ᠎ᠠ | ᠮᠡᠷᠭᠡᠰᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ︾ ᠢ ᠰᠢᠯᠢᠳᠡᠭᠵᠢᠭᠦᠯᠦᠨ ᠂ ᠮᠣᠷᠠᠯ | ᠴᠢᠳᠠᠪᠤᠷᠢ ᠬᠤᠣᠰᠯᠠᠭᠰᠠᠨ ᠥᠨᠳᠥᠷ ᠬᠡᠪ ᠴᠢᠨᠠᠷ ᠪᠦᠬᠦᠢ ᠦᠯᠡᠮᠵᠢ ᠣᠯᠠᠨ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠦᠨ ᠪᠤᠶ ᠪᠣᠯᠭᠠᠨ᠎ᠠ ᠃ ᠮᠠᠯᠵᠢᠬᠤ ᠲᠠᠷᠢᠶᠠᠯᠠᠬᠤ | ᠣᠷᠣᠨ ᠂ ᠪᠤᠶᠢᠳᠠ ᠪᠥᠭᠯᠡᠭᠦᠦ ᠭᠠᠵᠠᠷ ᠣᠷᠣᠨ ᠤ ᠰᠠᠭᠤᠷᠢ ᠰᠤᠷᠭᠠᠨ ᠬᠥᠮᠦᠵᠢᠯ ᠪᠣᠯᠣᠨ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠤᠨ ᠴᠢᠳᠠᠪᠤᠷᠢᠲᠠᠨ ᠢ ︽ | ᠣᠷᠣᠭᠤᠯᠵᠤ ᠠᠪᠴᠢᠷᠠᠬᠤ ᠂ ᠦᠨᠳᠦᠰᠦᠨ ᠱᠠᠲᠤᠨ ᠳᠤ ᠪᠠᠭᠤᠬᠤ ᠂ ᠦᠯᠡᠳᠡᠭᠡᠵᠦ ᠳᠡᠶᠢᠯᠭᠦ ︾ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ ᠃ ︽ | ᠨᠡᠭᠦᠳᠡᠯ ᠤᠨ ᠰᠢᠪᠠᠭᠤ ᠮᠠᠶ᠋ᠢᠭ ︾ ᠢᠶᠠᠷ ᠤᠷᠢᠨ ᠲᠣᠮᠢᠯᠠᠬᠤ ᠂ ︽ ᠣᠭᠤᠷᠴᠤᠭ ᠬᠠᠷᠢᠶ᠎ᠠ ᠭᠠᠵᠠᠷ ᠮᠠᠶ᠋ᠢᠭ ︾ ᠢᠶᠠᠷ ᠴᠢᠳᠠᠪᠤᠷᠢᠲᠠᠨ ᠣᠷᠣᠭᠤᠯᠤᠨ ᠠᠪᠴᠢᠷᠠᠬᠤ ᠵᠡᠷᠭᠡ | ᠠᠵᠢᠯ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ ᠂ ᠳᠡᠭᠡᠳᠦ ᠲᠠᠰ ᠤᠨ ᠪᠠᠴᠢᠮ ᠬᠡᠷᠡᠭᠰᠡᠬᠦ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠦᠨ᠎ᠡ ᠲᠥᠯᠥᠪᠦᠷᠢ ᠶᠢ | ᠬᠠᠶᠢᠬᠤᠷᠤᠯ ᠦᠭᠡᠢ ᠪᠠᠷ ᠣᠷᠣᠭᠤᠯᠤᠨ ᠠᠪᠴᠢᠷᠠᠨ᠎ᠠ ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠴᠢᠳᠠᠪᠤᠷᠢᠲᠠᠨ ᠳᠤ ᠦᠢᠯᠡᠴᠢᠯᠡᠬᠦ ᠠᠵᠢᠯ ᠢ ᠦᠨᠡᠨᠴᠢ ᠢᠲᠡᠭᠡᠮᠵᠢᠲᠡᠢ ᠪᠠᠷ ᠰᠠᠶᠢᠲᠤᠷ ᠬᠢᠵᠦ ᠂ ᠬᠠᠵᠠᠭᠤ ᠶᠢᠨ ᠬᠥᠮᠥᠰ ᠬᠠᠨᠤᠮᠵᠢᠳᠠᠢ ᠬᠤᠯᠠ ᠶᠢᠨ | ᠬᠥᠮᠥᠰ ᠢ ᠲᠠᠲᠠᠵᠤ ᠴᠢᠳᠠᠬᠤ ᠴᠢᠳᠠᠪᠤᠷᠢᠲᠠᠨ ᠢ ᠬᠥᠭᠵᠢᠭᠦᠯᠬᠦ ᠰᠠᠶᠢᠨ ᠰᠠᠶᠢᠬᠠᠨ ᠠᠮᠢ ᠠᠬᠤᠢ ᠶᠢ ᠲᠦᠷᠭᠡᠪᠴᠢᠯᠡᠨ ᠪᠤᠢ ᠪᠣᠯᠭᠠᠨ᠎ᠠ ᠃ | ︵ ᠭᠤᠷᠪᠠ ︶ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠎ᠡ ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠠᠷᠠᠳ ᠲᠦᠮᠡᠨ ᠡᠵᠡᠨ | ᠰᠠᠭᠤᠵᠤ ᠡᠷᠬᠡ ᠮᠡᠳᠡᠭᠦ ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠦ ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ | ᠠᠷᠭ᠎ᠠ ᠵᠠᠮ ᠪᠠ ᠭᠡᠯᠪᠡᠷᠢ ᠪᠠᠷ ᠳᠠᠮᠵᠢᠭᠤᠯᠤᠨ ᠲᠦᠷᠦ ᠶᠢᠨ ᠬᠡᠷᠡᠭ ᠶᠠᠪᠤᠳᠠᠯ ᠢ ᠬᠠᠮᠢᠶᠠᠷᠬᠤ ᠂ ᠠᠵᠤ ᠠᠬᠤᠢ ᠪᠠ ᠰᠣᠶᠣᠯ ᠤᠨ ᠦᠢᠯᠡᠰ ᠢ ᠬᠠᠮᠢᠶᠠᠷᠬᠤ ᠂ ᠨᠡᠶᠢᠭᠡᠮ ᠤᠨ | ᠬᠡᠷᠡᠭ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠨ᠎ᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ | ᠬᠠᠤᠯᠢ ᠶᠣᠰᠣᠭᠠᠷ ᠬᠠᠤᠯᠢ ᠲᠣᠭᠲᠠᠭᠠᠬᠤ ᠡᠷᠬᠡ ᠂ ᠬᠢᠨᠠᠯᠲᠠ ᠲᠠᠯᠪᠢᠬᠤ ᠡᠷᠬᠡ ᠂ ᠪᠠᠲᠤᠯᠠᠬᠤ ᠡᠷᠬᠡ ᠂ ᠲᠣᠮᠢᠯᠠᠵᠤ ᠪᠠᠭᠤᠯᠭᠠᠬᠤ ᠡᠷᠬᠡ ᠪᠠᠨ ᠬᠡᠷᠡᠭᠵᠢᠭᠦᠯᠬᠦ ᠶᠢ ᠳᠡᠮᠵᠢᠭᠦ | ᠪᠠ ᠪᠠᠲᠤᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ ᠨᠢᠭᠡ ᠵᠠᠰᠠᠭ ᠤᠨ ᠣᠷᠳᠣᠨ ᠨᠢᠭᠡ ᠨᠠᠮ ᠤᠨ ᠬᠤᠷᠢᠶ᠎ᠠ ᠬᠤᠶᠠᠷ ᠬᠤᠷᠢᠶ᠎ᠠ ︾ ᠳᠤ | ᠬᠢᠨᠠᠯᠲᠠ ᠲᠠᠯᠪᠢᠬᠤ ᠳᠦᠷᠢᠮ ᠢ ᠪᠦᠷᠢᠨᠰᠢᠭᠦᠯᠦᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ | ᠣᠯᠠᠨ ᠯᠤᠭ᠎ᠠ ᠶᠢᠨ ᠬᠠᠷᠢᠯᠴᠠᠭ᠎ᠠ ᠶᠢ ᠤᠯᠠᠮ ᠢᠶᠠᠷ ᠨᠢᠭᠲᠠᠷᠠᠭᠤᠯᠤᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ | ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠭᠦ ᠲᠠᠪᠴᠠᠩ ᠢ | ᠲᠡᠭᠦᠯᠳᠡᠷᠵᠢᠭᠦᠯᠵᠦ ᠂ ᠵᠥᠪᠯᠡᠭᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠣᠯᠠᠨ ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠵᠤ ᠂ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠵᠥᠪᠯᠡᠭᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠵᠤ ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠭᠡᠰᠢᠭᠦᠳ ᠤᠨ ᠡᠯ᠎ᠡ ᠡᠲᠡᠭᠡᠳ ᠤᠨ ᠣᠯᠠᠨ ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ | ᠲᠣᠭᠲᠠᠴᠠ ᠶᠢ ᠪᠦᠷᠢᠨᠰᠢᠭᠦᠯᠵᠦ ᠂ ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠦᠨ ᠂ ᠦᠨᠳᠦᠰᠦᠨ ᠱᠠᠲᠤᠨ ᠤ ᠡᠯ᠎ᠡ | ᠲᠦᠷᠦᠯ ᠤᠨ ᠬᠠᠮᠲᠤ ᠨᠡᠶᠢᠳᠡ ᠶᠢᠨ ᠦᠨᠳᠦᠰᠦᠨ ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠤᠯᠴᠠᠬᠤ ᠂ ᠦᠨᠳᠦᠰᠦᠨ ᠱᠠᠲᠤᠨ ᠤ ᠤᠯᠠᠨ ᠨᠡᠶᠢᠲᠡ ᠶᠢᠨ | ᠬᠡᠷᠡᠭ ᠶᠠᠪᠤᠳᠠᠯ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠤᠯᠢ ᠶᠣᠰᠣᠭᠠᠷ ᠬᠠᠮᠢᠶᠠᠷᠬᠤ ᠶᠢ ᠪᠠᠲᠤᠯᠠᠨ᠎ᠠ ᠃ ᠠᠵᠢᠯᠴᠢᠨ ᠤ ᠡᠪᠯᠡᠯ ᠂ ᠡᠪ ᠬᠠᠮᠲᠤ | ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ ᠃ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ | ᠪᠠᠷᠢᠮᠲᠠᠯᠠᠨ ᠂ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠪᠠᠷᠢᠮᠲᠠᠯᠠᠵᠤ ᠂ ᠬᠠᠮᠤᠭ ᠤᠨ ᠥᠷᠭᠡᠨ ᠳᠡᠯᠭᠡᠷ | ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ ᠃ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠵᠤ ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ ᠃ | ︵ ᠳᠥᠷᠪᠡ ︶ ᠨᠡᠶᠢᠭᠡᠮ ᠵᠢᠷᠤᠮ ᠤᠨ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠬᠠᠤᠯᠢᠵᠢᠯ ᠤᠨ ᠥᠪᠥᠷ ᠮᠣᠩᠭᠤᠯ ᠂ ᠬᠠᠤᠯᠢᠵᠢᠯ ᠤᠨ | ᠵᠠᠰᠠᠭ ᠤᠨ ᠣᠷᠳᠣᠨ ᠂ ᠬᠠᠤᠯᠢᠵᠢᠯ ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠬᠠᠤᠯᠢ ᠶᠢ ᠴᠢᠩᠭ᠎ᠠ ᠬᠡᠷᠡᠭᠵᠢᠭᠦᠯᠬᠦ ᠂ ᠲᠥᠪ ᠭᠤᠣᠯᠴᠢ ᠪᠠᠷ ᠬᠠᠤᠯᠢ | ᠪᠠᠷᠢᠬᠤ ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ ᠂ ᠡᠯ᠎ᠡ ᠲᠠᠯ᠎ᠠ ᠶᠢᠨ ᠠᠵᠢᠯ ᠤᠨ ᠬᠠᠤᠯᠢᠵᠢᠯ ᠤᠨ ᠲᠦᠪᠰᠢᠨ ᠢ | ᠳᠡᠭᠡᠭᠰᠢᠯᠡᠭᠦᠯᠦᠨ᠎ᠠ ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ | ᠪᠠᠷᠢᠮᠲᠠᠯᠠᠵᠤ ᠂ ᠬᠠᠤᠯᠢ ᠲᠣᠭᠲᠠᠭᠠᠬᠤ ᠂ ᠵᠠᠰᠠᠪᠤᠷᠢ ᠣᠷᠣᠭᠤᠯᠬᠤ ᠂ ᠬᠦᠴᠦᠨ ᠦᠭᠡᠢ ᠪᠤᠯᠭᠠᠬᠤ ᠂ ᠲᠠᠶᠢᠯᠪᠤᠷᠢᠯᠠᠯᠲᠠ ᠬᠢᠬᠦ ᠶᠢ ᠨᠢᠭᠡᠳᠦᠯᠲᠡᠢ ᠲᠥᠯᠥᠪᠵᠢᠭᠦᠯᠵᠦ ᠂ | ᠭᠤᠣᠯᠳᠠᠯᠭ᠎ᠠ ᠲᠠᠢ ᠬᠦᠷᠢᠶ᠎ᠡ ᠂ ᠰᠢᠨ᠎ᠡ ᠪᠠᠷ ᠬᠥᠭᠵᠢᠭᠰᠡᠨ ᠬᠦᠷᠢᠶ᠎ᠡ ᠂ ᠣᠷᠣᠨ ᠨᠤᠲᠤᠭ ᠤᠨ ᠣᠨᠴᠠᠯᠢᠭᠲᠤ ᠬᠠᠤᠯᠢ ᠲᠣᠭᠲᠠᠭᠠᠯᠲᠠ ᠶᠢ ᠴᠢᠩᠭᠠᠳᠬᠠᠵᠤ ᠂ ᠵᠢᠵᠢᠭ | ᠬᠡᠷᠴᠢᠶᠡᠰᠦ ᠶᠢ ᠢᠳᠡᠪᠬᠢᠲᠡᠢ ᠠᠬᠢᠭᠤᠯᠵᠤ ᠂ ᠬᠠᠤᠯᠢ ᠲᠣᠭᠲᠠᠭᠠᠯᠲᠠ ᠶᠢ ᠨᠠᠷᠢᠯᠢᠭᠵᠢᠭᠤᠯᠤᠨ ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ | ᠪᠦᠲᠦᠭᠡᠯᠴᠢ ᠴᠢᠨᠠᠷᠲᠠᠢ ᠬᠠᠤᠯᠢ ᠲᠣᠭᠲᠠᠭᠠᠯᠲᠠ ᠥᠷᠨᠢᠭᠦᠯᠦᠨ᠎ᠡ ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ | ᠪᠠᠷᠢᠮᠵᠢᠶ᠎ᠠ ᠶᠢ ᠪᠦᠷᠢᠨᠰᠢᠭᠦᠯᠵᠦ ᠂ ᠴᠢᠩᠭ᠎ᠠ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠵᠤ ᠂ ᠣᠯᠠᠨ | ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠦᠨ᠎ᠡ ᠃ ᠬᠠᠤᠯᠢ | ᠪᠠᠷᠢᠬᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ | ᠪᠦᠭᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠤᠨ ᠂ ᠬᠠᠤᠯᠢ ᠪᠠᠷᠢᠬᠤ ᠠᠵᠢᠯᠯᠠᠭ᠎ᠠ ᠳᠤ ᠶᠠᠪᠤᠭᠤᠯᠬᠤ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ ᠂ ᠪᠠᠶᠢᠴᠠᠭᠠᠬᠤ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠨ ᠂ ᠬᠠᠤᠯᠢ ᠴᠠᠭᠠᠵᠠ ᠶᠢᠨ ᠬᠡᠷᠡᠭ ᠨᠢᠭᠡ ᠪᠦᠷᠢ ᠠᠴᠠ ᠠᠷᠠᠳ ᠤᠯᠠᠨ ᠳᠤ ᠲᠥᠪ | ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ ᠃ ᠳᠣᠲᠣᠭᠠᠳᠤ ᠶᠢ ᠬᠠᠮᠠᠭᠠᠯᠠᠬᠤ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠬᠤᠳᠠ | ᠬᠥᠳᠡᠭᠡ ᠶᠢ ᠬᠠᠮᠤᠷᠤᠭᠰᠠᠨ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠂ ᠤᠯᠠᠨ ᠲᠡᠰ | ᠳᠠᠪᠬᠤᠷᠭ᠎ᠠ ᠤᠯᠠᠨ ᠬᠦᠷᠢᠶ᠎ᠡ ᠴᠠᠷᠠᠭᠠᠨ ᠤ ᠬᠠᠤᠯᠢ ᠪᠠᠷ ᠵᠠᠰᠠᠬᠤ ᠶᠢ ᠠᠬᠢᠭᠤᠯᠵᠤ ᠂ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ | ᠳᠡᠭᠡᠭᠰᠢᠯᠡᠭᠦᠯᠭᠦ ᠪᠠᠷ ᠭᠤᠣᠯᠳᠠᠯᠭ᠎ᠠ ᠪᠣᠯᠭᠠᠨ ᠠᠷᠠᠳ ᠤᠯᠠᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠎ᠠ ᠃ | ︵ ᠲᠠᠪᠤ ︶ ᠨᠡᠶᠢᠭᠡᠮ ᠵᠢᠷᠤᠮᠲᠤ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠤᠨ᠎ᠠ ᠃ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶ᠎ᠡ | ᠴᠠᠷᠠᠭᠠᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠳᠦᠷᠢᠮ ᠢ ᠪᠠᠷᠢᠮᠲᠠᠯᠠᠵᠤ ᠂ ᠨᠠᠮ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠳᠠᠬᠢ | ᠤᠳᠤᠷᠢᠳᠬᠤ ᠡᠷᠬᠡ ᠶᠢ ᠪᠠᠲᠤ ᠡᠵᠡᠮᠳᠡᠨ ᠂ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠰᠢᠨ᠎ᠡ ᠴᠠᠭ | ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠲᠠ ᠦᠭᠡᠢ ᠪᠠᠬᠢᠵᠢᠭᠦᠯᠦᠨ ᠪᠤᠵᠠᠭᠠᠶᠢᠷᠠᠭᠤᠯᠤᠨ᠎ᠠ ᠃ ᠨᠠᠮ ᠤᠨ | ᠰᠢᠨ᠎ᠡ ᠶᠢ ᠡᠭᠦᠳᠭᠦ ᠣᠨᠣᠯ ᠢᠶᠠᠷ ᠨᠠᠮ ᠤᠨ ᠭᠡᠰᠢᠭᠦᠨ ᠢ ᠵᠡᠪᠰᠡᠭᠯᠡᠬᠦ ᠂ ᠠᠷᠠᠳ ᠲᠦᠮᠡᠨ ᠢ ᠬᠥᠮᠥᠵᠢᠭᠦᠯᠬᠦ ᠂ ᠦᠢᠯᠡᠳᠦᠯᠭᠡ ᠶᠢ ᠵᠢᠯᠤᠭᠤᠳᠬᠤ ᠰᠢᠰᠲ᠋ᠧᠮ ᠢ | ᠪᠦᠷᠢᠨᠰᠢᠭᠦᠯᠦᠨ᠎ᠡ ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ ᠂ ᠨᠠᠮ ᠪᠠᠶᠢᠭᠤᠯᠤᠭᠰᠠᠨ | ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠤᠯᠭᠠᠬᠰᠠᠨ ᠳᠤᠮᠳᠠᠳᠤ ᠶᠢᠨ ᠡᠪ ᠬᠠᠮᠲᠤᠴᠤᠳ ᠤᠨ ᠤᠶᠤᠨ ᠤ ᠴᠠᠳᠢᠭ ᠤᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ ᠂ ᠬᠤᠪᠢᠰᠬᠠᠯᠲᠤ ᠰᠣᠶᠣᠯ ᠢ ᠪᠠᠳᠠᠷᠠᠭᠤᠯᠤᠨ ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠤᠨ ᠪᠠᠶᠢᠩᠭᠤᠵᠢᠯᠳᠠ ᠳᠦᠷᠢᠮᠵᠢᠯᠲᠡ ᠶᠢ ᠠᠬᠢᠭᠤᠯᠵᠤ ᠂ | ᠨᠠᠮ ᠤᠨ ᠲᠡᠦᠬᠡ ᠂ ᠰᠢᠨ᠎ᠡ ᠳᠤᠮᠳᠠᠳᠤ ᠤᠯᠤᠰ ᠤᠨ ᠲᠡᠦᠬᠡ ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ | ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠨ᠎ᠠ ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ ᠂ ᠪᠦᠭᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠲᠡᠭᠦᠨ ᠳᠤ ᠠᠭᠤᠯᠤᠭᠳᠠᠵᠤ ᠪᠠᠶᠢᠭ᠎ᠠ ᠡᠯᠪᠡᠭ ᠪᠠᠶᠠᠯᠢᠭ | ᠠᠭᠤᠯᠤᠭᠳᠠᠬᠤᠨ ᠂ ᠴᠠᠭ ᠦᠶ᠎ᠡ ᠶᠢᠨ ᠦᠨ᠎ᠡ ᠥᠷᠲᠡᠭ ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠭᠦᠯᠵᠦ ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠦᠨᠡᠨ ᠬᠦ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠤᠨ᠎ᠠ ᠃ ᠥᠪᠥᠷ ᠮᠣᠩᠭᠤᠯ ᠤᠨ ᠢᠳᠡᠪᠬᠢ | ᠬᠦᠴᠦᠨ ᠢᠶᠠᠷ ᠪᠢᠯᠬᠠᠭᠰᠠᠨ ᠬᠥᠮᠥᠨ ᠪᠠ ᠬᠡᠷᠡᠭ ᠶᠠᠪᠤᠳᠠᠯ ᠢ ᠶᠡᠭᠡ ᠪᠠᠷ ᠤᠬᠠᠭᠤᠯᠵᠤ ᠂ ᠥᠪᠥᠷ ᠮᠣᠩᠭᠤᠯ ᠤᠨ ᠢᠳᠡᠪᠬᠢ ᠳᠦᠷᠢ ᠲᠥᠷᠬᠦ ᠶᠢ ᠨᠡᠩ ᠰᠠᠶᠢᠲᠤᠷ | ᠢᠯᠡᠷᠡᠭᠦᠯᠦᠨ᠎ᠡ ᠃ ᠶᠡᠭᠡ ᠳᠡᠭᠡᠳᠦ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢ ᠠᠬᠢᠭᠤᠯᠤᠨ᠎ᠠ ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ | ᠠᠳᠬᠤᠵᠤ ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ︽ ᠠᠷᠪᠠᠨ ᠶᠡᠭᠡ ᠠᠵᠢᠯᠯᠠᠭᠠᠨ ︾ ᠢ ᠭᠦᠨᠵᠡᠭᠡᠢ | ᠬᠡᠷᠡᠭᠵᠢᠭᠦᠯᠦᠨ ᠂ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ ᠂ ᠭᠡᠷ ᠪᠦᠯᠢ ᠶᠢᠨ ᠭᠡᠷ ᠤᠨ ᠰᠤᠷᠭᠠᠯ | ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠂ ︽ ᠪᠢᠴᠢᠭ ᠤᠨ ᠰᠤᠷᠪᠤᠯᠵᠢᠲᠤ ᠥᠪᠥᠷ ᠮᠣᠩᠭᠤᠯ ︾ ᠤᠨ ᠪᠦᠭᠦ ᠠᠷᠠᠳ ᠤᠨ ᠤᠩᠰᠢᠯᠭ᠎ᠠ ᠶᠢᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠂ | ᠰᠠᠶᠢᠨ ᠳᠤᠷᠠᠴᠤᠳ ᠤᠨ ᠦᠢᠯᠡᠴᠢᠯᠡᠭᠡᠨ ᠤ ᠳᠦᠷᠢᠮ ᠪᠠ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠰᠣᠨᠢᠨ ᠮᠡᠳᠡᠭᠡ ᠬᠡᠪᠯᠡᠯ ᠂ ᠷᠠᠳᠢᠣ᠋ ᠨᠡᠪᠲᠡᠷᠡᠭᠦᠯᠭᠡ ᠺᠢᠨᠣ᠋ | ᠲᠧᠯᠸᠢᠰ ᠂ ᠤᠳᠬ᠎ᠠ ᠵᠣᠬᠢᠶᠠᠯ ᠤᠷᠠᠯᠢᠭ ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠦᠢᠯᠡᠰ ᠢ ᠪᠦᠭᠦ ᠲᠠᠯ᠎ᠠ ᠪᠠᠷ ᠴᠢᠩᠭᠠᠳᠬᠠᠵᠤ ᠂ ᠰᠣᠳᠣᠨ | ᠪᠦᠲᠦᠭᠡᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠢᠩᠭᠠᠳᠬᠠᠨ ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ | ᠡᠭᠦᠳᠦᠨ ᠬᠡᠷᠡᠭᠵᠢᠭᠦᠯᠵᠦ ᠂ ᠤᠯᠠᠭᠠᠨᠮᠥ᠋ᠴᠢᠷ ᠤᠨ ᠠᠵᠢᠯ ᠦᠢᠯᠡᠰ ᠤᠨ ᠡᠷᠡᠭᠦᠯ ᠢᠶᠠᠷ ᠭᠦᠭᠵᠢᠭᠦ ᠶᠢ ᠠᠬᠢᠭᠤᠯᠤᠨ᠎ᠠ ᠃ ᠣᠳᠣ ᠦᠶ᠎ᠡ ᠶᠢᠨ ᠰᠣᠶᠣᠯ ᠤᠨ ᠠᠵᠤ | ᠦᠢᠯᠡᠰ ᠤᠨ ᠰᠢᠰᠲ᠋ᠧᠮ ᠪᠠ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ ᠂ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠬᠤ | ᠡᠷᠴᠢᠮ ᠢ ᠴᠢᠩᠭᠠᠷᠠᠭᠤᠯᠵᠤ ᠂ ᠤᠷᠲᠤ ᠴᠠᠭᠠᠨ ᠬᠡᠷᠡᠮ ᠵᠢᠴᠢ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠦᠲᠦᠭᠡᠨ ᠪᠠᠶᠢᠭᠤᠯᠵᠤ | ᠰᠠᠶᠢᠲᠤᠷ ᠠᠰᠢᠭᠯᠠᠨ᠎ᠠ ᠃ ᠰᠣᠶᠣᠯ ᠢᠶᠠᠷ ᠵᠢᠭᠤᠯᠴᠢᠯᠠᠯ ᠢ ᠱᠤᠭᠤᠬᠤ ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠵᠤ ᠂ ᠰᠣᠶᠣᠯ ᠪᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨ᠎ᠠ ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ | ᠥᠷᠨᠢᠭᠦᠯᠵᠦ ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠥᠷᠢᠰᠦᠯᠳᠦᠭᠡᠨ ᠤ ᠪᠡᠶ᠎ᠡ ᠶᠢᠨ ᠲᠠᠮᠢᠷ ᠢ ᠪᠦᠭᠦ ᠲᠠᠯ᠎ᠠ ᠪᠠᠷ ᠬᠥᠭᠵᠢᠭᠦᠯᠬᠦ ᠶᠢ ᠠᠬᠢᠭᠤᠯᠤᠨ᠎ᠠ ᠃ | ᠳᠤᠮᠳᠠᠳᠤ ᠶᠢᠨ ᠦᠯᠢᠭᠡᠷ ᠢ ᠰᠠᠶᠢᠲᠤᠷ ᠶᠠᠷᠢᠬᠤ ᠂ ᠳᠤᠮᠳᠠᠳᠤ ᠶᠢᠨ ᠳᠠᠭᠤᠨ ᠢ ᠰᠠᠶᠢᠲᠤᠷ ᠤᠯᠠᠮᠵᠢᠯᠠᠬᠤ ᠶᠢᠨ ᠲᠣᠭᠤᠷᠢᠨ ᠳᠤ ᠂ ᠣᠯᠠᠨ ᠤᠯᠤᠰ ᠤᠨ | ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠪᠠ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ ᠂ ᠳᠤᠮᠳᠠᠳᠤ ᠶᠢᠨ ᠪᠣᠯᠪᠠᠰᠤᠨ ᠤ | ᠳᠠᠮᠵᠢᠭᠤᠯᠭ᠎ᠠ ᠶᠢᠨ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ ᠃ | ︵ ᠵᠢᠷᠭᠤᠭ᠎ᠠ ︶ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ ᠂ ᠴᠢᠳᠠᠯ ᠤᠨ ᠬᠢᠷᠢ ᠪᠠᠷ ᠢᠶᠠᠨ ᠴᠢᠷᠮᠠᠶᠢᠨ ᠠᠵᠢᠯᠯᠠᠵᠤ ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠣᠮᠵᠢᠲᠤ ᠴᠢᠨᠠᠷ ᠢ ᠴᠢᠩᠭᠠᠳᠬᠠᠵᠤ ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠨᠡᠩ | ᠲᠡᠭᠦᠯᠳᠡᠷ ᠂ ᠨᠡᠩ ᠪᠠᠲᠤᠯᠠᠭ᠎ᠠ ᠲᠠᠢ ᠂ ᠨᠡᠩ ᠦᠷᠭᠦᠯᠵᠢᠯᠡᠬᠦ ᠴᠢᠨᠠᠷᠲᠠᠢ ᠪᠣᠯᠭᠠᠨ᠎ᠠ ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠠᠭᠤᠭᠠᠯᠢ | ᠠᠷᠠᠳ ᠤᠨ ᠣᠷᠣᠯᠭ᠎ᠠ ᠶᠢ ᠳᠡᠭᠡᠭᠰᠢᠯᠡᠭᠦᠯᠵᠦ ᠂ ᠠᠩᠬᠠᠨ ᠤ ᠬᠤᠪᠢᠶᠠᠷᠢᠯᠠᠯᠲᠠ ᠂ ᠳᠠᠭᠢᠨ ᠬᠤᠪᠢᠶᠠᠷᠢᠯᠠᠯᠲᠠ ᠂ ᠭᠤᠷᠪᠠᠳᠤᠭᠠᠷ ᠤᠳᠠᠭᠠᠨ ᠤ ᠬᠤᠪᠢᠶᠠᠷᠢᠯᠠᠯᠲᠠ ᠶᠢ | ᠵᠣᠬᠢᠴᠠᠭᠤᠯᠤᠨ ᠢᠵᠢ ᠪᠦᠷᠢᠳᠦᠭᠦᠯᠬᠦ ᠳᠦᠷᠢᠮ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ ᠂ ᠠᠩᠬᠠᠨ ᠤ ᠬᠤᠪᠢᠶᠠᠷᠢᠯᠠᠯᠲᠠ ᠳᠠᠬᠢ ᠭᠦᠳᠡᠯᠮᠦᠷᠢ ᠶᠢᠨ ᠬᠥᠯᠥᠰᠦ | ᠣᠯᠭᠤᠮᠵᠢ ᠶᠢᠨ ᠬᠠᠷᠢᠴᠠᠯ ᠢ ᠳᠡᠭᠡᠭᠰᠢᠯᠡᠭᠦᠯᠵᠦ ᠂ ᠣᠷᠣᠯᠭ᠎ᠠ ᠪᠠᠭᠠᠲᠠᠢ ᠬᠠᠮᠲᠤ ᠴᠣᠭᠴᠠ ᠶᠢᠨ ᠣᠷᠣᠯᠭ᠎ᠠ ᠶᠢ ᠨᠡᠮᠡᠭᠳᠡᠭᠦᠯᠦᠨ ᠂ ᠳᠤᠮᠳᠠ ᠵᠡᠷᠭᠡ ᠶᠢᠨ ᠣᠷᠣᠯᠭ᠎ᠠ ᠲᠠᠢ | ᠬᠠᠮᠲᠤ ᠴᠣᠭᠴᠠ ᠶᠢ ᠥᠷᠭᠡᠳᠬᠡᠵᠦ ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠃ ᠠᠵᠢᠯ ᠣᠯᠭᠤᠯᠲᠠ ᠶᠢ ᠲᠡᠷᠢᠭᠦᠨ ᠳᠤ ᠳᠠᠯᠪᠢᠬᠤ | ᠲᠥᠷᠥ ᠶᠢᠨ ᠪᠣᠳᠣᠯᠭ᠎ᠠ ᠶᠢ ᠴᠢᠩᠭᠠᠷᠠᠭᠤᠯᠵᠤ ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠭᠦ ᠰᠢᠰᠲ᠋ᠧᠮ ᠢ ᠲᠡᠭᠦᠯᠳᠡᠷᠵᠢᠭᠦᠯᠵᠦ ᠂ ᠡᠷᠬᠡ | ᠲᠡᠭᠰᠢ ᠪᠠᠷ ᠠᠵᠢᠯ ᠣᠯᠭᠤᠬᠤ ᠶᠢ ᠨᠥᠯᠥᠭᠡᠯᠡᠵᠦ ᠪᠦᠬᠦᠢ ᠵᠣᠬᠢᠰ ᠦᠭᠡᠢ ᠬᠦᠯᠢᠶᠡᠰᠦᠯᠡᠯ ᠪᠠ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠷᠢᠯᠭᠠᠵᠤ ᠂ | ᠠᠮᠢᠳᠤᠯᠢᠭ ᠢᠶᠠᠷ ᠠᠵᠢᠯ ᠣᠯᠭᠤᠬᠤ ᠪᠠ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠶᠢ ᠴᠢᠩᠭᠠᠳᠬᠠᠵᠤ ᠂ | ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ ᠂ ᠠᠵᠢᠯ ᠲᠠᠢ ᠬᠥᠮᠥᠨ ᠦᠭᠡᠢ ᠭᠡᠷ ᠪᠦᠯᠢ ᠳᠤ ᠠᠵᠢᠯ ᠣᠯᠭᠤᠬᠤ ᠶᠢ ᠦᠨᠡᠨ ᠬᠦ | ᠪᠠᠲᠤᠯᠠᠨ᠎ᠠ ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ ᠂ ᠪᠦᠭᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠦᠨ ᠂ ᠨᠠᠰᠤᠵᠢᠯ ᠤᠨ ᠦᠨᠳᠦᠰᠦᠨ ᠠᠰᠠᠷᠠᠮᠵᠢ ᠂ ᠦᠨᠳᠦᠰᠦᠨ ᠡᠮ ᠡᠮᠨᠡᠯᠭᠡ ᠵᠡᠷᠭᠡ ᠳᠠᠭᠠᠳᠬᠠᠯ ᠤᠨ ᠳᠦᠷᠢᠮ ᠢ ᠪᠦᠷᠢᠨᠰᠢᠭᠦᠯᠵᠦ ᠂ ᠡᠮ ᠡᠮᠨᠡᠯᠭᠡ ᠶᠢᠨ | ᠬᠤᠳᠠᠯᠳᠤᠭᠠᠨ ᠤ ᠳᠠᠭᠠᠳᠬᠠᠯ ᠢ ᠢᠳᠡᠪᠬᠢᠲᠡᠢ ᠬᠥᠭᠵᠢᠭᠦᠯᠦᠨ ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠂ ᠠᠵᠢᠯ ᠠᠯᠳᠠᠭᠰᠠᠳ ᠤᠨ ᠳᠠᠭᠠᠳᠬᠠᠯ ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠤᠨ᠎ᠠ ᠃ ᠨᠡᠶᠢᠭᠡᠮ ᠤᠨ | ᠠᠪᠤᠷᠠᠨ ᠲᠤᠰᠠᠯᠠᠮᠵᠢ ᠪᠠ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠳᠦᠷᠢᠮ ᠢ ᠰᠢᠯᠢᠳᠡᠭᠵᠢᠭᠦᠯᠦᠨ᠎ᠡ ᠃ ᠡᠮᠡᠭᠲᠡᠶᠢᠴᠦᠳ ᠪᠠ ᠬᠡᠦᠬᠡᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ ᠃ ᠵᠡᠮᠳᠡᠭᠴᠦᠳ ᠤᠨ ᠠᠵᠢᠯ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ ᠃ ᠬᠥᠮᠥᠨ ᠠᠮᠠ ᠶᠢᠨ | ᠨᠠᠰᠤᠵᠢᠯᠲᠠ ᠶᠢ ᠠᠷᠭᠠᠴᠠᠭᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ | ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠨᠡᠶᠢᠭᠡᠮᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ ᠂ | ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠭᠦ ᠶᠢ ᠠᠬᠢᠭᠤᠯᠤᠨ ᠪᠡᠶᠡᠯᠡᠭᠦᠯᠦᠨ᠎ᠡ ᠃ ᠭᠡᠷ ᠪᠠᠶᠢᠰᠢᠩ ᠢ ᠪᠣᠯ ︽ | ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ ᠂ ᠣᠯᠠᠨ ᠭᠤᠣᠯ | ᠴᠣᠭᠴᠠ ᠠᠴᠠ ᠬᠠᠩᠭᠠᠬᠤ ᠂ ᠣᠯᠠᠨ ᠠᠷᠭ᠎ᠠ ᠵᠠᠮ ᠢᠶᠠᠷ ᠪᠠᠲᠤᠯᠠᠬᠤ ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ | ᠰᠠᠭᠤᠴᠠ ᠶᠢᠨ ᠳᠦᠷᠢᠮ ᠢ ᠲᠦᠷᠭᠡᠳᠬᠡᠨ ᠪᠠᠶᠢᠭᠤᠯᠤᠨ᠎ᠠ ᠃ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠠᠷᠠᠳ ᠲᠦᠮᠡᠨ ᠤ | ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠂ ᠦᠷᠡᠵᠢᠯ ᠢ ᠳᠡᠮᠵᠢᠭᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ ᠂ | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ ᠂ ᠰᠡᠳᠬᠢᠴᠡ ᠶᠢᠨ ᠡᠷᠡᠭᠦᠯ ᠮᠡᠨᠳᠦ ᠪᠠ ᠣᠶᠤᠨ ᠰᠠᠨᠠᠭᠠᠨ ᠤ ᠡᠷᠡᠭᠦᠯ | ᠬᠠᠮᠠᠭᠠᠯᠠᠯ ᠢ ᠴᠢᠬᠤᠯᠠᠴᠢᠯᠠᠵᠤ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠴᠢᠨᠠᠷ ᠰᠠᠶᠢᠲᠠᠢ ᠡᠮ | ᠡᠮᠨᠡᠯᠭᠡ ᠶᠢᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠵᠤ ᠂ ᠮᠠᠯᠵᠢᠬᠤ | ᠲᠠᠷᠢᠶᠠᠯᠠᠬᠤ ᠣᠷᠣᠨ ᠪᠠ ᠨᠡᠶᠢᠭᠡᠮ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ ᠂ ᠬᠢᠲᠠᠳ ᠡᠮ | ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠤᠯᠬᠤ | ᠠᠵᠢᠯ ᠢ ᠰᠠᠶᠢᠲᠤᠷ ᠬᠢᠵᠦ ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ | ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠴᠣᠭᠴᠠᠯᠠᠵᠤ ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ ᠃ | ︵ ᠳᠣᠯᠤᠭ᠎ᠠ ︶ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ ᠃ ᠰᠠᠨᠠᠭᠠᠰᠢᠷᠠᠬᠤ ᠤᠬᠠᠮᠰᠠᠷ ᠢᠶᠠᠨ ᠨᠡᠮᠡᠭᠳᠡᠭᠦᠯᠦᠨ ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ ᠂ ᠤᠯᠤᠰ ᠣᠷᠣᠨ ᠤ ᠠᠮᠤᠷ ᠲᠦᠪᠰᠢᠨ ᠂ ᠨᠡᠶᠢᠭᠡᠮ ᠤᠨ ᠠᠮᠤᠷ ᠲᠣᠭᠲᠠᠭᠤᠨ ᠂ ᠠᠷᠠᠳ ᠲᠦᠮᠡᠨ ᠤ ᠠᠮᠤᠷ ᠠᠮᠤᠭᠤᠯᠠᠩ ᠢ ᠨᠥᠯᠥᠭᠡᠯᠡᠬᠦ | ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠨ᠎ᠠ ᠃ ᠤᠯᠤᠰ ᠲᠥᠷᠥ ᠶᠢᠨ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠲᠡᠷᠢᠭᠦᠨ ᠪᠠᠶᠢᠷᠢᠨ ᠳᠤ ᠲᠠᠯᠪᠢᠵᠤ ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ ᠡᠪᠳᠡᠭᠦ ᠨᠤᠷᠠᠭᠠᠬᠤ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ | ᠰᠡᠷᠭᠡᠶᠢᠯᠡᠨ ᠴᠢᠩᠭ᠎ᠠ ᠴᠣᠬᠢᠯᠲᠠ ᠥᠭᠴᠦ ᠂ ᠲᠦᠷᠦ ᠶᠢᠨ ᠡᠷᠬᠡ ᠶᠢᠨ ᠠᠮᠤᠷ ᠲᠦᠪᠰᠢᠨ ᠪᠠ ᠪᠠᠶᠢᠭᠤᠯᠤᠯ ᠤᠨ ᠠᠮᠤᠷ ᠲᠦᠪᠰᠢᠨ ᠢ ᠡᠷᠡᠰ ᠬᠠᠮᠠᠭᠠᠯᠠᠨ᠎ᠠ ᠃ ᠦᠵᠡᠯ | ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠦᠵᠡᠯ ᠤᠬᠠᠮᠰᠠᠷ ᠤᠨ ᠭᠡᠯᠪᠡᠷᠢ ᠶᠢᠨ ᠵᠢᠭᠰᠠᠭᠠᠯ ᠤᠨ | ᠭᠠᠵᠠᠷ ᠢᠯᠠᠩᠭᠤᠶ᠎ᠠ ᠰᠦᠯᠵᠢᠶᠡᠨ ᠤ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ | ᠬᠠᠮᠠᠭᠠᠯᠠᠨ᠎ᠠ ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ ᠂ ᠡᠯ᠎ᠡ ᠲᠠᠯ᠎ᠠ ᠶᠢᠨ ᠠᠶᠤᠯ | ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠬᠠᠤᠯᠢ ᠲᠣᠭᠲᠠᠭᠠᠯ ᠳᠤ ᠨᠡᠶᠢᠴᠡᠭᠦᠯᠦᠨ ᠪᠣᠳᠠᠲᠠᠶᠢᠵᠢᠭᠤᠯᠵᠤ ᠂ ᠵᠠᠰᠠᠭ ᠤᠨ ᠣᠷᠳᠣᠨ ᠤ ᠥᠷᠢ ᠥᠭᠴᠡᠭᠡ ᠶᠢ | ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ ᠂ ︽ ᠨᠢᠭᠡ ᠠᠵᠢᠯ ᠲᠥᠷᠥᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾ ᠪᠠᠷ ᠠᠶᠤᠯ ᠲᠦᠭᠰᠢᠭᠦᠷᠢ ᠶᠡᠭᠡ ᠲᠠᠢ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠰᠠᠭᠤᠳᠠᠯ ᠢ ᠰᠢᠢᠳᠪᠦᠷᠢᠯᠡᠵᠦ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ | ᠱᠤᠭᠤᠮ ᠢ ᠪᠠᠲᠤ ᠰᠠᠬᠢᠨ᠎ᠠ ᠃ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠯᠢᠪᠠ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠳᠡᠭᠡᠳᠦ ᠬᠡᠮᠵᠢᠶ᠎ᠡ ᠪᠠᠷ | ᠰᠡᠷᠡᠮᠵᠢᠯᠡᠵᠦ ᠂ ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠨ᠎ᠠ ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠢᠯᠡᠷᠡᠭᠰᠡᠨ ᠵᠣᠬᠢᠶᠠᠨ ᠪᠠᠶᠢᠭᠤᠯᠤᠨ ᠳᠠᠶᠢᠴᠢᠯᠠᠬᠤ ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠂ ᠦᠨᠳᠦᠰᠦᠨ | ᠱᠠᠲᠤᠨ ᠤ ᠵᠠᠰᠠᠯᠲᠠ ᠵᠡᠷᠭᠡ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ ᠂ ᠲᠣᠭᠲᠠᠴᠠ ᠶᠢ ᠲᠡᠭᠦᠯᠳᠡᠷᠵᠢᠭᠦᠯᠦᠨ ᠂ ᠠᠯᠳᠠᠰᠢ ᠭᠠᠷᠬᠤ ᠶᠢ ᠬᠤᠷᠢᠭᠯᠠᠵᠤ ᠂ ᠴᠢᠳᠠᠪᠤᠷᠢ ᠶᠢ | ᠳᠡᠭᠡᠭᠰᠢᠯᠡᠭᠦᠯᠦᠨ ᠂ ᠨᠡᠶᠢᠭᠡᠮ ᠤᠨ ᠵᠠᠰᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠂ ᠣᠨᠣᠪᠴᠢᠲᠤ ᠴᠢᠨᠠᠷ ᠂ ᠨᠠᠷᠢᠯᠢᠭᠵᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ ᠃ | ᠳᠥᠷᠪᠡ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ | ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠣᠳᠠᠲᠤ ᠪᠠᠶᠢᠳᠠᠯ ᠠᠴᠠ ᠡᠭᠦᠰᠴᠦ ᠂ ᠪᠦᠭᠦ | ᠤᠯᠤᠰ ᠤᠨ ᠶᠡᠭᠡ ᠲᠠᠯ᠎ᠠ ᠠᠴᠠ ᠪᠣᠳᠣᠯᠬᠢᠯᠠᠨ ᠪᠢᠳᠡᠨ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ᠎ᠠ ᠂ ᠥᠪᠥᠷ ᠮᠣᠩᠭᠤᠯ ᠤᠨ ᠳᠤᠮᠳᠠᠳᠤ ᠤᠯᠤᠰ ᠤᠨ | ᠮᠠᠶ᠋ᠢᠭ ᠲᠠᠢ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ ᠃ ᠬᠠᠷᠠᠯᠲᠠ ᠪᠠᠨ ᠪᠠᠲᠤ ᠡᠵᠡᠮᠳᠡᠵᠦ ᠂ | ᠶᠡᠭᠡ ᠪᠠᠷ ᠠᠵᠢᠯᠯᠠᠵᠤ ᠲᠦᠷᠭᠡᠨ ᠠᠵᠢᠯᠯᠠᠵᠤ ᠂ ᠨᠡᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠃ | ︵ ᠨᠢᠭᠡ ︶ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ | ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠂ ᠪᠣᠬᠢᠷᠳᠤᠯ ᠢ ᠪᠠᠭᠠᠰᠬᠠᠬᠤ ᠂ | ᠨᠣᠭᠤᠭᠠᠷᠠᠭᠤᠯᠤᠯᠲᠠ ᠶᠢ ᠥᠷᠭᠡᠳᠬᠡᠬᠦ ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠠᠷᠪᠢᠯᠠᠨ | ᠡᠷᠴᠢᠮᠵᠢᠭᠦᠯᠬᠦ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ ᠂ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ | ᠲᠦᠪᠰᠢᠨ ᠤ ᠪᠠᠶᠢᠷᠢᠰᠢᠯ ᠢ ᠴᠣᠭᠴᠠᠯᠠᠵᠤ ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ ᠃ ᠨᠤᠲᠤᠭ ᠪᠡᠯᠴᠢᠭᠡᠷ ᠂ | ᠣᠶ ᠰᠢᠭᠤᠢ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠤᠯᠭᠠᠵᠤ ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ ᠂ | ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ ᠂ ᠪᠠᠶᠢᠭᠠᠯᠢᠯᠢᠭ ᠣᠶ ᠶᠢ ᠬᠠᠮᠠᠭᠠᠯᠠᠬᠤ ᠪᠠ ᠤᠢ ᠮᠣᠳᠣ ᠲᠠᠷᠢᠬᠤ ᠵᠡᠷᠭᠡ ᠴᠢᠬᠤᠯᠠ ᠠᠮᠢ | ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠂ ᠣᠶ ᠰᠢᠭᠤᠢ ᠨᠤᠲᠤᠭ ᠪᠡᠯᠴᠢᠭᠡᠷ ᠤᠨ ᠭᠠᠢ | ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠨᠤᠲᠤᠭ ᠪᠡᠯᠴᠢᠭᠡᠷ ᠣᠶ ᠰᠢᠭᠤᠢ ᠶᠢᠨ ᠡᠬᠢ ᠪᠠᠶᠠᠯᠢᠭ ᠤᠨ ᠶᠠᠰᠤ | ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ ᠂ 2035 ᠣᠨ ᠪᠤᠯᠬᠤ ᠳᠤ ᠪᠦᠭᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ 45% ᠠᠴᠠ | ᠳᠡᠭᠡᠭᠰᠢ ᠳᠤ ᠲᠣᠭᠲᠠᠭᠤᠨ ᠪᠠᠶᠢᠯᠭᠠᠵᠤ ᠂ ᠣᠶ ᠰᠢᠭᠤᠢ ᠶᠢᠨ ᠪᠦᠷᠬᠦᠴᠡ ᠶᠢ 25% ᠳᠤ ᠬᠦᠷᠭᠡᠨ᠎ᠡ ᠃ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ ᠂ | ᠨᠤᠭᠤ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠪᠠᠲᠤ ᠰᠠᠬᠢᠨ᠎ᠠ ᠃ ᠭᠠᠵᠠᠷ ᠰᠢᠷᠣᠢ ᠶᠢᠨ ᠴᠦᠯᠯᠡᠷᠭᠡᠭᠵᠢᠯ ᠡᠯᠡᠰᠦᠷᠬᠡᠭᠵᠢᠯ ᠢ | ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ ᠂ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠂ ᠨᠤᠲᠤᠭ ᠪᠡᠯᠴᠢᠭᠡᠷ ᠡᠯᠡᠰᠦᠷᠬᠡᠭ ᠭᠠᠵᠠᠷ ᠢ ᠵᠠᠰᠠᠬᠤ | ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠪᠠᠷ ᠡᠭᠦᠳᠦᠨ ᠪᠠᠶᠢᠭᠤᠯᠵᠤ ᠂ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠨ ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ | ᠲᠡᠭᠦᠯᠳᠡᠷᠵᠢᠭᠦᠯᠵᠦ ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ ᠃ ᠪᠣᠬᠢᠷᠳᠤᠯ ᠪᠣᠳᠠᠰ ᠢ | ᠬᠠᠮᠵᠢᠯᠴᠠᠨ ᠡᠵᠡᠮᠳᠡᠬᠦ ᠶᠢ ᠴᠢᠩᠭᠠᠳᠬᠠᠵᠤ ᠂ ᠭᠦᠭᠡᠬᠤᠲᠠ ᠪᠤᠭᠤᠲᠤ ᠣᠷᠳᠣᠰ ᠂ ᠦᠬᠠᠢ ᠵᠢᠴᠢ ᠡᠷᠭᠢᠨ ᠲᠣᠭᠤᠷᠢᠨ ᠤ ᠬᠢᠨᠢ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠶᠡᠭᠡ ᠪᠠᠷ ᠠᠬᠢᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ ᠂ 2025 ᠣᠨ ᠪᠤᠯᠬᠤ ᠳᠤ ᠬᠦᠨᠳᠦ ᠪᠣᠬᠢᠷᠳᠤᠯ ᠲᠠᠢ ᠴᠠᠭ ᠠᠭᠤᠷ ᠢ | ᠦᠨᠳᠦᠰᠦᠨ ᠳᠡᠭᠡᠨ ᠠᠷᠢᠯᠭᠠᠨ᠎ᠠ ᠃ ᠤᠰᠤᠨ ᠤ ᠡᠬᠢ ᠪᠠᠶᠠᠯᠢᠭ ᠂ ᠤᠰᠤᠨ ᠤ ᠣᠷᠴᠢᠨ ᠲᠣᠭᠤᠷᠢᠨ ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠵᠦ ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠶᠢᠷᠡᠭᠦᠯᠵᠦ ᠂ ︽ ᠤᠰᠤ ᠪᠠᠷ ᠳᠥᠷᠪᠡ ᠶᠢ ᠲᠣᠭᠲᠠᠭᠠᠬᠤ ︾ | ᠵᠠᠷᠴᠢᠮ ᠢ ᠨᠠᠶᠢᠳᠠᠪᠤᠷᠢᠵᠢᠭᠤᠯᠵᠤ ᠂ ᠬᠠᠳᠤᠨ ᠭᠤᠣᠯ ᠤᠨ ᠠᠮᠢ ᠠᠬᠤᠢ ᠶᠢ ᠬᠠᠮᠠᠭᠠᠯᠠᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ︽ | ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ ︾ ᠂ ᠴᠠᠭᠠᠨᠨᠠᠭᠤᠷ ᠵᠡᠷᠭᠡ ᠶᠢᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ ᠂ ᠬᠤᠳᠠ ᠶᠢᠨ ᠬᠠᠷ᠎ᠠ | ᠦᠮᠡᠬᠡᠢ ᠤᠰᠤᠨ ᠴᠣᠭᠴᠠ ᠶᠢ ᠲᠦᠷᠭᠡᠨ ᠠᠷᠢᠯᠭᠠᠨ᠎ᠠ ᠃ ᠤᠰᠤᠨ ᠤ ᠲᠣᠣᠷ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠂ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢ ᠬᠡᠷᠡᠭᠵᠢᠭᠦᠯᠵᠦ ᠂ ᠭᠤᠣᠯᠳᠠᠯᠭ᠎ᠠ ᠲᠠᠢ ᠤᠰᠤ ᠲᠠᠲᠠᠬᠤ ᠪᠠᠷᠢᠯᠭ᠎ᠠ ᠶᠢᠨ | ᠠᠬᠢᠴᠠ ᠶᠢ ᠲᠦᠷᠭᠡᠳᠬᠡᠨ᠎ᠡ ᠃ ᠬᠠᠲᠤᠨ ᠭᠤᠣᠯ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠂ | ᠤᠰᠤ ᠠᠷᠪᠢᠯᠠᠬᠤ ᠥᠨᠳᠥᠷ ᠪᠦᠲᠦᠮᠵᠢᠲᠡᠢ ᠲᠠᠷᠢᠶᠠᠯᠠᠩ ᠢ ᠶᠡᠭᠡ ᠪᠠᠷ ᠬᠥᠭᠵᠢᠭᠦᠯᠦᠨ ᠂ ᠨᠠᠯᠠᠶᠢᠲᠠᠯ᠎ᠠ ᠤᠰᠤᠯᠠᠬᠤ ᠠᠰᠠᠭᠤᠳᠠᠯ ᠢ ᠰᠢᠢᠳᠪᠦᠷᠢᠯᠡᠨ᠎ᠡ ᠃ ᠬᠥᠷᠥᠰᠥ | ᠰᠢᠷᠣᠢ ᠶᠢᠨ ᠪᠣᠬᠢᠷᠳᠤᠯ ᠤᠨ ᠡᠬᠢ ᠰᠤᠷᠪᠤᠯᠵᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢ ᠥᠷᠨᠢᠭᠦᠯᠦᠨ᠎ᠡ ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠰᠠᠶᠢᠲᠤᠷ ᠠᠳᠬᠤᠨ᠎ᠠ ᠃ ᠪᠦᠭᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠬᠠᠲᠠᠭᠤ ᠴᠢᠨᠠᠷᠲᠠᠢ ᠳᠦᠷᠢᠮ ᠤᠨ ᠬᠢᠵᠠᠭᠠᠷᠯᠠᠯ ᠢ | ᠴᠢᠩᠭᠠᠳᠬᠠᠨ ᠂ ᠡᠬᠢ ᠪᠠᠶᠠᠯᠢᠭ ᠤᠨ ᠴᠢᠨᠠᠷᠲᠠᠢ ᠦᠢᠯᠡᠳᠬᠦᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠰᠤ ᠂ ᠭᠠᠵᠠᠷ ᠰᠢᠷᠣᠢ ᠂ | ᠠᠭᠤᠷᠬᠠᠢ ᠶᠢᠨ ᠭᠠᠷᠤᠯᠲᠠ ᠵᠡᠷᠭᠡ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠪᠣᠬᠢᠷᠳᠤᠯ ᠦᠭᠡᠢ ᠪᠠᠷ ᠦᠶ᠋ᠯᠡᠳᠭᠦ ᠪᠠᠷᠢᠮᠵᠢᠶ᠎ᠠ ᠶᠢ | ᠲᠣᠭᠲᠠᠭᠠᠵᠤ ᠂ ᠪᠣᠬᠢᠷᠳᠤᠯ ᠦᠭᠡᠢ ᠵᠢᠱᠢᠶ᠎ᠡ ᠦᠵᠡᠭᠦᠯᠭᠦ ᠬᠡᠪ ᠳᠠᠭᠤᠷᠢᠶᠠᠯ ᠢ ᠪᠤᠶ ᠪᠤᠯᠭᠠᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠤᠯᠭᠠᠬᠤ ᠶᠢ ᠠᠬᠢᠭᠤᠯᠤᠨ᠎ᠠ ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ | ᠤᠷᠭᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠰᠢᠨᠵᠢᠯᠡᠬᠦ ᠤᠬᠠᠭᠠᠨᠴᠢ ᠯᠠᠪᠳᠠᠭᠤᠨ ᠢᠶᠠᠷ ᠠᠬᠢᠭᠤᠯᠵᠤ ᠂ ︽ 1 + N + X ︾ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠨᠧᠷᠭᠢ ᠂ ᠠᠵᠤ ᠦᠢᠯᠡᠳᠪᠦᠷᠢ ᠂ | ᠪᠠᠷᠢᠯᠭ᠎ᠠ ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠂ | ᠪᠠᠭ᠎ᠠ ᠨᠡᠭᠦᠷᠡᠰᠦᠲᠥ᠋ᠷᠥᠭᠴᠢᠲᠦ ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠵᠢᠷᠤᠮᠵᠢᠬᠰᠠᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠤᠭ᠎ᠠ ᠪᠦᠷᠢᠳᠬᠡᠯ ᠲᠣᠭᠠᠴᠠᠭ᠎ᠠ ᠬᠢᠬᠦ ᠰᠢᠰᠲ᠋ᠧᠮ ᠢ ᠪᠠᠶᠢᠭᠤᠯᠵᠤ ᠂ ᠠᠮᠢ ᠠᠬᠤᠢ ᠶᠢᠨ ᠰᠢᠰᠲ᠋ᠧᠮ ᠤᠨ | ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠳᠤ | ᠢᠳᠡᠪᠬᠢᠲᠡᠢ ᠣᠷᠣᠯᠴᠠᠨ᠎ᠠ ᠃ | ︵ ᠬᠤᠶᠠᠷ ︶ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ | ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ ᠂ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠵᠤ ᠂ | ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ ᠃ ᠣᠯᠠᠨ ᠨᠡᠶᠢᠲᠡ ᠶᠢᠨ ᠠᠮᠤᠷ ᠲᠦᠪᠰᠢᠨ ᠢ ᠱᠠᠲᠤ | ᠬᠤᠪᠢᠶᠠᠨ ᠠᠷᠭᠠᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠠᠮᠤᠷ ᠲᠦᠪᠰᠢᠨ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠦᠳᠦᠭᠦᠪᠴᠢ | ᠲᠥᠰᠥᠪ ᠢ ᠪᠠᠶᠢᠭᠤᠯᠤᠨ ᠂ ᠰᠡᠷᠭᠡᠶᠢᠯᠡᠬᠦ ᠪᠠᠷ ᠭᠤᠣᠯ ᠪᠤᠯᠭᠠᠬᠰᠠᠨ ᠣᠯᠠᠨ ᠨᠡᠶᠢᠲᠡ ᠶᠢᠨ ᠠᠮᠤᠷ ᠲᠦᠪᠰᠢᠨ ᠢ ᠵᠠᠰᠠᠬᠤ ᠵᠠᠭᠪᠤᠷ ᠢ ᠪᠠᠶᠢᠭᠤᠯᠵᠤ ᠂ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠭᠦ ᠰᠢᠰᠲ᠋ᠧᠮ ᠪᠣᠯᠣᠨ ᠭᠡᠨᠡᠳᠲᠡ ᠡᠭᠦᠰᠭᠦ ᠬᠡᠷᠡᠭ ᠢ ᠪᠠᠴᠢᠮ ᠠᠷᠭᠠᠴᠠᠭᠠᠬᠤ ᠴᠢᠳᠠᠪᠤᠷᠢ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ ᠂ ᠠᠭᠤᠷᠬᠠᠢ ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠂ ᠠᠶᠤᠯ ᠲᠠᠢ ᠬᠢᠮᠢ ᠶᠢᠨ ᠪᠣᠳᠠᠰ ᠂ ᠬᠤᠲᠠ ᠶᠢᠨ ᠠᠮᠢᠨ ᠰᠤᠳᠠᠰᠤ ᠂ ᠵᠠᠮ | ᠬᠠᠷᠢᠯᠴᠠᠭ᠎ᠠ ᠲᠡᠭᠡᠭᠡᠪᠦᠷᠢ ᠂ ᠢᠳᠡᠭᠡᠨ ᠪᠠ ᠡᠮ ᠤᠨ ᠵᠦᠢᠯᠡᠰ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠬᠦᠨᠳᠦ ᠶᠡᠭᠡ ᠭᠡᠨᠡᠳᠲᠡ ᠡᠭᠦᠰᠭᠦ ᠣᠯᠠᠨ ᠨᠡᠶᠢᠲᠡ ᠶᠢᠨ ᠬᠡᠷᠡᠭ ᠢ | ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠤᠨ᠎ᠡ ᠃ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ | ᠪᠠᠶᠢᠭᠤᠯᠤᠯᠲᠠ ᠶᠢᠨ ᠳᠡᠮᠵᠢᠯᠭᠡ ᠶᠢ ᠢᠳᠡᠪᠬᠢᠲᠡᠢ ᠣᠯᠬᠤ ᠬᠡᠷᠡᠭᠲᠡᠢ ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ | ᠵᠠᠰᠠᠯᠲᠠ ᠶᠢᠨ ᠳᠦᠷᠢᠮ ᠢ ᠪᠦᠷᠢᠨᠰᠢᠭᠦᠯᠵᠦ ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ ᠃ ᠰᠢᠨ᠎ᠡ | ᠴᠠᠭ ᠦᠶ᠎ᠡ ᠶᠢᠨ ︽ ᠹᠧᠩ ᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠠᠷᠠᠳ ᠤᠨ ᠡᠶᠡᠳᠡᠭᠦᠯᠭᠦ ᠠᠵᠢᠯ ᠪᠠ ᠠᠷᠠᠳ ᠤᠨ ᠵᠠᠬᠢᠳᠠᠯ | ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ ᠂ | ᠴᠤᠬᠤᠶᠢᠯᠳᠠ ᠶᠢᠨ ᠦᠶ᠎ᠡ ᠳᠤᠨᠢ ᠰᠢᠢᠳᠪᠦᠷᠢᠯᠡᠨ᠎ᠡ ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠡᠯ᠎ᠡ ᠲᠥᠷᠥᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠪᠠ ᠠᠮᠤᠷ | ᠠᠮᠤᠭᠤᠯᠠᠩ ᠤᠨ ᠪᠠᠶᠢᠭᠤᠯᠤᠯᠲᠠ ᠶᠢᠨ ᠲᠤᠬᠠᠢ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ | ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ ᠃ ᠬᠢᠯᠢ | ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠶᠢ ᠭᠦᠨᠵᠡᠭᠡᠢ ᠠᠬᠢᠭᠤᠯᠵᠤ ᠂ ᠬᠢᠯᠢ ᠶᠢᠨ ᠬᠠᠮᠢᠶᠠᠷᠤᠨ ᠡᠵᠡᠮᠳᠡᠬᠦ ᠬᠦᠴᠦᠨ ᠪᠠ ᠬᠢᠯᠢ ᠶᠢᠨ | ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠣᠶᠤᠨᠴᠢ ᠬᠢᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠢ | ᠬᠡᠷᠡᠭᠵᠢᠭᠦᠯᠵᠦ ᠂ ᠴᠡᠷᠢᠭ ᠴᠠᠭᠳᠠᠭ᠎ᠠ ᠠᠷᠠᠳ ᠤᠨ ᠨᠢᠭᠡᠳᠦᠯᠲᠡᠢ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠴᠢᠩᠭᠠᠳᠬᠠᠵᠤ ᠂ ᠬᠢᠯᠢ ᠬᠢᠵᠠᠭᠠᠷ ᠣᠷᠣᠨ ᠤ ᠬᠥᠮᠥᠨ ᠠᠮᠠ | ︽ ᠬᠤᠭᠤᠰᠤᠷᠠᠬᠤ ︾ ᠂ ︽ ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ ︾ ᠳᠦᠭᠦᠮ ᠦᠭᠡᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ ᠃ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠂ ᠴᠡᠷᠢᠭ | ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠦᠨ᠎ᠡ ᠃ | ︵ ᠭᠤᠷᠪᠠ ︶ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ ᠃ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ ᠂ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠂ ᠡᠨᠧᠷᠭᠢ ᠶᠢᠨ ᠦᠢᠯᠡᠳᠪᠦᠷᠢᠯᠡᠯ | ᠬᠠᠩᠭᠠᠯᠭ᠎ᠠ ᠨᠥᠭᠡᠴᠡᠯᠡᠯᠲᠡ ᠪᠣᠷᠤᠯᠠᠭᠤᠯᠭ᠎ᠠ ᠶᠢᠨ ᠰᠢᠰᠲ᠋ᠧᠮ ᠢ ᠲᠦᠷᠭᠡᠳᠬᠡᠨ ᠲᠥᠯᠥᠪᠵᠢᠭᠦᠯᠦᠨ ᠪᠠᠶᠢᠭᠤᠯᠵᠤ ᠂ ᠴᠢᠯᠠᠭᠤᠵᠢᠮᠠᠯ ᠡᠨᠧᠷᠭᠢ ᠶᠢᠨ ᠲᠣᠮᠣ ᠣᠷᠣᠨ ᠠᠴᠠ | ᠴᠡᠪᠡᠷ ᠡᠨᠧᠷᠭᠢ ᠶᠢᠨ ᠲᠣᠮᠣ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ ᠃ ᠪᠦᠭᠦ ᠤᠯᠤᠰ ᠴᠢᠨᠠᠭᠰᠢᠯᠠᠪᠠᠯ ᠣᠯᠠᠨ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠭᠠᠵᠠᠷ ᠪᠠ | ᠰᠢᠨ᠎ᠡ ᠶᠢ ᠡᠭᠦᠳᠭᠦ ᠭᠤᠯᠣᠮᠲᠠ ᠶᠢ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ | ᠴᠠᠭᠢᠯᠭᠠᠨ ᠬᠦᠴᠦᠨ ᠤ ᠰᠢᠰᠲ᠋ᠧᠮ ᠢ ᠪᠦᠭᠦ ᠤᠯᠤᠰ ᠲᠤ ᠲᠦᠷᠦᠭᠦᠯᠡᠨ ᠪᠠᠶᠢᠭᠤᠯᠵᠤ ᠂ ᠡᠯᠡᠰᠦ ᠮᠠᠩᠬ᠎ᠠ ᠂ ᠭᠤᠪᠢ ᠮᠠᠩᠬ᠎ᠠ ᠂ ᠴᠦᠯᠯᠡᠷᠭᠡᠭ ᠭᠠᠵᠠᠷ ᠣᠷᠣᠨ ᠢᠶᠠᠷ | ᠭᠤᠣᠯᠳᠠᠯᠭ᠎ᠠ ᠪᠤᠯᠭᠠᠬᠰᠠᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ ᠂ ᠰᠠᠭᠤᠷᠢᠨ ᠤ ᠡᠷᠭᠢᠨ ᠲᠣᠭᠤᠷᠢᠨ ᠤ ᠲᠣᠬᠢᠷᠠᠭᠤᠯᠤᠯᠲᠠ ᠶᠢᠨ ᠴᠢᠨᠠᠷᠲᠠᠢ ᠴᠠᠭᠢᠯᠭᠠᠨ ᠡᠭᠦᠰᠬᠡᠭᠴᠢ ᠪᠠ ᠡᠨᠧᠷᠭᠢ ᠨᠥᠭᠡᠴᠡᠯᠡᠬᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠴᠠᠭᠢᠯᠭᠠᠨ ᠬᠦᠴᠦᠨ ᠢ ᠭᠠᠳᠠᠭᠰᠢ ᠭᠦᠷᠭᠡᠭᠦ ᠵᠠᠮ ᠪᠠ ᠴᠠᠭᠢᠯᠭᠠᠨ ᠲᠣᠣᠷ ᠤᠨ ᠭᠤᠣᠯ ᠲᠣᠣᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ 2025 ᠣᠨ ᠪᠤᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠤᠭᠰᠠᠷᠠᠯᠲᠠ ᠶᠢᠨ | ᠬᠡᠪᠴᠢᠶ᠎ᠡ ᠶᠢ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠤᠭᠰᠠᠷᠠᠯᠲᠠ ᠶᠢᠨ ᠬᠡᠪᠴᠢᠶ᠎ᠡ ᠠᠴᠠ ᠳᠠᠪᠠᠭᠤᠯᠵᠤ ᠂ 2030 ᠣᠨ ᠪᠤᠯᠬᠤ ᠳᠤ ᠰᠢᠨ᠎ᠡ | ᠡᠨᠧᠷᠭᠢ ᠶᠢᠨ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠶᠢ ᠢᠯᠴᠢ ᠶᠢᠨ ᠴᠠᠭᠢᠯᠭᠠᠨ ᠤ ᠶᠡᠷᠦᠩᠬᠡᠢ ᠬᠡᠮᠵᠢᠶ᠎ᠡ ᠠᠴᠠ ᠳᠠᠪᠠᠭᠤᠯᠤᠨ᠎ᠠ ᠃ ᠰᠢᠨ᠎ᠡ ᠡᠨᠧᠷᠭᠢ ᠶᠢᠨ | ᠬᠡᠷᠡᠭᠯᠡᠭᠡᠨ ᠤ ᠪᠠᠶᠢᠳᠠᠯ ᠢ ᠥᠷᠭᠡᠨ ᠳᠡᠯᠭᠡᠷ ᠥᠷᠭᠡᠳᠬᠡᠵᠦ ᠂ ᠴᠠᠭᠢᠯᠭᠠᠨ ᠡᠭᠦᠰᠬᠡᠭᠴᠢ ᠴᠠᠭᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠂ | ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠭᠦ ᠶᠢ ᠨᠢᠭᠡ ᠴᠣᠭᠴᠠᠵᠢᠭᠤᠯᠬᠤ ᠂ ᠰᠢᠲᠠᠭᠠᠯᠭ᠎ᠠ ᠶᠢᠨ ᠨᠡᠭᠦᠷᠡᠰᠦ ᠶᠢᠨ ᠥᠪᠡᠷᠲᠡᠭᠡᠨ ᠪᠡᠯᠡᠳᠬᠡᠭᠰᠡᠨ ᠴᠠᠭᠢᠯᠭᠠᠨ | ᠭᠠᠷᠭᠠᠬᠤ ᠦᠢᠯᠡᠳᠪᠦᠷᠢ ᠶᠢ ᠲᠠᠭᠢᠨ ᠡᠭᠦᠰᠴᠦ ᠪᠤᠯᠬᠤ ᠡᠨᠧᠷᠭᠢ ᠪᠠᠷ ᠣᠷᠣᠯᠠᠭᠤᠯᠬᠤ ᠂ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠴᠠᠭᠢᠯᠭᠠᠨ ᠬᠠᠩᠭᠠᠬᠤ ᠂ | ᠢᠯᠴᠢ ᠶᠢᠨ ᠴᠠᠭᠢᠯᠭᠠᠨ ᠢ ᠠᠮᠢᠳᠤᠯᠢᠭ ᠪᠤᠯᠭᠠᠬᠤ ᠥᠭᠡᠷᠡᠴᠢᠯᠡᠯᠲᠡ ᠂ ᠪᠦᠭᠦ ᠲᠣᠭᠠᠨ ᠤ ᠥᠪᠡᠰᠦᠪᠡᠨ ᠭᠠᠷᠭᠠᠵᠤ ᠥᠪᠡᠰᠦᠪᠡᠨ ᠬᠡᠷᠡᠭᠯᠡᠬᠦ ᠵᠡᠷᠭᠡ ᠵᠠᠬ᠎ᠠ | ᠳᠡᠯᠭᠡᠭᠦᠷᠴᠢᠯᠡᠭᠰᠡᠨ ᠪᠠᠭᠲᠠᠭᠠᠨ ᠰᠢᠩᠭᠡᠭᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠥᠪᠡᠰᠦᠪᠡᠨ ᠰᠢᠩᠭᠡᠭᠡᠵᠦ ᠳᠡᠶᠢᠯᠭᠦ | ᠲᠦᠷᠦᠯ ᠵᠦᠢᠯ ᠢ ᠲᠦᠷᠭᠡᠨ ᠵᠥᠪᠰᠢᠶᠡᠷᠡᠭᠦᠯᠦᠭᠡᠳ ᠲᠦᠷᠭᠡᠨ ᠪᠠᠶᠢᠭᠤᠯᠵᠤ ᠂ ᠪᠦᠭᠦ ᠬᠦᠴᠦᠨ ᠢᠶᠠᠷ ᠪᠠᠲᠤᠯᠠᠨ᠎ᠠ ᠃ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ ᠂ ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠮᠵᠢ ᠳᠥᠷᠪᠡᠨ ᠶᠡᠭᠡ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ | ᠪᠤᠢ ᠪᠤᠯᠭᠠᠵᠤ ᠂ ᠭᠦᠭᠡᠬᠤᠲᠠ ᠂ ᠪᠤᠭᠤᠲᠤ ᠂ ᠣᠷᠳᠣᠰ ᠂ ᠲᠦᠩᠯᠢᠶᠣᠣ ᠂ ᠤᠯᠠᠭᠠᠨᠴᠠᠪ ᠂ ᠤᠯᠠᠭᠠᠨᠬᠠᠳᠠ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ | ᠦᠢᠯᠡᠳᠭᠦ ᠰᠠᠭᠤᠷᠢᠨ ᠢ ᠲᠦᠷᠭᠡᠳᠬᠡᠨ ᠪᠠᠶᠢᠭᠤᠯᠵᠤ ᠂ ᠣᠷᠣᠨ ᠤ ᠳᠣᠲᠣᠷᠠᠬᠢ ᠶᠢ ᠪᠠᠲᠤᠯᠠᠭᠰᠠᠨ ᠂ ᠡᠷᠭᠢᠨ ᠲᠣᠭᠤᠷᠢᠨ ᠢ ᠬᠠᠩᠭᠠᠭᠰᠠᠨ ᠂ ᠪᠦᠭᠦ ᠤᠯᠤᠰ ᠢ | ᠨᠥᠯᠥᠭᠡᠯᠡᠭᠰᠡᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠰᠡᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠴᠢᠳᠠᠪᠤᠷᠢ ᠶᠢ ᠪᠦᠷᠢᠯᠳᠦᠭᠦᠯᠦᠨ᠎ᠡ ᠃ ᠰᠢᠨ᠎ᠡ | ᠡᠨᠧᠷᠭᠢ ᠶᠢ ᠨᠡᠭᠡᠭᠡᠨ ᠬᠥᠭᠵᠢᠭᠦᠯᠬᠦ ᠠᠷᠭ᠎ᠠ ᠭᠡᠯᠪᠡᠷᠢ ᠶᠢ ᠬᠤᠪᠢᠷᠠᠭᠤᠯᠵᠤ ᠂ ᠣᠷᠣᠨ ᠤ ᠳᠣᠲᠣᠷᠠᠬᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠨ ᠪᠡᠯᠡ ᠣᠷᠣᠭᠤᠯᠬᠤ ᠂ | ᠬᠠᠮᠲᠤᠷᠠᠯᠴᠠᠨ ᠪᠡᠯᠡ ᠣᠷᠣᠭᠤᠯᠬᠤ ᠂ ᠴᠢᠬᠤᠯᠠ ᠡᠯᠧᠮᠧᠨ᠋ᠲ ᠢᠶᠠᠷ ᠬᠤᠪᠢ ᠣᠷᠣᠭᠤᠯᠬᠤ ᠵᠡᠷᠭᠡ ᠠᠷᠭ᠎ᠠ ᠭᠡᠯᠪᠡᠷᠢ ᠪᠠᠷ ᠰᠢᠨ᠎ᠡ ᠡᠨᠧᠷᠭᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ ᠳᠠᠮᠵᠢᠵᠤ ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢ | ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ ᠪᠣᠯᠭᠠᠨ ᠪᠦᠲᠦᠭᠡᠨ ᠪᠠᠶᠢᠭᠤᠯᠤᠨ᠎ᠠ ᠃ ᠲᠣᠰᠬᠤᠨ ᠤ ᠬᠠᠮᠲᠤ ᠶᠢᠨ ᠦᠯᠡᠳᠡᠭᠡᠯ ᠭᠠᠵᠠᠷ ᠰᠢᠷᠣᠢ ᠶᠢ | ᠬᠠᠤᠯᠢ ᠶᠣᠰᠣᠭᠠᠷ ᠠᠰᠢᠭᠯᠠᠵᠤ ᠂ ᠦᠨ᠎ᠡ ᠲᠣᠭᠲᠠᠭᠠᠨ ᠬᠤᠪᠢ ᠣᠷᠣᠭᠤᠯᠬᠤ ᠂ ᠠᠰᠢᠭ ᠬᠤᠨᠵᠢᠪᠤᠷᠢ ᠶᠢ ᠬᠠᠮᠲᠤ ᠪᠠᠷ ᠭᠦᠷᠳᠡᠭᠦ ᠵᠡᠷᠭᠡ ᠲᠣᠭᠲᠠᠴᠠ ᠪᠠᠷ | ᠳᠠᠮᠵᠢᠭᠤᠯᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠳᠤ ᠣᠷᠣᠯᠴᠠᠭᠤᠯᠬᠤ ᠶᠢ ᠵᠣᠷᠢᠭᠵᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ | ᠡᠨᠧᠷᠭᠢ ᠶᠢᠨ ᠲᠤᠰᠬᠠᠢ ᠬᠤᠷᠰᠢᠶ᠎ᠠ ᠵᠡᠷᠭᠡ ᠰᠢᠨ᠎ᠡ ᠭᠡᠯᠪᠡᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠢᠳᠡᠪᠬᠢᠲᠡᠢ ᠪᠠᠷ ᠪᠤᠶᠢᠵᠢᠭᠤᠯᠤᠨ᠎ᠠ ᠃ ᠨᠡᠭᠦᠷᠡᠰᠦᠨ ᠤ | ᠠᠮᠤᠷ ᠲᠦᠪᠰᠢᠨ ᠬᠠᠩᠭᠠᠯᠭ᠎ᠠ ᠶᠢ ᠪᠠᠲᠤᠯᠠᠵᠤ ᠂ ᠣᠷᠳᠣᠰ ᠤᠨ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ ᠂ ᠥᠪᠥᠷ | ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠵᠤ ᠂ ᠦᠬᠠᠢ ᠣᠷᠣᠨ ᠤ | ᠨᠡᠭᠦᠷᠡᠰᠦᠨ ᠤ ᠡᠬᠢ ᠪᠠᠶᠠᠯᠢᠭ ᠢ ᠨᠡᠶᠢᠳᠬᠡᠵᠦ ᠂ ᠨᠡᠭᠦᠷᠡᠰᠦᠨ ᠤ ᠬᠠᠩᠭᠠᠯᠭ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ ᠃ ᠨᠡᠭᠦᠷᠡᠰᠦ ᠶᠢ | ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠴᠢᠩᠭᠠᠳᠬᠠᠵᠤ ᠂ ᠨᠡᠭᠦᠷᠡᠰᠦ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠭᠡᠲᠦ ᠳᠣᠣᠷ᠎ᠠ | ᠭᠠᠳᠠᠭᠰᠢᠯᠠᠭᠤᠯᠬᠤ ᠪᠠ ᠡᠨᠧᠷᠭᠢ ᠠᠷᠪᠢᠯᠠᠵᠤ ᠲᠠᠰ ᠳᠡᠪᠰᠢᠭᠦᠯᠦᠨ ᠥᠭᠡᠷᠡᠴᠢᠯᠡᠬᠦ ᠶᠢ ᠭᠦᠨᠵᠡᠭᠡᠢ ᠬᠡᠷᠡᠭᠵᠢᠭᠦᠯᠵᠦ ᠂ ᠣᠲᠣ ᠶᠢᠨ ᠪᠠᠶᠢᠭ᠎ᠠ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠤᠨ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ ᠂ ᠨᠡᠭᠦᠷᠡᠰᠦ ᠳᠤ ᠰᠠᠭᠤᠷᠢᠯᠠᠭᠰᠠᠨ ᠰᠢᠨ᠎ᠡ ᠮᠠᠲ᠋ᠧᠷᠢᠶᠠᠯ ᠵᠢᠴᠢ | ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ ᠃ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠡᠬᠢ | ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠦᠷᠢᠯᠡᠬᠦ ᠡᠷᠴᠢᠮ ᠢ ᠴᠢᠩᠭᠠᠷᠠᠭᠤᠯᠵᠤ ᠂ ︽ ᠪᠠᠶᠢᠭᠠᠯᠢ ᠶᠢᠨ | ᠰᠢᠲᠠᠮᠠᠬᠠᠢ ᠬᠡᠢ ᠶᠢᠨ ᠥᠪᠥᠷ ᠮᠣᠩᠭᠤᠯ ︾ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠬᠢᠴᠠ ᠶᠢ ᠲᠦᠷᠭᠡᠳᠬᠡᠨ᠎ᠡ ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠶᠢ ᠠᠬᠢᠭᠤᠯᠵᠤ ᠂ ᠬᠤᠪᠣᠷ ᠰᠢᠷᠣᠢ ᠶᠢᠨ ᠡᠬᠢ ᠪᠠᠶᠠᠯᠢᠭ ᠢ | ᠮᠠᠯᠲᠠᠵᠤ ᠰᠣᠩᠭᠤᠬᠤ ᠪᠠ ᠬᠠᠶᠢᠯᠤᠭᠤᠯᠵᠤ ᠰᠠᠯᠭᠠᠬᠤ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠬᠤᠪᠣᠷ ᠰᠢᠷᠣᠢ ᠶᠢᠨ ᠡᠴᠦᠰ ᠤᠨ ᠬᠡᠷᠡᠭᠯᠡᠭᠡᠨ ᠤ ᠠᠵᠤ | ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠂ ᠪᠤᠭᠤᠲᠤ ᠳᠤ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ | ᠪᠠ ᠪᠦᠭᠦ ᠤᠯᠤᠰ ᠲᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠲᠦᠭᠡᠨ ᠪᠠᠶᠢᠭᠤᠯᠵᠤ ᠂ ᠲᠡᠮᠦᠷ ᠂ ᠯᠢᠲ᠋ᠢ ᠂ ᠵᠡᠰ ᠂ ᠠᠯᠲᠠ ᠵᠡᠷᠭᠡ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠳᠤᠯ ᠦᠭᠡᠢ ᠠᠮᠤᠷ ᠲᠦᠪᠰᠢᠨ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠤᠨ᠎ᠠ ᠃ | ︵ ᠳᠥᠷᠪᠡ ︶ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ ᠃ ᠲᠤᠭ᠎ᠠ ᠬᠡᠮᠵᠢᠶ᠎ᠡ ᠶᠢ ᠥᠷᠭᠡᠳᠬᠡᠬᠦ ᠂ ᠶᠠᠰᠤ ᠴᠢᠨᠠᠷ ᠢ ᠳᠡᠭᠡᠭᠰᠢᠯᠡᠭᠦᠯᠭᠦ ᠂ ᠭᠠᠷᠤᠯᠲᠠ ᠶᠢ ᠨᠡᠮᠡᠭᠳᠡᠭᠦᠯᠬᠦ ᠪᠠᠷ ᠦᠷᠭᠦᠯᠵᠢᠯᠡᠨ | ᠬᠦᠴᠦᠯᠡᠵᠦ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠵᠤ ᠂ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠪᠠᠷ ᠴᠢᠩᠭ᠎ᠠ ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢᠶᠠᠷ ᠴᠢᠩᠭ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ | ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ ᠴᠢᠩᠭ᠎ᠠ ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠰᠢᠰᠲ᠋ᠧᠮ ᠢᠶᠠᠷ ᠴᠢᠩᠭ᠎ᠠ ᠂ ᠪᠣᠬᠢᠷᠳᠤᠯ ᠦᠭᠡᠢ ᠬᠥᠭᠵᠢᠯᠲᠡ ᠶᠢᠨ | ᠲᠦᠪᠰᠢᠨ ᠢᠶᠠᠷ ᠴᠢᠩᠭ᠎ᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠤᠨ᠎ᠠ ᠃ ᠠᠮᠤ ᠪᠤᠳᠠᠭᠠᠨ ᠤ ᠠᠮᠤᠷ ᠲᠦᠪᠰᠢᠨ ᠤ | ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ ᠂ ᠬᠠᠷ᠎ᠠ ᠬᠥᠷᠥᠰᠥᠲᠦ ᠭᠠᠵᠠᠷ ᠰᠢᠷᠣᠢ ᠶᠢᠨ ᠬᠠᠮᠠᠭᠠᠯᠠᠯᠲᠠ ᠶᠢ | ᠴᠢᠩᠭᠠᠳᠬᠠᠵᠤ ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠠᠯᠬᠤᠮ ᠠᠯᠬᠤᠮ ᠢᠶᠠᠷ | ᠪᠠᠶᠢᠭᠤᠯᠵᠤ ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ︽ ᠠᠵᠢᠯ ᠳᠠᠭᠠᠭᠠᠴᠢᠯᠠᠵᠤ ᠡᠭᠦᠷᠭᠡ ᠬᠦᠯᠢᠶᠡᠬᠦ ︾ ᠲᠤᠰᠬᠠᠢ ᠠᠵᠢᠯᠯᠠᠭ᠎ᠠ ᠥᠷᠨᠢᠭᠦᠯᠵᠦ ᠂ ᠮᠠᠯ | ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠣᠯᠣᠨ ᠮᠡᠷᠭᠡᠵᠢᠯ ᠲᠣᠨᠣᠭᠯᠠᠯ ᠤᠨ ᠪᠠᠲᠤᠯᠠᠭ᠎ᠠ ᠶᠢ ᠴᠢᠩᠭᠠᠳᠬᠠᠵᠤ ᠂ | ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ ᠂ 2035 ᠣᠨ ᠪᠤᠯᠬᠤ ᠳᠤ ᠪᠦᠭᠦ ᠣᠷᠣᠨ ᠤ ᠠᠮᠤ | ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 850 ᠳ᠋ᠦᠩᠰᠢᠭᠤᠷ ᠵᠢᠩ ᠪᠣᠯᠭᠠᠨ ᠳᠡᠭᠡᠭᠰᠢᠯᠡᠭᠦᠯᠦᠨ᠎ᠡ ᠃ ᠲᠣᠮᠣ ᠢᠳᠡᠭᠡᠨ ᠤ ᠦᠵᠡᠯᠲᠡ ᠶᠢ | ᠪᠤᠶ ᠪᠤᠯᠭᠠᠵᠤ ᠂ ᠠᠯᠠᠰᠢᠨ ᠦᠬᠡᠷ ᠂ ᠠᠯᠠᠰᠢᠨ ᠬᠤᠨᠢ ᠂ ᠭᠠᠭ᠋ᠠᠢ ᠂ ᠵᠢᠭᠦᠷᠲᠡᠨ ᠤ ᠲᠥᠷᠥᠯ ᠤᠨ ᠣᠲᠣ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢ | ᠲᠦᠷᠭᠡᠳᠬᠡᠨ ᠬᠥᠭᠵᠢᠭᠦᠯᠵᠦ ᠂ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ 2035 ᠣᠨ ᠪᠤᠯᠬᠤ ᠳᠤ | ᠪᠦᠭᠦ ᠣᠷᠣᠨ ᠤ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ 400 ᠲᠦᠮᠡᠨ ᠲᠣᠨ ᠪᠤᠯᠲᠠᠯ᠎ᠠ ᠳᠡᠭᠡᠭᠰᠢᠯᠡᠭᠦᠯᠵᠦ ᠂ ᠲᠥᠬᠦᠭᠡᠷᠦᠮᠵᠢᠲᠦ ᠲᠠᠷᠢᠶᠠᠯᠠᠩ ᠤᠨ | ᠲᠠᠯᠠᠪᠠᠶ ᠶᠢ 480 ᠲᠦᠮᠡᠨ ᠮᠦ ᠭᠦᠷᠲᠡᠯ᠎ᠡ ᠥᠷᠭᠡᠳᠬᠡᠨ᠎ᠡ ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ | ᠬᠢᠶᠠᠭ ᠂ ᠴᠠᠷᠭᠠᠰᠤ ᠂ ᠨᠠᠶᠢᠯᠵᠠᠭᠤᠷ ᠬᠠᠷᠭᠠᠨ᠎ᠠ ᠵᠡᠷᠭᠡ ᠲᠡᠵᠢᠭᠡᠯ ᠡᠪᠡᠰᠦ ᠪᠠ ᠲᠡᠵᠢᠭᠡᠯ ᠳᠤ ᠬᠡᠷᠡᠭᠯᠡᠬᠦ ᠪᠤᠳᠠ ᠮᠣᠳᠣ ᠳᠠᠷᠢᠬᠤ ᠶᠢ ᠢᠳᠡᠪᠬᠢᠲᠡᠢ ᠳᠡᠯᠭᠡᠷᠡᠭᠦᠯᠵᠦ ᠂ | ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠭᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠰᠠᠭᠠᠯᠢ ᠶᠢᠨ ᠦᠨᠢᠶᠡᠨ ᠤ | ᠡᠭᠦᠯᠳᠡᠷ ᠤᠨ ᠢᠷᠡᠯᠲᠡ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ ᠂ 2035 ᠣᠨ ᠪᠤᠯᠬᠤ ᠳᠤ ᠪᠦᠭᠦ | ᠣᠷᠣᠨ ᠤ ᠰᠦ ᠶᠢᠨ ᠲᠥᠷᠥᠯ ᠤᠨ ᠭᠠᠷᠤᠯᠲᠠ ᠶᠢ 1000 ᠲᠦᠮᠡᠨ ᠲᠣᠨ ᠠᠴᠠ ᠳᠠᠪᠠᠭᠤᠯᠤᠨ᠎ᠠ ᠃ ᠲᠠᠷᠢᠶᠠᠯᠠᠩ ᠮᠠᠯ ᠠᠵᠤ ᠠᠬᠤᠢ ᠶᠢ ᠰᠢᠯᠢᠳᠡᠭᠵᠢᠭᠦᠯᠦᠨ ᠲᠠᠰ | ᠳᠡᠪᠰᠢᠭᠦᠯᠭᠦ ᠶᠢ ᠠᠬᠢᠭᠤᠯᠵᠤ ᠂ ᠡᠷᠳᠡᠨᠢ ᠰᠢᠰᠢ ᠂ ᠰᠦ ᠶᠢᠨ ᠦᠢᠯᠡᠰ ᠤᠨ ᠦᠢᠯᠡᠳᠬᠦᠨ ᠤ ᠥᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠭᠰᠠᠨ ᠂ ᠠᠯᠠᠰᠢᠨ | ᠦᠬᠡᠷ ᠂ ᠠᠯᠠᠰᠢᠨ ᠬᠤᠨᠢ ᠂ ᠲᠡᠵᠢᠭᠡᠯ ᠡᠪᠡᠰᠦ ᠶᠢᠨ ᠦᠢᠯᠡᠳᠬᠦᠨ ᠤ ᠥᠷᠲᠡᠭ 500 ᠳ᠋ᠦᠩᠰᠢᠭᠤᠷ ᠲᠥᠭᠦᠷᠢᠭ ᠢ ᠳᠠᠪᠠᠭᠰᠠᠨ ᠂ ᠲᠥᠮᠥᠰᠥ ᠂ ᠰᠢᠷ᠎ᠠ ᠪᠤᠷᠴᠠᠭ ᠂ | ᠨᠡᠷᠡᠨ ᠬᠤᠸᠠᠷ ᠂ ᠢᠮᠠᠭᠠᠨ ᠨᠣᠣᠯᠣᠭᠤᠷ ᠵᠡᠷᠭᠡ ᠦᠢᠯᠡᠳᠬᠦᠨ ᠤ ᠥᠷᠲᠡᠭ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ 8 ᠳᠠᠪᠠᠭᠤᠯᠢᠭ ᠠᠵᠤ ᠦᠢᠯᠡᠰ ᠢ ᠤᠯᠠᠮ | ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠶᠢ | ᠶᠡᠭᠡ ᠪᠠᠷ ᠬᠥᠭᠵᠢᠭᠦᠯᠦᠨ ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠠᠬᠢᠭᠤᠯᠤᠨ᠎ᠠ ᠃ ᠣᠶ ᠰᠢᠭᠤᠢ ᠶᠢᠨ ᠢᠳᠡᠭᠡᠨ ᠂ ᠣᠨᠴᠠᠯᠢᠭᠲᠤ ᠣᠶ | ᠰᠢᠭᠤᠢ ᠶᠢᠨ ᠵᠢᠮᠢᠰ ᠂ ᠮᠣᠳᠣᠯᠢᠭ ᠠᠮᠤ ᠲᠣᠰᠣ ᠂ ᠣᠶ ᠰᠢᠭᠤᠢ ᠡᠪᠡᠰᠦ ᠬᠢᠲᠠᠳ ᠡᠮ ᠵᠡᠷᠭᠡ ᠳᠠᠪᠠᠭᠤᠯᠢᠭ ᠣᠶ ᠰᠢᠭᠤᠢ ᠡᠪᠡᠰᠦᠨ ᠤ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠃ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠬᠤ ᠪᠠ | ᠳᠡᠯᠭᠡᠷᠡᠭᠦᠯᠬᠦ ᠶᠢ ᠴᠢᠩᠭᠠᠳᠬᠠᠵᠤ ᠂ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠥᠷᠥᠯ ᠲᠡᠮᠳᠡᠭᠲᠦ ᠶᠢ ᠳᠡᠭᠡᠭᠰᠢᠯᠡᠭᠦᠯᠭᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ ᠂ | ᠨᠠᠩ ᠣᠯᠠᠨ ᠳᠡᠯᠭᠡᠷᠡᠵᠦ ᠳᠠᠶᠢᠯᠭᠦ ᠂ ᠨᠡᠷ᠎ᠡ ᠠᠯᠳᠠᠷᠰᠢᠭᠰᠠᠨ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ ᠃ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠲᠥᠬᠦᠭᠡᠷᠦᠮᠵᠢ ᠶᠢᠨ ᠵᠠᠩᠭᠢᠯᠠᠭ᠎ᠠ ᠶᠢᠨ ᠴᠡᠭ ᠤᠨ ᠪᠠᠶᠢᠷᠢᠰᠢᠭᠤᠯᠤᠯᠲᠠ ᠂ ᠦᠢᠯᠡᠴᠢᠯᠡᠭᠡᠨ ᠤ ᠲᠣᠣᠷ ᠪᠠ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ ᠃ | ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ ᠂ ᠮᠠᠯ ᠠᠵᠤ ᠠᠬᠤᠢ ᠲᠠᠷᠢᠶᠠᠯᠠᠩ ᠤᠨ ᠠᠵᠤ | ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ ᠂ | ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ ᠃ ᠮᠠᠯ ᠠᠵᠤ ᠠᠬᠤᠢ | ᠲᠠᠷᠢᠶᠠᠯᠠᠩ ᠢ ᠳᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠭᠦᠯᠦᠨ᠎ᠡ ᠃ | ︵ ᠲᠠᠪᠤ ︶ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠤᠯᠤᠰ ᠤᠨ ︽ ᠨᠢᠭᠡ | ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠳᠤᠮᠳᠠ ᠪᠠᠷᠠᠭᠤᠨ ᠬᠡᠰᠡᠭ ᠪᠠ ᠵᠡᠭᠦᠨ ᠬᠤᠶᠢᠲᠤ | ᠣᠷᠣᠨ ᠤ ᠨᠡᠭᠡᠭᠡᠯᠲᠡ ᠬᠢᠬᠦ ᠲᠦᠪᠰᠢᠨ ᠢ ᠳᠡᠭᠡᠭᠰᠢᠯᠡᠭᠦᠯᠭᠦ ᠂ ᠪᠠᠷᠠᠭᠤᠨ ᠬᠡᠰᠡᠭ ᠤᠨ ᠡᠬᠡ ᠬᠠᠭᠤᠷᠠᠢ ᠪᠠ ᠲᠡᠯᠡᠶ ᠶᠢᠨ ᠰᠢᠨ᠎ᠡ ᠵᠠᠮ ᠢ ᠲᠦᠷᠭᠡᠳᠬᠡᠨ ᠪᠠᠶᠢᠭᠤᠯᠬᠤ ᠵᠡᠷᠭᠡ | ᠴᠢᠬᠤᠯᠠ ᠶᠡᠭᠡ ᠠᠵᠠ ᠲᠣᠭᠢᠶᠠᠯ ᠢ ᠴᠢᠩᠭ᠎ᠠ ᠠᠳᠬᠤᠵᠤ ᠂ ᠨᠡᠭᠡᠭᠡᠯᠲᠡ ᠬᠢᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠤᠨ ᠂ ᠥᠪᠥᠷ ᠮᠣᠩᠭᠤᠯ ᠢ | ᠳᠣᠲᠣᠭᠠᠳᠤ ᠭᠠᠳᠠᠭᠠᠳᠤ ᠶᠢ ᠬᠤᠯᠪᠣᠭᠰᠠᠨ ᠂ ᠡᠷᠭᠢᠨ ᠲᠣᠭᠤᠷᠢᠨ ᠢ ᠨᠥᠯᠥᠭᠡᠯᠡᠭᠰᠡᠨ ᠂ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ ᠂ ᠬᠦᠴᠦᠨ ᠵᠦᠢᠯ ᠢ | ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠭᠦ ᠣᠷᠣᠨ ᠪᠦᠰᠡ ᠶᠢᠨ ᠨᠡᠭᠡᠭᠡᠯᠲᠡ ᠬᠢᠬᠦ ᠲᠠᠪᠴᠠᠩ ᠪᠣᠯᠭᠠᠨ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ ᠃ | ᠮᠠᠨᠵᠤᠤᠷ ᠪᠣᠯᠣᠨ ᠡᠷᠢᠶᠡᠨ ᠬᠤᠲᠠ ᠬᠤᠶᠠᠷ ᠪᠣᠭᠤᠮᠲᠠ ᠶᠢᠨ ᠬᠤᠲᠠ ᠶᠢ ᠰᠠᠶᠢᠲᠤᠷ ᠪᠦᠲᠦᠭᠡᠨ ᠪᠠᠶᠢᠭᠤᠯᠵᠤ ᠂ ᠳᠤᠮᠳᠠᠳᠤ ᠮᠣᠩᠭᠤᠯ ᠤᠨ ᠡᠷᠢᠶᠡᠨ ᠬᠤᠲᠠ - | ᠵᠠᠮ ᠤᠨ ᠡᠭᠦᠳᠡ ᠶᠢᠨ ᠠᠵᠤ ᠠᠬᠤᠢ ᠶᠢᠨ ᠬᠤᠷᠰᠢᠯᠴᠠᠭᠠᠨ ᠤ ᠣᠷᠣᠨ ᠪᠣᠯᠣᠨ ᠮᠠᠨᠵᠤᠤᠷ ᠂ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠣᠳᠠᠲᠤ ᠠᠬᠢᠴᠠ ᠲᠠᠢ ᠪᠤᠯᠬᠤ ᠶᠢ ᠠᠬᠢᠭᠤᠯᠵᠤ ᠂ ᠬᠢᠯᠢ ᠬᠢᠵᠠᠭᠠᠷ ᠤᠨ | ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠢ ᠡᠬᠢᠯᠡᠭᠦᠯᠦᠨ ᠠᠵᠢᠯᠯᠠᠭᠤᠯᠵᠤ ᠂ ᠪᠣᠭᠤᠮᠲᠠ ᠶᠢᠨ ᠨᠡᠪᠲᠡᠷᠡᠬᠦ ᠵᠠᠮ ᠂ ᠬᠢᠯᠢ ᠠᠯᠤᠰᠯᠠᠭᠰᠠᠨ ᠲᠡᠮᠦᠷ ᠵᠠᠮ ᠂ ᠬᠢᠯᠢ | ᠠᠯᠤᠰᠯᠠᠭᠰᠠᠨ ᠬᠥᠮᠥᠨ ᠦᠭᠡᠢ ᠲᠡᠭᠡᠭᠡᠪᠦᠷᠢ ᠂ ᠴᠢᠩᠭᠡᠯᠢᠭ ᠰᠣᠯᠢᠵᠤ ᠠᠴᠢᠶᠠᠯᠠᠬᠤ ᠵᠡᠷᠭᠡ ᠴᠢᠳᠠᠪᠤᠷᠢ ᠶᠢ ᠨᠥᠬᠦᠪᠦᠷᠢᠯᠡᠬᠦ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ ᠂ ᠬᠥᠲᠥᠯᠥᠨ ᠳᠠᠭᠠᠭᠤᠯᠬᠤ ᠴᠢᠳᠠᠪᠤᠷᠢ ᠶᠢ ᠨᠡᠮᠡᠭᠳᠡᠭᠦᠯᠦᠨ᠎ᠡ ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠳᠤᠮᠳᠠ ᠨᠡᠪᠲᠡᠷᠡᠬᠦ | ᠵᠠᠮ ᠂ ᠵᠡᠭᠦᠨ ᠨᠡᠪᠲᠡᠷᠡᠬᠦ ᠵᠠᠮ ᠤᠨ ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠵᠤ ᠂ ᠤᠯᠤᠰ ᠤᠨ ᠲᠡᠮᠦᠷ ᠵᠠᠮ ᠤᠨ ᠪᠦᠯᠦᠭᠯᠡᠯ ᠢ | ᠵᠣᠬᠢᠴᠠᠭᠤᠯᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠤᠯᠠᠭᠠᠨᠴᠠᠪ - ᠡᠷᠢᠶᠡᠨ ᠬᠤᠲᠠ ᠶᠢᠨ ᠲᠥᠪᠯᠡᠷᠡᠭᠦᠯᠦᠨ ᠨᠡᠶᠢᠯᠡᠭᠦᠯᠭᠦ ᠲᠥᠪ ᠂ ᠵᠢᠨᠢᠩ | - ᠡᠷᠢᠶᠡᠨ ᠬᠤᠳᠠ ᠱᠤᠭᠤᠮ ᠤᠨ ᠰᠢᠨ᠎ᠡ ᠬᠤᠶᠠᠳᠤᠭᠠᠷ ᠱᠤᠭᠤᠮ ᠤᠨ ᠪᠦᠲᠦᠭᠡᠨ ᠪᠠᠶᠢᠭᠤᠯᠤᠯᠲᠠ ᠪᠠ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠠᠬᠢᠭᠤᠯᠵᠤ ᠂ | ᠮᠠᠨ ᠤ ᠣᠷᠣᠨ ᠠᠴᠠ ᠮᠣᠷᠳᠠᠬᠤ ᠵᠢᠰᠢᠶᠠᠨ ᠤ ᠭᠠᠯᠲᠤ ᠲᠡᠷᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ ᠂ ᠤᠯᠠᠭᠠᠨᠴᠠᠪ ᠤᠨ ᠣᠯᠠᠨ ᠤᠯᠤᠰ ᠤᠨ ᠳᠣᠲᠣᠭᠠᠳᠤ ᠡᠬᠡ | ᠬᠠᠭᠤᠷᠠᠢ ᠶᠢᠨ ᠭᠠᠷᠠᠮ ᠂ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠭᠦ ᠵᠢᠱᠢᠶ᠎ᠡ ᠦᠵᠡᠭᠦᠯᠭᠦ ᠲᠣᠭᠤᠷᠢᠭ ᠪᠠ ᠲᠡᠮᠦᠷ | ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠮᠠᠨᠵᠤᠤᠷ ᠤᠨ ᠣᠳᠣᠬᠢᠴᠢᠯᠠᠭᠰᠠᠨ ᠡᠬᠡ ᠬᠠᠭᠤᠷᠠᠢ ᠶᠢᠨ ᠭᠠᠷᠠᠮ ᠤᠨ | ᠪᠦᠲᠦᠭᠡᠨ ᠪᠠᠶᠢᠭᠤᠯᠤᠯᠲᠠ ᠶᠢ ᠳᠠᠮᠵᠢᠨ᠎ᠡ ᠃ ᠣᠯᠠᠨ ᠭᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠰᠢᠰᠲ᠋ᠧᠮ ᠢ | ᠲᠡᠭᠦᠯᠳᠡᠷᠵᠢᠭᠦᠯᠵᠦ ᠂ ᠰᠠᠭᠠᠳ ᠦᠭᠡᠢ ᠪᠥᠭᠡᠳ ᠲᠦᠷᠭᠡᠨ ᠵᠠᠮ ᠬᠠᠷᠢᠯᠴᠠᠭ᠎ᠠ ᠂ ᠪᠠᠷᠠᠭᠠᠨ ᠤ ᠭᠦᠢᠯᠭᠡᠭᠡ ᠂ ᠮᠡᠳᠡᠭᠡ ᠵᠠᠩᠭᠢ ᠴᠢᠮᠡᠭᠡ ᠬᠤᠯᠪᠤᠭ᠎ᠠ ᠶᠢᠨ ᠲᠣᠣᠷ ᠢ | ᠪᠠᠶᠢᠭᠤᠯᠤᠨ ᠂ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠬᠤᠯᠪᠣᠭᠰᠠᠨ ᠲᠦᠷᠭᠡᠨ ᠤ ᠲᠡᠮᠦᠷ ᠵᠠᠮ ᠤᠨ ᠨᠡᠪᠲᠡᠷᠡᠬᠦ | ᠵᠠᠮ ᠢ ᠲᠦᠷᠭᠡᠳᠬᠡᠨ ᠲᠥᠯᠥᠪᠵᠢᠭᠦᠯᠦᠨ ᠪᠠᠶᠢᠭᠤᠯᠵᠤ ᠂ ᠵᠡᠭᠦᠨ ᠬᠡᠰᠡᠭ ᠤᠨ ᠠᠶᠢᠮᠠᠭ ᠬᠤᠲᠠ ᠶᠢᠨ ᠲᠦᠭᠦᠮ ᠳᠥᠲᠡ ᠪᠠᠷ ᠪᠡᠭᠡᠵᠢᠩ ᠬᠦᠷᠬᠦ ᠲᠦᠷᠭᠡᠨ ᠤ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠨ ᠠᠬᠢᠭᠤᠯᠵᠤ ᠂ ᠲᠡᠮᠦᠷ ᠵᠠᠮ ᠂ ᠵᠠᠰᠠᠮᠠᠯ ᠵᠠᠮ ᠂ ᠠᠭᠠᠷ ᠤᠨ ᠠᠶᠠᠯᠠᠯ ᠵᠡᠷᠭᠡ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ ᠂ ᠤᠯᠤᠰ ᠤᠨ ︽ ᠳᠥᠷᠪᠡᠨ ᠬᠥᠨᠳᠡᠯᠡᠨ ᠳᠥᠷᠪᠡᠨ ᠭᠤᠯᠳᠤ ᠂ ᠬᠤᠶᠠᠷ ᠭᠦᠪᠡᠭᠡ ᠠᠷᠪᠠᠨ ᠬᠤᠩᠭᠢᠯ ︾ ᠤᠨ | ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠤᠨ ᠲᠣᠣᠷ ᠲᠤ ᠪᠦᠭᠦ ᠲᠠᠯ᠎ᠠ ᠪᠠᠷ ᠠᠭᠤᠰᠤᠯᠴᠠᠨ ᠣᠷᠣᠵᠤ ᠂ ᠭᠦᠭᠡᠬᠤᠲᠠ ᠶᠢᠨ ᠣᠯᠠᠨ ᠤᠯᠤᠰ ᠤᠨ ᠢᠨᠲ᠋ᠧᠷ | ᠰᠦᠯᠵᠢᠶ᠎ᠡ ᠶᠢᠨ ᠳᠠᠮᠵᠢᠭᠤᠯᠤᠨ ᠵᠠᠯᠭᠠᠬᠤ ᠴᠡᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ ᠂ ᠬᠥᠮᠥᠨ | ᠬᠠᠷ᠎ᠠ ᠶᠢᠨ ᠰᠢᠯᠵᠢᠯᠲᠡ ᠂ ᠪᠠᠷᠠᠭᠠᠨ ᠤ ᠭᠦᠢᠯᠭᠡᠭᠡ ᠂ ᠮᠡᠳᠡᠭᠡ ᠵᠠᠩᠭᠢ ᠶᠢᠨ ᠰᠣᠯᠢᠯᠴᠠᠭ᠎ᠠ ᠶᠢᠨ ᠪᠦᠳᠦᠮᠵᠢᠳᠠᠢ ᠨᠡᠪᠲᠡᠷᠡᠬᠦ ᠶᠢ ᠠᠬᠢᠭᠤᠯᠤᠨ᠎ᠠ ᠃ ᠬᠢᠯᠢ ᠶᠢᠨ ᠪᠣᠭᠤᠮᠲᠠ | ᠬᠢᠭᠡᠳ ᠳᠣᠲᠣᠷ ᠭᠠᠵᠠᠷ ᠤᠨ ᠬᠠᠮᠲᠤᠷᠠᠨ ᠬᠥᠳᠡᠯᠦᠯᠴᠡᠬᠦ ᠶᠢ ᠠᠬᠢᠭᠤᠯᠵᠤ ᠂ ᠨᠠᠷᠮᠠᠢ ᠪᠣᠭᠤᠮᠲᠠ ᠶᠢᠨ ᠠᠵᠤ ᠠᠬᠤᠢ ᠪᠠ ︽ ᠭᠠᠵᠠᠷ ᠣᠷᠣᠨ ᠠᠯᠤᠰᠯᠠᠭᠰᠠᠨ ᠠᠵᠤ | ᠠᠬᠤᠢ ︾ ᠶᠢ ᠢᠳᠡᠪᠬᠢᠲᠡᠢ ᠬᠥᠭᠵᠢᠭᠦᠯᠦᠨ ᠂ ᠣᠲᠣ ᠦᠶ᠎ᠡ ᠶᠢᠨ ᠦᠶ᠋ᠯᠡᠳᠭᠦ ᠦᠢᠯᠡᠰ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠵᠤ ᠂ ᠰᠢᠨ᠎ᠡ ᠪᠠᠷ ᠪᠤᠶ | ᠪᠣᠯᠤᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠬᠠᠶᠢᠨ ᠰᠦᠪᠡᠭᠴᠢᠯᠡᠨ ᠪᠠᠶᠢᠭᠤᠯᠤᠨ᠎ᠠ ᠃ ᠳᠡᠯᠡᠬᠡᠢ ᠶᠢᠨ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ᠶᠡᠭᠡ ᠬᠤᠷᠠᠯ ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠨ ᠶᠠᠷᠢᠯᠴᠠᠬᠤ ᠬᠤᠷᠠᠯ ᠢ ᠡᠷᠭᠢᠯᠡᠭᠦ ᠪᠠᠷ | ᠭᠤᠶᠤᠴᠢᠯᠠᠨ᠎ᠠ ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠤᠯᠭᠠᠵᠤ ᠂ ︽ ᠨᠢᠭᠡ ᠪᠦᠰᠡ ᠨᠢᠭᠡ | ᠵᠠᠮ ︾ ᠳᠠᠭᠠᠤ ᠤᠯᠤᠰ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠶᠠᠪᠤᠯᠴᠠᠭ᠎ᠠ ᠶᠢ ᠴᠢᠩᠭᠠᠳᠬᠠᠨ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠱᠠᠩᠬᠠᠢ | ᠥᠪᠥᠷ ᠮᠣᠩᠭᠤᠯ ᠂ ᠵᠢᠶᠠᠩᠰᠤ ᠥᠪᠥᠷ ᠮᠣᠩᠭᠤᠯ ᠂ ᠭᠤᠸᠠᠩᠳᠦ᠋ᠩ ᠥᠪᠥᠷ ᠮᠣᠩᠭᠤᠯ ᠵᠡᠷᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠰᠠᠶᠢᠲᠤᠷ | ᠠᠳᠬᠤᠬᠤ ᠪᠠᠷ ᠬᠥᠲᠥᠯᠥᠮᠵᠢ ᠪᠤᠯᠭᠠᠵᠤ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠵᠢᠴᠢ ᠳᠤᠮᠳᠠ ᠬᠡᠰᠡᠭ ᠤᠨ ᠭᠠᠵᠠᠷ ᠣᠷᠣᠨ ᠂ ᠬᠥᠷᠰᠢ ᠵᠡᠷᠭᠡᠯᠡᠳᠡᠭᠡ ᠮᠤᠵᠢ ᠣᠷᠣᠨ ᠤ | ᠠᠵᠤ ᠠᠬᠤᠢ ᠶᠢᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠨᠡᠪᠲᠡᠷᠡᠭᠦᠯᠦᠨ ᠂ | ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠲᠦᠪᠰᠢᠨ ᠢ ᠳᠡᠭᠡᠭᠰᠢᠯᠡᠭᠦᠯᠭᠦ ᠪᠠᠷ ᠴᠢᠷᠮᠠᠶᠢᠨ᠎ᠠ ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ ᠶᠢ | ᠶᠡᠭᠡ ᠪᠠᠷ ᠠᠳᠬᠤᠵᠤ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ᠪᠣᠯᠣᠨ ᠬᠢᠨᠠᠨ ᠰᠢᠯᠭᠠᠵᠤ | ᠤᠷᠮᠠᠰᠢᠭᠤᠯᠬᠤ ᠠᠷᠭ᠎ᠠ ᠶᠢ ᠲᠣᠭᠲᠠᠭᠠᠨ ᠬᠡᠷᠡᠭᠵᠢᠭᠦᠯᠵᠦ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠬᠤ ᠲᠥᠷᠥᠯ ᠵᠦᠢᠯ ᠤᠨ ᠬᠥᠮᠥᠷᠭᠡ ᠶᠢ | ᠬᠥᠳᠡᠯᠦᠩᠭᠦᠢ ᠪᠠᠷ ᠲᠣᠬᠢᠷᠠᠭᠤᠯᠤᠨ ᠲᠡᠭᠦᠯᠳᠡᠷᠵᠢᠭᠦᠯᠵᠦ ᠂ ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠠᠵᠤ ᠦᠢᠯᠡᠰ ᠂ ᠭᠤᠣᠯᠳᠠᠯᠭ᠎ᠠ ᠲᠠᠢ ᠠᠵᠤ | ᠠᠬᠤᠶᠢᠯᠠᠯ ᠂ ᠭᠤᠣᠯᠳᠠᠯᠭ᠎ᠠ ᠲᠠᠢ ᠲᠠᠪᠴᠠᠩ ᠤᠨ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠵᠦ ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠷ | ᠴᠢᠩᠭ᠎ᠠ ᠨᠡᠩ ᠣᠯᠠᠨ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠣᠷᠣᠭᠤᠯᠵᠤ ᠠᠪᠴᠢᠷᠠᠨ᠎ᠠ ᠃ | ᠲᠠᠪᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠤᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ ᠂ ᠨᠠᠮ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠲᠠ ᠦᠭᠡᠢ ᠪᠠᠬᠢᠵᠢᠭᠦᠯᠦᠨ | ᠬᠥᠭᠵᠢᠭᠦᠯᠵᠦ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠤᠨ ᠥᠷᠭᠡᠳᠬᠡᠵᠦ ᠂ ᠡᠨᠡ ᠬᠦ ᠠᠯᠲᠠᠨ | ᠦᠰᠦᠭᠲᠦ ᠫᠠᠶᠢᠰᠠ ᠶᠢ ᠨᠡᠩ ᠭᠢᠯᠠᠯᠵᠠᠭᠤᠯᠬᠤ ᠪᠠᠷ ᠴᠢᠷᠮᠠᠶᠢᠨ᠎ᠠ ᠃ | ︵ ᠨᠢᠭᠡ ︶ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠨᠡᠩ ᠴᠢᠩ ᠰᠡᠳᠬᠢᠯ ᠠᠴᠠ ᠪᠠᠨ | ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠪᠣᠯᠭᠠᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠲᠡᠦᠬᠡ ᠶᠢᠨ ᠤᠬᠠᠭᠤᠯᠭ᠎ᠠ ᠬᠥᠮᠦᠵᠢᠯ ᠪᠠ ᠰᠤᠳᠤᠯᠭᠠᠨ ᠲᠠᠶᠢᠯᠪᠤᠷᠢᠯᠠᠯᠲᠠ ᠶᠢ ᠭᠦᠨᠵᠡᠭᠡᠢ ᠥᠷᠨᠢᠭᠦᠯᠵᠦ ᠂ ᠥᠪᠥᠷ ᠮᠣᠩᠭᠤᠯ ᠤᠨ ᠡᠬᠡ ᠭᠠᠵᠠᠷ | ᠳᠡᠭᠡᠷᠡᠬᠢ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠬᠤ ᠪᠠ ᠨᠡᠭᠡᠭᠡᠨ ᠠᠰᠢᠭᠯᠠᠵᠤ ᠂ ᠪᠦᠭᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ | ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ | ᠬᠥᠭᠵᠢᠵᠦ ᠢᠷᠡᠭᠰᠡᠨ ᠶᠤᠮ ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠠᠯᠳᠠᠭ᠎ᠠ ᠶᠢ ᠴᠥᠮ ᠨᠠᠮ ᠤᠨ ᠲᠥᠪ ᠬᠤᠷᠢᠶ᠎ᠠ ᠠᠴᠠ | ᠬᠠᠪᠰᠤᠷᠤᠨ ᠵᠠᠯᠠᠷᠠᠭᠤᠯᠪᠠ ᠂ ᠥᠪᠥᠷ ᠮᠣᠩᠭᠤᠯ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠪᠣᠯᠤᠭᠰᠠᠨ ᠤ ᠬᠤᠪᠢ ᠳᠤ ᠵᠢᠱᠢᠶᠡᠴᠢ ᠨᠢ ᠨᠠᠮ ᠤᠨ ᠦᠭᠡ ᠶᠢ | ᠰᠣᠨᠣᠰᠤᠭᠰᠠᠨ ᠳᠤ ᠪᠤᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠬᠦ | ᠬᠡᠷᠡᠭᠲᠡᠢ ᠭᠡᠳᠡᠭ ᠢ ᠭᠦᠨᠵᠡᠭᠡᠢ ᠲᠠᠨᠢᠭᠤᠯᠵᠤ ᠂ ᠪᠠᠲᠤ ᠴᠡᠭᠡᠵᠢᠯᠡᠬᠦ ᠬᠡᠷᠡᠭᠲᠡᠢ ᠃ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ ᠂ | ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ | ᠵᠣᠬᠢᠴᠠᠭᠤᠯᠬᠤ ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ ᠡᠯ᠎ᠡ ᠰᠠᠯᠠᠭ᠎ᠠ ᠮᠥᠴᠢᠷ ᠬᠦᠴᠦ ᠪᠠᠨ | ᠬᠠᠮᠲᠤᠳᠬᠠᠨ ᠬᠠᠮᠲᠤᠷᠠᠯᠴᠠᠬᠤ ᠂ ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠰᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠷᠲᠤ ᠬᠤᠭᠤᠴᠠᠭᠠᠨ ᠤ ᠬᠤᠪᠢᠰᠬᠠᠯ ᠂ | ᠪᠦᠲᠦᠭᠡᠨ ᠪᠠᠶᠢᠭᠤᠯᠤᠯᠲᠠ ᠂ ᠥᠭᠡᠷᠡᠴᠢᠯᠡᠯᠲᠡ ᠶᠢᠨ ᠠᠬᠢᠴᠠ ᠳᠤᠮᠳᠠ ᠪᠦᠷᠢᠯᠳᠦᠭᠰᠡᠨ ᠶᠡᠭᠡ ᠶᠣᠰᠣ ᠶᠢ ᠮᠡᠳᠡᠭᠦ ᠂ ᠶᠡᠭᠡ ᠲᠠᠯ᠎ᠠ ᠶᠢ ᠬᠠᠷᠠᠭᠠᠯᠵᠠᠬᠤ ᠂ ᠬᠡᠪ ᠰᠤᠷᠲᠠᠯ ᠢ | ᠡᠷᠭᠢᠮᠯᠡᠭᠦ ᠂ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠤᠯᠠᠮᠵᠢᠯᠠᠨ ᠪᠠᠳᠠᠷᠠᠭᠤᠯᠵᠤ ᠂ ᠪᠦᠭᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ | ᠪᠦᠲᠦᠭᠡᠨ ᠪᠠᠶᠢᠭᠤᠯᠬᠤ ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠤᠯᠠᠮ ᠨᠢᠭᠡ | ᠠᠯᠬᠤᠮ ᠬᠥᠭᠵᠢᠭᠡᠨ᠎ᠡ ᠃ | ︵ ᠬᠤᠶᠠᠷ ︶ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠪᠦᠭᠦ ᠬᠦᠴᠦᠨ ᠢᠶᠠᠷ ᠢᠶᠠᠨ ᠦᠢᠯᠡᠴᠢᠯᠡᠨ ᠪᠠᠲᠤᠯᠠᠨ᠎ᠠ ᠃ ᠶᠡᠭᠡ ᠲᠠᠯ᠎ᠠ ᠶᠢ ᠪᠣᠳᠣᠯᠬᠢᠯᠠᠨ | ᠠᠵᠢᠯᠯᠠᠬᠤ ᠶᠢ ᠪᠠᠷᠢᠮᠲᠠᠯᠠᠵᠤ ᠂ ᠤᠬᠠᠮᠰᠠᠷ ᠠᠴᠠ ᠪᠠᠨ ᠥᠪᠥᠷ ᠮᠣᠩᠭᠤᠯ ᠤᠨ ᠠᠵᠢᠯ ᠢ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠲᠠᠯᠪᠢᠵᠤ ᠬᠢᠨᠠᠨ | ᠰᠢᠨᠵᠢᠵᠦ ᠲᠥᠯᠥᠪᠵᠢᠭᠦᠯᠵᠦ ᠂ ᠭᠠᠵᠠᠷ ᠣᠷᠣᠨ ᠤ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠬᠤ ᠪᠠ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠬᠦ ᠶᠢ ᠨᠢᠭᠲᠠ ᠤᠶᠠᠯᠳᠤᠭᠤᠯᠵᠤ ᠂ ᠠᠯᠢᠪᠠ ᠪᠦᠭᠦᠨ ᠳᠤ ᠶᠡᠭᠡ ᠲᠠᠯ᠎ᠠ ᠳᠤ ᠵᠣᠬᠰᠣᠬᠤ ᠂ ᠶᠡᠭᠡ ᠲᠠᠯ᠎ᠠ ᠶᠢ ᠳᠠᠭᠠᠬᠤ ᠂ ᠶᠡᠭᠡ ᠲᠠᠯ᠎ᠠ ᠳᠤ ᠦᠢᠯᠡᠴᠢᠯᠡᠬᠦ ᠂ | ᠶᠡᠭᠡ ᠲᠠᠯ᠎ᠠ ᠶᠢ ᠬᠠᠮᠠᠭᠠᠯᠠᠬᠤ ᠶᠢ ᠪᠡᠶᠡᠯᠡᠭᠦᠯᠬᠦ ᠬᠡᠷᠡᠭᠲᠡᠢ ᠃ ︽ ᠬᠤᠶᠠᠷ ᠬᠠᠯᠬᠠᠪᠴᠢ ︾ ᠂ ︽ ᠬᠤᠶᠠᠷ ᠰᠠᠭᠤᠷᠢᠨ ︾ ᠂ ︽ ᠨᠢᠭᠡ ᠪᠠᠬᠢᠯᠡᠯᠲᠡ ︾ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠂ ᠡᠨᠧᠷᠭᠢ ᠶᠢᠨ ᠠᠮᠤᠷ ᠲᠦᠪᠰᠢᠨ ᠂ ᠠᠮᠤ ᠪᠤᠳᠠᠭᠠᠨ ᠤ ᠠᠮᠤᠷ | ᠲᠦᠪᠰᠢᠨ ᠂ ᠠᠵᠤ ᠦᠢᠯᠡᠰ ᠤᠨ ᠠᠮᠤᠷ ᠲᠦᠪᠰᠢᠨ ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠵᠤ ᠂ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠦᠢᠯᠡᠴᠢᠯᠡᠬᠦ ᠳᠤ ᠨᠠᠩ ᠣᠯᠠᠨ ᠥᠪᠥᠷ ᠮᠣᠩᠭᠤᠯ ᠤᠨ ᠬᠦᠴᠦᠨ ᠢ ᠨᠡᠮᠡᠷᠢᠯᠡᠬᠦ ᠬᠡᠷᠡᠭᠲᠡᠢ ᠃ ᠪᠦᠭᠦ ᠬᠦᠴᠦᠨ ᠢᠶᠠᠷ ᠢᠶᠠᠨ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠂ ᠪᠦᠭᠦ ᠣᠷᠣᠨ ᠤ ᠠᠵᠤ ᠠᠬᠤᠢ ᠶᠢᠨ ᠴᠣᠭᠴᠠ ᠶᠢ ᠪᠦᠭᠦ | ᠤᠯᠤᠰ ᠤᠨ ᠳᠤᠮᠳᠠ ᠶᠢᠨ ᠬᠡᠮᠵᠢᠶ᠎ᠡ ᠳᠤ ᠣᠷᠣᠭᠤᠯᠬᠤ ᠪᠠᠷ ᠴᠢᠷᠮᠠᠶᠢᠵᠤ ᠂ ᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ | ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠃ | ︵ ᠭᠤᠷᠪᠠ ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ ᠦᠵᠡᠭᠳᠡᠵᠦ ᠰᠡᠳᠬᠢᠯ ᠳᠤ ᠰᠠᠭᠤᠭᠳᠠᠲᠠᠯᠠ ᠦᠷ᠎ᠡ | ᠪᠦᠳᠦᠮᠵᠢᠳᠡᠢ ᠪᠠᠲᠤ ᠴᠣᠭᠴᠠᠯᠠᠨ᠎ᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠤᠳᠤᠯᠭᠠᠨ ᠢ ᠥᠷᠨᠢᠭᠦᠯᠵᠦ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠤ ᠰᠢᠰᠲ᠋ᠧᠮ ᠪᠠ ᠤᠬᠠᠭᠤᠯᠭ᠎ᠠ | ᠬᠥᠮᠦᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠪᠦᠭᠦ ᠨᠡᠶᠢᠭᠡᠮᠴᠢᠯᠡᠭᠰᠡᠨ ᠂ ᠬᠤᠪᠢᠶᠠᠷᠢᠴᠢᠯᠠᠬᠰᠠᠨ ᠂ ᠪᠠᠶᠢᠩᠭᠤᠵᠢᠭᠤᠯᠤᠭᠰᠠᠨ ᠤᠬᠠᠭᠤᠯᠭ᠎ᠠ | ᠬᠥᠮᠦᠵᠢᠯ ᠤᠨ ᠲᠣᠭᠲᠠᠴᠠ ᠶᠢ ᠪᠦᠷᠢᠨᠰᠢᠭᠦᠯᠵᠦ ᠂ ᠦᠨᠳᠦᠰᠦᠲᠡᠨ ᠨᠦᠭᠦᠳ ᠤᠨ ᠵᠥᠪ ᠤᠯᠤᠰ ᠤᠨ ᠦᠵᠡᠯᠲᠡ ᠂ ᠲᠡᠦᠬᠡ ᠶᠢᠨ ᠦᠵᠡᠯᠲᠡ ᠂ ᠦᠨᠳᠦᠰᠦᠲᠡᠨ ᠤ | ᠦᠵᠡᠯᠲᠡ ᠂ ᠰᠣᠶᠣᠯ ᠤᠨ ᠦᠵᠡᠯᠲᠡ ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ ᠃ ᠪᠠᠷᠠᠭᠤᠨ ᠯᠢᠶᠣᠤ ᠾᠧ ᠭᠤᠣᠯ ᠤᠨ | ᠰᠣᠶᠣᠯ ᠂ ᠤᠷᠳᠤ ᠴᠠᠭᠠᠨ ᠬᠡᠷᠡᠮ ᠤᠨ ᠰᠣᠶᠣᠯ ᠂ ᠬᠠᠳᠤᠨ ᠭᠤᠣᠯ ᠤᠨ ᠰᠣᠶᠣᠯ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠪᠣᠯᠣᠨ | ᠲᠡᠦᠬᠡ ᠶᠢᠨ ᠰᠤᠳᠤᠯᠭᠠᠨ ᠢ ᠴᠢᠩᠭᠠᠳᠬᠠᠵᠤ ᠂ ᠥᠪᠥᠷ ᠮᠣᠩᠭᠤᠯ ᠤᠨ ᠡᠬᠡ ᠭᠠᠵᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠲᠡᠦᠬᠡ ᠶᠢᠨ ᠪᠣᠳᠠᠲᠤ ᠪᠠᠶᠢᠳᠠᠯ ᠢ ᠲᠣᠳᠣᠷᠬᠠᠢ ᠢᠯᠡᠷᠡᠭᠦᠯᠵᠦ ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ ᠳᠤᠮᠳᠠᠳᠤ ᠶᠢᠨ | ᠦᠨᠳᠦᠰᠦᠲᠡᠨ ᠤ ᠮᠡᠳᠡᠷᠡᠬᠦ ᠰᠡᠳᠬᠢᠯᠭᠡ ᠂ ᠬᠠᠷᠢᠶᠠᠯᠠᠭᠳᠠᠬᠤ ᠰᠡᠳᠬᠢᠯᠭᠡ ᠂ ᠣᠮᠣᠭᠰᠢᠬᠤ ᠰᠡᠳᠬᠢᠯᠭᠡ ᠶᠢ ᠨᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠱᠠᠭᠠᠷᠳᠠᠯᠭ᠎ᠠ ᠶᠢ ᠲᠡᠦᠬᠡ ᠰᠣᠶᠣᠯ ᠤᠨ ᠤᠬᠠᠭᠤᠯᠭ᠎ᠠ | ᠬᠥᠮᠦᠵᠢᠯ ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠭᠡ ᠵᠡᠷᠭᠡ ᠬᠤᠯᠪᠣᠭᠳᠠᠯ ᠪᠦᠬᠦᠢ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠭᠦ ᠨᠡᠩ ᠤᠯᠠᠨ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ | ᠪᠤᠢ ᠪᠣᠯᠭᠠᠨ ᠳᠠᠮᠵᠢᠭᠤᠯᠤᠨ ᠳᠡᠯᠭᠡᠷᠡᠭᠦᠯᠵᠦ ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠲᠦᠭᠡᠨ ᠪᠠᠶᠢᠭᠤᠯᠬᠤ | ᠬᠡᠷᠡᠭᠲᠡᠢ ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ ᠪᠢᠴᠢᠯ ᠠᠵᠢᠯᠯᠠᠭ᠎ᠠ ︾ ᠶᠢ ᠰᠠᠶᠢᠲᠤᠷ ᠬᠢᠵᠦ ᠂ ︽ ᠭᠤᠷᠪᠠᠨ ᠰᠠᠯᠵᠤ ᠴᠢᠳᠠᠬᠤ ᠦᠭᠡᠢ ︾ | ᠂ ︽ ᠲᠠᠪᠤᠨ ᠬᠠᠮᠲᠤ ᠶᠢᠨ ᠲᠠᠨᠢᠯᠲᠠ ︾ ᠂ ︽ ᠳᠥᠷᠪᠡ ᠶᠢ ᠬᠠᠮᠲᠤᠳᠬᠠᠬᠤ ︾ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ ᠂ 2025 ᠣᠨ ᠪᠤᠯᠬᠤ ᠳᠤ ᠡᠯ᠎ᠡ ᠱᠠᠲᠤᠨ ᠤ ᠡᠯ᠎ᠡ ᠲᠦᠷᠦᠯ ᠤᠨ | ᠰᠤᠷᠭᠠᠭᠤᠯᠢ ᠶᠢᠨ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠭᠦᠷᠭᠡᠭᠦ ᠪᠠᠶᠢᠭᠤᠯᠤᠯᠲᠠ ᠶᠢ ᠪᠦᠭᠦ ᠲᠠᠯ᠎ᠠ ᠪᠠᠷ ᠪᠡᠶᠡᠯᠡᠭᠦᠯᠬᠦ ᠬᠡᠷᠡᠭᠲᠡᠢ ᠃ | ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠶᠢ ᠬᠦᠨᠳᠦᠳᠬᠡᠨ ᠪᠠᠲᠤᠯᠠᠨ᠎ᠠ ᠃ | ︵ ᠳᠥᠷᠪᠡ ︶ ᠦᠨᠳᠦᠰᠦᠲᠡᠨ ᠨᠦᠭᠦᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠶᠢ | ᠠᠬᠢᠭᠤᠯᠤᠨ᠎ᠠ ᠃ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ | ᠣᠷᠣᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠳᠤᠮᠳᠠ ᠡᠭᠦᠷᠭᠡᠯᠡᠵᠦ ᠪᠠᠶᠢᠭ᠎ᠠ ᠤᠨᠴᠠᠭᠠᠢ | ᠡᠭᠦᠷᠭᠡ ᠶᠢ ᠭᠦᠨᠵᠡᠭᠡᠢ ᠲᠠᠨᠢᠭᠤᠯᠵᠤ ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠂ ᠬᠢᠯᠢ ᠬᠢᠵᠠᠭᠠᠷ ᠤᠨ ᠠᠮᠤᠷ | ᠲᠦᠪᠰᠢᠨ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠨᠳᠦ ᠬᠠᠷᠢᠭᠤᠴᠠᠯᠭ᠎ᠠ ᠡᠭᠦᠷᠭᠡᠯᠡᠵᠦ ᠂ ᠪᠣᠳᠠᠲᠠᠢ ᠠᠵᠢᠯ ᠬᠢᠬᠦ | ᠪᠤᠯᠭᠠᠬᠤ ᠬᠡᠷᠡᠭᠲᠡᠢ ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠡᠷᠲᠡ ᠴᠢᠯᠦᠭᠡᠯᠡᠭᠳᠡᠭᠰᠡᠨ | ᠣᠷᠣᠨ ᠂ ᠬᠤᠪᠢᠰᠬᠠᠯ ᠤᠨ ᠬᠠᠭᠤᠴᠢᠨ ᠰᠠᠭᠤᠷᠢᠨ ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠂ ᠬᠢᠯᠢ ᠬᠢᠵᠠᠭᠠᠷ ᠤᠨ ᠬᠤᠰᠢᠭᠤ | ᠬᠤᠲᠠ ᠶᠢᠨ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ ᠂ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠠᠬᠢᠭᠤᠯᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠬᠦ ᠬᠡᠷᠡᠭᠲᠡᠢ ᠃ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ | ᠬᠤᠲᠠ ᠳᠤ ᠨᠠᠩ ᠰᠠᠶᠢᠲᠤᠷ ᠠᠭᠤᠰᠬᠠᠨ ᠣᠷᠣᠭᠤᠯᠤᠨ᠎ᠠ ᠃ | ︵ ᠲᠠᠪᠤ ︶ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠤᠨ᠎ᠠ ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠨᠠᠮ ᠤᠨ ᠦᠨᠳᠦᠰᠦᠲᠡᠨ ᠤ ᠤᠨᠤᠯ ᠪᠠ | ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠲᠤᠭᠤᠰᠢᠯᠠᠭᠤᠯᠵᠤ ᠂ ᠣᠷᠣᠨ ᠪᠦᠰᠡᠴᠢᠯᠡᠯᠳᠡ ᠪᠠ ᠨᠠᠷᠢᠯᠢᠭ ᠤᠨᠤᠴᠠᠳᠤ | ᠴᠢᠨᠠᠷ ᠢ ᠲᠤᠪᠤᠶᠢᠯᠭᠠᠵᠤ ᠂ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠡᠶᠡᠯᠡᠭᠦᠯᠬᠦ ᠭᠡᠯᠪᠡᠷᠢ ᠶᠢᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ | ᠠᠬᠢᠭᠤᠯᠵᠤ ᠂ ᠨᠢᠭᠡᠳᠭᠦ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ ᠤᠶᠠᠯᠳᠤᠭᠤᠯᠬᠤ ᠶᠢ | ᠨᠡᠩ ᠰᠠᠶᠢᠲᠤᠷ ᠪᠡᠶᠡᠯᠡᠭᠦᠯᠬᠦ ᠬᠡᠷᠡᠭᠲᠡᠢ ᠃ ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠢᠶᠠᠷ ᠦᠨᠳᠦᠰᠦᠲᠡᠨ ᠤ ᠠᠵᠢᠯ ᠢ ᠰᠠᠶᠢᠵᠢᠷᠠᠭᠤᠯᠵᠤ ᠂ ᠦᠨᠳᠦᠰᠦᠲᠡᠨ ᠤ | ᠵᠥᠷᠢᠶᠡᠲᠦ ᠴᠢᠨᠠᠷ ᠢ ᠲᠤᠪᠤᠶᠢᠯᠭᠠᠬᠤ ᠪᠠ ᠴᠢᠩᠭᠠᠳᠬᠠᠬᠤ ᠂ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠤᠮᠳᠤᠭᠠᠶᠢᠯᠠᠬᠤ ᠪᠠ ᠰᠤᠯᠠᠷᠠᠭᠤᠯᠬᠤ ᠬᠢᠳᠡᠯ ᠢ | ᠡᠷᠡᠰ ᠵᠠᠯᠠᠷᠠᠭᠤᠯᠤᠨ᠎ᠠ ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠨ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶᠢᠯᠭᠠᠨ᠎ᠠ ᠃ | ᠵᠢᠷᠭᠤᠭ᠎ᠠ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠤᠨ᠎ᠠ | ︽ ᠬᠤᠶᠠᠷ ᠤᠷᠳᠤ ᠬᠤᠭᠤᠴᠠᠭ᠎ᠠ ᠪᠠᠷ ᠣᠷᠣᠰᠢᠬᠤ ︾ ᠂ ︽ ᠬᠤᠶᠠᠷ ᠡᠭᠦᠷᠢᠳᠡ ᠵᠣᠭᠰᠣᠰᠢ ᠦᠭᠡᠢ ᠪᠠᠶᠢᠬᠤ ︾ ᠶᠢ ᠪᠠᠲᠤ ᠴᠡᠭᠡᠵᠢᠯᠡᠵᠦ ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ ᠃ | ︵ ᠨᠢᠭᠡ ︶ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠤᠨ᠎ᠠ ᠃ ᠳᠦᠷᠢᠮ ᠢᠶᠠᠷ ᠨᠠᠮ ᠢᠶᠠᠨ ᠵᠠᠰᠠᠬᠤ ᠂ ᠲᠣᠭᠲᠠᠭᠠᠯ ᠶᠣᠰᠣᠭᠠᠷ ᠨᠠᠮ ᠢᠶᠠᠨ ᠵᠠᠰᠠᠬᠤ ᠶᠢ ᠪᠠᠷᠢᠮᠲᠠᠯᠠᠵᠤ ᠂ ᠲᠥᠪ ᠤᠨ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠢ ᠵᠣᠯᠭᠠᠭᠤᠯᠤᠨ ᠲᠥᠭᠦᠷᠵᠢᠭᠦᠯᠭᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠳᠠᠩᠰᠠᠯᠠᠭᠤᠯᠤᠨ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠬᠤ | ᠬᠡᠷᠡᠭᠲᠡᠢ ᠃ ᠡᠷᠬᠡ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠨ ᠂ | ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠵᠤ ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ ᠂ ᠨᠠᠷᠢᠯᠢᠭ ᠣᠨᠣᠴᠠᠲᠠᠢ | ᠪᠤᠯᠭᠠᠬᠤ ᠂ ᠪᠠᠶᠢᠩᠭᠤᠵᠢᠭᠤᠯᠬᠤ ᠶᠢ ᠠᠬᠢᠭᠤᠯᠵᠤ ᠂ ︽ ᠨᠢᠭᠡᠳᠦᠭᠡᠷ ᠭᠠᠷ ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠲᠣᠪᠤᠶᠢᠯᠭᠠᠨ ᠰᠠᠶᠢᠲᠤᠷ ᠠᠳᠬᠤᠵᠤ ᠂ | ᠵᠠᠯᠠᠭᠤ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠬᠡᠷᠡᠭᠲᠡᠢ ᠃ ᠤᠯᠤᠰ ᠲᠦᠷᠦ ᠶᠢᠨ ᠲᠣᠭᠤᠷᠢᠨ ᠰᠢᠨᠵᠢᠯᠡᠵᠦ ᠲᠣᠭᠤᠷᠢᠨ | ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠭᠦᠭᠦᠯᠭᠦ ᠶᠢ ᠴᠢᠨᠠᠷ ᠰᠠᠶᠢᠲᠠᠢ ᠠᠬᠢᠭᠤᠯᠵᠤ ᠂ ᠲᠣᠭᠤᠷᠢᠨ ᠰᠢᠨᠵᠢᠯᠡᠵᠦ ᠲᠣᠭᠤᠷᠢᠨ ᠪᠠᠶᠢᠴᠠᠭᠠᠬᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ ᠃ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ | ᠬᠡᠷᠡᠭᠯᠡᠵᠦ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ ᠂ ᠴᠠᠭ ᠦᠶᠡᠴᠢ ᠴᠢᠨᠠᠷ ᠂ ᠵᠠᠷᠴᠢᠮᠲᠤ ᠴᠢᠨᠠᠷ ᠂ ᠲᠠᠶᠢᠴᠢᠨ | ᠴᠢᠨᠠᠷ ᠢ ᠴᠢᠩᠭᠠᠳᠬᠠᠨ᠎ᠠ ᠃ | ︵ ᠬᠤᠶᠠᠷ ︶ ᠬᠦᠨᠳᠦ ᠡᠭᠦᠷᠭᠡ ᠶᠢ ᠡᠭᠦᠷᠭᠡᠯᠡᠵᠦ ᠴᠢᠳᠠᠬᠤ ᠥᠨᠳᠥᠷ ᠬᠡᠪ ᠴᠢᠨᠠᠷ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠤᠨ᠎ᠠ ᠃ ᠨᠠᠮ ᠠᠴᠠ | ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠪᠣᠯᠣᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ | ᠭᠠᠵᠠᠷ ᠣᠷᠣᠨ ᠤ ᠺᠠᠳ᠋ᠷ ᠤᠨ ᠲᠤᠬᠠᠢ ︽ ᠲᠦᠷᠪᠡᠨ ᠣᠨᠴᠠᠭᠠᠢ ᠪᠠᠶᠢᠬᠤ ︾ ᠴᠢᠬᠤᠯᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠤᠯᠤᠰ | ᠲᠦᠷᠦ ᠶᠢᠨ ᠲᠠᠯ᠎ᠠ ᠪᠠᠷ ᠴᠠᠭᠠᠷᠠᠭᠰᠠᠨ ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠤᠳᠤᠷᠢᠳᠬᠤ ᠴᠢᠳᠠᠪᠤᠷᠢ ᠶᠢ ᠪᠦᠷᠢᠯᠳᠦᠭᠦᠯᠬᠦ ᠪᠠᠷ ᠬᠠᠷᠠᠯᠲᠠ ᠪᠤᠯᠭᠠᠵᠤ ᠂ ᠬᠥᠮᠥᠨ ᠰᠣᠩᠭᠤᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠤᠯᠭᠠᠵᠤ ᠂ ᠡᠯ᠎ᠡ | ᠱᠠᠲᠤᠨ ᠤ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠨ ᠴᠢᠳᠠᠪᠤᠷᠢ ᠲᠠᠢ ᠶᠢ ᠨᠢ ᠲᠣᠬᠢᠷᠠᠭᠤᠯᠵᠤ ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠡᠩ ᠤᠨ ᠦᠶ᠎ᠡ ᠳᠤ ᠦᠵᠡᠵᠦ ᠭᠠᠷᠴᠤ ᠂ | ᠵᠠᠩᠭᠢᠯᠠᠭ᠎ᠠ ᠶᠢᠨ ᠦᠶ᠎ᠡ ᠳᠤ ᠭᠠᠷᠴᠤ ᠢᠷᠡᠵᠤ ᠬᠠᠷᠢᠭᠤᠴᠠᠯᠭ᠎ᠠ ᠡᠭᠦᠷᠭᠡᠯᠡᠵᠦ ᠲᠡᠶᠢᠯᠭᠦ ᠂ ᠠᠶᠤᠯ ᠲᠦᠭᠰᠢᠭᠦᠷᠢᠲᠡᠢ ᠦᠶ᠎ᠡ ᠳᠤ ᠠᠮᠢ ᠴᠦᠯᠡᠨ ᠲᠡᠮᠡᠴᠡᠬᠦ ᠵᠣᠷᠢᠭᠲᠠᠢ | ᠺᠠᠳ᠋ᠷ ᠢ ᠬᠥᠬᠢᠭᠦᠯᠦᠨ ᠰᠠᠶᠢᠰᠢᠶᠠᠵᠤ ᠴᠢᠬᠤᠯᠠᠴᠢᠯᠠᠨ ᠬᠡᠷᠡᠭᠯᠡᠵᠦ ᠂ ᠮᠤᠵᠢ ᠶᠠᠮᠤᠨ ᠤ ᠲᠡᠰ ᠠᠴᠠ ᠳᠡᠭᠡᠭᠰᠢᠬᠢ ᠰᠠᠶᠢᠰᠢᠶᠠᠯ ᠬᠥᠬᠢᠭᠦᠯᠦᠯ ᠢ ᠬᠦᠷᠲᠡᠵᠦ ᠥᠩᠭᠡᠷᠡᠭᠰᠡᠨ | ᠺᠠᠳ᠋ᠷ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠪᠰᠢᠭᠦᠯᠦᠨ ᠬᠡᠷᠡᠭᠯᠡᠬᠦ ᠬᠡᠷᠡᠭᠲᠡᠢ ᠃ ᠠᠯᠳᠠᠭ᠎ᠠ ᠪᠤᠷᠤᠭᠤ ᠶᠢ ᠠᠭᠤᠴᠢᠯᠠᠬᠤ ᠪᠠ ᠵᠠᠯᠠᠷᠠᠭᠤᠯᠬᠤ 8 ᠵᠤᠷᠪᠤᠰ | ᠰᠠᠨᠠᠯ ᠢ ᠨᠠᠶᠢᠳᠠᠪᠤᠷᠢᠵᠢᠭᠤᠯᠵᠤ ᠂ ᠠᠯᠳᠠᠭ᠎ᠠ ᠪᠤᠷᠤᠭᠤ ᠶᠢ ᠠᠭᠤᠴᠢᠯᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠣᠷᠣᠨ ᠵᠠᠢ ᠶᠢ ᠣᠨᠣᠪᠴᠢᠲᠠᠢ ᠡᠵᠡᠮᠳᠡᠵᠦ ᠂ ᠨᠠᠷᠢᠨ | ᠬᠢᠨᠠᠮᠠᠭᠠᠢ ᠠᠵᠢᠯ ᠶᠠᠪᠤᠳᠠᠯ ᠬᠢᠳᠡᠭ ᠺᠠᠳ᠋ᠷ ᠤᠨ ᠠᠵᠢᠯ ᠤᠨ ᠠᠯᠳᠠᠭ᠎ᠠ ᠪᠤᠷᠤᠭᠤ ᠶᠢ ᠠᠭᠤᠴᠢᠯᠠᠬᠤ ᠶᠣᠰᠣᠲᠠᠢ ᠶᠢ ᠨᠢ ᠪᠦᠭᠦᠨ ᠢ ᠠᠭᠤᠴᠢᠯᠠᠵᠤ ᠂ ᠪᠠᠭᠲᠠᠭᠠᠵᠤ | ᠲᠡᠶᠢᠯᠭᠦ ᠶᠢ ᠨᠢ ᠠᠯᠢ ᠴᠢᠳᠠᠬᠤ ᠪᠠᠷ ᠪᠠᠭᠲᠠᠭᠠᠵᠤ ᠂ ᠠᠵᠢᠯ ᠶᠠᠪᠤᠳᠠᠯ ᠬᠢᠬᠦ ᠦᠭᠡᠢ ᠂ ᠬᠠᠷᠢᠭᠤᠴᠠᠯᠭ᠎ᠠ ᠡᠭᠦᠷᠭᠡᠯᠡᠬᠦ ᠦᠭᠡᠢ ︽ ᠬᠡᠪᠲᠡᠭᠡ ᠮᠠᠶ᠋ᠢᠭ ᠤᠨ ᠠᠵᠢᠯ ᠬᠢᠬᠦ | ᠦᠭᠡᠢ ︾ ᠺᠠᠳ᠋ᠷ ᠢ ᠴᠢᠩᠭ᠎ᠠ ᠵᠠᠯᠬᠠᠭᠠᠨ ᠴᠡᠭᠡᠷᠯᠡᠭᠦᠯᠬᠦ ᠬᠡᠷᠡᠭᠲᠡᠢ ᠃ ᠺᠠᠳ᠋ᠷ ᠤᠨ ᠦᠢᠯᠡᠳᠦᠯᠭᠡ ᠶᠢᠨ ᠪᠣᠯᠪᠠᠰᠤᠷᠠᠯ ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ | ᠴᠢᠩᠭᠠᠳᠬᠠᠵᠤ ᠂ ᠴᠢᠬᠤᠯᠠ ᠶᠡᠭᠡ ᠲᠡᠮᠡᠴᠡᠯ ᠤᠨ ᠳᠤᠮᠳᠠ ᠺᠠᠳ᠋ᠷ ᠢ ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠳᠠᠪᠤᠷᠢ ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠴᠢᠩᠭᠠᠳᠬᠠᠵᠤ ᠂ | ᠺᠠᠳ᠋ᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠂ ᠥᠷᠢᠰᠦᠯᠳᠦᠭᠡᠨ ᠢ ᠠᠷᠭᠠᠴᠠᠭᠠᠬᠤ ᠂ ᠴᠣᠬᠢᠯᠲᠠ ᠶᠢ ᠳᠠᠭᠠᠭᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠃ | ᠺᠠᠳ᠋ᠷ ᠢ ᠬᠢᠨᠠᠨ ᠰᠢᠯᠭᠠᠵᠤ ᠦᠨᠡᠯᠡᠭᠦ ᠰᠢᠰᠲ᠋ᠧᠮ ᠢ ᠲᠡᠭᠦᠯᠳᠡᠷᠵᠢᠭᠦᠯᠵᠦ ᠂ ᠺᠠᠳ᠋ᠷᠴᠤᠳ ᠢ ᠬᠥᠲᠥᠯᠥᠨ ᠵᠢᠯᠤᠭᠤᠳᠴᠤ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ | ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ ᠂ ᠺᠠᠳ᠋ᠷ ᠤᠨ ᠳᠠᠪᠰᠢᠵᠤ ᠪᠤᠯᠬᠤ ᠮᠥᠷᠲᠡᠭᠡᠨ ᠪᠠᠭᠤᠵᠤ ᠪᠤᠯᠬᠤ ᠂ ᠣᠷᠣᠵᠤ ᠪᠤᠯᠬᠤ ᠮᠥᠷᠲᠡᠭᠡᠨ ᠭᠠᠷᠴᠤ | ᠪᠤᠯᠬᠤ ᠶᠢ ᠠᠬᠢᠭᠤᠯᠬᠤ ᠬᠡᠷᠡᠭᠲᠡᠢ ᠃ ᠰᠢᠯᠢᠳᠡᠭ ᠵᠠᠯᠠᠭᠤ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠭᠦ ᠪᠠᠶᠢᠩᠭᠤᠵᠢᠭᠰᠠᠨ ᠠᠵᠢᠯ ᠤᠨ ᠲᠣᠭᠲᠠᠴᠠ ᠶᠢ | ᠪᠦᠷᠢᠨᠰᠢᠭᠦᠯᠵᠦ ᠂ ᠦᠨᠳᠦᠰᠦᠨ ᠱᠠᠲᠤ ᠪᠣᠯᠣᠨ ᠪᠡᠷᠬᠡ ᠬᠠᠲᠠᠭᠤᠵᠢᠯᠲᠠᠢ ᠭᠠᠵᠠᠷ ᠣᠷᠣᠨ ᠳᠤ ᠬᠦᠷᠴᠦ ᠳᠠᠪᠲᠠᠨ ᠪᠣᠯᠪᠠᠰᠤᠷᠠᠵᠤ ᠬᠥᠮᠥᠵᠢᠭᠳᠡᠬᠦ ᠶᠢ ᠵᠠᠯᠠᠭᠤ ᠺᠠᠳ᠋ᠷ ᠢ | ᠬᠥᠮᠥᠵᠢᠭᠦᠯᠬᠦ ᠴᠢᠬᠤᠯᠠ ᠠᠷᠭ᠎ᠠ ᠵᠠᠮ ᠪᠤᠯᠭᠠᠬᠤ ᠬᠡᠷᠡᠭᠲᠡᠢ ᠃ ᠡᠮᠡᠭᠲᠡᠢ ᠺᠠᠳ᠋ᠷ ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠢ | ᠬᠥᠮᠥᠵᠢᠭᠦᠯᠵᠦ ᠰᠣᠩᠭᠤᠨ ᠳᠡᠪᠰᠢᠭᠦᠯᠭᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠃ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ | ᠨᠥᠬᠦᠴᠡᠯ ᠢᠶᠠᠷ ᠪᠡᠷᠬᠡ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠤᠨ᠎ᠠ ᠃ | ︵ ᠭᠤᠷᠪᠠ ︶ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠦᠢᠯᠡᠳᠦᠯ | ᠴᠢᠳᠠᠮᠵᠢ ᠶᠢ ᠴᠢᠩᠭᠠᠷᠠᠭᠤᠯᠤᠨ᠎ᠠ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠳᠦᠷᠢᠮ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠤᠯᠤᠰ ᠲᠦᠷᠦ ᠶᠢᠨ ᠤᠳᠤᠷᠢᠳᠬᠤ ᠬᠦᠴᠦᠨ ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ ᠂ | ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ ᠂ ᠨᠡᠶᠢᠭᠡᠮ ᠤᠨ ᠤᠷᠢᠶᠠᠯᠠᠬᠤ ᠬᠦᠴᠦᠨ ᠢᠶᠠᠨ ᠦᠨᠡᠨ ᠬᠦ ᠳᠡᠭᠡᠭᠰᠢᠯᠡᠭᠦᠯᠵᠦ ᠂ ᠨᠠᠮ ᠤᠨ ᠱᠤᠭᠤᠮ ᠴᠢᠭᠯᠡᠯᠲᠡ | ᠲᠦᠷᠦ ᠶᠢᠨ ᠪᠣᠳᠣᠯᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠡᠯ᠎ᠡ ᠬᠦᠷᠢᠶᠡᠨ ᠤ ᠥᠷᠭᠡᠨ ᠤᠯᠠᠨ ᠲᠦᠮᠡᠨ ᠢ ᠰᠠᠶᠢᠲᠤᠷ ᠵᠣᠬᠢᠶᠠᠨ ᠪᠠᠶᠢᠭᠤᠯᠤᠨ ᠰᠠᠶᠢᠲᠤᠷ ᠨᠢᠭᠲᠠᠷᠠᠭᠤᠯᠬᠤ ᠬᠡᠷᠡᠭᠲᠡᠢ ᠃ ︽ ᠳᠡᠭᠡᠷ᠎ᠡ | ᠳᠣᠣᠷ᠎ᠠ ᠱᠠᠲᠤ ᠨᠡᠪᠲᠡᠷᠡᠯᠴᠡᠭᠰᠡᠨ ᠂ ᠬᠡᠷᠡᠭᠵᠢᠭᠦᠯᠦᠯᠲᠡ ᠨᠢ ᠬᠦᠴᠦᠲᠡᠢ ︾ ᠪᠠᠶᠢᠬᠤ ᠪᠠᠷ ᠬᠦᠴᠦᠯᠡᠬᠦ ᠴᠡᠭ ᠪᠤᠯᠭᠠᠵᠤ ᠂ ᠣᠷᠣᠨ ᠨᠤᠲᠤᠭ ᠤᠨ ᠨᠠᠮ ᠤᠨ ᠬᠤᠷᠢᠶ᠎ᠠ ᠭᠡᠬᠦ | ᠡᠨᠡ ᠬᠦ ︽ ᠳᠤᠮᠳᠠᠬᠢ ᠬᠡᠰᠡᠭ ︾ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡ ᠬᠦ ︽ ᠡᠴᠦᠰ ᠤᠨ ᠨᠢᠭᠡ ᠺᠢᠯᠣᠮᠧᠳ᠋ᠷ ︾ ᠢ ᠰᠠᠶᠢᠲᠤᠷ | ᠠᠳᠬᠤᠵᠤ ᠂ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠂ ᠦᠨᠳᠦᠰᠦᠨ ᠱᠠᠲᠤᠨ ᠤ ᠵᠠᠰᠠᠯᠲᠠ ᠶᠢ | ᠠᠬᠢᠭᠤᠯᠬᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠂ ᠱᠠᠰᠢᠨ ᠰᠤᠷᠲᠠᠬᠤᠨ ᠤ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠬᠤ | ᠬᠡᠷᠡᠭᠲᠡᠢ ᠃ ᠪᠠᠶᠢᠭᠤᠯᠭ᠎ᠠ ᠂ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠦᠭᠦ ᠲᠠᠯ᠎ᠠ ᠪᠠᠷ | ᠳᠡᠭᠡᠭᠰᠢᠯᠡᠭᠦᠯᠵᠦ ᠂ ᠠᠵᠢᠯ ᠲᠦᠷᠦᠯ ᠤᠨ ᠨᠡᠶᠢᠭᠡᠮᠯᠢᠭ ᠂ ᠰᠤᠳᠤᠯᠭᠠᠨ ᠤ ᠨᠡᠶᠢᠭᠡᠮᠯᠢᠭ ᠂ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠂ | ᠰᠢᠨ᠎ᠡ ᠠᠵᠢᠯ ᠣᠯᠭᠤᠯᠲᠠ ᠶᠢᠨ ᠬᠥᠮᠥᠰ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠂ ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ ᠢ ᠡᠭᠦᠳᠦᠨ | ᠪᠠᠶᠢᠭᠤᠯᠬᠤ ᠠᠵᠢᠯ ᠢ ᠬᠦᠴᠦᠯᠡᠨ ᠰᠠᠶᠢᠲᠤᠷ ᠠᠳᠬᠤᠵᠤ ᠂ ᠨᠠᠮ ᠤᠨ ᠡᠭᠦᠷ ᠤᠨ ᠪᠠᠷᠢᠮᠵᠢᠶᠠᠵᠢᠭᠰᠠᠨ ᠵᠢᠷᠤᠮᠵᠢᠬᠰᠡᠨ ᠪᠠᠶᠢᠭᠤᠯᠤᠯᠲᠠ ᠶᠢ ᠠᠬᠢᠭᠤᠯᠵᠤ ᠂ ᠪᠠᠭᠤᠷᠠᠢ | ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ ᠵᠠᠰᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠦᠭᠦ ᠲᠠᠯ᠎ᠠ ᠪᠠᠷ ᠳᠠᠪᠰᠢᠬᠤ ᠂ ᠪᠦᠭᠦ ᠲᠠᠯ᠎ᠠ ᠪᠠᠷ ᠬᠠᠲᠠᠭᠤᠵᠢᠬᠤ ᠶᠢ ᠠᠬᠢᠭᠤᠯᠤᠨ᠎ᠠ ᠃ | ︵ ᠳᠥᠷᠪᠡ ︶ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠨ᠎ᠠ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ︽ ᠲᠦᠷᠪᠡᠨ ᠰᠤᠷᠲᠠᠯ ︾ ᠢᠯᠠᠩᠭᠤᠶ᠎ᠠ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ ᠠᠵᠢᠯᠯᠠᠭ᠎ᠠ ᠶᠢ ᠡᠷᠡᠰ ᠠᠷᠢᠯᠭᠠᠬᠤ ᠬᠡᠷᠡᠭᠲᠡᠢ ᠃ ᠨᠠᠮ ᠪᠣᠯᠣᠨ ᠠᠷᠠᠳ | ᠣᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠲᠠᠰᠣᠷᠠᠯᠳᠠ ᠦᠭᠡᠢ ᠨᠢᠭᠲᠠᠷᠠᠭᠤᠯᠵᠤ ᠂ ᠣᠯᠠᠨ ᠲᠦᠮᠡᠨ ᠤ ᠠᠵᠢᠯ ᠢ ᠬᠢᠬᠦ ᠭᠡᠯᠪᠡᠷᠢ ᠮᠠᠶ᠋ᠢᠭ ᠪᠠ ᠠᠷᠭ᠎ᠠ ᠪᠠᠨ | ᠰᠠᠶᠢᠵᠢᠷᠠᠭᠤᠯᠵᠤ ᠂ ᠣᠯᠠᠨ ᠲᠦᠮᠡᠨ ᠳᠤ ᠤᠬᠠᠭᠤᠯᠭ᠎ᠠ ᠬᠥᠮᠦᠵᠢᠯ ᠬᠢᠬᠦ ᠶᠢ ᠴᠢᠩᠭᠠᠳᠬᠠᠵᠤ ᠂ ᠣᠯᠠᠨ ᠲᠦᠮᠡᠨ ᠳᠤ ᠦᠨᠡᠨ ᠰᠡᠳᠬᠢᠯ ᠠᠴᠠ ᠪᠠᠨ ᠂ ᠬᠠᠯᠠᠰᠢᠷᠠᠯ ᠦᠭᠡᠢ | ᠨᠠᠷᠢᠨ ᠨᠢᠮᠪᠠᠢ ᠦᠢᠯᠡᠴᠢᠯᠡᠵᠦ ᠂ ᠣᠯᠠᠨ ᠲᠦᠮᠡᠨ ᠢ ᠴᠠᠭ ᠲᠤᠬᠠᠢ ᠳᠤᠨᠢ ᠬᠠᠪᠰᠤᠷᠴᠤ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ ᠂ ᠣᠯᠠᠨ ᠲᠦᠮᠡᠨ ᠤ | ᠠᠰᠢᠭ ᠲᠤᠰᠠ ᠳᠤ ᠬᠤᠯᠪᠣᠭᠳᠠᠬᠤ ᠶᠠᠪᠤᠳᠠᠯ ᠪᠦᠭᠦᠨ ᠳᠤ ᠴᠥᠮ ᠨᠢᠭᠡᠨ ᠲᠣᠳᠣᠷᠬᠠᠢ ᠬᠠᠷᠢᠭᠤᠯᠲᠠ ᠥᠭᠴᠦ ᠂ ᠣᠯᠠᠨ ᠲᠦᠮᠡᠨ ᠢ ᠢᠳᠡᠪᠬᠢᠲᠡᠢ ᠬᠥᠲᠥᠯᠥᠨ | ᠵᠢᠯᠤᠭᠤᠳᠴᠤ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠂ ᠵᠢᠷᠤᠮᠵᠢᠭᠤᠯᠬᠤ ᠂ | ᠴᠣᠮᠬᠠᠳᠬᠠᠨ ᠰᠢᠯᠢᠳᠡᠭᠵᠢᠭᠦᠯᠬᠦ ᠂ ᠬᠤᠷᠳᠤᠴᠠ ᠶᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠵᠤ ᠂ ᠬᠤᠷᠠᠯ ᠤᠯᠠᠨ ᠂ ᠠᠵᠢᠯᠯᠠᠭ᠎ᠠ ᠤᠯᠠᠨ ᠂ ᠭᠠᠳᠠᠭᠰᠢ ᠭᠠᠷᠬᠤ | ᠶᠠᠪᠤᠳᠠᠯ ᠤᠯᠠᠨ ᠂ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ ᠴᠥᠭᠡᠨ ᠂ ᠠᠵᠢᠯ ᠤᠨ ᠰᠡᠳᠬᠢᠮᠵᠢ ᠴᠥᠭᠡᠨ ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠢᠶᠠᠷ | ᠴᠥᠭᠡᠨ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ ᠂ ᠠᠵᠢᠯᠯᠠᠭ᠎ᠠ ᠨᠢ ᠤᠳᠠᠭᠠᠨ ᠂ ᠦᠷ᠎ᠡ ᠳ᠋ᠦᠩ ᠨᠢ ᠤᠳᠠᠭᠠᠨ ᠪᠠᠶᠢᠳᠠᠭ ᠠᠷᠬᠠᠭ ᠭᠡᠮ ᠢ ᠬᠦᠴᠦᠯᠡᠨ | ᠰᠢᠢᠳᠪᠦᠷᠢᠯᠡᠵᠦ ᠂ ᠠᠵᠢᠯ ᠤᠨ ᠠᠬᠢᠴᠠ ᠢᠯᠭᠤᠮ ᠰᠢᠯᠤᠭᠤᠨ ᠂ ᠠᠵᠢᠯ ᠤᠨ ᠬᠤᠷᠳᠤᠴᠠ ᠲᠦᠷᠭᠡᠳᠭᠦ ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠳᠡᠭᠡᠭᠰᠢᠯᠡᠬᠦ ᠶᠢ | ᠠᠬᠢᠭᠤᠯᠬᠤ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠲᠦᠷᠦᠭᠦᠯᠡᠨ ᠠᠵᠢᠯ ᠤᠨ ᠰᠤᠷᠲᠠᠯ ᠢᠶᠠᠨ ᠬᠤᠪᠢᠷᠠᠭᠤᠯᠵᠤ ᠂ ᠰᠢᠨ᠎ᠡ | ᠰᠤᠷᠲᠠᠯ ᠢ ᠪᠤᠢ ᠪᠤᠯᠭᠠᠵᠤ ᠂ ︽ ᠮᠢᠨᠤ ᠬᠢᠭᠰᠡᠨ ᠬᠤᠷᠠᠯ ᠢᠶᠠᠨ ᠪᠢ ᠲᠤᠭᠤᠰᠢᠯᠠᠭᠤᠯᠤᠨ᠎ᠠ ᠂ ᠮᠢᠨᠤ ᠬᠢᠭᠰᠡᠨ ᠴᠣᠬᠤᠯᠠᠪᠤᠷᠢ ᠪᠠᠨ ᠪᠢ ᠨᠠᠶᠢᠳᠠᠪᠤᠷᠢᠵᠢᠭᠤᠯᠤᠨ᠎ᠠ ᠂ ᠮᠢᠨᠤ | ᠲᠣᠭᠲᠠᠭᠠᠭᠰᠠᠨ ᠲᠦᠷᠦ ᠶᠢᠨ ᠪᠣᠳᠣᠯᠭ᠎ᠠ ᠪᠠᠨ ᠪᠢ ᠭᠦᠢᠴᠡᠳᠬᠡᠬᠦ ︾ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ | ︵ ᠲᠠᠪᠤ ︶ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠣᠯᠣᠨ᠎ᠠ ᠃ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠂ ᠮᠡᠳᠡᠵᠦ ᠪᠠᠶᠢᠭᠠᠳ ᠵᠣᠷᠢᠭᠤᠳᠠ ᠵᠥᠷᠢᠴᠡᠭᠰᠡᠨ ᠂ ᠠᠷᠠᠳ ᠢᠷᠭᠡᠳ ᠤᠨ ᠠᠰᠢᠭ | ᠲᠤᠰᠠ ᠶᠢ ᠬᠤᠬᠢᠷᠠᠭᠤᠯᠤᠭᠰᠠᠨ ᠂ ᠬᠠᠭ᠋ᠤᠤᠯᠢ ᠢᠳᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠵᠦ ᠂ ᠤᠯᠤᠰ ᠲᠦᠷᠦ ᠶᠢᠨ ᠠᠰᠠᠭᠤᠳᠠᠯ | ᠪᠠ ᠠᠵᠤ ᠠᠬᠤᠢ ᠶᠢᠨ ᠠᠰᠠᠭᠤᠳᠠᠯ ᠰᠤᠯᠪᠢᠴᠠᠨ ᠣᠷᠣᠰᠢᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ ᠂ ᠤᠳᠤᠷᠢᠳᠬᠤ ᠺᠠᠳ᠋ᠷᠴᠤᠳ ᠠᠰᠢᠭ ᠲᠤᠰᠠ ᠶᠢᠨ | ᠪᠦᠯᠦᠭᠯᠡᠯ ᠪᠠ ᠡᠷᠬᠡ ᠰᠦᠷᠲᠦ ᠪᠦᠯᠭᠦᠮ ᠤᠨ ᠣᠷᠣᠯᠠᠨ ᠥᠭᠦᠯᠡᠭᠴᠢ ᠂ ᠣᠷᠣᠯᠠᠨ ᠭᠦᠢᠴᠡᠳᠭᠡᠭᠴᠢ ᠪᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ ᠂ ᠵᠠᠰᠠᠭ ᠤᠨ | ᠣᠷᠳᠣᠨ ᠪᠠ ᠬᠤᠳᠠᠯᠳᠤᠭᠠᠴᠢᠨ ᠰᠦᠯᠪᠡᠭᠡᠯᠳᠦᠨ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠭᠰᠡᠨ | ᠠᠰᠠᠭᠤᠳᠠᠯ ᠢ ᠡᠷᠡᠰ ᠵᠠᠰᠠᠵᠤ ᠂ ᠤᠯᠠᠨ ᠲᠦᠮᠡᠨ ᠤ ᠳᠡᠷᠭᠡᠳᠡᠬᠢ ︽ ᠢᠯᠠᠭ᠎ᠠ ᠶᠢᠨ ᠢᠯᠵᠠᠷᠠᠯ ︾ ᠢ ᠡᠷᠡᠰ ᠵᠠᠯᠬᠠᠭᠠᠨ ᠰᠢᠢᠳᠬᠡᠬᠦ ᠬᠡᠷᠡᠭᠲᠡᠢ ᠃ ᠡᠷᠬᠡ ᠲᠥᠪᠯᠡᠷᠡᠭᠰᠡᠨ ᠂ | ᠪᠡᠯᠡ ᠮᠥᠩᠭᠦ ᠨᠢᠭᠲᠠᠷᠠᠭᠰᠠᠨ ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠂ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠶᠢ ᠰᠠᠶᠢᠲᠤᠷ | ᠠᠳᠬᠤᠬᠤ ᠬᠡᠷᠡᠭᠲᠡᠢ ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠂ ᠬᠡᠷᠡᠭ ᠢᠶᠠᠷ ᠪᠠᠶᠢᠭᠤᠯᠤᠯᠲᠠ ᠶᠢ ᠠᠬᠢᠭᠤᠯᠬᠤ ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ | ᠪᠠᠶᠢᠩᠭᠤᠵᠢᠭᠤᠯᠵᠤ ᠳᠦᠷᠢᠮᠵᠢᠭᠦᠯᠬᠦ ᠶᠢ ᠠᠬᠢᠭᠤᠯᠵᠤ ᠂ ᠨᠡᠩ ᠤᠯᠠᠨ ᠳᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠲᠠ ᠦᠭᠡᠢ ᠲᠡᠮᠡᠴᠡᠨ ᠣᠯᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠤᠨ ᠪᠡᠶ᠎ᠡ ᠪᠠᠨ ᠴᠢᠩᠭ᠎ᠠ ᠱᠠᠭᠠᠷᠳᠠᠬᠤ ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠂ ᠬᠠᠷᠢᠶᠠᠨ ᠳᠣᠲᠣᠷᠠᠬᠢ ᠪᠠᠨ ᠴᠢᠩᠭ᠎ᠠ | ᠬᠠᠮᠢᠶᠠᠷᠬᠤ ᠶᠢ ᠱᠠᠯᠠᠪᠳᠠᠭᠤᠯᠵᠤ ᠂ ᠨᠠᠮ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠢ ᠨᠢᠭᠡ ᠶᠢ ᠣᠯᠵᠤ ᠢᠯᠡᠷᠡᠭᠦᠯᠪᠡᠯ ᠨᠢᠭᠡ ᠶᠢ ᠡᠷᠡᠰ ᠪᠠᠶᠢᠴᠠᠭᠠᠨ | ᠰᠢᠢᠳᠪᠦᠷᠢᠯᠡᠨ᠎ᠡ ᠃ | ᠲᠤᠯᠤᠭ᠎ᠠ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ | ᠠᠬᠢᠭᠤᠯᠤᠨ᠎ᠠ | ᠨᠢᠭᠡ ᠬᠤᠪᠢ ᠶᠢᠨ ᠪᠠᠶᠢᠷᠢᠯᠠᠭᠤᠯᠤᠯᠲᠠ ᠶᠢ ᠶᠢᠰᠦᠨ ᠬᠤᠪᠢ ᠪᠠᠷ ᠨᠠᠶᠢᠳᠠᠪᠤᠷᠢᠵᠢᠭᠤᠯᠬᠤ ᠴᠢᠬᠤᠯᠠᠲᠠᠢ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ︽ ᠭᠤᠷᠪᠠᠨ ᠡᠷᠬᠡᠪᠰᠢ ︾ ᠶᠢ ᠪᠠᠲᠤ ᠴᠡᠭᠡᠵᠢᠯᠡᠵᠦ ᠂ ᠦᠨᠡᠨ ᠬᠦ ᠠᠳᠬᠤᠨ ᠪᠣᠳᠠᠲᠠᠢ | ᠠᠵᠢᠯᠯᠠᠵᠤ ᠂ ᠵᠠᠮ ᠨᠡᠭᠡᠭᠡᠨ ᠤᠷᠤᠭᠰᠢᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠮᠠᠷᠠᠲᠤ ᠬᠢᠯᠢ ᠶᠢᠨ ᠡᠬᠡ ᠭᠠᠵᠠᠷ ᠲᠤ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠃ | ︵ ᠨᠢᠭᠡ ︶ ᠪᠦᠯᠬᠦᠮᠳᠡᠨ ᠲᠡᠮᠡᠴᠡᠬᠦ ᠶᠢ ᠪᠠᠷᠢᠮᠲᠠᠯᠠᠨ᠎ᠠ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠨᠢᠳᠦᠨ ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠨᠠᠮ ᠤᠨ ᠪᠦᠯᠬᠦᠮᠳᠡᠯ ᠨᠢᠭᠡᠳᠦᠯ ᠢ ᠬᠠᠶᠢᠷᠠᠯᠠᠨ ᠬᠠᠮᠠᠭᠠᠯᠠᠵᠤ ᠂ ᠠᠷᠠᠳᠴᠢᠯᠠᠯ | ᠲᠥᠪᠯᠡᠷᠡᠯ ᠤᠨ ᠶᠣᠰᠣ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ ᠂ ᠬᠤᠪᠢᠨᠴᠢᠷ ᠦᠵᠡᠯ ᠂ ᠰᠤᠯᠠ ᠵᠠᠳᠠᠭᠠᠢ ᠦᠵᠡᠯ ᠂ ᠳᠤᠷ᠎ᠠ ᠵᠣᠷᠢᠭ ᠤᠨ ᠦᠵᠡᠯ ᠂ | ᠰᠠᠶᠢᠮᠰᠤᠷᠠᠬᠤ ᠦᠵᠡᠯ ᠢ ᠡᠷᠡᠰ ᠰᠡᠷᠭᠡᠶᠢᠯᠡᠨ ᠡᠰᠡᠷᠭᠦᠴᠡᠵᠦ ᠂ ᠨᠠᠮ ᠤᠨ ᠲᠤᠭ ᠤᠨ ᠳᠣᠣᠷ᠎ᠠ ︽ ᠭᠠᠩ ᠬᠠᠲᠠᠭᠤ ᠪᠣᠯᠣᠳ ᠲᠡᠮᠦᠷ ︾ ᠪᠣᠯᠵᠤ ᠪᠦᠯᠬᠦᠮᠳᠡᠬᠦ ᠬᠡᠷᠡᠭᠲᠡᠢ ᠃ | ᠨᠠᠮ ᠤᠨ ᠠᠷᠠᠳ ᠲᠦᠮᠡᠨ ᠯᠦᠭᠡ ᠶᠢᠨ ᠪᠦᠯᠬᠦᠮᠳᠡᠯ ᠢ ᠪᠠᠬᠢᠵᠢᠭᠦᠯᠦᠨ ᠴᠢᠩᠭᠠᠳᠬᠠᠵᠤ ᠂ 2400 ᠭᠠᠷᠤᠢ ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠨ ᠨᠢᠭᠲᠠᠷᠠᠭᠤᠯᠵᠤ ᠂ ᠪᠦᠭᠦ ᠣᠷᠣᠨ ᠳᠠᠶᠠᠭᠠᠷ ᠢᠶᠠᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠭᠰᠠᠨ ᠠᠮᠢᠳᠤᠯᠢᠭ ᠪᠠᠶᠢᠳᠠᠯ ᠢ ᠪᠤᠢ ᠪᠣᠯᠭᠠᠨ᠎ᠠ ᠃ | ︵ ᠬᠤᠶᠠᠷ ︶ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠡᠷᠳᠡᠮ ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ ᠂ ᠬᠦᠴᠢᠷ ᠢ | ᠮᠡᠳᠡᠵᠦ ᠪᠠᠶᠢᠭᠠᠳ ᠬᠦᠴᠦᠯᠡᠨ ᠲᠡᠮᠡᠦᠯᠵᠦ ᠂ ᠬᠦᠴᠢᠷ ᠢ ᠰᠥᠷᠦᠨ ᠤᠷᠤᠭᠰᠢᠯᠠᠵᠤ ᠂ ᠠᠭᠤᠯᠠ ᠲᠠᠭᠠᠷᠠᠪᠠᠯ ᠵᠠᠮ ᠨᠡᠭᠡᠭᠡᠵᠦ ᠂ ᠤᠰᠤ ᠲᠠᠭᠠᠷᠠᠪᠠᠯ ᠬᠥᠭᠦᠷᠭᠡ ᠲᠠᠯᠪᠢᠵᠤ ᠂ | ᠨᠡᠮᠡᠭᠳᠡᠯ ᠢ ᠲᠣᠭᠲᠠᠪᠤᠷᠢᠵᠢᠭᠤᠯᠬᠤ ᠂ ᠪᠦᠲᠦᠴᠡ ᠶᠢ ᠲᠣᠬᠢᠷᠠᠭᠤᠯᠬᠤ ᠂ ᠥᠭᠡᠷᠡᠴᠢᠯᠡᠯᠲᠡ ᠶᠢ ᠠᠬᠢᠭᠤᠯᠬᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠶᠤᠯ | ᠲᠦᠭᠰᠢᠭᠦᠷᠢ ᠶᠢ ᠰᠡᠷᠭᠡᠶᠢᠯᠡᠬᠦ ᠂ ᠲᠣᠭᠲᠠᠭᠤᠨ ᠪᠠᠶᠢᠬᠤ ᠶᠢ ᠪᠠᠲᠤᠯᠠᠬᠤ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠬᠦᠴᠢᠷ ᠪᠡᠷᠬᠡ ᠠᠰᠠᠭᠤᠳᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠲᠠᠢ ᠵᠣᠷᠢᠭᠲᠠᠢ ᠪᠠᠷ ᠲᠡᠮᠡᠴᠡᠯ ᠬᠢᠵᠦ ᠂ ᠭᠠᠵᠢᠭᠤ | ᠪᠤᠷᠤᠭᠤ ᠶᠢ ᠢᠲᠡᠭᠡᠭᠦ ᠦᠭᠡᠢ ᠂ ᠪᠤᠭ ᠴᠢᠳᠬᠦᠷ ᠠᠴᠠ ᠠᠶᠤᠬᠤ ᠦᠭᠡᠢ ᠂ ᠳᠠᠷᠤᠯᠲᠠ ᠠᠴᠠ ᠰᠦᠷᠳᠡᠭᠦ ᠦᠭᠡᠢ ᠪᠠᠶᠢᠵᠤ ᠂ ᠲᠡᠮᠡᠴᠡᠯ ᠤᠨ ᠳᠤᠮᠳᠠ ᠰᠥᠰᠥ | ᠵᠣᠷᠢᠭ ᠢᠶᠠᠨ ᠳᠠᠪᠲᠠᠨ ᠪᠤᠯᠪᠠᠰᠤᠷᠠᠭᠤᠯᠵᠤ ᠂ ᠡᠷᠴᠢ ᠵᠣᠷᠢᠭ ᠢᠶᠠᠨ ᠬᠥᠪᠴᠢᠯᠡᠵᠦ ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ ᠂ ᠪᠦᠯᠬᠦᠮᠳᠡᠯ ᠢ ᠠᠬᠢᠭᠤᠯᠵᠤ ᠂ | ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠷᠢᠶ᠎ᠡ ᠶᠢ ᠨᠡᠭᠡᠭᠡᠬᠦ ᠬᠡᠷᠡᠭᠲᠡᠢ ᠃ | ︵ ᠭᠤᠷᠪᠠ ︶ ᠲᠤᠭᠤᠰᠢᠯᠠᠭᠤᠯᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ ᠃ ᠪᠦᠭᠦ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷ ᠦᠨᠡᠨ ᠢ | ᠪᠠᠷᠢᠮᠲᠠᠯᠠᠨ ᠪᠣᠳᠠᠲᠠᠢ ᠶᠢ ᠡᠷᠭᠢᠮᠯᠡᠭᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ ᠂ ᠦᠢᠯᠡᠳᠦᠯᠭᠡ ᠳᠤ | ᠲᠤᠯᠭᠠᠷᠠᠭᠰᠠᠨ ᠰᠢᠨ᠎ᠡ ᠠᠰᠠᠭᠤᠳᠠᠯ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠂ ᠠᠷᠠᠳ | ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠂ ᠨᠠᠮ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠬᠢᠮᠵᠢ ᠰᠢᠨ᠎ᠡ ᠠᠷᠭ᠎ᠠ ᠶᠢ ᠲᠠᠰᠤᠷᠠᠯᠳᠠ ᠦᠭᠡᠢ ᠳᠤᠷᠠᠳᠤᠨ ᠭᠠᠷᠭᠠᠬᠤ ᠬᠡᠷᠡᠭᠲᠡᠢ ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠦᠷᠦᠯ ᠵᠦᠢᠯᠵᠢᠭᠦᠯᠦᠨ ᠬᠠᠮᠢᠶᠠᠷᠴᠤ ᠂ ᠨᠠᠷᠢᠨ | ᠲᠠᠩᠰᠠ ᠶᠢᠨ ᠭᠡᠯᠪᠡᠷᠢ ᠪᠠᠷ ᠠᠬᠢᠭᠤᠯᠵᠤ ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ ᠂ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ | ᠥᠷᠨᠢᠭᠦᠯᠵᠦ ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠳᠠᠩᠰᠠ ᠲᠤᠰᠢᠶᠠᠬᠤ ᠤᠬᠠᠮᠰᠠᠷ ᠂ | ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ ᠂ ᠰᠤᠷᠤᠯᠴᠠᠨ ᠤᠬᠠᠭᠤᠯᠵᠤ ᠲᠤᠭᠤᠰᠢᠯᠠᠭᠤᠯᠤᠭᠰᠠᠨ | ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠴᠠᠭ ᠲᠤᠬᠠᠢ ᠳᠤᠨᠢ ᠮᠡᠳᠡᠭᠦᠯᠭᠦ ᠬᠡᠷᠡᠭᠲᠡᠢ ᠃ | ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ︽ ᠬᠤᠶᠠᠷ ᠢ | ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠬᠤᠶᠠᠷ ᠢ ᠬᠠᠮᠠᠭᠠᠯᠠᠬᠤ ︾ ᠶᠢ ᠨᠠᠩ ᠡᠷᠡᠰ ᠪᠠᠲᠤ ᠤᠬᠠᠮᠰᠠᠷ ᠠᠴᠠ ᠪᠠᠨ | ᠪᠡᠶᠡᠯᠡᠭᠦᠯᠵᠦ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠴᠢᠷᠮᠠᠶᠢᠨ ᠪᠡᠶᠡᠯᠡᠭᠦᠯᠵᠦ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠃ | | | |