| | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠨᠠᠢᠮᠠᠳᠤᠭᠠᠷ ᠬᠤᠷᠠᠯ ᠡᠯ᠎ᠡ ᠵᠥᠪᠯᠡᠭᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 11 ᠰᠠᠷ᠎ᠠ ᠶᠢᠨ 23 ᠤ ᠦᠳᠡ ᠶᠢᠨ | ᠬᠤᠶᠢᠨ᠎ᠠ ᠲᠡᠭᠦᠰᠪᠡ ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠳᠦᠭᠦᠨ ᠤᠳᠤ 61 ᠬᠥᠮᠥᠨ ᠪᠠᠶᠢᠵᠤ ᠂ 40 ᠬᠥᠮᠥᠨ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠵᠤ ᠂ 15 ᠬᠥᠮᠥᠨ ᠰᠦᠯᠵᠢᠶᠡᠨ ᠤ ᠸᠢᠳᠢᠤ᠋ | ᠭᠡᠯᠪᠡᠷᠢ ᠪᠠᠷ ᠬᠤᠷᠠᠯ ᠳᠤ ᠣᠷᠣᠯᠴᠠᠵᠤ ᠂ 55 ᠬᠥᠮᠥᠨ ᠲᠤᠰ ᠤᠳᠠᠭ᠎ᠠ ᠶᠢᠨ ᠬᠤᠷᠠᠯ ᠳᠤ ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ | ᠨᠡᠶᠢᠴᠡᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ | ᠡᠷᠭᠢᠯᠡᠭᠴᠢ ᠯᠢᠨ ᠱᠤᠤ ᠴᠦᠨ ᠲᠡᠭᠦᠰᠬᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠂ ᠳᠡᠳ᠋ ᠡᠷᠭᠢᠯᠡᠭᠴᠢ ᠵᠠᠩ ᠶᠤᠸᠠᠨ ᠵᠥᠩ ᠂ ᠳ᠋ᠤᠸᠠᠨ ᡁᠢ ᠴᠢᠶᠠᠩ ᠂ | ᠾᠧ ᠶᠠᠨ ᠯᠢᠩ ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ | ᠬᠤᠷᠢᠶᠠᠨ ᠤ ᠳᠠᠷᠤᠭ᠎ᠠ ᠶᠠᠩ ᠽᠥᠩ ᠷᠧᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ | ᠬᠤᠷᠠᠯ ᠳᠤ ᠰᠤᠯᠠ ᠣᠷᠣᠯᠴᠠᠵᠠᠢ ᠃ | ᠬᠤᠷᠠᠯ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ | ᠶᠢᠨ ᠳᠦᠷᠢᠮ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ ︾ ᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ ︾ ᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠳᠦᠷᠢᠮ ︵ ᠵᠠᠰᠠᠪᠤᠷᠢ ᠣᠷᠣᠭᠤᠯᠤᠭᠰᠠᠨ ︶ ︾ ᠢ ᠪᠠᠲᠤᠯᠠᠯᠲᠠ ᠬᠢᠵᠦ ᠪᠠᠲᠤᠯᠠᠪᠠ ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ ︾ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠡᠶᠢᠭᠡᠮᠯᠢᠭ ᠤᠨ ᠳᠦᠷᠢᠮ ︾ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠢᠯᠭᠠᠨ ᠬᠦᠴᠦᠨ ᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠳᠦᠷᠢᠮ ︾ ᠳᠤ ᠵᠠᠰᠠᠪᠤᠷᠢ ᠣᠷᠣᠭᠤᠯᠬᠤ | ᠲᠤᠬᠠᠢ ᠲᠣᠭᠲᠠᠭᠠᠯ ᠵᠡᠷᠭᠡ 3 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠂ ︽ ᠭᠦᠭᠡᠬᠤᠲᠠ ᠶᠢᠨ | ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠳᠦᠷᠢᠮ ︾ ᠢ ᠵᠥᠪᠰᠢᠶᠡᠷᠡᠬᠦ ᠲᠤᠬᠠᠢ ᠰᠢᠢᠳᠪᠦᠷᠢ ᠂ ︽ ᠪᠤᠭᠤᠲᠤ ᠬᠤᠲᠠ ᠶᠢᠨ ᠠᠳᠠᠯ ᠠᠬᠤᠢ ᠶᠢᠨ | ᠬᠠᠮᠢᠶᠠᠷᠤᠯᠲᠠ ᠶᠢᠨ ᠳᠦᠷᠢᠮ ︾ ᠢ ᠵᠥᠪᠰᠢᠶᠡᠷᠡᠬᠦ ᠲᠤᠬᠠᠢ ᠰᠢᠢᠳᠪᠦᠷᠢ ᠂ ︽ ︿ ᠪᠤᠭᠤᠲᠤ ᠬᠤᠲᠠ ᠶᠢᠨ ᠪᠡᠳᠺᠡᠷ ᠵᠣᠣ ᠶᠢᠨ ᠬᠠᠮᠠᠭᠠᠯᠠᠯᠲᠠ ᠬᠠᠮᠢᠶᠠᠷᠤᠯᠲᠠ ᠶᠢᠨ | ᠳᠦᠷᠢᠮ ﹀ ᠳᠤ ᠵᠠᠰᠠᠪᠤᠷᠢ ᠣᠷᠣᠭᠤᠯᠬᠤ ᠲᠤᠬᠠᠢ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠣᠭᠲᠠᠭᠠᠯ ︾ ᠢ ᠵᠥᠪᠰᠢᠶᠡᠷᠡᠬᠦ ᠲᠤᠬᠠᠢ ᠰᠢᠢᠳᠪᠦᠷᠢ ᠂ ︽ ︿ ᠪᠤᠭᠤᠲᠤ ᠬᠤᠲᠠ ᠶᠢᠨ ᠨᠡᠶᠢᠭᠡᠮ ᠤᠨ ᠠᠮᠤᠷ ᠤᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠳᠦᠷᠢᠮ ﹀ ᠂ | ︿ ᠪᠤᠭᠤᠲᠤ ᠬᠤᠲᠠ ᠶᠢᠨ ᠲᠥᠰᠥᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ ﹀ ᠢ ᠬᠦᠴᠦᠨ ᠦᠭᠡᠢ ᠪᠤᠯᠭᠠᠬᠤ ᠲᠤᠬᠠᠢ ᠪᠤᠭᠤᠲᠤ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ︾ ᠢ ᠵᠥᠪᠰᠢᠶᠡᠷᠡᠬᠦ ᠲᠤᠬᠠᠢ ᠰᠢᠢᠳᠪᠦᠷᠢ ᠂ ︽ ᠣᠷᠳᠣᠰ | ᠬᠤᠲᠠ ᠶᠢᠨ ᠰᠢᠯᠵᠢᠭᠦᠯᠵᠦ ᠪᠤᠯᠬᠤ ᠦᠭᠡᠢ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ ︾ ᠢ ᠵᠥᠪᠰᠢᠶᠡᠷᠡᠬᠦ ᠲᠤᠬᠠᠢ ᠰᠢᠢᠳᠪᠦᠷᠢ ᠂ ︽ | ᠣᠷᠳᠣᠰ ᠬᠤᠲᠠ ᠶᠢᠨ ᠬᠠᠲᠤᠨ ᠭᠤᠣᠯ ᠤᠨ ᠭᠤᠣᠯ ᠤᠨ ᠬᠡᠪᠡᠯᠢ ᠶᠢᠨ ᠬᠠᠮᠢᠶᠠᠷᠤᠯᠲᠠ ᠶᠢᠨ ᠳᠦᠷᠢᠮ ︾ ᠢ ᠵᠥᠪᠰᠢᠶᠡᠷᠡᠬᠦ ᠲᠤᠬᠠᠢ ᠰᠢᠢᠳᠪᠦᠷᠢ ᠂ ︽ ᠪᠠᠶᠠᠨᠨᠠᠭᠤᠷ | ᠬᠤᠲᠠ ᠶᠢᠨ ᠬᠤᠲᠠ ᠳᠤ ᠨᠣᠬᠠᠢ ᠲᠡᠵᠢᠭᠡᠬᠦ ᠬᠠᠮᠢᠶᠠᠷᠤᠯᠲᠠ ᠶᠢᠨ ᠳᠦᠷᠢᠮ ︾ ᠢ ᠵᠥᠪᠰᠢᠶᠡᠷᠡᠬᠦ ᠲᠤᠬᠠᠢ ᠰᠢᠢᠳᠪᠦᠷᠢ ᠂ ᠠᠵᠤ ᠠᠬᠤᠢ ᠶᠢᠨ ᠠᠵᠢᠯ ᠤᠨ ᠬᠢᠨᠠᠯᠲᠠ ᠶᠢ | ᠴᠢᠩᠭᠠᠳᠬᠠᠬᠤ ᠲᠤᠬᠠᠢ ᠲᠣᠭᠲᠠᠭᠠᠯ ᠵᠡᠷᠭᠡ ᠶᠢ ᠪᠠᠲᠤᠯᠠᠯᠲᠠ ᠬᠢᠵᠦ ᠪᠠᠲᠤᠯᠠᠪᠠ ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ ᠃ | ᠯᠢᠨ ᠱᠤᠤ ᠴᠦᠨ ᠠᠴᠠ ᠭᠦᠸᠧ ᠰᠢᠨ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ ᠃ | ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ ᠃ | ᠬᠤᠷᠠᠯ ᠠᠴᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ ᠂ ᠪᠦᠭᠦ ᠲᠠᠯ᠎ᠠ ᠪᠠᠷ ᠡᠵᠡᠮᠳᠡᠵᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠠᠴᠠ ᠲᠤᠰᠢᠶᠠᠭᠰᠠᠨ ᠠᠵᠢᠯ ᠢ ᠨᠠᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠠᠶᠢᠲᠤᠷ ᠪᠡᠶᠡᠯᠡᠭᠦᠯᠵᠦ ᠂ ᠡᠯ᠎ᠡ ᠵᠦᠢᠯ ᠤᠨ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠩ ᠲᠣᠪᠤᠶᠢᠮ᠎ᠠ ᠦᠷ᠎ᠡ ᠪᠦᠲᠦᠮᠵᠢᠲᠡᠶ ᠪᠠᠷ ᠰᠠᠶᠢᠲᠤᠷ ᠭᠦᠢᠴᠡᠳᠬᠡᠬᠦ ᠬᠡᠷᠡᠭᠲᠡᠢ ᠃ ᠬᠢᠨᠠᠨ ᠵᠥᠪᠯᠡᠵᠦ ᠪᠠᠲᠤᠯᠠᠭᠰᠠᠨ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠴᠢᠩᠭᠠᠳᠬᠠᠵᠤ ᠂ ᠬᠠᠤᠯᠢ | ᠲᠣᠭᠲᠠᠭᠠᠯ ᠤᠨ ᠵᠦᠢᠯ ᠵᠤᠷᠪᠤᠰ ᠢ ᠦᠨᠡᠨ ᠬᠦ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠬᠢᠶᠠᠨ ᠪᠠᠶᠢᠭᠤᠯᠵᠤ ᠪᠡᠯᠡᠳᠬᠡᠬᠦ ᠠᠵᠢᠯ ᠢ ᠪᠦᠭᠦ | ᠲᠠᠯ᠎ᠠ ᠪᠠᠷ ᠰᠠᠶᠢᠲᠤᠷ ᠬᠢᠵᠦ ᠂ ᠠᠵᠢᠯ ᠤᠨ ᠡᠳᠦᠷ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ ᠂ ᠵᠢᠷᠤᠭ ᠡᠯᠭᠦᠨ ᠪᠠᠶᠢᠯᠳᠤᠵᠤ ᠂ ᠬᠤᠭᠤᠴᠠᠭ᠎ᠠ ᠰᠣᠯᠢᠬᠤ | ᠶᠠᠪᠤᠴᠠ ᠶᠢᠨ ᠬᠠᠤᠯᠢ ᠲᠣᠭᠲᠠᠭᠠᠯ ᠶᠣᠰᠣᠭᠠᠷ ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠵᠤ ᠂ ᠶᠡᠭᠡ ᠬᠤᠷᠠᠯ ᠤᠨ ᠲᠣᠭᠲᠠᠭᠰᠠᠨ ᠬᠤᠭᠤᠴᠠᠭᠠᠨ ᠳᠤ | ᠬᠤᠷᠠᠯᠳᠤᠵᠤ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠤᠰᠬᠠᠢ ᠵᠥᠪᠯᠡᠯ ᠤᠨ ᠭᠡᠰᠢᠭᠦᠨ ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠵᠠᠢ ᠃ | | | |