| | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 11 ᠳ᠋ᠦ᠋ᠭᠡᠷ ᠰᠠᠷ᠎ᠠ ᠶᠢᠨ 22 ᠤᠨ ᠡᠳᠦᠷ | ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠡᠷᠡ | ᠬᠡᠪ ᠢᠶᠠᠷ ᠨᠢ ᠨᠠᠶᠢᠳᠠᠪᠤᠷᠢᠵᠢᠭᠤᠯᠵᠤ ᠂ ᠣᠳᠣᠬᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠲᠤᠬᠠᠢ | ᠲᠠᠨᠢᠯᠴᠠᠭᠤᠯᠪᠠ ᠃ ᠬᠠᠮᠲᠤ ᠪᠠᠷ ᠣᠶᠢᠯᠠᠭᠠᠵᠠᠭᠠᠶ᠎ᠠ — | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠤᠶᠢᠪᠢᠰᠢ ᠦᠭᠡᠢ ᠪᠥᠭᠡᠳ ᠥᠭᠡᠷᠡᠲᠦᠭᠦᠯᠬᠦ | ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠨ᠎ᠠ | ᠣᠶᠢᠷ᠎ᠠ ᠶᠢᠨ ᠬᠤᠭᠤᠴᠠᠭᠠᠨ ᠳᠤ ᠂ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ ᠂ | ᠬᠠᠯᠳᠠᠪᠤᠷᠢᠯᠠᠬᠤ ᠬᠡᠯᠬᠢᠶ᠎ᠡ ᠣᠯᠠᠰᠢᠷᠠᠵᠤ ᠂ ᠬᠢᠵᠢᠭ ᠤᠨ ᠪᠠᠶᠢᠳᠠᠯ ᠤᠨ ᠨᠥᠯᠥᠭᠡᠯᠡᠬᠦ ᠬᠡᠪᠴᠢᠶ᠎ᠡ ᠨᠢ ᠥᠷᠭᠡᠳᠦᠭᠰᠡᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ | ᠢᠯᠡᠷᠡᠵᠡᠢ ᠃ | ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ︽ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ ᠂ | ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ ︾ ᠶᠡᠷᠦᠩᠬᠡᠢ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ︽ ᠬᠥᠳᠡᠯᠦᠩᠭᠦᠢ ᠪᠠᠷ | ᠠᠷᠢᠯᠭᠠᠨ ᠴᠡᠪᠡᠷᠯᠡᠬᠦ ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ᠮᠢᠨᠴᠦᠭᠦᠷᠡᠨ ᠰᠤᠯᠠᠷᠠᠬᠤ ᠰᠡᠳᠬᠢᠴᠡ ᠂ ᠪᠠᠶᠢᠳᠠᠯ ᠢ ᠠᠵᠢᠭᠯᠠᠬᠤ | ᠰᠡᠳᠬᠢᠴᠡ ᠶᠢ ᠡᠷᠡᠰ ᠲᠡᠪᠴᠢᠵᠦ ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠣᠯᠣᠨ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠤᠶᠢᠪᠢᠰᠢ ᠦᠭᠡᠢ | ᠪᠥᠭᠡᠳ ᠥᠭᠡᠷᠡᠲᠦᠭᠦᠯᠬᠦ ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ ᠂ ᠰᠡᠷᠭᠡᠶᠢᠯᠡᠬᠦ ᠳᠤ ᠰᠠᠭᠤᠷᠢᠯᠠᠬᠤ ᠂ ᠡᠷᠲᠡ ᠢᠯᠡᠷᠡᠭᠦᠯᠬᠦ ᠳᠤ ᠰᠠᠭᠤᠷᠢᠯᠠᠬᠤ ᠪᠠ ᠲᠦᠷᠭᠡᠨ | ᠰᠢᠢᠳᠪᠦᠷᠢᠯᠡᠬᠦ ᠳᠤ ᠰᠠᠭᠤᠷᠢᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠢ ᠪᠠᠷ | ᠰᠠᠶᠢᠲᠤᠷ ᠬᠢᠬᠦ ᠬᠡᠷᠡᠭᠲᠡᠢ ᠃ | ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠬᠢᠨ ᠲᠦᠷᠭᠡᠨ ᠢ ᠲᠦᠷᠭᠡᠨ ᠢᠶᠠᠷ ᠠᠷᠭᠠᠴᠠᠭᠠᠬᠤ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠠᠵᠢᠯ ᠢ ᠥᠷᠨᠢᠭᠦᠯᠵᠦ ᠂ ᠲᠦᠭᠰᠢᠭᠦᠷᠢ ᠲᠠᠢ ᠣᠷᠣᠨ ᠢ ᠣᠨᠣᠪᠴᠢᠲᠠᠶ ᠬᠤᠪᠢᠶᠠᠷᠢᠯᠠᠨ ᠂ ᠪᠥᠭᠡᠮ ᠬᠦᠴᠢᠯ ᠤᠨ ᠪᠠᠶᠢᠴᠠᠭᠠᠯᠲᠠ ᠶᠢ ᠡᠮᠬᠢ ᠵᠢᠷᠤᠮ ᠲᠠᠢ | ᠵᠣᠬᠢᠶᠠᠨ ᠪᠠᠶᠢᠭᠤᠯᠵᠤ ᠂ ᠲᠦᠭᠰᠢᠭᠦᠷᠢ ᠲᠠᠢ ᠬᠥᠮᠥᠰ ᠢ ᠪᠦᠲᠦᠮᠵᠢᠲᠡᠶ ᠬᠠᠮᠢᠶᠠᠷᠤᠨ ᠡᠵᠡᠮᠳᠡᠵᠦ ᠂ ᠲᠤᠰᠠᠭᠠᠷᠯᠠᠬᠤ ᠠᠵᠢᠯ ᠢ ᠴᠢᠩᠭ᠎ᠠ ᠵᠢᠷᠤᠮᠵᠢᠭᠤᠯᠤᠨ ᠂ ᠬᠠᠷᠢᠶ᠎ᠠ | ᠭᠠᠵᠠᠷ ᠂ ᠰᠠᠯᠠᠭ᠎ᠠ ᠮᠥᠴᠢᠷ ᠂ ᠪᠠᠶᠢᠭᠤᠯᠭ᠎ᠠ ᠨᠢᠭᠡᠴᠢ ᠂ ᠬᠤᠪᠢ ᠬᠥᠮᠥᠨ ︽ ᠳᠥᠷᠪᠡᠨ ᠲᠠᠯ᠎ᠠ ᠶᠢᠨ ᠬᠠᠷᠢᠭᠤᠴᠠᠯᠭ᠎ᠠ ︾ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ ᠠᠯᠢ ᠲᠦᠷᠭᠡᠨ ᠢᠶᠠᠷ ᠬᠤᠷᠢᠭᠯᠠᠬᠤ ᠬᠡᠷᠡᠭᠲᠡᠢ ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠦᠷᠭᠦᠯᠵᠢᠯᠡᠨ ᠴᠡᠭᠴᠡᠯᠡᠨ ᠵᠠᠰᠠᠵᠤ ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ ᠂ ᠬᠦᠴᠦᠨ ᠦᠭᠡᠢ | ᠪᠣᠯᠭᠠᠬᠤ ᠶᠣᠰᠣᠲᠠᠢ ᠶᠢ ᠨᠢ ᠡᠷᠡᠰ ᠬᠦᠴᠦᠨ ᠦᠭᠡᠢ ᠪᠣᠯᠭᠠᠵᠤ ᠂ ᠨᠠᠶᠢᠳᠠᠪᠤᠷᠢᠵᠢᠭᠤᠯᠬᠤ ᠶᠣᠰᠣᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠬᠢᠵᠢᠭ ᠤᠨ | ᠪᠠᠶᠢᠳᠠᠯ ᠢ ᠰᠢᠢᠳᠪᠦᠷᠢᠯᠡᠬᠦ ᠬᠤᠭᠤᠴᠠᠭᠠᠨ ᠳᠠᠬᠢ ᠤᠯᠠᠨ ᠲᠦᠮᠡᠨ ᠤ ᠦᠨᠳᠦᠰᠦᠨ ᠠᠮᠢᠳᠤᠷᠠᠯ ᠪᠣᠯᠣᠨ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ ᠪᠠᠲᠤᠯᠠᠬᠤ | ᠬᠡᠷᠡᠭᠲᠡᠢ ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ | ᠡᠯ᠎ᠡ ᠭᠠᠵᠠᠷ ᠤᠨ ᠬᠢᠨ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠂ | ᠰᠤᠷᠭᠠᠭᠤᠯᠢ ᠶᠢ ᠳᠤᠷ᠎ᠠ ᠪᠠᠷ ᠢᠶᠠᠨ ᠪᠢᠲᠡᠭᠦᠮᠵᠢᠯᠡᠨ ᠬᠢᠴᠢᠶᠡᠯ ᠵᠣᠭᠰᠤᠭᠠᠬᠤ ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ ᠂ ᠵᠥᠪᠰᠢᠶᠡᠷᠡᠯ ᠦᠭᠡᠢ ᠪᠠᠷ | ᠵᠠᠮ ᠬᠠᠷᠢᠯᠴᠠᠭ᠎ᠠ ᠶᠢ ᠲᠠᠰᠤᠯᠬᠤ ᠂ ᠳᠤᠷ᠎ᠠ ᠪᠠᠷ ︽ ᠪᠢᠲᠡᠭᠦᠮᠵᠢᠲᠦ ︾ ᠬᠠᠮᠢᠶᠠᠷᠤᠯᠲᠠ ᠶᠠᠪᠤᠭᠤᠯᠬᠤ ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ ᠂ ᠤᠷᠳᠤ | ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ ᠂ ᠡᠮᠨᠡᠭᠦᠯᠬᠦ ᠶᠢ ᠳᠤᠷ᠎ᠠ ᠪᠠᠷ ᠵᠣᠭᠰᠤᠭᠠᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ ᠂ | ᠤᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠤᠯᠠᠨ ᠲᠦᠮᠡᠨ ᠤ ᠵᠠᠭᠠᠯᠳᠤᠭᠰᠠᠨ ᠪᠠᠴᠢᠮᠳᠠᠵᠤ ᠪᠡᠷᠬᠡᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠯᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ ᠂ ᠵᠠᠷᠢᠮ | ᠮᠤᠵᠢ ᠣᠷᠣᠨ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ | ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠶᠢᠵᠤ ᠂ | ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠠᠷᠬᠠᠬᠤ ᠬᠤᠷᠳᠤᠴᠠ ᠲᠦᠷᠭᠡᠳᠴᠦ ᠂ ᠰᠡᠷᠭᠡᠶᠢᠯᠡᠨ ᠡᠵᠡᠮᠳᠡᠬᠦ ᠬᠦᠴᠢᠷᠳᠡᠯ ᠲᠠᠰᠤᠷᠠᠯᠲᠠ ᠦᠭᠡᠢ ᠨᠡᠮᠡᠭᠳᠡᠵᠦ | ᠪᠠᠶᠢᠨ᠎ᠠ ᠃ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠢᠵᠢᠭ ᠤᠨ ᠪᠠᠶᠢᠳᠠᠯ ᠳᠤ ᠳᠣᠣᠷᠠᠬᠢ ᠮᠡᠲᠦ ᠣᠨᠴᠠᠯᠢᠭ ᠲᠠᠢ ᠄ ᠨᠢᠭᠡ ᠳᠤ ᠂ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠰᠠᠳ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ ᠪᠠᠶᠢᠨ᠎ᠠ ᠃ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠨᠠᠭᠠᠰᠢ ᠂ ᠪᠥᠬᠦ ᠤᠯᠤᠰ ᠲᠤ | ᠨᠡᠶᠢᠲᠡ 25.3 ᠲᠦᠮᠡᠨ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ ᠂ ᠣᠶᠢᠷ᠎ᠠ ᠶᠢᠨ ᠨᠢᠭᠡ ᠭᠠᠷᠠᠭ ᠲᠤ ᠳᠤᠮᠳᠠᠴᠢ ᠪᠠᠷ ᠡᠳᠦᠷ ᠪᠦᠷᠢ 2.22 ᠲᠦᠮᠡᠨ | ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ ᠂ ᠲᠦᠷᠦᠭᠦᠤ ᠨᠢᠭᠡ ᠭᠠᠷᠠᠭ ᠤᠨ ᠬᠢ ᠠᠴᠠ ᠨᠢᠭᠡ ᠳᠠᠬᠢᠨ ᠨᠡᠮᠡᠭᠳᠡᠵᠡᠢ ᠃ ᠬᠤᠶᠠᠷ ᠲᠤ ᠂ ᠬᠢᠵᠢᠭ ᠤᠨ ᠪᠠᠶᠢᠳᠠᠯ ᠤᠨ | ᠬᠠᠮᠤᠷᠬᠤ ᠬᠡᠪᠴᠢᠶ᠎ᠡ ᠨᠢ ᠥᠷᠭᠡᠨ ᠂ ᠬᠠᠯᠳᠠᠪᠤᠷᠢᠯᠠᠬᠤ ᠬᠡᠯᠬᠢᠶ᠎ᠡ ᠨᠢ ᠪᠤᠳᠤᠯᠢᠶᠠᠨᠲᠠᠢ ᠪᠣᠯᠵᠤ ᠪᠠᠶᠢᠨ᠎ᠠ ᠃ ᠣᠯᠠᠩᠬᠢ ᠮᠤᠵᠢ ᠣᠷᠣᠨ ᠳᠤ ᠬᠢᠵᠢᠭ ᠤᠨ ᠪᠠᠶᠢᠳᠠᠯ | ᠦᠷᠭᠦᠯᠵᠢᠯᠡᠨ ᠦᠷᠪᠢᠰᠴᠦ ᠂ ᠣᠯᠠᠨ ᠮᠤᠵᠢ ᠣᠷᠣᠨ ᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ ᠂ ᠬᠠᠯᠳᠠᠪᠤᠷᠢᠯᠠᠬᠤ ᠬᠡᠯᠬᠢᠶ᠎ᠡ ᠨᠢ | ᠣᠯᠠᠰᠢᠷᠠᠵᠤ ᠂ ᠵᠠᠷᠢᠮ ᠮᠤᠵᠢ ᠣᠷᠣᠨ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ ᠃ | ᠭᠤᠷᠪᠠ ᠳᠤ ᠂ ᠬᠥᠮᠥᠨ ᠠᠮᠠ ᠨᠢᠭᠲᠠᠷᠠᠭᠰᠠᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠠᠵᠠᠷ ᠣᠷᠣᠨ ᠪᠣᠯᠪᠠ ᠃ | ᠭᠤᠸᠠᠩᠵᠧᠦ ᠂ ᠴᠦᠩᠴᠢᠩ ᠢᠶᠠᠷ ᠠᠪᠴᠤ ᠬᠡᠯᠡᠪᠡᠯ ᠂ ᠬᠥᠮᠥᠨ ᠠᠮᠠ ᠶᠢᠨ ᠬᠡᠪᠴᠢᠶ᠎ᠡ ᠶᠡᠭᠡ ᠂ ᠬᠥᠮᠥᠨ ᠠᠮᠠ ᠶᠢᠨ ᠨᠡᠭᠦᠳᠡᠯ ᠴᠢᠨᠠᠷ ᠴᠢᠩᠭ᠎ᠠ ᠂ ᠶᠡᠭᠡ ᠳᠡᠭᠡᠳᠦ | ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠥᠪᠯᠡᠷᠡᠵᠦ ᠂ ᠬᠥᠮᠥᠰ ᠤᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠨ ᠠᠴᠠ ᠪᠣᠯᠵᠤ ᠂ ᠬᠢᠵᠢᠭ ᠤᠨ | ᠲᠠᠷᠬᠠᠯᠲᠠ ᠶᠢᠨ ᠲᠦᠭᠰᠢᠭᠦᠷᠢ ᠪᠠ ᠰᠡᠷᠭᠡᠶᠢᠯᠡᠨ ᠡᠵᠡᠮᠳᠡᠬᠦ ᠬᠦᠴᠢᠷᠳᠡᠯ ᠢ ᠬᠦᠨᠳᠦᠷᠡᠭᠦᠯᠦᠭᠰᠡᠨ ᠪᠠᠶᠢᠨ᠎ᠠ ᠃ | ᠣᠨᠴᠠᠭᠠᠶᠢᠯᠠᠨ ᠣᠯᠠᠨ ᠳᠤ ᠰᠠᠨᠠᠭᠤᠯᠬᠤ ᠴᠢᠬᠤᠯᠠᠲᠠᠢ ᠵᠦᠢᠯ ᠭᠡᠪᠡᠯ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ᠠᠮᠢᠰᠬᠤᠯ ᠤᠨ ᠰᠢᠰᠲ᠋ᠧᠮ ᠤᠨ | ᠡᠪᠡᠳᠴᠢᠨ ᠮᠥᠨ ᠂ ᠰᠢᠨ᠎ᠡ ᠲᠢᠲᠢᠮᠯᠢᠭ ᠸᠢᠷᠦ᠋ᠰ ᠨᠢ ᠭᠤᠣᠯᠳᠠᠭᠤ ᠠᠮᠢᠰᠬᠤᠯ ᠤᠨ ᠵᠠᠮ ᠤᠨ ᠰᠢᠯᠦᠰᠦ ᠪᠠ ᠨᠢᠭᠲᠠ ᠬᠦᠷᠦᠯᠴᠡᠬᠦ ᠵᠡᠷᠭᠡ ᠠᠷᠭ᠎ᠠ ᠵᠠᠮ ᠢᠶᠠᠷ ᠲᠠᠷᠬᠠᠳᠠᠭ ᠃ | ᠡᠶᠢᠮᠦ ᠠᠴᠠ ᠪᠢᠳᠡ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠳᠤᠮᠳᠠ ᠪᠠᠨ ᠣᠯᠠᠨ ᠢᠶᠠᠷ ᠢᠶᠠᠨ ᠴᠥᠮ ᠬᠢᠵᠢᠭ ᠢ ᠰᠡᠷᠭᠡᠶᠢᠯᠡᠬᠦ ᠦᠨᠳᠦᠰᠦᠨ ᠪᠠᠷᠢᠮᠵᠢᠶ᠎ᠠ ᠶᠢ | ᠵᠢᠷᠤᠮᠯᠠᠵᠤ ᠂ ᠭᠠᠷ ᠢᠶᠠᠨ ᠰᠠᠶᠢᠲᠤᠷ ᠤᠬᠢᠶᠠᠬᠤ ᠂ ᠠᠮᠠᠪᠴᠢ ᠵᠡᠭᠦᠬᠦ ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠪᠠ ᠠᠷᠢᠭᠤᠳᠬᠠᠨ ᠴᠡᠪᠡᠷᠯᠡᠵᠦ ᠂ | ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ ᠃ | ᠠᠪᠤᠷᠠᠨ ᠵᠠᠰᠠᠬᠤ ᠴᠢᠬᠤᠯᠠ ᠰᠠᠯᠠᠭ᠎ᠠ ᠲᠠᠰᠤᠭ ᠢ ︽ ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ ︾ ᠪᠠᠶᠢᠬᠤ ᠶᠢ ᠪᠡᠶᠡᠯᠡᠭᠦᠯᠬᠦ ᠬᠡᠷᠡᠭᠲᠡᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠣᠯᠭᠠᠵᠤ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠦᠭᠰᠡᠨ ᠡᠮᠴᠢᠯᠡᠭᠡᠨ ᠤ | ᠪᠠᠶᠢᠭᠤᠯᠤᠮᠵᠢ ᠶᠢ ᠬᠠᠭᠠᠵᠤ ᠪᠢᠲᠡᠭᠦᠮᠵᠢᠯᠡᠵᠦ ᠪᠣᠯᠬᠤ ᠦᠭᠡᠢ ᠂ ᠢᠯᠠᠩᠭᠤᠶ᠎ᠠ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ ᠂ ᠨᠡᠪᠴᠢᠭᠦᠯᠦᠨ ᠢᠯᠭᠠᠷᠠᠭᠤᠯᠬᠤ | ᠲᠠᠰᠤᠭ ᠂ ᠮᠡᠰᠡ ᠵᠠᠰᠠᠯ ᠤᠨ ᠲᠠᠰᠤᠭ ᠂ ᠬᠥᠩᠭᠡᠵᠢᠯᠲᠡ ᠶᠢᠨ ᠲᠠᠰᠤᠭ ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠲᠠᠰᠤᠭ ᠵᠡᠷᠭᠡ ᠴᠢᠬᠤᠯᠠ ᠪᠦᠬᠦᠢ | ᠠᠪᠤᠷᠠᠨ ᠵᠠᠰᠠᠬᠤ ᠰᠠᠯᠠᠭ᠎ᠠ ᠲᠠᠰᠤᠭ ᠢ ︽ ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ ︾ ᠪᠠᠶᠢᠬᠤ ᠶᠢ ᠪᠡᠶᠡᠯᠡᠭᠦᠯᠵᠦ ᠂ ᠡᠪᠡᠳᠴᠢᠲᠡᠨ ᠢ ᠠᠪᠤᠷᠠᠨ | ᠵᠠᠰᠠᠬᠤ ᠶᠢ ᠪᠠᠲᠤᠯᠠᠬᠤ ᠬᠡᠷᠡᠭᠲᠡᠢ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠣᠯᠵᠤ ᠡᠮᠴᠢᠯᠡᠭᠡ ᠶᠢ ᠲᠦᠷ ᠵᠣᠭᠰᠤᠭᠠᠬᠤ ᠴᠢᠬᠤᠯᠠᠲᠠᠢ | ᠡᠮᠴᠢᠯᠡᠭᠡᠨ ᠤ ᠪᠠᠶᠢᠭᠤᠯᠤᠮᠵᠢ ᠶᠢᠨ ᠵᠠᠷᠢᠮ ᠰᠠᠯᠠᠭ᠎ᠠ ᠲᠠᠰᠤᠭ ᠢ ᠲᠤᠬᠠᠢ ᠶᠢᠨ ᠭᠠᠵᠠᠷ ᠤᠨ ᠵᠠᠭᠤᠴᠢᠯᠠᠭᠤᠷ ᠵᠢᠴᠢ ᠡᠮᠨᠡᠯᠭᠡ ᠶᠢᠨ ᠬᠤᠷᠢᠶᠠᠨ ᠤ ᠸᠢᠴᠠᠲ ᠤᠨ | ᠨᠡᠶᠢᠲᠡ ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ ᠂ ᠡᠮᠴᠢᠯᠡᠭᠡ ᠶᠢ ᠵᠣᠭᠰᠣᠭᠠᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠠᠷᠠᠳ ᠣᠯᠠᠨ ᠳᠤ ᠮᠡᠳᠡᠭᠦᠯᠬᠦ ᠬᠡᠷᠡᠭᠲᠡᠢ ᠃ ᠡᠭᠦᠨ ᠳᠤ ᠴᠠᠭ ᠲᠤᠬᠠᠢ ᠳᠤ ᠨᠢ ᠪᠣᠳᠠᠲᠠᠢ ᠪᠠᠷ ᠮᠡᠳᠡᠭᠦᠯᠦᠨ ᠣᠶᠢᠯᠠᠭᠠᠭᠤᠯᠬᠤ ᠶᠢ ᠴᠢᠷᠮᠠᠶᠢᠨ ᠭᠦᠢᠴᠡᠳᠬᠡᠬᠦ ᠬᠡᠷᠡᠭᠲᠡᠢ ᠃ | ᠦᠨᠡᠨ ᠬᠦ ᠲᠦᠭᠰᠢᠭᠦᠷᠢ ᠲᠠᠢ ᠪᠠᠶᠢᠵᠤ ᠪᠢᠲᠡᠭᠦᠮᠵᠢᠯᠡᠨ ᠡᠵᠡᠮᠳᠡᠬᠦ ᠴᠢᠬᠤᠯᠠᠲᠠᠢ ᠡᠮᠴᠢᠯᠡᠭᠡᠨ ᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠲᠤ ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠴᠢᠩᠭᠠᠷᠠᠭᠤᠯᠵᠤ ᠂ ᠣᠷᠴᠢᠨ ᠲᠣᠭᠤᠷᠢᠨ ᠢ ᠠᠷᠢᠭᠤᠳᠬᠠᠬᠤ ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ | ᠵᠡᠷᠭᠡ ᠠᠵᠢᠯ ᠢ ᠴᠠᠭ ᠲᠤᠬᠠᠢ ᠳᠤ ᠨᠢ ᠥᠷᠨᠢᠭᠦᠯᠵᠦ ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠲᠦᠷᠭᠡᠨ ᠢᠶᠠᠷ ᠦᠭᠡᠶᠢᠰᠬᠡᠵᠦ ᠂ ᠲᠦᠷᠭᠡᠨ ᠪᠢᠲᠡᠭᠦᠮᠵᠢᠯᠡᠵᠦ | ᠲᠦᠷᠭᠡᠨ ᠲᠠᠶᠢᠯᠬᠤ ᠶᠢ ᠪᠡᠶᠡᠯᠡᠭᠦᠯᠵᠦ ᠂ ᠪᠢᠲᠡᠭᠦᠮᠵᠢᠯᠡᠯ ᠢ ᠲᠠᠶᠢᠯᠬᠤ ᠨᠥᠬᠦᠴᠡᠯ ᠳᠤ ᠭᠦᠷᠦᠭᠰᠡᠨ ᠤ ᠳᠠᠷᠠᠭ᠎ᠠ ᠲᠡᠷᠡ ᠳᠠᠷᠤᠢ ᠳᠤ ᠨᠢ ᠨᠡᠶᠢᠭᠡᠮ ᠳᠤ ᠨᠡᠶᠢᠲᠡᠯᠡᠵᠦ ᠂ | ᠵᠣᠬᠢᠬᠤ ᠣᠨᠣᠰᠢᠯᠠᠨ ᠡᠮᠨᠡᠬᠦ ᠦᠢᠯᠡᠴᠢᠯᠡᠭᠡ ᠶᠢ ᠰᠡᠷᠭᠦᠭᠡᠬᠦ ᠬᠡᠷᠡᠭᠲᠡᠢ ᠃ | ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠳᠣᠲᠣᠷ᠎ᠠ ᠂ ᠶᠠᠭᠤᠨ ᠤ ᠤᠴᠢᠷ ᠠᠴᠠ ᠨᠡᠶᠢᠭᠡᠮ ᠤᠨ ᠲᠠᠯ᠎ᠠ ᠶᠢᠨ ᠬᠢᠨ ᠤ ᠰᠢᠭᠰᠢᠨ ᠪᠠᠶᠢᠴᠠᠭᠠᠯᠲᠠ ᠶᠢᠨ | ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠭ᠎ᠠ ᠪᠤᠶ ︖ | ᠨᠡᠶᠢᠭᠡᠮ ᠤᠨ ᠲᠠᠯ᠎ᠠ ᠶᠢᠨ ᠡᠪᠡᠳᠴᠢᠲᠡᠨ ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠳᠠᠭ ᠨᠢ ᠭᠤᠣᠯᠳᠠᠭᠤ ᠬᠤᠶᠠᠷ ᠲᠠᠯ᠎ᠠ ᠶᠢᠨ ᠰᠢᠯᠲᠠᠭᠠᠨ ᠲᠠᠢ | ᠬᠤᠯᠪᠣᠭ᠎ᠠ ᠲᠠᠢ ᠄ | ᠨᠢᠭᠡ ᠳᠤ ᠂ ᠸᠢᠷᠦ᠋ᠰ ᠤᠨ ᠣᠨᠴᠠᠯᠢᠭ ᠰᠢᠨᠵᠢ ᠲᠠᠢ ᠬᠤᠯᠪᠣᠭ᠎ᠠ ᠲᠠᠢ ᠃ ᠰᠢᠨ᠎ᠡ ᠲᠢᠲᠢᠮᠯᠢᠭ ᠸᠢᠷᠦ᠋ᠰ ᠨᠢ ᠦᠷᠭᠦᠯᠵᠢᠯᠡᠨ ᠤᠯᠠᠷᠢᠨ ᠬᠤᠪᠢᠰᠴᠤ ᠂ ᠤᠮᠢᠺᠧᠷᠦ᠋ᠨ ᠤ | ᠣᠨᠳᠣᠣᠰᠢᠭᠰᠠᠨ ᠸᠢᠷᠦ᠋ᠰ ᠨᠢ ᠲᠠᠷᠬᠠᠭᠠᠳ ᠨᠢᠭᠡᠨᠲᠡ ᠵᠢᠯ ᠭᠠᠷᠤᠢ ᠪᠣᠯᠤᠭᠰᠠᠨ ᠪᠥᠭᠡᠳ ᠪᠠᠰᠠ ᠮᠠᠰᠢ ᠦᠷᠭᠦᠯᠵᠢᠯᠡᠨ ᠰᠠᠯᠪᠤᠷᠢᠯᠠᠨ ᠬᠤᠪᠢᠰᠴᠤ ᠂ ᠨᠢᠭᠤᠭᠳᠠᠮᠠᠯ | ᠴᠢᠨᠠᠷ ᠨᠢ ᠨᠡᠩ ᠴᠢᠩᠭ᠎ᠠ ᠂ ᠲᠠᠷᠬᠠᠬᠤ ᠬᠤᠷᠳᠤᠴᠠ ᠨᠢ ᠴᠦ ᠨᠡᠩ ᠲᠦᠷᠭᠡᠨ ᠪᠣᠯᠤᠭᠰᠠᠨ ᠪᠠᠶᠢᠨ᠎ᠠ ᠃ ᠬᠡᠷᠪᠡ ᠪᠢᠳ᠋ᠨ ᠪᠠᠶᠢᠩᠭᠤ ᠶᠢᠨ ᠰᠢᠯᠭᠠᠨ ᠪᠠᠶᠢᠴᠠᠭᠠᠬᠤ ᠪᠠ | ᠤᠷᠢᠳᠴᠢᠯᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠣᠯ ᠬᠢᠵᠢᠭ ᠤᠨ ᠪᠠᠶᠢᠳᠠᠯ ᠢ ᠡᠷᠲᠡ ᠢᠯᠡᠷᠡᠭᠦᠯᠵᠦ ᠳᠡᠶᠢᠯᠬᠦ | ᠦᠭᠡᠢ ᠪᠠᠶᠢᠵᠤ ᠂ ᠰᠡᠷᠡᠵᠦ ᠮᠡᠳᠡᠬᠦ ᠦᠶ᠎ᠡ ᠳᠤ ᠨᠢᠭᠡᠨᠲᠡ ᠨᠡᠶᠢᠭᠡᠮ ᠲᠣᠭᠤᠷᠢᠭ ᠲᠤ ᠥᠷᠭᠡᠨ ᠢᠶᠠᠷ ᠲᠠᠷᠬᠠᠵᠤ ᠂ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠴᠤ | ᠤᠯᠠᠨ ᠪᠣᠯᠳᠠᠭ ᠃ | ᠬᠤᠶᠠᠷ ᠲᠤ ᠂ ᠬᠢᠵᠢᠭ ᠤᠨ ᠪᠠᠶᠢᠳᠠᠯ ᠳᠤ ᠬᠠᠨᠳᠤᠬᠤ ᠬᠤᠷᠳᠤᠴᠠ ᠲᠠᠢ ᠬᠤᠯᠪᠣᠭ᠎ᠠ ᠲᠠᠢ ᠃ ᠬᠢᠵᠢᠭ ᠤᠨ ᠪᠠᠶᠢᠳᠠᠯ ᠢ ᠢᠯᠡᠷᠡᠭᠦᠯᠦᠭᠰᠡᠨ ᠡᠬᠢᠨ ᠤ | ᠬᠤᠭᠤᠴᠠᠭᠠᠨ ᠳᠤ ᠂ ᠨᠡᠶᠢᠭᠡᠮ ᠤᠨ ᠬᠠᠯᠳᠠᠪᠤᠷᠢᠯᠠᠭᠳᠠᠭᠰᠠᠳ ᠢ ᠴᠠᠭ ᠲᠤᠬᠠᠢ ᠳᠤ ᠨᠢ ᠢᠯᠡᠷᠡᠭᠦᠯᠬᠦ ᠪᠠ ᠬᠠᠮᠢᠶᠠᠷᠤᠨ ᠡᠵᠡᠮᠳᠡᠵᠦ ᠂ ᠨᠢᠭᠲᠠ ᠣᠶᠢᠷᠠᠲᠤᠭᠰᠠᠳ ᠢ ᠨᠢ | ᠣᠨᠣᠪᠴᠢᠲᠠᠶ ᠮᠠᠭᠠᠳᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠵᠦ ᠂ ᠲᠦᠭᠰᠢᠭᠦᠷᠢᠲᠦ ᠣᠷᠣᠨ ᠢ ᠴᠠᠭ ᠲᠤᠬᠠᠢ ᠳᠤ ᠨᠢ ᠣᠨᠣᠪᠴᠢᠲᠠᠶ ᠵᠠᠭᠠᠭᠯᠠᠨ | ᠲᠣᠭᠲᠠᠭᠠᠬᠤ ᠶᠢᠨ ᠬᠠᠮᠲᠤ ᠨᠡᠶᠢᠲᠡᠯᠡᠬᠦ ᠵᠡᠷᠭᠡ ᠪᠣᠯ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠩᠬᠠᠨ ᠤ ᠲᠣᠬᠢᠶᠠᠯ ᠢ ᠡᠵᠡᠮᠳᠡᠬᠦ ᠵᠠᠩᠭᠢᠯᠠᠭ᠎ᠠ ᠮᠥᠨ ᠃ | ᠬᠡᠷᠪᠡ ᠡᠷᠡᠭᠡᠯᠵᠡᠨ ᠲᠠᠲᠠᠭᠠᠯᠵᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠠᠯᠳᠠᠬᠤ ᠳᠤ ᠬᠦᠷᠪᠡᠯ ᠂ ᠰᠡᠭᠦᠯᠴᠢ ᠶᠢᠨ | ᠬᠤᠭᠤᠴᠠᠭᠠᠨ ᠳᠤ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠣᠬᠤᠷᠬᠠᠨ ᠬᠤᠭᠤᠴᠠᠭᠠᠨ ᠳᠤ ᠲᠦᠷᠭᠡᠨ ᠢᠶᠠᠷ ᠨᠡᠮᠡᠭᠳᠡᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠦᠴᠢᠷᠳᠡᠯ ᠤᠨ ᠬᠡᠮᠵᠢᠶ᠎ᠡ ᠴᠦ ᠶᠡᠭᠡ ᠪᠠᠷ ᠨᠡᠮᠡᠭᠳᠡᠬᠦ ᠪᠣᠯᠣᠨ᠎ᠠ ᠃ | ᠥᠨᠳᠥᠷ ᠳᠡᠰ ᠤᠨ ᠲᠦᠭᠰᠢᠭᠦᠷᠢᠲᠦ ᠣᠷᠣᠨ ᠢ ᠬᠦᠴᠦᠨ ᠦᠭᠡᠢ ᠪᠣᠯᠭᠠᠬᠤ ᠦᠨᠳᠦᠰᠦᠯᠡᠯ ᠨᠢ ᠶᠠᠭᠤ ᠪᠣᠶ ︖ | ᠥᠨᠳᠥᠷ ᠳᠡᠰ ᠤᠨ ᠲᠦᠭᠰᠢᠭᠦᠷᠢᠲᠦ ᠣᠷᠣᠨ ᠳᠤ ᠵᠠᠯᠭᠠᠭ᠎ᠠ ᠪᠠᠷ 5 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠳᠣᠣᠷ᠎ᠠ | ᠳᠡᠰ ᠤᠨ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠵᠤ ᠪᠣᠯᠣᠨ᠎ᠠ ᠂ ᠡᠶᠢᠮᠦᠷᠬᠦ ᠲᠣᠬᠢᠷᠠᠭᠤᠯᠤᠯᠲᠠ ᠨᠢ ᠭᠤᠣᠯᠳᠠᠭᠤ ᠶᠢᠰᠦᠳᠦᠭᠡᠷ ᠬᠡᠪᠯᠡᠯ ᠤᠨ ᠰᠡᠷᠭᠡᠶᠢᠯᠡᠨ | ᠡᠵᠡᠮᠳᠡᠬᠦ ᠲᠥᠰᠥᠯ ᠤᠨ ᠦᠢᠯᠡᠳᠦᠯᠭᠡ ᠶᠢᠨ ᠦᠨᠡᠯᠡᠨ ᠵᠢᠱᠢᠯᠲᠡ ᠶᠢᠨ ᠲᠤᠭ᠎ᠠ ᠪᠠᠷᠢᠮᠲᠠ ᠵᠢᠴᠢ ᠲᠦᠭᠰᠢᠭᠦᠷᠢ ᠶᠢ ᠰᠤᠳᠤᠯᠤᠨ ᠮᠠᠭᠠᠳᠯᠠᠬᠤ ᠭᠡᠷᠡᠴᠢ ᠪᠠᠷᠢᠮᠲᠠ ᠳᠤ | ᠰᠠᠭᠤᠷᠢᠯᠠᠭᠰᠠᠨ ᠶᠤᠮ ᠃ ᠥᠭᠡᠷ᠎ᠡ ᠪᠠᠷ ᠬᠡᠯᠡᠪᠡᠯ ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠬᠥᠮᠥᠰ ᠵᠢᠴᠢ ᠲᠡᠭᠦᠨ ᠲᠠᠢ ᠨᠢᠭᠲᠠ | ᠣᠶᠢᠷᠠᠲᠤᠭᠰᠠᠳ ᠢ ᠴᠥᠮ ᠪᠤᠰᠢᠭᠤ ᠲᠦᠷᠭᠡᠨ ᠢᠶᠠᠷ ᠲᠤᠰᠠᠭᠠᠷᠯᠠᠨ ᠬᠠᠮᠢᠶᠠᠷᠬᠤ ᠪᠠ ᠡᠵᠡᠮᠳᠡᠬᠦ ᠶᠢᠨ ᠬᠠᠮᠲᠤ ᠴᠠᠭ ᠲᠤᠬᠠᠢ ᠳᠤ ᠨᠢ ᠰᠢᠯᠵᠢᠭᠦᠯᠦᠨ ᠵᠥᠭᠡᠭᠡᠪᠦᠷᠢᠯᠡᠵᠦ | ᠴᠢᠳᠠᠭᠰᠠᠨ ᠪᠠᠶᠢᠳᠠᠯ ᠳᠣᠣᠷ᠎ᠠ ᠂ ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠠᠮᠢᠶᠠᠷᠤᠨ ᠡᠵᠡᠮᠳᠡᠬᠦ ᠬᠥᠮᠥᠰ ᠤᠨ ᠳᠣᠲᠣᠷ᠎ᠠ 5 ᠡᠳᠦᠷ ᠳᠠᠷᠠᠭᠠᠯᠠᠨ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠥᠨᠳᠥᠷ ᠳᠡᠰ ᠤᠨ ᠲᠦᠭᠰᠢᠭᠦᠷᠢᠲᠦ ᠣᠷᠣᠨ ᠤ ᠨᠡᠶᠢᠭᠡᠮ ᠲᠣᠭᠤᠷᠢᠭ ᠲᠠᠬᠢ ᠲᠠᠷᠬᠠᠭᠠᠯᠲᠠ | ᠦᠨᠳᠦᠰᠦᠨ ᠳᠤ ᠪᠠᠨ ᠲᠠᠰᠤᠯᠤᠭᠳᠠᠭᠰᠠᠨ ᠢ ᠬᠠᠷᠠᠭᠤᠯᠵᠤ ᠪᠠᠶᠢᠨ᠎ᠠ ᠃ ᠣᠷᠣᠨ ᠬᠡᠪᠴᠢᠶᠡᠨ ᠤ ᠬᠥᠮᠥᠰ ᠤᠨ ᠴᠢᠬᠤᠯᠠ ᠪᠤᠰᠤ ᠬᠠᠮᠢᠶᠠᠷᠤᠯᠲᠠ ᠡᠵᠡᠮᠳᠡᠯ ᠢ ᠠᠯᠢ | ᠴᠢᠳᠠᠬᠤ ᠪᠠᠷ ᠪᠠᠭᠠᠰᠬᠠᠬᠤ ᠶᠢᠨ ᠲᠥᠯᠥᠭᠡ ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠳᠤ ᠤᠤᠯ ᠤᠨ 7 ᠡᠳᠦᠷ ᠲᠤᠰᠠᠭᠠᠷᠯᠠᠬᠤ ᠠᠴᠠ 5 ᠡᠳᠦᠷ | ᠲᠤᠰᠠᠭᠠᠷᠯᠠᠬᠤ ᠪᠣᠯᠭᠠᠨ ᠲᠣᠬᠢᠷᠠᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ | ᠨᠢᠭᠡᠳᠦᠯᠲᠡᠢ ᠲᠥᠯᠥᠪᠯᠡᠬᠦ ᠳᠤ ᠠᠰᠢᠭᠲᠠᠢ ᠪᠣᠯᠭᠠᠪᠠ ᠃ | ᠳᠣᠣᠷ᠎ᠠ ᠳᠡᠰ ᠤᠨ ᠲᠦᠭᠰᠢᠭᠦᠷᠢᠲᠦ ᠣᠷᠣᠨ ᠭᠡᠳᠡᠭ ᠨᠢ ᠶᠠᠮᠠᠷ ᠤᠬᠠᠭᠳᠠᠬᠤᠨ ᠪᠣᠶ ︖ | ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠤᠬᠠᠭᠳᠠᠬᠤᠨ ᠨᠢ ᠳᠠᠷᠤᠢ ᠥᠨᠳᠥᠷ ᠳᠡᠰ ᠤᠨ ᠲᠦᠭᠰᠢᠭᠦᠷᠢᠲᠦ ᠣᠷᠣᠨ ᠤ ᠪᠠᠶᠢᠭ᠎ᠠ ᠰᠢᠶᠠᠨ ︵ ᠬᠤᠲᠠ ᠂ | ᠲᠣᠭᠤᠷᠢᠭ ᠂ ᠬᠤᠰᠢᠭᠤ ︶ ᠤ ᠳᠣᠲᠣᠷᠠᠬᠢ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠪᠤᠰᠤᠳ ᠭᠠᠵᠠᠷ ᠣᠷᠣᠨ ᠢ ᠳᠣᠣᠷ᠎ᠠ ᠳᠡᠰ ᠤᠨ ᠲᠦᠭᠰᠢᠭᠦᠷᠢᠲᠦ | ᠣᠷᠣᠨ ᠪᠣᠯᠭᠠᠨ ᠵᠠᠭᠠᠭᠯᠠᠨ ᠲᠣᠭᠲᠠᠭᠠᠭᠰᠠᠨ ᠢ ᠵᠢᠭᠠᠵᠤ ᠪᠤᠢ ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠳᠤ ᠪᠢᠳᠡ ︽ ᠬᠤᠪᠢ ᠬᠥᠮᠥᠨ ᠰᠡᠷᠭᠡᠶᠢᠯᠡᠨ | ᠬᠠᠮᠠᠭᠠᠯᠠᠬᠤ ᠂ ᠴᠤᠭᠯᠠᠷᠠᠬᠤ ᠠᠴᠠ ᠵᠠᠶᠢᠯᠠᠰᠬᠢᠬᠦ ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ | ᠤᠯᠠᠨ ᠲᠦᠮᠡᠨ ᠭᠠᠳᠠᠭᠰᠢ ᠭᠠᠷᠬᠤ ᠪᠠᠨ ᠴᠥᠭᠡᠳᠬᠡᠵᠦ ᠂ ᠪᠥᠭᠡᠮᠨᠡᠷᠡᠨ ᠴᠤᠭᠯᠠᠷᠠᠬᠤ ᠦᠭᠡᠢ ᠪᠠᠶᠢᠵᠤ ᠂ ᠭᠠᠳᠠᠭᠰᠢ ᠭᠠᠷᠬᠤ ᠳᠤ ᠪᠠᠨ ᠰᠠᠶᠢᠲᠤᠷ ᠰᠡᠷᠭᠡᠶᠢᠯᠡᠨ | ᠬᠠᠮᠠᠭᠠᠯᠠᠬᠤ ᠬᠡᠷᠡᠭᠲᠡᠢ ︔ ᠣᠷᠣᠨ ᠬᠡᠪᠴᠢᠶᠡᠨ ᠤ ᠳᠣᠲᠣᠷᠠᠬᠢ ᠲᠦᠭᠰᠢᠭᠦᠷᠢᠲᠦ ᠬᠥᠮᠥᠰ ᠢ ᠵᠢᠭᠰᠠᠭᠠᠨ ᠪᠠᠶᠢᠴᠠᠭᠠᠬᠤ ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ | ᠵᠡᠷᠭᠡ ᠬᠢᠵᠢᠭ ᠢ ᠰᠡᠷᠭᠡᠶᠢᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ ︔ ᠬᠠᠯᠠᠭᠤᠷᠠᠬᠤ ᠂ ᠬᠠᠭᠤᠷᠠᠢ ᠪᠠᠷ ᠬᠠᠨᠢᠶᠠᠯᠭᠠᠬᠤ ᠂ ᠲᠠᠮᠢᠷᠳᠠᠬᠤ ᠂ | ᠬᠤᠭᠤᠯᠠᠢ ᠡᠪᠡᠳᠬᠦ ᠂ ᠠᠮᠲᠠᠯᠠᠬᠤ ᠰᠡᠷᠡᠯ ᠪᠠ ᠦᠨᠦᠷᠯᠡᠬᠦ ᠰᠡᠷᠡᠯ ᠮᠠᠭᠤᠳᠠᠬᠤ ᠂ ᠬᠠᠮᠠᠷ ᠪᠥᠭᠯᠡᠷᠡᠬᠦ ᠂ ᠨᠢᠰᠤ ᠭᠤᠭᠤᠵᠢᠬᠤ ᠂ ᠨᠡᠶᠢᠯᠡᠮᠡᠯ ᠪᠦᠷᠬᠦᠪᠴᠢ ᠶᠢᠨ ᠦᠷᠪᠢᠰᠦᠯ ᠂ | ᠪᠤᠯᠴᠢᠩ ᠡᠪᠡᠳᠬᠦ ᠂ ᠰᠠᠭᠤᠯᠭᠠᠬᠤ ᠵᠡᠷᠭᠡ ᠪᠠᠶᠢᠳᠠᠯ ᠢᠯᠡᠷᠡᠪᠡᠯ ᠂ ᠳᠠᠷᠤᠢ ᠤᠯᠠᠨ ᠲᠦᠮᠡᠨ ᠤ ᠦᠷᠭᠦᠯᠵᠢ ᠬᠡᠯᠡᠯᠴᠡᠳᠡᠭ ︽ ᠠᠷᠪᠠᠨ ᠶᠡᠭᠡ ᠡᠪᠡᠳᠴᠢᠨ ᠤ ᠢᠯᠡᠷᠡᠯ ︾ | ᠭᠠᠷᠤᠭᠰᠠᠨ ᠤ ᠳᠠᠷᠠᠭ᠎ᠠ ᠂ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠨ ᠂ ᠸᠢᠷᠦ᠋ᠰ ᠤᠨ ᠬᠠᠯᠳᠠᠪᠤᠷᠢᠯᠠᠯ ᠢ | ᠴᠠᠭ ᠲᠤᠬᠠᠢ ᠳᠤ ᠨᠢ ᠪᠠᠶᠢᠴᠠᠭᠠᠬᠤ ᠬᠡᠷᠡᠭᠲᠡᠢ ᠃ ᠡᠭᠦᠨ ᠤ ᠵᠡᠷᠭᠡ ᠳᠤ ᠂ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠣᠯᠠᠨ ᠲᠦᠮᠡᠨ ᠢ ᠡᠷᠬᠡᠪᠰᠢ ᠲᠣᠰ ᠣᠷᠣᠨ | ᠪᠦᠰᠡ ᠠᠴᠠ ᠪᠠᠨ ᠰᠠᠯᠬᠤ ᠦᠭᠡᠢ ᠪᠠᠶᠢᠬᠤ ᠶᠢ ᠰᠠᠨᠠᠭᠠᠴᠢᠯᠠᠨ᠎ᠠ ᠂ ᠬᠡᠷᠪᠡ ᠦᠨᠡᠨ ᠬᠦ ᠪᠠᠶᠢᠭ᠎ᠠ ᠬᠤᠲᠠ ᠠᠴᠠ ᠪᠠᠨ ᠰᠠᠯᠬᠤ ᠴᠢᠬᠤᠯᠠᠲᠠᠢ ᠪᠣᠯ ᠡᠷᠬᠡᠪᠰᠢ 48 ᠴᠠᠭ ᠤᠨ | ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ ᠃ | ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠨᠢ ᠶᠠᠮᠠᠷ ᠢᠯᠭᠠᠭ᠎ᠠ ᠲᠠᠢ ᠪᠣᠶ ︖ | ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠲᠤ ᠶᠠᠮᠠᠷ ᠭᠤᠣᠯ ᠢᠯᠭᠠᠭ᠎ᠠ ᠲᠠᠢ ᠪᠣᠶ ︖ ᠡᠨᠡ | ᠬᠤᠶᠠᠷ ᠲᠥᠷᠥᠯ ᠤᠨ ᠬᠥᠮᠥᠰ ᠤᠨ ᠬᠠᠯᠳᠠᠪᠤᠷᠢᠯᠠᠬᠤ ᠲᠦᠭᠰᠢᠭᠦᠷᠢ ᠶᠢᠨ ᠶᠡᠭᠡ ᠪᠠᠭ᠎ᠠ ᠨᠢ ᠠᠳᠠᠯᠢ ᠦᠭᠡᠢ ᠪᠠᠶᠢᠳᠠᠭ ᠂ ᠡᠶᠢᠮᠦ ᠠᠴᠠ ᠪᠦᠬᠦ᠋ᠢᠯᠡ ᠬᠠᠮᠢᠶᠠᠷᠤᠯᠲᠠ ᠶᠢᠨ | ᠱᠠᠭᠠᠷᠳᠠᠯᠭ᠎ᠠ ᠶᠢᠨ ᠲᠠᠯ᠎ᠠ ᠪᠠᠷ ᠴᠤ ᠠᠳᠠᠯᠢ ᠦᠭᠡᠢ ᠪᠠᠶᠢᠳᠠᠭ ᠃ | ᠡᠩ ᠲᠡᠷᠢᠭᠦᠨ ᠳᠤ ᠭᠡᠷ ᠲᠤ ᠪᠠᠨ ᠲᠤᠰᠠᠭᠠᠷᠯᠠᠬᠤ ᠬᠥᠮᠥᠰ ᠨᠢ ᠲᠤᠰᠠᠭᠠᠷᠯᠠᠵᠤ ᠪᠠᠶᠢᠭ᠎ᠠ ᠬᠤᠭᠤᠴᠠᠭᠠᠨ ᠳᠤ ᠲᠡᠳᠡᠨᠦᠰ ᠲᠤ ᠺᠣᠳ᠋ ᠣᠯᠭᠤᠵᠤ ᠂ ᠲᠣᠰ ᠬᠥᠮᠥᠨ | ᠪᠠ ᠬᠠᠮᠲᠤ ᠰᠠᠭᠤᠵᠤ ᠪᠠᠶᠢᠭ᠎ᠠ ᠬᠥᠮᠥᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠵᠤ ᠂ ᠠᠯᠢᠪᠠ ᠡᠷᠭᠢᠨ ᠦᠵᠡᠬᠦ ᠦᠢᠯᠡ ᠠᠵᠢᠯᠯᠠᠭ᠎ᠠ ᠶᠢ ᠵᠥᠪᠰᠢᠶᠡᠷᠡᠬᠦ | ᠦᠭᠡᠢ ᠪᠠᠶᠢᠵᠤ ᠂ ᠡᠨᠡ ᠬᠤᠭᠤᠴᠠᠭᠠᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ ᠥᠯᠢᠭᠡᠷ ᠠᠪᠬᠤ ᠬᠥᠮᠥᠰ | ᠭᠡᠷ ᠲᠤ ᠨᠢ ᠬᠦᠷᠴᠦ ᠥᠯᠢᠭᠡᠷ ᠠᠪᠤᠨ᠎ᠠ ᠃ ᠬᠡᠯᠡᠯᠭᠡᠨ ᠦᠭᠡᠢ ᠂ ᠲᠤᠰᠠᠭᠠᠷᠯᠠᠬᠤ ᠬᠤᠭᠤᠴᠠᠭᠠᠨ ᠳᠤ ᠡᠪᠡᠳᠴᠢᠨ ᠦᠵᠡᠭᠦᠯᠬᠦ ᠵᠡᠷᠭᠡ ᠰᠢᠯᠲᠠᠭᠠᠨ ᠠᠴᠠ ᠪᠣᠯᠵᠤ | ᠭᠠᠳᠠᠭᠰᠢ ᠭᠠᠷᠬᠤ ᠴᠢᠬᠤᠯᠠᠲᠠᠢ ᠦᠶ᠎ᠡ ᠳᠤ ᠂ ᠨᠡᠶᠢᠭᠡᠮ ᠲᠣᠭᠤᠷᠢᠭ ᠠᠴᠠ ᠲᠤᠰᠬᠠᠢ ᠬᠥᠮᠥᠨ ᠪᠠ ᠲᠤᠰᠬᠠᠢ ᠲᠡᠷᠭᠡ ᠲᠣᠬᠢᠷᠠᠭᠤᠯᠵᠤ ᠂ ᠪᠥᠬᠦ ᠶᠠᠪᠤᠴᠠ ᠳᠤ ᠬᠤᠪᠢ | ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠵᠦ ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ | ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠨᠢ ᠬᠠᠮᠢᠶᠠᠷᠤᠯᠲᠠ ᠶᠢᠨ ᠬᠤᠭᠤᠴᠠᠭᠠᠨ ᠳᠤ ᠴᠢᠳᠠᠬᠤ ᠶᠢᠨ ᠳᠣᠲᠣᠷ᠎ᠠ ᠭᠠᠳᠠᠭᠰᠢ | ᠭᠠᠷᠬᠤ ᠦᠭᠡᠢ ᠪᠠᠶᠢᠬᠤ ᠬᠡᠷᠡᠭᠲᠡᠢ ᠃ ᠬᠡᠷᠪᠡ ᠦᠨᠡᠨ ᠬᠦ ᠡᠪᠡᠳᠴᠢᠨ ᠦᠵᠡᠭᠦᠯᠬᠦ ᠬᠡᠷᠡᠭᠴᠡᠭᠡ ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠪᠣᠯ ᠂ ᠡᠨᠡ ᠦᠶ᠎ᠡ ᠳᠤ | ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ ᠂ ᠱᠠᠭᠠᠷᠳᠠᠯᠭ᠎ᠠ ᠶᠣᠰᠣᠭᠠᠷ N95/KN95 ᠮᠥᠬᠦᠯᠢᠭᠲᠦ ᠪᠣᠳᠠᠰ ᠤᠨ ᠬᠠᠮᠠᠭᠠᠯᠠᠯᠲᠠ ᠶᠢᠨ ᠠᠮᠠᠪᠴᠢ | ᠵᠡᠭᠦᠵᠦ ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠬᠥᠮᠥᠨ ᠣᠯᠠᠨ ᠴᠤᠭᠯᠠᠷᠠᠬᠤ ᠨᠡᠶᠢᠲᠡ ᠶᠢᠨ | ᠲᠠᠯᠠᠪᠤᠷ ᠲᠤ ᠣᠴᠢᠵᠤ ᠪᠣᠯᠬᠤ ᠦᠭᠡᠢ ᠃ ᠭᠡᠪᠡᠴᠦ ᠨᠢᠭᠡᠨ ᠮᠠᠰᠢ ᠣᠨᠳᠣᠣ ᠲᠠᠯ᠎ᠠ ᠭᠡᠪᠡᠯ ᠳᠠᠷᠤᠢ ᠲᠡᠳᠡᠨ ᠤ ᠬᠠᠮᠲᠤ ᠰᠠᠭᠤᠵᠤ ᠪᠠᠶᠢᠭ᠎ᠠ ᠬᠥᠮᠥᠰ ᠤᠨ ᠠᠵᠢᠯᠯᠠᠭ᠎ᠠ ᠶᠢ | ᠬᠢᠵᠠᠭᠠᠷᠯᠠᠬᠤ ᠦᠭᠡᠢ ᠪᠠᠶᠢᠬᠤ ᠶᠠᠪᠤᠳᠠᠯ ᠪᠣᠯᠣᠨ᠎ᠠ ᠃ | 10 ᠲᠦᠮᠡᠨ ᠬᠥᠮᠥᠨ ᠪᠦᠷᠢ ᠳᠤ ᠨᠣᠭᠳᠠᠬᠤ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠵᠤ ᠂ ᠬᠦᠨᠳᠦ ᠡᠪᠡᠳᠴᠢᠲᠡᠨ ᠢ ᠡᠮᠨᠡᠨ | ᠵᠠᠰᠠᠬᠤ ᠬᠦᠴᠦᠨ ᠤ ᠨᠥᠭᠡᠴᠡᠯᠡᠯᠲᠡ ᠶᠢ ᠴᠢᠩᠭᠠᠳᠬᠠᠬᠤ ᠨᠢ ᠲᠦᠢᠯ ᠤᠨ ᠴᠢᠬᠤᠯᠠ ᠪᠠᠶᠢᠳᠠᠭ | ᠮᠠᠨ ᠤ ᠤᠯᠤᠰ ᠤᠨ ᠡᠮᠴᠢᠯᠡᠭᠡᠨ ᠤ ᠡᠬᠢ ᠪᠠᠶᠠᠯᠢᠭ ᠤᠨ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠦᠭᠡᠢ ᠪᠠᠶᠢᠵᠤ ᠂ ᠢᠯᠠᠩᠭᠤᠶ᠎ᠠ ᠭᠠᠵᠠᠷ | ᠣᠷᠣᠨ ᠤ ᠬᠤᠭᠤᠷᠣᠨᠳᠣᠬᠢ ᠂ ᠬᠤᠲᠠ ᠬᠥᠳᠡᠭᠡ ᠶᠢᠨ ᠬᠤᠭᠤᠷᠣᠨᠳᠣᠬᠢ ᠵᠥᠷᠢᠶ᠎ᠡ ᠨᠡᠯᠢᠶᠡᠳ ᠶᠡᠭᠡ ᠪᠠᠶᠢᠳᠠᠭ ︔ ᠮᠠᠨ ᠤ ᠡᠮᠴᠢᠯᠡᠭᠡᠨ ᠤ ᠡᠬᠢ ᠪᠠᠶᠠᠯᠢᠭ | ᠶᠡᠷᠦᠩᠬᠡᠢ ᠳᠤ ᠪᠠᠨ ᠬᠠᠷᠢᠴᠠᠩᠭᠤᠢ ᠳᠤᠲᠠᠮᠠᠭ ᠪᠠᠶᠢᠵᠤ ᠂ ᠮᠢᠩᠭᠠᠨ ᠬᠥᠮᠥᠨ ᠪᠦᠷᠢ ᠳᠤ ᠨᠣᠭᠳᠠᠬᠤ ᠡᠮᠴᠢᠯᠡᠭᠡᠨ ᠤ ᠣᠷᠣ ᠣᠲᠣ 6.7 ᠪᠠᠶᠢᠵᠤ ᠂ 10 ᠲᠦᠮᠡᠨ | ᠬᠥᠮᠥᠨ ᠪᠦᠷᠢ ᠳᠤ ᠨᠣᠭᠳᠠᠬᠤ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠨ᠎ᠠ ᠃ ᠣᠳᠣᠬᠠᠨ ᠤ ᠣᠮᠢᠺᠷᠦ᠋ᠨ ᠣᠨᠳᠣᠣᠰᠢᠭᠰᠠᠨ | ᠸᠢᠷᠦ᠋ᠰ ᠤᠨ ᠬᠠᠯᠳᠠᠪᠤᠷᠢᠯᠠᠬᠤ ᠴᠢᠨᠠᠷ ᠴᠢᠩᠭ᠎ᠠ ᠂ ᠲᠠᠷᠬᠠᠬᠤ ᠬᠤᠷᠳᠤᠴᠠ ᠨᠢ ᠲᠦᠷᠭᠡᠨ ᠂ ᠣᠨᠴᠠᠭᠠᠶᠢᠯᠠᠨ ᠮᠠᠰᠢ ᠣᠬᠤᠷᠬᠠᠨ ᠬᠤᠭᠤᠴᠠᠭᠠᠨ ᠳᠤ ᠴᠤᠭᠯᠠᠷᠠᠯ ᠤᠨ | ᠴᠢᠨᠠᠷᠲᠠᠢ ᠬᠢᠵᠢᠭ ᠤᠨ ᠪᠠᠶᠢᠳᠠᠯ ᠴᠢᠨᠠᠭᠰᠢᠯᠠᠪᠠᠯ ᠨᠡᠯᠢᠶᠡᠳ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠢ ᠡᠭᠦᠰᠬᠡᠵᠦ ᠮᠡᠳᠡᠨ᠎ᠡ ᠃ ᠤᠳᠤ ᠪᠢᠳᠡ ᠡᠯ᠎ᠡ ᠮᠤᠵᠢ ᠳᠤ | ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠤᠨ ᠡᠭᠦᠰᠴᠦ ᠪᠠᠶᠢᠬᠤ ᠪᠠ ᠬᠡᠪᠴᠢᠶ᠎ᠡ ᠨᠢ ᠲᠠᠰᠤᠷᠠᠯᠳᠠ ᠦᠭᠡᠢ ᠥᠷᠭᠡᠳᠴᠦ ᠪᠠᠶᠢᠬᠤ ᠶᠢ ᠣᠯᠵᠤ ᠦᠵᠡᠯ᠎ᠡ ᠃ | ᠮᠠᠨ ᠤ ᠤᠯᠤᠰ ᠪᠣᠯ 14 ᠳ᠋ᠦᠩᠰᠢᠭᠤᠷ ᠬᠥᠮᠥᠨ ᠠᠮᠠ ᠲᠠᠢ ᠲᠣᠮᠣ ᠤᠯᠤᠰ ᠮᠥᠨ ᠂ ᠨᠠᠰᠤᠵᠢᠭᠰᠠᠨ ᠬᠥᠮᠥᠨ ᠠᠮᠠ ᠤᠯᠠᠨ ᠂ ᠰᠠᠭᠤᠷᠢ ᠴᠢᠨᠠᠷᠲᠠᠢ ᠡᠪᠡᠳᠴᠢᠨ ᠲᠠᠢ | ᠬᠥᠮᠥᠨ ᠴᠦ ᠤᠯᠠᠨ ᠪᠠᠶᠢᠵᠤ ᠂ ᠨᠠᠰᠤᠲᠠᠶᠢᠴᠤᠳ ᠵᠢᠴᠢ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠨ ᠪᠣᠯ ᠴᠥᠮ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ | ᠪᠠᠭᠤᠷᠠᠢ ᠬᠥᠮᠥᠰ ᠮᠥᠨ ᠃ ᠬᠦᠨᠳᠦ ᠡᠪᠡᠳᠴᠢᠲᠡᠨ ᠤ ᠳᠣᠲᠣᠷ᠎ᠠ ᠂ ᠨᠢᠭᠡ ᠲᠠᠯ᠎ᠠ ᠪᠠᠷ ᠰᠢᠨ᠎ᠡ ᠲᠢᠲᠢᠮᠯᠢᠭ ᠸᠢᠷᠦ᠋ᠰ ᠠᠴᠠ ᠪᠣᠯᠤᠭᠰᠠᠨ ᠬᠦᠨᠳᠦ ᠡᠪᠡᠳᠴᠢᠲᠡᠨ ᠪᠠᠶᠢᠵᠤ ᠂ | ᠨᠥᠭᠦᠭᠡ ᠲᠠᠯ᠎ᠠ ᠪᠠᠷ ᠶᠡᠬᠡᠩᠬᠢ ᠬᠡᠰᠡᠭ ᠨᠢ ᠰᠠᠭᠤᠷᠢ ᠴᠢᠨᠠᠷᠲᠠᠢ ᠡᠪᠡᠳᠴᠢᠨ ᠤ ᠳᠡᠭᠡᠷ᠎ᠡ ᠰᠢᠨ᠎ᠡ ᠲᠢᠲᠢᠮᠯᠢᠭ ᠡᠪᠡᠳᠴᠢᠨ ᠤ ᠬᠠᠯᠳᠠᠪᠤᠷᠢᠯᠠᠯ ᠳᠠᠪᠬᠤᠴᠠᠭᠰᠠᠨ ᠠᠴᠠ | ᠪᠣᠯᠵᠤ ᠂ ᠡᠨᠡ ᠬᠡᠰᠡᠭ ᠡᠪᠡᠳᠴᠢᠲᠡᠨ ᠳᠤ ᠮᠥᠨ ᠴᠦ ᠣᠯᠠᠨ ᠰᠢᠨᠵᠢᠯᠡᠭᠡᠨ ᠤ ᠰᠠᠯᠠᠭ᠎ᠠ ᠶᠢᠨ ᠡᠮᠨᠡᠨ ᠵᠠᠰᠠᠯᠲᠠ ᠬᠢᠬᠦ ᠶᠢ ᠱᠠᠭᠠᠷᠳᠠᠨ᠎ᠠ ᠃ ᠡᠶᠢᠮᠦ ᠠᠴᠠ ᠬᠦᠨᠳᠦ | ᠡᠪᠡᠳᠴᠢᠲᠡᠨ ᠢ ᠡᠮᠨᠡᠨ ᠵᠠᠰᠠᠬᠤ ᠬᠦᠴᠦᠨ ᠤ ᠨᠥᠭᠡᠴᠡ ᠶᠢ ᠴᠢᠩᠭᠠᠳᠬᠠᠬᠤ ᠂ ᠢᠯᠠᠩᠭᠤᠶ᠎ᠠ ᠣᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ | ᠪᠣᠯ ᠮᠠᠰᠢ ᠴᠢᠬᠤᠯᠠ ᠶᠤᠮ ᠃ | ᠣᠳᠣᠬᠠᠨ ᠳᠤ ᠪᠥᠬᠦ ᠤᠯᠤᠰ ᠲᠤ ᠨᠢᠭᠡᠨᠲᠡ 100 ᠭᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠦᠨᠳᠦ ᠡᠪᠡᠳᠴᠢᠲᠡᠨ ᠪᠠᠶᠢᠵᠤ ᠂ ᠡᠨᠡ ᠨᠢ ᠶᠠᠭ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠨᠠᠰᠤᠲᠠᠶᠢᠴᠤᠳ ᠪᠠ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠲᠤ ᠦᠵᠡᠭᠦᠯᠬᠦ ᠡᠷᠡᠭᠦᠯ ᠮᠡᠨᠳᠦ ᠶᠢᠨ | ᠰᠦᠷᠳᠡᠭᠦᠯᠦᠯ ᠨᠡᠯᠢᠶᠡᠳ ᠶᠡᠭᠡ ᠪᠠᠶᠢᠬᠤ ᠶᠢ ᠬᠠᠷᠠᠭᠤᠯᠵᠤ ᠪᠠᠶᠢᠨ᠎ᠠ ᠃ ᠪᠢᠳᠡᠨ ᠤ ᠣᠲᠣ ᠶᠢᠨ ᠠᠪᠴᠤ ᠪᠠᠶᠢᠭ᠎ᠠ ᠢᠳᠡᠪᠬᠢᠲᠡᠢ ᠰᠡᠷᠭᠡᠶᠢᠯᠡᠬᠦ ᠠᠷᠭ᠎ᠠ ᠪᠣᠳᠣᠯᠭ᠎ᠠ ᠪᠣᠯ | ᠬᠠᠯᠳᠠᠪᠤᠷᠢᠯᠠᠭᠰᠠᠳ ᠢ ᠴᠢᠷᠮᠠᠶᠢᠨ ᠪᠠᠭᠠᠰᠬᠠᠪᠠᠯ ᠰᠠᠶ᠋ᠢ ᠬᠦᠨᠳᠦ ᠡᠪᠡᠳᠴᠢᠨ ᠤ ᠨᠣᠷᠮ᠎ᠠ ᠪᠠ ᠡᠪᠡᠳᠴᠢᠨ ᠢᠶᠠᠷ ᠦᠬᠦᠬᠦ ᠨᠣᠷᠮ᠎ᠠ ᠶᠢ ᠤᠯᠠᠮ ᠨᠢᠭᠡ ᠠᠯᠬᠤᠮ | ᠪᠠᠭᠤᠷᠠᠭᠤᠯᠵᠤ ᠴᠢᠳᠠᠨ᠎ᠠ ᠃ ᠡᠶᠢᠮᠦ ᠠᠴᠠ ︽ ᠰᠡᠷᠭᠡᠶᠢᠯᠡᠬᠦ ︾ ᠪᠣᠯ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ ᠃ ᠭᠡᠪᠡᠴᠦ ᠡᠭᠦᠨ ᠢ ᠦᠨᠳᠦᠰᠦᠯᠡᠨ ᠬᠦᠨᠳᠦ | ᠡᠪᠡᠳᠴᠢᠲᠡᠨ ᠤ ᠡᠮᠴᠢᠯᠡᠭᠡᠨ ᠤ ᠣᠷᠣ ᠶᠢ ᠨᠡᠮᠡᠭᠳᠡᠭᠦᠯᠬᠦ ᠴᠢᠬᠤᠯᠠ ᠦᠭᠡᠢ ᠭᠡᠵᠦ ᠦᠵᠡᠵᠦ ᠪᠣᠯᠬᠤ ᠦᠭᠡᠢ ᠃ | | | |