| | ᠰᠢᠩ ᠯᠦᠡᠭ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠂ ᠨᠠᠮ ᠪᠠ ᠤᠯᠠᠨ ᠲᠦᠮᠡᠨ ᠤ ᠦᠢᠯᠡᠴᠢᠯᠡᠬᠡᠨ | ᠤ ᠲᠦᠪ ᠤᠨ ᠡᠷᠬᠢᠯᠡᠭᠴᠢ ᠴᠢᠨ ᠬᠦᠢ ᠪᠢᠨ | | | | | | ᠦᠪᠡᠳᠡᠭᠰᠢ ᠬᠤᠷᠡᠯ ᠨᠢ ᠬᠦᠮᠦᠰ ᠤᠨ ᠰᠡᠳᠬᠢᠯ ᠢ ᠨᠢᠬᠳᠠᠷᠠᠭᠤᠯᠵᠤ ᠂ ᠵᠢᠷᠤᠭ ᠲᠦᠯᠦᠪᠯᠡᠭᠡ ᠨᠢ ᠬᠦᠮᠦᠰ ᠤᠨ ᠤᠷᠮ᠎ᠠ ᠵᠤᠷᠢᠭ ᠢ ᠬᠦᠭᠵᠢᠬᠡᠨ᠎ᠠ ᠃ ᠰᠢᠩ ᠯᠦᠡᠭ | ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ | ᠶᠢ ᠤᠳᠤᠬᠠᠨ ᠤ ᠪᠠ ᠬᠤᠶᠢᠰᠢᠳᠡ ᠶᠢᠨ ᠨᠢᠬᠡᠨ ᠬᠤᠭᠤᠴᠠᠭᠠᠨ ᠤ ᠳᠡᠷᠢᠬᠦᠨ ᠴᠢᠬᠤᠯᠠ ᠤᠯᠤᠰ ᠳᠦᠷᠦ ᠶᠢᠨ ᠡᠬᠦᠷᠬᠡ ᠪᠠ ᠤᠷᠳᠤ ᠬᠤᠭᠤᠴᠠᠭᠠᠨ ᠤ ᠪᠠᠶᠢᠯᠳᠤᠬᠤ | ᠪᠤᠳᠤᠯᠭ᠎ᠠ ᠶᠢᠨ ᠬᠠᠷᠠᠯᠳᠡ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠭᠤᠶᠢᠪᠢᠰᠢ ᠦᠬᠡᠢ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ ᠂ ᠬᠦᠴᠦᠯᠡᠬᠦ ᠴᠡᠭ ᠢ ᠤᠨᠤᠪᠴᠢᠳᠡᠢ ᠡᠷᠢᠵᠤ ᠂ ᠰᠢᠩ ᠯᠦᠡᠭ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠯ᠎ᠡ ᠳᠦᠷᠦᠯ ᠤᠨ ᠠᠵᠢᠯ ᠦᠢᠯᠡᠰ ᠤᠨ ᠴᠢᠨᠡᠷ ᠰᠠᠶᠢᠳᠡᠢ ᠬᠦᠭᠵᠢᠯᠳᠡ ᠶᠢ ᠯᠠᠪᠳᠠᠭᠤᠨ ᠪᠠᠳᠤᠳᠡᠢ ᠠᠬᠢᠭᠤᠯᠤᠨ᠎ᠠ ᠃ | ᠨᠢᠬᠡ ᠳᠤ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠬᠦᠳᠬᠦ ᠤᠨᠤᠯ ᠢ ᠠᠬᠢᠭᠤᠯᠬᠤ ᠠᠵᠢᠯ ᠢ ᠪᠠᠳᠤ ᠡᠵᠡᠮᠰᠢᠨ᠎ᠠ | ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠨᠡᠪᠳᠡᠷᠬᠡᠢ ᠤᠶᠢᠯᠠᠭᠠᠬᠤ ᠪᠤᠯ ᠶᠡᠭᠡ ᠬᠤᠷᠡᠯ ᠤᠨ ᠵᠤᠷᠢᠭ ᠰᠠᠨᠠᠭ᠎ᠠ ᠶᠢ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠦᠵᠡᠯ ᠰᠠᠨᠠᠭᠠᠨ ᠤ ᠪᠠᠳᠤᠯᠠᠭ᠎ᠠ ᠪᠤᠯᠤᠨ᠎ᠠ ᠃ ᠰᠢᠩ ᠯᠦᠡᠭ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠂ ᠰᠢᠨ᠎ᠡ ᠡᠷᠡᠮᠡᠬᠡᠶᠢᠯᠡᠨ ᠤᠷᠤᠬᠰᠢᠯᠠᠬᠤ ᠳᠦᠷᠰᠦ ᠪᠠᠶᠢᠳᠠᠯ ᠢᠶᠠᠷ《 ᠬᠤᠶᠡᠷ ᠢ | ᠲᠤᠬᠳᠠᠭᠠᠬᠰᠠᠨ》ᠰᠢᠢᠳᠪᠤᠷᠢᠳᠤ ᠠᠴᠢ ᠬᠤᠯᠪᠤᠬᠳᠠᠯ ᠢ ᠬᠦᠨᠵᠡᠬᠡᠢ ᠤᠶᠢᠯᠠᠭᠠᠵᠤ ᠂《 ᠬᠤᠶᠡᠷ ᠢ ᠬᠠᠮᠠᠭᠠᠯᠠᠬᠤ》 ᠶᠢ ᠦᠨᠡᠨᠴᠢ ᠪᠠᠷ ᠦᠢᠯᠡᠳᠦᠯᠬᠡᠵᠢᠬᠦᠯᠬᠦ ᠳᠤᠮᠳᠠ | ᠰᠢᠨ᠎ᠡ ᠴᠠᠭ ᠦᠶ᠎ᠡ ᠶᠢᠨ ᠬᠠᠮᠤᠭ ᠤᠨ ᠦᠨᠳᠦᠰᠦᠨ ᠂ ᠬᠠᠮᠤᠭ ᠤᠨ ᠤᠳᠠᠭᠠᠨ ᠳᠠᠭᠠᠭᠠᠮᠠᠭᠠᠢ ᠂ ᠬᠠᠮᠤᠭ ᠤᠨ ᠬᠦᠴᠦᠷᠭᠡᠭ ᠬᠦᠳᠡᠯᠬᠡᠬᠦ ᠬᠦᠴᠦᠨ ᠢ ᠬᠦᠭᠵᠢᠬᠡᠵᠦ ᠂ | ᠨᠠᠮ ᠤᠨ ᠰᠢᠨ᠎ᠡ ᠶᠢ ᠡᠬᠦᠳᠬᠦ ᠤᠨᠤᠯ ᠤᠨ ᠳᠤᠬᠠᠢ ᠤᠯᠤᠰ ᠳᠦᠷᠦ ᠶᠢᠨ ᠬᠠᠮᠳᠤ ᠶᠢᠨ ᠳᠠᠨᠢᠯᠳᠡ ᠂ ᠦᠵᠡᠯ ᠰᠠᠨᠠᠭᠠᠨ ᠤ ᠬᠠᠮᠳᠤ ᠶᠢᠨ ᠳᠠᠨᠢᠯᠳᠡ ᠂ ᠤᠨᠤᠯ ᠤᠨ | ᠬᠠᠮᠳᠤ ᠶᠢᠨ ᠳᠠᠨᠢᠯᠳᠡ ᠂ ᠬᠠᠶᠢᠷ᠎ᠡ ᠰᠡᠳᠬᠢᠯᠬᠡ ᠶᠢᠨ ᠬᠠᠮᠳᠤ ᠶᠢᠨ ᠳᠠᠨᠢᠯᠳᠠ ᠪᠠᠨ ᠳᠠᠰᠤᠷᠠᠯᠳᠠ ᠦᠬᠡᠢ ᠨᠡᠮᠡᠭᠳᠡᠬᠦᠯᠦᠨ᠎ᠠ ᠃《 ᠭᠤᠤᠯᠳᠠᠯᠭ᠎ᠠ ᠪᠠᠷ ᠲᠠᠭᠠᠭᠤᠯᠬᠤ ᠂ | ᠰᠤᠶᠤᠯ ᠢᠶᠠᠷ ᠨᠢᠬᠳᠠᠷᠠᠭᠤᠯᠬᠤ ᠂ ᠪᠦᠬᠦ ᠤᠷᠤᠨ ᠪᠦᠰᠡ ᠬᠠᠮᠳᠤᠪᠡᠷ ᠪᠠᠶᠢᠭᠤᠯᠬᠤ ᠂ ᠦᠷ᠎ᠡ ᠪᠦᠳᠦᠬᠡᠯ ᠢ ᠬᠠᠮᠳᠤ ᠪᠠᠷ ᠡᠳ᠋ᠯᠡᠬᠦ 》ᠬᠤᠳᠠ ᠶᠢᠨ ᠦᠨᠳᠦᠰᠤᠨ ᠱᠠᠳᠤᠨ | ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠶᠢᠯᠠᠭᠠᠬᠳᠠᠬᠤᠨ ᠤ ᠠᠭᠤᠯᠬᠤᠨ ᠢ ᠦᠷᠬᠦᠯᠵᠢᠯᠡᠨ ᠪᠠᠶᠠᠯᠢᠭᠵᠢᠭᠤᠯᠵᠤ ᠂ ᠤᠶᠤᠨᠴᠢ ᠨᠠᠮ ᠤᠨ ᠪᠠᠶᠢᠭᠤᠯᠤᠯᠳᠠ ᠪᠠᠷ | ᠠᠷᠭ᠎ᠠ ᠵᠠᠮ ᠪᠤᠯᠭᠠᠵᠤ ᠂ ᠨᠠᠮ ᠪᠠ ᠤᠯᠠᠨ ᠳᠦᠮᠡᠨ ᠤ ᠦᠢᠯᠡᠴᠢᠯᠡᠬᠡᠨ ᠤ ᠦᠷᠳᠡᠭᠡ ᠵᠢᠴᠢ ᠨᠠᠮ ᠤᠨ ᠪᠠᠶᠢᠭᠤᠯᠤᠯᠳᠠ ᠶᠢᠨ ᠨᠡᠷᠡᠳᠤ ᠲᠡᠮᠳᠡᠭᠳᠤ ᠶᠢᠨ ᠪᠠᠶᠢᠭᠤᠯᠤᠯᠳᠠ | ᠶᠢ ᠪᠤᠳᠠᠳᠠᠢ ᠠᠳᠬᠤᠵᠤ ᠂ ᠬᠤᠪᠢᠰᠬᠠᠯᠳᠤ ᠨᠢᠬᠡ ᠵᠤᠷᠪᠤᠰ ᠵᠡᠭᠡᠯᠢ ᠶᠢᠨ ᠨᠠᠮ ᠤᠨ ᠪᠠᠶᠢᠭᠤᠯᠤᠯᠳᠠ ᠬᠤᠳᠠᠯᠳᠤᠭᠠᠨ ᠤ ᠳᠤᠭᠤᠷᠢᠭ ᠤᠨ ᠪᠠᠶᠢᠭᠤᠯᠤᠯᠳᠠ ᠶᠢ | ᠠᠬᠢᠭᠤᠯᠵᠤ ᠂ ᠨᠠᠮ ᠤᠨ ᠪᠠᠶᠢᠭᠤᠯᠤᠯᠳᠠ ᠪᠠᠷ ᠭᠠᠷᠳᠠᠴᠠ ᠪᠤᠯᠭᠠᠵᠤ ᠬᠦᠴᠦᠨ ᠴᠢᠳᠠᠯ ᠢᠶᠠᠨ ᠨᠢᠬᠳᠠᠷᠠᠭᠤᠯᠤᠨ ᠡᠯ᠎ᠡ ᠳᠦᠷᠦᠯ ᠤᠨ ᠠᠵᠢᠯ ᠦᠢᠯᠡᠰ ᠤᠨ ᠬᠦᠭᠵᠢᠯᠳᠡ | ᠶᠢ ᠠᠬᠢᠭᠤᠯᠤᠨ᠎ᠠ ᠃ | ᠬᠤᠶᠡᠷ ᠲᠤ ᠠᠷᠡᠳ ᠳᠦᠮᠡᠨ ᠢ ᠳᠡᠬᠡᠳᠦᠯᠡᠬᠦ ᠶᠢ ᠪᠠᠷᠢᠮᠳᠡᠯᠡᠵᠤ ᠂ ᠠᠷᠡᠳ ᠳᠦᠮᠡᠨ ᠢᠶᠠᠷ ᠭᠤᠤᠯ ᠪᠤᠯᠭᠠᠬᠰᠠᠨ ᠬᠦᠭᠵᠢᠯᠳᠡ ᠶᠢᠨ ᠦᠵᠡᠯ ᠰᠠᠨᠠᠭ᠎ᠠ ᠪᠠᠷ ᠤᠭ | ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠦᠨ᠎ᠡ | ᠠᠷᠡᠳ ᠳᠦᠮᠡᠨ ᠢ ᠳᠡᠬᠡᠳᠦᠯᠡᠬᠦ ᠶᠢ ᠪᠠᠷᠢᠮᠳᠡᠯᠡᠵᠤ ᠂ ᠠᠷᠡᠳ ᠳᠦᠮᠡᠨ ᠢᠶᠠᠷ ᠭᠤᠤᠯ ᠪᠤᠯᠭᠠᠬᠰᠠᠨ ᠬᠦᠭᠵᠢᠯᠳᠡ ᠶᠢᠨ ᠦᠵᠡᠯ ᠰᠠᠨᠠᠭ᠎ᠠ ᠪᠠᠷ ᠦᠨᠳᠦᠰᠦᠨ ᠱᠠᠳᠤᠨ ᠤ | ᠵᠠᠰᠠᠯᠳᠡ ᠶᠢᠨ ᠦᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠡ ᠃ ᠠᠷᠡᠳ ᠳᠦᠮᠡᠨ ᠤ ᠬᠠᠮᠤᠭ ᠠᠴᠠ ᠢᠯᠡᠬᠦᠦ ᠬᠠᠯᠠᠮᠵᠢᠯᠠᠵᠤ ᠪᠠᠶᠢᠭ᠎ᠠ ᠬᠠᠮᠤᠭ ᠤᠨ | ᠰᠢᠭᠤᠳ ᠮᠦᠷᠳᠡᠬᠡᠨ ᠬᠠᠮᠤᠭ ᠤᠨ ᠪᠤᠳᠠᠳᠢ ᠠᠰᠢᠭ ᠳᠤᠰᠠ ᠶᠢᠨ ᠠᠰᠠᠭᠤᠳᠠᠯ ᠢ ᠴᠢᠩᠭ᠎ᠠ ᠠᠳᠬᠤᠵᠤ ᠂ ᠴᠢᠳᠠᠯ ᠤᠨ ᠬᠢᠷᠢ ᠪᠠᠷ ᠴᠢᠷᠮᠠᠶᠢᠵᠤ ᠂ ᠠᠷᠡᠳ ᠤᠨ | ᠠᠮᠢᠳᠤᠷᠡᠯ ᠢ ᠪᠠᠳᠤᠯᠠᠨ ᠰᠠᠶᠢᠵᠢᠷᠠᠭᠤᠯᠵᠤ ᠂ ᠬᠠᠭᠤᠴᠢᠨ ᠰᠠᠭᠤᠭᠠᠯᠢ ᠳᠤᠭᠤᠷᠢᠭ ᠤᠨ ᠴᠢᠨᠡᠷ ᠳᠡᠰ ᠢ ᠳᠡᠭᠡᠭᠰᠢᠯᠡᠬᠦᠯᠬᠦ ᠪᠠᠷᠢᠯᠭ᠎ᠠ ᠶᠢ ᠬᠡᠷᠡᠭᠵᠢᠬᠦᠯᠵᠤ ᠂ ᠱᠢ ᠵᠢᠢ ᠵᠢᠶᠠ | ᠴᠸᠡᠭ ᠰᠠᠭᠤᠭᠠᠯᠢ ᠠᠷᠠᠳ ᠤᠨ ᠳᠤᠭᠤᠷᠢᠭ ᠤᠨ ᠬᠡᠦᠬᠡᠳ ᠤᠨ ᠴᠡᠩᠬᠡᠯ ᠤᠨ ᠤᠷᠳᠤᠨ ᠢ ᠪᠠᠶᠢᠭᠤᠯᠵᠦ ᠂ ᠳ᠋ᠦᠡᠭ ᠶᠤᠸᠠᠨ ᠱᠸᠡᠭ ᠱᠢ ᠬᠤᠸᠠ ᠹᠦ᠋ ᠰᠠᠭᠤᠭᠠᠯᠢ | ᠠᠷᠠᠳ ᠤᠨ ᠳᠤᠭᠤᠷᠢᠭ ᠤᠨ ᠳᠦᠬᠡᠬᠡᠯ ᠤᠰᠤᠨ ᠤ ᠬᠤᠭᠤᠯᠠᠢ ᠲᠤᠤᠷ ᠢ ᠦᠬᠡᠷᠡᠴᠢᠯᠡᠨ ᠵᠠᠰᠠᠵᠦ ᠂ ᠬᠤᠳᠠ ᠬᠦᠳᠡᠭᠡ ᠶᠢᠨ ᠠᠭᠤᠯᠵᠠᠷ ᠲᠠᠬᠢ ᠪᠤᠬᠢᠷ ᠤᠰᠤ | ᠭᠠᠳᠠᠬᠰᠢᠯᠠᠭᠤᠯᠬᠤ ᠬᠤᠭᠤᠯᠠᠢ ᠶᠢ ᠵᠠᠰᠠᠵᠦ ᠂ ᠬᠡᠷ ᠤᠨ ᠤᠷᠤᠢ ᠠᠴᠠ ᠤᠰᠤ ᠭᠤᠭᠤᠵᠢᠬᠤ ᠶᠢ ᠰᠡᠷᠬᠡᠶᠢᠯᠡᠵᠤ ᠰᠠᠯᠪᠢᠨ ᠵᠠᠰᠠᠬᠤ ᠪᠠᠷᠢᠯᠭ᠎ᠠ ᠵᠢᠴᠢ ᠳᠤᠰᠬᠤᠨ ᠳᠤ | ᠨᠡᠪᠳᠡᠷᠡᠬᠦ ᠵᠠᠮ ᠢ ᠬᠠᠳᠠᠭᠤᠷᠠᠭᠤᠯᠵᠤ ᠴᠠᠷᠳᠠᠬᠤ ᠵᠡᠷᠬᠡ ᠠᠷᠡᠳ ᠤᠨ ᠠᠮᠢᠳᠤᠷᠡᠯ ᠤᠨ ᠪᠠᠷᠢᠯᠭ᠎ᠠ ᠶᠢᠨ ᠳᠦᠷᠦᠯ ᠵᠦᠢᠯ ᠢ ᠬᠡᠷᠡᠭᠵᠢᠬᠦᠯᠵᠤ ᠂ ᠠᠷᠡᠳ ᠳᠦᠮᠡᠨ ᠤ ᠪᠠᠴᠢᠮ | ᠬᠦᠴᠢᠷ ᠵᠤᠪᠠᠭᠤᠷᠢ ᠵᠢᠴᠢ ᠬᠦᠰᠡᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠳᠤᠬᠳᠠᠴᠠ ᠶᠢ | ᠳᠡᠬᠦᠯᠳᠡᠷᠵᠢᠬᠦᠯᠵᠤ ᠂ ᠠᠷᠡᠳ ᠳᠦᠮᠡᠨ ᠳᠤ ᠪᠤᠳᠠᠳᠤ ᠶᠠᠪᠤᠳᠠᠯ ᠬᠢᠬᠦ ᠂ ᠠᠷᠡᠳ ᠳᠦᠮᠡᠨ ᠳᠤ ᠰᠠᠶᠢᠨ ᠶᠠᠪᠤᠳᠠᠯ ᠬᠢᠬᠦ ᠶᠢ ᠡᠷᠡᠰ ᠭᠤᠶᠢᠪᠢᠰᠢ ᠦᠬᠡᠢ ᠠᠬᠢᠭᠤᠯᠵᠤ ᠂ | ᠴᠢᠨᠡᠷ ᠰᠠᠶᠢᠳᠡᠢ ᠬᠦᠭᠵᠢᠯᠳᠡ ᠶᠢᠨ ᠳᠤᠮᠳᠠ ᠠᠴᠠ ᠠᠷᠡᠳ ᠳᠦᠮᠡᠨ ᠳᠤ ᠴᠢᠨᠡᠷ ᠳᠡᠰ ᠲᠠᠢ ᠠᠮᠢᠳᠤᠷᠡᠯ ᠢ ᠬᠠᠮᠳᠤᠪᠡᠷ ᠡᠳ᠋ᠯᠡᠬᠦᠯᠦᠨ᠎ᠡ ᠃ | ᠭᠤᠷᠪᠡ ᠳᠤ ᠬᠤᠳᠠ ᠬᠦᠳᠡᠭᠡ ᠠᠭᠤᠰᠤᠯᠴᠠᠬᠰᠠᠨ ᠬᠦᠭᠵᠢᠯᠳᠡ ᠶᠢ ᠪᠠᠷᠢᠮᠳᠡᠯᠡᠵᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ | ᠪᠢᠴᠢᠭᠯᠡᠨ᠎ᠡ | ᠨᠠᠮ ᠤᠨ ᠬᠤᠷᠢᠳᠤᠭᠠᠷ ᠶᠡᠭᠡ ᠬᠤᠷᠡᠯ ᠤᠨ ᠢᠯᠡᠳᠬᠡᠯ ᠳᠤ ᠄ 《 ᠬᠦᠳᠡᠭᠡ ᠳᠤᠰᠬᠤᠨ ᠤ ᠠᠵᠤ ᠦᠢᠯᠡᠰ ᠂ ᠴᠢᠳᠠᠪᠤᠷᠢᠳᠡᠨ ᠂ ᠰᠤᠶᠤᠯ ᠂ ᠠᠮᠢ ᠠᠬᠤᠢ ᠂ | ᠵᠤᠬᠢᠶᠠᠨ ᠪᠠᠶᠢᠭᠤᠯᠤᠯᠳᠠ ᠶᠢ ᠬᠦᠭᠵᠢᠬᠦᠯᠦᠨ ᠮᠠᠨᠳᠤᠭᠤᠯᠬᠤ ᠶᠢ ᠯᠠᠪᠳᠠᠭᠤᠨ ᠪᠠᠳᠤᠳᠡᠢ ᠠᠬᠢᠭᠤᠯᠤᠨ᠎ᠠ》ᠬᠡᠵᠦ ᠲᠤᠷᠠᠳᠤᠨ ᠭᠠᠷᠭᠠᠪᠠ ᠃ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠨᠢ ᠬᠠᠷᠢᠶ᠎ᠡ ᠳᠤᠭᠤᠷᠢᠭ ᠤᠨ ᠰᠠᠭᠤᠭᠠᠯᠢ ᠠᠷᠡᠳ ᠲᠤ ᠰᠠᠶᠢᠳᠤᠷ ᠦᠢᠯᠡᠴᠢᠯᠡᠬᠦ ᠪᠠᠷ ᠬᠠᠷᠠᠯᠳᠠ ᠪᠠᠨ ᠪᠤᠯᠭᠠᠵᠤ ᠂ ᠰᠡᠯᠡᠬᠦᠴᠡᠯ ᠂ ᠨᠠᠭᠠᠳᠤᠨ | ᠴᠡᠩᠬᠡᠬᠦ ᠂ ᠪᠡᠶᠡᠴᠢᠯᠡᠨ ᠤᠶᠢᠯᠠᠭᠠᠬᠤ ᠂ ᠦᠢᠯᠡᠳᠦᠯᠬᠡ ᠵᠡᠷᠬᠡ ᠦᠢᠯᠡᠰ ᠢ ᠬᠦᠭᠵᠢᠬᠦᠯᠵᠤ ᠂ ᠢᠨᠲ᠋ᠧᠷ ᠰᠦᠯᠵᠢᠶ᠎ᠡ + ᠂ ᠬᠦᠳᠡᠭᠡ ᠳᠤᠰᠬᠤᠨ ᠤ ᠵᠤᠭᠠᠴᠠᠯ ᠤᠨ | ᠠᠭᠤᠰᠤᠯᠴᠠᠬᠰᠠᠨ ᠬᠦᠭᠵᠢᠯᠳᠡ ᠵᠡᠷᠬᠡ ᠰᠢᠨ᠎ᠡ ᠰᠡᠳᠬᠢᠬᠦᠢ ᠶᠢ ᠠᠰᠢᠬᠯᠠᠵᠤ ᠂ 3 ᠳᠤᠰᠬᠤᠨ ᠤ ᠲᠠᠷᠢᠮᠡᠯ ᠲᠡᠵᠢᠬᠡᠪᠦᠷᠢ ᠪᠤᠯᠪᠠᠰᠤᠷᠠᠭᠤᠯᠬᠤ ᠂《ᠳᠠᠷᠢᠶᠠᠴᠢᠨ ᠠᠶᠢᠯ | ᠤᠨ ᠪᠠᠶᠠᠰᠤᠯ 》 ᠂ ᠵᠢᠮᠢᠰ ᠲᠡᠬᠦᠬᠦ ᠬᠦᠷᠢᠶᠡᠯᠡᠩ ᠂ ᠬᠡᠷ ᠪᠦᠯᠢ ᠪᠠᠷ ᠢᠶᠠᠨ ᠪᠡᠶᠡᠴᠢᠯᠡᠨ ᠤᠶᠢᠯᠠᠭᠠᠬᠤ ᠵᠡᠷᠬᠡ ᠡᠬᠢ ᠪᠠᠶᠠᠯᠢᠭ ᠢ ᠨᠢᠬᠡᠳᠦᠬᠦᠯᠦᠨ ᠳᠡᠰ ᠳᠡᠪᠰᠢᠬᠦᠯᠵᠤ ᠂ | 《 ᠬᠦᠳᠡᠭᠡ ᠲᠤᠰᠬᠤᠨ ᠳᠤ ᠰᠡᠯᠡᠬᠦᠴᠡᠵᠦ ᠲᠤᠭᠤᠷᠢᠨ ᠵᠤᠭᠠᠴᠠᠬᠤ ᠬᠦᠷᠢᠶᠠᠯᠠᠩ》 ᠂《 ᠲᠠᠷᠢᠶᠠᠴᠢᠨ ᠠᠶᠢᠯ ᠤᠨ ᠪᠠᠶᠠᠰᠤᠯ 》 ᠂《 ᠬᠡᠷ ᠪᠦᠯᠢ ᠪᠠᠷ ᠢᠶᠠᠨ | ᠦᠢᠯᠡᠳᠦᠯᠬᠡᠵᠢᠬᠦᠯᠬᠦ ᠬᠦᠷᠢᠶᠠᠯᠠᠩ 》ᠵᠡᠷᠬᠡ ᠵᠤᠭᠠᠴᠠᠯ ᠤᠨ ᠪᠦᠳᠦᠭᠡᠯᠴᠢ ᠰᠤᠶᠤᠯ ᠤᠨ ᠪᠦᠳᠦᠭᠡᠭᠳᠡᠬᠦᠨ ᠢ ᠪᠤᠶᠢᠵᠢᠭᠤᠯᠵᠤ ᠂ ᠬᠤᠳᠠ ᠶᠢᠨ ᠳᠡᠬᠦᠷᠬᠡ ᠶᠢᠨ ᠭᠤᠷᠪᠡᠨ | ᠳᠤᠰᠬᠤᠨ ᠢ ᠬᠤᠳᠠ ᠶᠢᠨ ᠳᠤᠭᠤᠷᠢᠭ ᠤᠨ ᠰᠠᠭᠤᠭᠠᠯᠢ ᠠᠷᠡᠳ ᠤᠨ ᠦᠵᠡᠮᠵᠢ ᠰᠤᠨᠢᠷᠬᠠᠬᠤ ᠂ ᠰᠡᠯᠡᠬᠦᠴᠡᠬᠦ ᠂ ᠪᠡᠶᠡᠴᠢᠯᠡᠨ ᠤᠶᠢᠯᠠᠭᠠᠬᠤ ᠠᠷᠠᠳ ᠤᠨ ᠪᠠᠭᠤᠳᠠᠯ ᠢ | ᠨᠢᠬᠡ ᠴᠤᠬᠴᠠᠵᠢᠭᠤᠯᠤᠬᠰᠠᠨ ᠰᠡᠯᠡᠭᠦᠴᠡᠯ ᠵᠤᠭᠠᠴᠠᠯ ᠤᠨ ᠭᠠᠵᠠᠷ ᠪᠤᠯᠭᠠᠨ᠎ᠠ ᠃ | ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠬᠰᠠᠨ ᠪᠦᠳᠦᠬᠡᠨ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠤᠤᠷ᠎ᠡ ᠂ ᠰᠢᠩ | ᠯᠦᠡᠭ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠷᠡᠯᠭᠡᠭᠯᠡᠨ ᠳᠡᠮᠡᠴᠡᠵᠤ ᠯᠠᠪᠳᠠᠭᠤᠨ ᠪᠠᠳᠤᠳᠠᠢ ᠠᠵᠢᠯᠯᠠᠵᠤ ᠂ ᠨᠠᠮ ᠤᠨ ᠬᠤᠷᠢᠳᠤᠭᠠᠷ ᠶᠡᠭᠡ ᠬᠤᠷᠡᠯ ᠤᠨ | ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠵᠤ ᠂ ᠠᠷᠢᠭᠤᠨ ᠬᠦᠯᠦᠰᠤ ᠪᠠᠷ ᠢᠶᠠᠨ ᠡᠯᠪᠡᠭ ᠬᠤᠷᠢᠶᠠᠯᠳᠠ ᠶᠢ ᠤᠯᠵᠦ ᠂ ᠪᠤᠳᠠᠳᠤ ᠠᠵᠢᠯᠯᠠᠭ᠎ᠠ ᠪᠠᠷ ᠵᠠᠮ | ᠨᠡᠬᠡᠬᠡᠨ ᠤᠷᠤᠬᠰᠢᠯᠠᠵᠤ ᠂ ᠰᠢᠨ᠎ᠡ ᠠᠶᠠᠨ ᠳᠠᠭᠠᠨ ᠴᠢᠨᠡᠷ ᠰᠠᠶᠢᠳᠡᠢ ᠬᠦᠭᠵᠢᠯᠳᠡ ᠶᠢᠨ ᠭᠤᠶᠢᠳᠠ ᠰᠠᠶᠢᠬᠠᠨ ᠬᠠᠭᠤᠳᠠᠰᠤ ᠶᠢ ᠳᠤᠰᠢᠶᠠᠵᠤ ᠂ ᠰᠢᠩ ᠯᠦᠡᠭ ᠵᠡᠬᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠬᠢᠴᠢᠯᠠᠬᠰᠠᠨ ᠪᠦᠳᠦᠬᠡᠨ ᠪᠠᠶᠢᠭᠤᠯᠤᠯᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠃ | | | | | | | |