| | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠲᠤᠭ᠎ᠠ ᠪᠠᠷᠢᠮᠲᠠ ᠠᠴᠠ ᠦᠵᠡᠪᠡᠯ ᠂ ᠡᠨᠡ ᠵᠢᠯ ᠤᠨ ᠲᠦᠷᠦᠭᠦᠦ 10 ᠰᠠᠷ᠎ᠠ ᠳᠤ ᠂ ᠪᠥᠬᠦ | ᠣᠷᠣᠨ ᠤ ᠨᠡᠭᠦᠷᠡᠰᠦᠨ ᠤ ᠭᠠᠷᠤᠯᠲᠠ 9.95 ᠳ᠋ᠦᠩᠰᠢᠭᠤᠷ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 17.6% ᠪᠠᠷ ᠨᠡᠮᠡᠭᠳᠡᠨ ᠂ | ᠪᠣᠷᠣᠯᠠᠭᠤᠯᠤᠭᠰᠠᠨ ᠬᠡᠮᠵᠢᠶ᠎ᠡ ᠨᠢ ᠪᠠᠷᠤᠭ 9.76 ᠳ᠋ᠦᠩᠰᠢᠭᠤᠷ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 20% ᠣᠷᠴᠢᠮ ᠨᠡᠮᠡᠭᠳᠡᠵᠡᠢ ᠃ | ᠡᠭᠦᠨ ᠳᠤ ᠂ ᠣᠷᠣᠨ ᠠᠴᠠ ᠭᠠᠳᠠᠭᠰᠢ 6 ᠳ᠋ᠦᠩᠰᠢᠭᠤᠷ ᠲᠣᠨ ᠪᠣᠷᠣᠯᠠᠭᠤᠯᠵᠤ ᠂ ᠶᠡᠷᠦᠩᠬᠡᠢ ᠪᠣᠷᠤᠯᠠᠭᠤᠯᠭ᠎ᠠ ᠶᠢᠨ ᠬᠡᠮᠵᠢᠶᠡᠨ ᠤ 61% ᠶᠢ ᠡᠵᠡᠯᠡᠵᠦ ᠂ ᠪᠥᠬᠦ | ᠤᠯᠤᠰ ᠤᠨ 29 ᠮᠤᠵᠢ ᠣᠷᠣᠨ ᠬᠤᠲᠠ ᠶᠢᠨ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠢ ᠪᠠᠲᠤᠯᠠᠵᠤ ᠂ ᠪᠥᠬᠦ ᠤᠯᠤᠰ ᠤᠨ ᠨᠡᠭᠦᠷᠡᠰᠦᠨ ᠤ ᠬᠠᠩᠭᠠᠯᠭ᠎ᠠ ᠶᠢᠨ | ᠪᠠᠴᠢᠮ ᠪᠠᠶᠢᠳᠠᠯ ᠢ ᠳᠣᠷᠪᠢᠲᠠᠢ ᠨᠠᠮᠳᠠᠭᠤᠯᠪᠠ ᠃ ᠡᠭᠦᠨ ᠤ ᠬᠠᠮᠲᠤ ᠂ ᠪᠥᠬᠦ ᠣᠷᠣᠨ ᠤ ᠲᠦᠷᠦᠭᠦᠦ 10 ᠰᠠᠷ᠎ᠠ ᠳᠤ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ | 1853 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠨ ᠂ ᠭᠠᠳᠠᠭᠰᠢ ᠬᠦᠷᠭᠡᠭᠰᠡᠨ ᠴᠠᠬᠢᠯᠭᠠᠨ ᠤ | ᠬᠡᠮᠵᠢᠶ᠎ᠡ ᠨᠢ ᠪᠥᠬᠦ ᠤᠯᠤᠰ ᠤᠨ ᠲᠡᠷᠢᠭᠦᠨ ᠳᠤ ᠣᠷᠣᠵᠤ ᠂ ᠪᠥᠬᠦ ᠤᠯᠤᠰ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠶᠡᠭᠡ ᠲᠠᠯ᠎ᠠ ᠳᠤ ᠬᠦᠴᠦᠲᠡᠢ | ᠦᠢᠯᠡᠴᠢᠯᠡᠪᠡ ᠃ | ᠡᠨᠡ ᠬᠡᠳᠦᠨ ᠡᠳᠦᠷ ᠂ ᠣᠷᠳᠣᠰ ᠬᠤᠳᠠ ᠶᠢᠨ ᠦᠦᠰᠢᠨ ᠬᠤᠰᠢᠭᠤᠨ ᠳᠤ ᠪᠠᠶᠢᠭ᠎ᠠ ᠶᠢᠩ ᠫᠠᠨ ᠬᠤᠤ ᠨᠡᠭᠦᠷᠡᠰᠦᠨ ᠠᠭᠤᠷᠬᠠᠢ ᠪᠦᠷᠢᠨ ᠠᠴᠢᠶᠠᠯᠠᠯ ᠢᠶᠠᠷ | ᠦᠢᠯᠡᠳᠪᠦᠷᠢᠯᠡᠯ ᠶᠠᠪᠤᠭᠤᠯᠵᠤ ᠪᠤᠢ ᠃ ᠲᠣᠰ ᠠᠭᠤᠷᠬᠠᠢ ᠶᠢᠨ ᠡᠳᠦᠷ ᠤᠨ ᠭᠠᠷᠤᠯᠲᠠ ᠨᠢ ᠣᠳᠣᠬᠠᠨ ᠳᠤ 1.7 ᠲᠦᠮᠡᠨ ᠲᠣᠨ ᠳᠤ ᠬᠦᠷᠴᠦ ᠂ ᠪᠥᠬᠦ ᠵᠢᠯ ᠳᠤ 500 | ᠲᠦᠮᠡᠨ ᠲᠣᠨ ᠤ ᠭᠠᠷᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ ᠃ ᠶᠢᠩ ᠫᠠᠨ ᠬᠤᠤ ᠨᠡᠭᠦᠷᠡᠰᠦᠨ ᠠᠭᠤᠷᠬᠠᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠲᠠᠨᠢᠯᠴᠠᠭᠤᠯᠬᠤ ᠳᠤ ᠪᠠᠨ ︽ ᠡᠨᠡ ᠵᠢᠯ ᠠᠴᠠ ᠨᠠᠭᠠᠰᠢ ᠂ ᠪᠢᠳᠡ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ | ᠨᠡᠭᠦᠷᠡᠰᠦᠨ ᠤ ᠠᠶᠤᠯᠭᠦᠢ ᠦᠢᠯᠡᠳᠪᠦᠷᠢᠯᠡᠯ ᠪᠣᠯᠣᠨ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ ︾ ᠭᠡᠵᠡᠢ ᠃ | ᠡᠨᠧᠷᠭᠢ ᠶᠢᠨ ᠬᠠᠩᠭᠠᠯᠭ᠎ᠠ ᠶᠢᠨ ︽ ᠲᠣᠭᠲᠠᠪᠤᠷᠢᠵᠢᠭᠤᠯᠤᠭᠴᠢ ︾ ᠪᠠ ︽ ᠲᠤᠯᠭ᠎ᠠ ᠶᠢᠨ ᠴᠢᠯᠠᠭᠤ ︾ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠶᠢᠨ | ᠲᠤᠰᠠᠳᠠ ᠂ ᠡᠨᠡ ᠵᠢᠯ ᠠᠴᠠ ᠨᠠᠭᠠᠰᠢ ᠂ ᠮᠠᠨ ᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠢ | ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠂ ᠣᠯᠠᠨ ᠲᠠᠯ᠎ᠠ ᠠᠴᠠ ᠭᠠᠷᠳᠠᠨ ᠂ ᠨᠡᠭᠦᠷᠡᠰᠦ ᠂ ᠴᠠᠬᠢᠯᠭᠠᠨ ᠬᠦᠴᠦᠨ ᠤ ᠠᠮᠤᠷ ᠲᠣᠭᠲᠠᠭᠤᠨ | ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ ᠃ ᠨᠢᠭᠡ ᠲᠠᠯ᠎ᠠ ᠪᠠᠷ ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠲᠦᠷᠭᠡᠪᠴᠢᠯᠡᠨ | ᠰᠤᠯᠠᠯᠠᠵᠤ ᠂ ᠠᠶᠤᠯᠭᠦᠢ ᠪᠠᠶᠢᠳᠠᠯ ᠢ ᠪᠠᠲᠤᠯᠠᠭᠰᠠᠨ ᠤᠷᠢᠲᠠᠯ ᠳᠣᠣᠷ᠎ᠠ ᠂ ᠦᠢᠯᠡᠳᠪᠦᠷᠢᠯᠡᠯ ᠶᠠᠪᠤᠭᠤᠯᠵᠤ ᠪᠠᠶᠢᠭ᠎ᠠ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠬᠦ | ᠶᠣᠰᠣᠲᠠᠢ ᠶᠢ ᠨᠢ ᠠᠯᠢ ᠴᠢᠳᠠᠬᠤ ᠪᠠᠷ ᠦᠢᠯᠡᠳᠪᠦᠷᠢᠯᠡᠵᠦ ᠂ ᠪᠥᠬᠦ ᠬᠦᠴᠦᠨ ᠢᠶᠠᠷ ᠦᠢᠯᠡᠳᠪᠦᠷᠢᠯᠡᠬᠦ ᠪᠠ ᠦᠢᠯᠡᠳᠪᠦᠷᠢᠯᠡᠯ ᠤᠨ ᠬᠠᠷᠠᠯᠲᠠ ᠶᠢ ᠪᠡᠶᠡᠯᠡᠭᠦᠯᠦᠨ ᠂ | ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ ᠂ ᠨᠡᠭᠦᠷᠡᠰᠦᠨ ᠠᠭᠤᠷᠬᠠᠢ ᠶᠢᠨ | ᠠᠵᠤ ᠠᠬᠤᠶᠢᠯᠠᠯ ᠢ ᠵᠢᠯᠣᠭᠤᠳᠤᠨ ᠦᠢᠯᠡᠳᠪᠦᠷᠢᠯᠡᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠦᠢᠯᠡᠳᠪᠦᠷᠢᠯᠡᠯ ᠤᠨ ᠵᠣᠬᠢᠶᠠᠨ | ᠪᠠᠶᠢᠭᠤᠯᠤᠯᠲᠠ ᠶᠢ ᠰᠢᠯᠢᠳᠡᠭᠵᠢᠭᠦᠯᠦᠨ ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠡᠢ ᠃ ᠨᠥᠭᠦᠭᠡ ᠲᠠᠯ᠎ᠠ ᠪᠠᠷ ᠂ ᠤᠯᠤᠰ ᠠᠴᠠ ᠮᠠᠨ ᠤ ᠣᠷᠣᠨ ᠳᠤ | ᠲᠤᠰᠢᠶᠠᠭᠰᠠᠨ ᠨᠡᠭᠦᠷᠡᠰᠦᠨ ᠤ ᠳᠤᠮᠳᠠ ᠣᠷᠳᠣ ᠬᠤᠭᠤᠴᠠᠭᠠᠨ ᠤ ᠭᠡᠷ᠎ᠡ ᠲᠣᠭᠲᠠᠬᠤ ᠡᠭᠦᠷᠭᠡ ᠶᠢ ᠢᠳᠡᠪᠬᠢᠲᠡᠢ ᠪᠠᠷ ᠡᠭᠦᠷᠭᠡᠯᠡᠵᠦ ᠂ ᠨᠡᠭᠦᠷᠡᠰᠦᠨ ᠤ ᠬᠠᠩᠭᠠᠯᠭ᠎ᠠ | ᠬᠡᠷᠡᠭᠴᠡᠭᠡ ᠬᠤᠶᠠᠷ ᠲᠠᠯ᠎ᠠ ᠶᠢ ᠰᠢᠮᠳᠠᠭᠤᠯᠵᠤ ᠪᠠᠶᠢᠭᠠᠳ ᠨᠡᠭᠦᠷᠡᠰᠦᠨ ᠤ ᠳᠤᠮᠳᠠ ᠣᠷᠳᠣ ᠬᠤᠭᠤᠴᠠᠭᠠᠨ ᠤ ᠭᠡᠷ᠎ᠡ ᠲᠣᠭᠲᠠᠬᠤ ᠬᠤᠯᠪᠣᠭᠳᠠᠯ ᠪᠦᠬᠦᠢ ᠲᠣᠭᠲᠠᠭᠠᠯ ᠢ | ᠴᠢᠩᠭ᠎ᠠ ᠬᠡᠷᠡᠭᠵᠢᠭᠦᠯᠦᠨ ᠂ ᠭᠡᠷ᠎ᠡ ᠶᠢ ᠭᠦᠢᠴᠡᠳᠬᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠡᠭᠦᠷᠡᠰᠦᠨ ᠤ ᠬᠠᠩᠭᠠᠯᠭ᠎ᠠ ᠶᠢᠨ ᠦᠨᠳᠦᠰᠦᠨ | ᠲᠠᠯ᠎ᠠ ᠶᠢ ᠲᠣᠭᠲᠠᠪᠤᠷᠢᠵᠢᠭᠤᠯᠪᠠ ᠃ ᠡᠭᠦᠨ ᠤ ᠬᠠᠮᠲᠤ ᠂ ᠴᠠᠬᠢᠯᠭᠠᠨ ᠬᠦᠴᠦᠨ ᠤ ᠠᠮᠤᠷ ᠲᠣᠭᠲᠠᠭᠤᠨ ᠬᠠᠩᠭᠠᠯᠭ᠎ᠠ ᠶᠢ ᠴᠢᠩᠭᠠᠳᠬᠠᠵᠤ ᠂ ᠲᠤᠯᠭᠠᠭᠤᠷᠢᠯᠠᠨ ᠪᠠᠲᠤᠯᠠᠬᠤ | ᠪᠠ ᠲᠣᠬᠢᠷᠠᠭᠤᠯᠬᠤ ᠬᠡᠯᠪᠡᠷᠢ ᠶᠢᠨ ᠴᠠᠬᠢᠯᠭᠠᠨ ᠡᠭᠦᠰᠬᠡᠭᠴᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠠᠬᠢᠯᠭᠠᠨ ᠲᠣᠣᠷ ᠤᠨ ᠲᠣᠣᠷ ᠵᠢᠶᠠᠰᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠨᠡᠭᠦᠷᠡᠰᠦᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ︽ ᠭᠤᠷᠪᠠᠨ ᠥᠭᠡᠷᠡᠴᠢᠯᠡᠯᠲᠡ ᠬᠤᠯᠪᠤᠭᠠᠯᠠᠨ | ᠬᠥᠳᠡᠯᠦᠯᠴᠡᠬᠦ ︾ ᠶᠢ ᠡᠮᠬᠢ ᠵᠢᠷᠤᠮ ᠲᠠᠢ ᠠᠬᠢᠭᠤᠯᠵᠤ ᠂ ᠴᠠᠬᠢᠯᠭᠠᠨ ᠨᠡᠭᠦᠷᠡᠰᠦᠨ ᠤ ᠬᠠᠩᠭᠠᠯᠭ᠎ᠠ ᠶᠢᠨ ᠲᠣᠬᠢᠷᠠᠭᠤᠯᠤᠯᠲᠠ ᠪᠠ ᠬᠠᠳᠠᠭᠠᠯᠠᠯᠲᠠ ᠶᠢ ᠬᠢᠨᠠᠨ ᠰᠢᠨᠵᠢᠯᠡᠬᠦ ᠶᠢ | ᠴᠢᠩᠭᠠᠳᠬᠠᠵᠤ ᠂ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠶᠢ | ᠰᠢᠮᠳᠠᠭᠤᠯᠵᠤ ᠂ ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠬᠤ ᠶᠣᠰᠣᠲᠠᠢ ᠶᠢ ᠨᠢ ᠠᠯᠢ ᠴᠢᠳᠠᠬᠤ ᠪᠠᠷ ᠴᠠᠬᠢᠯᠭᠠᠨ ᠭᠠᠷᠭᠠᠬᠤ ᠶᠢ ᠪᠠᠲᠤᠯᠠᠨ᠎ᠠ ᠃ | |