| | ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ ᠠᠵᠤ ᠠᠬᠤᠢ ᠶᠢ ᠲᠣᠭᠲᠠᠪᠤᠷᠢᠵᠢᠭᠤᠯᠬᠤ | ᠠᠯᠢ ᠣᠯᠠᠨ ᠲᠥᠷᠥ ᠶᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠪᠣᠳᠠᠲᠠᠢ ᠪᠠᠷ ᠰᠠᠶᠢᠲᠤᠷ ᠠᠳᠬᠤᠵᠤ ᠂ ᠠᠵᠤ ᠠᠬᠤᠢ ᠶᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠶᠢ ᠪᠠᠬᠢᠵᠢᠭᠦᠯᠬᠦ ᠲᠤᠬᠠᠢ ᠪᠠᠶᠢᠷᠢᠯᠠᠭᠤᠯᠵᠤ ᠂ ᠡᠮᠦᠨᠡᠬᠢ | ᠬᠤᠭᠤᠴᠠᠭᠠᠨ ᠳᠤ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ ᠂ | ᠣᠷᠣᠨ ᠨᠤᠲᠤᠭ ᠲᠤ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠲᠣᠮᠢᠯᠠᠬᠤ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 11 ᠳ᠋ᠦ᠋ᠭᠡᠷ ᠰᠠᠷ᠎ᠠ ᠶᠢᠨ 22 ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ | ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠦ ᠶᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠪᠣᠳᠠᠲᠠᠢ ᠪᠠᠷ ᠰᠠᠶᠢᠲᠤᠷ ᠠᠳᠬᠤᠵᠤ ᠂ ᠠᠵᠤ ᠠᠬᠤᠢ ᠶᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠶᠢ ᠪᠠᠬᠢᠵᠢᠭᠦᠯᠬᠦ ᠲᠤᠬᠠᠢ | ᠪᠠᠶᠢᠷᠢᠯᠠᠭᠤᠯᠪᠠ ︔ ᠡᠮᠦᠨᠡᠬᠢ ᠬᠤᠭᠤᠴᠠᠭᠠᠨ ᠳᠤ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠶᠢ | ᠠᠬᠢᠭᠤᠯᠬᠤ ᠶᠢᠨ ᠲᠤᠰᠠᠳᠠ ᠂ ᠣᠷᠣᠨ ᠨᠤᠲᠤᠭ ᠲᠤ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠲᠣᠮᠢᠯᠠᠬᠤ ᠪᠠᠷ ᠲᠣᠭᠲᠠᠪᠠ ᠃ | ᠬᠤᠷᠠᠯ ᠠᠴᠠ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠤ ᠶᠢᠨ ᠪᠣᠳᠣᠯᠭ᠎ᠠ ᠪᠣᠯᠣᠨ ᠦᠷᠭᠦᠯᠵᠢᠯᠡᠬᠦ ᠠᠷᠭ᠎ᠠ ᠬᠡᠮᠵᠢᠶ᠎ᠡ ᠶᠢ ᠯᠠᠪᠳᠠᠭᠤᠨ | ᠪᠠᠲᠤᠲᠠᠢ ᠬᠡᠷᠡᠭᠵᠢᠭᠦᠯᠵᠦ ᠂ ᠬᠤᠶᠠᠳᠤᠭᠠᠷ ᠤᠯᠠᠷᠢᠯ ᠤᠨ ᠡᠮᠦᠨᠡᠬᠢ ᠬᠤᠭᠤᠴᠠᠭᠠᠨ ᠤ ᠠᠵᠤ ᠠᠬᠤᠢ ᠶᠢᠨ ᠪᠠᠭᠤᠷᠠᠯᠲᠠ ᠶᠢᠨ ᠪᠠᠶᠢᠳᠠᠯ ᠢ ᠬᠤᠪᠢᠷᠠᠭᠤᠯᠬᠤ ᠂ ᠠᠵᠤ | ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ ᠃ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ | ᠠᠵᠢᠯᠯᠠᠭᠠᠨ ᠨᠢ ᠪᠦᠬᠦ ᠵᠢᠯ ᠤᠨ ᠠᠵᠤ ᠠᠬᠤᠢ ᠳᠤ ᠲᠦᠢᠯ ᠤᠨ ᠴᠢᠬᠤᠯᠠ ᠶᠤᠮ ᠂ ᠣᠳᠣᠬᠠᠨ ᠳᠤ ᠶᠠᠭ ᠠᠵᠤ ᠠᠬᠤᠢ ᠶᠢᠨ ᠲᠣᠭᠲᠠᠪᠤᠷᠢᠵᠢᠨ ᠳᠡᠭᠡᠭᠰᠢᠯᠡᠬᠦ | ᠰᠠᠭᠤᠷᠢ ᠶᠢ ᠪᠠᠬᠢᠵᠢᠭᠦᠯᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠠᠶᠢᠵᠤ ᠂ ᠡᠷᠬᠡᠪᠰᠢ ᠠᠵᠤ ᠠᠬᠤᠢ ᠶᠢᠨ ᠦᠷᠭᠦᠯᠵᠢᠯᠡᠨ ᠰᠡᠷᠭᠦᠬᠦ ᠬᠠᠨᠳᠤᠰᠢ ᠶᠢ ᠪᠠᠲᠤᠯᠠᠬᠤ ᠶᠢ | ᠴᠢᠩᠭ᠎ᠠ ᠠᠳᠬᠤᠬᠤ ᠬᠡᠷᠡᠭᠲᠡᠢ ᠃ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ | ᠨᠠᠶᠢᠳᠠᠪᠤᠷᠢᠵᠢᠭᠤᠯᠵᠤ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠵᠤ ᠂ ᠠᠵᠤ ᠠᠬᠤᠢ ᠶᠢᠨ ᠠᠵᠢᠯᠯᠠᠭᠠᠨ ᠢ | ᠢᠮᠠᠭᠲᠠ ᠵᠦᠢ ᠵᠣᠬᠢᠰᠲᠠᠢ ᠣᠷᠣᠨ ᠵᠠᠢ ᠳᠤ ᠪᠠᠶᠢᠯᠭᠠᠵᠤ ᠂ ᠨᠡᠯᠢᠶᠡᠳ ᠰᠠᠶᠢᠨ ᠦᠷ᠎ᠡ ᠳ᠋ᠦᠩ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠲᠦᠷᠦᠭᠦᠴᠢ ᠶᠢᠨ | ᠬᠤᠭᠤᠴᠠᠭᠠᠨ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠥᠭᠡᠷᠡᠴᠢᠯᠡᠯᠲᠡ ᠶᠢ ᠳᠡᠮᠵᠢᠪᠡ ᠂ ᠡᠨᠡ ᠨᠢ ᠪᠡᠯᠡ ᠣᠷᠣᠭᠤᠯᠤᠯᠲᠠ ᠶᠢ ᠠᠬᠢᠭᠤᠯᠤᠨ ᠬᠡᠷᠡᠭᠯᠡᠭᠡ ᠶᠢ | ᠳᠠᠶᠢᠴᠢᠯᠠᠬᠤ ᠂ ᠠᠵᠤ ᠠᠬᠤᠢ ᠶᠢ ᠲᠣᠭᠲᠠᠪᠤᠷᠢᠵᠢᠭᠤᠯᠤᠨ ᠪᠦᠲᠦᠴᠡ ᠶᠢ ᠲᠣᠬᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠂ ᠲᠦᠷᠦ ᠶᠢᠨ ᠪᠣᠳᠣᠯᠭ᠎ᠠ ᠶᠢᠨ | ᠦᠢᠯᠡᠳᠦᠯ ᠶᠠᠭ ᠢᠯᠡᠷᠡᠵᠦ ᠪᠠᠶᠢᠬᠤ ᠪᠥᠭᠡᠳ ᠮᠠᠰᠢ ᠶᠡᠭᠡ ᠳᠠᠯᠳᠠ ᠬᠦᠴᠦᠨ ᠲᠠᠢ ᠪᠠᠶᠢᠨ᠎ᠠ ᠂ ᠡᠭᠦᠨ ᠤ ᠬᠠᠮᠲᠤ ᠡᠯ᠎ᠡ ᠭᠠᠵᠠᠷ ᠤᠨ ᠪᠠᠶᠢᠳᠠᠯ ᠵᠥᠷᠢᠶ᠎ᠡ ᠲᠠᠢ ᠪᠠᠶᠢᠵᠤ ᠂ | ᠤᠯᠠᠨ ᠵᠦᠢᠯ ᠤᠨ ᠰᠢᠯᠲᠠᠭᠠᠨ ᠠᠴᠠ ᠪᠣᠯᠵᠤ ᠬᠡᠰᠡᠭ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠦᠭᠡᠢ ᠪᠣᠯᠬᠤᠷ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭ᠎ᠠ | ᠠᠳᠬᠤᠬᠤ ᠬᠡᠷᠡᠭᠲᠡᠢ ᠃ | ᠨᠢᠭᠡ ᠳᠤ ᠂ ᠴᠢᠬᠤᠯᠠ ᠶᠡᠭᠡ ᠲᠦᠷᠦᠯ ᠵᠦᠢᠯ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠣᠳᠣᠬᠠᠨ ᠳᠤ ᠬᠤᠶᠠᠷ ᠪᠦᠯᠦᠭ | ᠮᠥᠩᠭᠦᠨ ᠭᠦᠢᠯᠭᠡᠭᠡᠨ ᠤ ᠪᠠᠭᠠᠵᠢ ᠪᠠᠷ ᠨᠡᠶᠢᠳᠡ 2700 ᠭᠠᠷᠤᠢ ᠴᠢᠬᠤᠯᠠ ᠶᠡᠭᠡ ᠲᠦᠷᠦᠯ ᠵᠦᠢᠯ ᠢ ᠳᠡᠮᠵᠢᠵᠦ ᠂ ᠠᠵᠢᠯ ᠡᠬᠢᠯᠡᠭᠦᠯᠦᠭᠰᠡᠨ ᠨᠤᠷᠮ᠎ᠠ ᠨᠢ 90% ᠶᠢ | ᠳᠠᠪᠠᠵᠠᠢ ᠃ ᠴᠢᠬᠤᠯᠠ ᠲᠦᠷᠦᠯ ᠵᠦᠢᠯ ᠤᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ ᠂ ᠲᠦᠷᠦᠯ ᠵᠦᠢᠯ ᠤᠨ | ᠪᠡᠯᠡ ᠮᠥᠩᠭᠦ ᠥᠭᠬᠦ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠠᠭᠲᠠᠭᠠᠭᠰᠠᠨ ᠨᠡᠶᠢᠭᠡᠮ ᠤᠨ | ᠬᠥᠷᠥᠩᠭᠡ ᠶᠢᠨ ᠪᠡᠯᠡ ᠣᠷᠣᠭᠤᠯᠤᠯᠲᠠ ᠶᠢ ᠲᠠᠶᠢᠴᠢᠯᠠᠵᠤ ᠂ ᠵᠢᠯ ᠤᠨ ᠳᠣᠲᠣᠷ᠎ᠠ ᠨᠡᠩ ᠤᠯᠠᠨ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠪᠤᠢ ᠪᠣᠯᠭᠠᠬᠤ ᠬᠡᠷᠡᠭᠲᠡᠢ ᠃ | ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠠᠮᠠᠯᠠᠯᠲᠠ ᠪᠠᠨ ᠪᠡᠶᠡᠯᠡᠭᠦᠯᠦᠭᠰᠡᠨ ᠦᠭᠡᠢ ᠭᠠᠵᠠᠷ ᠣᠷᠣᠨ ᠢ ᠵᠠᠷᠯᠠᠨ ᠮᠡᠳᠡᠭᠡᠯᠡᠵᠦ ᠂ ᠦᠨᠡᠨ ᠬᠦ ᠲᠣᠭᠲᠠᠭᠰᠠᠨ | ᠬᠤᠭᠤᠴᠠᠭᠠᠨ ᠳᠤ ᠠᠵᠢᠯ ᠢᠶᠠᠨ ᠡᠬᠢᠯᠡᠭᠦᠯᠬᠦ ᠠᠷᠭ᠎ᠠ ᠦᠭᠡᠢ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠬᠡᠷᠡᠭᠲᠡᠢ ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ | ᠠᠷᠢᠭᠤᠨ ᠴᠢᠬᠡᠴᠢ ᠢᠨᠵᠧᠨᠧᠷᠢᠩ ᠂ ᠶᠠᠰᠤ ᠴᠢᠨᠠᠷ ᠤᠨ ᠠᠶᠤᠯ ᠦᠭᠡᠢ ᠢᠨᠵᠧᠨᠧᠷᠢᠩ ᠢ ᠪᠤᠢ ᠪᠣᠯᠭᠠᠬᠤ ᠬᠡᠷᠡᠭᠲᠡᠢ ᠃ | ᠬᠤᠶᠠᠷ ᠲᠤ ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠵᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠬᠡᠷᠡᠭᠲᠡᠢ ᠃ ᠲᠥᠷᠥᠯ ᠵᠦᠢᠯ ᠤᠨ | ᠵᠢᠭᠡᠯᠡᠯᠭᠡ ᠶᠢᠨ ᠭᠡᠷ᠎ᠡ ᠲᠣᠭᠲᠠᠬᠤ ᠶᠢ ᠨᠢᠭᠡᠨᠲᠡ ᠦᠨᠳᠦᠰᠦᠨ ᠳᠤ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠂ ᠠᠵᠢᠯ ᠤᠨ ᠭᠤᠣᠯᠳᠠᠯᠭ᠎ᠠ ᠪᠠᠨ ᠲᠤᠰᠬᠠᠢ ᠵᠦᠢᠯ ᠤᠨ | ᠳᠠᠬᠢᠨ ᠵᠢᠭᠡᠯᠡᠯᠭᠡ ᠲᠠᠯᠪᠢᠬᠤ ᠪᠠ ᠡᠳ᠋ ᠤᠨ ᠵᠠᠰᠠᠭ ᠤᠨ ᠳᠠᠮ ᠬᠦᠦ ᠶᠢ ᠰᠢᠯᠵᠢᠭᠦᠯᠦᠨ ᠥᠭᠬᠦ ᠲᠡᠶᠢᠰᠢ ᠰᠢᠯᠵᠢᠭᠦᠯᠵᠦ ᠂ ᠵᠣᠭᠤᠰ ᠬᠡᠷᠡᠭᠯᠡᠬᠦ ᠨᠢᠭᠡᠴᠢ ᠶᠢ ᠰᠢᠮᠳᠠᠭᠤᠯᠵᠤ | ᠪᠠᠶᠢᠭᠠᠳ ᠲᠥᠬᠦᠭᠡᠷᠦᠮᠵᠢ ᠬᠤᠳᠠᠯᠳᠤᠨ ᠠᠪᠬᠤ ᠪᠠ ᠥᠭᠡᠷᠡᠴᠢᠯᠡᠬᠦ ᠶᠢ ᠲᠦᠷᠭᠡᠳᠬᠡᠬᠦ ᠬᠡᠷᠡᠭᠲᠡᠢ ᠃ ᠡᠭᠦᠨ ᠤ ᠬᠠᠮᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠦᠢᠯᠡᠳᠬᠡᠯ ᠤᠨ ᠦᠢᠯᠡᠰ ᠤᠨ ᠳᠤᠮᠳᠠ ᠤᠷᠳᠤ ᠬᠤᠭᠤᠴᠠᠭᠠᠨ ᠤ ᠵᠢᠭᠡᠯᠡᠯᠭᠡ ᠶᠢ | ᠨᠡᠮᠡᠭᠳᠡᠭᠦᠯᠵᠦ ᠂ ᠦᠢᠯᠡᠳᠬᠡᠯ ᠤᠨ ᠦᠢᠯᠡᠰ ᠤᠨ ᠳᠡᠰ ᠳᠠᠪᠰᠢᠨ ᠬᠥᠭᠵᠢᠬᠦ ᠶᠢ ᠠᠬᠢᠭᠤᠯᠬᠤ ᠬᠡᠷᠡᠭᠲᠡᠢ ᠃ | ᠭᠤᠷᠪᠠ ᠳᠤ ᠂ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ ᠃ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠬᠦ | ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ ᠃ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠡᠮᠵᠢᠵᠦ ᠂ | ᠡᠯᠧᠺᠳ᠋ᠷᠣᠨ ᠬᠤᠳᠠᠯᠳᠤᠭ᠎ᠠ ᠂ ᠲᠦᠷᠭᠡᠨ ᠬᠦᠷᠭᠡᠯᠲᠡ ᠶᠢᠨ ᠲᠣᠣᠷ ᠰᠦᠯᠵᠢᠶ᠎ᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠃ ᠬᠤᠳᠠ ᠶᠢᠨ ᠪᠠᠶᠢᠳᠠᠯ ᠳᠤ | ᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ ᠂ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠣᠷᠣᠨ ᠨᠤᠲᠤᠭ ᠤᠨ ᠬᠢᠨ ᠢ ᠵᠢᠯᠣᠭᠤᠳᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ | ᠲᠠᠶᠢᠯᠤᠮᠵᠢ ᠶᠢ ᠴᠢᠩᠭᠠᠳᠬᠠᠬᠤ ᠬᠡᠷᠡᠭᠲᠡᠢ ᠃ ᠪᠠᠲᠤᠯᠠᠭ᠎ᠠ ᠲᠠᠢ ᠲᠤᠰᠢᠶᠠᠬᠤ ᠠᠰᠠᠷ ᠤᠨ ᠲᠤᠰᠬᠠᠢ ᠵᠦᠢᠯ ᠤᠨ ᠵᠢᠭᠡᠯᠡᠯᠭᠡ ᠶᠢ ᠠᠯᠢ ᠲᠦᠷᠭᠡᠨ ᠢᠶᠠᠷ ᠲᠥᠷᠥᠯ ᠵᠦᠢᠯ ᠳᠤ | ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠬᠤᠳᠠᠯᠳᠤᠭᠠᠨ ᠤ ᠪᠠᠩᠬᠢ ᠶᠢᠨ ᠪᠠᠲᠤᠯᠠᠭ᠎ᠠ ᠲᠠᠢ ᠲᠤᠰᠢᠶᠠᠬᠤ ᠠᠰᠠᠷ ᠤᠨ ᠵᠢᠭᠡᠯᠡᠯᠭᠡ ᠶᠢ ᠰᠢᠨ᠎ᠡ ᠪᠠᠷ | ᠲᠠᠯᠪᠢᠬᠤ ᠶᠢ ᠵᠣᠷᠢᠭᠵᠢᠭᠤᠯᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠤᠰᠢᠶᠠᠨ ᠥᠭᠬᠦ ᠶᠢ ᠲᠦᠷᠭᠡᠳᠬᠡᠬᠦ ᠬᠡᠷᠡᠭᠲᠡᠢ ᠃ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠢᠯ ᠲᠦᠷᠦᠯ ᠤᠨ ᠡᠳ᠋ ᠬᠥᠷᠥᠩᠭᠡ ᠶᠢᠨ ᠥᠷᠢᠲᠦᠯ ᠤᠨ ᠪᠠᠶᠢᠳᠠᠯ ᠢ ᠴᠢᠷᠮᠠᠶᠢᠨ ᠰᠠᠶᠢᠵᠢᠷᠠᠭᠤᠯᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠃ | ᠳᠥᠷᠪᠡ ᠳᠤ ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠦᠷᠭᠦᠯᠵᠢᠯᠡᠨ ᠪᠠᠲᠤᠯᠠᠬᠤ ᠬᠡᠷᠡᠭᠲᠡᠢ ᠃ ᠪᠠᠷᠠᠭᠠᠨ ᠤ | ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠵᠣᠬᠢᠴᠠᠭᠤᠯᠵᠤ ᠂ ᠭᠤᠣᠯ ᠵᠠᠮ ᠱᠤᠭᠤᠮ ᠪᠠ ᠪᠢᠴᠢᠯ | ᠡᠷᠭᠢᠯᠲᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ ᠂ ᠭᠠᠷᠠᠮ ᠂ ᠥᠷᠲᠡᠭᠡ ᠲᠠᠯᠠᠪᠤᠷ ᠵᠡᠷᠭᠡ ᠶᠢᠨ ᠲᠥᠪᠯᠡᠷᠡᠭᠦᠯᠬᠦ ᠲᠠᠷᠬᠠᠭᠠᠬᠤ ᠵᠥᠭᠡᠭᠡᠪᠦᠷᠢᠯᠡᠬᠦ ᠬᠡᠪ ᠤᠨ | ᠠᠵᠢᠯᠯᠠᠭᠠᠨ ᠢ ᠪᠠᠲᠤᠯᠠᠵᠤ ᠂ ᠲᠦᠭᠵᠢᠷᠡᠯ ᠢ ᠴᠠᠭ ᠲᠤᠬᠠᠢ ᠳᠤ ᠨᠢ ᠨᠠᠪᠲᠠᠷᠡᠭᠦᠯᠵᠦ ᠂ ᠠᠵᠤ ᠦᠢᠯᠡᠰ ᠤᠨ ᠬᠡᠯᠬᠢᠶ᠎ᠡ ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ | ᠪᠠᠶᠢᠯᠭᠠᠬᠤ ᠪᠠ ᠭᠠᠳᠠᠭᠠᠳᠤ ᠠᠴᠠ ᠣᠷᠣᠭᠤᠯᠵᠤ ᠭᠠᠷᠭᠠᠬᠤ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠃ | ᠲᠠᠪᠤ ᠳᠤ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ ᠃ ᠪᠠᠩᠬᠢ ᠶᠢ ᠬᠥᠲᠥᠯᠥᠨ | ᠵᠢᠯᠤᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠬᠡᠮᠵᠢᠶᠡᠨ ᠤ ᠦᠯᠡᠳᠡᠭᠡᠯ ᠵᠢᠭᠡᠯᠡᠯᠭᠡ ᠳᠤ ᠵᠣᠬᠢᠰᠲᠠᠢ ᠠᠰᠢᠭ ᠣᠯᠭᠤᠵᠤ ᠂ ᠵᠠᠮ ᠬᠠᠷᠢᠯᠴᠠᠭ᠎ᠠ ᠡᠳ᠋ | ᠪᠠᠷᠠᠭᠠᠨ ᠤ ᠭᠦᠢᠯᠭᠡᠭᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠬᠠᠳᠠᠭᠠᠯᠠᠮᠵᠢ ᠶᠢᠨ ᠪᠡᠯᠡᠳᠬᠡᠯ ᠨᠣᠷᠮ᠎ᠠ ᠶᠢ ᠪᠠᠭᠤᠷᠠᠭᠤᠯᠬᠤ ᠵᠡᠷᠭᠡ | ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ ᠨᠢ ᠲᠣᠬᠢᠷᠠᠭᠤᠯᠤᠨ ᠵᠣᠬᠢᠰᠲᠠᠢ ᠬᠡᠷᠡᠭᠯᠡᠵᠦ ᠂ ᠭᠦᠢᠯᠭᠡᠭᠡᠨ ᠤ ᠴᠢᠨᠠᠷ ᠢ ᠵᠦᠢ ᠵᠣᠬᠢᠰᠲᠠᠢ | ᠪᠥᠭᠡᠳ ᠭᠦᠢᠴᠡᠳ ᠪᠠᠶᠢᠯᠭᠠᠬᠤ ᠶᠢ ᠪᠠᠲᠤᠯᠠᠬᠤ ᠬᠡᠷᠡᠭᠲᠡᠢ ᠃ | ᠵᠢᠷᠭᠤᠭ᠎ᠠ ᠳᠤ ᠂ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠬᠤ ᠬᠡᠷᠡᠭᠲᠡᠢ ᠃ ᠬᠦᠴᠢᠷᠳᠡᠯᠲᠡᠢ ᠣᠯᠠᠨ ᠲᠦᠮᠡᠨ ᠂ ᠠᠵᠢᠯ ᠠᠯᠳᠠᠭᠰᠠᠳ ᠢ | ᠬᠥᠳᠡᠯᠦᠩᠭᠦᠢ ᠪᠠᠷ ᠬᠢᠨᠠᠨ ᠰᠢᠨᠵᠢᠯᠡᠬᠦ ᠪᠠ ᠠᠪᠤᠷᠠᠨ ᠲᠡᠩᠬᠡᠷᠡᠭᠦᠯᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ ᠂ ᠦᠨᠳᠦᠰᠦᠨ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠵᠠᠰᠠᠬᠤ ᠡᠷᠴᠢᠮ ᠢᠶᠠᠨ | ᠴᠢᠩᠭᠠᠷᠠᠭᠤᠯᠵᠤ ᠂ ᠴᠠᠯᠢᠩ ᠥᠷᠢᠲᠦᠬᠦ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠰᠢᠢᠳᠬᠡᠵᠦ ᠂ ᠬᠥᠯᠥᠰᠦᠨ ᠠᠵᠢᠯᠴᠢᠨ ᠤ ᠴᠠᠯᠢᠩ ᠢᠶᠠᠨ ᠴᠠᠭ | ᠲᠤᠬᠠᠢ ᠳᠤ ᠨᠢ ᠭᠦᠢᠴᠡᠳ ᠲᠤᠭ᠎ᠠ ᠪᠠᠷ ᠣᠯᠬᠤ ᠶᠢ ᠪᠠᠲᠤᠯᠠᠬᠤ ᠬᠡᠷᠡᠭᠲᠡᠢ ᠭᠡᠵᠡᠢ ᠃ | ᠬᠤᠷᠠᠯ ᠠᠴᠠ ᠂ ᠰᠢᠮᠳᠠᠭᠤᠯᠤᠨ ᠵᠢᠯᠤᠭᠤᠳᠬᠤ ᠪᠠ ᠦᠢᠯᠡᠴᠢᠯᠡᠬᠦ ᠶᠢ ᠴᠢᠩᠭᠠᠳᠬᠠᠬᠤ ᠬᠡᠷᠡᠭᠲᠡᠢ ᠃ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠭᠠᠵᠠᠷ ᠣᠷᠣᠨ ᠳᠤ ᠬᠦᠷᠴᠦ ᠂ | ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠵᠢᠯᠤᠭᠤᠳᠬᠤ ᠪᠠ ᠴᠢᠬᠤᠯᠠᠲᠠᠢ ᠦᠢᠯᠡᠴᠢᠯᠡᠭᠡ ᠬᠠᠪᠰᠤᠷᠤᠯᠭ᠎ᠠ ᠦᠵᠡᠭᠦᠯᠵᠦ ᠂ ᠣᠷᠣᠨ ᠨᠤᠲᠤᠭ ᠤᠨ ᠲᠤᠰᠬᠠᠭᠰᠠᠨ ᠪᠠᠶᠢᠳᠠᠯ ᠢ ᠬᠢᠨᠠᠮᠠᠭᠠᠢ ᠰᠣᠨᠣᠰᠴᠤ ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠃ ᠴᠢᠬᠤᠯᠠ ᠶᠡᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠂ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠬᠢᠴᠠ ᠤᠳᠠᠭᠠᠨ ᠪᠠᠶᠢᠭ᠎ᠠ ᠭᠠᠵᠠᠷ ᠣᠷᠣᠨ ᠪᠠ ᠬᠦᠷᠢᠶᠡᠨ ᠳᠤ ᠂ ᠠᠰᠠᠭᠤᠳᠠᠯ | ᠪᠠ ᠰᠢᠯᠲᠠᠭᠠᠨ ᠢ ᠨᠢ ᠣᠨᠣᠪᠴᠢᠲᠠᠶ ᠡᠷᠢᠨ ᠣᠯᠵᠤ ᠂ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠤᠰᠤᠳ ᠵᠦᠢᠯ ᠢ ᠰᠤᠳᠤᠯᠪᠠ ᠃ | | | |