| | 11 ᠳ᠋ᠦ᠋ᠭᠡᠷ ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ | ᠱᠦᠵᠢ ᠂ ᠳᠡᠳ᠋ ᠲᠡᠷᠢᠭᠦᠯᠡᠭᠴᠢ ᠵᠠᠩ ᠱᠣᠤ ᠴᠦᠨ ᠣᠷᠳᠣᠰ ᠬᠤᠲᠠ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠪᠠ ᠃ | ᠵᠠᠩ ᠱᠤᠤ ᠴᠦᠨ ᠥᠪᠥᠷ ᠮᠣᠩᠭᠤᠯ ᠪᠣᠯᠣᠨ ᠣᠷᠳᠣᠰ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠢᠰᠲ᠋ᠧᠮ ᠲᠠᠢ ᠪᠥᠭᠡᠳ ᠭᠦᠨᠵᠡᠭᠡᠢ ᠲᠠᠶᠢᠯᠪᠤᠷᠢᠯᠠᠵᠤ ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠂ ᠠᠵᠤ ᠠᠬᠤᠶᠢᠯᠠᠯᠲᠠᠨ ᠂ ᠠᠵᠤ | ᠦᠢᠯᠡᠰ ᠤᠨ ᠠᠵᠢᠯᠴᠢᠨ ᠪᠣᠯᠣᠨ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠲᠥᠯᠥᠭᠡᠯᠡᠭᠴᠢ ᠲᠠᠢ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ ᠃ ᠲᠡᠷᠡ ᠂ | ᠪᠢᠳᠡ ᠥᠩᠭᠡᠷᠡᠭᠰᠡᠨ ᠢᠶᠠᠨ ᠡᠷᠭᠢᠴᠡᠭᠦᠯᠬᠦᠶ᠎ᠡ ᠂ ᠶᠠᠪᠤᠵᠤ ᠢᠷᠡᠭᠰᠡᠨ ᠲᠦᠢᠯ ᠤᠨ ᠵᠢᠷ ᠤᠨ ᠪᠤᠰᠤ ᠂ ᠲᠦᠢᠯ ᠤᠨ ᠶᠡᠷᠦ ᠪᠤᠰᠤ ᠶᠢᠨ ᠥᠩᠭᠡᠷᠡᠯᠲᠡ ᠠᠴᠠ ᠪᠠᠨ ᠤᠯᠤᠰ | ᠲᠥᠷᠥ ᠶᠢᠨ ᠰᠢᠮ᠎ᠡ ᠲᠡᠵᠢᠭᠡᠯ ᠬᠦᠷᠲᠡᠵᠦ ᠂ ︽ ᠬᠤᠶᠠᠷ ᠢ ᠲᠣᠭᠲᠠᠭᠠᠬᠤ ︾ ᠶᠢ ᠡᠷᠡᠰ ᠬᠦᠷᠢᠶᠡᠯᠡᠵᠦ ᠂ ᠪᠡᠶ᠎ᠡ ᠳᠤ ᠪᠠᠨ ᠢᠲᠡᠭᠡᠯ ᠲᠠᠢ ᠪᠥᠭᠡᠳ ᠪᠡᠶ᠎ᠡ ᠪᠠᠨ | ᠳᠠᠭᠠᠭᠠᠬᠤ ᠶᠢ ᠪᠠᠷᠢᠮᠲᠠᠯᠠᠬᠤ ᠬᠡᠷᠡᠭᠲᠡᠢ ᠃ ᠪᠢᠳᠡ ᠢᠷᠡᠭᠡᠳᠦᠢ ᠪᠠᠨ ᠪᠠᠷᠠᠯᠠᠬᠤᠶ᠎ᠠ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ | ᠬᠡᠷᠡᠭᠲᠡᠢ ᠃ ᠣᠳᠣᠬᠠᠨ ᠳᠤ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ ᠪᠥᠬᠦ ᠲᠠᠯ᠎ᠠ ᠪᠠᠷ ᠰᠤᠷᠤᠯᠴᠠᠬᠤ ᠂ ᠪᠥᠬᠦ ᠲᠠᠯ᠎ᠠ ᠪᠠᠷ ᠡᠵᠡᠮᠳᠡᠬᠦ ᠂ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠬᠤ ︾ ᠱᠠᠭᠠᠷᠳᠠᠯᠭ᠎ᠠ ᠶᠣᠰᠣᠭᠠᠷ ᠂ ᠣᠳᠣ ᠶᠢᠨ ᠶᠠᠭ ᠰᠠᠶᠢᠬᠠᠨ ᠬᠢᠵᠦ ᠪᠠᠶᠢᠭ᠎ᠠ ᠤᠴᠢᠷ ᠶᠠᠪᠤᠳᠠᠯ ᠲᠠᠢ ᠪᠠᠨ | ᠤᠶᠠᠯᠳᠤᠭᠤᠯᠤᠨ ᠰᠡᠳᠬᠢᠮᠵᠢ ᠪᠠᠨ ᠲᠥᠯᠥᠪᠵᠢᠭᠦᠯᠵᠦ ᠂ ᠬᠥᠭᠵᠢᠯᠲᠡ ᠪᠠᠨ ᠠᠬᠢᠭᠤᠯᠤᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠥᠪᠥᠷ | ᠮᠣᠩᠭᠤᠯ ᠳᠤ ᠦᠨᠳᠦᠰᠦᠯᠡᠬᠦ ᠪᠠ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ ᠭᠡᠵᠡᠢ ᠃ | | |